ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽2023 ᠣᠨ ᠤ ᠲᠦᠩᠯᠢᠶᠣᠣ ᠬᠤᠲᠠ ᠶᠢᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠭᠤᠣᠯᠳᠠᠯᠭ᠎ᠠ ᠲᠠᠢ ᠠᠵᠢᠯ ᠤᠨ ᠲᠥᠰᠥᠯ | ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | | 2023 ᠣᠨ ᠤ 6 ᠳ᠋ᠤᠭᠠᠷ ᠰᠠᠷ᠎ᠠ ᠶᠢᠨ 19 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | | | 2023 ᠣᠨ ᠤ ᠲᠦᠩᠯᠢᠶᠣᠣ ᠬᠤᠲᠠ ᠶᠢᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠭᠤᠣᠯᠳᠠᠯᠭ᠎ᠠ ᠲᠠᠢ ᠠᠵᠢᠯ ᠤᠨ ᠲᠥᠰᠥᠯ | | | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ︽ᠰᠢᠨ᠎ᠡ ᠡᠭᠦᠳᠦᠯᠲᠡ ᠪᠠᠷ ᠬᠥᠲᠥᠯᠥᠨ ᠳᠠᠭᠠᠭᠤᠯᠵᠤ᠂ ᠥᠭᠡᠷᠡᠴᠢᠯᠡᠯᠲᠡ ᠪᠠᠷ ᠴᠢᠳᠠᠪᠤᠷᠢ ᠣᠯᠭᠤᠬᠤ︾ ᠭᠡᠬᠦ | ᠬᠥᠭᠵᠢᠯᠲᠡ ᠶᠢᠨ ᠱᠠᠭᠠᠷᠳᠠᠯᠭ᠎ᠠ ᠶᠢ ᠲᠤᠤᠱᠯᠠᠭᠤᠯᠤᠨ᠂ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠪᠥᠬᠦ ᠨᠡᠶᠢᠭᠡᠮ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠳᠠᠯᠳᠠ ᠴᠢᠳᠠᠪᠤᠷᠢ ᠶᠢ ᠬᠥᠭᠵᠢᠭᠡᠬᠦ ᠵᠣᠷᠢᠯᠭ᠎ᠠ ᠳᠤ ᠬᠦᠷᠦᠭᠦᠯᠬᠦ ᠶᠢᠨ ᠲᠤᠰᠠᠳᠠ᠂ | ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠡᠷᠢᠭᠦᠨ ᠪᠠᠶᠢᠷᠢᠨ ᠳᠤ | ᠲᠠᠯᠪᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠵᠤ᠂ ᠮᠠᠨ ᠤ ᠬᠤᠲᠠ ᠶᠢᠨ ᠰᠢᠨ᠎ᠡ ᠶᠢ ᠡᠭᠦᠳᠬᠦ ᠬᠥᠳᠡᠯᠭᠡᠭᠦᠷ ᠤᠨ ᠴᠢᠳᠠᠪᠤᠷᠢ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠪᠠᠷ ᠶᠡᠷᠦᠩᠬᠡᠢ | ᠵᠢᠯᠣᠭᠤᠳᠤᠯᠭ᠎ᠠ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠦᠲᠦᠮᠵᠢᠲᠡᠶ ᠠᠷᠭ᠎ᠠ ᠵᠠᠮ ᠢ | ᠰᠦᠪᠡᠭᠴᠢᠯᠡᠵᠦ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠮᠠᠨ ᠤ ᠬᠤᠲᠠ ᠶᠢᠨ ᠤᠯᠠᠮᠵᠢᠯᠠᠯᠲᠤ | ᠳᠠᠪᠠᠭᠤᠯᠢᠭ ᠠᠵᠤ ᠦᠢᠯᠡᠰ ᠪᠠ ᠬᠥᠭᠵᠢᠯᠲᠡ ᠶᠢᠨ ᠳᠠᠯᠳᠠ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠲᠤ | ᠰᠠᠭᠤᠷᠢᠯᠠᠨ ᠰᠢᠨ᠎ᠡ ᠶᠢ ᠡᠭᠦᠳᠬᠦ ᠳᠠᠯᠳᠠ ᠬᠦᠴᠦᠨ ᠢ ᠠᠭᠤᠳᠠᠯᠵᠤ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠶᠢ ᠡᠭᠦᠳᠬᠦ ᠠᠴᠠ ᠠᠮᠢᠵᠢᠷᠠᠯ ᠤᠨ ᠬᠦᠴᠦᠨ ᠢ ᠣᠯᠵᠤ᠂ ᠰᠢᠨᠵᠢᠯᠡᠭᠡ | ᠮᠡᠷᠭᠡᠵᠢᠯ ᠢᠶᠠᠷ ᠬᠥᠭᠵᠢᠯᠲᠡ ᠶᠢ ᠡᠷᠢᠯᠬᠢᠯᠡᠨ᠎ᠡ᠃ | ᠬᠤᠶᠠᠷ᠂ ᠬᠠᠷᠠᠯᠲᠠ ᠶᠢᠨ ᠡᠭᠦᠷᠭᠡ | ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠭᠤᠣᠯᠳᠠᠯᠭ᠎ᠠ ᠲᠠᠢ ᠰᠤᠳᠤᠯᠤᠨ ᠨᠡᠭᠡᠭᠡᠬᠦ | ᠲᠥᠯᠥᠪᠯᠡᠭᠡ ᠪᠠ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠲᠥᠷᠥᠯ ᠵᠦᠢᠯ ᠢ 50 ᠠᠴᠠ ᠳᠡᠭᠡᠭᠰᠢ ᠬᠡᠷᠡᠭᠵᠢᠭᠦᠯᠦᠨ᠎ᠡ︔ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠥᠬᠦ ᠬᠤᠲᠠ ᠶᠢᠨ ᠪᠥᠬᠦ ᠨᠡᠶᠢᠭᠡᠮ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢ 50% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ︔ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠵᠤ᠂ ᠵᠢᠯ ᠤᠨ ᠳᠣᠲᠣᠷ᠎ᠠ ᠡᠯ᠎ᠡ ᠲᠥᠷᠥᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠢ 15 ᠠᠴᠠ ᠳᠡᠭᠡᠭᠰᠢ ᠪᠣᠶᠢᠵᠢᠭᠤᠯᠤᠨ ᠪᠠᠲᠤᠯᠠᠨ᠎ᠠ᠃ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ | ᠲᠥᠯᠥᠪᠯᠡᠭᠡ ᠶᠢ ᠬᠡᠷᠡᠭᠵᠢᠭᠦᠯᠵᠦ᠂ ᠵᠢᠯ ᠤᠨ ᠡᠴᠦᠰ ᠲᠤ ᠪᠥᠬᠦ ᠬᠤᠲᠠ ᠶᠢᠨ ᠬᠦᠴᠦᠨ ᠲᠠᠢ ᠬᠤᠭᠤᠴᠠᠭᠠᠨ ᠳᠠᠬᠢ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠶᠡᠷᠦᠩᠬᠡᠢ ᠲᠤᠭ᠎ᠠ ᠶᠢ 70 ᠠᠴᠠ ᠳᠡᠭᠡᠭᠰᠢ ᠬᠦᠷᠦᠭᠦᠯᠵᠦ᠂ ᠬᠥᠮᠥᠷᠭᠡ ᠳᠤ ᠤᠷᠤᠭᠰᠠᠨ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠤᠨ ᠲᠤᠭ᠎ᠠ ᠶᠢ 80 ᠠᠴᠠ ᠳᠡᠭᠡᠭᠰᠢ ᠪᠣᠯᠭᠠᠨ᠎ᠠ︔ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ︽ᠭᠤᠷᠪᠠ ᠶᠢ ᠪᠦᠬᠦᠨ ᠢ ᠬᠠᠮᠤᠷᠬᠤ︾ ᠨᠣᠷᠮ᠎ᠠ ᠶᠢ 35% ᠠᠴᠠ ᠳᠡᠭᠡᠭᠰᠢ ᠪᠣᠯᠭᠠᠨ᠎ᠠ︔ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠶᠢ ᠳᠠᠩᠰᠠᠯᠠᠬᠤ ᠠᠵᠢᠯ ᠢ | ᠬᠢᠨᠠᠮᠠᠭᠠᠢ ᠰᠠᠶᠢᠲᠤᠷ ᠬᠢᠵᠦ᠂ ᠪᠥᠬᠦ ᠬᠤᠲᠠ ᠶᠢᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠶᠢᠨ ᠬᠡᠮᠵᠢᠶ᠎ᠡ ᠶᠢ 1.5 ᠳ᠋ᠦᠩᠰᠢᠭᠤᠷ ᠲᠥᠭᠦᠷᠢᠭ ᠬᠦᠷᠦᠭᠦᠯᠦᠨ᠎ᠡ︔ | ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠢᠯ ᠤᠨ ᠳᠣᠲᠣᠷ᠎ᠠ | ᠰᠢᠨᠵᠢᠯᠡᠭᠡ ᠮᠡᠷᠭᠡᠵᠢᠯ ᠤᠨ ᠪᠡᠯᠡ ᠲᠣᠬᠢᠷᠠᠭᠤᠯᠭ᠎ᠠ ᠶᠢ 5000 ᠲᠦᠮᠡᠨ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ | ᠭᠤᠷᠪᠠ᠂ ᠭᠤᠣᠯᠳᠠᠯᠭ᠎ᠠ ᠲᠠᠢ ᠠᠵᠢᠯ | ︵ᠨᠢᠭᠡ︶ ᠰᠢᠨ᠎ᠡ ᠶᠢ ᠡᠭᠦᠳᠬᠦ ᠭᠤᠣᠯ ᠴᠣᠭᠴᠠ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ | ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠵᠤ᠂ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠲᠤᠭ᠎ᠠ ᠬᠡᠮᠵᠢᠶ᠎ᠡ ᠶᠢ | ᠨᠡᠮᠡᠭᠳᠡᠭᠦᠯᠦᠨ᠎ᠡ᠃ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠬᠡᠷᠡᠭᠵᠢᠭᠦᠯᠵᠦ᠂ ︽ᠲᠦᠩᠯᠢᠶᠣᠣ | ᠬᠤᠲᠠ ᠶᠢᠨ 2023 ︱ 2025 ᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ ᠬᠥᠮᠥᠷᠭᠡ ᠳᠤ ᠣᠷᠣᠭᠤᠯᠬᠤ ᠰᠢᠨᠵᠢᠯᠡᠭᠡ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠨ ᠨᠡᠶᠢᠲᠡᠯᠡᠬᠦ ᠶᠢᠨ ᠬᠠᠮᠲᠤ | ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ︱ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ︱ | ᠰᠢᠨᠵᠢᠯᠡᠭᠡ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠪᠤᠶᠢᠵᠢᠯᠲᠠ ᠶᠢᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ 2023 ᠣᠨ ᠤ ᠡᠴᠦᠰ ᠲᠤ ᠪᠥᠬᠦ | ᠬᠤᠲᠠ ᠶᠢᠨ ᠬᠦᠴᠦᠨ ᠲᠠᠢ ᠬᠤᠭᠤᠴᠠᠭᠠᠨ ᠳᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ 70 ᠠᠴᠠ ᠳᠡᠭᠡᠭᠰᠢ ᠬᠦᠷᠦᠭᠦᠯᠵᠦ᠂ | ᠬᠥᠮᠥᠷᠭᠡ ᠳᠤ ᠤᠷᠤᠭᠰᠠᠨ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠶᠢ 80 ᠠᠴᠠ ᠳᠡᠭᠡᠭᠰᠢ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠲᠤᠰᠬᠠᠢ ᠨᠠᠷᠢᠯᠢᠭ ᠣᠨᠴᠠ ᠰᠢᠨ᠎ᠡ ︽ᠪᠠᠷᠠᠭᠠᠯᠠᠯ ᠲᠠᠢ︾ ᠠᠵᠤ ᠠᠬᠤᠶᠢᠯᠠᠯ ᠢ ᠢᠳᠡᠪᠬᠢᠲᠡᠢ ᠪᠣᠶᠢᠵᠢᠭᠤᠯᠤᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ᠂ ︽ | ᠲᠤᠰᠬᠠᠢ ᠨᠠᠷᠢᠯᠢᠭ ᠣᠨᠴᠠ ᠰᠢᠨ᠎ᠡ︾ ︽ᠪᠠᠷᠠᠭᠠᠯᠠᠯ ᠲᠠᠢ︾ ᠤ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ᠰᠢᠨ᠎ᠡ ᠶᠢ ᠡᠭᠦᠳᠬᠦ | ᠴᠢᠳᠠᠪᠤᠷᠢ ᠪᠠᠷ ᠴᠢᠩᠭ᠎ᠠ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠡᠲᠦ ᠶᠢᠨ ᠲᠥᠯᠥᠪ ᠰᠠᠶᠢᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ | ᠪᠤᠶᠢᠵᠢᠯᠲᠠ ᠶᠢᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠢ | ᠲᠡᠳᠬᠦᠨ ᠳᠡᠮᠵᠢᠬᠦ ᠪᠠᠨ ᠴᠢᠩᠭᠠᠳᠬᠠᠵᠤ᠂ ᠵᠢᠯᠣᠭᠤᠳᠤᠯᠭ᠎ᠠ ᠪᠠᠨ ᠴᠢᠩᠭᠠᠳᠬᠠᠨ᠂ ᠪᠡᠯᠡ ᠲᠣᠬᠢᠷᠠᠭᠤᠯᠬᠤ᠂ ᠪᠣᠯᠪᠠᠰᠤᠷᠠᠯ ᠬᠢᠬᠦ᠂ ᠲᠥᠷᠥᠯ ᠵᠦᠢᠯ ᠢ ᠭᠤᠶᠤᠴᠢᠯᠠᠨ | ᠮᠡᠳᠡᠭᠦᠯᠬᠦ ᠵᠡᠷᠭᠡ ᠲᠠᠯ᠎ᠠ ᠪᠠᠷ ᠨᠠᠩ ᠣᠯᠠᠨ ᠬᠠᠪᠰᠤᠷᠤᠯᠭ᠎ᠠ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠴᠢᠮᠡᠭᠡ | ᠵᠠᠩᠬᠢᠴᠢᠯᠠᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠮᠠᠨ ᠤ ᠬᠤᠲᠠ ᠶᠢᠨ | ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠰᠢᠨ᠎ᠡ ᠶᠢ ᠡᠭᠦᠳᠬᠦ ᠡᠬᠢ ᠪᠠᠶᠠᠯᠢᠭ ᠤᠨ ᠲᠣᠬᠢᠷᠠᠭᠤᠯᠤᠯᠲᠠ ᠰᠢᠯᠢᠳᠡᠭ᠂ ᠬᠠᠮᠲᠤᠷᠠᠨ ᠰᠢᠨ᠎ᠡ ᠶᠢ ᠡᠭᠦᠳᠬᠦ | ᠴᠢᠳᠠᠪᠤᠷᠢ ᠴᠢᠩᠭ᠎ᠠ᠂ ᠨᠡᠭᠡᠭᠡᠯᠲᠡ ᠲᠠᠢ ᠦᠢᠯᠡᠴᠢᠯᠡᠭᠡᠨ ᠤ ᠬᠢᠷᠢ ᠲᠦᠪᠰᠢᠨ ᠥᠨᠳᠥᠷ ᠨᠢᠭᠡ ᠪᠦᠯᠦᠭ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ | ᠪᠤᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ ᠰᠤᠳᠤᠯᠭᠠᠨ ᠤ ᠲᠥᠪ ︵ᠢᠨᠵᠧᠨᠧᠷᠢᠩ ᠤᠨ ᠲᠤᠷᠰᠢᠯᠲᠠ ᠶᠢᠨ ᠲᠠᠰᠤᠭ︶᠂ | ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠵᠢᠯ ᠤᠨ ᠳᠣᠲᠣᠷ᠎ᠠ ᠡᠯ᠎ᠡ ᠲᠥᠷᠥᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 15 ᠠᠴᠠ ᠳᠡᠭᠡᠭᠰᠢ ᠪᠣᠶᠢᠵᠢᠭᠤᠯᠤᠨ ᠪᠠᠲᠤᠯᠠᠨ᠎ᠠ | ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠴᠢᠮᠡᠭᠡ ᠵᠠᠩᠬᠢᠴᠢᠯᠠᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ︵ᠬᠤᠶᠠᠷ︶ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠪᠣᠯᠣᠨ ᠬᠠᠮᠵᠢᠯᠴᠠᠬᠤ ᠴᠢᠳᠠᠪᠤᠷᠢ ᠶᠢ ᠴᠢᠩᠭᠠᠷᠠᠭᠤᠯᠤᠨ᠎ᠠ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠢ ᠬᠥᠲᠥᠯᠥᠨ ᠵᠢᠯᠤᠭᠤᠳᠴᠤ ᠬᠠᠮᠲᠤᠪᠠᠷ ᠲᠤᠷᠰᠢᠯᠲᠠ ᠶᠢᠨ ᠲᠠᠰᠤᠭ ᠪᠠᠶᠢᠭᠤᠯᠬᠤ᠂ ᠲᠥᠷᠥᠯ ᠵᠦᠢᠯ ᠢ ᠬᠠᠮᠲᠤᠷᠠᠨ ᠥᠷᠨᠢᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠨ ᠴᠢᠨᠠᠷ ᠰᠠᠶᠢᠲᠠᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠠᠵᠤ ᠠᠬᠤᠶᠢᠯᠠᠯ ᠢᠶᠠᠷ ᠭᠤᠣᠯᠯᠠᠭᠤᠯᠤᠭᠰᠠᠨ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠭᠦᠨ ᠠᠭᠤᠰᠤᠯᠴᠠᠯ ᠢ ᠴᠢᠩᠭᠠᠳᠬᠠᠨ᠂ ᠰᠢᠨᠵᠢᠯᠡᠭᠡ ᠮᠡᠷᠭᠡᠵᠢᠯ ᠤᠨ ᠠᠵᠢᠯᠲᠠᠨ ᠤ | ᠰᠢᠨ᠎ᠡ ᠶᠢ ᠡᠭᠦᠳᠬᠦ ᠳᠠᠯᠳᠠ ᠴᠢᠳᠠᠪᠤᠷᠢ ᠶᠢ ᠬᠥᠭᠵᠢᠭᠡᠵᠦ᠂ ᠰᠢᠨᠵᠢᠯᠡᠭᠡ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ | ᠨᠡᠶᠢᠲᠡ ᠶᠢ ᠲᠠᠲᠠᠬᠤ ᠪᠠ ᠬᠥᠮᠥᠵᠢᠭᠦᠯᠵᠦ᠂ ᠴᠢᠳᠠᠪᠤᠷᠢᠲᠠᠨ ᠤ ᠵᠦᠢ ᠵᠣᠬᠢᠰᠲᠠᠢ ᠪᠠᠶᠢᠷᠢᠰᠢᠭᠤᠯᠤᠯᠲᠠ ᠪᠠ ᠠᠰᠢᠭᠯᠠᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠳᠤᠮᠳᠠ ᠵᠢᠵᠢᠭ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠬᠠᠮᠲᠤ ᠪᠠᠷ | ᠠᠵᠤ ᠠᠬᠤᠶᠢᠯᠠᠯ ᠳᠤ ᠠᠰᠢᠭ ᠬᠦᠷᠲᠡᠭᠡᠬᠦ︾ ᠭᠡᠬᠦ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠵᠢᠵᠢᠭ ᠪᠢᠴᠢᠯ ᠠᠵᠤ | ᠠᠬᠤᠶᠢᠯᠠᠯ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠂ ᠳᠤᠮᠳᠠ | ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ ᠢ ᠪᠣᠶᠢᠵᠢᠭᠤᠯᠬᠤ ᠶᠢ ᠴᠢᠩᠭᠠᠷᠠᠭᠤᠯᠵᠤ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠴᠢᠮᠡᠭᠡ ᠵᠠᠩᠬᠢᠴᠢᠯᠠᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠰᠢᠨ᠎ᠡ ᠮᠠᠶ᠋ᠢᠭ ᠤᠨ ᠦᠨᠳᠦᠰᠦᠨ ᠱᠠᠲᠤᠨ ᠤ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠴᠢᠳᠠᠪᠤᠷᠢᠲᠠᠨ᠂ ᠮᠡᠷᠭᠡᠵᠢᠯ᠂ ᠦᠢᠯᠡᠴᠢᠯᠡᠭᠡᠨ ᠵᠡᠷᠭᠡ ᠳᠠᠪᠠᠭᠤᠯᠢᠭ ᠰᠢᠨᠵᠢᠯᠡᠭᠡ ᠮᠡᠷᠭᠡᠵᠢᠯ ᠤᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠶᠢ | ᠬᠥᠲᠥᠯᠥᠨ ᠵᠢᠯᠤᠭᠤᠳᠴᠤ᠂ ︽ᠠᠯᠠᠰᠢᠨ ᠦᠬᠡᠷ ᠤᠨ ᠠᠷᠠᠴᠢᠯᠠᠭ᠎ᠠ ᠶᠢᠨ ᠦᠢᠯᠡᠴᠢᠯᠡᠭᠡ ᠶᠢᠨ ᠥᠷᠲᠡᠭᠡ︾ ᠵᠡᠷᠭᠡ ᠰᠢᠨ᠎ᠡ ᠮᠠᠶ᠋ᠢᠭ ᠤᠨ ᠦᠨᠳᠦᠰᠦᠨ ᠱᠠᠲᠤᠨ ᠤ ᠮᠠᠯ | ᠲᠠᠷᠢᠶᠠᠯᠠᠩ ᠤᠨ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠠᠴᠢᠶᠠᠯᠠᠪᠤᠷᠢ ᠶᠢ ᠪᠦᠲᠦᠭᠡᠨ ᠪᠠᠶᠢᠭᠤᠯᠤᠨ᠎ᠠ᠃ ᠨᠥᠬᠦᠴᠡᠯ ᠲᠠᠢ᠂ ᠰᠠᠭᠤᠷᠢ ᠪᠠᠷ | ᠰᠠᠶᠢᠨ ᠰᠤᠮᠤ ᠪᠠᠯᠭᠠᠰᠤ ᠲᠠᠯᠠᠪᠠᠶ ᠳᠤ ᠵᠠᠬ᠎ᠠ ᠳᠡᠯᠭᠡᠭᠦᠷᠴᠢᠯᠡᠨ ᠡᠵᠡᠩᠨᠡᠬᠦ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠦᠷᠢᠨ ᠲᠡᠭᠦᠯᠳᠡᠷ ᠰᠢᠯᠭᠠᠨ | ᠬᠢᠨᠠᠬᠤ ᠲᠣᠭᠲᠠᠴᠠ ᠶᠢ ᠲᠣᠭᠲᠠᠭᠠᠨ᠂ ᠦᠢᠯᠡᠴᠢᠯᠡᠭᠡᠨ ᠤ ᠲᠠᠪᠴᠠᠩ ᠤᠨ ᠬᠠᠮᠤᠭ ᠤᠨ ᠶᠡᠭᠡ ᠦᠢᠯᠡᠳᠦᠯ ᠴᠢᠳᠠᠪᠤᠷᠢ ᠪᠠᠨ ᠪᠠᠳᠠᠷᠠᠭᠤᠯᠬᠤ ᠶᠢ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ︶ | ︵ᠭᠤᠷᠪᠠ︶ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ︽ᠬᠠᠳᠠᠭᠠᠯᠠᠮᠵᠢ ᠶᠢ ᠪᠠᠲᠤᠯᠠᠬᠤ᠂ | ᠨᠡᠮᠡᠭᠳᠡᠯ ᠤᠨ ᠬᠡᠮᠵᠢᠶ᠎ᠡ ᠶᠢ ᠠᠭᠤᠳᠠᠯᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠶᠢ ᠪᠠᠷᠢᠮᠲᠠᠯᠠᠵᠤ᠂ ᠪᠥᠬᠦ ᠬᠤᠲᠠ ᠶᠢᠨ ᠭᠤᠣᠯᠳᠠᠯᠭ᠎ᠠ ᠲᠠᠢ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠢ ᠱᠠᠭᠠᠷᠳᠠᠨ ᠪᠠᠶᠢᠴᠠᠭᠠᠵᠤ ᠵᠢᠭᠠᠨ ᠵᠢᠯᠤᠭᠤᠳᠴᠤ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠵᠡᠷᠭᠡ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠳᠬᠠᠨ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠳᠠᠯᠳᠠ ᠬᠦᠴᠦᠨ ᠢ | ᠭᠦᠨᠵᠡᠭᠡᠢ ᠠᠭᠤᠳᠠᠯᠵᠤ᠂ ᠪᠥᠬᠦ ᠬᠤᠲᠠ ᠶᠢᠨ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠢ 50% ᠠᠴᠠ ᠳᠡᠭᠡᠭᠰᠢ ᠨᠡᠮᠡᠭᠳᠡᠭᠦᠯᠬᠦ ᠪᠠᠷ | ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠬᠤᠳᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠲᠡ ᠶᠢᠨ ᠤᠷᠤᠭᠤᠯᠤᠯᠲᠠ ᠶᠢ | ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠣᠷᠣᠭᠤᠯᠤᠯᠲᠠ ᠶᠢ | ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ ᠵᠢᠭᠰᠠᠭᠠᠨ ᠣᠷᠣᠭᠤᠯᠵᠤ᠂ ᠰᠢᠯᠭᠠᠨ ᠬᠢᠨᠠᠬᠤ ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠵᠢᠯ ᠤᠨ ᠳᠣᠲᠣᠷ᠎ᠠ ᠬᠤᠲᠠ ᠶᠢᠨ ᠬᠠᠷᠢᠶ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠡᠵᠡᠩᠨᠡᠯᠲᠡ ᠶᠢᠨ | ᠣᠷᠣᠯᠭ᠎ᠠ ᠶᠢᠨ 1.5% ᠠᠴᠠ ᠳᠣᠣᠷ᠎ᠠ ᠪᠠᠶᠢᠯᠭᠠᠬᠤ ᠦᠭᠡᠢ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠰᠢᠨᠵᠢᠯᠡᠭᠡ ᠮᠡᠷᠭᠡᠵᠢᠯ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠬᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠥᠷᠨᠢᠭᠦᠯᠬᠦ᠂ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠬᠤ ᠪᠣᠯᠪᠠᠰᠤᠷᠠᠯ ᠤᠨ ᠠᠩᠭᠢ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠮᠥᠩᠭᠦᠨ | ᠭᠦᠢᠯᠭᠡᠭᠡᠨ ᠤ ᠡᠬᠢ ᠪᠠᠶᠠᠯᠢᠭ ᠲᠠᠢ ᠵᠣᠯᠭᠠᠭᠤᠯᠵᠤ᠂ ᠤᠯᠤᠰ ᠤᠨ ᠲᠥᠷᠥ ᠶᠢᠨ ᠪᠣᠳᠣᠯᠭ᠎ᠠ ᠶᠢ ᠣᠶᠢᠯᠠᠭᠠᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ | ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠰᠢᠨᠵᠢᠯᠡᠭᠡ | ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠴᠢᠮᠡᠭᠡ ᠵᠠᠩᠬᠢᠴᠢᠯᠠᠯᠲᠠ ᠶᠢᠨ ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠪᠦᠷᠢᠳᠬᠡᠯ ᠵᠢᠴᠢ ᠶᠡᠭᠡ ᠦᠭᠭᠦᠭᠳᠡᠯ ᠤᠨ ᠵᠠᠳᠠᠯᠤᠯᠲᠠ ᠶᠢᠨ ᠰᠢᠰᠲ᠋ᠧᠮ ᠢ ᠨᠡᠭᠡᠭᠡᠨ ᠠᠰᠢᠭᠯᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠲᠠᠢ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠨᠡᠭᠡᠭᠡᠬᠦ ᠲᠠᠪᠴᠠᠩ | ᠪᠠᠶᠢᠭᠤᠯᠬᠤ ᠪᠠ ᠡᠯ᠎ᠡ ᠱᠠᠲᠤᠨ ᠤ ᠡᠳ᠋ ᠤᠨ ᠵᠠᠰᠠᠭ ᠤᠨ ᠰᠢᠨᠵᠢᠯᠡᠭᠡ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠡᠭᠦᠷᠭᠡᠯᠡᠵᠦ ᠪᠦᠬᠦᠢ ᠨᠢᠭᠡᠴᠡ ᠶᠢᠨ ᠬᠢ ᠶᠢ | ᠭᠤᠣᠯᠳᠠᠯᠭ᠎ᠠ ᠲᠠᠢ ᠪᠠᠷ ᠴᠠᠭ ᠲᠤᠬᠠᠢ ᠳᠤᠨᠢ ᠪᠦᠷᠢᠳᠬᠡᠬᠦ ᠪᠠ ᠨᠢᠭᠡ ᠳᠤ ᠨᠢᠭᠡ ᠳᠤ ᠦᠢᠯᠡᠴᠢᠯᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠵᠢᠯᠣᠭᠤᠳᠤᠨ | ᠰᠤᠳᠤᠯᠤᠨ ᠨᠡᠭᠡᠭᠡᠬᠦ ᠣᠷᠣᠭᠤᠯᠤᠯᠲᠠ ᠶᠢ ᠵᠢᠷᠤᠮᠵᠢᠭᠤᠯᠤᠨ ᠲᠣᠭᠠᠴᠠᠭ᠎ᠠ ᠬᠢᠵᠦ᠂ ᠰᠤᠳᠤᠯᠤᠨ ᠨᠡᠭᠡᠭᠡᠬᠦ ᠲᠤᠭ᠎ᠠ ᠪᠠᠷᠢᠮᠲᠠ ᠶᠢ ᠪᠦᠲᠦᠮᠵᠢᠲᠡᠶ ᠪᠠᠷ ᠴᠤᠭᠯᠠᠭᠤᠯᠤᠨ | ᠪᠦᠷᠢᠳᠬᠡᠬᠦ ᠶᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ︵ᠳᠥᠷᠪᠡ︶ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠪᠠᠶᠢᠯᠳᠤᠬᠤ ᠪᠣᠳᠣᠯᠭ᠎ᠠ ᠳᠤ ᠬᠦᠴᠦᠨ ᠨᠡᠮᠡᠷᠢᠯᠡᠨ᠎ᠡ᠃ ᠬᠤᠲᠠ ᠶᠢᠨ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠣᠲᠣ ᠶᠢᠨ ᠪᠠᠶᠢᠭ᠎ᠠ | ᠦᠷ᠎ᠡ ᠶᠢᠨ ᠡᠬᠢ ᠪᠠᠶᠠᠯᠢᠭ ᠤᠨ ᠲᠣᠭᠤᠷᠢᠨ ᠳᠤ ᠰᠢᠨ᠎ᠡ ᠶᠢ ᠡᠭᠦᠳᠬᠦ ᠪᠠ ᠰᠠᠶᠢᠵᠢᠷᠠᠭᠤᠯᠵᠤ᠂ ᠤᠳᠤᠮᠯᠠᠯ ᠤᠨ ᠳᠠᠪᠠᠭᠤᠯᠢᠭ ᠳᠠᠯᠳᠠ ᠴᠢᠳᠠᠪᠤᠷᠢ ᠶᠢ ᠭᠦᠢᠴᠡᠳ | ᠠᠭᠤᠳᠠᠯᠤᠨ᠂ ᠦᠷ᠎ᠡ ᠶᠢᠨ ᠦᠢᠯᠡᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠵᠦ᠂ ᠰᠢᠪᠲᠤᠯᠤᠯᠲᠠ ᠶᠢᠨ ᠴᠢᠨᠠᠷᠲᠠᠢ | ᠲᠠᠷᠢᠮᠠᠯ ᠤᠨ ᠰᠢᠨ᠎ᠡ ᠡᠭᠦᠯᠳᠡᠷ ᠢ ᠪᠡᠶ᠎ᠡ ᠪᠠᠨ ᠳᠠᠭᠠᠭᠠᠨ ᠪᠣᠶᠢᠵᠢᠭᠤᠯᠬᠤ ᠶᠢᠨ ᠬᠠᠮᠲᠤ ᠦᠷ᠎ᠡ ᠪᠦᠲᠦᠭᠡᠯ ᠢ ᠬᠤᠪᠢᠷᠠᠭᠤᠯᠬᠤ ᠠᠷᠭ᠎ᠠ ᠵᠠᠮ ᠪᠠ ᠠᠷᠭ᠎ᠠ ᠮᠠᠶ᠋ᠢᠭ ᠢ | ᠢᠳᠡᠪᠬᠢᠲᠡᠢ ᠬᠠᠶᠢᠨ ᠰᠦᠪᠡᠭᠴᠢᠯᠡᠵᠦ᠂ ᠰᠢᠯᠢᠳᠡᠭ ᠡᠭᠦᠯᠳᠡᠷ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ | ᠪᠤᠳᠠᠲᠠᠶᠢᠵᠢᠭᠤᠯᠬᠤ ᠶᠢ ᠪᠡᠶᠡᠯᠡᠭᠦᠯᠦᠨ᠎ᠡ᠃ 2 ᠡᠷᠳᠡᠨᠢ ᠰᠢᠰᠢ ᠶᠢᠨ ᠡᠭᠦᠯᠳᠡᠷ ᠢ ᠥᠪᠥᠷ ᠮᠣᠩᠭᠤᠯ ᠳᠤ ᠲᠤᠷᠰᠢᠯᠲᠠ ᠬᠢᠬᠦ ᠶᠢ ᠪᠡᠶᠡᠯᠡᠭᠦᠯᠵᠦ᠂ 1 ᠡᠷᠳᠡᠨᠢ ᠰᠢᠰᠢ ᠶᠢᠨ | ᠡᠭᠦᠯᠳᠡᠷ ᠢ ᠤᠯᠤᠰ ᠤᠨ ᠲᠤᠷᠰᠢᠯᠲᠠ ᠶᠢᠨ ᠱᠠᠲᠤᠨ ᠳᠤ ᠣᠷᠣᠭᠤᠯᠬᠤ ᠪᠠᠷ ᠴᠢᠷᠮᠠᠶᠢᠨ᠎ᠠ︔ 1~2 ᠰᠢᠰᠢ ᠶᠢᠨ ᠡᠭᠦᠯᠳᠡᠷ᠂ 1~2 ᠨᠠᠷᠢᠮᠤ ᠶᠢᠨ ᠡᠭᠦᠯᠳᠡᠷ᠂ 1 | ᠰᠢᠯᠦᠬᠡᠢ ᠠᠮᠤ ᠶᠢᠨ ᠡᠭᠦᠯᠳᠡᠷ ᠤᠨ ᠪᠦᠷᠢᠳᠬᠡᠯ ᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠭᠠᠵᠠᠷ︶ | ᠥᠨᠳᠥᠷ ᠬᠢᠷᠢ ᠲᠦᠪᠰᠢᠨ ᠪᠦᠬᠦᠢ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃ ᠪᠠᠶᠢᠴᠧᠩ ᠬᠤᠳᠠ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠷᠧᠨ ᠴᠠᠩ ᠵᠦᠩ ᠠᠺᠠᠳᠧᠮᠢᠴᠢ ᠲᠠᠢ ᠬᠠᠮᠲᠤᠷᠠᠨ ᠰᠠᠭᠠᠭ ᠤᠨ ᠰᠤᠳᠤᠯᠤᠯ ᠤᠨ ᠠᠺᠠᠳᠧᠮᠢᠴᠢ ᠶᠢᠨ ᠠᠵᠢᠯ ᠤᠨ ᠦᠷᠳᠡᠭᠡ | ᠪᠣᠯᠣᠨ ᠰᠠᠭᠠᠭ ᠲᠤᠷᠰᠢᠯᠲᠠ ᠶᠢᠨ ᠰᠠᠭᠤᠷᠢᠨ ᠢ ᠬᠠᠮᠲᠤᠪᠠᠷ ᠪᠠᠶᠢᠭᠤᠯᠤᠨ᠎ᠠ᠃ ᠰᠧᠴᠤᠸᠠᠨ ᠤ ᠤᠯᠤᠰ ᠤᠨ ᠪᠤᠭᠤᠳᠠᠢ ᠰᠠᠶᠢᠵᠢᠷᠠᠭᠤᠯᠬᠤ ᠲᠥᠪ ᠯᠦᠭᠡ ᠬᠠᠮᠲᠤᠷᠠᠨ | ᠲᠦᠩᠯᠢᠶᠣᠣ ᠶᠢᠨ ᠳ᠋ᠣᠺᠲ᠋ᠣᠷ ᠤᠨ ᠨᠡᠭᠦᠳᠡᠯ ᠠᠵᠢᠯ ᠤᠨ ᠦᠷᠳᠡᠭᠡ ᠶᠢ ᠪᠠᠶᠢᠭᠤᠯᠵᠤ᠂ ᠣᠨᠴᠠᠯᠢᠭᠲᠤ ᠠᠵᠤ ᠦᠢᠯᠡᠰ ᠤᠨ ᠥᠨᠳᠥᠷ ᠦᠷ᠎ᠡ ᠠᠰᠢᠭ ᠲᠠᠢ ᠲᠠᠷᠢᠵᠤ | ᠪᠣᠶᠢᠵᠢᠭᠤᠯᠬᠤ ᠮᠡᠷᠭᠡᠵᠢᠯ ᠤᠨ ᠰᠤᠳᠤᠯᠤᠨ ᠨᠡᠭᠡᠭᠡᠬᠦ ᠲᠦᠪᠰᠢᠨ ᠢ ᠳᠡᠭᠡᠭᠰᠢᠯᠡᠭᠦᠯᠵᠦ᠂ ᠬᠡᠪᠴᠢᠶᠡᠵᠢᠭᠦᠯᠦᠨ ᠲᠠᠷᠢᠬᠤ ᠶᠢ ᠠᠬᠢᠭᠤᠯᠵᠤ᠂ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠱᠠᠩᠬᠠᠢ ᠶᠢᠨ ᠲᠠᠷᠢᠶᠠᠯᠠᠩ ᠤᠨ ᠠᠮᠢᠳᠤ ᠪᠣᠳᠠᠰ ᠤᠨ ᠭᠧᠨ ᠤ ᠲᠥᠪ ᠲᠠᠢ ᠬᠠᠮᠲᠤᠷᠠᠨ ᠤᠰᠤ ᠠᠷᠪᠢᠯᠠᠵᠤ ᠭᠠᠩ ᠢ ᠡᠰᠡᠷᠭᠦᠴᠡᠬᠦ | ᠲᠤᠲᠤᠷᠭ᠎ᠠ ᠶᠢᠨ ᠤᠮᠠᠷᠠᠲᠤ ᠶᠢᠨ ᠰᠤᠳᠤᠯᠭᠠᠨ ᠤ ᠲᠥᠪ ᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ | ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ︶ | ᠤᠢ ᠮᠣᠳᠣᠨ ᠤ ᠰᠢᠨ᠎ᠡ ᠡᠭᠦᠯᠳᠡᠷ ᠢ ᠢᠳᠡᠪᠬᠢᠲᠡᠢ ᠪᠣᠶᠢᠵᠢᠭᠤᠯᠵᠤ᠂ ᠰᠤᠳᠤᠯᠤᠨ ᠨᠡᠭᠡᠭᠡᠵᠦ᠂ ᠭᠤᠶᠤᠴᠢᠯᠠᠨ ᠮᠡᠳᠡᠭᠦᠯᠦᠨ᠎ᠡ᠃ ᠣᠶ ᠮᠣᠳᠣᠨ ᠤ ᠰᠢᠨ᠎ᠡ | ᠡᠭᠦᠯᠳᠡᠷ ᠢ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠶᠣᠰᠣᠭᠠᠷ ᠣᠶ ᠮᠣᠳᠣᠨ ᠤ ᠰᠢᠨ᠎ᠡ ᠡᠭᠦᠯᠳᠡᠷ ᠢ ᠢᠳᠡᠪᠬᠢᠲᠡᠢ ᠪᠣᠶᠢᠵᠢᠭᠤᠯᠬᠤ ᠪᠠ ᠰᠤᠳᠤᠯᠤᠨ ᠨᠡᠭᠡᠭᠡᠵᠦ᠂ ᠣᠶ | ᠮᠣᠳᠣᠨ ᠤ ᠰᠢᠨ᠎ᠡ ᠡᠭᠦᠯᠳᠡᠷ ᠤᠨ ᠡᠷᠬᠡ ᠶᠢᠨ ᠭᠤᠶᠤᠴᠢᠯᠠᠯ ᠤᠨ ᠪᠢᠴᠢᠭ᠂ ᠲᠣᠳᠣᠷᠬᠠᠶᠢᠯᠠᠯᠲᠠ ᠶᠢᠨ ᠪᠢᠴᠢᠭ ᠪᠣᠯᠣᠨ ᠡᠭᠦᠯᠳᠡᠷ ᠤᠨ ᠭᠡᠷᠡᠯ ᠵᠢᠷᠤᠭ ᠵᠡᠷᠭᠡ ᠡᠮᠦᠨᠡᠬᠢ | ᠬᠤᠭᠤᠴᠠᠭᠠᠨ ᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠠᠭᠯᠠᠨ ᠮᠡᠳᠡᠭᠦᠯᠵᠦ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠯᠦᠭᠡ ᠢᠳᠡᠪᠬᠢᠲᠡᠢ ᠨᠡᠪᠲᠡᠷᠡᠯᠴᠡᠵᠦ᠂ | ᠮᠡᠳᠡᠭᠦᠯᠬᠦ ᠠᠵᠢᠯ ᠢ ᠰᠠᠶᠢᠲᠤᠷ ᠪᠡᠶᠡᠯᠡᠭᠦᠯᠦᠨ᠎ᠡ᠃ ᠵᠢᠯ ᠤᠨ ᠳᠣᠲᠣᠷ᠎ᠠ 1~3 ᠤᠢ ᠮᠣᠳᠣᠨ ᠤ ᠰᠢᠨ᠎ᠡ ᠡᠭᠦᠯᠳᠡᠷ ᠢ ᠮᠡᠳᠡᠭᠦᠯᠬᠦ ᠪᠠᠷ ᠴᠢᠷᠮᠠᠶᠢᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠶ ᠰᠢᠭᠤᠢ ᠪᠠ ᠨᠣᠲᠤᠭ ᠪᠡᠯᠴᠢᠭᠡᠷ ᠤᠨ ᠲᠣᠪᠴᠢᠶ᠎ᠠ︶ | ︵ᠲᠠᠪᠤ︶ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠲᠠᠨᠢᠯᠴᠠᠭᠤᠯᠬᠤ ᠠᠵᠢᠯ ᠢ ᠴᠢᠩᠭᠠᠷᠠᠭᠤᠯᠤᠨ᠎ᠠ | ᠠᠮᠤ ᠪᠤᠳᠠᠭᠠᠨ ᠤ ᠰᠢᠨ᠎ᠡ ᠡᠭᠦᠯᠳᠡᠷ ᠢ ᠵᠢᠱᠢᠶ᠎ᠡ ᠦᠵᠡᠭᠦᠯᠦᠨ ᠲᠠᠨᠢᠯᠴᠠᠭᠤᠯᠬᠤ ᠠᠵᠢᠯ ᠢ ᠠᠬᠢᠭᠤᠯᠤᠨ᠎ᠠ᠃ ᠡᠷᠳᠡᠨᠢ ᠰᠢᠰᠢ᠂ ᠲᠤᠲᠤᠷᠭ᠎ᠠ᠂ ᠰᠢᠷ᠎ᠠ ᠪᠤᠷᠴᠠᠭ᠂ | ᠬᠤᠯᠢᠮᠠᠭ ᠠᠮᠤ᠂ ᠴᠠᠷᠭᠠᠰᠤ ᠵᠡᠷᠭᠡ ᠲᠥᠷᠥᠯ ᠵᠦᠢᠯ ᠢ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ᠂ ᠰᠢᠯᠭᠠᠨ ᠰᠣᠩᠭᠤᠵᠤ ᠦᠨᠡᠯᠡᠬᠦ ᠵᠢᠴᠢ ᠰᠢᠨ᠎ᠡ ᠲᠥᠷᠥᠯ ᠵᠦᠢᠯ ᠢ | ᠲᠠᠨᠢᠯᠴᠠᠭᠤᠯᠬᠤ ᠠᠵᠢᠯ ᠢ ᠥᠷᠨᠢᠭᠦᠯᠦᠨ᠎ᠡ᠃ ᠬᠤᠷᠴᠢᠨ ᠲᠤᠭᠤᠷᠢᠭ᠂ ᠺᠠᠶᠢᠯᠤ᠂ ᠳᠤᠮᠳᠠᠳᠤ ᠬᠤᠰᠢᠭᠤ᠂ ᠬᠤᠶᠢᠲᠤ ᠬᠤᠰᠢᠭᠤ᠂ ᠨᠠᠢᠮᠠᠨ᠂ ᠬᠦᠷᠢᠶ᠎ᠡ᠂ ᠵᠠᠷᠣᠳ | ᠬᠤᠰᠢᠭᠤ᠂ ᠨᠡᠭᠡᠭᠡᠯᠲᠡ ᠶᠢᠨ ᠲᠣᠭᠤᠷᠢᠭ ᠵᠡᠷᠭᠡ 8 ᠬᠤᠰᠢᠭᠤ ᠰᠢᠶᠠᠨ ᠲᠣᠭᠤᠷᠢᠭ ᠲᠤ ︽ᠲᠠᠷᠢᠶ᠎ᠠ ᠶᠢ ᠨᠢ ᠦᠵᠡᠵᠦ ᠦᠷ᠎ᠡ ᠰᠣᠩᠭᠤᠬᠤ︾ ᠲᠠᠪᠴᠠᠩ ᠢ 10 | ᠪᠠᠶᠢᠭᠤᠯᠤᠨ᠎ᠠ᠂ ᠡᠭᠦᠨ ᠲᠤ ᠡᠷᠳᠡᠨᠢ ᠰᠢᠰᠢ ᠶᠢᠨ 6᠂ ᠰᠢᠷ᠎ᠠ ᠪᠤᠷᠴᠠᠭ ᠤᠨ 1᠂ ᠲᠤᠲᠤᠷᠭ᠎ᠠ ᠶᠢᠨ 1᠂ ᠬᠤᠯᠢᠮᠠᠭ ᠠᠮᠤ ᠡᠯᠳᠡᠪ ᠪᠤᠷᠴᠠᠭ ᠤᠨ 1᠂ ᠴᠠᠷᠭᠠᠰᠤ ᠶᠢᠨ | 1 ᠪᠣᠯᠣᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠰᠢᠨᠵᠢᠯᠡᠬᠦ ᠤᠬᠠᠭᠠᠨ ᠤ ᠰᠤᠳᠤᠯᠤᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠤᠰᠢᠭᠤ ᠰᠢᠶᠠᠨ ᠯᠤᠭ᠎ᠠ | ᠬᠠᠮᠲᠤᠷᠠᠨ ᠠᠯᠠᠰᠢᠨ ᠦᠬᠡᠷ ᠠᠯᠠᠰᠢᠨ ᠬᠤᠨᠢ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠲᠡᠵᠢᠭᠡᠯ ᠡᠪᠡᠰᠦ ᠳᠠᠷᠢᠬᠤ ᠵᠡᠷᠭᠡ ᠮᠡᠷᠭᠡᠵᠢᠯ ᠤᠨ ᠦᠢᠯᠡᠴᠢᠯᠡᠭᠡᠨ ᠤ | ᠲᠥᠪ ᠪᠤᠶᠤ ᠰᠠᠭᠤᠷᠢᠨ ᠭᠠᠵᠠᠷ 4 ᠪᠠᠶᠢᠭᠤᠯᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠲᠦᠷᠭᠡᠳᠬᠡᠨ᠂ ᠬᠤᠰᠢᠭᠤᠷᠠᠯ ᠮᠡᠷᠭᠡᠵᠢᠯ ᠤᠨ | ᠵᠢᠱᠢᠶ᠎ᠡ ᠦᠵᠡᠭᠦᠯᠬᠦ᠂ ᠭᠤᠣᠯᠳᠠᠯᠭ᠎ᠠ ᠲᠠᠢ ᠮᠡᠷᠭᠡᠵᠢᠯ ᠢ ᠳᠡᠯᠭᠡᠷᠡᠭᠦᠯᠬᠦ ᠶᠢ ᠪᠡᠶᠡᠯᠡᠭᠦᠯᠬᠦ ᠳᠤ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠦᠨ᠎ᠡ᠃ ᠤᠷᠲᠤᠯᠵᠢᠨ | ᠨᠠᠷᠰᠤ ︵ᠨᠠᠷᠰᠤᠯᠢᠭ ᠭᠡᠵᠦ ᠨᠡᠷᠡᠯᠡᠵᠦ ᠪᠣᠯᠤᠨ᠎ᠠ︶ ᠶᠢᠨ ᠬᠦᠢᠲᠡᠨ ᠳᠤ ᠳᠠᠭᠠᠭᠠᠮᠠᠭᠠᠢ ︽ᠪᠧᠢ ᠯᠧᠢ︾ ᠭᠡᠬᠦ ᠰᠢᠨ᠎ᠡ ᠡᠭᠦᠯᠳᠡᠷ ᠢ ᠳᠡᠯᠭᠡᠷᠡᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠣᠯᠣᠨ ᠫᠢᠩ ᠧᠦ ᠡᠷᠯᠢᠰᠡ ᠰᠢᠳ ᠢ ᠣᠶ ᠶᠢᠨ ᠬᠤᠷᠮᠣᠢ ᠳᠤ ᠠᠯᠠᠭᠯᠠᠨ ᠳᠠᠷᠢᠬᠤ ᠵᠠᠭᠪᠤᠷ ᠢᠶᠠᠷ ᠣᠶᠢᠵᠢᠭᠤᠯᠬᠤ ᠮᠡᠷᠭᠡᠵᠢᠯ ᠢ ᠳᠡᠯᠭᠡᠷᠡᠭᠦᠯᠬᠦ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠨ ᠤ ᠡᠭᠦᠷᠭᠡ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠬᠤᠲᠠ ᠶᠢᠨ ᠣᠶ ᠰᠢᠭᠤᠢ ᠪᠠ ᠨᠣᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ︶ | ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠳᠠᠩᠰᠠᠯᠠᠯ ᠢ ᠠᠬᠢᠭᠤᠯᠤᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠰᠢᠨᠵᠢᠯᠡᠭᠡ ᠮᠡᠷᠭᠡᠵᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠳᠠᠮᠠᠭᠠᠢ ᠴᠢᠨᠠᠷ ᠢ ᠢᠳᠡᠪᠬᠢᠲᠡᠢ ᠳᠠᠶᠢᠴᠢᠯᠠᠨ᠂ ᠮᠡᠷᠭᠡᠵᠢᠯ ᠤᠨ ᠭᠡᠷ᠎ᠡ ᠠᠷᠠᠯᠵᠢᠶᠠᠯᠠᠭᠰᠠᠨ ᠬᠡᠮᠵᠢᠶ᠎ᠡ ᠶᠢ ᠬᠤᠰᠢᠭᠤ ᠰᠢᠶᠠᠨ | ᠬᠤᠲᠠ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠰᠢᠯᠭᠠᠨ ᠬᠢᠨᠠᠬᠤ ᠰᠢᠰᠲ᠋ᠧᠮ ᠳᠤ ᠣᠷᠣᠭᠤᠯᠵᠤ᠂ ᠪᠥᠬᠦ ᠬᠤᠲᠠ ᠶᠢᠨ ᠵᠢᠯ ᠤᠨ ᠮᠡᠷᠭᠡᠵᠢᠯ ᠤᠨ | ᠭᠡᠷ᠎ᠡ ᠠᠷᠠᠯᠵᠢᠶᠠᠯᠠᠭᠰᠠᠨ ᠬᠡᠮᠵᠢᠶ᠎ᠡ ᠶᠢ 1.5 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠣᠨ ᠲᠦᠩᠯᠢᠶᠣᠣ ᠬᠤᠲᠠ ᠶᠢᠨ | ᠮᠡᠷᠭᠡᠵᠢᠯ ᠤᠨ ᠠᠷᠠᠯᠵᠢᠶ᠎ᠠ ᠶᠢᠨ ᠱᠠᠩᠨᠠᠵᠤ ᠲᠤᠰᠠᠯᠠᠬᠤ ᠲᠥᠷᠥᠯ ᠵᠦᠢᠯ ᠢ ᠲᠠᠨᠢᠯᠴᠠᠭᠤᠯᠬᠤ ᠪᠠ ᠲᠥᠷᠥ ᠶᠢᠨ ᠪᠣᠳᠣᠯᠭ᠎ᠠ ᠪᠠᠷ ᠣᠯᠭᠤᠬᠤ ᠠᠵᠢᠯ ᠢ ᠰᠠᠶᠢᠲᠤᠷ | ᠠᠳᠬᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ ᠦᠨᠡᠨᠬᠦ ᠬᠦᠷᠲᠡᠭᠡᠵᠦ᠂ ᠰᠠᠶᠢᠨ ᠰᠠᠶᠢᠬᠠᠨ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ︶ | ︵ᠵᠢᠷᠭᠤᠭ᠎ᠠ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠰᠤᠳᠤᠯᠤᠨ ᠨᠡᠭᠡᠭᠡᠬᠦ ᠠᠵᠢᠯᠯᠠᠭ᠎ᠠ ᠦᠷᠨᠢᠭᠦᠯᠦᠨ᠎ᠡ | ᠪᠠᠷᠠᠭᠤᠨ ᠯᠣᠤᠬ᠎ᠠ ᠶᠢᠨ ᠭᠤᠣᠯ ᠤᠨ ᠡᠷᠳᠡᠨᠢ ᠰᠢᠰᠢ ᠶᠢᠨ ᠤᠰᠤ ᠠᠷᠪᠢᠯᠠᠵᠤ ᠤᠨᠠᠯᠲᠠ ᠶᠢ ᠨᠡᠮᠡᠭᠳᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ | ᠥᠷᠨᠢᠭᠦᠯᠦᠨ᠎ᠡ᠃ ᠵᠤᠵᠠᠭᠠᠨ ᠳᠠᠷᠢᠵᠤ ᠭᠠᠩ ᠢ ᠡᠰᠡᠷᠭᠦᠴᠡᠬᠦ ᠡᠭᠦᠯᠳᠡᠷ ᠤᠨ ᠡᠷᠳᠡᠨᠢ ᠰᠢᠰᠢ ᠶᠢᠨ ᠥᠨᠳᠥᠷ ᠤᠨᠠᠯᠲᠠ ᠶᠢᠨ ᠪᠦᠷᠢᠯᠳᠦᠬᠦ ᠵᠢᠮ᠎ᠡ ᠶᠣᠰᠣ ᠪᠠ ᠤᠰᠤ | ᠬᠡᠷᠡᠭᠰᠡᠬᠦ᠂ ᠪᠣᠷᠳᠣᠭᠤᠷ ᠬᠡᠷᠡᠭᠰᠡᠬᠦ ᠣᠨᠴᠠᠯᠢᠭ ᠵᠢᠴᠢ ᠤᠰᠤ ᠠᠷᠪᠢᠯᠠᠵᠤ ᠤᠨᠠᠯᠲᠠ ᠶᠢ ᠨᠡᠮᠡᠭᠳᠡᠭᠦᠯᠬᠦ ᠠᠷᠭ᠎ᠠ ᠵᠠᠮ ᠢ ᠰᠤᠳᠤᠯᠵᠤ᠂ ᠡᠷᠳᠡᠨᠢ ᠰᠢᠰᠢ ᠶᠢᠨ ᠤᠰᠤ | ᠠᠷᠪᠢᠯᠠᠵᠤ ᠤᠨᠠᠯᠲᠠ ᠶᠢ ᠨᠡᠮᠡᠭᠳᠡᠭᠦᠯᠬᠦ ᠦᠢᠯᠡᠳᠪᠦᠷᠢᠯᠡᠯ ᠤᠨ ᠮᠡᠷᠭᠡᠵᠢᠯ ᠤᠨ ᠵᠠᠭᠪᠤᠷ ᠢ ᠪᠠᠶᠢᠭᠤᠯᠵᠤ᠂ ᠶᠡᠭᠡ ᠬᠡᠪᠴᠢᠶᠡᠨ ᠤ ᠥᠨᠳᠥᠷ ᠤᠨᠠᠯᠲᠠ ᠶᠢᠨ ᠵᠢᠱᠢᠶ᠎ᠡ | ᠦᠵᠡᠭᠦᠯᠬᠦ ᠣᠷᠣᠨ ᠤ ᠭᠠᠷᠤᠯᠲᠠ ᠶᠢᠨ ᠬᠢᠷᠢ ᠬᠡᠮᠵᠢᠶ᠎ᠡ ᠶᠢ ᠮᠦ ᠪᠦᠷᠢ ᠳᠤ 200kg ᠠᠴᠠ ᠳᠡᠭᠡᠭᠰᠢ ᠨᠡᠮᠡᠭᠳᠡᠭᠦᠯᠦᠨ᠎ᠡ︔ ᠤᠳᠤ ᠦᠶ᠎ᠡ ᠶᠢᠨ ᠡᠷᠳᠡᠨᠢ ᠰᠢᠰᠢ ᠶᠢᠨ | ᠦᠢᠯᠡᠳᠪᠦᠷᠢᠯᠡᠯ ᠤᠨ ᠮᠡᠷᠭᠡᠵᠢᠯ ᠪᠠ ᠣᠶᠢᠯᠠᠭᠠᠭᠳᠠᠬᠤᠨ ᠢ ᠲᠦᠭᠡᠮᠡᠯᠵᠢᠭᠦᠯᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠲᠤᠷᠰᠢᠯᠲᠠ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ 9 ᠪᠠᠶᠢᠭᠤᠯᠵᠤ᠂ ᠵᠢᠯ ᠳᠤ ᠡᠯ᠎ᠡ ᠲᠦᠷᠦᠯ ᠤᠨ ᠬᠥᠮᠥᠰ ᠢ 10 ᠲᠦᠮᠡ ᠭᠠᠷᠤᠢ ᠬᠥᠮᠥᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠪᠠᠷᠠᠭᠤᠨ ᠯᠣᠤᠬ᠎ᠠ ᠶᠢᠨ ᠭᠤᠣᠯ ᠤᠨ ᠲᠠᠯ᠎ᠠ ᠭᠠᠵᠠᠷ ᠤᠨ ᠤᠰᠤᠯᠠᠯᠲᠠ ᠶᠢᠨ ᠤᠰᠤ ᠬᠡᠷᠡᠭᠯᠡᠬᠦ ᠠᠰᠢᠭᠯᠠᠮᠵᠢ ᠶᠢᠨ ᠣᠷᠣᠨ ᠵᠠᠢ ᠶᠢᠨ ᠬᠡᠮᠵᠢᠭᠦᠷ ᠤᠨ | ᠨᠥᠯᠥᠭᠡᠯᠡᠯ ᠤᠨ ᠰᠤᠳᠤᠯᠭᠠᠨ ᠢ ᠥᠷᠨᠢᠭᠦᠯᠦᠨ᠎ᠡ᠃ ᠪᠠᠷᠠᠭᠤᠨ ᠯᠣᠤᠬ᠎ᠠ ᠶᠢᠨ ᠭᠤᠣᠯ ᠤᠨ ᠲᠠᠯ᠎ᠠ ᠭᠠᠵᠠᠷ ᠤᠨ ᠣᠷᠣᠨ ᠵᠠᠢ ᠶᠢᠨ ᠡᠯ᠎ᠡ ᠬᠡᠮᠵᠢᠭᠦᠷ ᠤᠨ ᠤᠰᠤᠯᠠᠯᠲᠠ ᠶᠢᠨ | ᠤᠰᠤ ᠬᠡᠷᠡᠭᠯᠡᠬᠦ ᠠᠰᠢᠭᠯᠠᠮᠵᠢ ᠶᠢᠨ ᠤᠰᠤᠨ ᠤ ᠲᠡᠩᠴᠡᠭᠦᠷᠢ ᠶᠢᠨ ᠵᠠᠳᠠᠯᠤᠯᠲᠠ ᠶᠢ ᠥᠷᠨᠢᠭᠦᠯᠬᠦ ᠪᠠᠷ ᠳᠠᠮᠵᠢᠨ᠂ ᠪᠠᠷᠠᠭᠤᠨ ᠯᠣᠤᠬ᠎ᠠ ᠶᠢᠨ ᠭᠤᠣᠯ ᠤᠨ ᠲᠠᠯ᠎ᠠ | ᠭᠠᠵᠠᠷ ᠤᠨ ᠡᠯ᠎ᠡ ᠬᠡᠮᠵᠢᠭᠦᠷ ᠤᠨ ᠤᠰᠤᠯᠠᠯᠲᠠ ᠶᠢᠨ ᠤᠰᠤ ᠬᠡᠷᠡᠭᠯᠡᠬᠦ ᠠᠰᠢᠭᠯᠠᠮᠵᠢ ᠶᠢ ᠪᠤᠳᠤᠵᠤ᠂ ᠪᠠᠷᠠᠭᠤᠨ ᠯᠤᠤᠬ᠎ᠠ ᠶᠢᠨ ᠭᠤᠣᠯ ᠤᠨ ᠲᠠᠯ᠎ᠠ ᠭᠠᠵᠠᠷ ᠤᠨ | ᠤᠰᠤᠯᠠᠯᠲᠠ ᠶᠢᠨ ᠤᠰᠤ ᠬᠡᠷᠡᠭᠯᠡᠬᠦ ᠠᠰᠢᠭᠯᠠᠮᠵᠢ ᠶᠢᠨ ᠡᠯ᠎ᠡ ᠬᠡᠮᠵᠢᠭᠦᠷ ᠤᠨ ᠬᠤᠪᠢᠷᠠᠯᠲᠠ ᠶᠢᠨ ᠵᠢᠮ᠎ᠡ ᠶᠣᠰᠣ ᠶᠢ ᠵᠠᠳᠠᠯᠵᠤ᠂ ᠭᠠᠵᠠᠷ ᠳᠣᠣᠷᠠᠬᠢ ᠤᠰᠤ ᠶᠢ ᠵᠦᠢ | ᠵᠣᠬᠢᠰᠲᠠᠢ ᠬᠡᠷᠡᠭᠯᠡᠬᠦ ᠪᠠ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠳᠤ ᠦᠨᠳᠦᠰᠦᠯᠡᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ︶ | ᠲᠦᠩᠯᠢᠶᠣᠣ ᠣᠷᠣᠨ ᠤ ᠪᠠᠭ᠎ᠠ ᠬᠡᠪᠴᠢᠶᠡᠨ ᠤ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠮᠡᠷᠭᠡᠵᠢᠯ ᠤᠨ ᠰᠤᠳᠤᠯᠭᠠᠨ ᠪᠠ ᠵᠢᠱᠢᠶ᠎ᠡ | ᠦᠵᠡᠭᠦᠯᠬᠦ ᠠᠵᠢᠯ ᠢ ᠥᠷᠨᠢᠭᠦᠯᠦᠨ᠎ᠡ᠃ ᠮᠠᠨ ᠤ ᠬᠤᠲᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠭ᠎ᠠ ᠬᠡᠪᠴᠢᠶᠡᠨ ᠤ᠂ ᠲᠣᠮᠣ ᠰᠦᠷᠦᠭᠵᠢᠯ ᠤᠨ ᠪᠣᠳᠠᠲᠤ | ᠪᠠᠶᠢᠳᠠᠯ ᠳᠤ ᠴᠢᠭᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ | ᠡᠭᠦᠯᠳᠡᠷ ᠢ ᠰᠠᠶᠢᠵᠢᠷᠠᠭᠤᠯᠬᠤ᠂ ᠤᠳᠤᠮ ᠤᠨ ᠴᠠᠳᠢᠭ ᠤᠨ ᠳᠠᠩᠰᠠ ᠡᠪᠬᠡᠮᠡᠯ ᠪᠠᠶᠢᠭᠤᠯᠬᠤ᠂ ᠵᠦᠷᠢᠶᠡᠵᠢᠭᠦᠯᠦᠨ ᠪᠣᠷᠳᠣᠬᠤ ᠵᠠᠭᠪᠤᠷ᠂ ᠨᠠᠷᠢᠯᠢᠭ ᠲᠡᠵᠢᠭᠡᠨ | ᠦᠷᠡᠵᠢᠭᠦᠯᠬᠦ᠂ ᠦᠬᠡᠷ ᠤᠨ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠵᠢᠴᠢ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠵᠠᠩᠭᠢᠯᠠᠭ᠎ᠠ ᠶᠢᠨ ᠲᠤᠷᠰᠢᠯᠭ᠎ᠠ | ᠠᠷᠭ᠎ᠠ ᠬᠢᠳᠡᠯ ᠢ ᠳ᠋ᠦᠩᠨᠡᠨ ᠡᠮᠬᠢᠯᠡᠵᠦ᠂ ᠲᠣᠳᠣᠷᠬᠠᠢ ᠺᠠᠷᠲ᠂ ᠤᠬᠠᠭᠤᠯᠭ᠎ᠠ ᠶᠢᠨ ᠳᠡᠪᠲᠡᠷ᠂ ᠸᠢᠳᠢᠤ᠋ ᠵᠡᠷᠭᠡ ᠬᠢᠯᠪᠠᠷ ᠣᠶᠢᠯᠠᠭᠠᠮᠵᠢᠲᠠᠢ ᠠᠯᠠᠰᠢᠨ ᠦᠬᠡᠷ ᠲᠡᠵᠢᠭᠡᠨ | ᠦᠷᠡᠵᠢᠭᠦᠯᠬᠦ ᠠᠵᠢᠯᠯᠠᠭᠠᠨ ᠤ ᠳᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢ ᠲᠦᠷᠭᠡᠬᠡᠨ ᠪᠣᠶ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠤᠬᠠᠭᠤᠯᠭ᠎ᠠ ᠪᠣᠯᠪᠠᠰᠤᠷᠠᠯ ᠢ ᠴᠢᠩᠭᠠᠳᠬᠠᠨ᠂ ᠵᠢᠵᠢᠭ ᠬᠡᠪᠴᠢᠶᠡᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ︽ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠤᠷᠤᠨ︾ ᠤ | ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠮᠠᠯ | ᠲᠠᠷᠢᠶᠠᠯᠠᠩ ᠤᠨ ᠲᠣᠪᠴᠢᠶ᠎ᠠ᠂ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠲᠦᠩᠯᠢᠶᠣᠣ ᠬᠤᠲᠠ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠳᠠᠪᠠᠭᠤᠯᠢᠭ ᠡᠭᠦᠯᠳᠡᠷ ᠢ ᠪᠠᠷᠢᠮᠵᠢᠶᠠᠵᠢᠭᠤᠯᠤᠨ ᠳᠠᠷᠢᠬᠤ | ᠪᠠ ᠵᠢᠱᠢᠶ᠎ᠡ ᠦᠵᠡᠭᠦᠯᠬᠦ ᠶᠢ ᠥᠷᠨᠢᠭᠦᠯᠦᠨ᠎ᠡ᠃ ᠲᠦᠩᠯᠢᠶᠣᠣ ᠬᠤᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠬᠤᠨᠴᠢᠷ᠂ ᠰᠢᠬᠢᠷ ᠡᠪᠡᠰᠦ᠂ ᠱᠦᠭᠦᠷᠭᠡᠨ᠎ᠡ᠂ | ᠬᠤᠷᠳᠤᠨ ᠴᠠᠭᠠᠨ ᠵᠡᠷᠭᠡ 4 ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠡᠭᠦᠯᠳᠡᠷ ᠲᠤ ᠲᠠᠷᠢᠮᠠᠯ ᠤᠨ ᠵᠢᠱᠢᠶ᠎ᠡ ᠦᠵᠡᠭᠦᠯᠬᠦ ᠰᠤᠳᠤᠯᠭᠠᠨ | ᠬᠢᠵᠦ᠂ ᠮᠠᠨ ᠤ ᠬᠤᠲᠠ ᠶᠢᠨ ᠬᠠᠮᠢᠶ᠎ᠠ ᠪᠦᠬᠦᠢ ᠡᠮ ᠤᠨ ᠮᠠᠲ᠋ᠧᠷᠢᠶᠠᠯ ᠳᠠᠷᠢᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠢ ᠳᠠᠭᠠᠭᠠᠴᠠᠯᠠᠬᠤ ᠨᠢᠭᠡᠴᠡ ᠪᠠ | ᠬᠠᠮᠲᠤᠷᠠᠨ ᠮᠡᠳᠡᠭᠦᠯᠬᠦ ᠨᠢᠭᠡᠴᠡ ᠶᠢᠨ ᠲᠥᠯᠥᠪᠯᠡᠭᠡ ᠶᠣᠰᠣᠭᠠᠷ ᠬᠠᠮᠢᠶ᠎ᠠ ᠪᠦᠬᠦᠢ ᠰᠤᠳᠤᠯᠭᠠᠨ ᠢ ᠪᠡᠶᠡᠯᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠬᠢᠲᠠᠳ ᠡᠮ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠬᠢᠲᠠᠳ ᠡᠮ ᠤᠨ ᠠᠵᠤ ᠦᠢᠯᠡᠰ ᠤᠨ ᠰᠤᠳᠤᠯᠭᠠᠨ ᠤ ᠲᠥᠪ︶ | ᠲᠦᠩᠯᠢᠶᠣᠣ ᠣᠷᠣᠨ ᠤ 6 ᠵᠦᠢᠯ ᠤᠨ ᠳᠠᠪᠠᠭᠤᠯᠢᠭ ᠡᠮ ᠤᠨ ᠮᠠᠲ᠋ᠧᠷᠢᠶᠠᠯ ᠤᠨ ᠳᠠᠷᠢᠬᠤ ᠳᠤ ᠲᠤᠬᠢᠷᠠᠮᠵᠢᠲᠠᠢ ᠴᠢᠨᠠᠷ ᠵᠢᠴᠢ ᠣᠷᠣᠨ ᠬᠤᠪᠢᠶᠠᠷᠢᠯᠠᠯ ᠤᠨ | ᠰᠤᠳᠤᠯᠭᠠᠨ ᠢ ᠥᠷᠨᠢᠭᠦᠯᠦᠨ᠎ᠡ᠃ ᠲᠦᠩᠯᠢᠶᠣᠣ ᠣᠷᠣᠨ ᠤ ᠬᠤᠨᠴᠢᠷ᠂ ᠪᠠᠪᠤ᠂ ᠱᠦᠭᠦᠷᠭᠡᠨ᠎ᠡ᠂ ᠴᠢᠨ᠋ᠸ᠎ᠠ ᠶᠢᠨ ᠬᠠᠯᠲᠠᠷ᠂ ᠳᠣᠭᠤᠯ ᠡᠪᠡᠰᠦ᠂ ᠰᠢᠬᠢᠷ ᠡᠪᠡᠰᠦ ᠵᠡᠷᠭᠡ 6 | ᠵᠦᠢᠯ ᠤᠨ ᠳᠠᠪᠠᠭᠤᠯᠢᠭ ᠡᠮ ᠤᠨ ᠮᠠᠲ᠋ᠧᠷᠢᠶᠠᠯ ᠤᠨ ᠵᠡᠷᠯᠢᠭ ᠪᠠ ᠲᠠᠷᠢᠮᠠᠯ ᠡᠳ᠋ ᠤᠨ ᠠᠰᠢᠭᠲᠤ ᠪᠦᠷᠢᠯᠳᠦᠭᠦᠨ ᠤ ᠠᠭᠤᠯᠤᠭᠳᠠᠴᠠ ᠪᠠ ᠬᠠᠮᠢᠶ᠎ᠠ ᠪᠦᠬᠦᠢ ᠠᠮᠢ | ᠠᠬᠤᠢ ᠶᠢᠨ ᠹᠠᠺᠲ᠋ᠤᠷ ᠢᠶᠠᠷ ᠰᠠᠭᠤᠷᠢ ᠪᠣᠯᠭᠠᠵᠤ᠂ 6 ᠵᠦᠢᠯ ᠤᠨ ᠡᠮ ᠤᠨ ᠮᠠᠲ᠋ᠧᠷᠢᠶᠠᠯ ᠤᠨ ᠬᠥᠷᠥᠰᠥᠨ ᠤ ᠹᠠᠺᠲ᠋ᠤᠷ ᠵᠡᠷᠭᠡ ᠡᠮ ᠤᠨ ᠬᠦᠴᠦᠨ ᠤ ᠪᠦᠷᠢᠯᠳᠦᠭᠦᠨ | ᠯᠦᠭᠡ ᠬᠤᠯᠪᠣᠭᠳᠠᠬᠤ ᠴᠢᠨᠠᠷ ᠢ ᠰᠢᠨᠵᠢᠯᠡᠨ ᠪᠠᠶᠢᠴᠠᠭᠠᠵᠤ᠂ ᠡᠮ ᠤᠨ ᠮᠠᠲ᠋ᠧᠷᠢᠶᠠᠯ ᠤᠨ ᠶᠠᠰᠤ ᠴᠢᠨᠠᠷ ᠤᠨ ᠣᠷᠣᠨ ᠤ ᠬᠤᠪᠢᠶᠠᠷᠢᠯᠠᠯ ᠤᠨ ᠰᠤᠳᠤᠯᠭᠠᠨ ᠬᠢᠵᠦ᠂ | ᠬᠤᠶᠢᠰᠢᠳᠠ ᠡᠮ ᠤᠨ ᠮᠠᠲ᠋ᠧᠷᠢᠶᠠᠯ ᠤᠨ ᠳᠠᠷᠢᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠪᠠ ᠮᠠᠨ ᠤ ᠬᠤᠲᠠ ᠶᠢᠨ ᠡᠮ ᠤᠨ ᠮᠠᠲ᠋ᠧᠷᠢᠶᠠᠯ ᠤᠨ ᠶᠠᠰᠤ | ᠴᠢᠨᠠᠷ ᠢ ᠳᠡᠭᠡᠭᠰᠢᠯᠡᠭᠦᠯᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠲᠠᠳ ᠡᠮ ᠤᠨ ᠠᠵᠤ | ᠦᠢᠯᠡᠰ ᠤᠨ ᠬᠦᠭᠵᠢᠭᠦᠯᠦᠯᠲᠡ ᠶᠢᠨ ᠠᠯᠪᠠᠨ ᠭᠡᠷ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠪᠠᠶᠢᠴᠠᠭᠠᠬᠤ ᠲᠥᠪ︶ | ︵ᠲᠤᠯᠤᠭ᠎ᠠ︶ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠶᠢ ᠳᠠᠶᠢᠴᠢᠯᠠᠬᠤ ᠴᠢᠳᠠᠪᠤᠷᠢ ᠶᠢ ᠪᠠᠳᠠᠷᠠᠭᠤᠯᠤᠨ᠎ᠠ | ᠰᠢᠨᠵᠢᠯᠡᠭᠡ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠵᠠᠯᠠᠭᠤ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ | ᠠᠵᠤ ᠠᠬᠤᠶᠢᠯᠠᠯ ᠤᠨ ᠨᠢᠭᠡ ᠪᠦᠯᠦᠭ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ ᠪᠠ ᠠᠮᠢᠳᠤᠯᠢᠭ ᠢᠶᠠᠷ ᠤᠷᠢᠨ | ᠠᠪᠴᠢᠷᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠭᠡ ᠮᠡᠷᠭᠡᠵᠢᠯ ᠤᠨ ᠠᠵᠢᠯᠲᠠᠨ ᠢ ᠤᠷᠢᠨ ᠠᠪᠴᠢᠷᠠᠬᠤ᠂ ᠬᠡᠷᠡᠭᠯᠡᠬᠦ ᠶᠢ ᠰᠠᠶᠢᠲᠤᠷ ᠪᠠᠲᠤᠯᠠᠵᠤ᠂ | ᠰᠢᠨᠵᠢᠯᠡᠭᠡ ᠮᠡᠷᠭᠡᠵᠢᠯ ᠤᠨ ᠠᠵᠢᠯᠲᠠᠨ ᠤ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ︽ᠴᠢᠳᠠᠪᠤᠷᠢᠲᠠᠨ ᠤ ᠣᠭᠤᠷᠴᠤᠭ ᠬᠠᠷᠢᠶ᠎ᠠ ᠭᠠᠵᠠᠷ︾ | ︽ᠰᠤᠳᠤᠯᠤᠨ ᠨᠡᠬᠡᠭᠡᠯᠲᠡ ᠶᠢᠨ ᠣᠭᠤᠷᠴᠤᠭ ᠬᠠᠷᠢᠶ᠎ᠠ ᠭᠠᠵᠠᠷ︾ ᠤᠨ ᠵᠠᠭᠪᠤᠷ ᠢ ᠬᠠᠶᠢᠨ ᠰᠦᠪᠡᠭᠴᠢᠯᠡᠵᠦ᠂ ᠴᠢᠩᠳᠣᠣ ᠶᠢᠨ ᠲᠠᠷᠢᠶᠠᠯᠠᠩ ᠤᠨ ᠶᠡᠭᠡ ᠰᠤᠷᠭᠠᠭᠤᠯᠢ᠂ | ᠠᠨᠾᠦ᠋ᠢ ᠶᠢᠨ ᠰᠢᠦᠢ ᠶᠠᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠲᠠᠢ ᠬᠤᠯᠪᠤᠭᠠᠯᠠᠨ᠂ 2 ︽ᠴᠢᠳᠠᠪᠤᠷᠢᠲᠠᠨ ᠤ ᠣᠭᠤᠷᠴᠤᠭ ᠬᠠᠷᠢᠶ᠎ᠠ ᠭᠠᠵᠠᠷ︾ ︽ | ᠰᠤᠳᠤᠯᠤᠨ ᠨᠡᠬᠡᠭᠡᠯᠲᠡ ᠶᠢᠨ ᠣᠭᠤᠷᠴᠤᠭ ᠬᠠᠷᠢᠶ᠎ᠠ ᠭᠠᠵᠠᠷ︾ ᠢ ᠪᠠᠶᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠨᠵᠢᠯᠡᠭᠡ ᠮᠡᠷᠭᠡᠵᠢᠯ ᠤᠨ | ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ︶ | ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠤᠷᠢᠨ ᠠᠪᠴᠢᠷᠠᠵᠤ ᠪᠣᠶᠢᠵᠢᠭᠤᠯᠬᠤ ᠶᠢ ᠴᠢᠩᠭᠠᠳᠬᠠᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠲᠦᠩᠯᠢᠶᠣᠣ ᠬᠤᠲᠠ ᠶᠢᠨ ᠴᠢᠳᠠᠪᠤᠷᠢᠲᠠᠨ ᠤᠷᠢᠨ ᠠᠪᠴᠢᠷᠠᠬᠤ ᠶᠢᠨ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠲᠠᠪᠤᠨ ᠶᠡᠭᠡ ᠠᠵᠤ ᠦᠢᠯᠡᠰ ᠤᠨ ᠴᠤᠭᠯᠠᠷᠠᠯ | ᠪᠠ ᠮᠠᠯ ᠲᠠᠷᠢᠶᠠᠯᠠᠩ ᠣᠶ ᠰᠢᠭᠤᠢ ᠤᠰᠤ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ | ᠲᠣᠭᠤᠷᠢᠨ ᠳᠤ᠂ ᠴᠢᠳᠠᠪᠤᠷᠢᠲᠠᠨ ᠤᠷᠢᠨ ᠠᠪᠴᠢᠷᠠᠬᠤ ᠠᠵᠢᠯᠯᠠᠭ᠎ᠠ ᠶᠢ 2 ᠤᠳᠠᠭ᠎ᠠ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ | ᠳᠡᠭᠡᠳᠦ ᠲᠠᠰ ᠳᠠᠪᠬᠤᠷᠭ᠎ᠠ ᠶᠢᠨ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠤᠷᠢᠨ ᠠᠪᠴᠢᠷᠠᠨ᠎ᠠ᠃ ᠡᠯ᠎ᠡ | ᠬᠤᠰᠢᠭᠤ ᠰᠢᠶᠠᠨ ᠬᠤᠲᠠ ᠲᠣᠭᠤᠷᠢᠭ ᠢ ᠬᠥᠲᠥᠯᠥᠨ ᠵᠢᠯᠤᠭᠤᠳᠴᠤ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠤᠷᠢᠨ ᠠᠪᠴᠢᠷᠠᠬᠤ ᠠᠵᠢᠯ ᠤᠨ ᠡᠷᠴᠢᠮ ᠢ | ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ︶ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠬᠤᠲᠠ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠮᠠᠨ ᠤ ᠬᠤᠲᠠ ᠶᠢᠨ ᠰᠢᠨ᠎ᠡ ᠶᠢ ᠡᠭᠦᠳᠬᠦ ᠠᠵᠢᠯ ᠤᠨ ᠰᠡᠳᠬᠢᠴᠡ᠂ ᠬᠠᠷᠠᠯᠲᠠ᠂ ᠲᠥᠷᠥ ᠶᠢᠨ ᠪᠣᠳᠣᠯᠭ᠎ᠠ᠂ ᠲᠣᠭᠲᠠᠴᠠ᠂ ᠠᠷᠭ᠎ᠠ | ᠬᠡᠮᠵᠢᠶ᠎ᠡ ᠵᠡᠷᠭᠡ ᠴᠢᠬᠤᠯᠠ ᠶᠡᠭᠡ ᠠᠰᠠᠭᠤᠳᠠᠯ ᠤᠨ ᠲᠣᠭᠤᠷᠢᠨ ᠳᠤ ᠰᠤᠳᠤᠯᠤᠨ ᠶᠠᠷᠢᠯᠴᠠᠵᠤ᠂ ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠳᠤ | ᠲᠣᠬᠢᠷᠠᠭᠤᠯᠤᠯᠲᠠ ᠬᠢᠨ᠎ᠡ᠃ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ ᠶᠢᠨ ᠬᠠᠮᠲᠤ | ᠱᠠᠭᠠᠷᠳᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ | ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠢ ᠳᠡᠮᠵᠢᠬᠦ ᠡᠷᠴᠢᠮ ᠢ ᠲᠠᠰᠤᠷᠠᠯᠲᠠ ᠦᠭᠡᠢ | ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠪᠲᠤᠯᠤᠯᠲᠠ᠂ ᠦᠷ᠎ᠡ | ᠪᠦᠲᠦᠭᠡᠯ ᠢ ᠬᠤᠪᠢᠷᠠᠭᠤᠯᠬᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠳᠤ ᠲᠥᠪᠯᠡᠷᠡᠭᠦᠯᠬᠦ ᠶᠢ ᠳᠡᠮᠵᠢᠨ᠎ᠡ᠃ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ | ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠢᠳᠡᠪᠬᠢᠲᠡᠢ ᠡᠷᠭᠢᠯᠡᠨ᠂ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠢ ᠬᠠᠪᠰᠤᠷᠴᠤ ᠰᠢᠨᠵᠢᠯᠡᠭᠡ | ᠮᠡᠷᠭᠡᠵᠢᠯ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ ᠪᠣᠭᠤᠮᠢ ᠶᠢ ᠰᠢᠢᠳᠪᠦᠷᠢᠯᠡᠨ᠎ᠡ᠃ | ︵ᠭᠤᠷᠪᠠ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ | ᠣᠯᠠᠨ ᠭᠠᠵᠠᠷ ᠣᠷᠣᠨ ᠪᠤᠶᠤ ᠰᠠᠯᠠᠭ᠎ᠠ ᠮᠥᠴᠢᠷ ᠨᠢᠭᠡᠴᠡ ᠳᠤ ᠬᠤᠯᠪᠣᠭᠳᠠᠭᠰᠠᠨ ᠠᠰᠠᠭᠤᠳᠠᠯ ᠢ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠨ᠂ | ᠪᠦᠬᠦᠯᠢ ᠴᠣᠭᠴᠠ ᠪᠠᠷ ᠨᠢ ᠠᠬᠢᠭᠤᠯᠤᠨ ᠰᠢᠢᠳᠪᠦᠷᠢᠯᠡᠨ᠎ᠡ᠃ ᠣᠳᠣᠬᠠᠨ ᠪᠠ ᠠᠯᠤᠰ ᠬᠡᠳᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠶᠢ ᠡᠭᠦᠳᠬᠦ | ᠴᠢᠳᠠᠪᠤᠷᠢ ᠶᠢ ᠳ᠋ᠦᠩᠨᠡᠨ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠬᠢᠳᠡᠯ ᠪᠠ ᠠᠮᠵᠢᠯᠲᠠ ᠲᠠᠢ ᠲᠤᠷᠰᠢᠯᠭ᠎ᠠ ᠶᠢ ᠢᠯᠡᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠥᠭᠵᠢᠯᠲᠡ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠪᠠᠷ ᠮᠠᠨ ᠤ ᠬᠤᠲᠠ ᠶᠢᠨ ᠴᠢᠨᠠᠷ | ᠰᠠᠶᠢᠲᠠᠢ ᠬᠥᠭᠵᠢᠯᠲᠡ ᠶᠢᠨ ᠬᠦᠳᠡᠯᠭᠡᠭᠴᠢ ᠬᠦᠴᠦᠨ ᠤ ᠡᠬᠢ ᠰᠤᠷᠪᠤᠯᠵᠢ ᠪᠣᠯᠭᠠᠨ᠎ᠠ᠃ |