ᠥᠪᠥᠷ ᠮᠣᠩᠭᠤᠯ ᠤᠨ 2023 ᠣᠨ ᠤ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ︵ᠬᠤᠶᠠᠷ︶
ᠨᠡᠶᠢᠲᠡᠯᠡᠭᠰᠡᠨ ᠴᠠᠭ᠄
2023/7/20
      ︽ᠨᠢᠭᠡ ᠰᠣᠷᠣᠭᠴᠢ ᠶᠢ ᠴᠤ ᠬᠡᠷ ᠤᠨ ᠠᠮᠢᠳᠤᠷᠠᠯ ᠨᠢ ᠬᠦᠴᠢᠷᠳᠡᠯᠲᠡᠶ ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ︾ ᠪᠣᠯ ᠨᠠᠮ ᠪᠠ ᠵᠠᠰᠠᠭ ᠤᠨ ᠣᠷᠳᠣᠨ ᠤ ᠲᠥᠪ ᠴᠢᠩᠭ᠎ᠠ ᠠᠮᠠᠯᠠᠯᠲᠠ ᠮᠥᠨ᠃ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢᠨ ᠲᠥᠯᠦᠭᠡ᠂ ᠡᠳᠦᠭᠡ 2023 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠤᠷᠤᠭᠴᠢᠳ ᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠳᠤᠤᠷᠠᠬᠢ ᠮᠡᠲᠦ ᠡᠮᠬᠢᠯᠡᠪᠡ᠄      ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠳᠬᠦᠨ ᠲᠤᠰᠠᠯᠠᠮᠵᠢ      ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠢ ᠲᠥᠯᠥᠪᠦᠷᠢ ᠦᠭᠡᠶ ᠬᠠᠩᠭᠠᠨ᠎ᠠ      ᠡᠲᠡᠭᠡᠳ᠄ ᠵᠢᠩᠬᠢᠨᠢ ᠪᠠᠷ ᠳᠠᠩᠰᠠᠯᠠᠭᠤᠯᠤᠭᠰᠠᠨ ᠪᠣᠶ ᠪᠥᠬᠦᠶ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠃      ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ᠄ ᠰᠤᠷᠤᠭᠴᠢ ᠪᠦᠷᠢ ᠳᠤ ᠵᠢᠯ ᠳᠤ 2000 ᠲᠥᠭᠦᠷᠢᠭ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠨᠥᠬᠦᠴᠡᠯ ᠳᠤ ᠨᠡᠶᠢᠴᠡᠬᠦ ᠰᠤᠷᠦᠭ᠌ᠴᠢ ᠶᠢ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠳᠡᠳᠬᠦᠨ ᠳᠤᠰᠠᠯᠠᠨ᠎ᠠ᠂ ᠰᠤᠷᠤᠯᠭ᠎ᠠ ᠶᠢᠨ ᠰᠤᠯᠠ ᠵᠠᠷᠤᠳᠠᠯ ᠤᠨ ᠬᠤᠷᠢᠶᠠᠬᠤ ᠰᠦᠢᠳᠬᠡᠯ ᠨᠢ ᠲᠤᠰᠠᠯᠠᠮᠵᠢ ᠶᠢᠨ ᠪᠠᠷᠢᠮᠵᠢᠶ᠎ᠠ ᠠᠴᠠ ᠥᠨᠳᠥᠷ ᠪᠣᠯ ᠰᠤᠷᠭᠠᠭᠤᠯᠢ ᠨᠢ ᠲᠣᠭᠲᠠᠭᠠᠯ ᠶᠣᠰᠤ ᠪᠠᠷ ᠰᠤᠷᠤᠭᠴᠢᠳ ᠠᠴᠠ ᠵᠥᠷᠢᠶ᠎ᠡ ᠲᠤᠭ᠎ᠠ ᠶᠢ ᠦᠷᠭᠦᠯᠵᠢᠯᠡᠨ ᠬᠤᠷᠢᠶᠠᠵᠤ ᠪᠣᠯᠤᠨ᠎ᠠ᠃      ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ      ᠡᠲᠡᠭᠡᠳ᠄ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶᠠᠯᠠᠯ ᠲᠠᠢ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠣᠲᠣᠷᠠᠬᠢ ᠭᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢ᠃      ᠪᠠᠷᠢᠮᠵᠢᠶ᠎ᠠ᠄ ᠰᠤᠷᠤᠭᠴᠢ ᠪᠦᠷᠢ ᠳᠤ ᠳᠤᠮᠳᠠᠴᠢ ᠪᠠᠷ ᠵᠢᠯ ᠪᠦᠷᠢ 2000 ᠲᠥᠭᠦᠷᠢᠭ᠂ ᠪᠣᠳᠠᠲᠠᠶ ᠪᠠᠷᠢᠮᠵᠢᠶ᠎ᠠ ᠶᠢ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ 1000 - 3000 ᠲᠥᠭᠦᠷᠢᠭ ᠤᠨ ᠬᠡᠪᠴᠢᠶᠡᠨ ᠳᠣᠲᠣᠷ᠎ᠠ ᠲᠣᠭᠲᠠᠭᠠᠵᠤ᠂ 2 - 3 ᠳᠡᠰ ᠬᠤᠪᠢᠶᠠᠵᠤ ᠪᠣᠯᠤᠨ᠎ᠠ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠳᠬᠦᠨ ᠲᠤᠰᠠᠯᠠᠮᠵᠢ      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠢ ᠲᠦᠯᠦᠪᠦᠷᠢ ᠦᠭᠡᠶ ᠬᠠᠩᠭᠠᠨ᠎ᠠ      ᠡᠲᠡᠭᠡᠳ᠄ ᠪᠣᠶ ᠪᠥᠬᠦᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠰᠣᠷᠣᠭᠴᠢ᠃      ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ᠄ ᠰᠤᠷᠤᠭᠴᠢ ᠪᠦᠷᠢ ᠳᠤ ᠵᠢᠯ ᠳᠤ 2000 ᠲᠥᠭᠦᠷᠢᠭ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠭᠰᠠᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠳᠡᠳᠬᠦᠨ ᠳᠤᠰᠠᠯᠠᠨ᠎ᠠ᠂ ᠰᠤᠷᠤᠯᠭ᠎ᠠ ᠶᠢᠨ ᠰᠦᠢᠳᠬᠡᠯ ᠨᠢ ᠲᠤᠰᠠᠯᠠᠮᠵᠢ ᠶᠢᠨ ᠪᠠᠷᠢᠮᠵᠢᠶ᠎ᠠ ᠠᠴᠠ ᠥᠨᠳᠥᠷ ᠪᠣᠯ ᠰᠤᠷᠭᠠᠭᠤᠯᠢ ᠨᠢ ᠲᠣᠭᠲᠠᠭᠠᠯ ᠶᠣᠰᠤ ᠪᠠᠷ ᠰᠤᠷᠤᠭᠴᠢᠳ ᠠᠴᠠ ᠵᠥᠷᠢᠶ᠎ᠡ ᠲᠤᠭ᠎ᠠ ᠶᠢ ᠦᠷᠭᠦᠯᠵᠢᠯᠡᠨ ᠬᠤᠷᠢᠶᠠᠵᠤ ᠪᠣᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠣᠨᠴᠠᠭᠠᠢ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ ᠠᠴᠠ ᠥᠨᠳᠥᠷ ᠪᠠᠶᠢᠬᠤ ᠬᠡᠰᠡᠭ ᠢ ᠬᠤᠪᠢ ᠬᠥᠮᠦᠨ ᠡᠭᠦᠷᠭᠡᠯᠡᠨ᠎ᠡ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ      ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠬᠤᠶᠠᠳᠤᠭᠠᠷ ᠣᠨ ᠵᠢᠴᠢ ᠲᠡᠭᠦᠨ ᠠᠴᠠ ᠳᠡᠭᠡᠭᠰᠢᠬᠢ ᠰᠤᠷᠤᠭᠴᠢᠳ ᠤᠨ ᠳᠣᠲᠣᠷ᠎ᠠ᠂ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠳᠤ ᠠᠳᠠᠯᠢ ᠣᠨ ᠤ ᠠᠳᠠᠯᠢ ᠲᠤᠰᠬᠠᠶ ᠮᠡᠷᠭᠡᠵᠢᠯ ᠤᠨ ᠡᠮᠦᠨ᠎ᠡ 5 % ︵5 % ᠶᠢ ᠪᠠᠭᠲᠠᠭᠠᠨ᠎ᠠ︶ ᠳᠤ ᠣᠷᠣᠭᠰᠠᠨ ᠰᠤᠷᠤᠭᠴᠢ ᠪᠣᠯᠤᠨ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠳᠤ ᠠᠳᠠᠯᠢ ᠣᠨ ᠤ ᠠᠳᠠᠯᠢ ᠲᠤᠰᠬᠠᠶ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ 5 % ᠳᠤ ᠣᠷᠣᠭᠰᠠᠨ ᠥᠬᠡᠶ ᠪᠣᠯᠪᠠᠴᠤ ᠡᠮᠦᠨᠡᠬᠢ 30 % ︵30 % ᠶᠢ ᠪᠠᠭᠲᠠᠭᠠᠨ᠎ᠠ︶ ᠳᠤ ᠣᠷᠣᠭᠰᠠᠨ ᠮᠥᠷᠲᠡᠭᠡᠨ ᠶᠣᠰᠣ ᠮᠣᠷᠠᠯ ᠬᠡᠪ ᠰᠤᠷᠲᠠᠯ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ᠂ ᠨᠡᠶᠢᠭᠡᠮ ᠤᠨ ᠦᠢᠯᠡᠳᠦᠯᠭᠡ᠂ ᠰᠢᠨ᠎ᠡ ᠶᠢ ᠡᠭᠦᠳᠬᠦ ᠴᠢᠳᠠᠪᠤᠷᠢ᠂ ᠶᠡᠷᠦᠩᠬᠡᠶᠢᠯᠡᠭᠰᠡᠨ ᠬᠡᠪ ᠴᠢᠨᠠᠷ ᠵᠡᠷᠭᠡ ᠲᠠᠯ᠎ᠠ ᠪᠠᠷ ᠣᠨᠴᠠᠭᠠᠢ ᠲᠣᠪᠤᠶᠢᠮ᠎ᠠ ᠢᠯᠡᠷᠡᠯ ᠲᠠᠢ ᠰᠤᠷᠤᠭᠴᠢ᠃      ᠪᠠᠷᠢᠮᠵᠢᠶ᠎ᠠ᠄ ᠰᠤᠷᠤᠭᠴᠢ ᠪᠦᠷᠢ ᠵᠢᠯ ᠳᠤ 6000 ᠲᠥᠭᠦᠷᠢᠭ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ      ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠳᠤᠭᠠᠷ ᠣᠨ ᠤ ᠪᠣᠶ ᠪᠥᠬᠦᠶ ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠨ᠎ᠠ︶ ᠤ ᠰᠤᠷᠭᠠᠭᠤᠯᠢ ᠳᠤ ᠪᠠᠶᠢᠭ᠎ᠠ ᠰᠣᠷᠣᠭᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠪᠤᠰᠤ ᠬᠡᠷ ᠤᠨ ᠠᠮᠢᠳᠤᠷᠠᠯ ᠨᠢ ᠬᠦᠴᠢᠷᠳᠡᠯᠲᠡᠶ ᠰᠣᠷᠣᠭᠴᠢ᠃      ᠪᠠᠷᠢᠮᠵᠢᠶ᠎ᠠ᠄ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠪᠣᠯᠤᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠪᠤᠰᠤ ᠭᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢ ᠵᠢᠴᠢ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠶ ᠶᠢᠨ ᠠᠭᠤᠯᠠᠷᠬᠠᠭ ᠣᠷᠣᠨ ︵ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ︶᠂ ᠶᠠᠨ ᠱᠠᠨ — ᠲᠠᠢ ᠬᠠᠩ ᠱᠠᠨ ᠠᠭᠤᠯᠠᠷᠬᠠᠭ ᠣᠷᠣᠨ ︵ᠬᠤᠸᠠᠳᠧ ᠰᠢᠶᠠᠨ᠂ ᠱᠠᠩᠳᠤ ᠰᠢᠶᠠᠨ᠂ ᠰᠢᠩ ᠾᠧ ᠰᠢᠶᠠᠨ︶ ᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠤ ᠬᠤᠲᠠ ᠶᠢ ᠪᠠᠭᠲᠠᠭᠠᠬᠤ ᠦᠭᠡᠶ︶ ᠤ ᠰᠤᠷᠤᠭᠴᠢ ᠪᠦᠷᠢ ᠳᠤ ᠵᠢᠯ ᠳᠤ 2000 ᠲᠥᠭᠦᠷᠢᠭ᠂ ᠪᠤᠰᠤᠳ ᠰᠤᠷᠤᠭᠴᠢ ᠪᠦᠷᠢ ᠳᠤ ᠵᠢᠯ ᠳᠤ 1500 ᠲᠥᠭᠦᠷᠢᠭ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠤᠷᠤᠭᠴᠢ ᠶᠢᠨ ᠪᠠᠶᠢᠷᠢ ᠶᠢᠨ ᠰᠦᠢᠳᠭᠡᠯ ᠤᠨ ᠳᠤᠰᠠᠯᠠᠮᠵᠢ      ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠷ ᠭᠤᠷᠪᠠᠳᠤᠭᠠᠷ ᠣᠨ ᠤ ᠪᠠᠶᠢᠷᠢ ᠳᠤ ᠰᠠᠭᠤᠬᠤ ᠰᠣᠷᠣᠭᠴᠢ ︵ᠠᠵᠢᠯᠯᠠᠵᠤ ᠰᠤᠷᠤᠯᠴᠠᠬᠤ ᠶᠢ ᠡᠭᠡᠯᠵᠢᠯᠡᠭᠦᠯᠬᠦ ᠶᠢ ᠬᠡᠷᠡᠭᠵᠢᠭᠦᠯᠵᠦ ᠪᠠᠶᠢᠭ᠎ᠠ ᠰᠣᠷᠣᠭᠴᠢ ᠶᠢ ᠪᠠᠭᠲᠠᠭᠠᠬᠤ ᠥᠬᠡᠶ︶᠃      ᠪᠠᠷᠢᠮᠵᠢᠶ᠎ᠠ᠄ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠶᠢᠨ ᠪᠠᠶᠢᠷᠢ ᠳᠤ ᠰᠠᠭᠤᠭ᠎ᠠ ᠰᠤᠷᠤᠭᠴᠢ ᠪᠦᠷᠢ ᠵᠢᠯ ᠳᠤ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠪᠦᠷᠢ ᠵᠢᠯ ᠳᠤ 500 ᠲᠥᠭᠦᠷᠢᠭ᠃
ᠢᠷᠡᠯᠲᠡ᠄ ᠰᠤᠷᠭᠠᠨ ᠬᠥᠮᠥᠵᠢᠯ ᠤᠨ ᠲᠢᠩᠬᠢᠮ