ᠪᠠᠶᠠᠨᠮᠦ᠋ᠩᠬᠡ
ᠨᠡᠶᠢᠲᠡᠯᠡᠭᠰᠡᠨ ᠴᠠᠭ᠄
2023/5/11
     ᠪᠠᠶᠠᠨᠮᠦᠩᠬᠡ ︵1921 — 1997︶᠂ ᠭᠦᠷᠢᠶ᠎ᠡ ᠬᠤᠰᠢᠭᠤ ᠶᠢᠨ ᠠᠬᠠᠮᠠᠳ ᠤᠳᠤᠷᠢᠳᠤᠯᠭ᠎ᠠ᠂ ᠠᠵᠦ ᠠᠬᠤᠢ ᠶᠢᠨ ᠭᠦᠭᠵᠢᠯ ᠤᠨ ᠵᠢᠳᠭᠦᠯᠳᠡᠨ᠂ ᠲᠢᠩᠬᠢᠮ ᠤᠨ ᠲᠡᠰ ᠤᠨ ᠺᠠᠳ᠋ᠷ᠃      ᠭᠦᠷᠢᠶ᠎ᠡ ᠲᠦᠮᠡᠨ ᠤ ᠵᠢᠷᠦᠬᠡᠨ ᠳᠤ ᠰᠦᠨᠳᠡᠷᠯᠡᠭᠰᠡᠨ ᠨᠤᠭᠤᠭᠠᠨ ᠭᠦᠰᠢᠶ᠎ᠡ      ᠪᠠᠶᠠᠨᠮᠦ᠋ᠩᠬᠡ᠂ ᠲᠠᠭᠤᠷ ᠦᠨᠳᠦᠰᠦᠳᠠᠨ᠂ 1921 ᠤᠨ ᠤ 3 ᠰᠠᠷ᠎ᠠ ᠳᠤ ᠬᠠᠷᠠᠮᠦ᠋ᠷᠡᠨ ᠮᠤᠵᠢ ᠶᠢᠨ ᠨᠤᠨ ᠮᠦᠷᠡᠨ ᠰᠢᠶᠠᠨ ᠳᠤ ᠮᠡᠨᠳᠤᠯᠡᠵᠡᠢ᠃ 1946 ᠤᠨ ᠳᠤ ᠬᠤᠪᠢᠰᠬᠠᠯ ᠳᠤ ᠤᠷᠤᠯᠴᠠᠵᠦ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠴᠡᠷᠢᠭ ᠤᠨ 44 ᠳ᠋ᠤᠬᠡᠷ ᠬᠤᠷᠢᠶ᠎ᠠ ᠳᠤ ᠰᠠᠯᠠᠭᠠᠨ ᠲᠠᠷᠤᠭ᠎ᠠ ᠪᠠᠶᠢᠪᠠ᠃ 1947 ᠤᠨ ᠤ 11 ᠰᠠᠷ᠎ᠠ ᠶᠢᠨ 27 ᠳᠤ ᠲᠤᠮᠳᠠᠳᠦ ᠤᠯᠤᠰ ᠤᠨ ᠡᠪ ᠬᠠᠮᠳᠦ ᠨᠠᠮ ᠳᠤ ᠡᠯᠰᠡᠭᠳᠡᠪᠡ᠃ 1947 ᠤᠨ ᠤ 6 ᠰᠠᠷ᠎ᠠ ᠳᠤ ᠦᠪᠦᠷ ᠮᠤᠩᠭᠤᠯ ᠤᠨ ᠵᠢᠷᠢᠮ ᠠᠶᠢᠮᠠᠭ ᠤᠨ ᠬᠤᠷᠴᠢᠨ ᠵᠡᠭᠦᠨ ᠭᠠᠷᠤᠨ ᠲᠤᠮᠳᠠᠳᠦ ᠬᠤᠰᠢᠭᠤ᠂ ᠭᠦᠷᠢᠶ᠎ᠡ ᠬᠤᠰᠢᠭᠤ᠂ ᠨᠠᠢᠮᠠᠨ ᠬᠤᠰᠢᠭᠤ᠂ ᠬᠤᠷᠴᠢᠨ ᠵᠡᠭᠦᠨ ᠭᠠᠷᠤᠨ ᠡᠮᠦᠨᠡᠳᠦ ᠬᠤᠰᠢᠭᠤᠳ ᠢᠶᠠᠷ ᠭᠠᠵᠠᠷ ᠰᠢᠷᠤᠢ ᠶᠢᠨ ᠦᠬᠡᠷᠡᠴᠢᠯᠡᠯᠳᠠ ᠳᠤ ᠤᠷᠤᠯᠴᠠᠨ᠂ ᠠᠵᠢᠯᠯᠠᠬᠤ ᠲᠤᠭᠤᠶᠢᠯᠠᠩ ᠳᠤ ᠲᠠᠷᠤᠭᠠᠯᠠᠵᠦ ᠪᠠᠶᠢᠪᠠ᠃      1950 — 1954 ᠤᠨ ᠪᠤᠯᠳᠠᠯ᠎ᠠ ᠲᠡᠷᠡ ᠤᠷᠢᠳ ᠬᠤᠵᠢᠳ ᠭᠦᠷᠢᠶ᠎ᠡ ᠬᠤᠰᠢᠭᠤᠨ ᠤ ᠨᠠᠮ ᠤᠨ ᠬᠤᠷᠢᠶ᠎ᠠ  ᠶᠢᠨ ᠨᠠᠷᠢᠨ ᠪᠢᠴᠢᠬᠡᠴᠢ᠂ ᠬᠠᠷᠠᠭᠤᠤ ᠨᠤᠳᠤᠭ ᠤᠨ ᠨᠠᠮ ᠤᠨ ᠬᠤᠷᠢᠶ᠎ᠠ ᠶᠢᠨ ᠱᠦᠵᠢ᠂ ᠭᠦᠷᠢᠶ᠎ᠡ ᠬᠤᠰᠢᠭᠤᠨ ᠤ ᠨᠠᠮ  ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠲᠡᠳ᠋ ᠲᠠᠷᠤᠭ᠎ᠠ᠂ ᠲᠠᠷᠤᠭ᠎ᠠ ᠪᠠᠷ ᠤᠷᠢᠳ ᠬᠤᠵᠢᠳ ᠠᠵᠢᠯᠯᠠᠪᠠ᠃ ᠲᠤᠬᠠᠢ ᠶᠢᠨ ᠦᠶ᠎ᠡ ᠳᠤ᠂ ᠶᠠᠭ ᠠᠮᠧᠷᠢᠺᠠ ᠶᠢ ᠡᠰᠡᠷᠭᠦᠴᠡᠨ ᠰᠤᠯᠤᠩᠭᠤᠰ ᠢ ᠲᠤᠰᠠᠯᠠᠬᠤ ᠲᠠᠶᠢᠨ ᠲᠤᠬᠢᠶᠠᠯᠳᠤᠭᠰᠠᠨ ᠲᠤᠯᠠ ᠲᠡᠷᠡ ᠨᠦᠭᠦᠳ ᠲᠠᠢ ᠪᠠᠨ ᠬᠠᠮᠳᠦ ᠦᠢᠯᠡᠳᠪᠦᠷᠢ ᠠᠭᠤᠷᠬᠠᠢ᠂ ᠪᠠᠶᠢᠭᠤᠯᠭ᠎ᠠ ᠨᠢᠬᠡᠴᠢ ᠪᠡ ᠭᠦᠳᠡᠭᠡ ᠲᠤᠰᠬᠤᠨ ᠮᠠᠯᠵᠢᠬᠤ ᠤᠷᠤᠨ ᠳᠤ ᠭᠦᠨᠵᠡᠬᠡᠶᠢᠷᠡᠨ᠂ ᠰᠤᠷᠳᠠᠯ ᠤᠬᠠᠭᠤᠯᠭ᠎ᠠ ᠶᠢᠨ ᠠᠵᠢᠯ ᠢᠶᠠᠨ ᠭᠦᠷ ᠭᠦᠭᠵᠢᠶᠡᠨᠳᠡᠢ ᠦᠷᠨᠢᠭᠦᠯᠵᠦ᠂ ᠦᠨᠳᠦᠰᠦᠳᠠᠨ ᠨᠦᠭᠦᠳ ᠤᠨ ᠠᠷᠠᠳ ᠲᠦᠮᠡᠨ ᠤ ᠤᠬᠠᠮᠰᠠᠷ ᠢ ᠲᠡᠬᠡᠭᠰᠢᠯᠡᠭᠦᠯᠦᠨ ᠤᠷᠮ᠎ᠠ ᠵᠤᠷᠢᠭ ᠢ  ᠨᠢ ᠲᠠᠶᠢᠴᠢᠯᠠᠭᠰᠠᠨ ᠠᠴᠠ᠂ ᠪᠦᠭᠦ ᠬᠤᠰᠢᠭᠤ ᠪᠠᠷ ᠢᠶᠠᠨ ᠡᠷᠭᠦᠨ ᠲᠤᠰᠠᠯᠠᠭᠰᠠᠨ ᠡᠳ᠋ ᠪᠤᠳᠠᠰ ᠢ ᠵᠠᠩ ᠡᠦ᠂ ᠮᠦᠭᠳᠡᠨ ᠵᠡᠷᠬᠡ ᠭᠠᠵᠠᠷ ᠪᠤᠰᠢᠭᠤ ᠱᠠᠯᠠᠮᠠᠭᠠᠢ ᠭᠦᠷᠬᠡᠨ ᠦᠭᠴᠦ᠂ ᠠᠮᠧᠷᠢᠺᠠ ᠶᠢ ᠡᠰᠡᠷᠭᠦᠴᠡᠨ ᠰᠤᠯᠤᠩᠭᠤᠰ ᠢ ᠲᠤᠰᠠᠯᠠᠬᠤ ᠡᠮᠦᠨ᠎ᠡ ᠹᠷᠤᠨᠲ ᠢ ᠭᠦᠴᠦᠳᠠᠢ ᠲᠡᠮᠵᠢᠭᠰᠡᠨ ᠢᠶᠠᠷ ᠲᠡᠬᠡᠳᠦ ᠱᠠᠳᠤᠨ ᠤ ᠦᠨᠳᠦᠷ ᠦᠨᠡᠯᠡᠯᠳᠠ ᠶᠢ ᠭᠦᠷᠳᠡᠵᠦ᠂ ᠭᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠠᠴᠠ ᠰᠠᠶᠢᠰᠢᠶᠠᠨ ᠭᠦᠬᠢᠭᠦᠯᠦᠭᠰᠡᠨ ᠪᠦᠬᠡᠳ ᠪᠠᠶᠠᠨᠮᠦ᠋ᠩᠬᠡ ᠳᠤ ᠱᠠᠩᠨᠠᠯ  ᠤᠨ ᠲᠡᠮᠳᠡᠭ ᠤᠯᠭᠤᠪᠠ᠃      1954.3 — 1960.5 ᠰᠠᠷ᠎ᠠ ᠪᠤᠯᠳᠠᠯ᠎ᠠ ᠲᠡᠷᠡ ᠭᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠠ ᠭᠦᠷᠢᠶ᠎ᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠴᠢ ᠲᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠦ ᠪᠠᠶᠢᠭᠰᠠᠨ ᠪᠠ ᠡᠨᠡ ᠬᠤᠭᠤᠴᠠᠭᠠᠨ ᠳᠤ ᠬᠤᠰᠢᠭᠤ ᠨᠠᠮ ᠤᠨ ᠬᠤᠷᠢᠶ᠎ᠠ  ᠶᠢᠨ ᠱᠦᠵᠢ ᠳᠤ ᠬᠠᠮᠵᠢᠨ ᠶᠠᠳᠠᠭᠤ ᠭᠦᠴᠢᠷᠳᠡᠯᠳᠦ ᠤᠷᠤᠨ ᠤ ᠬᠤᠴᠤᠷᠤᠩᠭᠤᠢ ᠤᠷᠤᠨ ᠤ ᠲᠦᠷᠰᠦ ᠪᠠᠶᠢᠳᠠᠯ ᠢ ᠬᠤᠪᠢᠷᠠᠭᠤᠯᠬᠤ ᠳᠤ ᠭᠦᠴᠦᠨ ᠴᠢᠳᠠᠯ ᠢᠶᠠᠨ ᠡᠷᠭᠦᠵᠡᠢ᠃      ᠭᠦᠷᠢᠶ᠎ᠡ ᠬᠤᠰᠢᠭᠤ ᠪᠤᠯ ᠡᠮᠦᠨ᠎ᠡ ᠪᠡᠶ᠎ᠡ ᠪᠠᠷ ᠢᠶᠠᠨ ᠭᠤᠤ ᠭᠠᠩᠭ᠎ᠠ ᠰᠦᠯᠵᠢᠯᠳᠦᠨ᠂ ᠬᠤᠶᠢᠳᠦ ᠪᠡᠶ᠎ᠡ ᠪᠠᠷ ᠢᠶᠠᠨ ᠡᠯᠡᠰᠦ ᠮᠠᠩᠬ᠎ᠠ ᠵᠠᠯᠭᠠᠯᠳᠤᠭᠰᠠᠨ ᠪᠠᠶᠢᠭᠠᠯᠢ ᠭᠠᠵᠠᠷ ᠵᠦᠢ ᠶᠢᠨ ᠤᠷᠤᠨ ᠪᠠᠶᠢᠷᠢᠰᠢᠯ ᠤᠨ ᠨᠦᠭᠦᠴᠡᠯ ᠮᠠᠭᠤ᠂ ᠠᠷᠠᠳ  ᠤᠨ ᠠᠮᠢᠳᠤᠷᠠᠯ ᠶᠠᠳᠠᠭᠤ ᠲᠠᠷᠴᠢᠭ ᠭᠠᠵᠠᠷ ᠤᠷᠤᠨ ᠪᠢᠯᠡ᠃ 1960 ᠤᠨ ᠤ 5 ᠰᠠᠷ᠎ᠠ ᠳᠤ ᠪᠠᠶᠠᠨᠮᠦ᠋ᠩᠬᠡ ᠭᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠭᠠᠷᠤᠭᠰᠠᠨ ᠤ ᠲᠠᠷᠠᠭ᠎ᠠ᠂ ᠭᠦᠷᠢᠶ᠎ᠡ ᠬᠤᠰᠢᠭᠤᠨ ᠤ ᠶᠠᠳᠠᠭᠤ ᠬᠤᠴᠤᠷᠤᠩᠭᠤᠢ ᠲᠦᠷᠰᠦ ᠪᠠᠶᠢᠳᠠᠯ ᠢ ᠬᠤᠪᠢᠷᠠᠭᠤᠯᠬᠤ ᠬᠠᠳᠠᠨ ᠵᠤᠷᠢᠭ ᠢ ᠪᠠᠷᠢᠵᠦ᠂ ᠬᠤᠰᠢᠭᠤ ᠨᠠᠮ ᠤᠨ ᠬᠤᠷᠢᠶ᠎ᠠ ᠶᠢᠨ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠨᠦᠭᠦᠳ ᠢᠶᠠᠨ ᠲᠠᠭᠠᠭᠤᠯᠤᠨ᠂ ᠭᠦᠷᠢᠶ᠎ᠡ ᠬᠤᠰᠢᠭᠤᠨ ᠤ ᠠᠭᠤᠯᠠ ᠤᠰᠦ ᠶᠢ ᠦᠯᠡᠳᠡᠬᠡᠯ ᠦᠬᠡᠢ ᠪᠠᠷᠠᠳᠠᠯ᠎ᠠ ᠲᠤᠭᠤᠷᠢᠨ ᠪᠠᠶᠢᠴᠠᠭᠠᠭᠰᠠᠨ ᠰᠠᠭᠤᠷᠢᠨ ᠲᠡᠬᠡᠷ᠎ᠡ᠄ ︽ᠤᠢ ᠮᠤᠳᠦ ᠲᠠᠷᠢᠵᠦ᠂ ᠤᠢ ᠰᠢᠭᠤᠢ ᠶᠢ ᠭᠦᠭᠵᠢᠭᠦᠯᠭᠦ ᠪᠤᠯ ᠭᠦᠷᠢᠶ᠎ᠡ ᠬᠤᠰᠢᠭᠤᠨ ᠤ ᠴᠤᠷ ᠤᠨ ᠭᠠᠭᠴᠠ ᠭᠠᠷᠬᠤ ᠵᠠᠮ ᠮᠦᠨ︾ ᠬᠡᠵᠦ ᠲᠤᠷᠠᠳᠤᠨ ᠭᠠᠷᠭᠠᠭᠰᠠᠨ ᠪᠦᠬᠡᠳ ᠭᠦᠷᠢᠶ᠎ᠡ ᠬᠤᠰᠢᠭᠤᠨ ᠤ ᠪᠤᠳᠠᠳᠦ ᠪᠠᠶᠢᠳᠠᠯ  ᠳᠤ ᠦᠨᠳᠦᠰᠦᠯᠡᠨ᠂ ᠤᠢ ᠰᠢᠭᠤᠢ ᠶᠢᠨ ᠰᠠᠭᠤᠷᠢᠨ᠂ ᠵᠢᠮᠢᠰ ᠤᠨ ᠮᠤᠳᠤᠨ ᠤ ᠰᠠᠭᠤᠷᠢᠨ᠂ ᠲᠤᠰᠠᠯᠠᠬᠤ ᠦᠢᠯᠡᠳᠪᠦᠷᠢᠯᠡᠯ ᠤᠨ ᠰᠠᠭᠤᠷᠢᠨ ᠵᠡᠷᠬᠡ ︽ᠭᠤᠷᠪᠠᠨ ᠲᠤᠮᠤ ᠰᠠᠭᠤᠷᠢᠨ︾ ᠢ ᠪᠦᠳᠦᠬᠡᠨ ᠪᠠᠶᠢᠭᠤᠯᠬᠤ ᠪᠠᠷ ᠲᠤᠭᠳᠠᠪᠠ᠃ ᠵᠦᠪ ᠤᠨᠤᠪᠴᠢᠳᠠᠢ ᠦᠵᠡᠯ ᠰᠠᠨᠠᠭ᠎ᠠ ᠪᠠᠨ ᠦᠷᠬᠡᠨ ᠤᠯᠠᠨ ᠲᠦᠮᠡᠨ ᠤ ᠪᠤᠳᠠᠳᠦ ᠠᠵᠢᠯᠯᠠᠭ᠎ᠠ ᠪᠤᠯᠭᠠᠨ ᠬᠤᠪᠢᠷᠠᠭᠤᠯᠬᠤ ᠶᠢᠨ ᠲᠦᠯᠦᠬᠡ ᠪᠠᠶᠠᠨᠮᠦ᠋ᠩᠬᠡ ᠦᠪᠡᠷ ᠤᠨ ᠪᠡᠶ᠎ᠡ ᠪᠠᠷ ᠢᠶᠠᠨ ᠬᠡᠪ ᠲᠦᠷᠢᠮ ᠪᠤᠯᠵᠦ᠂ ᠦᠨᠳᠦᠰᠦᠨ ᠱᠠᠳᠤᠨ ᠳᠤ ᠭᠦᠨᠵᠡᠬᠡᠶᠢᠷᠡᠨ᠂ ᠭᠤᠷᠪᠠᠨ ᠰᠠᠭᠤᠷᠢᠨ ᠢ ᠪᠠᠶᠢᠭᠤᠯᠬᠤ ᠲᠤᠮᠳᠠ ᠢᠯᠡᠷᠡᠨ ᠭᠠᠷᠤᠭᠰᠠᠨ ᠲᠦᠮᠡᠨ ᠮᠤ᠋ ᠤᠢ ᠰᠢᠭᠤᠢ ᠲᠠᠢ ᠲᠤᠤᠷ᠎ᠠ ᠰᠢᠪᠡᠭᠡ ᠶᠡᠭᠡ ᠪᠠᠷᠢᠭᠠᠳᠠ᠂ ᠤᠢ ᠰᠢᠭᠤᠢ ᠲᠠᠷᠢᠵᠦ ᠤᠰᠤ ᠭᠦᠷᠦᠰᠦᠨ ᠤ ᠢᠳᠡᠭᠳᠡᠯ ᠢ ᠵᠠᠰᠠᠭᠰᠠᠨ ᠪᠠᠶᠠᠨᠬᠤᠸᠠ ᠨᠢᠬᠡᠳᠦᠯ ᠤᠨ ᠰᠡᠷᠡᠭ ᠶᠡᠭᠡ ᠪᠠᠷᠢᠭᠠᠳᠠ ᠵᠡᠷᠬᠡ 10 ᠦᠯᠢᠬᠡᠷ ᠵᠢᠱᠢᠶ᠎ᠡ ᠪᠠᠷᠢᠭᠠᠳᠠ ᠳᠤ ᠠᠵᠢᠯ ᠤᠨ ᠪᠠᠶᠢᠷᠢ ᠶᠢᠨ ᠬᠤᠷᠠᠯ ᠬᠢᠭᠦ ᠪᠠᠷ ᠲᠠᠮᠵᠢᠨ ᠲᠠᠳᠠᠨ ᠤ ᠨᠠᠨᠳᠢᠨ ᠲᠤᠷᠰᠢᠯᠭ᠎ᠠ ᠶᠢ ᠬᠤᠰᠢᠭᠤ ᠲᠠᠶᠠᠭᠠᠷ ᠲᠤ ᠤᠬᠠᠭᠤᠯᠤᠨ ᠲᠡᠯᠬᠡᠷᠡᠭᠦᠯᠵᠦ᠂ ᠪᠤᠳᠠᠳᠦ ᠠᠵᠢᠯ ᠢ ᠵᠢᠯᠤᠭᠤᠳᠤᠨ ᠲᠠᠶᠢᠴᠢᠯᠠᠭᠰᠠᠨ ᠢᠶᠠᠷ᠂ ᠬᠡᠳᠦᠬᠡᠨ ᠵᠢᠯ ᠤᠨ ᠲᠤᠳᠤᠷ᠎ᠠ ᠢᠯᠡᠳᠳᠠ ᠦᠷ᠎ᠡ ᠪᠦᠳᠦᠮᠵᠢ ᠤᠯᠵᠦ᠂ ᠭᠦᠷᠢᠶ᠎ᠡ ᠬᠤᠰᠢᠭᠤᠨ ᠤ ᠤᠨᠴᠠᠯᠢᠭ ᠲᠤ ᠲᠤᠬᠢᠷᠠᠭᠰᠠᠨ ᠴᠢᠨᠡᠬᠡᠯᠢᠭᠵᠢᠯ ᠤᠨ ᠵᠠᠮ ᠢ ᠨᠡᠬᠡᠬᠡᠪᠡ᠃ ᠪᠠᠶᠠᠨᠮᠦ᠋ᠩᠬᠡ ᠱᠦᠵᠢ ᠪᠠᠰᠠ ᠭᠦᠷᠢᠶ᠎ᠡ ᠬᠤᠰᠢᠭᠤᠨ ᠤ ᠪᠠᠶᠢᠭᠠᠯᠢ ᠶᠢᠨ ᠨᠦᠭᠦᠴᠡᠯ ᠪᠠᠷᠤᠭᠳᠠᠢ᠂ ᠤᠢ ᠮᠤᠳᠦ ᠲᠠᠷᠢᠬᠤ ᠡᠭᠦᠷᠬᠡ ᠭᠦᠨᠳᠦ ᠭᠠᠵᠠᠷ ᠤᠷᠤᠨ ᠤ ᠬᠢᠨᠢ ᠭᠦᠳᠡᠯᠮᠦᠷᠢ ᠲᠠᠳᠠᠭᠤ ᠭᠦᠴᠦᠨ ᠮᠡᠭᠦᠰ ᠪᠠᠶᠢᠳᠠᠯ ᠳᠤ ᠴᠢᠭᠯᠡᠭᠦᠯᠦᠨ ᠡᠯ᠎ᠡ ᠲᠠᠯ᠎ᠠ ᠶᠢᠨ ᠭᠦᠴᠦᠨ ᠢ ᠲᠠᠶᠢᠴᠢᠯᠠᠨ᠂ ᠴᠠᠭ ᠢᠶᠠᠨ ᠲᠦᠪᠯᠡᠷᠡᠭᠦᠯᠦᠨ᠂ ᠭᠦᠮᠦᠨ ᠤ ᠭᠦᠴᠦᠨ ᠢᠶᠠᠨ ᠲᠦᠪᠯᠡᠷᠡᠭᠦᠯᠦᠨ᠂ ᠤᠷᠤᠨ ᠪᠦᠰᠠ ᠬᠤᠪᠢᠶᠠᠨ᠂ ᠤᠯᠠᠨ ᠲᠦᠮᠡᠨ ᠢ ᠲᠠᠶᠢᠴᠢᠯᠠᠵᠦ ᠬᠠᠮ ᠲᠤᠯᠤᠯᠳᠤᠭᠠᠨ ᠤ ᠠᠷᠭ᠎ᠠ ᠪᠠᠷ ᠮᠤᠳᠦ ᠲᠠᠷᠢᠬᠤ ᠪᠦᠳᠦᠮᠵᠢᠳᠠᠢ ᠠᠷᠭ᠎ᠠ ᠶᠢ ᠠᠪᠴᠠᠢ᠃ ᠡᠶᠢᠨ ᠭᠦ ᠬᠤᠷᠰᠢᠵᠦ ᠮᠤᠳᠦ ᠲᠠᠷᠢᠬᠤ᠂ ᠨᠢᠬᠡᠳᠦᠯᠳᠠᠢ ᠬᠠᠮᠢᠶᠠᠷᠴᠦ ᠬᠠᠮᠠᠭᠠᠯᠠᠬᠤ ᠠᠷᠭ᠎ᠠ ᠨᠢ ᠮᠠᠰᠢ ᠪᠦᠳᠦᠮᠵᠢᠳᠠᠢ ᠪᠤᠯᠤᠭᠰᠠᠨ ᠢ ᠦᠢᠯᠡᠳᠦᠯᠬᠡ ᠬᠡᠷᠡᠴᠢᠯᠡᠪᠡ᠃ 1966 ᠤᠨ ᠪᠤᠯᠬᠤ ᠳᠤ᠂ ᠪᠦᠭᠦ ᠬᠤᠰᠢᠭᠤᠨ ᠤ ᠤᠢ ᠰᠢᠭᠤᠢ ᠶᠢᠨ ᠲᠠᠯᠠᠪᠠᠢ 84 ᠲᠦᠮᠡᠨ ᠮᠦ ᠭᠦᠷᠴᠦ᠂ 70 ᠬᠤᠪᠠᠭ᠋ᠠᠢ ᠠᠭᠤᠯᠠ ᠶᠢ ᠨᠤᠭᠤᠭᠠᠷᠠᠭᠤᠯᠤᠨ᠂ ᠪᠠᠷᠢᠭᠠᠳᠠ ᠪᠤᠯᠭᠠᠨ ᠵᠢᠮᠢᠰ ᠤᠨ ᠮᠤᠳᠤᠨ ᠭᠦᠷᠢᠶᠡᠯᠡᠩ ᠪᠠᠶᠢᠭᠤᠯᠤᠭᠠᠳ᠂ ᠤᠢ ᠰᠢᠭᠤᠢ᠂ ᠵᠢᠮᠢᠰ᠂ ᠲᠤᠰᠠᠯᠠᠬᠤ ᠦᠢᠯᠡᠳᠪᠦᠷᠢᠯᠡᠯ ᠪᠦᠭᠦ ᠲᠠᠯ᠎ᠠ ᠪᠠᠷ ᠭᠦᠭᠵᠢᠵᠦ ᠡᠬᠢᠯᠡᠭᠰᠡᠨ ᠪᠠᠶᠢᠨ᠎ᠠ᠃      ︽ᠰᠤᠶᠤᠯ ᠤᠨ ᠬᠤᠪᠢᠰᠬᠠᠯ︾ ᠤᠨ ᠲᠤᠮᠳᠠ᠂ ᠪᠠᠶᠠᠨᠮᠦ᠋ᠩᠬᠡ ᠬᠢᠯᠢᠰ ᠨᠠᠷ᠎ᠠ ᠵᠡᠭᠦᠵᠦ ᠬᠠᠷᠬᠢᠰ ᠲᠠᠮᠤᠯᠠᠯ ᠳᠤ ᠬᠠᠯᠠ ᠵᠤᠪᠠᠭᠤᠷᠢ ᠠᠮᠰᠠᠭᠰᠠᠨ ᠪᠤᠯᠪᠠᠴᠦ ᠠᠷᠠᠳ ᠲᠦᠮᠡᠨ ᠢᠶᠠᠨ ᠲᠠᠭᠠᠭᠤᠯᠤᠨ ᠠᠭᠤᠯᠠ ᠤᠰᠦ ᠪᠠᠨ ᠦᠬᠡᠷᠡᠴᠢᠯᠡᠵᠦ᠂ ᠠᠵᠠ ᠵᠢᠷᠭᠠᠯ ᠢ ᠪᠦᠳᠦᠬᠡᠨ ᠪᠠᠶᠢᠭᠤᠯᠬᠤ ᠬᠠᠯᠠᠭᠤᠨ ᠤᠷᠮ᠎ᠠ ᠬᠠᠷᠢᠭ᠎ᠠ ᠦᠬᠡᠢ᠂ ᠬᠠᠳᠠᠨ ᠵᠤᠷᠢᠭ ᠭᠤᠶᠢᠪᠢᠭ᠎ᠠ ᠦᠬᠡᠢ᠃ 1972 ᠤᠨ ᠳᠤ ᠲᠡᠭᠦᠨ ᠢ ᠲᠤᠰᠢᠶᠠᠯ ᠢ ᠰᠡᠷᠭᠦᠬᠡᠮᠡᠭᠴᠡ ᠬᠠᠮᠤᠭ ᠲᠦᠷᠦᠭᠦᠨ ᠳᠤ ᠮᠦᠨ ᠯᠡ ᠤᠢ ᠰᠢᠭᠤᠢ ᠶᠢᠨ ᠦᠢᠯᠡᠳᠪᠦᠷᠢᠯᠡᠯ ᠢᠶᠠᠨ ᠠᠳᠬᠤᠨ᠂ ᠤᠳᠤᠷᠢᠳᠬᠤ ᠪᠠᠭ ᠤᠨ ᠢᠶᠠᠨ ᠨᠦᠭᠦᠳ ᠢᠶᠠᠨ ᠲᠠᠶᠢᠴᠢᠯᠠᠵᠦ᠂ ᠪᠠᠶᠢᠴᠠᠭᠠᠨ ᠰᠤᠳᠤᠯᠤᠯᠳᠠ ᠬᠢᠵᠦ ᠲᠦᠯᠦᠪᠵᠢᠭᠦᠯᠬᠡ ᠲᠤᠭᠳᠠᠭᠠᠨ ᠂ ᠦᠩᠬᠡᠷᠡᠭᠰᠡᠨ ᠤ ᠤᠯᠠᠨ ᠵᠢᠯ ᠤᠢ ᠮᠤᠳᠦ ᠲᠠᠷᠢᠭᠰᠠᠨ ᠲᠤᠷᠰᠢᠯᠭ᠎ᠠ ᠰᠤᠷᠭᠠᠮᠵᠢ ᠪᠠᠨ ᠳ᠋ᠦᠩᠨᠡᠭᠰᠡᠨ ᠰᠠᠭᠤᠷᠢᠨ ᠲᠡᠬᠡᠷ᠎ᠡ᠂ ︽ᠠᠭᠤᠯᠠ᠂ ᠤᠰᠦ᠂ ᠲᠠᠷᠢᠶ᠎ᠠ᠂ ᠮᠤᠳᠦ ᠂ ᠵᠠᠮ ᠢ ᠪᠦᠭᠦ ᠲᠠᠯ᠎ᠠ ᠪᠠᠷ ᠶᠡᠷᠦᠩᠬᠡᠶᠢᠯᠡᠨ ᠵᠠᠰᠠᠬᠤ︾ ᠭᠦᠭᠵᠢᠯᠳᠠ ᠶᠢᠨ ᠬᠠᠷᠠᠯᠳᠠ ᠲᠤᠭᠳᠠᠭᠠᠭᠰᠠᠨ ᠪᠠ ︽ᠤᠳᠠ ᠤᠯᠢᠶᠠᠰᠦ ᠶᠢ ᠭᠤᠤ ᠳᠤ ᠲᠠᠷᠢᠬᠤ᠂ ᠨᠠᠷᠠᠰᠤᠨ ᠮᠤᠳᠦ ᠶᠢ ᠠᠭᠤᠯᠠᠨ ᠳᠤ ᠲᠠᠷᠢᠬᠤ᠂ ᠨᠠᠯᠤ ᠭᠠᠵᠠᠷ ᠱᠠᠳᠤᠨ ᠲᠠᠷᠢᠶ᠎ᠠ ᠭᠠᠷᠭᠠᠬᠤ᠂ ᠲᠡᠭᠰᠢ ᠲᠠᠯ᠎ᠠ ᠳᠤ ᠠᠮᠤ ᠪᠤᠳᠠᠭᠠᠨ ᠤ ᠲᠠᠷᠢᠮᠠᠯ ᠲᠠᠷᠢᠬᠤ᠂ ᠬᠢᠷ᠎ᠡ ᠬᠠᠵᠠᠭᠤ ᠳᠤ ᠡᠪᠡᠰᠦ ᠲᠠᠷᠢᠬᠤ︾ ᠪᠤᠳᠠᠳᠠᠢ ᠱᠠᠭᠠᠷᠳᠠᠯᠭ᠎ᠠ ᠲᠤᠷᠠᠳᠪᠠ᠃ ᠪᠠᠶᠠᠨᠮᠦ᠋ᠩᠬᠡ ᠶᠢᠨ ᠤᠳᠤᠷᠢᠳᠤᠯᠭ᠎ᠠ ᠲᠤᠤᠷ᠎ᠠ᠂ ᠭᠦᠷᠢᠶ᠎ᠡ ᠬᠤᠰᠢᠭᠤᠨ ᠤ ᠲᠡᠮᠡᠴᠡᠭᠦ ᠬᠠᠷᠠᠯᠳᠠ ᠲᠤᠳᠤᠷᠠᠭᠤᠨ ᠪᠤᠯᠵᠦ᠂ ᠤᠢ ᠰᠢᠭᠤᠢ ᠪᠠᠷ ᠲᠠᠷᠢᠶᠠᠯᠠᠩ᠂ ᠮᠠᠯ ᠠᠵᠦ ᠠᠬᠤᠢ᠂ ᠲᠤᠰᠠᠯᠠᠬᠤ ᠦᠢᠯᠡᠳᠪᠦᠷᠢᠯᠡᠯ ᠢ ᠠᠬᠢᠭᠤᠯᠤᠭᠰᠠᠨ ᠠᠴᠠ ᠪᠦᠭᠦ ᠬᠤᠰᠢᠭᠤᠨ ᠤ ᠤᠢ ᠮᠤᠳᠤᠨ ᠤ ᠪᠦᠷᠭᠦᠴᠡ 18. 7% ᠭᠦᠷᠴᠦ᠂ ᠪᠦᠭᠦ ᠤᠯᠤᠰ ᠤᠨ ᠤᠢ ᠰᠢᠭᠤᠢ ᠶᠢᠨ ᠦᠢᠯᠡᠳᠪᠦᠷᠢᠯᠡᠯ ᠤᠨ ᠲᠡᠷᠢᠭᠦᠨ ᠤ ᠨᠢᠬᠡᠴᠢ ᠪᠤᠯᠤᠭᠰᠠᠨ ᠪᠠᠶᠢᠨ᠎ᠠ᠃ ᠪᠠᠶᠠᠨᠮᠦ᠋ᠩᠬᠡ ᠴᠦ ᠤᠯᠤᠰ᠂ ᠤᠷᠤᠨ ᠤ ᠤᠢ ᠰᠢᠭᠤᠢ ᠶᠢᠨ ᠠᠵᠢᠯ ᠤᠨ ᠬᠤᠷᠠᠯ ᠲᠡᠬᠡᠷ᠎ᠡ ᠤᠯᠠᠨᠳᠠ ᠰᠠᠶᠢᠰᠢᠶᠠᠯ ᠭᠦᠬᠢᠭᠦᠯᠦᠯ ᠭᠦᠷᠳᠡᠵᠦ᠂ ︽ᠤᠢ ᠰᠢᠭᠤᠢ ᠶᠢᠨ ᠱᠦᠵᠢ︾ ᠬᠡᠰᠡᠨ ᠰᠠᠶᠢᠬᠠᠨ ᠨᠡᠷ᠎ᠡ ᠤᠯᠪᠠ᠃      1980 ᠤᠨ ᠤ 5 ᠰᠠᠷ᠎ᠠ ᠳᠤ ᠪᠠᠶᠠᠨᠮᠦ᠋ᠩᠬᠡ ᠵᠢᠷᠢᠮ ᠠᠶᠢᠮᠠᠭ ᠤᠨ ᠲᠡᠳ᠋ ᠲᠠᠷᠤᠭ᠎ᠠ ᠶᠢᠨ ᠲᠤᠰᠢᠶᠠᠯ ᠳᠤ ᠲᠡᠪᠰᠢᠭᠦᠯᠦᠭᠳᠡᠵᠦ᠂ ᠮᠥᠨ ᠪᠦᠭᠦ ᠠᠶᠢᠮᠠᠭ ᠤᠨ ᠤᠢ ᠰᠢᠭᠤᠢ ᠶᠢᠨ ᠠᠵᠢᠯ ᠢ ᠭᠤᠤᠯᠳᠠᠯᠭ᠎ᠠ ᠲᠠᠢ ᠠᠳᠬᠤᠪᠠ᠃ ᠲᠠᠷᠡ ᠵᠢᠷᠢᠮ ᠠᠶᠢᠮᠠᠭ ᠤᠨ ᠤᠨᠴᠠᠯᠢᠭ ᠲᠤ ᠬᠠᠨᠳᠤᠭᠤᠯᠤᠨ᠂ ᠤᠢ ᠰᠢᠭᠤᠢ ᠶᠢᠨ ᠦᠬᠡᠷᠡᠴᠢᠯᠡᠯᠳᠠ ᠶᠢ ᠢᠳᠡᠪᠬᠢᠳᠠᠢ ᠭᠦᠨᠵᠡᠬᠡᠶᠢᠷᠡᠭᠦᠯᠦᠨ᠂ ︽ᠭᠤᠷᠪᠠᠨ ᠤᠮᠠᠷᠠᠳᠦ︾ ᠶᠢᠨ ᠬᠠᠮᠠᠭᠠᠯᠠᠯᠳᠠ ᠶᠢᠨ ᠤᠢ ᠶᠢᠨ ᠢᠨᠵᠧᠨᠧᠷᠢᠩ ᠲᠠᠢ ᠤᠶᠠᠯᠳᠤᠭᠤᠯᠤᠨ ᠡᠪᠡᠰᠦ ᠮᠤᠳᠦ ᠲᠠᠷᠢᠬᠤ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠢ᠂ ᠤᠰᠦ ᠭᠦᠷᠦᠰᠦ ᠶᠢ ᠬᠠᠮᠠᠭᠠᠯᠠᠬᠤ ᠤᠢ ᠮᠤᠳᠦ ᠲᠠᠷᠢᠵᠦ᠂ ᠵᠢᠷᠢᠮ ᠠᠶᠢᠮᠠᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠳᠤ ᠬᠤᠪᠢ ᠨᠡᠮᠡᠷᠢ ᠦᠵᠡᠭᠦᠯᠪᠡ᠃      1983 ᠤᠨ ᠤ 8 ᠰᠠᠷ᠎ᠠ ᠳᠤ ᠪᠠᠶᠠᠨᠮᠦ᠋ᠩᠬᠡ ᠨᠦᠭᠦᠷ ᠠᠵᠢᠯ ᠠᠴᠠ ᠪᠠᠨ ᠲᠠᠷᠬᠠᠯᠠᠭᠳᠠᠪᠠ᠃ 1997 ᠤᠨ ᠤ 2 ᠰᠠᠷ᠎ᠠ ᠶᠢᠨ 25 ᠤ ᠡᠳᠦᠷ ᠲᠦᠩᠯᠢᠶᠦᠦ ᠬᠤᠳᠠ ᠳᠤ ᠡᠪᠡᠳᠴᠢᠨ ᠢᠶᠠᠷ ᠨᠠᠰᠦ ᠪᠠᠷᠠᠪᠠ᠃ ᠨᠠᠰᠤᠨ ᠰᠡᠭᠦᠳᠡᠷ 76 ᠲᠠᠢ᠃      ᠪᠠᠶᠠᠨᠮᠦ᠋ᠩᠬᠡ ᠨᠦᠭᠦᠷ ᠬᠤᠪᠢᠰᠬᠠᠯ ᠳᠤ ᠤᠷᠤᠯᠴᠠᠭᠰᠠᠨ ᠠᠴᠠ ᠨᠠᠭᠠᠰᠢᠬᠢ 40 ᠭᠠᠷᠤᠢ ᠵᠢᠯ ᠤᠨ ᠲᠤᠷᠰᠢᠳᠠ ᠠᠷᠠᠳ ᠲᠦᠮᠡᠨ ᠳᠤ ᠪᠦᠭᠦ ᠰᠡᠳᠬᠢᠯ ᠪᠦᠭᠦ ᠵᠤᠷᠢᠭ ᠢᠶᠠᠷ ᠦᠢᠯᠡᠴᠢᠯᠡᠭᠦ ᠵᠤᠷᠢᠯᠳᠠ ᠶᠢ ᠪᠠᠳᠦ ᠴᠡᠬᠡᠵᠢᠯᠡᠨ᠂ ᠬᠠᠳᠠᠭᠤᠵᠢᠯᠳᠠᠢ ᠰᠢᠷᠭᠠᠭᠤ ᠠᠵᠢᠯᠯᠠᠵᠦ᠂ ᠵᠢᠷᠢᠮ ᠠᠶᠢᠮᠠᠭ ᠢᠯᠠᠩᠭᠤᠶ᠎ᠠ ᠭᠦᠷᠢᠶ᠎ᠡ ᠬᠤᠰᠢᠭᠤᠨ ᠤ ᠪᠦᠳᠦᠬᠡᠨ ᠪᠠᠶᠢᠭᠤᠯᠤᠯᠳᠠ ᠪᠠ ᠭᠦᠭᠵᠢᠯᠳᠠ ᠶᠢᠨ ᠲᠦᠯᠦᠬᠡ ᠤᠶᠤᠨ ᠤᠬᠠᠭᠠᠨ᠂ ᠪᠡᠶ᠎ᠡ ᠰᠡᠳᠬᠢᠯ ᠢᠶᠠᠨ ᠵᠤᠷᠢᠭᠤᠯᠤᠭᠰᠠᠨ ᠪᠠᠶᠢᠨ᠎ᠠ᠃      ᠤᠷᠢᠳᠦᠬᠢ ᠭᠦᠮᠦᠨ ᠤ ᠵᠠᠶᠢᠯᠠᠭᠰᠠᠨ ᠮᠤᠳᠤᠨ ᠰᠡᠭᠦᠳᠡᠷ ᠲᠤ ᠬᠤᠶᠢᠨᠠᠬᠢ ᠭᠦᠮᠦᠨ ᠰᠠᠷᠢᠭᠦᠴᠡᠵᠦ ᠵᠢᠷᠭᠠᠨ᠎ᠠ ᠬᠡᠵᠦ ᠬᠢᠳᠠᠳ ᠤᠨ ᠦᠪᠡᠷᠮᠢᠴᠡ ᠬᠡᠯᠡᠯᠬᠡ ᠳᠤ ᠪᠠᠶᠢᠳᠠᠭ᠃ ᠪᠠᠶᠠᠨᠮᠦ᠋ᠩᠬᠡ ᠦᠪᠡᠷ ᠤᠨ ᠠᠮᠢ ᠨᠠᠰᠤᠨ ᠤ ᠬᠠᠮᠤᠭ ᠰᠠᠶᠢᠬᠠᠨ ᠴᠠᠭ ᠢᠶᠠᠨ ᠭᠦᠷᠢᠶ᠎ᠡ ᠬᠤᠰᠢᠭᠤ ᠶᠢ ᠨᠤᠭᠤᠭᠠᠷᠠᠭᠤᠯᠬᠤ᠂ ᠭᠦᠷᠢᠶ᠎ᠡ ᠬᠤᠰᠢᠭᠤᠨ ᠤ ᠠᠷᠠᠳ ᠲᠦᠮᠡᠨ ᠢ ᠪᠠᠶᠠᠨ ᠴᠢᠨᠡᠬᠡᠯᠢᠭ ᠠᠮᠢᠳᠤᠷᠠᠭᠤᠯᠬᠤ ᠠᠷᠢᠭᠤᠨ ᠲᠠᠷᠬᠠᠨ ᠦᠢᠯᠡᠰ ᠲᠤ ᠵᠤᠷᠢᠭᠤᠯᠵᠠᠢ᠃ ᠭᠦᠷᠢᠶ᠎ᠡ ᠬᠤᠰᠢᠭᠤᠨ ᠤ ᠠᠷᠠᠳ ᠲᠦᠮᠡᠨ ᠭᠦᠮᠦᠨ ᠤ ᠰᠠᠶᠢᠨ ᠢ ᠮᠠᠷᠳᠠᠳᠠᠭ ᠦᠬᠡᠢ᠃ ᠪᠠᠶᠠᠨᠮᠦ᠋ᠩᠬᠡ ᠶᠢᠨ ᠠᠯᠳᠠᠷ ᠭᠠᠪᠢᠶ᠎ᠠ ᠶᠢ ᠲᠤᠷᠠᠳᠬᠠᠨ ᠲᠡᠮᠳᠡᠭᠯᠡᠵᠦ ᠦᠶ᠎ᠡ ᠶᠢᠨ ᠦᠶ᠎ᠡ᠂ ᠦᠷ᠎ᠡ ᠶᠢᠨ ᠦᠷ᠎ᠡ ᠳᠡᠭᠡᠨ ᠮᠠᠷᠳᠠᠬᠤ ᠦᠬᠡᠢ ᠶᠢᠨ ᠲᠦᠯᠦᠬᠡ ᠭᠦᠷᠢᠶ᠎ᠡ ᠬᠤᠰᠢᠭᠤᠨ  ᠤ ᠨᠠᠮ ᠤᠨ ᠬᠤᠷᠢᠶ᠎ᠠ᠂ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠭᠦᠷᠢᠶ᠎ᠡ ᠬᠤᠰᠢᠭᠤᠨ ᠤ ᠠᠷᠠᠳ ᠲᠦᠮᠡᠨ ᠤ ᠭᠦᠰᠡᠯ ᠱᠠᠭᠠᠷᠳᠠᠯᠭ᠎ᠠ ᠶᠢ ᠲᠦᠯᠦᠬᠡᠯᠡᠵᠦ᠂ 2003 ᠤᠨ ᠳᠤ ᠰᠢᠨ᠎ᠡ ᠪᠠᠷ ︽ᠠᠨᠳᠠᠢ ᠲᠠᠯᠠᠪᠠᠢ︾ ᠵᠠᠰᠠᠬᠤ ᠳᠠᠭᠠᠨ ᠪᠠᠶᠠᠨᠮᠦ᠋ᠩᠬᠡ ᠳᠤ ᠭᠠᠨᠳᠢᠭ ᠴᠢᠯᠠᠭᠤ ᠪᠠᠷ ᠴᠡᠬᠡᠵᠢᠨ ᠪᠡᠶ᠎ᠡ ᠶᠢᠨ ᠱᠤᠭᠤᠮᠠᠯ ᠭᠦᠷᠦᠭ ᠪᠤᠰᠬᠠᠭᠰᠠᠨ ᠪᠦᠬᠡᠳ ᠭᠦᠷᠦᠭ ᠤᠨ ᠰᠠᠭᠤᠳᠠᠯ ᠤᠨ ᠠᠷᠦ ᠲᠠᠯ᠎ᠠ ᠳᠤᠨᠢ ︽ᠠᠷᠠᠳ ᠤᠨ ᠲᠦᠯᠦᠬᠡ ᠦᠢᠯᠡᠰ ᠪᠤᠰᠬᠠᠭᠰᠠᠨ ᠠᠴᠠ ᠠᠯᠳᠠᠷ ᠭᠠᠪᠢᠶ᠎ᠠ ᠨᠢ ᠠᠰᠢᠳᠠ ᠮᠦᠩᠬᠡᠷᠡᠨ᠎ᠡ︾ ᠬᠡᠳᠡᠭ ᠭᠠᠷᠴᠠᠭ ᠢᠶᠠᠷ ᠪᠠᠶᠠᠨᠮᠦ᠋ᠩᠬᠡ ᠶᠢᠨ ᠭᠠᠪᠢᠶ᠎ᠠ ᠵᠢᠳᠭᠦᠯ ᠢ ᠰᠠᠶᠢᠯᠤᠨ ᠲᠡᠮᠳᠡᠭᠯᠡᠵᠦ᠂ ᠦᠷ᠎ᠡ ᠬᠤᠶᠢᠴᠢᠰ ᠲᠠᠭᠠᠨ ᠦᠨᠢᠳᠠ ᠶᠢᠨ ᠲᠤᠷᠠᠰᠤᠮᠵᠢ ᠪᠤᠯᠭᠠᠨ ᠰᠤᠷᠭᠠᠮᠵᠢᠯᠠᠭᠰᠠᠨ ᠪᠢᠯᠡ᠃      2012 ᠤᠨ ᠳᠤ ᠪᠠᠶᠠᠨᠮᠦ᠋ᠩᠬᠡ ᠶᠢᠨ ᠶᠡᠭᠡ ᠦᠬᠢᠨ ᠳ᠋ᠦ᠋ ᠶᠥᠩ ᠮᠢᠨ ᠤ ᠭᠤᠤᠯᠯᠠᠨ ᠨᠠᠶᠢᠷᠠᠭᠤᠯᠤᠭᠰᠠᠨ ︽ᠨᠤᠭᠤᠭᠠᠨ ᠬᠡᠷᠡᠮ ᠭᠦᠰᠢᠶ᠎ᠡ ᠪᠤᠯᠵᠦ ᠰᠦᠨᠳᠡᠷᠯᠡᠨ᠎ᠡ︾ ᠬᠡᠳᠡᠭ ᠲᠤᠷᠠᠳᠬᠠᠯ ᠨᠤᠮ ᠦᠪᠦᠷ ᠮᠤᠩᠭᠤᠯ ᠤᠨ ᠰᠤᠶᠤᠯ  ᠤᠨ ᠬᠡᠪᠯᠡᠯ ᠤᠨ ᠬᠤᠷᠢᠶ᠎ᠠ ᠠᠴᠠ ᠬᠡᠪᠯᠡᠭᠳᠡᠭᠰᠡᠨ ᠪᠠᠶᠢᠨ᠎ᠠ᠃ ᠲᠤᠰ ᠨᠤᠮ ᠳᠤ ᠪᠡᠶᠡᠨᠮᠦ᠋ᠩᠬᠡ ᠨᠦᠭᠦᠷ ᠯᠦᠭᠡ ᠬᠠᠮᠳᠦ ᠠᠵᠢᠯᠯᠠᠵᠦ ᠪᠠᠶᠢᠭᠰᠠᠨ ᠠᠬᠠᠮᠠᠳ ᠨᠦᠭᠦᠳ ᠪᠠ ᠪᠠᠶᠠᠨᠮᠦ᠋ᠩᠬᠡ ᠶᠢᠨ ᠭᠦᠮᠦᠵᠢᠭᠦᠯᠦᠯ ᠢᠶᠠᠷ ᠦᠰᠦᠨ ᠪᠤᠶᠢᠵᠢᠭᠰᠠᠨ ᠵᠠᠯᠠᠭᠤ ᠨᠢᠬᠡ ᠦᠶ᠎ᠡ ᠶᠢᠨ ᠨᠦᠭᠦᠳ ᠤᠨ ᠪᠠᠶᠠᠨᠮᠦ᠋ᠩᠬᠡ ᠶᠢᠨ ᠡᠷᠬᠢᠮ ᠲᠡᠬᠡᠳᠦ ᠵᠠᠩ ᠴᠢᠨᠠᠷ᠂ ᠡᠬᠡᠯ ᠪᠤᠷᠤᠭᠵᠢᠭᠤᠨ ᠠᠵᠢᠯ ᠤᠨ ᠰᠤᠷᠳᠠᠯ ᠢ ᠦᠪᠡᠷ ᠦᠪᠡᠷ ᠤᠨ ᠪᠤᠳᠠᠳᠦ ᠦᠩᠬᠡᠷᠡᠯᠳᠠ ᠪᠠᠷ ᠲᠤᠷᠠᠳᠬᠠᠵᠦ ᠪᠢᠴᠢᠭᠰᠡᠨ ᠵᠤᠬᠢᠶᠠᠯ ᠤᠳ ᠨᠠᠯᠢᠶᠠᠳ ᠨᠢᠭᠤᠷ ᠢ ᠡᠵᠡᠯᠡᠵᠦ ᠪᠤᠢ᠃ ᠨᠡᠩ ᠢᠯᠠᠩᠭᠤᠶ᠎ᠠ ᠤᠤᠯ ᠤᠨ ᠵᠢᠷᠢᠮ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠠᠷᠢᠭᠦᠯᠡᠭᠴᠢ᠂ ᠦᠪᠦᠷ ᠮᠤᠩᠭᠤᠯ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠠᠯᠳᠠᠨ᠋ᠧᠴᠢᠷ ᠲᠤᠰ ᠨᠤᠮ ᠳᠤ ᠪᠢᠴᠢᠵᠦ ᠦᠭᠭᠦᠭᠰᠡᠨ᠄ ︽ᠪᠠᠶᠠᠨᠮᠦ᠋ᠩᠬᠡ ᠨᠦᠭᠦᠷ ᠵᠢᠷᠢᠮ ᠠᠶᠢᠮᠠᠭ ᠢᠯᠠᠩᠭᠤᠶ᠎ᠠ ᠭᠦᠷᠢᠶ᠎ᠡ ᠬᠤᠰᠢᠭᠤᠨ ᠤ ᠠᠵᠦ ᠠᠬᠤᠢ ᠨᠡᠶᠢᠬᠡᠮ ᠤᠨ ᠭᠦᠭᠵᠢᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠤᠯᠠᠨ ᠢᠶᠠᠷ ᠢᠶᠠᠨ ᠰᠤᠷᠤᠯᠴᠠᠭᠤᠰᠢᠳᠠᠢ ᠪᠦᠬᠡᠳ ᠭᠦᠨᠳᠤᠳᠬᠡᠭᠦᠰᠢᠳᠠᠢ︾ ᠬᠡᠰᠡᠨ ᠪᠢᠴᠢᠬᠡᠰᠦ ᠨᠢ ᠭᠦᠷᠢᠶ᠎ᠡ ᠶᠢᠨ ᠠᠷᠠᠳ ᠲᠦᠮᠡᠨ ᠤ ᠰᠡᠳᠬᠢᠯ ᠤᠨ ᠦᠬᠡ ᠶᠢ ᠪᠦᠷᠢᠨ ᠢᠯᠡᠷᠡᠭᠦᠯᠦᠯ᠎ᠠ ᠬᠡᠳᠡᠭ ᠲᠤ ᠤᠭᠳᠦ ᠡᠷᠡᠬᠡᠯᠵᠡᠭᠡ ᠪᠠᠶᠢᠬᠤ ᠦᠬᠡᠢ᠃
ᠢᠷᠡᠯᠲᠡ᠄ ᠬᠦᠷᠢᠶ᠎ᠡ ᠬᠤᠰᠢᠭᠤ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ