| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ︽ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ ᠬᠠᠮᠢᠶᠠᠷᠤᠯᠲᠠ ᠶᠢᠨ | ᠲᠣᠭᠲᠠᠭᠠᠯ︾ ︵ᠰᠤᠷᠭᠠᠨ ᠬᠥᠮᠦᠵᠢᠯ ᠤᠨ ᠶᠠᠮᠤᠨ ᠤ ᠵᠠᠷᠯᠢᠭ 51 ᠳ᠋ᠦ᠋ᠭᠡᠷ ᠲᠣᠭᠠᠲᠤ︶ ᠢ ᠦᠨᠳᠦᠰᠦᠯᠡᠨ᠂ ᠤᠯᠤᠰ ᠤᠨ ᠦᠭᠡ ᠬᠡᠯᠡ ᠦᠰᠦᠭ ᠪᠢᠴᠢᠭ ᠤᠨ | ᠠᠵᠢᠯ ᠤᠨ ᠵᠥᠪᠯᠡᠯ ︽ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ ᠲᠦᠷᠢᠮ︾ ᠳᠤ ᠵᠠᠰᠠᠪᠤᠷᠢ ᠣᠷᠣᠭᠤᠯᠵᠦ ᠳᠠᠷᠤᠮᠠᠯᠯᠠᠨ ᠲᠠᠷᠬᠠᠭᠠᠪᠠ᠃ | ︽ᠲᠦᠷᠢᠮ︾ ᠳᠤ ᠰᠢᠯᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ᠂ ᠰᠢᠯᠭᠠᠯᠲᠠ ᠶᠢᠨ ᠥᠷᠲᠡᠭᠡ ᠴᠡᠭ᠂ ᠰᠢᠯᠭᠠᠯᠲᠠ ᠶᠢᠨ ᠲᠠᠯᠠᠪᠤᠷ ᠤᠨ | ᠲᠣᠬᠢᠷᠠᠭᠤᠯᠤᠯᠲᠠ ᠵᠡᠷᠭᠡ 12 ᠪᠦᠯᠦᠭ 43 ᠵᠦᠢᠯ ᠪᠤᠢ᠂ ᠰᠤᠷᠭᠠᠨ ᠬᠥᠮᠦᠵᠢᠯ ᠤᠨ ᠶᠠᠮᠤᠨ ᠤ 51 ᠳ᠋ᠤᠭᠡᠷ ᠲᠣᠭᠠᠲᠤ ᠰᠢᠯᠭᠠᠯᠲᠠ ᠶᠢᠨ ᠲᠦᠷᠢᠮ ᠤᠨ ᠲᠤᠬᠠᠶ | ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠨᠠᠬᠰᠢᠳᠠ ᠨᠠᠷᠢᠯᠢᠬᠵᠢᠭᠤᠯᠤᠨ ᠨᠠᠶᠢᠳᠠᠪᠤᠷᠢᠵᠢᠭᠤᠯᠪᠠ᠃ | ᠨᠢᠭᠡ ᠳᠤ᠂ ᠰᠢᠯᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠯᠳᠤ | ᠴᠢᠨᠠᠷ ᠢ ᠴᠢᠨᠠᠬᠰᠢᠳᠠ ᠢᠯᠡᠷᠡᠭᠦᠯᠪᠡ᠃ | ᠬᠤᠶᠠᠷ ᠲᠤ᠂ ᠰᠢᠯᠭᠠᠯᠲᠠ ᠶᠢᠨ ᠶᠠᠪᠤᠴᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ ᠥᠨᠳᠥᠷ ᠪᠦᠲᠦᠮᠵᠢᠲᠡᠶ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠨᠠᠬᠰᠢᠳᠠ ᠢᠯᠡᠷᠡᠭᠦᠯᠪᠡ᠃ | ᠭᠤᠷᠪᠠ ᠳᠤ᠂ ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠴᠢᠨᠠᠷ ᠲᠥᠪ ᠴᠢᠩᠭ᠎ᠠ ᠴᠢᠨᠠᠷ ᠢ ᠴᠢᠨᠠᠬᠰᠢᠳᠠ ᠢᠯᠡᠷᠡᠭᠦᠯᠪᠡ᠃ | ︽ᠲᠦᠷᠢᠮ︾ ᠢ 2023 ᠣᠨ ᠤ 4 ᠰᠠᠷ᠎ᠠ ᠶᠢᠨ 1 ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠦᠭᠡ | ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠠᠴᠠ ᠬᠤᠯᠪᠣᠭᠳᠠᠯ ᠪᠥᠬᠦᠶ ᠨᠢᠭᠡᠴᠡ ᠶᠢ ᠤᠯᠠᠮ ᠨᠢᠭᠡ ᠠᠯᠬᠤᠮ ᠵᠢᠯᠣᠭᠤᠳᠤᠨ ᠰᠢᠯᠭᠠᠯᠲᠠ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠯᠭᠠᠯᠲᠠ ᠶᠢᠨ ᠬᠡᠷᠡᠭᠵᠢᠭᠦᠯᠬᠦ ᠲᠣᠪᠴᠢ ᠳᠤ ᠵᠠᠰᠠᠪᠤᠷᠢ ᠣᠷᠣᠭᠤᠯᠤᠨ᠂ ᠰᠢᠯᠭᠠᠭᠴᠢ ᠶᠢᠨ | ᠪᠣᠯᠪᠠᠰᠤᠷᠠᠯ ᠢ ᠴᠢᠩᠭᠠᠳᠬᠠᠵᠤ᠂ ᠰᠢᠯᠭᠠᠯᠲᠠ ᠶᠢᠨ ᠣᠶᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠤᠯᠤᠨ᠎ᠠ᠃ |