ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠳᠠᠯᠳᠠ ᠬᠦᠴᠦᠨ ᠢ ᠲᠠᠰᠤᠷᠠᠯᠲᠠ ᠦᠭᠡᠢ ᠠᠭᠤᠳᠠᠯᠵᠤ᠂ ᠬᠡᠷᠡᠭᠯᠡᠭᠡ ᠶᠢᠨ ᠠᠵᠤ ᠠᠬᠤᠢ ᠶᠢᠨ | ᠬᠥᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠦᠬᠦ ᠤᠯᠤᠰ ᠤᠨ ᠨᠢᠭᠡᠳᠦᠯᠲᠡᠢ ᠶᠡᠭᠡ ᠵᠠᠬ᠎ᠠ ᠳᠡᠯᠭᠡᠭᠦᠷ ᠲᠤ | ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ | ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠵᠢᠴᠢ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠡᠷᠡᠭᠯᠡᠭᠡ ᠶᠢ ᠲᠦᠷᠭᠡᠨ | ᠰᠡᠷᠭᠦᠭᠡᠬᠦ ᠶᠢ ᠠᠬᠢᠭᠤᠯᠵᠤ᠂ ︽ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠠᠵᠤ ᠠᠬᠤᠶᠢᠯᠠᠯ ᠣᠷᠣᠯᠴᠠᠬᠤ᠂ ᠠᠷᠠᠳ ᠤᠨ ᠠᠮᠢᠳᠤᠷᠠᠯ ᠢᠶᠠᠷ ᠤᠳᠤᠷᠢᠳᠤᠮᠵᠢ | ᠪᠣᠯᠭᠠᠬᠤ᠂ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠬᠤᠳᠠ | ᠬᠥᠳᠡᠭᠡ ᠶᠢ ᠬᠠᠮᠲᠤ ᠳᠤᠨᠢ ᠬᠠᠷᠠᠭᠠᠯᠵᠠᠬᠤ︾ ᠵᠠᠷᠴᠢᠮ ᠢ ᠪᠠᠷᠢᠮᠲᠠᠯᠠᠨ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠡᠷᠡᠭᠯᠡᠭᠡ ᠶᠢᠨ ᠲᠠᠪᠴᠠᠩ ᠢ | ᠢᠳᠡᠪᠬᠢᠲᠡᠢ ᠪᠠᠶᠢᠭᠤᠯᠵᠤ᠂ ᠬᠡᠷᠡᠭᠯᠡᠭᠡ ᠶᠢ ᠠᠬᠢᠭᠤᠯᠬᠤ ᠤᠯᠠᠨ ᠬᠦᠷᠢᠶ᠎ᠡ ᠴᠠᠷᠠᠭ᠎ᠠ᠂ ᠤᠯᠠᠨ ᠲᠡᠰ ᠳᠠᠪᠬᠤᠷᠭ᠎ᠠ᠂ ᠤᠯᠠᠨ ᠡᠰᠢᠴᠢᠯᠡᠭᠰᠡᠨ ᠠᠵᠢᠯᠯᠠᠭ᠎ᠠ ᠥᠷᠨᠢᠭᠦᠯᠵᠦ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠪᠦᠬᠦ ᠵᠢᠯ ᠤᠨ ᠨᠡᠶᠢᠭᠡᠮ ᠤᠨ ᠬᠡᠷᠡᠭᠯᠡᠭᠡ ᠶᠢᠨ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 7% ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠤᠯᠠᠮᠵᠢᠯᠠᠯᠲᠤ ᠬᠡᠷᠡᠭᠯᠡᠭᠡ ᠶᠢ ᠥᠷᠭᠡᠳᠬᠡᠨ᠎ᠡ | 1. ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠶᠢᠨ ᠲᠡᠮᠳᠡᠭᠲᠦ ᠶᠢ ᠲᠠᠷᠬᠠᠭᠠᠨ᠎ᠠ᠃ 2023 ᠣᠨ ᠤ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠪᠠ | ᠤᠯᠤᠰ ᠤᠨ ᠪᠠᠶᠠᠷ ᠲᠤ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠠᠵᠢᠯᠴᠢᠨ ᠤ ᠡᠪᠯᠡᠯ᠂ ᠮᠥᠩᠭᠦᠨ ᠭᠦᠢᠯᠭᠡᠭᠡ ᠵᠡᠷᠭᠡ ᠰᠠᠯᠠᠭ᠎ᠠ ᠮᠥᠴᠢᠷ ᠤᠨ ᠡᠯ᠎ᠡ | ᠲᠥᠷᠥᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠪᠦᠷᠢᠨ ᠪᠠᠷᠠᠭ᠎ᠠ᠂ ᠢᠳᠡᠭᠡᠨ ᠤᠮᠳᠠᠭᠠᠨ᠂ ᠲᠣᠮᠣ ᠬᠡᠯᠪᠡᠷᠢ ᠶᠢᠨ ᠬᠤᠳᠠᠯᠳᠤᠭ᠎ᠠ ᠳᠡᠯᠭᠡᠭᠦᠷ᠂ ᠭᠡᠷ ᠤᠨ | ᠴᠠᠬᠢᠯᠭᠠᠨ ᠬᠡᠷᠡᠭᠰᠡᠯ ᠵᠡᠷᠭᠡ ᠬᠦᠷᠢᠶᠡᠨ ᠳᠤ ᠬᠡᠷᠡᠭᠯᠡᠭᠡ ᠶᠢᠨ ᠲᠡᠮᠳᠡᠭᠲᠦ ᠲᠠᠷᠬᠠᠭᠠᠬᠤ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ︵ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠤᠲᠠ ᠶᠢᠨ ᠠᠵᠢᠯᠴᠢᠨ ᠤ | ᠶᠡᠷᠦᠩᠬᠡᠢ ᠡᠪᠯᠡᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠠᠬᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠴᠠᠭᠠᠨ ᠰᠠᠷ᠎ᠠ᠂ ᠲᠠᠪᠤᠳᠤᠭᠠᠷ ᠰᠠᠷ᠎ᠠ ᠶᠢᠨ | ᠨᠢᠭᠡᠨ᠂ ᠠᠷᠪᠠᠳᠤᠭᠠᠷ ᠰᠠᠷ᠎ᠠ ᠶᠢᠨ ᠨᠢᠭᠡᠨ᠂ ︽ᠬᠤᠣᠰ ᠠᠷᠪᠠᠨ ᠨᠢᠭᠡᠨ︾ ᠵᠡᠷᠭᠡ ᠪᠠᠶᠠᠷ ᠤᠨ ᠡᠳᠦᠷ ᠤᠨ ᠬᠡᠷᠡᠭᠯᠡᠭᠡ ᠶᠢᠨ ᠬᠠᠯᠠᠮᠰᠢᠯ ᠢ ᠠᠰᠢᠭᠯᠠᠨ᠂ 2023 | ᠣᠨ ᠤ ︽ᠪᠠᠳᠠᠷᠠᠯᠲᠤ ᠲᠦᠩᠯᠢᠶᠣᠣ · ᠪᠠᠶᠠᠰᠬᠤᠯᠠᠩᠲᠤ ᠬᠡᠷᠡᠭᠯᠡᠭᠡ︾ ᠬᠡᠮᠡᠬᠦ ᠥᠯᠵᠡᠶᠢᠲᠦ ᠡᠳᠦᠷ ᠤᠨ ᠳ᠋ᠧᠩᠯᠦ ᠶᠢᠨ ᠨᠠᠶᠢᠷ᠂ ︽ᠲᠦᠩᠯᠢᠶᠣᠣ ᠶᠢᠨ ᠰᠢᠨ᠎ᠡ ᠶᠢᠨ | ᠮᠠᠶᠢᠮᠠᠢ︾ ᠵᠡᠷᠭᠡ ᠰᠢᠷᠢᠰ ᠠᠵᠢᠯᠯᠠᠭ᠎ᠠ ᠶᠢ ᠡᠷᠭᠢᠯᠡᠪᠡ︔ ᠠᠷᠠᠯᠵᠢᠶ᠎ᠠ ᠬᠤᠳᠠᠯᠳᠤᠭ᠎ᠠ ᠶᠢᠨ ᠠᠵᠤ ᠠᠬᠤᠶᠢᠯᠠᠯ ᠢ ᠳᠡᠮᠵᠢᠵᠦ ᠬᠥᠲᠥᠯᠥᠨ ᠵᠢᠯᠤᠭᠤᠳᠴᠤ ︽ᠨᠡᠷᠡᠲᠦ | ᠱᠤᠰᠢᠭ᠎ᠠ ᠪᠠ ᠴᠢᠨᠠᠷ ᠴᠢᠨᠰᠠᠭᠠᠲᠤ ᠰᠦᠯᠵᠢᠶᠡᠨ ᠤ ᠮᠠᠶᠢᠮᠠᠢ︾ ︽ᠬᠤᠣᠰ ᠠᠷᠪᠠᠨ ᠨᠢᠭᠡᠨ︾ ᠵᠡᠷᠭᠡ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠥᠷᠨᠢᠭᠦᠯᠵᠦ᠂ | ᠢᠳᠡᠪᠬᠢᠲᠡᠢ ᠪᠥᠭᠡᠳ ᠬᠥᠭᠵᠢᠶᠡᠨᠲᠡᠢ ᠬᠡᠷᠡᠭᠯᠡᠭᠡ ᠶᠢᠨ ᠠᠭᠤᠷ ᠠᠮᠢᠰᠬᠤᠯ ᠢ ᠪᠣᠶ ᠪᠣᠯᠭᠠᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠲᠦᠷᠭᠡᠨ ᠬᠠᠯᠠᠮᠰᠢᠬᠤ ᠶᠢ | ᠠᠬᠢᠭᠤᠯᠤᠨ᠂ ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠤᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 500 ᠲᠦᠮᠡᠨ ᠲᠥᠭᠦᠷᠢᠭ ᠤᠨ ᠪᠡᠯᠡ ᠣᠷᠣᠭᠤᠯᠵᠤ | ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡ ᠶᠢᠨ ᠲᠡᠮᠳᠡᠭᠲᠦ ᠳᠤ ᠬᠡᠷᠡᠭᠯᠡᠵᠦ᠂ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠨᠠᠷᠠᠲᠤ ᠱᠤᠰᠢᠭᠠᠲᠤ ᠮᠠᠰᠢᠨ ᠲᠡᠷᠭᠡ ᠶᠢ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠂ ᠮᠠᠰᠢᠨ ᠲᠡᠷᠭᠡᠨ ᠤ ᠬᠡᠷᠡᠭᠯᠡᠭᠡ ᠶᠢ ᠥᠷᠭᠡᠳᠬᠡᠨ᠎ᠡ᠃ | ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠠᠬᠢᠯᠭᠠᠨ ᠴᠡᠨᠡᠭᠯᠡᠬᠦ | ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠤᠲᠠ ᠶᠢᠨ ᠴᠧᠩ ᠹᠠ ᠪᠦᠯᠦᠭᠯᠡᠯ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠭᠡᠷ ᠠᠬᠤᠢ ᠶᠢᠨ ᠠᠵᠤ ᠠᠬᠤᠶᠢᠯᠠᠯ ᠤᠨ ᠵᠢᠯᠣᠭᠤᠳᠤᠯᠭ᠎ᠠ ᠪᠠ | ᠪᠣᠯᠪᠠᠰᠤᠷᠠᠯ ᠢ ᠴᠢᠩᠭᠠᠳᠬᠠᠵᠤ᠂ ᠭᠡᠷ ᠠᠬᠤᠢ ᠶᠢᠨ ᠠᠵᠢᠯᠲᠠᠨ ᠤ ᠮᠡᠷᠭᠡᠵᠢᠯ ᠴᠢᠳᠠᠪᠤᠷᠢ ᠪᠠ ᠬᠡᠪ ᠴᠢᠨᠠᠷ ᠢ ᠳᠡᠭᠡᠭᠰᠢᠯᠡᠭᠦᠯᠦᠨ᠂ ᠭᠡᠷ ᠠᠬᠤᠢ ᠶᠢᠨ ᠦᠢᠯᠡᠴᠢᠯᠡᠭᠡᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠡᠨᠴᠢ ᠢᠲᠡᠭᠡᠮᠵᠢᠲᠡᠢ ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠢᠯ | ᠲᠥᠷᠥᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠡᠷ ᠠᠬᠤᠢ ᠶᠢᠨ ᠠᠵᠤ ᠠᠬᠤᠶᠢᠯᠠᠯ ᠤᠨ ᠪᠠᠷ᠎ᠠ ᠪᠣᠯᠵᠤ ᠰᠤᠪᠢᠯᠠᠬᠤ᠂ ᠨᠠᠰᠤᠵᠢᠯ ᠤᠨ | ᠠᠰᠠᠷᠠᠮᠵᠢ ᠵᠡᠷᠭᠡ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠠᠷᠠᠳ ᠣᠯᠠᠨ ᠤ ᠣᠯᠠᠨ ᠡᠰᠢᠵᠢᠭᠰᠡᠨ᠂ ᠶᠠᠰᠤ ᠴᠢᠨᠠᠷᠵᠢᠭᠰᠠᠨ ᠬᠡᠷᠡᠭᠯᠡᠭᠡ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5. ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠤᠨ᠎ᠠ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠣᠬᠢᠷᠲᠤᠯ ᠦᠭᠡᠢ ᠣᠶᠤᠨᠴᠢ ᠭᠡᠷ ᠤᠨ | ᠴᠠᠬᠢᠯᠭᠠᠨ ᠬᠡᠷᠡᠭᠰᠡᠯ ᠤᠨ ᠪᠣᠷᠤᠯᠠᠭᠤᠯᠭ᠎ᠠ ᠪᠠ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯᠯᠠᠭ᠎ᠠ ᠥᠷᠨᠢᠭᠦᠯᠵᠦ᠂ ᠭᠡᠷ ᠤᠨ | ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ︵ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 6. ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ᠃ ᠬᠤᠳᠠᠯᠳᠤᠭᠠᠨ ᠤ ᠲᠠᠯᠠᠪᠤᠷ᠂ | ᠬᠡᠲᠦ ᠳᠡᠯᠭᠡᠭᠦᠷ᠂ ᠬᠤᠳᠠᠯᠳᠤᠭᠠᠨ ᠤ ᠲᠥᠪ ᠵᠡᠷᠭᠡ ᠪᠣᠳᠠᠲᠤ ᠴᠣᠭᠴᠠ ᠶᠢᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠵᠣᠷᠢᠭᠵᠢᠭᠤᠯᠵᠤ᠂ ᠵᠠᠮ ᠬᠠᠷᠢᠯᠴᠠᠭ᠎ᠠ᠂ | ᠬᠤᠲᠠ ᠶᠢᠨ ᠦᠵᠡᠮᠵᠢ ᠠᠷᠢᠭᠤᠨ ᠴᠡᠪᠡᠷ ᠣᠷᠴᠢᠨ ᠲᠣᠭᠤᠷᠢᠨ ᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ ᠡᠵᠡᠩᠨᠡᠯᠲᠡ ᠶᠢᠨ ᠣᠷᠣᠨ ᠵᠠᠢ ᠠᠴᠠ ᠭᠠᠷᠴᠤ᠂ | ᠶᠠᠪᠠᠭᠠᠨ ᠵᠡᠭᠡᠯᠢ᠂ ᠬᠤᠳᠠᠯᠳᠤᠭᠠᠨ ᠤ ᠵᠡᠭᠡᠯᠢ ᠲᠣᠭᠤᠷᠢᠭ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠲᠣᠮᠣ ᠬᠡᠯᠪᠡᠷᠢ ᠶᠢᠨ ᠬᠡᠲᠦ ᠳᠡᠯᠭᠡᠭᠦᠷ ᠤᠨ ᠭᠠᠳᠠᠭᠤᠷᠬᠢ | ᠲᠠᠯᠠᠪᠤᠷ ᠭᠠᠵᠠᠷ ᠵᠡᠷᠭᠡ ᠣᠷᠣᠨ ᠪᠦᠰᠡ ᠳᠤ ᠲᠦᠰᠢᠭᠯᠡᠨ᠂ ᠭᠠᠳᠠᠨ᠎ᠠ ᠳᠡᠯᠭᠡᠨ ᠡᠵᠡᠩᠨᠡᠬᠦ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢᠨ ᠠᠬᠤᠢ ᠪᠠᠶᠢᠳᠠᠯ ᠢ ᠡᠭᠦᠳᠦᠨ᠂ | ᠣᠯᠠᠨ ᠲᠦᠮᠡᠨ ᠤ ᠣᠯᠠᠨ ᠡᠰᠢᠵᠢᠭᠰᠡᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠰᠢᠨ᠎ᠡ ᠬᠡᠯᠪᠡᠷᠢ ᠪᠠ ᠨᠠᠷᠠᠲᠤ ᠱᠤᠰᠢᠭ᠎ᠠ ᠶᠢᠨ ᠬᠡᠷᠡᠭᠯᠡᠭᠡ ᠶᠢ ᠠᠬᠢᠭᠤᠯᠤᠨ᠎ᠠ | 7. ᠡᠯᠧᠺᠲᠷᠣᠨ ᠬᠤᠳᠠᠯᠳᠤᠭᠠᠨ ᠤ ᠬᠡᠷᠡᠭᠯᠡᠭᠡ ᠶᠢ ᠪᠣᠶᠢᠵᠢᠭᠤᠯᠤᠨ᠎ᠠ᠃ ᠲᠣᠰ ᠭᠠᠵᠠᠷ ᠣᠷᠣᠨ ᠤ ᠨᠡᠪᠲᠡᠷᠡᠭᠦᠯᠦᠭᠴᠢ ᠶᠢᠨ ᠠᠵᠤ ᠠᠬᠤᠶᠢᠯᠠᠯ ᠪᠠ | ᠨᠡᠪᠲᠡᠷᠡᠭᠦᠯᠦᠭᠴᠢ ᠶᠢᠨ ᠡᠩᠨᠡᠭᠡ ᠶᠢ ᠥᠷᠭᠡᠳᠬᠡᠵᠦ᠂ ᠴᠤᠤᠷᠢᠶ᠎ᠠ᠂ ᠬᠤᠷᠳᠤᠨ ᠭᠠᠷ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠲᠦᠩᠯᠢᠶᠣᠣ ᠶᠢᠨ ︽ᠲᠠᠷᠢᠶᠠᠯᠠᠩ ᠤᠨ | ᠪᠦᠲᠦᠭᠡᠭᠳᠡᠬᠦᠨ ᠬᠢᠨᠠᠨ ᠰᠣᠩᠭᠤᠬᠤ︾ ᠨᠠᠷᠠᠲᠤ ᠱᠤᠰᠢᠭᠠᠲᠤ ᠳᠡᠯᠭᠡᠭᠦᠷ ᠨᠡᠭᠡᠭᠡᠵᠦ᠂ ᠲᠦᠩᠯᠢᠶᠣᠣ ᠶᠢᠨ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠡᠭᠡᠷᠡᠬᠢ | ᠨᠠᠷᠠᠲᠤ ᠱᠤᠰᠢᠭ᠎ᠠ ᠶᠢ ᠪᠣᠶᠢᠵᠢᠭᠤᠯᠬᠤ ᠶᠢ ᠨᠡᠮᠡᠭᠳᠡᠭᠦᠯᠦᠨ᠂ ᠰᠦᠯᠵᠢᠶᠡᠨ ᠤ ᠪᠣᠷᠤᠯᠠᠭᠤᠯᠭ᠎ᠠ ᠶᠢ ᠥᠷᠭᠡᠳᠬᠡᠨ᠎ᠡ᠃ ᠬᠡᠷᠡᠭᠯᠡᠭᠡ ᠶᠢᠨ ᠪᠦᠲᠦᠴᠡ ᠶᠢᠨ ᠲᠠᠰ ᠳᠡᠪᠰᠢᠬᠦ | ᠴᠢᠭᠯᠡᠯ ᠪᠠ ᠪᠥᠬᠦ ᠬᠤᠲᠠ ᠶᠢᠨ ᠣᠨᠴᠠᠯᠢᠭᠲᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠭᠤᠷᠢᠨ ᠳᠤ᠂ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ · ᠨᠠᠷᠠᠲᠤ ᠱᠤᠰᠢᠭᠠᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠲᠡ ᠶᠢᠨ ᠠᠰᠠᠷᠠᠮᠵᠢ ᠶᠢᠨ ᠰᠢᠭᠤᠳ | ᠨᠡᠪᠲᠡᠷᠡᠭᠦᠯᠭᠡ︾ ᠭᠡᠬᠦ ᠰᠢᠷᠢᠰ ᠠᠵᠢᠯᠯᠠᠭ᠎ᠠ ᠦᠷᠨᠢᠭᠦᠯᠦᠨ᠎ᠡ᠃ ᠰᠦᠯᠵᠢᠶᠡᠨ ᠠᠴᠠ ᠭᠠᠳᠠᠨ᠎ᠠ ᠲᠥᠪᠯᠡᠷᠡᠭᠦᠯᠦᠨ ᠪᠣᠷᠣᠯᠠᠭᠤᠯᠬᠤ᠂ ᠰᠦᠯᠵᠢᠶᠡᠨ ᠳᠡᠭᠡᠷ᠎ᠡ ᠰᠢᠭᠤᠳ | ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠠᠷᠭ᠎ᠠ ᠮᠠᠶ᠋ᠢᠭ ᠢ ᠠᠪᠴᠤ ᠬᠡᠷᠡᠭᠯᠡᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡ ᠶᠢ | ᠥᠷᠭᠡᠳᠬᠡᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 8. ᠳᠤᠮᠳᠠᠳᠤ ᠶᠢᠨ ᠬᠠᠭᠤᠴᠢᠨ ᠨᠠᠷᠠᠲᠤ ᠶᠢᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃ ᠬᠠᠭᠤᠴᠢᠨ ᠨᠠᠷᠠᠲᠤ ᠠᠵᠤ ᠠᠬᠤᠶᠢᠯᠠᠯ ᠤᠨ ᠰᠢᠨ᠎ᠡ ᠶᠢ | ᠡᠭᠦᠳᠦᠨ ᠬᠥᠭᠵᠢᠬᠦ ᠶᠢ ᠳᠡᠮᠵᠢᠵᠦ᠂ ᠨᠠᠷᠠᠲᠤ ᠱᠤᠰᠢᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠨ᠂ ᠵᠠᠬ᠎ᠠ ᠳᠡᠯᠭᠡᠭᠦᠷ ᠤᠨ ᠡᠵᠡᠯᠡᠬᠦ ᠬᠤᠪᠢ ᠶᠢ ᠳᠡᠭᠡᠭᠰᠢᠯᠡᠭᠦᠯᠦᠨ᠎ᠡ | ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 9. ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠱᠤᠰᠢᠭ᠎ᠠ ᠶᠢ ᠡᠭᠦᠳᠦᠨ᠎ᠡ᠃ ︽ᠬᠤᠶᠠᠷ ᠪᠦᠲᠦᠭᠡᠭᠳᠡᠭᠦᠨ ᠨᠢᠭᠡ ᠲᠡᠮᠳᠡᠭ︾ ᠤᠨ ᠭᠡᠷᠡᠴᠢᠯᠡᠯ ᠤᠨ | ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠤᠨ ᠨᠡᠮᠡᠭᠳᠡᠯ ᠤᠨ ᠬᠡᠮᠵᠢᠶ᠎ᠡ ᠶᠢ 6% | ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ︽ᠲᠦᠩᠯᠢᠶᠣᠣ ᠶᠢᠨ ᠡᠷᠳᠡᠨᠢ ᠰᠢᠰᠢ︾ ︽ᠬᠤᠷᠴᠢᠨ ᠤ ᠦᠬᠡᠷ︾ ᠵᠡᠷᠭᠡ ᠭᠠᠵᠠᠷ ᠵᠦᠢ ᠶᠢᠨ ᠲᠡᠮᠳᠡᠭᠲᠦ | ᠲᠠᠷᠢᠶᠠᠯᠠᠩ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠢᠨᠵᠧᠨᠧᠷᠢᠩ ᠢ ᠥᠷᠨᠢᠭᠦᠯᠵᠦ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠴᠤᠭᠯᠠᠭᠤᠯᠤᠨ ᠳᠠᠩᠰᠠᠯᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ 2023 ᠣᠨ ᠳᠤ ᠨᠠᠷᠠᠲᠤ ᠣᠨᠴᠠ | ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠴᠤᠭᠯᠠᠭᠤᠯᠤᠨ ᠳᠠᠩᠰᠠᠯᠠᠬᠤ ᠠᠵᠢᠯ ᠢ 7 ᠠᠴᠠ ᠳᠡᠭᠡᠭᠰᠢ ᠨᠡᠮᠡᠭᠳᠡᠭᠦᠯᠵᠦ᠂ | ᠨᠠᠷᠠᠲᠤ ᠱᠤᠰᠢᠭ᠎ᠠ ᠶᠢᠨ ᠥᠷᠲᠡᠭ ᠪᠠ ᠨᠥᠯᠥᠭᠡᠯᠡᠬᠦ ᠬᠦᠴᠦᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︵ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 10. ᠲᠦᠩᠯᠢᠶᠣᠣ ᠶᠢᠨ ᠨᠠᠷᠠᠲᠤ ᠱᠤᠰᠢᠭᠠᠲᠤ ᠢᠳᠡᠭᠡᠨ ᠤᠮᠳᠠᠭᠠᠨ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ᠬᠢᠲᠠᠳ ᠬᠤᠭᠤᠯᠠᠨ ᠭᠡᠷ᠂ ᠮᠣᠩᠭᠤᠯ | ᠬᠤᠭᠤᠯᠠᠨ ᠭᠡᠷ ᠵᠡᠷᠭᠡ ᠨᠠᠷᠠᠲᠤ ᠱᠤᠰᠢᠭ᠎ᠠ ᠶᠢᠨ ᠵᠢᠱᠢᠶ᠎ᠡ ᠦᠵᠡᠭᠦᠯᠬᠦ ᠬᠤᠭᠤᠯᠠᠨ ᠭᠡᠷ ᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ ᠤ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠵᠣᠷᠢᠭᠵᠢᠭᠤᠯᠤᠨ᠂ ᠬᠡᠷᠡᠭᠯᠡᠭᠴᠢᠳ ᠤᠨ ᠥᠪᠡᠷᠮᠢᠴᠡ᠂ ᠶᠠᠰᠤ ᠴᠢᠨᠠᠷᠵᠢᠭᠰᠠᠨ᠂ ᠣᠯᠠᠨ | ᠡᠰᠢᠵᠢᠭᠰᠡᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠴᠤᠤᠷᠢᠶ᠎ᠠ᠂ | ᠬᠤᠷᠳᠤᠨ ᠭᠠᠷ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠳᠠᠯᠳᠠ ᠬᠤᠳᠠᠯᠳᠤᠭᠠᠨ ᠤ ᠲᠣᠬᠢᠶᠠᠯ ᠢ ᠠᠭᠤᠳᠠᠯᠵᠤ᠂ ᠣᠯᠠᠨ ᠠᠷᠭ᠎ᠠ ᠵᠠᠮ ᠢᠶᠠᠷ ᠡᠵᠡᠩᠨᠡᠨ | ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ ᠤ ᠬᠡᠷᠡᠭᠯᠡᠭᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ︵ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ︶ | 11. ᠮᠣᠩᠭᠤᠯ ᠡᠮ ᠡᠮᠨᠡᠯᠭᠡ ᠶᠢᠨ ᠨᠠᠷᠠᠲᠤ ᠲᠥᠷᠥᠯ ᠱᠣᠰᠢᠭ᠎ᠠ ᠶᠢ ᠪᠣᠶᠢᠵᠢᠭᠤᠯᠤᠨ᠎ᠠ᠃ ᠥᠪᠥᠷ ᠮᠣᠩᠭᠤᠯ ︵ᠲᠦᠩᠯᠢᠶᠣᠣ︶ ᠤᠨ ᠨᠠᠢᠮᠠᠳᠤᠭᠠᠷ | ᠬᠤᠭᠤᠴᠠᠭᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠦᠵᠡᠰᠬᠦᠯᠡᠩ ᠢ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠡᠷᠭᠢᠯᠡᠨ᠎ᠡ᠃ ︽ᠭᠠᠳᠠᠭᠰᠢ ᠭᠠᠷᠬᠤ᠂ ᠤᠷᠢᠵᠤ ᠠᠪᠴᠢᠷᠠᠬᠤ᠂ ᠬᠥᠭᠵᠢᠯᠲᠡ ᠶᠢ ᠠᠬᠢᠭᠤᠯᠬᠤ︾ ᠵᠠᠷᠴᠢᠮ | ᠶᠣᠰᠣᠭᠠᠷ᠂ ᠮᠠᠨ ᠤ ᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠬᠠᠮ ᠡᠷᠡᠭᠦᠯ ᠴᠢᠭᠢᠷᠠᠭ ᠤᠨ ᠪᠦᠲᠦᠭᠡᠭᠳᠡᠬᠦᠨ ᠢᠶᠠᠨ ᠠᠪᠴᠤ ᠠᠵᠢᠯᠯᠠᠭ᠎ᠠ ᠳᠤ ᠣᠷᠣᠯᠴᠠᠬᠤ ᠶᠢ ᠵᠣᠬᠢᠶᠠᠨ ᠪᠠᠶᠢᠭᠤᠯᠵᠤ᠂ | ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠤᠨ ᠠᠷᠠᠯᠵᠢᠶ᠎ᠠ ᠲᠣᠬᠢᠷᠠᠬᠤ ᠶᠢ ᠠᠬᠢᠭᠤᠯᠤᠨ᠂ ᠲᠣᠰ ᠭᠠᠵᠠᠷ ᠤᠨ ᠠᠵᠤ ᠠᠬᠤᠶᠢᠯᠠᠯ ᠬᠢᠭᠡᠳ ᠤᠯᠤᠰ ᠤᠨ | ᠳᠣᠲᠣᠭᠠᠳᠤ ᠶᠢᠨ ᠨᠠᠷᠠᠲᠤ ᠡᠮ ᠤᠨ ᠠᠵᠤ ᠠᠬᠤᠶᠢᠯᠠᠯ ᠤᠨ ᠬᠠᠮᠲᠤᠷᠠᠯᠴᠠᠬᠤ ᠰᠠᠨᠠᠮᠵᠢ ᠲᠠᠢ ᠪᠣᠯᠬᠤ ᠶᠢ ᠠᠬᠢᠭᠤᠯᠵᠤ᠂ ᠮᠠᠨ ᠤ ᠬᠤᠲᠠ ᠶᠢᠨ ᠮᠣᠩᠭᠤᠯ ᠡᠮ | ᠡᠮᠨᠡᠯᠭᠡ ᠶᠢᠨ ᠨᠠᠷᠠᠲᠤ ᠱᠣᠰᠢᠭ᠎ᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠮᠣᠩᠭᠤᠯ ᠡᠮ ᠡᠮᠨᠡᠯᠭᠡ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠢ ᠥᠷᠭᠡᠳᠬᠡᠨ᠎ᠡ᠃ | ︵ᠬᠤᠲᠠ ᠶᠢᠨ ᠬᠢᠲᠠᠳ ᠡᠮ ᠤᠨ ᠠᠯᠪᠠᠨ ᠭᠡᠷ︶ | 12. ᠦᠵᠡᠰᠬᠦᠯᠡᠩ ᠤᠨ ᠠᠵᠤ ᠠᠬᠤᠢ ᠶᠢᠨ ᠦᠢᠯᠡᠳᠦᠯ ᠢ ᠪᠠᠳᠠᠷᠠᠭᠤᠯᠤᠨ᠎ᠠ᠃ ᠬᠡᠷᠡᠭᠯᠡᠭᠡ ᠶᠢᠨ ᠦᠵᠡᠰᠬᠦᠯᠡᠩ᠂ ᠳᠤᠮᠳᠠᠳᠤ ᠮᠣᠩᠭᠤᠯ ᠤᠨ ᠦᠵᠡᠰᠬᠦᠯᠡᠩ᠂ | ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠵᠡᠷᠭᠡ ᠦᠵᠡᠰᠬᠦᠯᠡᠩ ᠤᠨ ᠲᠠᠪᠴᠠᠩ ᠢ ᠭᠦᠢᠴᠡᠳ ᠠᠰᠢᠭᠯᠠᠨ᠂ ᠲᠦᠩᠯᠢᠶᠣᠣ ᠶᠢᠨ ᠣᠨᠴᠠᠯᠢᠭᠲᠤ | ᠪᠦᠲᠦᠭᠡᠭᠳᠡᠬᠦᠨ ᠢ ᠭᠠᠳᠠᠭᠰᠢ ᠤᠬᠠᠭᠤᠯᠬᠤ ᠴᠤᠩᠬᠤᠪᠴᠢ ᠶᠢ ᠪᠠᠶᠢᠭᠤᠯᠵᠤ᠂ ᠲᠦᠩᠯᠢᠶᠣᠣ ᠶᠢᠨ ᠳᠠᠪᠠᠭᠤᠯᠢᠭ ᠣᠨᠴᠠᠯᠢᠭᠲᠤ ᠪᠦᠲᠦᠭᠡᠭᠳᠡᠬᠦᠨ ᠤ ᠤᠯᠤᠰ ᠤᠨ | ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠠᠬᠢ ᠠᠯᠳᠠᠷᠰᠢᠯ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠦᠵᠡᠭᠦᠯᠦᠯᠭᠡ ᠪᠠᠷ ︽ᠵᠠᠭᠤᠴᠢᠯᠠᠭᠤᠷ︾ ᠪᠣᠯᠭᠠᠵᠤ᠂ ︽ | ᠭᠠᠳᠠᠭᠰᠢ ᠭᠠᠷᠬᠤ︾ ᠪᠠ ︽ᠣᠷᠣᠭᠤᠯᠵᠤ ᠠᠪᠴᠢᠷᠠᠬᠤ︾ ᠶᠢᠨ ᠬᠤᠣᠰ ᠴᠢᠭᠯᠡᠯ ᠤᠨ ᠠᠭᠤᠰᠤᠯᠴᠠᠯ ᠳᠤᠮᠳᠠ᠂ ᠲᠦᠩᠯᠢᠶᠣᠣ ᠶᠢᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠡ ᠳᠠᠪᠠᠭᠤᠯᠢᠭ ᠢ ᠪᠣᠶᠢᠵᠢᠭᠤᠯᠤᠨ᠂ ᠰᠢᠨ᠎ᠡ ᠬᠦᠳᠡᠯᠭᠡᠭᠦᠷ ᠬᠠᠩᠭᠠᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ︵ᠭᠤᠷᠪᠠ︶ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ᠎ᠡ | 13. ᠰᠣᠶᠣᠯ ᠪᠠ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠶᠢᠨ ᠠᠵᠢᠯᠯᠠᠭ᠎ᠠ ᠥᠷᠨᠢᠭᠦᠯᠦᠨ᠎ᠡ᠃ ︽1+8+N︾ ᠪᠠᠶᠠᠷ | ᠳᠤᠷᠠᠰᠬᠠᠯ ᠤᠨ ᠠᠵᠢᠯᠯᠠᠭ᠎ᠠ ᠶᠢ ᠤᠬᠠᠭᠠᠯᠠᠨ ᠬᠡᠷᠡᠭᠵᠢᠭᠦᠯᠵᠦ᠂ ᠬᠤᠷᠴᠢᠨ ᠤ ᠵᠢᠭᠤᠯᠴᠢᠯᠠᠯ ᠤᠨ ᠰᠣᠶᠣᠯ ᠤᠨ ᠨᠠᠶᠢᠷ ᠤᠨ ᠰᠢᠷᠢᠰ ᠠᠵᠢᠯᠯᠠᠭ᠎ᠠ ᠶᠢ ᠭᠤᠣᠯᠳᠠᠯᠭ᠎ᠠ ᠲᠠᠢ | ᠰᠠᠶᠢᠲᠤᠷ ᠡᠷᠭᠢᠯᠡᠵᠦ᠂ ᠡᠯ᠎ᠡ ᠭᠠᠵᠠᠷ ᠢ ᠵᠣᠬᠢᠶᠠᠨ ᠪᠠᠶᠢᠭᠤᠯᠤᠨ 24 ᠳ᠋ᠦ᠋ᠭᠡᠷ ᠬᠤᠭᠤᠴᠠᠭᠠᠨ ᠤ 8 · 18 ᠵᠢᠷᠢᠮ ᠤᠨ ᠮᠣᠷᠢᠨ ᠤᠷᠤᠯᠳᠤᠭᠠᠨ ᠤ ᠪᠠᠶᠠᠷ ᠢᠶᠠᠷ | ᠲᠥᠯᠥᠭᠡᠯᠡᠭᠦᠯᠦᠭᠰᠡᠨ 8 ᠵᠦᠢᠯ ᠤᠨ ᠰᠣᠶᠣᠯ ᠤᠨ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠥᠷᠨᠢᠭᠦᠯᠵᠦ᠂ ︽ᠬᠤᠷᠴᠢᠨ ᠤ 500 ᠺᠢᠯᠣᠮᠧᠲᠷ ᠤᠨ | ᠦᠵᠡᠮᠵᠢ ᠶᠢᠨ ᠵᠠᠮ ᠢᠶᠠᠷ ᠵᠢᠭᠤᠯᠴᠢᠯᠠᠬᠤ ᠤᠯᠠᠷᠢᠯ︾ ᠬᠡᠮᠡᠬᠦ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠎ᠠ᠃ ᠪᠥᠬᠦ ᠵᠢᠯ ᠳᠤ ︽ᠠᠮᠢᠵᠢᠷᠠᠯ ᠤᠨ ᠬᠦᠴᠦᠨ | ᠲᠠᠢ ᠬᠥᠳᠡᠯᠭᠡᠭᠡᠨ᠂ ᠴᠡᠴᠡᠭᠲᠦ ᠤᠯᠠᠷᠢᠯ ᠤᠨ ᠵᠢᠭᠤᠯᠴᠢᠯᠠᠯ᠂ ᠤᠳᠬ᠎ᠠ ᠤᠶᠠᠩᠭ᠎ᠠ ᠲᠠᠢ ᠤᠷᠠᠯᠢᠭ᠂ ᠮᠥᠰᠥ ᠴᠠᠰᠤᠨ ᠤ ᠨᠠᠷᠭᠢᠶᠠᠨ︾ ᠬᠡᠮᠡᠬᠦ ᠳᠥᠷᠪᠡᠨ ᠶᠡᠭᠡ ᠪᠠᠶᠠᠷ | ᠨᠠᠶᠢᠷ ᠤᠨ ᠭᠤᠣᠯ ᠰᠡᠳᠦᠪ ᠢᠶᠠᠷ ᠶᠡᠷᠦᠩᠬᠡᠶᠢᠯᠡᠨ ᠵᠢᠯᠣᠭᠤᠳᠤᠭᠰᠠᠨ 200 ᠭᠠᠷᠤᠢ ᠵᠦᠢᠯ ᠤᠨ ᠤᠯᠠᠷᠢᠯ ᠤᠨ ᠴᠢᠨᠠᠷᠲᠠᠢ ᠰᠣᠶᠣᠯ ᠤᠨ ᠵᠢᠭᠤᠯᠴᠢᠯᠠᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ ᠤᠨ ᠵᠢᠭᠤᠯᠴᠢᠯᠠᠯ ᠤᠨ ᠬᠡᠷᠡᠭᠯᠡᠭᠡ ᠶᠢᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ ︵ | ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | 14. ᠰᠥᠨᠢ ᠶᠢᠨ ᠬᠤᠳᠠᠯᠳᠤᠭ᠎ᠠ ᠶᠢ ᠬᠥᠭᠵᠢᠭᠡᠨ᠎ᠡ᠃ ᠰᠢᠶᠣᠣ ᠵᠤᠸᠠᠩ ᠾᠧ ᠭᠤᠣᠯ᠂ ᠰᠢᠶᠠᠩ ᠶᠠᠩ ᠶᠠᠪᠠᠭᠠᠨ ᠵᠡᠭᠡᠯᠢ᠂ ᠨᠠᠭᠠᠳᠤᠮ ᠵᠠᠩ ᠦᠢᠯᠡ ᠶᠢᠨ | ᠬᠦᠷᠢᠶᠡᠯᠡᠩ ᠵᠡᠷᠭᠡ ᠲᠣᠭᠯᠠᠯᠲᠠ᠂ ᠰᠣᠶᠣᠯ ᠡᠭᠦᠳᠦᠯᠲᠡ ᠶᠢᠨ ᠳᠡᠯᠭᠡᠨ ᠪᠣᠷᠣᠯᠠᠭᠤᠯᠤᠯᠲᠠ᠂ ᠰᠡᠯᠡᠭᠦᠴᠡᠯ ᠵᠤᠭ᠎ᠠ ᠴᠡᠩᠭᠡᠯ᠂ ᠣᠨᠴᠠᠯᠢᠭᠲᠤ ᠣᠷᠣᠨ ᠰᠠᠭᠤᠴᠠ᠂ | ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠮᠤᠷᠤᠭᠰᠠᠨ ᠰᠥᠨᠢ ᠶᠢᠨ ᠬᠤᠳᠠᠯᠳᠤᠭ᠎ᠠ ᠶᠢᠨ | ᠲᠥᠪᠯᠡᠷᠡᠯ ᠤᠨ ᠲᠣᠭᠤᠷᠢᠭ ᠪᠠ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ ᠴᠣᠭᠴᠠᠯᠠᠨ ᠪᠠᠶᠢᠭᠤᠯᠵᠤ᠂ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠤᠨ | ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ ᠨᠡᠭᠡᠭᠡᠬᠦ ᠴᠠᠭ ᠢᠶᠠᠨ ᠤᠷᠲᠤᠳᠬᠠᠬᠤ ᠶᠢ ᠵᠣᠷᠢᠭᠵᠢᠭᠤᠯᠵᠤ᠂ ᠰᠥᠨᠢ ᠶᠢᠨ ᠲᠣᠭᠯᠠᠯᠲᠠ᠂ ᠰᠥᠨᠢ ᠶᠢᠨ | ᠦᠵᠡᠭᠦᠯᠦᠯᠭᠡ᠂ ᠰᠥᠨᠢ ᠶᠢᠨ ᠤᠩᠰᠢᠯᠭ᠎ᠠ᠂ ᠰᠥᠨᠢ ᠶᠢᠨ ᠵᠤᠭ᠎ᠠ ᠴᠡᠩᠭᠡᠯ᠂ ᠬᠤᠨᠤᠭ ᠵᠡᠷᠭᠡ ᠬᠡᠷᠡᠭᠯᠡᠭᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠥᠷᠭᠡᠳᠬᠡᠨ᠂ | ᠲᠦᠩᠯᠢᠶᠣᠣ ᠶᠢᠨ ᠰᠥᠨᠢ ᠶᠢᠨ ᠠᠮᠢᠳᠤᠷᠠᠯ ᠢ ᠭᠡᠷᠡᠯᠲᠦᠭᠦᠯᠵᠦ᠂ ᠰᠥᠨᠢ ᠶᠢᠨ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ︵ᠬᠤᠳᠠ ᠶᠢᠨ | ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | 15. ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠤᠯᠠᠨ ᠶᠠᠩᠵᠤᠴᠢᠯᠠᠭᠰᠠᠨ᠂ ᠥᠪᠡᠷᠮᠢᠴᠡᠵᠢᠭᠰᠡᠨ᠂ ᠵᠠᠬᠢᠶᠠᠯᠠᠨ | ᠦᠢᠯᠡᠳᠦᠭᠰᠡᠨ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡ ᠶᠢ ᠥᠷᠭᠡᠳᠬᠡᠵᠦ᠂ ᠡᠯ᠎ᠡ ᠭᠠᠵᠠᠷ ᠤᠨ ᠬᠢᠨ ᠤ ᠴᠠᠭ ᠲᠤᠬᠠᠢ ᠳᠤᠨᠢ ᠪᠠᠶᠢᠳᠠᠯ ᠳᠤᠨᠢ | ᠲᠣᠬᠢᠷᠠᠭᠤᠯᠤᠨ ᠨᠢᠭᠡ ᠪᠦᠯᠦᠭ ᠬᠤᠳᠠ ᠶᠢᠨ ᠰᠡᠯᠡᠭᠦᠴᠡᠯ ᠵᠢᠭᠤᠯᠴᠢᠯᠠᠯ᠂ ᠣᠶᠢᠷ᠎ᠠ ᠲᠡᠬᠦᠷᠭᠡ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠪᠢᠴᠢᠯ ᠠᠮᠠᠷᠠᠯᠲᠠ ᠵᠡᠷᠭᠡ | ᠨᠠᠷᠢᠯᠢᠭ ᠣᠨᠣᠴᠠᠲᠠᠢ ᠵᠢᠭᠤᠯᠴᠢᠯᠠᠯ ᠤᠨ ᠦᠢᠯᠡᠳᠬᠦᠨ ᠪᠠ ᠵᠢᠭᠤᠯᠴᠢᠯᠠᠯ ᠤᠨ ᠵᠠᠮ ᠱᠤᠭᠤᠮ ᠢ ᠤᠬᠠᠭᠠᠯᠠᠨ ᠭᠠᠷᠭᠠᠬᠤ ᠶᠢ ᠵᠣᠷᠢᠭᠵᠢᠭᠤᠯᠵᠤ᠂ 24 ᠴᠠᠭ | ᠤᠯᠠᠷᠢᠯ ᠤᠨ ᠭᠤᠣᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠤᠬᠠᠭᠠᠯᠠᠨ ᠭᠠᠷᠭᠠᠵᠤ᠂ ᠤᠯᠠᠨ ᠲᠦᠮᠡᠨ ᠤ ᠣᠬᠤᠷ ᠴᠠᠭ ᠣᠬᠤᠷ ᠵᠠᠮ ᠤᠨ ᠰᠡᠯᠡᠭᠦᠴᠡᠯ | ᠠᠮᠠᠷᠠᠯᠲᠠ ᠶᠢᠨ ᠬᠡᠷᠡᠭᠴᠡᠭᠡ ᠶᠢ ᠬᠠᠩᠭᠠᠨ᠎ᠠ᠃ ᠵᠢᠷᠭᠤᠭᠠᠨ ᠶᠡᠭᠡ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ | ᠵᠠᠮ ᠱᠤᠭᠤᠮ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠭᠤᠯᠴᠢᠯᠠᠯ ᠤᠨ ᠵᠣᠷᠢᠭᠰᠠᠨ ᠭᠠᠵᠠᠷ ᠤᠨ ᠲᠠᠲᠠᠬᠤ ᠬᠦᠴᠦᠨ ᠪᠠ ᠨᠥᠯᠥᠭᠡᠯᠡᠬᠦ | ᠬᠦᠴᠦᠨ ᠢ ᠳᠡᠭᠡᠭᠰᠢᠯᠡᠭᠦᠯᠦᠨ᠎ᠡ᠃ ᠨᠢᠭᠡ ᠪᠦᠯᠦᠭ ᠵᠢᠭᠤᠯᠴᠢᠯᠠᠯ ᠤᠨ ᠰᠣᠳᠣᠨ ᠵᠠᠮ ᠱᠤᠭᠤᠮ᠂ ︽ᠪᠢᠴᠢᠯ ᠠᠮᠠᠷᠠᠯᠲᠠ︾ ᠶᠢᠨ ᠰᠡᠯᠡᠭᠦᠴᠡᠯ ᠵᠢᠭᠤᠯᠴᠢᠯᠠᠯ ᠤᠨ | ᠵᠣᠷᠢᠭᠰᠠᠨ ᠭᠠᠵᠠᠷ ᠢ ᠰᠣᠩᠭᠤᠨ ᠭᠠᠷᠭᠠᠨ᠎ᠠ᠃ ︵ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | 16. ᠲᠥᠷᠥ ᠶᠢᠨ ᠪᠣᠳᠣᠯᠭ᠎ᠠ ᠶᠢᠨ ᠴᠢᠨᠠᠷᠲᠠᠢ ᠱᠠᠩᠨᠠᠵᠤ ᠲᠤᠰᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠲᠦᠩᠯᠢᠶᠣᠣ ᠬᠤᠲᠠ ᠶᠢᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠡᠳᠬᠦᠨ ᠱᠠᠩᠨᠠᠬᠤ ᠠᠷᠭ᠎ᠠ︾ ᠶᠢᠨ 9 ᠲᠠᠯ᠎ᠠ ᠶᠢᠨ 29 ᠵᠦᠢᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠨᠠᠷᠠᠲᠤ ᠱᠣᠰᠢᠭ᠎ᠠ ᠶᠢ ᠡᠭᠦᠳᠦᠨ | ᠪᠠᠶᠢᠭᠤᠯᠬᠤ᠂ ᠵᠢᠭᠤᠯᠴᠢᠯᠠᠭᠴᠢᠳ ᠳᠠᠭᠠᠭᠤᠯᠤᠨ ᠢᠷᠡᠬᠦ᠂ ᠰᠣᠶᠣᠯ ᠵᠢᠭᠤᠯᠴᠢᠯᠠᠯ ᠤᠨ ᠲᠠᠸᠠᠷ ᠵᠡᠷᠭᠡ ᠶᠢᠨ ᠱᠠᠩᠨᠠᠯ ᠤᠨ ᠪᠡᠯᠡ ᠮᠥᠩᠭᠦ ᠶᠢ ᠴᠠᠭ ᠲᠤᠬᠠᠢ ᠳᠤᠨᠢ | ᠲᠤᠭ᠎ᠠ ᠶᠣᠰᠣᠭᠠᠷ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ᠂ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠨᠥᠬᠦᠴᠡᠯ | ᠪᠦᠷᠢᠯᠳᠦᠭᠦᠯᠦᠨ᠎ᠡ᠃ ︵ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | 17. ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠡᠯ᠎ᠡ ᠭᠠᠵᠠᠷ ᠤᠨ ᠰᠣᠶᠣᠯ | ᠵᠢᠭᠤᠯᠴᠢᠯᠠᠯ ᠤᠨ ᠬᠡᠷᠡᠭᠯᠡᠭᠡ ᠶᠢᠨ ᠤᠯᠠᠷᠢᠯ᠂ ᠬᠡᠷᠡᠭᠯᠡᠭᠡ ᠶᠢᠨ ᠰᠠᠷ᠎ᠠ ᠶᠢᠨ ᠠᠵᠢᠯᠯᠠᠭ᠎ᠠ᠂ ᠬᠡᠷᠡᠭᠯᠡᠭᠡ ᠶᠢᠨ ᠲᠤᠯᠭᠠᠨ ᠬᠡᠷᠡᠭᠯᠡᠬᠦ ᠲᠡᠮᠳᠡᠭᠲᠦ ᠲᠠᠷᠬᠠᠭᠠᠬᠤ ᠵᠡᠷᠭᠡ ᠣᠯᠠᠨ | ᠵᠦᠢᠯ ᠤᠨ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠠ ᠦᠵᠡᠮᠵᠢ ᠶᠢᠨ ᠣᠷᠣᠨ ᠤ ᠬᠠᠷᠠᠭᠠᠯᠵᠠᠯ ᠤᠨ ᠠᠵᠢᠯᠯᠠᠭ᠎ᠠ ᠡᠷᠭᠢᠯᠡᠬᠦ ᠶᠢ | ᠵᠣᠷᠢᠭᠵᠢᠭᠤᠯᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠨ᠎ᠡ᠃ ᠪᠥᠬᠦ ᠬᠤᠲᠠ ᠶᠢᠨ 24 A ᠲᠠᠰ ᠤᠨ ᠦᠵᠡᠮᠵᠢ ᠶᠢᠨ ᠣᠷᠣᠨ᠂ ᠲᠡᠷᠭᠡ | ᠪᠠᠷᠢᠵᠤ ᠵᠤᠭᠠᠴᠠᠭᠴᠢ ᠶᠢᠨ 14 ᠪᠠᠭᠤᠴᠠ᠂ 12 ᠬᠥᠳᠡᠭᠡ ᠲᠣᠰᠬᠤᠨ ᠤ ᠭᠥᠯᠢᠶᠡᠨ ᠠᠪᠬᠤ ᠡᠷᠦᠬᠡ ᠵᠡᠷᠭᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ | ᠵᠢᠭᠤᠯᠴᠢᠯᠠᠯ ᠤᠨ ᠣᠷᠣᠨ ︵ᠴᠡᠭ︶ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠬᠦ ᠡᠳᠦᠷ᠂ | ᠬᠥᠭᠵᠢᠯ ᠦᠭᠡᠢ ᠤᠯᠠᠷᠢᠯ ᠳᠤ ᠰᠦᠢᠳᠬᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠬᠦ᠂ ᠬᠡᠷᠡᠭᠯᠡᠭᠡ ᠶᠢᠨ ᠦᠨ᠎ᠡ ᠶᠢ ᠪᠠᠭᠤᠷᠠᠭᠤᠯᠬᠤ ᠵᠡᠷᠭᠡ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠵᠦ ᠪᠠᠶᠢᠭ᠎ᠠ A | ᠲᠠᠰ ᠤᠨ ᠵᠢᠭᠤᠯᠴᠢᠯᠠᠯ ᠤᠨ ᠣᠷᠣᠨ ᠢ ᠵᠣᠷᠢᠭᠵᠢᠭᠤᠯᠵᠤ᠂ ᠴᠡᠷᠢᠭ ᠠᠴᠠ ᠬᠠᠯᠠᠭᠳᠠᠭᠰᠠᠳ᠂ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ ᠵᠡᠷᠭᠡ ᠣᠨᠴᠠ | ᠵᠢᠭᠤᠯᠴᠢᠯᠠᠭᠴᠢᠳ ᠲᠤ ᠡᠭᠦᠳᠡᠨ ᠪᠢᠯᠧᠲ ᠤᠨ ᠬᠠᠷᠠᠭᠠᠯᠵᠠᠯ ᠦᠵᠡᠭᠦᠯᠬᠦ ᠶᠢ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠭᠠᠵᠠᠷ ᠰᠢᠷᠣᠢ᠂ | ᠭᠡᠷ ᠪᠠᠶᠢᠰᠢᠩ ᠤᠨ ᠬᠠᠲᠠᠭᠤ ᠲᠣᠨᠤᠭ ᠲᠦᠬᠦᠭᠡᠷᠥᠮᠵᠢ ᠬᠠᠩᠭᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠤᠨ ᠳᠠᠪᠠᠭᠤᠯᠢᠭ ᠢ | ᠭᠦᠢᠴᠡᠳ ᠪᠠᠳᠠᠷᠠᠭᠤᠯᠤᠨ᠂ ᠵᠢᠭᠤᠯᠴᠢᠯᠠᠯ ᠤᠨ ᠣᠷᠣᠨ᠂ ᠦᠵᠡᠮᠵᠢ ᠶᠢᠨ ᠣᠷᠣᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ | ᠰᠤᠪᠢᠯᠠᠯᠲᠠ ᠡᠷᠡᠭᠦᠯᠵᠢᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠬᠤ ᠲᠠᠯᠠᠪᠤᠷ ᠪᠠᠶᠢᠭᠤᠯᠬᠤ ᠶᠢ ᠳᠡᠮᠵᠢᠨ᠎ᠡ᠃ ︵ᠬᠤᠲᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠢᠲᠠᠳ ᠡᠮ ᠤᠨ ᠠᠵᠢᠯ ᠤᠨ | ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠳᠥᠷᠪᠡ︶ ᠣᠷᠣᠨ ᠰᠠᠭᠤᠴᠠ ᠶᠢᠨ ᠬᠡᠷᠡᠭᠯᠡᠭᠡ ᠶᠢ ᠵᠣᠷᠢᠭᠵᠢᠭᠤᠯᠤᠨ᠎ᠠ | 18. ᠪᠠᠲᠤᠯᠠᠭ᠎ᠠ ᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠯᠡᠭᠡ ᠶᠢ ᠵᠣᠷᠢᠭᠵᠢᠭᠤᠯᠤᠨ᠎ᠠ᠃ ︽ᠬᠠᠭᠤᠴᠢᠨ ᠢᠶᠠᠨ ᠬᠤᠳᠠᠯᠳᠤᠵᠤ | ᠰᠢᠨ᠎ᠡ ᠶᠢ ᠬᠤᠳᠠᠯᠳᠤᠨ ᠠᠪᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ 2022 ᠣᠨ ᠤ 10 ᠳ᠋ᠤᠭᠠᠷ ᠰᠠᠷ᠎ᠠ ᠶᠢᠨ 1 ᠠᠴᠠ 2023 ᠣᠨ ᠤ 12 | ᠳ᠋ᠤᠭᠠᠷ ᠰᠠᠷ᠎ᠠ ᠶᠢᠨ 31 ᠪᠣᠯᠲᠠᠯᠠᠬᠢ ᠬᠤᠭᠤᠴᠠᠭᠠᠨ ᠳᠤ᠂ ᠮᠠᠨ ᠤ ᠬᠤᠲᠠ ᠳᠤ ᠥᠪᠡᠷ ᠤᠨ ᠣᠷᠣᠨ ᠰᠠᠭᠤᠴᠠ ᠪᠠᠨ ᠬᠤᠳᠠᠯᠳᠤᠭᠰᠠᠨ ᠪᠥᠭᠡᠳ ᠰᠠᠭᠤᠵᠤ ᠪᠠᠶᠢᠭ᠎ᠠ | ᠭᠡᠷ ᠢᠶᠠᠨ ᠬᠤᠳᠠᠯᠳᠤᠭᠠᠳ ᠨᠢᠭᠡ ᠵᠢᠯ ᠤᠨ ᠳᠣᠲᠣᠷ᠎ᠠ ᠮᠠᠨ ᠤ ᠬᠤᠲᠠ ᠳᠤ ᠣᠷᠣᠨ ᠰᠠᠭᠤᠴᠠ ᠬᠤᠳᠠᠯᠳᠤᠨ ᠠᠪᠤᠭᠰᠠᠨ ᠭᠠᠶᠢᠯᠢ ᠲᠤᠰᠢᠶᠠᠭᠴᠢ ᠶᠢᠨ ᠰᠠᠭᠤᠵᠤ | ᠪᠠᠶᠢᠭ᠎ᠠ ᠭᠡᠷ ᠢᠶᠠᠨ ᠬᠤᠳᠠᠯᠳᠤᠭᠠᠳ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠤ ᠭᠠᠶᠢᠯᠢ ᠪᠤᠴᠠᠭᠠᠬᠤ ᠬᠠᠷᠠᠭᠠᠯᠵᠠᠯ ᠦᠵᠡᠭᠦᠯᠦᠨ᠎ᠡ᠃ | ᠭᠠᠷ ᠳᠠᠮᠵᠢᠭᠰᠠᠨ ᠭᠡᠷ ᠪᠠᠶᠢᠰᠢᠩ ᠤᠨ ︽ᠪᠠᠷᠢᠴᠠᠭᠠᠯᠠᠵᠤ ᠡᠷᠦᠬᠡ ᠰᠢᠯᠵᠢᠭᠦᠯᠬᠦ︾ ᠵᠠᠭᠪᠤᠷ ᠢ ᠬᠡᠷᠡᠭᠵᠢᠭᠦᠯᠵᠦ᠂ ᠪᠠᠷᠢᠴᠠᠭᠠᠯᠠᠵᠤ ᠪᠠᠶᠢᠭ᠎ᠠ ᠭᠡᠷ ᠬᠥᠷᠥᠩᠭᠡ ᠶᠢᠨ | ᠵᠢᠭᠡᠯᠡᠯᠭᠡ ᠪᠠᠨ ᠤᠷᠢᠳᠴᠢᠯᠠᠨ ᠪᠤᠴᠠᠭᠠᠬᠤ ᠦᠭᠡᠢ ᠪᠠᠷ ᠳᠠᠷᠤᠢ ᠡᠷᠦᠬᠡ ᠰᠢᠯᠵᠢᠭᠦᠯᠬᠦ ᠶᠢ ᠭᠦᠢᠴᠡᠳᠬᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ | ᠤᠯᠠᠮ ᠨᠢᠭᠡ ᠠᠯᠬᠤᠮ ᠬᠥᠭᠵᠢᠶᠡᠨ ᠲᠠᠢ ᠪᠣᠯᠭᠠᠨ᠎ᠠ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | 19. ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ 1 ᠢᠵᠢ ᠣᠷᠣᠨ ᠰᠠᠭᠤᠴᠠ ᠲᠠᠢ ᠪᠥᠭᠡᠳ | ᠭᠡᠷ ᠪᠠᠶᠢᠰᠢᠩ ᠬᠤᠳᠠᠯᠳᠤᠨ ᠠᠪᠤᠭᠰᠠᠨ ᠵᠢᠭᠡᠯᠡᠯᠭᠡ ᠪᠠᠨ ᠪᠤᠳᠤᠵᠤ ᠳᠠᠭᠤᠰᠬᠠᠭᠰᠠᠨ ᠭᠡᠷ ᠪᠦᠯᠢ᠂ ᠣᠷᠣᠨ ᠰᠠᠭᠤᠴᠠ ᠶᠢᠨ ᠨᠥᠬᠦᠴᠡᠯ ᠢᠶᠠᠨ ᠰᠠᠶᠢᠵᠢᠷᠠᠭᠤᠯᠬᠤ ᠶᠢᠨ | ᠲᠥᠯᠥᠭᠡ ᠳᠠᠬᠢᠨᠲᠠ ᠵᠢᠭᠡᠯᠡᠯᠭᠡ ᠭᠤᠶᠤᠴᠢᠯᠠᠵᠤ ᠡᠩ ᠤᠨ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠳᠤ᠂ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ | ᠠᠩᠬᠠᠨ ᠤ ᠢᠵᠢ ᠭᠡᠷ ᠪᠠᠶᠢᠰᠢᠩ ᠤᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ | ᠠᠴᠠ ᠪᠣᠯᠵᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠤᠶᠤ ᠲᠤᠰᠠᠭᠠᠷᠯᠠᠭᠰᠠᠨ᠂ ᠡᠰᠡᠬᠦᠯ᠎ᠡ ᠬᠢᠵᠢᠭ ᠠᠴᠠ ᠪᠣᠯᠵᠤ ᠠᠵᠢᠯ ᠠᠯᠳᠠᠭᠰᠠᠨ ᠠᠴᠠ ᠣᠷᠣᠯᠭ᠎ᠠ ᠶᠢᠨ | ᠢᠷᠡᠯᠲᠡ ᠪᠠᠨ ᠠᠯᠳᠠᠭᠰᠠᠨ ᠬᠤᠪᠢ ᠬᠥᠮᠥᠨ ᠵᠢᠴᠢ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠳᠤ ᠬᠤᠪᠢᠷᠠᠯᠲᠠ ᠭᠠᠷᠤᠭᠰᠠᠨ ᠪᠤᠶᠤ ᠬᠦᠴᠦᠨ ᠦᠭᠡᠢ ᠪᠣᠯᠭᠠᠭᠰᠠᠨ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠠᠬ᠎ᠠ ᠳᠡᠯᠭᠡᠭᠦᠷᠴᠢᠯᠡᠬᠦ᠂ | ᠬᠠᠤᠯᠢ ᠪᠠᠷ ᠵᠠᠰᠠᠬᠤ ᠵᠠᠷᠴᠢᠮ ᠶᠣᠰᠣᠭᠠᠷ ᠭᠡᠷ ᠪᠠᠶᠢᠰᠢᠩ ᠬᠤᠳᠠᠯᠳᠤᠨ ᠠᠪᠤᠭᠴᠢ ᠲᠠᠢ ᠪᠡᠶ᠎ᠡ ᠪᠠᠨ ᠳᠠᠭᠠᠭᠠᠨ ᠵᠥᠪᠳᠡᠯᠴᠡᠵᠦ᠂ ᠬᠤᠭᠤᠴᠠᠭ᠎ᠠ ᠶᠢ ᠤᠷᠲᠤᠳᠬᠠᠬᠤ | ᠵᠡᠷᠭᠡ ᠲᠠᠯ᠎ᠠ ᠪᠠᠷ ᠲᠣᠬᠢᠷᠠᠭᠤᠯᠤᠯᠲᠠ ᠬᠢᠵᠦ ᠪᠣᠯᠣᠨ᠎ᠠ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 20. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ ᠶᠢᠨ ᠬᠦᠴᠦᠨ ᠢ ᠴᠢᠩᠭᠠᠳᠬᠠᠨ᠎ᠠ᠃ ᠭᠠᠷᠭᠠᠨ ᠠᠪᠬᠤ | ᠭᠤᠶᠤᠴᠢᠯᠠᠭᠴᠢ ᠶᠢᠨ ᠬᠡᠪᠴᠢᠶ᠎ᠡ ᠶᠢ ᠥᠷᠭᠡᠳᠬᠡᠵᠦ᠂ ᠲᠣᠰ ᠬᠥᠮᠥᠨ᠂ ᠬᠤᠯᠪᠣᠰᠤ᠂ ᠦᠷ᠎ᠡ ᠬᠡᠦᠬᠡᠳ ᠵᠢᠴᠢ ᠡᠴᠢᠭᠡ ᠡᠬᠡ ᠨᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠦᠭᠡᠢ᠂ ᠪᠤᠰᠤᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ | ᠪᠠᠲᠤᠯᠠᠭ᠎ᠠ ᠳᠠᠭᠠᠭᠠᠯᠲᠠ ᠬᠢᠭᠰᠡᠨ ᠦᠭᠡᠢ ᠪᠠᠶᠢᠪᠠᠯ᠂ ᠭᠡᠷ ᠪᠠᠶᠢᠰᠢᠩ ᠬᠤᠳᠠᠯᠳᠤᠨ ᠠᠪᠬᠤ ᠪᠠᠷ ᠲᠣᠰ ᠬᠥᠮᠥᠨ᠂ ᠬᠤᠯᠪᠣᠰᠤ᠂ ᠦᠷ᠎ᠡ ᠬᠡᠦᠬᠡᠳ ᠵᠢᠴᠢ ᠡᠴᠢᠭᠡ | ᠡᠬᠡ ᠶᠢᠨ ᠬᠤᠪᠢ ᠬᠥᠮᠥᠨ ᠤ ᠲᠠᠩᠰᠠᠨ ᠡᠷᠦᠬᠡ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠠᠷᠢᠯᠴᠠᠨ ᠭᠠᠷᠭᠠᠨ ᠠᠪᠴᠤ | ᠪᠣᠯᠣᠨ᠎ᠠ︔ ᠵᠢᠭᠡᠯᠡᠯᠭᠡ ᠶᠢ ᠬᠢᠨᠠᠨ ᠬᠠᠷᠭᠤᠭᠤᠯᠬᠤ ᠨᠥᠬᠦᠴᠡᠯ ᠢ ᠠᠭᠤᠵᠢᠭᠤ ᠲᠠᠯᠪᠢᠵᠤ᠂ ᠵᠣᠭᠤᠰ ᠵᠢᠭᠡᠯᠡᠭᠴᠢ ᠪᠠ ᠪᠠᠲᠤᠯᠠᠭᠴᠢ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠰᠠᠨ ᠴᠠᠭ ᠤᠨ ᠬᠢᠵᠠᠭᠠᠷᠯᠠᠯ ᠢ ᠪᠣᠭᠤᠨᠢᠰᠬᠠᠵᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠵᠠᠯᠭᠠᠭ᠎ᠠ ᠪᠠᠷ᠂ ᠭᠦᠢᠴᠡᠳ ᠲᠤᠭ᠎ᠠ ᠪᠠᠷ ᠬᠠᠳᠠᠭᠠᠯᠠᠭᠠᠳ ᠪᠦᠬᠦᠯᠢ 6 ᠰᠠᠷ᠎ᠠ ᠪᠣᠯᠪᠠᠯ ᠳᠠᠷᠤᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠪᠤᠶᠤ ᠪᠤᠰᠤᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠳᠤ ᠪᠠᠲᠤᠯᠠᠭ᠎ᠠ ᠳᠠᠭᠠᠭᠠᠯᠲᠠ ᠬᠢᠵᠦ ᠪᠣᠯᠣᠨ᠎ᠠ︔ ᠭᠡᠷ ᠪᠦᠯᠢ ᠶᠢᠨ ᠣᠷᠣᠨ ᠰᠠᠭᠤᠴᠠ ᠶᠢᠨ ᠢᠵᠢ ᠲᠤᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ | ᠲᠣᠬᠢᠷᠠᠭᠤᠯᠤᠯᠲᠠ ᠬᠢᠵᠦ᠂ ᠡᠷ᠎ᠡ ᠡᠮ᠎ᠡ ᠬᠤᠶᠠᠭᠤᠯᠠ ᠵᠢᠴᠢ ᠦᠰᠪᠦᠷᠢ ᠶᠢᠨ ᠬᠡᠦᠬᠡᠳ ᠤᠨ ᠨᠡᠷ᠎ᠡ ᠳᠡᠭᠡᠷ᠎ᠡ ᠪᠣᠳᠠᠲᠠᠢ ᠪᠠᠶᠢᠭ᠎ᠠ ᠣᠷᠣᠨ ᠰᠠᠭᠤᠴᠠ ᠶᠢᠨ ᠢᠵᠢ | ᠲᠤᠭ᠎ᠠ ᠪᠠᠷ ᠮᠠᠭᠠᠳᠯᠠᠨ ᠲᠣᠭᠲᠠᠭᠠᠨ᠎ᠠ᠂ ᠵᠢᠭᠡᠯᠡᠯᠭᠡ ᠶᠢᠨ ᠴᠢᠮᠡᠭᠡ ᠵᠠᠩᠭᠢ ᠶᠢ ᠪᠣᠳᠣᠯᠬᠢᠯᠠᠬᠤ ᠦᠭᠡᠢ︔ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠶᠢᠨ ᠲᠤᠭ᠎ᠠ ᠶᠢᠨ ᠬᠢᠵᠠᠭᠠᠷ ᠢ ᠬᠦᠴᠦᠨ ᠦᠭᠡᠢ ᠪᠣᠯᠭᠠᠨ᠎ᠠ︔ ︽ᠪᠥᠬᠦ ᠬᠤᠲᠠ ᠳᠤ ᠨᠡᠶᠢᠳᠡᠮ ᠵᠢᠭᠡᠯᠡᠯᠭᠡ ᠲᠠᠯᠪᠢᠬᠤ︾ ᠶᠢ ᠬᠡᠷᠡᠭᠵᠢᠭᠦᠯᠵᠦ᠂ ᠲᠦᠩᠯᠢᠶᠣᠣ | ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠣᠲᠣᠷ᠎ᠠ ᠥᠪᠡᠰᠦᠪᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ ᠳᠤ᠂ ᠭᠡᠷ ᠪᠠᠶᠢᠰᠢᠩ | ᠬᠤᠳᠠᠯᠳᠤᠨ ᠠᠪᠬᠤ ᠭᠠᠵᠠᠷ ᠪᠤᠶᠤ ᠲᠤᠰᠢᠶᠠᠨ ᠬᠠᠳᠠᠭᠠᠯᠠᠭᠰᠠᠨ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠶᠢ ᠴᠢᠯᠦᠭᠡᠲᠡᠢ ᠰᠣᠩᠭᠤᠵᠤ ᠪᠣᠯᠣᠨ᠎ᠠ᠂ | ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠢᠭᠡᠯᠡᠯᠭᠡ ᠶᠢᠨ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ︵ᠬᠤᠲᠠ ᠶᠢᠨ ᠣᠷᠣᠨ ᠰᠠᠭᠤᠴᠠ | ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠲᠠᠪᠤ︶ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠤᠨ᠎ᠠ | 21. ᠤᠷᠤᠯᠳᠤᠭᠠᠨ ᠤ ᠶᠠᠪᠤᠳᠠᠯ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠰᠦᠯᠵᠢᠶᠡᠨ ᠠᠴᠠ ᠭᠠᠳᠠᠭᠤᠷᠬᠢ ᠤᠷᠤᠯᠳᠤᠭᠠᠨ ᠢ ᠠᠮᠤᠷ ᠲᠦᠪᠰᠢᠨ ᠡᠮᠬᠢ | ᠵᠢᠷᠤᠮ ᠲᠠᠢ ᠰᠡᠷᠭᠦᠭᠡᠵᠦ᠂ ᠨᠥᠬᠦᠴᠡᠯ ᠪᠦᠷᠢᠳᠦᠭᠰᠡᠨ ᠬᠤᠰᠢᠭᠤ ᠰᠢᠶᠠᠨ ᠬᠤᠲᠠ ᠲᠣᠭᠤᠷᠢᠭ ᠤᠨ ᠠᠭᠤᠯᠠ ᠠᠪᠠᠷᠢᠬᠤ᠂ ᠮᠠᠷᠠᠰᠤᠨ ᠤᠷᠤᠯᠳᠤᠭᠠᠨ᠂ ᠮᠥᠰᠥ ᠴᠠᠰᠤ᠂ | ᠮᠠᠰᠢᠨ ᠲᠡᠷᠭᠡ ᠪᠠᠷ ᠬᠡᠭᠡᠷᠡᠯᠡᠬᠦ ᠵᠡᠷᠭᠡ ᠭᠡᠷ ᠤᠨ ᠭᠠᠳᠠᠨᠠᠬᠢ ᠲᠠᠮᠢᠷ ᠤᠨ ᠤᠷᠤᠯᠳᠤᠭᠠᠨ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠪᠥᠬᠦ ᠬᠤᠲᠠ ᠶᠢᠨ U ᠰᠢᠷᠢᠰ | ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠬᠦᠨᠳᠦ ᠬᠥᠩᠭᠡᠨ ᠲᠠᠮᠢᠷ ᠤᠨ ᠤᠷᠤᠯᠳᠤᠭᠠᠨ᠂ ᠣᠯᠠᠨ | ᠤᠯᠤᠰ ᠤᠨ ᠪᠥᠬᠡ ᠶᠢᠨ ᠤᠷᠤᠯᠳᠤᠭᠠᠨ᠂ ᠰᠣᠯᠣᠩᠭᠤᠰ ᠨᠢᠳᠤᠷᠭᠠᠨ ᠡᠷᠳᠡᠮ᠂ ᠬᠤᠷᠴᠢᠨ ᠤ ᠬᠤᠯᠠ ᠭᠦᠶᠦᠯᠲᠡ ᠶᠢᠨ ᠤᠷᠤᠯᠳᠤᠭᠠᠨ ᠵᠡᠷᠭᠡ ᠣᠯᠠᠨ ᠵᠦᠢᠯ ᠤᠨ | ᠤᠷᠤᠯᠳᠤᠭᠠᠨ ᠢ ᠡᠬᠢᠯᠡᠭᠦᠯᠵᠦ᠂ ᠤᠷᠤᠯᠳᠤᠭᠠᠨ ᠤ ᠪᠦᠲᠦᠴᠡ ᠶᠢ ᠰᠢᠯᠢᠳᠡᠭᠵᠢᠭᠦᠯᠦᠨ᠂ ᠰᠣᠨᠢᠷᠬᠠᠯᠲᠤ ᠴᠢᠨᠠᠷ ᠢ ᠳᠡᠭᠡᠭᠰᠢᠯᠡᠭᠦᠯᠵᠦ᠂ ᠪᠥᠬᠦ ᠬᠤᠲᠠ ᠶᠢᠨ | ᠤᠷᠤᠯᠳᠤᠭᠠᠨ ᠢ ᠡᠷᠭᠢᠯᠡᠬᠦ ᠶᠣᠰᠣᠲᠠᠢ ᠶᠢ ᠨᠢ ᠪᠦᠬᠦᠨ ᠢ ᠡᠷᠭᠢᠯᠡᠬᠦ ᠪᠠᠷ ᠴᠢᠷᠮᠠᠶᠢᠵᠤ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠳᠠᠭᠠᠭᠠᠨ ᠡᠷᠭᠢᠯᠡᠬᠦ ᠶᠢ ᠵᠣᠷᠢᠭᠵᠢᠭᠤᠯᠤᠨ᠎ᠠ᠃ ᠨᠥᠬᠦᠴᠡᠯ ᠲᠠᠢ ᠬᠤᠰᠢᠭᠤ ᠰᠢᠶᠠᠨ ᠬᠤᠲᠠ ᠲᠣᠭᠤᠷᠢᠭ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠶᠢ ᠳᠡᠮᠵᠢᠨ᠎ᠡ᠃ | ︵ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ︶ | 22. ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠪᠥᠬᠦ ᠬᠤᠲᠠ ᠶᠢᠨ ᠬᠤᠷᠴᠢᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠣᠯᠠᠨ | ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠦᠷᠬᠦᠯᠵᠢᠯᠡᠨ ᠦᠷᠨᠢᠭᠦᠯᠦᠨ᠎ᠡ︔ ᠥᠪᠥᠷ ᠮᠣᠩᠭᠤᠯ ᠤᠨ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ | ᠱᠠᠩᠨᠠᠯᠲᠤ ᠰᠤᠭᠤᠯᠤᠭ᠎ᠠ ᠶᠢᠨ ᠬᠡᠮᠡᠷᠯᠢᠭ ᠬᠠᠶᠢᠲᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠬᠡᠮᠡᠬᠦ ᠮᠠᠯᠴᠢᠨ ᠲᠠᠷᠢᠶᠠᠴᠢᠨ ᠤ ᠡᠯᠪᠡᠭ ᠬᠤᠷᠢᠶᠠᠯᠲᠠ ᠶᠢ | ᠪᠡᠯᠭᠡᠯᠡᠬᠦ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠢ ᠦᠷᠨᠢᠭᠦᠯᠦᠨ᠎ᠡ︔ ᠵᠠᠯᠠᠭᠤᠴᠤᠳ ᠪᠠᠭᠠᠴᠤᠳ ᠲᠤ ᠬᠠᠨᠳᠤᠭᠤᠯᠤᠨ ︽ᠦᠪᠦᠷ ᠮᠤᠩᠭᠤᠯ ᠶᠢᠨ ᠴᠢᠭᠢᠷᠠᠭ | ᠪᠠᠭᠠᠴᠤᠳ︾ ᠬᠡᠮᠡᠬᠦ ᠬᠡᠦᠬᠡᠳ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ︱ ᠵᠠᠭᠤᠨ ᠲᠦᠮᠡᠨ | ᠵᠠᠯᠠᠭᠤᠴᠤᠳ ᠪᠠᠭᠠᠴᠤᠳ ᠵᠠᠭᠤᠨ ᠰᠢᠶᠠᠨ ᠤ ᠡᠷᠡᠭᠦᠯ ᠮᠡᠨᠳᠦ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠬᠤᠲᠠ ᠶᠢᠨ ᠪᠡᠶ᠎ᠡ ᠶᠢᠨ ᠲᠠᠮᠢᠷ ᠤᠨ | ᠲᠣᠪᠴᠢᠶ᠎ᠠ︶ | ︵ᠵᠢᠷᠭᠤᠭ᠎ᠠ︶ ᠳᠥᠭᠦᠮ ᠳᠥᠲᠡ ᠪᠥᠭᠡᠳ ᠢᠲᠡᠭᠡᠮᠵᠢᠲᠡᠢ ᠬᠡᠷᠡᠭᠯᠡᠭᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ | 23. ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ | ᠰᠢᠰᠲ᠋ᠧᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠰᠢᠶᠠᠨ ᠤ ᠬᠤᠲᠠ ᠪᠠᠷ ᠲᠥᠪ ᠪᠣᠯᠭᠠᠭᠰᠠᠨ᠂ ᠰᠤᠮᠤ ᠰᠢᠶᠠᠩ ᠪᠠᠯᠭᠠᠰᠤ ᠪᠠᠷ ᠭᠤᠣᠯᠳᠠᠯᠭ᠎ᠠ | ᠪᠣᠯᠭᠠᠭᠰᠠᠨ᠂ ᠭᠠᠴᠠᠭ᠎ᠠ ᠲᠤᠰᠬᠤᠨ ᠢᠶᠠᠷ ᠰᠠᠭᠤᠷᠢ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠤᠳᠠᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠦᠨ᠂ | ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠬᠤᠲᠠ ᠳᠤ ᠣᠷᠤᠭᠤᠯᠬᠤ ᠬᠤᠣᠰ ᠴᠢᠭᠯᠡᠯᠲᠦ ᠭᠦᠢᠯᠭᠡᠭᠡ ᠶᠢᠨ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢ ᠥᠷᠭᠡᠳᠭᠡᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠵᠤ᠂ | ᠬᠡᠷᠡᠭᠯᠡᠭᠡ ᠶᠢᠨ ᠣᠷᠴᠢᠨ ᠲᠣᠭᠤᠷᠢᠨ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 24. ᠲᠦᠷᠭᠡᠨ ᠬᠦᠷᠭᠡᠯᠲᠡ ᠶᠢ ᠲᠣᠰᠬᠤᠨ ᠳᠤ ᠬᠦᠷᠲᠡᠯ᠎ᠡ ᠲᠣᠬᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠥᠬᠦᠪᠦᠷᠢ ᠥᠭᠭᠦᠭᠰᠡᠨ ᠤ | ᠳᠠᠷᠠᠭᠠᠬᠢ ᠣᠷᠣᠨ ᠪᠦᠰᠡ ᠶᠢᠨ ᠳᠣᠲᠣᠷᠠᠬᠢ ᠲᠤᠬᠠᠶᠢᠯᠠᠭᠰᠠᠨ ᠠᠵᠢᠯ ᠤᠨ ᠶᠡᠷᠦᠩᠬᠡᠢ ᠳᠡᠭᠡᠨ ᠣᠯᠵᠤ ᠠᠯᠳᠠᠬᠤ ᠶᠢ ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ | ᠳᠠᠭᠠᠭᠠᠵᠤ ᠦᠷᠭᠦᠯᠵᠢᠯᠡᠨ ᠡᠵᠡᠩᠨᠡᠬᠦ ᠵᠡᠷᠭᠡ ᠵᠠᠷᠴᠢᠮ ᠶᠣᠰᠣᠭᠠᠷ᠂ ᠲᠣᠰᠬᠤᠨ ᠳᠤ ᠣᠷᠣᠭᠤᠯᠬᠤ ᠲᠦᠷᠭᠡᠨ ᠬᠦᠷᠭᠡᠯᠲᠡ ᠶᠢᠨ ᠪᠣᠭᠤᠳᠠᠯ ᠤᠨ ᠲᠤᠭ᠎ᠠ᠂ ᠨᠢᠭᠡᠴᠡ | ᠪᠣᠭᠤᠳᠠᠯ ᠤᠨ ᠥᠪᠡᠷ ᠤᠨ ᠥᠷᠲᠡᠭ᠂ ᠲᠣᠮᠢᠯᠠᠨ ᠬᠦᠷᠭᠡᠬᠦ ᠵᠠᠢ ᠪᠠ ᠦᠢᠯᠡᠴᠢᠯᠡᠭᠡ ᠡᠭᠦᠰᠦᠭᠰᠡᠨ ᠣᠷᠣᠨ ᠪᠦᠰᠡ ᠵᠡᠷᠭᠡ ᠪᠠᠷ ᠦᠨᠳᠦᠰᠦᠯᠡᠯ ᠪᠣᠯᠭᠠᠵᠤ᠂ 2023 | ᠣᠨ ᠳᠤ ᠪᠣᠳᠠᠲᠠᠢ ᠡᠭᠦᠰᠦᠭᠰᠡᠨ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠳᠤ᠂ | ᠪᠣᠭᠤᠳᠠᠯ ᠨᠢᠭᠡᠪᠦᠷᠢ ᠳᠤ 0.3 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠬᠤ ᠶᠣᠰᠣᠭᠠᠷ᠂ ᠵᠦᠷᠢᠶᠡᠴᠢᠯᠡᠭᠰᠡᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 25. ᠬᠤᠳᠠᠯᠳᠤᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠥᠬᠦᠴᠡᠯ ᠳᠤ ᠨᠡᠶᠢᠴᠡᠬᠦ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠢᠯ ᠥᠷᠨᠢᠭᠦᠯᠵᠦ᠂ | ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠳᠠᠩᠰᠠᠯᠠᠭᠤᠯᠤᠭᠰᠠᠨ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠤ ᠠᠬᠤᠶᠢᠯᠠᠯ ᠢ | ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠬᠤᠲᠠ ᠶᠢᠨ | ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ 2023 ᠣᠨ ᠤ 2 ᠳ᠋ᠤᠭᠠᠷ ᠤᠯᠠᠷᠢᠯ ᠠᠴᠠ ᠡᠮᠦᠨ᠎ᠡ | ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠷᠴᠢᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 26. ᠵᠢᠭᠤᠯᠴᠢᠯᠠᠯ ᠤᠨ ᠰᠠᠭᠤᠷᠢ ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠢᠭᠤᠯᠴᠢᠯᠠᠯ ᠤᠨ ᠵᠠᠰᠠᠮᠠᠯ ᠵᠠᠮ ᠵᠢᠴᠢ ᠢᠵᠢ | ᠪᠦᠷᠢᠳᠦᠭᠦᠯᠬᠦ ᠦᠢᠯᠡᠴᠢᠯᠡᠭᠡᠨ ᠤ ᠲᠦᠬᠦᠭᠡᠷᠥᠮᠵᠢ ᠶᠢ ᠲᠡᠭᠦᠯᠳᠡᠷᠵᠢᠭᠦᠯᠵᠦ᠂ ᠲᠥᠪᠯᠡᠷᠡᠭᠦᠯᠵᠦ ᠲᠠᠷᠬᠠᠭᠠᠬᠤ ᠲᠥᠪ᠂ ᠤᠶᠤᠨᠴᠢ ᠰᠣᠶᠣᠯ ᠵᠢᠭᠤᠯᠴᠢᠯᠠᠯ ᠤᠨ ᠲᠠᠪᠴᠠᠩ | ᠵᠡᠷᠭᠡ ᠶᠢ ᠪᠦᠲᠦᠭᠡᠨ ᠪᠠᠶᠢᠭᠤᠯᠤᠨ᠎ᠠ᠃ ᠬᠠᠮᠪᠤ ᠶᠢᠨ ᠪᠠᠭᠤᠷᠢ ᠶᠢᠨ ᠰᠠᠭᠤᠷᠢ ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠵᠦ᠂ | ᠲᠥᠷᠥᠯ ᠵᠦᠢᠯ ᠤᠨ ᠨᠢᠭᠡᠴᠡ ᠶᠢᠨ ᠲᠥᠪ ᠤᠨ ᠲᠥᠰᠥᠪ ᠤᠨ ᠳᠣᠲᠣᠷᠠᠬᠢ ᠳᠡᠮᠵᠢᠬᠦ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢ ᠱᠠᠭᠠᠷᠳᠠᠨ ᠵᠢᠯᠤᠭᠤᠳᠴᠤ᠂ ᠲᠥᠷᠥᠯ | ᠵᠦᠢᠯ ᠤᠨ ᠠᠬᠢᠴᠠ ᠶᠢ ᠠᠷᠪᠠ ᠬᠤᠨᠤᠭ ᠪᠦᠷᠢ ᠳᠤ ᠲᠤᠬᠢᠷᠠᠭᠤᠯᠤᠯᠲᠠ ᠬᠢᠵᠦ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠭᠤᠣᠯ ᠴᠣᠭᠴᠠ ᠶᠢᠨ | ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 27. ᠪᠣᠯᠪᠠᠰᠤᠷᠠᠯ ᠤᠨ ᠰᠠᠭᠤᠷᠢ ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠱᠠᠲᠤᠨ ᠤ ᠠᠵᠢᠯ ᠮᠡᠷᠭᠡᠵᠢᠯ ᠤᠨ | ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠦᠩᠯᠢᠶᠣᠣ ᠬᠤᠲᠠ ᠶᠢᠨ ᠣᠯᠠᠨ | ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠪ ᠤᠨ ᠲᠥᠰᠥᠪ ᠤᠨ ᠳᠣᠲᠣᠷᠠᠬᠢ | ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠭᠤᠶᠤᠴᠢᠯᠠᠵᠤ᠂ 2023 ᠣᠨ ᠳᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ | ᠪᠡᠶᠡᠯᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠤᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 28. ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠬᠤᠲᠠ ᠶᠢᠨ ᠦᠨᠡᠮᠯᠡᠯ ᠣᠯᠣᠭᠰᠠᠨ | ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ 100 ᠠᠵᠤ ᠠᠬᠤᠶᠢᠯᠠᠯ ᠳᠤ ︽ᠬᠤᠶᠠᠷ ᠳᠤᠬᠢᠶᠠᠯᠳᠤᠯ᠂ ᠨᠢᠭᠡ ᠢᠯᠡ ᠪᠤᠯᠭᠠᠬᠤ︾ ᠱᠠᠭᠠᠷᠳᠠᠯᠭ᠎ᠠ | ᠶᠣᠰᠣᠭᠠᠷ᠂ ᠦᠨᠡᠮᠯᠡᠯ ᠣᠯᠣᠭᠰᠠᠨ ᠠᠵᠤ ᠠᠬᠤᠶᠢᠯᠠᠯ ᠤᠨ ᠣᠨ ᠤ ᠪᠠᠶᠢᠴᠠᠭᠠᠯᠲᠠ ᠶᠢᠨ ᠲᠥᠯᠥᠪᠯᠡᠭᠡ ᠲᠣᠭᠲᠠᠭᠠᠵᠤ᠂ ᠪᠠᠶᠢᠴᠠᠭᠠᠯᠲᠠ ᠬᠢᠨ᠎ᠡ᠃ ᠦᠨᠡᠮᠯᠡᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠠᠬᠢᠯᠭᠠᠨ ᠤᠲᠠᠰᠤ ᠴᠠᠬᠢᠯᠭᠠᠨ ᠳᠡᠭᠡᠰᠦ᠂ ᠠᠶᠤᠯᠲᠠᠢ ᠬᠢᠮᠢ ᠶᠢᠨ ᠪᠣᠳᠠᠰ᠂ ᠱᠦᠢᠨᠢ ᠵᠡᠷᠭᠡ ᠲᠦᠭᠰᠢᠭᠦᠷᠢ | ᠶᠡᠬᠡᠲᠡᠢ ᠦᠢᠯᠡᠳᠬᠦᠨ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠰᠢᠰᠲ᠋ᠧᠮ ᠢ ᠠᠰᠢᠭᠯᠠᠨ᠂ ᠠᠵᠤ ᠠᠬᠤᠶᠢᠯᠠᠯ ᠤᠨ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠦᠨᠡᠨᠬᠦ ᠬᠢᠨᠠᠯᠲᠠ ᠲᠠᠯᠪᠢᠨ᠎ᠠ᠃ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ 2023 ᠣᠨ ᠳᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠢ 1000 ᠪᠦᠯᠦᠭ | ᠤᠳᠠᠭ᠎ᠠ ᠰᠤᠭᠤᠴᠢᠨ ᠪᠠᠶᠢᠴᠠᠭᠠᠵᠤ᠂ ᠢᠳᠡᠭᠡᠨ ᠤ ᠵᠦᠢᠯ ᠢ 8348 ᠪᠦᠯᠦᠭ ᠤᠳᠠᠭ᠎ᠠ ᠰᠤᠭᠤᠴᠢᠨ ᠪᠠᠶᠢᠴᠠᠭᠠᠬᠤ ᠪᠠᠷ ᠲᠥᠯᠥᠪᠯᠡᠵᠦ ᠪᠣᠶ᠃ 2023 ᠣᠨ ᠤ | ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ︽ᠪᠢᠲᠡᠭᠦᠨ ᠤ | ᠬᠤᠭᠤᠯᠠ︾ ᠬᠢᠵᠦ ᠪᠠᠶᠢᠭ᠎ᠠ ᠨᠢᠭᠡᠴᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠪᠠᠶᠠᠷ ᠤᠨ | ᠡᠳᠦᠷ ᠤᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠠᠳᠡᠯ ᠡᠭᠦᠰᠬᠡᠬᠦ ᠦᠭᠡᠢ᠃ ︽ | ᠰᠦᠯᠵᠢᠶ᠎ᠡ + ᠲᠣᠭᠤᠭᠠᠨ ᠭᠡᠷ ᠢ ᠢᠯᠡ ᠪᠣᠯᠭᠠᠬᠤ︾ ᠢᠨᠵᠧᠨᠧᠷᠢᠩ ᠢ ᠠᠬᠢᠭᠤᠯᠵᠤ᠂ ᠬᠠᠮᠤᠷᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 29. ᠢᠯᠡᠴᠢᠯᠡᠨ ᠮᠡᠳᠡᠭᠦᠯᠵᠦ ᠵᠠᠭᠠᠯᠳᠤᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠠᠭᠠᠯᠳᠤᠵᠤ ᠢᠯᠡᠴᠢᠯᠡᠨ ᠮᠡᠳᠡᠭᠦᠯᠬᠦ ᠤᠬᠠᠭᠤᠯᠭ᠎ᠠ ᠶᠢ | ᠴᠢᠩᠭᠠᠳᠬᠠᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠬᠡᠨ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠵᠦ᠂ ᠬᠡᠷᠡᠭ ᠢ ᠰᠢᠪᠠᠳᠠᠨ ᠰᠢᠢᠳᠪᠦᠷᠢᠯᠡᠭᠦᠯᠬᠦ᠂ ᠱᠠᠭᠠᠷᠳᠠᠨ ᠰᠢᠢᠳᠪᠦᠷᠢᠯᠡᠭᠦᠯᠬᠦ ᠶᠢ ᠴᠢᠩᠭᠠᠳᠬᠠᠵᠤ᠂ ᠵᠠᠭᠠᠯᠳᠤᠯᠭ᠎ᠠ ᠶᠢ ᠴᠠᠭ ᠲᠤᠬᠠᠢ ᠳᠤᠨᠢ | ᠰᠢᠢᠳᠪᠦᠷᠢᠯᠡᠵᠦ ᠳᠠᠭᠤᠰᠬᠠᠬᠤ ᠨᠤᠷᠮ᠎ᠠ ᠪᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠬᠤ ᠨᠤᠷᠮ᠎ᠠ ᠶᠢ 90% ᠠᠴᠠ ᠳᠣᠣᠷ᠎ᠠ | ᠪᠠᠶᠢᠯᠭᠠᠬᠤ ᠦᠭᠡᠢ ᠶᠢ ᠦᠨᠡᠨ ᠬᠦ ᠪᠠᠲᠤᠯᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠡᠷᠡᠭᠯᠡᠭᠡ ᠶᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠶᠢ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ | ᠬᠡᠷᠡᠭᠯᠡᠭᠡ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ︵ᠬᠤᠶᠠᠷ︶ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠦᠨᠡᠯᠡᠨ ᠵᠢᠱᠢᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠪᠠ | ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠬᠡᠷᠡᠭᠯᠡᠭᠡ ᠶᠢᠨ ᠨᠡᠮᠡᠭᠳᠡᠯ ᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠬᠡᠷᠡᠭᠵᠢᠭᠦᠯᠦᠭᠰᠡᠨ ᠪᠠᠶᠢᠳᠠᠯ ᠢ ᠨᠢᠭᠲᠠ ᠮᠥᠷᠳᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ | ᠦᠷ᠎ᠡ ᠳ᠋ᠦᠩ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠴᠠᠭ ᠲᠤᠬᠠᠢ ᠳᠤᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠤᠬᠠᠭᠤᠯᠭ᠎ᠠ ᠶᠢ ᠴᠢᠩᠭᠠᠳᠬᠠᠵᠤ | ᠂ ᠬᠡᠷᠡᠭᠯᠡᠭᠡ ᠶᠢᠨ ᠠᠭᠤᠷ ᠠᠮᠢᠰᠬᠤᠯ ᠢ ᠪᠣᠶ ᠪᠣᠯᠭᠠᠵᠤ᠂ ᠲᠧᠯᠸᠢᠰ᠂ ᠰᠣᠨᠢᠨ ᠰᠡᠳᠬᠦᠯ ᠪᠠ ᠭᠠᠷ ᠤᠲᠠᠰᠤᠨ ᠤ ᠨᠡᠶᠢᠲᠡ ᠶᠢᠨ ᠳ᠋ᠤᠭᠠᠷ᠂ ᠣᠬᠤᠷ ᠸᠢᠳᠢᠤ᠋ ᠵᠡᠷᠭᠡ | ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠵᠢᠱᠢᠯᠲᠡ ᠶᠢ ᠪᠦᠲᠦᠮᠵᠢᠲᠡᠶ ᠬᠥᠲᠥᠯᠥᠨ ᠵᠢᠯᠤᠭᠤᠳᠴᠤ᠂ ᠬᠡᠷᠡᠭᠯᠡᠭᠡ ᠶᠢᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠤᠳᠤᠷᠢᠳᠤᠮᠵᠢ ᠶᠢ ᠥᠷᠭᠡᠨ ᠢᠶᠠᠷ ᠤᠬᠠᠭᠤᠯᠤᠨ᠎ᠠ᠃ | | 2023 ᠣᠨ ᠤ 6 ᠳ᠋ᠤᠭᠠᠷ ᠰᠠᠷ᠎ᠠ ᠶᠢᠨ 2 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ |