ᠮᠠᠨ ᠤ ᠬᠤᠲᠠ ᠶᠢᠨ ᠮᠡᠬᠡᠯᠡᠯ ᠳᠤ ᠬᠤᠯᠪᠣᠭᠳᠠᠭᠰᠠᠨ ᠰᠤᠷᠤᠭᠴᠢᠳ ᠲᠤ ᠴᠢᠭᠯᠡᠭᠦᠯᠦᠭᠰᠡᠨ ᠲᠦᠩᠯᠢᠶᠣᠣ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2023/4/3
      ᠣᠶᠢᠷ᠎ᠠ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ VOIP᠂ GOIP ᠶᠢᠨ ᠮᠡᠬᠡᠯᠡᠯ ᠳᠤ ᠬᠤᠯᠪᠣᠭᠳᠠᠭᠰᠠᠨ ᠲᠠᠪᠴᠠᠩ ᠳᠤ ᠴᠣᠬᠢᠯᠲᠠ ᠥᠭᠬᠦ ᠠᠵᠢᠯᠯᠠᠭ᠎ᠠ ᠥᠷᠨᠢᠭᠦᠯᠬᠦ ᠶᠠᠪᠤᠴᠠ ᠳᠤ ᠮᠠᠨ ᠤ ᠬᠤᠲᠠ ᠶᠢᠨ ᠬᠡᠰᠡᠭ ᠰᠤᠷᠤᠭᠴᠢᠳ ᠴᠤᠤᠷᠢᠶ᠎ᠠ᠂ ᠬᠤᠷᠳᠤᠨ ᠭᠠᠷ ᠵᠡᠷᠭᠡ ᠰᠦᠯᠵᠢᠶᠡᠨ ᠤ ᠲᠠᠪᠴᠠᠩ ᠳᠤ ᠳᠦᠷᠰᠦ ᠰᠢᠩᠭᠡᠭᠡᠯᠲᠡ ᠦᠵᠡᠵᠦ ᠪᠠᠶᠢᠬᠤ ᠳᠠᠭᠠᠨ ᠶᠠᠯᠠᠲᠤ ᠡᠲᠡᠭᠡᠳ ᠤᠨ ᠨᠡᠶᠢᠲᠡᠯᠡᠭᠰᠡᠨ ᠥᠨᠳᠥᠷ ᠴᠠᠯᠢᠩ ᠲᠠᠢ ᠲᠤᠰᠢᠶᠠᠯ ᠬᠠᠪᠰᠤᠷᠭᠠᠭᠰᠠᠨ ᠠᠵᠢᠯ ᠤᠨ ᠴᠢᠮᠡᠭᠡ ᠵᠠᠩᠭᠢ ᠶᠢᠨ ᠥᠳᠥᠭᠡᠯᠭᠡ ᠳᠤ ᠤᠷᠤᠭᠰᠠᠨ ᠢ ᠣᠯᠵᠤ ᠮᠡᠳᠡᠵᠡᠢ᠂ ᠲᠡᠳᠡᠨ ᠢ ᠥᠳᠥᠭᠡᠨ ᠪᠠᠩᠬᠢ ᠶᠢᠨ ᠺᠠᠷᠲ᠂ ᠭᠠᠷ ᠤᠲᠠᠰᠤᠨ ᠤ ᠺᠠᠷᠲ᠂ QQ ᠪᠤᠶᠤ ᠸᠢᠴᠠᠲ ᠨᠡᠶᠢᠭᠡᠮ ᠤᠨ ᠬᠠᠷᠢᠯᠴᠠᠭᠠᠨ ᠤ ᠲᠠᠩᠰᠠᠨ ᠨᠣᠮᠧᠷ᠂ ᠲᠥᠯᠥᠪᠦᠷᠢ ᠶᠢᠨ ᠲᠠᠩᠰᠠᠨ ᠨᠣᠮᠧᠷ ᠢ ᠲᠦᠷᠢᠶᠡᠰᠦᠯᠡᠭᠦᠯᠬᠦ᠂ ᠵᠢᠭᠡᠯᠡᠭᠦᠯᠬᠦ᠂ ᠬᠤᠳᠠᠯᠳᠤᠭᠤᠯᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠵᠣᠭᠤᠰ ᠤᠬᠢᠶᠠᠬᠤ ᠶᠠᠯᠠᠲᠤ ᠠᠵᠢᠯᠯᠠᠭ᠎ᠠ ᠳᠤ ᠬᠡᠷᠡᠭᠯᠡᠭᠰᠡᠨ ᠪᠠᠶᠢᠨ᠎ᠠ᠃ ᠡᠭᠦᠨ ᠤ ᠵᠡᠷᠭᠡ ᠳᠤ᠂ ᠶᠠᠯᠠᠲᠤ ᠡᠲᠡᠭᠡᠳ ᠰᠤᠷᠤᠭᠴᠢᠳ ᠤᠨ ᠬᠡᠪ ᠤᠨ ᠬᠡᠷᠡᠭᠯᠡᠭᠡᠨ ᠤ ᠭᠠᠷ ᠤᠲᠠᠰᠤ ᠶᠢ ᠠᠰᠢᠭᠯᠠᠨ GOIP ᠶᠢᠨ ᠮᠡᠬᠡᠯᠡᠯ ᠳᠤ ᠬᠤᠯᠪᠣᠭᠳᠠᠭᠰᠠᠨ ᠲᠥᠬᠦᠮ ᠲᠠᠪᠴᠠᠩ ᠭᠠᠷᠭᠠᠬᠤ ᠪᠠ ᠣᠬᠤᠷ ᠮᠡᠳᠡᠭᠡ ᠶᠠᠪᠤᠭᠤᠯᠵᠤ ᠮᠡᠬᠡᠨ  ᠳᠡᠭᠡᠨ ᠤᠷᠤᠭᠤᠯᠬᠤ ᠵᠡᠷᠭᠡ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠠᠯᠠᠲᠤ ᠠᠵᠢᠯᠯᠠᠭ᠎ᠠ ᠬᠢᠭᠰᠡᠨ ᠪᠠᠶᠢᠨ᠎ᠠ᠃      ᠮᠡᠬᠡᠯᠡᠯ ᠳᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ᠳᠠᠬᠢ ᠪᠠᠩᠬᠢ ᠶᠢᠨ ᠺᠠᠷᠲ᠂ ᠭᠠᠷ ᠤᠲᠠᠰᠤᠨ ᠺᠠᠷᠲ ᠵᠢᠴᠢ QQ ᠪᠤᠶᠤ ᠸᠢᠴᠠᠲ ᠨᠡᠶᠢᠭᠡᠮ ᠤᠨ ᠬᠠᠷᠢᠯᠴᠠᠭᠠᠨ ᠤ ᠲᠠᠩᠰᠠᠨ ᠨᠣᠮᠧᠷ᠂ ᠲᠥᠯᠥᠪᠦᠷᠢ ᠶᠢᠨ ᠲᠠᠩᠰᠠᠨ ᠨᠣᠮᠧᠷ ᠵᠡᠷᠭᠡ ᠰᠦᠯᠵᠢᠶᠡᠨ ᠤ ᠲᠠᠩᠰᠠᠨ ᠨᠣᠮᠧᠷ ᠢ ᠠᠷᠠᠯᠵᠢᠶᠠᠯᠠᠬᠤ ᠲᠤᠬᠠᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠡᠳᠦᠭᠡ ᠳᠣᠣᠷᠠᠬᠢ ᠮᠡᠲᠦ ᠵᠠᠷᠯᠠᠶ᠎ᠠ᠄      ᠨᠢᠭᠡ᠂ ᠮᠠᠨ ᠤ ᠬᠤᠲᠠ ᠳᠤ ᠸᠢᠴᠠᠲ᠂ QQ ᠵᠡᠷᠭᠡ ᠨᠡᠶᠢᠭᠡᠮ ᠤᠨ ᠬᠠᠷᠢᠯᠴᠠᠭᠠᠨ ᠤ ᠳᠠᠩᠰᠠᠨ ᠨᠣᠮᠧᠷ ᠵᠢᠴᠢ ᠭᠠᠷ ᠤᠲᠠᠰᠤᠨ ᠤ ᠨᠣᠮᠧᠷ᠂ ᠪᠠᠩᠬᠢ ᠶᠢᠨ ᠺᠠᠷᠲ ᠵᠡᠷᠭᠡ ᠶᠢ ᠳᠦᠷᠢᠶᠡᠰᠦᠯᠡᠵᠦ᠂ ᠵᠢᠭᠡᠯᠡᠭᠦᠯᠵᠦ᠂ ᠬᠤᠳᠠᠯᠳᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ ᠪᠤᠶᠤ ᠶᠠᠭ ᠳᠡᠭᠡᠷᠡᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠪᠠᠷ ᠪᠠᠶᠢᠭ᠎ᠠ ᠰᠤᠷᠤᠭᠴᠢᠳ᠂ ᠠᠯᠢᠪᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠳᠠᠷᠤᠶᠢᠬᠠᠨ ᠵᠣᠭᠰᠤᠭᠠᠬᠤ ᠶᠢᠨ ᠬᠠᠮᠲᠤ ᠲᠦᠷᠢᠶᠡᠰᠦᠯᠡᠭᠦᠯᠦᠭᠰᠡᠨ᠂ ᠬᠤᠳᠠᠯᠳᠤᠭᠰᠠᠨ᠂ ᠵᠢᠭᠡᠯᠡᠭᠦᠯᠦᠭᠰᠡᠨ ᠨᠣᠮᠧᠷ ᠢ ᠬᠦᠴᠦᠨ ᠦᠭᠡᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠰᠤᠷᠭᠠᠭᠤᠯᠢ ᠶᠢᠨ ᠪᠠᠭᠰᠢ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠠᠶᠢᠳᠠᠯ ᠢᠶᠠᠨ ᠲᠤᠳᠤᠷᠬᠠᠶᠢᠯᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠣᠳᠠᠲᠤ ᠶᠠᠪᠤᠳᠠᠯ ᠢᠶᠠᠨ ᠦᠨᠡᠨ ᠮᠥᠨ ᠢᠶᠠᠷ ᠨᠢ ᠥᠴᠢᠭᠯᠡᠨ᠂ ᠠᠭᠤᠴᠢᠯᠠᠨ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ      ᠬᠤᠶᠠᠷ᠂ ᠲᠦᠩᠯᠢᠶᠣᠣ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠣᠭᠲᠣ ᠠᠭᠤᠴᠢᠯᠠᠬᠤ ᠦᠭᠡᠢ︾ ᠣᠪᠣᠷ ᠢᠶᠠᠷ ᠰᠤᠷᠭᠠᠭᠤᠯᠢ ᠶᠢᠨ ᠬᠦᠷᠢᠶᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠰᠤᠷᠤᠭᠴᠢᠳ ᠢ ᠥᠳᠥᠭᠡᠨ ᠸᠢᠴᠠᠲ᠂ QQ ᠵᠡᠷᠭᠡ ᠨᠡᠶᠢᠭᠡᠮ ᠤᠨ ᠬᠠᠷᠢᠯᠴᠠᠭᠠᠨ ᠤ ᠳᠠᠩᠰᠠᠨ ᠨᠣᠮᠧᠷ ᠵᠢᠴᠢ ᠭᠠᠷ ᠤᠲᠠᠰᠤᠨ ᠤ ᠺᠠᠷᠲ᠂ ᠪᠠᠩᠬᠢ ᠶᠢᠨ ᠺᠠᠷᠲ ᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠬᠤᠳᠠᠯᠳᠤᠭᠤᠯᠤᠭᠰᠠᠨ ᠶᠠᠯᠠᠲᠤ ᠡᠲᠡᠭᠡᠳ ᠪᠠᠶᠢᠳᠠᠯ ᠢ ᠲᠣᠳᠣᠷᠬᠠᠢ ᠲᠠᠨᠢᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠᠨ ᠳᠠᠷᠤᠢ ᠲᠦᠷᠭᠡᠨ ᠵᠣᠭᠰᠣᠭᠠᠵᠤ᠂ ᠰᠠᠨᠠᠭᠠᠴᠢᠯᠠᠭ᠎ᠠ ᠠᠴᠠ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠴᠦ ᠪᠠᠶᠢᠳᠠᠯ ᠢ ᠲᠣᠳᠣᠷᠬᠠᠶᠢᠯᠠᠵᠤ᠂ ᠬᠥᠩᠭᠡᠨ ᠢᠶᠠᠷ ᠰᠢᠢᠳᠭᠡᠬᠦ ᠪᠤᠶᠤ ᠬᠥᠩᠭᠡᠷᠡᠭᠦᠯᠦᠨ ᠰᠢᠢᠳᠭᠡᠬᠦ ᠶᠢ ᠲᠡᠮᠡᠴᠡᠨ ᠣᠯᠬᠤ ᠬᠡᠷᠡᠭᠲᠡᠢ ᠭᠡᠵᠦ ᠲᠥᠪ ᠴᠢᠩᠭ᠎ᠠ ᠪᠠᠷ ᠰᠠᠨᠠᠭᠤᠯᠵᠤ ᠪᠠᠶᠢᠨ᠎ᠠ᠃ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠬᠤ ᠶᠢ ᠲᠡᠪᠴᠢᠭᠰᠡᠨ ᠬᠥᠮᠥᠰ ᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃      ᠥᠷᠭᠡᠨ ᠤᠯᠠᠨ ᠠᠷᠠᠳ ᠲᠦᠮᠡᠨ ᠡᠯ᠎ᠡ ᠲᠦᠷᠦᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠦᠭᠡᠷᠡᠢ᠃ ᠢᠯᠡᠴᠢᠯᠡᠨ ᠮᠡᠳᠡᠭᠦᠯᠦᠭᠴᠢ ᠵᠢᠴᠢ ᠪᠤᠰᠤᠳ ᠬᠤᠯᠪᠣᠭᠳᠠᠯ ᠪᠦᠬᠦᠢ ᠭᠡᠷᠡᠴᠢᠯᠡᠭᠴᠢ ᠶᠢᠨ ᠨᠢᠭᠤᠴᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠬᠠᠮᠠᠭᠠᠯᠠᠨ᠎ᠠ᠃ ᠢᠯᠡᠴᠢᠯᠡᠨ ᠮᠡᠳᠡᠭᠦᠯᠦᠭᠴᠢ ᠵᠢᠴᠢ ᠪᠤᠰᠤᠳ ᠬᠤᠯᠪᠣᠭᠳᠠᠯ ᠪᠦᠬᠦᠢ ᠭᠡᠷᠡᠴᠢᠯᠡᠭᠴᠢ ᠶᠢ ᠰᠦᠷᠳᠡᠭᠦᠯᠦᠭᠰᠡᠨ᠂ ᠥᠰᠢᠶ᠎ᠡ ᠠᠪᠤᠭᠰᠠᠨ ᠪᠤᠶᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠡᠲᠡᠭᠡᠳ ᠢ ᠨᠢᠭᠤᠨ ᠳᠠᠯᠳᠠᠯᠠᠵᠤ᠂ ᠥᠮᠥᠭᠯᠡᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠢᠯᠡᠴᠢᠯᠡᠨ ᠮᠡᠳᠡᠭᠦᠯᠬᠦ ᠤᠲᠠᠰᠤ᠄ 96110ᠲᠦᠩᠯᠢᠶᠣᠣ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠰᠠᠯᠪᠤᠷᠢ ᠠᠩᠭᠢ ︵ᠮᠡᠬᠡᠯᠡᠯ ᠢ ᠡᠰᠡᠷᠭᠦᠴᠡᠬᠦ ᠲᠥᠪ︶2023 ᠣᠨ ᠤ 3 ᠳ᠋ᠤᠭᠠᠷ ᠰᠠᠷ᠎ᠠ ᠶᠢᠨ 20
ᠢᠷᠡᠯᠲᠡ᠄ ᠲᠦᠩᠯᠢᠶᠣᠣ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ