@ ᠪᠠᠭᠰᠢ ᠰᠤᠷᠤᠭᠴᠢ ᠭᠡᠷ ᠤᠨ ᠠᠬᠠᠮᠠᠳ ᠲᠤ ᠬᠠᠨᠳᠤᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ 36 ᠵᠤᠷᠪᠤᠰ
ᠨᠡᠶᠢᠲᠡᠯᠡᠭᠰᠡᠨ ᠴᠠᠭ᠄
2023/7/6
      2023 ᠣᠨ ᠤ ᠵᠣᠨ ᠤ ᠠᠮᠠᠷᠠᠯᠲᠠ ᠬᠦᠷᠴᠦ ᠢᠷᠡᠯ᠎ᠡ᠂ ᠰᠤᠷᠤᠭᠴᠢᠳ ᠤᠨ ᠡᠯ᠎ᠡ ᠵᠦᠢᠯ ᠤᠨ ᠠᠳᠡᠯ ᠢ ᠰᠡᠷᠭᠡᠶᠢᠯᠡᠬᠦ ᠶᠢᠨ ᠲᠥᠯᠥᠭᠡ᠂ ︽2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠣᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ︾ ᠶᠢ ᠨᠡᠶᠢᠲᠡᠯᠡᠪᠡ᠃ ᠬᠡᠷ ᠤᠨ ᠠᠬᠠᠮᠠᠳ ᠪᠣᠯᠤᠨ ᠪᠢᠴᠢᠬᠠᠨ ᠨᠠᠶᠢᠵᠠ ᠨᠠᠷ ᠨᠠᠷᠢᠨ ᠬᠢᠨᠠᠮᠠᠭᠠᠶ ᠤᠩᠰᠢᠭᠠᠷᠠᠶ︕      2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠣᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ      01 . ᠤᠰᠤᠨ ᠤ ᠠᠳᠡᠯ ᠢ ᠤᠷᠢᠳᠴᠢᠯᠠᠨ ᠰᠡᠷᠭᠡᠶᠢᠯᠡᠨ᠎ᠡ      1 . ᠭᠤᠣᠯ ᠤᠨ ᠬᠥᠪᠡᠭᠡ᠂ ᠤᠰᠤ ᠬᠥᠪᠡᠭᠡᠳᠡᠭᠰᠡᠨ ᠲᠠᠪᠴᠠᠩ᠂ ᠤᠰᠤᠨ ᠴᠥᠭᠦᠷᠥᠮ ᠵᠡᠷᠭᠡ ᠭᠠᠵᠠᠷ ᠨᠠᠭᠠᠳᠬᠤ ᠦᠭᠡᠢ᠃      2᠂ ᠭᠤᠣᠯ ᠵᠡᠷᠭᠡ ᠤᠰᠤᠨ ᠣᠷᠣᠨ ᠳᠤ ᠤᠨᠠᠭᠰᠠᠨ ᠡᠳ᠋ ᠢ ᠲᠡᠭᠦᠬᠦ ᠦᠭᠡᠢ᠃      3 . ᠭᠤᠣᠯ ᠳᠤ ᠶᠠᠭᠤᠮ᠎ᠠ ᠤᠬᠢᠶᠠᠬᠤ ᠦᠭᠡᠢ᠂ ᠵᠢᠭᠠᠰᠤ ᠰᠠᠮ ᠬᠤᠷᠣᠬᠠᠢ ᠵᠡᠷᠭᠡ ᠶᠢ ᠭᠦᠬᠢᠳᠡᠬᠦ ᠦᠭᠡᠢ᠃      4 . ᠭᠤᠤᠯ᠂ ᠨᠠᠭᠤᠷ ᠴᠥᠭᠦᠷᠥᠮ ᠵᠡᠷᠭᠡ ᠤᠰᠤᠨ ᠣᠷᠣᠨ ᠳᠤ ᠣᠴᠢᠵᠤ ᠤᠮᠪᠠᠭ᠋ᠤ ᠥᠬᠡᠶ᠃      5 . ᠤᠮᠪᠠᠯᠲᠠ ᠶᠢᠨ ᠴᠥᠭᠦᠷᠥᠮ ᠳᠤ ᠠᠯᠢᠶᠠᠷᠬᠠᠵᠤ ᠨᠠᠭᠠᠳᠬᠤ ᠦᠭᠡᠢ᠃      6 . ᠤᠰᠤᠨ ᠳᠤ ᠤᠨᠠᠭᠰᠠᠳ ᠢ ᠣᠯᠵᠤ ᠮᠡᠳᠡᠪᠡᠯ᠂ ᠳᠠᠷᠤᠶ ᠳᠤ ᠨᠢ ᠲᠣᠮᠣ ᠬᠥᠮᠦᠨ ᠤ ᠬᠠᠪᠰᠤᠷᠤᠯᠭ᠎ᠠ ᠶᠢ ᠡᠷᠢᠬᠦ ᠶᠢᠨ ᠬᠠᠮᠲᠤ ᠤᠰᠤᠨ ᠳᠤ ᠤᠨᠠᠭᠰᠠᠳ ᠲᠤ ᠠᠪᠤᠷᠠᠬᠤ ᠴᠠᠭᠠᠷᠢᠭ᠂ ᠬᠥᠭᠡᠰᠦᠲᠦ ᠬᠠᠪᠲᠠᠰᠤ᠂ ᠠᠪᠤᠷᠠᠬᠤ ᠳᠡᠭᠡᠰᠦ ᠵᠡᠷᠭᠡ ᠶᠢ ᠬᠠᠶᠠᠵᠤ ᠥᠭᠭᠦᠨ᠎ᠡ᠂ ᠬᠠᠷᠢᠨ ᠰᠣᠬᠤᠷ ᠪᠠᠯᠠᠶ ᠪᠠᠷ ᠠᠪᠤᠷᠠᠵᠤ ᠪᠣᠯᠬᠤ ᠦᠭᠡᠢ᠃      02 . ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠤᠨ᠎ᠠ      7 . ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠡᠯ᠎ᠡ ᠵᠦᠢᠯ ᠤᠨ ᠬᠤᠷᠢᠭ᠎ᠠ ᠵᠠᠷᠯᠢᠭ ᠤᠨ ᠲᠡᠮᠳᠡᠭ ᠢ ᠵᠥᠷᠢᠴᠡᠬᠦ ᠥᠬᠡᠶ ᠪᠠᠶᠢᠬᠤ ᠬᠡᠷᠡᠭᠲᠡᠶ᠃      8 . ᠪᠦᠬᠦᠯᠢ 12 ᠨᠠᠰᠤ ᠬᠦᠷᠦᠭᠡᠳᠦᠢ ᠪᠣᠯ ᠳᠤᠭᠤᠶ ᠲᠡᠷᠭᠡ ᠤᠨᠤᠬᠤ ᠥᠬᠡᠶ᠂ ᠪᠦᠬᠦᠯᠢ 16 ᠨᠠᠰᠤ ᠬᠦᠷᠦᠭᠡᠳᠦᠢ ᠪᠣᠯ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠬᠤ ᠥᠬᠡᠶ᠃      9 . ᠠᠯᠬᠤᠬᠤ ᠪᠤᠶᠤ ᠳᠤᠭᠤᠶ ᠤᠨᠤᠬᠤ ᠳᠤ ᠪᠠᠨ ᠭᠠᠷ ᠤᠲᠠᠰᠤ ᠦᠵᠡᠬᠦ ᠥᠬᠡᠶ᠂ ᠳᠠᠭᠤᠤ ᠬᠥᠭᠵᠢᠮ ᠰᠣᠨᠣᠰᠬᠤ ᠥᠬᠡᠶ᠂ ᠠᠯᠢᠶᠠᠷᠬᠠᠵᠤ ᠨᠠᠭᠠᠳᠬᠤ ᠥᠬᠡᠶ᠃ ᠬᠡᠷᠪᠡ ᠣᠨᠴᠠᠭᠠᠢ ᠴᠠᠭ ᠠᠭᠤᠷ ᠲᠣᠬᠢᠶᠠᠯᠳᠤᠪᠠᠯ᠂ ᠢᠯᠡ ᠥᠩᠭᠡ ᠲᠠᠢ ᠬᠤᠪᠴᠠᠰᠤ ᠡᠮᠦᠰᠴᠦ᠂ ᠵᠠᠷ ᠤᠨ ᠫᠠᠶᠢᠰᠠ᠂ ᠬᠦᠴᠦᠳᠡᠯ ᠥᠭᠡᠷᠡᠴᠢᠯᠡᠭᠴᠢ᠂ ᠴᠠᠬᠢᠯᠭᠠᠨ ᠲᠦᠭᠡᠭᠡᠬᠦ ᠬᠠᠶᠢᠷᠴᠠᠭ᠂ ᠥᠨᠳᠥᠷ ᠬᠦᠴᠦᠳᠡᠯᠲᠦ ᠴᠠᠬᠢᠯᠭᠠᠨ ᠤᠲᠠᠰᠤ ᠵᠡᠷᠭᠡ ᠠᠶᠤᠯᠲᠤ ᠪᠣᠳᠠᠰ ᠠᠴᠠ ᠵᠠᠶᠢᠯᠠᠬᠤ ᠶᠢ ᠠᠩᠬᠠᠷᠬᠤ ᠬᠡᠷᠡᠭᠲᠡᠶ᠃      10 . ᠮᠠᠰᠢᠨ ᠲᠡᠷᠭᠡᠨ ᠤ ᠣᠷᠣᠵᠤ ᠭᠠᠷᠬᠤ ᠡᠭᠦᠳᠡ᠂ ᠵᠠᠮ ᠤᠨ ᠬᠠᠵᠠᠭᠤ ᠪᠤᠶᠤ ᠲᠡᠷᠭᠡ ᠤᠨᠤᠭᠠᠨ ᠤ ᠪᠠᠯᠠᠶ ᠣᠷᠣᠨ ᠳᠤ ᠠᠯᠢᠶᠠᠷᠬᠠᠵᠤ ᠨᠠᠭᠠᠳᠬᠤ ᠦᠭᠡᠶ᠃      11 . ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡᠨ ᠳᠤ ᠰᠠᠭᠤᠬᠤ ᠳᠤ ᠪᠠᠨ ᠳᠦᠷᠢᠮ ᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃      12 . ᠲᠡᠮᠦᠷ ᠵᠠᠮ ᠢ ᠳᠤᠷ᠎ᠠ ᠪᠠᠷ ᠥᠩᠭᠡᠷᠡᠬᠦ ᠦᠭᠡᠢ᠂ ᠲᠡᠮᠦᠷ ᠵᠠᠮ ᠤᠨ ᠬᠠᠵᠠᠭᠤ ᠳᠤ ᠠᠯᠬᠤᠬᠤ ᠦᠭᠡᠢ ᠪᠤᠶᠤ ᠲᠡᠮᠦᠷ ᠵᠠᠮ ᠤᠨ ᠠᠭᠤᠯᠵᠠᠷ ᠳᠤ ᠨᠠᠭᠠᠳᠬᠤ ᠦᠭᠡᠢ᠃      03 . ᠭᠡᠷ ᠲᠤ ᠰᠠᠭᠤᠬᠤ ᠠᠮᠤᠷ ᠲᠦᠪᠰᠢᠨ ᠢ ᠠᠩᠬᠠᠷᠤᠨ᠎ᠠ      13 . ᠬᠥᠪᠦᠮᠡᠯ ᠴᠣᠩᠬᠤ ᠪᠤᠶᠤ ᠨᠠᠷᠠᠪᠴᠢᠨ ᠳᠡᠭᠡᠷ᠎ᠡ ᠨᠠᠭᠠᠳᠬᠤ ᠦᠭᠡᠢ᠃      14 . ᠨᠦᠢᠲᠠᠨ ᠭᠠᠷ ᠪᠤᠶᠤ ᠨᠦᠢᠲᠠᠨ ᠪᠥᠰ ᠢᠶᠠᠷ ᠭᠡᠷ ᠤᠨ ᠴᠠᠬᠢᠯᠭᠠᠨ ᠬᠡᠷᠡᠭᠰᠡᠯ ᠳᠤ ᠬᠦᠷᠦᠯᠴᠡᠬᠦ ᠦᠭᠡᠢ᠃      15 . ᠲᠠᠨᠢᠬᠤ ᠦᠭᠡᠶ ᠬᠥᠮᠦᠨ ᠳᠤ ᠡᠭᠦᠳᠡ ᠨᠡᠭᠡᠭᠡᠵᠦ ᠥᠭᠬᠦ ᠦᠭᠡᠶ᠃      16 . ᠴᠣᠩᠬᠤ ᠪᠠᠷ ᠶᠠᠭᠤᠮ᠎ᠠ ᠬᠠᠶᠠᠬᠤ ᠦᠭᠡᠢ᠃      17 . ᠰᠢᠲᠠᠮᠠᠬᠠᠶ ᠬᠡᠢ ᠶᠢᠨ ᠲᠥᠬᠦᠭᠡᠷᠦᠮᠵᠢ᠂ ᠢᠷᠲᠦ ᠪᠠᠭᠠᠵᠢ ᠵᠡᠷᠭᠡ ᠶᠢ ᠡᠮᠬᠢ ᠵᠢᠷᠤᠮ ᠲᠠᠢ ᠬᠡᠷᠡᠭᠯᠡᠨ᠎ᠡ᠃      18 . ᠭᠠᠯ ᠢᠶᠠᠷ ᠨᠠᠭᠠᠳᠬᠤ ᠦᠭᠡᠢ᠂ ᠭᠠᠯ ᠭᠠᠷᠤᠭᠰᠠᠨ ᠢ ᠣᠯᠵᠤ ᠮᠡᠳᠡᠪᠡᠯ᠂ ᠳᠠᠷᠤᠢ ᠳᠤ ᠨᠢ 119 ᠳᠤ ᠤᠲᠠᠰᠤᠳᠠᠨ᠎ᠠ᠃      04 . ᠰᠦᠯᠵᠢᠶ᠎ᠡ ᠶᠢ ᠠᠮᠤᠷ ᠲᠦᠪᠰᠢᠨ ᠬᠡᠷᠡᠭᠯᠡᠨ᠎ᠡ      19 . ᠭᠠᠷ ᠤᠲᠠᠰᠤ᠂ ᠺᠣᠮᠫᠢᠦ᠋ᠲ᠋ᠧᠷ ᠵᠡᠷᠭᠡ ᠡᠯᠧᠺᠳ᠋ᠷᠣᠨ ᠦᠢᠯᠡᠳᠭᠦᠨ ᠤ ᠬᠡᠷᠡᠭᠯᠡᠬᠦ ᠴᠠᠭ ᠢ ᠡᠵᠡᠮᠳᠡᠵᠦ᠂ ᠰᠦᠯᠵᠢᠶᠡᠨ ᠳᠤ ᠰᠢᠨᠤᠬᠤ ᠥᠬᠡᠶ᠃      20 . ᠬᠤᠪᠢ ᠬᠥᠮᠦᠨ᠂ ᠬᠡᠷ ᠤᠨ ᠬᠥᠮᠦᠨ ᠵᠢᠴᠢ ᠪᠤᠰᠤᠳ ᠬᠥᠮᠦᠨ ᠤ ᠬᠤᠪᠢ ᠬᠥᠮᠦᠨ ᠤ ᠮᠡᠳᠡᠭᠡ ᠵᠠᠩᠭᠢ ᠶᠢ ᠰᠦᠯᠵᠢᠶᠡᠨ ᠳᠤ ᠳᠠᠮᠵᠢᠭᠤᠯᠬᠤ ᠥᠬᠡᠶ᠃      21 . ᠬᠦᠴᠦᠷᠬᠡᠭᠯᠡᠯ᠂ ᠱᠠᠯᠢᠭ ᠵᠠᠪᠬᠠᠶ ᠵᠡᠷᠭᠡ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠤᠷᠲᠠᠶ ᠰᠦᠯᠵᠢᠶᠡᠨ ᠤ ᠲᠣᠭᠯᠠᠭᠠᠮ ᠨᠠᠭᠠᠳᠬᠤ ᠥᠬᠡᠶ᠃      22 . ᠰᠦᠯᠵᠢᠶᠡᠨ ᠤ ᠳᠣᠷᠣᠮᠵᠢᠯᠠᠯ ᠶᠠᠪᠤᠭᠤᠯᠬᠤ ᠦᠭᠡᠶ᠃      23 . ᠰᠦᠯᠵᠢᠶᠡᠨ ᠨᠠᠶᠢᠵᠠ ᠲᠠᠢ ᠲᠠᠨᠢᠯᠴᠠᠬᠤ ᠳᠤ ᠪᠠᠨ ᠪᠣᠯᠭᠤᠮᠵᠢᠲᠠᠶ ᠪᠠᠶᠢᠵᠤ᠂ ᠰᠦᠯᠵᠢᠶᠡᠨ ᠨᠠᠶᠢᠵᠠ ᠲᠠᠢ ᠠᠭᠤᠯᠵᠠᠬᠤ ᠳᠤ ᠪᠠᠨ ᠪᠣᠯᠭᠤᠮᠵᠢᠲᠠᠶ ᠪᠠᠶᠢᠬᠤ ᠬᠡᠷᠡᠭᠲᠡᠢ᠃ ᠪᠡᠯᠡᠨ ᠵᠣᠭᠤᠰ ᠨᠡᠮᠡᠬᠦ᠂ ︽ᠪᠡᠯᠡᠭ︾ ᠬᠤᠳᠠᠯᠳᠤᠨ ᠠᠪᠬᠤ᠂ ᠰᠦᠯᠵᠢᠶᠡᠨ ᠳᠤ ᠲᠣᠭᠠᠴᠠᠭ᠎ᠠ ᠬᠢᠬᠦ ᠵᠡᠷᠭᠡ ᠡᠯ᠎ᠡ ᠲᠥᠷᠥᠯ ᠤᠨ ᠱᠠᠩᠨᠠᠯᠲᠤ ᠦᠢᠯᠡᠴᠢᠯᠡᠭᠡ ᠳᠤ ᠣᠷᠣᠯᠴᠠᠬᠤ ᠥᠬᠡᠶ ᠪᠠᠶᠢᠵᠤ᠂ ᠰᠦᠯᠵᠢᠶᠡᠨ ᠤ ᠮᠡᠬᠡᠯᠡᠯ ᠢ ᠰᠡᠷᠭᠡᠶᠢᠯᠡᠨ᠎ᠡ᠃      24 . ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠤᠷ ᠬᠥᠨᠥᠭᠡᠯ ᠲᠠᠢ ᠰᠦᠯᠵᠢᠶᠡᠨ ᠤ ᠦᠢᠯᠡᠳᠭᠦᠨ ᠪᠤᠶᠤ ᠰᠦᠯᠵᠢᠶᠡᠨ ᠤ ᠦᠢᠯᠡᠴᠢᠯᠡᠭᠡ ᠶᠢ ᠣᠯᠵᠤ ᠮᠡᠳᠡᠪᠡᠯ ᠳᠠᠷᠤᠢ ᠳᠤ ᠨᠢ ᠵᠠᠭᠠᠯᠳᠤᠵᠤ᠂ ᠢᠯᠡᠴᠢᠯᠡᠨ ᠮᠡᠳᠡᠭᠦᠯᠬᠦ ᠬᠡᠷᠡᠭᠲᠡᠶ᠃      05 . ᠵᠢᠭᠤᠯᠴᠢᠯᠠᠯ ᠤᠨ ᠠᠮᠤᠷ ᠲᠦᠪᠰᠢᠨ ᠢ ᠴᠢᠬᠤᠯᠠᠴᠢᠯᠠᠨ᠎ᠠ      25 . ︽ᠵᠢᠭᠤᠯᠴᠢᠯᠠᠯ︾ ᠪᠤᠶᠤ ᠪᠠᠷᠲᠠᠭ᠎ᠠ ᠬᠠᠶᠢᠬᠤ ᠵᠢᠭᠤᠯᠴᠢᠯᠠᠯ ᠳᠤ ᠣᠷᠣᠯᠴᠠᠬᠤ ᠦᠭᠡᠶ᠃      26 . ᠭᠠᠵᠠᠷ ᠤᠨ ᠭᠠᠮᠰᠢᠭ ᠣᠯᠠᠨ ᠭᠠᠷᠳᠠᠭ ᠣᠷᠣᠨ ᠳᠤ ᠣᠴᠢᠵᠤ ᠵᠢᠭᠤᠯᠴᠢᠯᠠᠬᠤ ᠦᠭᠡᠶ᠃ ᠣᠨᠴᠠᠭᠠᠢ ᠠᠭᠤᠷ ᠠᠮᠢᠰᠬᠤᠯ ᠲᠣᠬᠢᠶᠠᠯᠳᠤᠪᠠᠯ᠂ ᠠᠭᠤᠯᠠᠷᠬᠠᠭ ᠣᠷᠣᠨ᠂ ᠭᠤᠣᠯ ᠤᠨ ᠬᠥᠨᠳᠡᠶ ᠵᠡᠷᠭᠡ ᠠᠶᠤᠯ ᠲᠦᠭᠰᠢᠭᠦᠷᠢᠲᠦ ᠭᠠᠵᠠᠷ ᠣᠷᠣᠨ ᠢᠶᠠᠷ ᠵᠤᠭᠠᠴᠠᠬᠤ ᠦᠭᠡᠶ᠂ ᠤᠰᠤ ᠶᠢ ᠪᠣᠯᠤᠮᠵᠢ ᠦᠭᠡᠶ ᠬᠡᠲᠦᠯᠬᠦ ᠦᠭᠡᠶ      27 . ᠨᠡᠶᠢᠲᠡ ᠶᠢᠨ ᠮᠠᠰᠢᠨ ᠲᠡᠷᠭᠡ᠂ ᠵᠤᠭᠠᠴᠠᠯ ᠤᠨ ᠣᠩᠭᠤᠴᠠ᠂ ᠨᠢᠰᠬᠡᠯ ᠵᠡᠷᠭᠡ ᠳᠤ ᠰᠠᠭᠤᠬᠤ ᠳᠤ ᠪᠠᠨ ᠠᠮᠤᠷ ᠲᠦᠪᠰᠢᠨ ᠤ ᠪᠦᠰᠡ ᠶᠢ ᠤᠬᠠᠮᠰᠠᠷ ᠠᠴᠠ ᠪᠠᠨ ᠪᠦᠰᠡᠯᠡᠬᠦ ᠬᠡᠷᠡᠭᠲᠡᠶ᠃      28 . ᠪᠠᠭᠤᠳᠠᠯ ᠳᠤ ᠣᠷᠣᠪᠠᠯ᠂ ᠭᠠᠯ ᠤᠨᠲᠠᠷᠠᠭᠠᠬᠤ ᠵᠠᠮ ᠵᠢᠴᠢ ᠠᠮᠤᠷ ᠲᠦᠪᠰᠢᠨ ᠤ ᠭᠠᠷᠬᠤ ᠡᠭᠦᠳᠡ ᠶᠢ ᠳᠠᠷᠤᠢ ᠳᠤ ᠨᠢ ᠣᠶᠢᠯᠠᠭᠠᠵᠤ ᠠᠪᠬᠤ ᠬᠡᠷᠡᠭᠲᠡᠶ᠃      29 . ᠠᠶᠤᠯᠲᠠᠢ ᠭᠡᠬᠦ ᠲᠡᠮᠳᠡᠭ ᠲᠠᠯᠪᠢᠭᠰᠠᠨ ᠭᠠᠵᠠᠷ ᠲᠤ ᠵᠣᠭᠰᠣᠬᠤ ᠦᠭᠡᠢ᠂ ᠰᠡᠭᠦᠳᠡᠷᠯᠡᠬᠦ ᠶᠢ ᠬᠤᠷᠢᠭᠯᠠᠭᠰᠠᠨ ᠭᠠᠵᠠᠷ ᠲᠤ ᠭᠡᠷᠡᠯ ᠵᠢᠷᠤᠭ ᠠᠪᠬᠤ ᠦᠭᠡᠢ ᠂ ᠵᠢᠷᠤᠭ ᠲᠥᠷᠰᠦ ᠰᠢᠩᠭᠡᠭᠡᠬᠦ ᠦᠭᠡᠢ᠃      30 . ᠬᠡᠷᠪᠡ ᠭᠡᠨᠡᠳᠲᠡ ᠶᠢᠨ ᠬᠡᠷᠡᠭ ᠲᠣᠬᠢᠶᠠᠯᠳᠤᠪᠠᠯ᠂ ᠵᠢᠯᠣᠭᠤᠳᠤᠯᠭ᠎ᠠ ᠶᠢ ᠳᠠᠭᠠᠵᠤ᠂ ᠯᠠᠪᠳᠠᠭᠤᠨ ᠲᠣᠭᠲᠠᠭᠤᠨ ᠠᠷᠭᠠᠴᠠᠨ᠎ᠠ᠃      06 . ᠰᠡᠳᠬᠢᠴᠡ ᠶᠢᠨ ᠠᠮᠤᠷ ᠲᠦᠪᠰᠢᠨ ᠢ ᠴᠢᠩᠭᠠᠳᠬᠠᠨ᠎ᠠ      31 . ᠣᠶᠤᠨᠴᠢ ᠡᠶᠡᠯᠳᠡᠭ ᠰᠡᠳᠬᠢᠴᠡ ᠪᠠᠷ ᠳᠡᠷᠭᠡᠳᠡᠬᠢ ᠬᠥᠮᠦᠨ ᠪᠤᠶᠤ ᠬᠡᠷᠡᠭ ᠲᠤ ᠬᠠᠨᠳᠤᠨ᠎ᠠ᠃      32 . ᠪᠤᠬᠢᠨᠢᠳᠤᠬᠤ ᠦᠶᠡᠰ᠂ ᠬᠥᠳᠡᠯᠭᠡᠭᠡᠨ ᠬᠢᠬᠦ᠂ ᠰᠣᠯᠢᠯᠴᠠᠬᠤ᠂ ᠠᠭᠤᠵᠢᠷᠠᠲᠠᠯ᠎ᠠ ᠶᠠᠷᠢᠬᠤ ᠵᠡᠷᠭᠡ ᠪᠠᠷ ᠳᠠᠮᠵᠢᠨ ᠪᠣᠬᠢᠨᠢᠳᠤᠯ ᠢᠶᠠᠨ ᠠᠷᠢᠯᠭᠠᠨ᠎ᠠ᠃      33 . ᠰᠡᠳᠬᠢᠯ ᠲᠣᠭᠲᠠᠪᠤᠷᠢ ᠦᠭᠡᠢ ᠦᠶᠡᠰ᠂ ᠭᠡᠷ ᠤᠨ ᠠᠬᠠᠮᠠᠳ᠂ ᠪᠠᠭᠰᠢ᠂ ᠲᠣᠭᠤᠷᠢᠭ ᠤᠨ ᠰᠡᠳᠬᠢᠴᠡ ᠶᠢᠨ ᠲᠥᠪ ᠤᠨ 24 ᠴᠠᠭ ᠤᠨ ᠬᠠᠯᠠᠮᠰᠢᠯ ᠤᠲᠠᠰᠤ ᠪᠤᠶᠤ 12355᠂ 962525 ᠰᠡᠳᠬᠢᠴᠡ ᠶᠢᠨ ᠬᠠᠯᠠᠮᠰᠢᠯ ᠤᠲᠠᠰᠤ ᠵᠡᠷᠭᠡ ᠶᠢᠨ ᠬᠠᠪᠰᠤᠷᠤᠯᠭ᠎ᠠ ᠶᠢ ᠰᠠᠨᠠᠭᠠᠴᠢᠯᠠᠭ᠎ᠠ ᠠᠴᠠ ᠪᠠᠨ ᠡᠷᠢᠨ᠎ᠡ᠃      34 . ᠨᠤᠭᠤᠷᠠᠯ ᠪᠦᠳᠦᠷᠢᠯ ᠳᠤ ᠤᠴᠠᠷᠠᠪᠠᠯ᠂ ᠢᠳᠡᠪᠬᠢᠲᠡᠢ ᠰᠡᠳᠬᠢᠴᠡ ᠶᠢᠨ ᠳᠣᠬᠢᠯᠲᠠ ᠪᠠᠷ ᠥᠪᠡᠷ ᠤᠨ ᠢᠲᠡᠭᠡᠯ ᠵᠣᠷᠢᠭ ᠢᠶᠠᠨ ᠬᠥᠭᠵᠢᠭᠡᠨ᠎ᠡ᠃      35 . ᠥᠪᠡᠷ ᠤᠨ ᠴᠢᠷᠮᠠᠶᠢᠯᠭ᠎ᠠ ᠪᠠᠨ ᠮᠡᠳᠡᠷᠡᠵᠦ᠂ ᠰᠢᠯᠭᠠᠯᠲᠠ ᠶᠢᠨ ᠦᠷ᠎ᠡ ᠳ᠋ᠦᠩ ᠢ ᠬᠦᠯᠢᠶᠡᠨ ᠠᠪᠤᠨ᠎ᠠ᠃      36 . ᠤᠷᠮ᠎ᠠ ᠰᠡᠳᠬᠢᠯᠭᠡ ᠪᠠᠨ ᠡᠵᠡᠮᠳᠡᠬᠦ ᠶᠢ ᠰᠤᠷᠴᠤ᠂ ᠪᠠᠶᠠᠷ ᠬᠥᠷᠲᠡᠢ ᠪᠠᠷ ᠡᠳᠦᠷ ᠪᠦᠷᠢ ᠶᠢ ᠥᠩᠭᠡᠷᠡᠭᠦᠯᠦᠨ᠎ᠡ᠃
ᠢᠷᠡᠯᠲᠡ᠄ ᠰᠤᠷᠭᠠᠨ ᠬᠥᠮᠥᠵᠢᠯ ᠤᠨ ᠲᠢᠩᠬᠢᠮ