ᠮᠠᠨ ᠤ ᠣᠷᠣᠨ ᠭᠤᠷᠪᠠᠨ ᠲᠠᠯ᠎ᠠ ᠪᠠᠷ ᠬᠦᠴᠦᠯᠡᠵᠦ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2023/4/28
      4 ᠳ᠋ᠦ᠋ᠭᠡᠷ ᠰᠠᠷ᠎ᠠ ᠶᠢᠨ 27 ᠳᠤ  ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠬᠤᠷᠠᠯ ᠠᠴᠠ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠭᠰᠡᠨ ᠬᠥᠮᠥᠨ ᠬᠥᠮᠥᠵᠢᠭᠦᠯᠬᠦ ᠰᠢᠰᠲ᠋ᠧᠮ ᠢ ᠪᠠᠶᠢᠭᠤᠯᠬᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠡᠷᠬᠡ ᠲᠡᠭᠰᠢ ᠴᠢᠨᠠᠷ ᠰᠠᠶᠢᠲᠠᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠰᠲ᠋ᠧᠮ ᠢ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠬᠤ ᠭᠤᠷᠪᠠᠨ ᠲᠠᠯ᠎ᠠ ᠪᠠᠷ ᠪᠦᠭᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠣᠯᠣᠭᠰᠠᠨ ᠦᠷ᠎ᠡ ᠪᠦᠲᠦᠭᠡᠯ ᠢ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠮᠠᠨ ᠤ ᠣᠷᠣᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ 2022 ᠣᠨ ᠳᠤ ᠪᠦᠭᠦ ᠣᠷᠣᠨ ᠤ ᠰᠤᠷᠭᠠᠨ ᠬᠥᠮᠦᠵᠢᠯ ᠤᠨ ᠶᠡᠷᠦᠩᠬᠡᠢ ᠪᠡᠯᠡ ᠣᠷᠤᠭᠤᠯᠤᠯᠲᠠ 924.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.34% ᠨᠡᠮᠡᠭᠳᠡᠪᠡ︔ ᠪᠦᠭᠦ ᠣᠷᠣᠨ ᠤ ᠡᠩ ᠤᠨ ᠤᠯᠠᠨ ᠨᠡᠶᠢᠲᠡ ᠶᠢᠨ ᠲᠥᠰᠥᠪ ᠤᠨ ᠰᠤᠷᠭᠠᠨ ᠬᠥᠮᠦᠵᠢᠯ ᠤᠨ ᠵᠠᠷᠤᠳᠠᠯ 674.21 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ ᠣᠷᠣᠨ ᠤ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 11.5%  ᠢ ᠡᠵᠡᠯᠡᠪᠡ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠶᠢ ᠨᠡᠶᠢᠲᠡ 128.58 ᠳ᠋ᠦᠩᠰᠢᠭᠤᠷ ᠲᠥᠭᠦᠷᠢᠭ ᠪᠠᠭᠤᠯᠭᠠᠵᠤ᠂ ᠲᠦᠷᠦᠭᠦᠸ ᠵᠢᠯ ᠤᠨ ᠬᠢ ᠠᠴᠠ 7.85 ᠳ᠋ᠦᠩᠰᠢᠭᠤᠷ ᠲᠥᠭᠦᠷᠢᠭ ᠨᠡᠮᠡᠭᠳᠡᠨ᠂ 6.5% ᠪᠠᠷ ᠨᠡᠮᠡᠭᠳᠡᠪᠡ᠃      2022 ᠣᠨ ᠤ ᠡᠴᠦᠰ ᠪᠤᠯᠲᠠᠯ᠎ᠠ᠂ ᠪᠦᠭᠦ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠦᠬᠡᠳ ᠤᠨ ᠴᠡᠴᠡᠷᠯᠢᠭ ᠲᠤ ᠣᠷᠣᠭᠰᠠᠨ ᠨᠣᠷᠮ᠎ᠠ 95.0%᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 98.3%᠂ ᠥᠨᠳᠥᠷ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠨᠣᠷᠮ᠎ᠠ 95.2%᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠨᠣᠷᠮ᠎ᠠ 59.7% ᠪᠠᠶᠢᠵᠤ᠂ ᠴᠥᠮ ᠪᠦᠭᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠤᠯᠪᠠ︔ ᠪᠦᠭᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠲᠤᠰᠬᠠᠢ ᠲᠤᠰᠢᠶᠠᠯ ᠲᠠᠢ ᠪᠠᠭᠰᠢ 31.27 ᠲᠦᠮᠡ ᠳᠤ ᠬᠦᠷᠴᠦ᠂ 2020 ᠣᠨ ᠤ ᠬᠢ ᠠᠴᠠ 1.31 ᠲᠦᠮᠡᠨ ᠬᠥᠮᠥᠨ ᠨᠡᠮᠡᠭᠳᠡᠪᠡ᠃      ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ ᠶᠢ 88.1% ᠳᠤ ᠬᠦᠷᠭᠡᠵᠦ᠂ ᠴᠡᠴᠡᠷᠯᠢᠭ ᠲᠤ ᠪᠠᠶᠢᠭ᠎ᠠ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠡᠦᠬᠡᠳ ᠤᠨ ᠡᠵᠡᠯᠡᠬᠦ ᠬᠠᠷᠢᠴᠠᠯ ᠢ 56.8% ᠳᠤ ᠬᠦᠷᠭᠡᠵᠦ᠂ ᠪᠦᠭᠦ ᠤᠯᠤᠰ ᠲᠤ ᠳᠤᠮᠳᠠ ᠳᠡᠭᠡᠳᠦ ᠲᠦᠪᠰᠢᠨ ᠢ ᠪᠠᠲᠤᠯᠠᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠪᠠᠷ ᠰᠠᠭᠤᠷᠢ ᠢᠨᠵᠧᠨᠧᠷᠢᠩ ᠪᠣᠯᠭᠠᠵᠤ᠂ ︽ᠠᠯᠪᠠᠨ ᠤ ᠵᠠᠷᠤᠳᠠᠯ ᠢᠶᠠᠷ ᠬᠠᠨᠳᠤᠯᠭ᠎ᠠ ᠲᠠᠢ ᠪᠠᠷ ᠪᠠᠭᠰᠢ ᠬᠥᠮᠥᠵᠢᠭᠦᠯᠬᠦ ᠲᠥᠯᠥᠪᠯᠡᠭᠡ︾᠂ ᠰᠢᠯᠢᠳᠡᠭ ᠢᠳᠡᠷ ᠵᠠᠯᠠᠭᠤ ᠪᠠᠭᠰᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠥᠷᠥᠯ ᠵᠦᠢᠯ ᠬᠡᠷᠡᠭᠵᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠶᠡᠭᠡ ᠳᠡᠭᠡᠳᠦ ᠰᠤᠷᠭᠠᠭᠤᠯᠢ ᠶᠢᠨ ᠪᠠᠶᠢᠩᠭᠤ ᠶᠢᠨ ᠴᠢᠨᠠᠷᠲᠠᠢ ᠬᠠᠷᠢᠯᠴᠠᠵᠤ ᠦᠢᠯᠡᠴᠢᠯᠡᠬᠦ ᠠᠺᠠᠳᠧᠮᠢᠴᠢ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ 4 ᠠᠺᠠᠳᠧᠮᠢᠴᠢ ᠶᠢ ᠤᠷᠢᠵᠤ᠂ 1100 ᠭᠠᠷᠤᠢ ᠵᠠᠯᠠᠭᠤ ᠳ᠋ᠣᠺᠲ᠋ᠣᠷ ᠴᠢᠳᠠᠪᠤᠷᠢᠲᠠᠨ ᠢ ᠤᠷᠢᠵᠤ᠂ ᠪᠦᠭᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠳ᠋ᠣᠺᠲ᠋ᠣᠷ ᠴᠣᠯᠠ ᠲᠠᠢ ᠲᠤᠰᠬᠠᠢ ᠲᠤᠰᠢᠶᠠᠯ ᠲᠠᠢ ᠪᠠᠭᠰᠢ 5556 ᠪᠣᠯᠵᠤ᠂ ᠳᠡᠭᠡᠳᠦ ᠲᠠᠰ ᠤᠨ ᠴᠢᠳᠠᠪᠤᠷᠢᠲᠠᠨ ᠤ ᠡᠩᠨᠡᠭᠡ ᠤᠯᠠᠮ ᠢᠶᠠᠷ ᠪᠤᠵᠠᠭᠠᠶᠢᠷᠠᠪᠠ᠃ ︽ᠬᠤᠶᠠᠷ ᠢ ᠬᠥᠩᠭᠡᠷᠡᠭᠦᠯᠬᠦ︾ ᠠᠵᠢᠯ ᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ᠳᠠᠰᠬᠠᠯ ᠤᠨ ᠬᠠᠮᠢᠶᠠᠷᠤᠯᠲᠠ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠪᠠ᠃ ᠡᠴᠢᠭᠡ ᠡᠬᠡ ᠪᠠᠨ ᠳᠠᠭᠠᠵᠤ ᠨᠡᠭᠦᠭᠰᠡᠨ ᠦᠷ᠎ᠡ ᠬᠡᠦᠬᠡᠳ ᠤᠨ ︽ᠨᠥᠬᠦᠴᠡᠯ ᠦᠭᠡᠢ ᠪᠠᠷ︾᠂ ︽ᠬᠠᠷᠰᠢ ᠰᠠᠭᠠᠳ ᠦᠭᠡᠢ ᠪᠠᠷ︾ ᠰᠤᠷᠭᠠᠭᠤᠯᠢ ᠳᠤ ᠣᠷᠣᠭᠤᠯᠬᠤ ᠶᠢ ᠬᠡᠷᠡᠭᠵᠢᠭᠦᠯᠪᠡ᠃      ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠ ᠴᠢᠳᠠᠪᠤᠷᠢᠲᠠᠨ ᠬᠥᠮᠥᠵᠢᠭᠦᠯᠬᠦ ᠪᠠᠨ ᠴᠢᠩᠭᠠᠳᠬᠠᠵᠤ᠂ ᠪᠦᠭᠦ ᠣᠷᠣᠨ ᠳᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ 57 ᠰᠢᠨ᠎ᠡ ᠪᠠᠷ ᠨᠡᠮᠡᠭᠳᠡᠭᠦᠯᠵᠦ᠂ 41 ᠶᠢ ᠬᠠᠰᠤᠵᠤ᠂ ᠪᠦᠭᠦ ᠣᠷᠣᠨ ᠤ ᠪᠠᠶᠢᠭᠠᠯᠢ ᠲᠧᠭᠨᠢᠭ ᠤᠨ ᠤᠬᠠᠭᠠᠨ ᠲᠠᠷᠢᠶᠠᠯᠠᠩ ᠡᠮᠨᠡᠯᠭᠡ ᠶᠢᠨ ᠲᠥᠷᠥᠯ ᠤᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ 40.0% ᠪᠠᠶᠢᠭᠰᠠᠨ ᠠᠴᠠ 60.0%  ᠠᠴᠠ ᠳᠡᠭᠡᠭᠰᠢ ᠪᠣᠯᠭᠠᠨ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠬᠥᠨᠳᠡᠯᠡᠨ ᠭᠤᠯᠳᠤ ᠪᠠᠷ ᠨᠠᠪᠲᠠᠷᠡᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ 128 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ 239 ᠠᠵᠤ ᠠᠬᠤᠶᠢᠯᠠᠯ ᠬᠠᠮᠲᠤᠷᠠᠨ 317 ︽ᠵᠠᠬᠢᠶᠠᠯᠠᠭ᠎ᠠ ᠶᠢᠨ ᠠᠩᠭᠢ︾ ᠡᠷᠭᠢᠯᠡᠵᠦ᠂ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠠᠮᠲᠤ ᠪᠠᠷ ᠬᠥᠮᠥᠵᠢᠭᠦᠯᠵᠦ ᠪᠠᠶᠢᠨ᠎ᠠ᠃ ᠪᠡᠭᠡᠵᠢᠩ ᠥᠪᠥᠷ ᠮᠣᠩᠭᠤᠯ᠂ ᠱᠠᠨᠰᠢ ᠥᠪᠥᠷ ᠮᠣᠩᠭᠤᠯ᠂ ᠱᠠᠩᠬᠠᠢ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠡᠶᠢᠲᠡ 55 ᠳᠡᠭᠡᠳᠦ ᠰᠤᠷᠭᠠᠭᠤᠯᠢ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭᠠᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠨᠳᠥᠷ ᠳᠤᠮᠳᠠᠳᠤ  ᠳᠤ ᠰᠣᠷᠣᠬᠴᠢ ᠡᠯᠰᠡᠬᠦ ᠰᠢᠯᠭᠠᠯᠲᠠ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ᠂ ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ ᠂ ᠪᠠᠭᠰᠢ ᠶᠢᠨ ᠬᠢᠷᠢ ᠭᠡᠮ ᠤᠨ ᠰᠢᠯᠭᠠᠯᠲᠠ ᠵᠡᠷᠭᠡ ᠠᠯᠢ ᠣᠯᠠᠨ ᠰᠢᠯᠭᠠᠯᠲᠠ ᠪᠠᠷ ᠰᠣᠷᠣᠬᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠪᠡ᠃      ᠮᠠᠨ ᠤ ᠣᠷᠣᠨ ᠰᠤᠷᠭᠠᠨ ᠬᠥᠮᠦᠵᠢᠯ ᠤᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠴᠢᠳᠠᠪᠤᠷᠢ ᠪᠠᠨ ᠳᠠᠰᠤᠷᠠᠯᠳᠠ ᠦᠭᠡᠢ ᠴᠢᠩᠭᠠᠳᠬᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠤᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ