︽ᠵᠢᠭᠤᠯᠴᠢᠯᠠᠭᠴᠢᠳ ᠳᠠᠭᠠᠭᠤᠯᠤᠨ ᠢᠷᠡᠪᠡᠰᠦ︾ ᠡᠳᠡᠭᠡᠷ ᠱᠠᠩᠨᠠᠯ ᠢ ᠣᠯᠵᠤ ᠪᠣᠯᠤᠨ᠎ᠠ︕
ᠨᠡᠶᠢᠲᠡᠯᠡᠭᠰᠡᠨ ᠴᠠᠭ᠄
2023/5/8
      ᠪᠥᠬᠦ ᠬᠤᠲᠠ ᠶᠢᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠯ ᠵᠣᠷᠢᠭ ᠪᠠ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠬᠦᠴᠦᠯᠡᠨ ᠨᠡᠪᠲᠡᠷᠡᠭᠦᠯᠬᠦ ᠶᠢᠨ ᠲᠥᠯᠥᠭᠡ᠂ 2022 ᠣᠨ ᠳᠤ ᠪᠥᠬᠦ ᠬᠤᠲᠠ ︽ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠡᠳᠬᠦᠨ ᠱᠠᠩᠨᠠᠬᠤ ᠠᠷᠭ᠎ᠠ︾ ᠳᠤ ᠰᠢᠨ᠎ᠡ ᠪᠠᠷ ᠵᠠᠰᠠᠪᠤᠷᠢ ᠣᠷᠣᠭᠤᠯᠪᠠ᠂ ᠡᠭᠦᠨ ᠳᠤ ︽ᠵᠢᠭᠤᠯᠴᠢᠯᠠᠭᠴᠢᠳ ᠳᠠᠭᠠᠭᠤᠯᠤᠨ ᠢᠷᠡᠬᠦ︾ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠠᠷᠠᠭᠠᠬᠢ ᠮᠡᠲᠦ᠄      ᠵᠢᠭᠤᠯᠴᠢᠨ ᠳᠤ ᠦᠢᠯᠡᠴᠢᠯᠡᠬᠦ ᠭᠠᠵᠠᠷ ᠲᠣᠰ ᠬᠤᠲᠠ ᠶᠢᠨ ᠬᠠᠷᠢᠶ᠎ᠠ ᠳᠤ ᠬᠡᠭᠡᠷ᠎ᠡ ᠬᠥᠳᠡᠭᠡ᠂ ᠰᠤᠳᠤᠯᠤᠨ ᠰᠤᠷᠤᠯᠴᠠᠬᠤ᠂ ᠪᠣᠳᠠᠰ ᠤᠨ ᠪᠤᠰᠤ ᠰᠣᠶᠣᠯ ᠤᠨ ᠥᠪ᠂ ᠡᠷᠡᠭᠦᠯᠵᠢᠯ ᠰᠤᠪᠢᠯᠠᠯᠲᠠ᠂ ᠲᠠᠭᠠᠯᠠᠮᠵᠢᠲᠠᠢ ᠪᠠᠷᠲᠠᠭ᠎ᠠ ᠰᠢᠨᠵᠢᠯᠡᠯᠲᠡ ᠵᠡᠷᠭᠡ ᠴᠢᠨᠠᠷᠯᠢᠭ ᠠᠮᠠᠷᠠᠯᠲᠠ᠂ ᠪᠢᠴᠢᠯ ᠵᠢᠭᠤᠯᠴᠢᠯᠠᠯ ᠤᠨ ᠰᠢᠨ᠎ᠡ ᠡᠭᠦᠳᠦᠯᠲᠡ ᠶᠢᠨ ᠪᠡᠶᠡᠴᠢᠯᠡᠨ ᠣᠶᠢᠯᠠᠭᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠠᠷᠭᠠᠬᠤ ᠶᠢ ᠵᠣᠷᠢᠭᠵᠢᠭᠤᠯᠵᠤ᠂ ᠣᠨᠴᠠᠯᠢᠭᠲᠤ ᠦᠢᠯᠡᠳᠬᠦᠨ ᠨᠢᠭᠡᠪᠦᠷᠢ ᠳᠤ 100 ᠠᠴᠠ ᠳᠡᠭᠡᠭᠰᠢ ᠬᠥᠮᠥᠨ ᠢ ᠲᠡᠳᠡᠨ ᠣᠷᠣᠯᠴᠠᠭᠤᠯᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 2 ᠲᠦᠮᠡᠨ ᠲᠥᠭᠦᠷᠢᠭ ᠱᠠᠩᠨᠠᠨ᠎ᠠ᠃      ᠬᠤᠲᠠ ᠶᠢᠨ ᠳᠣᠲᠣᠷᠠᠬᠢ ᠵᠢᠭᠤᠯᠴᠢᠨ ᠳᠤ ᠦᠢᠯᠡᠴᠢᠯᠡᠬᠦ ᠭᠠᠵᠠᠷ ᠵᠢᠭᠤᠯᠴᠢᠯᠠᠭᠴᠢᠳ ᠢ ᠵᠣᠬᠢᠶᠠᠨ ᠪᠠᠶᠢᠭᠤᠯᠤᠨ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠪᠤᠶᠤ 2 ᠠᠴᠠ ᠳᠡᠭᠡᠭᠰᠢ ᠡᠭᠦᠳᠡᠨ ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠪᠥᠬᠦ ᠵᠢᠯ ᠤᠨ ᠭᠥᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ 3000 ᠬᠥᠮᠥᠨ ᠬᠦᠷᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 6 ᠲᠦᠮᠡᠨ ᠲᠥᠭᠦᠷᠢᠭ ᠱᠠᠩᠨᠠᠨ᠎ᠠ︔ ᠪᠥᠬᠦ ᠵᠢᠯ ᠤᠨ ᠭᠥᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ 3000 ᠬᠥᠮᠥᠨ ᠠᠴᠠ ᠳᠠᠪᠠᠭᠰᠠᠨ ᠪᠠᠶᠢᠪᠠᠯ᠂ ᠳᠠᠪᠠᠭᠰᠠᠨ ᠬᠡᠰᠡᠭ ᠤᠨ ᠬᠥᠮᠥᠨ ᠤᠳᠠᠭ᠎ᠠ ᠪᠦᠷᠢ ᠳᠤ 30 ᠲᠥᠭᠦᠷᠢᠭ ᠱᠠᠩᠨᠠᠨ᠎ᠠ᠃      ᠬᠤᠲᠠ ᠠᠴᠠ ᠭᠠᠳᠠᠨᠠᠬᠢ ᠵᠢᠭᠤᠯᠴᠢᠨ ᠳᠤ ᠦᠢᠯᠡᠴᠢᠯᠡᠬᠦ ᠭᠠᠵᠠᠷ ᠵᠢᠭᠤᠯᠴᠢᠯᠠᠭᠴᠢᠳ ᠢ ᠵᠣᠬᠢᠶᠠᠨ ᠪᠠᠶᠢᠭᠤᠯᠤᠨ ᠵᠢᠭᠤᠯᠴᠢᠯᠠᠬᠤ ᠪᠠᠷ ᠢᠷᠡᠭᠦᠯᠬᠦ ᠶᠢᠨ ᠬᠠᠮᠲᠤ ᠲᠤᠬᠠᠢ ᠶᠢᠨ ᠭᠠᠵᠠᠷ ᠤᠨ ᠵᠢᠭᠤᠯᠴᠢᠨ ᠳᠤ ᠦᠢᠯᠡᠴᠢᠯᠡᠬᠦ ᠭᠠᠵᠠᠷ ᠲᠤ ᠲᠤᠰᠢᠶᠠᠨ ᠵᠣᠴᠢᠯᠠᠭᠤᠯᠵᠤ᠂ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠪᠤᠶᠤ 2 ᠠᠴᠠ ᠳᠡᠭᠡᠭᠰᠢ ᠡᠭᠦᠳᠡᠨ ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠣᠨ ᠤ ᠵᠤᠬᠢᠶᠠᠨ ᠪᠠᠶᠢᠭᠤᠯᠤᠭᠰᠠᠨ ᠵᠢᠭᠤᠯᠴᠢᠯᠠᠭᠴᠢᠳ ᠤᠨ ᠲᠤᠭ᠎ᠠ 2000 ᠬᠥᠮᠥᠨ ︵ᠤᠳᠠᠭ᠎ᠠ︶ ᠬᠦᠷᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠱᠠᠩᠨᠠᠨ᠎ᠠ︔ ᠪᠥᠬᠦ ᠵᠢᠯ ᠳᠤ ᠵᠣᠬᠢᠶᠠᠨ ᠪᠠᠶᠢᠭᠤᠯᠤᠭᠰᠠᠨ ᠵᠢᠭᠤᠯᠴᠢᠯᠠᠭᠴᠢᠳ ᠤᠨ ᠲᠤᠭ᠎ᠠ 2000 ᠬᠥᠮᠥᠨ ᠠᠴᠠ ᠳᠠᠪᠠᠭᠰᠠᠨ ᠪᠠᠶᠢᠪᠠᠯ᠂ ᠳᠠᠪᠠᠭᠰᠠᠨ ᠬᠡᠰᠡᠭ ᠤᠨ ᠬᠥᠮᠥᠨ ᠤᠳᠠᠭ᠎ᠠ ᠪᠦᠷᠢ ᠳᠤ 30 ᠲᠥᠭᠦᠷᠢᠭ ᠱᠠᠩᠨᠠᠨ᠎ᠠ᠃      ᠬᠤᠲᠠ ᠠᠴᠠ ᠭᠠᠳᠠᠨᠠᠬᠢ ᠵᠢᠭᠤᠯᠴᠢᠨ ᠳᠤ ᠦᠢᠯᠡᠴᠢᠯᠡᠬᠦ ᠭᠠᠵᠠᠷ ᠬᠢᠯᠢ ᠶᠢᠨ ᠭᠠᠳᠠᠨᠠᠬᠢ ᠵᠢᠭᠤᠯᠴᠢᠯᠠᠭᠴᠢᠳ ᠢ ᠵᠣᠬᠢᠶᠠᠨ ᠪᠠᠶᠢᠭᠤᠯᠤᠨ ᠵᠢᠭᠤᠯᠴᠢᠯᠠᠬᠤ ᠪᠠᠷ ᠢᠷᠡᠭᠦᠯᠬᠦ ᠶᠢᠨ ᠬᠠᠮᠲᠤ ᠲᠤᠬᠠᠢ ᠶᠢᠨ ᠭᠠᠵᠠᠷ ᠤᠨ ᠵᠢᠭᠤᠯᠴᠢᠨ ᠳᠤ ᠦᠢᠯᠡᠴᠢᠯᠡᠬᠦ ᠭᠠᠵᠠᠷ ᠲᠤ ᠲᠤᠰᠢᠶᠠᠨ ᠵᠣᠴᠢᠯᠠᠭᠤᠯᠵᠤ᠂ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠪᠤᠶᠤ 2 ᠠᠴᠠ ᠳᠡᠭᠡᠭᠰᠢ ᠡᠭᠦᠳᠡᠨ ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠣᠨ ᠤ ᠵᠤᠬᠢᠶᠠᠨ ᠪᠠᠶᠢᠭᠤᠯᠤᠭᠰᠠᠨ ᠵᠢᠭᠤᠯᠴᠢᠯᠠᠭᠴᠢᠳ ᠤᠨ ᠲᠤᠭ᠎ᠠ 500 ᠬᠦᠮᠦᠨ ︵ᠤᠳᠠᠭ᠎ᠠ︶ ᠬᠦᠷᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠱᠠᠩᠨᠠᠨ᠎ᠠ︔ ᠪᠥᠬᠦ ᠵᠢᠯ ᠳᠤ ᠵᠣᠬᠢᠶᠠᠨ ᠪᠠᠶᠢᠭᠤᠯᠤᠭᠰᠠᠨ ᠵᠢᠭᠤᠯᠴᠢᠯᠠᠭᠴᠢᠳ ᠤᠨ ᠲᠤᠭ᠎ᠠ 500 ᠬᠥᠮᠥᠨ ᠠᠴᠠ ᠳᠠᠪᠠᠭᠰᠠᠨ ᠪᠠᠶᠢᠪᠠᠯ᠂ ᠳᠠᠪᠠᠭᠰᠠᠨ ᠬᠡᠰᠡᠭ ᠤᠨ ᠬᠥᠮᠥᠨ ᠤᠳᠠᠭ᠎ᠠ ᠪᠦᠷᠢ ᠳᠤ 100 ᠲᠥᠭᠦᠷᠢᠭ ᠱᠠᠩᠨᠠᠨ᠎ᠠ᠃      ᠤᠯᠤᠰ ᠤᠨ ᠳᠣᠲᠣᠭᠠᠳᠤ ᠠᠴᠠ ᠵᠢᠭᠤᠯᠴᠢᠯᠠᠯ ᠤᠨ ᠳᠠᠭᠠᠭᠠᠴᠢᠯᠠᠭᠰᠠᠨ ᠨᠢᠰᠬᠡᠯ ᠢ ᠨᠢᠭᠡ ᠤᠳᠠᠭ᠎ᠠ ᠠᠪᠴᠢᠷᠠᠵᠤ᠂ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠠᠴᠠ ᠳᠡᠭᠡᠭᠰᠢ ᠡᠭᠦᠳᠡᠨ ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠨᠢᠰᠬᠡᠯ ᠳᠠᠭᠠᠭᠠᠴᠢᠯᠠᠭᠰᠠᠨ ᠬᠥᠮᠥᠨ ᠤ ᠲᠤᠭ᠎ᠠ 50 ︱ 100 ᠬᠦᠷᠦᠭᠰᠡᠨ ᠪᠠᠶᠢᠪᠠᠯ᠂ ᠵᠢᠭᠤᠯᠴᠢᠨ ᠳᠤ ᠦᠢᠯᠡᠴᠢᠯᠡᠬᠦ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠢ ᠪᠠᠷ 1 ᠲᠦᠮᠡᠨ ᠲᠥᠭᠦᠷᠢᠭ ᠱᠠᠩᠨᠠᠨ᠎ᠠ︔ ᠨᠢᠰᠬᠡᠯ ᠳᠠᠭᠠᠭᠠᠴᠢᠯᠠᠭᠰᠠᠨ ᠬᠥᠮᠥᠨ ᠤ ᠲᠤᠭ᠎ᠠ 100 ᠠᠴᠠ ᠳᠡᠭᠡᠭᠰᠢ ᠪᠠᠶᠢᠪᠠᠯ ᠵᠢᠭᠤᠯᠴᠢᠨ ᠳᠤ ᠦᠢᠯᠡᠴᠢᠯᠡᠬᠦ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠢ ᠪᠠᠷ 2 ᠲᠦᠮᠡᠨ ᠲᠥᠭᠦᠷᠢᠭ ᠱᠠᠩᠨᠠᠨ᠎ᠠ᠃      ᠵᠢᠭᠤᠯᠴᠢᠯᠠᠯ ᠤᠨ ᠲᠤᠰᠬᠠᠢ ᠭᠠᠯᠲᠤ ᠲᠡᠷᠭᠡᠨ ᠤ ᠪᠦᠯᠬᠦᠮ ᠤᠨ ᠵᠤᠭᠠᠴᠠᠭᠰᠠᠳ ᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠠᠴᠠ ᠳᠡᠭᠡᠭᠰᠢ ᠡᠭᠦᠳᠡᠨ ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠲᠤᠰᠬᠠᠢ ᠭᠠᠯᠲᠤ ᠲᠡᠷᠭᠡᠨ ᠤ ᠬᠥᠮᠥᠨ ᠤ ᠲᠤᠭ᠎ᠠ 300 ︱ 400 ᠬᠦᠷᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 3 ᠲᠦᠮᠡᠨ ᠲᠥᠭᠦᠷᠢᠭ ᠱᠠᠩᠨᠠᠨ᠎ᠠ︔ ᠲᠤᠰᠬᠠᠢ ᠭᠠᠯᠲᠤ ᠲᠡᠷᠭᠡᠨ ᠤ ᠬᠥᠮᠥᠨ ᠤ ᠲᠤᠭ᠎ᠠ 400 ᠠᠴᠠ ᠳᠡᠭᠡᠭᠰᠢ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠱᠠᠩᠨᠠᠨ᠎ᠠ᠃      ᠮᠠᠰᠢᠨ ᠪᠠᠷᠢᠵᠤ ᠵᠢᠭᠤᠯᠴᠢᠯᠠᠬᠤ ᠪᠦᠯᠬᠦᠮ ᠤᠨ ᠵᠤᠭᠠᠴᠠᠭᠰᠠᠳ ᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠪᠠᠭᠤᠳᠠᠯ ᠳᠤ 1 ᠬᠤᠨᠤᠭ ᠠᠴᠠ ᠳᠤᠲᠠᠭᠤ ᠦᠭᠡᠢ ᠰᠠᠭᠤᠯᠭᠠᠵᠤ᠂ 2 ᠠᠴᠠ ᠳᠡᠭᠡᠭᠰᠢ ᠡᠭᠦᠳᠡᠨ ᠪᠢᠯᠧᠲ ᠤᠨ ᠣᠷᠣᠯᠭ᠎ᠠ ᠲᠠᠢ ᠵᠢᠭᠤᠯᠴᠢᠯᠠᠯ ᠤᠨ ᠣᠷᠣᠨ ᠢᠶᠠᠷ ᠲᠣᠭᠤᠷᠢᠨ ᠵᠤᠭᠠᠴᠠᠭᠤᠯᠵᠤ᠂ ᠲᠡᠷᠭᠡ ᠬᠥᠰᠬᠡ ᠶᠢᠨ ᠲᠤᠭ᠎ᠠ ᠨᠢ 30 ᠶᠢ ᠳᠠᠪᠠᠵᠤ᠂ ᠬᠥᠮᠥᠨ ᠤ ᠲᠤᠭ᠎ᠠ 90 ᠬᠥᠮᠥᠨ ᠠᠴᠠ ᠳᠡᠭᠡᠭᠰᠢ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 1 ᠲᠦᠮᠡᠨ ᠲᠥᠭᠦᠷᠢᠭ ᠱᠠᠩᠨᠠᠨ᠎ᠠ      ᠡᠮᠦᠨᠡᠬᠢ ᠪᠣᠯ ︽ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠡᠳᠬᠦᠨ ᠱᠠᠩᠨᠠᠬᠤ ᠠᠷᠭ᠎ᠠ︾  ᠳᠠᠬᠢ ︽ᠵᠢᠭᠤᠯᠴᠢᠯᠠᠭᠴᠢᠳ ᠳᠠᠭᠠᠭᠤᠯᠤᠨ ᠢᠷᠡᠬᠦ︾ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠣᠨ᠎ᠠ᠂ ᠪᠤᠰᠤᠳ ᠲᠥᠷᠥ ᠶᠢᠨ ᠪᠣᠳᠣᠯᠭ᠎ᠠ ᠶᠢᠨ ᠨᠠᠷᠢᠨ ᠪᠠᠶᠢᠳᠠᠯ ᠢ ︽ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠴᠢᠮᠡᠭᠡ ᠵᠠᠩᠭᠢ︾ ᠶᠢᠨ ᠨᠡᠶᠢᠲᠡ ᠶᠢᠨ ᠲᠠᠪᠴᠠᠩ ᠳᠤ ᠠᠩᠬᠠᠷᠤᠯ ᠢᠶᠠᠨ ᠬᠠᠨᠲᠤᠯᠠᠭᠠᠷᠠᠢ᠂ ᠬᠡᠷᠪᠡ ᠮᠠᠳᠠᠭ ᠲᠠᠢ ᠪᠣᠯ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭ᠎ᠠ ᠠᠴᠠ ᠠᠰᠠᠭᠤᠨ ᠯᠠᠪᠯᠠᠵᠤ ᠪᠣᠯᠣᠨ᠎ᠠ᠃      ᠯᠠᠪᠯᠠᠬᠤ ᠤᠲᠠᠰᠤ᠄ 8836289
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ