ᠲᠡᠦᠬᠡ ᠶᠢᠨ ᠤᠯᠠᠷᠢᠯ ᠬᠤᠪᠢᠰᠤᠯ
ᠨᠡᠶᠢᠲᠡᠯᠡᠭᠰᠡᠨ ᠴᠠᠭ᠄
2023/2/17
     ᠲᠦᠩᠯᠢᠶᠣᠣ ᠬᠤᠲᠠ ᠶᠢ ᠤᠤᠯ ᠳᠤ ᠪᠠᠨ ᠵᠢᠷᠢᠮ ᠤᠨ ᠴᠢᠭᠤᠯᠭᠠᠨ ᠭᠡᠳᠡᠭ᠂ ᠵᠢᠷᠢᠮ ᠤᠨ ᠴᠢᠭᠤᠯᠭᠠᠨ ᠤ ᠪᠠᠶᠢᠭᠤᠯᠤᠮᠵᠢ ᠨᠢ ᠴᠢᠩ ᠤᠯᠤᠰ ᠤᠨ ᠡᠬᠢᠨ ᠤ ᠦᠶ᠎ᠡ ᠠᠴᠠ ᠡᠬᠢᠯᠡᠵᠤ᠂ ᠲᠡᠭᠦᠨ ᠤ ᠨᠤᠲᠤᠭ ᠳᠡᠪᠢᠰᠬᠡᠷ ᠨᠢ ᠤᠮᠠᠷᠠᠰᠢ ᠰᠤᠶᠤᠷᠬᠠᠵᠢ ᠠᠭᠤᠯᠠ ᠠᠴᠠ ᠡᠮᠦᠨᠡᠰᠢᠬᠢ ᠲᠤᠭᠤᠷ ᠤᠨ ᠭᠤᠣᠯ᠂ ᠨᠤᠨ ᠮᠥᠷᠡᠨ ᠤ ᠰᠠᠪᠠ ᠭᠠᠵᠠᠷ ᠠᠴᠠ ᠡᠬᠢᠯᠡᠵᠦ᠂ ᠡᠮᠦᠨᠡᠰᠢ ᠤᠬᠤᠨ᠎ᠠ ᠠᠭᠤᠯᠠ ᠶᠢᠨ ᠵᠠᠬ᠎ᠠ ᠳᠠᠬᠢ ᠵᠡᠭᠦᠨ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠪᠠ ᠶᠠᠩᠰᠢᠪ ᠭᠤᠣᠯ ᠬᠦᠷᠴᠦ ᠂ ᠪᠠᠷᠠᠭᠤᠨᠰᠢ ᠪᠠᠨ ᠤᠬᠤᠨ᠎ᠠ ᠠᠭᠤᠯᠠ ᠠᠴᠠ ᠡᠬᠢᠯᠡᠵᠦ᠂ ᠵᠡᠭᠦᠨᠰᠢ ᠰᠤᠩᠭᠠᠷᠢ ᠮᠥᠷᠡᠨ᠂ ᠢᠳᠤᠨ ᠭᠤᠣᠯ ᠬᠦᠷᠴᠦ ᠪᠠᠶᠢᠪᠠ᠃      ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ︵ᠪᠠᠷᠤᠭ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 771 ᠣᠨ ᠠᠴᠠ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 476 ᠣᠨ ᠬᠦᠷᠲᠡᠯ᠎ᠡ︶ ᠳᠤ᠂ ᠠᠳᠡ ᠳ᠋ᠥᠩᠬᠤ᠂ ᠱᠢ ᠸᠧᠢ ᠵᠡᠷᠭᠡ ᠨᠡᠭᠦᠳᠡᠯᠴᠢ ᠠᠶᠢᠮᠠᠭ ᠰᠠᠭᠤᠵᠤ ᠪᠠᠶᠢᠪᠠ᠃      ᠪᠠᠶᠢᠯᠳᠤᠭᠠᠨᠲᠤ ᠤᠯᠤᠰ ᠤᠨ ᠦᠶ᠎ᠡ ᠳᠤ᠂ ᠶᠠᠨ ᠤᠯᠤᠰ ᠤᠨ ᠣᠷᠳᠣ ᠴᠠᠭᠠᠨ ᠬᠡᠷᠡᠮ ᠠᠴᠠ ᠡᠮᠦᠨᠡᠰᠢ ᠶᠠᠨ ᠤᠯᠤᠰ ᠤᠨ ᠯᠢᠶᠣᠤᠳᠦ᠋ᠩ ᠵᠢᠶᠦ᠋ᠨ ᠪᠠ ᠯᠢᠶᠤᠤᠰᠢ ᠵᠢᠶᠦ᠋ᠨ ᠳᠤ ᠬᠠᠷᠢᠶᠠᠯᠠᠭᠳᠠᠵᠤ ᠪᠠᠶᠢᠪᠠ᠃      ᠴᠢᠨ ᠤᠯᠤᠰ ᠤᠨ ᠦᠶ᠎ᠡ ᠳᠤ᠂ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠬᠠᠪᠢ ᠪᠠᠷ ᠯᠢᠶᠣᠤᠳᠦ᠋ᠩ ᠵᠢᠶᠦ᠋ᠨ ᠪᠠ ᠯᠢᠶᠤᠤᠰᠢ ᠵᠢᠶᠦ᠋ᠨ ᠳᠤ ᠬᠠᠷᠢᠶᠠᠯᠠᠭᠳᠠᠵᠤ᠂ ᠨᠤᠨ ᠮᠥᠷᠡᠨ ᠤ ᠰᠠᠪᠠ ᠭᠠᠵᠠᠷ ᠲᠤ ᠮᠥᠨ ᠯᠡ ᠳ᠋ᠦᠩᠬᠤᠴᠤᠳ ᠮᠠᠯᠵᠢᠵᠤ ᠪᠠᠶᠢᠪᠠ᠃      ᠪᠠᠷᠠᠭᠤᠨ ᠬᠠᠨ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠢᠶᠠᠷ ᠨᠡᠭᠦᠳᠡᠯᠯᠡᠨ ᠮᠠᠯᠵᠢᠵᠤ ᠪᠠᠶᠢᠭᠰᠠᠨ ᠨᠢ ᠭᠤᠣᠯᠳᠠᠭᠤ ᠳ᠋ᠦᠩᠬᠤᠴᠤᠳ ᠤᠨ ᠬᠤᠶᠢᠴᠢᠰ ᠰᠢᠶᠠᠨᠪᠢᠴᠤᠳ ᠪᠠ ᠦᠬᠤᠸᠠᠨ ᠬᠦᠮᠦᠨ ᠪᠠᠶᠢᠵᠤ᠂ ᠵᠡᠭᠦᠨ᠂ ᠪᠠᠷᠠᠭᠤᠨ ᠯᠣᠤᠬ᠎ᠠ ᠶᠢᠨ ᠭᠤᠣᠯ ᠠᠴᠠ ᠡᠮᠦᠨᠡᠰᠢᠬᠢ ᠬᠡᠰᠡᠭ ᠭᠠᠵᠠᠷ ᠣᠷᠣᠨ ᠨᠢ ᠰᠢᠤᠸᠠᠨ ᠲᠤ ᠵᠢᠶᠦ᠋ᠨ᠂ ᠯᠢᠶᠣᠤᠳᠦ᠋ᠩ ᠵᠢᠶᠦ᠋ᠨ᠂ ᠯᠢᠶᠤᠤᠰᠢ ᠵᠢᠶᠦ᠋ᠨ ᠳᠤ ᠬᠠᠷᠢᠶᠠᠯᠠᠭᠳᠠᠵᠤ ᠪᠠᠶᠢᠪᠠ᠃      ᠵᠡᠭᠦᠨ ᠬᠠᠨ ᠤᠯᠤᠰ ᠤᠨ ᠦᠶ᠎ᠡ ᠳᠤ ᠨᠤᠨ ᠮᠥᠷᠡᠨ ᠤ ᠰᠠᠪᠠ ᠭᠠᠵᠠᠷ ᠨᠢ ᠹᠦ᠋ ᠢᠦᠢ ᠳᠤ ᠬᠠᠷᠢᠶᠠᠯᠠᠭᠳᠠᠵᠤ᠂ ᠶᠠᠨ ᠤᠯᠤᠰ ᠤᠨ ᠤᠷᠲᠤ ᠴᠠᠭᠠᠨ ᠬᠡᠷᠡᠮ ᠠᠴᠠ ᠡᠮᠦᠨᠡᠰᠢ ᠵᠡᠭᠦᠨ ᠬᠠᠨ ᠤᠯᠤᠰ ᠤᠨ ᠯᠢᠶᠣᠤᠳᠦ᠋ᠩ ᠵᠢᠶᠦ᠋ᠨ᠂ ᠯᠢᠶᠤᠤᠰᠢ ᠵᠢᠶᠦ᠋ᠨ ᠳᠤ ᠬᠠᠷᠢᠶᠠᠯᠠᠭᠳᠠᠵᠤ ᠪᠠᠶᠢᠪᠠ᠃ ᠭᠤᠷᠪᠠᠨ ᠤᠯᠤᠰ ᠤᠨ ᠦᠶ᠎ᠡ ᠳᠤ᠂ ᠰᠢᠶᠠᠨᠪᠢᠴᠤᠳ ᠶᠡᠭᠡ ᠬᠡᠪᠴᠢᠶ᠎ᠡ ᠪᠠᠷ ᠳᠣᠲᠣᠭᠰᠢ ᠨᠡᠭᠦᠳᠡᠯᠯᠡᠵᠦ᠂ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠨᠢ ᠵᠡᠭᠦᠨ ᠬᠡᠰᠡᠭ ᠤᠨ ᠰᠢᠶᠡᠨᠪᠢ ᠶᠢᠨ ᠮᠦ ᠷᠦᠩ ᠠᠶᠢᠮᠠᠭ ᠲᠤ ᠬᠠᠷᠢᠶᠠᠯᠠᠭᠳᠠᠵᠤ ᠪᠠᠶᠢᠪᠠ᠃      ᠪᠠᠷᠠᠭᠤᠨ ᠶᠢᠨ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠨᠢ ᠹᠦ᠋ ᠢᠦᠢ ᠤᠯᠤᠰ ᠤᠨ ᠬᠠᠷᠢᠶᠠᠲᠤ ᠭᠠᠵᠠᠷ ᠪᠣᠯᠪᠠ᠃ ᠵᠡᠭᠦᠨ ᠶᠢᠨ ᠠᠷᠪᠠᠨ ᠵᠢᠷᠭᠤᠭᠠᠨ ᠤᠯᠤᠰ ᠤᠨ ᠦᠶ᠎ᠡ ᠳᠤ᠂ ᠶᠠᠨ ᠤᠯᠤᠰ ᠤᠨ ᠸᠠᠩ ᠮᠦ ᠷᠦᠩ ᠤᠨ ᠰᠦᠷ ᠬᠦᠴᠦᠨ ᠨᠢ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠲᠤ ᠬᠦᠷᠦᠭᠰᠡᠨ ᠪᠠᠶᠢᠨ᠎ᠠ᠃ ᠤᠮᠠᠷᠠᠲᠤ ᠬᠡᠰᠡᠭ ᠨᠢ ᠬᠢᠳᠠᠨ ᠳᠤ ᠬᠠᠷᠢᠶᠠᠯᠠᠭᠳᠠᠵᠤ ᠪᠠᠶᠢᠪᠠ᠃      ᠡᠮᠦᠨᠡᠲᠦ ᠤᠮᠠᠷᠠᠲᠤ ᠲᠥᠷᠥ ᠠᠴᠠ ᠰᠦᠢ ᠤᠯᠤᠰ ᠲᠠᠩ ᠤᠯᠤᠰ ᠤᠨ ᠦᠶ᠎ᠡ ᠬᠦᠷᠲᠡᠯ᠎ᠡ᠂ ᠤᠮᠠᠷᠠᠲᠤ ᠬᠡᠰᠡᠭ ᠨᠢ ᠬᠢᠳᠠᠨ ᠳᠤ ᠬᠠᠷᠢᠶᠠᠯᠠᠭᠳᠠᠵᠤ᠂ ᠡᠮᠦᠨᠡᠲᠦ ᠬᠡᠰᠡᠭ ᠨᠢ ᠱᠢ ᠸᠧᠢ ᠳᠤ ᠬᠠᠷᠢᠶᠠᠯᠠᠭᠳᠠᠵᠤ ᠪᠠᠶᠢᠪᠠ᠃      ᠲᠠᠩ ᠤᠯᠤᠰ ᠤᠨ ᠦᠶ᠎ᠡ ᠳᠤ᠂ ᠬᠢᠳᠠᠨ ᠤ ᠭᠠᠵᠠᠷ ᠲᠤ ᠷᠣᠣ ᠯᠧ ᠳ᠋ᠥᠳᠥ᠋ ᠹᠦ᠋ ᠶᠢ ᠪᠠᠶᠢᠭᠤᠯᠵᠤ᠂ ᠰᠡᠭᠦᠯᠡᠷ ᠨᠢ ᠰᠦᠩ ᠮᠦᠸᠧ ᠳ᠋ᠥᠳᠥ᠋ ᠹᠦ᠋ ᠪᠣᠯᠭᠠᠪᠠ︔ ᠱᠢ ᠸᠧᠢ ᠶᠢᠨ ᠨᠤᠲᠤᠭ ᠲᠤ ᠱᠢ ᠸᠧᠢ ᠳ᠋ᠥᠳᠥ᠋ ᠹᠦ᠋ ᠶᠢ ᠪᠠᠶᠢᠭᠤᠯᠵᠠᠢ᠃      ᠲᠠᠩ ᠤᠯᠤᠰ ᠤᠨ ᠰᠡᠭᠦᠯᠴᠢ ᠪᠠᠷ᠂ ᠨᠤᠨ ᠮᠥᠷᠡᠨ ᠤ ᠰᠠᠪᠠ ᠭᠠᠵᠠᠷ ᠤᠨ ᠬᠡᠰᠡᠭ ᠭᠠᠵᠠᠷ ᠣᠷᠣᠨ ᠢ ᠪᠦᠸᠧᠬᠠᠢ ᠹᠦ᠋ ᠢᠤᠢ ᠹᠦ᠋ ᠳᠤ ᠬᠠᠷᠢᠶᠠᠯᠠᠭᠤᠯᠪᠠ᠃ ᠯᠢᠶᠣᠤ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠨᠢ ᠱᠠᠩ ᠵᠢᠩ ᠳ᠋ᠣᠣ ᠪᠠ ᠳ᠋ᠦᠩ ᠵᠢᠩ ᠳ᠋ᠣᠣ ᠤᠨ ᠬᠠᠷᠢᠶᠠᠨ ᠳᠤ ᠪᠠᠶᠢᠪᠠ᠃      ᠠᠯᠲᠠᠨ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠨᠢ ᠱᠠᠩ ᠵᠢᠩ ᠯᠦ ᠶᠢᠨ ᠯᠢᠨ ᠬᠤᠸᠠᠩ ᠹᠦ᠋ ᠵᠢᠴᠢ ᠵᠡᠭᠦᠨ ᠬᠤᠶᠢᠲᠤ ᠴᠦᠯᠭᠡ ᠶᠢᠨ ᠢᠯᠪᠢᠨ ᠲᠤᠬᠤᠨᠢᠭᠤᠯᠬᠤ ᠵᠣᠣ ᠲᠣᠣ ᠰᠧ᠂ ᠰᠢᠶᠠᠨ ᠫᠢᠩ ᠯᠦ ᠶᠢᠨ ᠰᠢᠶᠠᠨ ᠫᠢᠩ ᠹᠦ᠋ ᠳᠤ ᠬᠠᠷᠢᠶᠠᠯᠠᠭᠳᠠᠵᠤ ᠪᠠᠶᠢᠪᠠ᠃      ᠶᠤᠸᠠᠨ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠨᠢ ᠯᠢᠶᠤᠤᠶᠠᠩ ᠮᠤᠵᠢ ᠶᠢᠨ ᠺᠠᠢ ᠶᠤᠸᠠᠨ ᠵᠠᠮ᠂ ᠲᠥᠪ ᠮᠤᠵᠢ ᠶᠢᠨ ᠲᠠᠶᠢᠨᠢᠩ ᠵᠠᠮ ᠪᠠ ᠨᠢᠩᠴᠠᠩ ᠵᠠᠮ ᠳᠤ ᠬᠠᠷᠢᠶᠠᠯᠠᠭᠳᠠᠵᠤ ᠪᠠᠶᠢᠪᠠ᠃      ᠮᠢᠩ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠤᠷᠢᠶᠠᠩᠬᠠᠢ ᠶᠢᠨ ᠭᠤᠷᠪᠠᠨ ᠬᠠᠷᠠᠭᠤᠯ ︵ᠲᠤᠶᠤᠨ ᠬᠠᠷᠠᠭᠤᠯ᠂ ᠹᠦ᠋ ᠢᠦᠢ ᠬᠠᠷᠠᠭᠤᠯ᠂ ᠲᠠᠶᠢᠨᠢᠩ ᠬᠠᠷᠠᠭᠤᠯ︶ ᠳᠤ ᠬᠠᠷᠢᠶᠠᠯᠠᠭᠳᠠᠵᠤ᠂ ᠳ᠋ᠠᠨᠢᠩ ᠳ᠋ᠦ᠋ ᠰᠧ ᠶᠢᠨ ᠵᠠᠬᠢᠷᠭ᠎ᠠ ᠳᠤ ᠬᠠᠷᠢᠶᠠᠯᠠᠭᠳᠠᠵᠤ ᠪᠠᠶᠢᠪᠠ᠃      ᠮᠢᠩ ᠴᠧᠩᠽᠦ ᠬᠠᠭᠠᠨ ᠤ ᠦᠶ᠎ᠡ ᠳᠤ᠂ ᠴᠢᠩᠭᠢᠰ ᠬᠠᠭᠠᠨ ᠤ ᠲᠥᠷᠥᠭᠰᠡᠨ ᠳᠡᠭᠦᠦ ᠬᠠᠪᠤᠲᠤ ᠬᠠᠰᠠᠷ ᠤᠨ ᠬᠤᠶᠢᠴᠢ ᠦᠶ᠎ᠡ ᠪᠣᠯᠬᠤ ᠭᠥᠶᠥᠮᠥ᠋ᠩᠬᠡ ᠲᠠᠰᠬᠠᠷ᠎ᠠ ᠶᠢᠨ ᠠᠶᠢᠮᠠᠭ ᠤᠨ ᠬᠢᠨ ᠨᠤᠨ ᠮᠥᠷᠡᠨ ᠤ ᠰᠠᠪᠠ ᠭᠠᠵᠠᠷ ᠢᠶᠠᠷ ᠨᠡᠭᠦᠳᠡᠯᠯᠡᠨ ᠮᠠᠯᠵᠢᠵᠤ᠂ ᠨᠤᠨ ᠬᠤᠷᠴᠢᠨ ᠬᠡᠮᠡᠨ ᠨᠡᠷᠡᠯᠡᠵᠦ ᠪᠠᠶᠢᠭᠰᠠᠨ ᠪᠦᠭᠡᠳ ᠮᠠᠰᠢ ᠲᠦᠷᠭᠡᠨ ᠢᠶᠠᠷ ᠤᠷᠢᠶᠠᠩᠬᠠᠢ ᠶᠢᠨ ᠭᠤᠷᠪᠠᠨ ᠬᠠᠷᠠᠭᠤᠯ ᠤᠨ ᠭᠠᠵᠠᠷ ᠢ ᠡᠷᠬᠡᠰᠢᠶᠡᠯ ᠳᠡᠭᠡᠨ ᠣᠷᠣᠭᠤᠯᠤᠭᠰᠠᠨ ᠪᠠᠶᠢᠨ᠎ᠠ᠃      ᠬᠤᠶᠢᠲᠤ ᠠᠯᠲᠠᠨ ᠤᠯᠤᠰ ᠤᠨ ᠲᠡᠭᠷᠢ ᠶᠢᠨ ᠪᠤᠱᠤᠭᠲᠤ ᠶᠢᠨ ᠠᠷᠪᠠᠨ ᠨᠢᠭᠡᠳᠦᠭᠡᠷ ᠣᠨ ︵1626 ᠣᠨ︶ ᠳᠤ᠂ ᠭᠥᠶᠥᠮᠥ᠋ᠩᠬᠡ ᠲᠠᠰᠬᠠᠷ᠎ᠠ ᠶᠢᠨ ᠬᠤᠶᠢᠴᠢ ᠪᠣᠯᠬᠤ ᠣᠣᠪᠠ ᠬᠤᠷᠴᠢᠨ ᠠᠶᠢᠮᠠᠭ ᠢᠶᠠᠨ ᠳᠠᠭᠠᠭᠤᠯᠤᠨ ᠬᠤᠶᠢᠲᠤ ᠠᠯᠲᠠᠨ ᠤᠯᠤᠰ ᠢ ᠳᠠᠭᠠᠪᠠ᠃      ᠴᠢᠩ ᠤᠯᠤᠰ ᠤᠨ ᠳᠡᠭᠡᠳᠦ ᠡᠷᠳᠡᠮᠲᠦ ᠶᠢᠨ ᠲᠡᠷᠢᠭᠦᠨ ᠣᠨ ︵1636 ᠣᠨ︶ ᠳᠤ᠂ ᠬᠤᠷᠴᠢᠨ ᠠᠶᠢᠮᠠᠭ ᠲᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠬᠤᠶᠢᠲᠤ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤ ᠶᠢ ᠪᠠᠶᠢᠭᠤᠯᠵᠤ᠂ ᠭᠤᠷᠯᠣᠰ ᠠᠶᠢᠮᠠᠭ ᠲᠤ ᠭᠤᠷᠯᠣᠰ ᠬᠤᠰᠢᠭᠤ ᠶᠢ ᠪᠠᠶᠢᠭᠤᠯᠵᠠᠢ᠃      ᠡᠶᠡᠪᠡᠷ ᠵᠠᠰᠠᠭᠴᠢ ᠶᠢᠨ ᠲᠠᠪᠤᠳᠤᠭᠠᠷ ᠣᠨ ︵1648 ᠣᠨ︶ ᠳᠤ᠂ ᠵᠠᠯᠠᠶᠢᠳ ᠠᠶᠢᠮᠠᠭ ᠲᠤ ᠵᠠᠯᠠᠶᠢᠳ ᠬᠤᠰᠢᠭᠤ ᠶᠢ ᠪᠠᠶᠢᠭᠤᠯᠵᠤ᠂ ᠳᠥᠷᠪᠡᠳ ᠠᠶᠢᠮᠠᠭ ᠲᠤ ᠳᠥᠷᠪᠡᠳ ᠬᠤᠰᠢᠭᠤ ᠶᠢ ᠪᠠᠶᠢᠭᠤᠯᠵᠤ᠂ ᠭᠤᠷᠯᠣᠰ ᠬᠤᠰᠢᠭᠤ ᠶᠢ ᠭᠤᠷᠯᠣᠰ ᠤᠨ ᠡᠮᠦᠨᠡᠲᠦ ᠬᠤᠰᠢᠭᠤ᠂ ᠭᠤᠷᠯᠣᠰ ᠤᠨ ᠬᠤᠶᠢᠲᠤ ᠬᠤᠰᠢᠭᠤ ᠭᠡᠵᠦ ᠬᠤᠪᠢᠶᠠᠵᠠᠢ᠃      ᠡᠶᠡᠪᠡᠷ ᠵᠠᠰᠠᠭᠴᠢ ᠶᠢᠨ ᠳᠣᠯᠣᠳᠤᠭᠠᠷ ᠣᠨ ︵1650 ᠣᠨ︶ ᠳᠤ᠂ ᠬᠤᠷᠴᠢᠨ ᠠᠶᠢᠮᠠᠭ ᠲᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠪᠠᠶᠢᠭᠤᠯᠵᠠᠢ᠃ ᠠᠳᠡ ᠬᠦᠷᠦᠭᠡᠳ ᠵᠢᠷᠢᠮ ᠤᠨ ᠴᠢᠭᠤᠯᠠᠭᠠᠨ 10 ᠬᠤᠰᠢᠭᠤ ᠲᠠᠢ ᠪᠣᠯᠪᠠ᠃ ᠬᠤᠷᠴᠢᠨ 6 ᠬᠤᠰᠢᠭᠤ ᠨᠢ ᠮᠦᠭᠳᠡᠨ ︵ᠹᠧᠩᠲ᠋ᠢᠶᠠᠨ︶ ᠤ ᠵᠠᠩᠵᠤᠨ ᠤ ᠬᠢᠨᠠᠯᠲᠠ ᠪᠠ ᠬᠠᠮᠢᠶᠠᠷᠤᠯ ᠢ ᠬᠦᠯᠢᠶᠡᠵᠦ᠂ ᠭᠤᠷᠯᠣᠰ ᠤᠨ ᠡᠮᠦᠨᠡᠲᠦ ᠬᠤᠰᠢᠭᠤ ᠨᠢ ᠭᠢᠷᠢᠨ ᠤ ᠵᠠᠩᠵᠤᠨ ᠤ ᠬᠢᠨᠠᠯᠲᠠ ᠪᠠ ᠬᠠᠮᠢᠶᠠᠷᠤᠯ ᠢ ᠬᠦᠯᠢᠶᠡᠵᠦ᠂ ᠭᠤᠷᠯᠣᠰ ᠤᠨ ᠬᠤᠶᠢᠲᠤ ᠬᠤᠰᠢᠭᠤ᠂ ᠵᠠᠯᠠᠶᠢᠳ ᠬᠤᠰᠢᠭᠤ᠂ ᠳᠥᠷᠪᠡᠳ ᠬᠤᠰᠢᠭᠤ ᠨᠢ ᠬᠠᠷᠠᠮᠥ᠋ᠷᠡᠨ ᠤ ᠵᠠᠩᠵᠤᠨ ᠤ ᠬᠢᠨᠠᠯᠲᠠ ᠪᠠ ᠬᠠᠮᠢᠶᠠᠷᠤᠯ ᠢ ᠬᠦᠯᠢᠶᠡᠬᠦ ᠪᠣᠯᠪᠠ᠃      ᠴᠢᠩ ᠤᠯᠤᠰ ᠤᠨ ᠰᠡᠭᠦᠯᠴᠢ ᠶᠢᠨ ᠦᠶ᠎ᠡ ᠳᠤ᠂ ᠮᠣᠩᠭᠤᠯ ᠤᠨ ᠭᠠᠵᠠᠷ ᠢ ᠬᠠᠭᠠᠯᠪᠤᠷᠢᠯᠠᠬᠤ ᠶᠢᠨ ᠬᠠᠮᠲᠤ ᠵᠠᠭᠠᠭ ᠬᠤᠪᠢᠶᠠᠨ ᠵᠠᠰᠠᠵᠠᠢ᠃ ᠰᠠᠶᠢᠰᠢᠶᠠᠯᠲᠤ ᠢᠷᠦᠭᠡᠯᠲᠦ ᠶᠢᠨ ᠲᠠᠪᠤᠳᠤᠭᠠᠷ ᠣᠨ ︵1800 ᠣᠨ︶ ᠳᠤ᠂ ᠭᠤᠷᠯᠣᠰ ᠤᠨ ᠡᠮᠦᠨᠡᠲᠦ ᠬᠤᠰᠢᠭᠤᠨ ᠤ ᠴᠠᠩᠴᠦ᠋ᠨ ᠪᠦᠦ ᠳᠤ ᠴᠠᠩᠴᠦ᠋ᠨ ᠲᠢᠩᠬᠢᠮ ︵1825 ᠣᠨ ᠳᠤ ᠺᠤᠸᠠᠨᠴᠧᠩᠽᠢ ᠳᠤ ᠨᠡᠭᠦᠪᠡ︶ ᠢ ᠪᠠᠶᠢᠭᠤᠯᠵᠠᠢ᠃      ᠪᠠᠳᠠᠷᠠᠭᠤᠯᠲᠤ ᠲᠥᠷᠥ ᠶᠢᠨ ᠠᠷᠪᠠᠨ ᠲᠠᠪᠤᠳᠤᠭᠠᠷ ᠣᠨ ︵1889 ᠣᠨ︶ ᠳᠤ᠂ ᠲᠢᠩᠬᠢᠮ ᠢᠶᠠᠨ ᠹᠦ᠋ ᠪᠣᠯᠭᠠᠪᠠ᠃ 1913 ᠣᠨ ᠳᠤ ᠹᠦ᠋ ᠶᠢ ᠰᠢᠶᠠᠨ ᠭᠡᠵᠦ ᠥᠭᠡᠷᠡᠴᠢᠯᠡᠪᠡ᠃ ᠰᠠᠶᠢᠰᠢᠶᠠᠯᠲᠤ ᠢᠷᠦᠭᠡᠯᠲᠦ ᠶᠢᠨ ᠨᠠᠢᠮᠠᠳᠤᠭᠠᠷ ᠣᠨ ︵1803 ᠣᠨ︶ ᠳᠤ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠢᠷᠭᠡᠨ ᠢ ᠡᠯᠰᠡᠵᠦ ᠠᠲᠠᠷ ᠬᠠᠭᠠᠯᠪᠤᠷᠢᠯᠠᠨ ᠯᠢ ᠱᠤ᠋ ᠴᠧᠩ ︵ᠶᠡᠷᠦ ᠳᠡᠭᠡᠨ ᠮᠠᠶᠢᠮᠠᠢ ᠶᠢᠨ ᠵᠡᠭᠡᠯᠢ ᠭᠡᠳᠡᠭ︶ ᠶᠢ ᠪᠠᠶᠢᠭᠤᠯᠵᠠᠢ᠃      ᠲᠥᠷᠥ ᠬᠡᠷᠡᠯᠳᠦ ᠶᠢᠨ ᠲᠡᠷᠢᠭᠦᠨ ᠣᠨ ︵1821 ᠣᠨ︶ ᠳᠤ᠂ ᠬᠤᠪᠢᠶᠠᠨ ᠰᠡᠷᠭᠡᠶᠢᠯᠡᠬᠦ ᠬᠢᠨᠠᠭᠴᠢ ᠪᠣᠯᠭᠠᠨ ᠥᠭᠡᠷᠡᠴᠢᠯᠡᠨ ᠪᠠᠶᠢᠭᠤᠯᠪᠠ᠃      ᠪᠠᠳᠠᠷᠠᠭᠤᠯᠲᠤ ᠲᠥᠷᠥ ᠶᠢᠨ ᠳᠥᠷᠪᠡᠳᠦᠭᠡᠷ ᠣᠨ ︵1878 ᠣᠨ︶ ᠳᠤ᠂ ᠹᠸᠡᠭᠬᠤᠸᠠ ᠰᠢᠶᠠᠨ ᠤ ᠲᠥᠪ ᠭᠡᠵᠦ ᠥᠭᠡᠷᠡᠴᠢᠯᠡᠪᠡ᠃ 1914 ᠣᠨ ᠳᠤ ᠯᠢ ᠱᠤ᠋ ᠰᠢᠶᠠᠨ ᠭᠡᠵᠦ ᠬᠠᠯᠠᠪᠠ᠃      ᠰᠠᠶᠢᠰᠢᠶᠠᠯᠲᠤ ᠢᠷᠦᠭᠡᠯᠲᠦ ᠶᠢᠨ ᠳᠣᠯᠣᠳᠤᠭᠠᠷ ᠣᠨ ︵1802 ᠣᠨ︶ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠠᠩᠳᠤᠬᠤ ᠡᠷᠭᠢ ᠳᠤ ᠢᠷᠭᠡᠨ ᠡᠯᠰᠡᠵᠦ ᠠᠲᠠᠷ ᠬᠠᠭᠠᠯᠪᠤᠷᠢᠯᠠᠵᠠᠢ᠃      ᠰᠠᠶᠢᠰᠢᠶᠠᠯᠲᠤ ᠢᠷᠦᠭᠡᠯᠲᠦ ᠶᠢᠨ ᠠᠷᠪᠠᠨ ᠨᠢᠭᠡᠳᠦᠭᠡᠷ ᠣᠨ ︵1806 ᠣᠨ︶ ᠳᠤ᠂ ᠴᠠᠩᠳᠤ ᠶᠢᠨ ᠬᠡᠷᠡᠭ ᠡᠷᠬᠢᠯᠡᠬᠦ ᠨᠡᠶᠢᠯᠡᠨ ᠰᠢᠭᠦᠭᠴᠢ ᠲᠢᠩᠬᠢᠮ ᠢ ᠪᠠᠶᠢᠭᠤᠯᠵᠠᠢ᠃      ᠪᠦᠷᠢᠨᠲᠦ ᠵᠠᠰᠠᠭᠴᠢ ᠶᠢᠨ ᠬᠤᠶᠠᠳᠤᠭᠠᠷ ᠣᠨ ︵1863 ᠣᠨ︶ ᠳᠤ᠂ ᠬᠢᠵᠠᠭᠠᠷ ᠤᠷᠤᠨ ᠤ ᠠᠷᠠᠳ ᠢ ᠢᠯᠪᠢᠬᠦ ᠬᠠᠮᠲᠤ ᠮᠡᠳᠡᠭᠴᠢ ᠪᠣᠯᠭᠠᠨ ᠥᠭᠡᠷᠡᠴᠢᠯᠡᠪᠡ      ᠪᠠᠳᠠᠷᠠᠭᠤᠯᠲᠤ ᠲᠥᠷᠥ ᠶᠢᠨ ᠬᠤᠶᠠᠳᠤᠭᠠᠷ ᠣᠨ ︵1876 ᠣᠨ︶ ᠳᠤ᠂ ᠴᠠᠩᠳᠤ ᠹᠦ᠋ ᠪᠣᠯᠭᠠᠪᠠ᠃      ᠲᠥᠷᠥ ᠬᠡᠷᠡᠯᠳᠦ ᠶᠢᠨ ᠲᠡᠷᠢᠭᠦᠨ ᠣᠨ ︵1821 ᠣᠨ︶ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠶᠢᠨ ᠪᠠ ᠵᠢᠶᠠ ᠵᠧᠨ ᠳᠤ ᠢᠷᠭᠡᠨ ᠡᠯᠰᠡᠵᠦ ᠠᠲᠠᠷ ᠬᠠᠭᠠᠯᠪᠤᠷᠢᠯᠠᠵᠠᠢ᠃      ᠪᠦᠷᠢᠨᠲᠦ ᠵᠠᠰᠠᠭᠴᠢ ᠶᠢᠨ ᠲᠠᠪᠤᠳᠤᠭᠠᠷ ᠣᠨ ︵1866 ᠣᠨ︶ ᠳᠤ᠂ ᠪᠠ ᠵᠢᠶᠠ ᠵᠧᠨ ᠢ ᠬᠢᠵᠠᠭᠠᠷ ᠤᠷᠤᠨ ᠤ ᠠᠷᠠᠳ ᠢ ᠢᠯᠪᠢᠬᠦ ᠬᠡᠷᠡᠭ ᠮᠡᠳᠡᠭᠴᠢ ᠳᠤ ᠬᠠᠷᠢᠶᠠᠭᠳᠠᠭᠤᠯᠪᠠ᠃      ᠪᠠᠳᠠᠷᠠᠭᠤᠯᠲᠤ ᠲᠥᠷᠥ ᠶᠢᠨ ᠭᠤᠷᠪᠠᠳᠤᠭᠠᠷ ᠣᠨ ︵1877 ᠣᠨ︶ ᠳᠤ᠂ ᠬᠤᠸᠠᠢ ᠳ᠋ᠧ ᠰᠢᠶᠠᠨ ᠭᠡᠵᠦ ᠥᠭᠡᠷᠡᠴᠢᠯᠡᠪᠡ᠃ ᠲᠥᠷᠥ ᠬᠡᠷᠡᠯᠳᠦ ᠶᠢᠨ ᠳᠣᠯᠣᠳᠤᠭᠠᠷ ᠣᠨ ︵1827 ᠣᠨ︶ ᠳᠤ᠂ ᠭᠤᠷᠯᠣᠰ ᠤᠨ ᠡᠮᠦᠨᠡᠲᠦ ᠬᠤᠰᠢᠭᠤᠨ ᠳᠤ ᠯᠦᠩ ᠸᠠᠨ ᠰᠢᠶᠠᠩ ᠪᠠᠶᠢᠭᠤᠯᠵᠠᠢ᠃      ᠪᠠᠳᠠᠷᠠᠭᠤᠯᠲᠤ ᠲᠥᠷᠥ ᠶᠢᠨ ᠨᠠᠢᠮᠠᠳᠤᠭᠠᠷ ᠣᠨ ︵1882 ᠣᠨ︶ ᠳᠤ᠂ ᠯᠦᠩ ᠸᠠᠨ ᠰᠢᠶᠠᠩ ᠳᠤ ᠨᠥᠩ ᠠᠨ ᠬᠤᠪᠢᠶᠠᠨ ᠰᠡᠷᠭᠡᠶᠢᠯᠡᠬᠦ ᠵᠣᠣ ᠮᠦᠸᠧ ᠪᠠᠶᠢᠭᠤᠯᠵᠠᠢ᠃ ᠪᠠᠳᠠᠷᠠᠭᠤᠯᠲᠤ ᠲᠥᠷᠥ ᠶᠢᠨ ᠠᠷᠪᠠᠨ ᠲᠠᠪᠤᠳᠤᠭᠠᠷ ᠣᠨ ︵1889 ᠣᠨ︶ ᠳᠤ᠂ ᠨᠦᠩ ᠠᠨ ᠰᠢᠶᠠᠨ ᠭᠡᠵᠦ ᠥᠭᠡᠷᠡᠴᠢᠯᠡᠪᠡ᠃      ᠲᠦᠭᠡᠮᠡᠯ ᠡᠯᠪᠡᠭᠲᠦ ᠶᠢᠨ ᠲᠡᠷᠢᠭᠦᠨ ᠣᠨ ︵1851 ᠣᠨ︶ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠵᠧᠩ ᠵᠢᠶᠠ ᠲᠦᠨ ᠳᠤ ᠠᠲᠠᠷ ᠬᠠᠭᠠᠯᠪᠤᠷᠢᠯᠠᠪᠠ᠃ ᠪᠠᠳᠠᠷᠠᠭᠤᠯᠲᠤ ᠲᠥᠷᠥ ᠶᠢᠨ ᠵᠢᠷᠭᠤᠳᠤᠭᠠᠷ ᠣᠨ ︵1880 ᠣᠨ︶ ᠳᠤ᠂ ᠵᠧᠩ ᠵᠢᠶᠠ ᠲᠦᠨ ᠳᠤ ᠳᠠᠩᠰᠠ ᠪᠠᠷᠢᠭᠴᠢ ᠲᠦᠰᠢᠮᠡᠯ ᠭᠠᠷᠭᠠᠵᠠᠢ᠃      ᠪᠠᠳᠠᠷᠠᠭᠤᠯᠲᠤ ᠲᠥᠷᠥ ᠶᠢᠨ ᠬᠤᠷᠢᠨ ᠨᠠᠢᠮᠠᠳᠤᠭᠠᠷ ᠣᠨ ︵1902 ᠣᠨ︶ ᠳᠤ᠂ ᠵᠧᠩ ᠵᠢᠶᠠ ᠲᠦᠨ ᠳᠤ ᠯᠢᠶᠣᠤ ᠶᠤᠸᠠᠨ ᠵᠧᠦ ᠶᠢ ᠪᠠᠶᠢᠭᠤᠯᠵᠠᠢ᠃ 1913 ᠣᠨ ᠳᠤ᠂ ᠯᠢᠶᠣᠤ ᠶᠤᠸᠠᠨ ᠰᠢᠶᠠᠨ ᠭᠡᠵᠦ ᠥᠭᠡᠷᠡᠴᠢᠯᠡᠪᠡ᠃      ᠪᠠᠳᠠᠷᠠᠭᠤᠯᠲᠤ ᠲᠥᠷᠥ ᠶᠢᠨ ᠵᠢᠷᠭᠤᠳᠤᠭᠠᠷ ᠣᠨ ︵1880 ᠣᠨ︶ ᠳᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤᠨ ᠤ ᠺᠠᠩ ᠵᠢᠶᠠ ᠲᠦᠨ ᠳᠤ ᠠᠲᠠᠷ ᠬᠠᠭᠠᠯᠪᠤᠷᠢᠯᠠᠪᠠ᠃ 1913 ᠣᠨ ᠳᠤ᠂ ᠺᠠᠩ ᠫᠢᠩ ᠰᠢᠶᠠᠨ ᠢ ᠪᠠᠶᠢᠭᠤᠯᠵᠠᠢ᠃      ᠪᠠᠳᠠᠷᠠᠭᠤᠯᠲᠤ ᠲᠥᠷᠥ ᠶᠢᠨ ᠬᠤᠷᠢᠨ ᠳᠥᠷᠪᠡᠳᠦᠭᠡᠷ ᠣᠨ ︵1898 ᠣᠨ︶ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠵᠧᠤ ᠪᠢᠶᠠᠨ ᠲᠣᠰᠬᠤᠨ ᠳᠤ ᠰᠧ ᠫᠢᠩ ᠥᠷᠲᠡᠭᠡ ᠪᠠᠶᠢᠭᠤᠯᠵᠤ᠂ ᠴᠠᠩᠳᠤ ᠹᠦ᠋ ᠳᠤ ᠬᠠᠷᠢᠶᠠᠯᠠᠭᠤᠯᠪᠠ᠃      ᠪᠠᠳᠠᠷᠠᠭᠤᠯᠲᠤ ᠲᠥᠷᠥ ᠶᠢᠨ ᠬᠤᠷᠢᠨ ᠨᠠᠢᠮᠠᠳᠤᠭᠠᠷ ᠣᠨ ︵1902 ᠣᠨ︶ ᠳᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤ ᠵᠢᠴᠢ ᠲᠦᠮᠡᠳ ᠵᠡᠭᠦᠨ ᠬᠤᠰᠢᠭᠤᠨ ᠤ ᠠᠭᠤᠯᠵᠠᠷ ᠲᠠᠬᠢ ᠬᠦᠨᠳᠡᠯᠡᠨ ᠵᠠᠮ ᠳᠤ ᠵᠠᠩ ᠦ᠋ ᠰᠢᠶᠠᠨ ᠢ ᠪᠠᠶᠢᠭᠤᠯᠵᠠᠢ᠃      ᠪᠠᠳᠠᠷᠠᠭᠤᠯᠲᠤ ᠲᠥᠷᠥ ᠶᠢᠨ ᠭᠤᠴᠢᠳᠤᠭᠠᠷ ᠣᠨ ︵1904 ᠣᠨ︶ ᠳᠤ᠂ ᠵᠠᠯᠠᠶᠢᠳ ᠬᠤᠰᠢᠭᠤᠨ ᠤ ᠮᠤᠷᠤᠶᠢᠬᠤ ᠲᠤᠪᠤ ᠳᠤ ᠲᠠᠷᠢᠶᠠᠴᠢ ᠲᠢᠩᠬᠢᠮ ᠢ ᠪᠠᠶᠢᠭᠤᠯᠵᠠᠢ᠃ 1913 ᠣᠨ ᠳᠤ᠂ ᠲᠢᠩᠬᠢᠮ ᠢ ᠰᠢᠶᠠᠨ ᠪᠣᠯᠭᠠᠨ ᠥᠭᠡᠷᠡᠴᠢᠯᠡᠪᠡ᠃      ᠪᠠᠳᠠᠷᠠᠭᠤᠯᠲᠤ ᠲᠥᠷᠥ ᠶᠢᠨ ᠭᠤᠴᠢᠳᠤᠭᠠᠷ ᠣᠨ ︵1904 ᠣᠨ︶ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠱᠤᠸᠠᠩ ᠯᠢᠦ ᠪᠠᠯᠭᠠᠰᠤᠨ ᠳᠤ ᠲᠤᠤ ᠨᠠᠨ ᠹᠦ᠋ ᠶᠢ ᠪᠠᠶᠢᠭᠤᠯᠵᠠᠢ᠃ 1913 ᠣᠨ ᠳᠤ ᠹᠦ᠋ ᠶᠢ ᠰᠢᠶᠠᠨ ᠭᠡᠵᠦ ᠥᠭᠡᠷᠡᠴᠢᠯᠡᠪᠡ᠃      ᠪᠠᠳᠠᠷᠠᠭᠤᠯᠲᠤ ᠲᠥᠷᠥ ᠶᠢᠨ ᠭᠤᠴᠢᠳᠤᠭᠠᠷ ᠣᠨ ︵1904 ᠣᠨ︶ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠭᠤᠷ ᠤᠨ ᠭᠤᠣᠯ ᠤᠨ ᠠᠷᠤ ᠳᠠᠬᠢ ᠴᠠᠭᠠᠨ ᠬᠤᠲᠠ ᠳᠤ ᠵᠢᠩ ᠠᠨ ᠰᠢᠶᠠᠨ ᠪᠠᠶᠢᠭᠤᠯᠵᠤ᠂ ᠲᠤᠯᠤᠭᠠᠨ ᠬᠤᠳᠳᠤᠭ ᠲᠤ ᠺᠠᠢ ᠲᠦᠩ ᠰᠢᠶᠠᠨ ᠪᠠᠶᠢᠭᠤᠯᠵᠠᠢ᠃      ᠪᠠᠳᠠᠷᠠᠭᠤᠯᠲᠤ ᠲᠥᠷᠥ ᠶᠢᠨ ᠭᠤᠴᠢᠨ ᠨᠢᠭᠡᠳᠦᠭᠡᠷ ᠣᠨ ︵1905 ᠣᠨ︶ ᠳᠤ᠂ ᠬᠤᠷᠴᠢᠨ ᠪᠠᠷᠠᠭᠤᠨ ᠭᠠᠷᠤᠨ ᠬᠤᠶᠢᠲᠤ ᠬᠤᠰᠢᠭᠤᠨ ᠤ ᠲᠤᠭᠤᠷ ᠤᠨ ᠭᠤᠣᠯ ᠤᠨ ᠡᠮᠦᠨᠡᠲᠦ ᠡᠷᠭᠢ ᠴᠢᠶᠠᠨ ᠵᠢᠶᠠ ᠸᠧᠥ᠋ᠫᠥ᠋ ᠳᠤ ᠠᠨ ᠭᠤᠸᠠᠩ ᠰᠢᠶᠠᠨ ᠪᠠᠶᠢᠭᠤᠯᠵᠠᠢ᠃      ᠪᠠᠳᠠᠷᠠᠭᠤᠯᠲᠤ ᠲᠥᠷᠥ ᠶᠢᠨ ᠭᠤᠴᠢᠨ ᠬᠤᠶᠠᠳᠤᠭᠠᠷ ᠣᠨ ︵1906 ᠣᠨ︶ ᠳᠤ᠂ ᠭᠤᠷᠯᠣᠰ ᠤᠨ ᠬᠤᠶᠢᠲᠤ ᠬᠤᠰᠢᠭᠤᠨ ᠳᠤ ᠵᠣᠣ ᠵᠧᠦ ᠰᠢᠭᠤᠳ ᠬᠠᠷᠢᠶ᠎ᠠ ᠲᠢᠩᠬᠢᠮ ᠪᠠᠶᠢᠭᠤᠯᠵᠤ᠂ 1913 ᠣᠨ ᠳᠤ ᠵᠣᠣ ᠵᠧᠦ ᠰᠢᠶᠠᠨ ᠪᠣᠯᠭᠠᠨ ᠥᠭᠡᠷᠡᠴᠢᠯᠡᠪᠡ ︔᡽ᠭᠤᠷᠯᠣᠰ ᠤᠨ ᠡᠮᠦᠨᠡᠲᠦ ᠬᠤᠰᠢᠭᠤᠨ ᠤ ᠮᠦ ᠳ᠋ᠧ᠂ ᠬᠤᠸᠠᠢ ᠳ᠋ᠧ ᠬᠤᠶᠠᠷ ᠰᠢᠶᠠᠩ ᠢ ᠰᠠᠯᠭᠠᠨ ᠭᠠᠷᠭᠠᠵᠤ᠂ ᠳ᠋ᠧ ᠬᠤᠢ ᠰᠢᠶᠠᠨ ᠪᠠᠶᠢᠭᠤᠯᠪᠠ ︔ ᠳᠥᠷᠪᠡᠳ ᠬᠤᠰᠢᠭᠤᠨ ᠳᠤ ᠠᠨ ᠳ᠋ᠠ ᠲᠢᠩᠬᠢᠮ ᠢ ᠪᠠᠶᠢᠭᠤᠯᠵᠤ᠂ 1913 ᠣᠨ ᠳᠤ ᠠᠨ ᠳ᠋ᠠ ᠰᠢᠶᠠᠨ ᠪᠣᠯᠭᠠᠨ ᠥᠭᠡᠷᠡᠴᠢᠯᠡᠪᠡ ︔᡽ᠳᠥᠷᠪᠡᠳ ᠬᠤᠰᠢᠭᠤᠨ ᠤ ᠳ᠋ᠦᠩ ᠵᠢᠢ ᠵᠧᠨ ᠳᠤ ᠯᠢᠨ ᠳ᠋ᠢᠶᠠᠨ ᠰᠢᠶᠠᠨ ᠪᠠᠶᠢᠭᠤᠯᠪᠠ ︔ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠯᠢ ᠴᠢᠦᠸᠠᠨ ᠵᠧᠨ ᠪᠠᠶᠢᠭᠤᠯᠵᠤ᠂ ᠬᠡᠪᠲᠦ ᠶᠣᠰᠣᠲᠤ ᠶᠢᠨ ᠲᠡᠷᠢᠭᠦᠨ ᠣᠨ ︵1909 ᠣᠨ︶ ᠳᠤ ᠯᠢ ᠴᠢᠦᠸᠠᠨ ᠰᠢᠶᠠᠨ ᠪᠣᠯᠭᠠᠨ ᠥᠭᠡᠷᠡᠴᠢᠯᠡᠵᠦ᠂ 1914 ᠣᠨ ᠳᠤ ᠲᠦᠴᠢᠦᠸᠠᠨ ᠰᠢᠶᠠᠨ ᠪᠣᠯᠭᠠᠨ ᠥᠭᠡᠷᠡᠴᠢᠯᠡᠵᠡᠢ᠃      ᠪᠠᠳᠠᠷᠠᠭᠤᠯᠲᠤ ᠲᠥᠷᠥ ᠶᠢᠨ ᠭᠤᠴᠢᠨ ᠭᠤᠷᠪᠠᠳᠤᠭᠠᠷ ᠣᠨ ︵1907 ᠣᠨ︶ ᠳᠤ᠂ ᠭᠤᠷᠯᠣᠰ ᠤᠨ ᠡᠮᠦᠨᠡᠲᠦ ᠬᠤᠰᠢᠭᠤᠨ ᠳᠤ ᠴᠠᠩ ᠯᠢᠩ ᠰᠢᠶᠠᠨ ᠪᠠᠶᠢᠭᠤᠯᠵᠠᠢ᠃      ᠪᠠᠳᠠᠷᠠᠭᠤᠯᠲᠤ ᠲᠥᠷᠥ ᠶᠢᠨ ᠭᠤᠴᠢᠨ ᠳᠥᠷᠪᠡᠳᠦᠭᠡᠷ ᠣᠨ ︵1908 ᠣᠨ︶ ᠳᠤ᠂ ᠬᠤᠷᠴᠢᠨ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠭᠠᠨᠨᠠᠭᠤᠷ ᠲᠤ ᠵᠧᠨ ᠳ᠋ᠦᠩ ᠵᠠᠰᠠᠬᠤ ᠲᠣᠪᠴᠢᠶ᠎ᠠ ᠪᠠᠶᠢᠭᠤᠯᠵᠤ᠂ ᠬᠡᠪᠲᠦ ᠶᠣᠰᠣᠲᠤ ᠶᠢᠨ ᠬᠤᠶᠠᠳᠤᠭᠠᠷ ᠣᠨ ︵1910 ᠣᠨ︶ ᠳᠤ ᠵᠧᠨ ᠳ᠋ᠦᠩ ᠰᠢᠶᠠᠨ ᠪᠣᠯᠭᠠᠪᠠ᠃      1913 ᠣᠨ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠰᠠᠬᠢᠶ᠎ᠠ ᠶᠢᠨ ᠰᠢᠨ᠎ᠡ ᠲᠠᠯ᠎ᠠ ᠶᠢᠨ ᠱᠤᠸᠠᠩ ᠱᠠᠨ ᠵᠧᠨ ᠳᠤ ᠱᠤᠸᠠᠩ ᠱᠠᠨ ᠰᠢᠶᠠᠨ ᠪᠠᠶᠢᠭᠤᠯᠵᠤ᠂ 1940 ᠣᠨ ᠳᠤ ᠯᠢᠶᠣᠤ ᠶᠤᠸᠠᠨ ᠰᠢᠶᠠᠨ ᠲᠠᠢ ᠨᠡᠶᠢᠯᠡᠭᠦᠯᠦᠭᠡᠳ ᠱᠤᠸᠠᠩ ᠯᠢᠶᠣᠤ ᠰᠢᠶᠠᠨ ᠪᠣᠯᠭᠠᠵᠠᠢ᠃      1914 ᠣᠨ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠠᠶᠢᠷᠢᠨ ᠲᠠᠷᠢᠶ᠎ᠠ ᠳᠤ ᠲᠦᠩᠯᠢᠶᠣᠣ ᠪᠠᠯᠭᠠᠰᠤ ᠶᠢ ᠪᠠᠶᠢᠭᠤᠯᠵᠤ᠂ 1918 ᠣᠨ ᠳᠤ ᠲᠦᠩᠯᠢᠶᠣᠣ ᠰᠢᠶᠠᠨ ᠪᠣᠯᠭᠠᠨ ᠥᠭᠡᠷᠡᠴᠢᠯᠡᠪᠡ᠃      1915 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠭᠤᠯᠤᠭᠰᠠᠨ ᠯᠢ ᠴᠢᠦᠸᠠᠨ ᠰᠢᠶᠠᠨ ᠠᠴᠠ ᠺᠠᠢ ᠬᠤᠸᠠ ᠰᠢᠶᠠᠨ ᠢ ᠰᠠᠯᠭᠠᠨ ᠭᠠᠷᠭᠠᠵᠤ᠂ 1917 ᠣᠨ ᠳᠤ ᠵᠠᠨ ᠢᠦᠢ ᠰᠢᠶᠠᠨ ᠭᠡᠵᠦ ᠬᠠᠯᠠᠵᠠᠢ᠃      1928 ᠣᠨ ᠳᠤ᠂ ᠭᠤᠷᠯᠣᠰ ᠤᠨ ᠡᠮᠦᠨᠡᠲᠦ ᠬᠤᠰᠢᠭᠤᠨ ᠳᠤ ᠴᠢᠶᠠᠨ ᠠᠨ ᠰᠢᠶᠠᠨ ᠢ ᠪᠠᠶᠢᠭᠤᠯᠵᠠᠢ᠃      1932 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠬᠤᠶᠢᠲᠤ ᠬᠤᠰᠢᠭᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠵᠠᠯᠠᠶᠢᠳ ᠬᠤᠰᠢᠭᠤ ᠬᠠᠭᠤᠷᠮᠠᠭ ᠬᠢᠩᠭᠠᠨ ᠮᠤᠵᠢ ᠶᠢᠨ ᠬᠢᠩᠭᠠᠨ ᠡᠮᠦᠨᠡᠲᠦ ᠬᠤᠪᠢᠶᠠᠷᠢ ᠮᠤᠵᠢ ᠳᠤ ᠬᠠᠷᠢᠶᠠᠯᠠᠭᠳᠠᠪᠠ᠃      1934 ᠣᠨ ᠳᠤ᠂ ᠬᠠᠭᠤᠷᠮᠠᠭ ᠬᠢᠩᠭᠠᠨ ᠡᠮᠦᠨᠡᠲᠦ ᠬᠤᠪᠢᠶᠠᠷᠢ ᠮᠤᠵᠢ ᠶᠢ ᠬᠢᠩᠭᠠᠨ ᠡᠮᠦᠨᠡᠲᠦ ᠮᠤᠵᠢ ᠪᠣᠯᠭᠠᠨ ᠥᠭᠡᠷᠡᠴᠢᠯᠡᠵᠦ᠂ ᠮᠣᠩᠭᠤᠯ ᠤᠨ ᠵᠠᠰᠠᠭ ᠤᠨ ᠶᠠᠮᠤᠨ ᠳᠤ ᠬᠠᠮᠢᠶᠠᠷᠤᠭᠳᠠᠵᠤ᠂ ᠲᠥᠩᠯᠢᠶᠤᠥ ᠰᠢᠶᠠᠨ᠂ ᠬᠦᠷᠢᠶ᠎ᠡ ᠬᠤᠰᠢᠭᠤ ᠶᠢ ᠬᠢᠩᠭᠠᠨ ᠡᠮᠦᠨᠡᠲᠦ ᠮᠤᠵᠢ ᠳᠤ ᠬᠠᠷᠢᠶᠠᠯᠠᠭᠤᠯᠵᠤ᠂ ᠭᠤᠷᠯᠣᠰ ᠡᠮᠦᠨᠡᠲᠦ ᠬᠤᠰᠢᠭᠤ ᠶᠢ ᠬᠢᠷᠢᠨ ᠮᠤᠵᠢ ᠳᠤ ᠬᠠᠷᠢᠶᠠᠯᠠᠭᠤᠯᠵᠤ᠂ ᠭᠤᠷᠯᠣᠰ ᠬᠤᠶᠢᠲᠤ ᠬᠤᠰᠢᠭᠤ ᠶᠢ ᠪᠢᠨ ᠵᠢᠶᠠᠩ ᠮᠤᠵᠢ ᠳᠤ ᠬᠠᠷᠢᠶᠠᠯᠠᠭᠤᠯᠵᠤ᠂ ᠳᠥᠷᠪᠡᠳ ᠬᠤᠰᠢᠭᠤ ᠶᠢ ᠬᠠᠷᠠᠮᠥ᠋ᠷᠡᠨ ᠮᠤᠵᠢ ᠳᠤ ᠬᠠᠷᠢᠶᠠᠯᠠᠭᠤᠯᠪᠠ᠃      1943 ᠣᠨ ᠳᠤ᠂ ᠬᠢᠩᠭᠠᠨ ᠡᠮᠦᠨᠡᠲᠦ ᠮᠤᠵᠢ ᠶᠢ ᠬᠢᠩᠭᠠᠨ ᠤ ᠡᠮᠦᠨᠡᠲᠦ ᠤᠷᠤᠨ ᠭᠡᠵᠦ ᠬᠠᠯᠠᠵᠤ᠂ ᠬᠢᠩᠭᠠᠨ ᠤ ᠶᠡᠷᠦᠩᠬᠡᠢ ᠮᠤᠵᠢ ᠳᠤ ᠬᠠᠷᠢᠶᠠᠯᠠᠭᠤᠯᠪᠠ᠃      1945 ᠣᠨ ᠤ 10 ᠳ᠋ᠤᠭᠠᠷ ᠰᠠᠷ᠎ᠠ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠭᠤᠷᠪᠠᠨ ᠬᠤᠰᠢᠭᠤᠨ ᠤ ᠬᠤᠯᠪᠤᠭᠠᠯᠠᠨ ᠠᠵᠢᠯ ᠡᠷᠬᠢᠯᠡᠬᠦ ᠭᠠᠵᠠᠷ ᠪᠠᠶᠢᠭᠤᠯᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠣᠤᠪᠸᠢ ᠮᠤᠵᠢ ᠶᠢᠨ ᠬᠤᠷᠢᠶ᠎ᠠ ᠯᠢᠶᠣᠣ ᠶᠤᠸᠠᠨ ᠤ ᠲᠤᠰᠬᠠᠢ ᠵᠠᠬᠢᠷᠭ᠎ᠠ ᠶᠢ ᠲᠣᠮᠢᠯᠠᠵᠤ ᠲᠦᠩᠯᠢᠶᠣᠣ ᠰᠢᠶᠠᠨ ᠢ ᠵᠠᠯᠭᠠᠨ ᠬᠠᠮᠢᠶᠠᠷᠤᠭᠤᠯᠪᠠ᠃ 12 ᠳ᠋ᠤᠭᠠᠷ ᠰᠠᠷ᠎ᠠ ᠳᠤ᠂ ᠬᠤᠷᠴᠢᠨ ᠵᠡᠭᠦᠨ ᠭᠠᠷᠤᠨ ᠭᠤᠷᠪᠠᠨ ᠬᠤᠰᠢᠭᠤ ᠨᠢ ᠬᠢᠩᠭᠠᠨ ᠤ ᠡᠮᠦᠨᠡᠲᠦ ᠣᠷᠣᠨ ᠳᠤ ᠬᠠᠷᠢᠶᠠᠯᠠᠭᠳᠠᠪᠠ᠃      1946 ᠣᠨ ᠤ 1 ᠳ᠋ᠦ᠋ᠭᠡᠷ ᠰᠠᠷ᠎ᠠ ᠳᠤ᠂ ᠲᠦᠩᠯᠢᠶᠣᠣ᠂ ᠺᠠᠶᠢᠯᠤ ᠨᠢ ᠯᠢᠶᠤᠤᠰᠢ ᠮᠤᠵᠢ ᠳᠤ ᠬᠠᠮᠢᠶᠠᠷᠤᠭᠳᠠᠪᠠ᠃ 4 ᠳ᠋ᠦ᠋ᠭᠡᠷ ᠰᠠᠷ᠎ᠠ ᠳᠤ᠂ ᠬᠢᠩᠭᠠᠨ ᠤ ᠡᠮᠦᠨᠡᠲᠦ ᠣᠷᠣᠨ ᠢ ᠬᠦᠴᠦᠨ ᠦᠭᠡᠢ ᠪᠣᠯᠭᠠᠵᠤ᠂ ᠵᠢᠷᠢᠮ ᠮᠤᠵᠢ ᠶᠢ ᠪᠠᠶᠢᠭᠤᠯᠪᠠ᠃ 6 ᠳ᠋ᠤᠭᠠᠷ ᠰᠠᠷ᠎ᠠ ᠳᠤ᠂ ᠵᠢᠷᠢᠮ ᠮᠤᠵᠢ ᠶᠢ ᠵᠢᠷᠢᠮ ᠠᠶᠢᠮᠠᠭ ᠭᠡᠵᠦ ᠬᠠᠯᠠᠵᠤ᠂ ᠯᠢᠶᠤᠤᠵᠢ ᠮᠤᠵᠢ ᠠᠴᠠ ᠣᠷᠣᠯᠠᠨ ᠬᠠᠮᠢᠶᠠᠷᠪᠠ᠃ 1947 ᠣᠨ ᠤ 5 ᠳ᠋ᠤᠭᠠᠷ ᠰᠠᠷ᠎ᠠ ᠳᠤ᠂ ᠵᠠᠷᠤᠳ ᠬᠤᠰᠢᠭᠤ ᠶᠢ ᠵᠢᠷᠢᠮ ᠠᠶᠢᠮᠠᠭ ᠲᠤ ᠬᠤᠪᠢᠶᠠᠷᠢᠯᠠᠨ ᠣᠷᠣᠭᠤᠯᠪᠠ᠃      1947 ᠣᠨ ᠤ 6 ᠳ᠋ᠤᠭᠠᠷ ᠰᠠᠷ᠎ᠠ ᠳᠤ᠂ ᠯᠢᠶᠤᠤᠵᠢ ᠮᠤᠵᠢ ᠶᠢ ᠯᠢᠶᠤᠤᠪᠸᠢ ᠮᠤᠵᠢ ᠪᠣᠯᠭᠠᠨ ᠥᠭᠡᠷᠡᠴᠢᠯᠡᠵᠦ᠂ ᠵᠢᠷᠢᠮ ᠠᠶᠢᠮᠠᠭ ᠯᠢᠶᠤᠤᠪᠸᠢ ᠮᠤᠵᠢ ᠳᠤ ᠬᠠᠷᠢᠶᠠᠯᠠᠭᠳᠠᠪᠠ᠃      1948 ᠣᠨ ᠤ 9 ᠳ᠋ᠦ᠋ᠭᠡᠷ ᠰᠠᠷ᠎ᠠ ᠳᠤ᠂ ᠨᠠᠢᠮᠠᠨ ᠬᠤᠰᠢᠭᠤ ᠪᠣᠯᠣᠨ ᠬᠦᠷᠢᠶ᠎ᠡ ᠬᠤᠰᠢᠭᠤ ᠶᠢ ᠵᠢᠷᠢᠮ ᠠᠶᠢᠮᠠᠭ ᠲᠤ ᠬᠠᠷᠢᠶᠠᠯᠠᠭᠤᠯᠪᠠ᠃ ᠡᠨᠡ ᠦᠶ᠎ᠡ ᠳᠤ ᠵᠢᠷᠢᠮ ᠠᠶᠢᠮᠠᠭ ᠨᠢ ᠲᠦᠩᠯᠢᠶᠣᠣ ᠰᠢᠶᠠᠨ᠂ ᠺᠠᠶᠢᠯᠤ ᠰᠢᠶᠠᠨ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤ᠂ ᠵᠠᠷᠤᠳ ᠬᠤᠰᠢᠭᠤ᠂ ᠨᠠᠢᠮᠠᠨ ᠬᠤᠰᠢᠭᠤ᠂ ᠬᠦᠷᠢᠶ᠎ᠡ ᠬᠤᠰᠢᠭᠤ ᠶᠢ ᠬᠠᠮᠢᠶᠠᠷᠴᠤ ᠪᠠᠶᠢᠪᠠ᠃      1949 ᠣᠨ ᠤ 3 ᠳ᠋ᠤᠭᠠᠷ ᠰᠠᠷ᠎ᠠ ᠳᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤᠨ ᠤ ᠪᠠᠶᠢᠭᠤᠯᠤᠮᠵᠢ ᠶᠢᠨ ᠳᠦᠷᠢᠮ ᠢ ᠬᠦᠴᠦᠨ ᠦᠭᠡᠢ ᠪᠣᠯᠭᠠᠵᠤ᠂ ᠬᠠᠷᠢᠶᠠᠲᠤ ᠣᠷᠣᠨ ᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ ᠵᠠᠩ ᠦ᠋ ᠰᠢᠶᠠᠨ ᠳᠤ ᠬᠤᠪᠢᠶᠠᠷᠢᠯᠠᠨ ᠣᠷᠣᠭᠤᠯᠪᠠ᠃      1949 ᠣᠨ ᠤ 4 ᠳ᠋ᠦ᠋ᠭᠡᠷ ᠰᠠᠷ᠎ᠠ ᠳᠤ᠂ ᠵᠢᠷᠢᠮ ᠠᠶᠢᠮᠠᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠤᠯᠪᠠ᠃      1951 ᠣᠨ ᠤ 7 ᠳ᠋ᠤᠭᠠᠷ ᠰᠠᠷ᠎ᠠ ᠳᠤ᠂ ᠲᠦᠩᠯᠢᠶᠣᠣ ᠰᠢᠶᠠᠨ ᠤ ᠴᠧᠩ ᠭᠤᠸᠠᠨ ᠲᠣᠭᠤᠷᠢᠭ ᠢ ᠰᠠᠯᠭᠠᠨ ᠲᠦᠩᠯᠢᠶᠣᠣ ᠬᠤᠲᠠ ᠪᠣᠯᠭᠠᠵᠤ᠂ ᠠᠶᠢᠮᠠᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠣᠯᠭᠠᠪᠠ᠃      1953 ᠣᠨ ᠤ 3 ᠳ᠋ᠤᠭᠠᠷ ᠰᠠᠷ᠎ᠠ ᠳᠤ᠂ ᠵᠢᠷᠢᠮ ᠠᠶᠢᠮᠠᠭ ᠤᠨ ᠪᠠᠶᠢᠭᠤᠯᠤᠮᠵᠢ ᠶᠢᠨ ᠳᠦᠷᠢᠮ ᠢ ᠬᠦᠴᠦᠨ ᠦᠭᠡᠢ ᠪᠣᠯᠭᠠᠵᠤ᠂ ᠬᠠᠷᠢᠶᠠᠨ ᠳᠠᠬᠢ ᠡᠯ᠎ᠡ ᠬᠤᠰᠢᠭᠤ ᠰᠢᠶᠠᠨ ᠬᠤᠳᠠ ᠶᠢ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠤ ᠵᠠᠬᠢᠷᠭ᠎ᠠ ᠳᠤ ᠬᠠᠷᠢᠶᠠᠯᠠᠭᠤᠯᠪᠠ᠃      1954 ᠣᠨ ᠤ 4 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠤ ᠵᠠᠬᠢᠷᠭ᠎ᠠ ᠶᠢ ᠬᠦᠴᠦᠨ ᠦᠭᠡᠢ ᠪᠣᠯᠭᠠᠵᠤ᠂ ᠵᠢᠷᠢᠮ ᠠᠶᠢᠮᠠᠭ ᠤᠨ ᠪᠠᠶᠢᠭᠤᠯᠤᠮᠵᠢ ᠶᠢᠨ ᠲᠥᠷᠢᠮ ᠢ ᠰᠡᠷᠭᠦᠭᠡᠵᠦ᠂ ᠬᠠᠮᠢᠶᠠᠷᠤᠯᠲᠠ ᠶᠢᠨ ᠬᠡᠪᠴᠢᠶ᠎ᠡ ᠨᠢ ᠬᠦᠴᠦᠨ ᠦᠭᠡᠢ ᠪᠣᠯᠭᠠᠬᠤ ᠠᠴᠠ ᠡᠮᠦᠨᠡᠬᠢ ᠲᠠᠢ ᠠᠳᠠᠯᠢ ᠪᠠᠶᠢᠪᠠ᠃      1958 ᠣᠨ ᠤ 10 ᠳ᠋ᠤᠭᠠᠷ ᠰᠠᠷ᠎ᠠ ᠳᠤ᠂ ᠲᠦᠩᠯᠢᠶᠣᠣ ᠰᠢᠶᠠᠨ ᠤ ᠪᠠᠶᠢᠭᠤᠯᠤᠮᠵᠢ ᠶᠢᠨ ᠳᠦᠷᠢᠮ ᠢ ᠬᠠᠰᠤᠵᠤ᠂ ᠲᠦᠩᠯᠢᠶᠣᠣ ᠬᠤᠳᠠ ᠳᠤ ᠨᠡᠶᠢᠯᠡᠭᠦᠯᠦᠨ ᠣᠷᠣᠭᠤᠯᠪᠠ᠃      1964 ᠣᠨ ᠤ 12 ᠳ᠋ᠤᠭᠠᠷ ᠰᠠᠷ᠎ᠠ ᠳᠤ᠂ ᠲᠦᠩᠯᠢᠶᠣᠣ ᠰᠢᠶᠠᠨ ᠤ ᠪᠠᠶᠢᠭᠤᠯᠤᠮᠵᠢ ᠶᠢᠨ ᠳᠦᠷᠢᠮ ᠢ ᠰᠡᠷᠭᠦᠭᠡᠵᠦ᠂ ᠤᠤᠯ ᠤᠨ ᠲᠦᠩᠯᠢᠶᠣᠣ ᠬᠤᠳᠠ ᠠᠴᠠ ᠰᠠᠯᠭᠠᠪᠠ᠃      1965 ᠣᠨ ᠤ 10 ᠳ᠋ᠤᠭᠠᠷ ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠥᠯᠥᠨ ᠪᠤᠶᠢᠷ ᠠᠶᠢᠮᠠᠭ ᠠᠴᠠ ᠵᠢᠷᠢᠮ ᠠᠶᠢᠮᠠᠭ ᠲᠤ ᠬᠠᠷᠢᠶᠠᠯᠠᠭᠤᠯᠪᠠ᠃      1969 ᠣᠨ ᠤ 7 ᠳ᠋ᠤᠭᠠᠷ ᠰᠠᠷ᠎ᠠ ᠳᠤ᠂ ᠵᠢᠷᠢᠮ ᠠᠶᠢᠮᠠᠭ ᠢ ᠬᠢᠷᠢᠨ ᠮᠤᠵᠢ ᠳᠤ ᠬᠠᠷᠢᠶᠠᠯᠠᠭᠤᠯᠪᠠ᠃ 1979 ᠣᠨ ᠤ 7 ᠳ᠋ᠤᠭᠠᠷ ᠰᠠᠷ᠎ᠠ ᠳᠤ᠂ ᠵᠢᠷᠢᠮ ᠠᠶᠢᠮᠠᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠤᠴᠠᠪᠠ᠃      1980 ᠣᠨ ᠤ 7 ᠳ᠋ᠤᠭᠠᠷ ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠢᠩᠭᠠᠨ ᠠᠶᠢᠮᠠᠭ ᠲᠤ ᠬᠠᠷᠢᠶᠠᠯᠠᠭᠤᠯᠪᠠ᠃      1985 ᠣᠨ ᠤ 11 ᠳ᠋ᠦ᠋ᠭᠡᠷ ᠰᠠᠷ᠎ᠠ ᠳᠤ᠂ ᠬᠤᠥᠯᠢᠨ ᠭᠤᠣᠯ ᠬᠤᠲᠠ ᠪᠠᠶᠢᠭᠤᠯᠤᠭᠳᠠᠪᠠ᠃      1986 ᠣᠨ ᠤ 7 ᠳ᠋ᠤᠭᠠᠷ ᠰᠠᠷ᠎ᠠ ᠳᠤ᠂ ᠲᠦᠩᠯᠢᠶᠣᠣ ᠰᠢᠶᠠᠨ ᠤ ᠪᠠᠶᠢᠭᠤᠯᠤᠮᠵᠢ ᠶᠢᠨ ᠳᠦᠷᠢᠮ ᠢ ᠬᠦᠴᠦᠨ ᠦᠭᠡᠢ ᠪᠣᠯᠭᠠᠵᠤ᠂ ᠲᠦᠩᠯᠢᠶᠣᠣ ᠬᠤᠳᠠ ᠳᠤ ᠨᠡᠶᠢᠯᠡᠭᠦᠯᠦᠨ ᠣᠷᠣᠭᠤᠯᠪᠠ᠃ 1998 ᠣᠨ ᠳᠤ᠂ ᠵᠢᠷᠢᠮ ᠠᠶᠢᠮᠠᠭ ᠲᠤ ᠲᠦᠩᠯᠢᠶᠣᠣ ᠬᠤᠲᠠ᠂ ᠬᠤᠣᠯᠢᠨ ᠭᠤᠣᠯ ᠬᠤᠲᠠ᠂ ᠺᠠᠶᠢᠯᠤ ᠰᠢᠶᠠᠨ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠨᠠᠢᠮᠠᠨ ᠬᠤᠰᠢᠭᠤ᠂ ᠬᠦᠷᠢᠶ᠎ᠡ ᠬᠤᠰᠢᠭᠤ᠂ ᠵᠠᠷᠤᠳ ᠬᠤᠰᠢᠭᠤ ᠬᠠᠷᠢᠶᠠᠯᠠᠭᠳᠠᠪᠠ᠃      1999 ᠣᠨ ᠤ 1 ᠳ᠋ᠦ᠋ᠭᠡᠷ ᠰᠠᠷ᠎ᠠ ᠶᠢᠨ 13 ᠳᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠵᠠᠬᠢᠳᠠᠯ ﹇1999﹈ 5 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠢᠮ ᠠᠶᠢᠮᠠᠭ ᠢ ᠬᠦᠴᠦᠨ ᠦᠭᠡᠢ ᠪᠣᠯᠭᠠᠵᠤ ᠲᠤᠰᠬᠠᠢ ᠣᠷᠣᠨ ᠤ ᠲᠠᠰ ᠤᠨ ᠲᠦᠩᠯᠢᠶᠣᠣ ᠬᠤᠲᠠ ᠶᠢ ᠪᠠᠶᠢᠭᠤᠯᠬᠤ ᠶᠢ ᠵᠥᠪᠰᠢᠶᠡᠷᠡᠬᠦ ᠲᠤᠬᠠᠢ ᠴᠣᠬᠤᠯᠠᠪᠤᠷᠢ︾ ᠭᠠᠷᠭᠠᠵᠤ ᠂ ᠵᠢᠷᠢᠮ ᠠᠶᠢᠮᠠᠭ ᠪᠠ ᠰᠢᠶᠠᠨ ᠤ ᠱᠠᠲᠤᠨ ᠤ ᠲᠦᠩᠯᠢᠶᠣᠣ ᠬᠤᠲᠠ ᠶᠢ ᠬᠦᠴᠦᠨ ᠦᠭᠡᠢ ᠪᠣᠯᠭᠠᠵᠤ᠂ ᠲᠤᠰᠬᠠᠢ ᠣᠷᠣᠨ ᠤ ᠲᠠᠰ ᠤᠨ ᠲᠦᠩᠯᠢᠶᠣᠣ ᠬᠤᠲᠠ ᠶᠢ ᠪᠠᠶᠢᠭᠤᠯᠪᠠ᠃ ᠬᠤᠲᠠ ᠶᠢᠨ ᠵᠠᠰᠠᠭ ᠤᠨ ᠣᠷᠳᠣᠨ ᠤ ᠰᠠᠭᠤᠵᠤ ᠪᠠᠶᠢᠭ᠎ᠠ ᠬᠤᠷᠴᠢᠨ ᠲᠣᠭᠤᠷᠢᠭ ᠪᠣᠯ ᠪᠥᠬᠦ ᠬᠤᠲᠠ ᠶᠢᠨ ᠤᠯᠤᠰ ᠲᠥᠷᠥ᠂ ᠠᠵᠤ ᠠᠬᠤᠢ᠂ ᠰᠣᠶᠣᠯ ᠤᠨ ᠲᠥᠪ ᠪᠣᠯᠣᠨ᠎ᠠ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ