ᠮᠠᠨ ᠤ ᠮᠣᠩᠭᠤᠯ ᠦᠨᠳᠦᠰᠦᠲᠡᠨ ᠪᠣᠯ ᠠᠯᠢ ᠡᠷᠲᠡᠨ ᠠᠴᠠ ᠠᠪᠤᠭᠠᠳ ᠭᠡᠷ ᠤᠨ ᠰᠤᠷᠭᠠᠯ ᠴᠢᠩᠭ᠎ᠠ ᠪᠠᠶᠢᠬᠤ ᠤᠯᠠᠮᠵᠢᠯᠠᠯᠲᠤ ᠰᠠᠶᠢᠬᠠᠨ ᠵᠠᠩ ᠰᠤᠳᠠᠬᠤᠨ | ᠲᠠᠢ ᠦᠨᠳᠦᠰᠦᠲᠡᠨ ᠶᠤᠮ᠂ ᠡᠬᠡ ᠡᠴᠢᠭᠡ ᠪᠣᠯ ᠬᠡᠦᠬᠡᠳ ᠤᠨ ᠬᠠᠮᠤᠭ ᠲᠡᠷᠢᠭᠦᠨ ᠤ ᠪᠠᠭᠰᠢ ᠪᠥᠭᠡᠳ ᠭᠡᠷ ᠪᠦᠯᠢ ᠪᠣᠯ ᠬᠡᠦᠬᠡᠳ ᠤᠨ ᠬᠠᠮᠤᠭ ᠡᠬᠢᠨ ᠤ ᠰᠤᠷᠭᠠᠭᠤᠯᠢ | ᠪᠤᠯᠬᠤ ᠶᠤᠮ᠃ | ᠶᠡᠷᠦ ᠳᠡᠭᠡᠨ ᠳᠣᠣᠷᠠᠬᠢ ᠮᠡᠲᠦ ᠬᠡᠳᠦᠨ ᠵᠦᠢᠯ ᠤᠨ ᠠᠷᠭ᠎ᠠ ᠪᠠᠶᠢᠳᠠᠭ᠄ | ︵1︶ ᠬᠡᠦᠬᠡᠳ ᠤᠨ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠢ ᠪᠥᠭᠡᠳ ᠵᠥᠪ ᠬᠠᠷᠢᠭᠤᠯᠲᠠ ᠶᠢ ᠦᠭᠬᠦ ᠬᠡᠷᠡᠭᠲᠡᠢ᠃ | ︵2︶ ᠬᠡᠦᠬᠡᠳ ᠢ ᠬᠠᠨᠲᠠᠯ᠎ᠠ ᠨᠠᠭᠠᠳᠤᠭᠤᠯᠬᠤ ᠬᠡᠷᠡᠭᠲᠡᠢ᠃ | ︵3︶ ᠬᠡᠦᠬᠡᠳ ᠢ ᠵᠢᠯᠣᠭᠤᠳᠤᠨ ᠥᠪᠡᠷ ᠤᠨ ᠬᠢᠨᠢ ᠬᠢᠪᠡᠰᠦ ᠵᠣᠬᠢᠬᠤ ᠲᠤᠰᠬᠠᠢ ᠠᠵᠢᠯ ᠢ ᠬᠢᠯᠭᠡᠭᠦ ᠬᠡᠷᠡᠭᠲᠡᠢ᠃ | ︵4︶ ᠬᠡᠦᠬᠡᠳ ᠢ ᠬᠠᠪᠰᠤᠷᠴᠤ ᠲᠡᠭᠦᠨ ᠤ ᠪᠡᠶ᠎ᠡ ᠳᠤᠨᠢ ᠲᠣᠬᠢᠷᠠᠬᠤ ᠲᠦᠯᠪᠡᠯᠭᠡ ᠵᠣᠬᠢᠶᠠᠵᠤ ᠦᠭᠬᠦ ᠪᠥᠭᠡᠳ ᠡᠨᠡᠬᠦ ᠲᠦᠯᠪᠡᠯᠭᠡ ᠪᠠᠨ ᠪᠡᠶᠡᠯᠡᠭᠦᠯᠬᠦ ᠶᠢ ᠱᠠᠭᠠᠷᠳᠠᠬᠤ | ᠬᠡᠷᠡᠭᠲᠡᠢ᠃ | ︵5︶ ᠬᠡᠦᠬᠡᠳ ᠢ ᠬᠠᠪᠰᠤᠷᠴᠤ ᠲᠡᠭᠦᠨ ᠤ ᠲᠤᠶᠢᠯ ᠤᠨ ᠤᠷᠮ᠎ᠠ ᠪᠠᠬ᠎ᠠ ᠲᠠᠢ ᠭᠠᠵᠠᠷ ᠲᠤᠨᠢ ᠣᠴᠢᠭᠤᠯᠵᠤ ᠨᠠᠭᠠᠳᠤᠭᠤᠯᠬᠤ ᠬᠡᠷᠡᠭᠲᠡᠢ᠃ | ︵6︶ ᠬᠡᠦᠬᠡᠳ ᠢ ᠬᠠᠪᠰᠤᠷᠴᠤ ᠪᠡᠶ᠎ᠡ ᠪᠠᠨ ᠳᠠᠭᠠᠭᠠᠨ ᠪᠣᠳᠣᠯᠬᠢᠯᠠᠭᠤᠯᠬᠤ ᠬᠡᠷᠡᠭᠲᠡᠢ᠃ | ︵7︶ ᠬᠡᠦᠬᠡᠳ ᠢ ᠬᠠᠪᠰᠤᠷᠴᠤ᠂ ᠲᠡᠭᠦᠨ ᠤ ᠳᠠᠰᠬᠠᠯ ᠬᠢᠬᠦ ᠴᠢᠳᠠᠪᠤᠷᠢ ᠶᠢ ᠨᠢ ᠲᠡᠭᠡᠭᠰᠢᠯᠡᠭᠦᠯᠦᠨ᠎ᠡ᠃ | ︵8︶ ᠬᠡᠦᠬᠡᠳ ᠢ ᠬᠠᠪᠰᠤᠷᠴᠤ ᠬᠠᠷᠬᠠᠨ ᠪᠠᠭ᠎ᠠ ᠠᠴᠠ ᠨᠢ ᠨᠣᠮ ᠤᠩᠰᠢᠬᠤ ᠰᠠᠶᠢᠨ ᠳᠠᠳᠬᠠᠯ ᠲᠠᠢ ᠪᠤᠯᠭᠠᠬᠤ ᠬᠡᠷᠡᠭᠲᠡᠢ᠃ | ︵9︶ ᠬᠡᠦᠬᠡᠳ ᠲᠤ ᠰᠠᠶᠢᠨ ᠰᠠᠶᠢᠬᠠᠨ ᠲᠠᠪᠰᠢᠭᠰᠠᠨ ᠨᠣᠮ ᠰᠡᠳᠬᠦᠯ ᠢ ᠬᠠᠩᠭᠠᠬᠤ ᠬᠡᠷᠡᠭᠲᠡᠢ᠃ | ︵10︶ ᠬᠡᠦᠬᠡᠳ ᠤᠨ ᠦᠵᠡᠯ ᠰᠠᠨᠠᠭᠠᠨ ᠳᠤ ᠠᠰᠢᠭᠲᠠᠢ ᠪᠥᠭᠡᠳ ᠤᠬᠠᠮᠰᠠᠷ ᠢ ᠨᠢ ᠲᠡᠭᠡᠭᠰᠢᠯᠡᠭᠦᠯᠬᠦ ᠦᠯᠢᠭᠡᠷ ᠶᠠᠷᠢᠵᠤ ᠥᠭᠭᠦᠨ᠂ ᠲᠡᠭᠦᠨ ᠤ ᠬᠡᠢ ᠬᠦᠰᠡᠯ ᠢ ᠨᠢ | ᠣᠷᠬᠢᠯᠠᠭᠤᠯᠵᠤ ᠬᠤᠯᠪᠣᠨ ᠪᠤᠳᠤᠬᠤ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ᠃ | ︵11︶ ᠬᠡᠦᠬᠡᠳ ᠤᠨ ᠬᠤᠪᠢ ᠶᠢᠨ ᠱᠠᠭᠠᠷᠳᠠᠯᠭ᠎ᠠ ᠳᠤ ᠨᠠᠷᠢᠨ ᠨᠢᠭᠲᠠ ᠬᠠᠨᠳᠤᠵᠤ᠂ ᠲᠣᠬᠢᠷᠠᠮᠵᠢᠲᠠᠢ ᠪᠠᠷ ᠬᠠᠩᠭᠠᠵᠤ ᠪᠠᠶᠢᠬᠤ ᠬᠡᠷᠡᠭᠲᠡᠢ᠃ | ︵12︶ ᠡᠳᠦᠷ ᠪᠦᠷᠢ ᠲᠣᠭᠲᠠᠭᠰᠠᠨ ᠬᠡᠮᠵᠢᠶᠡᠨ ᠤ ᠴᠠᠭ ᠢ ᠰᠢᠬᠠᠨ ᠭᠠᠷᠭᠠᠵᠤ᠂ ᠬᠡᠦᠬᠡᠳ ᠲᠠᠢ ᠪᠠᠨ ᠬᠠᠮᠲᠤ ᠪᠠᠶᠢᠬᠤ ᠬᠡᠷᠡᠭᠲᠡᠢ᠃ | ︵13︶ ᠬᠡᠦᠬᠡᠳ ᠢ ᠬᠠᠪᠰᠤᠷᠠᠨ ᠬᠦᠷ ᠬᠥᠭᠵᠢᠶᠡᠨ ᠲᠠᠢ᠂ ᠡᠷᠡᠭᠦᠯ ᠴᠠᠬᠢᠷᠠᠭ ᠳᠤᠷᠠᠰᠬᠠᠯᠲᠤ ᠡᠳᠦᠷ ᠢ ᠰᠣᠩᠭᠤᠨ ᠣᠷᠤᠯᠴᠠᠬᠤ ᠬᠡᠷᠡᠭᠲᠡᠢ᠃ | ︵14︶ ᠬᠡᠦᠬᠡᠳ ᠢ ᠵᠣᠷᠢᠭᠵᠢᠭᠤᠯᠤᠨ ᠠᠰᠠᠭᠤᠳᠠᠯ ᠢ ᠰᠡᠷᠡᠵᠦ ᠮᠡᠳᠡᠪᠡᠯ᠂ ᠲᠡᠷᠡᠬᠦ ᠠᠰᠠᠭᠤᠳᠠᠯ ᠢ ᠨᠢ ᠬᠠᠪᠰᠤᠷᠠᠨ ᠰᠢᠳᠪᠦᠷᠢᠯᠡᠬᠦ ᠬᠡᠷᠡᠭᠲᠡᠢ᠃ | ︵15︶ ᠬᠡᠦᠬᠡᠳ ᠤᠨ ᠣᠨᠴᠠ ᠴᠢᠳᠠᠪᠤᠷᠢ ᠶᠢ ᠨᠢ ᠢᠳᠡᠭᠡᠨ᠂ ᠬᠡᠦᠬᠡᠳ ᠢᠶᠠᠨ ᠢᠳᠡᠭᠡᠬᠦ ᠬᠡᠷᠡᠭᠲᠡᠢ᠃ | ︵16︶ ᠬᠡᠦᠬᠡᠳ ᠢ ᠵᠣᠷᠢᠭᠵᠢᠭᠤᠯᠤᠨ ᠰᠢᠨᠵᠢᠯᠡᠬᠦ ᠤᠬᠠᠭᠠᠨ ᠢ ᠢᠯᠡᠭᠦᠦ ᠰᠤᠷᠤᠯᠴᠠᠭᠤᠯᠤᠨ᠂ ᠪᠡᠶ᠎ᠡ ᠪᠠᠨ ᠳᠠᠭᠠᠭᠠᠨ ᠠᠰᠠᠭᠤᠳᠠᠯ ᠢ ᠰᠢᠳᠪᠦᠷᠢᠯᠡᠭᠦᠯᠵᠤ᠂ ᠲᠣᠮᠣ | ᠬᠥᠮᠥᠨ ᠢ ᠶᠡᠷᠦ ᠳᠡᠭᠡᠨ ᠲᠦᠰᠢᠭᠯᠡᠬᠦ ᠠᠴᠠ ᠰᠠᠯᠭᠠᠬᠤ ᠬᠡᠷᠡᠭᠲᠡᠢ᠃ |