ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠥᠬᠦ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠰᠠᠨᠠᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | 2023 ᠣᠨ ᠤ 3 ᠳ᠋ᠤᠭᠠᠷ ᠰᠠᠷ᠎ᠠ ᠶᠢᠨ 16 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠪᠥᠬᠦ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠰᠠᠨᠠᠯ | | | ᠤᠯᠤᠰ ᠤᠨ ︽3060︾ ᠬᠤᠣᠰ ᠨᠡᠭᠦᠷᠡᠰᠦᠲᠥ᠋ᠷᠥᠭᠴᠢ ᠶᠢᠨ ᠬᠠᠷᠠᠯᠲᠠᠲᠤ ᠪᠠᠶᠢᠯᠳᠤᠬᠤ ᠪᠣᠳᠣᠯᠭ᠎ᠠ ᠪᠠ ︽ᠪᠥᠬᠦ ᠣᠷᠣᠨ ᠤ ᠰᠠᠯᠬᠢᠨ ᠬᠦᠴᠦᠨ ᠤ | ᠴᠠᠬᠢᠯᠭᠠᠨ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 19ᠳ᠋ᠦ᠋ᠭᠡᠷ | ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠤᠷᠢᠳ ᠢᠶᠠᠷ ᠪᠡᠶᠡᠯᠡᠭᠦᠯᠬᠦ | ᠂ ᠬᠤᠶᠠᠷ ᠢ ᠳᠠᠪᠠᠭᠤᠯᠬᠤ︾ ᠡᠨᠧᠷᠭᠢ ᠶᠢᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠡᠨᠧᠷᠭᠢ ᠶᠢᠨ ᠪᠦᠲᠦᠴᠡ ᠶᠢ ᠲᠦᠷᠭᠡᠳᠬᠡᠨ | ᠰᠢᠯᠢᠳᠡᠭᠵᠢᠭᠦᠯᠦᠨ ᠲᠣᠬᠢᠷᠠᠭᠤᠯᠵᠤ᠂ ᠪᠤᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠪᠠᠷ ᠪᠠᠭ᠎ᠠ ᠠᠶᠤᠯᠭᠦᠢ ᠥᠨᠳᠥᠷ | ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠪᠠᠶᠢᠭᠤᠯᠤᠨ᠂ ᠪᠥᠬᠦ ᠬᠤᠲᠠ ᠶᠢᠨ ᠭᠤᠣᠯᠯᠠᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠬᠦ ᠶᠢᠨ ᠲᠦᠯᠦᠭᠡ᠂ ᠡᠳᠦᠭᠡ ᠪᠥᠬᠦ ᠬᠤᠲᠠ ᠶᠢᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠳᠣᠣᠷᠠᠬᠢ ᠮᠡᠲᠦ ᠰᠠᠨᠠᠯ ᠳᠤᠷᠠᠳᠤᠶ᠎ᠠ᠃ | ᠨᠢᠭᠡ᠂ ᠬᠥᠭᠵᠢᠯᠲᠡ ᠶᠢᠨ ᠰᠠᠭᠤᠷᠢ | ︵ᠨᠢᠭᠡ︶ ᠰᠠᠯᠬᠢ ᠭᠡᠷᠡᠯ ᠤᠨ ᠡᠬᠢ ᠪᠠᠶᠠᠯᠢᠭ ᠢᠶᠠᠷ ᠰᠠᠶᠢᠨ᠃ ᠲᠦᠩᠯᠢᠶᠣᠣ ᠬᠤᠲᠠ ᠶᠢᠨ ᠰᠠᠯᠬᠢᠨ ᠤ ᠡᠨᠧᠷᠭᠢ ᠶᠢᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ | ᠂ 70 ᠮᠧᠲᠷ ᠤᠨ ᠥᠨᠳᠥᠷ ᠳᠠᠬᠢ ᠣᠨ ᠤ ᠰᠠᠯᠬᠢᠨ ᠤ ᠳᠤᠮᠳᠠᠴᠢ ᠬᠤᠷᠳᠤᠴᠠ ᠰᠧᠺᠦ᠋ᠨ᠋ᠳ᠋ ᠪᠦᠷᠢ 7~8.5 ᠮᠧᠲᠷ ᠲᠤ ᠬᠦᠷᠴᠦ᠂ ᠰᠠᠯᠬᠢᠨ ᠤ ᠴᠢᠳᠠᠯ ᠤᠨ | ᠨᠢᠭᠲᠠᠴᠠ ᠨᠢ 350~690 ᠸᠠᠲ \ ᠲᠡᠭᠰᠢ ᠳᠥᠷᠪᠡᠯᠵᠢᠨ ᠮᠧᠲᠷ ᠬᠦᠷᠴᠦ᠂ ᠣᠨᠣᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 2700~4000 ᠴᠠᠭ | ᠪᠠᠶᠢᠵᠤ᠂ ᠬᠤᠶᠠᠳᠤᠭᠠᠷ ᠲᠥᠷᠥᠯ ᠤᠨ ᠰᠠᠯᠬᠢᠨ ᠤ ᠡᠬᠢ ᠪᠠᠶᠠᠯᠢᠭ ᠤᠨ ᠣᠷᠣᠨ ᠳᠤ ᠬᠠᠷᠢᠶᠠᠯᠠᠭᠳᠠᠵᠤ᠂ ᠰᠠᠯᠬᠢᠨ ᠤ ᠴᠢᠭᠯᠡᠯ ᠨᠢ ᠲᠣᠭᠲᠠᠭᠤᠨ᠂ ᠨᠢᠭᠡ ᠯᠡ | ᠲᠥᠷᠥᠯ ᠤᠨ ᠰᠠᠯᠬᠢ ᠪᠠᠶᠢᠵᠤ᠂ ᠦᠷᠭᠦᠯᠵᠢᠯᠡᠬᠦ ᠴᠠᠭ ᠨᠢ ᠣᠷᠳᠣ᠂ ᠡᠪᠳᠡᠯᠡᠭᠡ ᠶᠢᠨ ᠴᠢᠨᠠᠷ ᠲᠠᠢ ᠰᠠᠯᠬᠢᠨ ᠦᠭᠡᠢ ᠵᠡᠷᠭᠡ ᠣᠨᠴᠠᠯᠢᠭ ᠲᠠᠢ ᠪᠠᠶᠢᠵᠤ᠂ ᠲᠥᠪᠯᠡᠷᠡᠭᠦᠯᠦᠨ | ᠵᠠᠯᠭᠠᠯᠳᠤᠭᠤᠯᠤᠨ ᠨᠡᠭᠡᠭᠡᠨ ᠠᠰᠢᠭᠯᠠᠬᠤ ᠳᠤ ᠠᠰᠢᠭᠲᠠᠢ ᠪᠠᠶᠢᠳᠠᠭ᠃ ᠨᠡᠷᠡᠨ ᠤ ᠡᠨᠧᠷᠭᠢ ᠬᠤᠶᠠᠳᠤᠭᠠᠷ ᠲᠥᠷᠥᠯ ᠤᠨ ᠡᠬᠢ ᠪᠠᠶᠠᠯᠢᠭ ᠤᠨ ᠣᠷᠣᠨ ᠳᠤ | ᠬᠠᠷᠢᠶᠠᠯᠠᠭᠳᠠᠨ᠎ᠠ᠂ ᠵᠢᠯ ᠤᠨ ᠶᠡᠷᠦᠩᠬᠡᠢ ᠰᠠᠴᠤᠷᠠᠯᠲᠠ ᠨᠢ ᠪᠠᠷᠤᠭ 1500 ~ 1580 ᠺᠢᠯᠣᠸᠠᠲ ᠴᠠᠭ \ ᠲᠡᠭᠰᠢ ᠳᠥᠷᠪᠡᠯᠵᠢᠨ ᠮᠧᠲᠷ ᠪᠠᠶᠢᠵᠤ᠂ ᠵᠢᠯ ᠤᠨ | ᠳᠤᠮᠳᠠᠴᠢ ᠨᠡᠷᠡᠨ ᠤ ᠲᠤᠰᠤᠯᠲᠠ ᠪᠠᠷᠤᠭ 3100 ᠴᠠᠭ ᠪᠠᠶᠢᠵᠤ᠂ ︽ᠨᠡᠷᠡᠨ ᠤ ᠡᠨᠧᠷᠭᠢ ᠶᠢᠨ ᠡᠬᠢ ᠪᠠᠶᠠᠯᠢᠭ ᠤᠨ ᠳᠡᠰ ᠤᠨ ᠶᠡᠷᠦᠩᠬᠡᠢ ᠰᠠᠴᠤᠷᠠᠯᠲᠠ︾ ᠶᠢᠨ | ᠤᠯᠤᠰ ᠤᠨ ᠪᠠᠷᠢᠮᠵᠢᠶ᠎ᠠ ᠳᠠᠬᠢ ︽ᠡᠬᠢ ᠪᠠᠶᠠᠯᠢᠭ ᠮᠠᠰᠢ ᠡᠯᠪᠡᠭ︾ ᠳᠡᠰ ᠲᠤ ᠬᠦᠷᠳᠡᠭ᠃ | ︵ᠬᠤᠶᠠᠷ︶ ᠨᠡᠭᠡᠭᠡᠨ ᠠᠰᠢᠭᠯᠠᠬᠤ ᠣᠷᠣᠨ ᠵᠠᠢ ᠨᠢ ᠶᠡᠭᠡ᠃ ᠪᠥᠬᠦ ᠬᠤᠲᠠ ᠶᠢᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢ ᠨᠢᠭᠡᠨᠲᠡ 800 | ᠲᠦᠮᠡᠨ ᠺᠢᠯᠣᠸᠠᠲ ᠨᠡᠭᠡᠭᠡᠨ ᠬᠥᠭᠵᠢᠭᠦᠯᠪᠡ᠂ ᠡᠭᠦᠨ ᠳᠤ ᠰᠠᠯᠬᠢᠨ ᠬᠦᠴᠦᠨ ᠤ ᠴᠠᠬᠢᠯᠭᠠᠨ 646.2 ᠲᠦᠮᠡᠨ ᠺᠢᠯᠣᠸᠠᠲ ᠲᠤ ᠬᠦᠷᠴᠦ᠂ ᠬᠡᠷᠡᠯ ᠴᠡᠨᠡᠭ ᠢ 153.8 | ᠲᠦᠮᠡᠨ ᠺᠢᠯᠣᠸᠠᠲ ᠲᠤ ᠬᠦᠷᠭᠡᠪᠡ᠃ ᠥᠩᠭᠡᠷᠡᠭᠰᠡᠨ ᠵᠢᠯ ᠤᠳ ᠤᠨ ᠴᠠᠭ ᠠᠭᠤᠷ ᠤᠨ ᠮᠠᠲ᠋ᠧᠷᠢᠶᠠᠯ᠂ ᠰᠠᠯᠬᠢ ᠭᠡᠷᠡᠯ ᠤᠨ ᠪᠣᠳᠠᠲᠠᠢ ᠬᠡᠮᠵᠢᠯᠲᠡ ᠶᠢᠨ ᠲᠠᠰ ᠳᠠᠷᠠᠭᠠᠯᠠᠯ᠂ | ᠲᠣᠨᠤᠭ ᠲᠥᠬᠦᠭᠡᠷᠦᠮᠵᠢ ᠶᠢᠨ ᠮᠡᠷᠭᠡᠵᠢᠯ ᠤᠨ ᠬᠥᠭᠵᠢᠯᠲᠡ ᠶᠢᠨ ᠬᠢᠷᠢ ᠲᠦᠪᠰᠢᠨ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠥᠪᠡᠷ ᠤᠨ ᠥᠷᠲᠡᠭ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠦᠷ᠎ᠡ ᠪᠦᠲᠦᠭᠡᠯ ᠲᠠᠢ ᠤᠶᠠᠯᠳᠤᠭᠤᠯᠤᠨ᠂ ᠪᠥᠬᠦ ᠬᠤᠲᠠ ᠶᠢᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠮᠡᠷᠭᠡᠵᠢᠯ ᠤᠨ ᠨᠡᠭᠡᠭᠡᠨ ᠠᠰᠢᠭᠯᠠᠵᠤ ᠪᠣᠯᠬᠤ | ᠬᠡᠮᠵᠢᠶ᠎ᠡ 3320 ᠲᠦᠮᠡᠨ ᠺᠢᠯᠣᠸᠠᠲ ᠲᠤ ᠬᠦᠷᠴᠦ ᠪᠠᠶᠢᠨ᠎ᠠ᠂ ᠡᠭᠦᠨ ᠳᠤ ᠰᠠᠯᠬᠢᠨ ᠬᠦᠴᠦᠨ ᠤ ᠴᠠᠬᠢᠯᠭᠠᠨ 1980 ᠲᠦᠮᠡᠨ ᠺᠢᠯᠣᠸᠠᠲ ᠲᠤ ᠬᠦᠷᠴᠦ᠂ 1340 | ᠲᠦᠮᠡᠨ ᠺᠢᠯᠣᠸᠠᠲ ᠲᠤ ᠬᠦᠷᠴᠡᠢ᠃ | ︵ᠭᠤᠷᠪᠠ︶ ᠲᠤᠬᠠᠢ ᠶᠢᠨ ᠭᠠᠵᠠᠷ ᠲᠠᠭᠠᠨ ᠰᠢᠩᠭᠡᠭᠡᠬᠦ ᠴᠢᠳᠠᠪᠤᠷᠢ ᠪᠠᠷ ᠰᠠᠶᠢᠨ᠃ 2022 ᠣᠨ ᠳᠤ ᠪᠦᠬᠦ ᠬᠤᠳᠠ ᠶᠢᠨ ᠪᠦᠬᠦ ᠨᠡᠶᠢᠭᠡᠮ ᠤᠨ ᠴᠠᠬᠢᠯᠭᠠᠨ | ᠬᠡᠷᠡᠭᠯᠡᠭᠰᠡᠨ ᠬᠡᠮᠵᠢᠶ᠎ᠡ 558 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠬᠠᠮᠤᠭ ᠤᠨ ᠶᠡᠭᠡ ᠳᠠᠭᠠᠭᠠᠴᠠ ᠨᠢ 830 ᠲᠦᠮᠡᠨ ᠺᠢᠯᠣᠸᠠᠲ ᠲᠤ ᠬᠦᠷᠪᠡ᠃ ᠰᠢᠨ᠎ᠡ | ᠲᠥᠷᠥᠯ ᠵᠦᠢᠯ ᠢ ᠵᠠᠯᠭᠠᠭᠠᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠳᠠᠭᠠᠯᠳᠤᠨ᠂ ᠵᠢᠱᠢᠯᠲᠡ ᠪᠠᠷ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠪᠦᠬᠦ ᠨᠡᠶᠢᠭᠡᠮ ᠤᠨ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ 750 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠬᠠᠮᠤᠭ ᠤᠨ ᠶᠡᠭᠡ ᠳᠠᠭᠠᠭᠠᠴᠠ 1240 ᠲᠦᠮᠡᠨ ᠺᠢᠯᠣᠸᠠᠲ ᠢ ᠳᠠᠪᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠶᠡᠭᠡ | ᠬᠡᠪᠴᠢᠶ᠎ᠡ ᠪᠠᠷ ᠨᠡᠭᠡᠭᠡᠨ ᠠᠰᠢᠭᠯᠠᠵᠤ᠂ ᠥᠨᠳᠥᠷ ᠬᠠᠷᠢᠴᠠᠯ ᠪᠠᠷ ᠲᠤᠬᠠᠢ ᠶᠢᠨ ᠭᠠᠵᠠᠷ ᠲᠠᠭᠠᠨ ᠰᠢᠩᠭᠡᠭᠡᠬᠦ ᠰᠠᠭᠤᠷᠢ ᠨᠥᠬᠦᠴᠡᠯ ᠢ ᠪᠦᠷᠢᠮᠦᠰᠦᠨ ᠪᠦᠷᠢᠯᠳᠦᠭᠦᠯᠬᠦ | ᠪᠣᠯᠤᠨ᠎ᠠ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠᠲᠤᠯᠠᠭ᠎ᠠ ᠲᠠᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠰᠠᠯᠬᠢᠨ ᠬᠦᠴᠦᠨ ᠤ | ᠴᠠᠬᠢᠯᠭᠠᠨ᠂ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠤᠷᠢᠳ ᠬᠤᠵᠢᠳ ᠳᠠᠷᠤᠮᠠᠯᠯᠠᠨ ᠲᠠᠷᠬᠠᠭᠠᠪᠠ᠃ 2022 ᠣᠨ ᠤ 5 ᠳ᠋ᠤᠭᠠᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠨᠧᠷᠭᠢ ᠶᠢᠨ ᠲᠣᠪᠴᠢᠶ᠎ᠠ ︽ᠰᠢᠨ᠎ᠡ ᠴᠠᠭ ᠦᠶ᠎ᠡ ᠶᠢᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ | ᠳᠠᠷᠤᠮᠠᠯᠯᠠᠨ ᠲᠠᠷᠬᠠᠭᠠᠪᠠ︔ 2022 ᠣᠨ ᠤ 3 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠪᠥᠬᠦ | ᠣᠷᠣᠨ ᠤ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 419 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ︔ 2022 ᠣᠨ ᠤ 8 ᠳ᠋ᠤᠭᠠᠷ | ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ︽ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠶᠢ | ᠨᠢᠭᠡ ᠴᠣᠭᠴᠠᠵᠢᠭᠤᠯᠬᠤ ᠵᠦᠢᠯᠡᠰ ᠢ ᠬᠡᠷᠡᠭᠵᠢᠭᠦᠯᠬᠦ ᠨᠠᠷᠢᠨ ᠳᠦᠷᠢᠮ︾ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠴᠠᠬᠢᠯᠭᠠᠨ | ᠬᠠᠩᠭᠠᠬᠤ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠳᠦᠷᠢᠮ︾ ︽ᠰᠢᠨ᠎ᠡ ᠡᠨᠧᠷᠭᠢ ᠶᠢ ᠪᠥᠬᠦ ᠲᠤᠭ᠎ᠠ ᠪᠠᠷ ᠥᠪᠡᠷᠲᠡᠭᠡᠨ ᠭᠠᠷᠭᠠᠵᠤ ᠥᠪᠡᠷᠲᠡᠭᠡᠨ ᠬᠡᠷᠡᠭᠯᠡᠬᠦ | ᠲᠥᠷᠥᠯ ᠵᠦᠢᠯ ᠢ ᠬᠡᠷᠡᠭᠵᠢᠭᠦᠯᠬᠦ ᠨᠠᠷᠢᠨ ᠳᠦᠷᠢᠮ︾ ︽ᠥᠪᠡᠷᠲᠡᠭᠡᠨ ᠪᠡᠯᠡᠳᠬᠡᠭᠰᠡᠨ ᠨᠡᠭᠦᠷᠡᠰᠦᠨ ᠴᠠᠬᠢᠯᠭᠠᠨ ᠦᠢᠯᠡᠳᠪᠦᠷᠢ ᠶᠢ ᠰᠢᠨᠡᠳᠬᠡᠵᠦ ᠪᠣᠯᠬᠤ ᠡᠨᠧᠷᠭᠢ ᠪᠠᠷ | ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠬᠦ ᠨᠠᠷᠢᠨ ᠳᠦᠷᠢᠮ︾ ︽ᠰᠠᠯᠬᠢᠨ ᠬᠦᠴᠦᠨ ᠤ ᠴᠠᠬᠢᠯᠭᠠᠨ ᠪᠣᠯᠣᠨ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ | ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠨᠠᠷᠢᠨ ᠳᠦᠷᠢᠮ︾ ︽ᠢᠯᠴᠢ ᠶᠢᠨ ᠴᠠᠬᠢᠯᠭᠠᠨ ᠢ ᠠᠮᠢᠳᠤᠯᠢᠭ ᠴᠢᠨᠠᠷᠲᠠᠢ ᠪᠠᠷ | ᠥᠭᠡᠷᠡᠴᠢᠯᠡᠵᠦ ᠰᠢᠨ᠎ᠡ ᠡᠨᠧᠷᠭᠢ ᠶᠢᠨ ᠰᠤᠷᠪᠤᠯᠵᠢ ᠶᠢ ᠰᠢᠩᠭᠡᠭᠡᠬᠦ ᠶᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ | ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠠᠬᠢᠭᠤᠯᠬᠤ 6 ᠬᠡᠷᠡᠭᠵᠢᠭᠦᠯᠬᠦ ᠨᠠᠷᠢᠨ ᠳᠦᠷᠢᠮ ᠢ ᠵᠠᠯᠭᠠᠭ᠎ᠠ ᠪᠠᠷ | ᠳᠠᠷᠤᠮᠠᠯᠯᠠᠨ ᠲᠠᠷᠬᠠᠭᠠᠵᠤ᠂ ᠮᠠᠨ ᠤ ᠬᠤᠲᠠ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠠᠭᠠᠨ ᠰᠢᠩᠭᠡᠭᠡᠬᠦ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ | ᠬᠠᠩᠭᠠᠪᠠ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠨ᠂ ︽ᠬᠤᠣᠰ ᠨᠡᠭᠦᠷᠡᠰᠦᠲᠥ᠋ᠷᠥᠭᠴᠢ︾ ᠪᠣᠯᠣᠨ ︽ᠬᠤᠶᠠᠷ ᠢ ᠤᠷᠢᠳ ᠢᠶᠠᠷ ᠪᠡᠶᠡᠯᠡᠭᠦᠯᠬᠦ᠂ | ᠬᠤᠶᠠᠷ ᠢ ᠳᠠᠪᠠᠭᠤᠯᠬᠤ︾ ᠬᠠᠷᠠᠯᠲᠠ ᠶᠢᠨ ᠲᠣᠭᠤᠷᠢᠨ ᠳᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠲᠥᠯᠥᠪᠵᠢᠭᠦᠯᠦᠨ ᠪᠠᠶᠢᠭᠤᠯᠤᠨ᠎ᠠ᠃ | ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠶᠤᠯᠭᠦᠢ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢ ᠶᠡᠬᠡᠪᠡᠷ ᠬᠥᠭᠵᠢᠭᠦᠯᠦᠨ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠡᠨᠧᠷᠭᠢ ᠶᠢ ᠪᠣᠬᠢᠷᠳᠤᠯ | ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭ᠎ᠠ ᠪᠣᠯᠭᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠷᠢᠭᠤᠨ | ᠴᠡᠪᠡᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠪᠠᠷ ᠪᠠᠭ᠎ᠠ᠂ ᠠᠶᠤᠯᠭᠦᠢ ᠥᠨᠳᠥᠷ ᠪᠦᠲᠦᠮᠵᠢᠲᠡᠶ ᠡᠨᠧᠷᠭᠢ ᠶᠢᠨ ᠰᠤᠷᠪᠤᠯᠵᠢ ᠶᠢᠨ | ᠰᠢᠰᠲ᠋ᠧᠮ ᠢ ᠪᠠᠶᠢᠭᠤᠯᠤᠨ᠎ᠠ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠳᠡᠭᠡᠳᠦ ᠳᠠᠪᠬᠤᠷᠭ᠎ᠠ ᠶᠢᠨ ᠲᠥᠯᠥᠪᠯᠡᠭᠡ ᠶᠢ ᠴᠢᠩᠭᠠᠳᠬᠠᠵᠤ᠂ ᠲᠥᠯᠦᠪᠵᠢᠭᠦᠯᠭᠡ ᠪᠠᠷ | ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠵᠠᠰᠠᠭ ᠤᠨ ᠣᠷᠳᠣᠨ | ᠬᠥᠲᠥᠯᠥᠨ ᠵᠢᠯᠤᠭᠤᠳᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢ ᠤᠶᠠᠯᠳᠤᠭᠤᠯᠬᠤ ᠪᠠᠷ ᠳᠠᠮᠵᠢᠭᠤᠯᠵᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ᠂ ᠤᠯᠠᠨ ᠵᠦᠢᠯ ᠤᠨ ᠬᠡᠷᠡᠭᠯᠡᠭᠡ ᠪᠠᠷ ᠬᠥᠲᠥᠯᠥᠮᠵᠢ ᠪᠣᠯᠭᠠᠵᠤ᠂ ᠪᠦᠬᠦ ᠬᠤᠳᠠ ᠶᠢᠨ ᠰᠢᠨ᠎ᠡ ᠡᠨᠧᠷᠭᠢ ᠶᠢᠨ ᠶᠡᠭᠡ ᠬᠡᠪᠴᠢᠶ᠎ᠡ᠂ ᠥᠨᠳᠥᠷ | ᠬᠠᠷᠢᠴᠠᠯ ᠲᠠᠢ᠂ ᠵᠠᠬ᠎ᠠ ᠳᠡᠯᠭᠡᠭᠦᠷᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ︱ ᠠᠮᠢ ᠠᠬᠤᠢ ᠶᠢ ᠲᠡᠷᠢᠭᠦᠨ ᠳᠤ ᠲᠠᠯᠪᠢᠬᠤ ᠪᠠ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠵᠠᠷᠴᠢᠮ ᠢ ᠪᠠᠷᠢᠮᠲᠠᠯᠠᠨ᠎ᠠ᠃ ︽ᠬᠥᠬᠡ ᠠᠭᠤᠯᠠ | ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠦᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ᠂ ᠠᠮᠢ | ᠠᠬᠤᠢ ᠶᠢᠨ ᠣᠷᠴᠢᠨ ᠲᠤᠭᠤᠷᠢᠨ ᠢ ᠬᠠᠮᠠᠭᠠᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠰᠢᠭᠯᠠᠯᠲᠠ ᠶᠢ ᠨᠢᠭᠡᠳᠦᠯᠲᠡᠢ ᠲᠥᠯᠥᠪᠯᠡᠨ᠂ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠡ ᠶᠢᠨ ᠡᠵᠡᠮᠳᠡᠯ ᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠢ ᠵᠣᠬᠢᠰᠲᠠᠢ ᠪᠠᠶᠢᠷᠢᠯᠠᠭᠤᠯᠵᠤ᠂ ᠡᠮᠬᠢ | ᠵᠢᠷᠤᠮ ᠲᠠᠢ ᠪᠠᠷ ᠨᠡᠭᠡᠭᠡᠨ ᠬᠥᠭᠵᠢᠭᠦᠯᠵᠦ᠂ ᠬᠡᠪᠴᠢᠶᠡᠵᠢᠭᠦᠯᠦᠨ ᠠᠰᠢᠭᠯᠠᠵᠤ᠂ ᠠᠷᠪᠢᠯᠠᠨ ᠭᠠᠮᠨᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠨ᠎ᠠ᠃ ᠡᠬᠢ | ᠪᠠᠶᠠᠯᠢᠭ ᠢ ᠲᠣᠬᠢᠷᠠᠭᠤᠯᠬᠤ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠂ ᠪᠥᠬᠦ ᠲᠠᠯ᠎ᠠ ᠪᠠᠷ ᠠᠷᠪᠢᠯᠠᠨ᠂ ᠣᠷᠴᠢᠯᠳᠤᠭᠤᠯᠤᠨ ᠠᠰᠢᠭᠯᠠᠵᠤ᠂ ᠡᠨᠧᠷᠭᠢ ᠶᠢᠨ ᠬᠦᠷᠢᠶ᠎ᠡ ᠴᠠᠷᠠᠭ᠎ᠠ ᠶᠢᠨ ᠠᠷᠪᠢᠲᠠᠢ ᠡᠷᠴᠢᠮᠯᠢᠭ ᠠᠰᠢᠭᠯᠠᠬᠤ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︱ ᠲᠤᠬᠠᠢ ᠶᠢᠨ ᠭᠠᠵᠠᠷ ᠣᠶᠢᠷ᠎ᠠ ᠬᠠᠪᠢ ᠳᠤᠨᠢ ᠰᠢᠩᠭᠡᠭᠡᠬᠦ ᠪᠠᠷ ᠭᠤᠣᠯ ᠪᠣᠯᠭᠠᠵᠤ ᠪᠠᠲᠤᠯᠠᠭ᠎ᠠ ᠶᠢᠨ ᠴᠢᠨᠠᠷᠲᠠᠢ ᠭᠠᠳᠠᠭᠰᠢ ᠬᠦᠷᠭᠡᠬᠦ ᠪᠠᠷ ᠬᠠᠪᠰᠤᠷᠤᠮᠵᠢ | ᠪᠣᠯᠭᠠᠬᠤ ᠵᠠᠷᠴᠢᠮ ᠢ ᠪᠠᠷᠢᠮᠲᠠᠯᠠᠨ᠎ᠠ᠃ ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠶᠢ ᠨᠢᠭᠡ ᠴᠣᠭᠴᠠᠵᠢᠭᠤᠯᠬᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠴᠠᠬᠢᠯᠭᠠᠨ ᠬᠠᠩᠭᠠᠬᠤ᠂ ᠰᠠᠯᠬᠢ ᠭᠡᠷᠡᠯ ᠤᠨ ᠡᠨᠧᠷᠭᠢ ᠶᠢ ᠤᠰᠤᠳᠥ᠋ᠷᠦᠭᠴᠢ ᠪᠤᠯᠭᠠᠨ | ᠨᠦᠬᠡᠴᠡᠯᠡᠬᠦ ᠶᠢ ᠨᠢᠭᠡ ᠴᠣᠭᠴᠠᠵᠢᠭᠤᠯᠬᠤ ᠵᠡᠷᠭᠡ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠬᠦ ᠠᠷᠭ᠎ᠠ ᠵᠠᠮ ᠤᠨ ᠲᠣᠭᠤᠷᠢᠨ ᠳᠤ᠂ ᠰᠢᠨ᠎ᠡ | ᠡᠨᠧᠷᠭᠢ ᠶᠢᠨ ᠬᠥᠭᠵᠢᠯᠲᠡ ᠶᠢᠨ ᠭᠤᠣᠯᠳᠠᠯᠭ᠎ᠠ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠳᠡᠭᠡᠷ᠎ᠡ ᠲᠠᠯᠪᠢᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠡᠷᠬᠢᠨ ᠲᠣᠭᠤᠷᠢᠨ ᠳᠤ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠲᠥᠷᠥᠯ ᠵᠦᠢᠯ ᠢ ᠤᠷᠢᠳᠠᠪᠠᠷ ᠪᠠᠶᠢᠷᠢᠰᠢᠭᠤᠯᠵᠤ᠂ ᠨᠡᠮᠡᠭᠳᠡᠯ ᠤᠨ | ᠳᠠᠭᠠᠭᠠᠴᠠ ᠪᠠ ᠦᠯᠡᠳᠡᠭᠡᠯ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠳᠠᠭᠠᠭᠠᠴᠠ ᠶᠢ ᠲᠣᠬᠢᠷᠠᠭᠤᠯᠬᠤ ᠴᠢᠳᠠᠪᠤᠷᠢ ᠶᠢᠨ ᠲᠣᠭᠤᠷᠢᠨ ᠳᠤ᠂ ᠰᠢᠨ᠎ᠡ | ᠡᠨᠧᠷᠭᠢ ᠶᠢᠨ ᠬᠡᠷᠡᠭᠯᠡᠯᠲᠡ ᠶᠢᠨ ᠵᠦᠢᠯ ᠪᠠ ᠰᠢᠩᠭᠡᠭᠡᠬᠦ ᠴᠢᠳᠠᠪᠤᠷᠢ ᠶᠢ ᠭᠦᠨᠵᠡᠭᠡᠢ ᠢᠯᠡᠷᠡᠭᠦᠯᠵᠦ᠂ ᠰᠢᠨ᠎ᠡ ᠡᠨᠧᠷᠭᠢ ᠶᠢ ᠣᠶᠢᠷ᠎ᠠ ᠬᠠᠪᠢ ᠳᠠᠭᠠᠨ ᠥᠨᠳᠥᠷ ᠦᠷ᠎ᠡ | ᠪᠦᠲᠦᠮᠵᠢᠲᠡᠶ ᠠᠰᠢᠭᠯᠠᠬᠤ ᠶᠢ ᠠᠬᠢᠭᠤᠯᠤᠨ᠂ ᠡᠨᠧᠷᠭᠢ ᠶᠢᠨ ᠬᠡᠷᠡᠭᠯᠡᠭᠡᠨ ᠳᠠᠬᠢ ᠰᠢᠨ᠎ᠡ ᠡᠨᠧᠷᠭᠢ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠳᠠᠭᠠᠭᠠᠴᠠ ᠶᠢᠨ | ᠲᠥᠪ ᠠᠴᠠ ᠬᠤᠯᠠ ᠪᠠᠶᠢᠬᠤ ᠮᠥᠷᠲᠡᠭᠡᠨ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠣᠷᠣᠨ ᠪᠦᠰᠡ ᠳᠤ ᠭᠠᠳᠠᠭᠰᠢ ᠬᠦᠷᠭᠡᠬᠦ | ᠰᠠᠭᠤᠷᠢᠨ ᠭᠠᠵᠠᠷ ᠤᠨ ᠲᠥᠷᠥᠯ ᠪᠠ ᠪᠠᠲᠤᠯᠠᠭ᠎ᠠ ᠶᠢᠨ ᠴᠢᠨᠠᠷᠲᠠᠢ ᠲᠣᠣᠷ ᠲᠤ ᠨᠡᠶᠢᠯᠡᠭᠦᠯᠬᠦ ᠲᠥᠷᠥᠯ ᠵᠦᠢᠯ ᠢ ᠵᠣᠬᠢᠰᠲᠠᠢ ᠪᠠᠶᠢᠷᠢᠰᠢᠭᠤᠯᠤᠨ᠎ᠠ᠃ | ︱ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰ ᠢ ᠤᠷᠲᠤᠳᠬᠠᠨ ᠠᠭᠤᠰᠤᠯᠴᠠᠭᠤᠯᠤᠨ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ᠃ | ᠡᠨᠧᠷᠭᠢ ᠶᠢᠨ ᠪᠦᠲᠦᠴᠡ ᠶᠢ ᠲᠣᠬᠢᠷᠠᠭᠤᠯᠬᠤ ᠪᠠ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ ᠶᠢ ᠨᠢᠭᠡ ᠴᠣᠭᠴᠠᠵᠢᠭᠤᠯᠤᠨ ᠪᠣᠳᠣᠯᠬᠢᠯᠠᠬᠤ ᠶᠢ ᠪᠠᠷᠢᠮᠲᠠᠯᠠᠵᠤ᠂ | ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠠᠵᠤ ᠦᠢᠯᠡᠰ ᠢ ᠤᠷᠲᠤᠳᠬᠠᠨ ᠲᠡᠰ ᠳᠡᠪᠰᠢᠭᠦᠯᠬᠦ ᠶᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠬᠡᠯᠬᠢᠶᠡᠰᠦ ᠶᠢ | ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ ᠠᠵᠢᠯᠯᠠᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠭᠦᠨᠵᠡᠭᠡᠢ ᠬᠡᠷᠡᠭᠵᠢᠭᠦᠯᠦᠨ᠎ᠡ᠃ | ᠰᠢᠨ᠎ᠡ ᠡᠨᠧᠷᠭᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠪᠠᠷ ᠳᠠᠮᠵᠢᠭᠤᠯᠤᠨ᠂ ᠡᠨᠧᠷᠭᠢ ᠬᠡᠷᠡᠭᠯᠡᠬᠦ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠶᠡᠷᠦᠩᠬᠡᠢ ᠬᠡᠮᠵᠢᠶᠡᠨ ᠤ ᠠᠰᠠᠭᠤᠳᠠᠯ ᠢ ᠰᠢᠢᠳᠪᠦᠷᠢᠯᠡᠨ᠎ᠡ︔ ᠪᠣᠬᠢᠷᠳᠤᠯ ᠦᠭᠡᠢ ᠴᠠᠬᠢᠯᠭᠠᠨ ᠢᠶᠠᠷ | ᠣᠷᠣᠭᠤᠯᠬᠤ ᠶᠢ ᠬᠦᠷᠲᠡᠵᠦ ᠪᠠᠶᠢᠭ᠎ᠠ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠵᠣᠷᠢᠭᠵᠢᠭᠤᠯᠵᠤ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠤᠷᠲᠤᠳᠬᠠᠨ | ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠤᠨ ᠠᠰᠠᠭᠤᠳᠠᠯ ᠢ ᠰᠢᠢᠳᠪᠦᠷᠢᠯᠡᠨ᠂ ᠤᠯᠠᠮᠵᠢᠯᠠᠯᠲᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠡᠨᠧᠷᠭᠢ ᠶᠢᠨ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠲᠡ ᠶᠢ ᠠᠬᠢᠭᠤᠯᠤᠨ᠎ᠠ᠃ ︽ | ᠴᠠᠬᠢᠯᠭᠠᠨ ᠰᠤᠷᠪᠤᠯᠵᠢ ᠪᠠ ᠳᠠᠭᠠᠭᠠᠴᠠ︾ ᠶᠢᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠢᠭᠡᠳ ᠠᠵᠤ | ᠦᠢᠯᠡᠰ ᠤᠨ ᠬᠥᠭᠵᠢᠯᠲᠡ ᠶᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ ᠪᠠᠶᠢᠳᠠᠯ ᠢ ᠪᠣᠶ ᠪᠣᠯᠭᠠᠨ᠎ᠠ᠃ | ︱ ᠡᠬᠢ ᠪᠠᠶᠠᠯᠢᠭ ᠢ ᠪᠥᠬᠦ ᠬᠤᠲᠠ ᠪᠠᠷ ᠨᠢᠭᠡᠳᠦᠯᠲᠡᠢ ᠲᠥᠯᠥᠪᠯᠡᠬᠦ ᠪᠠ ᠬᠠᠷᠢᠶ᠎ᠠ ᠣᠷᠣᠨ ᠳᠤᠨᠢ ᠰᠢᠩᠭᠡᠭᠡᠬᠦ ᠶᠢ ᠲᠡᠷᠢᠭᠦᠨ ᠳᠤ ᠲᠠᠯᠪᠢᠬᠤ ᠵᠠᠷᠴᠢᠮ ᠢ | ᠪᠠᠷᠢᠮᠲᠠᠯᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠶᠡᠭᠡ ᠲᠠᠯ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠥᠭᠵᠢᠯᠲᠡ ᠶᠢᠨ ᠬᠠᠮᠲᠤ ᠶᠢᠨ | ᠲᠠᠨᠢᠯᠲᠠ ᠶᠢ ᠨᠢᠭᠲᠠᠷᠠᠭᠤᠯᠤᠨ᠂ ᠰᠠᠯᠬᠢ ᠭᠡᠷᠡᠯ ᠤᠨ ᠡᠬᠢ ᠪᠠᠶᠠᠯᠢᠭ ᠤᠨ ᠬᠤᠲᠠ ᠶᠢᠨ ᠱᠠᠲᠤᠨ ᠤ ᠨᠢᠭᠡᠳᠦᠯᠲᠡᠢ ᠲᠥᠯᠥᠪᠯᠡᠬᠦ᠂ ᠨᠢᠭᠡᠳᠦᠯᠲᠡᠢ ᠲᠥᠯᠥᠪᠵᠢᠭᠦᠯᠦᠨ | ᠪᠠᠶᠢᠷᠢᠯᠠᠭᠤᠯᠬᠤ ᠱᠠᠭᠠᠷᠳᠠᠯᠭ᠎ᠠ ᠶᠣᠰᠣᠭᠠᠷ ᠰᠢᠨ᠎ᠡ ᠡᠨᠧᠷᠭᠢ ᠶᠢᠨ ᠨᠡᠭᠡᠭᠡᠯᠲᠡ ᠬᠢᠬᠦ ᠬᠡᠷᠡᠭᠲᠡᠢ᠃ ᠦᠷ᠎ᠡ ᠠᠰᠢᠭ ᠢᠶᠠᠷ ᠬᠠᠮᠤᠭ ᠤᠨ ᠶᠡᠭᠡ᠂ ᠲᠤᠰᠠ ᠭᠠᠷᠬᠤ ᠪᠠᠷ | ᠬᠠᠮᠤᠭ ᠤᠨ ᠲᠦᠷᠭᠡᠨ ᠪᠠᠶᠢᠬᠤ ᠶᠢ ᠬᠥᠭᠡᠭᠡᠴᠡᠯᠳᠦᠬᠦ ᠪᠠᠷ ᠬᠠᠷᠠᠯᠲᠠ ᠪᠣᠯᠭᠠᠵᠤ᠂ ᠳᠠᠭᠠᠭᠠᠴᠠ ᠪᠠ ᠬᠡᠷᠡᠭᠯᠡᠭᠡᠨ ᠤ ᠠᠬᠤᠢ ᠪᠠᠶᠢᠳᠠᠯ ᠢ ᠴᠢᠨᠠᠷ ᠰᠠᠶᠢᠲᠠᠢ ᠰᠢᠩᠭᠡᠭᠡᠬᠦ ᠶᠢ | ᠨᠠᠶᠢᠳᠠᠪᠤᠷᠢᠵᠢᠭᠤᠯᠤᠭᠰᠠᠨ ᠨᠥᠬᠦᠴᠡᠯ ᠳᠣᠣᠷ᠎ᠠ᠂ ᠬᠠᠷᠢᠶ᠎ᠠ ᠭᠠᠵᠠᠷ ᠤᠨ ᠰᠢᠨ᠎ᠡ ᠡᠨᠧᠷᠭᠢ ᠶᠢᠨ ᠲᠤᠬᠠᠢ ᠶᠢᠨ ᠭᠠᠵᠠᠷ ᠲᠤᠨᠢ ᠰᠢᠩᠭᠡᠭᠡᠬᠦ ᠨᠡᠭᠡᠭᠡᠨ ᠠᠰᠢᠭᠯᠠᠬᠤ | ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠵᠤ᠂ ᠦᠯᠡᠭᠦᠦ ᠡᠬᠢ ᠪᠠᠶᠠᠯᠢᠭ ᠪᠠ ᠪᠣᠬᠢᠷᠳᠤᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠠᠭᠠᠨ ᠰᠢᠩᠭᠡᠭᠡᠬᠦ | ᠨᠥᠬᠦᠴᠡᠯ ᠢ ᠪᠦᠷᠢᠯᠳᠦᠭᠦᠯᠦᠭᠡᠳᠦᠢ ᠭᠠᠵᠠᠷ ᠣᠷᠣᠨ ᠳᠤ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ ᠴᠢᠩᠭᠠᠳᠬᠠᠨ᠂ ᠠᠰᠢᠭ ᠲᠤᠰᠠ ᠶᠢ | ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠪᠣᠬᠢᠷᠳᠤᠯ ᠦᠭᠡᠢ ᠴᠠᠬᠢᠯᠭᠠᠨ ᠢ ᠭᠠᠳᠠᠭᠰᠢᠭᠤᠯᠬᠤ ᠭᠠᠵᠠᠷ ᠣᠷᠣᠨ ᠤ ᠵᠦᠢ ᠵᠣᠬᠢᠰᠲᠠᠢ ᠠᠰᠢᠭ ᠲᠤᠰᠠ ᠶᠢᠨ | ᠬᠦᠰᠡᠯ ᠱᠠᠭᠠᠷᠳᠠᠯᠭ᠎ᠠ ᠶᠢ ᠪᠠᠲᠤᠯᠠᠭ᠎ᠠ ᠲᠠᠢ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ︱ ᠴᠠᠬᠢᠯᠭᠠᠨ ᠤ ᠦᠨ᠎ᠡ ᠶᠢ ᠬᠢᠮᠳᠠᠷᠠᠭᠤᠯᠵᠤ ᠥᠪᠡᠷ ᠤᠨ ᠥᠷᠲᠡᠭ ᠢ ᠨᠢ ᠲᠣᠣᠷ᠎ᠠ ᠪᠣᠯᠭᠠᠵᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠬᠦᠴᠦᠨ | ᠨᠡᠮᠡᠷᠢᠯᠡᠬᠦ ᠵᠠᠷᠴᠢᠮ ᠢ ᠪᠠᠷᠢᠮᠲᠠᠯᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ︽ᠰᠢᠨ᠎ᠡ ᠪᠠᠷ ᠨᠡᠮᠡᠭᠳᠡᠭᠰᠡᠨ ᠰᠢᠨᠡᠳᠬᠡᠵᠦ ᠪᠣᠯᠬᠤ ᠡᠨᠧᠷᠭᠢ ᠶᠢ ᠡᠨᠧᠷᠭᠢ ᠶᠢᠨ | ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ ᠬᠢᠵᠠᠭᠠᠷᠯᠠᠯ ᠳᠤ ᠣᠷᠣᠭᠤᠯᠬᠤ ᠦᠭᠡᠢ︾ ᠪᠠᠶᠢᠬᠤ ᠶᠢ ᠵᠠᠪᠳᠤᠨ ᠠᠳᠬᠤᠵᠤ᠂ ᠡᠸᠦ᠋ᠷᠦᠫᠡ ᠶᠢᠨ ᠬᠤᠯᠪᠣᠭ᠎ᠠ ᠶᠢᠨ ︽ | ᠨᠡᠭᠦᠷᠡᠰᠦᠲᠥ᠋ᠷᠥᠭᠴᠢ ᠶᠢᠨ ᠪᠣᠭᠤᠮᠲᠠ ᠶᠢᠨ ᠭᠠᠶᠢᠯᠢ︾ ᠵᠢᠴᠢ ᠤᠯᠤᠰ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭ᠎ᠠ ᠪᠣᠯᠭᠠᠨ ᠬᠡᠯᠪᠡᠷᠢ ᠪᠠᠨ ᠬᠤᠪᠢᠷᠠᠭᠤᠯᠵᠤ ᠪᠠᠶᠢᠭ᠎ᠠ ᠠᠵᠠ ᠲᠣᠬᠢᠶᠠᠯᠳᠤ ᠬᠤᠭᠤᠴᠠᠭᠠᠨ ᠳᠤ᠂ ᠮᠠᠨ ᠤ ᠬᠤᠳᠠ ᠶᠢᠨ ᠰᠠᠯᠬᠢ ᠭᠡᠷᠡᠯ ᠤᠨ | ᠡᠬᠢ ᠪᠠᠶᠠᠯᠢᠭ ᠤᠨ ᠳᠠᠪᠠᠭᠤᠯᠢᠭ ᠰᠠᠶᠢᠨ᠂ ᠰᠢᠩᠭᠡᠭᠡᠬᠦ ᠨᠦᠬᠦᠴᠡᠯ ᠡᠯᠪᠡᠭ᠂ ᠴᠠᠬᠢᠯᠭᠠᠨ ᠭᠠᠷᠭᠠᠬᠤ ᠥᠪᠡᠷ ᠤᠨ ᠦᠷᠳᠡᠭ ᠳᠣᠣᠷ᠎ᠠ ᠪᠠᠶᠢᠬᠤ ᠳᠠᠪᠠᠭᠤᠯᠢᠭ ᠢᠶᠠᠨ | ᠪᠠᠳᠠᠷᠠᠭᠤᠯᠵᠤ᠂ ᠨᠡᠮᠡᠭᠳᠡᠯ ᠴᠠᠬᠢᠯᠭᠠᠨ ᠲᠦᠭᠡᠭᠡᠬᠦ ᠲᠣᠣᠷ᠂ ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠵᠡᠷᠭᠡ ᠪᠣᠬᠢᠷᠳᠤᠯ | ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠭᠡᠬᠦ ᠠᠷᠭ᠎ᠠ ᠳᠤ ᠲᠦᠰᠢᠭᠯᠡᠨ᠂ ᠴᠠᠬᠢᠯᠭᠠᠨ ᠤ ᠦᠨ᠎ᠡ ᠶᠢ ᠬᠢᠮᠳᠠᠷᠠᠭᠤᠯᠵᠤ ᠥᠪᠡᠷ ᠤᠨ ᠥᠷᠲᠡᠭ ᠢ ᠨᠢ ︽ | ᠲᠣᠣᠷ᠎ᠠ︾ ᠪᠣᠯᠭᠠᠵᠤ᠂ ᠠᠵᠤ ᠦᠢᠯᠡᠰ ᠤᠨ ᠰᠢᠯᠵᠢᠯᠲᠡ ᠶᠢᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠭᠥᠯᠢᠶᠡᠨ ᠠᠪᠴᠤ᠂ ᠠᠵᠤ ᠦᠢᠯᠡᠰ ᠤᠨ | ᠬᠥᠭᠵᠢᠯᠲᠡ ᠳᠤ ᠬᠦᠴᠦᠨ ᠨᠡᠮᠡᠷᠢᠯᠡᠨ᠎ᠡ᠃ | ︵ᠭᠤᠷᠪᠠ︶ ᠭᠤᠣᠯ ᠬᠠᠷᠠᠯᠲᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠪᠥᠬᠦ | ᠬᠤᠲᠠ ᠶᠢᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠵᠦ᠂ ᠶᠡᠷᠦᠩᠬᠡᠢ ᠴᠠᠬᠢᠯᠭᠠᠨ ᠬᠦᠴᠦᠨ ᠤ | ᠮᠠᠰᠢᠨ ᠴᠣᠭᠴᠠᠯᠠᠪᠤᠷᠢ ᠶᠢᠨ 60% ᠠᠴᠠ ᠳᠡᠭᠡᠭᠰᠢᠬᠢ ᠶᠢ ᠡᠵᠡᠯᠡᠭᠦᠯᠦᠨ᠎ᠡ︔ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 500 ᠳ᠋ᠦᠩᠰᠢᠭᠤᠷ | ᠺᠢᠯᠣᠸᠠᠲ ᠴᠠᠭ ᠠᠴᠠ ᠳᠡᠭᠡᠭᠰᠢ ᠪᠣᠯᠭᠠᠵᠤ᠂ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠬᠡᠮᠵᠢᠶ᠎ᠡ ᠲᠠᠢ ᠦᠨᠳᠦᠰᠦᠨ ᠳᠡᠭᠡᠨ ᠲᠡᠩᠴᠡᠭᠦᠦ ᠪᠣᠯᠭᠠᠨ᠎ᠠ᠂ ᠰᠢᠨ᠎ᠡ | ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠬᠡᠮᠵᠢᠶ᠎ᠡ 260 ᠳ᠋ᠦᠩᠰᠢᠭᠤᠷ ᠺᠢᠯᠣᠸᠠᠲ ᠴᠠᠭ ᠣᠷᠴᠢᠮ᠂ ᠤᠰᠤᠨ ᠤ ᠪᠤᠰᠤ ᠰᠢᠨᠡᠳᠬᠡᠵᠦ ᠪᠣᠯᠬᠤ | ᠡᠨᠧᠷᠭᠢ ᠶᠢᠨ ᠬᠡᠷᠡᠭᠯᠡᠭᠡ ᠶᠢᠨ ᠡᠵᠡᠯᠡᠬᠦ ᠬᠠᠷᠢᠴᠠᠯ ᠢ 35% ᠠᠴᠠ ᠳᠡᠭᠡᠭᠰᠢ ᠪᠣᠯᠭᠠᠵᠤ᠂ ᠪᠦᠬᠦ ᠬᠤᠳᠠ ᠶᠢᠨ ᠭᠤᠣᠯᠯᠠᠬᠤ ᠠᠵᠤ ᠦᠢᠯᠡᠰ ᠤᠨ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠪᠠᠷ ᠪᠠᠭ᠎ᠠ ᠬᠥᠭᠵᠢᠯᠲᠡ ᠶᠢ ᠠᠬᠢᠭᠤᠯᠤᠨ᠎ᠠ᠃ | ᠭᠤᠷᠪᠠ᠂ ᠬᠡᠷᠡᠭᠵᠢᠭᠦᠯᠬᠦ ᠠᠷᠭ᠎ᠠ ᠵᠠᠮ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠣᠨᠴᠠ ᠥᠨᠳᠥᠷ ᠬᠦᠴᠦᠳᠡᠯᠲᠦ ᠬᠦᠴᠦᠳᠡᠯ ᠳᠡᠭᠡᠭᠰᠢᠯᠡᠭᠦᠯᠬᠦ ᠥᠷᠲᠡᠭᠡ ᠶᠢᠨ ᠲᠠᠷᠬᠠᠯᠲᠠ ᠵᠢᠴᠢ | ᠣᠲᠣ ᠶᠢᠨ ᠪᠠᠶᠢᠭ᠎ᠠ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠣᠭᠤᠷᠢᠨ ᠳᠤ ᠭᠤᠣᠯᠳᠠᠯᠭ᠎ᠠ ᠲᠠᠢ | ᠪᠠᠶᠢᠷᠢᠰᠢᠭᠤᠯᠤᠨ ᠬᠡᠷᠡᠭᠵᠢᠭᠦᠯᠦᠨ᠎ᠡ᠃ | ︵ᠨᠢᠭᠡ︶ ᠦᠯᠡᠳᠡᠭᠡᠯ ᠮᠠᠰᠢᠨ ᠴᠣᠭᠴᠠᠯᠠᠪᠤᠷᠢ ᠳᠤ ᠲᠦᠰᠢᠭᠯᠡᠨ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ᠥᠪᠡᠷᠲᠡᠭᠡᠨ ᠪᠡᠯᠡᠳᠬᠡᠭᠰᠡᠨ ᠨᠡᠭᠦᠷᠡᠰᠦᠨ ᠴᠠᠬᠢᠯᠭᠠᠨ ᠦᠢᠯᠡᠳᠪᠦᠷᠢ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠢᠨᠡᠳᠬᠡᠵᠦ ᠪᠣᠯᠬᠤ ᠡᠨᠧᠷᠭᠢ ᠪᠠᠷ | ᠣᠷᠣᠯᠠᠭᠤᠯᠬᠤ ᠠᠵᠢᠯᠯᠠᠭ᠎ᠠ ᠥᠷᠨᠢᠭᠦᠯᠬᠦ ᠶᠢ ᠲᠡᠮᠵᠢᠨ᠎ᠡ᠃ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠣᠷᠭᠢᠯ ᠦᠶ᠎ᠡ ᠶᠢ ᠲᠣᠬᠢᠷᠠᠭᠤᠯᠬᠤ ᠣᠷᠣᠨ | ᠵᠠᠢ ᠳᠤ ᠰᠠᠭᠤᠷᠢᠯᠠᠨ᠂ ᠲᠡᠭᠦᠨ ᠯᠦᠭᠡ ᠵᠣᠬᠢᠴᠠᠯᠳᠤᠭᠰᠠᠨ ᠰᠢᠨ᠎ᠡ ᠡᠨᠧᠷᠭᠢ ᠶᠢᠨ ᠬᠡᠪᠴᠢᠶ᠎ᠡ ᠶᠢ ᠵᠣᠬᠢᠶᠠᠨ ᠪᠠᠶᠢᠭᠤᠯᠤᠨ ᠮᠡᠳᠡᠭᠦᠯᠵᠦ᠂ ᠰᠢᠨ᠎ᠡ ᠡᠨᠧᠷᠭᠢ ᠶᠢᠨ ᠴᠠᠬᠢᠯᠭᠠᠨ | ᠭᠠᠷᠭᠠᠬᠤ ᠬᠡᠮᠵᠢᠶ᠎ᠡ ᠪᠠᠷ ᠥᠪᠡᠷ ᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠤᠤᠯ ᠤᠨ ᠴᠠᠬᠢᠯᠭᠠᠨ ᠬᠠᠩᠭᠠᠬᠤ ᠬᠡᠮᠵᠢᠶ᠎ᠡ ᠶᠢ ᠣᠷᠣᠯᠠᠭᠤᠯᠵᠤ᠂ ᠰᠢᠨ᠎ᠡ | ᠡᠨᠧᠷᠭᠢ ᠨᠢ ᠨᠡᠶᠢᠲᠡ ᠶᠢᠨ ᠲᠣᠣᠷ ᠤᠨ ᠣᠷᠭᠢᠯ ᠦᠶ᠎ᠡ ᠶᠢ ᠲᠣᠬᠢᠷᠠᠭᠤᠯᠬᠤ ᠡᠬᠢ ᠪᠠᠶᠠᠯᠢᠭ ᠪᠠ ᠰᠢᠩᠭᠡᠭᠡᠬᠦ ᠣᠷᠣᠨ ᠵᠠᠢ ᠶᠢ ᠡᠵᠡᠯᠡᠨ ᠬᠡᠷᠡᠭᠯᠡᠵᠦ ᠪᠣᠯᠬᠤ ᠦᠭᠡᠢ᠃ | ︵ᠬᠤᠶᠠᠷ︶ ᠨᠡᠮᠡᠭᠳᠡᠯ ᠳᠠᠭᠠᠭᠠᠴᠠ ᠳᠤ ᠲᠦᠰᠢᠭᠯᠡᠨ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ | 1. ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ᠃ ᠴᠠᠬᠢᠯᠭᠠᠨ | ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠶᠢ ᠵᠣᠬᠢᠴᠠᠭᠤᠯᠤᠨ ᠬᠠᠷᠢᠯᠴᠠᠨ ᠲᠡᠳᠬᠦᠬᠦ ᠴᠢᠳᠠᠪᠤᠷᠢ ᠶᠢ ᠭᠦᠢᠴᠡᠳ ᠪᠠᠳᠠᠷᠠᠭᠤᠯᠵᠤ᠂ | ᠳᠠᠭᠠᠭᠠᠴᠠ ᠶᠢᠨ ᠲᠠᠯ᠎ᠠ ᠶᠢᠨ ᠲᠣᠬᠢᠷᠠᠭᠤᠯᠤᠯᠲᠠ ᠶᠢᠨ ᠳᠠᠭᠠᠬᠤ ᠴᠢᠳᠠᠪᠤᠷᠢ᠂ ᠳᠠᠭᠠᠭᠠᠴᠠ ᠶᠢᠨ ᠣᠨᠴᠠᠯᠢᠭ ᠰᠢᠨᠵᠢ᠂ ᠴᠠᠬᠢᠯᠭᠠᠨ ᠰᠤᠷᠪᠤᠯᠵᠢ ᠶᠢᠨ ᠪᠦᠲᠦᠴᠡ ᠪᠠ | ᠴᠠᠬᠢᠯᠭᠠᠨ ᠲᠣᠣᠷ ᠤᠨ ᠲᠣᠬᠢᠷᠠᠭᠤᠯᠬᠤ ᠴᠢᠳᠠᠪᠤᠷᠢ ᠲᠠᠢ ᠤᠶᠠᠯᠳᠤᠭᠤᠯᠤᠨ᠂ ᠪᠡᠶ᠎ᠡ ᠪᠠᠨ ᠳᠠᠭᠠᠭᠠᠵᠤ ᠣᠷᠭᠢᠯ ᠦᠶ᠎ᠡ ᠳᠤ ᠲᠣᠬᠢᠷᠠᠭᠤᠯᠬᠤ᠂ ᠥᠪᠡᠷ ᠲᠡᠭᠡᠨ ᠰᠢᠩᠭᠡᠭᠡᠬᠦ | ᠵᠠᠷᠴᠢᠮ ᠶᠣᠰᠣᠭᠠᠷ᠂ ᠰᠢᠨ᠎ᠡ ᠡᠨᠧᠷᠭᠢ ᠶᠢᠨ ᠬᠡᠪᠴᠢᠶ᠎ᠡ ᠶᠢ ᠵᠣᠬᠢᠶᠠᠨ ᠪᠠᠶᠢᠭᠤᠯᠤᠨ ᠮᠡᠳᠡᠭᠦᠯᠦᠨ᠎ᠡ᠃ | 2. ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ᠃ ᠬᠦᠷᠢᠶᠡᠯᠡᠩ ᠲᠣᠭᠤᠷᠢᠭ ᠤᠨ | ᠰᠢᠨ᠎ᠡ ᠪᠠᠷ ᠨᠡᠮᠡᠭᠳᠡᠭᠰᠡᠨ ᠳᠠᠭᠠᠭᠠᠴᠠ ᠶᠢᠨ ᠡᠨᠧᠷᠭᠢ ᠬᠡᠷᠡᠭᠯᠡᠬᠦ ᠬᠢᠷᠢ ᠬᠡᠮᠵᠢᠶ᠎ᠡ ᠪᠠ ᠥᠪᠡᠷᠮᠢᠴᠡ ᠴᠢᠨᠠᠷ ᠲᠤ ᠰᠠᠭᠤᠷᠢᠯᠠᠨ᠂ ᠵᠣᠬᠢᠬᠤ ᠬᠡᠪᠴᠢᠶᠡᠨ ᠤ ᠵᠠᠬ᠎ᠠ | ᠳᠡᠯᠭᠡᠭᠦᠷᠴᠢᠯᠡᠨ ᠲᠣᠣᠷ ᠲᠤ ᠨᠡᠶᠢᠯᠡᠭᠦᠯᠬᠦ ᠰᠢᠨ᠎ᠡ ᠡᠨᠧᠷᠭᠢ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠮᠡᠳᠡᠭᠦᠯᠦᠨ᠎ᠡ᠃ ᠬᠦᠷᠢᠶᠡᠯᠡᠩ ᠲᠣᠭᠤᠷᠢᠭ ᠲᠤ ᠰᠢᠨ᠎ᠡ ᠪᠠᠷ | ᠨᠡᠮᠡᠭᠳᠡᠭᠰᠡᠨ ᠳᠠᠭᠠᠭᠠᠴᠠ ᠶᠢᠨ ᠪᠦᠲᠦᠭᠡᠨ ᠪᠠᠶᠢᠭᠤᠯᠤᠯᠲᠠ ᠲᠠᠢ ᠰᠢᠨ᠎ᠡ ᠡᠨᠧᠷᠭᠢ ᠶᠢᠨ ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠰᠢᠨ᠎ᠡ ᠪᠠᠷ | ᠨᠡᠮᠡᠭᠳᠡᠭᠰᠡᠨ ᠳᠠᠭᠠᠭᠠᠴᠠ ᠶᠢᠨ ᠬᠡᠪᠴᠢᠶ᠎ᠡ ᠯᠦᠭᠡ ᠬᠠᠷᠢᠯᠴᠠᠨ ᠵᠣᠬᠢᠴᠠᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢ ᠴᠥᠮ ᠰᠢᠨ᠎ᠡ ᠪᠠᠷ | ᠨᠡᠮᠡᠭᠳᠡᠭᠰᠡᠨ ᠳᠠᠭᠠᠭᠠᠴᠠ ᠳᠤ ᠪᠥᠬᠦᠨ ᠢᠶᠠᠷ ᠰᠢᠩᠭᠡᠭᠡᠵᠦ᠂ ᠨᠡᠶᠢᠲᠡ ᠶᠢᠨ ᠲᠣᠣᠷ ᠲᠤ ᠭᠡᠳᠡᠷᠭᠦ ᠴᠠᠬᠢᠯᠭᠠᠨ ᠬᠦᠷᠭᠡᠵᠦ ᠪᠣᠯᠬᠤ ᠦᠭᠡᠢ᠃ | 3. ᠰᠠᠯᠬᠢᠨ ᠬᠦᠴᠦᠨ ᠤ ᠴᠠᠬᠢᠯᠭᠠᠨ ᠪᠣᠯᠣᠨ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ᠃ | ᠤᠰᠤᠲᠥ᠋ᠷᠥᠭᠴᠢ ᠡᠨᠧᠷᠭᠢ ᠬᠢᠭᠡᠳ ᠰᠢᠨ᠎ᠡ ᠡᠨᠧᠷᠭᠢ ᠶᠢᠨ ᠡᠪᠴᠡᠯᠳᠦᠨ ᠬᠥᠭᠵᠢᠬᠦ ᠶᠢ ᠠᠬᠢᠭᠤᠯᠵᠤ᠂ ᠤᠰᠤᠲᠥ᠋ᠷᠥᠭᠴᠢ ᠡᠨᠧᠷᠭᠢ ᠬᠢᠭᠡᠳ ᠵᠠᠮ ᠬᠠᠷᠢᠯᠴᠠᠭ᠎ᠠ᠂ | ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠠᠵᠢᠯ ᠲᠥᠷᠥᠯ ᠯᠤᠭ᠎ᠠ ᠣᠷᠭᠠᠨᠢᠭ ᠠᠭᠤᠰᠤᠯᠴᠠᠭ᠎ᠠ ᠶᠢ ᠠᠬᠢᠭᠤᠯᠵᠤ᠂ ᠬᠥᠭᠵᠢᠯᠲᠡ ᠶᠢᠨ | ᠰᠠᠭᠤᠷᠢ ᠪᠠ ᠬᠡᠷᠡᠭᠯᠡᠭᠡᠨ ᠢᠶᠠᠷ ᠨᠡᠯᠢᠶᠡᠳ ᠰᠠᠶᠢᠨ ᠬᠤᠰᠢᠭᠤ ᠰᠢᠶᠠᠨ ᠬᠤᠳᠠ ᠲᠣᠭᠤᠷᠢᠭ ᠲᠤ ᠨᠢᠭᠡ ᠪᠦᠯᠦᠭ ᠥᠨᠳᠥᠷ ᠬᠢᠷᠢ ᠬᠡᠮᠵᠢᠶᠡᠲᠦ ᠤᠰᠤᠲᠥ᠋ᠷᠥᠭᠴᠢ ᠡᠨᠧᠷᠭᠢ | ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠪᠠᠶᠢᠷᠢᠯᠠᠭᠤᠯᠵᠤ᠂ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠵᠢᠱᠢᠶ᠎ᠡ ᠦᠵᠡᠭᠦᠯᠬᠦ ᠠᠵᠤ | ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠴᠡᠭ ᠢᠶᠠᠷ ᠨᠡᠶᠢᠳᠡᠮ ᠢ ᠲᠠᠶᠢᠴᠢᠯᠠᠨ᠂ ᠮᠠᠨ ᠤ ᠬᠤᠳᠠ ᠶᠢᠨ ᠤᠰᠤᠲᠥ᠋ᠷᠥᠭᠴᠢ | ᠡᠨᠧᠷᠭᠢ ᠶᠢᠨ ᠠᠵᠤ ᠦᠢᠯᠡᠰ ᠤᠨ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ | 4. ᠰᠢᠨ᠎ᠡ ᠡᠨᠧᠷᠭᠢ ᠶᠢ ᠪᠥᠬᠦ ᠲᠤᠭ᠎ᠠ ᠪᠠᠷ ᠥᠪᠡᠷᠲᠡᠭᠡᠨ ᠭᠠᠷᠭᠠᠵᠤ ᠥᠪᠡᠷᠲᠡᠭᠡᠨ ᠬᠡᠷᠡᠭᠯᠡᠬᠦ ᠲᠥᠷᠥᠯ ᠵᠦᠢᠯ᠃ ᠠᠵᠤ ᠦᠢᠯᠡᠳᠪᠦᠷᠢ ᠬᠤᠳᠠᠯᠳᠤᠭ᠎ᠠ ᠶᠢᠨ | ᠭᠡᠷ ᠤᠨ ᠣᠷᠣᠢ᠂ ᠬᠤᠭᠤᠰᠤᠨ ᠭᠠᠵᠠᠷ ᠢᠶᠠᠨ ᠠᠰᠢᠭᠯᠠᠨ ᠲᠠᠷᠠᠬᠠᠢ ᠪᠤᠲᠠᠷᠬᠠᠢ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ᠂ ᠲᠠᠷᠬᠠᠮᠠᠯ ᠮᠠᠶ᠋ᠢᠭ ᠤᠨ ᠬᠡᠷᠡᠯ ᠴᠡᠨᠡᠭ ᠢ | ᠬᠥᠭᠵᠢᠭᠦᠯᠬᠦ ᠶᠢ ᠳᠡᠮᠵᠢᠵᠦ᠂ ᠪᠥᠬᠦ ᠲᠤᠭ᠎ᠠ ᠪᠠᠷ ᠥᠪᠡᠷᠲᠡᠭᠡᠨ ᠭᠠᠷᠭᠠᠵᠤ ᠥᠪᠡᠷᠲᠡᠭᠡᠨ ᠬᠡᠷᠡᠭᠯᠡᠬᠦ ᠶᠢ ᠪᠡᠶᠡᠯᠡᠭᠦᠯᠦᠨ᠂ ᠬᠡᠷᠡᠭᠴᠡᠭᠡ ᠶᠣᠰᠣᠭᠠᠷ ᠰᠢᠨ᠎ᠡ ᠡᠨᠧᠷᠭᠢ ᠶᠢᠨ | ᠬᠡᠪᠴᠢᠶ᠎ᠡ ᠶᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ᠃ ᠥᠪᠡᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠦᠷᠭᠡᠨ ᠵᠠᠮ ᠤᠨ ᠬᠤᠶᠠᠷ | ᠲᠠᠯ᠎ᠠ ᠶᠢᠨ ᠬᠠᠵᠠᠭᠤ᠂ ᠵᠠᠳᠠᠭᠠᠢ ᠰᠢᠷᠣᠢ ᠭᠠᠳᠠᠭᠰᠢᠯᠠᠭᠤᠯᠬᠤ ᠲᠠᠯᠠᠪᠠᠶ ᠵᠡᠷᠭᠡ ᠠᠮᠢ ᠠᠬᠤᠢ ᠶᠢᠨ ᠵᠠᠰᠠᠯᠲᠠ ᠶᠢᠨ ᠣᠷᠣᠨ ᠪᠦᠰᠡ᠂ ᠥᠪᠡᠷᠲᠡᠭᠡᠨ ᠪᠡᠯᠡᠳᠬᠡᠭᠰᠡᠨ | ᠨᠡᠭᠦᠷᠡᠰᠦᠨ ᠴᠠᠬᠢᠯᠭᠠᠨ ᠦᠢᠯᠡᠳᠪᠦᠷᠢ ᠶᠢᠨ ᠥᠪᠡᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢ ᠠᠰᠢᠭᠯᠠᠨ ᠰᠢᠨ᠎ᠡ ᠡᠨᠧᠷᠭᠢ ᠶᠢ ᠪᠥᠬᠦ | ᠲᠤᠭ᠎ᠠ ᠪᠠᠷ ᠥᠪᠡᠷᠲᠡᠭᠡᠨ ᠭᠠᠷᠭᠠᠵᠤ ᠥᠪᠡᠷᠲᠡᠭᠡᠨ ᠬᠡᠷᠡᠭᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠃ | ︵ᠭᠤᠷᠪᠠ︶ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠲᠤ ᠲᠦᠰᠢᠭᠯᠡᠨ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ | ᠃ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠤᠨ ᠴᠠᠬᠢᠯᠭᠠᠨ ᠬᠠᠩᠭᠠᠬᠤ ᠣᠷᠣᠨ ᠪᠦᠰᠡ ᠶᠢᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠳᠠᠭᠠᠭᠠᠴᠠ ᠶᠢ ᠨᠡᠶᠢᠯᠡᠭᠦᠯᠦᠨ | ᠰᠢᠨ᠎ᠡ ᠡᠨᠧᠷᠭᠢ ᠶᠢᠨ ᠬᠡᠪᠴᠢᠶ᠎ᠡ ᠶᠢᠨ ᠮᠡᠳᠡᠭᠦᠯᠦᠯᠲᠡ ᠶᠢ ᠳᠡᠮᠵᠢᠵᠦ᠂ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠤᠨ ᠳᠣᠲᠣᠷᠠᠬᠢ ᠰᠢᠨ᠎ᠡ ᠡᠨᠧᠷᠭᠢ ᠶᠢᠨ ᠴᠠᠬᠢᠯᠭᠠᠨ ᠤ | ᠬᠡᠮᠵᠢᠶ᠎ᠡ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ | ᠡᠮᠦᠨ᠎ᠡ ᠳᠤᠷᠠᠳᠤᠭᠰᠠᠨ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠦᠨ ᠰᠢᠩᠭᠡᠭᠡᠬᠦ ᠲᠥᠷᠥᠯ ᠵᠦᠢᠯ ᠠᠴᠠ ᠭᠠᠳᠠᠨ᠎ᠠ᠂ ᠲᠣᠮᠣ | ᠴᠠᠬᠢᠯᠭᠠᠨ ᠲᠣᠣᠷ ᠲᠤ ᠲᠦᠰᠢᠭᠯᠡᠨ ᠤᠯᠤᠰ ᠤᠨ ᠰᠠᠯᠬᠢ ᠭᠡᠷᠡᠯ ᠤᠨ ᠲᠣᠮᠣ ᠰᠠᠭᠤᠷᠢᠨ ᠭᠠᠵᠠᠷ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠥᠷᠥᠯ ᠵᠦᠢᠯ ᠪᠠ | ᠥᠪᠡᠷᠲᠡᠭᠡᠨ ᠵᠠᠰᠠᠬᠤ ᠣᠷᠣᠨ ᠤ ᠥᠷᠢᠰᠦᠯᠳᠦᠭᠦᠯᠦᠨ ᠲᠣᠬᠢᠷᠠᠭᠤᠯᠬᠤ ᠪᠠᠲᠤᠯᠠᠭ᠎ᠠ ᠶᠢᠨ ᠴᠢᠨᠠᠷᠲᠠᠢ ᠲᠣᠣᠷ ᠲᠤ ᠨᠡᠶᠢᠯᠡᠭᠦᠯᠬᠦ ᠰᠢᠨ᠎ᠡ ᠡᠨᠧᠷᠭᠢ ᠶᠢᠨ ᠲᠥᠷᠥᠯ ᠵᠦᠢᠯ ᠢ | ᠬᠡᠷᠡᠭᠵᠢᠭᠦᠯᠦᠨ᠎ᠡ᠃ | ᠳᠥᠷᠪᠡ᠂ ᠭᠤᠣᠯᠳᠠᠯᠭ᠎ᠠ ᠲᠠᠢ ᠡᠭᠦᠷᠭᠡ | ︵ᠨᠢᠭᠡ︶ ᠪᠣᠬᠢᠷᠳᠤᠯ ᠦᠭᠡᠢ ᠬᠦᠩᠭᠡᠨᠴᠠᠭᠠᠨ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠲᠦᠩᠯᠢᠶᠣᠣ ᠶᠢᠨ | ᠬᠤᠶᠢᠲᠤ ᠬᠡᠰᠡᠭ ᠤᠨ ᠭᠠᠵᠠᠷ ᠣᠷᠣᠨ ᠤ ᠵᠢᠯ ᠪᠦᠷᠢ ᠶᠢᠨ 400 ᠳ᠋ᠦᠩᠰᠢᠭᠤᠷ ᠺᠢᠯᠣᠸᠠᠲ ᠴᠠᠭ ᠠᠴᠠ ᠳᠡᠭᠡᠭᠰᠢᠬᠢ ᠳᠠᠭᠠᠭᠠᠴᠠ ᠶᠢᠨ ᠬᠡᠷᠡᠭᠯᠡᠭᠡᠨ ᠤ ᠲᠠᠯᠠᠪᠠᠶ ᠪᠠ | 682 ᠲᠦᠮᠡᠨ ᠺᠢᠯᠣᠸᠠᠲ ᠤᠨ ᠥᠪᠡᠰᠦᠪᠡᠨ ᠪᠡᠯᠡᠳᠬᠡᠭᠰᠡᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠣᠷᠭᠢᠯ ᠦᠶ᠎ᠡ ᠳᠤ ᠲᠣᠬᠢᠷᠠᠭᠤᠯᠬᠤ | ᠴᠢᠳᠠᠪᠤᠷᠢ ᠶᠢᠨ ᠳᠠᠪᠠᠭᠤᠯᠢᠭ ᠲᠤ ᠲᠦᠰᠢᠭᠯᠡᠨ᠂ ᠲᠣᠮᠣ ᠴᠠᠬᠢᠯᠭᠠᠨ ᠲᠣᠣᠷ ᠤᠨ ᠣᠷᠭᠢᠯ ᠦᠶ᠎ᠡ ᠳᠤ ᠲᠣᠬᠢᠷᠠᠭᠤᠯᠬᠤ ᠡᠬᠢ ᠪᠠᠶᠠᠯᠢᠭ ᠢ ᠡᠵᠡᠯᠡᠨ ᠬᠡᠷᠡᠭᠯᠡᠬᠦ ᠦᠭᠡᠢ | ᠪᠠᠶᠢᠳᠠᠯ ᠳᠣᠣᠷ᠎ᠠ᠂ ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠶᠢ ᠨᠢᠭᠡ ᠴᠣᠭᠴᠠᠵᠢᠭᠤᠯᠬᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠴᠠᠬᠢᠯᠭᠠᠨ ᠬᠠᠩᠭᠠᠬᠤ ᠵᠡᠷᠭᠡ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠨ ᠰᠢᠩᠭᠡᠭᠡᠬᠦ ᠲᠥᠷᠥᠯ ᠵᠦᠢᠯ ᠢ | ᠢᠳᠡᠪᠬᠢᠲᠡᠢ ᠰᠦᠪᠡᠭᠴᠢᠯᠡᠨ᠎ᠡ᠃ ᠤᠮᠠᠷᠠᠲᠤ ᠬᠡᠰᠡᠭ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠶᠢᠨ 430 ᠲᠦᠮᠡᠨ ᠺᠢᠯᠣᠸᠠᠲ ᠠᠴᠠ ᠳᠡᠭᠡᠭᠰᠢ ᠰᠢᠨ᠎ᠡ | ᠡᠨᠧᠷᠭᠢ ᠶᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠯᠦᠭᠡ ᠨᠢᠭᠲᠠ ᠬᠠᠮᠲᠤᠷᠠᠯᠴᠠᠬᠤ ᠪᠠᠷ ᠳᠡᠮᠵᠢᠨ᠂ ᠰᠢᠨ᠎ᠡ ᠡᠨᠧᠷᠭᠢ ᠶᠢᠨ ᠬᠤᠰᠢᠭᠤ ᠰᠢᠶᠠᠨ ᠠᠯᠤᠰᠯᠠᠨ ᠠᠶᠢᠮᠠᠭ | ᠬᠤᠲᠠ ᠠᠯᠤᠰᠯᠠᠨ ᠬᠤᠯᠪᠤᠭᠠᠯᠠᠨ ᠬᠥᠳᠡᠯᠦᠯᠴᠡᠵᠦ ᠨᠡᠭᠡᠭᠡᠨ ᠬᠥᠭᠵᠢᠭᠦᠯᠬᠦ ᠲᠣᠭᠲᠠᠴᠠ ᠶᠢ ᠪᠠᠶᠢᠭᠤᠯᠵᠤ᠂ ᠪᠣᠬᠢᠷᠳᠤᠯ ᠦᠭᠡᠢ ᠴᠠᠬᠢᠯᠭᠠᠨ ᠢ ᠲᠤᠬᠠᠢ ᠶᠢᠨ ᠭᠠᠵᠠᠷ | ᠣᠶᠢᠷ᠎ᠠ ᠬᠠᠪᠢ ᠳᠤᠨᠢ ᠰᠢᠩᠭᠡᠭᠡᠬᠦ ᠶᠢ ᠪᠡᠶᠡᠯᠡᠭᠦᠯᠦᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ | ︵ᠬᠤᠶᠠᠷ︶ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠪᠠᠷ ᠪᠠᠭ᠎ᠠ ᠣᠶᠤᠨᠲᠤ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ | ᠲᠣᠭᠤᠷᠢᠭ ᠤᠨ ᠠᠮᠢᠳᠤ ᠪᠣᠳᠠᠰ ᠤᠨ ᠡᠮ ᠦᠢᠯᠡᠳᠬᠦ᠂ ᠢᠳᠡᠭᠡᠨ ᠤ ᠨᠡᠮᠡᠯᠲᠡ ᠡᠳ᠋ ᠵᠡᠷᠭᠡ ᠠᠵᠤ ᠠᠬᠤᠶᠢᠯᠠᠯ ᠤᠨ ᠠᠭᠤᠷ ᠤᠨ ᠬᠡᠷᠡᠭᠴᠡᠭᠡ ᠶᠡᠭᠡ᠂ ᠡᠨᠧᠷᠭᠢ ᠬᠡᠷᠡᠭᠯᠡᠬᠦ | ᠪᠦᠲᠦᠴᠡ ᠣᠯᠠᠨ ᠡᠰᠢᠴᠢᠯᠡᠭᠰᠡᠨ ᠣᠨᠴᠠᠯᠢᠭ ᠤᠨ ᠲᠣᠭᠤᠷᠢᠨ ᠳᠤ᠂ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠬᠦᠴᠦᠨ ᠵᠦᠢᠯ ᠤᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ᠂ ᠪᠣᠬᠢᠷᠳᠤᠯ ᠦᠭᠡᠢ ᠴᠠᠬᠢᠯᠭᠠᠨ ᠢ ᠣᠷᠣᠭᠤᠯᠬᠤ ᠪᠠᠷ ᠳᠠᠮᠵᠢᠭᠤᠯᠤᠨ᠂ ︽ᠬᠦᠢᠲᠡᠨ | ᠢᠯᠴᠢ ᠴᠠᠬᠢᠯᠭᠠᠨ ᠠᠭᠤᠷ ᠳᠤᠯᠠᠭᠠᠯᠠᠭ᠎ᠠ ᠤᠰᠤᠲᠥ᠋ᠷᠥᠭᠴᠢ︾ ᠶᠢᠨ ᠣᠯᠠᠨ ᠲᠠᠯ᠎ᠠ ᠪᠠᠷ ᠬᠤᠯᠪᠤᠭᠠᠯᠠᠨ ᠬᠠᠩᠭᠠᠬᠤ ᠵᠢᠴᠢ ᠡᠨᠧᠷᠭᠢ ᠶᠢᠨ ᠬᠠᠩᠭᠠᠯᠭ᠎ᠠ ᠶᠢᠨ ᠴᠠᠭ | ᠬᠤᠭᠤᠴᠠᠭ᠎ᠠ᠂ ᠣᠷᠣᠨ ᠵᠠᠢ ᠶᠢᠨ ᠲᠠᠯ᠎ᠠ ᠪᠠᠷ ᠬᠠᠷᠢᠯᠴᠠᠨ ᠨᠥᠬᠦᠪᠦᠷᠢᠯᠡᠵᠦ ᠡᠪᠴᠡᠯᠳᠦᠬᠦ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠱᠠᠲᠤᠯᠢᠭ ᠠᠰᠢᠭᠯᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠲᠡᠷᠢᠭᠦᠨ ᠤ ᠶᠡᠷᠦᠩᠬᠡᠶᠢᠯᠡᠭᠰᠡᠨ ᠣᠶᠤᠨᠲᠤ ᠡᠨᠧᠷᠭᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠰᠢᠨ᠎ᠡ | ᠡᠨᠧᠷᠭᠢ ᠶᠢᠨ ᠨᠡᠭᠡᠭᠡᠨ ᠬᠥᠭᠵᠢᠭᠦᠯᠬᠦ ᠬᠡᠪᠴᠢᠶ᠎ᠡ ᠶᠢ 200 ᠲᠦᠮᠡᠨ ᠺᠢᠯᠣᠸᠠᠲ ᠠᠴᠠ ᠳᠡᠭᠡᠭᠰᠢ ᠪᠠᠶᠢᠯᠭᠠᠵᠤ᠂ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ | ᠳᠠᠷᠠᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠡᠨᠧᠷᠭᠢ ᠶᠢᠨ ᠬᠤᠷᠣᠭᠳᠠᠭᠤᠯᠤᠯ ᠤᠨ ᠡᠵᠡᠯᠡᠬᠦ ᠬᠠᠷᠢᠴᠠᠯ ᠢ 50% ᠠᠴᠠ ᠳᠡᠭᠡᠭᠰᠢ ᠳᠤ | ᠬᠦᠷᠦᠭᠦᠯᠦᠨ᠎ᠡ᠃ | ︵ᠭᠤᠷᠪᠠ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠪᠠᠷ ᠪᠠᠭ᠎ᠠ ᠨᠢᠺᠧᠯ ᠲᠡᠮᠦᠷ ᠤᠨ ᠬᠠᠶᠢᠯᠤᠰᠢ ᠶᠢᠨ | ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠨᠠᠢᠮᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠬᠢᠨ ᠲᠣᠭᠤᠷᠢᠨ ᠤ ᠡᠯᠪᠡᠭ ᠪᠠᠶᠠᠯᠢᠭ | ᠰᠠᠯᠬᠢ ᠭᠡᠷᠡᠯ ᠤᠨ ᠡᠬᠢ ᠪᠠᠶᠠᠯᠢᠭ ᠲᠤ ᠰᠠᠭᠤᠷᠢᠯᠠᠵᠤ᠂ ᠪᠢ ᠱᠢ ᠵᠢᠩ ᠠᠨ ᠤ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠨᠡᠮᠡᠭᠳᠡᠯ ᠤᠨ ᠣᠷᠣᠨ ᠵᠠᠢ ᠶᠡᠭᠡ ᠪᠠᠶᠢᠬᠤ | ᠣᠨᠴᠠᠯᠢᠭ ᠤᠨ ᠲᠣᠭᠤᠷᠢᠨ ᠳᠤ᠂ ᠲᠣᠮᠣ ᠴᠠᠬᠢᠯᠭᠠᠨ ᠲᠣᠣᠷ ᠪᠣᠯᠣᠨ ᠬᠦᠷᠢᠶᠡᠯᠡᠩ ᠲᠣᠭᠤᠷᠢᠭ ᠤᠨ ᠨᠡᠮᠡᠭᠳᠡᠯ ᠴᠠᠬᠢᠯᠭᠠᠨ ᠲᠣᠣᠷ ᠢ ᠠᠭᠤᠰᠤᠯᠴᠠᠭᠤᠯᠵᠤ᠂ ᠰᠢᠨ᠎ᠡ | ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠲᠦᠷᠦᠯ ᠵᠦᠢᠯ ᠢ ᠲᠥᠯᠥᠪᠵᠢᠭᠦᠯᠵᠦ᠂ ᠪᠣᠬᠢᠷᠳᠤᠯ ᠦᠭᠡᠢ ᠴᠠᠬᠢᠯᠭᠠᠨ ᠢ ᠪᠦᠬᠦᠨ ᠢᠶᠠᠷ ᠢᠶᠠᠨ ᠵᠠᠯᠭᠠᠬᠤ ᠶᠢ | ᠪᠠᠲᠤᠯᠠᠵᠤ᠂ ᠨᠢᠺᠧᠯ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠢ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠲᠡᠰᠢ ᠤᠷᠲᠤᠳᠬᠠᠬᠤ ᠶᠢ ᠠᠬᠢᠭᠤᠯᠵᠤ᠂ | ᠠᠵᠤ ᠦᠢᠯᠡᠰ ᠤᠨ ᠢᠵᠢ ᠪᠦᠷᠢᠯᠳᠦᠭᠦᠯᠬᠦ ᠶᠢ ᠪᠠᠲᠤᠯᠠᠬᠤ ᠪᠠ ᠨᠠᠷᠢᠯᠢᠭ ᠭᠦᠨᠵᠡᠭᠡᠢ ᠡᠳ᠋ᠰᠢᠭᠦᠯᠬᠦ ᠴᠢᠳᠠᠪᠤᠷᠢ ᠶᠢ ᠨᠡᠮᠡᠭᠳᠡᠭᠦᠯᠦᠨ᠎ᠡ᠃ ᠴᠠᠬᠢᠯᠭᠠᠨ ᠰᠤᠷᠪᠤᠯᠵᠢ᠂ | ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠪᠠ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠲᠤ | ᠲᠦᠰᠢᠭᠯᠡᠨ ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢ | ᠭᠤᠣᠯᠳᠠᠯᠭ᠎ᠠ ᠲᠠᠢ ᠳᠡᠮᠵᠢᠵᠦ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠬᠦ ᠬᠡᠪᠴᠢᠶ᠎ᠡ ᠶᠢ 200 ᠲᠦᠮᠡᠨ ᠺᠢᠯᠣᠸᠠᠲ ᠣᠷᠴᠢᠮ ᠪᠣᠯᠭᠠᠨ᠎ᠠ᠃ | ︵ᠳᠥᠷᠪᠡ︶ ᠰᠠᠯᠬᠢ ᠭᠡᠷᠡᠯ ᠤᠰᠤᠳᠥ᠋ᠷᠦᠭᠴᠢ ᠶᠢᠨ ᠡᠨᠧᠷᠭᠢ ᠶᠢ ᠰᠢᠪᠳᠤᠷ ᠪᠤᠯᠭᠠᠨ ᠨᠦᠬᠡᠴᠡᠯᠡᠬᠦ ᠶᠢ ᠨᠢᠭᠡ ᠴᠣᠭᠴᠠᠵᠢᠭᠤᠯᠤᠭᠰᠠᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠦᠭᠡᠢ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠲᠦᠩᠯᠢᠶᠣᠣ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠤᠬᠢᠷᠲᠤᠯ ᠦᠭᠡᠢ | ᠤᠰᠤᠲᠥ᠋ᠷᠥᠭᠴᠢ ᠶᠢ ᠰᠢᠩᠭᠡᠭᠡᠬᠦ ᠵᠢᠴᠢ ᠢᠷᠡᠭᠡᠳᠦᠢ ᠶᠢᠨ ᠤᠯᠤᠰ ᠤᠨ ᠳᠣᠲᠣᠭᠠᠳᠤ ᠶᠢᠨ ᠪᠤᠬᠢᠷᠲᠤᠯ ᠦᠭᠡᠢ ᠰᠢᠪᠲᠦᠷ ᠤᠨ ᠨᠡᠯᠢᠶᠡᠳ ᠶᠡᠭᠡ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠨ᠂ ᠮᠠᠨ ᠤ ᠬᠤᠲᠠ ᠶᠢᠨ ᠰᠠᠯᠬᠢ ᠭᠡᠷᠡᠯ ᠤᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠰᠢᠨ᠎ᠡ ᠡᠨᠧᠷᠭᠢ ︱ ᠪᠤᠬᠢᠷᠲᠤᠯ | ᠦᠭᠡᠢ ᠤᠰᠤᠲᠥ᠋ᠷᠥᠭᠴᠢ ︱ ᠪᠤᠬᠢᠷᠲᠤᠯ ᠦᠭᠡᠢ ᠰᠢᠪᠲᠦᠷ ᠢ ᠬᠤᠪᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠯᠬᠢ ᠭᠡᠷᠡᠯ ᠤᠰᠤᠳᠥ᠋ᠷᠦᠭᠴᠢ ᠶᠢᠨ | ᠡᠨᠧᠷᠭᠢ ᠶᠢ ᠰᠢᠪᠳᠤᠷ ᠪᠤᠯᠭᠠᠨ ᠨᠦᠬᠡᠴᠡᠯᠡᠬᠦ ᠶᠢ ᠨᠢᠭᠡ ᠴᠣᠭᠴᠠᠵᠢᠭᠤᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠣᠨ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠢᠶᠠᠷ | ᠭᠤᠣᠯᠳᠠᠯᠭ᠎ᠠ ᠲᠠᠢ ᠠᠴᠢᠶᠠᠯᠠᠪᠤᠷᠢ ᠪᠣᠯᠭᠠᠵᠤ᠂ ᠡᠷᠬᠢᠨ ᠲᠣᠭᠤᠷᠢᠨ ᠤ ᠡᠯᠪᠡᠭ ᠪᠠᠶᠠᠯᠢᠭ ᠰᠠᠯᠬᠢ ᠭᠡᠷᠡᠯ ᠤᠨ ᠡᠬᠢ ᠪᠠᠶᠠᠯᠢᠭ ᠲᠤ ᠲᠦᠰᠢᠭᠯᠡᠨ᠂ ᠤᠰᠤᠲᠥ᠋ᠷᠥᠭᠴᠢ | ᠦᠶᠯᠡᠳᠬᠦ ᠳᠠᠭᠠᠭᠠᠴᠠ ᠶᠢᠨ ᠲᠥᠪ ᠤᠨ ᠲᠣᠭᠤᠷᠢᠨ ᠳᠤ᠂ ᠰᠢᠨ᠎ᠡ ᠡᠨᠧᠷᠭᠢ ᠶᠢᠨ ᠰᠠᠯᠬᠢ ᠭᠡᠷᠡᠯ ᠤᠰᠤᠳᠥ᠋ᠷᠦᠭᠴᠢ ᠶᠢᠨ ᠡᠨᠧᠷᠭᠢ ᠶᠢ ᠰᠢᠪᠳᠤᠷ ᠪᠤᠯᠭᠠᠨ | ᠨᠦᠬᠡᠴᠡᠯᠡᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ᠃ | ︵ᠲᠠᠪᠤ︶ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠰᠠᠯᠬᠢ ᠭᠡᠷᠡᠯ ᠤᠨ ᠡᠬᠢ ᠪᠠᠶᠠᠯᠢᠭ ᠤᠨ | ᠬᠥᠲᠥᠯᠥᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠠ ᠲᠣᠨᠤᠭ ᠲᠥᠬᠦᠭᠡᠷᠦᠮᠵᠢ ᠦᠶᠯᠡᠳᠬᠦ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠤᠷᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠤᠣᠯᠳᠠᠯᠭ᠎ᠠ ᠲᠠᠢ ᠠᠴᠢᠶᠠᠯᠠᠪᠤᠷᠢ | ᠪᠣᠯᠭᠠᠵᠤ᠂ ᠰᠠᠯᠬᠢᠨ ᠬᠦᠴᠦᠨ ᠤ ᠮᠠᠰᠢᠨ ᠤ ᠶᠡᠷᠦᠩᠬᠡᠢ ᠤᠭᠰᠠᠷᠠᠯᠲᠠ᠂ ᠵᠠᠩᠭᠢᠯᠠᠭ᠎ᠠ ᠶᠢᠨ ᠲᠣᠨᠤᠭ ᠵᠢᠴᠢ ᠢᠵᠢ ᠪᠦᠷᠢᠳᠦᠭᠦᠯᠬᠦ ᠲᠦᠭᠦᠬᠡᠢ ᠮᠠᠲ᠋ᠧᠷᠢᠶᠠᠯ ᠤᠨ ᠲᠥᠷᠥᠯ | ᠵᠦᠢᠯ ᠢ ᠣᠷᠣᠭᠤᠯᠤᠨ ᠠᠪᠴᠢᠷᠠᠵᠤ ᠪᠦᠲᠦᠭᠡᠨ ᠪᠠᠶᠢᠭᠤᠯᠵᠤ᠂ ᠳᠠᠪᠠᠭᠤᠯᠢᠭ ᠢᠶᠠᠷ ᠲᠣᠪᠣᠶᠢᠮ᠎ᠠ᠂ ᠰᠢᠨᠵᠢᠯᠡᠭᠡ ᠮᠡᠷᠭᠡᠵᠢᠯ ᠢᠶᠠᠷ ᠲᠡᠷᠢᠭᠦᠯᠡᠭᠰᠡᠨ᠂ ᠰᠢᠰᠲ᠋ᠧᠮ ᠨᠢ ᠪᠦᠷᠢᠨ | ᠲᠡᠭᠦᠯᠳᠡᠷ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ | ᠪᠣᠯᠬᠤ ᠳᠤ᠂ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ ᠬᠠᠷᠠᠯᠲᠠ ᠶᠢᠨ ᠶᠣᠰᠣᠭᠠᠷ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠶᠯᠡᠳᠬᠦ | ᠰᠠᠭᠤᠷᠢ ᠢᠵᠢ ᠪᠦᠷᠢᠳᠦᠭᠦᠯᠬᠦ ᠵᠢᠴᠢ ᠴᠠᠬᠢᠯᠭᠠᠨ ᠭᠠᠷᠭᠠᠭᠤᠷ᠂ ᠬᠤᠷᠳᠤ ᠥᠭᠡᠷᠡᠴᠢᠯᠡᠬᠦ ᠬᠠᠶᠢᠷᠴᠠᠭ᠂ ᠴᠠᠬᠢᠯᠭᠠᠨ ᠡᠵᠡᠮᠰᠢᠯ ᠤᠨ ᠰᠢᠰᠲ᠋ᠧᠮ ᠵᠡᠷᠭᠡ ᠵᠠᠩᠭᠢᠯᠠᠭ᠎ᠠ ᠶᠢᠨ | ᠲᠣᠨᠤᠭ ᠤᠨ ᠦᠢᠯᠡᠳᠬᠦᠨ ᠢ ᠲᠣᠰ ᠭᠠᠵᠠᠷ ᠲᠠᠭᠠᠨ ᠦᠢᠯᠡᠳᠪᠦᠷᠢᠯᠡᠬᠦ ᠶᠢ ᠠᠬᠢᠭᠤᠯᠵᠤ᠂ ᠲᠣᠰ ᠭᠠᠵᠠᠷ ᠲᠠᠭᠠᠨ ᠦᠢᠯᠡᠳᠪᠦᠷᠢᠯᠡᠭᠰᠡᠨ ᠲᠣᠨᠤᠭ ᠰᠡᠯᠪᠢᠭ ᠤᠨ | ᠶᠡᠷᠦᠩᠬᠡᠢ ᠥᠪᠡᠷ ᠤᠨ ᠥᠷᠲᠡᠭ ᠲᠠᠬᠢ ᠡᠵᠡᠯᠡᠬᠦ ᠬᠤᠪᠢ ᠶᠢᠨ ᠵᠢᠩ ᠢ 85% ᠠᠴᠠ ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠵᠦ᠂ ᠰᠠᠯᠬᠢᠨ ᠬᠦᠴᠦᠨ ᠤ | ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠭᠤᠣᠯ ᠴᠣᠭᠴᠠ ᠶᠢ ︽ᠲᠦᠩᠯᠢᠶᠣᠣ ᠶᠢᠨ ᠦᠢᠯᠡᠳᠪᠦᠷᠢᠯᠡᠬᠦ︾ ᠶᠢ ᠦᠨᠡᠨᠬᠦ ᠪᠡᠶᠡᠯᠡᠭᠦᠯᠵᠦ᠂ ᠦᠢᠯᠡᠳᠬᠦᠨ ᠤ | ᠥᠷᠲᠡᠭ ᠢ 500 ᠳ᠋ᠦᠩᠰᠢᠭᠤᠷ ᠲᠥᠭᠦᠷᠢᠭ ᠳᠠᠪᠠᠭᠤᠯᠤᠨ᠎ᠠ᠃ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︵ᠬᠤᠸᠠᠲᠤᠭᠤᠯ | ᠬᠦᠷᠢᠶᠡᠯᠡᠩ ᠲᠣᠭᠤᠷᠢᠭ ᠪᠠᠭᠲᠠᠨ᠎ᠠ︶ ᠢᠶᠠᠷ ᠠᠴᠢᠶᠠᠯᠠᠪᠤᠷᠢ ᠪᠣᠯᠭᠠᠵᠤ᠂ ᠴᠠᠬᠢᠯᠭᠠᠨ ᠴᠡᠨᠡᠭ ᠤᠨ ᠢᠯᠲᠠᠰᠤ᠂ ᠬᠡᠷᠡᠯ ᠴᠡᠨᠡᠭ ᠤᠨ ᠲᠣᠨᠣᠭᠯᠠᠯ᠂ ᠰᠥᠷᠬᠦ ᠬᠤᠪᠢᠷᠠᠭᠠᠭᠤᠷ | ᠵᠢᠴᠢ ᠢᠵᠢ ᠪᠦᠷᠢᠳᠦᠭᠦᠯᠬᠦ ᠲᠦᠭᠦᠬᠡᠢ ᠮᠠᠲ᠋ᠧᠷᠢᠶᠠᠯ ᠵᠡᠷᠭᠡ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ | ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠰᠢᠰᠲ᠋ᠧᠮ᠂ ᠬᠦᠨᠳᠦ ᠶᠢᠨ ᠬᠦᠴᠦᠨ ᠤ ᠡᠨᠧᠷᠭᠢ ᠬᠠᠳᠠᠭᠠᠯᠠᠬᠤ ᠵᠡᠷᠭᠡ ᠡᠨᠧᠷᠭᠢ ᠬᠠᠳᠠᠭᠠᠯᠠᠬᠤ ᠲᠥᠷᠥᠯ ᠵᠦᠢᠯ ᠢ | ᠣᠷᠣᠭᠤᠯᠤᠨ ᠠᠪᠴᠢᠷᠠᠵᠤ᠂ ᠪᠣᠬᠢᠷᠲᠤᠯ ᠦᠭᠡᠢ ᠤᠰᠤᠲᠥ᠋ᠷᠥᠭᠴᠢ ᠶᠢ ᠴᠠᠬᠢᠯᠭᠠᠨ ᠢᠶᠠᠷ ᠵᠠᠳᠠᠯᠵᠤ ᠦᠶᠯᠡᠳᠬᠦ ᠰᠢᠰᠲ᠋ᠧᠮ᠂ ᠤᠰᠤᠲᠥ᠋ᠷᠥᠭᠴᠢ ᠬᠡᠢ ᠶᠢ ᠨᠦᠬᠡᠴᠡᠯᠡᠵᠦ | ᠲᠡᠭᠡᠭᠡᠪᠦᠷᠢᠯᠡᠬᠦ ᠰᠢᠰᠲ᠋ᠧᠮ᠂ ᠤᠰᠤᠲᠥ᠋ᠷᠥᠭᠴᠢ ᠲᠦᠯᠡᠰᠢ ᠨᠡᠮᠡᠬᠦ ᠰᠢᠰᠲ᠋ᠧᠮ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠡᠷᠡᠯ ᠴᠡᠨᠡᠭ᠂ ᠡᠨᠧᠷᠭᠢ | ᠨᠦᠬᠡᠴᠡᠯᠡᠬᠦ᠂ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ | ︵ᠵᠢᠷᠭᠤᠭ᠎ᠠ︶ ᠪᠤᠰᠤᠳ ᠲᠥᠷᠥᠯ ᠬᠡᠯᠪᠡᠷᠢ ᠶᠢᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠬᠤ ᠪᠠᠷ ᠰᠦᠪᠡᠭᠴᠢᠯᠡᠨ᠎ᠡ᠃ ᠡᠮᠦᠨ᠎ᠡ ᠳᠤᠷᠠᠳᠤᠭᠰᠠᠨ 4 | ᠠᠵᠤ ᠦᠢᠯᠡᠰ ᠤᠨ ᠬᠦᠷᠢᠶᠡᠯᠡᠩ ᠲᠣᠭᠤᠷᠢᠭ ᠠᠴᠠ ᠭᠠᠳᠠᠨ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠣᠰ ᠪᠡᠶ᠎ᠡ ᠶᠢᠨ ᠢᠶᠠᠨ ᠰᠠᠯᠬᠢ ᠭᠡᠷᠡᠯ ᠤᠨ ᠡᠬᠢ | ᠪᠠᠶᠠᠯᠢᠭ ᠤᠨ ᠪᠠᠶᠢᠳᠠᠯ᠂ ᠠᠵᠤ ᠦᠢᠯᠡᠰ ᠤᠨ ᠰᠠᠭᠤᠷᠢ ᠵᠢᠴᠢ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠪᠠᠨ ᠤᠶᠠᠯᠳᠤᠭᠤᠯᠤᠨ᠂ ᠰᠢᠨ᠎ᠡ ᠡᠨᠧᠷᠭᠢ ᠶᠢᠨ | ᠬᠥᠭᠵᠢᠯᠲᠡ ᠶᠢᠨ ︽ᠵᠠᠬ᠎ᠠ ᠳᠡᠯᠭᠡᠭᠦᠷ ᠤᠨ ᠠᠵᠠ ᠲᠣᠬᠢᠶᠠᠯᠳᠤ ᠬᠤᠭᠤᠴᠠᠭ᠎ᠠ︾ ᠪᠠ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠤᠭᠤᠴᠠᠭ᠎ᠠ︾ ᠶᠢ | ᠵᠠᠪᠳᠤᠨ ᠠᠳᠬᠤᠵᠤ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ ᠪᠥᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠨ ᠳᠤ | ᠲᠠᠯᠪᠢᠵᠤ ᠲᠥᠯᠥᠪᠵᠢᠭᠦᠯᠦᠨ ᠠᠬᠢᠭᠤᠯᠵᠤ᠂ ᠲᠣᠬᠢᠶᠠᠯ ᠢ ᠵᠠᠪᠳᠤᠨ᠂ ᠶᠡᠬᠡᠪᠡᠷ ᠠᠵᠢᠯᠯᠠᠵᠤ ᠲᠦᠷᠭᠡᠨ ᠬᠥᠭᠵᠢᠭᠦᠯᠬᠦ ᠬᠡᠷᠡᠭᠲᠡᠢ᠃ ᠡᠭᠦᠨ ᠤ ᠬᠠᠮᠲᠤ᠂ ᠰᠠᠯᠬᠢ | ᠭᠡᠷᠡᠯ ᠤᠨ ᠡᠬᠢ ᠪᠠᠶᠠᠯᠢᠭ ᠤᠨ ᠬᠥᠲᠥᠯᠥᠨ ᠳᠠᠶᠢᠴᠢᠯᠠᠬᠤ ᠦᠢᠯᠡᠳᠦᠯ ᠳᠤ ᠲᠦᠰᠢᠭᠯᠡᠨ᠂ ᠲᠣᠰ ᠲᠣᠰ ᠤᠨ ᠰᠠᠯᠬᠢ ᠭᠡᠷᠡᠯ ᠤᠨ ᠡᠬᠢ ᠪᠠᠶᠠᠯᠢᠭ ᠤᠨ ᠪᠠᠶᠢᠳᠠᠯ᠂ ᠠᠵᠤ | ᠦᠢᠯᠡᠰ ᠤᠨ ᠰᠠᠭᠤᠷᠢ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠲᠠᠢ ᠪᠠᠨ ᠤᠶᠠᠯᠳᠤᠭᠤᠯᠤᠨ᠂ ᠵᠣᠬᠢᠬᠤ ᠪᠠᠭᠲᠠᠭᠠᠮᠵᠢ ᠲᠠᠢ ᠪᠠ ᠵᠠᠬ᠎ᠠ ᠳᠡᠯᠭᠡᠭᠦᠷ ᠤᠨ ᠬᠡᠲᠦ ᠶᠢᠨ | ᠲᠥᠯᠥᠪ ᠲᠠᠢ ᠠᠵᠤ ᠦᠢᠯᠡᠰ ᠤᠨ ᠰᠦᠷᠦᠭᠵᠢᠯ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠪᠣᠬᠢᠷᠳᠤᠯ ᠦᠭᠡᠢ | ᠴᠠᠬᠢᠯᠭᠠᠨ ᠢ ᠴᠥᠮ ᠲᠤᠬᠠᠢ ᠶᠢᠨ ᠭᠠᠵᠠᠷ ᠲᠤᠨᠢ ᠰᠢᠩᠭᠡᠭᠡᠬᠦ ᠠᠵᠤ ᠦᠢᠯᠡᠰ ᠲᠤ ︽ᠬᠡᠳᠦᠢ ᠬᠡᠷᠡᠭᠯᠡᠪᠡᠯ᠂ ᠬᠡᠳᠦᠢ ᠣᠯᠭᠤᠬᠤ︾ ᠵᠠᠷᠴᠢᠮ ᠢ ᠪᠠᠷᠢᠮᠲᠠᠯᠠᠨ ᠰᠠᠯᠬᠢ | ᠭᠡᠷᠡᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠬᠢᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠵᠤ ᠦᠢᠯᠡᠰ ᠤᠨ ᠳᠡᠭᠡᠳᠦ ᠳᠠᠪᠬᠤᠷᠭᠠᠲᠤ᠂ | ᠪᠣᠬᠢᠷᠳᠤᠯ ᠦᠭᠡᠢ᠂ ᠰᠦᠷᠦᠭᠵᠢᠭᠰᠡᠨ ᠬᠥᠭᠵᠢᠯᠲᠡ ᠳᠤ ᠪᠣᠬᠢᠷᠳᠤᠯ ᠦᠭᠡᠢ ᠴᠠᠬᠢᠯᠭᠠᠨ ᠤ ᠲᠤᠯᠭᠠᠭᠤᠷᠢᠯᠠᠯ ᠬᠠᠩᠭᠠᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ | ᠤᠳᠤᠷᠢᠳᠤᠯᠭ᠎ᠠ ᠳᠣᠣᠷ᠎ᠠ᠂ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠴᠢᠮᠡᠭᠡ ᠵᠠᠩᠬᠢᠴᠢᠯᠠᠯᠲᠠ᠂ ᠡᠨᠧᠷᠭᠢ᠂ | ᠪᠠᠶᠢᠭᠠᠯᠢ ᠶᠢᠨ ᠡᠬᠢ ᠪᠠᠶᠠᠯᠢᠭ᠂ ᠤᠢ ᠰᠢᠭᠤᠢ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ | ᠰᠢᠨ᠎ᠡ ᠡᠨᠧᠷᠭᠢ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ︽ᠪᠥᠬᠦ ᠬᠤᠲᠠ ᠪᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ | ᠪᠣᠯᠭᠠᠵᠤ᠂ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ | ︵ᠬᠤᠶᠠᠷ︶ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ | ᠨᠢᠭᠡᠳᠦᠯᠲᠡᠢ ᠲᠥᠯᠥᠪᠯᠡᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ︽ᠬᠦᠴᠦᠨ ᠵᠦᠢᠯ ᠨᠢ ᠲᠥᠷᠥᠯ ᠵᠦᠢᠯ ᠢᠶᠠᠨ ᠳᠠᠭᠠᠬᠤ︾ ᠵᠠᠷᠴᠢᠮ ᠶᠣᠰᠣᠭᠠᠷ᠂ | ᠲᠥᠷᠥᠯ ᠵᠦᠢᠯ ᠤᠨ ᠭᠠᠵᠠᠷ ᠤᠨ ᠬᠡᠷᠡᠭᠴᠡᠭᠡ ᠶᠢ ᠪᠠᠲᠤᠯᠠᠨ᠎ᠠ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠠᠩᠬᠢ ᠪᠠ ᠠᠵᠤ | ᠠᠬᠤᠶᠢᠯᠠᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠰᠢᠨ᠎ᠡ ᠡᠨᠧᠷᠭᠢ ᠶᠢᠨ ᠠᠵᠤ ᠦᠢᠯᠡᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠴᠠᠬᠢᠯᠭᠠᠨ | ᠰᠤᠷᠪᠤᠯᠵᠢ᠂ ᠴᠠᠬᠢᠯᠭᠠᠨ ᠲᠣᠣᠷ ᠤᠨ ᠠᠵᠤ ᠠᠬᠤᠶᠢᠯᠠᠯ ᠤᠨ ᠴᠢᠮᠡᠭᠡ ᠵᠠᠩᠭᠢ ᠶᠢ ᠬᠠᠮᠲᠤᠪᠠᠷ ᠡᠳ᠋ᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠢᠨ᠎ᠡ | ᠡᠨᠧᠷᠭᠢ ᠶᠢᠨ ᠭᠤᠣᠯ ᠴᠣᠭᠴᠠ ᠶᠢᠨ ᠲᠥᠷᠥᠯ ᠵᠦᠢᠯ ᠢ ᠢᠵᠢ ᠪᠦᠷᠢᠳᠦᠭᠦᠯᠦᠨ ᠴᠠᠬᠢᠯᠭᠠᠨ ᠲᠣᠣᠷ ᠲᠤ ᠬᠦᠷᠭᠡᠬᠦ ᠢᠨᠵᠧᠨᠧᠷᠢᠩ ᠯᠦᠭᠡ ᠵᠡᠷᠭᠡᠪᠡᠷ ᠠᠵᠢᠯᠯᠠᠭᠤᠯᠬᠤ ᠶᠢ | ᠦᠨᠡᠨᠬᠦ ᠪᠠᠲᠤᠯᠠᠨ᠎ᠠ᠃ | ︵ᠭᠤᠷᠪᠠ︶ ᠨᠡᠭᠡᠭᠡᠨ ᠬᠥᠭᠵᠢᠭᠦᠯᠬᠦ ᠭᠤᠣᠯ ᠴᠣᠭᠴᠠ ᠶᠢ ᠪᠠᠶᠠᠯᠢᠭᠵᠢᠭᠤᠯᠤᠨ᠎ᠠ᠃ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ | ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠵᠤᠷᠢᠭᠵᠢᠭᠤᠯᠤᠨ᠎ᠠ᠃ ᠣᠷᠣᠨ ᠨᠤᠲᠤᠭ ᠤᠨ ᠤᠯᠤᠰ ᠤᠨ ᠥᠮᠴᠢᠯᠡᠯᠲᠦ | ᠠᠵᠤ ᠠᠬᠤᠶᠢᠯᠠᠯ ᠬᠢᠭᠡᠳ ᠲᠣᠮᠣ ᠬᠡᠯᠪᠡᠷᠢ ᠶᠢᠨ ᠲᠥᠪ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠪᠡᠯᠡ ᠨᠡᠶᠢᠯᠡᠭᠦᠯᠦᠨ ᠰᠢᠨ᠎ᠡ | ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠲᠦᠷᠦᠯ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠲᠡᠮᠵᠢᠵᠤ᠂ ᠳᠠᠪᠠᠭᠤᠯᠢᠭ ᠲᠠᠯ᠎ᠠ ᠪᠠᠷ ᠢᠶᠠᠨ | ᠬᠠᠷᠢᠯᠴᠠᠨ ᠨᠥᠬᠦᠪᠦᠷᠢᠯᠡᠵᠦ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠵᠦ ᠨᠡᠭᠡᠭᠡᠨ ᠬᠥᠭᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠣᠷᠣᠨ | ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ |