2023 ᠣᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/8/31
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠳᠠᠯᠳᠠ ᠬᠦᠴᠦᠨ ᠢ ᠲᠠᠰᠤᠷᠠᠯᠲᠠ ᠦᠭᠡᠢ ᠠᠭᠤᠳᠠᠯᠵᠤ᠂ ᠬᠡᠷᠡᠭᠯᠡᠭᠡ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠦᠬᠦ ᠤᠯᠤᠰ ᠤᠨ ᠨᠢᠭᠡᠳᠦᠯᠲᠡᠢ ᠶᠡᠭᠡ ᠵᠠᠬ᠎ᠠ ᠳᠡᠯᠭᠡᠭᠦᠷ ᠲᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ᠨᠢᠭᠡ᠂ ᠶᠡᠷᠦᠩᠬᠡᠢ ᠱᠠᠭᠠᠷᠳᠠᠯᠭ᠎ᠠ ᠵᠢᠴᠢ ᠬᠠᠷᠠᠯᠲᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠡᠷᠡᠭᠯᠡᠭᠡ ᠶᠢ ᠲᠦᠷᠭᠡᠨ ᠰᠡᠷᠭᠦᠭᠡᠬᠦ ᠶᠢ ᠠᠬᠢᠭᠤᠯᠵᠤ᠂ ︽ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠠᠵᠤ ᠠᠬᠤᠶᠢᠯᠠᠯ ᠣᠷᠣᠯᠴᠠᠬᠤ᠂ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠬᠤ᠂ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠬᠤᠳᠠ ᠬᠥᠳᠡᠭᠡ ᠶᠢ ᠬᠠᠮᠲᠤ ᠳᠤᠨᠢ ᠬᠠᠷᠠᠭᠠᠯᠵᠠᠬᠤ︾ ᠵᠠᠷᠴᠢᠮ ᠢ ᠪᠠᠷᠢᠮᠲᠠᠯᠠᠨ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠡᠷᠡᠭᠯᠡᠭᠡ ᠶᠢᠨ ᠲᠠᠪᠴᠠᠩ ᠢ ᠢᠳᠡᠪᠬᠢᠲᠡᠢ ᠪᠠᠶᠢᠭᠤᠯᠵᠤ᠂ ᠬᠡᠷᠡᠭᠯᠡᠭᠡ ᠶᠢ ᠠᠬᠢᠭᠤᠯᠬᠤ ᠤᠯᠠᠨ ᠬᠦᠷᠢᠶ᠎ᠡ ᠴᠠᠷᠠᠭ᠎ᠠ᠂ ᠤᠯᠠᠨ ᠲᠡᠰ ᠳᠠᠪᠬᠤᠷᠭ᠎ᠠ᠂ ᠤᠯᠠᠨ ᠡᠰᠢᠴᠢᠯᠡᠭᠰᠡᠨ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠪᠦᠬᠦ ᠵᠢᠯ ᠤᠨ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 7% ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠨ᠎ᠠ᠃ᠬᠤᠶᠠᠷ᠂ ᠭᠤᠣᠯᠳᠠᠯᠭ᠎ᠠ ᠲᠠᠢ ᠡᠭᠦᠷᠭᠡ︵ᠨᠢᠭᠡ︶ ᠤᠯᠠᠮᠵᠢᠯᠠᠯᠲᠤ ᠬᠡᠷᠡᠭᠯᠡᠭᠡ ᠶᠢ ᠥᠷᠭᠡᠳᠬᠡᠨ᠎ᠡ     1. ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠶᠢᠨ ᠲᠡᠮᠳᠡᠭᠲᠦ ᠶᠢ ᠲᠠᠷᠬᠠᠭᠠᠨ᠎ᠠ᠃ 2023 ᠣᠨ ᠤ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠪᠠ ᠤᠯᠤᠰ ᠤᠨ ᠪᠠᠶᠠᠷ ᠲᠤ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠠᠵᠢᠯᠴᠢᠨ ᠤ ᠡᠪᠯᠡᠯ᠂ ᠮᠥᠩᠭᠦᠨ ᠭᠦᠢᠯᠭᠡᠭᠡ ᠵᠡᠷᠭᠡ ᠰᠠᠯᠠᠭ᠎ᠠ ᠮᠥᠴᠢᠷ ᠤᠨ ᠡᠯ᠎ᠡ ᠲᠥᠷᠥᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠪᠦᠷᠢᠨ ᠪᠠᠷᠠᠭ᠎ᠠ᠂ ᠢᠳᠡᠭᠡᠨ ᠤᠮᠳᠠᠭᠠᠨ᠂ ᠲᠣᠮᠣ ᠬᠡᠯᠪᠡᠷᠢ ᠶᠢᠨ ᠬᠤᠳᠠᠯᠳᠤᠭ᠎ᠠ ᠳᠡᠯᠭᠡᠭᠦᠷ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠬᠦᠷᠢᠶᠡᠨ ᠳᠤ ᠬᠡᠷᠡᠭᠯᠡᠭᠡ ᠶᠢᠨ ᠲᠡᠮᠳᠡᠭᠲᠦ ᠲᠠᠷᠬᠠᠭᠠᠬᠤ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     2. ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠠᠬᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠴᠠᠭᠠᠨ ᠰᠠᠷ᠎ᠠ᠂ ᠲᠠᠪᠤᠳᠤᠭᠠᠷ ᠰᠠᠷ᠎ᠠ ᠶᠢᠨ ᠨᠢᠭᠡᠨ᠂ ᠠᠷᠪᠠᠳᠤᠭᠠᠷ ᠰᠠᠷ᠎ᠠ ᠶᠢᠨ ᠨᠢᠭᠡᠨ᠂ ︽ᠬᠤᠣᠰ ᠠᠷᠪᠠᠨ ᠨᠢᠭᠡᠨ︾ ᠵᠡᠷᠭᠡ ᠪᠠᠶᠠᠷ ᠤᠨ ᠡᠳᠦᠷ ᠤᠨ ᠬᠡᠷᠡᠭᠯᠡᠭᠡ ᠶᠢᠨ ᠬᠠᠯᠠᠮᠰᠢᠯ ᠢ ᠠᠰᠢᠭᠯᠠᠨ᠂ 2023 ᠣᠨ ᠤ ︽ᠪᠠᠳᠠᠷᠠᠯᠲᠤ ᠲᠦᠩᠯᠢᠶᠣᠣ · ᠪᠠᠶᠠᠰᠬᠤᠯᠠᠩᠲᠤ ᠬᠡᠷᠡᠭᠯᠡᠭᠡ︾ ᠬᠡᠮᠡᠬᠦ ᠥᠯᠵᠡᠶᠢᠲᠦ ᠡᠳᠦᠷ ᠤᠨ ᠳ᠋ᠧᠩᠯᠦ ᠶᠢᠨ ᠨᠠᠶᠢᠷ᠂ ︽ᠲᠦᠩᠯᠢᠶᠣᠣ ᠶᠢᠨ ᠰᠢᠨ᠎ᠡ ᠶᠢᠨ ᠮᠠᠶᠢᠮᠠᠢ︾ ᠵᠡᠷᠭᠡ ᠰᠢᠷᠢᠰ ᠠᠵᠢᠯᠯᠠᠭ᠎ᠠ ᠶᠢ ᠡᠷᠭᠢᠯᠡᠪᠡ︔ ᠠᠷᠠᠯᠵᠢᠶ᠎ᠠ ᠬᠤᠳᠠᠯᠳᠤᠭ᠎ᠠ ᠶᠢᠨ ᠠᠵᠤ ᠠᠬᠤᠶᠢᠯᠠᠯ ᠢ ᠳᠡᠮᠵᠢᠵᠦ ᠬᠥᠲᠥᠯᠥᠨ ᠵᠢᠯᠤᠭᠤᠳᠴᠤ ︽ᠨᠡᠷᠡᠲᠦ ᠱᠤᠰᠢᠭ᠎ᠠ ᠪᠠ ᠴᠢᠨᠠᠷ ᠴᠢᠨᠰᠠᠭᠠᠲᠤ ᠰᠦᠯᠵᠢᠶᠡᠨ ᠤ ᠮᠠᠶᠢᠮᠠᠢ︾ ︽ᠬᠤᠣᠰ ᠠᠷᠪᠠᠨ ᠨᠢᠭᠡᠨ︾ ᠵᠡᠷᠭᠡ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠥᠷᠨᠢᠭᠦᠯᠵᠦ᠂ ᠢᠳᠡᠪᠬᠢᠲᠡᠢ ᠪᠥᠭᠡᠳ ᠬᠥᠭᠵᠢᠶᠡᠨᠲᠡᠢ ᠬᠡᠷᠡᠭᠯᠡᠭᠡ ᠶᠢᠨ ᠠᠭᠤᠷ ᠠᠮᠢᠰᠬᠤᠯ ᠢ ᠪᠣᠶ ᠪᠣᠯᠭᠠᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠲᠦᠷᠭᠡᠨ ᠬᠠᠯᠠᠮᠰᠢᠬᠤ ᠶᠢ ᠠᠬᠢᠭᠤᠯᠤᠨ᠂ ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     3. ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠤᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 500 ᠲᠦᠮᠡᠨ ᠲᠥᠭᠦᠷᠢᠭ ᠤᠨ ᠪᠡᠯᠡ ᠣᠷᠣᠭᠤᠯᠵᠤ ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡ ᠶᠢᠨ ᠲᠡᠮᠳᠡᠭᠲᠦ ᠳᠤ ᠬᠡᠷᠡᠭᠯᠡᠵᠦ᠂ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠨᠠᠷᠠᠲᠤ ᠱᠤᠰᠢᠭᠠᠲᠤ ᠮᠠᠰᠢᠨ ᠲᠡᠷᠭᠡ ᠶᠢ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠂ ᠮᠠᠰᠢᠨ ᠲᠡᠷᠭᠡᠨ ᠤ ᠬᠡᠷᠡᠭᠯᠡᠭᠡ ᠶᠢ ᠥᠷᠭᠡᠳᠬᠡᠨ᠎ᠡ᠃ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠴᠧᠩ ᠹᠠ ᠪᠦᠯᠦᠭᠯᠡᠯ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     4. ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠭᠡᠷ ᠠᠬᠤᠢ ᠶᠢᠨ ᠠᠵᠤ ᠠᠬᠤᠶᠢᠯᠠᠯ ᠤᠨ ᠵᠢᠯᠣᠭᠤᠳᠤᠯᠭ᠎ᠠ ᠪᠠ ᠪᠣᠯᠪᠠᠰᠤᠷᠠᠯ ᠢ ᠴᠢᠩᠭᠠᠳᠬᠠᠵᠤ᠂ ᠭᠡᠷ ᠠᠬᠤᠢ ᠶᠢᠨ ᠠᠵᠢᠯᠲᠠᠨ ᠤ ᠮᠡᠷᠭᠡᠵᠢᠯ ᠴᠢᠳᠠᠪᠤᠷᠢ ᠪᠠ ᠬᠡᠪ ᠴᠢᠨᠠᠷ ᠢ ᠳᠡᠭᠡᠭᠰᠢᠯᠡᠭᠦᠯᠦᠨ᠂ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠡᠨᠴᠢ ᠢᠲᠡᠭᠡᠮᠵᠢᠲᠡᠢ ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠢᠯ ᠲᠥᠷᠥᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠡᠷ ᠠᠬᠤᠢ ᠶᠢᠨ ᠠᠵᠤ ᠠᠬᠤᠶᠢᠯᠠᠯ ᠤᠨ ᠪᠠᠷ᠎ᠠ ᠪᠣᠯᠵᠤ ᠰᠤᠪᠢᠯᠠᠬᠤ᠂ ᠨᠠᠰᠤᠵᠢᠯ ᠤᠨ ᠠᠰᠠᠷᠠᠮᠵᠢ ᠵᠡᠷᠭᠡ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠠᠷᠠᠳ ᠣᠯᠠᠨ ᠤ ᠣᠯᠠᠨ ᠡᠰᠢᠵᠢᠭᠰᠡᠨ᠂ ᠶᠠᠰᠤ ᠴᠢᠨᠠᠷᠵᠢᠭᠰᠠᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     5. ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠤᠨ᠎ᠠ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ ᠬᠡᠷᠡᠭᠰᠡᠯ ᠤᠨ ᠪᠣᠷᠤᠯᠠᠭᠤᠯᠭ᠎ᠠ ᠪᠠ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯᠯᠠᠭ᠎ᠠ ᠥᠷᠨᠢᠭᠦᠯᠵᠦ᠂ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶     6. ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ᠃ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠤᠳᠠᠯᠳᠤᠭᠠᠨ ᠤ ᠲᠥᠪ ᠵᠡᠷᠭᠡ ᠪᠣᠳᠠᠲᠤ ᠴᠣᠭᠴᠠ ᠶᠢᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠵᠣᠷᠢᠭᠵᠢᠭᠤᠯᠵᠤ᠂ ᠵᠠᠮ ᠬᠠᠷᠢᠯᠴᠠᠭ᠎ᠠ᠂ ᠬᠤᠲᠠ ᠶᠢᠨ ᠦᠵᠡᠮᠵᠢ ᠠᠷᠢᠭᠤᠨ ᠴᠡᠪᠡᠷ ᠣᠷᠴᠢᠨ ᠲᠣᠭᠤᠷᠢᠨ ᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ ᠡᠵᠡᠩᠨᠡᠯᠲᠡ ᠶᠢᠨ ᠣᠷᠣᠨ ᠵᠠᠢ ᠠᠴᠠ ᠭᠠᠷᠴᠤ᠂ ᠶᠠᠪᠠᠭᠠᠨ ᠵᠡᠭᠡᠯᠢ᠂ ᠬᠤᠳᠠᠯᠳᠤᠭᠠᠨ ᠤ ᠵᠡᠭᠡᠯᠢ ᠲᠣᠭᠤᠷᠢᠭ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠲᠣᠮᠣ ᠬᠡᠯᠪᠡᠷᠢ ᠶᠢᠨ ᠬᠡᠲᠦ ᠳᠡᠯᠭᠡᠭᠦᠷ ᠤᠨ ᠭᠠᠳᠠᠭᠤᠷᠬᠢ ᠲᠠᠯᠠᠪᠤᠷ ᠭᠠᠵᠠᠷ ᠵᠡᠷᠭᠡ ᠣᠷᠣᠨ ᠪᠦᠰᠡ ᠳᠤ ᠲᠦᠰᠢᠭᠯᠡᠨ᠂ ᠭᠠᠳᠠᠨ᠎ᠠ ᠳᠡᠯᠭᠡᠨ ᠡᠵᠡᠩᠨᠡᠬᠦ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢᠨ ᠠᠬᠤᠢ ᠪᠠᠶᠢᠳᠠᠯ ᠢ ᠡᠭᠦᠳᠦᠨ᠂ ᠣᠯᠠᠨ ᠲᠦᠮᠡᠨ ᠤ ᠣᠯᠠᠨ ᠡᠰᠢᠵᠢᠭᠰᠡᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶︵ᠬᠤᠶᠠᠷ︶ ᠰᠢᠨ᠎ᠡ ᠬᠡᠯᠪᠡᠷᠢ ᠪᠠ ᠨᠠᠷᠠᠲᠤ ᠱᠤᠰᠢᠭ᠎ᠠ ᠶᠢᠨ ᠬᠡᠷᠡᠭᠯᠡᠭᠡ ᠶᠢ ᠠᠬᠢᠭᠤᠯᠤᠨ᠎ᠠ     7. ᠡᠯᠧᠺᠲᠷᠣᠨ ᠬᠤᠳᠠᠯᠳᠤᠭᠠᠨ ᠤ ᠬᠡᠷᠡᠭᠯᠡᠭᠡ ᠶᠢ ᠪᠣᠶᠢᠵᠢᠭᠤᠯᠤᠨ᠎ᠠ᠃ ᠲᠣᠰ ᠭᠠᠵᠠᠷ ᠣᠷᠣᠨ ᠤ ᠨᠡᠪᠲᠡᠷᠡᠭᠦᠯᠦᠭᠴᠢ ᠶᠢᠨ ᠠᠵᠤ ᠠᠬᠤᠶᠢᠯᠠᠯ ᠪᠠ ᠨᠡᠪᠲᠡᠷᠡᠭᠦᠯᠦᠭᠴᠢ ᠶᠢᠨ ᠡᠩᠨᠡᠭᠡ ᠶᠢ ᠥᠷᠭᠡᠳᠬᠡᠵᠦ᠂ ᠴᠤᠤᠷᠢᠶ᠎ᠠ᠂ ᠬᠤᠷᠳᠤᠨ ᠭᠠᠷ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠲᠦᠩᠯᠢᠶᠣᠣ ᠶᠢᠨ ︽ᠲᠠᠷᠢᠶᠠᠯᠠᠩ ᠤᠨ ᠪᠦᠲᠦᠭᠡᠭᠳᠡᠬᠦᠨ ᠬᠢᠨᠠᠨ ᠰᠣᠩᠭᠤᠬᠤ︾ ᠨᠠᠷᠠᠲᠤ ᠱᠤᠰᠢᠭᠠᠲᠤ ᠳᠡᠯᠭᠡᠭᠦᠷ ᠨᠡᠭᠡᠭᠡᠵᠦ᠂ ᠲᠦᠩᠯᠢᠶᠣᠣ ᠶᠢᠨ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠡᠭᠡᠷᠡᠬᠢ ᠨᠠᠷᠠᠲᠤ ᠱᠤᠰᠢᠭ᠎ᠠ ᠶᠢ ᠪᠣᠶᠢᠵᠢᠭᠤᠯᠬᠤ ᠶᠢ ᠨᠡᠮᠡᠭᠳᠡᠭᠦᠯᠦᠨ᠂ ᠰᠦᠯᠵᠢᠶᠡᠨ ᠤ ᠪᠣᠷᠤᠯᠠᠭᠤᠯᠭ᠎ᠠ ᠶᠢ ᠥᠷᠭᠡᠳᠬᠡᠨ᠎ᠡ᠃ ᠬᠡᠷᠡᠭᠯᠡᠭᠡ ᠶᠢᠨ ᠪᠦᠲᠦᠴᠡ ᠶᠢᠨ ᠲᠠᠰ ᠳᠡᠪᠰᠢᠬᠦ ᠴᠢᠭᠯᠡᠯ ᠪᠠ ᠪᠥᠬᠦ ᠬᠤᠲᠠ ᠶᠢᠨ ᠣᠨᠴᠠᠯᠢᠭᠲᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠭᠤᠷᠢᠨ ᠳᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ · ᠨᠠᠷᠠᠲᠤ ᠱᠤᠰᠢᠭᠠᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ︾ ᠭᠡᠬᠦ ᠰᠢᠷᠢᠰ ᠠᠵᠢᠯᠯᠠᠭ᠎ᠠ ᠦᠷᠨᠢᠭᠦᠯᠦᠨ᠎ᠡ᠃ ᠰᠦᠯᠵᠢᠶᠡᠨ ᠠᠴᠠ ᠭᠠᠳᠠᠨ᠎ᠠ ᠲᠥᠪᠯᠡᠷᠡᠭᠦᠯᠦᠨ ᠪᠣᠷᠣᠯᠠᠭᠤᠯᠬᠤ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠠᠷᠭ᠎ᠠ ᠮᠠᠶ᠋ᠢᠭ ᠢ ᠠᠪᠴᠤ ᠬᠡᠷᠡᠭᠯᠡᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     8. ᠳᠤᠮᠳᠠᠳᠤ ᠶᠢᠨ ᠬᠠᠭᠤᠴᠢᠨ ᠨᠠᠷᠠᠲᠤ ᠶᠢᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃ ᠬᠠᠭᠤᠴᠢᠨ ᠨᠠᠷᠠᠲᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠨᠠᠷᠠᠲᠤ ᠱᠤᠰᠢᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠨ᠂ ᠵᠠᠬ᠎ᠠ ᠳᠡᠯᠭᠡᠭᠦᠷ ᠤᠨ ᠡᠵᠡᠯᠡᠬᠦ ᠬᠤᠪᠢ ᠶᠢ ᠳᠡᠭᠡᠭᠰᠢᠯᠡᠭᠦᠯᠦᠨ᠎ᠡ ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶     9. ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠱᠤᠰᠢᠭ᠎ᠠ ᠶᠢ ᠡᠭᠦᠳᠦᠨ᠎ᠡ᠃ ︽ᠬᠤᠶᠠᠷ ᠪᠦᠲᠦᠭᠡᠭᠳᠡᠭᠦᠨ ᠨᠢᠭᠡ ᠲᠡᠮᠳᠡᠭ︾ ᠤᠨ ᠭᠡᠷᠡᠴᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠤᠨ ᠨᠡᠮᠡᠭᠳᠡᠯ ᠤᠨ ᠬᠡᠮᠵᠢᠶ᠎ᠡ ᠶᠢ 6%  ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ︽ᠲᠦᠩᠯᠢᠶᠣᠣ ᠶᠢᠨ ᠡᠷᠳᠡᠨᠢ ᠰᠢᠰᠢ︾ ︽ᠬᠤᠷᠴᠢᠨ ᠤ ᠦᠬᠡᠷ︾ ᠵᠡᠷᠭᠡ ᠭᠠᠵᠠᠷ ᠵᠦᠢ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠢᠨᠵᠧᠨᠧᠷᠢᠩ ᠢ ᠥᠷᠨᠢᠭᠦᠯᠵᠦ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠴᠤᠭᠯᠠᠭᠤᠯᠤᠨ ᠳᠠᠩᠰᠠᠯᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ 2023 ᠣᠨ ᠳᠤ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠴᠤᠭᠯᠠᠭᠤᠯᠤᠨ ᠳᠠᠩᠰᠠᠯᠠᠬᠤ ᠠᠵᠢᠯ ᠢ 7 ᠠᠴᠠ ᠳᠡᠭᠡᠭᠰᠢ ᠨᠡᠮᠡᠭᠳᠡᠭᠦᠯᠵᠦ᠂ ᠨᠠᠷᠠᠲᠤ ᠱᠤᠰᠢᠭ᠎ᠠ ᠶᠢᠨ ᠥᠷᠲᠡᠭ ᠪᠠ ᠨᠥᠯᠥᠭᠡᠯᠡᠬᠦ ᠬᠦᠴᠦᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︵ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     10. ᠲᠦᠩᠯᠢᠶᠣᠣ ᠶᠢᠨ ᠨᠠᠷᠠᠲᠤ ᠱᠤᠰᠢᠭᠠᠲᠤ ᠢᠳᠡᠭᠡᠨ ᠤᠮᠳᠠᠭᠠᠨ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ᠬᠢᠲᠠᠳ ᠬᠤᠭᠤᠯᠠᠨ ᠭᠡᠷ᠂ ᠮᠣᠩᠭᠤᠯ ᠬᠤᠭᠤᠯᠠᠨ ᠭᠡᠷ ᠵᠡᠷᠭᠡ ᠨᠠᠷᠠᠲᠤ ᠱᠤᠰᠢᠭ᠎ᠠ ᠶᠢᠨ ᠵᠢᠱᠢᠶ᠎ᠡ ᠦᠵᠡᠭᠦᠯᠬᠦ ᠬᠤᠭᠤᠯᠠᠨ ᠭᠡᠷ ᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠵᠣᠷᠢᠭᠵᠢᠭᠤᠯᠤᠨ᠂ ᠬᠡᠷᠡᠭᠯᠡᠭᠴᠢᠳ ᠤᠨ ᠥᠪᠡᠷᠮᠢᠴᠡ᠂ ᠶᠠᠰᠤ ᠴᠢᠨᠠᠷᠵᠢᠭᠰᠠᠨ᠂ ᠣᠯᠠᠨ ᠡᠰᠢᠵᠢᠭᠰᠡᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠴᠤᠤᠷᠢᠶ᠎ᠠ᠂ ᠬᠤᠷᠳᠤᠨ ᠭᠠᠷ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠳᠠᠯᠳᠠ ᠬᠤᠳᠠᠯᠳᠤᠭᠠᠨ ᠤ ᠲᠣᠬᠢᠶᠠᠯ ᠢ ᠠᠭᠤᠳᠠᠯᠵᠤ᠂ ᠣᠯᠠᠨ ᠠᠷᠭ᠎ᠠ ᠵᠠᠮ ᠢᠶᠠᠷ ᠡᠵᠡᠩᠨᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ ᠤ ᠬᠡᠷᠡᠭᠯᠡᠭᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶     11. ᠮᠣᠩᠭᠤᠯ ᠡᠮ ᠡᠮᠨᠡᠯᠭᠡ ᠶᠢᠨ ᠨᠠᠷᠠᠲᠤ ᠲᠥᠷᠥᠯ ᠱᠣᠰᠢᠭ᠎ᠠ ᠶᠢ ᠪᠣᠶᠢᠵᠢᠭᠤᠯᠤᠨ᠎ᠠ᠃ ᠥᠪᠥᠷ ᠮᠣᠩᠭᠤᠯ ︵ᠲᠦᠩᠯᠢᠶᠣᠣ︶ ᠤᠨ ᠨᠠᠢᠮᠠᠳᠤᠭᠠᠷ ᠬᠤᠭᠤᠴᠠᠭᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠦᠵᠡᠰᠬᠦᠯᠡᠩ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠡᠷᠭᠢᠯᠡᠨ᠎ᠡ᠃ ︽ᠭᠠᠳᠠᠭᠰᠢ ᠭᠠᠷᠬᠤ᠂ ᠤᠷᠢᠵᠤ ᠠᠪᠴᠢᠷᠠᠬᠤ᠂ ᠬᠥᠭᠵᠢᠯᠲᠡ ᠶᠢ ᠠᠬᠢᠭᠤᠯᠬᠤ︾ ᠵᠠᠷᠴᠢᠮ ᠶᠣᠰᠣᠭᠠᠷ᠂ ᠮᠠᠨ ᠤ ᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮ ᠡᠷᠡᠭᠦᠯ ᠴᠢᠭᠢᠷᠠᠭ ᠤᠨ ᠪᠦᠲᠦᠭᠡᠭᠳᠡᠬᠦᠨ ᠢᠶᠠᠨ ᠠᠪᠴᠤ ᠠᠵᠢᠯᠯᠠᠭ᠎ᠠ ᠳᠤ ᠣᠷᠣᠯᠴᠠᠬᠤ ᠶᠢ ᠵᠣᠬᠢᠶᠠᠨ ᠪᠠᠶᠢᠭᠤᠯᠵᠤ᠂ ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠤᠨ ᠠᠷᠠᠯᠵᠢᠶ᠎ᠠ ᠲᠣᠬᠢᠷᠠᠬᠤ ᠶᠢ ᠠᠬᠢᠭᠤᠯᠤᠨ᠂ ᠲᠣᠰ ᠭᠠᠵᠠᠷ ᠤᠨ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ ᠶᠢᠨ ᠨᠠᠷᠠᠲᠤ ᠡᠮ ᠤᠨ ᠠᠵᠤ ᠠᠬᠤᠶᠢᠯᠠᠯ ᠤᠨ ᠬᠠᠮᠲᠤᠷᠠᠯᠴᠠᠬᠤ ᠰᠠᠨᠠᠮᠵᠢ ᠲᠠᠢ ᠪᠣᠯᠬᠤ ᠶᠢ ᠠᠬᠢᠭᠤᠯᠵᠤ᠂ ᠮᠠᠨ ᠤ ᠬᠤᠲᠠ ᠶᠢᠨ ᠮᠣᠩᠭᠤᠯ ᠡᠮ ᠡᠮᠨᠡᠯᠭᠡ ᠶᠢᠨ ᠨᠠᠷᠠᠲᠤ ᠱᠣᠰᠢᠭ᠎ᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠮᠣᠩᠭᠤᠯ ᠡᠮ ᠡᠮᠨᠡᠯᠭᠡ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠢ ᠥᠷᠭᠡᠳᠬᠡᠨ᠎ᠡ᠃ ︵ᠬᠤᠲᠠ ᠶᠢᠨ ᠬᠢᠲᠠᠳ ᠡᠮ ᠤᠨ ᠠᠯᠪᠠᠨ ᠭᠡᠷ︶     12. ᠦᠵᠡᠰᠬᠦᠯᠡᠩ ᠤᠨ ᠠᠵᠤ ᠠᠬᠤᠢ ᠶᠢᠨ ᠦᠢᠯᠡᠳᠦᠯ ᠢ ᠪᠠᠳᠠᠷᠠᠭᠤᠯᠤᠨ᠎ᠠ᠃ ᠬᠡᠷᠡᠭᠯᠡᠭᠡ ᠶᠢᠨ ᠦᠵᠡᠰᠬᠦᠯᠡᠩ᠂ ᠳᠤᠮᠳᠠᠳᠤ ᠮᠣᠩᠭᠤᠯ ᠤᠨ ᠦᠵᠡᠰᠬᠦᠯᠡᠩ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠵᠡᠷᠭᠡ ᠦᠵᠡᠰᠬᠦᠯᠡᠩ ᠤᠨ ᠲᠠᠪᠴᠠᠩ ᠢ ᠭᠦᠢᠴᠡᠳ ᠠᠰᠢᠭᠯᠠᠨ᠂ ᠲᠦᠩᠯᠢᠶᠣᠣ ᠶᠢᠨ ᠣᠨᠴᠠᠯᠢᠭᠲᠤ ᠪᠦᠲᠦᠭᠡᠭᠳᠡᠬᠦᠨ ᠢ ᠭᠠᠳᠠᠭᠰᠢ ᠤᠬᠠᠭᠤᠯᠬᠤ ᠴᠤᠩᠬᠤᠪᠴᠢ ᠶᠢ ᠪᠠᠶᠢᠭᠤᠯᠵᠤ᠂ ᠲᠦᠩᠯᠢᠶᠣᠣ ᠶᠢᠨ ᠳᠠᠪᠠᠭᠤᠯᠢᠭ ᠣᠨᠴᠠᠯᠢᠭᠲᠤ ᠪᠦᠲᠦᠭᠡᠭᠳᠡᠬᠦᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠠᠬᠢ ᠠᠯᠳᠠᠷᠰᠢᠯ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠦᠵᠡᠭᠦᠯᠦᠯᠭᠡ ᠪᠠᠷ ︽ᠵᠠᠭᠤᠴᠢᠯᠠᠭᠤᠷ︾ ᠪᠣᠯᠭᠠᠵᠤ᠂ ︽ᠭᠠᠳᠠᠭᠰᠢ ᠭᠠᠷᠬᠤ︾ ᠪᠠ ︽ᠣᠷᠣᠭᠤᠯᠵᠤ ᠠᠪᠴᠢᠷᠠᠬᠤ︾ ᠶᠢᠨ ᠬᠤᠣᠰ ᠴᠢᠭᠯᠡᠯ ᠤᠨ ᠠᠭᠤᠰᠤᠯᠴᠠᠯ ᠳᠤᠮᠳᠠ᠂ ᠲᠦᠩᠯᠢᠶᠣᠣ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠳᠠᠪᠠᠭᠤᠯᠢᠭ ᠢ ᠪᠣᠶᠢᠵᠢᠭᠤᠯᠤᠨ᠂ ᠰᠢᠨ᠎ᠡ ᠬᠦᠳᠡᠯᠭᠡᠭᠦᠷ ᠬᠠᠩᠭᠠᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶︵ᠭᠤᠷᠪᠠ︶ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ᠎ᠡ     13. ᠰᠣᠶᠣᠯ ᠪᠠ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠶᠢᠨ ᠠᠵᠢᠯᠯᠠᠭ᠎ᠠ ᠥᠷᠨᠢᠭᠦᠯᠦᠨ᠎ᠡ᠃ ︽1+8+N︾ ᠪᠠᠶᠠᠷ ᠳᠤᠷᠠᠰᠬᠠᠯ ᠤᠨ ᠠᠵᠢᠯᠯᠠᠭ᠎ᠠ ᠶᠢ ᠤᠬᠠᠭᠠᠯᠠᠨ ᠬᠡᠷᠡᠭᠵᠢᠭᠦᠯᠵᠦ᠂ ᠬᠤᠷᠴᠢᠨ ᠤ ᠵᠢᠭᠤᠯᠴᠢᠯᠠᠯ ᠤᠨ ᠰᠣᠶᠣᠯ ᠤᠨ ᠨᠠᠶᠢᠷ ᠤᠨ ᠰᠢᠷᠢᠰ ᠠᠵᠢᠯᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠡᠷᠭᠢᠯᠡᠵᠦ᠂ ᠡᠯ᠎ᠡ ᠭᠠᠵᠠᠷ ᠢ ᠵᠣᠬᠢᠶᠠᠨ ᠪᠠᠶᠢᠭᠤᠯᠤᠨ 24 ᠳ᠋ᠦ᠋ᠭᠡᠷ ᠬᠤᠭᠤᠴᠠᠭᠠᠨ ᠤ 8 · 18 ᠵᠢᠷᠢᠮ ᠤᠨ ᠮᠣᠷᠢᠨ ᠤᠷᠤᠯᠳᠤᠭᠠᠨ ᠤ ᠪᠠᠶᠠᠷ ᠢᠶᠠᠷ ᠲᠥᠯᠥᠭᠡᠯᠡᠭᠦᠯᠦᠭᠰᠡᠨ 8 ᠵᠦᠢᠯ ᠤᠨ ᠰᠣᠶᠣᠯ ᠤᠨ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠥᠷᠨᠢᠭᠦᠯᠵᠦ᠂ ︽ᠬᠤᠷᠴᠢᠨ ᠤ 500 ᠺᠢᠯᠣᠮᠧᠲᠷ ᠤᠨ ᠦᠵᠡᠮᠵᠢ ᠶᠢᠨ ᠵᠠᠮ ᠢᠶᠠᠷ ᠵᠢᠭᠤᠯᠴᠢᠯᠠᠬᠤ ᠤᠯᠠᠷᠢᠯ︾ ᠬᠡᠮᠡᠬᠦ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠎ᠠ᠃ ᠪᠥᠬᠦ ᠵᠢᠯ ᠳᠤ ︽ᠠᠮᠢᠵᠢᠷᠠᠯ ᠤᠨ ᠬᠦᠴᠦᠨ  ᠲᠠᠢ ᠬᠥᠳᠡᠯᠭᠡᠭᠡᠨ᠂ ᠴᠡᠴᠡᠭᠲᠦ ᠤᠯᠠᠷᠢᠯ ᠤᠨ ᠵᠢᠭᠤᠯᠴᠢᠯᠠᠯ᠂ ᠤᠳᠬ᠎ᠠ ᠤᠶᠠᠩᠭ᠎ᠠ ᠲᠠᠢ ᠤᠷᠠᠯᠢᠭ᠂ ᠮᠥᠰᠥ ᠴᠠᠰᠤᠨ ᠤ ᠨᠠᠷᠭᠢᠶᠠᠨ︾ ᠬᠡᠮᠡᠬᠦ ᠳᠥᠷᠪᠡᠨ ᠶᠡᠭᠡ ᠪᠠᠶᠠᠷ ᠨᠠᠶᠢᠷ ᠤᠨ ᠭᠤᠣᠯ ᠰᠡᠳᠦᠪ ᠢᠶᠠᠷ ᠶᠡᠷᠦᠩᠬᠡᠶᠢᠯᠡᠨ ᠵᠢᠯᠣᠭᠤᠳᠤᠭᠰᠠᠨ 200 ᠭᠠᠷᠤᠢ ᠵᠦᠢᠯ ᠤᠨ ᠤᠯᠠᠷᠢᠯ ᠤᠨ ᠴᠢᠨᠠᠷᠲᠠᠢ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ ᠤᠨ ᠵᠢᠭᠤᠯᠴᠢᠯᠠᠯ ᠤᠨ ᠬᠡᠷᠡᠭᠯᠡᠭᠡ ᠶᠢᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ ︵ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶     14. ᠰᠥᠨᠢ ᠶᠢᠨ ᠬᠤᠳᠠᠯᠳᠤᠭ᠎ᠠ ᠶᠢ ᠬᠥᠭᠵᠢᠭᠡᠨ᠎ᠡ᠃ ᠰᠢᠶᠣᠣ ᠵᠤᠸᠠᠩ ᠾᠧ ᠭᠤᠣᠯ᠂ ᠰᠢᠶᠠᠩ ᠶᠠᠩ ᠶᠠᠪᠠᠭᠠᠨ ᠵᠡᠭᠡᠯᠢ᠂ ᠨᠠᠭᠠᠳᠤᠮ ᠵᠠᠩ ᠦᠢᠯᠡ ᠶᠢᠨ ᠬᠦᠷᠢᠶᠡᠯᠡᠩ ᠵᠡᠷᠭᠡ ᠲᠣᠭᠯᠠᠯᠲᠠ᠂ ᠰᠣᠶᠣᠯ ᠡᠭᠦᠳᠦᠯᠲᠡ ᠶᠢᠨ ᠳᠡᠯᠭᠡᠨ ᠪᠣᠷᠣᠯᠠᠭᠤᠯᠤᠯᠲᠠ᠂ ᠰᠡᠯᠡᠭᠦᠴᠡᠯ ᠵᠤᠭ᠎ᠠ ᠴᠡᠩᠭᠡᠯ᠂ ᠣᠨᠴᠠᠯᠢᠭᠲᠤ ᠣᠷᠣᠨ ᠰᠠᠭᠤᠴᠠ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠮᠤᠷᠤᠭᠰᠠᠨ ᠰᠥᠨᠢ ᠶᠢᠨ ᠬᠤᠳᠠᠯᠳᠤᠭ᠎ᠠ ᠶᠢᠨ ᠲᠥᠪᠯᠡᠷᠡᠯ ᠤᠨ ᠲᠣᠭᠤᠷᠢᠭ ᠪᠠ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ ᠴᠣᠭᠴᠠᠯᠠᠨ ᠪᠠᠶᠢᠭᠤᠯᠵᠤ᠂ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠤᠨ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ ᠨᠡᠭᠡᠭᠡᠬᠦ ᠴᠠᠭ ᠢᠶᠠᠨ ᠤᠷᠲᠤᠳᠬᠠᠬᠤ ᠶᠢ ᠵᠣᠷᠢᠭᠵᠢᠭᠤᠯᠵᠤ᠂ ᠰᠥᠨᠢ ᠶᠢᠨ ᠲᠣᠭᠯᠠᠯᠲᠠ᠂ ᠰᠥᠨᠢ ᠶᠢᠨ ᠦᠵᠡᠭᠦᠯᠦᠯᠭᠡ᠂ ᠰᠥᠨᠢ ᠶᠢᠨ ᠤᠩᠰᠢᠯᠭ᠎ᠠ᠂ ᠰᠥᠨᠢ ᠶᠢᠨ ᠵᠤᠭ᠎ᠠ ᠴᠡᠩᠭᠡᠯ᠂ ᠬᠤᠨᠤᠭ ᠵᠡᠷᠭᠡ ᠬᠡᠷᠡᠭᠯᠡᠭᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠥᠷᠭᠡᠳᠬᠡᠨ᠂ ᠲᠦᠩᠯᠢᠶᠣᠣ ᠶᠢᠨ ᠰᠥᠨᠢ ᠶᠢᠨ ᠠᠮᠢᠳᠤᠷᠠᠯ ᠢ ᠭᠡᠷᠡᠯᠲᠦᠭᠦᠯᠵᠦ᠂ ᠰᠥᠨᠢ ᠶᠢᠨ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ︵ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶     15. ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠤᠯᠠᠨ ᠶᠠᠩᠵᠤᠴᠢᠯᠠᠭᠰᠠᠨ᠂ ᠥᠪᠡᠷᠮᠢᠴᠡᠵᠢᠭᠰᠡᠨ᠂ ᠵᠠᠬᠢᠶᠠᠯᠠᠨ ᠦᠢᠯᠡᠳᠦᠭᠰᠡᠨ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡ ᠶᠢ ᠥᠷᠭᠡᠳᠬᠡᠵᠦ᠂ ᠡᠯ᠎ᠡ ᠭᠠᠵᠠᠷ ᠤᠨ ᠬᠢᠨ ᠤ ᠴᠠᠭ ᠲᠤᠬᠠᠢ ᠳᠤᠨᠢ ᠪᠠᠶᠢᠳᠠᠯ ᠳᠤᠨᠢ ᠲᠣᠬᠢᠷᠠᠭᠤᠯᠤᠨ ᠨᠢᠭᠡ ᠪᠦᠯᠦᠭ ᠬᠤᠳᠠ ᠶᠢᠨ ᠰᠡᠯᠡᠭᠦᠴᠡᠯ ᠵᠢᠭᠤᠯᠴᠢᠯᠠᠯ᠂ ᠣᠶᠢᠷ᠎ᠠ ᠲᠡᠬᠦᠷᠭᠡ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠪᠢᠴᠢᠯ ᠠᠮᠠᠷᠠᠯᠲᠠ ᠵᠡᠷᠭᠡ ᠨᠠᠷᠢᠯᠢᠭ ᠣᠨᠣᠴᠠᠲᠠᠢ ᠵᠢᠭᠤᠯᠴᠢᠯᠠᠯ ᠤᠨ ᠦᠢᠯᠡᠳᠬᠦᠨ ᠪᠠ ᠵᠢᠭᠤᠯᠴᠢᠯᠠᠯ ᠤᠨ ᠵᠠᠮ ᠱᠤᠭᠤᠮ ᠢ ᠤᠬᠠᠭᠠᠯᠠᠨ ᠭᠠᠷᠭᠠᠬᠤ ᠶᠢ ᠵᠣᠷᠢᠭᠵᠢᠭᠤᠯᠵᠤ᠂ 24 ᠴᠠᠭ ᠤᠯᠠᠷᠢᠯ ᠤᠨ ᠭᠤᠣᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠤᠬᠠᠭᠠᠯᠠᠨ ᠭᠠᠷᠭᠠᠵᠤ᠂ ᠤᠯᠠᠨ ᠲᠦᠮᠡᠨ ᠤ ᠣᠬᠤᠷ ᠴᠠᠭ ᠣᠬᠤᠷ ᠵᠠᠮ ᠤᠨ ᠰᠡᠯᠡᠭᠦᠴᠡᠯ ᠠᠮᠠᠷᠠᠯᠲᠠ ᠶᠢᠨ ᠬᠡᠷᠡᠭᠴᠡᠭᠡ ᠶᠢ ᠬᠠᠩᠭᠠᠨ᠎ᠠ᠃ ᠵᠢᠷᠭᠤᠭᠠᠨ ᠶᠡᠭᠡ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠵᠠᠮ ᠱᠤᠭᠤᠮ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠭᠤᠯᠴᠢᠯᠠᠯ ᠤᠨ ᠵᠣᠷᠢᠭᠰᠠᠨ ᠭᠠᠵᠠᠷ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠨᠢᠭᠡ ᠪᠦᠯᠦᠭ ᠵᠢᠭᠤᠯᠴᠢᠯᠠᠯ ᠤᠨ ᠰᠣᠳᠣᠨ ᠵᠠᠮ ᠱᠤᠭᠤᠮ᠂ ︽ᠪᠢᠴᠢᠯ ᠠᠮᠠᠷᠠᠯᠲᠠ︾ ᠶᠢᠨ ᠰᠡᠯᠡᠭᠦᠴᠡᠯ ᠵᠢᠭᠤᠯᠴᠢᠯᠠᠯ ᠤᠨ ᠵᠣᠷᠢᠭᠰᠠᠨ ᠭᠠᠵᠠᠷ ᠢ ᠰᠣᠩᠭᠤᠨ ᠭᠠᠷᠭᠠᠨ᠎ᠠ᠃ ︵ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶     16. ᠲᠥᠷᠥ ᠶᠢᠨ ᠪᠣᠳᠣᠯᠭ᠎ᠠ ᠶᠢᠨ ᠴᠢᠨᠠᠷᠲᠠᠢ ᠱᠠᠩᠨᠠᠵᠤ ᠲᠤᠰᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠡᠳᠬᠦᠨ ᠱᠠᠩᠨᠠᠬᠤ ᠠᠷᠭ᠎ᠠ︾ ᠶᠢᠨ 9 ᠲᠠᠯ᠎ᠠ ᠶᠢᠨ 29 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠨᠠᠷᠠᠲᠤ ᠱᠣᠰᠢᠭ᠎ᠠ ᠶᠢ ᠡᠭᠦᠳᠦᠨ ᠪᠠᠶᠢᠭᠤᠯᠬᠤ᠂ ᠵᠢᠭᠤᠯᠴᠢᠯᠠᠭᠴᠢᠳ ᠳᠠᠭᠠᠭᠤᠯᠤᠨ ᠢᠷᠡᠬᠦ᠂ ᠰᠣᠶᠣᠯ ᠵᠢᠭᠤᠯᠴᠢᠯᠠᠯ ᠤᠨ ᠲᠠᠸᠠᠷ ᠵᠡᠷᠭᠡ ᠶᠢᠨ ᠱᠠᠩᠨᠠᠯ ᠤᠨ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ᠂ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠨᠥᠬᠦᠴᠡᠯ ᠪᠦᠷᠢᠯᠳᠦᠭᠦᠯᠦᠨ᠎ᠡ᠃ ︵ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶     17. ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠤᠯᠠᠷᠢᠯ᠂ ᠬᠡᠷᠡᠭᠯᠡᠭᠡ ᠶᠢᠨ ᠰᠠᠷ᠎ᠠ ᠶᠢᠨ ᠠᠵᠢᠯᠯᠠᠭ᠎ᠠ᠂ ᠬᠡᠷᠡᠭᠯᠡᠭᠡ ᠶᠢᠨ ᠲᠤᠯᠭᠠᠨ ᠬᠡᠷᠡᠭᠯᠡᠬᠦ ᠲᠡᠮᠳᠡᠭᠲᠦ ᠲᠠᠷᠬᠠᠭᠠᠬᠤ ᠵᠡᠷᠭᠡ ᠣᠯᠠᠨ ᠵᠦᠢᠯ ᠤᠨ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠠ ᠦᠵᠡᠮᠵᠢ ᠶᠢᠨ ᠣᠷᠣᠨ ᠤ ᠬᠠᠷᠠᠭᠠᠯᠵᠠᠯ ᠤᠨ ᠠᠵᠢᠯᠯᠠᠭ᠎ᠠ ᠡᠷᠭᠢᠯᠡᠬᠦ ᠶᠢ ᠵᠣᠷᠢᠭᠵᠢᠭᠤᠯᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠨ᠎ᠡ᠃ ᠪᠥᠬᠦ ᠬᠤᠲᠠ ᠶᠢᠨ 24 A ᠲᠠᠰ ᠤᠨ ᠦᠵᠡᠮᠵᠢ ᠶᠢᠨ ᠣᠷᠣᠨ᠂ ᠲᠡᠷᠭᠡ ᠪᠠᠷᠢᠵᠤ ᠵᠤᠭᠠᠴᠠᠭᠴᠢ ᠶᠢᠨ 14 ᠪᠠᠭᠤᠴᠠ᠂ 12 ᠬᠥᠳᠡᠭᠡ ᠲᠣᠰᠬᠤᠨ ᠤ ᠭᠥᠯᠢᠶᠡᠨ ᠠᠪᠬᠤ ᠡᠷᠦᠬᠡ ᠵᠡᠷᠭᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠤᠯᠴᠢᠯᠠᠯ ᠤᠨ ᠣᠷᠣᠨ ︵ᠴᠡᠭ︶ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠬᠦ ᠡᠳᠦᠷ᠂ ᠬᠥᠭᠵᠢᠯ ᠦᠭᠡᠢ ᠤᠯᠠᠷᠢᠯ ᠳᠤ ᠰᠦᠢᠳᠬᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠬᠦ᠂ ᠬᠡᠷᠡᠭᠯᠡᠭᠡ ᠶᠢᠨ ᠦᠨ᠎ᠡ ᠶᠢ ᠪᠠᠭᠤᠷᠠᠭᠤᠯᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠵᠦ ᠪᠠᠶᠢᠭ᠎ᠠ A ᠲᠠᠰ ᠤᠨ ᠵᠢᠭᠤᠯᠴᠢᠯᠠᠯ ᠤᠨ ᠣᠷᠣᠨ ᠢ ᠵᠣᠷᠢᠭᠵᠢᠭᠤᠯᠵᠤ᠂ ᠴᠡᠷᠢᠭ ᠠᠴᠠ ᠬᠠᠯᠠᠭᠳᠠᠭᠰᠠᠳ᠂ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ ᠵᠡᠷᠭᠡ ᠣᠨᠴᠠ ᠵᠢᠭᠤᠯᠴᠢᠯᠠᠭᠴᠢᠳ ᠲᠤ ᠡᠭᠦᠳᠡᠨ ᠪᠢᠯᠧᠲ ᠤᠨ ᠬᠠᠷᠠᠭᠠᠯᠵᠠᠯ ᠦᠵᠡᠭᠦᠯᠬᠦ ᠶᠢ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠭᠠᠵᠠᠷ ᠰᠢᠷᠣᠢ᠂ ᠭᠡᠷ ᠪᠠᠶᠢᠰᠢᠩ ᠤᠨ ᠬᠠᠲᠠᠭᠤ ᠲᠣᠨᠤᠭ ᠲᠦᠬᠦᠭᠡᠷᠥᠮᠵᠢ ᠬᠠᠩᠭᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠵᠢᠭᠤᠯᠴᠢᠯᠠᠯ ᠤᠨ ᠣᠷᠣᠨ᠂ ᠦᠵᠡᠮᠵᠢ ᠶᠢᠨ ᠣᠷᠣᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ ᠰᠤᠪᠢᠯᠠᠯᠲᠠ ᠡᠷᠡᠭᠦᠯᠵᠢᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠬᠤ ᠲᠠᠯᠠᠪᠤᠷ ᠪᠠᠶᠢᠭᠤᠯᠬᠤ ᠶᠢ ᠳᠡᠮᠵᠢᠨ᠎ᠡ᠃ ︵ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠢᠲᠠᠳ ᠡᠮ ᠤᠨ ᠠᠵᠢᠯ ᠤᠨ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶︵ᠳᠥᠷᠪᠡ︶ ᠣᠷᠣᠨ ᠰᠠᠭᠤᠴᠠ ᠶᠢᠨ ᠬᠡᠷᠡᠭᠯᠡᠭᠡ ᠶᠢ ᠵᠣᠷᠢᠭᠵᠢᠭᠤᠯᠤᠨ᠎ᠠ     18. ᠪᠠᠲᠤᠯᠠᠭ᠎ᠠ ᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠯᠡᠭᠡ ᠶᠢ ᠵᠣᠷᠢᠭᠵᠢᠭᠤᠯᠤᠨ᠎ᠠ᠃ ︽ᠬᠠᠭᠤᠴᠢᠨ ᠢᠶᠠᠨ ᠬᠤᠳᠠᠯᠳᠤᠵᠤ ᠰᠢᠨ᠎ᠡ ᠶᠢ ᠬᠤᠳᠠᠯᠳᠤᠨ ᠠᠪᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ 2022 ᠣᠨ ᠤ 10 ᠳ᠋ᠤᠭᠠᠷ ᠰᠠᠷ᠎ᠠ ᠶᠢᠨ 1 ᠠᠴᠠ 2023 ᠣᠨ ᠤ 12 ᠳ᠋ᠤᠭᠠᠷ ᠰᠠᠷ᠎ᠠ ᠶᠢᠨ 31 ᠪᠣᠯᠲᠠᠯᠠᠬᠢ ᠬᠤᠭᠤᠴᠠᠭᠠᠨ ᠳᠤ᠂ ᠮᠠᠨ ᠤ ᠬᠤᠲᠠ ᠳᠤ ᠥᠪᠡᠷ ᠤᠨ ᠣᠷᠣᠨ ᠰᠠᠭᠤᠴᠠ ᠪᠠᠨ ᠬᠤᠳᠠᠯᠳᠤᠭᠰᠠᠨ ᠪᠥᠭᠡᠳ ᠰᠠᠭᠤᠵᠤ ᠪᠠᠶᠢᠭ᠎ᠠ ᠭᠡᠷ ᠢᠶᠠᠨ ᠬᠤᠳᠠᠯᠳᠤᠭᠠᠳ ᠨᠢᠭᠡ ᠵᠢᠯ ᠤᠨ ᠳᠣᠲᠣᠷ᠎ᠠ ᠮᠠᠨ ᠤ ᠬᠤᠲᠠ ᠳᠤ ᠣᠷᠣᠨ ᠰᠠᠭᠤᠴᠠ ᠬᠤᠳᠠᠯᠳᠤᠨ ᠠᠪᠤᠭᠰᠠᠨ ᠭᠠᠶᠢᠯᠢ ᠲᠤᠰᠢᠶᠠᠭᠴᠢ ᠶᠢᠨ ᠰᠠᠭᠤᠵᠤ ᠪᠠᠶᠢᠭ᠎ᠠ ᠭᠡᠷ ᠢᠶᠠᠨ ᠬᠤᠳᠠᠯᠳᠤᠭᠠᠳ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠤ ᠭᠠᠶᠢᠯᠢ ᠪᠤᠴᠠᠭᠠᠬᠤ ᠬᠠᠷᠠᠭᠠᠯᠵᠠᠯ ᠦᠵᠡᠭᠦᠯᠦᠨ᠎ᠡ᠃ ᠭᠠᠷ ᠳᠠᠮᠵᠢᠭᠰᠠᠨ ᠭᠡᠷ ᠪᠠᠶᠢᠰᠢᠩ ᠤᠨ ︽ᠪᠠᠷᠢᠴᠠᠭᠠᠯᠠᠵᠤ ᠡᠷᠦᠬᠡ ᠰᠢᠯᠵᠢᠭᠦᠯᠬᠦ︾ ᠵᠠᠭᠪᠤᠷ ᠢ ᠬᠡᠷᠡᠭᠵᠢᠭᠦᠯᠵᠦ᠂ ᠪᠠᠷᠢᠴᠠᠭᠠᠯᠠᠵᠤ ᠪᠠᠶᠢᠭ᠎ᠠ ᠭᠡᠷ ᠬᠥᠷᠥᠩᠭᠡ ᠶᠢᠨ ᠵᠢᠭᠡᠯᠡᠯᠭᠡ ᠪᠠᠨ ᠤᠷᠢᠳᠴᠢᠯᠠᠨ ᠪᠤᠴᠠᠭᠠᠬᠤ ᠦᠭᠡᠢ ᠪᠠᠷ ᠳᠠᠷᠤᠢ ᠡᠷᠦᠬᠡ ᠰᠢᠯᠵᠢᠭᠦᠯᠬᠦ ᠶᠢ ᠭᠦᠢᠴᠡᠳᠬᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠬᠥᠭᠵᠢᠶᠡᠨ ᠲᠠᠢ ᠪᠣᠯᠭᠠᠨ᠎ᠠ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶     19. ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ 1 ᠢᠵᠢ ᠣᠷᠣᠨ ᠰᠠᠭᠤᠴᠠ ᠲᠠᠢ ᠪᠥᠭᠡᠳ ᠭᠡᠷ ᠪᠠᠶᠢᠰᠢᠩ ᠬᠤᠳᠠᠯᠳᠤᠨ ᠠᠪᠤᠭᠰᠠᠨ ᠵᠢᠭᠡᠯᠡᠯᠭᠡ ᠪᠠᠨ ᠪᠤᠳᠤᠵᠤ ᠳᠠᠭᠤᠰᠬᠠᠭᠰᠠᠨ ᠭᠡᠷ ᠪᠦᠯᠢ᠂ ᠣᠷᠣᠨ ᠰᠠᠭᠤᠴᠠ ᠶᠢᠨ ᠨᠥᠬᠦᠴᠡᠯ ᠢᠶᠠᠨ ᠰᠠᠶᠢᠵᠢᠷᠠᠭᠤᠯᠬᠤ ᠶᠢᠨ ᠲᠥᠯᠥᠭᠡ ᠳᠠᠬᠢᠨᠲᠠ ᠵᠢᠭᠡᠯᠡᠯᠭᠡ ᠭᠤᠶᠤᠴᠢᠯᠠᠵᠤ ᠡᠩ ᠤᠨ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠳᠤ᠂ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠩᠬᠠᠨ ᠤ ᠢᠵᠢ ᠭᠡᠷ ᠪᠠᠶᠢᠰᠢᠩ ᠤᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ  ᠠᠴᠠ ᠪᠣᠯᠵᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠤᠶᠤ ᠲᠤᠰᠠᠭᠠᠷᠯᠠᠭᠰᠠᠨ᠂ ᠡᠰᠡᠬᠦᠯ᠎ᠡ ᠬᠢᠵᠢᠭ ᠠᠴᠠ ᠪᠣᠯᠵᠤ ᠠᠵᠢᠯ ᠠᠯᠳᠠᠭᠰᠠᠨ ᠠᠴᠠ ᠣᠷᠣᠯᠭ᠎ᠠ ᠶᠢᠨ ᠢᠷᠡᠯᠲᠡ ᠪᠠᠨ ᠠᠯᠳᠠᠭᠰᠠᠨ ᠬᠤᠪᠢ ᠬᠥᠮᠥᠨ ᠵᠢᠴᠢ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠳᠤ ᠬᠤᠪᠢᠷᠠᠯᠲᠠ ᠭᠠᠷᠤᠭᠰᠠᠨ ᠪᠤᠶᠤ ᠬᠦᠴᠦᠨ ᠦᠭᠡᠢ ᠪᠣᠯᠭᠠᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ ᠭᠡᠷ ᠪᠠᠶᠢᠰᠢᠩ ᠬᠤᠳᠠᠯᠳᠤᠨ ᠠᠪᠤᠭᠴᠢ ᠲᠠᠢ ᠪᠡᠶ᠎ᠡ ᠪᠠᠨ ᠳᠠᠭᠠᠭᠠᠨ ᠵᠥᠪᠳᠡᠯᠴᠡᠵᠦ᠂ ᠬᠤᠭᠤᠴᠠᠭ᠎ᠠ ᠶᠢ ᠤᠷᠲᠤᠳᠬᠠᠬᠤ ᠵᠡᠷᠭᠡ ᠲᠠᠯ᠎ᠠ ᠪᠠᠷ ᠲᠣᠬᠢᠷᠠᠭᠤᠯᠤᠯᠲᠠ ᠬᠢᠵᠦ ᠪᠣᠯᠣᠨ᠎ᠠ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     20. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ ᠶᠢᠨ ᠬᠦᠴᠦᠨ ᠢ ᠴᠢᠩᠭᠠᠳᠬᠠᠨ᠎ᠠ᠃ ᠭᠠᠷᠭᠠᠨ ᠠᠪᠬᠤ ᠭᠤᠶᠤᠴᠢᠯᠠᠭᠴᠢ ᠶᠢᠨ ᠬᠡᠪᠴᠢᠶ᠎ᠡ ᠶᠢ ᠥᠷᠭᠡᠳᠬᠡᠵᠦ᠂ ᠲᠣᠰ ᠬᠥᠮᠥᠨ᠂ ᠬᠤᠯᠪᠣᠰᠤ᠂ ᠦᠷ᠎ᠡ ᠬᠡᠦᠬᠡᠳ ᠵᠢᠴᠢ ᠡᠴᠢᠭᠡ ᠡᠬᠡ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠦᠭᠡᠢ᠂ ᠪᠤᠰᠤᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ ᠪᠠᠲᠤᠯᠠᠭ᠎ᠠ ᠳᠠᠭᠠᠭᠠᠯᠲᠠ ᠬᠢᠭᠰᠡᠨ ᠦᠭᠡᠢ ᠪᠠᠶᠢᠪᠠᠯ᠂ ᠭᠡᠷ ᠪᠠᠶᠢᠰᠢᠩ ᠬᠤᠳᠠᠯᠳᠤᠨ ᠠᠪᠬᠤ ᠪᠠᠷ ᠲᠣᠰ ᠬᠥᠮᠥᠨ᠂ ᠬᠤᠯᠪᠣᠰᠤ᠂ ᠦᠷ᠎ᠡ ᠬᠡᠦᠬᠡᠳ ᠵᠢᠴᠢ ᠡᠴᠢᠭᠡ ᠡᠬᠡ ᠶᠢᠨ ᠬᠤᠪᠢ ᠬᠥᠮᠥᠨ ᠤ ᠲᠠᠩᠰᠠᠨ ᠡᠷᠦᠬᠡ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠠᠷᠢᠯᠴᠠᠨ ᠭᠠᠷᠭᠠᠨ ᠠᠪᠴᠤ ᠪᠣᠯᠣᠨ᠎ᠠ︔ ᠵᠢᠭᠡᠯᠡᠯᠭᠡ ᠶᠢ ᠬᠢᠨᠠᠨ ᠬᠠᠷᠭᠤᠭᠤᠯᠬᠤ ᠨᠥᠬᠦᠴᠡᠯ ᠢ ᠠᠭᠤᠵᠢᠭᠤ ᠲᠠᠯᠪᠢᠵᠤ᠂ ᠵᠣᠭᠤᠰ ᠵᠢᠭᠡᠯᠡᠭᠴᠢ ᠪᠠ ᠪᠠᠲᠤᠯᠠᠭᠴᠢ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠰᠠᠨ ᠴᠠᠭ ᠤᠨ ᠬᠢᠵᠠᠭᠠᠷᠯᠠᠯ ᠢ ᠪᠣᠭᠤᠨᠢᠰᠬᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠵᠠᠯᠭᠠᠭ᠎ᠠ ᠪᠠᠷ᠂ ᠭᠦᠢᠴᠡᠳ ᠲᠤᠭ᠎ᠠ ᠪᠠᠷ ᠬᠠᠳᠠᠭᠠᠯᠠᠭᠠᠳ ᠪᠦᠬᠦᠯᠢ 6 ᠰᠠᠷ᠎ᠠ ᠪᠣᠯᠪᠠᠯ ᠳᠠᠷᠤᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠪᠤᠶᠤ ᠪᠤᠰᠤᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ ᠪᠠᠲᠤᠯᠠᠭ᠎ᠠ ᠳᠠᠭᠠᠭᠠᠯᠲᠠ ᠬᠢᠵᠦ ᠪᠣᠯᠣᠨ᠎ᠠ︔ ᠭᠡᠷ ᠪᠦᠯᠢ ᠶᠢᠨ ᠣᠷᠣᠨ ᠰᠠᠭᠤᠴᠠ ᠶᠢᠨ ᠢᠵᠢ ᠲᠤᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠷ᠎ᠡ ᠡᠮ᠎ᠡ ᠬᠤᠶᠠᠭᠤᠯᠠ ᠵᠢᠴᠢ ᠦᠰᠪᠦᠷᠢ ᠶᠢᠨ ᠬᠡᠦᠬᠡᠳ ᠤᠨ ᠨᠡᠷ᠎ᠡ ᠳᠡᠭᠡᠷ᠎ᠡ ᠪᠣᠳᠠᠲᠠᠢ ᠪᠠᠶᠢᠭ᠎ᠠ ᠣᠷᠣᠨ ᠰᠠᠭᠤᠴᠠ ᠶᠢᠨ ᠢᠵᠢ ᠲᠤᠭ᠎ᠠ ᠪᠠᠷ ᠮᠠᠭᠠᠳᠯᠠᠨ ᠲᠣᠭᠲᠠᠭᠠᠨ᠎ᠠ᠂ ᠵᠢᠭᠡᠯᠡᠯᠭᠡ ᠶᠢᠨ ᠴᠢᠮᠡᠭᠡ ᠵᠠᠩᠭᠢ ᠶᠢ ᠪᠣᠳᠣᠯᠬᠢᠯᠠᠬᠤ ᠦᠭᠡᠢ︔ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠶᠢᠨ ᠬᠢᠵᠠᠭᠠᠷ ᠢ ᠬᠦᠴᠦᠨ ᠦᠭᠡᠢ ᠪᠣᠯᠭᠠᠨ᠎ᠠ︔ ︽ᠪᠥᠬᠦ ᠬᠤᠲᠠ ᠳᠤ ᠨᠡᠶᠢᠳᠡᠮ ᠵᠢᠭᠡᠯᠡᠯᠭᠡ ᠲᠠᠯᠪᠢᠬᠤ︾ ᠶᠢ ᠬᠡᠷᠡᠭᠵᠢᠭᠦᠯᠵᠦ᠂ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠣᠲᠣᠷ᠎ᠠ ᠥᠪᠡᠰᠦᠪᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ ᠳᠤ᠂ ᠭᠡᠷ ᠪᠠᠶᠢᠰᠢᠩ ᠬᠤᠳᠠᠯᠳᠤᠨ ᠠᠪᠬᠤ ᠭᠠᠵᠠᠷ ᠪᠤᠶᠤ ᠲᠤᠰᠢᠶᠠᠨ ᠬᠠᠳᠠᠭᠠᠯᠠᠭᠰᠠᠨ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠶᠢ ᠴᠢᠯᠦᠭᠡᠲᠡᠢ ᠰᠣᠩᠭᠤᠵᠤ ᠪᠣᠯᠣᠨ᠎ᠠ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠢᠭᠡᠯᠡᠯᠭᠡ ᠶᠢᠨ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ︵ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶︵ᠲᠠᠪᠤ︶ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠤᠨ᠎ᠠ     21. ᠤᠷᠤᠯᠳᠤᠭᠠᠨ ᠤ ᠶᠠᠪᠤᠳᠠᠯ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠰᠦᠯᠵᠢᠶᠡᠨ ᠠᠴᠠ ᠭᠠᠳᠠᠭᠤᠷᠬᠢ ᠤᠷᠤᠯᠳᠤᠭᠠᠨ ᠢ ᠠᠮᠤᠷ ᠲᠦᠪᠰᠢᠨ ᠡᠮᠬᠢ ᠵᠢᠷᠤᠮ ᠲᠠᠢ ᠰᠡᠷᠭᠦᠭᠡᠵᠦ᠂ ᠨᠥᠬᠦᠴᠡᠯ ᠪᠦᠷᠢᠳᠦᠭᠰᠡᠨ ᠬᠤᠰᠢᠭᠤ ᠰᠢᠶᠠᠨ ᠬᠤᠲᠠ ᠲᠣᠭᠤᠷᠢᠭ ᠤᠨ ᠠᠭᠤᠯᠠ ᠠᠪᠠᠷᠢᠬᠤ᠂ ᠮᠠᠷᠠᠰᠤᠨ ᠤᠷᠤᠯᠳᠤᠭᠠᠨ᠂ ᠮᠥᠰᠥ ᠴᠠᠰᠤ᠂ ᠮᠠᠰᠢᠨ ᠲᠡᠷᠭᠡ ᠪᠠᠷ ᠬᠡᠭᠡᠷᠡᠯᠡᠬᠦ ᠵᠡᠷᠭᠡ ᠭᠡᠷ ᠤᠨ ᠭᠠᠳᠠᠨᠠᠬᠢ ᠲᠠᠮᠢᠷ ᠤᠨ ᠤᠷᠤᠯᠳᠤᠭᠠᠨ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠪᠥᠬᠦ ᠬᠤᠲᠠ ᠶᠢᠨ U ᠰᠢᠷᠢᠰ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠬᠦᠨᠳᠦ ᠬᠥᠩᠭᠡᠨ ᠲᠠᠮᠢᠷ ᠤᠨ ᠤᠷᠤᠯᠳᠤᠭᠠᠨ᠂ ᠣᠯᠠᠨ ᠤᠯᠤᠰ ᠤᠨ ᠪᠥᠬᠡ ᠶᠢᠨ ᠤᠷᠤᠯᠳᠤᠭᠠᠨ᠂ ᠰᠣᠯᠣᠩᠭᠤᠰ ᠨᠢᠳᠤᠷᠭᠠᠨ ᠡᠷᠳᠡᠮ᠂ ᠬᠤᠷᠴᠢᠨ ᠤ ᠬᠤᠯᠠ ᠭᠦᠶᠦᠯᠲᠡ ᠶᠢᠨ ᠤᠷᠤᠯᠳᠤᠭᠠᠨ ᠵᠡᠷᠭᠡ ᠣᠯᠠᠨ ᠵᠦᠢᠯ ᠤᠨ ᠤᠷᠤᠯᠳᠤᠭᠠᠨ ᠢ ᠡᠬᠢᠯᠡᠭᠦᠯᠵᠦ᠂ ᠤᠷᠤᠯᠳᠤᠭᠠᠨ ᠤ ᠪᠦᠲᠦᠴᠡ ᠶᠢ ᠰᠢᠯᠢᠳᠡᠭᠵᠢᠭᠦᠯᠦᠨ᠂ ᠰᠣᠨᠢᠷᠬᠠᠯᠲᠤ ᠴᠢᠨᠠᠷ ᠢ ᠳᠡᠭᠡᠭᠰᠢᠯᠡᠭᠦᠯᠵᠦ᠂ ᠪᠥᠬᠦ ᠬᠤᠲᠠ ᠶᠢᠨ ᠤᠷᠤᠯᠳᠤᠭᠠᠨ ᠢ ᠡᠷᠭᠢᠯᠡᠬᠦ ᠶᠣᠰᠣᠲᠠᠢ ᠶᠢ ᠨᠢ ᠪᠦᠬᠦᠨ ᠢ ᠡᠷᠭᠢᠯᠡᠬᠦ ᠪᠠᠷ ᠴᠢᠷᠮᠠᠶᠢᠵᠤ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠭᠠᠭᠠᠨ ᠡᠷᠭᠢᠯᠡᠬᠦ ᠶᠢ ᠵᠣᠷᠢᠭᠵᠢᠭᠤᠯᠤᠨ᠎ᠠ᠃ ᠨᠥᠬᠦᠴᠡᠯ ᠲᠠᠢ ᠬᠤᠰᠢᠭᠤ ᠰᠢᠶᠠᠨ ᠬᠤᠲᠠ ᠲᠣᠭᠤᠷᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠶᠢ ᠳᠡᠮᠵᠢᠨ᠎ᠡ᠃ ︵ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ︶     22. ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠪᠥᠬᠦ ᠬᠤᠲᠠ ᠶᠢᠨ ᠬᠤᠷᠴᠢᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠦᠷᠬᠦᠯᠵᠢᠯᠡᠨ ᠦᠷᠨᠢᠭᠦᠯᠦᠨ᠎ᠡ︔ ᠥᠪᠥᠷ ᠮᠣᠩᠭᠤᠯ ᠤᠨ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠡᠮᠡᠷᠯᠢᠭ ᠬᠠᠶᠢᠲᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠬᠡᠮᠡᠬᠦ ᠮᠠᠯᠴᠢᠨ ᠲᠠᠷᠢᠶᠠᠴᠢᠨ ᠤ ᠡᠯᠪᠡᠭ ᠬᠤᠷᠢᠶᠠᠯᠲᠠ ᠶᠢ ᠪᠡᠯᠭᠡᠯᠡᠬᠦ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠢ ᠦᠷᠨᠢᠭᠦᠯᠦᠨ᠎ᠡ︔ ᠵᠠᠯᠠᠭᠤᠴᠤᠳ ᠪᠠᠭᠠᠴᠤᠳ ᠲᠤ ᠬᠠᠨᠳᠤᠭᠤᠯᠤᠨ ︽ᠦᠪᠦᠷ ᠮᠤᠩᠭᠤᠯ ᠶᠢᠨ ᠴᠢᠭᠢᠷᠠᠭ ᠪᠠᠭᠠᠴᠤᠳ︾ ᠬᠡᠮᠡᠬᠦ ᠬᠡᠦᠬᠡᠳ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ︱ ᠵᠠᠭᠤᠨ ᠲᠦᠮᠡᠨ ᠵᠠᠯᠠᠭᠤᠴᠤᠳ ᠪᠠᠭᠠᠴᠤᠳ ᠵᠠᠭᠤᠨ ᠰᠢᠶᠠᠨ ᠤ ᠡᠷᠡᠭᠦᠯ ᠮᠡᠨᠳᠦ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ︶︵ᠵᠢᠷᠭᠤᠭ᠎ᠠ︶ ᠳᠥᠭᠦᠮ ᠳᠥᠲᠡ ᠪᠥᠭᠡᠳ ᠢᠲᠡᠭᠡᠮᠵᠢᠲᠡᠢ ᠬᠡᠷᠡᠭᠯᠡᠭᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ     23. ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠰᠢᠶᠠᠨ ᠤ ᠬᠤᠲᠠ ᠪᠠᠷ ᠲᠥᠪ ᠪᠣᠯᠭᠠᠭᠰᠠᠨ᠂ ᠰᠤᠮᠤ ᠰᠢᠶᠠᠩ ᠪᠠᠯᠭᠠᠰᠤ ᠪᠠᠷ ᠭᠤᠣᠯᠳᠠᠯᠭ᠎ᠠ ᠪᠣᠯᠭᠠᠭᠰᠠᠨ᠂ ᠭᠠᠴᠠᠭ᠎ᠠ ᠲᠤᠰᠬᠤᠨ ᠢᠶᠠᠷ ᠰᠠᠭᠤᠷᠢ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠤᠳᠠᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠦᠨ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠬᠤᠲᠠ ᠳᠤ ᠣᠷᠤᠭᠤᠯᠬᠤ ᠬᠤᠣᠰ ᠴᠢᠭᠯᠡᠯᠲᠦ ᠭᠦᠢᠯᠭᠡᠭᠡ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢ ᠥᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠵᠤ᠂ ᠬᠡᠷᠡᠭᠯᠡᠭᠡ ᠶᠢᠨ ᠣᠷᠴᠢᠨ ᠲᠣᠭᠤᠷᠢᠨ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     24. ᠲᠦᠷᠭᠡᠨ ᠬᠦᠷᠭᠡᠯᠲᠡ ᠶᠢ ᠲᠣᠰᠬᠤᠨ ᠳᠤ ᠬᠦᠷᠲᠡᠯ᠎ᠡ ᠲᠣᠬᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠥᠬᠦᠪᠦᠷᠢ ᠥᠭᠭᠦᠭᠰᠡᠨ ᠤ ᠳᠠᠷᠠᠭᠠᠬᠢ ᠣᠷᠣᠨ ᠪᠦᠰᠡ ᠶᠢᠨ ᠳᠣᠲᠣᠷᠠᠬᠢ ᠲᠤᠬᠠᠶᠢᠯᠠᠭᠰᠠᠨ ᠠᠵᠢᠯ ᠤᠨ ᠶᠡᠷᠦᠩᠬᠡᠢ ᠳᠡᠭᠡᠨ ᠣᠯᠵᠤ ᠠᠯᠳᠠᠬᠤ ᠶᠢ ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ ᠳᠠᠭᠠᠭᠠᠵᠤ ᠦᠷᠭᠦᠯᠵᠢᠯᠡᠨ ᠡᠵᠡᠩᠨᠡᠬᠦ ᠵᠡᠷᠭᠡ ᠵᠠᠷᠴᠢᠮ ᠶᠣᠰᠣᠭᠠᠷ᠂ ᠲᠣᠰᠬᠤᠨ ᠳᠤ ᠣᠷᠣᠭᠤᠯᠬᠤ ᠲᠦᠷᠭᠡᠨ ᠬᠦᠷᠭᠡᠯᠲᠡ ᠶᠢᠨ ᠪᠣᠭᠤᠳᠠᠯ ᠤᠨ ᠲᠤᠭ᠎ᠠ᠂  ᠨᠢᠭᠡᠴᠡ ᠪᠣᠭᠤᠳᠠᠯ ᠤᠨ ᠥᠪᠡᠷ ᠤᠨ ᠥᠷᠲᠡᠭ᠂ ᠲᠣᠮᠢᠯᠠᠨ ᠬᠦᠷᠭᠡᠬᠦ ᠵᠠᠢ ᠪᠠ ᠦᠢᠯᠡᠴᠢᠯᠡᠭᠡ ᠡᠭᠦᠰᠦᠭᠰᠡᠨ ᠣᠷᠣᠨ ᠪᠦᠰᠡ ᠵᠡᠷᠭᠡ ᠪᠠᠷ ᠦᠨᠳᠦᠰᠦᠯᠡᠯ ᠪᠣᠯᠭᠠᠵᠤ᠂ 2023 ᠣᠨ ᠳᠤ ᠪᠣᠳᠠᠲᠠᠢ ᠡᠭᠦᠰᠦᠭᠰᠡᠨ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠳᠤ᠂ ᠪᠣᠭᠤᠳᠠᠯ ᠨᠢᠭᠡᠪᠦᠷᠢ ᠳᠤ 0.3 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠬᠤ ᠶᠣᠰᠣᠭᠠᠷ᠂ ᠵᠦᠷᠢᠶᠡᠴᠢᠯᠡᠭᠰᠡᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     25. ᠬᠤᠳᠠᠯᠳᠤᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠥᠬᠦᠴᠡᠯ ᠳᠤ ᠨᠡᠶᠢᠴᠡᠬᠦ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠢᠯ ᠥᠷᠨᠢᠭᠦᠯᠵᠦ᠂ ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠳᠠᠩᠰᠠᠯᠠᠭᠤᠯᠤᠭᠰᠠᠨ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠤ ᠠᠬᠤᠶᠢᠯᠠᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠬᠤᠲᠠ ᠶᠢᠨ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ 2023 ᠣᠨ ᠤ 2 ᠳ᠋ᠤᠭᠠᠷ ᠤᠯᠠᠷᠢᠯ ᠠᠴᠠ ᠡᠮᠦᠨ᠎ᠡ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     26. ᠵᠢᠭᠤᠯᠴᠢᠯᠠᠯ ᠤᠨ ᠰᠠᠭᠤᠷᠢ ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠢᠭᠤᠯᠴᠢᠯᠠᠯ ᠤᠨ ᠵᠠᠰᠠᠮᠠᠯ ᠵᠠᠮ ᠵᠢᠴᠢ ᠢᠵᠢ ᠪᠦᠷᠢᠳᠦᠭᠦᠯᠬᠦ ᠦᠢᠯᠡᠴᠢᠯᠡᠭᠡᠨ ᠤ ᠲᠦᠬᠦᠭᠡᠷᠥᠮᠵᠢ ᠶᠢ ᠲᠡᠭᠦᠯᠳᠡᠷᠵᠢᠭᠦᠯᠵᠦ᠂ ᠲᠥᠪᠯᠡᠷᠡᠭᠦᠯᠵᠦ ᠲᠠᠷᠬᠠᠭᠠᠬᠤ ᠲᠥᠪ᠂ ᠤᠶᠤᠨᠴᠢ ᠰᠣᠶᠣᠯ ᠵᠢᠭᠤᠯᠴᠢᠯᠠᠯ ᠤᠨ ᠲᠠᠪᠴᠠᠩ ᠵᠡᠷᠭᠡ ᠶᠢ ᠪᠦᠲᠦᠭᠡᠨ ᠪᠠᠶᠢᠭᠤᠯᠤᠨ᠎ᠠ᠃ ᠬᠠᠮᠪᠤ ᠶᠢᠨ ᠪᠠᠭᠤᠷᠢ ᠶᠢᠨ ᠰᠠᠭᠤᠷᠢ ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠵᠦ᠂ ᠲᠥᠷᠥᠯ ᠵᠦᠢᠯ ᠤᠨ ᠨᠢᠭᠡᠴᠡ ᠶᠢᠨ ᠲᠥᠪ ᠤᠨ ᠲᠥᠰᠥᠪ ᠤᠨ ᠳᠣᠲᠣᠷᠠᠬᠢ ᠳᠡᠮᠵᠢᠬᠦ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢ ᠱᠠᠭᠠᠷᠳᠠᠨ ᠵᠢᠯᠤᠭᠤᠳᠴᠤ᠂ ᠲᠥᠷᠥᠯ ᠵᠦᠢᠯ ᠤᠨ ᠠᠬᠢᠴᠠ ᠶᠢ ᠠᠷᠪᠠ ᠬᠤᠨᠤᠭ ᠪᠦᠷᠢ ᠳᠤ ᠲᠤᠬᠢᠷᠠᠭᠤᠯᠤᠯᠲᠠ ᠬᠢᠵᠦ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠭᠤᠣᠯ ᠴᠣᠭᠴᠠ ᠶᠢᠨ ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     27. ᠪᠣᠯᠪᠠᠰᠤᠷᠠᠯ ᠤᠨ ᠰᠠᠭᠤᠷᠢ ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠱᠠᠲᠤᠨ ᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠭᠤᠶᠤᠴᠢᠯᠠᠵᠤ᠂ 2023 ᠣᠨ ᠳᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠤᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     28. ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠬᠤᠲᠠ ᠶᠢᠨ ᠦᠨᠡᠮᠯᠡᠯ ᠣᠯᠣᠭᠰᠠᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ 100 ᠠᠵᠤ ᠠᠬᠤᠶᠢᠯᠠᠯ ᠳᠤ ︽ᠬᠤᠶᠠᠷ ᠳᠤᠬᠢᠶᠠᠯᠳᠤᠯ᠂ ᠨᠢᠭᠡ ᠢᠯᠡ ᠪᠤᠯᠭᠠᠬᠤ︾ ᠱᠠᠭᠠᠷᠳᠠᠯᠭ᠎ᠠ ᠶᠣᠰᠣᠭᠠᠷ᠂ ᠦᠨᠡᠮᠯᠡᠯ ᠣᠯᠣᠭᠰᠠᠨ ᠠᠵᠤ ᠠᠬᠤᠶᠢᠯᠠᠯ ᠤᠨ ᠣᠨ ᠤ ᠪᠠᠶᠢᠴᠠᠭᠠᠯᠲᠠ ᠶᠢᠨ ᠲᠥᠯᠥᠪᠯᠡᠭᠡ ᠲᠣᠭᠲᠠᠭᠠᠵᠤ᠂ ᠪᠠᠶᠢᠴᠠᠭᠠᠯᠲᠠ ᠬᠢᠨ᠎ᠡ᠃ ᠦᠨᠡᠮᠯᠡᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠠᠬᠢᠯᠭᠠᠨ ᠤᠲᠠᠰᠤ ᠴᠠᠬᠢᠯᠭᠠᠨ ᠳᠡᠭᠡᠰᠦ᠂ ᠠᠶᠤᠯᠲᠠᠢ ᠬᠢᠮᠢ ᠶᠢᠨ ᠪᠣᠳᠠᠰ᠂ ᠱᠦᠢᠨᠢ ᠵᠡᠷᠭᠡ ᠲᠦᠭᠰᠢᠭᠦᠷᠢ ᠶᠡᠬᠡᠲᠡᠢ ᠦᠢᠯᠡᠳᠬᠦᠨ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠰᠢᠰᠲ᠋ᠧᠮ ᠢ ᠠᠰᠢᠭᠯᠠᠨ᠂ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠦᠨᠡᠨᠬᠦ ᠬᠢᠨᠠᠯᠲᠠ ᠲᠠᠯᠪᠢᠨ᠎ᠠ᠃ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ 2023 ᠣᠨ ᠳᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠢ 1000 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ ᠢᠳᠡᠭᠡᠨ ᠤ ᠵᠦᠢᠯ ᠢ 8348 ᠪᠦᠯᠦᠭ ᠤᠳᠠᠭ᠎ᠠ ᠰᠤᠭᠤᠴᠢᠨ ᠪᠠᠶᠢᠴᠠᠭᠠᠬᠤ ᠪᠠᠷ ᠲᠥᠯᠥᠪᠯᠡᠵᠦ ᠪᠣᠶ᠃ 2023 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ︽ᠪᠢᠲᠡᠭᠦᠨ ᠤ ᠬᠤᠭᠤᠯᠠ︾ ᠬᠢᠵᠦ ᠪᠠᠶᠢᠭ᠎ᠠ ᠨᠢᠭᠡᠴᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠠᠳᠡᠯ ᠡᠭᠦᠰᠬᠡᠬᠦ ᠦᠭᠡᠢ᠃ ︽ᠰᠦᠯᠵᠢᠶ᠎ᠡ + ᠲᠣᠭᠤᠭᠠᠨ ᠭᠡᠷ ᠢ ᠢᠯᠡ ᠪᠣᠯᠭᠠᠬᠤ︾ ᠢᠨᠵᠧᠨᠧᠷᠢᠩ ᠢ ᠠᠬᠢᠭᠤᠯᠵᠤ᠂ ᠬᠠᠮᠤᠷᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶     29. ᠢᠯᠡᠴᠢᠯᠡᠨ ᠮᠡᠳᠡᠭᠦᠯᠵᠦ ᠵᠠᠭᠠᠯᠳᠤᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠠᠭᠠᠯᠳᠤᠵᠤ ᠢᠯᠡᠴᠢᠯᠡᠨ ᠮᠡᠳᠡᠭᠦᠯᠬᠦ ᠤᠬᠠᠭᠤᠯᠭ᠎ᠠ ᠶᠢ ᠴᠢᠩᠭᠠᠳᠬᠠᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠬᠡᠨ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭ ᠢ ᠰᠢᠪᠠᠳᠠᠨ ᠰᠢᠢᠳᠪᠦᠷᠢᠯᠡᠭᠦᠯᠬᠦ᠂ ᠱᠠᠭᠠᠷᠳᠠᠨ ᠰᠢᠢᠳᠪᠦᠷᠢᠯᠡᠭᠦᠯᠬᠦ ᠶᠢ ᠴᠢᠩᠭᠠᠳᠬᠠᠵᠤ᠂ ᠵᠠᠭᠠᠯᠳᠤᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠨᠤᠷᠮ᠎ᠠ ᠪᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠬᠤ ᠨᠤᠷᠮ᠎ᠠ ᠶᠢ 90% ᠠᠴᠠ ᠳᠣᠣᠷ᠎ᠠ ᠪᠠᠶᠢᠯᠭᠠᠬᠤ ᠦᠭᠡᠢ ᠶᠢ ᠦᠨᠡᠨ ᠬᠦ ᠪᠠᠲᠤᠯᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠡᠷᠡᠭᠯᠡᠭᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠡᠷᠡᠭᠯᠡᠭᠡ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃     ︵ᠬᠤᠶᠠᠷ︶ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠦᠨᠡᠯᠡᠨ ᠵᠢᠱᠢᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠬᠡᠷᠡᠭᠯᠡᠭᠡ ᠶᠢᠨ ᠨᠡᠮᠡᠭᠳᠡᠯ ᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭᠵᠢᠭᠦᠯᠦᠭᠰᠡᠨ ᠪᠠᠶᠢᠳᠠᠯ ᠢ ᠨᠢᠭᠲᠠ ᠮᠥᠷᠳᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠳ᠋ᠦᠩ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠴᠠᠭ ᠲᠤᠬᠠᠢ ᠳᠤᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃     ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠤᠬᠠᠭᠤᠯᠭ᠎ᠠ ᠶᠢ ᠴᠢᠩᠭᠠᠳᠬᠠᠵᠤ᠂ ᠬᠡᠷᠡᠭᠯᠡᠭᠡ ᠶᠢᠨ ᠠᠭᠤᠷ ᠠᠮᠢᠰᠬᠤᠯ ᠢ ᠪᠣᠶ ᠪᠣᠯᠭᠠᠵᠤ᠂ ᠲᠧᠯᠸᠢᠰ᠂ ᠰᠣᠨᠢᠨ ᠰᠡᠳᠬᠦᠯ ᠪᠠ ᠭᠠᠷ ᠤᠲᠠᠰᠤᠨ ᠤ ᠨᠡᠶᠢᠲᠡ ᠶᠢᠨ ᠳ᠋ᠤᠭᠠᠷ᠂ ᠣᠬᠤᠷ ᠸᠢᠳᠢᠤ᠋ ᠵᠡᠷᠭᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠵᠢᠱᠢᠯᠲᠡ ᠶᠢ ᠪᠦᠲᠦᠮᠵᠢᠲᠡᠶ ᠬᠥᠲᠥᠯᠥᠨ ᠵᠢᠯᠤᠭᠤᠳᠴᠤ᠂ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠤᠳᠤᠷᠢᠳᠤᠮᠵᠢ ᠶᠢ ᠥᠷᠭᠡᠨ ᠢᠶᠠᠷ ᠤᠬᠠᠭᠤᠯᠤᠨ᠎ᠠ᠃2023 ᠣᠨ ᠤ 6 ᠳ᠋ᠤᠭᠠᠷ ᠰᠠᠷ᠎ᠠ ᠶᠢᠨ 2︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ 
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ