9 ᠳ᠋ᠦ᠋ᠭᠡᠷ ᠰᠠᠷ᠎ᠠ ᠶᠢᠨ 12 ᠲᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠵᠠᠷᠤᠳ ᠬᠤᠰᠢᠭᠤᠨ ᠤ | ᠳᠤᠯᠤᠳᠤ ᠰᠤᠮᠤᠨ ᠳᠤ ᠭᠦᠨᠵᠡᠭᠡᠶᠢᠷᠡᠨ᠂ ᠬᠤᠶᠠᠷᠬᠤᠸᠠ ᠳᠠᠴᠠ ᠭᠠᠵᠠᠷ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠲᠤᠬᠠᠢ ᠶᠢᠨ ᠲᠠᠯᠠᠪᠤᠷ ᠲᠤ ᠱᠠᠭᠠᠷᠳᠠᠨ ᠵᠢᠯᠣᠭᠤᠳᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ | ᠂ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠢᠴᠢ ᠵᠠᠷᠤᠳ ᠬᠤᠰᠢᠭᠤᠨ ᠤ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | | | | | ᠴᠢ᠊ · ᠳᠠᠯᠠᠨᠲᠠᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠨᠢᠭᠡᠳᠦᠭᠡᠷ | ᠳᠤᠭᠤᠶᠢᠯᠠᠩ ᠤᠨ ᠳᠠᠮᠵᠢᠭᠤᠯᠤᠨ ᠲᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ | ᠲᠤᠶᠢᠯ ᠢᠶᠠᠷ ᠴᠢᠬᠤᠯᠠᠴᠢᠯᠠᠵᠤ᠂ ᠲᠤᠬᠠᠢ ᠶᠢᠨ ᠲᠠᠯᠠᠪᠠᠢ ᠳᠤ ᠬᠦᠷᠴᠦ ᠬᠤᠶᠠᠷᠬᠤᠸᠠ ᠳᠠᠴᠠ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠱᠠᠭᠠᠷᠳᠠᠨ ᠵᠢᠯᠤᠭᠤᠳᠴᠤ᠂ ᠠᠰᠠᠭᠤᠳᠠᠯ ᠤᠨ ᠪᠤᠢ ᠪᠣᠯᠤᠭᠰᠠᠨ | ᠰᠢᠯᠲᠠᠭᠠᠨ ᠪᠠ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ | ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ | ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ | ᠂ ᠭᠦᠨᠵᠡᠭᠡᠢ ᠰᠡᠷᠡᠮᠵᠢᠯᠡᠨ ᠲᠤᠩᠭᠠᠨ ᠪᠣᠳᠣᠯᠬᠢᠯᠠᠵᠤ᠂ ᠬᠠᠷᠢᠭᠤᠴᠠᠯᠭ᠎ᠠ ᠶᠢ ᠴᠢᠩᠭ᠎ᠠ ᠪᠠᠶᠢᠴᠠᠭᠠᠨ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠨ ᠠᠵᠢᠯᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃ ᠴᠢᠮᠡᠭᠡ ᠵᠠᠩᠭᠢ ᠶᠢ | ᠬᠠᠷᠢᠭᠤ ᠲᠤᠰᠬᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠳᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ | ᠣᠶᠢᠯᠠᠭᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠬᠡᠷᠡᠭᠲᠡᠢ᠃ ᠡᠬᠢ ᠡᠭᠦᠰᠦᠯ ᠠᠴᠠ ᠨᠢ ᠠᠳᠬᠤᠬᠤ᠂ ᠦᠨᠳᠦᠰᠦ ᠠᠴᠠ | ᠨᠢ ᠵᠠᠰᠠᠬᠤ᠂ ᠠᠯᠤᠰ ᠬᠡᠳᠤ ᠶᠢ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠪᠦᠬᠦ ᠲᠠᠯ᠎ᠠ ᠪᠠᠷ ᠴᠡᠭᠴᠡᠯᠡᠨ | ᠵᠠᠰᠠᠬᠤ ᠶᠢ ᠪᠡᠶᠡᠯᠡᠭᠦᠯᠵᠦ᠂ ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ |