ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ | ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ | ᠲᠠᠷᠬᠠᠭᠠᠵᠤ᠂ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠳᠣᠪᠴᠢᠶᠠᠨ ᠤ ᠬᠠᠷᠢᠭᠤᠴᠠᠯᠭᠠᠲᠠᠨ ︽ᠰᠠᠨᠠᠯ︾ ᠳᠤ ᠬᠤᠯᠪᠤᠭᠳᠠᠬᠤ ᠠᠰᠠᠭᠤᠳᠠᠯ ᠤᠨ | ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠬᠠᠮᠲᠤ ᠳᠤ ᠪᠠᠨ ᠦᠵᠡᠵᠡᠭᠡᠶ᠎ᠡ︕ | 1 . ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠭᠤᠣᠯᠳᠠᠭᠤ ᠭᠤᠷᠪᠠᠨ ᠲᠠᠯ᠎ᠠ ᠪᠣᠢ᠃ ᠨᠢᠭᠡ ᠳᠤ᠂ ᠲᠥᠪ ᠤᠨ ︽ᠪᠥᠬᠦ ᠠᠵᠢᠯᠲᠠᠨ ᠪᠥᠬᠦ ᠶᠠᠪᠤᠴᠠ ᠳᠤ ᠪᠥᠬᠦ ᠲᠠᠯ᠎ᠠ ᠪᠠᠷ ᠬᠥᠮᠦᠨ ᠬᠥᠮᠦᠵᠢᠭᠦᠯᠬᠦ︾ ᠶᠢ | ᠨᠠᠶᠢᠳᠠᠪᠤᠷᠢᠵᠢᠭᠤᠯᠬᠤ ᠱᠠᠭᠠᠷᠳᠠᠯᠭ᠎ᠠ᠃ 2019 ᠣᠨ ᠤ 3 ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷ᠎ᠡ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠡᠬᠢ ᠪᠠᠶᠠᠯᠢᠭ ᠢ ᠢᠯᠡᠷᠡᠭᠦᠯᠵᠦ᠂ | ︽ᠪᠥᠬᠦ ᠠᠵᠢᠯᠲᠠᠨ ᠪᠥᠬᠦ ᠶᠠᠪᠤᠴᠠ ᠳᠤ ᠪᠥᠬᠦ ᠲᠠᠯ᠎ᠠ ᠪᠠᠷ ᠬᠥᠮᠦᠨ ᠬᠥᠮᠦᠵᠢᠭᠦᠯᠬᠦ︾ ᠶᠢ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ ᠣᠷᠣᠨ | ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠪᠣᠯ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠳᠣᠭᠲᠠᠯᠴᠠᠭᠠᠨ ᠤ ᠴᠢᠬᠤᠯᠠ ᠪᠦᠷᠢᠯᠳᠦᠬᠦᠨ ᠬᠡᠰᠡᠭ᠂ | ᠤᠯᠤᠰ ᠤᠨ ᠬᠢᠴᠢᠶᠡᠯ ᠢ ᠥᠷᠭᠡᠳᠬᠡᠨ ᠨᠥᠬᠦᠪᠥᠷᠢᠯᠡᠬᠦ ᠶᠠᠪᠤᠳᠠᠯ ᠮᠥᠨ᠃ ᠡᠷᠬᠡᠪᠰᠢ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ | ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ︽ᠪᠥᠬᠦ ᠠᠵᠢᠯᠲᠠᠨ ᠪᠥᠬᠦ ᠶᠠᠪᠤᠴᠠ ᠳᠤ ᠪᠥᠬᠦ ᠲᠠᠯ᠎ᠠ ᠪᠠᠷ︾ ᠬᠥᠮᠦᠨ ᠬᠥᠮᠦᠵᠢᠭᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠢᠴᠢᠶᠡᠯ ᠤᠨ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠴᠢᠳᠠᠮᠵᠢ ᠶᠢ | ᠭᠦᠢᠴᠡᠳ ᠪᠠᠳᠠᠷᠠᠭᠤᠯᠬᠤ ᠬᠡᠷᠡᠭᠲᠡᠶ᠃ ᠬᠤᠶᠠᠷ ᠲᠤ᠂ ᠬᠢᠴᠢᠶᠡᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠴᠡᠭᠡ᠃ 1999 ᠣᠨ ᠤ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠡᠪ | ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠲᠣᠭᠲᠠᠭᠠᠯ︾ ᠳᠤ ︽ᠤᠯᠤᠰ ᠤᠨ ᠬᠢᠴᠢᠶᠡᠯ᠂ ᠣᠷᠣᠨ ᠨᠤᠲᠤᠭ ᠤᠨ ᠬᠢᠴᠢᠶᠡᠯ | ᠪᠠ ᠰᠤᠷᠭᠠᠭᠤᠯᠢ ᠶᠢᠨ ᠬᠢᠴᠢᠶᠡᠯ ᠢ ᠲᠤᠷᠰᠢᠨ ᠬᠡᠷᠡᠭᠵᠢᠭᠦᠯᠦᠨ᠎ᠡ︾ ︵ᠳᠣᠷᠣᠭᠰᠢ ︽ᠭᠤᠷᠪᠠᠨ ᠲᠦᠷᠦᠯ ᠤᠨ ᠬᠢᠴᠢᠶᠡᠯ︾ ᠭᠡᠵᠦ ᠳᠦᠭᠦᠮᠴᠢᠯᠡᠨ᠎ᠡ︶ ᠭᠡᠵᠦ | ᠳᠤᠷᠠᠳᠴᠠᠢ᠃ ᠬᠤᠷᠢ ᠭᠠᠷᠤᠢ ᠵᠢᠯ ᠤᠨ ᠲᠤᠷᠰᠢ ᠡᠯ᠎ᠡ ᠭᠠᠵᠠᠷ ᠪᠠ ᠡᠯ᠎ᠡ ᠰᠤᠷᠭᠠᠭᠤᠯᠢ ᠣᠷᠣᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠢ | ᠢᠳᠡᠪᠬᠢᠲᠡᠢ ᠰᠦᠪᠡᠭᠴᠢᠯᠡᠨ᠂ ᠨᠡᠭᠡᠭᠡᠨ ᠬᠥᠭᠵᠢᠭᠦᠯᠦᠭᠰᠡᠨ ᠪᠥᠭᠡᠳ ᠬᠡᠷᠡᠭᠵᠢᠭᠦᠯᠵᠦ᠂ ᠬᠢᠴᠢᠶᠡᠯ ᠢᠶᠠᠷ ᠬᠥᠮᠦᠨ ᠢ ᠬᠥᠮᠦᠵᠢᠭᠦᠯᠬᠦ ᠲᠤᠷᠰᠢᠯᠭ᠎ᠠ ᠶᠢ | ᠬᠤᠷᠠᠮᠳᠤᠭᠤᠯᠤᠭᠰᠠᠨ ᠪᠣᠯᠪᠠᠴᠤ ᠪᠠᠰᠠ ᠪᠠᠶᠢᠷᠢ ᠲᠣᠭᠲᠠᠭᠠᠯᠲᠠ ᠣᠨᠣᠪᠴᠢ ᠦᠭᠡᠢ᠂ ᠪᠦᠳᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠵᠢᠭᠳᠡ ᠪᠣᠰᠤ᠂ | ᠬᠠᠮᠢᠶᠠᠷᠤᠯᠲᠠ ᠭᠦᠢᠴᠡᠳ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠪᠣᠯᠬᠤᠷ ᠡᠷᠬᠡᠪᠰᠢ ᠬᠠᠨᠳᠤᠯᠭᠠᠲᠠᠢ ᠵᠢᠯᠣᠭᠤᠳᠬᠤ ᠪᠠ ᠵᠢᠷᠤᠮᠵᠢᠭᠤᠯᠬᠤ ᠬᠡᠷᠡᠭᠲᠡᠢ᠃ | ᠭᠤᠷᠪᠠ ᠳᠤ᠂ ᠣᠷᠣᠨ ᠨᠤᠲᠤᠭ ᠪᠠ ᠰᠤᠷᠭᠠᠭᠤᠯᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠴᠡᠭᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ᠨᠢ ᠣᠷᠣᠨ ᠨᠤᠲᠤᠭ᠂ ᠰᠤᠷᠭᠠᠭᠤᠯᠢ ᠶᠢᠨ ᠬᠡᠷᠡᠭᠵᠢᠭᠦᠯᠵᠦ ᠪᠠᠶᠢᠭ᠎ᠠ ᠬᠢᠴᠢᠶᠡᠯ ᠳᠤ | ᠵᠣᠬᠢᠬᠤ ᠣᠷᠣᠨ ᠵᠠᠢ ᠦᠯᠡᠳᠡᠭᠡᠵᠦ᠂ ᠬᠢᠴᠢᠶᠡᠯ ᠤᠨ ᠣᠷᠣᠨ ᠨᠤᠲᠤᠭ᠂ ᠰᠤᠷᠭᠠᠭᠤᠯᠢ᠂ ᠰᠤᠷᠤᠭᠴᠢᠳ ᠲᠤ ᠵᠣᠬᠢᠴᠠᠬᠤ ᠴᠢᠨᠠᠷ ᠢ ᠨᠡᠮᠡᠭᠳᠡᠭᠦᠯᠦᠨ᠂ ᠣᠷᠣᠨ ᠨᠤᠲᠤᠭ᠂ | ᠰᠤᠷᠭᠠᠭᠤᠯᠢ ᠶᠢᠨ ᠢᠳᠡᠪᠬᠢᠵᠢᠯ ᠪᠠ ᠪᠦᠲᠦᠭᠡᠯᠴᠢ ᠴᠢᠨᠠᠷ ᠢ ᠬᠥᠭᠵᠢᠭᠡᠬᠦ ᠪᠠ ᠳᠠᠶᠢᠴᠢᠯᠠᠬᠤ ᠪᠠᠷ ᠵᠣᠷᠢᠯᠭ᠎ᠠ ᠪᠣᠯᠭᠠᠵᠠᠢ᠃ ᠬᠢᠴᠢᠶᠡᠯ ᠤᠨ ᠪᠠᠶᠢᠭᠤᠯᠤᠯᠲᠠ ᠪᠣᠯᠤᠨ | ᠬᠠᠮᠢᠶᠠᠷᠤᠯᠲᠠ ᠶᠢᠨ ᠵᠢᠯᠣᠭᠤᠳᠣᠯᠭ᠎ᠠ ᠶᠢ ᠴᠢᠩᠭᠠᠳᠬᠠᠬᠤ ᠪᠣᠯ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠨᠤᠲᠤᠭ᠂ ᠰᠤᠷᠭᠠᠭᠤᠯᠢ ᠶᠢᠨ | ᠬᠢᠴᠢᠶᠡᠯ ᠤᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃ | 2 . ︽ᠰᠠᠨᠠᠯ︾ ᠢ ᠰᠤᠳᠤᠯᠤᠨ ᠲᠣᠭᠲᠠᠭᠠᠭᠰᠠᠨ ᠰᠡᠳᠬᠢᠮᠵᠢ ᠶᠢ ᠲᠠᠨᠢᠯᠴᠠᠭᠤᠯᠤᠭᠠᠳ ᠥᠭᠭᠦᠨ᠎ᠡ ᠦᠦ︖ | ᠭᠤᠤᠯᠳᠠᠭᠤ ᠭᠤᠷᠪᠠᠨ ᠲᠠᠯ᠎ᠠ ᠶᠢᠨ ᠪᠣᠳᠤᠯᠬᠢᠯᠠᠯ ᠪᠣᠢ᠃ ᠨᠢᠭᠡ ᠳᠤ᠂ ᠪᠦᠬᠦᠯᠢ ᠴᠣᠭᠴᠠ ᠶᠢᠨ ᠲᠥᠯᠥᠪᠵᠢᠭᠦᠯᠭᠡ᠃ ᠤᠯᠤᠰ ᠤᠨ ᠬᠢᠴᠢᠶᠡᠯ ᠤᠨ ᠲᠥᠰᠦᠯ ᠤᠨ | ᠶᠡᠷᠦᠩᠬᠡᠶ ᠲᠥᠰᠦᠪ ᠲᠤ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠰᠠᠭᠤᠳᠠᠯ ᠢ | ᠪᠣᠳᠣᠯᠬᠢᠯᠠᠵᠤ᠂ ᠭᠤᠷᠪᠠᠨ ᠲᠥᠷᠥᠯ ᠤᠨ ᠬᠢᠴᠢᠶᠡᠯ ᠢ ᠨᠢᠭᠡ ᠴᠣᠭᠴᠠᠵᠢᠭᠤᠯᠤᠨ ᠲᠥᠯᠥᠪᠯᠡᠬᠦ᠂ ᠬᠠᠮᠵᠢᠯᠴᠠᠨ ᠬᠥᠮᠦᠨ ᠬᠥᠮᠦᠵᠢᠭᠦᠯᠬᠦ᠂ ᠣᠨᠴᠠᠭᠠᠶᠢᠯᠠᠨ ᠭᠤᠷᠪᠠᠨ | ᠲᠥᠷᠥᠯ ᠤᠨ ᠬᠢᠴᠢᠶᠡᠯ ᠤᠨ ᠬᠥᠮᠦᠨ ᠬᠥᠮᠦᠵᠢᠭᠦᠯᠬᠦ ᠴᠢᠳᠠᠮᠵᠢ᠂ ᠬᠥᠮᠦᠵᠢᠭᠦᠯᠬᠦ ᠬᠠᠷᠠᠯᠲᠠ ᠶᠢᠨ ᠨᠡᠪᠲᠡᠷᠡᠨ ᠨᠢᠭᠡᠳᠬᠦ ᠶᠢ ᠦᠨᠡᠨ ᠬᠦ ᠪᠠᠲᠤᠯᠠᠪᠠ᠃ ᠬᠤᠶᠠᠷ ᠲᠤ᠂ | ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠪᠠ᠃ ᠭᠤᠷᠪᠠᠨ ᠲᠥᠷᠥᠯ ᠤᠨ ᠬᠢᠴᠢᠶᠡᠯ ᠪᠣᠯ ᠪᠥᠲᠥᠭᠡᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ | ᠠᠳᠠᠯᠢ ᠪᠤᠰᠤ ᠠᠴᠠ ᠪᠣᠯᠵᠣ ᠵᠥᠷᠢᠶ᠎ᠡ ᠲᠠᠢ ᠪᠠᠶᠢᠳᠠᠭ᠃ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢᠨ | ᠵᠢᠯᠣᠭᠤᠳᠣᠯᠭ᠎ᠠ ᠶᠢ ᠴᠢᠬᠤᠯᠠᠴᠢᠯᠠᠨ ᠴᠢᠩᠭᠠᠳᠬᠠᠬᠤ ᠬᠡᠷᠡᠭᠲᠡᠶ︔ ᠡᠭᠦᠨ ᠤ ᠬᠠᠮᠲᠤ ᠪᠥᠲᠥᠭᠡᠨ ᠪᠠᠶᠢᠭᠤᠯᠤᠯᠲᠠ ᠶᠢᠨ ᠶᠠᠪᠤᠴᠠ ᠶᠢ ᠵᠢᠷᠤᠮᠵᠢᠭᠤᠯᠵᠤ᠂ ᠵᠠᠩᠭᠢᠯᠠᠭ᠎ᠠ ᠶᠢᠨ | ᠭᠤᠭᠴᠤᠭᠠᠨ ᠤ ᠬᠠᠮᠢᠶᠠᠷᠤᠯᠲᠠ ᠶᠢ ᠴᠢᠩᠭᠠᠳᠬᠠᠨ᠂ ᠬᠠᠮᠢᠶᠠᠷᠤᠯᠲᠠ ᠪᠠᠷ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠬᠤᠯᠠᠴᠢᠯᠠᠵᠤ᠂ ᠣᠳᠣᠬᠠᠨ ᠤ ᠣᠷᠣᠨ | ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠬᠠᠨᠳᠤᠯᠭᠠᠲᠠᠢ ᠬᠠᠷᠢᠭᠤᠯᠲᠠ ᠥᠭᠪᠡ᠃ ᠭᠤᠷᠪᠠ ᠳᠤ᠂ | ᠶᠡᠷᠦᠩᠬᠡᠶ ᠪᠠ ᠬᠤᠪᠢᠶᠠᠷᠢ ᠶᠢ ᠵᠣᠬᠢᠴᠠᠭᠤᠯᠪᠠ᠃ ︽ᠶᠡᠷᠦᠩᠬᠡᠶ - ᠬᠤᠪᠢᠶᠠᠷᠢ - ᠶᠡᠷᠦᠩᠬᠡᠶ︾ ᠭᠡᠬᠦ ᠯᠣᠭᠢᠭ ᠤᠨ ᠪᠦᠲᠦᠴᠡ ᠶᠢ ᠬᠡᠷᠡᠭᠯᠡᠨ᠂ ᠣᠷᠣᠨ ᠨᠤᠲᠤᠭ ᠤᠨ | ᠬᠢᠴᠢᠶᠡᠯ᠂ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠨᠡᠶᠢᠲᠡᠯᠢᠭ ᠴᠢᠨᠠᠷᠲᠠᠶ ᠠᠰᠠᠭᠤᠳᠠᠯ ᠢ ᠡᠵᠡᠮᠰᠢᠵᠦ᠂ ᠶᠡᠷᠦᠩᠬᠡᠶ ᠱᠠᠭᠠᠷᠳᠠᠯᠭ᠎ᠠ ᠶᠢ | ᠰᠤᠳᠤᠯᠤᠨ ᠳᠤᠷᠠᠳᠬᠤ ᠮᠥᠷᠲᠡᠭᠡᠨ ᠪᠠᠰᠠ ᠲᠣᠰ ᠲᠣᠰ ᠤᠨ ᠣᠨᠴᠠᠯᠢᠭ ᠲᠤ ᠴᠢᠭᠯᠡᠭᠦᠯᠦᠨ ᠲᠣᠰ ᠲᠣᠰ ᠤᠨ ᠱᠠᠭᠠᠷᠳᠠᠯᠭ᠎ᠠ ᠳᠤᠷᠠᠳᠪᠠ᠃ ︽ᠰᠠᠨᠠᠯ︾ ᠤᠨ | ᠨᠢᠭᠡᠳᠦᠭᠡᠷ ᠬᠡᠰᠡᠭ ᠠᠴᠠ ᠭᠤᠷᠪᠠᠳᠤᠭᠠᠷ ᠬᠡᠰᠡᠭ ᠬᠦᠷᠲᠡᠯᠡᠬᠢ ᠪᠣᠯ ᠶᠡᠷᠦᠩᠬᠡᠶ ᠱᠠᠭᠠᠷᠳᠠᠯᠭ᠎ᠠ ᠪᠣᠯᠤᠨ᠎ᠠ︔ ᠳᠥᠷᠪᠡ᠂ ᠲᠠᠪᠤᠳᠤᠭᠠᠷ ᠬᠡᠰᠡᠭ ᠲᠤ ᠲᠤᠰ ᠲᠤᠰ ᠣᠷᠣᠨ | ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠤᠨ ᠲᠤᠬᠠᠢ ᠱᠠᠭᠠᠷᠳᠠᠯᠭ᠎ᠠ ᠳᠤᠷᠠᠳᠴᠠᠢ︔ ᠵᠢᠷᠭᠤᠭ᠎ᠠ᠂ ᠳᠣᠯᠣᠳᠤᠭᠠᠷ ᠬᠡᠰᠡᠭ ᠲᠤ ᠶᠡᠷᠦᠩᠬᠡᠢ ᠲᠠᠯ᠎ᠠ ᠠᠴᠠ | ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠤᠨ ᠬᠠᠮᠢᠶᠠᠷᠤᠯᠲᠠ ᠳᠤ ᠳᠠᠬᠢᠨᠲᠠ ᠱᠠᠭᠠᠷᠳᠠᠯᠭ᠎ᠠ ᠳᠤᠷᠠᠳᠪᠠ᠃ | 3 . ᠶᠠᠭᠤᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠣᠷᠣᠨ ᠨᠤᠲᠤᠭ ᠤᠨ ᠬᠢᠴᠢᠶᠡᠯ ᠢ ᠲᠣᠬᠢᠷᠠᠭᠤᠯᠬᠤ ᠪᠣᠶ︖ | ︽ᠰᠠᠨᠠᠯ︾ ᠳᠤ ᠣᠷᠣᠨ ᠨᠤᠲᠤᠭ ᠤᠨ ᠬᠢᠴᠢᠶᠡᠯ ᠤᠨ ᠪᠠᠶᠢᠭᠤᠯᠤᠯᠲᠠ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠤ ᠣᠷᠣᠨ ᠨᠤᠲᠤᠭ ᠤᠨ ᠬᠢᠴᠢᠶᠡᠯ ᠢ ᠲᠣᠬᠢᠷᠠᠭᠤᠯᠬᠤ ᠪᠣᠯ ᠭᠤᠤᠯᠳᠠᠭᠤ ᠬᠢᠴᠢᠶᠡᠯ ᠤᠨ ᠣᠷᠣᠨ ᠨᠤᠲᠤᠭ ᠲᠤ ᠵᠣᠬᠢᠴᠠᠬᠤ ᠴᠢᠨᠠᠷ ᠢ | ᠴᠢᠩᠭᠠᠳᠬᠠᠬᠤ ᠶᠢᠨ ᠲᠥᠯᠥᠭᠡ ᠶᠤᠮ᠃ ᠡᠯ᠎ᠡ ᠭᠠᠵᠠᠷ ᠤᠨ ᠪᠠᠶᠢᠭᠠᠯᠢ ᠶᠢᠨ ᠳᠦᠷᠰᠦ ᠪᠠᠶᠢᠳᠠᠯ᠂ ᠣᠷᠣᠨ ᠪᠦᠰᠡ ᠶᠢᠨ ᠠᠵᠤ ᠠᠬᠤᠢ᠂ ᠳᠠᠪᠠᠭᠤᠯᠢᠭ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠤᠨᠴᠠᠯᠢᠬᠳᠤ ᠰᠣᠶᠣᠯ ᠵᠢᠴᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ᠂ ᠪᠠᠭᠤᠷᠢ᠂ ᠳᠤᠷᠠᠰᠬᠠᠯ ᠤᠨ ᠲᠠᠯᠠᠪᠠᠢ | ᠣᠷᠳᠣᠨ ᠵᠡᠷᠭᠡ ᠲᠠᠯ᠎ᠠ ᠶᠢᠨ ᠡᠬᠢ ᠪᠠᠶᠠᠯᠢᠭ ᠨᠢ ᠬᠥᠮᠦᠨ ᠬᠥᠮᠦᠵᠢᠭᠦᠯᠬᠦ ᠴᠢᠬᠤᠯᠠ ᠦᠨ᠎ᠡ ᠦᠷᠳᠡᠭ ᠲᠠᠢ ᠶᠤᠮ᠃ ᠣᠷᠣᠨ ᠨᠤᠲᠤᠭ ᠤᠨ ᠬᠢᠴᠢᠶᠡᠯ ᠢ ᠲᠤᠬᠢᠷᠠᠭᠤᠯᠬᠤ | ᠪᠣᠯ ᠡᠳᠡᠭᠡᠷ ᠡᠬᠢ ᠪᠠᠶᠠᠯᠢᠭ ᠤᠨ ᠬᠥᠮᠦᠨ ᠬᠥᠮᠦᠵᠢᠭᠦᠯᠬᠦ ᠦᠷᠳᠡᠭ ᠢ ᠭᠦᠢᠴᠡᠳ ᠢᠯᠡᠷᠡᠭᠦᠯᠦᠨ᠂ ᠰᠤᠷᠤᠭᠴᠢᠳ ᠤᠨ ᠨᠤᠲᠤᠭ ᠤᠰᠤ ᠪᠠᠨ ᠲᠠᠨᠢᠬᠤ᠂ | ᠣᠶᠢᠯᠠᠭᠠᠯᠲᠠ ᠪᠠᠨ ᠪᠠᠶᠠᠯᠢᠭᠵᠢᠭᠤᠯᠬᠤ᠂ ᠬᠠᠷᠠᠭᠠᠰᠤ ᠪᠠᠨ ᠥᠷᠭᠡᠳᠬᠡᠬᠦ᠂ ᠶᠡᠷᠦᠩᠬᠡᠶᠢᠯᠡᠭᠰᠡᠨ ᠬᠡᠪ ᠴᠢᠨᠠᠷ ᠢᠶᠠᠨ ᠴᠢᠩᠭᠠᠳᠬᠠᠬᠤ ᠶᠢ ᠠᠬᠢᠭᠤᠯᠤᠨ᠎ᠠ᠃ | ︽ᠰᠠᠨᠠᠯ︾ ᠳᠤ ᠣᠳᠣᠬᠠᠨ ᠤ ᠣᠷᠣᠨ ᠨᠤᠲᠤᠭ ᠤᠨ ᠬᠢᠴᠢᠶᠡᠯ ᠳᠤ ᠣᠷᠣᠰᠢᠵᠤ ᠪᠠᠶᠢᠭ᠎ᠠ ᠵᠠᠷᠢᠮ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠣᠷᠣᠨ | ᠨᠤᠲᠤᠭ ᠤᠨ ᠬᠢᠴᠢᠶᠡᠯ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠰᠤᠷᠤᠭᠴᠢᠳ ᠤᠨ ᠤᠯᠤᠰ ᠬᠡᠷ ᠤᠨ ᠬᠠᠶᠢᠷ᠎ᠠ ᠰᠡᠳᠬᠢᠯᠭᠡ ᠶᠢ | ᠬᠠᠳᠠᠭᠠᠯᠠᠬᠤ ᠶᠢ ᠴᠢᠬᠤᠯᠠᠴᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠣᠷᠣᠨ ᠨᠤᠲᠤᠭ ᠢ ᠤᠯᠤᠰ | ᠣᠷᠣᠨ ᠠᠴᠠ ᠰᠠᠯᠭᠠᠬᠤ᠂ ᠣᠷᠣᠨ ᠨᠤᠲᠤᠭ ᠤᠨ ᠰᠣᠶᠣᠯ ᠪᠣᠯ ᠳᠤᠮᠳᠠᠳᠤ ᠶᠢᠨ ᠰᠣᠶᠣᠯ ᠤᠨ ᠰᠠᠯᠵᠤ ᠪᠣᠯᠤᠰᠢ ᠥᠬᠡᠶ ᠨᠢᠭᠡ ᠬᠡᠰᠡᠭ ᠪᠣᠯᠬᠤ ᠶᠢ ᠮᠠᠷᠲᠠᠬᠤ ᠠᠴᠠ | ᠰᠡᠷᠭᠡᠶᠢᠯᠡᠪᠡ︔ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠵᠠᠷᠴᠢᠮ ᠳᠡᠭᠡᠷ᠎ᠡ ᠪᠠᠨ ᠬᠡᠰᠡᠭ ᠣᠨ ᠳᠤ ᠨᠡᠭᠡᠭᠡᠵᠦ᠂ ᠨᠢᠭᠡ | ᠣᠨ ᠳᠤ ᠬᠠᠮᠤᠭ ᠤᠨ ᠣᠯᠠᠨ ᠳᠤ ᠪᠠᠨ ᠨᠢᠭᠡ ᠬᠢᠴᠢᠶᠡᠯ ᠨᠡᠭᠡᠭᠡᠵᠦ᠂ ᠣᠷᠣᠨ ᠨᠤᠲᠤᠭ ᠤᠨ ᠬᠢᠴᠢᠶᠡᠯ ᠨᠢ ᠰᠤᠷᠭᠠᠭᠤᠯᠢ ᠶᠢᠨ ᠬᠢᠴᠢᠶᠡᠯ ᠢ ᠰᠢᠬᠠᠨ ᠡᠵᠡᠯᠡᠬᠦ | ᠴᠠᠭᠠᠰᠢᠯᠠᠪᠠᠯ ᠣᠷᠣᠯᠠᠬᠤ ᠶᠢ ᠰᠡᠷᠭᠡᠶᠢᠯᠡᠪᠡ︔ ᠰᠢᠨᠵᠢᠯᠡᠬᠦ ᠤᠬᠠᠭᠠᠨᠴᠢ ᠲᠥᠯᠥᠪᠯᠡᠭᠡ ᠪᠠ ᠲᠤᠰᠬᠠᠶ ᠮᠡᠷᠭᠡᠵᠢᠯ ᠤᠨ ᠨᠤᠲᠠᠯᠠᠯᠲᠠ ᠶᠢ ᠴᠢᠩᠭᠠᠳᠬᠠᠵᠤ᠂ ᠬᠢᠴᠢᠶᠡᠯ ᠤᠨ | ᠬᠥᠲᠥᠯᠪᠦᠷᠢ ᠶᠢ ᠰᠤᠳᠤᠯᠤᠨ ᠦᠢᠯᠡᠳᠬᠦ ᠶᠢ ᠵᠣᠬᠢᠶᠠᠨ ᠪᠠᠶᠢᠭᠤᠯᠵᠤ᠂ ᠶᠡᠷᠦᠩᠬᠡᠶᠢᠯᠡᠭᠰᠡᠨ ᠴᠢᠨᠠᠷ᠂ ᠦᠢᠯᠡᠳᠦᠯᠭᠡᠲᠦ ᠴᠢᠨᠠᠷ ᠢ ᠴᠢᠩᠭᠠᠷᠠᠭᠤᠯᠬᠤ ᠶᠢᠨ ᠬᠠᠮᠲᠤ | ᠬᠢᠴᠢᠶᠡᠯ ᠤᠨ ᠠᠴᠢᠶᠠᠯᠠᠪᠤᠷᠢ ᠶᠢᠨ ᠬᠡᠯᠪᠡᠷᠢ ᠶᠢ ᠪᠠᠶᠠᠯᠢᠭᠵᠢᠭᠤᠯᠵᠤ᠂ ᠣᠨᠴᠠᠭᠠᠶᠢᠯᠠᠨ ᠣᠷᠣᠨ ᠨᠤᠲᠤᠭ ᠤᠨ ᠬᠢᠴᠢᠶᠡᠯ ᠤᠨ ᠴᠢᠬᠤᠯᠠ ᠴᠢᠨᠠᠷ ᠤᠨ ᠨᠤᠲᠠᠯᠠᠯᠲᠠ ᠶᠢ | ᠴᠢᠩᠭᠠᠳᠬᠠᠵᠤ᠂ ᠤᠯᠤᠰ ᠤᠨ ᠬᠢᠴᠢᠶᠡᠯ ᠤᠨ ᠠᠭᠤᠯᠭ᠎ᠠ ᠲᠠᠢ ᠳᠥᠭᠦᠮᠬᠡᠨ ᠳᠠᠪᠬᠤᠷᠳᠠᠬᠤ ᠶᠢ ᠰᠡᠷᠭᠡᠶᠢᠯᠡᠪᠡ᠃ | 4 . ᠶᠠᠭᠤᠨ ᠳᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠣᠷᠣᠨ ᠨᠤᠲᠤᠭ ᠤᠨ ᠬᠢᠴᠢᠶᠡᠯ ᠢ ᠲᠤᠬᠢᠷᠠᠭᠤᠯᠬᠤ ᠦᠭᠡᠢ ᠪᠤᠢ︖ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠨ ᠨᠤᠲᠤᠭ ᠤᠨ ᠬᠢᠴᠢᠶᠡᠯ ᠲᠣᠬᠢᠷᠠᠭᠤᠯᠬᠤ ᠦᠭᠡᠶ ᠭᠡᠳᠡᠭ ᠢ ᠲᠤᠰ ᠵᠠᠭᠤᠨ ᠤ ᠡᠬᠢ ᠪᠠᠷ | ᠤᠯᠤᠰ ᠠᠴᠠ ᠰᠢᠨ᠎ᠡ ᠡᠭᠡᠯᠵᠢ ᠶᠢᠨ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠡᠬᠢᠯᠡᠭᠦᠯᠬᠦ ᠦᠶ᠎ᠡ ᠳᠤ ᠨᠢᠭᠡᠨᠲᠡ ᠲᠣᠳᠣᠷᠬᠠᠶᠢᠯᠠᠭᠰᠠᠨ | ᠶᠤᠮ᠃ ᠰᠤᠷᠭᠠᠨ ᠬᠥᠮᠦᠵᠢᠯ ᠤᠨ ᠶᠠᠮᠤᠨ ᠤ 2003 ᠣᠨ ᠳᠤ ᠳᠠᠷᠤᠮᠠᠯᠯᠠᠨ ᠲᠠᠷᠬᠠᠭᠠᠭᠰᠠᠨ ︽ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠢᠴᠢᠶᠡᠯ ᠤᠨ ᠲᠥᠰᠦᠯ ︵ᠲᠤᠷᠰᠢᠯᠲᠠ︶︾ ᠳᠤ ᠰᠤᠷᠭᠠᠭᠤᠯᠢ ᠳᠤ ᠵᠦᠶ ᠵᠣᠬᠢᠰᠲᠠᠶ ᠪᠥᠭᠡᠳ ᠭᠦᠢᠴᠡᠳ ᠬᠢᠴᠢᠶᠡᠯ ᠢ ᠡᠵᠡᠨ ᠮᠡᠳᠡᠬᠦ ᠡᠷᠬᠡ ᠶᠢ ᠣᠯᠭᠤᠵᠤ᠂ | ᠨᠡᠶᠢᠭᠡᠮ ᠤᠨ ᠬᠡᠷᠡᠭᠴᠡᠭᠡᠨ ᠤ ᠣᠯᠠᠨ ᠶᠠᠩᠵᠤᠲᠤ ᠴᠢᠨᠠᠷ ᠪᠠ ᠰᠤᠷᠤᠭᠴᠢᠳ ᠤᠨ ᠪᠥᠬᠦ ᠲᠠᠯ᠎ᠠ ᠶᠢᠨ ᠪᠥᠭᠡᠳ ᠥᠪᠡᠷᠮᠢᠴᠡ ᠬᠥᠭᠵᠢᠯᠲᠡ ᠳᠤ ᠵᠣᠬᠢᠴᠠᠭᠤᠯᠤᠨ᠎ᠠ ᠭᠡᠵᠦ | ᠴᠢᠬᠤᠯᠠᠴᠢᠯᠠᠪᠠ᠃ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠰᠤᠷᠭᠠᠭᠤᠯᠢ ᠶᠢᠨ ᠬᠢᠴᠢᠶᠡᠯ ᠢᠶᠠᠷ ᠳᠠᠮᠵᠢᠨ ᠨᠠᠶᠢᠳᠠᠪᠤᠷᠢᠵᠢᠭᠤᠯᠪᠠ᠃ | 5 . ︽ᠰᠠᠨᠠᠯ︾ ᠳᠤ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ | ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠰᠤᠷᠭᠠᠭᠤᠯᠢ ᠶᠢᠨ ᠬᠢᠴᠢᠶᠡᠯ ᠢ | ᠲᠣᠬᠢᠷᠠᠭᠤᠯᠬᠤ ᠨᠢ ᠭᠤᠤᠯᠳᠠᠭᠤ ᠬᠢᠴᠢᠶᠡᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠬᠢᠴᠢᠶᠡᠯ ᠤᠨ ᠰᠣᠷᠣᠭᠴᠢ ᠪᠠ ᠰᠤᠷᠭᠠᠭᠤᠯᠢ ᠳᠤ ᠵᠣᠬᠢᠴᠠᠬᠤ ᠴᠢᠨᠠᠷ ᠢ | ᠨᠡᠮᠡᠭᠳᠡᠭᠦᠯᠬᠦ ᠶᠢᠨ ᠲᠥᠯᠥᠭᠡ ᠶᠤᠮ᠃ ᠤᠯᠤᠰ ᠤᠨ ᠬᠢᠴᠢᠶᠡᠯ ᠬᠠᠮᠲᠤ ᠶᠢᠨ ᠰᠠᠭᠤᠷᠢ ᠶᠢ ᠰᠠᠶᠢᠲᠤᠷ ᠲᠠᠯᠪᠢᠬᠤ ᠶᠢ ᠴᠢᠬᠤᠯᠠᠴᠢᠯᠠᠵᠤ᠂ ᠵᠣᠬᠢᠬᠤ ᠰᠣᠩᠭᠤᠯᠲᠠ ᠶᠢᠨ | ᠴᠢᠨᠠᠷ ᠢ ᠢᠯᠡᠷᠡᠭᠦᠯᠦᠭᠰᠡᠨ ᠪᠣᠯᠪᠠᠴᠤ ᠰᠤᠷᠤᠭᠴᠢᠳ ᠤᠨ ᠥᠪᠡᠷᠮᠢᠴᠡ ᠰᠤᠷᠤᠯᠴᠠᠬᠤ ᠬᠡᠷᠡᠭᠴᠡᠭᠡ ᠶᠢ ᠭᠦᠢᠴᠡᠳ ᠬᠠᠩᠭᠠᠵᠤ ᠴᠢᠳᠠᠬᠤ ᠥᠬᠡᠶ ᠪᠠᠶᠢᠨ᠎ᠠ᠃ ᠵᠣᠬᠢᠬᠤ | ᠰᠤᠷᠭᠠᠭᠤᠯᠢ ᠶᠢᠨ ᠬᠢᠴᠢᠶᠡᠯ ᠢ ᠲᠣᠬᠢᠷᠠᠭᠤᠯᠬᠤ ᠪᠣᠯ ᠰᠤᠷᠤᠭᠴᠢᠳ ᠤᠨ ᠳᠤᠷ᠎ᠠ ᠰᠣᠨᠢᠷᠬᠠᠯ᠂ ᠬᠥᠭᠵᠢᠯᠲᠡ ᠶᠢᠨ ᠣᠨᠴᠠᠯᠢᠭ ᠢ ᠬᠥᠮᠦᠵᠢᠭᠦᠯᠬᠦ ᠳᠤ ᠤᠯᠠᠮ ᠨᠢᠭᠡ | ᠠᠯᠬᠤᠮ ᠳᠡᠮᠵᠢᠯᠭᠡ ᠬᠠᠩᠭᠠᠵᠤ ᠪᠣᠯᠤᠨ᠎ᠠ︔ ᠡᠭᠦᠨ ᠤ ᠬᠠᠮᠲᠤ ᠪᠠᠰᠠ ᠰᠤᠷᠭᠠᠭᠤᠯᠢ ᠶᠢᠨ ᠰᠣᠶᠣᠯ ᠢ ᠢᠯᠡᠷᠡᠭᠦᠯᠵᠦ᠂ ᠪᠠᠭᠰᠢ ᠶᠢᠨ ᠲᠤᠰᠬᠠᠶ ᠮᠡᠷᠭᠡᠵᠢᠯ ᠤᠨ | ᠬᠥᠭᠵᠢᠯᠲᠡ ᠶᠢ ᠠᠬᠢᠭᠤᠯᠵᠤ ᠪᠣᠯᠤᠨ᠎ᠠ᠃ | ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢᠨ ᠲᠠᠯ᠎ᠠ ᠪᠠᠷ ︽ᠰᠠᠨᠠᠯ︾ ᠳᠤ᠂ ᠪᠠᠭᠰᠢ᠂ ᠨᠡᠶᠢᠭᠡᠮ ᠤᠨ ᠬᠢᠨ ᠪᠣᠯᠤᠨ ᠬᠡᠷ ᠤᠨ ᠠᠬᠠᠮᠠᠳ ᠵᠡᠷᠭᠡ ᠣᠯᠠᠨ | ᠲᠠᠯ᠎ᠠ ᠶᠢᠨ ᠣᠷᠣᠯᠴᠠᠭᠰᠠᠨ ᠰᠤᠷᠭᠠᠭᠤᠯᠢ ᠶᠢᠨ ᠬᠢᠴᠢᠶᠡᠯ ᠢ ᠨᠡᠭᠡᠭᠡᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠴᠥᠭᠡᠨ ᠲᠣᠭᠠᠨ ᠤ ᠭᠤᠤᠯᠯᠠᠭᠴᠢ ᠪᠠᠭᠰᠢ | ᠭᠠᠭᠴᠠᠭᠠᠷ ᠡᠵᠡᠮᠳᠡᠵᠦ ᠪᠣᠯᠬᠤ ᠥᠬᠡᠶ︔ ᠰᠤᠷᠭᠠᠭᠤᠯᠢ ᠶᠢᠨ ᠬᠢᠴᠢᠶᠡᠯ ᠢ ᠨᠡᠭᠡᠭᠡᠬᠦ ᠴᠤᠪᠤᠷᠠᠯ ᠢ ᠵᠢᠷᠤᠮᠵᠢᠭᠤᠯᠵᠤ᠂ ᠰᠤᠷᠤᠭᠴᠢ ᠶᠢᠨ ᠬᠡᠷᠡᠭᠴᠡᠭᠡ ᠱᠠᠭᠠᠷᠳᠠᠯᠭ᠎ᠠ ᠶᠢᠨ | ᠪᠠᠶᠢᠴᠠᠭᠠᠯᠲᠠ᠂ ᠲᠤᠰᠬᠠᠶ ᠮᠡᠷᠭᠡᠵᠢᠯ ᠤᠨ ᠨᠤᠲᠠᠯᠠᠯᠲᠠ ᠪᠠ ᠬᠡᠷᠡᠭᠵᠢᠭᠦᠯᠦᠯᠲᠡ ᠶᠢᠨ ᠦᠨᠡᠯᠡᠨ ᠵᠢᠱᠢᠯᠲᠡ ᠶᠢ ᠴᠢᠩᠭᠠᠳᠬᠠᠨ᠂ ᠶᠡᠷᠦᠩᠬᠡᠶᠢᠯᠡᠭᠰᠡᠨ ᠴᠢᠨᠠᠷ᠂ | ᠦᠢᠯᠡᠳᠦᠯᠭᠡᠲᠦ ᠴᠢᠨᠠᠷ ᠪᠠ ᠰᠣᠩᠭᠤᠬᠤ ᠴᠢᠨᠠᠷ ᠢ ᠴᠢᠩᠭᠠᠷᠠᠭᠤᠯᠬᠤ ᠬᠡᠷᠡᠭᠲᠡᠶ︔ ᠣᠯᠠᠨ ᠵᠦᠢᠯ ᠤᠨ ᠬᠡᠯᠪᠡᠷᠢ ᠮᠠᠶ᠋ᠢᠭ ᠤᠨ ᠬᠢᠴᠢᠶᠡᠯ ᠤᠨ ᠡᠬᠢ ᠪᠠᠶᠠᠯᠢᠭ ᠢ ᠨᠡᠭᠡᠭᠡᠨ | ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ︽ᠰᠠᠨᠠᠯ︾ ᠳᠤ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ | ᠬᠠᠮᠢᠶᠠᠷᠤᠯᠲᠠ ᠶᠢᠨ ᠠᠷᠭ᠎ᠠ︾ ᠳᠤ ᠵᠠᠷᠴᠢᠮ ᠳᠡᠭᠡᠷ᠎ᠡ ᠪᠠᠨ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠬᠡᠪᠯᠡᠬᠦ ᠥᠬᠡᠶ ᠭᠡᠬᠦ | ᠲᠣᠭᠲᠠᠭᠠᠯ ᠢ ᠳᠠᠬᠢᠨᠲᠠ ᠲᠣᠳᠣᠷᠬᠠᠶᠢᠯᠠᠪᠠ᠃ | 6 . ᠶᠠᠭᠤᠨ ᠳᠤ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠬᠡᠷᠡᠭᠲᠡᠢ ᠪᠤᠢ︖ | ︽ᠰᠠᠨᠠᠯ︾ ᠳᠤ ᠭᠤᠷᠪᠠᠨ ᠲᠥᠷᠥᠯ ᠤᠨ ᠬᠢᠴᠢᠶᠡᠯ ᠢ ᠨᠢᠭᠡᠳᠦᠯᠲᠡᠶ ᠲᠥᠯᠥᠪᠵᠢᠭᠦᠯᠬᠦ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠭᠤᠷᠪᠠᠨ ᠲᠥᠷᠥᠯ ᠤᠨ ᠬᠢᠴᠢᠶᠡᠯ ᠭᠡᠳᠡᠭ ᠨᠢ ᠤᠯᠤᠰ ᠤᠨ ᠬᠢᠴᠢᠶᠡᠯ᠂ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ | ᠬᠢᠴᠢᠶᠡᠯ ᠪᠣᠯᠤᠨ᠎ᠠ︔ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠭᠤᠷᠪᠠᠨ ᠲᠥᠷᠥᠯ ᠤᠨ ᠬᠢᠴᠢᠶᠡᠯ ᠪᠣᠯ ᠵᠠᠪᠠᠯ ᠰᠤᠷᠬᠤ ᠬᠢᠴᠢᠶᠡᠯ᠂ | ᠰᠣᠩᠭᠤᠨ ᠵᠠᠪᠠᠯ ᠰᠤᠷᠬᠤ ᠬᠢᠴᠢᠶᠡᠯ ᠪᠠ ᠰᠣᠩᠭᠤᠨ ᠰᠤᠷᠬᠤ ᠬᠢᠴᠢᠶᠡᠯ ᠢ ᠵᠢᠭᠠᠨ᠎ᠠ᠂ ᠡᠭᠦᠨ ᠳᠤ ᠵᠠᠪᠠᠯ ᠰᠤᠷᠬᠤ ᠬᠢᠴᠢᠶᠡᠯ ᠪᠠ ᠰᠣᠩᠭᠤᠨ ᠵᠠᠪᠠᠯ ᠰᠤᠷᠬᠤ ᠬᠢᠴᠢᠶᠡᠯ | ᠪᠣᠯ ᠴᠥᠮ ᠤᠯᠤᠰ ᠤᠨ ᠬᠢᠴᠢᠶᠡᠯ ᠪᠠᠶᠢᠵᠤ᠂ ᠰᠣᠩᠭᠤᠨ ᠰᠤᠷᠬᠤ ᠬᠢᠴᠢᠶᠡᠯ ᠪᠣᠯ ᠰᠤᠷᠭᠠᠭᠤᠯᠢ ᠶᠢᠨ ᠬᠢᠴᠢᠶᠡᠯ ᠪᠣᠯᠤᠨ᠎ᠠ᠃ ᠬᠡᠳᠦ᠋ᠢᠪᠡᠷ ᠭᠤᠷᠪᠠᠨ ᠲᠥᠷᠥᠯ ᠤᠨ | ᠬᠢᠴᠢᠶᠡᠯ ᠤᠨ ᠪᠣᠳᠠᠲᠠᠶ ᠴᠢᠳᠠᠮᠵᠢ ᠶᠢᠨ ᠪᠠᠶᠢᠷᠢ ᠲᠣᠭᠲᠠᠭᠠᠯᠲᠠ᠂ ᠭᠤᠤᠯ ᠰᠡᠳᠦᠪ ᠠᠭᠤᠯᠭ᠎ᠠ ᠵᠢᠴᠢ ᠨᠡᠭᠡᠭᠡᠨ ᠬᠥᠭᠵᠢᠭᠦᠯᠬᠦ ᠭᠤᠤᠯ ᠴᠣᠭᠴᠠ ᠶᠢᠨ ᠲᠠᠯ᠎ᠠ ᠪᠠᠷ | ᠵᠥᠷᠢᠶ᠎ᠡ ᠲᠠᠢ ᠪᠣᠯᠪᠠᠴᠤ ᠲᠡᠳᠡᠭᠡᠷ ᠨᠢ ᠬᠦᠰᠡᠯᠡᠩ ᠲᠠᠢ᠂ ᠴᠢᠳᠠᠪᠤᠷᠢ ᠲᠠᠢ᠂ ᠬᠠᠷᠢᠭᠤᠴᠠᠯᠭ᠎ᠠ ᠲᠠᠢ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠬᠡᠷᠡᠭᠴᠡᠭᠡ ᠶᠢ | ᠳᠠᠭᠠᠬᠤ ᠶᠢᠨ ᠬᠠᠮᠲᠤ ᠲᠡᠭᠦᠨ ᠳᠤ ᠦᠢᠯᠡᠴᠢᠯᠡᠳᠡᠭ᠂ ᠡᠶᠢᠮᠦ ᠠᠴᠠ ᠡᠷᠬᠡᠪᠰᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠣᠨᠴᠠᠭᠠᠶᠢᠯᠠᠨ ᠣᠷᠣᠨ | ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠪᠣᠯᠤᠨ ᠤᠯᠤᠰ ᠤᠨ ᠬᠢᠴᠢᠶᠡᠯ ᠤᠨ ᠪᠦᠲᠦᠮᠵᠢᠲᠡᠶ ᠬᠠᠮᠵᠢᠯᠴᠠᠭ᠎ᠠ ᠶᠢ ᠴᠢᠩᠭᠠᠳᠬᠠᠵᠤ᠂ ᠬᠢᠴᠢᠶᠡᠯ ᠢᠶᠠᠷ | ᠬᠥᠮᠦᠨ ᠢ ᠬᠥᠮᠦᠵᠢᠭᠦᠯᠬᠦ ᠬᠠᠮ ᠬᠦᠴᠦᠨ ᠢ ᠪᠦᠷᠢᠯᠳᠦᠭᠦᠯᠬᠦ ᠬᠡᠷᠡᠭᠲᠡᠶ᠃ ︽ᠰᠠᠨᠠᠯ︾ ᠳᠤ ᠭᠤᠷᠪᠠᠨ ᠲᠥᠷᠥᠯ ᠤᠨ ᠬᠢᠴᠢᠶᠡᠯ ᠤᠨ ᠬᠠᠷᠢᠴᠠᠭ᠎ᠠ ᠶᠢ ᠲᠣᠳᠤᠷᠬᠠᠶᠢᠯᠠᠬᠤ | ᠬᠡᠷᠡᠭᠲᠡᠶ ᠭᠡᠵᠦ ᠱᠠᠭᠠᠷᠳᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠤᠯᠤᠰ ᠤᠨ ᠬᠢᠴᠢᠶᠡᠯ ᠢᠶᠠᠷ ᠭᠤᠤᠯ ᠴᠣᠭᠴᠠ ᠪᠣᠯᠭᠠᠭᠰᠠᠨ᠂ ᠣᠷᠣᠨ | ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠢᠶᠠᠷ ᠴᠢᠬᠤᠯᠠ ᠥᠷᠭᠡᠳᠬᠡᠯ ᠪᠠ ᠠᠰᠢᠭᠲᠠᠶ ᠨᠥᠬᠦᠪᠥᠷᠢ ᠪᠣᠯᠭᠠᠭᠰᠠᠨ ᠬᠢᠴᠢᠶᠡᠯ ᠤᠨ ᠳᠣᠭᠲᠠᠯᠴᠠᠭ᠎ᠠ ᠶᠢ | ᠪᠠᠶᠢᠭᠤᠯᠤᠨ᠎ᠠ︔ ᠡᠩ ᠤᠨ ᠳᠡᠭᠡᠳᠦ ᠵᠡᠷᠭᠡ ᠶᠢᠨ ᠡᠯ᠎ᠡ ᠳᠤᠮᠳᠠᠳᠤ ᠰᠤᠷᠭᠠᠭᠤᠯᠢ ᠰᠠᠭᠤᠷᠢ ᠴᠢᠨᠠᠷᠲᠠᠶ ᠪᠠᠶᠢᠬᠤ ᠶᠢ ᠪᠠᠲᠤᠯᠠᠨ᠂ ᠰᠣᠩᠭᠤᠯᠲᠠᠲᠤ ᠴᠢᠨᠠᠷ ᠢ | ᠨᠠᠶᠢᠳᠠᠪᠤᠷᠢᠵᠢᠭᠤᠯᠵᠤ᠂ ᠨᠡᠭᠡᠭᠡᠯᠲᠡᠲᠦ ᠴᠢᠨᠠᠷ ᠢ ᠨᠡᠮᠡᠭᠳᠡᠭᠦᠯᠬᠦ ᠬᠡᠷᠡᠭᠲᠡᠶ᠂ ᠰᠣᠩᠭᠤᠨ ᠰᠤᠷᠬᠤ ᠬᠢᠴᠢᠶᠡᠯ ᠤᠨ ᠠᠭᠤᠯᠭ᠎ᠠ ᠨᠢ ᠬᠢᠴᠢᠶᠡᠯ ᠤᠨ ᠲᠥᠰᠦᠯ ᠳᠤ | ᠲᠣᠭᠲᠠᠭᠠᠭᠰᠠᠨ ᠬᠢᠴᠢᠶᠡᠯ ᠳᠤ ᠬᠢᠵᠠᠭᠠᠷᠯᠠᠭᠳᠠᠬᠤ ᠦᠭᠡᠶ ᠪᠠᠶᠢᠵᠤ᠂ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠴᠢᠬᠤᠯᠠᠴᠢᠯᠠᠨ᠂ ᠶᠠᠩᠵᠤ ᠬᠡᠯᠪᠡᠷᠢ ᠪᠠᠨ | ᠪᠠᠶᠠᠯᠢᠭᠵᠢᠭᠤᠯᠬᠤ ᠬᠡᠷᠡᠭᠲᠡᠶ᠃ ᠡᠭᠦᠨ ᠤ ᠬᠠᠮᠲᠤ ᠮᠤᠵᠢ ᠶᠢᠨ ᠱᠠᠲᠤ ᠪᠠ ᠰᠤᠷᠭᠠᠭᠤᠯᠢ ᠬᠤᠶᠠᠷ ᠲᠠᠯ᠎ᠠ ᠠᠴᠠ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠨ᠎ᠠ | ᠭᠡᠵᠦ ᠳᠤᠷᠠᠳᠪᠠ᠃ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠲᠣᠰ ᠭᠠᠵᠠᠷ ᠣᠷᠣᠨ ᠤ ᠤᠯᠤᠰ ᠤᠨ | ᠬᠢᠴᠢᠶᠡᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠢᠴᠢᠶᠡᠯ ᠤᠨ ᠬᠡᠷᠡᠭᠵᠢᠭᠦᠯᠬᠦ ᠠᠷᠭ᠎ᠠ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠬᠡᠷᠡᠭᠵᠢᠭᠦᠯᠬᠦ ᠵᠢᠯᠣᠭᠤᠳᠬᠤ | ᠰᠠᠨᠠᠯ ᠢ ᠲᠣᠭᠲᠠᠭᠠᠨ ᠬᠡᠷᠡᠭᠵᠢᠭᠦᠯᠬᠦ ᠪᠠᠷ ᠳᠠᠮᠵᠢᠭᠤᠯᠤᠨ᠂ ᠭᠤᠷᠪᠠᠨ ᠲᠥᠷᠥᠯ ᠤᠨ ᠬᠢᠴᠢᠶᠡᠯ ᠤᠨ ᠬᠠᠮᠵᠢᠯᠴᠠᠨ ᠬᠥᠮᠦᠨ ᠬᠥᠮᠦᠵᠢᠭᠦᠯᠬᠦ ᠶᠢ ᠠᠬᠢᠭᠤᠯᠬᠤ ᠬᠡᠷᠡᠭᠲᠡᠶ᠃ | ᠰᠤᠷᠭᠠᠭᠤᠯᠢ ᠪᠣᠯ ᠲᠤᠰ ᠰᠤᠷᠭᠠᠭᠤᠯᠢ ᠶᠢᠨ ᠤᠯᠤᠰ ᠤᠨ ᠬᠢᠴᠢᠶᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ | ᠪᠣᠯᠬᠤᠷ ᠬᠢᠴᠢᠶᠡᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠪᠠᠷ ᠳᠠᠮᠵᠢᠭᠤᠯᠤᠨ᠂ ᠤᠯᠤᠰ ᠤᠨ ᠬᠢᠴᠢᠶᠡᠯ ᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠢᠴᠢᠶᠡᠯ ᠢ ᠨᠡᠭᠡᠭᠡᠬᠦ ᠶᠢ ᠵᠢᠷᠤᠮᠵᠢᠭᠤᠯᠤᠨ᠂ ᠰᠤᠷᠭᠠᠭᠤᠯᠢ ᠶᠢᠨ ᠬᠢᠴᠢᠶᠡᠯ ᠢ ᠵᠦᠢ ᠵᠣᠬᠢᠰᠲᠠᠶ ᠨᠡᠭᠡᠭᠡᠵᠦ᠂ ᠬᠠᠮᠢᠶ᠎ᠠ | ᠪᠦᠬᠦᠢ ᠠᠭᠤᠯᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠰᠠᠶᠢᠲᠤᠷ ᠬᠢᠵᠦ᠂ ᠡᠮᠬᠢᠯᠡᠨ ᠨᠡᠶᠢᠯᠡᠭᠦᠯᠵᠦ ᠬᠡᠷᠡᠭᠵᠢᠭᠦᠯᠦᠨ᠎ᠡ᠃ | 7 . ᠡᠯ᠎ᠡ ᠲᠦᠷᠦᠯ ᠤᠨ ᠲᠤᠰᠬᠠᠢ ᠰᠡᠳᠦᠪᠲᠦ ᠰᠤᠷᠭᠠᠨ ᠬᠥᠮᠦᠵᠢᠯ ᠡᠩ ᠤᠨ ᠪᠠᠶᠢᠳᠠᠯ ᠳᠤ ᠶᠠᠭᠠᠬᠢᠭᠠᠳ ᠲᠤᠰᠠᠭᠠᠷ ᠬᠢᠴᠢᠶᠡᠯ ᠲᠤᠬᠢᠷᠠᠭᠤᠯᠬᠤ ᠦᠭᠡᠢ ᠪᠤᠢ︖ | ︽ᠰᠠᠨᠠᠯ︾ ᠳᠤ᠂ ᠡᠯ᠎ᠡ ᠲᠥᠷᠥᠯ ᠤᠨ ᠲᠤᠰᠬᠠᠶ ᠰᠡᠳᠦᠪᠲᠦ ᠬᠥᠮᠦᠵᠢᠯ ᠢ ᠠᠭᠤᠰᠤᠯᠴᠠᠭᠤᠯᠬᠤ ᠪᠠᠷ ᠭᠤᠤᠯ ᠪᠣᠯᠭᠠᠵᠤ᠂ ᠵᠠᠷᠴᠢᠮ ᠳᠡᠭᠡᠷ᠎ᠡ ᠪᠠᠨ ᠲᠤᠰᠠᠭᠠᠷ ᠬᠢᠴᠢᠶᠡᠯ | ᠲᠣᠬᠢᠷᠠᠭᠤᠯᠬᠤ ᠥᠬᠡᠶ᠃ ᠤᠢᠢᠷ᠎ᠠ ᠶᠢᠨ ᠵᠢᠯ᠂ ᠰᠤᠷᠭᠠᠨ ᠬᠥᠮᠦᠵᠢᠯ ᠤᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠠᠵᠢᠯ ᠢ | ᠪᠠᠶᠢᠷᠢᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ ᠤᠨ ᠤᠯᠠᠮᠵᠢᠯᠠᠯ᠂ ᠬᠥᠳᠡᠯᠮᠦᠷᠢ᠂ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ᠂ ᠤᠯᠤᠰ ᠤᠨ ᠪᠠᠲᠤᠯᠠᠨ ᠬᠠᠮᠠᠭᠠᠯᠠᠯᠲᠠ᠂ ᠠᠮᠢ ᠨᠠᠰᠤᠨ ᠤ ᠠᠮᠤᠷ ᠲᠦᠪᠰᠢᠨ ᠪᠣᠯᠤᠨ ᠡᠷᠡᠭᠦᠯ ᠮᠡᠨᠳᠦ ᠵᠡᠷᠭᠡ ᠴᠢᠬᠤᠯᠠ ᠶᠡᠭᠡ ᠭᠤᠣᠯ ᠰᠡᠳᠦᠪᠲᠦ | ᠬᠥᠮᠦᠵᠢᠯ ᠢ ᠵᠢᠭᠠᠬᠤ ᠮᠠᠲ᠋ᠧᠷᠢᠶᠠᠯ ᠳᠤ ᠰᠢᠰᠲ᠋ᠧᠮ ᠲᠠᠢ ᠲᠥᠯᠦᠪᠯᠡᠬᠦ ᠪᠠ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠠᠯᠢ ᠤᠯᠠᠨ ᠵᠦᠭᠯᠡᠭᠦᠷ ᠪᠤᠶᠤ ᠵᠢᠯᠣᠭᠤᠳᠬᠤ | ᠬᠥᠲᠥᠯᠪᠦᠷᠢ ᠶᠢ ᠳᠠᠷᠤᠮᠠᠯᠯᠠᠨ ᠲᠠᠷᠬᠠᠭᠠᠵᠤ᠂ ︽ᠶᠠᠭᠤ ᠶᠢ ᠣᠷᠣᠭᠤᠯᠬᠤ︾᠂ ︽ᠶᠠᠭᠠᠬᠢᠵᠤ ᠣᠷᠣᠭᠤᠯᠬᠤ︾᠂ ︽ᠶᠠᠭᠠᠬᠢᠵᠤ ᠵᠢᠭᠠᠬᠤ︾ ᠵᠡᠷᠭᠡ ᠶᠢ | ᠲᠣᠳᠣᠷᠬᠠᠶᠢᠯᠠᠪᠠ᠃ ᠰᠠᠭᠤᠷᠢ ᠰᠤᠷᠭᠠᠨ ᠬᠥᠮᠦᠵᠢᠯ ᠨᠢ ᠰᠠᠭᠤᠷᠢ ᠴᠢᠨᠠᠷᠲᠠᠢ᠂ ᠶᠡᠷᠦᠩᠬᠡᠶᠢᠯᠡᠭᠰᠡᠨ ᠣᠨᠴᠠᠯᠢᠭ ᠲᠠᠢ ᠪᠠᠶᠢᠵᠤ᠂ ᠢᠩᠭᠢᠵᠦ ᠲᠤᠬᠢᠷᠠᠭᠤᠯᠬᠤ ᠨᠢ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣᠨ ᠳᠤ ᠨᠡᠶᠢᠴᠡᠵᠦ᠂ ᠬᠥᠮᠦᠨ ᠬᠥᠮᠦᠵᠢᠭᠦᠯᠬᠦ ᠬᠠᠷᠠᠯᠲᠠ᠂ ᠰᠤᠷᠭᠠᠨ ᠬᠥᠮᠦᠵᠢᠯ ᠤᠨ ᠠᠭᠤᠯᠭ᠎ᠠ ᠶᠢᠨ ᠱᠠᠭᠠᠷᠳᠠᠯᠭ᠎ᠠ᠂ | ᠵᠢᠭᠠᠨ ᠰᠤᠷᠭᠠᠯᠲᠠ ᠶᠢᠨ ᠲᠤᠬᠢᠷᠠᠭᠤᠯᠤᠯᠳᠠ ᠵᠡᠷᠭᠡ ᠶᠢ ᠨᠢᠭᠡᠳᠦᠯᠲᠡᠢ ᠲᠥᠯᠥᠪᠵᠢᠭᠦᠯᠬᠦ ᠳᠤ ᠠᠰᠢᠭᠲᠠᠢ ᠪᠠᠶᠢᠵᠤ᠂ ᠤᠯᠤᠰ ᠤᠨ ᠬᠢᠴᠢᠶᠡᠯ ᠲᠠᠢ ᠰᠠᠯᠤᠩᠭᠢᠷᠠᠬᠤ ᠪᠤᠶᠤ | ᠳᠥᠭᠦᠮᠬᠡᠨ ᠢᠶᠠᠷ ᠳᠠᠪᠬᠤᠷᠳᠠᠬᠤ ᠠᠴᠠ ᠵᠠᠶᠢᠯᠠᠰᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠳᠤ ᠬᠦᠨᠳᠦ ᠬᠢᠴᠢᠶᠡᠯ ᠰᠤᠷᠤᠯᠭ᠎ᠠ ᠶᠢᠨ | ᠳᠠᠷᠤᠭᠠᠰᠤ ᠶᠢ ᠬᠥᠩᠭᠡᠷᠡᠭᠦᠯᠵᠦ ᠪᠣᠯᠤᠨ᠎ᠠ᠃ ᠤᠯᠤᠰ ᠤᠨ ᠬᠢᠴᠢᠶᠡᠯ ᠪᠠ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠦᠶ᠎ᠡ ᠳᠤ ᠨᠢᠭᠡᠨᠲᠡ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠣᠷᠣᠭᠤᠯᠤᠭᠰᠠᠨ ᠪᠠᠶᠢᠨ᠎ᠠ᠃ ᠳᠠᠷᠠᠭ᠎ᠠ ᠠᠯᠬᠤᠮ ᠳᠤ ᠤᠯᠤᠰ ᠤᠨ ᠬᠢᠴᠢᠶᠡᠯ ᠢᠶᠠᠷ ᠭᠤᠤᠯ ᠪᠣᠯᠭᠠᠵᠤ᠂ ᠲᠤᠰᠬᠠᠶ ᠰᠡᠳᠦᠪᠲᠦ ᠰᠤᠷᠭᠠᠨ | ᠬᠥᠮᠦᠵᠢᠯ ᠤᠨ ᠱᠠᠭᠠᠷᠳᠠᠯᠭ᠎ᠠ ᠶᠢ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭᠠᠨ ᠳᠤ ᠨᠠᠶᠢᠳᠠᠪᠤᠷᠢᠵᠢᠭᠤᠯᠵᠤ᠂ ᠬᠥᠮᠦᠨ | ᠬᠥᠮᠦᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 8 . ︽ᠰᠠᠨᠠᠯ︾ ᠳᠤ ᠣᠷᠣᠨ ᠨᠤᠲᠤᠭ ᠪᠠ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠢᠨᠠᠨ ᠵᠥᠪᠯᠡᠵᠦ ᠬᠢᠨᠠᠨ ᠪᠠᠶᠢᠴᠠᠭᠠᠬᠤ ᠠᠵᠢᠯ ᠢ | ᠴᠢᠩᠭᠠᠳᠬᠠᠬᠤ ᠲᠤᠬᠠᠶ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ | ︽ᠰᠠᠨᠠᠯ︾ ᠳᠤ᠂ ᠡᠯ᠎ᠡ ᠭᠠᠵᠠᠷ ᠤᠨ ᠬᠢᠨ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠢ ᠬᠢᠨᠠᠨ ᠵᠥᠪᠯᠡᠵᠦ ᠬᠢᠨᠠᠨ ᠪᠠᠶᠢᠴᠠᠭᠠᠬᠤ ᠲᠦᠷᠢᠮ ᠢ | ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠨᠢᠭᠡ ᠳᠤ᠂ ︽ᠪᠠᠶᠢᠭᠤᠯᠬᠤ ᠳᠤ ᠵᠠᠪᠠᠯ ᠬᠢᠨᠠᠬᠤ︾᠂ ︽ᠬᠡᠷᠡᠭᠯᠡᠬᠦ ᠳᠤ ᠵᠠᠪᠠᠯ ᠬᠢᠨᠠᠬᠤ︾ ᠵᠠᠷᠴᠢᠮ ᠢ ᠪᠠᠷᠢᠮᠲᠠᠯᠠᠵᠤ᠂ | ᠮᠤᠵᠢ ᠶᠢᠨ ᠱᠠᠲᠤ᠂ ᠰᠤᠷᠭᠠᠭᠤᠯᠢ ᠶᠢᠨ ᠬᠢᠨᠠᠨ ᠵᠥᠪᠯᠡᠵᠦ ᠬᠢᠨᠠᠨ ᠪᠠᠶᠢᠴᠠᠭᠠᠬᠤ ᠭᠤᠤᠯᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ︔ ᠬᠤᠶᠠᠷ ᠲᠤ᠂ ᠬᠢᠨᠠᠨ ᠵᠥᠪᠯᠡᠵᠦ | ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠳᠠᠯᠠᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠭᠤᠤᠯᠳᠠᠭᠤ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠴᠠᠭ ᠦᠶᠡᠴᠢ ᠴᠢᠨᠠᠷ᠂ | ᠵᠢᠷᠤᠮᠵᠢᠯᠳᠤ ᠴᠢᠨᠠᠷ᠂ ᠬᠠᠮᠵᠢᠯᠴᠠᠬᠤ ᠴᠢᠨᠠᠷ ᠵᠡᠷᠭᠡ ᠲᠠᠯ᠎ᠠ ᠪᠠᠷ ᠬᠢᠨᠠᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ︔ ᠭᠤᠷᠪᠠ ᠳᠤ᠂ ᠬᠢᠨᠠᠨ ᠵᠥᠪᠯᠡᠵᠦ ᠬᠢᠨᠠᠨ | ᠪᠠᠶᠢᠴᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠲᠤᠰᠬᠠᠢ | ᠣᠷᠣᠨ ᠬᠤᠳᠠ ᠶᠢᠨ ᠱᠠᠳᠤ᠂ ᠰᠢᠶᠠᠨ ᠲᠣᠭᠤᠷᠢᠭ ᠤᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠭᠤᠯᠢ ᠶᠢᠨ ᠵᠣᠬᠢᠶᠠᠨ | ᠪᠠᠶᠢᠭᠤᠯᠵᠤ ᠤᠳᠤᠷᠢᠳᠬᠤ ᠲᠤᠰᠢᠶᠠᠯ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠤᠯᠤᠰ ᠲᠦᠷᠦᠴᠢ ᠴᠢᠨᠠᠷ ᠪᠠ ᠲᠤᠰᠬᠠᠢ ᠮᠡᠷᠭᠡᠵᠢᠯ ᠤᠨ ᠴᠢᠨᠠᠷ ᠢ ᠠᠳᠬᠤᠬᠤ ᠶᠢ | ᠴᠢᠬᠤᠯᠠᠴᠢᠯᠠᠬᠤ ᠬᠡᠷᠡᠭᠲᠡᠢ᠃ | 9 . ︽ᠰᠠᠨᠠᠯ︾ ᠳᠤ ᠬᠢᠨᠠᠨ ᠵᠥᠪᠯᠡᠵᠦ ᠬᠢᠨᠠᠨ ᠪᠠᠶᠢᠴᠠᠭᠠᠬᠤ ᠲᠦᠷᠢᠮ ᠢ ᠴᠢᠬᠤᠯᠠᠴᠢᠯᠠᠭᠰᠠᠨ ᠰᠠᠭᠤᠷᠢᠨ ᠳᠡᠭᠡᠷ᠎ᠡ ᠪᠠᠰᠠ ᠶᠠᠮᠠᠷ ᠬᠠᠮᠢᠶᠠᠷᠤᠯᠲᠠ ᠶᠢᠨ ᠱᠠᠭᠠᠷᠳᠠᠯᠭ᠎ᠠ | ᠳᠤᠷᠠᠳᠤᠭᠰᠠᠨ ᠪᠣᠶ︖ | ︽ᠰᠠᠨᠠᠯ︾ ᠳᠤ᠂ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠢ ᠬᠢᠨᠠᠨ ᠵᠥᠪᠯᠡᠵᠦ ᠬᠢᠨᠠᠨ ᠪᠠᠶᠢᠴᠠᠭᠠᠬᠤ ᠲᠦᠷᠢᠮ᠂ ᠳᠠᠩᠰᠠᠯᠠᠬᠤ ᠲᠦᠷᠢᠮ᠂ | ᠬᠢᠴᠢᠶᠡᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠦᠷᠢᠮ᠂ ᠲᠤᠰᠬᠠᠶ ᠮᠡᠷᠭᠡᠵᠢᠯ ᠤᠨ ᠳᠡᠮᠵᠢᠯᠭᠡ ᠶᠢᠨ ᠲᠦᠷᠢᠮ ᠪᠠ ᠬᠢᠴᠢᠶᠡᠯ ᠢ ᠬᠢᠨᠠᠨ ᠰᠢᠯᠭᠠᠵᠤ | ᠵᠠᠰᠠᠪᠤᠷᠢ ᠣᠷᠣᠭᠤᠯᠬᠤ ᠲᠦᠷᠢᠮ ᠢ ᠪᠠᠶᠢᠭᠤᠯᠵᠤ᠂ ᠬᠠᠮᠢᠶᠠᠷᠤᠯᠲᠠ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠶ᠃ ᠡᠭᠦᠨ ᠤ ᠬᠠᠮᠲᠤ ᠡᠯ᠎ᠡ ᠮᠤᠵᠢ ᠶᠢᠨ ᠱᠠᠲᠤᠨ ᠤ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠤᠤᠷ᠎ᠠ ︽ᠬᠡᠨ ᠲᠣᠬᠢᠷᠠᠭᠤᠯᠤᠭᠰᠠᠨ ᠪᠣᠯ | ᠬᠡᠨ ᠬᠠᠷᠢᠭᠤᠴᠠᠬᠤ︾᠂ ︽ᠬᠡᠨ ᠨᠡᠭᠡᠭᠡᠨ ᠬᠥᠭᠵᠢᠭᠦᠯᠦᠭᠰᠡᠨ ᠪᠣᠯ ᠬᠡᠨ ᠬᠠᠷᠢᠭᠤᠴᠠᠬᠤ︾ ᠵᠠᠷᠴᠢᠮ ᠶᠣᠰᠤ ᠪᠠᠷ ᠤᠯᠤᠰ ᠲᠥᠷᠥ ᠶᠢᠨ ᠬᠠᠷᠢᠭᠤᠴᠠᠯᠭ᠎ᠠ ᠪᠠ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠰᠤᠷᠭᠠᠭᠤᠯᠢ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ ᠤᠳᠤᠷᠢᠳᠤᠯᠭ᠎ᠠ ᠪᠠᠷ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠵᠦ᠂ ᠭᠤᠷᠪᠠᠨ ᠲᠥᠷᠥᠯ ᠤᠨ ᠬᠢᠴᠢᠶᠡᠯ ᠤᠨ ᠬᠠᠮᠵᠢᠯᠴᠠᠨ ᠬᠥᠮᠦᠨ ᠬᠥᠮᠦᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | 10 . ᠡᠯ᠎ᠡ ᠭᠠᠵᠠᠷ ᠪᠠ ᠡᠯ᠎ᠡ ᠰᠤᠷᠭᠠᠭᠤᠯᠢ ︽ᠰᠠᠨᠠᠯ︾ ᠢ ᠨᠠᠶᠢᠳᠠᠪᠤᠷᠢᠵᠢᠭᠤᠯᠬᠤ ᠳᠤ ᠲᠠ ᠶᠠᠭᠤ ᠶᠢ ᠰᠠᠨᠠᠭᠤᠯᠬᠤ ᠪᠣᠶ︖ | ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠬᠥᠮᠦᠨ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠬᠤ ᠶᠢᠨ ᠲᠥᠯᠦᠭᠡ᠂ ᠡᠯ᠎ᠡ | ᠭᠠᠵᠠᠷ ᠪᠣᠯᠤᠨ ᠡᠯ᠎ᠡ ᠰᠤᠷᠭᠠᠭᠤᠯᠢ ᠭᠤᠷᠪᠠᠨ ᠲᠠᠯ᠎ᠠ ᠠᠴᠠ ᠭᠠᠷᠳᠠᠵᠤ᠂ ︽ᠰᠠᠨᠠᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠶᠢᠵᠢᠭᠤᠯᠬᠤ ᠶᠢ | ᠲᠦᠯᠬᠢᠨ ᠠᠬᠢᠭᠤᠯᠬᠤ ᠬᠡᠷᠡᠭᠲᠡᠶ᠃ ᠨᠢᠭᠡ ᠳᠤ᠂ ᠪᠣᠯᠪᠠᠰᠤᠷᠠᠭᠤᠯᠤᠯ ᠪᠠ ᠲᠠᠶᠢᠯᠤᠮᠵᠢ ᠶᠢ ᠪᠥᠬᠦ ᠲᠠᠯ᠎ᠠ ᠪᠠᠷ ᠴᠢᠩᠭᠠᠳᠬᠠᠨ᠎ᠠ᠃ ︽ᠰᠠᠨᠠᠯ︾ ᠤᠨ ᠲᠥᠷᠥ ᠶᠢᠨ | ᠪᠣᠳᠣᠯᠭ᠎ᠠ ᠶᠢᠨ ᠭᠤᠤᠯᠳᠠᠯᠭ᠎ᠠ ᠪᠣᠯᠤᠨ ᠰᠤᠳᠤᠯᠤᠨ ᠦᠢᠯᠡᠳᠬᠦ ᠰᠡᠳᠬᠢᠮᠵᠢ ᠶᠢ ᠭᠦᠨᠵᠡᠭᠡᠶ ᠲᠣᠳᠣᠷᠬᠠᠶᠢᠯᠠᠨ ᠲᠠᠶᠢᠯᠪᠤᠷᠢᠯᠠᠵᠤ᠂ ᠣᠷᠣᠨ ᠨᠤᠲᠤᠭ ᠤᠨ ᠡᠯ᠎ᠡ ᠱᠠᠲᠤᠨ ᠤ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠶᠢᠨ ᠬᠢᠴᠢᠶᠡᠯ ᠤᠨ ᠦᠵᠡᠯ ᠤᠬᠠᠮᠰᠠᠷ᠂ ᠵᠢᠷᠤᠮᠵᠢᠯ ᠤᠨ ᠦᠵᠡᠯ ᠤᠬᠠᠮᠰᠠᠷ | ᠪᠣᠯᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠬᠤᠶᠠᠷ ᠲᠤ᠂ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ | ᠃ ᠡᠯ᠎ᠡ ᠭᠠᠵᠠᠷ ᠤᠨ ᠬᠢᠨ ᠭᠦᠢᠴᠡᠳ ᠪᠠᠶᠢᠴᠠᠭᠠᠨ ᠰᠤᠳᠤᠯᠵᠤ ᠨᠣᠲᠠᠯᠠᠨ᠂ ᠬᠡᠷᠡᠭᠵᠢᠭᠦᠯᠬᠦ ᠠᠬᠢᠴᠠ ᠶᠢᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠬᠤ ᠬᠡᠷᠡᠭᠲᠡᠶ᠃ ᠭᠤᠷᠪᠠᠨ ᠵᠢᠯ ᠤᠨ ᠵᠠᠪᠰᠠᠷ ᠤᠨ ᠬᠤᠭᠤᠴᠠᠭ᠎ᠠ ᠭᠠᠷᠭᠠᠵᠤ᠂ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ | ᠠᠬᠢᠭᠤᠯᠤᠨ᠎ᠠ᠃ ᠭᠤᠷᠪᠠ ᠳᠤ᠂ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠨ᠎ᠠ᠃ ︽ᠰᠠᠨᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠶᠠᠪᠤᠴᠠ ᠶᠢᠨ | ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠷᠠᠭᠤᠯᠵᠤ᠂ ᠣᠷᠣᠨ ᠨᠤᠲᠤᠭ ᠪᠠ ᠰᠤᠷᠭᠠᠭᠤᠯᠢ ᠶᠢ ᠬᠥᠲᠥᠯᠦᠨ ᠵᠢᠯᠣᠭᠤᠳᠴᠤ ᠬᠢᠴᠢᠶᠡᠯ ᠤᠨ | ᠪᠥᠲᠥᠭᠡᠨ ᠪᠠᠶᠢᠭᠤᠯᠤᠯᠲᠠ ᠶᠢᠨ ᠵᠥᠪ ᠴᠢᠭᠯᠡᠯ ᠢ ᠣᠨᠣᠪᠴᠢᠲᠠᠶ ᠡᠵᠡᠮᠳᠡᠬᠦ ᠬᠡᠷᠡᠭᠲᠡᠶ᠃ |