— 2024 ᠣᠨ ᠤ 1 ᠳ᠋ᠦ᠋ᠭᠡᠷ ᠰᠠᠷ᠎ᠠ ᠶᠢᠨ 20 ᠳᠤ ᠲᠦᠩᠯᠢᠶᠣᠤ ᠬᠤᠲᠠ ᠶᠢᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | | | ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ | ᠴᠢ᠊ · ᠳᠠᠯᠠᠨᠲᠠᠢ |
|
| ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ | ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃ | | ᠨᠢᠭᠡ᠂ 2023 ᠣᠨ ᠤ ᠠᠵᠢᠯ ᠤᠨ ᠡᠷᠭᠢᠴᠡᠭᠦᠯᠦᠯ | | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠮᠠᠨ ᠤ | ᠬᠤᠲᠠ ᠶᠢᠨ ᠪᠥᠬᠦ ᠬᠦᠴᠦᠨ ᠢᠶᠠᠷ ᠢᠶᠠᠨ ᠬᠦᠴᠢᠷᠳᠡᠯ ᠢ ᠰᠢᠪᠲᠤᠯᠵᠤ᠂ ᠳᠠᠪᠠᠯᠲᠠ ᠲᠠᠢ ᠨᠡᠬᠡᠯᠲᠡ ᠶᠢ ᠲᠦᠷᠭᠡᠳᠬᠡᠭᠰᠡᠨ ᠵᠠᠩᠭᠢᠯᠠᠭ᠎ᠠ ᠶᠢᠨ ᠨᠢᠭᠡ ᠵᠢᠯ ᠮᠥᠨ᠃ | ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠵᠣᠷᠢᠭᠵᠢᠭᠤᠯᠤᠯ ᠪᠠ ᠲᠥᠷᠥ ᠶᠢᠨ ᠶᠠᠪᠤᠳᠠᠯ ᠤᠨ | ᠬᠤᠷᠢᠶᠠᠨ ᠤ ᠳᠡᠮᠵᠢᠬᠦ ᠰᠠᠨᠠᠯ ᠤᠨ ᠰᠠᠶᠢᠨ ᠠᠬᠢᠭᠤᠯᠤᠯ ᠢᠶᠠᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠭᠤᠣᠯ | ᠰᠡᠳᠦᠪ ᠭᠤᠣᠯ ᠰᠢᠵᠢᠮ ᠢᠶᠠᠨ ᠲᠣᠪᠤᠶᠢᠯᠭᠠᠨ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠥᠬᠦ ᠬᠤᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠨᠢᠭᠲᠠᠷᠠᠨ ᠪᠦᠯᠬᠦᠮᠳᠡᠵᠦ᠂ ᠬᠦᠴᠢᠷ ᠪᠡᠷᠬᠡ ᠶᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠬᠤᠲᠠ ᠶᠢᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢ | ᠨᠡᠯᠢᠶᠡᠳ ᠰᠠᠶᠢᠨ ᠪᠡᠶᠡᠯᠡᠭᠦᠯᠵᠦ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ | — ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠪᠡ᠃ ᠪᠦᠬᠦ ᠬᠤᠲᠠ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠪᠠᠷᠤᠭ 1610 ᠳ᠋ᠦᠩᠰᠢᠭᠤᠷ ᠲᠥᠭᠦᠷᠢᠭ ᠣᠷᠴᠢᠮ ᠪᠡᠶᠡᠯᠡᠭᠦᠯᠵᠦ᠂ 5.0% ᠣᠷᠴᠢᠮ ᠨᠡᠮᠡᠭᠳᠡᠭᠦᠯᠦᠨ᠂ 7 ᠵᠢᠯ ᠤᠨ | ᠲᠤᠷᠰᠢᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ 612 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 24.3% ᠨᠡᠮᠡᠭᠳᠡᠨ᠂ ᠨᠡᠮᠡᠭᠳᠡᠯ ᠤᠨ ᠬᠤᠷᠳᠤᠴᠠ ᠬᠤᠶᠠᠷ ᠵᠢᠯ ᠳᠠᠷᠠᠭᠠᠯᠠᠨ ᠪᠦᠬᠦ ᠣᠷᠣᠨ ᠤ ᠲᠦᠷᠦᠭᠦᠦ ᠡᠩᠨᠡᠭᠡ ᠳᠤ ᠣᠷᠣᠪᠠ᠃ ᠮᠢᠩᠭᠠᠨ | ᠲᠦᠮᠡᠨ ᠲᠥᠭᠦᠷᠢᠭ ᠠᠴᠠ ᠳᠡᠭᠡᠭᠰᠢᠬᠢ 570 ᠲᠥᠷᠥᠯ ᠵᠦᠢᠯ ᠢ ᠭᠡᠷ᠎ᠡ ᠲᠣᠭᠲᠠᠵᠤ ᠣᠷᠣᠭᠤᠯᠤᠨ ᠠᠪᠴᠢᠷᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ ᠪᠠᠷᠤᠭ | 360 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 50% ᠠᠴᠠ ᠳᠡᠭᠡᠭᠰᠢ ᠨᠡᠮᠡᠭᠳᠡᠭᠦᠯᠪᠡ᠃ ᠳᠡᠭᠡᠳᠦ | ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢ 89.1 ᠳ᠋ᠦᠩᠰᠢᠭᠤᠷ ᠲᠥᠭᠦᠷᠢᠭ ᠣᠯᠵᠤ᠂ 26.8% ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠦᠬᠦ ᠬᠡᠮᠵᠢᠶ᠎ᠡ 344.4 ᠳ᠋ᠦᠩᠰᠢᠭᠤᠷ ᠲᠥᠭᠦᠷᠢᠭ ᠬᠦᠷᠴᠦ᠂ 4.5% ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ | ᠣᠷᠣᠯᠭ᠎ᠠ 9% ᠨᠡᠮᠡᠭᠳᠡᠵᠦ᠂ ᠵᠠᠭᠤᠨ ᠳ᠋ᠦᠩᠰᠢᠭᠤᠷ ᠲᠥᠭᠦᠷᠢᠭ ᠤᠨ ᠳᠡᠭᠲᠡᠷ ᠲᠤ ᠭᠠᠷᠪᠠ᠃ ᠠᠵᠤ ᠠᠬᠤᠢ ᠶᠢᠨ ᠠᠵᠢᠯᠯᠠᠭᠠᠨ ᠠᠯᠬᠤᠮ ᠠᠯᠬᠤᠮ ᠢᠶᠠᠷ | ᠰᠠᠶᠢᠵᠢᠷᠠᠵᠤ᠂ ᠵᠦᠢ ᠵᠣᠬᠢᠰᠲᠠᠢ ᠬᠡᠪᠴᠢᠶᠡᠨ ᠳᠤ ᠪᠤᠴᠠᠨ᠂ ᠪᠥᠬᠦ ᠬᠤᠲᠠ ᠪᠠᠷ ᠢᠶᠠᠨ ᠬᠥᠭᠵᠢᠯᠲᠡ ᠪᠠᠨ ᠲᠦᠷᠭᠡᠳᠬᠡᠵᠦ᠂ ᠬᠥᠭᠵᠢᠯᠲᠡ ᠶᠢ ᠶᠡᠭᠡ ᠪᠠᠷ ᠠᠳᠬᠤᠵᠤ᠂ | ᠢᠲᠡᠭᠡᠯ ᠵᠣᠷᠢᠭ ᠨᠠᠩ ᠴᠢᠩᠭ᠎ᠠ ᠪᠣᠯᠪᠠ᠃ | — ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠪᠡ᠃ ᠰᠢᠨ᠎ᠡ ᠪᠠᠷ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ 56 ᠲᠦᠮᠡᠨ ᠮᠦ᠂ ᠡᠷᠳᠡᠨᠢ ᠰᠢᠰᠢ ᠶᠢᠨ ᠮᠢᠩᠭᠠᠨ ᠮᠦ᠂ ᠲᠦᠮᠡᠨ ᠮᠦ ᠶᠢᠨ ᠵᠢᠱᠢᠶ᠎ᠡ ᠦᠵᠡᠭᠦᠯᠬᠦ ᠣᠷᠣᠨ ᠤ ᠲᠠᠯᠠᠪᠠᠶ ᠨᠢᠭᠡᠴᠢ ᠶᠢᠨ ᠤᠨᠠᠯᠲᠠ ᠲᠣᠰ ᠲᠣᠰ | 2493 ᠵᠢᠩ ᠪᠠ 2367 ᠵᠢᠩ ᠬᠦᠷᠴᠦ᠂ ᠵᠡᠭᠦᠨ ᠬᠤᠶᠢᠲᠤ ᠶᠢᠨ ᠬᠠᠪᠤᠷ ᠤᠨ ᠡᠷᠳᠡᠨᠢ ᠰᠢᠰᠢ ᠶᠢᠨ ᠣᠷᠣᠨ ᠤ ᠲᠡᠮᠳᠡᠭᠯᠡᠯ ᠢ ᠳᠠᠬᠢᠨᠲᠠ ᠰᠢᠨᠡᠳᠬᠡᠵᠦ᠂ ᠠᠮᠤ | ᠪᠤᠳᠠᠭᠠᠨ ᠤ ᠶᠡᠷᠦᠩᠬᠡᠢ ᠤᠨᠠᠯᠲᠠ 189 ᠳ᠋ᠦᠩᠰᠢᠭᠤᠷ ᠵᠢᠩ ᠬᠦᠷᠴᠦ᠂ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠪᠠ᠃ ᠠᠯᠠᠰᠢᠨ ᠦᠬᠡᠷ ᠤᠨ | ᠠᠵᠤ ᠦᠢᠯᠡᠰ ᠢ ᠬᠥᠭᠵᠢᠭᠦᠯᠬᠦ ᠠᠯᠢ ᠤᠯᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ︽ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ | ᠨᠢᠭᠡᠳᠦᠭᠡᠷ ᠴᠢᠬᠤᠯᠠ ᠣᠷᠣᠨ︾ ᠤ ᠪᠦᠲᠦᠭᠡᠨ ᠪᠠᠶᠢᠭᠤᠯᠤᠯᠲᠠ ᠢᠳᠡᠪᠬᠢᠲᠡᠢ ᠠᠬᠢᠴᠠ ᠲᠠᠢ ᠪᠣᠯᠵᠤ᠂ ᠠᠯᠠᠰᠢᠨ ᠦᠬᠡᠷ ᠤᠨ ᠲᠤᠭ᠎ᠠ᠂ ᠪᠣᠷᠳᠣᠵᠤ ᠲᠠᠷᠭᠤᠯᠠᠭᠤᠯᠵᠤ | ᠪᠠᠶᠢᠭ᠎ᠠ ᠲᠤᠭ᠎ᠠ ᠲᠣᠰ ᠲᠣᠰ 385.8 ᠲᠦᠮᠡ ᠪᠠ 31.5 ᠲᠦᠮᠡ ᠬᠦᠷᠴᠦ᠂ ᠪᠣᠷᠳᠣᠵᠤ ᠲᠠᠷᠭᠤᠯᠠᠭᠤᠯᠵᠤ ᠪᠠᠶᠢᠭ᠎ᠠ ᠪᠠ ᠨᠢᠲᠤᠯᠤᠭᠰᠠᠨ ᠬᠡᠮᠵᠢᠶ᠎ᠡ ᠲᠣᠰ ᠲᠣᠰ | 85%᠂ 46.5% ᠨᠡᠮᠡᠭᠳᠡᠵᠦ᠂ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 404.9 ᠳ᠋ᠦᠩᠰᠢᠭᠤᠷ ᠲᠥᠭᠦᠷᠢᠭ | ᠬᠦᠷᠴᠦ᠂ 15.6% ᠨᠡᠮᠡᠭᠳᠡᠵᠦ᠂ ︽ᠲᠦᠩᠯᠢᠶᠣᠣ ᠶᠢᠨ ᠠᠯᠠᠰᠢᠨ ᠦᠬᠡᠷ︾ ᠤᠨ ᠨᠠᠷᠠᠲᠤ ᠱᠣᠰᠢᠭ᠎ᠠ ᠶᠢᠨ ᠥᠷᠲᠡᠭ 267.8 ᠳ᠋ᠦᠩᠰᠢᠭᠤᠷ ᠲᠥᠭᠦᠷᠢᠭ ᠬᠦᠷᠴᠦ | ᠂ ᠪᠥᠬᠦ ᠤᠯᠤᠰ ᠤᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠠᠷᠠᠲᠤ ᠱᠣᠰᠢᠭ᠎ᠠ ᠶᠢᠨ ᠲᠡᠷᠢᠭᠦᠨ ᠳᠤ ᠯᠠᠪᠳᠠᠭᠤᠨ ᠣᠷᠣᠪᠠ᠃ ︽ᠠᠵᠤ ᠦᠢᠯᠡᠳᠪᠦᠷᠢ ᠤᠨ | ᠦᠷᠡᠳᠡᠭ ᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠡᠬᠢᠯᠡᠭᠦᠯᠵᠦ᠂ 236 ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠭᠦᠯᠦᠨ ᠰᠡᠷᠭᠦᠭᠡᠵᠦ᠂ 82 ᠢ | ᠪᠠᠶᠢᠭᠤᠯᠵᠤ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 37᠂ ᠥᠪᠡᠷᠲᠡᠭᠡᠨ ᠵᠠᠰᠠᠬᠤ ᠣᠷᠣᠨ ᠤ ᠲᠠᠰ ᠤᠨ | ᠦᠢᠯᠡᠳᠬᠦ ᠦᠢᠯᠡᠰ ᠤᠨ ᠲᠠᠩ ᠵᠦᠢᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ 2 ᠰᠢᠨ᠎ᠡ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 0.5% ᠨᠡᠮᠡᠭᠳᠡᠪᠡ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠮᠢᠩᠭᠠᠨ ᠲᠦᠮᠡᠨ ᠺᠢᠯᠣᠸᠠᠲ ᠢ | ᠳᠠᠪᠠᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠥᠪᠯᠡᠷᠡᠯ ᠤᠨ ᠬᠠᠨᠳᠤᠰᠢ ᠪᠦᠷᠢᠯᠳᠦᠵᠦ᠂ ᠪᠥᠬᠦ ᠣᠷᠣᠨ ᠤ | ᠠᠩᠬᠠᠳᠠᠭᠴᠢ ᠪᠦᠷᠢᠨ ᠸᠠᠨᠠᠳᠢ ᠶᠢᠨ ᠤᠷᠤᠰᠤᠩᠭᠢ ᠰᠢᠩᠭᠡᠨ ᠪᠡᠶᠡᠲᠦ ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ᠂ ᠪᠣᠬᠢᠷᠲᠤᠯ ᠦᠭᠡᠢ ᠬᠥᠩᠭᠡᠨᠴᠠᠭᠠᠨ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠪᠠ ᠡᠷᠳᠡᠨᠢ ᠰᠢᠰᠢ ᠶᠢᠨ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠤᠨ ᠰᠦᠷᠦᠭᠵᠢᠯ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ | ᠦᠢᠯᠡᠰ ᠤᠨ ᠰᠦᠷᠦᠭᠵᠢᠯ ᠢᠶᠠᠷ ᠵᠥᠪᠰᠢᠶᠡᠷᠡᠭᠳᠡᠪᠡ᠃ ᠲᠦᠩᠯᠢᠶᠣᠣ ᠶᠢᠨ ᠣᠯᠠᠨ ᠬᠡᠯᠪᠡᠷᠢ ᠪᠠᠷ ᠬᠠᠮᠲᠤᠷᠠᠭᠤᠯᠤᠨ ᠲᠡᠭᠡᠭᠡᠪᠦᠷᠢᠯᠡᠬᠦ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠲᠥᠪ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠣᠯᠯᠠᠭᠴᠢ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠤᠲᠠ᠂ ᠤᠯᠤᠰ ᠤᠨ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠤᠲᠠ᠂ ᠪᠦᠬᠦ ᠤᠯᠤᠰ ᠤᠨ ︽ | ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠤᠨ ᠲᠤᠷᠰᠢᠯᠲᠠ ᠶᠢᠨ ᠬᠤᠲᠠ ᠪᠠᠷ ᠵᠥᠪᠰᠢᠶᠡᠷᠡᠭᠳᠡᠵᠦ᠂ ᠬᠤᠷᠴᠢᠨ ᠤ 500 | ᠺᠢᠯᠣᠮᠧᠲᠷ ᠤᠨ ᠦᠵᠡᠮᠵᠢ ᠶᠢᠨ ᠵᠠᠮ 2023 ︽ᠳᠤᠮᠳᠠᠳᠤ ᠤᠯᠤᠰ ᠤᠨ ᠵᠠᠮ︾ ᠤᠨ ᠲᠡᠷᠭᠡ ᠪᠠᠷᠢᠵᠤ ᠵᠤᠭᠠᠴᠠᠬᠤ ᠠᠷᠪᠠᠨ ᠰᠣᠳᠣᠨ ᠵᠠᠮ ᠱᠤᠭᠤᠮ ᠳᠤ | ᠰᠣᠩᠭᠤᠭᠳᠠᠵᠤ᠂ ᠬᠤᠲᠠ ᠳᠤ ᠰᠠᠭᠤᠭ᠎ᠠ ᠪᠠᠩᠬᠢ ᠶᠢᠨ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 1500 ᠳ᠋ᠦᠩᠰᠢᠭᠤᠷ ᠲᠥᠭᠦᠷᠢᠭ ᠢ | ᠳᠠᠪᠠᠵᠤ᠂ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠨᠡᠶᠢᠳᠡᠮ ᠠᠰᠢᠭ ᠬᠦᠷᠲᠡᠭᠡᠬᠦ ᠬᠡᠯᠪᠡᠷᠢ ᠶᠢᠨ ᠵᠢᠵᠢᠭ | ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠴᠥᠮ ᠪᠥᠬᠦ ᠣᠷᠣᠨ ᠤ ᠲᠡᠷᠢᠭᠦᠨ ᠳᠤ ᠣᠷᠣᠪᠠ᠃ | — ᠬᠥᠭᠵᠢᠯᠲᠡ ᠶᠢᠨ ᠬᠥᠳᠡᠯᠭᠡᠭᠴᠢ ᠬᠦᠴᠦᠨ ᠢ ᠦᠷᠭᠦᠯᠵᠢᠯᠡᠨ ᠴᠢᠩᠭᠠᠷᠠᠭᠤᠯᠪᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ︽ᠵᠢᠷᠭᠤᠭᠠᠨ | ᠵᠦᠢᠯ ᠤᠨ ᠢᠨᠵᠧᠨᠧᠷᠢᠩ︾ ᠢᠯᠡᠳᠲᠡ ᠦᠷ᠎ᠡ ᠪᠦᠲᠦᠮᠵᠢ ᠣᠯᠵᠤ᠂ ᠡᠳ᠋ ᠤᠨ ᠵᠠᠰᠠᠭ ᠤᠨ ᠰᠢᠨᠵᠢᠯᠡᠭᠡ ᠮᠡᠷᠭᠡᠵᠢᠯ ᠤᠨ ᠵᠠᠷᠤᠯᠭ᠎ᠠ 10.4% ᠨᠡᠮᠡᠭᠳᠡᠨ᠂ ᠰᠢᠨᠵᠢᠯᠡᠭᠡ | ᠮᠡᠷᠭᠡᠵᠢᠯ ᠤᠨ ᠠᠵᠤ ᠠᠬᠤᠶᠢᠯᠠᠯ ᠤᠨ 2.3 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠬᠤ ᠳᠤ ᠬᠦᠴᠦᠨ ᠨᠡᠮᠡᠷᠢᠯᠡᠵᠦ᠂ 10 ᠳᠠᠬᠢᠨ ᠢᠶᠠᠷ ᠨᠡᠮᠡᠭᠳᠡᠭᠦᠯᠦᠨ᠂ | ᠠᠺᠠᠳᠧᠮᠢᠴᠢ᠂ ᠲᠤᠰᠬᠠᠢ ᠮᠡᠷᠭᠡᠵᠢᠯᠲᠡᠨ ᠤ ᠪᠦᠯᠬᠦᠮ ᠢ ᠠᠮᠢᠳᠤᠯᠢᠭ ᠢᠶᠠᠷ 24 ᠤᠷᠢᠨ ᠠᠪᠴᠢᠷᠠᠵᠤ᠂ ᠪᠥᠬᠦ ᠣᠷᠣᠨ ᠳᠤ ᠠᠩᠬᠠᠳᠠᠭᠴᠢ ᠡᠷᠳᠡᠨᠢ ᠰᠢᠰᠢ ᠶᠢᠨ ᠥᠨᠳᠥᠷ | ᠤᠨᠠᠯᠲᠠ ᠶᠢᠨ ᠮᠡᠷᠭᠡᠵᠢᠯ ᠤᠨ ᠰᠤᠳᠤᠯᠭᠠᠨ ᠤ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠢ 82 ᠪᠣᠶᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠲᠣᠰ ᠲᠣᠰ 67 ᠪᠠ 121 ᠪᠣᠯᠵᠤ᠂ ᠮᠡᠷᠭᠡᠵᠢᠯ ᠤᠨ ᠠᠷᠠᠯᠵᠢᠶᠠᠨ ᠤ | ᠬᠡᠮᠵᠢᠶ᠎ᠡ 46% ᠨᠡᠮᠡᠭᠳᠡᠪᠡ᠃ 2 ᠵᠦᠢᠯ ᠤᠨ ᠤᠯᠤᠰ ᠤᠨ ᠪᠠᠷᠢᠮᠵᠢᠶ᠎ᠠ ᠶᠢ ᠭᠤᠣᠯᠯᠠᠨ ᠲᠣᠭᠲᠠᠭᠠᠵᠤ᠂ ᠤᠯᠤᠰ ᠤᠨ ᠭᠠᠵᠠᠷ ᠵᠦᠢ ᠶᠢᠨ ᠲᠡᠮᠳᠡᠭᠲᠦ ᠲᠠᠸᠠᠷ ᠤᠨ | ᠱᠣᠰᠢᠭ᠎ᠠ ᠶᠢ ᠰᠢᠨ᠎ᠡ ᠪᠠᠷ ᠨᠡᠮᠡᠭᠳᠡᠭᠦᠯᠦᠨ᠂ ︽ᠥᠪᠥᠷ ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠯ ᠨᠢ ᠪᠥᠬᠦ ᠣᠷᠣᠨ ᠤ ᠲᠡᠷᠢᠭᠦᠨ ᠳᠤ ᠣᠷᠣᠪᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠭᠤᠷᠪᠠᠨ ᠵᠦᠢᠯ ᠤᠨ ᠳᠦᠷᠢᠮ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠤᠳᠠ ᠶᠢᠨ | ᠬᠠᠷᠢᠶᠠᠨ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 5.1 ᠳ᠋ᠦᠩᠰᠢᠭᠤᠷ ᠲᠥᠭᠦᠷᠢᠭ | ᠬᠦᠷᠴᠦ᠂ 4 ᠲᠠᠬᠢᠨ ᠢᠶᠠᠷ ᠨᠡᠮᠡᠭᠳᠡᠪᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠲᠡᠷᠢᠭᠦᠨ ᠪᠣᠯᠬᠤ ᠪᠠᠷ ᠴᠢᠷᠮᠠᠶᠢᠭᠰᠠᠨ ᠣᠨ ᠤ | ᠠᠵᠢᠯᠯᠠᠭ᠎ᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ︽ᠦᠷ᠎ᠡ ᠪᠦᠲᠦᠮᠵᠢ ᠪᠠᠨ ᠳᠡᠯᠭᠡᠨ ᠠᠳᠠᠯᠢᠳᠬᠠᠨ ᠦᠨᠡᠯᠡᠬᠦ︾ ᠲᠣᠭᠲᠠᠴᠠ ᠶᠢ ᠰᠢᠨ᠎ᠡ ᠪᠠᠷ ᠡᠭᠦᠳᠦᠨ | ᠬᠡᠷᠡᠭᠵᠢᠭᠦᠯᠵᠦ᠂ ᠦᠨᠡᠨᠴᠢ ᠢᠲᠡᠭᠡᠮᠵᠢ ᠪᠠᠨ ᠳᠡᠯᠭᠡᠨ᠂ ᠵᠣᠷᠢᠭ ᠰᠠᠨᠠᠭ᠎ᠠ ᠪᠠᠨ ᠢᠯᠡᠳᠬᠡᠨ᠂ ᠠᠵᠢᠯᠯᠠᠬᠤ ᠵᠣᠷᠢᠭ ᠢᠶᠠᠨ ᠠᠳᠠᠯᠢᠳᠬᠠᠨ᠂ ᠦᠷ᠎ᠡ ᠪᠦᠲᠦᠮᠵᠢ ᠪᠠᠨ | ᠦᠨᠡᠯᠡᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠶᠢ ᠡᠭᠦᠳᠦᠭᠰᠡᠨ ᠬᠢᠯᠠᠰ ᠴᠡᠭ ᠢ 88 ᠪᠣᠶᠢᠵᠢᠭᠤᠯᠵᠤ᠂ 7 ᠵᠦᠢᠯ ᠤᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠤᠯᠤᠰ ᠤᠨ ᠶᠠᠮᠤᠨ ᠵᠥᠪᠯᠡᠯ ᠤᠨ ᠵᠥᠪᠰᠢᠶᠡᠷᠡᠯ ᠢ ᠣᠯᠵᠤ᠂ ᠠᠵᠤ ᠠᠬᠤᠶᠢᠯᠠᠯ ᠣᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠬᠠᠯᠠᠮᠰᠢᠯ | ᠠᠰᠠᠭᠤᠳᠠᠯ ᠪᠠ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠵᠦ᠂ ︽2023 ᠳᠤᠮᠳᠠᠳᠤ | ᠤᠯᠤᠰ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠬᠤᠲᠠ︾ ᠶᠢᠨ ᠱᠠᠩᠨᠠᠯ ᠢ ᠭᠥᠷᠳᠡᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ 30 ᠲᠦᠮᠡᠨ ᠡᠷᠦᠬᠡ ᠶᠢ ᠳᠠᠪᠠᠪᠠ᠃ 9 ᠬᠤᠰᠢᠭᠤ ᠰᠢᠶᠠᠨ ᠬᠤᠲᠠ ᠲᠣᠭᠤᠷᠢᠭ ᠲᠤ ᠭᠠᠳᠠᠭᠠᠳᠤ ᠭᠠᠷᠭᠠᠯᠲᠠ ᠶᠢ ᠪᠦᠬᠦᠨ ᠢ | ᠬᠠᠮᠤᠷᠬᠤ ᠶᠢ ᠪᠡᠶᠡᠯᠡᠭᠦᠯᠪᠡ᠃ ᠤᠯᠤᠰ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ ᠵᠢᠱᠢᠶ᠎ᠡ | ᠦᠵᠡᠭᠦᠯᠬᠦ ᠣᠷᠣᠨ ᠢᠶᠠᠷ ᠠᠮᠵᠢᠯᠲᠠᠲᠠᠢ ᠵᠥᠪᠰᠢᠶᠡᠷᠡᠭᠳᠡᠪᠡ᠃ | — ᠨᠣᠭᠤᠭᠠᠷᠠᠭᠤᠯᠤᠯᠲᠠ ᠶᠢᠨ ᠰᠠᠭᠤᠷᠢ ᠨᠡᠩ ᠭᠦᠨ ᠵᠤᠵᠠᠭᠠᠨ ᠪᠣᠯᠪᠠ᠃ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠪᠥᠬᠦ | ᠲᠠᠯ᠎ᠠ ᠪᠠᠷ ᠡᠬᠢᠯᠡᠭᠦᠯᠵᠦ᠂ 201 ᠲᠦᠮᠡᠨ ᠮᠦ ᠣᠶ ᠰᠢᠭᠤᠢ ᠶᠢᠨ ᠠᠮᠢ ᠠᠬᠤᠢ ᠵᠠᠰᠠᠨ ᠰᠡᠷᠭᠦᠭᠡᠬᠦ᠂ 200 ᠲᠦᠮᠡᠨ ᠮᠦ ᠪᠠᠶᠢᠭᠠᠯᠢᠯᠢᠭ ᠨᠤᠲᠤᠭ ᠪᠡᠯᠴᠢᠭᠡᠷ ᠢ | ᠬᠠᠮᠠᠭᠠᠯᠠᠨ ᠰᠡᠷᠭᠦᠭᠡᠬᠦ ᠠᠵᠢᠯ ᠢ ᠪᠡᠶᠡᠯᠡᠭᠦᠯᠵᠦ᠂ ᠪᠠᠷᠠᠭᠤᠨ ᠯᠣᠤᠬ᠎ᠠ ᠶᠢᠨ ᠭᠤᠣᠯ ᠤᠨ ᠭᠤᠣᠯ ᠤᠷᠤᠰᠬᠠᠯ 4 ᠵᠢᠯ ᠳᠠᠷᠠᠭᠠᠯᠠᠨ ︽ᠤᠰᠤ︾ ᠢᠷᠡᠪᠡ᠃ ︽ᠠᠭᠠᠷ | ᠮᠠᠨᠳᠤᠯ ᠡᠬᠡ ᠭᠠᠵᠠᠷ︾ ᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠪᠥᠬᠦ ᠬᠤᠲᠠ ᠶᠢᠨ | ᠠᠭᠠᠷ ᠤᠨ ᠴᠡᠪᠡᠷᠴᠡ ᠶᠢᠨ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ 92.4% ᠬᠦᠷᠴᠦ᠂ ᠰᠠᠶᠢᠨ Ⅲ ᠲᠥᠷᠥᠯ ᠤᠨ ᠤᠰᠤᠨ ᠤ ᠬᠠᠷᠢᠴᠠᠯ 60% ᠬᠦᠷᠴᠦ | ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ︽ᠲᠠᠪᠤᠨ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠵᠥᠪᠰᠢᠶᠡᠷᠡᠭᠡᠳ ᠬᠠᠩᠭᠠᠭᠠᠳᠤᠢ ᠪᠠᠶᠢᠭᠰᠠᠨ 1.9 ᠲᠦᠮᠡᠨ ᠮᠦ ᠭᠠᠵᠠᠷ ᠰᠢᠷᠣᠢ ᠶᠢ ᠰᠢᠢᠳᠪᠦᠷᠢᠯᠡᠵᠦ᠂ ︽ᠬᠠᠭᠠᠰ ᠳᠤᠲᠠᠭᠤ ᠣᠷᠬᠢᠭᠰᠠᠨ︾ | 71 ᠪᠠᠷᠢᠯᠭ᠎ᠠ ᠶᠢ ᠪᠦᠷ ᠰᠡᠷᠭᠦᠭᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠵᠢᠱᠢᠶ᠎ᠡ ᠦᠵᠡᠭᠦᠯᠬᠦ ᠨᠢᠭᠡᠴᠡ 3᠂ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ 7 ᠡᠭᠦᠳᠦᠨ ᠪᠠᠶᠢᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 32.5 ᠲᠦᠮᠡᠨ ᠲᠡᠭᠰᠢ | ᠳᠥᠷᠪᠡᠯᠵᠢᠨ ᠮᠧᠲᠷ ᠪᠡᠶᠡᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠤᠨ | ᠦᠷ᠎ᠡ ᠪᠦᠲᠦᠮᠵᠢ ᠣᠯᠵᠤ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠪᠡ᠃ | — ᠬᠤᠳᠠ ᠬᠥᠳᠡᠭᠡ ᠶᠢᠨ ᠳᠦᠷᠢ ᠲᠥᠷᠬᠦ ᠡᠳᠦᠷ ᠢᠷᠡᠬᠦᠶ᠎ᠡ ᠰᠠᠶᠢᠵᠢᠷᠠᠪᠠ᠃ ᠭᠤᠣᠯ ᠬᠤᠲᠠ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ ︽1+10︾ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠬᠤᠲᠠ ᠶᠢᠨ | ᠪᠠᠶᠢᠴᠠᠭᠠᠯᠲᠠ ᠶᠢ ᠪᠡᠶᠡᠯᠡᠭᠦᠯᠦᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ 79 ᠲᠥᠷᠥᠯ ᠵᠦᠢᠯ ᠢ ᠬᠡᠷᠡᠭᠵᠢᠭᠦᠯᠵᠦ᠂ 20 ︽ | ᠵᠢᠵᠢᠭᠬᠡᠨ ᠴᠡᠴᠡᠷᠯᠢᠭ︾ ᠢ ᠰᠢᠨ᠎ᠡ ᠪᠠᠷ ᠨᠡᠮᠡᠭᠳᠡᠭᠦᠯᠦᠨ᠂ 41 ᠢᠯᠴᠢ ᠰᠣᠯᠢᠯᠴᠠᠬᠤ ᠥᠷᠲᠡᠭᠡ᠂ 145 ᠺᠢᠯᠣᠮᠧᠲᠷ ᠢᠯᠴᠢ ᠬᠠᠩᠭᠠᠬᠤ ᠬᠤᠭᠤᠯᠠᠢ ᠶᠢᠨ ᠲᠣᠣᠷ ᠢ | ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 104 ᠬᠠᠭᠤᠴᠢᠨ ᠬᠤᠷᠤᠭ᠎ᠠ᠂ ᠪᠦᠷᠬᠡ ᠶᠢᠨ ᠲᠤᠭᠤᠷᠢᠭ ᠤᠨ 751 ᠡᠷᠦᠬᠡ ᠶᠢᠨ ᠭᠡᠷ ᠢ ᠥᠭᠡᠷᠡᠴᠢᠯᠡᠨ ᠪᠠᠶᠢᠭᠤᠯᠪᠠ᠃ | ᠣᠶᠣᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠴᠥ᠂ ᠬᠤᠲᠠ ᠶᠢᠨ ᠬᠠᠮᠢᠶᠠᠷᠤᠯᠲᠠ ᠶᠢ ᠣᠶᠤᠨᠴᠢᠯᠠᠨ ᠨᠠᠷᠢᠯᠢᠭᠵᠢᠭᠤᠯᠬᠤ ᠳᠠᠰᠢ | ᠲᠦᠷᠭᠡᠪᠴᠢᠯᠡᠨ ᠬᠤᠪᠢᠷᠠᠭᠤᠯᠪᠠ᠃ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ 38᠂ ᠬᠤᠭ ᠨᠣᠪᠰᠢ ᠪᠣᠬᠢᠷ ᠤᠰᠤ ᠶᠢ | ᠰᠢᠢᠳᠪᠦᠷᠢᠯᠡᠬᠦ 82 ᠲᠥᠷᠥᠯ ᠵᠦᠢᠯ ᠢ ᠬᠡᠷᠡᠭᠵᠢᠭᠦᠯᠵᠦ᠂ 626 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ᠂ 8419 ᠵᠣᠷᠯᠣᠩ ᠢ ᠥᠭᠡᠷᠡᠴᠢᠯᠡᠨ | ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ 354 ᠲᠥᠷᠥᠯ ᠵᠦᠢᠯ ᠢ ᠪᠠᠬᠢᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠣᠷᠣᠯᠭ᠎ᠠ ᠶᠢ 12.7% ᠨᠡᠮᠡᠭᠳᠡᠭᠦᠯᠪᠡ᠃ ᠥᠪᠥᠷ ᠮᠣᠩᠭᠤᠯ ᠤᠨ ᠤᠰᠤ ᠬᠠᠩᠭᠠᠬᠤ | ᠲᠦᠩᠯᠢᠶᠣᠣ ᠶᠢᠨ ᠰᠠᠯᠪᠤᠷᠢ ᠱᠤᠭᠤᠮ᠂ ᠴᠤᠤᠯ ᠭᠤᠣᠯ ᠤᠨ ᠤᠰᠤ ᠶᠢ ᠪᠠᠷᠠᠭᠤᠨ ᠯᠣᠤᠬ᠎ᠠ ᠶᠢᠨ ᠭᠤᠣᠯ ᠳᠤ ᠲᠠᠲᠠᠬᠤ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠪᠥᠬᠦ ᠱᠤᠭᠤᠮ ᠤᠨ ᠠᠵᠢᠯ ᠢ ᠡᠬᠢᠯᠡᠭᠦᠯᠵᠦ᠂ ᠥᠨᠳᠥᠷ ᠳᠣᠣᠷ᠎ᠠ ᠳᠠᠷᠤᠯᠲᠠᠲᠤ ᠱᠤᠭᠤᠮ ᠢ 2180 ᠺᠢᠯᠣᠮᠧᠲᠷ ᠰᠢᠨ᠎ᠡ ᠪᠠᠷ ᠪᠠᠶᠢᠭᠤᠯᠵᠤ | ᠥᠭᠡᠷᠡᠴᠢᠯᠡᠨ ᠵᠠᠰᠠᠵᠤ᠂ 238 ᠺᠢᠯᠣᠮᠧᠲᠷ ᠭᠤᠣᠯ ᠵᠠᠰᠠᠮᠠᠯ ᠵᠠᠮ ᠢ ᠰᠡᠷᠭᠦᠭᠡᠨ ᠵᠠᠰᠠᠵᠤ᠂ 240 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠪᠠᠶᠢᠭᠤᠯᠤᠨ | ᠳᠠᠭᠤᠰᠬᠠᠵᠤ᠂ 996 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠂ 5G ᠶᠢᠨ ᠰᠠᠭᠤᠷᠢ ᠥᠷᠲᠡᠭᠡ ᠶᠢ 2751 | ᠰᠢᠨ᠎ᠡ ᠪᠠᠷ ᠪᠠᠶᠢᠭᠤᠯᠵᠤ᠂ 60% ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ 5G ᠰᠦᠯᠵᠢᠶ᠎ᠡ ᠶᠢ ᠬᠠᠮᠤᠷᠤᠭᠤᠯᠬᠤ ᠶᠢ ᠪᠡᠶᠡᠯᠡᠭᠦᠯᠵᠦ᠂ ᠣᠷᠣᠰᠢᠨ | ᠰᠠᠭᠤᠵᠤ ᠦᠢᠯᠡᠰ ᠪᠣᠰᠬᠠᠬᠤ ᠳᠤ ᠲᠣᠬᠢᠷᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | — ᠵᠣᠯ ᠵᠢᠷᠭᠠᠯᠲᠤ ᠠᠷᠠᠳ ᠤᠨ ᠠᠮᠢᠳᠤᠷᠠᠯ ᠢ ᠨᠡᠶᠢᠳᠡᠮ ᠬᠠᠷᠠᠭᠠᠯᠵᠠᠵᠤ ᠬᠠᠮᠲᠤᠪᠠᠷ ᠡᠳ᠋ᠯᠡᠬᠦ ᠶᠢ ᠪᠠᠲᠤᠯᠠᠪᠠ᠃ ᠪᠦᠬᠦ ᠬᠤᠲᠠ ᠶᠢᠨ ᠡᠳ᠋ ᠤᠨ ᠵᠠᠰᠠᠭ ᠤᠨ | ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ 70.5% ᠬᠦᠷᠴᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠲᠤᠰ ᠲᠤᠰ 5.2% ᠪᠠ 8.3% ᠨᠡᠮᠡᠭᠳᠡᠪᠡ᠃ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠪᠣᠯᠪᠠᠰᠤᠷᠠᠯ ᠤᠨ | ᠬᠤᠯᠪᠣᠭ᠎ᠠ ᠶᠢ ᠪᠠᠶᠢᠭᠤᠯᠵᠤ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ 5000 ᠰᠢᠬᠠᠮ ᠠᠵᠢᠯᠴᠢᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠂ ︽ | ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ︾ ᠤᠨ ᠵᠥᠪᠰᠢᠶᠡᠷᠡᠯ ᠢ ᠣᠯᠪᠠ᠃ ᠬᠤᠰᠢᠭᠤ ᠰᠢᠶᠠᠨ | ᠪᠦᠬᠦᠨ ᠢᠶᠠᠷ ᠢᠶᠠᠨ ︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠪᠠᠶᠢᠭᠤᠯᠵᠤ᠂ ᠡᠳᠦᠷ ᠤᠨ ᠬᠦᠴᠦᠨ ᠤ ᠠᠵᠢᠯᠴᠢᠨ ᠳᠠᠭᠢᠵᠤ ︽ᠵᠠᠮ ᠤᠨ ᠬᠠᠵᠠᠭᠤ ᠳᠤ | ᠰᠠᠭᠤᠬᠤ︾ ᠬᠡᠷᠡᠭ ᠦᠭᠡᠢ ᠪᠣᠯᠪᠠ᠃ ︽ᠬᠤᠷᠴᠢᠨ ᠤ ᠰᠠᠷ᠎ᠠ ᠰᠠᠭᠤᠭᠴᠢ ᠳᠤ ᠦᠢᠯᠡᠴᠢᠯᠡᠬᠦ ᠪᠦᠰᠡᠭᠦᠢ︾ ᠵᠡᠷᠭᠡ ᠬᠥᠳᠡᠯᠮᠦᠷᠢ ᠦᠢᠯᠡᠴᠢᠯᠡᠭᠡᠨ ᠤ ᠨᠠᠷᠠᠲᠤ | ᠱᠣᠰᠢᠭ᠎ᠠ ᠶᠢ 12 ᠪᠣᠶ ᠪᠣᠯᠭᠠᠵᠤ᠂ ᠬᠤᠲᠠ ᠪᠠᠯᠭᠠᠰᠤ ᠶᠢᠨ 1.35 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 43.97 ᠲᠦᠮᠡᠨ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠵᠠᠩᠭᠢᠯᠠᠭ᠎ᠠ ᠶᠢ ᠰᠠᠶᠢᠵᠢᠷᠠᠭᠤᠯᠬᠤ ᠪᠠ | ᠴᠢᠳᠠᠪᠤᠷᠢ ᠶᠢ ᠳᠡᠭᠡᠭᠰᠢᠯᠡᠭᠦᠯᠬᠦ 117 ᠲᠥᠷᠥᠯ ᠵᠦᠢᠯ ᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 5 ᠰᠢᠨ᠎ᠡ ᠪᠠᠷ | ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠤᠷᠤᠭᠴᠢ ᠡᠯᠰᠡᠬᠦ ᠲᠤᠭ᠎ᠠ ᠪᠠ ᠬᠡᠥᠬᠡᠳ ᠡᠯᠰᠡᠬᠦ ᠲᠤᠭ᠎ᠠ ᠶᠢ 4140 ᠰᠢᠨ᠎ᠡ ᠪᠠᠷ ᠨᠡᠮᠡᠭᠳᠡᠭᠦᠯᠪᠡ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ | ᠦᠶ᠎ᠡ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠪᠡ᠃ ᠤᠯᠤᠰ ᠤᠨ ᠲᠠᠰ ᠤᠨ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ | ᠲᠤᠷᠰᠢᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ 257 ᠡᠮᠴᠢᠯᠡᠭᠡᠨ ᠤ ᠪᠠᠶᠢᠭᠤᠯᠤᠮᠵᠢ ᠳᠤ ᠴᠥᠮ DIP ᠡᠮᠴᠢᠯᠡᠭᠡᠨ ᠤ ᠳᠠᠭᠠᠳᠬᠠᠯ ᠢᠶᠠᠷ | ᠥᠭᠬᠦ ᠶᠢ ᠬᠡᠷᠡᠭᠵᠢᠭᠦᠯᠵᠦ᠂ ᠣᠯᠠᠨ ᠲᠦᠮᠡᠨ ᠤ ᠡᠮᠨᠡᠯᠭᠡ ᠳᠤ ᠰᠠᠭᠤᠭᠰᠠᠨ ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠢ 21.4% ᠪᠠᠭᠤᠷᠠᠭᠤᠯᠪᠠ᠃ ︽ᠪᠥᠬᠦ | ᠤᠯᠤᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠲᠡᠷᠢᠭᠦᠨ ᠤ ᠬᠤᠲᠠ︾ ᠶᠢᠨ ᠱᠠᠩᠨᠠᠯ ᠢ ᠨᠠᠢᠮᠠᠳᠤᠭᠠᠷ ᠤᠳᠠᠭ᠎ᠠ ᠭᠥᠷᠳᠡᠪᠡ᠃ ᠥᠪᠥᠷ | ᠮᠣᠩᠭᠤᠯ ᠤᠨ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠤᠨ ᠬᠠᠭᠤᠴᠢ ᠰᠤᠳᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠠᠩᠬᠠᠳᠤᠭᠠᠷ | ᠬᠤᠭᠤᠴᠠᠭᠠᠨ ᠤ ᠪᠠᠷᠠᠭᠤᠨ ᠯᠣᠤᠬ᠎ᠠ ᠶᠢᠨ ᠭᠤᠣᠯ ᠤᠨ ᠰᠣᠶᠣᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠪᠠᠶᠠᠷ ᠤᠨ ᠰᠢᠷᠢᠰ ᠠᠵᠢᠯᠯᠠᠭ᠎ᠠ ᠶᠢ 460 ᠭᠠᠷᠤᠢ | ᠲᠠᠯᠠᠪᠤᠷ ᠡᠷᠭᠢᠯᠡᠪᠡ᠃ ᠲᠦᠩᠯᠢᠶᠣᠣ ᠶᠢᠨ ᠲᠠᠮᠢᠷᠴᠢᠳ ᠪᠦᠬᠦ ᠣᠷᠣᠨ ᠤ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾᠂ ︽ | ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠳᠡᠭᠡᠷ᠎ᠡ ᠳᠠᠬᠢᠨᠲᠠ ᠰᠢᠯᠢᠳᠡᠭ ᠠᠮᠵᠢᠯᠲᠠ ᠶᠢ ᠡᠭᠦᠳᠴᠡᠢ᠃ ᠬᠤᠳᠠ | ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ 468 ᠲᠥᠬᠦᠭᠡᠷᠦᠮᠵᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 4000 ᠡᠷᠤᠭᠡ ᠶᠢᠨ | ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠪᠡᠶᠡᠯᠡᠭᠦᠯᠪᠡ᠃ ᠨᠢᠯᠬ᠎ᠠ ᠬᠡᠦᠬᠡᠳ ᠤᠨ ᠨᠠᠶᠢᠳᠠᠯᠭ᠎ᠠ ᠬᠦᠯᠢᠶᠡᠨ ᠠᠪᠬᠤ ᠲᠤᠭ᠎ᠠ ᠶᠢ 319 ᠰᠢᠨ᠎ᠡ ᠪᠠᠷ | ᠨᠡᠮᠡᠭᠳᠡᠭᠦᠯᠵᠦ᠂ ᠮᠢᠩᠭᠠᠨ ᠬᠥᠮᠥᠨ ᠪᠦᠷᠢ ᠳᠤ ᠨᠣᠭᠳᠠᠬᠤ ᠨᠠᠶᠢᠳᠠᠯᠭ᠎ᠠ ᠬᠦᠯᠢᠶᠡᠨ ᠠᠪᠬᠤ ᠲᠤᠭ᠎ᠠ 3.7 ᠪᠣᠯᠵᠤ᠂ 49.8% ᠨᠡᠮᠡᠭᠳᠡᠪᠡ᠃ 1571 ᠢᠵᠢ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠵᠤ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠣᠬᠢᠷᠠᠭᠤᠯᠤᠨ | ᠲᠦᠷᠢᠶᠡᠰᠦᠯᠡᠭᠦᠯᠵᠦ 2.65 ᠲᠦᠮᠡᠨ ᠡᠷᠦᠭᠡ ᠳᠤ ᠠᠰᠢᠭ ᠬᠦᠷᠲᠡᠭᠡᠵᠦ᠂ 9.5 ᠲᠦᠮᠡᠨ ᠰᠠᠭᠤᠭᠠᠯᠢ ᠠᠷᠠᠳ ᠤᠨ ᠡᠷᠦᠭᠡ ᠳᠤ ᠰᠢᠲᠠᠮᠠᠬᠠᠢ ᠬᠡᠢ ᠯᠡᠪᠡᠷᠡᠭᠰᠡᠨ ᠢ | ᠰᠡᠷᠡᠮᠵᠢᠯᠡᠭᠦᠯᠬᠦ ᠳᠣᠬᠢᠶᠠᠯᠠᠭᠤᠷ ᠨᠡᠮᠡᠵᠦ ᠤᠭᠰᠠᠷᠠᠪᠠ᠃ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠨᠤᠷᠮ᠎ᠠ ᠲᠤᠰ ᠲᠤᠰ 93% ᠪᠠ 96.7% ᠬᠦᠷᠴᠦ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ | 3% ᠪᠠ 7% ᠪᠠᠷ ᠳᠡᠭᠡᠭᠰᠢᠯᠡᠭᠦᠯᠪᠡ᠃ ᠬᠤᠳᠠ ᠶᠢᠨ ᠵᠠᠰᠠᠭ ᠤᠨ ᠣᠷᠳᠣᠨ ᠤ ᠠᠮᠠᠯᠠᠭᠰᠠᠨ ᠠᠷᠪᠠᠨ ᠲᠠᠯ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠪᠦᠬᠦᠨ ᠢ ᠪᠡᠶᠡᠯᠡᠭᠦᠯᠵᠦ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠨᠢᠭᠡ ᠪᠦᠯᠦᠭ ᠠᠰᠠᠭᠤᠳᠠᠯ ᠢ | ᠲᠥᠪᠯᠡᠷᠡᠭᠦᠯᠦᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ | ᠦᠭᠡᠢ ᠳᠡᠭᠡᠭᠰᠢᠯᠡᠭᠦᠯᠪᠡ᠃ | — ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠯᠭᠠᠪᠠ᠃ ᠠᠶᠤᠯᠭᠦᠢ ᠦᠢᠯᠡᠳᠪᠦᠷᠢᠯᠡᠯ ᠢ ᠴᠢᠩᠭᠠᠳᠬᠠᠬᠤ ᠠᠷᠪᠠᠨ ᠬᠤᠶᠠᠷ | ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠡᠯ᠎ᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠲᠠᠯᠳᠠ ᠭᠡᠮ ᠰᠣᠭᠤᠭ ᠢ ᠭᠦᠨᠵᠡᠭᠡᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠲᠤᠭ᠎ᠠ ᠪᠠ ᠦᠬᠦᠭᠰᠡᠨ ᠬᠥᠮᠥᠨ ᠤ ᠲᠤᠭ᠎ᠠ ᠶᠢ ᠲᠤᠰ ᠲᠤᠰ | 48% ᠪᠠ 54% ᠪᠠᠷ ᠪᠠᠭᠤᠷᠠᠭᠤᠯᠪᠠ᠃ ︽7· 7︾ ᠤ ᠰᠢᠷᠦᠭᠦᠨ ᠪᠣᠷᠣᠭᠠᠨ ᠪᠠ ︽11· 6︾ ᠤ ᠣᠨᠴᠠ ᠶᠡᠭᠡ ᠴᠠᠰᠤ ᠵᠤᠳ ᠤᠨ ᠭᠠᠮᠰᠢᠭ ᠢ ᠬᠦᠴᠦᠲᠡᠢ | ᠠᠷᠭᠠᠴᠠᠵᠤ᠂ ᠠᠷᠭ᠎ᠠ ᠪᠦᠬᠦᠨ ᠢ ᠰᠦᠪᠡᠭᠴᠢᠯᠡᠨ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠲᠦᠭᠰᠢᠭᠦᠷᠢ ᠲᠤᠯᠭᠠᠷᠠᠭᠰᠠᠨ ᠭᠡᠷ ᠪᠠᠶᠢᠰᠢᠩ | ᠭᠠᠵᠠᠷ ᠬᠥᠷᠥᠩᠭᠡ ᠶᠢᠨ ᠲᠥᠷᠥᠯ ᠵᠦᠢᠯ ᠤᠨ 691 ᠢᠵᠢ ︽ᠲᠤᠰᠢᠶᠠᠬᠤ ᠶᠣᠰᠣᠲᠠᠢ ᠠᠰᠠᠷ︾ ᠢ ᠲᠤᠰᠢᠶᠠᠯᠭᠠᠬᠤ ᠶᠢ ᠠᠬᠢᠭᠤᠯᠵᠤ᠂ ᠣᠷᠣᠨ ᠨᠤᠲᠤᠭ ᠤᠨ | ᠬᠠᠤᠯᠢ ᠶᠢᠨ ᠬᠥᠮᠥᠨ ᠤ ᠪᠠᠩᠬᠢ ᠶᠢᠨ ᠦᠢᠯᠡᠰ ᠤᠨ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠢ ᠠᠷᠢᠯᠭᠠᠬᠤ ᠶᠢ ᠪᠡᠶᠡᠯᠡᠭᠦᠯᠪᠡ᠃ ︽ | ᠠᠮᠤᠷ ᠲᠠᠶᠢᠪᠤᠩ ᠲᠦᠩᠯᠢᠶᠣᠣ︾ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ | ᠪᠥᠬᠦ ᠲᠠᠯ᠎ᠠ ᠪᠠᠷ ᠬᠡᠷᠡᠭᠵᠢᠭᠦᠯᠦᠨ᠂ ︽ᠳᠠᠪᠲᠠᠭᠰᠠᠨ ᠵᠠᠬᠢᠳᠠᠯ ᠰᠤᠷᠪᠤᠯᠵᠢᠯᠠᠭ᠎ᠠ ᠶᠢ ᠵᠠᠰᠠᠵᠤ ᠳᠠᠷᠤᠭᠳᠠᠮᠠᠯ ᠵᠠᠬᠢᠳᠠᠯ ᠰᠤᠷᠪᠤᠯᠵᠢᠯᠠᠭ᠎ᠠ ᠶᠢ ᠡᠶᠡᠷᠡᠭᠦᠯᠬᠦ︾ | ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ 1003 ᠰᠢᠢᠳᠪᠦᠷᠢᠯᠡᠵᠦ᠂ | ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠮᠡᠬᠡᠯᠡᠯ ᠤᠨ ᠬᠡᠷᠡᠭ ᠡᠭᠦᠰᠦᠭᠰᠡᠨ ᠲᠤᠭ᠎ᠠ 20.2% ᠪᠠᠭᠤᠷᠠᠵᠤ᠂ ᠳᠠᠷᠤᠭᠳᠠᠮᠠᠯ ᠠᠮᠢᠨ ᠬᠡᠷᠡᠭ ᠢ ᠲᠠᠩᠨᠠᠨ | ᠢᠯᠡᠷᠡᠭᠦᠯᠦᠭᠰᠡᠨ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ | ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ | ᠠᠵᠢᠯ ᠤᠨ ᠢᠶᠠᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ ᠢ ᠭᠦᠨᠵᠡᠭᠡᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ 6 | ᠠᠬᠢᠭᠤᠯᠬᠤ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠵᠢᠷᠭᠤᠭᠠᠨ ᠪᠠᠳᠠᠭ︾ ᠤᠨ ᠪᠣᠳᠠᠲᠤ ᠶᠠᠪᠤᠳᠠᠯ ᠪᠠ ᠶᠣᠰᠣ ᠤᠴᠢᠷ᠂ ︽ᠳᠣᠯᠣᠭᠠᠨ ᠵᠢᠱᠢᠶᠡᠴᠢ | ᠪᠣᠯᠬᠤ︾ ᠬᠠᠷᠠᠯᠲᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ | ᠬᠥᠮᠦᠵᠢᠯ ᠢ ᠪᠣᠳᠠᠲᠠᠢ ᠲᠥᠷᠥᠭᠳᠡᠯ ᠲᠠᠢ ᠪᠦᠲᠦᠮᠵᠢᠲᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ︽ | ᠭᠤᠷᠪᠠᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠦᠨ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠦᠷᠢᠶ᠎ᠡ ᠬᠤᠰᠢᠭᠤ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ | ᠨᠢᠭᠡ ᠵᠢᠯ ᠤᠨ ᠲᠤᠷᠰᠢ᠂ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠤᠨ ᠠᠯᠪᠠᠨ ᠠᠴᠠ | ᠪᠠᠭᠤᠭᠰᠠᠳ ᠤᠨ ᠠᠵᠢᠯ ᠢ ᠯᠠᠪᠳᠠᠭᠤᠨ ᠠᠬᠢᠭᠤᠯᠵᠤ᠂ ᠲᠡᠯᠡᠶ ᠶᠢᠨ ᠴᠡᠷᠢᠭ ᠤᠨ ︽ᠲᠦᠩᠯᠢᠶᠣᠣ ᠴᠡᠷᠢᠭ ᠤᠨ ᠬᠥᠯᠭᠡ ᠣᠩᠭᠤᠴᠠ︾ ᠳᠤ ᠲᠤᠭ ᠣᠯᠭᠤᠵᠤ | ᠵᠢᠭᠰᠠᠭᠠᠯ ᠳᠤ ᠣᠷᠣᠭᠤᠯᠪᠠ᠃ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠷᠠᠳᠢᠣ᠋ ᠨᠡᠪᠲᠡᠷᠡᠭᠦᠯᠭᠡ ᠲᠧᠯᠸᠢᠰ᠂ | ᠲᠡᠦᠬᠡ ᠣᠶᠢᠯᠠᠯᠭ᠎ᠠ ᠲᠠᠩᠰᠠ ᠡᠪᠬᠡᠮᠡᠯ᠂ ᠬᠥᠮᠥᠨ ᠠᠮᠠ ᠲᠥᠯᠥᠪᠯᠡᠭᠡᠲᠦ ᠦᠷᠡᠵᠢᠯ᠂ ᠭᠠᠵᠠᠷ ᠬᠥᠳᠡᠯᠦᠯᠲᠡ᠂ ᠴᠠᠭ ᠠᠭᠤᠷ᠂ ᠬᠠᠩᠭᠠᠨ ᠪᠣᠷᠤᠯᠠᠭᠤᠯᠭ᠎ᠠ᠂ ᠰᠢᠤᠳᠠᠨ᠂ | ᠬᠢᠯᠢ ᠶᠢᠨ ᠪᠣᠭᠤᠮᠲᠠ ᠵᠡᠷᠭᠡ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ | ᠠᠵᠢᠯᠴᠢᠨ ᠤ ᠡᠪᠯᠡᠯ᠂ ᠨᠢᠭᠦᠯᠡᠰᠦᠩᠭᠦᠢ᠂ ᠤᠯᠠᠭᠠᠨ ᠵᠠᠭᠠᠯᠮᠠᠶᠢᠳᠠᠨ᠂ ᠰᠠᠶᠢᠨ ᠳᠤᠷ᠎ᠠ ᠶᠢᠨ ᠦᠢᠯᠡᠴᠢᠯᠡᠭᠡ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ | ᠠᠵᠢᠯ ᠦᠢᠯᠡᠰ ᠰᠢᠨ᠎ᠡ ᠬᠥᠭᠵᠢᠯᠲᠡ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠪᠠᠷ ᠰᠡᠳᠬᠢᠯ ᠢᠶᠠᠨ | ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ︽ᠬᠤᠶᠠᠷ ᠲᠣᠭᠲᠠᠭᠠᠯ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠬᠠᠮᠠᠭᠠᠯᠠᠯ︾ ᠢ | ᠦᠨᠡᠨᠴᠢ ᠪᠠᠷ ᠦᠢᠯᠡᠳᠦᠯᠭᠡᠵᠢᠭᠦᠯᠪᠡ᠃ ᠵᠠᠰᠠᠭ ᠤᠨ ᠣᠷᠳᠣᠨ ᠤ ᠠᠵᠢᠯ ᠤᠨ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ | ᠮᠠᠷᠭᠤᠯᠳᠤᠭᠠᠨ ᠢ ᠰᠢᠢᠳᠪᠦᠷᠢᠯᠡᠬᠦ ︽ᠵᠠᠰᠠᠭ ᠤᠨ ᠣᠷᠳᠣᠨ ᠪᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠬᠠᠮᠲᠤᠷᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠤᠨ | ᠂ ᠬᠢᠨᠠᠯᠲᠠ ᠲᠠᠯᠪᠢᠬᠤ ᠶᠢ ᠴᠢᠩᠭᠠᠷᠠᠭᠤᠯᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ᠂ ᠱᠠᠭᠠᠷᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠶᠢᠨ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠠᠬᠢᠭᠤᠯᠵᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠬᠤ ᠡᠭᠦᠷᠭᠡ ᠶᠢ ᠪᠡᠶᠡᠯᠡᠭᠦᠯᠪᠡ᠃ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 124 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 222 | ᠳᠤᠷᠠᠳᠤᠯᠭ᠎ᠠ ᠳᠤ ᠬᠠᠷᠢᠭᠤ ᠥᠭᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠤᠯᠤᠭ᠎ᠠ ᠶᠢ | ᠲᠠᠶᠠᠭᠳᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠥᠷᠨᠢᠭᠦᠯᠵᠦ᠂ ︽ᠭᠤᠷᠪᠠᠨ ᠠᠷᠪᠢᠨ | ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠵᠤ᠂ ︽ᠲᠠᠪᠤᠨ ᠰᠠᠨᠠᠭᠠᠴᠢᠯᠠᠭ᠎ᠠ ᠲᠠᠢ︾ ᠪᠠᠷ ᠠᠵᠢᠯᠯᠠᠬᠤ ᠠᠷᠭ᠎ᠠ ᠶᠢ ᠰᠠᠨᠠᠭᠠᠴᠢᠯᠠᠨ᠂ | ᠠᠷᠭ᠎ᠠ ᠰᠦᠪᠡᠭᠴᠢᠯᠡᠬᠦ ᠶᠢ ᠦᠨᠡᠨ ᠬᠦ ᠠᠳᠬᠤᠵᠤ᠂ ᠨᠢᠭᠡ ᠨᠢᠭᠡ ᠠᠯᠬᠤᠮ ᠢᠶᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠭᠦᠢᠴᠡᠳᠬᠡᠬᠦ | ᠬᠦᠴᠦᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠪᠢᠳᠡ ᠠᠶᠤᠯ ᠲᠦᠭᠰᠢᠭᠦᠷᠢ ᠶᠢ ᠠᠷᠢᠯᠭᠠᠵᠤ ᠬᠤᠪᠢᠷᠠᠯᠲᠠ ᠶᠢ ᠰᠡᠷᠭᠡᠶᠢᠯᠡᠬᠦ | ᠶᠠᠪᠤᠴᠠ ᠳᠤ ᠰᠢᠯᠭᠠᠯᠲᠠ ᠶᠢ ᠳᠠᠭᠠᠭᠠᠵᠤ᠂ ᠰᠠᠭᠤᠷᠢ ᠶᠢ ᠲᠠᠯᠪᠢᠵᠤ ᠬᠦᠴᠦᠨ ᠢ ᠬᠤᠷᠠᠮᠳᠤᠭᠤᠯᠬᠤ ᠶᠠᠪᠤᠴᠠ ᠳᠤ ᠵᠢᠭᠰᠠᠭᠠᠯ ᠢᠶᠠᠨ ᠲᠣᠭᠲᠠᠪᠤᠷᠢᠵᠢᠭᠤᠯᠵᠤ᠂ | ᠤᠷᠤᠭᠰᠢᠯᠠᠨ ᠰᠢᠪᠲᠤᠯᠬᠤ ᠶᠠᠪᠤᠴᠠ ᠳᠤ ᠬᠥᠳᠡᠯᠭᠡᠭᠴᠢ ᠬᠦᠴᠦᠨ ᠢᠶᠠᠨ ᠲᠡᠭᠦᠯᠳᠡᠷᠵᠢᠭᠦᠯᠵᠦ᠂ ︽ᠬᠦᠴᠢᠷᠳᠡᠯ ᠢ ᠰᠢᠪᠲᠤᠯᠬᠤ︾ ᠲᠠᠯ᠎ᠠ ᠪᠠᠷ ᠴᠢᠬᠤᠯᠠ ᠶᠡᠭᠡ | ᠠᠬᠢᠴᠠ ᠲᠠᠢ ᠪᠣᠯᠪᠠ᠃ ᠠᠮᠵᠢᠯᠲᠠ ᠪᠦᠲᠦᠮᠵᠢ ᠣᠯᠣᠭᠰᠠᠨ ᠤ ᠵᠠᠩᠭᠢᠯᠠᠭ᠎ᠠ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ | ᠤᠨᠤᠪᠴᠢᠲᠠᠢ ᠤᠳᠤᠷᠢᠳᠤᠯᠭ᠎ᠠ ᠪᠠᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢ ᠪᠦᠯᠬᠦᠮᠳᠡᠭᠦᠯᠦᠨ ᠳᠠᠭᠠᠭᠤᠯᠵᠤ ᠪᠣᠳᠠᠲᠠᠢ ᠠᠵᠢᠯᠯᠠᠵᠤ ᠡᠷᠡᠯᠬᠡᠭᠯᠡᠨ | ᠤᠷᠤᠭᠰᠢᠯᠠᠭᠰᠠᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠪᠣᠯᠣᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ | ᠬᠥᠮᠥᠰ᠂ ᠬᠤᠳᠠ ᠳᠤ ᠰᠠᠭᠤᠭ᠎ᠠ ᠲᠥᠪ ᠪᠠ ᠣᠷᠣᠨ ᠤ ᠰᠢᠭᠤᠳ ᠬᠠᠷᠢᠶ᠎ᠠ ᠨᠢᠭᠡᠴᠡ ᠪᠣᠯᠣᠨ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ | ᠲᠦᠩᠯᠢᠶᠣᠣ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋᠂ ᠤᠷᠤᠭᠰᠢᠯᠠᠯᠲᠠ ᠳᠤ ᠶᠡᠷᠦ ᠠᠴᠠ ᠰᠠᠷᠠᠭᠤᠯ ᠳᠠᠷᠳᠠᠩ ᠵᠠᠮ ᠪᠠᠶᠢᠬᠤ ᠦᠭᠡᠢ᠂ ᠮᠠᠨ ᠤ ᠬᠤᠲᠠ ᠶᠢᠨ ᠠᠵᠤ ᠠᠬᠤᠢ ᠶᠢᠨ ᠶᠡᠷᠦᠩᠬᠡᠢ | ᠬᠡᠮᠵᠢᠶ᠎ᠡ ᠲᠡᠶᠢᠮᠦ ᠶᠡᠭᠡ ᠪᠢᠰᠢ᠂ ᠬᠥᠭᠵᠢᠯᠲᠡ ᠶᠢᠨ ᠬᠥᠳᠡᠯᠭᠡᠭᠴᠢ ᠬᠦᠴᠦᠨ ᠤ ᠲᠤᠯᠭᠠᠭᠤᠷᠢᠯᠠᠯ ᠪᠠᠰᠠ ᠪᠠᠲᠤ ᠪᠠᠬᠢ ᠪᠢᠰᠢ᠂ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠳᠤᠲᠠᠭᠤᠳᠠᠯ ᠢᠯᠡᠷᠬᠡᠢ ᠪᠠᠶᠢᠵᠤ᠂ ᠵᠠᠷᠢᠮ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠠᠰᠠ ᠴᠥᠭᠡᠨ ᠪᠤᠰᠤ ᠬᠦᠴᠢᠷᠳᠡᠯ ᠲᠤᠯᠭᠠᠷᠠᠵᠤ ᠪᠠᠶᠢᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠮᠥᠨ ᠯᠡ ᠮᠠᠰᠢ ᠬᠡᠪᠡᠷᠡᠭ ᠪᠠᠶᠢᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠭᠦᠷᠭᠡ ᠪᠠᠰᠠ ᠮᠠᠰᠢ ᠨᠦᠰᠡᠷ | ᠬᠦᠨᠳᠦ ᠪᠠᠶᠢᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ | ᠨᠥᠬᠦᠪᠦᠷᠢᠯᠡᠬᠦ ᠳᠤ ᠪᠠᠰᠠ ᠨᠡᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠲᠠᠢ ᠪᠠᠶᠢᠨ᠎ᠠ᠃ ᠵᠠᠰᠠᠭ ᠤᠨ ᠣᠷᠳᠣᠨ ᠤ ᠵᠠᠷᠢᠮ ᠠᠵᠢᠯᠲᠠᠨ ᠤ ᠴᠢᠳᠠᠪᠤᠷᠢ ᠨᠢ ᠴᠠᠭ ᠤᠨ | ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠳᠠᠭᠠᠵᠤ ᠠᠮᠵᠢᠬᠤ ᠦᠭᠡᠢ ᠪᠠᠶᠢᠵᠤ᠂ ᠠᠵᠢᠯ ᠤᠨ ᠲᠠᠯ᠎ᠠ ᠪᠠᠷ ︽ᠤᠳᠠᠭᠠᠨ᠂ ᠪᠦᠳᠦᠭᠦᠯᠢᠭ᠂ ᠬᠡᠶᠢᠰᠪᠦᠷᠢ ᠪᠠᠶᠢᠬᠤ︾ | ᠠᠰᠠᠭᠤᠳᠠᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠪᠠ᠃ ᠪᠢᠳᠡ ᠠᠰᠠᠭᠤᠳᠠᠯ ᠳᠤ ᠰᠢᠭᠤᠳ ᠬᠠᠨᠳᠤᠵᠤ᠂ | ᠬᠦᠴᠦᠲᠡᠢ ᠠᠷᠭ᠎ᠠ ᠬᠡᠮᠵᠢᠶ᠎ᠡ ᠠᠪᠴᠤ ᠬᠢᠨᠠᠮᠠᠭᠠᠢ ᠰᠢᠢᠳᠪᠦᠷᠢᠯᠡᠵᠦ᠂ ᠠᠵᠢᠯ ᠢᠶᠠᠨ ᠨᠡᠩ ᠰᠠᠶᠢᠨ ᠬᠢᠬᠦ ᠪᠠᠷ ᠴᠢᠷᠮᠠᠶᠢᠨ᠎ᠠ᠃ | | ᠬᠤᠶᠠᠷ᠂ 2024 ᠤᠨ ᠤ ᠭᠤᠤᠯ ᠠᠵᠢᠯ | | ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ | ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯᠳᠤᠭᠠᠨ ᠤ ᠪᠠᠶᠢᠷᠢᠭᠤᠯᠤᠯᠲᠠ ᠶᠤᠰᠤᠭᠠᠷ᠂ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠬᠡᠪᠰᠢᠮᠡᠯ | ᠠᠷᠭ᠎ᠠ ᠪᠠᠷᠢᠯ ᠢ ᠰᠢᠨᠡᠳᠬᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ | ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠰᠢᠨ᠎ᠡ ᠵᠠᠮ ᠢᠶᠠᠷ ᠵᠠᠮᠨᠠᠵᠤ᠂ ᠳᠤᠮᠳᠠᠭᠤᠷ ᠣᠷᠣᠬᠤ︾ ᠪᠠᠶᠢᠯᠳᠤᠬᠤ | ᠪᠣᠳᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠪᠠ | ᠲᠤᠯᠤᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ | ᠪᠣᠳᠠᠰ ᠤᠨ ᠰᠠᠭᠤᠷᠢ ᠶᠢ ᠪᠠᠲᠤᠳᠬᠠᠬᠤ ᠵᠢᠷᠭᠤᠭᠠᠨ ᠵᠦᠢᠯ ᠤᠨ ᠡᠭᠦᠷᠭᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠥᠳᠡᠯᠭᠡᠭᠴᠢ ᠬᠦᠴᠦᠨ ᠢ ᠢᠳᠡᠪᠬᠢᠲᠡᠢ ᠪᠣᠶ ᠪᠣᠯᠭᠠᠨ᠂ ᠳᠠᠪᠠᠯᠲᠠ ᠲᠠᠢ ᠨᠡᠬᠡᠯᠲᠡ ᠶᠢᠨ ᠬᠤᠷᠳᠤᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠩᠯᠢᠶᠣᠣ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 7% ᠠᠴᠠ ᠳᠡᠭᠡᠭᠰᠢ ᠨᠡᠮᠡᠭᠳᠡᠭᠦᠯᠵᠦ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 25% ᠠᠴᠠ ᠳᠡᠭᠡᠭᠰᠢ ᠨᠡᠮᠡᠭᠳᠡᠭᠦᠯᠵᠦ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 7% ᠣᠷᠴᠢᠮ ᠨᠡᠮᠡᠭᠳᠡᠭᠦᠯᠵᠦ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 6% ᠣᠷᠴᠢᠮ ᠨᠡᠮᠡᠭᠳᠡᠭᠦᠯᠵᠦ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7% | ᠣᠷᠴᠢᠮ ᠢᠶᠠᠷ ᠨᠡᠮᠡᠭᠳᠡᠭᠦᠯᠵᠦ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ | 8% ᠪᠠᠷ ᠨᠡᠮᠡᠭᠳᠡᠭᠦᠯᠵᠦ︔ ᠬᠤᠳᠠ ᠪᠠᠯᠭᠠᠰᠤᠨ ᠤ 1.2 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠡᠵᠡᠮᠳᠡᠵᠦ︔ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠡᠭᠦᠷᠭᠡ ᠶᠢᠨ | ᠬᠠᠷᠠᠯᠲᠠ ᠶᠢ ᠪᠡᠶᠡᠯᠡᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠵᠠᠪᠠᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠢ ᠬᠠᠮᠤᠭ ᠤᠨ | ᠶᠡᠭᠡ ᠤᠯᠤᠰ ᠲᠦᠷᠦ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠴᠠᠭ ᠦᠶ᠎ᠡ ᠶᠢᠨ ᠠᠷᠭ᠎ᠠ ᠵᠠᠮ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ︽ᠲᠣᠭᠲᠠᠭᠤᠨ | ︾ ᠪᠣᠯᠣᠨ ︽ᠤᠷᠤᠭᠰᠢᠯᠠᠬᠤ︾ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠪᠠᠷᠢᠮᠲᠠᠯᠠᠬᠤ︾ ᠪᠣᠯᠣᠨ ︽ᠰᠢᠨᠡᠳᠬᠡᠬᠦ︾ ᠶᠢ ᠰᠠᠶᠢᠲᠤᠷ ᠤᠶᠠᠯᠳᠤᠭᠤᠯᠵᠤ᠂ | ᠰᠢᠨ᠎ᠡ ᠭᠠᠷᠤᠭ᠎ᠠ ᠳᠡᠭᠡᠷ᠎ᠡ ᠠᠴᠠ ︽ᠬᠦᠴᠢᠷᠳᠡᠯ ᠢ ᠰᠢᠪᠲᠤᠯᠬᠤ︾ ᠬᠠᠨᠳᠤᠰᠢ ᠶᠢ ᠤᠯᠠᠮ ᠴᠢᠨᠠᠭᠰᠢᠳᠠ ᠪᠠᠲᠤᠳᠬᠠᠵᠤ᠂ ︽ᠳᠠᠪᠠᠯᠲᠠ ᠲᠠᠢ ᠨᠡᠬᠡᠯᠲᠡ︾ ᠶᠢᠨ | ᠬᠤᠷᠳᠤᠴᠠ ᠶᠢ ᠲᠦᠷᠭᠡᠳᠬᠡᠵᠦ᠂ ᠰᠠᠶᠢᠲᠤᠷ ᠬᠢᠵᠦ ᠳᠡᠶᠢᠯᠪᠡᠯ ᠰᠠᠶᠢᠲᠤᠷ ᠬᠢᠵᠦ᠂ ᠲᠦᠷᠭᠡᠳᠬᠡᠵᠦ ᠳᠡᠶᠢᠯᠪᠡᠯ ᠲᠦᠷᠭᠡᠳᠬᠡᠨ᠂ ᠪᠦᠬᠦ ᠬᠤᠳᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ | ︵ᠨᠢᠭᠡ︶ ᠬᠡᠷᠡᠭᠴᠡᠭᠡ ᠱᠠᠭᠠᠷᠳᠠᠯᠭ᠎ᠠ ᠶᠢ ᠭᠦᠨ ᠠᠭᠤᠳᠠᠯᠵᠤ᠂ ᠠᠵᠤ ᠠᠬᠤᠢ ᠶᠢᠨ ᠬᠥᠭᠵᠢᠯᠲᠡ ᠶᠢᠨ ᠲᠦᠷᠭᠡᠨ ᠪᠥᠭᠡᠳ ᠰᠢᠯᠢᠳᠡᠭ ᠢᠶᠠᠷ ᠬᠥᠭᠵᠢᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠬᠤ ᠪᠥᠭᠡᠳ ᠦᠢᠯᠡᠴᠢᠯᠡᠵᠦ᠂ | ᠬᠡᠷᠡᠭᠯᠡᠭᠡ᠂ ᠪᠡᠯᠡ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢ ᠪᠦᠲᠦᠮᠵᠢᠲᠡᠶ ᠳᠠᠶᠢᠴᠢᠯᠠᠵᠤ᠂ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ | ᠳᠡᠭᠡᠭᠰᠢᠯᠡᠭᠦᠯᠬᠦ ᠲᠠᠯ᠎ᠠ ᠪᠠᠷ ᠢᠳᠡᠪᠬᠢᠲᠡᠢ ᠲᠡᠮᠡᠴᠡᠵᠦ᠂ ᠲᠡᠷᠢᠭᠦᠯᠡᠬᠦ ᠪᠠᠷ ᠴᠢᠷᠮᠠᠶᠢᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ︽ᠲᠥᠷᠥᠯ ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ | ᠭᠤᠣᠯᠳᠠᠯᠭ᠎ᠠ ᠪᠣᠯᠭᠠᠬᠤ︾ ᠶᠢ ᠪᠠᠷᠢᠮᠲᠠᠯᠠᠨ᠂ ᠭᠤᠣᠯᠳᠠᠯᠭ᠎ᠠ ᠲᠠᠢ ᠲᠥᠷᠥᠯ ᠵᠦᠢᠯ ᠢ 510 ᠠᠴᠠ ᠳᠡᠭᠡᠭᠰᠢ ᠬᠡᠷᠡᠭᠵᠢᠭᠦᠯᠵᠦ᠂ ᠯᠦᠩ ᠮᠠ ᠶᠢᠨ 200 ᠲᠦᠮᠡᠨ | ᠲᠣᠨ ᠳᠠᠪᠲᠠᠮᠠᠯ ᠲᠣᠨᠤᠭ᠂ ᠶᠢᠨ ᠯᠢᠶᠠᠨ ᠤ 55 ᠲᠦᠮᠡᠨ ᠲᠣᠨ ᠲᠠᠲᠠᠳᠠᠭ ᠯᠠᠰᠠ ᠶᠢᠨ ᠮᠠᠲ᠋ᠧᠷᠢᠶᠠᠯ ᠵᠢᠴᠢ ᠮᠠᠰᠢᠨ ᠲᠡᠷᠭᠡᠨ ᠤ ᠬᠠᠪᠲᠠᠰᠤᠨ ᠮᠠᠲ᠋ᠧᠷᠢᠶᠠᠯ ᠵᠡᠷᠭᠡ 50 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ 17 ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠰᠡᠷᠭᠦᠭᠡᠬᠦ ᠶᠢ ᠠᠬᠢᠭᠤᠯᠵᠤ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 530 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃ ︽ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ︾ ᠢ ᠬᠡᠷᠡᠭᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠮᠵᠢᠬᠦ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠢᠵᠢ | ᠪᠦᠷᠢᠳᠦᠭᠦᠯᠬᠦ ᠠᠷᠭ᠎ᠠ ᠬᠡᠮᠵᠢᠶ᠎ᠡ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠡᠷᠭᠡ | ᠠᠯᠢ ᠤᠯᠠᠨ ᠳᠡᠮᠵᠢᠬᠦ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠨᠢᠭᠡᠳ ᠨᠢᠭᠡ ᠪᠠᠷ ᠰᠤᠳᠤᠯᠤᠨ ᠲᠦᠷᠦᠯ ᠵᠦᠢᠯ ᠢ ᠪᠦᠲᠦᠭᠡᠵᠦ᠂ ᠠᠷᠭ᠎ᠠ | ᠬᠡᠮᠵᠢᠶ᠎ᠡ ᠪᠣᠯᠭᠠᠨ ᠬᠤᠪᠢᠷᠠᠭᠤᠯᠵᠤ᠂ ᠪᠠᠶᠢᠩᠭᠤᠵᠢᠭᠤᠯᠤᠨ ᠵᠣᠯᠭᠠᠭᠤᠯᠵᠤ᠂ ᠲᠦᠷᠦᠯ ᠵᠦᠢᠯ ᠲᠣᠭᠲᠠᠭᠠᠨ ᠪᠡᠯᠡ ᠮᠥᠩᠭᠦ ᠴᠢᠷᠮᠠᠶᠢᠨ ᠣᠯᠵᠤ᠂ ᠪᠦᠬᠦ ᠵᠢᠯ ᠳᠤ ᠳᠡᠭᠡᠳᠦ | ᠱᠠᠲᠤᠨ ᠤ ᠲᠦᠷᠦᠯ ᠵᠦᠢᠯ ᠤᠨ ᠪᠡᠯᠡ ᠮᠥᠩᠭᠦ ᠣᠯᠬᠤ ᠶᠢ ᠲᠠᠬᠢᠨ 10 ᠬᠤᠪᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠤᠨ ᠰᠢᠨ᠎ᠡ ᠶᠢ ᠡᠭᠦᠳᠬᠦ ᠣᠨ ᠤ ᠠᠵᠢᠯᠯᠠᠭ᠎ᠠ ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ ︽ᠡᠪᠦᠯ ᠤᠨ ᠤᠯᠠᠷᠢᠯ ᠤᠨ ᠳᠠᠶᠢᠯᠠᠯᠳᠤᠭᠠᠨ︾ ᠢ ᠰᠠᠶᠢᠲᠤᠷ | ᠬᠢᠵᠦ᠂ ᠭᠤᠷᠪᠠᠨ ᠠᠵᠤ ᠦᠢᠯᠡᠰ ᠢ ᠵᠡᠷᠭᠡᠪᠡᠷ ᠠᠳᠬᠤᠬᠤ᠂ ᠶᠡᠭᠡ ᠪᠠᠭ᠎ᠠ ᠲᠥᠷᠥᠯ ᠵᠦᠢᠯ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠠᠵᠤ ᠦᠢᠯᠡᠰ ᠤᠨ | ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠮᠢᠩᠭᠠᠨ ᠲᠦᠮᠡᠨ ᠲᠥᠭᠦᠷᠢᠭ ᠢ | ᠳᠠᠪᠠᠭᠰᠠᠨ ᠲᠥᠷᠥᠯ ᠵᠦᠢᠯ ᠢ 600 ᠠᠴᠠ ᠳᠡᠭᠡᠭᠰᠢ ᠤᠷᠢᠨ ᠠᠪᠴᠢᠷᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠬᠦ ᠪᠠᠷ | ᠴᠢᠷᠮᠠᠶᠢᠨ᠎ᠠ᠃ ᠠᠵᠤ ᠦᠢᠯᠡᠰ ᠤᠨ ᠪᠡᠯᠡ ᠣᠷᠣᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ 249 ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ | ᠵᠦᠢᠯ ᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠬᠦᠴᠦᠲᠡᠢ ᠪᠠᠶᠢᠳᠠᠯ ᠢ ᠪᠠᠬᠢᠵᠢᠭᠦᠯᠵᠦ᠂ ᠮᠠᠯ ᠲᠠᠷᠢᠶᠠᠯᠠᠩ ᠤᠨ ᠠᠵᠤ ᠠᠬᠤᠢ ᠪᠠ | ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢ ᠰᠡᠷᠭᠦᠭᠡᠬᠦ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠷᠠᠳ ᠤᠨ ᠪᠡᠯᠡ ᠣᠷᠣᠭᠤᠯᠤᠯᠲᠠ ᠶᠢᠨ ᠭᠤᠣᠯ | ᠬᠦᠴᠦᠨ ᠤ ᠦᠢᠯᠡᠳᠦᠯ ᠢ ᠪᠠᠳᠠᠷᠠᠭᠤᠯᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠥᠬᠦ ᠦᠶᠡᠯᠡᠯ ᠤᠨ | ᠬᠤᠭᠤᠴᠠᠭᠠᠨ ᠳᠤ ᠰᠢᠯᠢᠳᠡᠭᠵᠢᠭᠦᠯᠵᠦ᠂ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠵᠤ᠂ ᠠᠰᠢᠭ ᠬᠦᠷᠲᠡᠭᠡᠨ᠎ᠡ᠃ | ᠬᠡᠷᠡᠭᠯᠡᠭᠡᠨ ᠤ ᠳᠠᠯᠳᠠ ᠴᠢᠳᠠᠪᠤᠷᠢ ᠶᠢ ᠬᠦᠴᠦᠯᠡᠨ ᠬᠥᠭᠵᠢᠭᠡᠨ᠎ᠡ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ | ᠬᠡᠷᠡᠭᠵᠢᠭᠦᠯᠵᠦ᠂ ᠬᠠᠩᠭᠠᠯᠭ᠎ᠠ ᠶᠢ ᠰᠢᠯᠢᠳᠡᠭᠵᠢᠭᠦᠯᠦᠨ ᠬᠡᠷᠡᠭᠯᠡᠭᠡ ᠶᠢ ᠬᠥᠭᠵᠢᠭᠡᠨ᠂ ᠬᠡᠷᠡᠭᠯᠡᠭᠡ ᠶᠢ ᠦᠯᠡᠳᠡᠭᠡᠵᠤ᠂ ᠬᠡᠷᠡᠭᠯᠡᠭᠡᠨ ᠤ ᠭᠤᠣᠯ ᠬᠤᠳᠠ ᠶᠢ ᠪᠦᠲᠦᠭᠡᠨ | ᠪᠠᠶᠢᠭᠤᠯᠤᠨ᠎ᠠ᠃ ᠶᠡᠭᠡ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠤ᠂ ᠰᠢᠨ᠎ᠡ ᠡᠨᠧᠷᠭᠢ ᠶᠢᠨ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ | ᠬᠡᠯᠲᠦᠷᠢᠭᠦᠯᠬᠦ᠂ ᠣᠷᠣᠨ ᠰᠠᠭᠤᠴᠠ ᠶᠢᠨ ᠵᠥᠷᠢᠶᠡᠲᠦ ᠵᠢᠭᠡᠯᠡᠯᠭᠡ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠳᠡᠮᠵᠢᠯᠭᠡ ᠶᠢᠨ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ︽ᠰᠠᠭᠤᠷᠢ︾ ᠶᠢ ᠲᠣᠭᠲᠠᠪᠤᠷᠢᠵᠢᠭᠤᠯᠤᠨ᠎ᠠ᠃ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠵᠦ᠂ | ᠢᠳᠡᠭᠡᠨ ᠤᠮᠳᠠᠭᠠᠨ ᠤ ᠬᠡᠷᠡᠭᠯᠡᠭᠡ᠂ ᠰᠣᠶᠣᠯ ᠵᠤᠭᠠᠴᠠᠯ ᠤᠨ ᠬᠡᠷᠡᠭᠯᠡᠭᠡ ᠶᠢ ᠦᠷᠭᠦᠯᠵᠢᠯᠡᠨ ᠰᠡᠷᠭᠦᠭᠡᠵᠦ᠂ ᠲᠣᠭᠠᠵᠢᠯᠠᠭᠰᠠᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ᠂ | ᠡᠷᠡᠭᠦᠯᠵᠢᠯ ᠤᠨ ᠬᠡᠷᠡᠭᠯᠡᠭᠡ ᠶᠢ ᠶᠡᠬᠡᠪᠡᠷ ᠬᠥᠭᠵᠢᠭᠦᠯᠵᠦ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠭᠡᠷ ᠠᠬᠤᠢ᠂ ︽ᠰᠢᠨ᠎ᠡ ᠬᠤᠳᠠ ᠶᠢᠨ ᠠᠷᠠᠳ︾ ᠵᠡᠷᠭᠡ | ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠢᠳᠡᠪᠬᠢᠲᠡᠢ ᠪᠣᠶᠢᠵᠢᠭᠤᠯᠤᠨ᠎ᠠ᠃ ᠬᠡᠷᠡᠭᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠰᠢᠭᠤ ᠰᠢᠶᠠᠨ ᠤ | ᠣᠨᠴᠠᠯᠢᠭᠲᠤ ᠬᠤᠳᠠᠯᠳᠤᠭᠠᠨ ᠤ ᠴᠤᠭᠯᠠᠷᠠᠯ ᠤᠨ ᠲᠣᠭᠤᠷᠢᠭ᠂ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠪᠠᠶᠢᠭᠤᠯᠬᠤ ᠶᠢ | ᠳᠡᠮᠵᠢᠵᠦ᠂ ᠰᠡᠯᠡᠭᠦᠴᠡᠯ ᠤᠨ ᠵᠡᠭᠡᠯᠢ ᠲᠣᠭᠤᠷᠢᠭ᠂ ᠰᠥᠨᠢ ᠶᠢᠨ ᠵᠠᠬ᠎ᠠ ᠳᠡᠯᠭᠡᠭᠦᠷ᠂ ᠡᠷᠲᠡ ᠶᠢᠨ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠴᠤᠭᠯᠠᠭ᠎ᠠ ᠮᠠᠶᠢᠮᠠᠢ ᠶᠢ | ᠪᠠᠶᠢᠭᠤᠯᠵᠤ᠂ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠤᠳᠠᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠡᠷᠡᠭᠯᠡᠭᠡᠨ ᠤ ᠬᠡᠯᠪᠡᠷᠢ ᠪᠠᠶᠢᠳᠠᠯ ᠢ | ᠪᠠᠶᠠᠯᠢᠭᠵᠢᠭᠤᠯᠵᠤ᠂ ᠰᠥᠨᠢ ᠶᠢᠨ ᠠᠵᠤ ᠠᠬᠤᠢ᠂ ᠠᠮᠠᠷᠠᠯᠲᠠ ᠶᠢᠨ ᠡᠳᠦᠷ ᠤᠨ ᠠᠵᠤ ᠠᠬᠤᠢ᠂ ᠠᠩᠬᠠᠨ ᠤ ᠳᠡᠯᠭᠡᠭᠦᠷ ᠤᠨ ᠠᠵᠤ ᠠᠬᠤᠢ᠂ ᠵᠢᠵᠢᠭ ᠳᠡᠯᠭᠡᠭᠦᠷ ᠤᠨ | ᠠᠵᠤ ᠠᠬᠤᠢ ᠶᠢ ᠬᠥᠭᠵᠢᠭᠡᠵᠦ᠂ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠰᠢᠭᠤᠳ | ᠨᠡᠪᠲᠡᠷᠡᠭᠦᠯᠭᠡ ᠶᠢᠨ ᠠᠵᠤ ᠠᠬᠤᠶᠢᠯᠠᠯ ᠢ ᠰᠢᠨ᠎ᠡ ᠪᠠᠷ 40 ᠨᠡᠮᠡᠭᠳᠡᠭᠦᠯᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 85 ᠳ᠋ᠦᠩᠰᠢᠭᠤᠷ | ᠲᠥᠭᠦᠷᠢᠭ ᠪᠣᠯᠭᠠᠨ᠎ᠠ᠃ ᠬᠡᠷᠡᠭᠯᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠠᠨᠠᠭ᠎ᠠ ᠠᠮᠤᠷ ᠬᠡᠷᠡᠭᠯᠡᠭᠡ ᠶᠢᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠢ | ᠡᠭᠦᠳᠦᠨ ᠪᠠᠶᠢᠭᠤᠯᠬᠤ ᠶᠢ ᠠᠬᠢᠭᠤᠯᠤᠨ᠂ ︽ᠲᠦᠩᠯᠢᠶᠣᠣ ᠳᠤ ᠴᠤᠭᠯᠠᠷᠠᠨ᠂ ᠬᠡᠷᠡᠭᠯᠡᠭᠡ ᠶᠢ ᠡᠳ᠋ᠯᠡᠬᠦ︾ ᠰᠢᠷᠢᠰ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ | ᠂ ︽ᠲᠦᠩᠯᠢᠶᠣᠣ ᠳᠠᠬᠢ ᠲᠠᠭᠠᠯᠠᠮᠵᠢᠲᠠᠢ ᠬᠡᠷᠡᠭᠯᠡᠭᠡ︾ ᠬᠡᠮᠡᠬᠦ ᠬᠡᠷᠡᠭᠯᠡᠭᠡ ᠶᠢᠨ ᠨᠠᠷᠠᠲᠤ ᠱᠣᠰᠢᠭ᠎ᠠ ᠶᠢ ᠪᠣᠶ ᠪᠣᠯᠭᠠᠨ᠎ᠠ᠃ | ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠦᠷᠭᠡᠪᠴᠢᠯᠡᠨ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ︽ᠴᠢᠯᠦᠭᠡᠲᠦ ᠠᠷᠠᠯᠵᠢᠶᠠᠨ ᠤ ᠣᠷᠣᠨ ᠢ | ᠡᠭᠦᠳᠦᠨ ᠪᠠᠶᠢᠭᠤᠯᠬᠤ ᠢᠨᠵᠧᠨᠧᠷᠢᠩ︾ ᠢ ᠬᠡᠷᠡᠭᠵᠢᠭᠦᠯᠬᠦ ᠠᠵᠠ ᠲᠣᠬᠢᠶᠠᠯ ᠢ ᠠᠳᠬᠤᠨ᠂ ᠭᠠᠳᠠᠭᠠᠳᠤ ᠠᠷᠠᠯᠵᠢᠶ᠎ᠠ ᠶᠢᠨ ᠬᠥᠭᠵᠢᠯᠲᠡ ᠶᠢ ᠳᠡᠭᠡᠭᠰᠢᠯᠡᠭᠦᠯᠬᠦ ᠭᠤᠷᠪᠠᠨ | ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶ᠎ᠡ ᠶᠢ 50 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠠᠪᠴᠠᠩ ᠪᠠᠶᠢᠭᠤᠯᠵᠤ᠂ ᠠᠯᠠᠰᠢᠨ ᠦᠬᠡᠷ᠂ ᠬᠤᠯᠢᠮᠠᠭ ᠠᠮᠤ ᠡᠯᠳᠡᠪ ᠪᠤᠷᠴᠠᠭ᠂ | ᠬᠠᠳᠠᠭᠠᠭᠰᠠᠨ ᠤᠯᠠᠭᠠᠨ ᠯᠠᠵᠤᠤ᠂ ᠳᠡᠭᠡᠳᠦ ᠲᠠᠰ ᠤᠨ ᠬᠥᠩᠭᠡᠨᠴᠠᠭᠠᠨ ᠤ ᠮᠠᠲ᠋ᠧᠷᠢᠶᠠᠯ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠣᠬᠢᠷᠲᠤᠯ ᠦᠭᠡᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠪᠢᠴᠢᠯ ᠲᠠᠯᠠᠰᠲᠤ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ | ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠨ᠎ᠡ᠃ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠠᠪᠴᠠᠩ ᠢ ᠪᠠᠶᠢᠭᠤᠯᠵᠤ᠂ | ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠪᠣᠭᠤᠮᠲᠠ ᠬᠠᠭᠠᠵᠤ ᠡᠵᠡᠩᠨᠡᠬᠦ ᠶᠢ ᠠᠬᠢᠭᠤᠯᠤᠨ᠂ ᠣᠯᠠᠨ ᠬᠡᠯᠪᠡᠷᠢ ᠶᠢᠨ ᠬᠤᠯᠪᠤᠭᠠᠯᠠᠨ | ᠲᠡᠭᠡᠭᠡᠪᠦᠷᠢᠯᠡᠬᠦ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ᠂ ᠵᠢᠨᠵᠧᠦ ᠭᠠᠷᠠᠮ ︵ᠲᠦᠩᠯᠢᠶᠣᠣ︶ ᠤᠨ ᠳᠣᠲᠣᠭᠠᠳᠤ ᠬᠠᠭᠤᠷᠠᠢ ᠶᠢᠨ ᠭᠠᠷᠠᠮ ᠯᠤᠭ᠎ᠠ | ᠬᠤᠯᠪᠤᠭᠠᠯᠠᠨ ᠬᠥᠳᠡᠯᠦᠯᠴᠡᠵᠦ ᠬᠥᠭᠵᠢᠬᠦ ᠶᠢ ᠪᠡᠶᠡᠯᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠤᠷᠢᠨ ᠠᠪᠴᠢᠷᠠᠵᠤ ᠪᠣᠶᠢᠵᠢᠭᠤᠯᠤᠨ᠂ ᠨᠥᠬᠦᠴᠡᠯ ᠪᠦᠷᠢᠯᠳᠦᠭᠦᠯᠦᠭᠰᠡᠨ ᠬᠤᠰᠢᠭᠤ | ᠰᠢᠶᠠᠨ ᠤ ᠬᠢᠯᠢ ᠠᠯᠤᠰᠯᠠᠭᠰᠠᠨ O2O ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠣᠯᠠᠨ ᠨᠡᠶᠢᠲᠡ ᠶᠢᠨ | ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠳᠡᠮᠵᠢᠨ᠎ᠡ᠃ ᠭᠠᠳᠠᠭᠠᠳᠤ ᠠᠵᠤ ᠠᠬᠤᠢ ᠠᠷᠠᠯᠵᠢᠶᠠᠨ ᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ | ᠥᠷᠭᠡᠳᠬᠡᠬᠦ ᠶᠢ ᠵᠣᠷᠢᠭᠵᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠣᠷᠣᠯᠠᠨ ᠭᠦᠢᠴᠡᠳᠬᠡᠵᠦ ᠪᠠᠶᠢᠭᠰᠠᠨ ᠠᠴᠠ ᠪᠠᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠥᠪᠡᠷ ᠢᠶᠠᠨ ᠡᠵᠡᠩᠨᠡᠬᠦ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠭᠠᠳᠠᠭᠠᠳᠤ ᠠᠷᠠᠯᠵᠢᠶᠠᠨ ᠤ | ᠪᠤᠴᠠᠯᠲᠠ ᠬᠡᠷᠡᠭᠯᠡᠭᠡ ᠶᠢ ᠠᠬᠢᠭᠤᠯᠵᠤ᠂ ᠵᠢᠯ ᠤᠨ ᠳᠣᠲᠣᠷ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ 50 ᠠᠴᠠ ᠳᠡᠭᠡᠭᠰᠢ | ᠪᠣᠯᠭᠠᠨ᠎ᠠ᠃ | ︵ᠬᠤᠶᠠᠷ︶ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭᠲᠤ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ | ᠪᠠᠶᠢᠭᠤᠯᠤᠨ᠎ᠠ᠃ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨᠲᠠᠢ ᠲᠠᠯ᠎ᠠ ᠪᠠᠨ ᠪᠠᠳᠠᠷᠠᠭᠤᠯᠤᠨ | ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠠᠵᠤ ᠦᠢᠯᠡᠰ ᠤᠨ ᠰᠠᠭᠤᠷᠢ ᠶᠢ ᠳᠡᠭᠡᠳᠦ ᠲᠠᠰ ᠪᠣᠯᠭᠠᠬᠤ᠂ | ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠦᠨ᠎ᠡ᠃ | ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠠᠬᠤᠢ ᠶᠢᠨ ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠬᠤ ᠶᠢ ᠪᠠᠷᠢᠮᠲᠠᠯᠠᠵᠤ᠂ ︽ᠨᠠᠢᠮᠠᠨ ᠤᠶᠠᠯᠳᠤᠯ︾ ᠢ ᠰᠢᠰᠲ᠋ᠧᠮ ᠲᠠᠢ ᠠᠬᠢᠭᠤᠯᠵᠤ᠂ ᠮᠢᠩᠭᠠᠨ | ᠲᠦᠮᠡᠨ ᠮᠦ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠪᠣᠶ | ᠪᠣᠯᠭᠠᠨ᠎ᠠ᠃ ᠵᠢᠯ ᠤᠨ ᠳᠣᠲᠣᠷ᠎ᠠ ᠤᠳᠤᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ 24 ᠪᠠᠶᠢᠭᠤᠯᠵᠤ᠂ ᠣᠲᠣ ᠦᠶ᠎ᠡ ᠶᠢᠨ ᠤᠰᠤ ᠠᠷᠪᠢᠯᠠᠬᠤ | ᠥᠨᠳᠥᠷ ᠤᠨᠠᠯᠲᠠ ᠲᠠᠢ ᠲᠠᠷᠢᠶᠠᠨ ᠭᠠᠵᠠᠷ ᠢ 400 ᠲᠦᠮᠡᠨ ᠮᠦ ᠬᠡᠷᠡᠭᠵᠢᠭᠦᠯᠬᠦ ᠪᠠᠷ ᠴᠢᠷᠮᠠᠶᠢᠵᠤ᠂ ᠣᠲᠣ ᠶᠢᠨ ᠪᠠᠶᠢᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠦᠬᠦᠨ ᠢ ᠬᠤᠶᠠᠷ ᠮᠢᠩᠭᠠᠨ ᠵᠢᠩ ᠤᠨ ᠤᠨᠠᠯᠲᠠ ᠲᠠᠢ ᠲᠠᠷᠢᠶᠠᠨ ᠭᠠᠵᠠᠷ ᠪᠣᠯᠭᠠᠨ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠬᠦᠨ ᠢ ᠬᠠᠮᠤᠷᠬᠤ ᠶᠢ | ᠪᠡᠶᠡᠯᠡᠭᠦᠯᠦᠨ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 190 ᠳ᠋ᠦᠩᠰᠢᠭᠤᠷ ᠵᠢᠩ ᠠᠴᠠ ᠳᠠᠪᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ ︽ᠪᠦᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠣᠷᠣᠨ︾ ᠢ | ᠡᠭᠦᠳᠦᠨ ᠪᠠᠶᠢᠭᠤᠯᠬᠤ ᠬᠠᠷᠠᠯᠲᠠ ᠪᠠᠨ ᠪᠡᠶᠡᠯᠡᠭᠦᠯᠵᠦ᠂ ︽ᠨᠢᠭᠡ ᠲᠥᠪ᠂ ᠭᠤᠷᠪᠠᠨ ᠬᠦᠷᠢᠶᠡᠯᠡᠩ ᠲᠣᠭᠤᠷᠢᠭ᠂ ᠲᠠᠪᠤᠨ ᠰᠠᠭᠤᠷᠢᠨ ᠭᠠᠵᠠᠷ︾ ᠢ ᠲᠦᠷᠭᠡᠳᠭᠡᠨ | ᠪᠠᠶᠢᠭᠤᠯᠵᠤ᠂ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢᠨ ᠲᠠᠯ᠎ᠠ ᠠᠴᠠ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠵᠤ᠂ ᠰᠢᠨ᠎ᠡ ᠠᠷᠭ᠎ᠠ ᠵᠠᠮ ᠰᠦᠪᠡᠭᠴᠢᠯᠡᠨ | ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ᠎ᠠ᠃ ᠠᠯᠠᠰᠢᠨ ᠦᠬᠡᠷ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠤᠬᠢ ᠰᠢᠯᠢᠳᠡᠭ ᠢᠴᠡᠭᠡᠯ ᠦᠷ᠎ᠡ ᠶᠢ ᠰᠠᠶᠢᠲᠤᠷ ᠨᠥᠬᠦᠪᠦᠷᠢᠯᠡᠬᠦ ᠶᠢ ᠤᠬᠠᠭᠤᠯᠤᠨ | ᠳᠡᠯᠭᠡᠷᠡᠭᠦᠯᠬᠦ ᠪᠠ ᠪᠥᠬᠦ ᠶᠠᠪᠤᠴᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠯᠬᠤᠴᠠ ᠶᠢ | ᠲᠦᠷᠭᠡᠳᠬᠡᠨ᠎ᠡ᠃ ᠪᠠᠷᠢᠮᠵᠢᠶᠠᠵᠢᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠣᠷᠳᠣᠵᠤ | ᠲᠠᠷᠭᠤᠯᠠᠭᠤᠯᠬᠤ ᠬᠡᠪᠴᠢᠶ᠎ᠡ ᠶᠢ ᠥᠷᠭᠡᠳᠬᠡᠨ᠂ ᠨᠢᠲᠤᠯᠵᠤ ᠡᠳ᠋ᠰᠢᠭᠦᠯᠬᠦ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠠᠬᠢᠭᠤᠯᠵᠤ᠂ ᠠᠯᠠᠰᠢᠨ ᠦᠬᠡᠷ ᠤᠨ | ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠦᠨ ᠬᠡᠷᠡᠭᠵᠢᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠳᠤ ᠲᠣᠭᠠᠵᠢᠯᠠᠭᠰᠠᠨ ᠡᠨᠧᠷᠭᠢ | ᠣᠯᠭᠤᠬᠤ ᠶᠢ ᠲᠦᠷᠭᠡᠳᠭᠡᠨ᠎ᠡ᠃ ᠵᠢᠯ ᠤᠨ ᠳᠣᠲᠣᠷ᠎ᠠ 150 ᠲᠦᠮᠡ ᠠᠴᠠ ᠳᠡᠭᠡᠭᠰᠢ ᠦᠬᠡᠷ ᠢ ᠬᠦᠢᠲᠡᠨ ᠦᠷ᠎ᠡ ᠪᠠᠷ ᠬᠡᠭᠡᠯᠲᠦᠭᠦᠯᠵᠦ᠂ 1 ᠲᠦᠮᠡᠨ ᠬᠦᠪᠦᠷᠡᠯ ᠢ | ᠰᠢᠯᠵᠢᠭᠦᠯᠦᠨ ᠤᠷᠭᠤᠭᠤᠯᠬᠤ ᠶᠢ ᠬᠡᠷᠡᠭᠵᠢᠭᠦᠯᠦᠨ᠎ᠡ᠃ ᠪᠠᠷᠢᠮᠵᠢᠶᠠᠵᠢᠭᠤᠯᠤᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ 100 ᠪᠠᠶᠢᠭᠤᠯᠵᠤ᠂ ᠴᠢᠨᠠᠷ ᠰᠠᠶᠢᠲᠠᠢ | ᠦᠨᠢᠶ᠎ᠡ ᠶᠢ 200 ᠲᠦᠮᠡ ᠳᠤ ᠬᠦᠷᠦᠭᠦᠯᠵᠦ᠂ ᠠᠯᠠᠰᠢᠨ ᠦᠬᠡᠷ ᠢ 50 ᠲᠦᠮᠡ ᠠᠴᠠ ᠳᠡᠭᠡᠭᠰᠢ ᠪᠣᠯᠭᠠᠵᠤ᠂ ᠨᠢᠲᠤᠯᠵᠤ ᠡᠳ᠋ᠰᠢᠭᠦᠯᠬᠦ ᠬᠡᠮᠵᠢᠶ᠎ᠡ ᠶᠢ 15 | ᠲᠦᠮᠡ ᠠᠴᠠ ᠳᠡᠭᠡᠭᠰᠢ ᠪᠣᠯᠭᠠᠨ᠎ᠠ᠃ ᠠᠷᠪᠠᠨ ᠳᠣᠯᠣᠳᠤᠭᠠᠷ ᠬᠤᠭᠤᠴᠠᠭᠠᠨ ᠤ ︵2024︶ ᠳᠤᠮᠳᠠᠳᠤ ᠤᠯᠤᠰ ᠤᠨ ᠦᠬᠡᠷ ᠤᠨ ᠦᠢᠯᠡᠰ ᠤᠨ | ᠬᠥᠭᠵᠢᠭᠦᠯᠦᠯᠲᠡ ᠶᠢᠨ ᠶᠡᠭᠡ ᠬᠤᠷᠠᠯ ᠢ ᠰᠠᠶᠢᠲᠤᠷ ᠡᠷᠭᠢᠯᠡᠨ᠎ᠡ᠃ ᠮᠠᠯ ᠲᠠᠷᠢᠶᠠᠯᠠᠩ ᠤᠨ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠬᠦᠴᠦᠯᠡᠨ ᠤᠷᠢᠨ | ᠠᠪᠴᠢᠷᠠᠵᠤ ᠪᠣᠶᠢᠵᠢᠭᠤᠯᠤᠨ᠂ ᠠᠯᠠᠰᠢᠨ ᠦᠬᠡᠷ᠂ ᠡᠷᠳᠡᠨᠢ ᠰᠢᠰᠢ᠂ ᠰᠠᠭᠠᠭ᠂ ᠬᠠᠳᠠᠭᠠᠭᠰᠠᠨ ᠤᠯᠠᠭᠠᠨ ᠯᠠᠵᠤᠤ᠂ ᠤᠰᠤᠨ ᠳᠤᠳᠤᠷᠭ᠎ᠠ᠂ ᠣᠶ ᠶᠢᠨ ᠵᠢᠮᠢᠰ ᠵᠡᠷᠭᠡ | ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠰᠠᠶᠢᠲᠤᠷ ᠬᠢᠵᠦ᠂ ︽ᠲᠦᠩᠯᠢᠶᠣᠣ ᠶᠢᠨ ᠲᠠᠷᠢᠶᠠᠯᠠᠩ ᠤᠨ ᠪᠦᠲᠦᠭᠡᠭᠳᠡᠬᠦᠨ︾ ᠬᠡᠮᠡᠬᠦ ᠨᠠᠷᠠᠲᠤ ᠱᠣᠰᠢᠭ᠎ᠠ ᠶᠢ ᠪᠣᠶ | ᠪᠣᠯᠭᠠᠵᠤ᠂ ᠤᠯᠠᠮᠵᠢᠯᠠᠯᠲᠤ ᠮᠠᠯ ᠲᠠᠷᠢᠶᠠᠯᠠᠩ ᠤᠨ ᠠᠵᠤ ᠠᠬᠤᠢ ᠶᠢᠨ ᠲᠣᠮᠣ ᠬᠤᠲᠠ ᠠᠴᠠ ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠠᠬᠤᠢ ᠶᠢᠨ ᠬᠦᠴᠦᠷᠬᠡᠭ | ᠬᠤᠲᠠ ᠳᠠᠰᠢ ᠲᠦᠷᠭᠡᠨ ᠤᠷᠤᠭᠰᠢᠯᠠᠬᠤ ᠶᠢ ᠠᠬᠢᠭᠤᠯᠤᠨ᠎ᠠ᠃ | ︽ᠲᠦᠩᠯᠢᠶᠣᠣ ᠶᠢᠨ ᠠᠵᠤ ᠦᠢᠯᠡᠳᠪᠦᠷᠢ︾ ᠶᠢ ᠲᠠᠬᠢᠨ ᠪᠠᠶᠢᠭᠤᠯᠬᠤ ᠶᠢ ᠲᠦᠷᠭᠡᠳᠬᠡᠨ᠎ᠡ᠃ ︽ᠠᠵᠤ ᠦᠢᠯᠡᠳᠪᠦᠷᠢ ᠶᠢᠨ ᠥᠷᠳᠡᠭ ᠢ ᠳᠠᠬᠢᠨ ᠢᠶᠠᠷ | ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠡᠨᠧᠷᠭᠢ ᠶᠢ ᠠᠵᠤ ᠦᠢᠯᠡᠰ ᠯᠦᠭᠡ ᠬᠠᠮᠵᠢᠯᠴᠠᠨ ᠨᠡᠭᠡᠭᠡᠨ ᠬᠥᠭᠵᠢᠭᠦᠯᠬᠦ ᠶᠢ ᠠᠬᠢᠭᠤᠯᠵᠤ᠂ | ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ 18 ᠭᠤᠣᠯᠳᠠᠯᠭ᠎ᠠ ᠲᠠᠢ ᠲᠥᠷᠥᠯ ᠵᠦᠢᠯ ᠢ ᠰᠡᠷᠭᠦᠭᠡᠵᠦ᠂ ᠮᠠᠰᠢᠨ ᠴᠣᠭᠴᠠᠯᠠᠪᠤᠷᠢ ᠶᠢᠨ | ᠬᠡᠪᠴᠢᠶ᠎ᠡ ᠶᠢ 350 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠴᠠᠬᠢᠯᠭᠠᠨ ᠭᠠᠷᠭᠠᠬᠤ ᠬᠡᠮᠵᠢᠶ᠎ᠡ ᠶᠢᠨ ᠡᠵᠡᠯᠡᠬᠦ ᠬᠠᠷᠢᠴᠠᠯ ᠢ | 30% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ︔ ︽ᠴᠠᠬᠢᠯᠭᠠᠨ ᠰᠤᠷᠪᠤᠯᠵᠢ ᠪᠠᠷ ᠳᠠᠭᠠᠭᠠᠴᠠ ᠶᠢ ᠳᠠᠭᠠᠭᠤᠯᠬᠤ᠂ ᠳᠠᠭᠠᠭᠠᠴᠠ ᠳᠤ ᠵᠣᠬᠢᠴᠠᠭᠤᠯᠤᠨ | ᠴᠠᠬᠢᠯᠭᠠᠨ ᠰᠤᠷᠪᠤᠯᠵᠢ ᠶᠢ ᠲᠣᠭᠲᠠᠭᠠᠬᠤ᠂ ᠠᠮᠢᠳᠤᠯᠢᠭ ᠢᠶᠠᠷ ᠴᠠᠬᠢᠯᠭᠠᠨ ᠲᠣᠣᠷ ᠢ ᠲᠣᠬᠢᠷᠠᠭᠤᠯᠬᠤ᠂ ᠣᠯᠠᠨ ᠡᠰᠢᠵᠢᠭᠦᠯᠦᠨ ᠡᠨᠧᠷᠭᠢ ᠨᠥᠭᠡᠴᠡᠯᠡᠬᠦ︾ ᠶᠢ ᠪᠠᠷᠢᠮᠲᠠᠯᠠᠨ | ᠂ ︽ᠰᠢᠨ᠎ᠡ ᠡᠨᠧᠷᠭᠢ +︾ ᠵᠠᠭᠪᠤᠷ ᠢ ᠬᠡᠷᠡᠭᠯᠡᠨ ᠠᠵᠤ ᠠᠬᠤᠶᠢᠯᠠᠯ ᠳᠤ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠥᠰᠥᠯ ᠢ ᠪᠡᠶ᠎ᠡ ᠳᠤᠨᠢ ᠲᠣᠬᠢᠷᠠᠭᠤᠯᠤᠨ | ᠲᠣᠭᠲᠠᠭᠠᠨ ᠥᠭᠴᠦ᠂ ᠴᠠᠬᠢᠯᠭᠠᠨ ᠤ ᠦᠨ᠎ᠡ ᠶᠢᠨ ᠰᠡᠷᠭᠡᠭ ᠬᠡᠯᠪᠡᠷᠢ ᠶᠢᠨ᠂ ᠪᠣᠬᠢᠷᠲᠤᠯ ᠦᠭᠡᠢ ᠴᠠᠬᠢᠯᠭᠠᠨ ᠳᠤ ᠣᠨᠴᠠ ᠳᠤᠷᠠᠲᠠᠢ ᠬᠡᠯᠪᠡᠷᠢ ᠶᠢᠨ᠂ ᠭᠠᠳᠠᠭᠠᠳᠤ ᠳᠤ | ᠭᠠᠷᠭᠠᠬᠤ ᠳᠤ ᠲᠦᠰᠢᠭᠯᠡᠬᠦ ᠬᠡᠯᠪᠡᠷᠢ ᠶᠢᠨ ᠠᠵᠤ ᠠᠬᠤᠶᠢᠯᠠᠯ ᠢ ᠲᠠᠲᠠᠵᠤ ᠲᠦᠩᠯᠢᠶᠣᠣ ᠳᠤ ᠰᠠᠭᠤᠷᠢᠰᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠵᠦ᠂ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠶᠢ ᠶᠡᠬᠡᠪᠡᠷ ᠠᠬᠢᠭᠤᠯᠵᠤ᠂ ᠲᠣᠭᠠᠵᠢᠯᠠᠭᠰᠠᠨ ᠡᠨᠧᠷᠭᠢ ᠣᠯᠭᠤᠬᠤ ᠶᠢ ᠲᠦᠷᠭᠡᠳᠬᠡᠨ᠂ ︽ | ᠣᠶᠤᠨᠴᠢᠯᠠᠭᠰᠠᠨ ᠥᠭᠡᠷᠡᠴᠢᠯᠡᠯᠲᠡ ᠪᠠ ᠲᠣᠭᠠᠵᠢᠭᠤᠯᠤᠭᠰᠠᠨ ᠬᠡᠯᠪᠡᠷᠢ ᠶᠢᠨ ᠬᠤᠪᠢᠷᠠᠭᠤᠯᠤᠯᠲᠠ︾ ᠶᠢ ᠲᠦᠷᠭᠡᠳᠬᠡᠵᠦ᠂ ᠪᠣᠬᠢᠷᠲᠤᠯ ᠦᠭᠡᠢ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠢ ᠨᠠᠷᠢᠯᠢᠭ ᠭᠦᠨᠵᠡᠭᠡᠢ ᠡᠳ᠋ᠰᠢᠭᠦᠯᠬᠦ ᠳᠠᠰᠢ ᠤᠷᠲᠤᠳᠬᠠᠬᠤ ᠶᠢ ᠠᠬᠢᠭᠤᠯᠵᠤ᠂ | ᠬᠥᠩᠭᠡᠨᠴᠠᠭᠠᠨ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠵᠦ᠂ | ᠨᠢᠺᠧᠯ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠵᠢᠪᠡᠷᠡᠬᠦ ᠦᠭᠡᠢ ᠪᠣᠯᠣᠳ ᠦᠢᠯᠡᠳᠬᠦᠨ ᠳᠠᠰᠢ ᠥᠷᠭᠡᠳᠬᠡᠵᠦ᠂ ᠴᠠᠬᠢᠭᠤᠷ ᠢᠶᠠᠷ | ᠰᠠᠭᠤᠷᠢᠯᠠᠭᠰᠠᠨ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠪᠣᠬᠢᠷᠲᠤᠯ ᠦᠭᠡᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ | ᠬᠡᠯᠬᠢᠶ᠎ᠡ ᠶᠢ ᠴᠢᠩᠭᠠᠷᠠᠭᠤᠯᠤᠨ᠎ᠠ᠃ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠦᠪᠦᠷ ᠮᠤᠩᠭᠤᠯ ︵ᠲᠦᠩᠯᠢᠶᠣᠣ︶ ᠤᠨ | ᠵᠡᠭᠦᠨ ᠬᠡᠰᠡᠭ ᠤᠨ ᠰᠠᠯᠬᠢᠨ ᠬᠥᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠤᠨ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ᠂ ᠪᠤᠯᠤ ᠵᠡᠷᠭᠡ ᠭᠤᠣᠯ ᠰᠡᠯᠪᠢᠭ ᠲᠣᠨᠤᠭ᠂ ᠵᠠᠩᠭᠢᠯᠠᠭ᠎ᠠ ᠶᠢᠨ | ᠲᠣᠨᠣᠭᠯᠠᠭᠠᠰᠤ ᠶᠢ ᠪᠥᠭᠡᠮ ᠢᠶᠠᠷ ᠦᠢᠯᠡᠳᠪᠦᠷᠢᠯᠡᠬᠦ ᠶᠢ ᠲᠦᠷᠭᠡᠳᠬᠡᠵᠦ᠂ ᠡᠷᠳᠡᠨᠢ ᠰᠢᠰᠢ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠵᠠᠪᠰᠠᠷ ᠤᠨ ᠴᠣᠭᠴᠠ᠂ ᠲᠦᠭᠦᠬᠡᠢ ᠮᠠᠲ᠋ᠧᠷᠢᠶᠠᠯ ᠤᠨ ᠡᠮ ᠠᠴᠠ ᠪᠡᠯᠡᠨ ᠡᠮ ᠬᠦᠷᠲᠡᠯᠡᠬᠢ ᠰᠢᠪᠲᠤᠯᠤᠯᠲᠠ ᠶᠢ ᠪᠡᠶᠡᠯᠡᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠢ | ᠢᠳᠡᠪᠬᠢᠲᠡᠢ ᠪᠠᠶᠢᠷᠢᠰᠢᠭᠤᠯᠵᠤ᠂ ︽ᠲᠠᠪᠤᠨ ᠶᠡᠭᠡ ᠬᠦᠷᠢᠶ᠎ᠡ︾ ︽ᠨᠠᠢᠮᠠᠨ ᠶᠡᠭᠡ ᠴᠢᠭᠯᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠤᠰ ᠢ ᠪᠠᠷᠠᠯᠠᠠ ᠰᠤᠳᠤᠯᠵᠤ | ᠂ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠰᠢᠨ᠎ᠡ ᠵᠠᠮ ᠢ ᠵᠠᠪᠳᠤᠨ ᠡᠵᠡᠯᠡᠨ᠎ᠡ᠃ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ | ᠬᠦᠴᠦᠨ ᠢ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠴᠢᠬᠤᠯᠠ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠵᠤ᠂ ᠠᠵᠤ | ᠠᠬᠤᠶᠢᠯᠠᠯ ᠢ ᠤᠷᠢᠵᠤ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠢ ᠲᠡᠳᠬᠦᠵᠦ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠬᠦ ᠡᠷᠴᠢᠮ ᠢ | ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠳᠡᠰ ᠳᠡᠪᠰᠢᠭᠦᠯᠦᠨ᠎ᠡ᠃ ᠬᠢᠮᠢ ᠶᠢᠨ ᠠᠵᠤ ᠦᠢᠯᠡᠳᠪᠦᠷᠢ ᠶᠢᠨ 4 ᠲᠥᠪᠯᠡᠷᠡᠭᠰᠡᠨ ᠣᠷᠣᠨ ᠢ | ᠥᠪᠡᠷᠲᠡᠭᠡᠨ ᠵᠠᠰᠠᠬᠤ ᠣᠷᠣᠨ ᠢᠶᠠᠷ ᠦᠨᠡᠮᠰᠢᠭᠦᠯᠬᠦ ᠪᠠᠷ ᠴᠢᠷᠮᠠᠶᠢᠨ᠎ᠠ ᠃ | ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠪᠲᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠢ ᠴᠢᠩᠭᠠᠷᠠᠭᠤᠯᠬᠤ ᠶᠢ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠴᠢᠨᠠᠭᠰᠢᠳᠠ | ᠰᠢᠯᠢᠳᠡᠭᠵᠢᠭᠦᠯᠵᠦ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠪᠠ ᠲᠡᠭᠡᠭᠡᠪᠦᠷᠢᠯᠡᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠦᠯᠵᠢᠶᠡᠨ ᠤ | ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠶᠡᠭᠡ ᠬᠡᠮᠵᠢᠶᠡᠨ ᠤ ᠪᠠᠷᠠᠭᠠᠨ ᠤ ᠭᠦᠢᠯᠭᠡᠭᠡᠨ ᠤ ᠠᠮᠵᠢᠯᠲᠠ | ᠪᠦᠲᠦᠮᠵᠢ ᠶᠢᠨ ᠪᠤᠴᠠᠯᠲᠠ ᠶᠢ ᠠᠬᠢᠭᠤᠯᠵᠤ᠂ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠠᠮᠤ ᠪᠤᠳᠠᠭᠠᠨ ᠤ | ᠪᠠᠷᠠᠭᠠᠨ ᠤ ᠭᠦᠢᠯᠭᠡᠭᠡᠨ ᠤ ᠭᠤᠣᠯ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠠ︔ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ | ᠠᠬᠤᠢ ᠳᠤ ᠦᠢᠯᠡᠴᠢᠯᠡᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠲᠣᠣᠷ ᠢᠶᠠᠨ | ᠤᠷᠲᠤᠳᠬᠠᠬᠤ ᠶᠢ ᠳᠡᠮᠵᠢᠵᠦ᠂ ᠳᠠᠭᠠᠭᠠᠯᠲᠠ ᠬᠢᠬᠦ ᠪᠠ ᠳᠠᠬᠢᠨ ᠳᠠᠭᠠᠭᠠᠯᠲᠠ ᠬᠢᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠮᠥᠩᠭᠦᠨ ᠭᠦᠢᠯᠭᠡᠭᠡᠨ ᠤ | ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠢ ᠪᠠᠶᠠᠯᠢᠭᠵᠢᠭᠤᠯᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 1800 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ︔ ᠠᠵᠤ ᠦᠢᠯᠡᠳᠪᠦᠷᠢ ᠶᠢᠨ ᠣᠶᠤᠨᠴᠢᠯᠠᠭᠰᠠᠨ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ ᠶᠢᠨ | ᠵᠢᠷᠤᠭ ᠲᠥᠯᠥᠪᠯᠡᠭᠡ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠬᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ | ᠬᠢᠬᠦ ᠦᠢᠯᠡᠴᠢᠯᠡᠭᠡᠨ ᠤ ᠬᠡᠯᠪᠡᠷᠢ ᠪᠠᠶᠢᠳᠠᠯ ᠢ ᠬᠥᠭᠵᠢᠭᠦᠯᠦᠨ᠎ᠡ︔ ᠣᠶᠣᠨᠴᠢ ᠮᠠᠯᠵᠢᠯ ᠲᠠᠷᠢᠶᠠᠯᠠᠩ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠵᠢᠴᠢ | ᠲᠠᠷᠢᠶᠠᠯᠠᠩ ᠤᠨ ᠮᠠᠰᠢᠨ ᠲᠣᠨᠣᠭᠯᠠᠯ ᠤᠨ ᠲᠣᠭᠠᠵᠢᠭᠤᠯᠬᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠮᠠᠯ ᠲᠠᠷᠢᠶᠠᠯᠠᠩ ᠤᠨ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠠᠵᠤ ᠦᠢᠯᠡᠰ ᠤᠨ ᠬᠡᠯᠬᠢᠶ᠎ᠡ ᠳᠠᠰᠢ ᠤᠷᠲᠤᠳᠬᠠᠬᠤ ᠶᠢ ᠠᠬᠢᠭᠤᠯᠤᠨ᠎ᠠ᠃ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ 10 | ᠵᠦᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠶᠤᠸᠠᠢ ᠯᠠᠢ ᠾᠧ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠪᠠᠶᠢᠭᠤᠯᠤᠨ ᠡᠵᠡᠩᠨᠡᠬᠦ ᠶᠢ ᠪᠡᠶᠡᠯᠡᠭᠦᠯᠵᠦ᠂ | ᠪᠥᠬᠦ ᠬᠤᠲᠠ ᠶᠢᠨ ᠵᠤᠭᠠᠴᠠᠭᠰᠠᠳ ᠢ 2000 ᠲᠦᠮᠡᠨ ᠬᠥᠮᠥᠨ ᠤᠳᠠᠭ᠎ᠠ ᠶᠢ ᠳᠠᠪᠠᠭᠤᠯᠬᠤ ᠪᠠᠷ ᠴᠢᠷᠮᠠᠶᠢᠵᠤ᠂ ︽ᠵᠣᠴᠢᠨᠰᠠᠭ ᠲᠦᠩᠯᠢᠶᠣᠣ︾ ᠬᠡᠮᠡᠬᠦ ᠰᠣᠶᠣᠯ | ᠵᠢᠭᠤᠯᠴᠢᠯᠠᠯ ᠤᠨ ᠣᠷᠣᠨ ᠪᠦᠰᠡ ᠶᠢᠨ ᠨᠠᠷᠠᠲᠤ ᠱᠣᠰᠢᠭ᠎ᠠ ᠶᠢ ᠳᠡᠯᠭᠡᠷᠡᠭᠦᠯᠦᠨ᠎ᠡ︔ ᠪᠤᠭᠤᠷᠤᠯᠴᠤᠳ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠡᠮᠴᠢᠯᠡᠭᠡ | ᠡᠷᠡᠭᠦᠯᠵᠢᠯ ᠰᠤᠪᠢᠯᠠᠯᠲᠠ ᠶᠢᠨ ᠨᠡᠶᠢᠭᠡᠮ ᠲᠣᠭᠤᠷᠢᠭ ᠤᠨ ᠠᠵᠤ ᠦᠢᠯᠡᠰ ᠢ ᠪᠣᠶᠢᠵᠢᠭᠤᠯᠤᠨ᠂ ︽ᠨᠠᠰᠤᠵᠢᠯ ᠤᠨ ᠠᠰᠠᠷᠠᠮᠵᠢ +︾ ᠠᠵᠢᠯ ᠢ ᠰᠠᠶᠢᠲᠤᠷ ᠬᠢᠨ᠎ᠡ︔ ᠭᠡᠷ | ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠨᠠᠶᠢᠳᠠᠪᠤᠷᠢᠵᠢᠭᠤᠯᠵᠤ᠂ | ᠬᠤᠲᠠ ᠶᠢᠨ ᠭᠠᠳᠠᠨᠠᠬᠢ ᠠᠵᠤ ᠠᠬᠤᠶᠢᠯᠠᠯ ᠤᠨ ᠣᠷᠣᠨ ᠨᠤᠲᠤᠭᠴᠢᠯᠠᠯᠲᠠ᠂ ᠣᠷᠣᠨ ᠨᠤᠲᠤᠭ ᠤᠨ ᠠᠵᠤ ᠠᠬᠤᠶᠢᠯᠠᠯ ᠤᠨ ᠨᠠᠷᠠᠲᠤ ᠱᠣᠰᠢᠭᠠᠴᠢᠯᠠᠯᠲᠠ ᠶᠢᠨ | ᠬᠥᠭᠵᠢᠯᠲᠡ ᠶᠢ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ᠴᠢᠬᠤᠯᠠ ᠪᠦᠬᠦᠢ ᠪᠠ | ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠣᠪᠤᠶᠢᠯᠭᠠᠵᠤ᠂ ᠳᠠᠪᠠᠯᠲᠠ ᠲᠠᠢ ᠨᠡᠬᠡᠬᠦ ᠳᠣᠲᠣᠭᠠᠳᠤ ᠶᠢᠨ ᠬᠥᠳᠡᠯᠭᠡᠭᠴᠢ ᠬᠦᠴᠦᠨ ᠢ | ᠦᠷᠭᠦᠯᠵᠢᠯᠡᠨ ᠬᠥᠭᠵᠢᠭᠡᠨ᠎ᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ | ᠬᠡᠷᠡᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ︽ᠵᠠᠩᠭᠢᠯᠠᠭ᠎ᠠ ᠶᠢᠨ ᠠᠷᠭ᠎ᠠ︾ ᠶᠢ ᠰᠠᠶᠢᠲᠤᠷ ᠬᠡᠷᠡᠭᠯᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠦᠴᠦᠨ᠂ ᠥᠭᠡᠷᠡᠴᠢᠯᠡᠯᠲᠡ ᠶᠢᠨ ᠳᠠᠭᠠᠭᠤᠯᠬᠤ ᠬᠦᠴᠦᠨ᠂ ᠨᠡᠭᠡᠭᠡᠯᠲᠡ ᠶᠢᠨ ᠳᠠᠶᠢᠴᠢᠯᠠᠬᠤ ᠬᠦᠴᠦᠨ᠂ ᠣᠷᠴᠢᠨ ᠲᠣᠭᠤᠷᠢᠨ ᠤ ᠲᠠᠲᠠᠬᠤ ᠬᠦᠴᠦᠨ ᠢ | ᠲᠦᠷᠭᠡᠪᠴᠢᠯᠡᠨ ᠳᠡᠭᠡᠭᠰᠢᠯᠡᠭᠦᠯᠦᠨ᠎ᠡ᠃ | ᠰᠢᠨᠵᠢᠯᠡᠭᠡ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ᠴᠢᠬᠤᠯᠠ ᠶᠡᠭᠡ ᠰᠢᠨᠵᠢᠯᠡᠭᠡ ᠮᠡᠷᠭᠡᠵᠢᠯ ᠤᠨ ᠲᠦᠷᠦᠯ | ᠵᠦᠢᠯ ᠢᠶᠠᠷ ᠬᠥᠲᠥᠯᠥᠮᠵᠢ ᠪᠣᠯᠭᠠᠬᠤ ᠶᠢ ᠪᠠᠷᠢᠮᠲᠠᠯᠠᠵᠤ᠂ ᠴᠢᠳᠠᠪᠤᠷᠢᠲᠠᠨ᠂ ᠲᠦᠷᠦᠯ ᠵᠦᠢᠯ᠂ ᠲᠠᠪᠴᠠᠩ ᠢ ᠨᠢᠭᠡ ᠴᠣᠭᠴᠠᠵᠢᠭᠤᠯᠤᠨ ᠪᠠᠶᠢᠷᠢᠰᠢᠭᠤᠯᠬᠤ ᠶᠢ | ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠳᠤᠲᠠᠭᠤᠳᠠᠯ ᠢ ᠪᠦᠬᠦ ᠬᠡᠯᠬᠢᠶ᠎ᠡ ᠪᠠᠷ ᠨᠥᠬᠦᠪᠦᠷᠢᠯᠡᠵᠦ᠂ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠠᠮᠢ ᠠᠬᠤᠢ ᠶᠢ ᠪᠦᠬᠦ ᠲᠠᠯ᠎ᠠ ᠪᠠᠷ ᠴᠣᠭᠴᠠᠯᠠᠨ ᠪᠠᠶᠢᠭᠤᠯᠤᠨ᠎ᠠ᠃ ᠬᠤᠲᠠ ᠶᠢᠨ ᠲᠣᠰ ᠱᠠᠲᠤ ᠪᠠ ᠬᠤᠰᠢᠭᠤ ᠰᠢᠶᠠᠨ ᠤ ᠡᠳ᠋ ᠤᠨ ᠵᠠᠰᠠᠭ ᠤᠨ | ᠰᠢᠨᠵᠢᠯᠡᠭᠡ ᠮᠡᠷᠭᠡᠵᠢᠯ ᠤᠨ ᠣᠷᠣᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠮᠥᠩᠭᠦ᠂ ᠮᠥᠩᠭᠦᠨ | ᠭᠦᠢᠯᠭᠡᠭᠡ᠂ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠂ ᠪᠡᠯᠡ ᠮᠥᠩᠭᠦ ᠭᠠᠷᠭᠠᠵᠤ᠂ ᠨᠠᠩ ᠣᠯᠠᠨ ᠡᠬᠢ ᠪᠠᠶᠠᠯᠢᠭ ᠢ ᠬᠤᠷᠠᠮᠳᠤᠭᠤᠯᠤᠨ | ᠰᠢᠨ᠎ᠡ ᠶᠢ ᠡᠭᠦᠳᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ︽ᠬᠤᠶᠠᠷ ᠲᠠᠬᠢᠨ ᠢᠶᠠᠷ | ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠬᠦ︾ ᠪᠠ ︽ᠭᠤᠷᠪᠠ ᠶᠢ ᠦᠭᠡᠶᠢᠰᠬᠡᠬᠦ︾ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ 10 ᠠᠴᠠ ᠳᠡᠭᠡᠭᠰᠢ᠂ ᠬᠥᠮᠥᠷᠭᠡ ᠳᠤ ᠣᠷᠣᠭᠤᠯᠬᠤ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 150 ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠠᠵᠤ ᠠᠬᠤᠶᠢᠯᠠᠯ ᠢᠶᠠᠷ ᠦᠨᠡᠨ ᠬᠦ ᠤᠳᠤᠷᠢᠳᠤᠮᠵᠢ ᠪᠣᠯᠭᠠᠵᠤ᠂ ᠭᠤᠣᠯ ᠲᠣᠭᠯᠠᠭᠴᠢ ᠪᠣᠯᠭᠠᠨ᠎ᠠ᠃ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠢ ᠬᠦᠴᠦᠷᠬᠡᠭᠵᠢᠭᠦᠯᠦᠨ ᠰᠠᠶᠢᠲᠤᠷ ᠬᠡᠷᠡᠭᠯᠡᠵᠦ᠂ ︽ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠴᠤᠭᠯᠠᠷᠠᠯ︾ ᠤᠨ | ᠲᠦᠩᠯᠢᠶᠣᠣ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠪᠠ ᠠᠯᠠᠰᠢᠨ ᠦᠬᠡᠷ ᠤᠨ ᠡᠭᠦᠯᠳᠡᠷ ᠤᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ︽ᠰᠢᠨ᠎ᠡ ᠶᠢ ᠡᠭᠦᠳᠬᠦ ᠤᠭᠤᠷᠴᠠᠭ ᠬᠠᠷᠢᠶ᠎ᠠ ᠭᠠᠵᠠᠷ︾ ᠤᠨ ᠰᠢᠨ᠎ᠡ ᠵᠠᠭᠪᠤᠷ ᠢ ᠢᠳᠡᠪᠬᠢᠲᠡᠢ | ᠰᠦᠪᠡᠭᠴᠢᠯᠡᠵᠦ᠂ ᠡᠯ᠎ᠡ ᠲᠥᠷᠥᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠭᠠᠷᠭᠠᠬᠤ ᠶᠢ | ᠳᠡᠮᠵᠢᠨ᠎ᠡ᠃ ︽ᠠᠵᠤ ᠦᠢᠯᠡᠰ ᠤᠨ ᠭᠠᠷᠭᠠᠭᠰᠠᠨ ᠰᠡᠳᠦᠪ ᠢ ᠰᠢᠨᠵᠢᠯᠡᠭᠡ ᠮᠡᠷᠭᠡᠵᠢᠯ ᠬᠠᠷᠢᠭᠤᠯᠬᠤ︾ ᠲᠣᠭᠲᠠᠴᠠ ᠶᠢ ᠪᠠᠶᠢᠭᠤᠯᠵᠤ᠂ ᠡᠷᠳᠡᠨᠢ ᠰᠢᠰᠢ ᠳᠠᠷᠢᠬᠤ ᠂ | ᠠᠯᠠᠰᠢᠨ ᠦᠬᠡᠷ ᠤᠨ ᠡᠭᠦᠯᠳᠡᠷ ᠤᠨ ᠦᠢᠯᠡᠰ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠂ ᠰᠢᠨ᠎ᠡ | ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠲᠠᠢ ᠨᠢᠭᠲᠠ ᠤᠶᠠᠯᠳᠤᠭᠤᠯᠤᠨ᠂ ᠨᠢᠭᠡ ᠪᠦᠯᠦᠭ ︽ᠪᠣᠭᠤᠮᠢ︾ ᠶᠢᠨ ᠮᠡᠷᠭᠡᠵᠢᠯ ᠢ ᠬᠦᠴᠦ ᠪᠠᠨ | ᠲᠥᠪᠯᠡᠷᠡᠭᠦᠯᠦᠨ ᠰᠢᠪᠲᠤᠯᠵᠤ᠂ ᠨᠢᠭᠡ ᠬᠤᠶᠠᠷ ᠵᠦᠢᠯ ᠢᠶᠠᠷ ᠤᠷᠢᠳᠠᠪᠠᠷ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ︽ᠬᠥᠮᠥᠵᠢᠭᠦᠯᠬᠦ ᠬᠡᠷᠡᠭᠯᠡᠬᠦ ᠦᠯᠡᠳᠡᠭᠡᠬᠦ︾ | ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠪᠥᠬᠦ ᠬᠡᠯᠬᠢᠶ᠎ᠡ ᠶᠢᠨ ᠴᠢᠳᠠᠪᠤᠷᠢᠲᠠᠨ ᠳᠤ ᠦᠢᠯᠡᠴᠢᠯᠡᠬᠦ ᠰᠢᠰᠲ᠋ᠧᠮ ᠢ ᠪᠣᠶ ᠪᠣᠯᠭᠠᠵᠤ᠂ ︽ᠬᠤᠯᠠ ᠣᠶᠢᠷ᠎ᠠ ᠶᠢ | ᠪᠠᠶᠠᠰᠬᠠᠬᠤ︾ ᠴᠢᠳᠠᠪᠤᠷᠢᠲᠠᠨ ᠤ ᠣᠷᠴᠢᠨ ᠠᠬᠤᠢ ᠶᠢ ᠪᠣᠶ ᠪᠣᠯᠭᠠᠵᠤ᠂ ᠨᠠᠩ ᠣᠯᠠᠨ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠲᠦᠩᠯᠢᠶᠣᠣ ᠶᠢ ᠪᠦᠲᠦᠭᠡᠨ | ᠪᠠᠶᠢᠭᠤᠯᠤᠨ᠎ᠠ᠃ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠶᠠᠰᠤ ᠴᠢᠨᠠᠷ︾ ᠢᠶᠠᠷ ᠢᠯᠠᠵᠤ᠂ | ᠢᠷᠡᠭᠡᠳᠦᠢ ᠶᠢ ᠲᠡᠮᠡᠴᠡᠨ ᠣᠯᠣᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ | ᠡᠷᠡᠰ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ᠂ ᠤᠯᠤᠰ ᠤᠨ | ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠰᠢᠪᠲᠤᠯᠤᠯᠲᠠ︾ ᠶᠢᠨ ᠲᠤᠰᠬᠠᠢ ᠠᠵᠢᠯᠯᠠᠭ᠎ᠠ ᠥᠷᠨᠢᠭᠦᠯᠵᠦ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠷ ᠳᠠᠬᠢᠨ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠨ ᠨᠡᠶᠢᠯᠡᠭᠦᠯᠬᠦ ᠶᠢ | ᠠᠬᠢᠭᠤᠯᠵᠤ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠠᠵᠢᠯ᠂ ᠲᠤᠰᠬᠠᠢ ᠮᠡᠷᠭᠡᠵᠢᠯ ᠤᠨ ᠠᠵᠢᠯᠯᠠᠭᠠᠨ ᠢᠶᠠᠨ ᠶᠡᠭᠡ ᠪᠠᠷ | ᠬᠢᠬᠦ ᠶᠢ ᠳᠡᠮᠵᠢᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠶᠢ | ᠪᠠᠷᠢᠮᠲᠠᠯᠠᠵᠤ᠂ ᠪᠦᠲᠦᠴᠡ ᠶᠢᠨ ᠴᠢᠨᠠᠷᠲᠠᠢ ᠪᠠᠷ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠡᠶᠢᠳᠡᠮ | ᠬᠠᠷᠠᠭᠠᠯᠵᠠᠵᠤ ᠨᠠᠶᠢᠳᠠᠪᠤᠷᠢᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠ ᠵᠣᠭᠤᠰ ᠢ ᠥᠷᠢᠲᠦᠬᠦ᠂ ᠠᠵᠤ ᠠᠬᠤᠶᠢᠯᠠᠯ ᠳᠤ ᠬᠤᠯᠪᠣᠭᠳᠠᠬᠤ | ︽ᠭᠤᠷᠪᠠᠨ ᠳᠤᠷ᠎ᠠ ᠪᠠᠷ ᠢᠶᠠᠨ︾ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠬᠤ᠂ | ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ 5 ᠲᠦᠮᠡ ᠰᠢᠨ᠎ᠡ ᠪᠠᠷ ᠨᠡᠮᠡᠭᠳᠡᠭᠦᠯᠵᠦ᠂ ᠴᠢᠨᠠᠷ ᠰᠠᠶᠢᠲᠠᠢ ᠳᠤᠮᠳᠠ ᠵᠢᠵᠢᠭ | ᠠᠵᠤ ᠠᠬᠤᠶᠢᠯᠠᠯ ᠢ 20᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 30 ᠪᠣᠶᠢᠵᠢᠭᠤᠯᠵᠤ᠂ ︽ᠬᠤᠪᠢ ᠶᠢᠨ | ᠬᠤᠳᠠᠯᠳᠤᠭᠠᠴᠢᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ 50᠂ ᠬᠡᠪᠴᠢᠶᠡᠵᠢᠯ ᠠᠴᠠ ᠳᠡᠭᠡᠭᠰᠢᠬᠢ ︵ᠬᠢᠵᠠᠭᠠᠷᠲᠤ ᠨᠣᠷᠮ᠎ᠠ ᠠᠴᠠ ᠳᠡᠭᠡᠭᠰᠢᠬᠢ︶ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ 120 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢ | ᠬᠤᠲᠠ ᠶᠢᠨ ᠬᠡᠪᠴᠢᠶ᠎ᠡ ᠳᠤ ᠨᠢᠭᠡᠳᠦᠯᠲᠡᠢ ᠲᠥᠯᠥᠪᠯᠡᠨ ᠬᠠᠮᠢᠶᠠᠷᠬᠤ ᠲᠤᠭᠲᠠᠴᠠ ᠶᠢ ᠪᠠᠶᠢᠭᠤᠯᠵᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ | ᠭᠠᠵᠠᠷ ᠤᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠪᠡᠷᠲᠡᠭᠡᠨ ᠵᠠᠰᠠᠬᠤ ᠤᠷᠤᠨ ᠤ ᠳᠡᠰ ᠤᠨ ᠰᠢᠨ᠎ᠡ ᠪᠠᠷ ᠨᠡᠮᠡᠭᠳᠡᠭᠰᠡᠨ | ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠠᠰᠢᠭᠯᠠᠬᠤ ᠲᠤᠷᠰᠢᠯᠲᠠ ᠶᠢᠨ ᠠᠵᠢᠯ ᠢ ᠢᠳᠡᠪᠬᠢᠲᠡᠢ ᠲᠦᠯᠬᠢᠨ ᠠᠬᠢᠭᠤᠯᠤᠨ᠎ᠠ᠃ ᠡᠳ᠋ ᠤᠨ ᠵᠠᠰᠠᠭ ᠤᠨ ᠲᠥᠰᠥᠪ ᠪᠠ | ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ ︽ᠠᠯᠳᠠᠭ᠎ᠠ ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ︾ ᠭᠡᠳᠡᠭ ᠢ | ᠪᠠᠷᠢᠮᠲᠠᠯᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠵᠢᠴᠢ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠣᠳᠠᠲᠠᠢ ᠰᠠᠶᠢᠲᠤᠷ ᠠᠳᠬᠤᠨ᠎ᠠ᠃ | ᠭᠠᠳᠠᠭᠰᠢ ᠨᠡᠭᠡᠭᠡᠯᠲᠡ ᠶᠢ ᠨᠡᠩ ᠥᠨᠳᠥᠷ ᠲᠦᠪᠰᠢᠨ ᠢᠶᠠᠷ ᠥᠷᠭᠡᠳᠬᠡᠨ᠎ᠡ᠃ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠯ ᠪᠠᠰᠠ ᠴᠤ | ᠨᠡᠭᠡᠭᠡᠯᠲᠡ ᠮᠥᠨ︾ ᠭᠡᠳᠡᠭ ᠢ ᠪᠠᠷᠢᠮᠲᠠᠯᠠᠵᠤ᠂ ᠲᠦᠩᠯᠢᠶᠣᠣ ᠤᠯᠠᠭᠠᠨᠬᠠᠳᠠ ︽ᠬᠤᠣᠰ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠩᠯᠢᠶᠣᠣ | ᠬᠢᠭᠡᠳ ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ ᠬᠠᠮᠵᠢᠯᠴᠠᠭ᠎ᠠ ᠨᠡᠩ ᠶᠡᠭᠡ ᠦᠷ᠎ᠡ ᠪᠦᠲᠦᠮᠵᠢ ᠣᠯᠵᠤ᠂ ᠭᠢᠷᠢᠨ ᠤ ᠤᠷᠢᠳᠤ ᠬᠡᠰᠡᠭ ᠯᠢᠶᠣᠤᠨᠢᠩ ᠤᠨ ᠬᠤᠶᠢᠲᠤ | ᠬᠡᠰᠡᠭ ᠥᠪᠥᠷ ᠮᠣᠩᠭᠤᠯ ᠵᠡᠭᠦᠨ ᠬᠡᠰᠡᠭ ᠤᠨ ᠵᠢᠷᠭᠤᠭᠠᠨ ᠬᠤᠳᠠ ᠶᠢᠨ ᠨᠢᠭᠡ ᠴᠣᠭᠴᠠᠵᠢᠭᠰᠠᠨ ᠬᠥᠭᠵᠢᠯᠲᠡ᠂ ᠥᠪᠥᠷ ᠮᠣᠩᠭᠤᠯ ᠾᠧᠪᠧᠢ ᠯᠢᠶᠣᠤᠨᠢᠩ ᠭᠢᠷᠢᠨ ᠤ | ᠰᠣᠶᠣᠯ ᠵᠤᠭᠠᠴᠠᠯ ᠤᠨ ᠬᠤᠯᠪᠣᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠯᠢᠶᠣᠤᠨᠢᠩ ᠮᠤᠵᠢ ᠯᠤᠭ᠎ᠠ ᠶᠢᠨ 27 ᠵᠦᠢᠯ ᠤᠨ ᠬᠠᠮᠲᠤᠷᠠᠯᠴᠠᠭ᠎ᠠ ᠶᠢ | ᠨᠠᠶᠢᠳᠠᠪᠤᠷᠢᠵᠢᠭᠤᠯᠤᠨ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ︽ᠬᠤᠷᠳᠤᠴᠠ︾ ᠶᠢ ᠲᠦᠷᠭᠡᠳᠬᠡᠨ᠎ᠡ᠃ ᠬᠦᠷᠢᠶᠡᠯᠡᠩ ᠲᠣᠭᠤᠷᠢᠭ ᠢ ᠬᠠᠮᠲᠤᠪᠠᠷ | ᠪᠠᠶᠢᠭᠤᠯᠬᠤ᠂ ᠰᠢᠭᠤᠳ ᠬᠤᠷᠰᠢᠯᠴᠠᠬᠤ ᠠᠵᠤ ᠠᠬᠤᠢ᠂ ᠣᠨᠳᠣᠣ ᠭᠠᠵᠠᠷ ᠲᠤ ᠪᠣᠶᠢᠵᠢᠭᠤᠯᠬᠤ ᠵᠡᠷᠭᠡ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠪᠡᠭᠡᠵᠢᠩ | ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠵᠡᠷᠭᠡ ᠣᠷᠣᠨ ᠪᠦᠰᠡ ᠶᠢᠨ | ᠠᠵᠤ ᠦᠢᠯᠡᠰ ᠪᠠ ᠬᠦᠴᠦᠨ ᠵᠦᠢᠯ ᠤᠨ ᠰᠢᠯᠵᠢᠯᠲᠡ ᠶᠢ ᠪᠦᠲᠦᠮᠵᠢᠲᠡᠶ ᠵᠠᠯᠭᠠᠨ ᠵᠣᠯᠭᠠᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ | ᠰᠢᠯᠵᠢᠯᠲᠡ ᠶᠢ ᠵᠠᠯᠭᠠᠨ ᠵᠣᠯᠭᠠᠭᠤᠯᠬᠤ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠠᠶᠢᠭᠤᠯᠤᠨ᠎ᠠ᠃ ︽ᠭᠠᠷᠠᠮ ᠪᠣᠭᠤᠮᠲᠠ︾ ᠯᠤᠭ᠎ᠠ ᠬᠠᠷᠢᠯᠴᠠᠨ ᠦᠢᠯᠡᠳᠦᠯᠴᠡᠬᠦ ᠶᠢ | ᠠᠬᠢᠭᠤᠯᠵᠤ᠂ ᠮᠠᠨᠵᠤᠤᠷ ᠪᠣᠭᠤᠮᠲᠠ᠂ ᠵᠡᠭᠦᠨ ᠬᠠᠲᠠᠪᠴᠢ ᠪᠣᠭᠤᠮᠲᠠ᠂ ᠵᠢᠨᠵᠧᠦ ᠭᠠᠷᠠᠮ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠣᠷᠣᠰ ᠮᠣᠩᠭᠤᠯ | ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ ᠶᠠᠪᠤᠯᠴᠠᠭ᠎ᠠ ᠪᠠᠨ ᠥᠷᠭᠡᠳᠬᠡᠵᠦ᠂ ︽ᠪᠣᠳᠠᠲᠠᠶᠢᠵᠢᠭᠰᠠᠨ ᠠᠵᠤ ᠠᠬᠤᠢ︾ ᠶᠢ ᠲᠥᠯᠥᠪᠵᠢᠭᠦᠯᠦᠨ ᠬᠥᠭᠵᠢᠭᠦᠯᠵᠦ᠂ ᠡᠬᠡ | ᠬᠠᠭᠤᠷᠠᠢ ᠪᠠ ᠲᠡᠯᠡᠶ ᠬᠤᠯᠪᠤᠭᠠᠯᠠᠨ ᠬᠥᠳᠡᠯᠦᠯᠴᠡᠬᠦ᠂ ᠤᠮᠠᠷᠠᠰᠢ ᠨᠡᠭᠡᠭᠡᠯᠲᠡ ᠬᠢᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ | ᠲᠡᠷᠢᠭᠦᠨ ᠤ ᠪᠠᠷᠢᠮᠵᠢᠶ᠎ᠠ ᠲᠠᠢ ᠬᠠᠷᠢᠴᠠᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠣᠨ ᠤ ᠠᠵᠢᠯᠯᠠᠭ᠎ᠠ ᠶᠢ ᠬᠡᠷᠡᠭᠵᠢᠭᠦᠯᠦᠨ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠦᠲᠦᠭᠡᠬᠦ︾ ᠶᠢᠨ | ᠲᠣᠭᠤᠷᠢᠨ ᠳᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ︽ᠠᠭᠤᠳᠠᠮ ᠪᠠᠭᠲᠠᠮᠵᠢᠲᠤ ᠲᠥᠩᠯᠢᠶᠣᠣ᠂ ᠬᠤᠯᠠ ᠣᠶᠢᠷ᠎ᠠ ᠶᠢ ᠪᠠᠶᠠᠰᠬᠠᠨᠠᠮ︾ ᠭᠡᠬᠦ | ᠬᠤᠲᠠ ᠶᠢᠨ ᠰᠢᠨ᠎ᠡ ᠳᠦᠷᠢ ᠲᠥᠷᠬᠦ ᠶᠢ ᠪᠣᠶ ᠪᠣᠯᠭᠠᠨ᠎ᠠ᠃ ︽ᠦᠨᠡᠨᠴᠢ ᠢᠲᠡᠭᠡᠮᠵᠢᠲᠦ ᠲᠦᠩᠯᠢᠶᠣᠣ︾ ᠶᠢ ᠲᠦᠷᠭᠡᠳᠬᠡᠨ ᠪᠠᠶᠢᠭᠤᠯᠵᠤ᠂ ︽ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠬᠡᠷᠡᠭᠵᠢᠭᠦᠯᠦᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠥᠯᠥ | ᠬᠡᠷᠡᠭᠵᠢᠭᠦᠯᠬᠦ᠂ ᠰᠢᠨ᠎ᠡ ᠨᠣᠶᠠᠨ ᠬᠠᠭᠤᠴᠢᠨ ᠶᠠᠪᠤᠳᠠᠯ ᠢ ᠥᠯᠥ ᠬᠠᠮᠢᠶᠠᠷᠬᠤ ᠵᠡᠷᠭᠡ ᠠᠵᠤ ᠠᠬᠤᠶᠢᠯᠠᠯ ᠤᠨ ᠲᠤᠰᠬᠠᠯ ᠶᠡᠬᠡᠲᠡᠢ ᠠᠰᠠᠭᠤᠳᠠᠯ ᠢ ᠡᠷᠡᠰ ᠵᠠᠯᠠᠷᠠᠭᠤᠯᠤᠨ | ᠵᠠᠰᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ | ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢ ᠬᠥᠲᠥᠯᠥᠨ ᠳᠠᠭᠠᠭᠤᠯᠤᠨ᠎ᠠ᠃ ︽ᠲᠣᠭᠠᠵᠢᠯᠠᠭᠰᠠᠨ ᠲᠦᠩᠯᠢᠶᠣᠣ︾ ᠶᠢ ᠲᠦᠷᠭᠡᠳᠬᠡᠨ ᠪᠠᠶᠢᠭᠤᠯᠵᠤ᠂ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠲᠣᠭᠠᠵᠢᠯᠠᠭᠰᠠᠨ ᠵᠠᠰᠠᠭ ᠤᠨ ᠣᠷᠳᠣᠨ ᠢ ᠳᠡᠭᠡᠭᠰᠢᠯᠡᠭᠦᠯᠬᠦ ᠵᠡᠷᠭᠡ 6 ᠵᠦᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠥᠨᠳᠥᠷ ᠦᠷ᠎ᠡ ᠪᠦᠲᠦᠮᠵᠢᠲᠡᠶ ᠠᠬᠢᠭᠤᠯᠵᠤ᠂ ᠱᠠᠲᠤ | ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ | ᠬᠠᠮᠵᠢᠯᠴᠠᠨ ᠦᠢᠯᠡᠴᠢᠯᠡᠬᠦ ᠶᠢ ᠪᠡᠶᠡᠯᠡᠭᠦᠯᠦᠨ᠎ᠡ᠃ ︽ᠬᠤᠳᠠᠯᠳᠤᠭᠠᠨ ᠳᠤ ᠲᠣᠬᠢᠷᠠᠬᠤ ᠲᠦᠩᠯᠢᠶᠣᠣ︾ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠳᠤ | ᠠᠰᠢᠭ ᠬᠦᠷᠲᠡᠭᠡᠬᠦ ᠠᠵᠤ ᠠᠬᠤᠶᠢᠯᠠᠯ ᠳᠤ ᠲᠥᠬᠦᠮ ᠦᠵᠡᠭᠦᠯᠬᠦ ᠲᠠᠢ ᠨᠢᠭᠲᠠ ᠤᠶᠠᠯᠳᠤᠭᠤᠯᠤᠨ᠂ ︽ᠴᠤᠯᠭᠤᠢ ᠬᠠᠷᠢᠴᠠᠭᠠᠲᠤ ᠦᠢᠯᠡᠴᠢᠯᠡᠭᠡ · ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ︾ ᠶᠢ ᠪᠠᠶᠢᠭᠤᠯᠵᠤ᠂ ᠬᠤᠳᠠᠯᠳᠤᠭᠠᠨ ᠤ ᠶᠠᠪᠤᠳᠠᠯ ᠤᠨ ᠳᠦᠷᠢᠮ ᠵᠡᠷᠭᠡ 5 ᠵᠦᠢᠯ ᠤᠨ ᠪᠠᠭ᠎ᠠ ᠥᠭᠡᠷᠡᠴᠢᠯᠡᠯᠲᠡ ᠶᠢ ᠠᠬᠢᠭᠤᠯᠤᠨ᠂ ᠴᠤᠯᠭᠤᠢ | ᠬᠠᠷᠢᠴᠠᠭᠠᠲᠤ ᠵᠠᠰᠠᠭ ᠤᠨ ᠣᠷᠳᠣᠨ ᠪᠠ ᠬᠤᠳᠠᠯᠳᠤᠭᠠᠴᠢᠨ ᠵᠡᠷᠭᠡ 5 ᠲᠡᠷᠢᠭᠦᠨ ᠤ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠢ ᠲᠦᠩᠯᠢᠶᠣᠣ ᠳᠤ | ᠨᠤᠲᠤᠭᠰᠢᠭᠤᠯᠵᠤ᠂ ᠲᠦᠩᠯᠢᠶᠣᠣ ᠳᠤ ᠬᠥᠭᠵᠢᠭᠦᠯᠦᠨ᠎ᠡ᠃ ︽ᠰᠡᠳᠬᠢᠯ ᠢ ᠳᠤᠯᠠᠭᠠᠴᠠᠭᠤᠯᠬᠤ ᠲᠦᠩᠯᠢᠶᠣᠣ︾ ᠶᠢ ᠲᠦᠷᠭᠡᠳᠬᠡᠨ ᠪᠠᠶᠢᠭᠤᠯᠵᠤ᠂ ︽ᠭᠡᠷᠡᠴᠢᠯᠡᠯ | ᠠᠪᠬᠤ ᠦᠭᠡᠢ ᠬᠤᠲᠠ︾ ︽ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠨᠢᠭᠡ ᠶᠠᠪᠤᠳᠠᠯ︾᠂ ᠦᠨᠡᠮᠯᠡᠯ ᠤᠨ ᠬᠤᠭᠤᠴᠠᠭ᠎ᠠ ᠲᠤᠯᠬᠤ ᠠᠴᠠ ᠡᠮᠦᠨ᠎ᠡ | ᠰᠠᠨᠠᠭᠤᠯᠬᠤ ᠦᠢᠯᠡᠴᠢᠯᠡᠭᠡ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠶᠢ ᠭᠦᠨᠵᠡᠭᠡᠢ | ᠥᠷᠭᠡᠳᠬᠡᠨ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠶᠠᠷᠢᠯᠴᠠᠭ᠎ᠠ ᠰᠣᠯᠢᠯᠴᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ︽ᠳᠥᠷᠪᠡᠨ ᠨᠣᠷᠮ᠎ᠠ︾ ᠶᠢ ᠦᠷᠭᠦᠯᠵᠢᠯᠡᠨ ᠳᠡᠭᠡᠭᠰᠢᠯᠡᠭᠦᠯᠵᠦ᠂ | ᠬᠠᠯᠠᠮᠰᠢᠯ ᠤᠲᠠᠰᠤ ᠶᠢ ᠠᠷᠠᠳ ᠤᠨ ︽ᠰᠡᠳᠬᠢᠯ ᠢ ᠳᠤᠯᠠᠭᠠᠴᠠᠭᠤᠯᠬᠤ ᠤᠲᠠᠰᠤ︾ ᠪᠣᠯᠭᠠᠨ ᠪᠦᠲᠦᠭᠡᠨ ᠪᠠᠶᠢᠭᠤᠯᠤᠨ᠎ᠠ᠃ | ︵ᠳᠥᠷᠪᠡ︶ ᠠᠮᠢ ᠠᠬᠤᠢ ᠶᠢ ᠲᠡᠷᠢᠭᠦᠨ ᠳᠤ ᠲᠠᠯᠪᠢᠵᠤ᠂ ᠦᠵᠡᠰᠬᠦᠯᠡᠩᠲᠦ ᠰᠠᠶᠢᠬᠠᠨ ᠲᠦᠩᠯᠢᠶᠣᠣ ᠶᠢᠨ ᠨᠣᠭᠤᠭᠠᠷᠠᠭᠤᠯᠤᠯᠲᠠ ᠶᠢᠨ ᠰᠠᠭᠤᠷᠢ ᠶᠢ | ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠡᠨᠡᠬᠦ ᠨᠣᠭᠤᠭᠠᠨ ᠱᠤᠭᠤᠮ ᠢ ᠨᠠᠷᠢᠨ ᠨᠢᠮᠪᠠᠢ ᠬᠠᠮᠠᠭᠠᠯᠠᠨ ᠪᠠᠶᠢᠭᠤᠯᠵᠤ᠂ ᠠᠮᠢ | ᠠᠬᠤᠢ ᠶᠢᠨ ᠰᠠᠭᠤᠷᠢ ᠶᠢ ᠭᠦᠢᠴᠡᠳ ᠪᠠᠲᠤᠳᠬᠠᠵᠤ᠂ ᠣᠷᠴᠢᠨ ᠲᠣᠭᠤᠷᠢᠨ ᠤ ᠳᠠᠷᠤᠭᠠᠰᠤ ᠶᠢ ᠪᠠᠭᠠᠰᠬᠠᠵᠤ᠂ ᠦᠷ᠎ᠡ ᠬᠤᠶᠢᠴᠢᠰ ᠲᠠᠭᠠᠨ ᠬᠥᠬᠡ ᠠᠭᠤᠯᠠ | ᠬᠥᠬᠡᠮᠳᠦᠭ ᠤᠰᠤ᠂ ᠡᠯᠪᠡᠭ ᠳᠡᠯᠪᠡᠭ ᠡᠬᠢ ᠪᠠᠶᠠᠯᠢᠭ ᠦᠯᠡᠳᠡᠭᠡᠵᠦ ᠥᠭᠭᠦᠨ᠎ᠡ᠃ | ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠭᠤᠷᠪᠠᠨ ᠤᠮᠠᠷᠠᠲᠤ︾ ᠶᠢᠨ ᠢᠨᠵᠧᠨᠧᠷᠢᠩ᠂ ᠬᠤᠷᠴᠢᠨ | ᠨᠤᠲᠤᠭ ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ᠂ | ᠡᠸᠦ᠋ᠷᠦᠫᠡ ᠲᠢᠪ ᠤᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ | ᠲᠠᠪᠤᠨ ᠮᠢᠩᠭᠠᠨ ᠲᠦᠮᠡ︾ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ︽ᠲᠠᠪᠤᠨ ᠶᠡᠭᠡ ᠠᠮᠢ ᠠᠬᠤᠢ ᠶᠢᠨ ᠠᠵᠤ ᠦᠢᠯᠡᠰ︾ ᠢ ᠢᠳᠡᠪᠬᠢᠲᠡᠢ | ᠬᠥᠭᠵᠢᠭᠦᠯᠦᠨ᠂ 100 ᠲᠦᠮᠡᠨ ᠮᠦ ᠡᠯᠡᠰᠦ ᠶᠢ ᠶᠡᠷᠦᠩᠬᠡᠶᠢᠯᠡᠨ ᠵᠠᠰᠠᠬᠤ᠂ ᠣᠶ ᠰᠢᠭᠤᠢ ᠶᠢᠨ ᠶᠠᠰᠤ ᠴᠢᠨᠠᠷ ᠪᠤᠯᠤᠨ ᠨᠤᠲᠤᠭ ᠪᠡᠯᠴᠢᠭᠡᠷ ᠢ ᠳᠡᠭᠡᠭᠰᠢᠯᠡᠭᠦᠯᠦᠨ | ᠪᠠᠬᠢᠵᠢᠭᠦᠯᠬᠦ ᠶᠢ ᠲᠤᠰᠪᠦᠷᠢ 150 ᠲᠦᠮᠡᠨ ᠮᠦ ᠪᠡᠶᠡᠯᠡᠭᠦᠯᠬᠦ ᠶᠢ ᠪᠠᠲᠤᠯᠠᠨ᠎ᠡ᠃ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ︾ ᠢ ᠬᠡᠷᠡᠭᠵᠢᠭᠦᠯᠵᠦ᠂ ᠰᠢᠷ᠎ᠠ ᠡᠯᠡᠰᠦ ᠶᠢ ᠨᠣᠭᠤᠭᠠᠷᠠᠭᠤᠯᠵᠤ᠂ ᠪᠣᠬᠢᠷᠲᠤᠯ ᠦᠭᠡᠢ ᠡᠨᠧᠷᠭᠢ ᠪᠠᠷ | ᠠᠰᠢᠭ ᠬᠦᠷᠲᠡᠭᠡᠨ᠎ᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠲᠠᠯ᠎ᠠ ᠨᠤᠲᠤᠭ ᠤᠨ ᠮᠠᠯ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠨᠤᠲᠤᠭ ᠪᠡᠯᠴᠢᠭᠡᠷ ᠲᠤ ᠬᠡᠲᠦ | ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠭᠤᠣᠯ ᠤᠨ ᠳᠠᠷᠤᠭ᠎ᠠ ᠶᠢᠨ ᠳᠦᠷᠢᠮ᠂ | ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠬᠤ ᠶᠢ ᠵᠠᠰᠠᠬᠤ ᠶᠢ ᠴᠢᠩᠭᠠᠷᠠᠭᠤᠯᠤᠨ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ ᠪᠠᠯᠭᠠᠰᠤ ᠶᠢᠨ ᠤᠰᠤ ᠠᠷᠪᠢᠯᠠᠬᠤ ᠠᠵᠢᠯᠯᠠᠭ᠎ᠠ ᠶᠢ ᠪᠥᠬᠦ | ᠲᠠᠯ᠎ᠠ ᠪᠠᠷ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠪᠠ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠷᠡᠰ ᠰᠠᠶᠢᠲᠤᠷ | ᠬᠠᠮᠠᠭᠠᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠰᠠᠶᠢᠲᠤᠷ ᠬᠢᠨ᠎ᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠪᠦᠯ ᠤᠨ ᠤᠯᠠᠷᠢᠯ ᠳᠤ ᠪᠣᠬᠢᠷᠲᠤᠯ ᠦᠭᠡᠢ ᠳᠤᠯᠠᠭᠠᠯᠠᠬᠤ ᠶᠢ ᠠᠬᠢᠭᠤᠯᠵᠤ᠂ ᠣᠷᠣᠨ ᠪᠦᠰᠡ | ᠠᠯᠤᠰᠯᠠᠭᠰᠠᠨ ᠠᠭᠠᠷ ᠮᠠᠨᠳᠠᠯ ᠤᠨ ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠵᠤ᠂ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠬᠠᠷᠢᠴᠠᠯ ᠢ 90% ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ︽ᠤᠰᠤᠨ ᠤ ᠣᠷᠴᠢᠨ ᠲᠣᠭᠤᠷᠢᠨ᠂ ᠤᠰᠤᠨ ᠤ ᠡᠬᠢ ᠪᠠᠶᠠᠯᠢᠭ᠂ | ᠤᠰᠤᠨ ᠤ ᠠᠮᠢ ᠠᠬᠤᠢ︾ ᠶᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ︽ᠬᠥᠮᠥᠨ ᠤᠰᠤ ᠶᠢ ᠡᠶ᠎ᠡ ᠵᠣᠬᠢᠴᠠᠯ ᠲᠠᠢ ᠪᠠᠶᠢᠯᠭᠠᠬᠤ︾ ᠶᠢ ᠠᠬᠢᠭᠤᠯᠤᠨ᠂ ᠪᠠᠷᠠᠭᠤᠨ | ᠯᠣᠤᠬ᠎ᠠ ᠶᠢᠨ ᠭᠤᠣᠯ ᠤᠨ ᠰᠠᠪᠠ ᠭᠠᠵᠠᠷ ᠤᠨ ᠤᠰᠤᠨ ᠤ ᠴᠢᠨᠠᠷ ᠢ ᠳᠡᠭᠡᠭᠰᠢᠯᠡᠭᠦᠯᠬᠦ ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠤᠰᠤᠨ ᠤ ᠡᠬᠢ | ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠦᠷᠢᠶᠡᠯᠡᠩ ᠲᠣᠭᠤᠷᠢᠭ᠂ ᠬᠤᠲᠠ ᠪᠠᠯᠭᠠᠰᠤ᠂ ᠬᠥᠳᠡᠭᠡ ᠲᠣᠰᠬᠤᠨ ᠤ | ᠪᠣᠬᠢᠷ ᠤᠰᠤ ᠶᠢ ᠰᠢᠢᠳᠪᠦᠷᠢᠯᠡᠬᠦ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠢ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ | ᠰᠢᠢᠳᠪᠦᠷᠢᠯᠡᠬᠦ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠶᠢ ᠴᠢᠩᠭᠠᠷᠠᠭᠤᠯᠤᠨ᠂ ᠬᠤᠭ ᠨᠣᠪᠰᠢ ᠶᠢ ᠲᠥᠷᠥᠯ | ᠬᠤᠪᠢᠶᠠᠨ ᠡᠬᠢ ᠪᠠᠶᠠᠯᠢᠭᠵᠢᠭᠤᠯᠤᠨ ᠠᠰᠢᠭᠯᠠᠬᠤ᠂ ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠴᠤᠭᠯᠠᠭᠤᠯᠵᠤ ᠬᠠᠨᠳᠤᠯᠭ᠎ᠠ ᠲᠠᠢ ᠪᠠᠷ ᠠᠰᠢᠭᠯᠠᠬᠤ ᠶᠢ | ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ | ᠂ ᠲᠦᠩᠯᠢᠶᠣᠣ ᠶᠢᠨ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠡᠷᠡᠰ ᠰᠠᠬᠢᠨ ᠬᠠᠮᠠᠭᠠᠯᠠᠨ᠎ᠠ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠡᠯᠪᠡᠷᠢ ᠪᠣᠯᠭᠠᠨ ᠬᠤᠪᠢᠷᠠᠭᠤᠯᠬᠤ ᠤᠳᠠᠭᠠᠨ ᠳᠠᠭᠠᠭᠠᠮᠠᠭᠠᠢ | ᠲᠠᠶᠢᠨ ᠢ ᠰᠠᠶᠢᠲᠤᠷ ᠬᠢᠨ᠎ᠡ᠃ ᠡᠨᠧᠷᠭᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ | ᠪᠠ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠲᠠᠢ ᠪᠣᠯᠭᠠᠬᠤ ᠶᠢ ᠲᠦᠷᠭᠡᠳᠬᠡᠵᠦ᠂ ᠨᠡᠭᠦᠷᠡᠰᠦ ᠴᠠᠬᠢᠯᠭᠠᠨ ᠤ ︽ᠭᠤᠷᠪᠠᠨ ᠥᠭᠡᠷᠡᠴᠢᠯᠡᠯᠲᠡ ᠶᠢ | ᠤᠶᠠᠯᠳᠤᠭᠤᠯᠬᠤ︾ ᠶᠢ ᠪᠦᠬᠦ ᠲᠠᠯ᠎ᠠ ᠪᠠᠷ ᠠᠬᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠤᠨ᠎ᠠ᠃ ᠪᠥᠬᠦ | ᠨᠡᠶᠢᠭᠡᠮ ᠢᠶᠠᠷ ᠢᠶᠠᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠠᠬᠢᠭᠤᠯᠵᠤ᠂ ᠪᠣᠬᠢᠷᠲᠤᠯ | ᠦᠭᠡᠢ ᠵᠠᠮ ᠬᠠᠷᠢᠯᠴᠠᠭ᠎ᠠ᠂ ᠪᠣᠬᠢᠷᠲᠤᠯ ᠦᠭᠡᠢ ᠪᠠᠷᠢᠯᠭ᠎ᠠ ᠶᠢ ᠶᠡᠬᠡᠪᠡᠷ ᠬᠥᠭᠵᠢᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠠᠪᠤᠨ ᠡᠨᠧᠷᠭᠢ | ᠠᠷᠪᠢᠨ ᠵᠠᠷᠤᠴᠠᠯᠠᠬᠤ ᠠᠵᠤ ᠦᠢᠯᠡᠰ ᠤᠨ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠨᠢᠭᠡ ᠪᠦᠯᠦᠭ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠨᠧᠷᠭᠢ ᠠᠷᠪᠢᠯᠠᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠪᠣᠬᠢᠷᠲᠤᠯ ᠦᠭᠡᠢ | ᠦᠢᠯᠡᠳᠪᠦᠷᠢ᠂ ᠪᠣᠬᠢᠷᠲᠤᠯ ᠦᠭᠡᠢ ᠠᠭᠤᠷᠬᠠᠢ᠂ ᠪᠣᠬᠢᠷᠲᠤᠯ ᠦᠭᠡᠢ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠵᠤ᠂ ᠬᠤᠣᠯᠢᠩᠭᠤᠣᠯ᠂ ᠺᠠᠶᠢᠯᠤ᠂ | ᠨᠠᠢᠮᠠᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠪᠠᠷ ᠪᠠᠭ᠎ᠠ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠤᠨ᠎ᠠ᠃ ︽ᠲᠠᠪᠤᠨ | ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ 1.5 ᠲᠦᠮᠡᠨ | ᠮᠦ ᠰᠢᠢᠳᠪᠦᠷᠢᠯᠡᠨ᠎ᠡ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠡᠷᠢᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠥᠭᠡᠬᠦᠨ ᠴᠢᠯᠠᠭᠤᠨ ᠡᠯᠡᠰᠦ᠂ ᠪᠠᠶᠢᠭᠠᠯᠢ ᠶᠢᠨ ᠬᠤᠵᠢᠷ ᠤᠨ ᠡᠬᠢ ᠪᠠᠶᠠᠯᠢᠭ ᠢ ᠪᠣᠬᠢᠷᠲᠤᠯ ᠦᠭᠡᠢ ᠪᠥᠭᠡᠳ ᠠᠶᠤᠯᠭᠦᠢ ᠡᠮᠬᠢ | ᠵᠢᠷᠤᠮ ᠲᠠᠢ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ | ᠂ ᠲᠠᠷᠢᠶᠠᠯᠠᠩ᠂ ᠣᠶ ᠰᠢᠭᠤᠢ᠂ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠯᠡᠨ ᠵᠣᠭᠤᠰ ᠪᠣᠯᠭᠠᠬᠤ ᠶᠢ ᠠᠬᠢᠭᠤᠯᠤᠨ᠎ᠠ᠃ | ︵ᠲᠠᠪᠤ︶ ᠬᠥᠲᠥᠴᠢ ᠶᠢᠨ ᠦᠢᠯᠡᠳᠦᠯ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠠᠭᠤᠰᠤᠯᠴᠠᠭᠰᠠᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠤᠨ᠎ᠠ᠃ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠣᠷᠭᠠᠨᠢᠭ | ᠤᠶᠠᠯᠳᠤᠯ ᠢ ᠠᠬᠢᠭᠤᠯᠵᠤ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠲᠦᠷᠭᠡᠪᠴᠢᠯᠡᠨ ᠪᠠᠶᠢᠭᠤᠯᠵᠤ᠂ ᠬᠤᠳᠠ ᠬᠥᠳᠡᠭᠡ ᠶᠢ ᠣᠷᠣᠰᠢᠨ | ᠰᠠᠭᠤᠬᠤ ᠳᠤ ᠨᠡᠩ ᠲᠣᠬᠢᠷᠠᠮᠵᠢᠲᠠᠢ᠂ ᠨᠡᠩ ᠲᠠᠭᠠᠯᠠᠮᠵᠢᠲᠠᠢ ᠪᠣᠯᠭᠠᠨ᠎ᠠ᠃ | ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷᠲᠠᠢ ᠣᠶᠤᠨᠴᠢ ᠬᠤᠲᠠ ᠶᠢ ᠴᠣᠭᠴᠠᠯᠠᠨ ᠪᠠᠶᠢᠭᠤᠯᠤᠨ᠎ᠠ᠃ ᠭᠤᠣᠯ ᠬᠤᠳᠠ ᠶᠢᠨ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠶᠢᠰᠦᠨ ᠶᠡᠭᠡ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠮ ᠤᠨ ᠲᠣᠣᠷ ᠢ ᠲᠡᠭᠦᠯᠳᠡᠷᠵᠢᠭᠦᠯᠬᠦ᠂ | ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠮᠢ ᠨᠠᠰᠤᠨ ᠤ ᠠᠮᠤᠷ ᠲᠦᠪᠰᠢᠨ᠂ ᠬᠤᠪᠢᠶᠠᠷᠢ ᠬᠡᠰᠡᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ | ᠤᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠪᠠ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠦᠷᠦᠯ ᠵᠦᠢᠯ ᠢ 130 ᠠᠴᠠ ᠳᠡᠭᠡᠭᠰᠢ | ᠬᠡᠷᠡᠭᠵᠢᠭᠦᠯᠵᠦ᠂ ᠬᠤᠳᠠ ᠶᠢᠨ ᠴᠢᠳᠠᠪᠬᠢ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠬᠤᠲᠠ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ | ᠰᠢᠰᠲ᠋ᠧᠮ︾ ᠤᠨ ᠬᠡᠷᠡᠭᠯᠡᠯᠲᠡ ᠶᠢ ᠥᠷᠭᠡᠳᠬᠡᠵᠦ᠂ ︽AI︾ ᠲᠦᠩᠯᠢᠶᠣᠣ᠂ ᠣᠶᠤᠨᠴᠢ ᠪᠠᠷ ᠲᠡᠷᠭᠡ ᠵᠣᠭᠰᠤᠭᠠᠬᠤ᠂ ᠴᠠᠬᠢᠯᠭᠠᠨ ᠴᠡᠨᠡᠭᠯᠡᠬᠦ ᠬᠠᠮᠢᠶᠠᠷᠤᠯᠲᠠ ᠵᠡᠷᠭᠡ | ᠣᠶᠤᠨᠴᠢ ᠬᠡᠷᠡᠭᠯᠡᠭᠡ ᠶᠢᠨ ᠲᠠᠪᠴᠠᠩ ᠢ ᠪᠠᠶᠢᠭᠤᠯᠵᠤ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠪᠠᠷ ᠬᠤᠲᠠ ᠶᠢᠨ ᠵᠠᠰᠠᠯᠲᠠ ᠶᠢ ᠨᠠᠩ ︽ᠣᠶᠣᠯᠢᠭ︾ | ᠪᠣᠯᠭᠠᠵᠤ᠂ ᠣᠯᠠᠨ ᠲᠦᠮᠡᠨ ᠤ ᠠᠮᠢᠳᠤᠷᠠᠯ ᠢ ᠨᠠᠩ ᠳᠥᠭᠦᠮ ᠳᠥᠲᠡ ᠪᠣᠯᠭᠠᠨ᠎ᠠ᠃ ᠬᠤᠳᠠ ᠶᠢ ᠠᠷᠠᠳ ᠲᠦᠮᠡᠨ ᠳᠤ ᠦᠢᠯᠡᠴᠢᠯᠡᠭᠦᠯᠬᠦ ᠶᠢ ᠪᠠᠷᠢᠮᠲᠠᠯᠠᠵᠤ᠂ ᠣᠷᠣᠨ | ᠰᠠᠭᠤᠴᠠ ᠳᠤ ᠠᠳᠠᠯ ᠠᠬᠤᠢ ᠶᠢ ᠪᠦᠷᠢᠮᠦᠰᠦᠨ ᠬᠠᠮᠤᠷᠤᠭᠤᠯᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠣᠷᠴᠢᠨ ᠲᠣᠭᠤᠷᠢᠨ ᠤ | ᠠᠷᠢᠭᠤᠨ ᠴᠡᠪᠡᠷ᠂ ᠲᠡᠷᠭᠡ ᠵᠣᠭᠰᠤᠭᠠᠬᠤ ᠳᠤ ᠬᠦᠴᠢᠷᠳᠡᠬᠦ᠂ ᠳᠤᠷ᠎ᠠ ᠪᠠᠷ ᠢᠶᠠᠨ ᠪᠠᠶᠢᠭᠤᠯᠵᠤ ᠪᠣᠰᠬᠠᠬᠤ ᠵᠡᠷᠭᠡ ᠬᠤᠳᠠ ᠶᠢᠨ ︽ᠲᠦᠭᠵᠢᠷᠡᠯ︾᠂ ᠠᠷᠠᠳ ᠤᠨ | ᠠᠮᠢᠳᠤᠷᠠᠯ ᠤᠨ ︽ᠡᠪᠡᠷᠰᠢᠶᠡᠯ︾ ᠤᠨ ᠠᠰᠠᠭᠤᠳᠠᠯ ᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠵᠠᠰᠠᠵᠤ᠂ ᠨᠠᠷᠢᠯᠢᠭ ᠣᠨᠣᠴᠠᠲᠠᠢ ᠪᠠᠷ ᠬᠤᠳᠠ ᠶᠢᠨ ᠳᠦᠷᠢ | ᠲᠥᠷᠬᠦ ᠶᠢ ᠳᠡᠭᠡᠭᠰᠢᠯᠡᠭᠦᠯᠵᠦ᠂ ᠬᠤᠳᠠ ᠶᠢᠨ ᠬᠠᠷᠢᠶᠠᠯᠠᠭᠳᠠᠬᠤ ᠲᠥᠷᠥᠭᠳᠡᠯ᠂ ᠢᠷᠠᠭᠤ ᠠᠯᠳᠠᠷᠲᠤ ᠲᠥᠷᠥᠭᠳᠡᠯ ᠢ ᠨᠡᠮᠡᠭᠳᠡᠭᠦᠯᠦᠨ᠎ᠡ᠃ ᠰᠢᠶᠠᠨ ᠢᠶᠠᠷ ᠴᠢᠬᠤᠯᠠ | ᠠᠴᠢᠶᠠᠯᠠᠪᠤᠷᠢ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠵᠤ᠂ ᠬᠤᠰᠢᠭᠤ ᠰᠢᠶᠠᠨ ᠤ ᠵᠠᠰᠠᠭ ᠰᠠᠭᠤᠭ᠎ᠠ ᠪᠠᠯᠭᠠᠰᠤ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠳᠡᠮᠵᠢᠵᠦ᠂ ᠲᠥᠪ ᠪᠠᠯᠭᠠᠰᠤ᠂ ᠲᠤᠰᠬᠠᠢ ᠮᠡᠷᠭᠡᠵᠢᠯ ᠤᠨ ᠴᠢᠳᠠᠮᠵᠢᠲᠤ ᠪᠠᠯᠭᠠᠰᠤ ᠪᠠ ᠣᠨᠴᠠᠯᠢᠭᠲᠤ ᠪᠠᠯᠭ᠎ᠠ ᠶᠢ ᠪᠣᠶᠢᠵᠢᠭᠤᠯᠤᠨ᠎ᠠ᠃ | | ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠤᠨ᠎ᠠ᠃ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠭᠦᠨᠵᠡᠭᠡᠢ ᠰᠠᠶᠢᠲᠤᠷ ᠬᠢᠵᠦ᠂ ᠨᠢᠭᠡ ᠪᠦᠯᠦᠭ ᠲᠠᠷᠢᠮᠠᠯ ᠲᠡᠵᠢᠭᠡᠪᠦᠷᠢ᠂ ᠣᠶ ᠶᠢᠨ ᠵᠢᠮᠢᠰ ᠤᠨ ᠠᠵᠤ ᠦᠢᠯᠡᠰ᠂ | ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠬᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠣᠨᠴᠠᠯᠢᠭᠲᠤ ᠲᠣᠰᠬᠤᠨ ᠪᠠ ᠭᠤᠣᠯᠳᠠᠯᠭ᠎ᠠ ᠲᠠᠢ | ᠪᠠᠯᠭᠠᠰᠤ ᠶᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠤᠤᠭᠤᠬᠤ ᠤᠰᠤᠨ ᠤ ᠠᠮᠤᠷ ᠲᠦᠪᠰᠢᠨ᠂ ᠬᠥᠳᠡᠭᠡ ᠲᠣᠰᠬᠤᠨ ᠤ ᠵᠠᠰᠠᠮᠠᠯ ᠵᠠᠮ᠂ ᠬᠥᠳᠡᠭᠡ | ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ᠂ ᠨᠤᠷᠠᠬᠤ ᠠᠶᠤᠯᠲᠠᠢ ᠭᠡᠷ ᠪᠠᠶᠢᠰᠢᠩ ᠵᠣᠷᠯᠣᠩ ᠤᠨ ᠥᠭᠡᠷᠡᠴᠢᠯᠡᠯᠲᠡ᠂ ᠬᠤᠭ ᠨᠣᠪᠰᠢ ᠪᠣᠬᠢᠷ | ᠤᠰᠤ ᠶᠢ ᠰᠢᠢᠳᠪᠦᠷᠢᠯᠡᠬᠦ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠨᠢᠭᠡ ᠪᠦᠯᠦᠭ ᠣᠯᠠᠨ ᠲᠦᠮᠡᠨ ᠳᠤ ᠮᠡᠳᠡᠷᠡᠭᠳᠡᠬᠦ ᠪᠣᠳᠠᠲᠤ ᠶᠠᠪᠤᠳᠠᠯ ᠢ | ᠪᠦᠲᠦᠭᠡᠨ᠎ᠡ᠃ ︽ᠲᠦᠩᠯᠢᠶᠣᠣ ᠬᠤᠲᠠ ᠶᠢᠨ ᠬᠡᠪ ᠵᠠᠩᠰᠢᠯ ᠢ ᠥᠭᠡᠷᠡᠴᠢᠯᠡᠬᠦ ᠳᠦᠷᠢᠮ︾ ᠢ ᠲᠤᠤᠱᠯᠠᠭᠤᠯᠤᠨ᠂ ᠬᠥᠳᠡᠭᠡ ᠲᠣᠰᠬᠤᠨ ᠤ ᠨᠠᠭᠠᠳᠤᠮ᠂ ︽ | ᠲᠣᠰᠬᠤᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ︾᠂ ︽ᠲᠣᠰᠬᠤᠨ ᠤ ᠦᠳᠡᠰᠢᠯᠡᠭᠡ︾ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠨᠤᠲᠤᠭ ᠤᠨ ᠮᠥᠷᠥᠭᠡᠳᠦᠯ︾ ᠲᠠᠢ ᠪᠠᠶᠠᠷ ᠨᠠᠶᠢᠷ ᠤᠨ ᠨᠦᠮᠵᠦᠭᠬᠡᠨ | ᠠᠭᠤᠷ ᠠᠮᠢᠰᠬᠤᠯ ᠢ ᠪᠣᠶ ᠪᠣᠯᠭᠠᠵᠤ᠂ ᠮᠠᠭᠤ ᠳᠠᠳᠬᠠᠯ ᠢ ᠥᠯᠥ ᠮᠡᠳᠡᠭᠴᠢ ᠪᠠᠷ ᠠᠷᠢᠯᠭᠠᠵᠤ᠂ ᠰᠢᠨ᠎ᠡ ᠬᠡᠪ ᠰᠤᠷᠲᠠᠯ ᠢ ᠪᠣᠶ ᠪᠣᠯᠭᠠᠨ᠂ ᠠᠷᠠᠳ ᠤᠨ ᠰᠡᠳᠬᠢᠯ ᠢ | ᠨᠢᠭᠲᠠᠷᠠᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ 6 ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ 189 ᠲᠥᠷᠥᠯ ᠵᠦᠢᠯ ᠢ | ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤ ᠶᠢᠨ ᠬᠢᠨᠠᠨ ᠬᠡᠮᠵᠢᠯᠲᠡ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ | ᠨᠡᠶᠢᠭᠡᠮ ᠢᠶᠠᠷ ᠢᠶᠠᠨ ᠬᠠᠪᠰᠤᠷᠤᠨ ᠲᠡᠳᠬᠦᠬᠦ᠂ ᠦᠨᠳᠦᠰᠦᠨ ᠵᠦᠢᠯ ᠢ ᠪᠠᠲᠤᠯᠠᠬᠤ᠂ ᠶᠠᠳᠠᠭᠤ ᠶᠢ ᠲᠡᠳᠬᠦᠵᠦ ᠬᠠᠪᠰᠤᠷᠤᠨ ᠲᠡᠳᠬᠦᠬᠦ ᠡᠳ᠋ ᠬᠥᠷᠥᠩᠭᠡ ᠶᠢᠨ | ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠤᠨ | ᠪᠠᠬᠢᠵᠢᠭᠦᠯᠦᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠭᠠᠳ ᠨᠠᠩ ᠶᠡᠭᠡ ᠦᠷ᠎ᠡ ᠪᠦᠲᠦᠮᠵᠢ ᠣᠯᠬᠤ ᠶᠢ | ᠠᠬᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠴᠤᠤᠯ ᠭᠤᠣᠯ ᠤᠨ ᠤᠰᠤ ᠶᠢ ᠪᠠᠷᠠᠭᠤᠨ ᠯᠣᠤᠬ᠎ᠠ ᠶᠢᠨ ᠭᠤᠣᠯ ᠳᠤ ᠲᠠᠲᠠᠬᠤ | ᠬᠤᠶᠠᠳᠤᠭᠠᠷ ᠬᠤᠭᠤᠴᠠᠭ᠎ᠠ ᠶᠢᠨ ᠢᠨᠵᠧᠨᠧᠷᠢᠩ ᠪᠠ ᠭᠠᠭ᠋ᠠᠢ ᠠᠭᠤᠯᠠ ᠶᠢᠨ ᠴᠥᠭᠦᠷᠥᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠥᠪᠥᠷ ᠮᠣᠩᠭᠤᠯ ᠤᠨ ᠤᠰᠤ ᠬᠠᠩᠭᠠᠬᠤ ᠢᠨᠵᠧᠨᠧᠷᠢᠩ ᠤᠨ ᠲᠦᠩᠯᠢᠶᠣᠣ ᠶᠢᠨ ᠬᠡᠰᠡᠭ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠬᠠᠬᠤ ᠶᠢ ᠠᠬᠢᠭᠤᠯᠤᠨ᠎ᠠ᠃ | ᠭᠤᠣᠯ ᠪᠣᠯᠬᠤ ᠲᠣᠣᠷ ᠢ ᠴᠢᠩᠭᠠᠷᠠᠭᠤᠯᠤᠨ ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ 25 ᠲᠥᠷᠥᠯ ᠵᠦᠢᠯ ᠢ ᠬᠡᠷᠡᠭᠵᠢᠭᠦᠯᠵᠦ᠂ 1208 | ᠺᠢᠯᠣᠮᠧᠲᠷ ᠤᠨ ᠱᠤᠭᠤᠮ ᠢ ᠰᠢᠨ᠎ᠡ ᠪᠠᠷ ᠵᠠᠰᠠᠵᠤ ᠥᠭᠡᠷᠡᠴᠢᠯᠡᠨ᠎ᠡ᠃ ᠤᠯᠤᠰ ᠤᠨ ᠵᠠᠮ ᠤᠨ 334 ᠱᠤᠭᠤᠮ ᠤᠨ ᠪᠦᠦ ᠺᠠᠩ ᠠᠴᠠ ᠳᠣᠯᠣᠭᠠᠨᠮᠣᠳᠣ ᠬᠦᠷᠬᠦ ᠬᠡᠰᠡᠭ ᠤᠨ | ᠬᠤᠶᠠᠳᠤᠭᠠᠷ ᠳᠡᠰ ᠤᠨ ᠵᠠᠰᠠᠮᠠᠯ ᠵᠠᠮ᠂ ᠮᠤᠵᠢ ᠶᠢᠨ ᠵᠠᠮ ᠤᠨ 310 ᠱᠤᠭᠤᠮ ᠤᠨ ᠣᠯᠪᠣᠭ ᠳᠠᠬᠢ ᠵᠠᠰᠠᠮᠠᠯ ᠵᠠᠮ ᠲᠡᠮᠦᠷ ᠵᠠᠮ ᠤᠨ ᠠᠭᠤᠯᠵᠠᠷ ᠤᠨ ᠬᠡᠰᠡᠭ ᠢ ︽ | ᠵᠥᠷᠢᠯᠢᠭ ᠬᠥᠭᠦᠷᠭᠡ ᠪᠠᠷ ᠥᠭᠡᠷᠡᠴᠢᠯᠡᠬᠦ︾ ᠢᠨᠵᠧᠨᠧᠷᠢᠩ ᠢ ᠡᠬᠢᠯᠡᠭᠦᠯᠵᠦ᠂ ᠳ᠋ᠠᠴᠢᠩ ᠠᠴᠠ ᠭᠤᠸᠠᠩᠵᠧᠦ ᠬᠦᠷᠬᠦ ᠲᠦᠷᠭᠡᠨ ᠵᠠᠮ ᠬᠢᠭᠡᠳ ᠲᠦᠩᠯᠢᠶᠣᠣ ᠶᠢᠨ | ᠲᠦᠷᠭᠡᠨ ᠲᠡᠮᠦᠷ ᠵᠠᠮ ᠤᠨ ᠥᠷᠲᠡᠭᠡ ᠶᠢ ᠨᠡᠪᠲᠡᠷᠡᠭᠦᠯᠬᠦ ᠠᠭᠤᠯᠵᠠᠷ ᠤᠨ ᠲᠦᠷᠭᠡᠨ ᠵᠠᠮ ᠤᠨ ᠵᠥᠷᠢᠯᠢᠭ ᠤᠨ ᠢᠨᠵᠧᠨᠧᠷᠢᠩ᠂ G5511 ᠲᠦᠷᠭᠡᠨ ᠵᠠᠮ ᠤᠨ | ᠲᠦᠩᠯᠢᠶᠣᠣ ᠳᠠᠬᠢ ᠬᠡᠰᠡᠭ ᠤᠨ ᠭᠤᠣᠯ ᠬᠡᠰᠡᠭ᠂ ᠬᠤᠩ ᠱᠢ ᠨᠡᠶᠢᠭᠡᠮ ᠲᠣᠭᠤᠷᠢᠭ ᠠᠴᠠ ᠬᠦᠨᠳᠡᠢ ᠶᠢᠨ ᠭᠠᠴᠠᠭ᠎ᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ | ᠮᠤᠵᠢ ᠶᠢᠨ ᠵᠠᠮ ᠤᠨ 305 ᠱᠤᠭᠤᠮ ᠪᠣᠯᠣᠨ ᠬᠤᠯᠪᠤᠭ᠎ᠠ ᠠᠴᠠ ᠲᠥᠩᠯᠢᠶᠤᠤ ᠬᠦᠷᠬᠦ ᠲᠦᠷᠭᠡᠨ ᠵᠠᠮ ᠢ ᠬᠤᠯᠪᠣᠬᠤ ᠱᠤᠭᠤᠮ ᠢ ᠪᠠᠶᠢᠭᠤᠯᠤᠨ ᠳᠠᠭᠤᠰᠬᠠᠵᠤ ᠲᠡᠷᠭᠡ | ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠬᠦᠷᠢᠶ᠎ᠡ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠤᠨ ᠪᠦᠲᠦᠭᠡᠵᠦ᠂ ᠨᠠᠢᠮᠠᠨ ᠤ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ 5G ᠶᠢᠨ ᠰᠠᠭᠤᠷᠢ ᠥᠷᠲᠡᠭᠡ ᠶᠢ 1200 ᠰᠢᠨ᠎ᠡ ᠪᠠᠷ ᠪᠠᠶᠢᠭᠤᠯᠵᠤ᠂ | ᠮᠢᠩᠭᠠᠨ Mb ᠶᠢᠨ ᠬᠤᠲᠠ ᠶᠢ ᠪᠦᠲᠦᠭᠡᠨ ᠪᠠᠶᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯ ᠤᠨ | ᠬᠠᠷᠢᠭᠤᠯᠲᠠ ᠶᠢ ᠰᠡᠳᠬᠢᠯ ᠲᠠᠯᠪᠢᠨ ᠪᠢᠴᠢᠭᠯᠡᠨ᠎ᠡ᠃ ᠠᠷᠪᠢᠯᠠᠨ ᠭᠠᠮᠨᠠᠵᠤ ᠠᠷᠠᠳ ᠢ ᠴᠢᠨᠡᠭᠡᠯᠢᠭᠵᠢᠭᠦᠯᠬᠦ ᠶᠢ ᠪᠠᠷᠢᠮᠲᠠᠯᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ | ᠴᠢᠳᠠᠬᠤ ᠶᠢᠨ ᠬᠢᠷᠢ ᠪᠠᠷ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠬᠢᠯᠡᠵᠦ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ | ᠣᠨᠣᠪᠴᠢᠲᠠᠢ ᠪᠠᠲᠤᠯᠠᠨ᠎ᠠ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠲᠤᠪᠤᠶᠢᠯᠭᠠᠨ᠎ᠠ᠃ ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ | ᠣᠯᠭᠤᠯᠲᠠ ᠶᠢ ᠥᠷᠭᠡᠳᠬᠡᠬᠦ᠂ ᠦᠢᠯᠡᠰ ᠪᠣᠰᠬᠠᠬᠤ ᠶᠢ ᠲᠡᠳᠬᠦᠬᠦ ᠵᠡᠷᠭᠡ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠥᠮᠥᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ᠂ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠪᠣᠯᠪᠠᠰᠤᠷᠠᠯ ᠤᠨ ᠬᠤᠯᠪᠣᠭ᠎ᠠ᠂ ︽ | ᠡᠳᠦᠷ ᠤᠨ ᠬᠦᠴᠦᠨ ᠤ ᠵᠠᠬ᠎ᠠ ᠳᠡᠯᠭᠡᠭᠦᠷ︾᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ︾ ᠵᠡᠷᠭᠡ ᠠᠵᠢᠯ ᠣᠯᠭᠤᠵᠤ ᠦᠢᠯᠡᠰ ᠪᠣᠰᠬᠠᠬᠤ | ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠤᠨ᠂ | ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ᠂ ᠵᠡᠮᠳᠡᠭᠴᠦᠳ ᠵᠡᠷᠭᠡ | ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠠᠬᠢᠭᠤᠯᠵᠤ᠂ 40 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ᠂ 1 | ᠲᠦᠮᠡ ᠠᠴᠠ ᠳᠡᠭᠡᠭᠰᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠪᠡᠶᠡᠯᠡᠭᠦᠯᠦᠨ᠎ᠡ᠃ ᠴᠠᠯᠢᠩ ᠥᠷᠢᠲᠦᠬᠦ ᠶᠢ ᠰᠡᠷᠭᠡᠶᠢᠯᠡᠵᠦ ᠴᠡᠭᠴᠡᠯᠡᠨ | ᠵᠠᠰᠠᠬᠤ ᠶᠢ ᠴᠢᠩᠭᠠᠳᠬᠠᠵᠤ᠂ ᠴᠠᠯᠢᠩ ᠥᠷᠢᠲᠦᠭᠰᠡᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠲᠤᠶᠢᠯ ᠳᠤᠨᠢ ᠲᠤᠯᠲᠠᠯ᠎ᠠ ᠠᠬᠢᠭᠤᠯᠵᠤ᠂ ᠥᠷᠭᠡᠨ ᠤᠯᠠᠨ | ᠬᠥᠯᠥᠰᠦᠨ ᠠᠵᠢᠯᠴᠢᠨ ᠢ ᠴᠠᠯᠢᠩ ᠤᠨ ᠲᠥᠯᠥᠭᠡ ᠵᠣᠪᠠᠭ᠋ᠤ ᠦᠭᠡᠢ ᠪᠣᠯᠭᠠᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ | ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠵᠤ᠂ ᠭᠤᠣᠯ ᠬᠤᠲᠠ ᠶᠢᠨ ᠲᠣᠭᠤᠷᠢᠭ ᠲᠤ ᠰᠤᠷᠤᠭᠴᠢ ᠡᠯᠰᠡᠬᠦ ᠲᠤᠭ᠎ᠠ ᠶᠢ | ᠰᠢᠨ᠎ᠡ ᠪᠠᠷ ᠨᠡᠮᠡᠭᠳᠡᠭᠦᠯᠬᠦ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠪᠡᠶᠡᠯᠡᠭᠦᠯᠵᠦ᠂ ᠨᠢᠭᠡ ᠪᠦᠯᠦᠭ ︽ᠭᠡᠷ ᠤᠨ ᠡᠭᠦᠳᠡᠨ ᠳᠠᠬᠢ ᠰᠠᠶᠢᠨ ᠰᠤᠷᠭᠠᠭᠤᠯᠢ︾ | ᠶᠢ ᠪᠠᠶᠢᠭᠤᠯᠤᠨ᠎ᠠ᠃ ᠬᠤᠳᠠ ᠶᠢᠨ ᠬᠡᠪᠴᠢᠶᠡᠨ ᠳᠠᠬᠢ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠶᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠤᠰᠬᠠᠶᠢᠯᠠᠨ ᠬᠥᠮᠥᠵᠢᠭᠦᠯᠬᠦ ᠰᠢᠨ᠎ᠡ ᠵᠠᠭᠪᠤᠷ ᠢ ᠬᠡᠷᠡᠭᠵᠢᠭᠦᠯᠦᠨ᠎ᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠵᠤ᠂ ᠰᠦᠭ ᠰᠦᠨᠡᠰᠦ ᠶᠢ | ᠱᠤᠭᠤᠵᠤ᠂ ᠶᠣᠰᠣ ᠮᠣᠷᠠᠯ ᠲᠠᠢ ᠬᠥᠮᠥᠨ ᠢ ᠬᠥᠮᠥᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠦᠷᠪᠡᠨ ᠶᠡᠭᠡ | ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢ ᠨᠢᠭᠡᠳᠦᠯᠲᠡᠢ ᠲᠥᠯᠥᠪᠯᠡᠬᠦ ᠠᠵᠢᠯ ᠢ | ᠪᠦᠬᠦ ᠲᠠᠯ᠎ᠠ ᠪᠠᠷ ᠡᠬᠢᠯᠡᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠳᠤ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ ᠪᠠᠭᠴᠠᠯᠠᠨ ᠥᠭᠬᠦ ᠰᠢᠨ᠎ᠡ ᠵᠠᠭᠪᠤᠷ ᠢ | ᠲᠤᠷᠰᠢᠨ ᠠᠬᠢᠭᠤᠯᠵᠤ᠂ ᠤᠯᠠᠨ ᠲᠦᠮᠡᠨ ᠢ ︽ᠡᠪᠡᠳᠴᠢᠨ ᠢᠶᠠᠨ ᠰᠠᠶᠢᠲᠤᠷ ᠡᠮᠨᠡᠭᠦᠯᠵᠦ᠂ ᠪᠠᠭ᠎ᠠ ᠵᠣᠭᠤᠰ ᠵᠠᠷᠤᠴᠠᠯᠠᠬᠤ︾ ᠪᠣᠯᠭᠠᠨ᠎ᠠ᠃ ᠬᠠᠮ ᠡᠷᠡᠭᠦᠯ ᠮᠡᠨᠳᠦ ᠶᠢᠨ | ᠠᠵᠤ ᠦᠢᠯᠡᠰ ᠢ ᠬᠥᠭᠵᠢᠭᠦᠯᠵᠦ᠂ ᠤᠯᠤᠰ ᠤᠨ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠡᠭᠦᠳᠦᠯᠲᠡ ᠶᠢᠨ ᠬᠥᠭᠵᠢᠭᠦᠯᠦᠯᠲᠡ ᠶᠢᠨ | ᠲᠤᠷᠰᠢᠯᠲᠠ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠠᠷᠢᠭᠤᠨ ᠴᠡᠪᠡᠷ ᠤᠨ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠤᠯᠤᠰ ᠤᠨ | ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠪᠦᠬᠦᠨ ᠢ ᠬᠠᠮᠤᠷᠬᠤ᠂ ᠤᠯᠤᠰ ᠤᠨ ᠠᠷᠢᠭᠤᠨ ᠴᠡᠪᠡᠷ ᠰᠢᠶᠠᠩ ᠪᠠᠯᠭᠠᠰᠤ ᠶᠢ ᠡᠭᠦᠳᠦᠨ | ᠪᠠᠶᠢᠭᠤᠯᠬᠤ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ︽ᠤᠮᠠᠷᠠᠲᠤ ᠶᠢᠨ ᠰᠣᠶᠣᠯ︾ ᠬᠡᠮᠡᠬᠦ ᠭᠤᠣᠯ ᠰᠡᠳᠦᠪᠲᠦ ᠵᠣᠬᠢᠶᠠᠨ ᠪᠦᠲᠦᠭᠡᠯᠭᠡ ᠶᠢ ᠥᠷᠨᠢᠭᠦᠯᠵᠦ᠂ | ᠳᠤᠮᠳᠠᠳᠤ ᠤᠯᠤᠰ ᠤᠨ ᠥᠯᠢᠭᠡᠷ ᠤᠨ ︽ᠲᠦᠩᠯᠢᠶᠣᠣ ᠶᠢᠨ ᠪᠠᠳᠠᠭ︾ ᠢ ᠰᠠᠶᠢᠲᠤᠷ ᠶᠠᠷᠢᠨ᠎ᠠ᠃ ᠪᠠᠷᠠᠭᠤᠨ ᠯᠣᠤᠬ᠎ᠠ ᠶᠢᠨ ᠭᠤᠣᠯ ᠤᠨ ᠪᠣᠯᠪᠠᠰᠤᠨ ᠤ ᠰᠤᠳᠤᠯᠤᠯ ᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯ ᠲᠠᠷᠢᠶᠠᠯᠠᠩ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠡᠭᠦᠳᠦᠨ | ᠪᠠᠶᠢᠭᠤᠯᠤᠨ᠎ᠠ᠃ 2024 ᠣᠨ ᠤ ᠪᠥᠬᠦ ᠤᠯᠤᠰ ᠤᠨ ᠢᠳᠡᠷ ᠥᠲᠡᠯᠦᠭᠡ ᠨᠠᠰᠤᠨ ᠤ ᠬᠢᠨ ᠤ ᠲᠣᠣᠷ ᠪᠥᠮᠪᠦᠭᠡ ᠶᠢᠨ ᠤᠷᠤᠯᠳᠤᠭᠠᠨ ᠢ ᠰᠠᠶᠢᠲᠤᠷ ᠡᠷᠭᠢᠯᠡᠵᠦ᠂ | ᠪᠠᠷᠠᠭᠤᠨ ᠯᠣᠤᠬ᠎ᠠ ᠶᠢᠨ ᠭᠤᠣᠯ ᠤᠨ ᠰᠣᠶᠣᠯ ᠤᠨ ᠨᠠᠶᠢᠷ᠂ ᠬᠤᠷᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ᠂ ︽8 · 18︾ ᠵᠢᠷᠢᠮ ᠤᠨ ᠮᠣᠷᠢᠨ ᠤᠷᠤᠯᠳᠤᠭᠠᠨ ᠤ | ᠨᠠᠶᠢᠷ ᠢ ᠡᠷᠬᠢᠯᠡᠵᠦ᠂ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠲᠠᠰ ᠳᠡᠪᠰᠢᠭᠦᠯᠵᠦ᠂ ᠨᠠᠩ ᠣᠯᠠᠨ ᠰᠠᠭᠤᠭᠠᠯᠢ ᠠᠷᠠᠳ ᠲᠤ ᠣᠶᠢᠷ᠎ᠠ ᠬᠠᠪᠢ | ᠳᠤᠨᠢ ︽ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠬᠡ ᠴᠢᠯᠦᠭᠡ︾ ᠶᠢ ᠡᠳ᠋ᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠲᠡᠭᠦᠯᠳᠡᠷᠵᠢᠭᠦᠯᠦᠨ᠎ᠡ᠃ ᠦᠨᠳᠦᠰᠦᠨ ᠨᠠᠰᠤᠵᠢᠯ ᠤᠨ ᠳᠠᠭᠠᠳᠬᠠᠯ ᠤᠨ ᠮᠢᠩᠭᠠᠨ ᠲᠣᠰᠬᠤᠨ ᠢ | ᠬᠠᠮᠤᠷᠬᠤ ᠢᠨᠵᠧᠨᠧᠷᠢᠩ ᠢ ᠡᠬᠢᠯᠡᠭᠦᠯᠵᠦ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠢ ᠰᠠᠶᠢᠲᠤᠷ ᠪᠠᠲᠤᠯᠠᠨ᠎ᠠ᠃ ᠡᠮᠡᠭᠲᠡᠶᠢᠴᠦᠳ ᠬᠡᠦᠬᠡᠳ ᠤᠨ ︽ᠬᠤᠶᠠᠷ ᠲᠥᠯᠦᠪᠵᠢᠭᠦᠯᠭᠡ︾ ᠶᠢᠨ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠵᠤ᠂ | ᠵᠠᠯᠠᠭᠤᠴᠤᠳ ᠤᠨ ᠬᠥᠭᠵᠢᠯᠲᠡ ᠶᠢᠨ ᠮᠠᠶ᠋ᠢᠭ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠨᠢᠭᠡ ᠨᠠᠰᠤᠲᠠᠨ ᠨᠢᠭᠡ ᠨᠢᠯᠬ᠎ᠠ︾ ᠶᠢᠨ ᠠᠵᠢᠯ ᠢ | ᠨᠠᠷᠢᠨ ᠨᠢᠮᠪᠠᠢ ᠰᠠᠶᠢᠲᠤᠷ ᠬᠢᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠳᠡᠰ ᠳᠡᠪᠰᠢᠭᠦᠯᠬᠦ᠂ ᠬᠡᠪᠴᠢᠶ᠎ᠡ ᠶᠢ | ᠥᠷᠭᠡᠳᠬᠡᠬᠦ᠂ ᠰᠠᠭᠤᠷᠢ ᠶᠢ ᠪᠠᠲᠤᠳᠬᠠᠬᠤ ᠢᠨᠵᠧᠨᠧᠷᠢᠩ ᠢ ᠬᠡᠷᠡᠭᠵᠢᠭᠦᠯᠵᠦ᠂ ︽ᠠᠨᠠᠷ ᠤᠨ ᠦᠷ᠎ᠡ︾ ᠬᠡᠮᠡᠬᠦ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠨᠠᠷᠠᠲᠤ | ᠱᠣᠰᠢᠭ᠎ᠠ ᠶᠢ ᠪᠣᠶ ᠪᠣᠯᠭᠠᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠴᠡᠷᠢᠭ ᠤᠨ ᠠᠯᠪᠠᠨ ᠠᠴᠠ | ᠪᠠᠭᠤᠭᠰᠠᠳ ᠢ ᠲᠥᠪᠬᠢᠨᠡᠭᠦᠯᠬᠦ ᠪᠠ ᠠᠰᠠᠷᠠᠨ ᠬᠠᠷᠠᠭᠠᠯᠵᠠᠬᠤ ᠠᠵᠢᠯ ᠢ ᠰᠠᠶᠢᠲᠤᠷ ᠬᠢᠨ᠎ᠡ᠃ ︽ᠳᠤᠯᠠᠭᠠᠯᠠᠭ᠎ᠠ ᠶᠢᠨ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ︽ | ᠠᠷᠠᠳ ᠢ ᠰᠤᠷᠪᠤᠯᠵᠢᠯᠠᠨ ᠳᠤᠯᠠᠭᠠᠯᠠᠭ᠎ᠠ ᠶᠢ ᠠᠰᠠᠭᠤᠬᠤ︾ ᠠᠵᠢᠯᠯᠠᠭ᠎ᠠ ᠥᠷᠨᠢᠭᠦᠯᠵᠦ᠂ ᠳᠤᠯᠠᠭᠠᠯᠠᠭ᠎ᠠ ᠶᠢᠨ ᠪᠦᠲᠦᠭᠡᠨ ᠪᠠᠶᠢᠭᠤᠯᠤᠯᠲᠠ᠂ ᠬᠤᠭᠤᠯᠠᠢ ᠶᠢᠨ ᠲᠣᠣᠷ ᠤᠨ | ᠰᠢᠨᠡᠴᠢᠯᠡᠯᠲᠡ᠂ ᠬᠠᠭᠤᠴᠢᠨ ᠬᠤᠷᠤᠭ᠎ᠠ ᠶᠢᠨ ᠥᠭᠡᠷᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨ᠎ᠡ ᠮᠠᠶ᠋ᠢᠭ ᠤᠨ ᠣᠶᠤᠨᠴᠢ ᠪᠠᠷ ᠢᠯᠴᠢ ᠬᠠᠩᠭᠠᠬᠤ | ᠳᠤᠯᠠᠭᠠᠯᠭ᠎ᠠ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠭᠡᠷ ᠪᠦᠯᠢ ᠨᠢᠭᠡᠪᠦᠷᠢ ᠶᠢ ᠳᠤᠯᠠᠭᠠᠨ ᠪᠦᠯᠢᠶᠡᠨ ᠡᠪᠦᠯᠵᠢᠭᠦᠯᠦᠨ᠎ᠡ᠃ | ︵ᠳᠣᠯᠤᠭ᠎ᠠ︶ ᠬᠠᠮᠲᠤᠪᠠᠷ ᠵᠠᠰᠠᠵᠤ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠰᠠᠶᠢᠲᠤᠷ ᠰᠠᠬᠢᠨ᠎ᠠ᠃ ᠤᠯᠤᠰ ᠤᠨ ᠶᠡᠷᠦᠩᠬᠡᠢ ᠠᠶᠤᠯᠭᠦᠢ ᠶᠢᠨ ᠦᠵᠡᠯᠲᠡ ᠶᠢ ᠪᠥᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ︽ | ᠲᠠᠪᠤᠨ ᠶᠡᠭᠡ ᠠᠮᠤᠷ ᠲᠦᠪᠰᠢᠨ︾ ᠤ ᠬᠤᠷᠢᠭ᠎ᠠ ᠱᠤᠭᠤᠮ ᠢ ᠰᠠᠶᠢᠲᠤᠷ ᠰᠠᠬᠢᠨ ᠬᠠᠮᠠᠭᠠᠯᠠᠵᠤ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠣᠯᠠᠨ ᠤ ᠠᠮᠤᠷ | ᠠᠮᠤᠭᠤᠯᠠᠩ ᠢ ᠦᠨᠡᠨ ᠬᠦ ᠪᠠᠲᠤᠯᠠᠨ᠎ᠠ᠃ | ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠬᠦᠴᠦᠨ ᠢᠶᠠᠷ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠦᠯᠡᠳᠡᠵᠦ ᠪᠠᠶᠢᠭ᠎ᠠ ᠥᠷᠢ | ᠥᠭᠴᠡᠭᠡ ᠶᠢ ᠲᠣᠬᠢᠲᠠᠢ ᠰᠢᠢᠳᠪᠦᠷᠢᠯᠡᠨ ᠠᠷᠢᠯᠭᠠᠵᠤ᠂ ᠰᠢᠨ᠎ᠡ ᠪᠠᠷ ᠨᠡᠮᠡᠭᠳᠡᠬᠦ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠡᠷᠡᠰ | ᠬᠤᠷᠢᠭᠯᠠᠨ᠎ᠠ᠃ ᠲᠤᠰᠢᠶᠠᠬᠤ ᠶᠣᠰᠣᠲᠠᠢ ᠠᠰᠠᠷ ᠲᠤ ︽ᠨᠢᠭᠡ ᠠᠰᠠᠷ ᠲᠤ ᠨᠢᠭᠡ ᠲᠥᠷᠥ ᠶᠢᠨ ᠪᠣᠳᠣᠯᠭ᠎ᠠ︾ ᠶᠢ ᠪᠠᠷᠢᠮᠲᠠᠯᠠᠵᠤ᠂ 1701 ᠢᠵᠢ ᠭᠡᠷ ᠢ | ᠲᠤᠰᠢᠶᠠᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠬᠠᠤᠯᠢ ᠶᠢᠨ ᠬᠥᠮᠥᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠡᠷᠡᠭᠦᠯ ᠪᠤᠰᠤ ᠪᠡᠯᠡ | ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠶᠢ ᠴᠢᠩᠭᠠᠳᠬᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠶᠢ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠢ | ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ | ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠤ ᠬᠦᠨᠳᠦ ᠶᠡᠭᠡ | ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠵᠢᠯᠤᠭᠤᠳᠬᠤ ᠲᠥᠪ ᠢ ᠪᠠᠶᠢᠭᠤᠯᠵᠤ᠂ ᠰᠢᠷᠦᠭᠦᠨ ᠪᠣᠷᠣᠭᠠᠨ᠂ ᠦᠶᠡᠷ ᠤᠰᠤᠲᠤᠯ᠂ ᠴᠠᠰᠤ ᠵᠤᠳ ᠵᠡᠷᠭᠡ ᠪᠠᠶᠢᠭᠠᠯᠢ ᠶᠢᠨ | ᠭᠠᠮᠰᠢᠭ ᠢ ᠪᠦᠲᠦᠮᠵᠢᠲᠡᠶ ᠠᠷᠭᠠᠴᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠨ᠎ᠠ᠃ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨ᠎ᠡ ᠶᠢ ᠡᠭᠦᠳᠦᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ | ᠬᠠᠤᠯᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠹᠧᠩᠴᠢᠶᠣᠣ ᠶᠢᠨ ᠲᠤᠷᠰᠢᠯᠭ᠎ᠠ︾ ︽ᠫᠦᠵᠢᠶᠠᠩ ᠤᠨ ᠲᠤᠷᠰᠢᠯᠭ᠎ᠠ︾ ᠶᠢ ᠭᠦᠨᠵᠡᠭᠡᠢ | ᠦᠢᠯᠡᠳᠦᠯᠭᠡᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠲᠦᠷᠦᠭᠦᠦ ᠬᠦᠯᠢᠶᠡᠨ ᠠᠪᠤᠭᠴᠢ ᠶᠢᠨ ᠬᠠᠷᠢᠭᠤᠴᠠᠯᠭ᠎ᠠ ᠶᠢᠨ ᠳᠦᠷᠢᠮ᠂ ᠵᠠᠬᠢᠳᠠᠯ ᠰᠣᠷᠪᠤᠯᠵᠢᠯᠠᠭ᠎ᠠ ᠶᠢ | ᠣᠷᠣᠯᠠᠨ ᠭᠦᠢᠴᠡᠳᠬᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠷᠭᠤ ᠦᠭᠡᠢ ᠵᠠᠬᠢᠳᠠᠯ ᠰᠣᠷᠪᠤᠯᠵᠢᠯᠠᠭ᠎ᠠ ᠦᠭᠡᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ | ︶ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠡᠶᠡᠷᠡᠭᠦᠯᠵᠦ᠂ ᠡᠬᠢᠨ ᠤ ᠬᠤᠭᠤᠴᠠᠭᠠᠨ | ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ ᠶᠢ ᠴᠢᠩᠭᠠᠳᠬᠠᠨ᠂ ᠬᠤᠲᠠ ᠬᠤᠰᠢᠭᠤ ᠬᠤᠶᠠᠷ ᠱᠠᠲᠤᠨ ᠤ | ᠵᠠᠷᠭᠤ ᠶᠢᠨ ᠪᠤᠰᠤ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠪᠠᠶᠢᠭᠤᠯᠵᠤ᠂ ︽ᠵᠠᠰᠠᠭ ᠤᠨ ᠣᠷᠳᠣᠨ ᠪᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ | ᠬᠤᠯᠪᠤᠭᠠᠯᠠᠨ ᠬᠥᠳᠡᠯᠦᠯᠴᠡᠬᠦ︾ ︽ᠳᠥᠷᠪᠡᠨ ᠭᠠᠵᠠᠷ ᠨᠢᠭᠡ ᠲᠢᠩᠬᠢᠮ︾ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢ | ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ | ᠮᠡᠬᠡᠯᠡᠬᠦ᠂ ᠠᠷᠠᠳ ᠢᠷᠭᠡᠨ ᠤ ᠬᠤᠪᠢ ᠬᠥᠮᠥᠨ ᠤ ᠴᠢᠮᠡᠭᠡ ᠵᠠᠩᠭᠢ ᠳᠤ ᠬᠠᠯᠳᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠣᠨᠣᠪᠴᠢᠲᠠᠶ | ᠴᠣᠬᠢᠯᠲᠠ ᠥᠭᠴᠦ ᠰᠡᠷᠭᠡᠶᠢᠯᠡᠨ ᠵᠠᠰᠠᠵᠤ᠂ ᠨᠠᠩ ᠥᠨᠳᠥᠷ ᠬᠢᠷᠢ ᠲᠦᠪᠰᠢᠨ ᠪᠦᠬᠦᠢ ︽ᠠᠮᠤᠷ ᠲᠠᠶᠢᠪᠤᠩ ᠲᠦᠩᠯᠢᠶᠣᠣ︾ ᠶᠢ ᠪᠦᠲᠦᠭᠡᠨ ᠪᠠᠶᠢᠭᠤᠯᠤᠨ᠎ᠠ᠃ | ᠦᠨᠳᠦᠰᠦᠲᠡᠨ ᠤ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ ᠱᠤᠭᠤᠮ ᠢ ᠲᠤᠤᠱᠯᠠᠭᠤᠯᠬᠤ ᠶᠢ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠡᠯ᠎ᠡ | ᠨᠢᠭᠡᠴᠡ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠭᠤᠰᠬᠠᠵᠤ᠂ ᠪᠣᠶ ᠪᠦᠬᠦᠢ ᠠᠵᠢᠯ ᠢ ᠴᠥᠮ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠭᠤᠣᠯ | ᠱᠤᠭᠤᠮ ᠠᠴᠠ ᠥᠴᠥᠬᠡᠨ ᠴᠦ ᠰᠠᠯᠬᠤ ᠦᠭᠡᠢ ᠪᠠᠶᠢᠬᠤ ᠬᠡᠷᠡᠭᠲᠡᠢ᠃ ︽ᠠᠨᠠᠷ ᠤᠨ ᠦᠷ᠎ᠡ︾ ᠶᠢᠨ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢ ᠥᠷᠭᠡᠨ ᠥᠷᠨᠢᠭᠦᠯᠵᠦ᠂ ︽ | ᠵᠢᠷᠭᠤᠭᠠᠨ ᠪᠠᠳᠠᠭ︾ ᠤᠨ ᠪᠣᠳᠠᠲᠤ ᠶᠠᠪᠤᠳᠠᠯ ᠪᠠ ᠶᠣᠰᠣ ᠤᠴᠢᠷ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ | ᠬᠥᠲᠥᠯᠥᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢ ᠳᠠᠭᠠᠭᠤᠯᠤᠨ᠎ᠠ᠃ ᠰᠢᠨ᠎ᠡ ᠴᠠᠭ ᠦᠶ᠎ᠡ ᠶᠢᠨ ᠴᠡᠷᠢᠭ ᠵᠠᠰᠠᠭ | ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ︽ᠵᠠᠯᠭᠠᠭ᠎ᠠ ᠪᠠᠷ ᠵᠢᠷᠭᠤᠭ᠎ᠠ ᠤᠳᠠᠭ᠎ᠠ︾ ᠪᠥᠬᠦ ᠤᠯᠤᠰ ᠤᠨ ᠬᠤᠣᠰ ᠬᠦᠷᠢᠶᠡᠯᠡᠯ ᠤᠨ ᠵᠢᠱᠢᠶᠡᠴᠢ | ᠬᠤᠲᠠ ᠶᠢ ᠡᠭᠦᠳᠬᠦ ᠪᠠᠷ ᠴᠢᠷᠮᠠᠶᠢᠨ᠎ᠡ᠃ | | | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | | ᠲᠥᠯᠥᠭᠡᠯᠡᠭᠴᠢᠳ ᠠ᠋᠂ ᠮᠠᠨ ᠤ ᠬᠤᠲᠠ ᠶᠠᠭ ᠰᠠᠶ᠋ᠢᠬᠠᠨ ᠠᠰᠢᠭᠲᠠᠢ ᠲᠥᠷᠥ ᠶᠢᠨ ᠪᠣᠳᠣᠯᠭ᠎ᠠ ᠡᠯᠪᠡᠭ ᠬᠤᠭᠤᠴᠠᠭ᠎ᠠ᠂ ᠬᠥᠭᠵᠢᠯᠲᠡ ᠶᠢᠨ ᠬᠥᠳᠡᠯᠭᠡᠭᠴᠢ | ᠬᠦᠴᠦᠨ ᠲᠥᠪᠯᠡᠷᠡᠭᠰᠡᠨ ᠬᠤᠭᠤᠴᠠᠭ᠎ᠠ᠂ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠢᠳᠡ ᠰᠠᠶᠢᠨ | ᠬᠡᠷᠡᠭᠵᠢᠭᠦᠯᠦᠭᠴᠢ᠂ ᠲᠣᠣᠱᠯᠠᠭᠤᠯᠤᠭᠴᠢ᠂ ᠪᠣᠳᠠᠲᠠᠢ ᠠᠵᠢᠯᠯᠠᠭᠴᠢ ᠪᠣᠯᠵᠤ᠂ ᠣᠳᠣᠬᠢᠴᠢᠯᠠᠭᠰᠠᠨ ᠲᠦᠩᠯᠢᠶᠣᠣ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢ | ᠡᠷᠲᠡᠬᠡᠨ ᠪᠡᠶᠡᠯᠡᠭᠳᠡᠭᠦᠯᠬᠦ ᠪᠠᠷ ᠴᠢᠷᠮᠠᠶᠢᠨ ᠲᠡᠮᠡᠴᠡᠨ᠎ᠡ᠃ | ᠤᠯᠤᠰ ᠲᠦᠷᠦ ᠶᠢᠨ ᠵᠢᠯᠣᠭᠤᠳᠤᠯᠭ᠎ᠠ ᠶᠢ ᠳᠣᠪᠣᠶᠢᠯᠭᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ | ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠵᠦ᠂ ᠪᠣᠳᠠᠲᠠᠢ ᠠᠵᠢᠯᠯᠠᠵᠤ ᠪᠣᠳᠠᠲᠠᠢ ᠦᠷ᠎ᠡ ᠪᠦᠲᠦᠮᠵᠢ ᠪᠠᠷ ᠢᠶᠠᠨ ︽ᠬᠤᠶᠠᠷ ᠲᠣᠭᠲᠠᠭᠠᠯ︾ ᠢ ᠡᠷᠡᠰ ᠬᠦᠷᠢᠶᠡᠯᠡᠵᠦ᠂ ︽ᠬᠤᠶᠠᠷ ᠬᠠᠮᠠᠭᠠᠯᠠᠯ︾ ᠢ | ᠡᠷᠡᠰ ᠪᠡᠶᠡᠯᠡᠭᠦᠯᠦᠨ᠎ᠡ᠃ | ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ | ᠦᠵᠡᠯᠲᠡ ᠶᠢ ᠪᠠᠲᠤ ᠪᠠᠬᠢ ᠪᠤᠶ ᠪᠣᠯᠭᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠢᠶᠠᠷ ᠵᠠᠰᠠᠭ ᠶᠠᠪᠤᠭᠤᠯᠬᠤ ᠴᠢᠭᠯᠡᠯ ᠪᠣᠯᠭᠠᠵᠤ᠂ ᠤᠯᠠᠨ ᠲᠦᠮᠡᠨ ᠤ ᠲᠥᠷᠥᠭᠳᠡᠯ ᠢ | ᠦᠨᠡᠯᠡᠬᠦ ᠴᠢᠬᠤᠯᠠ ᠪᠠᠷᠢᠮᠵᠢᠶ᠎ᠠ ᠪᠣᠯᠭᠠᠵᠤ᠂ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ | ᠪᠤᠳᠤᠵᠤ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠠᠬᠢᠭᠤᠯᠬᠤ ᠲᠠᠯ᠎ᠠ ᠪᠠᠷ ᠬᠦᠴᠦᠯᠡᠨ ᠴᠢᠷᠮᠠᠶᠢᠵᠤ᠂ ᠵᠢᠯ | ᠪᠦᠷᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠳ ᠢ ᠦᠨᠡᠨ ᠪᠣᠳᠠᠲᠠᠢ ᠪᠠᠷ ᠪᠦᠲᠦᠭᠡᠵᠦ᠂ ᠨᠢᠭᠡ ᠪᠦᠯᠦᠭ ︽ᠪᠠᠴᠢᠮ ᠪᠡᠷᠬᠡ ᠬᠦᠴᠢᠷ ᠵᠣᠪᠠᠨᠢᠯ︾ ᠲᠠᠢ | ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ︽ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ︾ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠢᠮ ᠳᠤ ᠪᠦᠬᠦ ᠲᠠᠯ᠎ᠠ ᠪᠠᠷ ᠣᠷᠣᠭᠤᠯᠵᠤ᠂ ᠬᠠᠤᠯᠢ ᠪᠠᠷ ᠵᠠᠰᠠᠬᠤ | ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠦᠨᠡᠨ ᠬᠦ ᠴᠢᠩᠭᠠᠳᠬᠠᠵᠤ᠂ ᠵᠠᠰᠠᠭ ᠵᠠᠬᠢᠷᠭᠠᠨ ᠤ | ᠡᠷᠬᠡ ᠶᠢᠨ ᠠᠵᠢᠯᠯᠠᠭᠠᠨ ᠢ ᠢᠯᠡ ᠪᠠᠷ ᠶᠠᠪᠤᠭᠳᠠᠭᠤᠯᠤᠨ᠎ᠠ᠃ | ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠵᠠᠰᠠᠭ ᠤᠨ ᠣᠷᠳᠣᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ︽ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠨ᠂ ᠡᠷᠬᠡ ᠲᠥᠪᠯᠡᠷᠡᠭᠰᠡᠨ᠂ ᠪᠡᠯᠡ ᠮᠥᠩᠭᠦ | ᠨᠢᠭᠲᠠᠷᠠᠭᠰᠠᠨ᠂ ᠡᠬᠢ ᠪᠠᠶᠠᠯᠢᠭ ᠡᠯᠪᠡᠭ ᠳᠡᠯᠪᠡᠭ ᠠᠵᠢᠯ ᠲᠦᠷᠦᠯ ᠤᠨ ᠰᠠᠯᠠᠭ᠎ᠠ ᠮᠥᠴᠢᠷ ᠲᠤ ᠲᠠᠯᠪᠢᠬᠤ ᠬᠢᠨᠠᠯᠲᠠ ᠬᠢᠵᠠᠭᠠᠷᠯᠠᠯ ᠢ ᠴᠢᠩᠭᠠᠳᠬᠠᠵᠤ᠂ ︽ᠪᠠᠭ᠎ᠠ ᠪᠠᠷ | ᠱᠠᠮᠰᠢᠬᠤ︾ ᠶᠢ ᠡᠷᠡᠰ ᠴᠡᠭᠴᠡᠯᠡᠨ ᠵᠠᠰᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠵᠤ ᠠᠮᠢᠳᠤᠷᠠᠬᠤ ᠦᠵᠡᠯ | ᠰᠠᠨᠠᠭ᠎ᠠ ᠶᠢ ᠪᠠᠲᠤᠳᠬᠠᠨ ᠳᠠᠳᠬᠠᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠯᠠᠷᠠᠭᠤᠯᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ | ᠶᠡᠬᠡᠪᠡᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ | ᠰᠢᠨ᠎ᠡ ᠰᠤᠷᠲᠠᠯ ᠢ ᠪᠤᠢ ᠪᠣᠯᠭᠠᠨ᠎ᠠ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠎ᠠ᠃ ᠴᠠᠭ ᠪᠢᠳᠡᠨ ᠢ ᠬᠦᠯᠢᠶᠡᠬᠦ ᠦᠭᠡᠢ᠂ ᠡᠷᠲᠡᠯᠡᠵᠦ ᠣᠷᠣᠶᠢᠯᠠᠬᠤ ᠶᠢ ᠢᠮᠠᠭᠲᠠ | ᠪᠠᠷᠢᠮᠲᠠᠯᠠᠵᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ᠂ ᠳᠠᠷᠤᠶᠢᠬᠠᠨ ᠭᠦᠢᠴᠡᠳᠬᠡᠬᠦ ᠣᠪᠣᠷ ᠰᠤᠷᠲᠠᠯ ᠢᠶᠠᠨ ᠪᠠᠳᠠᠷᠠᠭᠤᠯᠵᠤ᠂ ᠲᠡᠷᠡ ᠴᠢᠭ ᠢᠶᠠᠷ ᠨᠢ᠂ ᠪᠤᠰᠢᠭᠤ | ᠱᠠᠯᠠᠮᠠᠭᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠬᠢᠵᠦ ᠴᠢᠳᠠᠮᠠᠭᠠᠢ ᠨᠠᠶᠢᠳᠠᠪᠤᠷᠢᠵᠢᠭᠤᠯᠬᠤ ᠶᠢ ᠠᠳᠬᠤᠵᠤ᠂ ︽ᠤᠳᠠᠭᠠᠨ᠂ ᠪᠦᠳᠦᠭᠦᠯᠢᠭ᠂ | ᠬᠡᠶᠢᠰᠪᠦᠷᠢ︾ ᠰᠤᠷᠲᠠᠯ ᠤᠨ ᠭᠡᠮ ᠠᠷᠬᠠᠭ ᠢ ᠦᠷᠭᠦᠯᠵᠢᠯᠡᠨ ᠵᠠᠯᠠᠷᠠᠭᠤᠯᠵᠤ᠂ ᠤᠴᠢᠷ ᠶᠠᠪᠤᠳᠠᠯ ᠢ ᠰᠠᠶᠢᠲᠤᠷ ᠠᠩᠬᠠᠷᠴᠤ᠂ ᠤᠴᠢᠷ ᠶᠠᠪᠤᠳᠠᠯ ᠢ ᠰᠠᠭᠠᠲᠠᠭᠠᠬᠤ ᠦᠭᠡᠢ᠂ | ᠤᠴᠢᠷ ᠶᠠᠪᠤᠳᠠᠯ ᠪᠦᠲᠦᠭᠡᠵᠦ᠂ ᠦᠨᠡᠨ ᠪᠣᠳᠠᠲᠠᠢ ᠦᠷ᠎ᠡ ᠪᠦᠲᠦᠮᠵᠢ ᠭᠠᠷᠭᠠᠨ᠎ᠠ᠃ ᠶᠠᠭᠤ ᠬᠢᠪᠡᠯ ᠶᠠᠭᠤ ᠶᠢ ᠰᠤᠷᠤᠯᠴᠠᠬᠤ᠂ ᠶᠠᠭᠤ ᠳᠤᠲᠠᠭᠳᠠᠪᠠᠯ ᠶᠠᠭᠤ ᠶᠢ | ᠨᠥᠬᠦᠪᠦᠷᠢᠯᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ᠂ ᠴᠢᠳᠠᠪᠤᠷᠢ᠂ ᠦᠢᠯᠡ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠳᠠᠭᠠᠵᠤ᠂ | ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠳᠠᠭᠠᠵᠤ᠂ ᠰᠢᠨ᠎ᠡ ᠠᠮᠵᠢᠯᠲᠠ ᠪᠦᠲᠦᠮᠵᠢ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ | ᠲᠥᠯᠥᠭᠡᠯᠡᠭᠴᠢᠳ ᠠ᠋︕ ᠪᠦᠯᠬᠦᠮᠳᠡᠪᠡᠯ ᠰᠠᠶ᠋ᠢ ᠢᠯᠠᠯᠲᠠ ᠣᠯᠵᠤ᠂ ᠲᠡᠮᠡᠴᠡᠯ ᠰᠠᠶ᠋ᠢ ᠠᠮᠵᠢᠯᠲᠠ ᠣᠯᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾᠂ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ | ᠪᠠᠳᠠᠷᠠᠭᠤᠯᠵᠤ᠂ ᠳᠠᠪᠠᠯᠲᠠ ᠲᠠᠢ ᠨᠡᠬᠡᠯᠲᠡ ᠶᠢᠨ ᠬᠤᠷᠳᠤᠴᠠ ᠶᠢ ᠲᠦᠷᠭᠡᠳᠬᠡᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠦᠩᠯᠢᠶᠣᠣ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︕ |