ᠲᠥᠷᠥ ᠶᠢᠨ ᠪᠣᠳᠣᠯᠭ᠎ᠠ ᠶᠢ ᠰᠤᠷᠤᠯᠴᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠮᠤᠢ
ᠨᠡᠶᠢᠲᠡᠯᠡᠭᠰᠡᠨ ᠴᠠᠭ᠄
2023/8/16
     ﹇ᠰᠣᠷᠪᠤᠯᠵᠢᠯᠠᠭ᠎ᠠ ᠶᠢᠨ ᠨᠡᠷᠡᠶᠢᠳᠦᠯ﹈ ᠲᠦᠷᠦ ᠶᠢᠨ ᠪᠣᠳᠣᠯᠭ᠎ᠠ ᠶᠢ ᠰᠤᠷᠤᠯᠴᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠮᠤᠢ      ﹇ᠰᠤᠷᠪᠤᠯᠵᠢᠯᠠᠭᠰᠠᠨ ᠴᠠᠭ﹈ 2023-05-17      ﹇ᠰᠣᠷᠪᠤᠯᠵᠢᠯᠠᠭ᠎ᠠ ᠬᠦᠯᠢᠶᠡᠭᠴᠢ﹈ ᠨᠠᠢᠮᠠᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠰᠢᠶᠣᠣ ᠵᠢᠤᠸᠠᠨ      ﹇ᠭᠤᠣᠯ ᠠᠭᠤᠯᠭ᠎ᠠ﹈ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠪᠣᠯ ᠮᠠᠨ ᠤ ᠤᠯᠤᠰ ᠤᠨ ᠦᠨᠳᠦᠰᠦᠨ ᠪᠣᠳᠣᠯᠭ᠎ᠠ ᠮᠥᠨ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠬᠦ ᠲᠠᠯ᠎ᠠ ᠪᠠᠷ ᠠᠬᠢᠭᠤᠯᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠰᠠᠭᠤᠷᠢ ᠮᠥᠨ᠂ ᠪᠠᠰᠠ ᠴᠤ ᠠᠮᠢ ᠠᠬᠤᠢ ᠶᠢᠨ ᠣᠷᠴᠢᠨ ᠲᠤᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠠᠴᠠ ᠨᠢ ᠵᠠᠰᠠᠬᠤ ᠪᠣᠳᠣᠯᠭ᠎ᠠ ᠮᠥᠨ᠃ ᠲᠤᠰᠬᠠᠢ ᠵᠦᠢᠯ ᠤᠨ ᠵᠢᠭᠡᠯᠡᠯᠭᠡ ᠨᠢ ᠣᠶᠢᠷ᠎ᠠ ᠶᠢᠨ ᠬᠤᠶᠠᠷ ᠵᠢᠯ ᠳᠤ ᠤᠯᠤᠰ ᠠᠴᠠ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠴᠢᠬᠤᠯᠠ ᠠᠷᠭ᠎ᠠ ᠪᠠᠷᠢᠯ ᠪᠣᠯᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢᠨ ︽ᠡᠷᠴᠢᠮ ᠢᠶᠠᠨ ᠴᠢᠩᠭᠠᠷᠠᠭᠤᠯᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢᠨ ᠴᠢᠬᠤᠯᠠ ᠬᠦᠴᠦᠯᠡᠬᠦ ᠴᠡᠭ ᠤᠨ ᠨᠢᠭᠡ ᠪᠣᠯᠵᠠᠢ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠠ ᠲᠥᠰᠥᠪ ᠤᠨ ᠢᠯᠡᠳᠬᠡᠯ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠦᠷᠦ ᠶᠢᠨ ᠪᠣᠳᠣᠯᠭ᠎ᠠ ᠶᠢᠨ ᠤᠷᠮᠠᠰᠢᠭᠤᠯᠤᠯ ᠢᠶᠠᠷ ᠪᠦᠬᠦ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠲᠠᠶᠢᠴᠢᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶ᠎ᠡ ᠶᠢ ᠵᠣᠬᠢᠰᠲᠠᠢ ᠨᠡᠮᠡᠭᠳᠡᠭᠦᠯᠦᠨ᠎ᠡ᠄ ᠲᠤᠰᠬᠠᠢ ᠵᠦᠢᠯ ᠤᠨ ᠵᠢᠭᠡᠯᠡᠯᠭᠡ ᠶᠢᠨ ᠬᠢᠵᠠᠭᠠᠷ ᠲᠤᠭ᠎ᠠ ᠶᠢ 3.8 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠲᠦᠷᠦᠭᠦᠦ ᠵᠢᠯ ᠤᠨ ᠬᠢ ᠠᠴᠠ 1500 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠰᠡᠯ ᠡᠷᠡᠮᠡᠯᠵᠡᠯ ᠴᠢᠩᠭ᠎ᠠ ᠪᠢᠰᠢ ᠪᠠᠶᠢᠭ᠎ᠠ ᠱᠠᠲᠤᠨ ᠳᠤ᠂ ᠪᠢᠳᠡ ᠪᠠᠰᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ᠲᠤᠰᠬᠠᠢ ᠵᠦᠢᠯ ᠤᠨ ᠵᠢᠭᠡᠯᠡᠯᠭᠡ ᠶᠢᠨ ᠨᠡᠶᠢᠭᠡᠮ ᠤᠨ ᠪᠡᠯᠡ ᠣᠷᠣᠭᠤᠯᠤᠯᠲᠠ ᠶᠢᠨ ᠬᠦᠷᠦᠯᠴᠡᠬᠦ ᠦᠭᠡᠢ ᠲᠠᠯ᠎ᠠ ᠳᠤ ᠦᠵᠡᠭᠦᠯᠬᠦ ᠨᠥᠬᠦᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠭᠡᠴᠡᠯᠡᠬᠦ ᠲᠥᠷᠥᠯ ᠵᠦᠢᠯ ᠢ ᠤᠬᠠᠭᠠᠯᠠᠨ ᠲᠥᠯᠥᠪᠯᠡᠵᠦ᠂ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ ᠭᠡᠵᠦ ᠳᠤᠷᠠᠳᠪᠠ᠃      ﹇ᠬᠥᠲᠥᠯᠥᠭᠴᠢ﹈ ᠨᠠᠢᠮᠠᠨ ᠬᠤᠰᠢᠭᠤ ᠥᠪᠡᠷᠲᠡᠭᠡᠨ ᠵᠠᠰᠠᠬᠤ ᠣᠷᠣᠨ ᠤ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠤᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠤᠭᠰᠠᠨ ᠪᠣᠶ︖      ﹇ᠦ᠋ ᠰᠢᠶᠣᠣ ᠵᠢᠤᠸᠠᠨ﹈ ᠨᠠᠢᠮᠠᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢᠭᠡ ᠳᠤ ︽ᠨᠠᠢᠮᠠᠨ ᠬᠤᠰᠢᠭᠤᠨ ᠤ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠠᠵᠢᠯ ᠤᠨ ᠲᠥᠰᠥᠯ︾ ᠢ ᠲᠣᠭᠲᠠᠭᠠᠪᠠ︔ ᠬᠤᠶᠠᠷ ᠲᠤ ᠨᠠᠢᠮᠠᠨ ᠬᠤᠰᠢᠭᠤᠨ ᠤ ᠪᠥᠬᠦ ᠨᠡᠶᠢᠭᠡᠮ ᠤᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠣᠷ᠎ᠠ ᠨᠢ 6 ᠠᠵᠢᠯ ᠢ ᠠᠬᠢᠭᠤᠯᠬᠤ ᠳᠤᠭᠤᠶᠢᠯᠠᠩ ᠢ ᠪᠠᠶᠢᠭᠤᠯᠪᠠ︔ ᠭᠤᠷᠪᠠ ᠳᠤ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠠᠵᠢᠯ ᠤᠨ ᠴᠢᠮᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ ᠢᠪᠠᠶᠢᠭᠤᠯᠪᠠ᠃      ﹇ᠬᠥᠲᠥᠯᠥᠭᠴᠢ﹈ ᠥᠪᠡᠷᠲᠡᠭᠡᠨ ᠵᠠᠰᠠᠬᠤ ᠣᠷᠣᠨ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠭᠤᠣᠯ ᠵᠣᠷᠢᠯᠭ᠎ᠠ ᠨᠢ ᠶᠠᠭᠤ ᠪᠤᠢ︖      ﹇ᠦ᠋ ᠰᠢᠶᠣᠣ ᠵᠢᠤᠸᠠᠨ﹈ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠨᠡᠶᠢᠭᠡᠮ ᠤᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡᠪᠣᠯᠤᠨ᠎ᠠ᠃      ﹇ᠬᠥᠲᠥᠯᠥᠭᠴᠢ﹈ ᠡᠨᠡ ᠠᠵᠢᠯ ᠢ ᠥᠷᠨᠢᠭᠦᠯᠬᠦ ᠶᠢᠨ ᠵᠢᠯᠤᠭᠤᠳᠬᠤ ᠦᠵᠡᠯ ᠰᠠᠨᠠᠭ᠎ᠠ ᠨᠢ ᠶᠠᠭᠤ ᠪᠣᠢ︖      ﹇ᠦ᠋ ᠰᠢᠶᠣᠣ ᠵᠢᠤᠸᠠᠨ﹈ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠲᠡᠭᠦᠯᠳᠡᠷ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠭᠤᠯᠵᠤ᠂ ᠠᠷᠪᠢᠯᠠᠨ ᠡᠷᠴᠢᠮᠵᠢᠭᠦᠯᠬᠦ ᠶᠢ ᠡᠩ ᠲᠡᠷᠢᠭᠦᠨ ᠳᠤ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠷᠪᠢᠯᠠᠨ ᠡᠷᠴᠢᠮᠵᠢᠭᠦᠯᠬᠦ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠷᠪᠢᠯᠠᠨ ᠡᠷᠴᠢᠮᠵᠢᠭᠦᠯᠬᠦ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠬᠥᠲᠥᠯᠥᠨ ᠵᠢᠯᠤᠭᠤᠳᠴᠤ᠂ ᠤᠯᠠᠨ ᠲᠠᠯ᠎ᠠ ᠶᠢᠨ ᠬᠢᠨ ᠣᠷᠣᠯᠴᠠᠬᠤ ᠶᠢ ᠪᠠᠷᠢᠮᠲᠠᠯᠠᠨ᠎ᠠ︔ ᠭᠤᠣᠯᠳᠠᠯᠭ᠎ᠠ ᠶᠢ ᠲᠤᠪᠤᠶᠢᠯᠭᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠨ᠎ᠠ︔ ᠦᠷ᠎ᠡ ᠠᠰᠢᠭ ᠢ ᠲᠡᠷᠢᠭᠦᠨ ᠳᠤ ᠲᠠᠯᠪᠢᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠡᠨᠧᠷᠭᠢ᠂ ᠠᠭᠤᠷᠬᠠᠢ ᠶᠢᠨ ᠭᠠᠷᠤᠯᠲᠠ᠂ ᠭᠠᠵᠠᠷ ᠰᠢᠷᠣᠢ᠂ ᠤᠰᠤ᠂ ᠠᠮᠤ ᠪᠤᠳᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠷᠪᠢᠲᠠᠢ ᠡᠷᠴᠢᠮᠯᠢᠭ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠶᠢᠭᠡᠮ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠠᠷᠪᠢᠯᠠᠬᠤ ᠤᠬᠠᠮᠰᠠᠷ ᠢ ᠴᠢᠩᠭᠠᠳᠬᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ  ᠶᠢ ᠴᠢᠩᠭᠠᠳᠬᠠᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠪᠦᠬᠦ ᠲᠠᠯ᠎ᠠ  ᠪᠠᠷ ᠠᠷᠪᠢᠯᠠᠬᠤ᠂ ᠣᠷᠴᠢᠯᠳᠤᠭᠤᠯᠤᠨ ᠠᠰᠢᠭᠯᠠᠬᠤ ᠶᠢ ᠠᠬᠢᠭᠤᠯᠵᠤ᠂ ᠡᠬᠢ ᠪᠠᠶᠠᠯᠢᠭ ᠢ ᠰᠤᠯᠠ ᠲᠠᠯᠪᠢᠬᠤ᠂ ᠪᠦᠷᠢᠯᠭᠡᠨ ᠰᠦᠢᠳᠬᠡᠬᠦ ᠶᠢ ᠪᠦᠲᠦᠮᠵᠢᠲᠡᠶ ᠬᠢᠵᠠᠭᠠᠷᠯᠠᠨ ᠪᠠᠭᠠᠰᠬᠠᠵᠤ᠂ ᠠᠷᠪᠢᠲᠠᠢ ᠡᠷᠴᠢᠮᠯᠢᠭ ᠪᠠᠶᠢᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠬᠦᠷᠢᠶ᠎ᠡ ᠴᠠᠷᠠᠭ᠎ᠠ ᠳᠤ ᠲᠤᠤᠱᠯᠠᠭᠤᠯᠵᠤ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠬᠡᠯᠪᠡᠷᠢ ᠶᠢᠨ ᠠᠵᠤ ᠠᠬᠤᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠳᠤ ᠡᠬᠢ ᠪᠠᠶᠠᠯᠢᠭ ᠤᠨ ᠬᠦᠴᠦᠲᠡᠢ ᠪᠠᠲᠤᠯᠠᠭ᠎ᠠ ᠬᠠᠩᠭᠠᠨ᠎ᠠ᠃      ﹇ᠬᠥᠲᠥᠯᠥᠭᠴᠢ﹈ ᠡᠨᠡ ᠠᠵᠢᠯ ᠢ ᠥᠷᠨᠢᠭᠦᠯᠬᠦ ᠶᠢᠨ ᠭᠤᠣᠯ ᠡᠭᠦᠷᠭᠡ ᠨᠢ ᠶᠠᠭᠤ ᠪᠣᠢ︖      ﹇ᠦ᠋ ᠰᠢᠶᠣᠣ ᠵᠢᠤᠸᠠᠨ﹈ ᠮᠠᠨ ᠤ ᠬᠤᠰᠢᠭᠤ ᠭᠤᠣᠯ ᠡᠭᠦᠷᠭᠡ ᠪᠠᠨ 8 ᠶᠡᠭᠡ ᠬᠦᠷᠢᠶ᠎ᠡ ᠴᠠᠷᠠᠭ᠎ᠠ ᠬᠤᠪᠢᠶᠠᠪᠠ᠂ ᠨᠢᠭᠡ ᠳᠤ ᠡᠨᠧᠷᠭᠢ ᠶᠢ ᠠᠷᠪᠢᠯᠠᠨ ᠡᠷᠴᠢᠮᠵᠢᠭᠦᠯᠬᠦ ᠬᠠᠮᠢᠶᠠᠷᠤᠯᠲᠠ ᠶᠢ ᠴᠢᠩᠭᠠᠳᠬᠠᠪᠠ︔ ᠬᠤᠶᠠᠷ ᠲᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠪᠠ︔ ᠭᠤᠷᠪᠠ ᠳᠤ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠪᠠᠷᠢᠮᠲᠠᠯᠠᠪᠠ︔ ᠳᠥᠷᠪᠡ ᠳᠤ ᠤᠰᠤᠨ ᠤ ᠡᠬᠢ ᠪᠠᠶᠠᠯᠢᠭ ᠢ ᠠᠷᠪᠢᠯᠠᠵᠤ ᠬᠠᠮᠠᠭᠠᠯᠠᠬᠤ ᠶᠢ ᠴᠢᠩᠭᠠᠳᠬᠠᠨ᠎ᠠ︔ ᠲᠠᠪᠤ ᠳᠤ ᠠᠮᠤ ᠪᠤᠳᠠᠭ᠎ᠠ ᠶᠢ ᠠᠷᠪᠢᠯᠠᠬᠤ ᠠᠵᠢᠯᠯᠠᠭ᠎ᠠ ᠥᠷᠨᠢᠭᠦᠯᠦᠨ᠎ᠡ︔ ᠵᠢᠷᠭᠤᠭ᠎ᠠ ᠳᠤ ᠡᠬᠢ ᠪᠠᠶᠠᠯᠢᠭ ᠢ ᠪᠦᠬᠦ ᠲᠠᠯ᠎ᠠ ᠪᠠᠷ ᠣᠷᠴᠢᠯᠳᠤᠭᠤᠯᠤᠨ ᠠᠰᠢᠭᠯᠠᠬᠤ ᠶᠢ ᠠᠬᠢᠭᠤᠯᠤᠨ᠎ᠠ︔ ᠲᠤᠯᠤᠭ᠎ᠠ ᠳᠤ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ ᠶᠢ ᠠᠬᠢᠭᠤᠯᠤᠨ᠎ᠠ︔ ᠨᠠᠢᠮᠠ ᠳᠤ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢᠴᠢᠩᠭᠠᠳᠬᠠᠨ᠎ᠠ᠃      ﹇ᠬᠥᠲᠥᠯᠥᠭᠴᠢ﹈ ᠡᠨᠡ ᠠᠵᠢᠯ ᠢ ᠥᠷᠨᠢᠭᠦᠯᠬᠦ ᠪᠠᠷ ᠳᠠᠮᠵᠢᠨ ᠶᠠᠮᠠᠷ ᠬᠠᠷᠠᠯᠲᠠ ᠳᠤ ᠬᠦᠷᠬᠦ ᠪᠣᠢ︖      ﹇ᠦ᠋ ᠰᠢᠶᠣᠣ ᠵᠢᠤᠸᠠᠨ﹈ 2025 ᠣᠨ ᠪᠣᠯᠬᠤ ᠳᠤ᠂ ᠪᠥᠬᠦ ᠬᠤᠰᠢᠭᠤᠨ ᠤ ᠡᠨᠧᠷᠭᠢ᠂ ᠠᠭᠤᠷᠬᠠᠢ ᠶᠢᠨ ᠭᠠᠷᠤᠯᠲᠠ᠂ ᠭᠠᠵᠠᠷ ᠰᠢᠷᠣᠢ᠂ ᠤᠰᠤ ᠵᠡᠷᠭᠡ ᠴᠢᠬᠤᠯᠠ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠨᠢᠭᠡᠴᠢ GDP ᠶᠢᠨ ᠤᠰᠤ ᠬᠡᠷᠡᠭᠯᠡᠬᠦ ᠬᠡᠮᠵᠢᠶ᠎ᠡ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠲᠠᠯᠠᠪᠠᠶ ᠶᠢ 2020 ᠣᠨ ᠤ ᠬᠢ ᠠᠴᠠ ᠲᠣᠰ ᠲᠣᠰ 20%᠂ 17% ᠪᠠᠭᠤᠷᠠᠭᠤᠯᠤᠨ᠂ ᠤᠯᠤᠰ ᠤᠨ ᠭᠠᠵᠠᠷ ᠰᠢᠷᠣᠢ ᠶᠢ ᠨᠡᠭᠡᠭᠡᠨ ᠠᠰᠢᠭᠯᠠᠬᠤ ᠬᠦᠴᠦᠯᠡᠴᠡ ᠶᠢ 1.6% ᠪᠣᠯᠲᠠᠯ᠎ᠠ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠵᠤ ᠳᠠᠬᠢᠨ ᠮᠠᠯᠲᠠᠬᠤ ᠨᠣᠷᠮ᠎ᠠ᠂ ᠬᠦᠳᠡᠷ ᠰᠢᠯᠢᠵᠦ ᠪᠤᠴᠠᠭᠠᠨ ᠬᠤᠷᠢᠶᠠᠬᠤ ᠨᠣᠷᠮ᠎ᠠ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠤᠯᠤᠰ ᠤᠨ ᠱᠠᠭᠠᠷᠳᠠᠯᠭ᠎ᠠ ᠳᠤ ᠬᠦᠷᠦᠭᠦᠯᠵᠦ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ ᠤᠯᠠᠮ ᠨᠢᠭᠡ ᠠᠯᠬᠤᠮ ᠪᠠᠭᠤᠷᠠᠭᠤᠯᠤᠨ᠎ᠠ︔ ᠪᠥᠬᠦ ᠬᠤᠰᠢᠭᠤᠨ ᠤ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 70% ᠬᠦᠷᠦᠭᠦᠯᠵᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 91% ᠳᠤ ᠬᠦᠷᠦᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠨᠣᠷᠮ᠎ᠠ ᠶᠢ 60% ᠳᠤ ᠬᠦᠷᠦᠭᠦᠯᠵᠦ᠂ ᠬᠤᠭᠤᠯᠠ ᠤᠮᠳᠠᠭᠠᠨ ᠤ ᠬᠦᠷᠢᠶ᠎ᠡ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠵᠠᠳᠠᠷᠠᠭᠤᠯᠵᠤ ᠳᠡᠶᠢᠯᠬᠦ ᠦᠭᠡᠢ ᠰᠦᠯᠢᠶᠥᠦ ᠬᠤᠭᠤᠯᠠᠨ ᠤ ᠬᠡᠷᠡᠭᠰᠡᠯ ᠤᠨ ᠬᠤᠷᠣᠭᠳᠠᠯ ᠤᠨ ᠬᠦᠴᠦᠯᠡᠴᠡ ᠶᠢ 30% ᠪᠠᠭᠤᠷᠠᠭᠤᠯᠵᠤ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠨᠡᠶᠢᠭᠡᠮ ᠤᠨ ᠡᠯ᠎ᠡ ᠬᠦᠷᠢᠶᠡᠨ ᠤ ᠦᠢᠯᠡᠳᠪᠦᠷᠢᠯᠡᠯ᠂ ᠪᠦᠲᠦᠭᠡᠨ ᠪᠠᠶᠢᠭᠤᠯᠤᠯᠲᠠ᠂ ᠭᠦᠢᠯᠭᠡᠭᠡ᠂ ᠬᠡᠷᠡᠭᠯᠡᠭᠡ ᠵᠡᠷᠭᠡ ᠵᠠᠩᠭᠢᠯᠠᠭ᠎ᠠ ᠶᠢᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠡᠬᠢ ᠪᠠᠶᠠᠯᠢᠭ ᠤᠨ ᠪᠦᠲᠦᠴᠡ ᠶᠢᠨ ᠴᠢᠨᠠᠷᠲᠠᠢ ᠵᠥᠷᠢᠴᠡᠯ ᠪᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠨᠡᠶᠢᠭᠡᠮ ᠳᠠᠶᠠᠭᠠᠷ ᠤᠨ ᠡᠬᠢ ᠪᠠᠶᠠᠯᠢᠭ ᠢ ᠠᠷᠪᠢᠯᠠᠬᠤ ᠤᠬᠠᠮᠰᠠᠷ ᠢᠯᠡᠳᠲᠡ ᠴᠢᠩᠭᠠᠷᠠᠨ᠎ᠠ᠃ 2030 ᠣᠨ ᠪᠣᠯᠬᠤ ᠳᠤ᠂ ᠠᠷᠪᠢᠲᠠᠢ ᠡᠷᠴᠢᠮᠯᠢᠭ ᠬᠥᠭᠵᠢᠯᠲᠡ ᠶᠢᠨ ᠠᠷᠭ᠎ᠠ ᠮᠠᠶ᠋ᠢᠭ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠᠷ ᠪᠠᠭ᠎ᠠ ᠠᠮᠢᠳᠤᠷᠠᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃      ﹇ᠬᠥᠲᠥᠯᠥᠭᠴᠢ﹈ ᠣᠳᠣᠬᠠᠨ ᠳᠤ ᠲᠤᠰ ᠠᠵᠢᠯ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖      ﹇ᠦ᠋ ᠰᠢᠶᠣᠣ ᠵᠢᠤᠸᠠᠨ﹈ ᠡᠨᠧᠷᠭᠢ ᠶᠢ ᠠᠷᠪᠢᠯᠠᠨ ᠡᠷᠴᠢᠮᠵᠢᠭᠦᠯᠬᠦ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠄ ᠡᠨᠧᠷᠭᠢ ᠶᠢᠨ ᠬᠠᠩᠭᠠᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ 2022 ᠣᠨ ᠳᠤ ᠮᠠᠨ ᠤ ᠬᠤᠰᠢᠭᠤ 3 ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 343 ᠰᠠᠶ᠎ᠠ ᠸᠠᠲ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠨᠢ 15 ᠳ᠋ᠦᠩᠰᠢᠭᠤᠷ ᠺᠢᠯᠣᠸᠠᠲ ᠴᠠᠭ ᠬᠦᠷᠴᠡᠢ᠃ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠳᠤ ᠡᠨᠧᠷᠭᠢ ᠶᠢᠨ ᠬᠢᠨᠠᠨ ᠪᠣᠳᠣᠯᠲᠠ ᠥᠷᠨᠢᠭᠦᠯᠵᠦ᠂ ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠳᠪᠦᠷᠢᠯᠡᠯ ᠤᠨ ᠱᠤᠭᠤᠮ᠂ ᠦᠢᠯᠡᠳᠪᠦᠷᠢᠯᠡᠯ ᠤᠨ ᠤᠷᠠᠯᠠᠯ ᠢ ᠪᠦᠬᠦ ᠲᠠᠯ᠎ᠠ ᠪᠠᠷ ᠣᠨᠣᠰᠢᠯᠠᠬᠤ ᠪᠠᠷ ᠳᠠᠮᠵᠢᠨ᠂ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠡᠨᠧᠷᠭᠢ ᠠᠷᠪᠢᠯᠠᠨ ᠳᠠᠯᠳᠠ ᠬᠦᠴᠦᠨ ᠢ ᠠᠭᠤᠳᠠᠯᠬᠤ ᠬᠡᠮᠵᠢᠶ᠎ᠡ ᠶᠢ 7000 ᠲᠣᠨ ᠪᠠᠷᠢᠮᠵᠢᠶᠠᠲᠤ ᠨᠡᠭᠦᠷᠡᠰᠦ ᠪᠠᠷ ᠵᠢᠱᠢᠵᠦ ᠪᠠᠶᠢᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ ᠲᠠᠯ᠎ᠠ ᠪᠠᠷ᠄ 7 ᠠᠭᠤᠷᠬᠠᠢ ᠬᠠᠶᠢᠬᠤ ᠡᠷᠬᠡ ᠶᠢ ᠭᠤᠶᠤᠴᠢᠯᠠᠨ ᠮᠡᠳᠡᠭᠦᠯᠵᠦ᠂ 2 ᠠᠭᠤᠷᠬᠠᠢ ᠬᠠᠶᠢᠬᠤ ᠡᠷᠬᠡ ᠶᠢ ᠫᠠᠶᠢᠰᠠ ᠡᠯᠭᠦᠨ ᠰᠢᠯᠵᠢᠭᠦᠯᠦᠨ ᠥᠭᠬᠦ ᠠᠵᠢᠯ ᠢ ᠪᠡᠶᠡᠯᠡᠭᠦᠯᠪᠡ᠃ ᠠᠭᠤᠷᠬᠠᠢ ᠮᠠᠯᠲᠠᠬᠤ ᠡᠷᠬᠡ ᠶᠢ ᠰᠢᠨ᠎ᠡ ᠪᠠᠷ 1 ᠪᠠᠶᠢᠭᠤᠯᠵᠤ᠂ 3 ᠶᠢ ᠬᠤᠪᠢᠷᠠᠭᠤᠯᠵᠤ᠂ 2 ᠢ ᠦᠷᠭᠦᠯᠵᠢᠯᠡᠭᠦᠯᠦᠨ᠂ 12 ᠠᠭᠤᠷᠬᠠᠢ ᠮᠠᠯᠲᠠᠬᠤ ᠡᠷᠬᠡ ᠶᠢ ᠬᠦᠴᠦᠨ ᠦᠭᠡᠢ ᠪᠣᠯᠭᠠᠪᠠ᠃ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠪᠠᠷᠢᠮᠲᠠᠯᠠᠬᠤ ᠲᠠᠯ᠎ᠠ ᠪᠠᠷ᠄ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠬᠤᠲᠠ ᠪᠠᠯᠭᠠᠰᠤ ᠶᠢᠨ ᠵᠠᠭᠠᠭ ᠱᠤᠭᠤᠮ ᠵᠡᠷᠭᠡ ᠶᠢ ᠵᠠᠭᠠᠭᠯᠠᠨ ᠲᠣᠭᠲᠠᠭᠠᠵᠤ ᠳᠡᠭᠡᠭᠰᠢ ᠮᠡᠳᠡᠭᠦᠯᠬᠦ ᠠᠵᠢᠯ ᠢ ᠪᠡᠶᠡᠯᠡᠭᠦᠯᠪᠡ᠃ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ 126.11 ᠾᠧᠺᠲ᠋ᠠᠷ ᠭᠠᠵᠠᠷ ᠰᠢᠷᠣᠢ ᠶᠢ ᠰᠢᠩᠭᠡᠭᠡᠵᠦ᠂ 118.49 ᠾᠧᠺᠲ᠋ᠠᠷ ᠰᠤᠯᠠ ᠪᠠᠶᠢᠭᠰᠠᠨ ᠭᠠᠵᠠᠷ ᠰᠢᠷᠣᠢ ᠶᠢ ᠰᠢᠢᠳᠪᠦᠷᠢᠯᠡᠵᠡᠢ᠃ ᠤᠰᠤᠨ ᠤ ᠡᠬᠢ ᠪᠠᠶᠠᠯᠢᠭ ᠢ ᠠᠷᠪᠢᠯᠠᠨ ᠬᠠᠮᠠᠭᠠᠯᠠᠬᠤ ᠶᠢ ᠴᠢᠩᠭᠠᠳᠬᠠᠬᠤ ᠲᠠᠯ᠎ᠠ ᠪᠠᠷ᠄ 5 ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠪᠥᠬᠦ ᠬᠤᠰᠢᠭᠤᠨ ᠤ 350 ᠭᠠᠴᠠᠭ᠎ᠠ ᠲᠣᠰᠬᠤᠨ ᠳᠤ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠵᠥᠪᠰᠢᠶᠡᠷᠡᠯ ᠤᠨ ᠦᠨᠡᠮᠯᠡᠯ ᠣᠯᠭᠤᠬᠤ ᠠᠵᠢᠯ ᠢ ᠪᠡᠶᠡᠯᠡᠭᠦᠯᠪᠡ᠃ ᠠᠮᠤ ᠪᠤᠳᠠᠭ᠎ᠠ ᠠᠷᠪᠢᠯᠠᠬᠤ ᠠᠵᠢᠯᠯᠠᠭ᠎ᠠ ᠥᠷᠨᠢᠭᠦᠯᠬᠦ ᠲᠠᠯ᠎ᠠ ᠪᠠᠷ᠄ ᠠᠮᠤ ᠪᠤᠳᠠᠭᠠᠨ ᠤ ᠦᠢᠯᠡᠴᠢᠯᠡᠭᠡᠨ ᠤ ᠲᠥᠪ ᠤᠨ 24 ᠲᠦᠷᠦᠯ ᠵᠦᠢᠯ ᠢ ᠬᠡᠷᠡᠭᠵᠢᠭᠦᠯᠵᠦ᠂ ᠠᠮᠤ ᠪᠤᠳᠠᠭ᠎ᠠ ᠬᠠᠲᠠᠭᠠᠬᠤ᠂ ᠬᠠᠳᠠᠭᠠᠯᠠᠬᠤ ᠵᠡᠷᠭᠡ ᠨᠥᠬᠦᠴᠡᠯ ᠢ ᠦᠨᠡᠨᠬᠦ ᠰᠠᠶᠢᠵᠢᠷᠠᠭᠤᠯᠵᠤ᠂ ᠠᠮᠤ ᠪᠤᠳᠠᠭ᠎ᠠ ᠬᠤᠷᠢᠶᠠᠬᠤ᠂ ᠬᠠᠳᠠᠭᠠᠯᠠᠬᠤ ᠦᠶ᠎ᠡ ᠶᠢᠨ ᠬᠤᠷᠣᠭᠳᠠᠯ ᠢ ᠪᠦᠲᠦᠮᠵᠢᠲᠡᠢ ᠪᠠᠭᠠᠰᠬᠠᠪᠠ᠃ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠣᠯᠠᠨ ᠬᠡᠯᠪᠡᠷᠢ ᠶᠢᠨ ᠤᠬᠠᠭᠤᠯᠭ᠎ᠠ ᠶᠢᠨ ᠬᠥᠲᠥᠯᠥᠨ ᠵᠢᠯᠤᠭᠤᠳᠬᠤ ᠠᠵᠢᠯᠯᠠᠭ᠎ᠠ ᠥᠷᠨᠢᠭᠦᠯᠵᠦ᠂ ︽ᠠᠮᠤ ᠪᠤᠳᠠᠭ᠎ᠠ ᠪᠠᠨ ᠬᠠᠶᠢᠷᠠᠯᠠᠵᠤ ᠠᠮᠤ ᠪᠤᠳᠠᠭ᠎ᠠ ᠪᠠᠨ ᠠᠷᠪᠢᠯᠠᠬᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ︾ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠪᠠ᠃ ᠡᠬᠢ ᠪᠠᠶᠠᠯᠢᠭ ᠢ ᠪᠥᠬᠦ ᠲᠠᠯ᠎ᠠ ᠪᠠᠷ ᠣᠷᠴᠢᠯᠳᠤᠭᠤᠯᠤᠨ ᠠᠰᠢᠭᠯᠠᠬᠤ ᠶᠢ ᠠᠬᠢᠭᠤᠯᠬᠤ ᠲᠠᠯ᠎ᠠ ᠪᠠᠷ᠄ ᠡᠰᠢ ᠰᠦᠷᠡᠯ ᠢ ᠪᠣᠷᠳᠣᠭᠤᠷ ᠪᠣᠯᠭᠠᠬᠤ᠂ ᠲᠡᠵᠢᠭᠡᠯ ᠪᠣᠷᠳᠤᠭ᠎ᠠ ᠪᠣᠯᠭᠠᠬᠤ ᠂ ᠲᠦᠭᠦᠬᠡᠢ ᠮᠠᠲ᠋ᠧᠷᠢᠶᠠᠯᠵᠢᠭᠤᠯᠤᠨ ᠬᠤᠷᠢᠶᠠᠨ ᠴᠤᠭᠯᠠᠭᠤᠯᠵᠤ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠰᠤᠯᠭᠠᠨ ᠤᠰᠤᠯᠠᠬᠤ ᠬᠤᠭᠤᠯᠠᠢ ᠶᠢ ᠪᠤᠴᠠᠭᠠᠨ ᠬᠤᠷᠢᠶᠠᠬᠤ ᠨᠣᠷᠮ᠎ᠠ ᠶᠢ 100% ᠪᠣᠯᠭᠠᠪᠠ᠃ ᠨᠢᠺᠧᠯᠲᠦ ᠲᠡᠮᠦᠷ ᠤᠨ ᠬᠠᠶᠠᠭᠳᠠᠮᠠᠯ ᠰᠢᠭᠠᠷᠤ ᠪᠠᠷ ᠲᠦᠭᠦᠬᠡᠢ ᠮᠠᠲ᠋ᠧᠷᠢᠶᠠᠯ ᠪᠣᠯᠭᠠᠨ ᠮᠠᠰᠢᠨ ᠢᠶᠠᠷ ᠬᠢᠭᠰᠡᠨ ᠡᠯᠡᠰᠦ᠂ ᠠᠭᠤᠷᠬᠠᠢ ᠶᠢᠨ ᠨᠤᠨᠳᠠᠭ ᠢ ᠦᠢᠯᠡᠳᠪᠦᠷᠢᠯᠡᠬᠦ ᠶᠠᠨ ᠯᠧᠢ ᠨᠢᠺᠧᠯ ᠤᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠦᠢᠯᠡᠳᠪᠦᠷᠢᠯᠡᠯ ᠳᠤ ᠣᠷᠣᠭᠤᠯᠤᠭᠰᠠᠨ ᠤ ᠳᠠᠷᠠᠭ᠎ᠠ ᠵᠢᠯ ᠳᠤ 200 ᠲᠦᠮᠡᠨ ᠲᠣᠨ ᠨᠢᠺᠧᠯ ᠤᠨ ᠰᠢᠭᠠᠷᠤ ᠶᠢ ᠰᠢᠢᠳᠪᠦᠷᠢᠯᠡᠵᠦ ᠳᠡᠶᠢᠯᠦᠨ᠎ᠡ᠃ ᠨᠢᠺᠧᠯ ᠾᠷᠣᠮ ᠮᠠᠩᠭᠠᠨ ᠤ ᠬᠠᠶᠢᠯᠤᠰᠢ ︱ ᠥᠨᠳᠥᠷ ᠴᠢᠳᠠᠪᠬᠢ ᠲᠠᠢ ᠵᠢᠪᠡᠷᠡᠬᠦ ᠦᠭᠡᠢ ᠪᠣᠯᠣᠳ ︱ ᠵᠢᠪᠡᠷᠡᠬᠦ ᠦᠭᠡᠢ ᠪᠣᠯᠣᠳ ᠦᠢᠯᠡᠳᠬᠦᠨ ︱ ᠨᠢᠺᠧᠯ ᠰᠢᠭᠠᠷᠤ ᠪᠠᠷ ᠬᠢᠭᠰᠡᠨ ᠡᠯᠡᠰᠦ ᠵᠢᠴᠢ ᠡᠯᠡᠭᠳᠡᠯ ᠳᠤ ᠳᠠᠭᠠᠭᠠᠮᠠᠭᠠᠢ ᠮᠠᠲ᠋ᠧᠷᠢᠶᠠᠯ ᠤᠨ ᠡᠬᠢ ᠪᠠᠶᠠᠯᠢᠭ ᠤᠨ ᠡᠷᠭᠢᠯᠲᠡ ᠶᠢᠨ ᠰᠢᠰᠲ᠋ᠧᠮ ᠢ ᠠᠩᠬ᠎ᠠ ᠠᠯᠬᠤᠮ ᠬᠡᠪᠴᠢᠶᠡᠵᠢᠭᠦᠯᠪᠡ᠃ ᠬᠠᠢ ᠴᠤᠸᠠᠩ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ 2023 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ 7.47 ᠲᠦᠮᠡᠨ ᠲᠣᠨ ᠬᠤᠭ ᠨᠣᠪᠰᠢ ᠶᠢ ᠰᠢᠢᠳᠪᠦᠷᠢᠯᠡᠵᠦ᠂ 1855.61 ᠲᠦᠮᠡᠨ ᠺᠢᠯᠣᠸᠠᠲ ᠤᠨ ᠴᠠᠭ ᠴᠠᠬᠢᠯᠭᠠᠨ ᠭᠠᠷᠭᠠᠪᠠ᠃ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ ᠶᠢ ᠠᠬᠢᠭᠤᠯᠬᠤ ᠲᠠᠯ᠎ᠠ ᠪᠠᠷ᠄ ᠲᠥᠰᠥᠪ ᠤᠨ ᠭᠦᠢᠴᠡᠳᠭᠡᠯᠲᠡ ᠶᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠳᠣᠲᠣᠷ᠎ᠠ ᠠᠴᠠ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠬᠤ ᠶᠢ ᠪᠡᠶᠡᠯᠡᠭᠦᠯᠪᠡ᠃ ᠡᠭᠦᠷᠭᠡ ᠴᠢᠳᠠᠪᠬᠢ ᠨᠢ ᠣᠶᠢᠷᠠᠯᠴᠠᠭ᠎ᠠ᠂ ᠲᠥᠪᠯᠡᠷᠡᠭᠦᠯᠦᠨ ᠲᠣᠬᠢᠷᠠᠭᠤᠯᠬᠤ ᠵᠠᠷᠴᠢᠮ ᠶᠣᠰᠣᠭᠠᠷ᠂ ᠪᠥᠬᠦ ᠬᠤᠰᠢᠭᠤᠨ ᠤ ᠪᠣᠶ ᠪᠦᠬᠦᠢ ᠨᠠᠮ ᠵᠠᠰᠠᠭ ᠤᠨ ᠪᠠᠶᠢᠭᠤᠯᠭ᠎ᠠ ᠵᠢᠴᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠶᠢ ᠬᠡᠰᠡᠭ ᠲᠣᠭᠤᠷᠢᠭ ᠬᠤᠪᠢᠶᠠᠨ ᠪᠠᠶᠢᠷᠢᠰᠢᠭᠤᠯᠵᠤ᠂ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠤᠨ᠂ ᠬᠠᠮᠢᠶᠠᠷᠤᠯᠲᠠ ᠶᠢᠨ ᠵᠠᠭᠪᠤᠷ ᠢ ᠨᠢᠭᠡᠳᠦᠯᠲᠡᠢ ᠪᠣᠯᠭᠠᠪᠠ᠃ ᠵᠠᠰᠠᠭ ᠵᠠᠬᠢᠷᠭᠠᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠴᠢᠮᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠬᠦ ᠡᠷᠴᠢᠮ ᠢ ᠴᠢᠩᠭᠠᠷᠠᠭᠤᠯᠤᠨ᠂ ᠡᠯ᠎ᠡ ᠲᠦᠷᠦᠯ ᠤᠨ ︽ᠴᠢᠮᠡᠭᠡ ᠵᠠᠩᠭᠢ ᠶᠢᠨ ᠲᠦᠭᠵᠢᠷᠡᠯ︾ ᠢ ᠨᠠᠪᠲᠠᠷᠡᠭᠦᠯᠵᠦ᠂ ᠴᠢᠮᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠬᠢᠷᠢ ᠬᠡᠮᠵᠢᠶ᠎ᠡ ᠪᠠ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠄ 2022 ᠣᠨ ᠳᠤ᠂ ᠬᠤᠰᠢᠭᠤᠨ ᠤ ᠳᠣᠲᠣᠷᠠᠬᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠯᠪᠢᠭᠰᠠᠨ ᠵᠦᠢ ᠶᠣᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 5.28 ᠳ᠋ᠦᠩᠰᠢᠭᠤᠷ ᠲᠥᠭᠦᠷᠢᠭ ᠬᠦᠷᠴᠦ᠂ ᠵᠢᠯ ᠤᠨ ᠡᠬᠢᠨ ᠤ ᠬᠢ ᠠᠴᠠ 4.33 ᠳ᠋ᠦᠩᠰᠢᠭᠤᠷ ᠲᠥᠭᠦᠷᠢᠭ ᠨᠡᠮᠡᠭᠳᠡᠨ᠂ ᠵᠦᠢ ᠶᠣᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢᠨ 5.49% ᠶᠢ ᠡᠵᠡᠯᠡᠪᠡ᠃      ﹇ᠬᠥᠲᠥᠯᠥᠭᠴᠢ﹈ ᠲᠤᠰᠬᠠᠢ ᠵᠦᠢᠯ ᠤᠨ ᠵᠢᠭᠡᠯᠡᠯᠭᠡ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠶᠢ ᠲᠠᠨᠢᠯᠴᠠᠭᠤᠯᠤᠨ᠎ᠠ ᠦᠦ︖      ﹇ᠦ᠋ ᠰᠢᠶᠣᠣ ᠵᠢᠤᠸᠠᠨ﹈ 11 ᠬᠦᠷᠢᠶ᠎ᠡ ᠬᠡᠪᠴᠢᠶᠡᠨ ᠳᠤ ᠦᠷᠭᠦᠯᠵᠢᠯᠡᠨ ᠬᠡᠷᠡᠭᠯᠡᠪᠡ᠃ 2023 ᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠦᠷᠭᠦᠯᠵᠢᠯᠡᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ᠂ ᠡᠨᠧᠷᠭᠢ᠂ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠦᠢᠯᠡᠰ᠂ ᠬᠤᠳᠠ ᠬᠥᠳᠡᠭᠡ ᠶᠢᠨ ᠬᠦᠢᠲᠡᠨ ᠬᠡᠯᠬᠢᠶᠡᠲᠦ ᠵᠡᠷᠭᠡ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ᠂ ᠬᠤᠳᠠ ᠶᠢᠨ ᠶᠠᠪᠤᠳᠠᠯ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥᠯ ᠵᠦᠢᠯ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ ᠵᠡᠷᠭᠡ 11 ᠬᠦᠷᠢᠶᠡᠨ ᠳᠤ ᠭᠤᠣᠯᠳᠠᠯᠭ᠎ᠠ ᠲᠠᠢ ᠬᠡᠷᠡᠭᠯᠡᠪᠡ᠃ ᠡᠭᠦᠨ ᠤ ᠬᠠᠮᠲᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠶᠢᠨ ᠬᠦᠷᠢᠶᠡᠨ ᠳᠠᠬᠢ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠠᠰᠠᠷ ᠲᠠᠭᠲᠤ ᠪᠠᠶᠢᠭᠤᠯᠬᠤ᠂ ᠳᠦᠷᠢ ᠲᠥᠷᠬᠦ ᠶᠢᠨ ᠢᠨᠵᠧᠨᠧᠷᠢᠩ ᠪᠠ ᠵᠠᠰᠠᠭ ᠤᠨ ᠠᠵᠢᠯ ᠤᠨ ᠪᠦᠲᠦᠮᠵᠢ ᠶᠢᠨ ᠢᠨᠵᠧᠨᠧᠷᠢᠩ ᠵᠢᠴᠢ ᠨᠡᠶᠢᠲᠡ ᠶᠢᠨ ᠠᠰᠠᠷᠠᠮᠵᠢ ᠶᠢᠨ ᠪᠤᠰᠤ ᠴᠢᠨᠠᠷᠲᠠᠢ ᠬᠥᠷᠥᠩᠭᠡ ᠶᠢᠨ ᠵᠠᠷᠤᠯᠭ᠎ᠠ ᠶᠢᠨ ᠲᠥᠷᠥᠯ ᠵᠦᠢᠯ ᠵᠡᠷᠭᠡ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ      ﹇ᠬᠥᠲᠥᠯᠥᠭᠴᠢ﹈ ᠰᠢᠨ᠎ᠡ ᠪᠠᠷ ᠨᠡᠮᠡᠭᠳᠡᠭᠰᠡᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠪᠠᠷ ᠮᠡᠳᠡᠭᠦᠯᠬᠦ ᠲᠥᠷᠥᠯ ᠵᠦᠢᠯ ᠨᠢ ᠶᠠᠮᠠᠷ ᠶᠠᠮᠠᠷ ᠨᠥᠬᠦᠴᠡᠯ ᠳᠤ ᠨᠡᠶᠢᠴᠡᠬᠦ ᠬᠡᠷᠡᠭᠲᠡᠢ ᠪᠤᠢ︖      ﹇ᠦ᠋ ᠰᠢᠶᠣᠣ ᠵᠢᠤᠸᠠᠨ﹈ ᠰᠢᠨ᠎ᠡ ᠪᠠᠷ ᠨᠡᠮᠡᠭᠳᠡᠭᠰᠡᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠲᠥᠷᠥᠯ ᠵᠦᠢᠯ ᠨᠢ ᠳᠣᠣᠷᠠᠬᠢ ᠨᠥᠬᠦᠴᠡᠯ ᠢ ᠬᠠᠩᠭᠠᠭᠰᠠᠨ ᠪᠠᠶᠢᠬᠤ ᠬᠡᠷᠡᠭᠲᠡᠢ᠄ 1. ᠭᠤᠶᠤᠴᠢᠯᠠᠨ ᠮᠡᠳᠡᠭᠦᠯᠬᠦ ᠲᠥᠷᠥᠯ ᠵᠦᠢᠯ ᠨᠢ ᠡᠷᠬᠡᠪᠰᠢ ᠣᠷᠣᠭᠤᠯᠤᠯᠲᠠ ᠶᠢᠨ ᠬᠦᠷᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ︔ 2. ᠭᠤᠶᠤᠴᠢᠯᠠᠨ ᠮᠡᠳᠡᠭᠦᠯᠬᠦ ᠲᠥᠷᠥᠯ ᠵᠦᠢᠯ ᠨᠢ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠠᠵᠤ ᠠᠬᠤᠢ ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠢ᠂ ᠡᠷᠲᠡ ᠣᠷᠣᠢ ᠦᠭᠡᠢ ᠬᠢᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠬᠠᠷᠢᠶᠠᠯᠠᠭᠳᠠᠬᠤ ᠬᠡᠷᠡᠭᠲᠡᠢ︔ 3. ᠮᠡᠳᠡᠭᠦᠯᠬᠦ ᠲᠥᠷᠥᠯ ᠵᠦᠢᠯ ᠨᠢ ᠡᠷᠬᠡᠪᠰᠢ ᠪᠣᠯᠪᠠᠰᠤᠷᠠᠩᠭᠤᠢ ᠪᠥᠭᠡᠳ ᠶᠠᠪᠤᠭᠳᠠᠭᠤᠰᠢᠲᠠᠢ ᠪᠠᠶᠢᠬᠤ ᠬᠡᠷᠡᠭᠲᠡᠢ᠃ ᠪᠠᠶᠢᠭᠤᠯᠵᠤ ᠪᠠᠶᠢᠭ᠎ᠠ ᠲᠥᠷᠥᠯ ᠵᠦᠢᠯ ᠢ ᠤᠷᠢᠳᠠᠪᠠᠷ ᠳᠡᠮᠵᠢᠵᠦ᠂ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠡᠷᠬᠡᠪᠰᠢ ᠰᠤᠳᠤᠯᠵᠤ ᠪᠣᠯᠬᠤ ᠶᠢ ᠬᠢᠨᠠᠨ ᠴᠤᠬᠤᠯᠠᠪᠤᠷᠢᠯᠠᠬᠤ ᠪᠤᠶᠤ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠭᠠᠷᠳᠠᠮ ᠢ ᠪᠡᠶᠡᠯᠡᠭᠦᠯᠦᠭᠰᠡᠨ ᠪᠠᠶᠢᠬᠤ ᠬᠡᠷᠡᠭᠲᠡᠢ᠂ 2023 ᠣᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢᠨ ᠬᠠᠮᠲᠤ ᠪᠣᠳᠠᠲᠤ ᠠᠵᠢᠯ ᠤᠨ ᠬᠡᠮᠵᠢᠶ᠎ᠡ ᠶᠢ ᠪᠣᠶ ᠪᠣᠯᠭᠠᠬᠤ ᠬᠡᠷᠡᠭᠲᠡᠢ︔ 4. ᠲᠥᠷᠥᠯ ᠵᠦᠢᠯ ᠢ ᠮᠡᠳᠡᠭᠦᠯᠬᠦ ᠳᠡᠭᠡᠨ ᠡᠷᠬᠡᠪᠰᠢ ᠲᠥᠷᠥᠯ ᠵᠦᠢᠯ ᠤᠨ ᠠᠰᠢᠭ ᠣᠯᠵᠠᠪᠤᠷᠢ ᠪᠠ ᠲᠦᠭᠰᠢᠭᠦᠷᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠲᠥᠷᠥᠯ ᠵᠦᠢᠯ ᠨᠢ ᠣᠷᠣᠭᠤᠯᠤᠯᠲᠠ ᠶᠢᠨ ᠬᠠᠨᠳᠤᠰᠢ ᠶᠢᠨ ᠬᠦᠷᠢᠶ᠎ᠡ ᠴᠠᠷᠠᠭ᠎ᠠ ᠲᠠᠢ ᠵᠣᠬᠢᠴᠠᠯᠳᠤᠭᠰᠠᠨ ᠠᠵᠤ ᠠᠬᠤᠢ ᠶᠢᠨ ᠦᠷ᠎ᠡ ᠠᠰᠢᠭ ᠲᠠᠢ ᠪᠠᠶᠢᠬᠤ ᠬᠡᠷᠡᠭᠲᠡᠢ ᠮᠥᠷᠲᠡᠭᠡᠨ ᠪᠡᠯᠡ ᠲᠣᠬᠢᠷᠠᠭᠤᠯᠭ᠎ᠠ ᠶᠢᠨ ᠠᠰᠢᠭ ᠣᠯᠵᠠᠪᠤᠷᠢ ᠨᠢ ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠵᠦ ᠳᠡᠶᠢᠯᠬᠦ ᠬᠡᠷᠡᠭᠲᠡᠢ︔ 5. ᠡᠭᠦᠨ ᠠᠴᠠ ᠡᠮᠦᠨ᠎ᠡ ᠪᠠᠲᠤᠯᠠᠭᠳᠠᠭ᠎ᠠ ᠦᠭᠡᠢ ᠲᠥᠷᠥᠯ ᠵᠦᠢᠯ ᠤᠨ ᠬᠠᠮᠢᠶ᠎ᠠ ᠪᠦᠬᠦᠢ ᠨᠥᠬᠦᠴᠡᠯ ᠢ ᠲᠡᠭᠦᠯᠳᠡᠷᠵᠢᠭᠦᠯᠦᠭᠰᠡᠨ ᠤ ᠳᠠᠷᠠᠭ᠎ᠠ ᠳᠠᠭᠢᠵᠤ ᠮᠡᠳᠡᠭᠦᠯᠦᠨ ᠬᠦᠷᠭᠡᠬᠦ ᠶᠢ ᠵᠥᠪᠰᠢᠶᠡᠷᠡᠨ᠎ᠡ︔ 6. 2022 ᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡᠳᠬᠡᠯ ᠲᠥᠷᠥᠯ ᠵᠦᠢᠯ ᠤᠨ ᠨᠠᠷᠢᠨ ᠬᠠᠭᠤᠳᠠᠰᠤ ᠳᠠᠬᠢ ᠲᠥᠷᠥᠯ ᠵᠦᠢᠯ ᠢ ᠦᠷᠭᠦᠯᠵᠢᠯᠡᠨ ᠳᠡᠮᠵᠢᠨ᠎ᠡ᠃ 2022 ᠣᠨ ᠤ ᠮᠠᠨ ᠤ ᠵᠥᠪᠯᠡᠯ ᠠᠴᠠ ᠪᠡᠯᠡᠳᠬᠡᠯ ᠲᠥᠷᠥᠯ ᠵᠦᠢᠯ ᠤᠨ ᠨᠠᠷᠢᠨ ᠲᠠᠩᠰᠠᠨ ᠳᠤ ᠰᠣᠩᠭᠤᠨ ᠣᠷᠣᠭᠤᠯᠤᠭᠰᠠᠨ᠂ 2023 ᠣᠨ ᠳᠤ ᠮᠥᠨ ᠬᠦ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠲᠠᠢ ᠲᠥᠷᠥᠯ ᠵᠦᠢᠯ ᠢ 2023 ᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠪᠠᠷ ᠮᠡᠳᠡᠭᠦᠯᠵᠦ ᠪᠣᠯᠣᠨ᠎ᠠ᠃      ﹇ᠬᠥᠲᠥᠯᠥᠭᠴᠢ﹈ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠮᠡᠳᠡᠭᠦᠯᠬᠦ ᠳᠤ ᠶᠠᠮᠠᠷ ᠶᠠᠮᠠᠷ ᠶᠠᠪᠤᠴᠠ ᠪᠠᠶᠢᠳᠠᠭ ᠪᠤᠢ︖      ﹇ᠦ᠋ ᠰᠢᠶᠣᠣ ᠵᠢᠤᠸᠠᠨ﹈ 1. ᠲᠦᠷᠦᠯ ᠵᠦᠢᠯ ᠤᠨ ᠨᠥᠭᠡᠴᠡᠯᠡᠯᠲᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠡᠩ ᠲᠡᠷᠢᠭᠦᠨ ᠳᠤ ᠤᠯᠤᠰ ᠤᠨ ᠬᠤᠷᠸ᠎ᠠ ᠲᠥᠷᠥ ᠶᠢᠨ ᠪᠣᠳᠣᠯᠭ᠎ᠠ᠂ ᠰᠠᠯᠠᠭ᠎ᠠ ᠮᠥᠴᠢᠷ ᠪᠣᠯᠣᠨ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠴᠢᠬᠤᠯᠠᠲᠠᠢ ᠶᠢ ᠲᠤᠭᠲᠠᠭᠠᠬᠤ ᠮᠥᠷᠲᠡᠭᠡᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠨᠥᠬᠦᠴᠡᠯ ᠪᠣᠯᠣᠨ ᠱᠠᠭᠠᠷᠳᠠᠯᠭ᠎ᠠ ᠶᠢ ᠬᠠᠩᠭᠠᠬᠤ ᠪᠣᠳᠠᠲᠠᠢ ᠲᠥᠷᠥᠯ ᠵᠦᠢᠯ ᠢ ᠪᠠᠶᠢᠬᠤ ᠬᠡᠷᠡᠭᠲᠡᠢ᠃      2. ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ᠃ ᠲᠥᠷᠥᠯ ᠵᠦᠢᠯ ᠤᠨ ᠨᠢᠭᠡᠴᠡ ᠮᠡᠳᠡᠭᠦᠯᠬᠦ ᠪᠠᠷ ᠪᠠᠶᠢᠭ᠎ᠠ ᠲᠥᠷᠥᠯ ᠵᠦᠢᠯ ᠳᠤ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠵᠦ᠂ ᠲᠥᠷᠥᠯ ᠵᠦᠢᠯ ᠨᠢ ᠤᠯᠤᠰ ᠤᠨ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠠᠵᠢᠯ ᠲᠥᠷᠥᠯ ᠤᠨ ᠲᠣᠭᠲᠠᠭᠠᠯ ᠳᠤ ᠨᠡᠶᠢᠴᠡᠬᠦ ᠶᠢ ᠨᠤᠲᠠᠯᠠᠭᠰᠠᠨ ᠤᠷᠢᠲᠠᠯ ᠳᠣᠣᠷ᠎ᠠ᠂ ᠲᠥᠷᠥᠯ ᠵᠦᠢᠯ ᠤᠨ ᠪᠣᠯᠣᠮᠵᠢᠲᠤ ᠴᠢᠨᠠᠷ ᠤᠨ ᠵᠠᠳᠠᠯᠤᠯᠲᠠ ᠬᠢᠬᠦ ᠶᠢᠨ ᠬᠠᠮᠲᠤ ︽ᠲᠥᠷᠥᠯ ᠵᠦᠢᠯ ᠤᠨ ᠪᠣᠯᠣᠮᠵᠢᠲᠤ ᠴᠢᠨᠠᠷ ᠤᠨ ᠮᠡᠳᠡᠭᠦᠯᠦᠯᠲᠡ︾ ᠶᠢ ᠨᠠᠶᠢᠷᠠᠭᠤᠯᠤᠨ ᠵᠣᠬᠢᠶᠠᠵᠤ᠂ ᠲᠥᠷᠥᠯ ᠵᠦᠢᠯ ᠢ ᠴᠣᠬᠤᠯᠠᠪᠤᠷᠢᠯᠠᠬᠤ ᠭᠠᠷᠳᠠᠮ ᠢ ᠭᠦᠢᠴᠡᠳᠬᠡᠵᠦ᠂ ᠠᠳᠠᠯᠢ ᠱᠠᠲᠤᠨ ᠤ ᠲᠥᠯᠦᠪᠵᠢᠭᠦᠯᠭᠡ᠂ ᠭᠠᠵᠠᠷ ᠰᠢᠷᠣᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠲᠥᠷᠥᠯ ᠵᠦᠢᠯ ᠤᠨ ᠬᠠᠮᠢᠶ᠎ᠠ ᠪᠦᠬᠦᠢ ᠴᠣᠬᠤᠯᠠᠪᠤᠷᠢᠯᠠᠨ ᠬᠠᠷᠢᠭᠤᠯᠤᠭᠰᠠᠨ ᠪᠢᠴᠢᠭ ᠮᠠᠲ᠋ᠧᠷᠢᠶᠠᠯ ᠢ ᠭᠠᠷᠭᠠᠨ᠎ᠠ᠃      3. ᠣᠷᠣᠨ ᠨᠤᠲᠤᠭ ᠤᠨ ᠬᠢᠨ ᠬᠥᠮᠥᠷᠭᠡ ᠳᠤ ᠣᠷᠣᠭᠤᠯᠬᠤ ᠪᠠᠷ ᠮᠡᠳᠡᠭᠦᠯᠦᠨ᠎ᠡ᠃ ᠮᠡᠳᠡᠭᠦᠯᠬᠦ ᠨᠢᠭᠡᠴᠡ ᠨᠢ ᠠᠳᠠᠯᠢ ᠱᠠᠲᠤᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ︽ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠬᠥᠮᠥᠷᠭᠡ︾ ᠪᠠ ︽ᠤᠯᠤᠰ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ︾ ᠳᠤ ᠣᠷᠣᠭᠤᠯᠬᠤ ᠪᠠᠷ ᠭᠤᠶᠤᠴᠢᠯᠠᠵᠤ᠂ ︽ᠪᠡᠯᠡ ᠮᠥᠩᠭᠦ ᠨᠢ ᠲᠥᠷᠥᠯ ᠵᠦᠢᠯ ᠢ ᠳᠠᠭᠠᠵᠤ ᠶᠠᠪᠤᠬᠤ︾ ᠵᠠᠷᠴᠢᠮ ᠶᠣᠰᠣᠭᠠᠷ᠂ ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠲᠤᠰᠬᠠᠢ ᠵᠦᠢᠯ ᠤᠨ ᠵᠢᠭᠡᠯᠡᠯᠭᠡ ᠶᠢᠨ ᠲᠥᠷᠥᠯ ᠵᠦᠢᠯ ᠳᠤ ᠠᠩᠬᠠᠨ ᠤ ᠬᠢᠨᠠᠨ ᠬᠠᠷᠭᠤᠭᠤᠯᠤᠯᠲᠠ ᠬᠢᠵᠦ᠂ ᠠᠩᠬᠠᠨ ᠤ ᠬᠢᠨᠠᠨ ᠬᠠᠷᠭᠤᠭᠤᠯᠤᠯᠲᠠ ᠶᠢ ᠪᠠᠲᠤᠯᠠᠭᠰᠠᠨ ᠤ ᠳᠠᠷᠠᠭ᠎ᠠ ᠲᠣᠰ ᠲᠣᠰ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠬᠠᠮᠢᠶ᠎ᠠ ᠪᠦᠬᠦᠢ ︽ᠲᠥᠷᠥᠯ ᠵᠦᠢᠯ ᠤᠨ ᠬᠥᠮᠥᠷᠭᠡ︾ ᠳᠤ ᠳᠡᠪᠰᠢᠭᠦᠯᠦᠨ ᠮᠡᠳᠡᠭᠦᠯᠦᠨ᠎ᠡ᠃      4. ᠲᠥᠷᠥᠯ ᠵᠦᠢᠯ ᠢ ᠴᠣᠬᠤᠯᠠᠪᠤᠷᠢᠯᠠᠬᠤ ᠵᠢᠴᠢ ᠲᠤᠭ᠎ᠠ ᠬᠡᠮᠵᠢᠶ᠎ᠡ ᠶᠢ ᠳᠣᠷᠣᠭᠰᠢ ᠪᠠᠭᠤᠯᠭᠠᠬᠤ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠩᠬᠠᠨ ᠤ ᠬᠢᠨᠠᠯᠲᠠ ᠪᠠᠷ ᠪᠠᠲᠤᠯᠠᠭᠳᠠᠭᠰᠠᠨ ᠤ ᠳᠠᠷᠠᠭ᠎ᠠ᠂ ᠡᠳ᠋ ᠤᠨ ᠵᠠᠰᠠᠭ ᠤᠨ ᠶᠠᠮᠤᠨ ᠪᠣᠯᠣᠨ ᠡᠯ᠎ᠡ ᠮᠤᠵᠢ ᠳᠤ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ ᠬᠠᠷᠢᠭᠤ ᠲᠤᠰᠬᠠᠵᠤ᠂ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ ᠦᠨᠳᠦᠰᠦᠯᠡᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠵᠤ᠂ ᠮᠤᠵᠢ ᠶᠢᠨ ᠡᠳ᠋ ᠤᠨ ᠵᠠᠰᠠᠭ ᠤᠨ ᠲᠢᠩᠬᠢᠮ ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠲᠠᠢ ᠬᠠᠮᠲᠤᠷᠠᠨ ᠬᠤᠲᠠ ᠰᠢᠶᠠᠨ ᠤ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠳᠣᠷᠣᠭᠰᠢ ᠪᠠᠭᠤᠯᠭᠠᠨ᠎ᠠ᠃      ﹇ᠬᠥᠲᠥᠯᠥᠭᠴᠢ﹈ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠳᠤ ᠪᠣᠯᠪᠠᠰᠤᠷᠠᠩᠭᠤᠢ ᠪᠣᠯᠤᠭᠰᠠᠨ ᠢ ᠭᠡᠷᠡᠴᠢᠯᠡᠵᠦ ᠪᠣᠯᠬᠤ ᠶᠠᠮᠠᠷ ᠶᠠᠮᠠᠷ ᠪᠢᠴᠢᠭ ᠮᠠᠲ᠋ᠧᠷᠢᠶᠠᠯ ᠪᠠᠶᠢᠬᠤ ᠪᠤᠢ︖ ᠮᠠᠨ ᠤ ᠬᠤᠰᠢᠭᠤᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠨᠥᠭᠡᠴᠡ ᠶᠢᠨ ᠪᠠᠶᠢᠳᠠᠯ ᠶᠠᠮᠠᠷ ᠵᠡᠷᠭᠡ ᠪᠣᠢ︖      ﹇ᠦ᠋ ᠰᠢᠶᠣᠣ ᠵᠢᠤᠸᠠᠨ﹈ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠮᠠᠲ᠋ᠧᠷᠢᠶᠠᠯ ᠢ ᠪᠡᠯᠡᠳᠬᠡᠬᠦ ᠦᠶ᠎ᠡ ᠳᠤ᠂ ᠲᠥᠷᠥᠯ ᠵᠦᠢᠯ ᠲᠣᠭᠲᠠᠭᠠᠬᠤ ᠶᠢ ᠴᠣᠬᠤᠯᠠᠪᠤᠷᠢᠯᠠᠬᠤ᠂ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠵᠢᠴᠢ ᠴᠣᠬᠤᠯᠠᠪᠤᠷᠢᠯᠠᠬᠤ᠂ ᠲᠥᠯᠦᠪᠵᠢᠭᠦᠯᠭᠡ ᠶᠢᠨ ᠭᠠᠵᠠᠷ ᠰᠣᠩᠭᠤᠬᠤ ᠵᠢᠴᠢ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠭᠰᠠᠨ ᠰᠠᠨᠠᠯ᠂ ᠣᠷᠴᠢᠨ ᠲᠣᠭᠤᠷᠢᠨ ᠤ ᠦᠨᠡᠯᠡᠯᠲᠡ ᠶᠢᠨ ᠴᠣᠬᠤᠯᠠᠪᠤᠷᠢ ᠠᠴᠠ ᠭᠠᠳᠠᠨ᠎ᠠ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠴᠣᠬᠤᠯᠠᠪᠤᠷᠢ᠂ ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠤᠨ ᠴᠣᠬᠤᠯᠠᠪᠤᠷᠢ᠂ ᠪᠠᠷᠢᠯᠭ᠎ᠠ ᠶᠢᠨ ᠠᠵᠢᠯ ᠢ ᠢᠯᠡ ᠪᠠᠷ ᠳᠠᠭᠠᠭᠠᠴᠢᠯᠠᠯᠲᠠ ᠵᠠᠷᠯᠠᠬᠤ ᠶᠠᠪᠤᠴᠠ ᠶᠢᠨ ᠪᠢᠴᠢᠭ ᠮᠠᠲ᠋ᠧᠷᠢᠶᠠᠯ᠂ ᠭᠠᠷ ᠤᠨ ᠦᠰᠦᠭ ᠵᠢᠷᠤᠭᠰᠠᠨ ᠪᠠᠷᠢᠯᠭ᠎ᠠ ᠪᠠᠷᠢᠬᠤ ᠭᠡᠷ᠎ᠡ᠂ ᠭᠠᠵᠠᠷ ᠰᠢᠷᠣᠢ ᠬᠡᠷᠡᠭᠯᠡᠬᠦ ᠡᠷᠬᠡ ᠶᠢᠨ ᠦᠨᠡᠮᠯᠡᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠶᠢᠨ ᠠᠵᠢᠯ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠮᠠᠲ᠋ᠧᠷᠢᠶᠠᠯ ᠨᠢ ᠪᠠᠷᠢᠯᠭ᠎ᠠ ᠶᠢᠨ ᠠᠵᠢᠯ ᠤᠨ ᠨᠡᠯᠢᠶᠡᠳ ᠪᠣᠯᠪᠠᠰᠤᠷᠠᠩᠭᠤᠢ ᠪᠣᠯᠤᠭᠰᠠᠨ ᠢ ᠭᠡᠷᠡᠴᠢᠯᠡᠵᠦ ᠪᠣᠯᠣᠨ᠎ᠠ᠃ ᠣᠳᠣᠬᠠᠨ ᠳᠤ ᠮᠠᠨ ᠤ ᠬᠤᠰᠢᠭᠤ 23 ᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠡᠷᠡᠭᠴᠡᠭᠡ ᠪᠦᠬᠦᠢ 9 ᠲᠥᠷᠥᠯ ᠵᠦᠢᠯ ᠢ ᠨᠥᠭᠡᠴᠡᠯᠡᠵᠦ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ᠂ ᠨᠡᠶᠢᠭᠡᠮ ᠤᠨ ᠦᠢᠯᠡᠰ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠨ᠎ᠠ᠃      ﹇ᠬᠥᠲᠥᠯᠥᠭᠴᠢ﹈ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠂ ᠤᠯᠠᠨ ᠤᠳᠠᠭ᠎ᠠ ᠠᠮᠢᠳᠤᠯᠢᠭ ᠦᠢᠯᠡᠳᠦᠯᠭᠡᠵᠢᠭᠦᠯᠵᠦ᠂ ᠨᠠᠢᠮᠠᠨ ᠬᠤᠰᠢᠭᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠷᠡᠰ ᠵᠣᠷᠢᠭ ᠪᠠ ᠪᠠᠲᠤ ᠢᠲᠡᠭᠡᠯ ᠢ ᠬᠠᠷᠠᠭᠤᠯᠵᠠᠢ᠃ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠡᠶᠢᠮᠦ ᠠᠴᠠ ᠦ᠋ ᠡᠷᠬᠢᠯᠡᠭᠴᠢ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠳᠤ ᠢᠷᠡᠵᠦ᠂ ᠨᠡᠶᠢᠭᠡᠮ ᠤᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠵᠢᠴᠢ ᠲᠤᠰᠬᠠᠢ ᠵᠦᠢᠯ ᠤᠨ ᠵᠢᠭᠡᠯᠡᠯᠭᠡ ᠶᠢ ᠭᠤᠶᠤᠴᠢᠯᠠᠨ ᠮᠡᠳᠡᠭᠦᠯᠬᠦ ᠠᠵᠢᠯ ᠳᠤ ᠲᠠᠶᠢᠯᠤᠮᠵᠢ ᠬᠢᠭᠰᠡᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠃      ﹇ᠦ᠋ ᠰᠢᠶᠣᠣ ᠵᠢᠤᠸᠠᠨ﹈ 2023 ᠣᠨ ᠳᠤ᠂ ᠥᠪᠡᠷᠲᠡᠭᠡᠨ ᠵᠠᠰᠠᠬᠤ ᠣᠷᠣᠨ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠨᠠᠭᠰᠢᠳᠠ ᠠᠬᠢᠭᠤᠯᠬᠤ ᠪᠠᠷ ᠲᠣᠭᠲᠠᠪᠠ᠃ ᠨᠠᠢᠮᠠᠨ ᠬᠤᠰᠢᠭᠤ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠦᠷ᠎ᠡ ᠠᠰᠢᠭ ᠢ ᠲᠡᠷᠢᠭᠦᠨ ᠳᠤ ᠲᠠᠯᠪᠢᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠡᠨᠧᠷᠭᠢ᠂ ᠠᠭᠤᠷᠬᠠᠢ ᠶᠢᠨ ᠭᠠᠷᠤᠯᠲᠠ᠂ ᠭᠠᠵᠠᠷ ᠰᠢᠷᠣᠢ᠂ ᠤᠰᠤ᠂ ᠠᠮᠤ ᠪᠤᠳᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠪᠦᠬᠦ ᠲᠠᠯ᠎ᠠ ᠪᠠᠷ ᠠᠷᠪᠢᠯᠠᠬᠤ᠂ ᠣᠷᠴᠢᠯᠳᠤᠭᠤᠯᠤᠨ ᠠᠰᠢᠭᠯᠠᠬᠤ ᠶᠢ ᠥᠷᠨᠢᠭᠦᠯᠵᠦ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠦᠷ᠎ᠡ ᠪᠦᠲᠦᠮᠵᠢᠲᠡᠢ ᠠᠬᠢᠭᠤᠯᠵᠤ᠂ ᠨᠡᠩ ᠴᠢᠨᠠᠷ ᠰᠠᠶᠢᠲᠠᠢ ᠬᠥᠭᠵᠢᠯᠲᠡ ᠶᠢ ᠬᠥᠭᠡᠭᠡᠴᠡᠯᠳᠦᠬᠦ ᠬᠡᠯᠪᠡᠷᠢ ᠪᠠᠨ ᠬᠤᠪᠢᠷᠠᠭᠤᠯᠬᠤ ᠳᠤ ᠰᠢᠨ᠎ᠡ ᠵᠠᠮ ᠢ ᠨᠡᠭᠡᠭᠡᠵᠡᠢ᠃      ﹇ᠬᠥᠲᠥᠯᠥᠭᠴᠢ﹈ ᠴᠠᠭ ᠤᠨ ᠬᠠᠷᠠᠭ᠎ᠠ ᠠᠴᠠ ᠪᠣᠯᠵᠤ᠂ ᠲᠤᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠦ᠋ ᠡᠷᠬᠢᠯᠡᠭᠴᠢ ᠳᠤ ᠳᠠᠬᠢᠨᠲᠠ ᠲᠠᠯᠠᠷᠬᠠᠯ ᠢᠶᠠᠨ ᠢᠯᠡᠳᠬᠡᠶ᠎ᠡ︕      ﹇ᠦ᠋ ᠰᠢᠶᠣᠣ ᠵᠢᠤᠸᠠᠨ﹈ ᠬᠥᠲᠥᠯᠥᠭᠴᠢ ᠪᠠᠶᠠᠷᠲᠠᠢ᠂ ᠰᠦᠯᠵᠢᠶᠡᠨ ᠤ ᠠᠨᠳᠠ ᠨᠠᠷ ᠪᠠᠶᠠᠷᠲᠠᠢ︕
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ