﹇ᠰᠣᠷᠪᠤᠯᠵᠢᠯᠠᠭ᠎ᠠ ᠶᠢᠨ ᠨᠡᠷᠡᠶᠢᠳᠦᠯ﹈ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠤᠮᠤᠢ | ﹇ᠰᠤᠷᠪᠤᠯᠵᠢᠯᠠᠭᠰᠠᠨ ᠴᠠᠭ﹈ 2023-3-10 | ﹇ᠰᠣᠷᠪᠤᠯᠵᠢᠯᠠᠭ᠎ᠠ ᠬᠦᠯᠢᠶᠡᠭᠴᠢ﹈ ᠨᠠᠢᠮᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠰᠢᠤᠸᠠᠢ ᠲᠤᠸ | ﹇ᠭᠤᠣᠯ ᠠᠭᠤᠯᠭ᠎ᠠ﹈ ᠨᠠᠢᠮᠠᠨ ᠬᠤᠰᠢᠭᠤ ᠰᠢᠨᠵᠢᠯᠡᠭᠡ ᠮᠡᠷᠭᠡᠵᠢᠯ ᠢᠶᠠᠷ ᠬᠠᠪᠰᠤᠷᠤᠨ ᠲᠡᠳᠬᠦᠬᠦ ᠪᠠᠷ ᠬᠤᠯᠪᠣᠭᠠᠰᠤ ᠪᠣᠯᠭᠠᠨ ᠣᠯᠠᠨ ᠬᠦᠷᠢᠶ᠎ᠡ ᠴᠠᠷᠠᠭ᠎ᠠ ᠳᠤ | ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ | ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠠᠮᠤᠷ ᠲᠠᠶᠢᠪᠤᠩ ᠬᠥᠳᠡᠭᠡ ᠲᠣᠰᠬᠤᠨ᠂ | ᠬᠠᠤᠯᠢᠵᠢᠯ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠯᠬᠤᠮ ᠳᠠᠷᠠᠭ᠎ᠠ ᠲᠠᠢ ᠠᠬᠢᠭᠤᠯᠤᠨ᠎ᠠ︔ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ ᠥᠷᠭᠡᠳᠬᠡᠵᠦ ᠰᠢᠨ᠎ᠡ ᠳᠡᠭᠲᠡᠷ ᠲᠤ ᠭᠠᠷᠭᠠᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠳᠤ ᠪᠣᠳᠠᠲᠤ ᠦᠷ᠎ᠡ ᠪᠦᠲᠦᠮᠵᠢ ᠭᠠᠷᠭᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠰᠣᠶᠣᠯ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠶᠢᠭᠤᠯᠵᠤ᠂ ᠤᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ | ᠡᠶᠡᠯᠳᠡᠭ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃ | ﹇ᠬᠥᠲᠥᠯᠥᠭᠴᠢ﹈ ᠥᠨᠥᠳᠥᠷ ᠪᠢᠳᠡ ᠨᠠᠢᠮᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠯᠢ ᠰᠢᠤᠸᠠᠢ ᠲᠤᠤ ᠶᠢ ᠤᠷᠢᠵᠤ ᠬᠤᠰᠢᠭᠤᠨ ᠤ ᠵᠠᠰᠠᠭ ᠤᠨ ᠣᠷᠳᠣᠨ ᠤ ᠡᠭᠦᠳᠡᠴᠢ ᠰᠦᠯᠵᠢᠶ᠎ᠡ ᠶᠢᠨ | ᠰᠣᠷᠪᠤᠯᠵᠢᠯᠠᠭ᠎ᠠ ᠶᠢᠨ ᠪᠤᠯᠤᠩ ᠳᠤ ᠣᠷᠣᠯᠴᠠᠭᠤᠯᠪᠠ᠂ ᠯᠢ ᠲᠤᠪᠴᠢᠶ᠎ᠠ ᠶᠢᠨ ᠳᠠᠷᠤᠭ᠎ᠠ ᠲᠠ ᠰᠠᠶᠢᠨ ᠦᠦ︕ | ﹇ᠯᠢ ᠰᠢᠤᠸᠠᠢ ᠲᠤᠤ﹈ ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ︕ | ﹇ᠬᠥᠲᠥᠯᠥᠭᠴᠢ﹈ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠰᠠᠭᠤᠷᠢ ᠪᠠ ᠤᠷᠢᠲᠠᠯ ᠪᠣᠯᠣᠨ᠎ᠠ᠂ ᠨᠠᠢᠮᠠᠨ ᠬᠤᠰᠢᠭᠤᠨ ᠤ ᠣᠳᠣᠬᠠᠨ ᠤ | ᠠᠵᠢᠯ ᠤᠨ ᠭᠤᠣᠯᠳᠠᠯᠭ᠎ᠠ ᠶᠠᠭᠤ ᠶᠠᠭᠤ ᠪᠠᠶᠢᠬᠤ ᠪᠤᠢ︖ | ﹇ᠯᠢ ᠰᠢᠤᠸᠠᠢ ᠲᠤᠤ﹈ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ | ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠭᠴᠢ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ ᠤᠨ ᠲᠥᠪ ᠤᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠳᠤ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠰᠠᠬᠢᠬᠤ᠂ ᠶᠠᠳᠠᠭᠤ ᠠᠴᠠ ᠠᠩᠭᠢᠵᠢᠷᠠᠭᠰᠠᠨ | ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠭᠴᠢ ᠬᠦᠴᠦᠨ ᠢ ᠨᠡᠮᠡᠭᠳᠡᠭᠦᠯᠬᠦ᠂ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠨᠠᠢᠮᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠦᠷᠭᠦᠯᠵᠢᠯᠡᠨ ᠴᠢᠩᠭ᠎ᠠ ᠰᠠᠶᠢᠲᠤᠷ ᠠᠳᠬᠤᠨ᠎ᠠ᠃ | ᠨᠢᠭᠡ ᠳᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠨᠠᠶᠢᠳᠠᠪᠤᠷᠢᠵᠢᠭᠤᠯᠬᠤ ᠶᠢ ᠠᠳᠬᠤᠨ᠎ᠠ᠃ ᠬᠢᠨᠠᠨ ᠬᠡᠮᠵᠢᠬᠦ ᠡᠲᠡᠭᠡᠳ ᠢ ᠪᠠᠶᠢᠩᠭᠤᠵᠢᠭᠤᠯᠤᠨ ᠬᠢᠨᠠᠨ | ᠬᠡᠮᠵᠢᠬᠦ ᠪᠠ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠢᠯᠭᠠᠨ ᠲᠠᠨᠢᠬᠤ ᠶᠢᠨ ᠨᠠᠷᠢᠯᠢᠭ ᠣᠨᠣᠪᠴᠢᠲᠤ ᠴᠢᠨᠠᠷ᠂ ᠬᠠᠪᠰᠤᠷᠤᠨ ᠲᠡᠳᠬᠦᠬᠦ | ᠬᠠᠨᠳᠤᠯᠭᠠᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠪᠡᠳᠴᠢᠨ ᠬᠢᠵᠢᠭ ᠭᠠᠮᠰᠢᠭ ᠵᠡᠷᠭᠡ ᠠᠴᠠ ᠪᠣᠯᠵᠤ ᠳᠠᠬᠢᠨ ᠶᠠᠳᠠᠭᠤᠷᠠᠬᠤ ᠲᠦᠭᠰᠢᠭᠦᠷᠢ ᠶᠢᠨ | ᠳᠠᠯᠳᠠ ᠬᠡᠮ ᠢ ᠴᠠᠭ ᠲᠤᠬᠠᠢ ᠳᠤᠨᠢ ᠡᠶᠡᠷᠡᠭᠦᠯᠦᠨᠡ᠃ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ᠂ ᠬᠦᠰᠡᠯ | ᠡᠷᠡᠮᠡᠯᠵᠡᠯ ᠲᠠᠢ ᠬᠢᠨᠠᠨ ᠬᠡᠮᠵᠢᠬᠦ ᠡᠷᠦᠬᠡ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠬᠥᠳᠡᠯᠮᠦᠷᠢᠯᠡᠬᠦ ᠴᠢᠳᠠᠪᠤᠷᠢ ᠦᠭᠡᠢ | ᠬᠥᠮᠥᠰ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠨ᠎ᠡ᠃ | ᠬᠤᠶᠠᠷ ᠲᠤ ᠬᠥᠭᠵᠢᠯᠲᠡ ᠶᠢᠨ ᠬᠦᠳᠡᠯᠭᠡᠭᠴᠢ ᠬᠦᠴᠦᠨ ᠢ ᠪᠣᠶᠢᠵᠢᠭᠤᠯᠬᠤ ᠶᠢ ᠠᠳᠬᠤᠨ᠎ᠠ᠃ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠬᠦ ᠪᠠᠷ ᠦᠨᠳᠦᠰᠦᠨ ᠠᠷᠭ᠎ᠠ ᠬᠡᠮᠵᠢᠶ᠎ᠡ ᠪᠣᠯᠭᠠᠵᠤ᠂ ᠠᠵᠤ ᠦᠢᠯᠡᠰ ᠤᠨ ᠠᠵᠢᠯ ᠣᠯᠭᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠭᠵᠢᠯᠲᠡ ᠶᠢᠨ ᠠᠷᠭ᠎ᠠ ᠶᠢ ᠬᠦᠴᠦᠯᠡᠨ ᠬᠡᠷᠡᠭᠯᠡᠵᠦ᠂ ᠣᠷᠣᠯᠭ᠎ᠠ ᠶᠢᠨ ᠵᠥᠷᠢᠶ᠎ᠡ᠂ ᠬᠥᠭᠵᠢᠯᠲᠡ ᠶᠢᠨ ᠵᠥᠷᠢᠶ᠎ᠡ ᠶᠢ ᠲᠠᠰᠤᠷᠠᠯᠳᠠ ᠦᠭᠡᠢ ᠪᠠᠭᠠᠰᠬᠠᠨ᠎ᠠ᠃ ᠡᠯ᠎ᠡ | ᠱᠠᠲᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ | ᠮᠡᠷᠭᠡᠵᠢᠯ᠂ ᠲᠥᠬᠦᠭᠡᠷᠦᠮᠵᠢ ᠵᠡᠷᠭᠡ ᠠᠵᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠨ᠎ᠡ᠃ | ᠭᠤᠷᠪᠠ ᠳᠤ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠠᠳᠬᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ | ᠲᠦᠷᠦ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ | ᠬᠠᠪᠰᠤᠷᠤᠨ ᠲᠡᠳᠬᠦᠬᠦ ᠲᠣᠭᠲᠠᠴᠠ ᠶᠢ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃ | ﹇ᠬᠥᠲᠥᠯᠥᠭᠴᠢ﹈ 2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠲᠠᠯ᠎ᠠ ᠪᠠᠷ ᠮᠠᠰᠢ ᠣᠯᠠᠨ ᠰᠢᠨ᠎ᠡ ᠳᠤᠷᠠᠳᠤᠯᠭ᠎ᠠ ᠰᠢᠨ᠎ᠡ ᠱᠠᠭᠠᠷᠳᠠᠯᠭ᠎ᠠ ᠭᠠᠷᠭᠠᠭᠰᠠᠨ ᠪᠠᠶᠢᠨ᠎ᠠ᠂ ᠡᠭᠦᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ | ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠡᠶᠡᠯᠳᠡᠭ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠂ | ᠮᠠᠨ ᠤ ᠬᠤᠰᠢᠭᠤᠨ ᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠲᠤᠪᠴᠢ ᠲᠠᠨᠢᠯᠴᠠᠭᠤᠯᠤᠭᠠᠷᠠᠢ᠃ | ﹇ᠯᠢ ᠰᠢᠤᠸᠠᠢ ᠲᠤᠤ﹈ ᠶᠡᠷᠦᠩᠬᠡᠢ ᠱᠦᠵᠢ ᠰᠢ ᠶᠢᠨ ᠫᠢᠩ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ | ᠡᠶᠡᠯᠳᠡᠭ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠣᠯ ᠲᠠᠷᠢᠶᠠᠯᠠᠩ ᠤᠨ ᠬᠦᠴᠦᠷᠬᠡᠭ ᠤᠯᠤᠰ ᠤᠨ ᠪᠠᠶᠢᠪᠠᠰᠤ ᠵᠣᠬᠢᠬᠤ ᠠᠭᠤᠯᠭ᠎ᠠ ᠮᠥᠨ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠠᠴᠠ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠡᠶᠡᠯᠳᠡᠭ ᠰᠠᠶᠢᠬᠠᠨ | ᠬᠥᠳᠡᠭᠡ ᠲᠣᠰᠬᠤᠨ ᠬᠦᠷᠲᠡᠯᠡᠬᠢ ᠪᠣᠯ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠭᠤᠯᠤᠭᠳᠠᠬᠤᠨ ᠪᠠ ᠬᠠᠷᠠᠯᠲᠠ ᠶᠢ ᠤᠯᠠᠮ ᠨᠢᠭᠡ ᠠᠯᠬᠤᠮ | ᠪᠠᠶᠠᠯᠢᠭᠵᠢᠭᠤᠯᠤᠨ ᠥᠷᠭᠡᠳᠬᠡᠵᠦ ᠪᠠᠶᠢᠭ᠎ᠠ ᠶᠠᠪᠤᠳᠠᠯ ᠮᠥᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠪᠣᠳᠠᠰ ᠢ ᠴᠢᠬᠤᠯᠠᠴᠢᠯᠠᠬᠤ ᠮᠥᠷᠲᠡᠭᠡᠨ | ᠬᠥᠮᠥᠨ ᠢ ᠴᠦ ᠴᠢᠬᠤᠯᠠᠴᠢᠯᠠᠬᠤ ᠬᠡᠷᠡᠭᠲᠡᠢ᠂ ᠳᠦᠷᠢ ᠲᠥᠷᠬᠦ ᠶᠢ ᠱᠤᠭᠤᠬᠤ ᠮᠥᠷᠲᠡᠭᠡᠨ ᠰᠦᠭ ᠰᠦᠨᠡᠰᠦ ᠶᠢ ᠴᠦ ᠪᠣᠶ ᠪᠣᠯᠭᠠᠬᠤ ᠬᠡᠷᠡᠭᠲᠡᠢ᠂ ᠪᠣᠳᠠᠰ ᠤᠨ | ᠪᠣᠯᠪᠠᠰᠤᠨ ᠢ ᠠᠳᠬᠤᠬᠤ ᠮᠥᠷᠲᠡᠭᠡᠨ ᠣᠶᠤᠨ ᠤ ᠪᠣᠯᠪᠠᠰᠤᠨ ᠢ ᠴᠤ ᠠᠳᠬᠤᠬᠤ ᠬᠡᠷᠡᠭᠲᠡᠢ ᠭᠡᠳᠡᠭ ᠢ ᠲᠣᠪᠤᠶᠢᠯᠭᠠᠨ ᠴᠢᠬᠤᠯᠠᠴᠢᠯᠠᠵᠤ᠂ ᠬᠥᠳᠡᠭᠡ ᠲᠣᠰᠬᠤᠨ ᠤ | ᠥᠩᠭᠡᠨ ᠲᠠᠯ᠎ᠠ ᠠᠴᠠ ᠳᠣᠲᠣᠷ ᠲᠠᠯ᠎ᠠ ᠬᠦᠷᠬᠦ᠂ ᠳᠦᠷᠰᠦ ᠰᠦᠯᠳᠡ ᠪᠦᠷᠢᠳᠦᠭᠰᠡᠨ ᠪᠥᠬᠦ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ ᠡᠨᠡ ᠵᠢᠯ ᠤᠨ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠡᠶᠡᠯᠳᠡᠭ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠦ᠂ ᠠᠶᠢᠯ ᠲᠣᠰᠬᠤᠨ ᠢ ᠲᠥᠯᠥᠪᠵᠢᠭᠦᠯᠦᠨ ᠪᠦᠲᠦᠭᠡᠨ | ᠪᠠᠶᠢᠭᠤᠯᠬᠤ ᠶᠢ ᠴᠢᠩᠭᠠᠳᠬᠠᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠤᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠯᠠᠪᠳᠠᠭᠤᠨ | ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠪᠠ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ | ︽ᠪᠣᠯᠪᠠᠰᠤᠨ ᠪᠦᠯᠬᠦᠮᠳᠡᠯᠲᠦ ᠬᠡᠲᠦ ᠳᠡᠯᠭᠡᠭᠦᠷ︾ ᠤᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ ᠬᠤᠪᠢ ᠬᠤᠷᠠᠮᠳᠤᠭᠤᠯᠬᠤ ᠳᠦᠷᠢᠮ᠂ ᠨᠠᠷᠢᠨ | ᠲᠠᠩᠰᠠ ᠶᠢᠨ ᠳᠦᠷᠢᠮ᠂ ᠲᠣᠥᠷᠵᠢᠭᠤᠯᠬᠤ ᠵᠡᠷᠭᠡ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠳᠡᠯᠭᠡᠷᠡᠭᠦᠯᠦᠨ ᠬᠡᠷᠡᠭᠯᠡᠵᠦ᠂ ᠲᠣᠰᠬᠤᠨ ᠤ ᠠᠷᠠᠳ ᠤᠨ ᠲᠣᠰᠬᠤᠨ ᠤ | ᠬᠡᠷᠡᠭ ᠶᠠᠪᠤᠳᠠᠯ ᠳᠤ ᠣᠷᠣᠯᠴᠠᠬᠤ ᠢᠳᠡᠪᠬᠢᠵᠢᠯ ᠢ ᠬᠥᠭᠵᠢᠭᠡᠨ᠂ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠢ ᠵᠢᠷᠤᠮᠵᠢᠭᠤᠯᠵᠤ᠂ ᠠᠮᠤᠷ ᠠᠮᠤᠭᠤᠯᠠᠩ | ᠬᠥᠳᠡᠭᠡ ᠲᠣᠰᠬᠤᠨ᠂ ᠬᠠᠤᠯᠢᠵᠢᠯ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ︔ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠶᠢᠭᠤᠯᠵᠤ᠂ ᠤᠯᠠᠨ | ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ | ᠪᠦᠲᠦᠮᠵᠢᠲᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠣᠷᠣᠰᠢᠨ | ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠡᠶᠡᠯᠳᠡᠭ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃ | ﹇ᠬᠥᠲᠥᠯᠥᠭᠴᠢ﹈ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠳᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠨ ᠨᠤᠲᠤᠭ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖ | | ﹇ᠯᠢ ᠰᠢᠤᠸᠠᠢ ᠲᠤᠤ﹈ ᠬᠠᠷᠢᠭᠤᠴᠠᠯᠭ᠎ᠠ ᠶᠢᠨ ᠠᠭᠤᠯᠭ᠎ᠠ ᠶᠢᠨ ᠲᠠᠯ᠎ᠠ ᠪᠠᠷ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 14 ᠲᠠᠯ᠎ᠠ ᠶᠢᠨ ᠪᠣᠳᠠᠲᠠᠢ ᠬᠠᠷᠢᠭᠤᠴᠠᠯᠭ᠎ᠠ ᠶᠢ ᠲᠣᠳᠣᠷᠬᠠᠶᠢᠯᠠᠪᠠ᠂ ᠡᠭᠦᠨ ᠳᠤ ᠠᠮᠤ ᠪᠤᠳᠠᠭ᠎ᠠ | ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠠᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠤ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ᠡᠯ᠎ᠡ ᠲᠦᠷᠦᠯ ᠤᠨ ᠴᠢᠳᠠᠪᠤᠷᠢᠲᠠᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠬᠤ ᠵᠡᠷᠭᠡ ᠪᠠᠭᠲᠠᠨ᠎ᠠ᠃ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠢᠨ ᠲᠠᠯ᠎ᠠ ᠪᠠᠷ᠂ ᠠᠷᠭ᠎ᠠ ᠳᠤ᠂ ᠮᠤᠵᠢ᠂ ᠬᠤᠲᠠ᠂ ᠰᠢᠶᠠᠨ᠂ ᠰᠢᠶᠠᠩ᠂ ᠲᠣᠰᠬᠤᠨ ᠲᠠᠪᠤᠨ ᠱᠠᠲᠤᠨ ᠤ ᠪᠣᠳᠠᠲᠠᠢ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠱᠠᠲᠤ ᠬᠤᠪᠢᠶᠠᠨ ᠲᠣᠳᠣᠷᠬᠠᠶᠢᠯᠠᠪᠠ᠃ ᠰᠢᠶᠠᠨ ᠤ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠪᠣᠯ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠨᠢᠭᠡᠳᠦᠭᠡᠷ ᠹᠷᠣᠨᠲ ᠤᠨ ᠵᠢᠯᠤᠭᠤᠳᠬᠤ ᠭᠠᠵᠠᠷ︾ ᠪᠣᠯᠣᠨ᠎ᠠ᠂ ᠡᠯ᠎ᠡ ᠲᠦᠷᠦᠯ ᠤᠨ ᠡᠬᠢ ᠪᠠᠶᠠᠯᠢᠭ ᠤᠨ ᠬᠦᠴᠦᠨ | ᠵᠦᠢᠯ ᠢ ᠨᠢᠭᠡᠳᠬᠡᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ︔ ᠰᠢᠶᠠᠩ | ᠪᠠᠯᠭᠠᠰᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠤᠣᠯ ᠡᠭᠦᠷᠭᠡ ᠪᠠᠨ ᠪᠣᠯᠭᠠᠵᠤ᠂ ︽ᠨᠢᠭᠡ | ᠲᠣᠰᠬᠤᠨ ᠳᠤ ᠨᠢᠭᠡ ᠠᠷᠭ᠎ᠠ ᠪᠣᠳᠣᠯᠭ᠎ᠠ︾ ᠠᠪᠴᠤ ᠤᠨᠢᠨ ᠳᠡᠭᠡᠷ᠎ᠡ ᠨᠢ ᠵᠢᠯᠤᠭᠤᠳᠬᠤ ᠦᠢᠯᠡᠴᠢᠯᠡᠭᠡ ᠪᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠡᠯᠡ ᠮᠥᠩᠭᠦ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ︔ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠲᠣᠰᠬᠤᠨ ᠤ ᠱᠠᠲᠤ ᠶᠢᠨ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠵᠦᠢᠯ ᠤᠨ ᠠᠵᠢᠯ ᠢ | ᠨᠢᠭᠡᠳᠦᠯᠲᠡᠢ ᠤᠳᠤᠷᠢᠳᠴᠤ᠂ ᠲᠠᠷᠢᠶᠠᠴᠢᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠮᠲᠤᠪᠠᠷ | ᠣᠷᠣᠯᠴᠠᠭᠤᠯᠤᠨ᠎ᠠ᠃ | ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠲᠠᠯ᠎ᠠ ᠪᠠᠷ᠂ ᠠᠷᠭ᠎ᠠ ᠳᠤ᠂ ᠮᠤᠵᠢ᠂ ᠬᠤᠲᠠ᠂ ᠰᠢᠶᠠᠨ᠂ ᠰᠢᠶᠠᠩ ᠤᠨ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠭᠤᠣᠯ ᠬᠠᠷᠢᠭᠤᠴᠠᠯᠭᠠᠲᠠᠨ ᠵᠢᠴᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯ ᠲᠤᠰ ᠭᠠᠵᠠᠷ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠬᠠᠷᠢᠭᠤᠴᠠᠯᠭᠠᠲᠠᠨ ᠮᠥᠨ ᠪᠥᠭᠡᠳ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠡᠷᠬᠢᠨ ᠰᠠᠶᠢᠲᠤᠷ | ᠭᠦᠢᠴᠡᠳᠬᠡᠬᠦ ᠲᠤᠬᠠᠢ ᠵᠣᠬᠢᠴᠠᠩᠭᠤᠢ ᠪᠠᠶᠢᠷᠢᠯᠠᠭᠤᠯᠤᠯᠲᠠ ᠪᠠ ᠲᠣᠭᠲᠠᠭᠠᠯ ᠭᠠᠷᠭᠠᠨ᠎ᠠ ᠭᠡᠵᠦ ᠴᠢᠬᠤᠯᠠᠴᠢᠯᠠᠪᠠ᠃ | ᠡᠭᠦᠨ ᠠᠴᠠ ᠭᠠᠳᠠᠨ᠎ᠠ᠂ ᠠᠷᠭ᠎ᠠ ᠳᠤ ᠨᠡᠶᠢᠭᠡᠮ ᠤᠨ ᠳᠠᠶᠢᠴᠢᠯᠠᠯᠲᠠ ᠶᠢᠨ ᠲᠠᠯ᠎ᠠ ᠪᠠᠷ ᠪᠠᠰᠠ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠨᠢᠭᠡ ᠳᠤ | ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠬᠤᠶᠠᠷ ᠲᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠴᠢᠩᠭᠠᠳᠬᠠᠨ᠎ᠠ᠃ ᠭᠤᠷᠪᠠ ᠳᠤ | ᠨᠡᠶᠢᠭᠡᠮ ᠤᠨ ᠬᠦᠴᠦᠨ ᠢ ᠢᠳᠡᠪᠬᠢᠲᠡᠢ ᠳᠠᠶᠢᠴᠢᠯᠠᠨ᠎ᠠ᠃ | ﹇ᠬᠥᠲᠥᠯᠥᠭᠴᠢ﹈ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠡᠮᠵᠢᠬᠦ | ᠠᠵᠢᠯ ᠢ ᠬᠡᠷᠬᠢᠨ ᠰᠠᠶᠢᠲᠤᠷ ᠬᠢᠬᠦ ᠪᠤᠢ︖ | ﹇ᠯᠢ ᠰᠢᠤᠸᠠᠢ ᠲᠤᠤ﹈ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠪᠠᠲᠤᠳᠬᠠᠨ ᠥᠷᠭᠡᠳᠬᠡᠵᠦ ᠰᠢᠨ᠎ᠡ | ᠳᠡᠭᠲᠡᠷ ᠲᠤ ᠭᠠᠷᠭᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ ᠪᠣᠳᠠᠲᠤ ᠦᠷ᠎ᠡ ᠪᠦᠲᠦᠮᠵᠢ ᠣᠯᠬᠤ ᠳᠤ ᠡᠯ᠎ᠡ | ᠲᠠᠯ᠎ᠠ ᠶᠢᠨ ᠬᠦᠴᠦᠨ ᠢ ᠨᠢᠭᠲᠠᠷᠠᠭᠤᠯᠵᠤ ᠬᠠᠮᠲᠤᠪᠠᠷ ᠠᠬᠢᠭᠤᠯᠬᠤ ᠴᠢᠬᠤᠯᠠᠲᠠᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠳᠡᠪᠬᠢᠲᠡᠢ ᠣᠷᠣᠯᠴᠠᠬᠤ᠂ | ᠬᠦᠴᠦᠲᠡᠢ ᠳᠡᠮᠵᠢᠯᠭᠡ ᠦᠵᠡᠭᠦᠯᠬᠦ ᠴᠢᠬᠤᠯᠠᠲᠠᠢ᠃ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠤᠯᠠᠨ | ᠲᠦᠮᠡᠨ ᠤ ᠦᠢᠯᠡᠳᠪᠦᠷᠢᠯᠡᠯ ᠢᠶᠠᠨ ᠬᠥᠭᠵᠢᠭᠦᠯᠬᠦ ᠪᠡᠯᠡ ᠮᠥᠩᠭᠦ ᠶᠢᠨ ᠬᠡᠷᠡᠭᠴᠡᠭᠡ ᠶᠢ ᠪᠦᠲᠦᠮᠵᠢᠲᠡᠢ ᠬᠠᠩᠭᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ | ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ﹇ᠬᠥᠲᠥᠯᠥᠭᠴᠢ﹈ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠬᠤᠰᠢᠭᠤ ᠶᠠᠮᠠᠷ ᠰᠢᠨ᠎ᠡ ᠠᠷᠭ᠎ᠠ ᠬᠡᠮᠵᠢᠶ᠎ᠡ ᠨᠦᠭᠦᠳ ᠢ | ᠠᠪᠬᠤ ᠪᠣᠶ︖ | ﹇ᠯᠢ ᠰᠢᠤᠸᠠᠢ ᠲᠤᠸ﹈ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠢᠯ ᠲᠣᠰᠬᠤᠨ ᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠲᠦᠪᠰᠢᠨ᠂ ᠭᠠᠵᠠᠷ ᠣᠷᠣᠨ ᠤ ᠰᠣᠶᠣᠯ ᠤᠨ ᠣᠨᠴᠠᠯᠢᠭ ᠪᠠ ᠠᠳᠠᠯᠢ ᠪᠤᠰᠤ ᠲᠥᠷᠥᠯ ᠬᠡᠯᠪᠡᠷᠢ ᠶᠢᠨ ᠠᠶᠢᠯ ᠲᠣᠰᠬᠤᠨ ᠤ ᠣᠨᠴᠠᠯᠢᠭ ᠲᠤ | ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠯᠬᠤᠮ ᠳᠠᠷᠠᠭ᠎ᠠ ᠲᠠᠢ ᠪᠠᠷ | ᠠᠬᠢᠭᠤᠯᠤᠨ᠎ᠠ︔ ᠬᠥᠳᠡᠭᠡ ᠲᠣᠰᠬᠤᠨ ᠤ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠴᠢᠨ | ᠡᠷᠦᠬᠡ ᠶᠢᠨ ᠶᠠᠪᠤᠵᠤ ᠰᠠᠭᠤᠬᠤ ᠨᠥᠬᠦᠴᠡᠯ ᠢ ᠦᠨᠡᠨ ᠬᠦ ᠰᠠᠶᠢᠵᠢᠷᠠᠭᠤᠯᠤᠨ᠎ᠠ︔ ᠡᠷᠦᠬᠡ ᠶᠢᠨ ᠵᠣᠷᠯᠣᠩ ᠢ ᠥᠭᠡᠷᠡᠴᠢᠯᠡᠬᠦ ᠲᠠᠯ᠎ᠠ ᠪᠠᠷ᠂ ᠣᠯᠠᠨ ᠲᠦᠮᠡᠨ ᠤ ᠰᠠᠨᠠᠯ ᠢ | ᠬᠦᠨᠳᠦᠳᠬᠡᠵᠦ᠂ ᠳᠡᠭᠡᠳᠦ ᠱᠠᠲᠤᠨ ᠤ ᠵᠣᠷᠯᠣᠩ ᠢ ᠥᠭᠡᠷᠡᠴᠢᠯᠡᠬᠦ ᠪᠠᠷᠢᠮᠵᠢᠶ᠎ᠠ ᠶᠢ ᠴᠢᠩᠭ᠎ᠠ ᠵᠢᠷᠤᠮᠯᠠᠨ᠎ᠠ︔ ᠪᠥᠬᠦ ᠪᠠᠯᠭᠠᠰᠤᠨ ᠤ ᠬᠤᠭ ᠨᠣᠪᠰᠢ ᠶᠢ ᠬᠤᠷᠢᠶᠠᠨ | ᠴᠤᠭᠯᠠᠭᠤᠯᠵᠤ ᠲᠡᠭᠡᠭᠡᠪᠦᠷᠢᠯᠡᠬᠦ ᠰᠢᠰᠲ᠋ᠧᠮ ᠢ ᠪᠠᠶᠢᠭᠤᠯᠵᠤ᠂ ᠪᠥᠬᠦ ᠪᠠᠯᠭᠠᠰᠤᠨ ᠤ 44 ᠵᠠᠰᠠᠭ ᠵᠠᠬᠢᠷᠭᠠᠨ ᠤ ᠲᠣᠰᠬᠤᠨ ᠢ ᠳᠠᠶᠢᠴᠢᠯᠠᠨ᠂ ᠬᠥᠳᠡᠭᠡ ᠲᠣᠰᠬᠤᠨ ᠤ | ᠣᠷᠴᠢᠨ ᠲᠤᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠤᠭᠤᠷᠢᠨ ᠤ ︽ᠡᠮᠬᠢ ᠵᠠᠮᠪᠠᠷᠠᠭ᠎ᠠ ᠦᠭᠡᠢ︾ ᠪᠠᠶᠢᠬᠤ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ | ﹇ᠬᠥᠲᠥᠯᠥᠭᠴᠢ﹈ ᠬᠢᠨᠠᠨ ᠬᠡᠮᠵᠢᠬᠦ ᠡᠲᠡᠭᠡᠳ ᠤᠨ ᠲᠦᠭᠰᠢᠭᠦᠷᠢ ᠶᠢ ᠠᠷᠢᠯᠭᠠᠭᠰᠠᠨ ᠤ ᠳᠠᠷᠠᠭ᠎ᠠ᠂ ᠶᠠᠮᠠᠷ ᠶᠠᠮᠠᠷ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠵᠦ | ᠪᠣᠯᠬᠤ ᠪᠣᠢ︖ ᠬᠤᠭᠤᠴᠠᠭ᠎ᠠ ᠨᠢ ᠬᠡᠳᠦᠢ ᠤᠷᠲᠤ ᠪᠤᠢ︖ | ﹇ᠯᠢ ᠰᠢᠤᠸᠠᠢ ᠲᠤᠸ﹈ ᠬᠢᠨᠠᠨ ᠬᠡᠮᠵᠢᠬᠦ ᠡᠲᠡᠭᠡᠳ ᠲᠤ ︽ᠲᠦᠭᠰᠢᠭᠦᠷᠢ ᠶᠢ ᠠᠷᠢᠯᠭᠠᠬᠤ︾ ᠲᠣᠳᠣᠷᠬᠠᠶᠢᠯᠠᠯᠲᠠ ᠭᠠᠷᠭᠠᠭᠰᠠᠨ ᠤ ᠳᠠᠷᠠᠭ᠎ᠠ᠂ ᠳᠠᠭᠢᠵᠤ | ᠭᠤᠣᠯᠳᠠᠯᠭ᠎ᠠ ᠲᠠᠢ ᠬᠢᠨᠠᠨ ᠬᠡᠮᠵᠢᠬᠦ ᠠᠵᠢᠯ ᠬᠢᠬᠦ ᠦᠭᠡᠢ᠂ ᠰᠢᠯᠵᠢᠯᠲᠡ ᠶᠢᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠰᠠᠭᠤᠷᠢ | ᠴᠢᠮᠡᠭᠡ ᠵᠠᠩᠭᠢ ᠳᠤ ᠲᠣᠬᠢᠷᠠᠭᠤᠯᠤᠯᠲᠠ ᠬᠢᠬᠦ ᠠᠵᠢᠯ ᠲᠠᠢ ᠤᠶᠠᠯᠳᠤᠭᠤᠯᠤᠨ᠂ ᠰᠠᠭᠤᠷᠢ ᠴᠢᠮᠡᠭᠡ ᠵᠠᠩᠭᠢ ᠪᠠᠨ ᠲᠣᠭᠲᠠᠮᠠᠯ ᠬᠤᠭᠤᠴᠠᠭ᠎ᠠ ᠲᠠᠢ ᠰᠢᠨᠡᠳᠬᠡᠨ᠎ᠡ᠃ | ᠲᠦᠭᠰᠢᠭᠦᠷᠢ ᠳᠤ ᠴᠢᠭᠯᠡᠭᠦᠯᠦᠨ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠠᠪᠰᠤᠷᠤᠨ ᠲᠡᠳᠬᠦᠬᠦ ᠶᠢ ᠲᠤᠰᠬᠠᠶᠢᠯᠠᠨ ᠬᠡᠷᠡᠭᠵᠢᠭᠦᠯᠬᠦ ᠦᠭᠡᠢ᠂ ᠬᠤᠯᠪᠣᠭᠳᠠᠯ ᠪᠦᠬᠦᠢ | ᠲᠦᠷᠦ ᠶᠢᠨ ᠪᠣᠳᠣᠯᠭ᠎ᠠ ᠳᠤ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠭᠰᠠᠨ ᠪᠠᠶᠢᠪᠠᠯ᠂ ᠲᠦᠷᠦ ᠶᠢᠨ ᠪᠣᠳᠣᠯᠭ᠎ᠠ ᠶᠢᠨ ᠶᠣᠰᠣᠭᠠᠷ ᠦᠷᠭᠦᠯᠵᠢᠯᠡᠨ | ᠨᠠᠶᠢᠳᠠᠪᠤᠷᠢᠵᠢᠭᠤᠯᠤᠨ᠎ᠠ᠃ ᠨᠠᠶᠢᠳᠠᠪᠤᠷᠢᠵᠢᠭᠤᠯᠤᠭᠰᠠᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢᠨ ᠳᠠᠮ ᠬᠦᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠤ ᠲᠥᠪᠬᠢᠨᠡᠭᠦᠯᠬᠦ᠂ ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ ᠢᠶᠠᠷ | ᠬᠠᠪᠰᠤᠷᠤᠨ ᠲᠡᠳᠬᠦᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠪᠣᠳᠠᠲᠠᠢ | ᠠᠵᠢᠯ ᠤᠨ ᠦᠶᠡᠯᠡᠯ ᠤᠨ ᠬᠤᠭᠤᠴᠠᠭ᠎ᠠ ᠶᠣᠰᠣᠭᠠᠷ ᠴᠠᠭ ᠲᠤᠬᠠᠢ ᠳᠤᠨᠢ ᠲᠣᠬᠢᠷᠠᠭᠤᠯᠤᠨ᠎ᠠ᠃ ᠰᠢᠨ᠎ᠡ ᠪᠠᠷ ᠳᠠᠬᠢᠨ ᠶᠠᠳᠠᠭᠤᠷᠠᠬᠤ ᠲᠦᠭᠰᠢᠭᠦᠷᠢ ᠢᠯᠡᠷᠡᠪᠠᠯ᠂ ᠲᠠᠰ | ᠳᠠᠷᠠᠭᠠᠯᠠᠯ ᠶᠣᠰᠣᠭᠠᠷ ᠬᠢᠨᠠᠨ ᠬᠡᠮᠵᠢᠬᠦ ᠡᠲᠡᠭᠡᠳ ᠢᠶᠠᠷ ᠳᠠᠬᠢᠨ ᠢᠯᠭᠠᠨ ᠲᠤᠭᠲᠠᠭᠠᠬᠤ ᠶᠢᠨ ᠬᠠᠮᠲᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠢ | ᠳᠤᠨᠢ ᠨᠠᠶᠢᠳᠠᠪᠤᠷᠢᠵᠢᠭᠤᠯᠤᠨ᠎ᠠ᠃ | ﹇ᠬᠥᠲᠥᠯᠥᠭᠴᠢ﹈ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠠᠯ᠎ᠠ ᠪᠠᠷ ᠶᠠᠮᠠᠷ ᠶᠠᠮᠠᠷ ᠰᠢᠨ᠎ᠡ ᠲᠡᠭᠦᠯᠳᠡᠷᠵᠢᠯ ᠪᠠᠶᠢᠬᠤ ᠪᠣᠢ︖ | ﹇ᠯᠢ ᠰᠢᠤᠸᠠᠢ ᠲᠤᠤ﹈ ᠰᠤᠷᠭᠠᠨ ᠬᠥᠮᠦᠵᠢᠯ ᠪᠣᠯᠣᠨ ᠡᠮᠴᠢᠯᠡᠭᠡᠨ ᠤ ᠪᠠᠶᠢᠭᠤᠯᠤᠮᠵᠢ ᠶᠢ ᠲᠦᠩᠵᠧᠦ ᠲᠣᠭᠤᠷᠢᠭ ᠯᠤᠭ᠎ᠠ ᠵᠣᠯᠭᠠᠭᠤᠯᠬᠤ ᠶᠢ ᠪᠦᠬᠦ ᠲᠠᠯ᠎ᠠ ᠪᠠᠷ | ᠪᠡᠶᠡᠯᠡᠭᠦᠯᠵᠦ᠂ 2023 ᠣᠨ ᠳᠤ ᠲᠦᠩᠵᠧᠦ ᠲᠣᠭᠤᠷᠢᠭ ᠤᠨ 27 ᠰᠤᠷᠭᠠᠭᠤᠯᠢ ᠨᠠᠢᠮᠠᠨ ᠬᠤᠰᠢᠭᠤᠨ ᠤ 31 ᠰᠤᠷᠭᠠᠭᠤᠯᠢ ᠶᠢ ᠬᠤᠣᠰᠯᠠᠨ ᠲᠡᠳᠬᠦᠵᠦ᠂ | ᠲᠦᠩᠵᠧᠦ ᠲᠣᠭᠤᠷᠢᠭ ᠤᠨ 18 ᠡᠮᠨᠡᠯᠭᠡ ᠶᠢᠨ ᠬᠤᠷᠢᠶ᠎ᠠ 26 ᠡᠮᠨᠡᠯᠭᠡ ᠶᠢᠨ ᠬᠤᠷᠢᠶ᠎ᠠ ᠶᠢ ᠬᠤᠣᠰᠯᠠᠨ ᠲᠡᠳᠬᠦᠪᠡ︔ ᠲᠦᠩᠵᠧᠦ ᠲᠣᠭᠤᠷᠢᠭ ᠤᠨ ᠬᠠᠪᠰᠤᠷᠤᠨ | ᠲᠡᠳᠬᠦᠬᠦ ᠰᠤᠷᠭᠠᠭᠤᠯᠢ ᠲᠣᠭᠲᠠᠮᠠᠯ ᠬᠤᠭᠤᠴᠠᠭ᠎ᠠ ᠲᠠᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠡᠭᠡᠵᠢᠩ ᠥᠪᠥᠷ ᠮᠣᠩᠭᠤᠯ ᠤᠨ ᠰᠤᠷᠭᠠᠨ | ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠬᠠᠪᠰᠤᠷᠤᠨ ᠲᠡᠳᠬᠦᠬᠦ ᠡᠮᠨᠡᠯᠭᠡ ᠶᠢᠨ ᠬᠤᠷᠢᠶ᠎ᠠ ᠲᠦᠷ ᠴᠠᠭ ᠲᠤᠰᠢᠶᠠᠯ ᠡᠭᠦᠷᠭᠡᠯᠡᠬᠦ | ᠡᠮᠴᠢ ᠶᠢ ᠵᠣᠬᠢᠶᠠᠨ ᠪᠠᠶᠢᠭᠤᠯᠤᠨ ᠨᠠᠢᠮᠠᠨ ᠬᠤᠰᠢᠭᠤᠨ ᠳᠤ ᠢᠷᠡᠭᠦᠯᠵᠦ ᠬᠠᠪᠰᠤᠷᠤᠨ ᠲᠡᠳᠬᠦᠬᠦ᠂ ᠵᠢᠷᠤᠮ ᠤᠨ ᠡᠮᠴᠢᠯᠡᠭᠡ᠂ ᠪᠣᠯᠪᠠᠰᠤᠷᠠᠯ ᠵᠡᠷᠭᠡ ᠤᠯᠠᠨ ᠬᠡᠯᠪᠡᠷᠢ ᠶᠢᠨ | ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠂ ᠡᠭᠦᠨ ᠳᠤ ᠡᠮᠴᠢᠯᠡᠭᠡᠨ ᠤ ᠲᠤᠰᠬᠠᠢ ᠮᠡᠷᠭᠡᠵᠢᠯᠲᠡᠨ ᠶᠠᠳᠠᠭᠤ ᠠᠴᠠ ᠠᠩᠭᠢᠵᠢᠷᠠᠭᠰᠠᠨ | ᠡᠷᠦᠭᠡ ᠳᠤ ᠪᠣᠳᠠᠲᠠᠢ ᠬᠦᠷᠴᠦ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠪᠠ ᠡᠮᠨᠡᠨ ᠵᠠᠰᠠᠬᠤ ᠦᠨᠡᠯᠡᠯᠲᠡ ᠬᠢᠬᠦ ᠶᠢ ᠪᠠᠭᠲᠠᠭᠠᠨ᠎ᠠ᠃ | ᠪᠡᠭᠡᠵᠢᠩ ᠥᠪᠥᠷ ᠮᠣᠩᠭᠤᠯ ᠬᠤᠣᠰᠯᠠᠨ ᠬᠠᠮᠵᠢᠯᠴᠠᠵᠤ ᠬᠠᠪᠰᠤᠷᠤᠨ ᠲᠡᠳᠬᠦᠬᠦ ᠪᠣᠯ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠠᠯ᠎ᠠ ᠶᠢᠨ ᠴᠢᠬᠤᠯᠠ ᠨᠢᠭᠡ | ᠭᠤᠭᠴᠤᠭ᠎ᠠ ᠪᠣᠯᠣᠨ᠎ᠠ᠂ ᠲᠡᠷᠡ ᠨᠢ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠠᠷᠠᠳ ᠲᠦᠮᠡᠨ ᠤ ᠰᠡᠳᠬᠢᠯ ᠢ ᠨᠢᠭᠲᠠ ᠬᠤᠯᠪᠣᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ | ᠴᠢᠬᠤᠯᠠ ᠦᠢᠯᠡᠳᠦᠯ ᠲᠠᠢ ᠶᠤᠮ᠃ | ﹇ᠬᠥᠲᠥᠯᠥᠭᠴᠢ﹈ ᠴᠡᠭ ᠲᠣᠭᠲᠠᠭᠠᠨ ᠬᠠᠪᠰᠤᠷᠤᠨ ᠲᠡᠳᠬᠦᠬᠦ ᠲᠠᠯ᠎ᠠ ᠪᠠᠷ ᠮᠠᠨ ᠤ ᠬᠤᠰᠢᠭᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖ | ﹇ᠯᠢ ᠰᠢᠤᠸᠠᠢ ᠲᠤᠤ﹈ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠵᠥᠪᠯᠡᠯ ᠤᠨ ᠡᠬᠢ ᠪᠠᠶᠠᠯᠢᠭ ᠪᠠ ᠴᠢᠳᠠᠪᠤᠷᠢᠲᠠᠨ ᠤ | ᠳᠠᠪᠠᠭᠤᠯᠢᠭ ᠲᠤ ᠲᠦᠰᠢᠭᠯᠡᠨ᠂ ᠰᠢᠨᠵᠢᠯᠡᠭᠡ ᠮᠡᠷᠭᠡᠵᠢᠯ ᠢᠶᠠᠷ ᠬᠠᠪᠰᠤᠷᠤᠨ ᠲᠡᠳᠬᠦᠬᠦ ᠪᠠᠷ ᠬᠤᠯᠪᠣᠭᠠᠰᠤ ᠪᠣᠯᠭᠠᠵᠤ᠂ ᠣᠯᠠᠨ ᠬᠦᠷᠢᠶᠡᠨ ᠳᠤ ᠰᠢᠨᠵᠢᠯᠡᠭᠡ ᠮᠡᠷᠭᠡᠵᠢᠯ ᠤᠨ | ᠲᠥᠷᠥᠯ ᠵᠦᠢᠯ ᠢ ᠣᠷᠣᠭᠤᠯᠤᠨ ᠠᠪᠴᠢᠷᠠᠵᠤ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢ | ᠳᠠᠭᠠᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠳᠤ ᠰᠠᠭᠤᠷᠢᠯᠠᠭᠰᠠᠨ ᠨᠠᠢᠮᠠᠨ ᠬᠤᠰᠢᠭᠤᠨ ᠤ ᠡᠷᠳᠡᠨᠢ ᠰᠢᠰᠢ ᠶᠢᠨ ᠤᠨᠠᠯᠲᠠ ᠶᠢ ᠪᠣᠬᠢᠷᠲᠤᠯ ᠦᠭᠡᠢ | ᠨᠡᠮᠡᠭᠳᠡᠭᠦᠯᠬᠦ ᠤᠰᠤ ᠪᠣᠷᠳᠣᠭᠤᠷ ᠤᠨ ᠥᠨᠳᠥᠷ ᠪᠦᠲᠦᠮᠵᠢᠲᠡᠢ ᠲᠣᠭᠲᠠᠴᠠ ᠶᠢᠨ ᠰᠤᠳᠤᠯᠭᠠᠨ ᠪᠠ ᠬᠡᠷᠡᠭᠯᠡᠭᠡᠨ ᠤ ᠲᠥᠷᠥᠯ ᠵᠦᠢᠯ ᠵᠡᠷᠭᠡ ᠲᠠᠪᠤᠨ ᠲᠥᠷᠥᠯ ᠵᠦᠢᠯ ᠢ | ᠦᠷᠭᠦᠯᠵᠢᠯᠡᠨ ᠠᠬᠢᠭᠤᠯᠵᠤ᠂ ᠲᠤᠬᠠᠶᠢᠯᠠᠪᠠᠯ ᠨᠠᠢᠮᠠᠨ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠰᠢᠨᠵᠢᠯᠡᠭᠡ ᠮᠡᠷᠭᠡᠵᠢᠯ ᠤᠨ ᠡᠬᠢ ᠪᠠᠶᠠᠯᠢᠭ ᠬᠦᠷᠦᠯᠴᠡᠬᠦ | ᠦᠭᠡᠢ᠂ ᠴᠢᠳᠠᠪᠤᠷᠢᠲᠠᠨ ᠳᠤᠲᠠᠭᠳᠠᠵᠤ ᠪᠠᠶᠢᠭ᠎ᠠ ᠵᠡᠷᠭᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠤᠨ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠣᠨᠴᠠᠯᠢᠭᠲᠤ ᠠᠵᠤ ᠦᠢᠯᠡᠰ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠨᠠᠢᠮᠠᠨ ᠬᠤᠰᠢᠭᠤᠨ ᠤ ᠠᠵᠤ ᠦᠢᠯᠡᠰ ᠤᠨ ᠲᠥᠷᠥᠯ ᠵᠦᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠡᠭᠦᠨ ᠤ ᠵᠡᠷᠭᠡ ᠳᠤ ᠪᠡᠭᠡᠵᠢᠩ ᠵᠡᠷᠭᠡ ᠭᠠᠵᠠᠷ ᠤᠨ ᠨᠢᠭᠦᠯᠡᠰᠦᠩᠭᠦᠢ ᠶᠢᠨ ᠪᠠᠶᠢᠭᠤᠯᠤᠮᠵᠢ ᠲᠠᠢ ᠬᠠᠷᠢᠯᠴᠠᠵᠤ ᠡᠮᠴᠢᠯᠡᠭᠡᠨ ᠤ ᠪᠠᠭᠠᠵᠢ ᠬᠡᠷᠡᠭᠰᠡᠯ ᠢ ᠬᠠᠨᠳᠢᠪᠯᠠᠭᠤᠯᠵᠤ᠂ | ᠭᠠᠳᠠᠷ ᠣᠷᠣᠨ ᠤ ᠳᠡᠭᠡᠳᠦ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠬᠠᠪᠰᠤᠷᠤᠨ | ᠪᠣᠷᠣᠯᠠᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠨᠡᠭᠡᠭᠡᠨ᠎ᠡ᠃ | ﹇ᠬᠥᠲᠥᠯᠥᠭᠴᠢ﹈ ᠪᠡᠯᠡ ᠮᠥᠩᠭᠦ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ﹇ᠯᠢ ᠰᠢᠤᠸᠠᠢ ᠲᠤᠸ﹈ ᠭᠤᠷᠪᠠᠳᠠᠭᠢ ᠡᠲᠡᠭᠡᠳ ᠢ ᠤᠷᠢᠵᠤ ᠪᠡᠯᠡ ᠮᠥᠩᠭᠦ ᠶᠢ ᠵᠣᠯᠭᠠᠭᠤᠯᠬᠤ ᠲᠥᠷᠥᠯ ᠵᠦᠢᠯ ᠳᠤ ᠪᠥᠬᠦ ᠶᠠᠪᠤᠴᠠ ᠶᠢᠨ ᠦᠷ᠎ᠡ | ᠪᠦᠲᠦᠮᠵᠢ ᠶᠢᠨ ᠬᠠᠮᠢᠶᠠᠷᠤᠯᠲᠠ᠂ ᠠᠰᠢᠭ ᠣᠷᠣᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠥᠷᠥᠯ ᠵᠦᠢᠯ ᠤᠨ ᠨᠥᠭᠡᠴᠡᠯᠡᠬᠦ ᠲᠤᠭ᠎ᠠ ᠬᠡᠮᠵᠢᠶ᠎ᠡ ᠶᠢ | ᠳᠡᠭᠡᠭᠰᠢᠯᠡᠭᠦᠯᠵᠦ᠂ ᠲᠥᠷᠥᠯ ᠵᠦᠢᠯ ᠤᠨ ᠬᠥᠮᠥᠷᠭᠡ ᠶᠢᠨ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠠᠵᠢᠯ ᠤᠨ ᠦᠷ᠎ᠡ ᠪᠦᠲᠦᠮᠵᠢ ᠶᠢᠨ ᠬᠠᠷᠠᠯᠲᠠ | ᠵᠡᠷᠭᠡ ᠬᠦᠴᠦᠨ ᠵᠦᠢᠯ ᠢ ᠲᠡᠭᠦᠯᠳᠡᠷᠵᠢᠭᠦᠯᠦᠨ᠎ᠡ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡ ᠣᠷᠤᠭᠤᠯᠤᠯᠲᠠ ᠪᠠ ᠲᠥᠯᠦᠪᠵᠢᠭᠦᠯᠭᠡ ᠶᠢ ᠰᠤᠳᠤᠯᠤᠨ | ᠨᠤᠲᠠᠯᠠᠬᠤ ᠵᠡᠷᠭᠡ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ | ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠲᠥᠰᠥᠪ ᠤᠨ | ᠭᠦᠢᠴᠡᠳᠭᠡᠯᠲᠡ ᠶᠢ ᠲᠦᠷᠭᠡᠳᠬᠡᠨ᠂ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠪᠠ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠪᠡᠯᠡ | ᠮᠥᠩᠭᠦ ᠶᠢᠨ ᠵᠠᠷᠤᠯᠭ᠎ᠠ ᠶᠢᠨ ᠠᠬᠢᠴᠠ ᠶᠢᠨ ᠵᠠᠩᠭᠢᠯᠠᠭ᠎ᠠ ᠶᠢᠨ ᠴᠡᠭ ᠤᠨ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠵᠦ᠂ ᠭᠤᠷᠪᠠᠳᠠᠭᠢ ᠡᠲᠡᠭᠡᠳ ᠤᠨ | ᠲᠤᠰᠬᠠᠶᠢᠵᠢᠭᠰᠠᠨ ᠯᠠᠪᠯᠠᠭ᠎ᠠ ᠶᠢᠨ ᠦᠢᠯᠡᠴᠢᠯᠡᠭᠡᠨ ᠪᠠ ᠬᠠᠮᠢᠶᠠᠷᠤᠯᠲᠠ ᠬᠠᠩᠭᠠᠬᠤ ᠪᠠᠷ ᠳᠡᠮᠵᠢᠨ᠂ ᠲᠥᠷᠥᠯ ᠵᠦᠢᠯ ᠤᠨ ᠴᠤᠪᠤᠷᠠᠯ ᠢ ᠵᠢᠷᠤᠮᠵᠢᠭᠤᠯᠵᠤ᠂ ᠲᠥᠷᠥᠯ | ᠵᠦᠢᠯ ᠤᠨ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠥᠮᠴᠢᠯᠡᠬᠦ ᠡᠷᠬᠡ᠂ | ᠡᠵᠡᠩᠨᠡᠬᠦ ᠡᠷᠬᠡ ᠪᠠ ᠠᠰᠢᠭ ᠭᠥᠷᠳᠡᠬᠦ ᠡᠷᠬᠡ ᠶᠢ ᠲᠣᠳᠣᠷᠬᠠᠶᠢᠯᠠᠨ᠎ᠠ᠃ ᠡᠭᠦᠨ ᠤ ᠬᠠᠮᠲᠤ ᠬᠤᠯᠪᠣᠭᠳᠠᠯ ᠪᠦᠬᠦᠢ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ᠂ | ᠡᠳ᠋ ᠬᠥᠷᠥᠩᠭᠡ ᠶᠢ ᠨᠠᠶᠢᠳᠠᠨ ᠡᠵᠡᠩᠨᠡᠭᠦᠯᠬᠦ᠂ ᠡᠳ᠋ ᠬᠥᠷᠥᠩᠭᠡ ᠶᠢ ᠰᠢᠢᠳᠪᠦᠷᠢᠯᠡᠬᠦ᠂ ᠠᠰᠢᠭ ᠣᠷᠣᠯᠭ᠎ᠠ ᠶᠢ ᠬᠤᠷᠢᠶᠠᠨ ᠲᠤᠰᠢᠶᠠᠯᠭᠠᠬᠤ ᠵᠢᠴᠢ ᠬᠤᠪᠢᠶᠠᠷᠢᠯᠠᠬᠤ ᠵᠡᠷᠭᠡ | ᠠᠵᠢᠯ ᠢ ᠥᠷᠨᠢᠭᠦᠯᠬᠦ ᠳᠤ ᠦᠨᠳᠦᠰᠦᠯᠡᠯ ᠪᠠ ᠵᠢᠷᠤᠮᠵᠢᠯ ᠬᠠᠩᠭᠠᠨ᠎ᠠ᠃ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠭᠤᠷᠪᠠᠳᠠᠭᠢ ᠡᠲᠡᠭᠡᠳ ᠤᠨ ᠣᠷᠣᠯᠴᠠᠬᠤ | ᠬᠡᠯᠪᠡᠷᠢ ᠪᠠᠷ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠢ ᠤᠷᠢᠵᠤ᠂ ᠨᠢᠭᠡᠨᠲᠡ ᠪᠦᠷᠢᠯᠳᠦᠭᠰᠡᠨ ᠶᠠᠳᠠᠭᠤ ᠶᠢ ᠲᠡᠳᠬᠦᠬᠦ ᠡᠳ᠋ ᠬᠥᠷᠥᠩᠭᠡ ᠳᠤ ᠪᠦᠬᠦ | ᠲᠠᠯ᠎ᠠ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠪᠠᠶᠢᠳᠠᠯ᠂ | ᠥᠮᠴᠢᠯᠡᠬᠦ ᠡᠷᠬᠡ ᠶᠢᠨ ᠬᠠᠷᠢᠶᠠᠯᠠᠯ᠂ ᠡᠳ᠋ ᠬᠥᠷᠥᠩᠭᠡ ᠶᠢᠨ ᠠᠰᠢᠭ ᠣᠷᠣᠯᠭ᠎ᠠ᠂ ᠬᠠᠮᠢᠶᠠᠷᠴᠤ ᠬᠠᠮᠠᠭᠠᠯᠠᠬᠤ ᠲᠣᠭᠲᠠᠴᠠ᠂ ᠶᠠᠳᠠᠭᠤ ᠶᠢ ᠳᠠᠶᠢᠴᠢᠯᠠᠨ ᠶᠠᠳᠠᠭᠤ ᠶᠢ | ᠪᠠᠭᠠᠰᠬᠠᠬᠤ ᠲᠣᠭᠲᠠᠴᠠ ᠵᠡᠷᠭᠡ ᠲᠠᠯ᠎ᠠ ᠪᠠᠷ ᠭᠤᠣᠯᠯᠠᠭᠤᠯᠤᠨ ᠰᠢᠰᠲ᠋ᠧᠮ ᠲᠠᠢ ᠡᠮᠬᠢᠯᠡᠨ ᠵᠢᠭᠰᠠᠭᠠᠨ ᠪᠠᠶᠢᠴᠠᠭᠠᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ | ᠲᠣᠭᠲᠠᠮᠠᠯ ᠬᠤᠭᠤᠴᠠᠭ᠎ᠠ ᠲᠠᠢ ᠮᠡᠳᠡᠭᠦᠯᠵᠦ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠡᠪ ᠤᠨ ᠡᠵᠡᠩᠨᠡᠯᠲᠡ ᠶᠢ | ᠪᠠᠲᠤᠯᠠᠵᠤ᠂ ᠠᠰᠢᠭ ᠣᠷᠣᠯᠭ᠎ᠠ ᠶᠢ ᠲᠣᠭᠲᠠᠪᠤᠷᠢᠵᠢᠭᠤᠯᠤᠨ᠎ᠠ᠃ | ﹇ᠬᠥᠲᠥᠯᠥᠭᠴᠢ﹈ ᠲᠣᠰᠬᠤᠨ ᠳᠤ ᠰᠠᠭᠤᠵᠤ ᠠᠵᠢᠯᠯᠠᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠢ︖ | ﹇ᠯᠢ ᠰᠢᠤᠸᠠᠢ ᠲᠤᠸ﹈ 2023 ᠣᠨ ᠳᠤ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠥᠮᠦᠵᠢᠯ ᠪᠣᠯᠪᠠᠰᠤᠷᠠᠯ ᠢ ᠨᠠᠮ ᠤᠨ ᠭᠡᠰᠢᠭᠦᠨ ᠺᠠᠳ᠋ᠷᠴᠤᠳ ᠤᠨ | ᠬᠥᠮᠦᠵᠢᠯ ᠪᠣᠯᠪᠠᠰᠤᠷᠠᠯ ᠤᠨ ᠭᠤᠣᠯ ᠴᠣᠭᠴᠠ ᠶᠢᠨ ᠠᠩᠭᠢ ᠳᠤ ᠣᠷᠣᠭᠤᠯᠵᠤ᠂ ᠲᠣᠰᠬᠤᠨ ᠳᠤ ᠰᠠᠭᠤᠭ᠎ᠠ 395 ᠺᠠᠳ᠋ᠷ ᠲᠤ ᠳᠡᠰ ᠲᠦᠷᠦᠯ ᠬᠤᠪᠢᠶᠠᠨ ᠪᠣᠯᠪᠠᠰᠤᠷᠠᠯ | ᠬᠦᠷᠲᠡᠭᠡᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠠᠵᠤ ᠦᠢᠯᠡᠰ ᠢ ᠬᠥᠭᠵᠢᠭᠦᠯᠬᠦ᠂ ᠣᠷᠣᠯᠭ᠎ᠠ ᠶᠢᠨ | ᠨᠡᠮᠡᠭᠳᠡᠯ ᠢ ᠳᠡᠮᠵᠢᠬᠦ᠂ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠣᠮᠢᠯᠠᠭᠰᠠᠨ ᠨᠢᠭᠡᠴᠡ ᠶᠢᠨ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠢᠨ ᠤᠯᠠᠷᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠬᠠᠷᠢᠭᠤ ᠮᠡᠳᠡᠭᠦᠯᠦᠯᠲᠡ ᠰᠣᠨᠣᠰᠬᠤ᠂ ᠭᠤᠣᠯ | ᠬᠠᠷᠢᠭᠤᠴᠠᠯᠭᠠᠲᠠᠨ ᠨᠥᠬᠦᠳ ᠲᠣᠮᠢᠯᠠᠨ ᠰᠠᠭᠤᠯᠭᠠᠭᠰᠠᠨ ᠭᠠᠴᠠᠭ᠎ᠠ ᠲᠣᠰᠬᠤᠨ ᠳᠤ ᠨᠢᠭᠡ ᠤᠳᠠᠭ᠎ᠠ ᠠᠵᠢᠯ ᠤᠨ ᠪᠠᠶᠢᠴᠠᠭᠠᠨ ᠰᠤᠳᠤᠯᠤᠯᠲᠠ ᠬᠢᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠬᠤ ᠶᠢᠨ ᠬᠠᠮᠲᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠥᠮᠥᠰ ᠤᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ | ᠪᠣᠳᠣᠯᠬᠢᠯᠠᠨ᠂ ︽ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠪᠠᠶᠢᠭᠤᠯᠬᠤ ᠠᠵᠢᠯ ᠤᠨ ᠲᠣᠭᠲᠠᠴᠠ︾ ᠪᠠ | ︽ᠬᠥᠳᠡᠭᠡ ᠲᠣᠰᠬᠤᠨ ᠤ ᠵᠠᠰᠠᠯᠲᠠ ᠳᠤ ᠬᠤᠪᠢ ᠬᠤᠷᠠᠮᠳᠤᠭᠤᠯᠬᠤ ᠳᠦᠷᠢᠮ ᠪᠠ ᠨᠠᠷᠢᠨ ᠲᠠᠩᠰᠠ ᠶᠢᠨ ᠳᠦᠷᠢᠮ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠠᠷᠭ᠎ᠠ︾ | ᠶᠢ ᠬᠡᠷᠡᠭᠵᠢᠭᠦᠯᠬᠦ ᠶᠢ ᠠᠬᠢᠭᠤᠯᠤᠨ᠎ᠠ᠃ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠳᠠᠶᠢᠴᠢᠨ ᠬᠦᠴᠦᠨ ᠢᠶᠠᠷ ᠴᠢᠩᠭ᠎ᠠ ᠪᠠᠭ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠥᠷᠥᠯ ᠤᠨ ᠲᠥᠷᠥᠯ ᠵᠦᠢᠯ ᠢ | ᠤᠷᠢᠳᠠᠪᠠᠷ ᠨᠠᠶᠢᠳᠠᠪᠤᠷᠢᠵᠢᠭᠤᠯᠤᠨ᠎ᠠ᠃ |