ᠠᠩᠬᠠᠷᠤᠯ ᠢᠶᠠᠨ ᠬᠠᠨᠳᠤᠭᠤᠯᠤᠮᠤ︕ ᠪᠠᠷᠠᠭᠤᠨ ᠣᠷᠣᠨ ᠤ ᠲᠥᠯᠥᠪᠯᠡᠭᠡ ᠳᠤ ᠨᠡᠷ᠎ᠡ ᠮᠡᠳᠡᠭᠦᠯᠵᠦ ᠡᠬᠢᠯᠡᠪᠡ
ᠨᠡᠶᠢᠲᠡᠯᠡᠭᠰᠡᠨ ᠴᠠᠭ᠄
2023/4/25
      2023 ᠣᠨ ᠤ ᠣᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠳᠤ ᠨᠡᠷ᠎ᠡ ᠮᠡᠳᠡᠭᠦᠯᠵᠦ ᠡᠬᠢᠯᠡᠪᠡ︕      4 ᠳ᠋ᠦ᠋ᠭᠡᠷ ᠰᠠᠷ᠎ᠠ ᠶᠢᠨ 12 ᠤᠨ ᠡᠳᠦᠷ ᠠᠴᠠ ᠡᠬᠢᠯᠡᠨ 5 ᠳ᠋ᠤᠭᠠᠷ ᠰᠠᠷ᠎ᠠ ᠶᠢᠨ ᠳᠤᠮᠳᠠᠴᠢ ᠰᠡᠭᠦᠯᠴᠢ ᠪᠣᠯᠲᠠᠯ᠎ᠠ ᠪᠠᠷᠠᠭᠤᠨ ᠣᠷᠣᠨ ᠤ ᠲᠥᠯᠥᠪᠯᠡᠭᠡ ᠶᠢᠨ ᠠᠯᠪᠠᠨ ᠤ ᠰᠦᠯᠵᠢᠶ᠎ᠡ ︵http://xibu.youth.cn︶ ᠪᠠᠷ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰ ᠵᠢᠯ ᠤᠨ ᠲᠡᠭᠦᠰᠦᠭᠰᠡᠳ ᠪᠤᠶᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠣᠳᠣᠯᠬᠤ ᠰᠤᠷᠤᠭᠴᠢᠳ ᠤᠨ ᠨᠡᠷ᠎ᠡ ᠮᠡᠳᠡᠭᠦᠯᠬᠦ ᠶᠢ ᠭᠥᠯᠢᠶᠡᠨ ᠠᠪᠴᠤ ᠪᠤᠢ      2023 ᠣᠨ ᠳᠤ ᠪᠠᠷᠠᠭᠤᠨ ᠣᠷᠣᠨ ᠤ ᠲᠥᠯᠥᠪᠯᠡᠭᠡ ᠶᠢᠨ ᠪᠥᠬᠦ ᠤᠯᠤᠰ ᠤᠨ ᠲᠥᠷᠥᠯ ᠵᠦᠢᠯ ᠤᠨ ᠬᠡᠷᠡᠭᠵᠢᠭᠦᠯᠬᠦ ᠬᠡᠪᠴᠢᠶ᠎ᠡ ᠳᠤ ᠦᠷᠭᠦᠯᠵᠢᠯᠡᠨ 2 ᠲᠦᠮᠡᠨ ᠬᠥᠮᠥᠨ᠋ ᠢ ᠪᠠᠲᠤᠯᠠᠨ᠂ ᠣᠷᠣᠨ ᠨᠤᠲᠤᠭ ᠲᠠᠬᠢ ᠲᠥᠷᠥᠯ ᠵᠦᠢᠯ ᠤᠨ ᠬᠡᠷᠡᠭᠵᠢᠭᠦᠯᠬᠦ ᠬᠡᠪᠴᠢᠶ᠎ᠡ ᠶᠢ ᠵᠢᠱᠢᠯᠲᠡ ᠪᠠᠷ 4 ᠲᠦᠮᠡᠨ ᠬᠥᠮᠥᠨ ᠠᠴᠠ ᠳᠠᠪᠠᠭᠤᠯᠵᠤᠬᠥᠳᠡᠭᠡ ᠲᠣᠰᠬᠤᠨ ᠤ ᠰᠤᠷᠭᠠᠨ ᠬᠥᠮᠦᠵᠢᠯ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ᠂ ᠡᠷᠡᠭᠦᠯ ᠡᠩᠬᠡ ᠬᠥᠳᠡᠭᠡ ᠲᠣᠰᠬᠤᠨ᠂ ᠦᠨᠳᠦᠰᠦᠨ ᠱᠠᠲᠤᠨ ᠤ ᠵᠠᠯᠠᠭᠤᠴᠤᠳ ᠤᠨ ᠠᠵᠢᠯ᠂ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ᠂ ᠰᠢᠨᠵᠢᠶᠠᠩ ᠳᠤ ᠦᠢᠯᠡᠴᠢᠯᠡᠬᠦ᠂ ᠲᠥᠪᠡᠳ ᠲᠤ ᠦᠢᠯᠡᠴᠢᠯᠡᠬᠦ ᠵᠡᠷᠭᠡ 7 ᠲᠤᠰᠬᠠᠢ ᠵᠦᠢᠯ ᠬᠤᠪᠢᠶᠠᠨ᠎ᠠ᠃      ︽ᠪᠠᠷᠠᠭᠤᠨ ᠣᠷᠣᠨ ᠤ ᠲᠥᠯᠥᠪᠯᠡᠭᠡ︾ ᠶᠢᠨ ᠲᠤᠬᠠᠢ ᠲᠠᠨ ᠤ ᠮᠡᠳᠡᠬᠦ ᠶᠣᠰᠣᠲᠠᠢ ᠵᠦᠢᠯᠡᠰ      ᠣᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ︵ᠲᠣᠪᠴᠢᠯᠠᠭᠠᠳ ᠪᠠᠷᠠᠭᠤᠨ ᠣᠷᠣᠨ ᠤ ᠲᠥᠯᠥᠪᠯᠡᠭᠡ ᠭᠡᠳᠡᠭ ︶ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢᠶᠠᠷ ᠳᠠᠮᠵᠢᠨ ᠲᠣᠭᠲᠠᠭᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠴᠢᠳᠠᠪᠤᠷᠢᠲᠠᠨ ᠤ ᠲᠤᠬᠠᠢ ᠴᠢᠬᠤᠯᠠ ᠶᠡᠭᠡ ᠢᠨᠵᠧᠨᠧᠷᠢᠩ ᠮᠥᠨ᠃      ᠲᠤᠰ ᠲᠥᠷᠥᠯ ᠵᠦᠢᠯ ᠢ 2003 ᠣᠨ ᠳᠤ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢ᠂ ᠨᠢᠭᠡᠨᠲᠡ ᠨᠡᠶᠢᠲᠡ 46.5 ᠲᠦᠮᠡ ᠭᠠᠷᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠰᠣᠳᠣᠯᠬᠤ ᠰᠤᠷᠤᠭᠴᠢᠳ ᠢ ᠡᠯᠰᠡᠭᠡᠳ᠂ 2000 ᠭᠠᠷᠤᠢ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠦᠨᠳᠦᠰᠦᠨ ᠱᠠᠲᠤᠨ ᠳᠤ ᠦᠢᠯᠡᠴᠢᠯᠡᠭᠦᠯᠵᠦ᠂ ᠪᠦᠬᠦ ᠨᠡᠶᠢᠭᠡᠮ ᠢᠯᠠᠩᠭᠤᠶ᠎ᠠ ᠵᠠᠯᠠᠭᠤᠴᠤᠳ ᠤᠨ ᠳᠤᠮᠳᠠ ᠪᠠᠷᠠᠭᠤᠨ ᠣᠷᠣᠨ ᠳᠤ ᠣᠴᠢᠬᠤ᠂ ᠦᠨᠳᠦᠰᠦᠨ ᠱᠠᠲᠤᠨ ᠳᠤ ᠣᠴᠢᠬᠤ᠂ ᠡᠬᠡ ᠤᠯᠤᠰ ᠪᠠ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠣᠴᠢᠵᠤ ᠭᠠᠪᠢᠶ᠎ᠠ ᠪᠠᠶᠢᠭᠤᠯᠤᠨ ᠦᠢᠯᠡᠰ ᠴᠣᠭᠴᠠᠯᠠᠬᠤ ᠴᠠᠭ ᠦᠶ᠎ᠡ ᠶᠢᠨ ᠤᠷᠢᠶ᠎ᠠ ᠶᠢ ᠬᠠᠩᠭᠢᠨᠠᠭᠤᠯᠪᠠ᠃ 2023 ᠣᠨ ᠠᠴᠠ 2024 ᠣᠨ ᠳᠤ ᠂ ᠲᠥᠪ ᠤᠨ ᠡᠳ᠋ ᠤᠨ ᠵᠠᠰᠠᠭ ᠠᠴᠠ ᠳᠡᠮᠵᠢᠵᠦ᠂ ᠡᠩ ᠤᠨ ᠶᠡᠭᠡ ᠳᠡᠭᠡᠳᠦ ᠰᠤᠷᠭᠠᠭᠤᠯᠢᠰᠤᠷᠭᠠᠨ ᠬᠥᠮᠦᠵᠢᠯ ᠤᠨ ᠶᠠᠮᠤᠨ ᠤ ︽ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠨᠡᠷᠡᠰ︾ ᠲᠤ ᠵᠢᠭᠰᠠᠭᠠᠭᠳᠠᠭᠰᠠᠨ ᠶᠡᠭᠡ ᠳᠡᠭᠡᠳᠦ ᠰᠤᠷᠭᠠᠭᠤᠯᠢ ︶ ᠨᠤᠭᠤᠳ ᠤᠨ ᠲᠤᠰ ᠵᠢᠯ ᠤᠨ ᠲᠡᠭᠦᠰᠦᠭᠰᠡᠳ ᠪᠤᠶᠤ ᠰᠤᠷᠤᠯᠴᠠᠵᠤ ᠪᠠᠶᠢᠭ᠎ᠠ ᠰᠣᠳᠣᠯᠬᠤ ᠰᠤᠷᠤᠭᠴᠢᠳ ᠠᠴᠠ ᠪᠠᠷᠠᠭᠤᠨ ᠣᠷᠣᠨ ᠤ ᠲᠥᠯᠥᠪᠯᠡᠭᠡ ᠶᠢᠨ ᠪᠦᠬᠦ ᠤᠯᠤᠰ ᠤᠨ ᠲᠥᠷᠥᠯ ᠵᠦᠢᠯ ᠤᠨ 2 ᠲᠦᠮᠡᠨ ᠰᠠᠶᠢᠨ ᠳᠣᠷᠠᠴᠤᠳ ᠢ ᠢᠯᠡ ᠪᠠᠷ ᠡᠯᠰᠡᠬᠦ᠂ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ᠂ ᠵᠣᠬᠢᠶᠠᠨ ᠪᠠᠶᠢᠭᠤᠯᠵᠤ ᠰᠢᠯᠢᠨ ᠰᠣᠩᠭᠤᠬᠤ᠂ ᠨᠢᠭᠡᠳᠦᠯᠲᠡᠢ ᠲᠣᠮᠢᠯᠠᠬᠤ ᠵᠡᠷᠭᠡ ᠠᠷᠭ᠎ᠠ ᠮᠠᠶ᠋ᠢᠭ ᠢᠶᠠᠷ ᠡᠯᠰᠡᠬᠦ ᠪᠠ ᠰᠢᠯᠢᠨ ᠰᠣᠩᠭᠤᠵᠤ ᠪᠠᠷᠠᠭᠤᠨ ᠣᠷᠣᠨ ᠤ ᠦᠨᠳᠦᠰᠦᠨ ᠱᠠᠲᠤᠨ ᠳᠤ ᠲᠣᠮᠢᠯᠠᠨ ᠠᠵᠢᠯᠯᠠᠭᠤᠯᠤᠨ᠎ᠠ ︵ᠨᠢᠭᠡᠨᠲᠡ ᠡᠯᠰᠡᠭᠰᠡᠨ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤ ᠰᠠᠶᠢᠨ ᠳᠤᠷᠠᠴᠤᠳ ᠤᠨ ᠶᠠᠳᠠᠭᠤ ᠶᠢ ᠲᠡᠳᠬᠦᠬᠦ ᠪᠤᠤᠬᠢᠶ᠎ᠠ ᠲᠥᠯᠥᠪᠯᠡᠭᠡ ᠶᠢᠨ ᠰᠣᠳᠣᠯᠬᠤ ᠰᠤᠷᠤᠭᠴᠢᠳ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠰᠠᠶᠢᠨ ᠳᠤᠷᠠᠴᠤᠳ ᠢ ᠪᠠᠭᠲᠠᠭᠠᠨ᠎ᠠ︶᠃ ᠡᠯ᠎ᠡ ᠭᠠᠵᠠᠷ ᠤᠨ ᠬᠢᠨ ᠪᠥᠬᠦ ᠤᠯᠤᠰ ᠤᠨ ᠲᠥᠷᠥᠯ ᠵᠦᠢᠯ ᠤᠨ ᠠᠵᠢᠯᠯᠠᠭᠠᠨ ᠤ ᠵᠠᠭᠪᠤᠷ ᠪᠠ ᠠᠵᠢᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ᠂ ᠪᠠᠷᠠᠭᠤᠨ ᠣᠷᠣᠨ ᠤ ᠲᠥᠯᠥᠪᠯᠡᠭᠡ ᠶᠢᠨ ᠣᠷᠣᠨ ᠨᠤᠲᠤᠭ ᠲᠠᠬᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠱᠢᠯᠲᠡ ᠪᠠᠷ ᠬᠡᠷᠡᠭᠵᠢᠭᠦᠯᠬᠦ ᠬᠡᠪᠴᠢᠶ᠎ᠡ ᠨᠢ 4 ᠲᠦᠮᠡ ᠬᠥᠮᠥᠨ ᠠᠴᠠ ᠳᠠᠪᠠᠭᠤᠯᠬᠤ ᠪᠣᠯᠣᠨ᠎ᠠ᠃ ᠪᠠᠷᠠᠭᠤᠨ ᠣᠷᠣᠨ ᠤ ᠲᠥᠯᠥᠪᠯᠡᠭᠡ ᠶᠢᠨ ᠠᠯᠪᠠᠨ ᠤ ᠰᠦᠯᠵᠢᠶ᠎ᠡ ︵http://xibu.youth.cn︶ ᠪᠠᠷ ᠪᠠᠷᠠᠭᠤᠨ ᠣᠷᠣᠨ ᠤ ᠲᠥᠯᠥᠪᠯᠡᠭᠡ ᠶᠢᠨ ᠪᠦᠬᠦ ᠤᠯᠤᠰ ᠤᠨ ᠲᠥᠷᠥᠯ ᠵᠦᠢᠯ ᠪᠠ ᠣᠷᠣᠨ ᠨᠤᠲᠤᠭ ᠲᠠᠬᠢ ᠲᠥᠷᠥᠯ ᠵᠦᠢᠯ ᠳᠤ ᠨᠡᠷ᠎ᠡ ᠮᠡᠳᠡᠭᠦᠯᠵᠦ ᠪᠣᠯᠣᠨ᠎ᠠ᠃ ᠪᠠᠷᠠᠭᠤᠨ ᠣᠷᠣᠨ ᠤ ᠲᠥᠯᠥᠪᠯᠡᠭᠡ ᠶᠢᠨ ᠦᠢᠯᠡᠴᠢᠯᠡᠭᠡᠨ ᠤ ᠠᠭᠤᠯᠭ᠎ᠠ ᠶᠢ ᠬᠥᠳᠡᠭᠡ ᠲᠣᠰᠬᠤᠨ ᠤ ᠰᠤᠷᠭᠠᠨ ᠬᠥᠮᠦᠵᠢᠯ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ᠂ ᠡᠷᠡᠭᠦᠯ ᠡᠩᠬᠡ ᠬᠥᠳᠡᠭᠡ ᠲᠣᠰᠬᠤᠨ᠂ ᠦᠨᠳᠦᠰᠦᠨ ᠱᠠᠲᠤᠨ ᠤ ᠵᠠᠯᠠᠭᠤᠴᠤᠳ ᠤᠨ ᠠᠵᠢᠯ᠂ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ᠂ ᠰᠢᠨᠵᠢᠶᠠᠩ ᠳᠤ ᠦᠢᠯᠡᠴᠢᠯᠡᠬᠦ᠂ ᠲᠥᠪᠡᠳ ᠲᠤ ᠦᠢᠯᠡᠴᠢᠯᠡᠬᠦ ᠭᠡᠬᠦ 7 ᠲᠤᠰᠬᠠᠢ ᠵᠦᠢᠯ ᠬᠤᠪᠢᠶᠠᠨ᠎ᠠ᠃ ᠰᠠᠶᠢᠨ ᠳᠤᠷᠠᠴᠤᠳ ᠤᠨ ᠦᠢᠯᠡᠴᠢᠯᠡᠬᠦ ᠬᠤᠭᠤᠴᠠᠭ᠎ᠠ ᠨᠢ 1 ᠠᠴᠠ 3 ᠵᠢᠯ᠂ ᠦᠢᠯᠡᠴᠢᠯᠡᠭᠡᠨ ᠤ ᠭᠡᠷ᠎ᠡ ᠶᠢ ᠨᠢᠭᠡ ᠵᠢᠯ ᠢᠶᠠᠷ ᠲᠣᠭᠲᠠᠨ᠎ᠠ᠃︽ᠬᠡᠷᠬᠢᠨ ᠨᠡᠷ᠎ᠡ ᠮᠡᠳᠡᠭᠦᠯᠬᠦ ᠪᠣᠢ︖︾ ︽ᠨᠡᠷ᠎ᠡ ᠮᠡᠳᠡᠭᠦᠯᠬᠦ ᠳᠤ ᠶᠠᠮᠠᠷ ᠮᠠᠲ᠋ᠧᠷᠢᠶᠠᠯ ᠪᠡᠯᠡᠳᠬᠡᠬᠦ ᠴᠢᠬᠤᠯᠠ ᠲᠠᠢ ᠪᠣᠢ︾ ᠲᠦᠷᠭᠡᠨ ᠦᠵᠡᠭᠡᠷᠡᠢ      ᠨᠡᠷ᠎ᠡ ᠮᠡᠳᠡᠭᠦᠯᠬᠦ ᠦᠶᠡᠰ ᠡᠷᠡᠭᠡᠯᠵᠡᠭᠡ ᠲᠠᠢ ᠵᠦᠢᠯᠡᠰ ᠪᠠᠶᠢᠪᠠᠯ ᠪᠠᠷᠠᠭᠤᠨ ᠣᠷᠣᠨ ᠤ ᠲᠥᠯᠥᠪᠯᠡᠭᠡ ᠶᠢᠨ ᠡᠯ᠎ᠡ ᠮᠤᠵᠢ ︵ᠣᠷᠣᠨ᠂ ᠬᠤᠲᠠ︶ ᠶᠢᠨ ᠲᠥᠷᠦᠯ ᠵᠦᠢᠯ ᠤᠨ ᠠᠯᠪᠠᠨ ᠭᠡᠷ ᠠᠴᠠ ᠯᠠᠪᠯᠠᠭᠠᠷᠠᠢ     ᠪᠦᠬᠦ ᠤᠯᠤᠰ ᠤᠨ ᠲᠦᠷᠦᠯ ᠵᠦᠢᠯ ᠤᠨ ᠠᠯᠪᠠᠨ ᠭᠡᠷ ᠤᠨ ᠯᠠᠪᠯᠠᠬᠤ ᠤᠲᠠᠰᠤ      ᠪᠦᠬᠦ ᠤᠯᠤᠰ ᠤᠨ ᠲᠦᠷᠦᠯ ᠵᠦᠢᠯ ᠤᠨ ᠠᠯᠪᠠᠨ ᠭᠡᠷ 010 — 85212269      ᠡᠯ᠎ᠡ ᠮᠤᠵᠢ ︵ᠣᠷᠣᠨ᠂ ᠬᠤᠲᠠ︶ ᠶᠢᠨ ᠲᠥᠷᠦᠯ ᠵᠦᠢᠯ ᠤᠨ ᠠᠯᠪᠠᠨ ᠭᠡᠷ ᠤᠨ ᠯᠠᠪᠯᠠᠬᠤ ᠤᠲᠠᠰᠤ      ᠪᠡᠭᠡᠵᠢᠩ ᠤᠨ ᠲᠦᠷᠦᠯ ᠵᠦᠢᠯ ᠤᠨ ᠠᠯᠪᠠᠨ ᠭᠡᠷ 010 — 53975857      ᠲᠢᠶᠠᠨᠵᠢᠨ ᠤ ᠲᠦᠷᠦᠯ ᠵᠦᠢᠯ ᠠᠯᠪᠠᠨ ᠭᠡᠷ 022 — 28236859      ᠾᠧᠪᠧᠢ ᠶᠢᠨ ᠲᠦᠷᠦᠯ ᠵᠦᠢᠯ ᠤᠨ ᠠᠯᠪᠠᠨ ᠭᠡᠷ 0311 — 87903813      ᠱᠠᠨ ᠰᠢ ᠶᠢᠨ ᠲᠥᠷᠥᠯ ᠵᠦᠢᠯ ᠤᠨ ᠠᠯᠪᠠᠨ ᠭᠡᠷ 0351 — 12355      ᠥᠪᠥᠷ ᠮᠣᠩᠭᠤᠯ ᠤᠨ ᠲᠥᠷᠥᠯ ᠵᠦᠢᠯ ᠤᠨ ᠠᠯᠪᠠᠨ ᠭᠡᠷ 0471 — 4607245      ᠯᠢᠶᠣᠣᠨᠢᠩ ᠤᠨ ᠲᠥᠷᠥᠯ ᠵᠦᠢᠯ ᠤᠨ ᠠᠯᠪᠠᠨ ᠭᠡᠷ 024 — 22827064      ᠬᠢᠷᠢᠨ ᠤ ᠲᠥᠷᠥᠯ ᠵᠦᠢᠯ ᠤᠨ ᠠᠯᠪᠠᠨ ᠭᠡᠷ 0431 — 85876612      ᠬᠠᠷᠠᠮᠥ᠋ᠷᠡᠨ ᠤ ᠲᠥᠷᠥᠯ ᠵᠦᠢᠯ ᠤᠨ ᠠᠯᠪᠠᠨ ᠭᠡᠷ 0451 — 53620211      ᠱᠠᠩᠬᠠᠢ ᠶᠢᠨ ᠲᠥᠷᠥᠯ ᠵᠦᠢᠯ ᠤᠨ ᠠᠯᠪᠠᠨ ᠭᠡᠷ 021 — 52980326      ᠵᠢᠶᠠᠩᠰᠤ ᠶᠢᠨ ᠲᠥᠷᠥᠯ ᠵᠦᠢᠯ ᠤᠨ ᠠᠯᠪᠠᠨ ᠭᠡᠷ 025 — 86906329      ᠵᠧᠵᠢᠶᠠᠩ ᠤᠨ ᠲᠦᠷᠦᠯ ᠵᠦᠢᠯ ᠤᠨ ᠠᠯᠪᠠᠨ ᠭᠡᠷ 0571 — 85174175      ᠠᠨᠾᠦ᠋ᠢ ᠶᠢᠨ ᠲᠦᠷᠦᠯ ᠵᠦᠢᠯ ᠤᠨ ᠠᠯᠪᠠᠨ ᠭᠡᠷ 0551 — 63609725      ᠹᠦᠵᠢᠶᠠᠨ ᠤ ᠵᠦᠢᠯᠡᠰ ᠤᠨ ᠠᠯᠪᠠᠨ ᠭᠡᠷ 0591 — 87719872      ᠵᠢᠶᠠᠩᠰᠢ ᠶᠢᠨ ᠲᠥᠷᠥᠯ ᠵᠦᠢᠯ ᠤᠨ ᠠᠯᠪᠠᠨ ᠭᠡᠷ 0791 — 88910810      ᠱᠠᠨᠳᠦ᠋ᠩ ᠤᠨ ᠲᠥᠷᠥᠯ ᠵᠦᠢᠯ ᠤᠨ ᠠᠯᠪᠠᠨ ᠭᠡᠷ 0531 — 82073583      ᠾᠧᠨᠠᠨ ᠤ ᠲᠥᠷᠥᠯ ᠵᠦᠢᠯ ᠤᠨ ᠠᠯᠪᠠᠨ ᠭᠡᠷ 0371 — 65903352      ᠬᠤᠪᠧᠢ ᠶᠢᠨ ᠲᠥᠷᠥᠯ ᠵᠦᠢᠯ ᠤᠨ ᠠᠯᠪᠠᠨ ᠭᠡᠷ 027 — 87233557      ᠬᠤᠨᠠᠨ ᠤ ᠲᠥᠷᠥᠯ ᠵᠦᠢᠯ ᠤᠨ ᠠᠯᠪᠠᠨ ᠭᠡᠷ 0731 — 88776720      ᠭᠤᠸᠠᠩᠳᠦ᠋ᠩ ᠤᠨ ᠲᠥᠷᠥᠯ ᠵᠦᠢᠯ ᠤᠨ ᠠᠯᠪᠠᠨ ᠭᠡᠷ 020 — 87786223      ᠭᠤᠸᠠᠩᠰᠢ ᠶᠢᠨ ᠲᠥᠷᠥᠯ ᠵᠦᠢᠯ ᠤᠨ ᠠᠯᠪᠠᠨ ᠭᠡᠷ 0771 — 5719569      ᠬᠠᠶᠢᠨᠠᠨ ᠤ ᠲᠥᠷᠥᠯ ᠵᠦᠢᠯ ᠤᠨ ᠠᠯᠪᠠᠨ ᠭᠡᠷ 0898 — 65399100      ᠴᠦᠩᠴᠢᠩ ᠤᠨ ᠲᠥᠷᠥᠯ ᠵᠦᠢᠯ ᠤᠨ ᠠᠯᠪᠠᠨ ᠭᠡᠷ 023 — 63861259      ᠰᠧᠴᠤᠸᠠᠨ ᠤ ᠲᠥᠷᠥᠯ ᠵᠦᠢᠯ ᠤᠨ ᠠᠯᠪᠠᠨ ᠭᠡᠷ 028 — 86755167      ᠭᠦᠢᠵᠧᠦ ᠶᠢᠨ ᠲᠦᠷᠦᠯ ᠵᠦᠢᠯ ᠤᠨ ᠠᠯᠪᠠᠨ ᠭᠡᠷ 0851 — 86571360      ᠶᠦᠨᠨᠠᠨ ᠤ ᠲᠥᠷᠥᠯ ᠵᠦᠢᠯ ᠤᠨ ᠠᠯᠪᠠᠨ ᠭᠡᠷ 0871 — 63995453      ᠲᠥᠪᠡᠳ ᠤᠨ ᠲᠥᠷᠥᠯ ᠵᠦᠢᠯ ᠠᠯᠪᠠᠨ ᠭᠡᠷ 0891 — 6323988      ᠱᠠᠨᠰᠢ ᠶᠢᠨ ᠲᠥᠷᠥᠯ ᠵᠦᠢᠯ ᠤᠨ ᠠᠯᠪᠠᠨ ᠭᠡᠷ 029 — 88401563      ᠭᠠᠨᠰᠤ ᠶᠢᠨ ᠲᠦᠷᠦᠯ ᠵᠦᠢᠯ ᠤᠨ ᠠᠯᠪᠠᠨ ᠭᠡᠷ 0931 — 8122102      ᠬᠥᠬᠡᠨᠠᠭᠤᠷ ᠤᠨ ᠲᠥᠷᠥᠯ ᠵᠦᠢᠯ ᠤᠨ ᠠᠯᠪᠠᠨ ᠭᠡᠷ 0971 — 8220354      ᠨᠢᠩᠰᠢᠶᠠ ᠶᠢᠨ ᠲᠦᠷᠦᠯ ᠵᠦᠢᠯ ᠤᠨ ᠠᠯᠪᠠᠨ ᠭᠡᠷ 0951 — 2090251      ᠰᠢᠨᠵᠢᠶᠠᠩ ᠤᠨ ᠲᠥᠷᠥᠯ ᠵᠦᠢᠯ ᠠᠯᠪᠠᠨ ᠭᠡᠷ 0991 — 2817084      ᠪᠢᠩᠲ᠋ᠤᠸᠠᠨ ᠤ ᠲᠦᠷᠦᠯ ᠵᠦᠢᠯ ᠤᠨ ᠠᠯᠪᠠᠨ ᠭᠡᠷ 0991 — 2890582      ᠶᠡᠭᠡ ᠳᠡᠭᠡᠳᠦ ᠰᠤᠷᠭᠠᠭᠤᠯᠢ ᠶᠢᠨ ᠲᠦᠷᠦᠯ ᠵᠦᠢᠯ ᠤᠨ ᠠᠯᠪᠠᠨ ᠭᠡᠷ ᠢ ᠡᠯ᠎ᠡ ᠶᠡᠭᠡ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶᠠᠨ ᠳᠤ ᠲᠣᠬᠢᠷᠠᠭᠤᠯᠪᠠ
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ