ᠲᠦᠩᠯᠢᠶᠣᠣ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠭᠠᠳᠬᠠᠯ ᠤᠨ ᠲᠡᠳᠬᠦᠮᠵᠢ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/4/26
   ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠲᠦᠩᠯᠢᠶᠣᠣ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠡᠳᠬᠦᠮᠵᠢ ᠶᠢᠨ ᠳᠠᠭᠠᠳᠬᠠᠯ ᠤᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄    ᠨᠢᠭᠡ᠂ ᠨᠡᠶᠢᠲᠡᠯᠡᠭᠰᠡᠨ ᠠᠬᠤᠢ ᠪᠠᠶᠢᠳᠠᠯ    ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠲᠤᠯᠠᠭᠠᠲᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠭᠦᠯᠵᠢᠯᠡᠨ ᠯᠠᠪᠳᠠᠭᠤᠨ ᠲᠣᠭᠲᠠᠭᠤᠨ ᠢᠶᠠᠷ ᠥᠷᠨᠢᠭᠦᠯᠬᠦ ᠶᠢᠨ ᠲᠥᠯᠥᠭᠡ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠪᠦᠲᠦᠮᠵᠢᠲᠡᠶ ᠠᠷᠭ᠎ᠠ ᠵᠠᠮ ᠬᠠᠩᠭᠠᠵᠤ᠂ ᠪᠦᠬᠦ ᠬᠤᠲᠠ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠢ ᠠᠬᠢᠭᠤᠯᠬᠤ ᠠᠷᠭ᠎ᠠ︾ ︽2023 ᠣᠨ ᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 9 ᠳ᠋ᠦ᠋ᠭᠡᠷ ᠲᠣᠭᠠᠲᠤ︶᠂ ︽ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠪᠦᠲᠦᠭᠡᠨ ﹇2021﹈ 148 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠦᠪᠦᠷ ᠡᠳ᠋ ᠬᠥᠷᠥᠩᠭᠡ ᠲᠣᠭᠲᠠᠭᠠᠯ ﹇2020﹈ 1 ᠳ᠋ᠦ᠋ᠭᠡᠷ ᠲᠣᠭᠠᠲᠤ︶᠂ ︽ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ︾ ︵ᠡᠳ᠋ ᠮᠥᠩᠭᠦ ﹇2022﹈ 60 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠲᠦᠩᠯᠢᠶᠣᠣ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠭᠠᠳᠬᠠᠯ ᠤᠨ ᠲᠡᠳᠬᠦᠮᠵᠢ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃    ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ    ︽ᠠᠷᠭ᠎ᠠ︾ ᠳᠤ ᠶᠡᠷᠦᠩᠬᠡᠢ ᠳᠦᠷᠢᠮ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠪᠡᠯᠡ ᠮᠥᠩᠭᠦᠨ ᠤ ᠲᠠᠲᠠᠭᠠᠯ ᠤᠨ ᠬᠠᠮᠢᠶᠠᠷᠤᠯᠲᠠ᠂ ᠬᠠᠮᠲᠤᠷᠠᠯᠴᠠᠭᠠᠨ ᠤ ᠪᠠᠶᠢᠭᠤᠯᠤᠮᠵᠢ᠂ ᠲᠤᠬᠠᠶᠢᠯᠠᠭᠰᠠᠨ ᠠᠵᠢᠯ ᠤᠨ ᠥᠷᠨᠢᠯᠲᠡ᠂ ᠵᠢᠭᠡᠯᠡᠯᠭᠡ ᠶᠢᠨ ᠴᠤᠪᠤᠷᠠᠯ᠂ ᠵᠢᠭᠡᠯᠡᠯᠭᠡ ᠶᠢᠨ ᠬᠠᠮᠢᠶᠠᠷᠤᠯᠲᠠ᠂ ᠣᠷᠣᠯᠠᠨ ᠳᠥᠯᠥᠭᠦᠯᠬᠦ ᠪᠠ ᠨᠡᠬᠡᠮᠵᠢᠯᠡᠨ ᠳᠥᠯᠥᠭᠦᠯᠬᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠭᠡᠵᠦ ᠬᠤᠪᠢᠶᠠᠨ᠎ᠠ᠂  ᠳᠠᠭᠠᠯᠳᠤᠭᠤᠯᠤᠯ ᠳᠦᠷᠢᠮ ᠨᠢ ᠨᠡᠶᠢᠲᠡ 10 ᠪᠦᠯᠦᠭ 41 ᠵᠦᠢᠯ ᠲᠠᠢ᠃ ᠳᠠᠭᠠᠳᠬᠠᠯ ᠤᠨ ᠲᠡᠳᠭᠦᠮᠵᠢ ᠶᠢᠨ ᠮᠥᠩᠭᠦ ᠶᠢᠨ ᠵᠢᠭᠡᠯᠡᠯᠭᠡ ᠶᠢᠨ ᠲᠣᠮᠢᠶᠠᠯᠠᠯ᠂ ᠬᠠᠮᠢᠶᠠᠷᠤᠯᠲᠠ ᠶᠢᠨ ᠲᠣᠭᠲᠠᠴᠠ᠂ ᠬᠠᠮᠲᠤᠷᠠᠯᠴᠠᠭᠠᠨ ᠤ ᠵᠠᠭᠪᠤᠷ᠂ ᠵᠠᠰᠠᠭ ᠤᠨ ᠣᠷᠳᠣᠨ ᠤ ᠪᠠᠲᠤᠯᠠᠭ᠎ᠠ ᠶᠢᠨ ᠮᠥᠩᠭᠦ ᠬᠢᠭᠡᠳ ᠪᠠᠩᠬᠢ ᠶᠢᠨ ᠬᠤᠭᠤᠷᠣᠨᠳᠣᠬᠢ ᠲᠦᠭᠰᠢᠭᠦᠷᠢ ᠶᠢ ᠡᠭᠦᠷᠭᠡᠯᠡᠬᠦ ᠬᠠᠷᠢᠴᠠᠯ᠂ ᠡᠵᠡᠩᠨᠡᠯᠲᠡ ᠶᠢᠨ ᠵᠠᠷᠤᠳᠠᠯ ᠤᠨ ᠢᠷᠡᠯᠲᠡ᠂ ᠠᠪᠤᠴᠠᠭ᠎ᠠ ᠦᠭᠡᠢ ᠲᠠᠩᠰᠠ ᠶᠢ ᠰᠢᠢᠳᠪᠦᠷᠢᠯᠡᠬᠦ ᠠᠷᠭ᠎ᠠ ᠮᠠᠶ᠋ᠢᠭ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠣᠳᠣᠷᠬᠠᠢ ᠲᠣᠭᠲᠠᠭᠠᠯ ᠭᠠᠷᠭᠠᠪᠠ᠃    ︵ᠨᠢᠭᠡ︶ ︽ᠠᠷᠭ᠎ᠠ︾ ᠳᠤ ᠳᠡᠮᠵᠢᠬᠦ ᠡᠲᠡᠭᠡᠳ ᠢ ᠲᠤᠳᠤᠷᠬᠠᠶᠢᠯᠠᠪᠠ᠃    ᠳᠠᠭᠠᠳᠬᠠᠯ ᠤᠨ ᠲᠡᠳᠬᠦᠮᠵᠢ ᠶᠢᠨ ᠮᠥᠩᠭᠦ ᠶᠢᠨ ᠵᠢᠭᠡᠯᠡᠯᠭᠡ ᠪᠠᠷ ᠳᠡᠮᠵᠢᠬᠦ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠳᠣᠣᠷᠠᠬᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠄    1. ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠢᠯᠭᠠᠬᠤ ᠪᠠᠷᠢᠮᠵᠢᠶ᠎ᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠭᠰᠠᠨ ᠠᠵᠤ ᠠᠬᠤᠶᠢᠯᠠᠯ ﹇2011﹈ 300 ᠳ᠋ᠤᠭᠠᠷ ᠲᠣᠭᠠᠲᠤ︶ ᠤᠨ ᠬᠤᠪᠢᠶᠠᠷᠢᠯᠠᠬᠤ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠭᠰᠡᠨ ᠳᠤᠮᠳᠠ ᠬᠡᠯᠪᠡᠷᠢ ᠶᠢᠨ᠂ ᠵᠢᠵᠢᠭ ᠬᠡᠯᠪᠡᠷᠢ ᠶᠢᠨ᠂ ᠪᠢᠴᠢᠯ ᠬᠡᠯᠪᠡᠷᠢ ᠶᠢᠨ ᠠᠵᠤ ᠠᠬᠤᠶᠢᠯᠠᠯ᠃    2. ᠳᠠᠩᠰᠠᠯᠠᠭᠤᠯᠤᠭᠰᠠᠨ ᠭᠠᠵᠠᠷ᠂ ᠭᠠᠶᠢᠯᠢ ᠲᠤᠰᠢᠶᠠᠬᠤ ᠭᠠᠵᠠᠷ ᠨᠢ ᠲᠦᠩᠯᠢᠶᠣᠣ ᠬᠤᠲᠠ ᠶᠢᠨ ᠬᠠᠷᠢᠶ᠎ᠠ ᠳᠤ ᠪᠠᠶᠢᠬᠤ ᠬᠡᠷᠡᠭᠲᠡᠢ᠃    3. ᠬᠠᠤᠯᠢ ᠶᠣᠰᠣᠭᠠᠷ ᠪᠠᠶᠢᠭᠤᠯᠤᠭᠰᠠᠨ ᠪᠥᠭᠡᠳ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠤᠳᠤᠷᠢᠳᠤᠮᠵᠢ ᠳᠤ ᠨᠡᠶᠢᠴᠡᠨ᠎ᠡ᠃    4. ᠠᠵᠤ ᠠᠬᠤᠢ ᠶᠢᠨ ᠦᠷ᠎ᠡ ᠠᠰᠢᠭ ᠰᠠᠶᠢᠨ᠂ ᠲᠧᠭᠨᠢᠭ ᠮᠡᠷᠭᠡᠵᠢᠯ ᠤᠨ ᠠᠭᠤᠯᠤᠭᠳᠠᠴᠠ ᠥᠨᠳᠥᠷ ᠪᠤᠶᠤ ᠬᠥᠭᠵᠢᠯᠲᠡ ᠶᠢᠨ ᠢᠷᠡᠭᠡᠳᠦᠢ ᠲᠠᠢ ᠪᠠᠶᠢᠬᠤ ᠬᠡᠷᠡᠭᠲᠡᠢ᠃    5. ᠥᠰᠦᠯᠲᠡ ᠶᠢᠨ ᠬᠡᠯᠪᠡᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠪᠤᠶᠤ ᠠᠵᠢᠯ ᠣᠯᠭᠤᠯᠲᠠ ᠶᠢᠨ ᠬᠡᠯᠪᠡᠷᠢ ᠵᠡᠷᠭᠡ ᠣᠨᠴᠠᠯᠢᠭ ᠲᠠᠢ᠃    ︵ᠬᠤᠶᠠᠷ︶ ︽ᠠᠷᠭ᠎ᠠ︾ ᠳᠤ ᠠᠵᠤ ᠠᠬᠤᠶᠢᠯᠠᠯ ᠤᠨ ᠵᠢᠭᠡᠯᠡᠯᠭᠡ ᠶᠢᠨ ᠬᠡᠷᠡᠭᠴᠡᠭᠡ ᠶᠢ ᠲᠤᠳᠤᠷᠬᠠᠶᠢᠯᠠᠪᠠ᠃    ᠳᠠᠭᠠᠳᠬᠠᠯ ᠤᠨ ᠳᠡᠳᠭᠦᠮᠵᠢ ᠶᠢᠨ ᠮᠦᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢᠶᠠᠷ ᠳᠠᠮᠵᠢᠭᠤᠯᠤᠨ ᠣᠯᠣᠭᠰᠠᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠵᠥᠪᠬᠡᠨ ᠲᠦᠩᠯᠢᠶᠣᠣ ᠬᠤᠲᠠ ᠶᠢᠨ ᠬᠡᠪᠴᠢᠶᠡᠨ ᠳᠠᠬᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠨ᠎ᠡ᠃ ᠰᠲ᠋ᠣᠺ ᠤᠨ ᠵᠠᠬ᠎ᠠ ᠳᠡᠯᠭᠡᠭᠦᠷ ᠪᠠ ᠦᠨᠡᠲᠦ ᠲᠡᠮᠳᠡᠭᠲᠦ ᠶᠢᠨ ᠪᠡᠯᠡ ᠣᠷᠣᠭᠤᠯᠤᠯᠲᠠ ᠳᠤ ᠬᠡᠷᠡᠭᠯᠡᠵᠦ ᠪᠣᠯᠬᠤ ᠤᠶᠢᠭᠡᠢ᠂ ᠪᠤᠰᠤᠳ ᠡᠷᠬᠡ ᠠᠰᠢᠭ ᠤᠨ ᠴᠢᠨᠠᠷᠲᠠᠢ ᠪᠡᠯᠡ ᠣᠷᠣᠭᠤᠯᠤᠯᠲᠠ ᠳᠤ ᠬᠡᠷᠡᠭᠯᠡᠵᠦ ᠪᠣᠯᠬᠤ ᠦᠭᠡᠢ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠬᠢᠵᠠᠭᠠᠷᠯᠠᠭᠰᠠᠨ ᠪᠤᠰᠤᠳ ᠪᠡᠯᠡ ᠣᠷᠣᠭᠤᠯᠤᠯᠲᠠ ᠶᠢᠨ ᠠᠵᠢᠯᠯᠠᠭ᠎ᠠ ᠳᠤ ᠬᠡᠷᠡᠭᠯᠡᠵᠦ ᠪᠣᠯᠬᠤ ᠦᠭᠡᠢ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠨᠡᠭᠡᠭᠡᠨ ᠠᠰᠢᠭᠯᠠᠬᠤ ᠳᠤ ᠬᠡᠷᠡᠭᠯᠡᠵᠦ ᠪᠣᠯᠬᠤ ᠦᠭᠡᠢ᠃    ︵ᠭᠤᠷᠪᠠ︶ ︽ᠠᠷᠭ᠎ᠠ︾ ᠳᠤ ᠡᠯ᠎ᠡ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠪᠠ᠃    ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠳᠠᠭᠠᠳᠬᠠᠯ ᠳᠤ ᠲᠤᠰᠠᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠤᠲᠠ ᠶᠢᠨ ᠱᠠᠲᠤᠨ ᠤ ᠬᠢᠨᠠᠨ ᠬᠠᠮᠢᠶᠠᠷᠬᠤ ᠪᠠᠶᠢᠭᠤᠯᠤᠮᠵᠢ ᠪᠤᠯᠤᠨ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠨᠥᠬᠦᠴᠡᠯ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠣᠩᠭᠤᠨ ᠲᠣᠭᠲᠠᠭᠠᠵᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠭᠠᠵᠤ᠂ ᠳᠠᠭᠠᠳᠬᠠᠯ ᠳᠤ ᠲᠤᠰᠠᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠲᠡᠭᠦᠨ ᠳᠤ ᠨᠠᠶᠢᠳᠠᠨ ᠬᠠᠮᠢᠶᠠᠷᠤᠭᠤᠯᠤᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠲᠣᠰ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ ᠰᠠᠯᠭᠠᠨ ᠥᠭᠬᠦ᠂ ᠬᠤᠬᠢᠷᠠᠯ ᠢ ᠣᠷᠣᠯᠠᠨ ᠳᠥᠯᠥᠬᠦ ᠪᠡᠯᠡ ᠮᠥᠩᠭᠦ ᠶᠢ ᠨᠥᠬᠦᠪᠦᠷᠢᠯᠡᠬᠦ ᠵᠢᠴᠢ ᠬᠠᠮᠢᠶ᠎ᠠ ᠪᠦᠬᠦᠢ ᠬᠠᠮᠵᠢᠯᠴᠠᠬᠤ ᠠᠵᠢᠯ ᠢ ᠬᠠᠷᠢᠭᠤᠴᠠᠨ᠎ᠠ᠃ ᠨᠠᠶᠢᠳᠠᠯᠭ᠎ᠠ ᠬᠦᠯᠢᠶᠡᠭᠰᠡᠨ ᠪᠠᠶᠢᠭᠤᠯᠤᠮᠵᠢ ᠨᠢ ᠳᠠᠭᠠᠳᠬᠠᠯ ᠳᠤ ᠲᠤᠰᠠᠯᠠᠬᠤ ᠵᠢᠭᠡᠯᠡᠯᠭᠡ ᠶᠢᠨ ᠡᠳᠦᠷ ᠲᠤᠲᠤᠮ ᠤᠨ ᠡᠵᠡᠩᠨᠡᠯᠲᠡ ᠶᠢ ᠬᠠᠷᠢᠭᠤᠴᠠᠨ᠎ᠠ᠃    ︵ᠳᠥᠷᠪᠡ︶ ︽ᠠᠷᠭ᠎ᠠ︾ ᠳᠤ ᠪᠡᠯᠡ ᠮᠥᠩᠭᠦ ᠶᠢ ᠬᠡᠷᠬᠢᠨ ᠬᠠᠮᠢᠶᠠᠷᠬᠤ ᠶᠢ ᠲᠣᠳᠣᠷᠬᠠᠢ ᠲᠣᠭᠲᠠᠭᠠᠪᠠ᠃    ︽ᠪᠡᠯᠡ ᠮᠥᠩᠭᠦ ᠶᠢᠨ ᠲᠠᠲᠠᠭᠠᠯ︾ ᠤᠨ ᠪᠡᠯᠡ ᠮᠥᠩᠭᠦ ᠶᠢ 10 ᠳᠠᠬᠢᠨ ᠢᠶᠠᠷ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠶᠡᠬᠡᠰᠬᠡᠬᠦ ᠵᠠᠷᠴᠢᠮ ᠶᠣᠰᠣᠭᠠᠷ ᠪᠠᠩᠬᠢ ᠯᠤᠭ᠎ᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠳᠠᠭᠠᠳᠬᠠᠯ ᠳᠤ ᠲᠤᠰᠠᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ ᠪᠠᠷ ᠲᠣᠭᠲᠠᠭᠠᠪᠠ᠃ ︽ᠪᠡᠯᠡ ᠮᠥᠩᠭᠦᠨ ᠤ ᠲᠠᠲᠠᠭᠠᠯ︾ ᠤᠨ ᠪᠡᠯᠡ ᠮᠥᠩᠭᠦ ᠶᠢ ᠬᠡᠯᠡᠯᠴᠡᠭᠡᠷ ᠤᠨ ᠶᠣᠰᠣᠭᠠᠷ ᠵᠣᠭᠤᠰ ᠬᠠᠳᠠᠭᠠᠯᠠᠬᠤ ᠠᠷᠭ᠎ᠠ ᠮᠠᠶ᠋ᠢᠭ ᠢᠶᠠᠷ ᠲᠤᠰᠬᠠᠢ ᠲᠠᠩᠰᠠᠨ ᠡᠷᠦᠬᠡ ᠳᠤ ᠬᠠᠳᠠᠭᠠᠯᠠᠵᠤ᠂ ᠬᠦᠦ ᠮᠥᠩᠭᠦ ᠶᠢᠨ ᠠᠰᠢᠭ ᠣᠷᠣᠯᠭ᠎ᠠ ᠶᠢ ︽ᠪᠡᠯᠡ ᠮᠥᠩᠭᠦᠨ ᠤ ᠲᠠᠲᠠᠭᠠᠯ︾ ᠤᠨ ᠲᠠᠩᠰᠠᠨ ᠡᠷᠦᠬᠡ ᠳᠤ ᠰᠢᠯᠵᠢᠭᠦᠯᠦᠨ ᠡᠷᠭᠢᠯᠳᠦᠭᠦᠯᠦᠨ ᠬᠡᠷᠡᠭᠯᠡᠵᠦ ᠪᠣᠯᠣᠨ᠎ᠠ᠃ ︽ᠪᠡᠯᠡ ᠮᠥᠩᠭᠦ ᠶᠢᠨ ᠲᠠᠲᠠᠭᠠᠯ︾ ᠤᠨ ᠪᠡᠯᠡ ᠮᠥᠩᠭᠦ ᠶᠢ ᠲᠠᠰ ᠳᠠᠷᠠᠭᠠᠯᠠᠯ ᠤᠨ ᠶᠣᠰᠣᠭᠠᠷ ᠬᠢᠨᠠᠨ ᠵᠥᠪᠰᠢᠶᠡᠷᠡᠬᠦ ᠳᠤ ᠵᠥᠪᠬᠡᠨ ᠳᠠᠭᠠᠳᠬᠠᠯ ᠳᠤ ᠲᠤᠰᠠᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠪᠠᠲᠤᠯᠠᠭ᠎ᠠ ᠶᠢᠨ ᠮᠥᠩᠭᠦ᠂ ᠲᠦᠭᠰᠢᠭᠦᠷᠢ ᠶᠢᠨ ᠨᠥᠬᠦᠪᠦᠷᠢ ᠮᠥᠩᠭᠦ᠂ ᠳᠠᠭᠠᠳᠬᠠᠯ ᠳᠤ ᠲᠤᠰᠠᠯᠠᠬᠤ ᠵᠢᠭᠡᠯᠡᠯᠭᠡ ᠶᠢᠨ ᠬᠠᠮᠢᠶ᠎ᠠ ᠪᠦᠬᠦᠢ ᠣᠷᠣᠯᠠᠨ ᠳᠥᠯᠥᠬᠦ ᠪᠡᠯᠡ ᠮᠥᠩᠭᠦ ᠶᠢᠨ ᠨᠡᠬᠡᠮᠵᠢᠯᠡᠨ ᠠᠪᠬᠤ ᠵᠠᠷᠤᠳᠠᠯ ᠳᠤ ᠬᠡᠷᠡᠭᠯᠡᠨ᠎ᠡ᠂ ᠡᠭᠦᠨ ᠠᠴᠠ ᠭᠠᠳᠠᠨ᠎ᠠ᠂ ᠲᠠᠩᠰᠠᠨ ᠡᠷᠦᠬᠡ ᠶᠢᠨ ᠳᠣᠲᠣᠷᠠᠬᠢ ᠪᠡᠯᠡ ᠮᠥᠩᠭᠦ ᠶᠢᠨ ᠡᠬᠡ ᠮᠥᠩᠭᠦ ᠵᠢᠴᠢ ᠬᠦᠦ ᠮᠥᠩᠭᠦ ᠶᠢ ᠳᠤᠷ᠎ᠠ ᠪᠠᠷ ᠢᠶᠠᠨ ᠭᠠᠷᠭᠠᠨ ᠠᠪᠬᠤ ᠪᠠ ᠭᠠᠷᠭᠠᠨ ᠬᠡᠷᠡᠭᠯᠡᠵᠦ ᠪᠣᠯᠬᠤ ᠦᠭᠡᠢ᠃ ᠳᠠᠭᠠᠳᠬᠠᠯ ᠳᠤ ᠲᠤᠰᠠᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠠᠷᠤᠳᠠᠯ ᠢ ᠬᠠᠮᠢᠶᠠᠷᠤᠯᠲᠠ ᠶᠢᠨ ᠠᠯᠪᠠᠨ ᠭᠡᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠳᠠᠭᠠᠳᠬᠠᠯ ᠳᠤ ᠲᠤᠰᠠᠯᠠᠬᠤ ᠵᠢᠭᠡᠯᠡᠯᠭᠡ ᠶᠢᠨ ᠣᠨ ᠤ ᠵᠢᠭᠡᠯᠡᠯᠭᠡ ᠲᠠᠯᠪᠢᠬᠤ ᠵᠣᠭᠤᠰ ᠤᠨ ᠲᠤᠭ᠎ᠠ ᠶᠢᠨ 2% ᠢ ᠳᠠᠷᠠᠭ᠎ᠠ ᠨᠢᠭᠡ ᠵᠢᠯ ᠤᠨ ᠲᠥᠰᠥᠪ ᠲᠤ ᠵᠢᠭᠰᠠᠭᠠᠨ ᠣᠷᠣᠭᠤᠯᠤᠨ᠎ᠠ᠃    ︵ᠲᠠᠪᠤ︶ ︽ᠠᠷᠭ᠎ᠠ︾ ᠳᠤ ᠲᠤᠬᠠᠶᠢᠯᠠᠭᠰᠠᠨ ᠠᠵᠢᠯ ᠢᠶᠠᠨ ᠬᠡᠷᠬᠢᠨ ᠥᠷᠨᠢᠭᠦᠯᠬᠦ ᠶᠢ ᠲᠣᠳᠣᠷᠬᠠᠢ ᠲᠣᠭᠲᠠᠭᠠᠪᠠ᠃    ᠭᠤᠷᠪᠠᠨ ᠵᠦᠢᠯ ᠤᠨ ᠲᠤᠬᠠᠶᠢᠯᠠᠭᠰᠠᠨ ᠠᠵᠢᠯ ᠢ ᠥᠷᠨᠢᠭᠦᠯᠬᠦ ᠵᠠᠭᠪᠤᠷ ᠲᠠᠬᠢ ᠲᠦᠭᠰᠢᠭᠦᠷᠢ ᠶᠢ ᠡᠭᠦᠷᠭᠡᠯᠡᠬᠦ ᠬᠠᠷᠢᠴᠠᠯ ᠢ ᠲᠣᠳᠣᠷᠬᠠᠶᠢᠯᠠᠵᠤ᠂ ᠵᠢᠭᠡᠯᠡᠯᠭᠡ ᠶᠢᠨ ᠴᠤᠪᠤᠷᠠᠯ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ᠂ ᠵᠢᠭᠡᠯᠡᠯᠭᠡ ᠶᠢᠨ ᠬᠦᠦ ᠨᠣᠷᠮ᠎ᠠ ᠶᠢ ᠲᠣᠳᠣᠷᠬᠠᠶᠢᠯᠠᠵᠤ᠂ ᠭᠠᠭᠴᠠ ᠡᠷᠦᠬᠡ ᠶᠢᠨ ᠬᠠᠮᠤᠭ ᠤᠨ ᠣᠷᠳᠣ ᠦᠶᠡᠯᠡᠯ ᠤᠨ ᠬᠤᠭᠤᠴᠠᠭ᠎ᠠ᠂ ᠵᠢᠭᠡᠯᠡᠯᠭᠡ ᠶᠢᠨ ᠳᠠᠷᠠᠭᠠᠬᠢ ᠬᠠᠮᠢᠶᠠᠷᠤᠯᠲᠠ ᠵᠢᠴᠢ ᠬᠡᠷᠬᠢᠨ ᠣᠷᠣᠯᠠᠨ ᠲᠥᠯᠥᠵᠦ ᠨᠡᠬᠡᠮᠵᠢᠯᠡᠨ ᠳᠥᠯᠥᠭᠦᠯᠬᠦ ᠶᠢ ᠳᠡᠮᠵᠢᠨ᠎ᠡ᠃    ︵ᠵᠢᠷᠭᠤᠭ᠎ᠠ︶ ︽ᠠᠷᠭ᠎ᠠ︾ ᠳᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠪᠴᠠᠭᠠᠨ ᠤ ᠡᠷᠬᠡ ᠶᠢ ᠬᠡᠷᠬᠢᠨ ᠰᠢᠢᠳᠪᠦᠷᠢᠯᠡᠬᠦ ᠶᠢ ᠲᠣᠳᠣᠷᠬᠠᠢ ᠲᠣᠭᠲᠠᠭᠠᠪᠠ᠃    ᠣᠳᠣᠬᠠᠨ ᠳᠤ ᠨᠢᠭᠡᠨᠲᠡ ᠪᠦᠷᠢᠯᠳᠦᠭᠰᠡᠨ ᠣᠷᠣᠯᠠᠨ ᠲᠥᠯᠥᠬᠦ ᠳᠤ᠂ ᠬᠠᠤᠯᠢ ᠴᠠᠭᠠᠵᠠ ᠶᠢᠨ ᠲᠠᠰ ᠳᠠᠷᠠᠭᠠᠯᠠᠯ ᠢ ᠡᠬᠢᠯᠡᠭᠦᠯᠦᠨ ᠵᠠᠭᠠᠯᠳᠤᠯᠭ᠎ᠠ ᠭᠠᠷᠭᠠᠵᠤ᠂ ᠲᠣᠰ ᠠᠷᠭ᠎ᠠ ᠶᠢ ᠨᠡᠶᠢᠲᠡᠯᠡᠬᠦ ᠠᠴᠠ ᠡᠮᠦᠨ᠎ᠡ ᠪᠣᠶ ᠪᠣᠯᠤᠭᠰᠠᠨ ᠣᠷᠣᠯᠠᠨ ᠳᠥᠯᠥᠬᠦ ᠲᠤᠬᠠᠶᠢᠯᠠᠭᠰᠠᠨ ᠠᠵᠢᠯ ᠳᠤ᠂ ᠠᠪᠴᠠᠭᠠᠨ ᠤ ᠡᠷᠬᠡ ᠶᠢᠨ ᠬᠡᠷᠡᠭᠰᠡᠬᠦ ᠬᠠᠮᠢᠶ᠎ᠠ ᠪᠦᠬᠦᠢ ᠵᠠᠷᠤᠳᠠᠯ ︵ᠵᠠᠷᠭᠤ ᠶᠢᠨ ᠵᠠᠷᠤᠳᠠᠯ᠂ ᠬᠠᠮᠠᠭᠠᠯᠠᠨ ᠬᠠᠳᠠᠭᠠᠯᠠᠬᠤ ᠵᠠᠷᠤᠳᠠᠯ᠂ ᠭᠦᠢᠴᠡᠳᠬᠡᠬᠦ ᠵᠠᠷᠤᠳᠠᠯ᠂ ᠦᠨᠡᠯᠡᠨ ᠵᠢᠱᠢᠬᠦ ᠵᠠᠷᠤᠳᠠᠯ᠂ ᠨᠠᠶᠢᠳᠠᠯᠭ᠎ᠠ ᠶᠢᠨ ᠵᠠᠷᠤᠳᠠᠯ ᠵᠡᠷᠭᠡ︶ ᠢ ᠬᠠᠤᠯᠢ ᠶᠣᠰᠣᠭᠠᠷ ᠨᠡᠬᠡᠮᠵᠢᠯᠡᠨ ᠠᠪᠬᠤ ᠳᠤ ︽ᠪᠡᠯᠡ ᠮᠥᠩᠭᠦᠨ ᠤ ᠲᠠᠲᠠᠭᠠᠯ︾ ᠠᠴᠠ ᠭᠠᠷᠭᠠᠨ᠎ᠠ᠃ ᠲᠣᠰ ᠠᠷᠭ᠎ᠠ ᠶᠢ ᠨᠡᠶᠢᠲᠡᠯᠡᠭᠰᠡᠨ ᠤ ᠳᠠᠷᠠᠭ᠎ᠠ ᠰᠢᠨ᠎ᠡ ᠪᠠᠷ ᠡᠭᠦᠰᠦᠭᠰᠡᠨ ᠬᠠᠤᠯᠢ ᠶᠣᠰᠣᠭᠠᠷ ᠠᠪᠴᠠᠭᠠᠨ ᠤ ᠡᠷᠬᠡ ᠶᠢ ᠣᠷᠣᠯᠠᠨ ᠳᠥᠯᠥᠬᠦ ᠳᠤ ᠬᠡᠷᠡᠭᠰᠡᠬᠦ ᠬᠠᠮᠢᠶ᠎ᠠ ᠪᠦᠬᠦᠢ ᠵᠠᠷᠤᠳᠠᠯ ᠢ ᠡᠵᠡᠩᠨᠡᠯᠲᠡ ᠶᠢᠨ ᠵᠠᠷᠤᠳᠠᠯ ᠤᠨ ᠳᠣᠲᠣᠷ᠎ᠠ  ᠠᠴᠠ ᠭᠠᠷᠭᠠᠨ᠎ᠠ᠃ ᠰᠢᠭᠦᠬᠦ ᠬᠤᠷᠢᠶ᠎ᠠ ᠠᠴᠠ ᠨᠢᠭᠡᠨᠲᠡ ᠭᠦᠢᠴᠡᠳᠬᠡᠵᠦ ᠳᠠᠭᠤᠰᠬᠠᠭᠠᠳ᠂ ᠭᠦᠢᠴᠡᠳᠬᠡᠬᠦ ᠡᠳ᠋ ᠬᠥᠷᠥᠩᠭᠡ ᠦᠭᠡᠢ ᠪᠣᠯᠤᠭᠰᠠᠨ ᠪᠠᠶᠢᠪᠠᠯ᠂ ᠨᠠᠶᠢᠳᠠᠯᠭ᠎ᠠ ᠶᠢ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠰᠢᠭᠦᠬᠦ ᠬᠤᠷᠢᠶ᠎ᠠ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠠᠢ ᠬᠠᠮᠲᠤᠷᠠᠨ ᠬᠠᠮᠲᠤ ᠪᠠᠷ ᠨᠤᠲᠠᠯᠠᠨ ᠲᠣᠭᠲᠠᠭᠠᠬᠤ ᠶᠢᠨ ᠬᠠᠮᠲᠤ ᠬᠤᠳᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠠᠪᠴᠤ ᠳᠡᠶᠢᠯᠬᠦ ᠦᠭᠡᠢ ᠲᠠᠩᠰᠠ ᠶᠢ ᠬᠢᠨᠠᠵᠤ ᠭᠠᠷᠭᠠᠨ᠎ᠠ᠃    ︵ᠳᠣᠯᠤᠭ᠎ᠠ︶ ︽ᠠᠷᠭ᠎ᠠ︾ ᠳᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠣᠭᠲᠠᠴᠠ ᠶᠢ ᠲᠣᠳᠣᠷᠬᠠᠢ ᠲᠣᠭᠲᠠᠭᠠᠪᠠ᠃    ᠨᠡᠬᠡᠮᠵᠢᠯᠡᠨ ᠲᠥᠯᠥᠭᠦᠯᠬᠦ ᠠᠬᠢᠴᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ ᠭᠡᠵᠦ ᠱᠠᠭᠠᠷᠳᠠᠵᠠᠢ᠃ ᠣᠷᠣᠯᠠᠨ ᠲᠦᠯᠦᠬᠦ ᠨᠤᠷᠮ᠎ᠠ ᠶᠢ ᠳᠤᠷᠠᠳᠴᠤ᠂ ᠠᠶᠤᠯ ᠲᠦᠭᠰᠢᠭᠦᠷᠢ ᠶᠢ  ᠬᠢᠵᠠᠭᠠᠷᠯᠠᠪᠠ᠃ ᠡᠭᠦᠨ ᠤ ᠬᠠᠮᠲᠤ ᠠᠶᠤᠯ ᠲᠦᠭᠰᠢᠭᠦᠷᠢ ᠶᠢ ᠨᠥᠬᠦᠪᠦᠷᠢᠯᠡᠬᠦ ᠲᠣᠭᠲᠠᠴᠠ ᠵᠢᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠤᠷᠪᠤᠰ ᠢ ᠪᠠᠶᠢᠭᠤᠯᠪᠠ᠃
ᠢᠷᠡᠯᠲᠡ᠄ ᠲᠣᠲᠣᠷᠬᠠᠢ ᠦᠭᠡᠢ