ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠤᠪᠴᠢᠶ᠎ᠠ᠄ | ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ | ᠪᠠ ︽ᠲᠦᠩᠯᠢᠶᠣᠣ ᠬᠤᠲᠠ ᠶᠢᠨ ᠮᠣᠩᠭᠤᠯ ᠡᠮ ᠢ ᠬᠠᠮᠠᠭᠠᠯᠠᠨ ᠬᠥᠭᠵᠢᠭᠦᠯᠬᠦ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠢᠲᠠᠳ | ᠡᠮ ︵ᠮᠣᠩᠭᠤᠯ ᠡᠮ︶ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ | ᠪᠣᠳᠠᠲᠠᠢ ᠲᠠᠢ ᠪᠠᠨ ᠤᠶᠠᠯᠳᠤᠭᠤᠯᠤᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠣᠣᠷᠠᠬᠢ ᠮᠡᠲᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠢᠲᠠᠳ ᠡᠮ ︵ᠮᠣᠩᠭᠤᠯ ᠡᠮ︶ ᠤᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ | ︵ᠨᠢᠭᠡ︶ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠮᠠᠨ ᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠪᠠ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠢ ᠶᠢ ᠦᠨᠳᠦᠰᠦᠯᠡᠨ᠂ ᠬᠤᠨᠴᠢᠷ᠂ ᠰᠢᠬᠢᠷ ᠡᠪᠡᠰᠦ᠂ ᠱᠦᠭᠦᠷᠭᠡᠨ᠎ᠡ᠂ ᠴᠢᠨ᠋ᠸ᠎ᠠ ᠶᠢᠨ | ᠬᠠᠯᠲᠠᠷ᠂ ᠳᠣᠭᠤᠯ ᠡᠪᠡᠰᠦ᠂ ᠬᠤᠷᠳᠤᠨ ᠴᠠᠭᠠᠨ᠂ ᠴᠢᠴᠠᠷᠭᠠᠨ᠎ᠠ᠂ ᠬᠤᠨᠴᠢᠨ᠂ ᠴᠠᠭᠠᠨ ᠰᠤᠷᠤᠯᠤ ᠵᠡᠷᠭᠡ 9 ᠵᠦᠢᠯ ᠤᠨ ᠴᠢᠨᠠᠷ ᠰᠠᠶᠢᠲᠠᠢ ᠬᠢᠲᠠᠳ ᠡᠮ ᠤᠨ | ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠰᠣᠩᠭᠤᠨ ᠮᠠᠨ ᠤ ᠬᠤᠲᠠ ᠶᠢᠨ ᠣᠨᠴᠠᠯᠢᠭ ᠲᠠᠢ ᠲᠥᠷᠥᠯ ᠵᠦᠢᠯ ᠪᠣᠯᠭᠠᠵᠤ᠂ ᠭᠤᠣᠯᠳᠠᠯᠭ᠎ᠠ ᠲᠠᠢ | ᠪᠣᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠮᠠᠯ | ᠲᠠᠷᠢᠶᠠᠯᠠᠩ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃ ᠲᠦᠷᠦᠭᠦᠯᠡᠬᠦ ᠨᠢᠭᠡᠴᠡ | ᠨᠢᠭᠡᠳᠦᠭᠡᠷ ᠲᠤ ᠵᠢᠭᠰᠠᠭᠠᠭᠳᠠᠨ᠎ᠠ᠂ ᠳᠣᠷᠣᠭᠰᠢ ᠠᠳᠠᠯᠢ︶ | ︵ᠬᠤᠶᠠᠷ︶ ᠪᠠᠷᠢᠮᠵᠢᠶᠠᠵᠢᠭᠤᠯᠤᠨ ᠳᠠᠷᠢᠬᠤ ᠶᠢ ᠠᠬᠢᠭᠤᠯᠤᠨ᠎ᠠ᠃ ᠠᠳᠠᠯᠢ ᠪᠤᠰᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ | ᠪᠠᠶᠢᠭᠠᠯᠢ ᠶᠢᠨ ᠣᠷᠴᠢᠨ ᠲᠣᠭᠤᠷᠢᠨ ᠵᠡᠷᠭᠡ ᠨᠥᠬᠦᠴᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠳᠠᠭᠤᠷᠢᠶᠠᠮᠠᠯ ᠬᠡᠭᠡᠷ᠎ᠡ ᠶᠢᠨ ᠴᠢᠨᠠᠷ ᠰᠠᠶᠢᠲᠠᠢ ᠳᠠᠷᠢᠬᠤ ᠮᠡᠷᠭᠡᠵᠢᠯ ᠪᠠ | ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ᠂ ᠹᠢᠽᠢᠺ ᠢᠶᠠᠷ ᠰᠡᠷᠭᠡᠶᠢᠯᠡᠨ ᠵᠠᠰᠠᠬᠤ ᠵᠡᠷᠭᠡ ᠡᠪᠡᠳᠴᠢᠨ ᠬᠤᠷᠣᠬᠠᠢ ᠶᠢᠨ ᠬᠥᠨᠥᠭᠡᠯ ᠤᠨ ᠪᠣᠬᠢᠷᠳᠤᠯ ᠦᠭᠡᠢ ᠰᠡᠷᠭᠡᠶᠢᠯᠡᠨ | ᠡᠵᠡᠮᠳᠡᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠡᠮ ᠤᠨ ᠮᠠᠲ᠋ᠧᠷᠢᠶᠠᠯ ᠤᠨ ᠠᠰᠢᠭᠲᠤ ᠪᠦᠷᠢᠯᠳᠦᠭᠦᠨ ᠤ ᠠᠭᠤᠯᠤᠭᠳᠠᠴᠠ ᠶᠢ ᠪᠠᠲᠤᠯᠠᠨ᠂ ᠡᠮ ᠤᠨ ᠮᠠᠲ᠋ᠧᠷᠢᠶᠠᠯ ᠤᠨ | ᠴᠢᠨᠠᠷ ᠰᠠᠶᠢᠲᠠᠢ ᠪᠠᠶᠢᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ | ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︽ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ︾ ᠢ ᠦᠨᠳᠦᠰᠦᠯᠡᠨ᠂ ᠲᠦᠩᠯᠢᠶᠣᠣ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠵᠢᠱᠢᠶ᠎ᠡ ᠦᠵᠡᠭᠦᠯᠦᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠢᠩᠬᠢᠨᠢ ᠡᠮ ᠤᠨ ᠮᠠᠲ᠋ᠧᠷᠢᠶᠠᠯ ᠢ | ᠦᠨᠡᠯᠡᠬᠦ ᠪᠠᠷ ᠳᠠᠮᠵᠢᠭᠤᠯᠤᠨ᠂ ᠪᠠᠷᠢᠮᠵᠢᠶᠠᠵᠢᠭᠤᠯᠤᠨ ᠮᠥᠷᠳᠡᠬᠦ ᠰᠢᠰᠲ᠋ᠧᠮᠵᠢ ᠶᠢ ᠪᠠᠶᠢᠭᠤᠯᠤᠨ ᠪᠦᠲᠦᠭᠡᠵᠦ᠂ ᠡᠮ ᠤᠨ ᠮᠠᠲ᠋ᠧᠷᠢᠶᠠᠯ ᠤᠨ ᠠᠰᠢᠭᠲᠤ ᠪᠦᠷᠢᠯᠳᠦᠭᠦᠨ ᠤ | ᠠᠭᠤᠯᠤᠭᠳᠠᠴᠠ ᠨᠢ ︽ᠳᠤᠮᠳᠠᠳᠤ ᠤᠯᠤᠰ ᠤᠨ ᠡᠮ ᠤᠨ ᠲᠣᠯᠢ︾ ᠶᠢᠨ ᠪᠠᠷᠢᠮᠵᠢᠶ᠎ᠠ ᠳᠤ ᠬᠦᠷᠴᠦ᠂ ᠦᠢᠯᠡᠳᠪᠦᠷᠢᠯᠡᠯ ᠪᠠ ᠬᠠᠮᠢᠶᠠᠷᠤᠯᠲᠠ ᠨᠢ ︽ᠬᠢᠲᠠᠳ ᠡᠮ ᠤᠨ | ᠮᠠᠲ᠋ᠧᠷᠢᠶᠠᠯ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠳᠤ ᠨᠡᠶᠢᠴᠡᠭᠰᠡᠨ᠂ ᠬᠡᠪᠴᠢᠶ᠎ᠡ ᠨᠢ 300 ᠮᠦ ᠠᠴᠠ ᠳᠤᠲᠠᠭᠤ ᠦᠭᠡᠢ | ᠪᠠᠷᠢᠮᠵᠢᠶᠠᠵᠢᠭᠤᠯᠤᠨ ᠳᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠯᠭᠠᠨ ᠠᠪᠴᠤ ᠬᠢᠷᠢ ᠲᠡᠩᠴᠡᠭᠰᠡᠨ ᠤ ᠳᠠᠷᠠᠭ᠎ᠠ ᠮᠦ ᠪᠦᠷᠢ ᠳᠤ 200 ᠲᠥᠭᠦᠷᠢᠭ ᠤᠨ | ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠨᠥᠬᠦᠪᠦᠷᠢ ᠣᠯᠭᠤᠵᠤ᠂ ᠲᠠᠩ ᠭᠠᠭᠴᠠ ᠰᠠᠭᠤᠷᠢᠨ ᠭᠠᠵᠠᠷ ᠤᠨ ᠨᠥᠬᠦᠪᠦᠷᠢ ᠶᠢᠨ ᠪᠡᠯᠡ | ᠮᠥᠩᠭᠦ ᠶᠢᠨ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ | ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠮᠠᠯ ᠲᠠᠷᠢᠶᠠᠯᠠᠩ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠭᠤᠷᠪᠠ︶ ᠣᠨᠴᠠᠯᠢᠭᠲᠤ ᠳᠠᠪᠠᠭᠤᠯᠢᠭ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠰᠠᠶᠢᠨ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠦᠷ᠎ᠡ ᠪᠠ ᠵᠤᠯᠵᠠᠭ᠎ᠠ | ᠮᠣᠳᠣᠨ ᠤ ᠰᠠᠭᠤᠷᠢ ᠢᠷᠡᠯᠲᠡ ᠶᠢ ᠮᠠᠭᠠᠳᠯᠠᠨ ᠲᠣᠭᠲᠠᠭᠠᠭᠰᠠᠨ ᠨᠢ ᠪᠦᠷᠢᠨ ᠪᠤᠰᠤ᠂ ᠲᠥᠷᠥᠯ ᠵᠦᠢᠯ ᠤᠨ ᠰᠢᠨ᠎ᠡ ᠶᠢ ᠡᠭᠦᠳᠦᠭᠰᠡᠨ ᠨᠢ ᠬᠦᠷᠦᠯᠴᠡᠬᠦ ᠦᠭᠡᠢ᠂ ᠶᠠᠰᠤ | ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠥᠨᠳᠥᠷ ᠪᠤᠰᠤ ᠵᠡᠷᠭᠡ ᠲᠣᠪᠣᠶᠢᠮ᠎ᠠ ᠪᠣᠭᠤᠮᠢ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ | ᠲᠦᠩᠯᠢᠶᠣᠣ ᠶᠢᠨ ᠭᠠᠵᠠᠷ ᠣᠷᠣᠨ ᠤ ᠳᠠᠪᠠᠭᠤᠯᠢᠭ ᠡᠭᠦᠯᠳᠡᠷ ᠤᠨ ᠲᠣᠭᠤᠷᠢᠨ ᠳᠤ᠂ ᠤᠯᠠᠮᠵᠢᠯᠠᠯᠲᠤ ᠦᠢᠯᠡᠳᠪᠦᠷᠢᠯᠡᠯ ᠤᠨ ᠮᠡᠷᠭᠡᠵᠢᠯ ᠬᠢᠭᠡᠳ ᠤᠳᠤ ᠦᠶ᠎ᠡ ᠶᠢᠨ | ᠡᠭᠦᠯᠳᠡᠷ ᠪᠣᠶᠢᠵᠢᠭᠤᠯᠬᠤ ᠮᠡᠷᠭᠡᠵᠢᠯ ᠢ ᠬᠠᠷᠢᠯᠴᠠᠨ ᠤᠶᠠᠯᠳᠤᠭᠤᠯᠵᠤ᠂ ᠬᠠᠮᠢᠶ᠎ᠠ ᠪᠦᠬᠦᠢ ᠡᠭᠦᠯᠳᠡᠷ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠢ ᠲᠥᠪᠯᠡᠷᠡᠭᠦᠯᠦᠨ ᠡᠮᠬᠢᠯᠡᠨ ᠨᠡᠶᠢᠯᠡᠭᠦᠯᠵᠦ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠰᠠᠶᠢᠨ ᠡᠭᠦᠯᠳᠡᠷ ᠢ ᠰᠣᠩᠭᠤᠨ ᠦᠷᠡᠵᠢᠭᠦᠯᠦᠨ | ᠪᠣᠶᠢᠵᠢᠭᠤᠯᠬᠤ ᠮᠡᠷᠭᠡᠵᠢᠯ ᠤᠨ ᠰᠢᠰᠲ᠋ᠧᠮᠵᠢ ᠪᠠᠶᠢᠭᠤᠯᠬᠤ ᠶᠢ ᠲᠡᠳᠬᠦᠵᠦ᠂ ᠨᠢᠭᠡ ᠪᠦᠯᠦᠭ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠣᠳᠣᠬᠢᠴᠢᠯᠠᠭᠰᠠᠨ ᠡᠬᠢ | ᠰᠤᠷᠪᠤᠯᠵᠢ ᠨᠢ ᠣᠨᠣᠪᠴᠢᠲᠠᠶ ᠰᠠᠶᠢᠨ ᠡᠭᠦᠯᠳᠡᠷ ᠰᠠᠶᠢᠨ ᠴᠢᠬᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ︶ | ︵ᠳᠥᠷᠪᠡ︶ ᠬᠢᠲᠠᠳ ᠡᠮ ︵ᠮᠣᠩᠭᠤᠯ ᠡᠮ︶ ᠦᠢᠯᠡᠳᠪᠦᠷᠢᠯᠡᠵᠦ ᠡᠳ᠋ᠰᠢᠭᠦᠯᠬᠦ ᠦᠢᠯᠡᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ | ᠬᠤᠰᠢᠭᠤ ᠰᠢᠶᠠᠨ ᠬᠤᠲᠠ ᠲᠣᠭᠤᠷᠢᠭ ᠨᠢ ᠲᠣᠰ ᠭᠠᠵᠠᠷ ᠣᠷᠣᠨ ᠤ ᠪᠠᠨ ᠣᠨᠴᠠᠯᠢᠭ ᠢ ᠦᠨᠳᠦᠰᠦᠯᠡᠨ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ | ᠮᠠᠲ᠋ᠧᠷᠢᠶᠠᠯ︶ ᠢ ᠭᠠᠷᠭᠠᠨ ᠠᠪᠬᠤ᠂ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠳᠠᠯᠢᠮᠳᠠᠭᠤᠯᠤᠨ ᠬᠡᠷᠴᠢᠬᠦ ᠪᠠ ᠴᠢᠨᠠᠬᠤ ᠡᠮ ᠡᠳ᠋ᠰᠢᠭᠦᠯᠬᠦ ᠠᠵᠤ ᠠᠬᠤᠶᠢᠯᠠᠯ ᠢ | ᠪᠣᠶᠢᠵᠢᠭᠤᠯᠤᠨ ᠪᠤᠵᠠᠭᠠᠶᠢᠷᠠᠭᠤᠯᠬᠤ ᠶᠢ ᠳᠡᠮᠵᠢᠵᠦ᠂ ᠡᠮ ᠤᠨ ᠮᠠᠲ᠋ᠧᠷᠢᠶᠠᠯ ᠢ ᠲᠣᠰ ᠭᠠᠵᠠᠷ ᠣᠷᠣᠨ ᠳᠠᠭᠠᠨ ᠰᠢᠭᠤᠳ ᠡᠪᠡᠰᠦ ᠠᠴᠠ ᠡᠮ ᠬᠤᠪᠢᠷᠠᠭᠤᠯᠬᠤ ᠶᠢ | ᠪᠡᠶᠡᠯᠡᠭᠦᠯᠵᠦ᠂ ᠡᠮ ᠤᠨ ᠲᠠᠷᠢᠶᠠᠴᠢᠨ ᠪᠠ ᠣᠷᠣᠨ ᠨᠤᠲᠤᠭ ᠤᠨ ᠠᠰᠢᠭ ᠣᠷᠣᠯᠭ᠎ᠠ ᠶᠢ ᠨᠡᠮᠡᠭᠳᠡᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ ᠬᠢᠲᠠᠳ ᠡᠮ ︵ᠮᠣᠩᠭᠤᠯ | ᠡᠮ︶ ᠤᠨ ᠦᠢᠯᠡᠳᠪᠦᠷᠢᠯᠡᠯ ᠤᠨ ᠠᠵᠤ ᠠᠬᠤᠶᠢᠯᠠᠯ᠂ ᠬᠢᠲᠠᠳ ᠡᠮ ︵ᠮᠣᠩᠭᠤᠯ ᠡᠮ︶ ᠴᠢᠨᠠᠬᠤ ᠡᠮ ᠡᠳ᠋ᠰᠢᠭᠦᠯᠬᠦ ᠠᠵᠤ ᠠᠬᠤᠶᠢᠯᠠᠯ ᠤᠨ ᠨᠢᠭᠡ ᠵᠢᠯ ᠤᠨ ᠳᠣᠲᠣᠷ᠎ᠠ | ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠬᠦᠷᠦᠭᠰᠡᠨ ᠪᠠᠶᠢᠪᠠᠯ᠂ ᠲᠣᠰ | ᠵᠢᠯ ᠤᠨ ᠪᠣᠷᠣᠯᠠᠭᠤᠯᠤᠯᠲᠠ ᠶᠢᠨ ᠲᠤᠭ᠎ᠠ ᠶᠢᠨ 5% ᠢ ᠱᠠᠩᠨᠠᠯ ᠣᠯᠭᠤᠵᠤ᠂ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | | ︵ᠲᠠᠪᠤ︶ ᠬᠥᠲᠥᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽ᠨᠠᠷᠠᠲᠤ ᠠᠵᠤ ᠠᠬᠤᠶᠢᠯᠠᠯ︾ ᠢ ᠪᠣᠶᠢᠵᠢᠭᠤᠯᠬᠤ ᠰᠢᠰᠲ᠋ᠧᠮᠵᠢ ᠶᠢ | ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠨᠥᠬᠦᠴᠡᠯ ᠳᠤ ᠨᠡᠶᠢᠴᠡᠬᠦ ᠬᠢᠲᠠᠳ ᠡᠮ ︵ᠮᠣᠩᠭᠤᠯ ᠡᠮ︶ ᠤᠨ ᠠᠵᠤ ᠠᠬᠤᠶᠢᠯᠠᠯ ᠢ ︽ᠨᠠᠷᠠᠲᠤ ᠠᠵᠤ ᠠᠬᠤᠶᠢᠯᠠᠯ | ︾ ᠢ ᠪᠣᠶᠢᠵᠢᠭᠤᠯᠬᠤ ᠨᠡᠷᠡᠰ ᠲᠤ ᠵᠢᠭᠰᠠᠭᠠᠨ ᠣᠷᠣᠭᠤᠯᠬᠤ ᠶᠢ ᠳᠡᠮᠵᠢᠨ᠎ᠡ᠃ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠢ ᠪᠣᠶᠢᠵᠢᠭᠤᠯᠵᠤ᠂ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ᠂ ᠬᠢᠲᠠᠳ ᠡᠮ ︵ᠮᠣᠩᠭᠤᠯ ᠡᠮ︶ | ᠤᠨ ᠠᠵᠤ ᠠᠬᠤᠶᠢᠯᠠᠯ ᠤᠨ ᠪᠦᠯᠦᠭᠯᠡᠯᠵᠢᠨ ᠬᠥᠭᠵᠢᠬᠦ ᠪᠠᠨ ᠲᠦᠷᠭᠡᠳᠬᠡᠬᠦ ᠶᠢ ᠠᠬᠢᠭᠤᠯᠵᠤ᠂ ᠬᠢᠲᠠᠳ ᠡᠮ ︵ᠮᠣᠩᠭᠤᠯ ᠡᠮ︶ ᠤᠨ ᠬᠥᠲᠥᠴᠢ ᠠᠵᠤ ᠠᠬᠤᠶᠢᠯᠠᠯ ᠤᠨ | ᠪᠤᠵᠠᠭᠠᠶᠢᠷᠠᠨ ᠬᠦᠴᠦᠷᠬᠡᠭᠵᠢᠬᠦ ᠶᠢ ᠬᠦᠴᠦᠯᠡᠨ ᠠᠬᠢᠭᠤᠯᠤᠨ᠎ᠠ᠃ ᠲᠤᠬᠠᠢ ᠶᠢᠨ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ | ᠠᠩᠬ᠎ᠠ ᠤᠳᠠᠭ᠎ᠠ 5 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠪᠣᠯᠤᠭᠰᠠᠨ ᠪᠠᠶᠢᠪᠠᠯ᠂ ᠨᠢᠭᠡ ᠤᠳᠠᠭ᠎ᠠ ᠳᠤ 200 ᠲᠦᠮᠡᠨ ᠲᠥᠭᠦᠷᠢᠭ ᠤᠨ ᠱᠠᠩᠨᠠᠯ | ᠣᠯᠭᠤᠨ᠎ᠠ︔ ᠠᠩᠬ᠎ᠠ ᠤᠳᠠᠭ᠎ᠠ 10 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠪᠣᠯᠤᠭᠰᠠᠨ ᠪᠠᠶᠢᠪᠠᠯ᠂ ᠨᠢᠭᠡ ᠤᠳᠠᠭ᠎ᠠ ᠳᠤ 300 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ | ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | ︵ᠵᠢᠷᠭᠤᠭ᠎ᠠ︶ ᠬᠢᠲᠠᠳ ᠡᠮ ︵ᠮᠣᠩᠭᠤᠯ ᠡᠮ︶ ᠤᠨ ᠲᠥᠷᠥᠯ ᠵᠦᠢᠯ ᠤᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠰᠠᠶᠢᠲᠤᠷ ᠬᠢᠨ᠎ᠡ᠃ ᠨᠢᠭᠡ | ᠪᠦᠯᠦᠭ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ ︽ᠲᠦᠩᠯᠢᠶᠣᠣ ᠶᠢᠨ ᠬᠢᠲᠠᠳ ᠡᠮ ︵ᠮᠣᠩᠭᠤᠯ ᠡᠮ︶︾ ᠤᠨ ᠨᠠᠷᠠᠲᠤ ᠲᠥᠷᠥᠯ ᠲᠡᠮᠳᠡᠭᠲᠦ ᠶᠢ | ᠪᠣᠶᠢᠵᠢᠭᠤᠯᠤᠨ᠎ᠠ᠃ ᠮᠠᠨ ᠤ ᠬᠤᠲᠠ ᠶᠢᠨ ᠣᠨᠴᠠᠯᠢᠭᠲᠤ ᠡᠭᠦᠯᠳᠡᠷ ᠤᠨ ᠴᠢᠨᠠᠷ ᠰᠠᠶᠢᠲᠠᠢ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢᠶᠠᠷ | ᠭᠤᠣᠯ ᠲᠦᠭᠦᠬᠡᠢ ᠮᠠᠲ᠋ᠧᠷᠢᠶᠠᠯ ᠪᠣᠯᠭᠠᠭᠰᠠᠨ ᠮᠥᠷᠲᠡᠭᠡᠨ ᠮᠠᠨ ᠤ ᠬᠤᠲᠠ ᠶᠢᠨ ᠬᠠᠷᠢᠶ᠎ᠠ ᠲᠣᠭᠤᠷᠢᠭ ᠲᠤ ᠡᠳ᠋ᠰᠢᠭᠦᠯᠬᠦ ᠠᠵᠤ ᠦᠢᠯᠡᠰ ᠢ ᠬᠥᠭᠵᠢᠭᠦᠯᠦᠭᠰᠡᠨ ᠡᠮ ᠤᠨ | ᠵᠦᠢᠯ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ᠂ ᠲᠤᠬᠠᠢ ᠶᠢᠨ ᠵᠢᠯ ︵ᠪᠦᠬᠦᠯᠢ ᠨᠢᠭᠡ ᠵᠢᠯ︶ ᠤᠨ ᠦᠢᠯᠡᠳᠬᠦᠨ ᠤ ᠥᠷᠲᠡᠭ ᠨᠢ ᠠᠩᠬ᠎ᠠ ᠤᠳᠠᠭ᠎ᠠ 1 | ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠪᠣᠯᠤᠭᠰᠠᠨ ᠪᠠᠶᠢᠪᠠᠯ᠂ 500 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠡᠮ ᠤᠨ ᠵᠦᠢᠯ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠤᠨ ᠲᠠᠩ ᠲᠥᠷᠥᠯ ᠵᠦᠢᠯ ᠤᠨ ᠲᠤᠬᠠᠢ ᠶᠢᠨ ᠵᠢᠯ ︵ᠪᠦᠬᠦᠯᠢ ᠨᠢᠭᠡ | ᠵᠢᠯ︶ ᠤᠨ ᠪᠣᠷᠣᠯᠠᠭᠤᠯᠤᠯᠲᠠ ᠶᠢᠨ ᠨᠣᠷᠮ᠎ᠠ ᠨᠢ ᠠᠩᠬ᠎ᠠ ᠤᠳᠠᠭ᠎ᠠ 1 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ 50 | ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠠᠩᠬ᠎ᠠ ᠤᠳᠠᠭ᠎ᠠ 2 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠪᠣᠯᠤᠭᠰᠠᠨ ᠪᠠᠶᠢᠪᠠᠯ᠂ 100 | ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠠᠵᠤ ᠠᠬᠤᠶᠢᠯᠠᠯ ᠤᠨ ᠠᠩᠬ᠎ᠠ ᠤᠳᠠᠭ᠎ᠠ ᠤᠯᠤᠰ ᠤᠨ ᠦᠨᠳᠦᠰᠦᠨ ᠡᠮ ᠤᠨ ᠵᠦᠢᠯ ᠤᠨ ᠭᠠᠷᠴᠠᠭ ᠲᠤ ᠣᠷᠣᠭᠰᠠᠨ | ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠤᠨ ᠲᠥᠷᠥᠯ ᠵᠦᠢᠯ ᠨᠢᠭᠡᠪᠦᠷᠢ ᠳᠤ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠠᠵᠤ ᠠᠬᠤᠶᠢᠯᠠᠯ ᠤᠨ | ᠠᠩᠬ᠎ᠠ ᠤᠳᠠᠭ᠎ᠠ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠣᠷᠣᠭᠰᠠᠨ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠤᠨ ᠲᠥᠷᠥᠯ ᠵᠦᠢᠯ | ᠨᠢᠭᠡᠪᠦᠷᠢ ᠳᠤ ᠲᠣᠰ ᠲᠣᠰ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠬᠢᠲᠠᠳ ᠡᠮ ᠤᠨ ᠠᠵᠤ ᠦᠢᠯᠡᠰ ᠤᠨ ᠬᠥᠭᠵᠢᠯᠲᠡ ᠶᠢᠨ ᠰᠠᠯᠠᠭ᠎ᠠ ᠮᠥᠴᠢᠷ ᠵᠢᠴᠢ | ᠬᠢᠲᠠᠳ ᠡᠮ ︵ᠮᠣᠩᠭᠤᠯ ᠡᠮ︶ ᠤᠨ ᠠᠵᠤ ᠠᠬᠤᠶᠢᠯᠠᠯ ᠤᠨ ᠬᠢᠲᠠᠳ ᠡᠮ ︵ᠮᠣᠩᠭᠤᠯ ᠡᠮ︶ ᠤᠨ ᠮᠡᠳᠡᠯᠭᠡ ᠶᠢ ᠲᠦᠭᠡᠮᠡᠯᠵᠢᠭᠦᠯᠬᠦ᠂ ᠬᠢᠲᠠᠳ ᠡᠮ ︵ᠮᠣᠩᠭᠤᠯ ᠡᠮ | ︶ ᠤᠨ ᠰᠣᠶᠣᠯ ᠤᠨ ᠤᠬᠠᠭᠤᠯᠭ᠎ᠠ᠂ ᠬᠢᠲᠠᠳ ᠡᠮ ︵ᠮᠣᠩᠭᠤᠯ ᠡᠮ︶ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠪᠣᠯᠪᠠᠰᠤᠷᠠᠭᠤᠯᠤᠯ ᠥᠷᠨᠢᠭᠦᠯᠬᠦ ᠶᠢ | ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | ᠬᠤᠶᠠᠷ᠂ ᠠᠵᠤ ᠦᠢᠯᠡᠰ ᠤᠨ ᠬᠠᠮᠵᠢᠯᠴᠠᠵᠤ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ | ︵ᠳᠣᠯᠤᠭ᠎ᠠ︶ ᠬᠢᠲᠠᠳ ᠡᠮ ︵ᠮᠣᠩᠭᠤᠯ ᠡᠮ︶ ᠤᠨ ᠣᠲᠣ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠳ᠋ᠰᠢᠭᠦᠯᠬᠦ᠂ ᠪᠣᠭᠤᠳᠠᠯᠯᠠᠬᠤ᠂ ᠬᠥᠮᠥᠷᠭᠡᠯᠡᠨ ᠬᠠᠳᠠᠭᠠᠯᠠᠬᠤ᠂ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠮᠥᠷᠳᠡᠨ ᠬᠠᠮᠢᠶᠠᠷᠬᠤ᠂ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠶᠢ ᠨᠢᠭᠡ ᠴᠣᠭᠴᠠᠵᠢᠭᠤᠯᠤᠭᠰᠠᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠬᠥᠮᠥᠷᠭᠡᠯᠡᠨ ᠬᠠᠳᠠᠭᠠᠯᠠᠬᠤ | ᠪᠠᠷᠠᠭᠠᠨ ᠤ ᠭᠦᠢᠯᠭᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠤᠨ᠎ᠠ᠃ ᠵᠠᠮ ᠬᠠᠷᠢᠯᠴᠠᠭ᠎ᠠ᠂ ᠬᠥᠮᠥᠷᠭᠡᠯᠡᠨ ᠬᠠᠳᠠᠭᠠᠯᠠᠬᠤ᠂ ᠲᠣᠣᠷ ᠰᠦᠯᠵᠢᠶ᠎ᠡ ᠶᠢᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠬᠤᠲᠠ ᠶᠢᠨ ᠣᠷᠣᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠪᠠ ᠲᠣᠬᠢᠷᠠᠭᠤᠯᠤᠨ ᠬᠦᠷᠭᠡᠬᠦ ᠲᠥᠪ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠡᠮ ᠤᠨ ᠮᠠᠲ᠋ᠧᠷᠢᠶᠠᠯ ᠤᠨ ᠭᠦᠢᠯᠭᠡᠭᠡᠨ ᠤ ᠠᠵᠤ ᠠᠬᠤᠶᠢᠯᠠᠯ ᠤᠨ ᠨᠢᠭᠡ | ᠴᠣᠭᠴᠠᠵᠢᠭᠰᠠᠨ ᠬᠤᠯᠪᠤᠭᠠᠯᠠᠭᠰᠠᠨ ᠡᠵᠡᠩᠨᠡᠯᠲᠡ ᠶᠢ ᠪᠠᠶᠢᠭᠤᠯᠤᠨ᠎ᠠ᠃ ᠣᠨ ᠤ ᠡᠵᠡᠩᠨᠡᠯᠲᠡ ᠶᠢᠨ ᠣᠷᠣᠯᠭ᠎ᠠ ᠨᠢ ᠠᠩᠬ᠎ᠠ ᠤᠳᠠᠭ᠎ᠠ 2 ᠳ᠋ᠦᠩᠰᠢᠭᠤᠷ ᠲᠥᠭᠦᠷᠢᠭ | ᠵᠢᠴᠢ ᠲᠡᠭᠦᠨ ᠠᠴᠠ ᠳᠡᠭᠡᠭᠰᠢᠬᠢ ᠡᠮ ᠤᠨ ᠮᠠᠲ᠋ᠧᠷᠢᠶᠠᠯ ᠤᠨ ᠭᠦᠢᠯᠭᠡᠭᠡᠨ ᠤ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠨᠠᠢᠮᠠ︶ ᠨᠢᠭᠲᠠ ᠴᠢᠩᠭ᠎ᠠ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃ ᠬᠢᠲᠠᠳ ᠡᠮ ᠤᠨ ᠮᠠᠲ᠋ᠧᠷᠢᠶᠠᠯ ︵ | ᠮᠣᠩᠭᠤᠯ ᠡᠮ ᠤᠨ ᠮᠠᠲ᠋ᠧᠷᠢᠶᠠᠯ︶ ᠲᠠᠷᠢᠬᠤ ᠬᠤᠷᠰᠢᠶᠠᠵᠢᠯ᠂ ᠲᠤᠰᠬᠠᠢ ᠲᠣᠮᠣ ᠡᠷᠦᠬᠡ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠬᠥᠲᠥᠴᠢ ᠠᠵᠤ | ᠠᠬᠤᠶᠢᠯᠠᠯ ᠤᠨ ᠵᠢᠱᠢᠶ᠎ᠡ ᠦᠵᠡᠭᠦᠯᠬᠦ᠂ ᠳᠠᠶᠢᠴᠢᠯᠠᠬᠤ ᠪᠠ ᠵᠠᠬ᠎ᠠ ᠳᠡᠯᠭᠡᠭᠦᠷ ᠢ ᠨᠡᠭᠡᠭᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠥᠲᠥᠴᠢ ᠠᠵᠤ ᠠᠬᠤᠶᠢᠯᠠᠯ + | ᠰᠠᠭᠤᠷᠢᠨ ᠭᠠᠵᠠᠷ︾ ︽ᠬᠥᠲᠥᠴᠢ ᠠᠵᠤ ᠠᠬᠤᠶᠢᠯᠠᠯ + ᠬᠤᠷᠰᠢᠶᠠᠵᠢᠯ + ᠲᠠᠷᠢᠶᠠᠴᠢᠨ ᠡᠷᠦᠬᠡ︾ ᠵᠡᠷᠭᠡ ᠠᠵᠤ ᠦᠢᠯᠡᠰᠵᠢᠭᠰᠡᠨ ᠡᠵᠡᠩᠨᠡᠯᠲᠡ ᠶᠢᠨ ᠵᠠᠭᠪᠤᠷ ᠢ | ᠬᠡᠷᠡᠭᠯᠡᠨ᠂ ᠣᠲᠣ ᠶᠢᠨ ᠪᠠᠶᠢᠭ᠎ᠠ ᠲᠠᠷᠠᠬᠠᠢ ᠪᠤᠲᠠᠷᠬᠠᠢ ᠡᠮᠬᠢ ᠵᠢᠷᠤᠮ ᠦᠭᠡᠢ ᠡᠮ ᠤᠨ ᠲᠠᠷᠢᠶᠠᠴᠢᠨ ᠢ ᠡᠮᠬᠢᠯᠡᠨ ᠨᠡᠶᠢᠯᠡᠭᠦᠯᠵᠦ᠂ ᠵᠢᠷᠤᠮᠵᠢᠯ ᠲᠠᠢ ᠳᠠᠷᠢᠬᠤ ᠶᠢ | ᠪᠡᠶᠡᠯᠡᠭᠦᠯᠦᠨ᠂ ᠠᠵᠤ ᠠᠬᠤᠶᠢᠯᠠᠯ ᠳᠤ ᠴᠢᠨᠠᠷ ᠰᠠᠶᠢᠲᠠᠢ ᠲᠦᠭᠦᠬᠡᠢ ᠮᠠᠲ᠋ᠧᠷᠢᠶᠠᠯ᠂ ᠡᠮ ᠤᠨ ᠲᠠᠷᠢᠶᠠᠴᠢᠨ ᠳᠤ ᠲᠣᠭᠲᠠᠪᠤᠷᠢᠲᠠᠢ ᠪᠣᠷᠣᠯᠠᠭᠤᠯᠬᠤ ᠠᠷᠭ᠎ᠠ ᠵᠠᠮ ᠲᠠᠢ | ᠪᠠᠶᠢᠬᠤ ᠶᠢ ᠪᠠᠲᠤᠯᠠᠵᠤ᠂ ᠨᠢᠭᠲᠠ ᠴᠢᠩᠭ᠎ᠠ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠪᠠᠶᠢᠭᠤᠯᠤᠨ᠎ᠠ᠃ ᠲᠣᠰ ᠬᠤᠲᠠ ᠶᠢᠨ ᠡᠮ ᠤᠨ ᠵᠦᠢᠯ | ᠦᠢᠯᠡᠳᠪᠦᠷᠢᠯᠡᠬᠦ ᠠᠵᠤ ᠠᠬᠤᠶᠢᠯᠠᠯ ᠤᠨ ᠥᠪᠡᠷ ᠢᠶᠠᠨ ᠰᠠᠭᠤᠷᠢᠨ ᠭᠠᠵᠠᠷ ᠪᠠᠶᠢᠭᠤᠯᠬᠤ᠂ ᠡᠮ ᠤᠨ ᠬᠦᠷᠢᠶᠡᠯᠡᠩ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠲᠠᠷᠢᠬᠤ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠶ | ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠶᠢᠰᠦ︶ ︽ᠬᠢᠲᠠᠳ ᠡᠮ ︵ᠮᠣᠩᠭᠤᠯ ᠡᠮ︶ +︾ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠢᠲᠠᠳ ᠡᠮ ︵ᠮᠣᠩᠭᠤᠯ ᠡᠮ︶ ᠤᠨ ᠠᠵᠤ | ᠦᠢᠯᠡᠰ ᠢ ᠢᠳᠡᠭᠡᠨ ᠤ ᠵᠦᠢᠯᠡᠰ᠂ ᠭᠤᠶᠣᠯᠠᠯ ᠤᠨ ᠡᠳ᠋᠂ ᠡᠳᠦᠷ ᠲᠤᠲᠤᠮ ᠤᠨ ᠬᠢᠮᠢ ᠶᠢᠨ ᠦᠢᠯᠡᠳᠬᠦᠨ᠂ ᠡᠮᠴᠢᠯᠡᠭᠡᠨ ᠤ ᠪᠠᠭᠠᠵᠢ ᠬᠡᠷᠡᠭᠰᠡᠯ᠂ ᠰᠣᠶᠣᠯ ᠤᠨ | ᠵᠢᠭᠤᠯᠴᠢᠯᠠᠯ᠂ ᠪᠡᠶ᠎ᠡ ᠰᠤᠪᠢᠯᠠᠯᠲᠠ ᠨᠠᠰᠤᠵᠢᠯ ᠤᠨ ᠠᠰᠠᠷᠠᠮᠵᠢ ᠵᠡᠷᠭᠡ ᠬᠦᠷᠢᠶ᠎ᠡ ᠴᠠᠷᠠᠭ᠎ᠠ ᠳᠠᠰᠢ ᠠᠯᠤᠰᠯᠠᠨ ᠤᠷᠲᠤᠳᠬᠠᠬᠤ ᠶᠢ ᠳᠡᠮᠵᠢᠨ᠎ᠡ᠃ ᠬᠠᠮᠢᠶ᠎ᠠ ᠪᠦᠬᠦᠢ | ᠦᠢᠯᠡᠳᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠤᠬᠠᠢ ᠶᠢᠨ ᠵᠢᠯ ︵ᠪᠦᠬᠦᠯᠢ ᠨᠢᠭᠡ ᠵᠢᠯ︶ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ 500 | ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠲᠤᠬᠠᠢ ᠶᠢᠨ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠶᠢᠨ 5% ᠢ ᠱᠠᠩᠨᠠᠯ | ᠣᠯᠭᠤᠵᠤ᠂ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠴᠢᠨᠠᠷ ᠰᠠᠶᠢᠲᠠᠢ ᠵᠢᠩᠬᠢᠨᠢ ᠡᠮ ᠤᠨ ᠮᠠᠲ᠋ᠧᠷᠢᠶᠠᠯ ᠳᠠᠷᠢᠬᠤ ᠶᠢ | ᠣᠲᠣ ᠦᠶ᠎ᠡ ᠶᠢᠨ ᠮᠠᠯ ᠠᠵᠤ ᠠᠬᠤᠢ ᠯᠤᠭ᠎ᠠ ᠨᠢᠭᠲᠠ ᠤᠶᠠᠯᠳᠤᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠡᠮ ᠤᠨ ᠮᠠᠲ᠋ᠧᠷᠢᠶᠠᠯ ᠤᠨ ᠡᠮ ᠳᠤ ᠥᠯᠥ ᠬᠡᠷᠡᠭᠯᠡᠬᠦ | ᠬᠡᠰᠡᠭ᠂ ᠡᠬᠢ ᠠᠳᠠᠭ ᠤᠨ ᠮᠠᠲ᠋ᠧᠷᠢᠶᠠᠯ ᠢ ᠭᠦᠢᠴᠡᠳ ᠠᠰᠢᠭᠯᠠᠨ ᠴᠢᠨᠠᠷ ᠰᠠᠶᠢᠲᠠᠢ ᠲᠡᠵᠢᠭᠡᠯ ᠪᠣᠷᠳᠤᠭ᠎ᠠ᠂ ᠪᠠᠺᠲ᠋ᠧᠷᠢ ᠳᠠᠷᠤᠭᠴᠢ ᠶᠢ ᠣᠷᠣᠯᠠᠭᠤᠯᠬᠤ ᠡᠳ᠋ ᠵᠡᠷᠭᠡ | ᠠᠵᠤ ᠦᠢᠯᠡᠰ ᠢ ᠬᠥᠭᠵᠢᠭᠦᠯᠵᠦ᠂ ᠡᠮ ᠤᠨ ᠮᠠᠲ᠋ᠧᠷᠢᠶᠠᠯ ᠢ ᠶᠡᠷᠦᠩᠬᠡᠶᠢᠯᠡᠨ ᠠᠰᠢᠭᠯᠠᠬᠤ ᠪᠠ ᠴᠢᠨᠠᠷ ᠰᠠᠶᠢᠲᠠᠢ ᠣᠲᠣ ᠦᠶ᠎ᠡ ᠶᠢᠨ ᠮᠠᠯ ᠠᠵᠤ ᠠᠬᠤᠢ ᠶᠢᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠢᠲᠠᠳ ᠡᠮ ︵ᠮᠣᠩᠭᠤᠯ ᠡᠮ︶ ᠬᠢᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ | ᠢᠳᠡᠪᠬᠢᠲᠡᠢ ᠪᠠᠷ ᠠᠬᠢᠭᠤᠯᠵᠤ᠂ ᠬᠢᠲᠠᠳ ᠡᠮ ︵ᠮᠣᠩᠭᠤᠯ ᠡᠮ︶ ᠤᠨ ᠰᠣᠶᠣᠯ ᠤᠨ ᠤᠯᠠᠮᠵᠢᠯᠠᠯ᠂ ᠰᠡᠯᠡᠭᠦᠴᠡᠯ ᠵᠢᠭᠤᠯᠴᠢᠯᠠᠯ ᠤᠨ ᠰᠢᠨ᠎ᠡ ᠴᠢᠳᠠᠮᠵᠢ ᠶᠢ | ᠥᠷᠭᠡᠳᠬᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠡᠳ᠋ ᠤᠨ ᠵᠠᠰᠠᠭ ᠤᠨ | ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | | ᠭᠤᠷᠪᠠ᠂ ᠬᠢᠲᠠᠳ ᠡᠮ ︵ᠮᠣᠩᠭᠤᠯ ᠡᠮ︶ ᠤᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠢ | ︵ᠠᠷᠪᠠ︶ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ | ᠮᠠᠲ᠋ᠧᠷᠢᠶᠠᠯ︶ ᠲᠠᠷᠢᠬᠤ ᠮᠡᠷᠭᠡᠵᠢᠯ ᠤᠨ ᠪᠣᠯᠪᠠᠰᠤᠷᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ︽ᠲᠤᠰᠬᠠᠢ ᠮᠡᠷᠭᠡᠵᠢᠯᠲᠡᠨ + ᠲᠠᠷᠢᠶᠠᠯᠠᠩ ᠤᠨ | ᠮᠡᠷᠭᠡᠵᠢᠯ ᠤᠨ ᠠᠵᠢᠯᠲᠠᠨ + ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ + ᠨᠥᠯᠥᠭᠡᠯᠡᠨ ᠳᠠᠶᠢᠴᠢᠯᠠᠬᠤ ᠡᠷᠦᠬᠡ︾ ᠶᠢᠨ ᠮᠡᠷᠭᠡᠵᠢᠯ ᠤᠨ | ᠦᠢᠯᠡᠴᠢᠯᠡᠭᠡᠨ ᠤ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠲᠥᠪᠯᠡᠷᠡᠭᠦᠯᠦᠨ ᠪᠣᠯᠪᠠᠰᠤᠷᠠᠭᠤᠯᠬᠤ᠂ ᠡᠷᠦᠬᠡ ᠳᠤ ᠬᠦᠷᠴᠦ ᠪᠣᠯᠪᠠᠰᠤᠷᠠᠭᠤᠯᠬᠤ᠂ | ᠦᠵᠡᠭᠦᠯᠦᠯᠭᠡ ᠶᠢᠨ ᠪᠣᠯᠪᠠᠰᠤᠷᠠᠭᠤᠯᠤᠯ᠂ ᠲᠣᠣᠷ ᠰᠦᠯᠵᠢᠶ᠎ᠡ ᠶᠢᠨ ᠲᠤᠰᠬᠠᠢ ᠪᠤᠯᠤᠩ ᠤᠨ ᠪᠣᠯᠪᠠᠰᠤᠷᠠᠭᠤᠯᠤᠯ︾ ᠵᠡᠷᠭᠡ ᠠᠷᠭ᠎ᠠ ᠮᠠᠶ᠋ᠢᠭ ᠢ ᠠᠪᠴᠤ᠂ ᠬᠢᠲᠠᠳ | ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠬᠥᠷᠥᠰᠥ ᠰᠢᠷᠣᠢ ᠶᠢ ᠬᠡᠮᠵᠢᠬᠦ ᠵᠤᠷ᠂ ᠰᠠᠶᠢᠨ ᠡᠭᠦᠯᠳᠡᠷ ᠢ ᠬᠡᠷᠡᠭᠯᠡᠬᠦ᠂ ᠡᠪᠡᠳᠴᠢᠨ ᠬᠤᠷᠣᠬᠠᠢ ᠶᠢᠨ | ᠬᠥᠨᠥᠭᠡᠯ ᠢ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ ᠵᠡᠷᠭᠡ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ᠂ ᠠᠵᠤ ᠦᠢᠯᠡᠰ ᠤᠨ ᠬᠥᠭᠵᠢᠯᠲᠡ ᠳᠤ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ | ᠭᠡᠷ᠂ ᠮᠠᠯ ᠲᠠᠷᠢᠶᠠᠯᠠᠩ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠨᠢᠭᠡ︶ ᠬᠢᠲᠠᠳ ᠡᠮ ︵ᠮᠣᠩᠭᠤᠯ ᠡᠮ︶ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠨ᠎ᠡ᠃ ᠮᠠᠨ ᠤ ᠬᠤᠲᠠ ᠳᠤ ᠤᠯᠠᠷᠢᠭᠤᠯᠤᠭᠰᠠᠨ | ᠬᠢᠲᠠᠳ ᠡᠮ ︵ᠮᠣᠩᠭᠤᠯ ᠡᠮ︶ ᠤᠨ ᠰᠢᠨ᠎ᠡ ᠡᠮ ᠢ ᠰᠤᠳᠤᠯᠤᠨ ᠨᠡᠭᠡᠭᠡᠬᠦ ᠠᠵᠢᠯ ᠢ ᠵᠣᠷᠢᠭᠵᠢᠭᠤᠯᠤᠨ᠎ᠠ᠄ I᠂ II᠂ III ᠬᠤᠭᠤᠴᠠᠭᠠᠨ ︵ᠠᠩᠬ᠎ᠠ ᠡᠬᠢᠯᠡᠭᠦᠯᠦᠭᠰᠡᠨ | ᠪᠠ ᠶᠠᠪᠤᠭᠳᠠᠵᠤ ᠪᠠᠶᠢᠭ᠎ᠠ ᠪᠠᠭᠲᠠᠨ᠎ᠠ︶ ᠤ ᠡᠮᠴᠢᠯᠡᠭᠡᠨ ᠤ ᠲᠤᠷᠰᠢᠯᠲᠠ ᠶᠢᠨ ᠱᠠᠲᠤᠨ ᠳᠤ ᠣᠷᠣᠭᠰᠠᠨ ᠪᠠᠶᠢᠪᠠᠯ᠂ ᠲᠣᠰ ᠲᠣᠰ 100 ᠲᠦᠮᠡᠨ ᠲᠥᠭᠦᠷᠢᠭ᠂ 300 | ᠲᠦᠮᠡᠨ ᠲᠥᠭᠦᠷᠢᠭ᠂ 500 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠨᠥᠬᠦᠪᠦᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠬᠤᠶᠠᠷ︶ ᠬᠢᠲᠠᠳ ᠡᠮ ︵ᠮᠣᠩᠭᠤᠯ ᠡᠮ︶ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︽ᠡᠷᠡᠭᠦᠯ ᠬᠠᠮᠠᠭᠠᠯᠠᠯ ᠤᠨ ᠶᠠᠮᠤᠨ ᠤ | ᠡᠮ ᠤᠨ ᠵᠦᠢᠯ ᠤᠨ ᠪᠠᠷᠢᠮᠵᠢᠶ᠎ᠠ︾ ᠶᠢᠨ ᠮᠣᠩᠭᠤᠯ ᠡᠮ ᠤᠨ ᠬᠤᠪᠢᠶᠠᠷᠢ ᠳᠡᠪᠲᠡᠷ ︵1998 ᠣᠨ ᠤ ᠬᠡᠪᠯᠡᠯ︶ ᠤᠨ ᠪᠠᠷᠢᠮᠵᠢᠶ᠎ᠠ ᠶᠢᠨ ᠶᠠᠰᠤ ᠴᠢᠨᠠᠷ ᠤᠨ | ᠳᠡᠭᠡᠭᠰᠢᠯᠡᠯᠲᠡ ᠶᠢ ᠠᠬᠢᠭᠤᠯᠵᠤ᠂ ᠮᠣᠩᠭᠤᠯ ᠡᠮ ᠰᠤᠳᠤᠯᠤᠨ ᠨᠡᠭᠡᠭᠡᠬᠦ ᠬᠠᠮᠢᠶ᠎ᠠ ᠪᠦᠬᠦᠢ ᠮᠡᠷᠭᠡᠵᠢᠯ ᠤᠨ ᠵᠢᠯᠤᠭᠤᠳᠬᠤ ᠵᠠᠷᠴᠢᠮ ᠢ ᠰᠤᠳᠤᠯᠤᠨ ᠲᠣᠭᠲᠠᠭᠠᠨ᠎ᠠ︔ | ᠮᠣᠩᠭᠤᠯ ᠡᠮ ᠤᠨ ᠲᠣᠳᠣᠷᠬᠠᠶᠢᠯᠠᠯᠲᠠ ᠶᠢᠨ ᠪᠢᠴᠢᠭ ᠲᠠᠬᠢ ᠮᠣᠩᠭᠤᠯ ᠬᠡᠯᠡ ᠬᠢᠭᠡᠳ ᠬᠢᠲᠠᠳ ᠬᠡᠯᠡ ᠶᠢ ᠤᠯᠠᠷᠢᠭᠤᠯᠬᠤ ᠳᠤ ᠬᠤᠯᠪᠣᠭᠳᠠᠬᠤ᠂ ᠮᠣᠩᠭᠤᠯ ᠡᠮᠨᠡᠯᠭᠡ ᠶᠢᠨ | ᠡᠪᠡᠳᠴᠢᠨ ᠤ ᠨᠡᠷ᠎ᠡ ᠬᠢᠭᠡᠳ ᠬᠢᠲᠠᠳ ᠡᠮᠨᠡᠯᠭᠡ ᠪᠤᠶᠤ ᠡᠸᠦ᠋ᠷᠦᠫᠡ ᠡᠮᠨᠡᠯᠭᠡ ᠶᠢᠨ ᠡᠪᠡᠳᠴᠢᠨ ᠤ ᠨᠡᠷ᠎ᠡ᠂ ᠨᠡᠷ᠎ᠡ ᠲᠣᠮᠢᠶ᠎ᠠ ᠶᠢ ᠵᠣᠬᠢᠴᠠᠭᠤᠯᠤᠨ ᠤᠯᠠᠷᠢᠭᠤᠯᠬᠤ ᠠᠵᠢᠯ ᠢ | ᠳᠡᠮᠵᠢᠨ᠎ᠡ︔ ᠮᠠᠨ ᠤ ᠬᠤᠲᠠ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠪᠤᠶᠤ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠤᠨ | ᠶᠠᠰᠤ ᠴᠢᠨᠠᠷ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠡᠮ ᠤᠨ ᠲᠣᠳᠣᠷᠬᠠᠶᠢᠯᠠᠯᠲᠠ ᠶᠢᠨ ᠴᠢᠬᠤᠯᠠ ᠠᠭᠤᠯᠭ᠎ᠠ ᠳᠤ ᠵᠠᠰᠠᠪᠤᠷᠢ ᠣᠷᠣᠭᠤᠯᠬᠤ᠂ ᠬᠢᠲᠠᠳ ᠡᠮ ᠤᠨ | ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠳᠠᠷᠢᠬᠤ ᠮᠡᠷᠭᠡᠵᠢᠯ ᠤᠨ ᠵᠢᠷᠤᠮᠵᠢᠯ ᠪᠠ ᠶᠠᠰᠤ ᠴᠢᠨᠠᠷ ᠤᠨ ᠪᠠᠷᠢᠮᠵᠢᠶ᠎ᠠ᠂ ᠡᠮ ᠤᠨ ᠮᠠᠲ᠋ᠧᠷᠢᠶᠠᠯ ᠤᠨ ᠭᠠᠷᠤᠯᠲᠠ ᠶᠢᠨ | ᠣᠷᠣᠨ ᠤ ᠪᠣᠯᠪᠠᠰᠤᠷᠠᠭᠤᠯᠬᠤ ᠮᠡᠷᠭᠡᠵᠢᠯ ᠤᠨ ᠵᠢᠷᠤᠮᠵᠢᠯ ᠪᠠ ᠶᠠᠰᠤ ᠴᠢᠨᠠᠷ ᠤᠨ ᠪᠠᠷᠢᠮᠵᠢᠶ᠎ᠠ ᠶᠢᠨ ᠬᠠᠮᠢᠶ᠎ᠠ ᠪᠦᠬᠦᠢ ᠰᠤᠳᠤᠯᠭᠠᠨ ᠢ ᠥᠷᠨᠢᠭᠦᠯᠬᠦ ᠶᠢᠨ ᠬᠠᠮᠲᠤ ᠡᠷᠬᠡ | ᠰᠦᠷᠲᠦ ᠰᠠᠯᠠᠭ᠎ᠠ ᠮᠥᠴᠢᠷ ᠠᠴᠠ ᠨᠡᠶᠢᠲᠡᠯᠡᠵᠦ ᠬᠡᠷᠡᠭᠵᠢᠭᠦᠯᠦᠭᠰᠡᠨ ᠬᠠᠮᠢᠶ᠎ᠠ ᠪᠦᠬᠦᠢ ᠨᠢᠭᠡᠴᠡ ᠳᠤ᠂ ᠲᠥᠷᠥᠯ ᠵᠦᠢᠯ ᠨᠢᠭᠡᠪᠦᠷᠢ ᠶᠢ 3 ᠲᠦᠮᠡᠨ ᠲᠥᠭᠦᠷᠢᠭ ᠢᠶᠠᠷ | ᠱᠠᠩᠨᠠᠵᠤ᠂ ᠲᠥᠷᠥᠯ ᠵᠦᠢᠯ ᠨᠢᠭᠡᠪᠦᠷᠢ ᠶᠢ ᠱᠠᠩᠨᠠᠬᠤ ᠲᠤᠭ᠎ᠠ ᠬᠡᠮᠵᠢᠶ᠎ᠡ ᠶᠢ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠡ | ᠄ ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠭᠤᠷᠪᠠ︶ ᠴᠢᠳᠠᠪᠤᠷᠢᠲᠠᠨ ᠢ ᠬᠥᠮᠥᠵᠢᠭᠦᠯᠬᠦ ᠪᠠ ᠤᠷᠢᠨ ᠠᠪᠴᠢᠷᠠᠬᠤ ᠶᠢ ᠳᠡᠮᠵᠢᠨ᠎ᠡ᠃ ᠬᠢᠲᠠᠳ ᠡᠮ ︵ᠮᠣᠩᠭᠤᠯ ᠡᠮ︶ ᠤᠨ ᠠᠵᠤ | ᠠᠬᠤᠶᠢᠯᠠᠯ ᠤᠨ ᠵᠦᠪᠯᠡᠵᠦ ᠵᠢᠭᠠᠨ ᠵᠢᠯᠤᠭᠤᠳᠬᠤ᠂ ᠲᠥᠷᠥᠯ ᠵᠦᠢᠯ ᠤᠨ ᠬᠠᠮᠲᠤᠷᠠᠯᠴᠠᠭ᠎ᠠ᠂ ᠮᠡᠷᠭᠡᠵᠢᠯ ᠤᠨ ᠬᠤᠪᠢ ᠤᠷᠤᠭᠤᠯᠤᠯᠲᠠ᠂ ᠪᠠᠶᠢᠭᠤᠯᠤᠮᠵᠢ ᠶᠢ ᠬᠠᠮᠲᠤᠪᠠᠷ | ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠭᠤᠣᠯᠳᠠᠯᠭ᠎ᠠ ᠲᠠᠢ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠪᠠ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠳᠤ ᠬᠠᠨᠳᠤᠭᠤᠯᠤᠨ ᠴᠢᠳᠠᠪᠤᠷᠢᠲᠠᠨ ᠢ | ᠠᠮᠢᠳᠤᠯᠢᠭ ᠢᠶᠠᠷ ᠤᠷᠢᠨ ᠬᠡᠷᠡᠭᠯᠡᠬᠦ ᠶᠢ ᠳᠡᠮᠵᠢᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠢᠲᠠᠳ ᠡᠮ ︵ᠮᠣᠩᠭᠤᠯ ᠡᠮ︶ ᠤᠨ ᠨᠢᠭᠡᠳᠦᠭᠡᠷ ᠠᠵᠤ ᠦᠢᠯᠡᠰ | ᠪᠠ ᠬᠤᠶᠠᠳᠤᠭᠠᠷ ᠠᠵᠤ ᠦᠢᠯᠡᠰ ᠤᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠦᠬᠦᠢ ᠨᠢᠭᠡᠴᠡ ᠳᠤ ᠬᠦᠷᠴᠦ ᠠᠵᠢᠯ ᠣᠯᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠬᠢᠲᠠᠳ | ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠳᠥᠷᠪᠡ᠂ ᠭᠠᠵᠠᠷ ᠰᠢᠷᠣᠢ ᠬᠠᠩᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ | ᠲᠠᠷᠢᠶᠠᠨ ᠭᠠᠵᠠᠷ ᠢ ᠬᠠᠮᠠᠭᠠᠯᠠᠬᠤ᠂ ᠭᠠᠵᠠᠷ ᠰᠢᠷᠣᠢ ᠶᠢ ᠵᠦᠢ ᠵᠣᠬᠢᠰᠲᠠᠢ ᠠᠰᠢᠭᠯᠠᠭᠰᠠᠨ ᠰᠠᠭᠤᠷᠢᠨ ᠳᠡᠭᠡᠷ᠎ᠡ᠂ ᠠᠭᠯᠠᠭ ᠠᠭᠤᠯᠠ᠂ ᠬᠠᠯᠴᠠᠭᠠᠢ ᠲᠤᠪᠦ᠂ ᠠᠲᠠᠷ | ᠭᠠᠵᠠᠷ᠂ ᠡᠯᠡᠰᠦ ᠮᠠᠩᠬ᠎ᠠ᠂ ᠡᠵᠡᠭᠦᠢ ᠲᠠᠩ ᠵᠡᠷᠭᠡ ᠠᠰᠢᠭᠯᠠᠭᠠᠳᠤᠢ ᠭᠠᠵᠠᠷ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠭᠰᠡᠨ ᠭᠠᠵᠠᠷ ᠪᠠ ᠦᠷ᠎ᠡ | ᠠᠰᠢᠭ ᠢᠶᠠᠷ ᠳᠣᠣᠷ᠎ᠠ ᠰᠤᠯᠠ ᠪᠠᠶᠢᠬᠤ ᠭᠠᠵᠠᠷ ᠰᠢᠷᠣᠢ ᠶᠢ ᠠᠰᠢᠭᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠤᠭᠤᠷᠢᠨ ᠢ ᠬᠠᠮᠠᠭᠠᠯᠠᠭᠰᠠᠨ ᠤᠷᠢᠲᠠᠯ | ᠳᠣᠣᠷ᠎ᠠ᠂ ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ᠂ ᠬᠤᠪᠢ ᠣᠷᠣᠭᠤᠯᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ | ᠪᠠᠶᠢᠭᠠᠳ ᠬᠥᠳᠡᠭᠡ ᠲᠣᠰᠬᠤᠨ ᠤ ᠭᠠᠵᠠᠷ ᠰᠢᠷᠣᠢ ᠪᠠ ᠬᠠᠮᠲᠤ ᠶᠢᠨ ᠥᠮᠴᠢᠯᠡᠯ ᠤᠨ ᠰᠢᠭᠤᠶᠢᠲᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ | ᠣᠷᠣᠭᠤᠯᠬᠤ ᠶᠢ ᠠᠬᠢᠭᠤᠯᠤᠨ᠎ᠠ᠃ ᠡᠯ᠎ᠡ ᠲᠥᠷᠥᠯ ᠤᠨ ᠲᠣᠬᠢᠷᠠᠬᠤ ᠣᠶᠢᠲᠤ ᠭᠠᠵᠠᠷ ᠢ ᠠᠰᠢᠭᠯᠠᠨ ᠣᠶ ᠶᠢᠨ ᠬᠤᠷᠮᠣᠢ ᠶᠢᠨ ᠡᠮ ᠤᠨ ᠮᠠᠲ᠋ᠧᠷᠢᠶᠠᠯ ᠳᠠᠷᠢᠬᠤ ᠠᠵᠤ | ᠦᠢᠯᠡᠰ ᠢ ᠤᠷᠢᠳᠠᠪᠠᠷ ᠬᠥᠭᠵᠢᠭᠦᠯᠬᠦ ᠶᠢ ᠵᠣᠷᠢᠭᠵᠢᠭᠤᠯᠤᠨ᠎ᠠ᠃ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠣᠭᠲᠠᠭᠠᠭᠰᠠᠨ ᠣᠶ | ᠰᠢᠭᠤᠢ ᠡᠪᠡᠰᠦ ᠪᠡᠯᠴᠢᠭᠡᠷ ᠬᠢᠲᠠᠳ ᠡᠮ ᠤᠨ ᠮᠠᠲ᠋ᠧᠷᠢᠶᠠᠯ ᠤᠨ ᠠᠮᠢ ᠠᠬᠤᠢ ᠶᠢᠨ ᠲᠠᠷᠢᠮᠠᠯ᠂ ᠬᠡᠭᠡᠷ᠎ᠡ ᠶᠢᠨ ᠠᠷᠠᠴᠢᠯᠠᠯᠲᠠ᠂ ᠬᠡᠭᠡᠷ᠎ᠡ ᠶᠢᠨ ᠬᠢ ᠶᠢ ᠳᠠᠭᠤᠷᠢᠶᠠᠨ | ᠵᠠᠶᠢᠯᠠᠵᠤ ᠤᠷᠭᠤᠭᠤᠯᠬᠤ ᠵᠡᠷᠭᠡ 3 ᠶᠡᠷᠦᠩᠬᠡᠢ ᠳᠦᠷᠢᠮ ᠤᠨ ᠶᠣᠰᠣᠭᠠᠷ ᠣᠶ ᠶᠢᠨ ᠬᠤᠷᠮᠣᠢ ᠶᠢᠨ ᠡᠮ ᠤᠨ ᠮᠠᠲ᠋ᠧᠷᠢᠶᠠᠯ ᠲᠠᠷᠢᠬᠤ ᠶᠢ ᠲᠦᠯᠬᠢᠨ ᠠᠬᠢᠭᠤᠯᠬᠤ ᠶᠢᠨ | ᠬᠠᠮᠲᠤ ᠤᠯᠤᠰ ᠤᠨ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠨᠥᠬᠦᠴᠡᠯ ᠳᠤ ᠨᠡᠶᠢᠴᠡᠬᠦ ᠬᠢᠲᠠᠳ ᠡᠮ ︵ᠮᠣᠩᠭᠤᠯ ᠡᠮ︶ ᠤᠨ | ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠰᠢᠷᠣᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ | ᠦᠵᠡᠭᠦᠯᠦᠨ᠎ᠡ᠃ ᠡᠮ ᠤᠨ ᠮᠠᠲ᠋ᠧᠷᠢᠶᠠᠯ ᠳᠠᠷᠢᠬᠤ᠂ ᠡᠳ᠋ᠰᠢᠭᠦᠯᠬᠦ ᠵᠡᠷᠭᠡ ᠦᠢᠯᠡᠳᠪᠦᠷᠢᠯᠡᠯ ᠤᠨ ᠪᠡᠯᠡᠳᠬᠡᠮᠵᠢ᠂ ᠳᠠᠭᠠᠯᠲᠠ ᠪᠡᠯᠡᠳᠬᠡᠮᠵᠢ ᠪᠠ ᠢᠵᠢ ᠪᠦᠷᠢᠳᠦᠭᠦᠯᠬᠦ | ᠪᠡᠯᠡᠳᠬᠡᠮᠵᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠮᠠᠯ ᠲᠠᠷᠢᠶᠠᠯᠠᠩ | ᠤᠨ ᠲᠣᠪᠴᠢᠶ᠎ᠠ᠂ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠲᠠᠪᠤ᠂ ᠪᠡᠯᠡ ᠮᠥᠩᠭᠦ ᠶᠢᠨ ᠪᠠᠲᠤᠯᠠᠭ᠎ᠠ ᠶᠢ ᠨᠡᠮᠡᠭᠳᠡᠭᠦᠯᠦᠨ᠎ᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠲᠠᠳ ᠡᠮ ︵ᠮᠣᠩᠭᠤᠯ ᠡᠮ︶ ᠤᠨ ᠠᠵᠤ ᠦᠢᠯᠡᠰ ᠲᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ | ᠦᠵᠡᠭᠦᠯᠬᠦ ᠶᠢ ᠵᠤᠷᠢᠭᠵᠢᠭᠤᠯᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠢᠲᠠᠳ ᠡᠮ ︵ | ᠮᠣᠩᠭᠤᠯ ᠡᠮ︶ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠣᠷᠣᠯᠴᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ | ᠪᠡᠯᠡ ᠮᠥᠩᠭᠦ ᠶᠢ ᠢᠳᠡᠪᠬᠢᠯᠡᠨ ᠣᠯᠵᠤ᠂ ᠬᠢᠲᠠᠳ ᠡᠮ ︵ᠮᠣᠩᠭᠤᠯ ᠡᠮ︶ ᠤᠨ ᠠᠵᠤ ᠦᠢᠯᠡᠰ ᠤᠨ ᠬᠥᠭᠵᠢᠯᠲᠡ ᠳᠤ ᠬᠤᠯᠪᠣᠭᠳᠠᠬᠤ ᠪᠤᠶᠤ ᠬᠡᠷᠡᠭᠯᠡᠵᠦ ᠪᠣᠯᠬᠤ | ᠲᠥᠷᠥᠯ ᠵᠦᠢᠯ᠂ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ᠬᠠᠮᠲᠤᠳᠬᠠᠨ ᠠᠬᠢᠭᠤᠯᠤᠨ᠎ᠠ᠃ | ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ ᠬᠤᠲᠠ ᠲᠣᠭᠤᠷᠢᠭ ︵ᠨᠡᠭᠡᠭᠡᠯᠲᠡ ᠶᠢᠨ ᠲᠣᠭᠤᠷᠢᠭ︶ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ | ᠬᠢᠲᠠᠳ ᠡᠮ ︵ᠮᠣᠩᠭᠤᠯ ᠡᠮ︶ ᠤᠨ ᠲᠤᠰᠬᠠᠢ ᠵᠦᠢᠯ ᠤᠨ ᠵᠠᠷᠤᠳᠠᠯ ᠢ ᠪᠠᠶᠢᠭᠤᠯᠬᠤ ᠶᠢᠨ ᠬᠠᠮᠲᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ ᠬᠠᠷᠢᠶ᠎ᠠ | ᠭᠠᠵᠠᠷ ᠤᠨ ᠵᠠᠷᠴᠢᠮ ᠶᠣᠰᠣᠭᠠᠷ᠂ ᠲᠦᠩᠯᠢᠶᠣᠣ ᠬᠤᠲᠠ ᠪᠠ ᠬᠤᠰᠢᠭᠤ ᠰᠢᠶᠠᠨ ᠬᠤᠲᠠ ᠲᠣᠭᠤᠷᠢᠭ ᠨᠢ 2᠄ 8 ᠶᠢᠨ ᠬᠠᠷᠢᠴᠠᠯ ᠢᠶᠠᠷ ᠵᠣᠬᠢᠬᠤ ᠨᠥᠬᠦᠪᠦᠷᠢ ᠪᠠ | ᠱᠠᠩᠨᠠᠯ ᠢ ᠪᠡᠶᠡᠯᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠳᠣᠲᠣᠷᠠᠬᠢ ᠪᠣᠶ ᠪᠦᠬᠦᠢ ᠨᠥᠬᠦᠪᠦᠷᠢ ᠪᠠ ᠱᠠᠩᠨᠠᠯ ᠢ ᠴᠥᠮ ᠳᠠᠷᠠᠭ᠎ᠠ ᠵᠢᠯ | ᠳᠤᠨᠢ ᠪᠡᠶᠡᠯᠡᠭᠦᠯᠦᠨ᠎ᠡ᠃ | ᠲᠣᠰ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ ᠨᠢ | 3 ᠵᠢᠯ ᠪᠣᠯᠣᠨ᠎ᠠ᠃ ᠬᠠᠮᠢᠶ᠎ᠠ ᠪᠦᠬᠦᠢ ᠨᠢᠭᠡᠴᠡ ᠪᠤᠶᠤ ᠬᠤᠪᠢ ᠬᠥᠮᠥᠨ ᠲᠣᠰ ᠲᠥᠷᠥ ᠶᠢᠨ ᠪᠣᠳᠣᠯᠭ᠎ᠠ ᠶᠢ ᠭᠥᠷᠳᠡᠬᠦ ᠠᠴᠠ ᠭᠠᠳᠠᠨ᠎ᠠ᠂ ᠤᠯᠤᠰ᠂ ᠥᠪᠡᠷᠲᠡᠭᠡᠨ | ᠵᠠᠰᠠᠬᠤ ᠣᠷᠣᠨ᠂ ᠲᠦᠩᠯᠢᠶᠣᠣ ᠬᠤᠲᠠ ᠶᠢᠨ ᠪᠤᠰᠤᠳ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠂ ᠠᠳᠠᠯᠢ ᠲᠥᠷᠥᠯ ᠤᠨ ᠬᠢᠨ | ᠦᠨᠳᠦᠷ ᠢ ᠬᠦᠷᠲᠡᠵᠦ ᠳᠠᠪᠬᠤᠷᠳᠠᠬᠤ ᠦᠭᠡᠢ ᠪᠠᠶᠢᠬᠤ ᠵᠠᠷᠴᠢᠮ ᠶᠣᠰᠣᠭᠠᠷ ᠲᠥᠷᠥ ᠶᠢᠨ ᠪᠣᠳᠣᠯᠭ᠎ᠠ ᠶᠢ ᠭᠥᠷᠳᠡᠨ᠎ᠡ᠃ | 2023 ᠣᠨ ᠤ 2 ᠰᠠᠷ᠎ᠠ ᠶᠢᠨ 6 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | |