ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠢ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | 2023 ᠣᠨ ᠤ 9 ᠳ᠋ᠦ᠋ᠭᠡᠷ ᠰᠠᠷ᠎ᠠ ᠶᠢᠨ 24 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠢᠯ ᠤᠨ | ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠢᠶᠠᠷ ᠯᠠᠪᠯᠠᠯᠲᠠ ᠪᠣᠯᠭᠠᠵᠤ᠂ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠲᠣᠰ ᠳᠦᠷᠢᠮ ᠢ ᠲᠣᠭᠲᠠᠭᠠᠪᠠ᠃ | ᠬᠤᠶᠠᠷ᠂ ᠬᠤᠲᠠ ᠶᠢᠨ ᠵᠠᠰᠠᠭ ᠤᠨ ᠣᠷᠳᠣᠨ ᠤ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠬᠠᠤᠯᠢ | ᠲᠣᠭᠲᠠᠭᠠᠯ ᠢ ᠴᠢᠩᠭ᠎ᠠ ᠵᠢᠷᠤᠮᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ | ᠲᠦᠮᠡᠨ ᠤ ᠰᠡᠳᠬᠢᠯ ᠬᠠᠨᠤᠮᠵᠢᠲᠠᠶ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ | ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ | ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠬᠤ ᠳᠤ ᠲᠦᠩᠯᠢᠶᠣᠣ ᠶᠢᠨ ᠬᠤᠪᠢ ᠨᠡᠮᠡᠷᠢ ᠪᠠᠨ ᠦᠵᠡᠭᠦᠯᠦᠨ᠎ᠡ᠃ | ᠭᠤᠷᠪᠠ᠂ ᠬᠤᠲᠠ ᠶᠢᠨ ᠵᠠᠰᠠᠭ ᠤᠨ ᠣᠷᠳᠣᠨ ᠤ ᠠᠵᠢᠯᠲᠠᠳ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠲᠣᠭᠲᠠᠭᠠᠯ︾ | ᠤᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠬᠠᠮᠠᠭᠠᠯᠠᠯ︾ ᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ | ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠦᠵᠡᠯ | ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠶᠢᠨ ᠡᠯ᠎ᠡ | ᠬᠦᠷᠢᠶᠡᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠪᠦᠷᠢᠯᠳᠦᠭᠦᠨ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ | ᠳᠥᠷᠪᠡ᠂ ᠬᠤᠳᠠ ᠶᠢᠨ ᠵᠠᠰᠠᠭ ᠤᠨ ᠣᠷᠳᠣᠨ ᠤ ᠪᠦᠷᠢᠯᠳᠦᠭᠦᠨ ᠨᠢ ᠬᠤᠳᠠ ᠶᠢᠨ ᠳᠠᠷᠤᠭ᠎ᠠ᠂ ᠬᠤᠳᠠ ᠶᠢᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ | ᠪᠠ ᠬᠤᠳᠠ ᠶᠢᠨ ᠵᠠᠰᠠᠭ ᠤᠨ ᠣᠷᠳᠣᠨ ᠤ ᠡᠯ᠎ᠡ ᠠᠵᠢᠯ ᠤᠨ ᠰᠠᠯᠠᠭ᠎ᠠ ᠮᠥᠴᠢᠷ ᠤᠨ ᠲᠣᠪᠴᠢᠶᠠᠨ ᠳᠠᠷᠤᠭ᠎ᠠ ︵ᠡᠷᠬᠢᠯᠡᠭᠴᠢ︶ ᠵᠡᠷᠭᠡ ᠪᠣᠯᠣᠨ᠎ᠠ᠃ | ᠲᠠᠪᠤ᠂ ᠬᠤᠳᠠ ᠶᠢᠨ ᠵᠠᠰᠠᠭ ᠤᠨ ᠣᠷᠳᠣᠨ ᠬᠤᠳᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠬᠤᠲᠠ ᠶᠢᠨ ᠳᠠᠷᠤᠭ᠎ᠠ ᠬᠤᠲᠠ ᠶᠢᠨ | ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠤᠳᠤᠷᠢᠳᠤᠨ᠎ᠠ᠃ ᠬᠤᠳᠠ ᠶᠢᠨ ᠳᠡᠳ᠋ ᠳᠠᠷᠤᠭ᠎ᠠ ᠬᠤᠳᠠ ᠶᠢᠨ ᠳᠠᠷᠤᠭ᠎ᠠ ᠶᠢᠨ ᠠᠵᠢᠯ ᠢ ᠬᠠᠪᠰᠤᠷᠴᠤ᠂ | ᠠᠵᠢᠯ ᠤᠨ ᠬᠤᠪᠢᠶᠠᠷᠢᠯᠠᠯ ᠤᠨ ᠶᠣᠰᠣᠭᠠᠷ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ ᠬᠠᠷᠢᠭᠤᠴᠠᠨ ᠰᠢᠢᠳᠪᠦᠷᠢᠯᠡᠨ᠎ᠡ︔ ᠬᠤᠳᠠ ᠶᠢᠨ ᠳᠠᠷᠤᠭ᠎ᠠ ᠶᠢᠨ | ᠨᠠᠶᠢᠳᠠᠯᠭ᠎ᠠ ᠪᠠᠷ ᠪᠤᠰᠤᠳ ᠲᠠᠯ᠎ᠠ ᠶᠢᠨ ᠠᠵᠢᠯ ᠪᠤᠶᠤ ᠲᠤᠰᠬᠠᠢ ᠡᠭᠦᠷᠭᠡ ᠶᠢ ᠰᠢᠢᠳᠪᠦᠷᠢᠯᠡᠨ᠎ᠡ︔ ᠬᠤᠪᠢᠳᠠᠨ ᠬᠠᠮᠢᠶᠠᠷᠴᠤ ᠪᠠᠶᠢᠭ᠎ᠠ ᠠᠵᠢᠯ ᠪᠠ ᠲᠤᠰᠬᠠᠢ ᠠᠵᠢᠯ ᠤᠨ | ᠳᠤᠮᠳᠠᠬᠢ ᠴᠢᠬᠤᠯᠠ ᠪᠠᠶᠢᠳᠠᠯ ᠪᠠ ᠴᠢᠬᠤᠯᠠ ᠶᠡᠭᠡ ᠬᠡᠷᠡᠭ ᠶᠠᠪᠤᠳᠠᠯ ᠢ ᠴᠠᠭ ᠲᠤᠬᠠᠢ ᠳᠤᠨᠢ ᠬᠤᠲᠠ ᠶᠢᠨ ᠳᠠᠷᠤᠭ᠎ᠠ ᠳᠤ ᠮᠡᠳᠡᠭᠦᠯᠬᠦ ᠬᠡᠷᠡᠭᠲᠡᠢ︔ ᠨᠢᠭᠡᠳᠦᠯᠲᠡᠢ | ᠲᠣᠬᠢᠷᠠᠭᠤᠯᠤᠯᠲᠠ ᠶᠢ ᠦᠨᠳᠦᠰᠦᠯᠡᠨ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠭᠠᠳᠠᠭᠠᠳᠤ ᠶᠠᠪᠤᠳᠠᠯ ᠪᠠ ᠬᠤᠳᠠ ᠶᠢᠨ ᠬᠤᠭᠤᠷᠣᠨᠳᠣᠬᠢ ᠠᠵᠢᠯᠯᠠᠭ᠎ᠠ ᠶᠢ | ᠶᠠᠪᠤᠭᠳᠠᠭᠤᠯᠤᠨ᠎ᠠ᠃ | ᠬᠤᠳᠠ ᠶᠢᠨ ᠳᠠᠷᠤᠭ᠎ᠠ ᠭᠠᠳᠠᠭᠰᠢ ᠭᠠᠷᠤᠭᠰᠠᠨ ᠬᠤᠭᠤᠴᠠᠭᠠᠨ ᠳᠤ ᠬᠤᠳᠠ ᠶᠢᠨ ᠳᠠᠷᠤᠭ᠎ᠠ ᠶᠢᠨ ᠨᠠᠶᠢᠳᠠᠯᠭ᠎ᠠ ᠪᠠᠷ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ | ᠠᠵᠢᠯ ᠡᠷᠬᠢᠯᠡᠨ᠎ᠡ᠃ ᠬᠤᠳᠠ ᠶᠢᠨ ᠳᠠᠷᠤᠭ᠎ᠠ ᠪᠣᠯᠣᠨ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠵᠡᠷᠭᠡᠪᠡᠷ ᠭᠠᠳᠠᠭᠰᠢ ᠭᠠᠷᠤᠭᠰᠠᠨ ᠬᠤᠭᠤᠴᠠᠭᠠᠨ ᠳᠤ ᠬᠤᠳᠠ ᠶᠢᠨ | ᠳᠠᠷᠤᠭ᠎ᠠ ᠪᠤᠰᠤᠳ ᠬᠤᠳᠠ ᠶᠢᠨ ᠳᠡᠳ᠋ ᠳᠠᠷᠤᠭ᠎ᠠ ᠳᠤ ᠨᠠᠶᠢᠳᠠᠵᠤ ᠠᠵᠢᠯ ᠡᠷᠬᠢᠯᠡᠭᠦᠯᠵᠦ ᠪᠣᠯᠣᠨ᠎ᠠ᠃ | ᠨᠠᠷᠢᠨ ᠪᠢᠴᠢᠭ ᠤᠨ ᠳᠠᠷᠤᠭ᠎ᠠ ᠬᠤᠳᠠ ᠶᠢᠨ ᠳᠠᠷᠤᠭ᠎ᠠ ᠶᠢᠨ ᠤᠳᠤᠷᠢᠳᠤᠯᠭ᠎ᠠ ᠳᠣᠣᠷ᠎ᠠ ᠬᠤᠳᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ | ᠲᠤᠳᠦᠮ ᠤᠨ ᠠᠵᠢᠯ ᠢ ᠬᠠᠷᠢᠭᠤᠴᠠᠨ ᠰᠢᠢᠳᠪᠦᠷᠢᠯᠡᠵᠦ᠂ ᠨᠠᠷᠢᠨ ᠪᠢᠴᠢᠭ ᠤᠨ ᠳᠡᠳ᠋ ᠳᠠᠷᠤᠭ᠎ᠠ ᠨᠠᠷᠢᠨ ᠪᠢᠴᠢᠭ ᠤᠨ ᠳᠠᠷᠤᠭ᠎ᠠ ᠶᠢᠨ ᠠᠵᠢᠯ ᠢ ᠬᠠᠪᠰᠤᠷᠤᠨ᠎ᠠ᠃ | ᠵᠢᠷᠭᠤᠭ᠎ᠠ᠂ ᠬᠤᠲᠠ ᠶᠢᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠭᠦᠷᠭᠡ | ᠴᠢᠳᠠᠪᠤᠷᠢ ᠶᠢ ᠭᠦᠢᠴᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠥᠭᠵᠢᠯᠲᠡ ᠪᠣᠯᠣᠨ | ᠠᠶᠤᠯᠭᠦᠢ ᠶᠢ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ | ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠦᠢᠯᠡᠰ ᠪᠦᠲᠦᠭᠡᠬᠦ | ᠵᠠᠰᠠᠭ ᠤᠨ ᠣᠷᠳᠣᠨ ᠤ ᠨᠡᠩ ᠰᠠᠶᠢᠲᠤᠷ ᠤᠶᠠᠯᠳᠤᠬᠤ ᠶᠢ ᠠᠬᠢᠭᠤᠯᠵᠤ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠴᠦ᠂ ᠨᠡᠶᠢᠭᠡᠮ ᠤᠨ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ | ᠲᠤᠯᠤᠭ᠎ᠠ᠂ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠲᠣᠪᠴᠢᠶ᠎ᠠ ᠶᠢᠨ ᠳᠠᠷᠤᠭ᠎ᠠ᠂ ᠡᠷᠬᠢᠯᠡᠭᠴᠢ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠤᠰ ᠰᠠᠯᠠᠭ᠎ᠠ | ᠮᠥᠴᠢᠷ ᠤᠨ ᠢᠶᠠᠨ ᠠᠵᠢᠯ ᠢ ᠤᠳᠤᠷᠢᠳᠤᠨ᠎ᠠ᠃ ᠡᠯ᠎ᠡ ᠰᠠᠯᠠᠭ᠎ᠠ ᠮᠥᠴᠢᠷ ᠠᠵᠢᠯ ᠤᠨ ᠳᠤᠮᠳᠠᠬᠢ ᠴᠢᠬᠤᠯᠠ ᠤᠴᠢᠷ ᠶᠠᠪᠤᠳᠠᠯ ᠢ ᠲᠣᠭᠲᠠᠭᠠᠬᠤ ᠳᠠᠭᠠᠨ ᠤᠷᠢᠳᠠᠪᠠᠷ | ᠬᠤᠪᠢᠳᠠᠨ ᠬᠠᠮᠢᠶᠠᠷᠴᠤ ᠪᠠᠶᠢᠭ᠎ᠠ ᠬᠤᠳᠠ ᠶᠢᠨ ᠳᠡᠳ᠋ ᠳᠠᠷᠤᠭ᠎ᠠ ᠠᠴᠠ ᠵᠢᠭᠠᠪᠤᠷᠢ ᠠᠪᠴᠤ᠂ ᠴᠢᠬᠤᠯᠠ ᠶᠡᠭᠡ ᠤᠴᠢᠷ ᠶᠠᠪᠤᠳᠠᠯ ᠢ ᠡᠷᠬᠡᠪᠰᠢ ᠬᠤᠳᠠ ᠶᠢᠨ ᠳᠠᠷᠤᠭ᠎ᠠ ᠳᠤ | ᠮᠡᠳᠡᠭᠦᠯᠬᠦ ᠬᠡᠷᠡᠭᠲᠡᠢ᠃ | ᠭᠤᠷᠪᠠᠳᠤᠭᠠᠷ ᠪᠦᠯᠦᠭ ᠠᠵᠢᠯ ᠤᠨ ᠵᠠᠷᠴᠢᠮ | ᠨᠠᠢᠮᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ ᠠᠵᠢᠯ ᠢᠶᠠᠨ ᠡᠷᠡᠰ ᠥᠷᠨᠢᠭᠦᠯᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ | ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠨᠠᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ | ᠂ ᠵᠢᠭᠠᠪᠤᠷᠢ ᠠᠪᠬᠤ ᠪᠠ ᠮᠡᠳᠡᠭᠦᠯᠬᠦ ᠳᠦᠷᠢᠮ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠤᠴᠢᠷ | ᠶᠠᠪᠤᠳᠠᠯ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠬᠤᠲᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ | ᠶᠢᠰᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ | ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠵᠠᠰᠠᠭ ᠤᠨ ᠣᠷᠳᠣᠨ ᠤ ᠠᠵᠢᠯ ᠤᠨ | ᠡᠭᠦᠰᠬᠡᠯ ᠪᠠ ᠲᠡᠭᠦᠰᠬᠡᠯ ᠪᠣᠯᠭᠠᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠠᠷᠪᠠ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠡᠷᠡᠰ | ᠬᠠᠮᠠᠭᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠴᠢᠨᠠᠷ | ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠵᠤ᠂ | ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠠᠷᠪᠠᠨ ᠨᠢᠭᠡ᠂ ᠰᠢᠨᠵᠢᠯᠡᠬᠦ ᠤᠬᠠᠭᠠᠨᠴᠢ ᠠᠷᠠᠳᠴᠢᠯᠠᠯ ᠢ ᠪᠠᠷᠢᠮᠲᠠᠯᠠᠬᠤ ᠬᠡᠷᠡᠭᠲᠡᠢ᠃ ᠰᠢᠰᠲ᠋ᠧᠮᠲᠦ ᠦᠵᠡᠯᠲᠡ ᠪᠠᠨ ᠴᠢᠩᠭᠠᠷᠠᠭᠤᠯᠵᠤ᠂ ᠠᠵᠢᠯ ᠤᠨ | ᠪᠠᠷᠠᠭᠠᠯᠬᠢᠯᠠᠯᠳᠤ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠨ᠎ᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠢᠷᠤᠮ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠬᠢᠬᠦ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠬᠦ᠂ ᠠᠶᠤᠯ | ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠪᠠ | ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠲᠥᠯᠦᠪᠵᠢᠭᠦᠯᠭᠡ᠂ | ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ᠂ ᠴᠢᠬᠤᠯᠠ ᠶᠡᠭᠡ ᠤᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ | ᠵᠦᠢᠯᠡᠰ ᠵᠡᠷᠭᠡ ᠶᠢ ᠭᠦᠢᠴᠡᠳ ᠦᠨᠡᠯᠡᠨ ᠵᠢᠱᠢᠵᠦ ᠨᠤᠲᠠᠯᠠᠭᠠᠳ᠂ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ ᠪᠤᠶᠤ ᠪᠤᠰᠤᠳ ᠠᠷᠭ᠎ᠠ ᠮᠠᠶ᠋ᠢᠭ ᠢᠶᠠᠷ | ᠲᠤᠰᠬᠠᠢ ᠮᠡᠷᠭᠡᠵᠢᠯᠲᠡᠨ ᠪᠠ ᠨᠡᠶᠢᠭᠡᠮ ᠨᠡᠶᠢᠲᠡ ᠶᠢᠨ ᠰᠠᠨᠠᠯ ᠢ ᠰᠣᠨᠣᠰᠬᠤ ᠬᠡᠷᠡᠭᠲᠡᠢ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠮᠥᠷᠳᠡᠵᠦ ᠬᠠᠷᠢᠭᠤ ᠲᠤᠰᠬᠠᠬᠤ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠡᠭᠦᠯᠴᠢ ᠶᠢᠨ ᠦᠨᠡᠯᠡᠨ ᠵᠢᠱᠢᠯᠲᠡ ᠶᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠢ ᠲᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ | ᠠᠷᠪᠠᠨ ᠬᠤᠶᠠᠷ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠠᠵᠢᠯ ᠶᠠᠪᠤᠳᠠᠯ ᠬᠢᠬᠦ ᠳᠤ ᠪᠣᠳᠠᠲᠠᠢ ᠠᠴᠠ ᠭᠠᠷᠳᠠᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠲᠣᠭᠲᠠᠭᠤᠨ ᠤ ᠳᠤᠮᠳᠠᠬᠢ ᠲᠣᠪᠣᠶᠢᠮ᠎ᠠ | ᠠᠰᠠᠭᠤᠳᠠᠯ ᠪᠠ ᠠᠷᠠᠳ ᠤᠯᠠᠨ ᠤ ᠪᠠᠴᠢᠮ ᠪᠡᠷᠬᠡ ᠵᠤᠪᠠᠭᠤᠷᠢ ᠬᠦᠰᠡᠯ ᠲᠠᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠮᠡᠷᠭᠡᠵᠢᠯ ᠤᠨ ᠠᠭᠤᠰᠤᠯᠴᠠᠯ᠂ ᠲᠤᠬᠠᠶᠢᠯᠠᠭᠰᠠᠨ ᠠᠵᠢᠯ ᠤᠨ ᠠᠭᠤᠰᠤᠯᠴᠠᠯ᠂ ᠲᠤᠭ᠎ᠠ ᠪᠠᠷᠢᠮᠲᠠ ᠶᠢᠨ | ᠠᠭᠤᠰᠤᠯᠴᠠᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠶᠠᠪᠤᠴᠠ ᠶᠢ ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠵᠠᠰᠠᠭ ᠤᠨ | ᠣᠷᠳᠣᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠠᠷᠪᠠᠨ ᠭᠤᠷᠪᠠ᠂ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠢᠯᠵᠢᠷᠠᠬᠤ ᠵᠣᠷᠢᠭ ᠦᠭᠡᠢ᠂ ᠢᠯᠵᠢᠷᠡᠵᠦ ᠪᠣᠯᠬᠤ ᠦᠭᠡᠢ | ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠠᠷᠢᠭᠤᠨ ᠴᠢᠬᠡᠴᠢ ᠨᠥᠬᠦᠷ ᠶᠣᠰᠣᠨ ᠤ ᠬᠠᠷᠢᠴᠠᠭ᠎ᠠ᠂ ᠶᠣᠰᠣ ᠨᠣᠮ ᠲᠠᠢ ᠳᠡᠭᠡᠳᠦ ᠳᠣᠣᠷᠠᠳᠤ ᠱᠠᠲᠤᠨ ᠤ ᠬᠠᠷᠢᠴᠠᠭ᠎ᠠ᠂ ᠳᠣᠲᠣᠨᠣ | ᠴᠢᠬᠡᠴᠢ ᠨᠢᠭᠡᠳᠦᠭᠰᠡᠨ ᠰᠢᠨ᠎ᠡ ᠮᠠᠶ᠋ᠢᠭ ᠤᠨ ᠵᠠᠰᠠᠭ ᠬᠤᠳᠠᠯᠳᠤᠭ᠎ᠠ ᠶᠢᠨ ᠬᠠᠷᠢᠴᠠᠭ᠎ᠠ ᠶᠢ ᠪᠦᠷᠢᠯᠳᠦᠭᠦᠯᠬᠦ ᠶᠢ ᠠᠬᠢᠭᠤᠯᠤᠨ᠎ᠠ᠃ | ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠳᠦᠷᠢᠮ | ᠠᠷᠪᠠᠨ ᠳᠥᠷᠪᠡ᠂ ᠬᠤᠳᠠ ᠶᠢᠨ ᠵᠠᠰᠠᠭ ᠤᠨ ᠣᠷᠳᠣᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠵᠢᠯ ᠢᠶᠠᠨ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ ᠪᠠᠷ ᠮᠡᠳᠡᠭᠦᠯᠵᠦ᠂ ᠯᠠᠪᠯᠠᠨ ᠠᠰᠠᠭᠤᠬᠤ ᠪᠠ | ᠲᠤᠯᠭᠠᠨ ᠯᠠᠪᠯᠠᠬᠤ ᠶᠢ ᠬᠦᠯᠢᠶᠡᠬᠦ ᠬᠡᠷᠡᠭᠲᠡᠢ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ | ᠬᠦᠯᠢᠶᠡᠵᠦ᠂ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠬᠦᠯᠢᠶᠡᠨ ᠠᠪᠴᠤ ᠰᠣᠨᠣᠰᠬᠤ ᠬᠡᠷᠡᠭᠲᠡᠢ᠃ | ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ | ᠪᠠ ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠲᠥᠯᠥᠭᠡᠯᠡᠭᠴᠢ ᠭᠡᠰᠢᠭᠦᠳ ᠯᠦᠭᠡ ᠶᠢᠨ ᠣᠶᠢᠯᠠᠭᠠᠯᠴᠠᠭ᠎ᠠ ᠪᠠᠨ | ᠴᠢᠩᠭᠠᠳᠬᠠᠵᠤ᠂ ᠰᠢᠢᠳᠪᠦᠷᠢᠯᠡᠬᠦ ᠬᠠᠷᠢᠭᠤᠴᠠᠯᠭ᠎ᠠ ᠪᠠ ᠴᠠᠭ ᠤᠨ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠵᠤ᠂ ᠰᠢᠢᠳᠪᠦᠷᠢᠯᠡᠭᠰᠡᠨ ᠦᠷ᠎ᠡ ᠳ᠋ᠦᠩ ᠢᠶᠠᠨ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ᠃ | ᠠᠷᠪᠠᠨ ᠲᠠᠪᠤ᠂ ᠬᠤᠳᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠠᠯᠪᠠᠨ ᠲᠤᠰᠢᠶᠠᠯᠲᠠᠨ ᠬᠢᠨᠠᠨ ᠪᠠᠶᠢᠴᠠᠭᠠᠬᠤ ᠪᠠᠶᠢᠭᠤᠯᠭ᠎ᠠ ᠶᠢᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠲᠣᠭᠲᠠᠭᠠᠯ ᠶᠣᠰᠣᠭᠠᠷ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠶᠢ ᠬᠦᠯᠢᠶᠡᠵᠦ᠂ | ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠬᠢᠨᠠᠯᠲᠠ ᠲᠠᠯᠪᠢᠬᠤ ᠶᠠᠪᠤᠴᠠ ᠳᠤ ᠢᠯᠡᠷᠡᠭᠦᠯᠦᠭᠰᠡᠨ | ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ | ᠠᠷᠪᠠᠨ ᠵᠢᠷᠭᠤᠭ᠎ᠠ᠂ ᠬᠤᠳᠠ ᠶᠢᠨ ᠵᠠᠰᠠᠭ ᠤᠨ ᠣᠷᠳᠣᠨ ᠬᠢᠭᠡᠳ ᠡᠯ᠎ᠡ ᠰᠠᠯᠠᠭ᠎ᠠ ᠮᠥᠴᠢᠷ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠰᠣᠨᠢᠨ ᠮᠡᠳᠡᠭᠡ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠬᠠᠤᠯᠢ ᠶᠣᠰᠣᠭᠠᠷ ᠴᠠᠭ ᠲᠤᠬᠠᠢ | ᠳᠤᠨᠢ ᠣᠨᠣᠪᠴᠢᠲᠠᠶ ᠢᠯᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠨ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠬᠢᠨᠠᠮᠠᠭᠠᠢ | ᠪᠠᠶᠢᠴᠠᠭᠠᠨ ᠬᠠᠷᠭᠤᠭᠤᠯᠵᠤ ᠰᠢᠢᠳᠪᠦᠷᠢᠯᠡᠨ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠭᠦᠨ᠎ᠡ᠃ | ᠠᠷᠪᠠᠨ ᠲᠤᠯᠤᠭ᠎ᠠ᠂ ᠬᠤᠳᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠠᠷᠠᠳ ᠤᠯᠠᠨ ᠤ ᠰᠠᠨᠠᠭᠤᠯᠭ᠎ᠠ᠂ ᠰᠠᠨᠠᠯ ᠪᠠ ᠱᠠᠭᠠᠷᠳᠠᠯᠭ᠎ᠠ ᠶᠢ | ᠬᠢᠨᠠᠮᠠᠭᠠᠢ ᠰᠣᠨᠣᠰᠴᠤ᠂ ᠠᠷᠠᠳ ᠤᠯᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠤᠳᠤᠷᠢᠳᠬᠤ ᠨᠥᠬᠦᠳ ᠤᠯᠠᠨ ᠲᠦᠮᠡᠨ ᠤ ᠢᠷᠡᠭᠦᠯᠦᠭᠰᠡᠨ | ᠵᠠᠬᠢᠳᠠᠯ ᠢ ᠪᠡᠶ᠎ᠡ ᠪᠠᠷ ᠢᠶᠠᠨ ᠤᠩᠰᠢᠨ ᠴᠣᠬᠤᠯᠠᠪᠤᠷᠢᠯᠠᠵᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ | ᠱᠠᠭᠠᠷᠳᠠᠨ ᠰᠢᠢᠳᠪᠦᠷᠢᠯᠡᠭᠦᠯᠬᠦ ᠬᠡᠷᠡᠭᠲᠡᠢ᠃ | ᠲᠠᠪᠤᠳᠤᠭᠠᠷ ᠪᠦᠯᠦᠭ ᠬᠤᠷᠠᠯ ᠤᠨ ᠳᠦᠷᠢᠮ | ᠠᠷᠪᠠᠨ ᠨᠠᠢᠮᠠ᠂ ᠬᠤᠳᠠ ᠶᠢᠨ ᠵᠠᠰᠠᠭ ᠤᠨ ᠣᠷᠳᠣᠨ ᠪᠥᠬᠦᠳᠡ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ᠂ | ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠠ ᠲᠤᠰᠬᠠᠢ ᠰᠡᠳᠦᠪᠲᠦ ᠬᠤᠷᠠᠯ ᠤᠨ ᠳᠦᠷᠢᠮ ᠢ ᠬᠡᠷᠡᠭᠵᠢᠭᠦᠯᠦᠨ᠎ᠡ᠃ ᠬᠤᠳᠠ ᠶᠢᠨ ᠵᠠᠰᠠᠭ ᠤᠨ | ᠣᠷᠳᠣᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠡᠷᠬᠡᠪᠰᠢ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠬᠤᠳᠠ ᠶᠢᠨ | ᠵᠠᠰᠠᠭ ᠤᠨ ᠣᠷᠳᠣᠨ ᠤ ᠪᠥᠬᠦᠳᠡ ᠬᠤᠷᠠᠯ ᠢᠶᠠᠷ ᠶᠠᠷᠢᠯᠴᠠᠨ ᠲᠣᠭᠲᠠᠭᠠᠬᠤ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ ᠬᠤᠳᠠ ᠶᠢᠨ ᠳᠠᠷᠤᠭ᠎ᠠ ᠶᠢᠨ ᠠᠵᠢᠯ ᠤᠨ | ᠬᠤᠷᠠᠯ ᠪᠠ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠤᠨ᠎ᠠ᠃ | ᠠᠷᠪᠠ ᠶᠢᠰᠦ᠂ ᠬᠤᠳᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ ᠢ ᠬᠤᠳᠠ ᠶᠢᠨ ᠳᠠᠷᠤᠭ᠎ᠠ᠂ ᠬᠤᠳᠠ ᠶᠢᠨ ᠳᠡᠳ᠋ ᠳᠠᠷᠤᠭ᠎ᠠ᠂ ᠬᠤᠯᠪᠣᠭᠳᠠᠯ ᠪᠦᠬᠦᠢ | ᠲᠣᠭᠤᠷᠢᠨ ᠪᠠᠶᠢᠴᠠᠭᠠᠭᠴᠢ᠂ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠡᠯ᠎ᠡ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ | ᠪᠦᠷᠢᠯᠳᠦᠵᠦ᠂ ᠬᠤᠳᠠ ᠶᠢᠨ ᠳᠠᠷᠤᠭ᠎ᠠ ᠠᠴᠠ ᠬᠤᠷᠠᠯᠳᠤᠭᠤᠯᠬᠤ ᠪᠥᠭᠡᠳ ᠡᠷᠬᠢᠯᠡᠵᠦ᠂ ᠡᠩ ᠤᠨ ᠪᠠᠶᠢᠳᠠᠯ ᠳᠤ ᠬᠠᠭᠠᠰ ᠵᠢᠯ ᠳᠤ ᠨᠢᠭᠡ ᠤᠳᠠᠭ᠎ᠠ ᠬᠤᠷᠠᠯᠳᠤᠭᠤᠯᠤᠨ᠎ᠠ᠃ | ᠬᠡᠷᠡᠭᠴᠡᠭᠡ ᠪᠠᠨ ᠦᠨᠳᠦᠰᠦᠯᠡᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠳᠡᠳ᠋ ᠡᠷᠬᠢᠯᠡᠭᠴᠢ᠂ ᠲᠣᠮᠢᠯᠠᠨ ᠰᠠᠭᠤᠯᠭᠠᠭᠰᠠᠨ | ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ | ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠳᠤ ᠰᠠᠭᠤᠭ᠎ᠠ ᠲᠥᠪ ᠪᠠ ᠣᠷᠣᠨ ᠤ ᠰᠢᠭᠤᠳ ᠬᠠᠷᠢᠶ᠎ᠠ ᠨᠢᠭᠡᠴᠡ᠂ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠢ | ᠬᠤᠷᠠᠯ ᠳᠤ ᠰᠤᠯᠠ ᠣᠷᠣᠯᠴᠠᠭᠤᠯᠬᠤ ᠪᠠᠷ ᠲᠣᠬᠢᠷᠠᠭᠤᠯᠤᠨ᠎ᠠ᠃ ᠬᠤᠳᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ ᠤᠨ ᠭᠤᠣᠯ ᠡᠭᠦᠷᠭᠡ ᠪᠣᠯ᠄ | ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠ ᠬᠤᠲᠠ ᠶᠢᠨ ᠨᠠᠮ ᠤᠨ ᠬᠤᠷᠢᠶ᠎ᠠ ᠶᠢᠨ ᠴᠢᠬᠤᠯᠠ ᠵᠢᠭᠠᠪᠤᠷᠢ᠂ ᠲᠣᠭᠲᠠᠭᠠᠯ᠂ ᠬᠤᠷᠠᠯ ᠤᠨ ᠵᠣᠷᠢᠭ ᠰᠠᠨᠠᠭ᠎ᠠ ᠵᠢᠴᠢ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠴᠢᠬᠤᠯᠠ ᠰᠢᠢᠳᠪᠦᠷᠢ ᠶᠢ ᠤᠯᠠᠮᠵᠢᠯᠠᠨ ᠲᠤᠤᠱᠯᠠᠭᠤᠯᠤᠨ᠎ᠠ︔ | ︵ᠬᠤᠶᠠᠷ︶ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ | ᠵᠡᠷᠭᠡ ᠴᠢᠬᠤᠯᠠ ᠶᠡᠭᠡ ᠶᠠᠪᠤᠳᠠᠯ ᠤᠳ ᠢ ᠶᠠᠷᠢᠯᠴᠠᠨ ᠲᠣᠭᠲᠠᠭᠠᠨ᠎ᠠ︔ | ︵ᠭᠤᠷᠪᠠ︶ ᠬᠤᠳᠠ ᠶᠢᠨ ᠵᠠᠰᠠᠭ ᠤᠨ ᠣᠷᠳᠣᠨ ᠤ ᠴᠢᠬᠤᠯᠠ ᠠᠵᠢᠯ ᠢ ᠪᠠᠶᠢᠷᠢᠯᠠᠭᠤᠯᠤᠨ᠎ᠠ᠃ | ᠬᠤᠷᠢ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠳᠠ ᠶᠢᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠢᠶᠠᠷ ᠪᠦᠷᠢᠯᠳᠦᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠤᠰᠤ ᠬᠤᠳᠠ ᠶᠢᠨ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠢ ᠤᠷᠢᠵᠤ ᠰᠤᠯᠠ ᠣᠷᠣᠯᠴᠠᠭᠤᠯᠤᠨ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠪᠤᠶᠤ ᠱᠦᠵᠢ ᠠᠴᠠ ᠳᠡᠳ᠋ ᠱᠦᠵᠢ ᠳᠤ ᠨᠠᠶᠢᠳᠠᠵᠤ ᠬᠤᠷᠠᠯᠳᠤᠭᠤᠯᠬᠤ ᠪᠥᠭᠡᠳ ᠡᠷᠬᠢᠯᠡᠬᠦᠯᠵᠦ᠂ ᠡᠩ ᠤᠨ ᠪᠠᠶᠢᠳᠠᠯ ᠳᠤ ᠰᠠᠷ᠎ᠠ ᠪᠦᠷᠢ | ᠨᠢᠭᠡ ᠤᠳᠠᠭ᠎ᠠ ᠬᠤᠷᠠᠯᠳᠤᠭᠤᠯᠤᠨ᠎ᠠ᠂ ᠴᠢᠬᠤᠯᠠ ᠪᠠᠶᠢᠳᠠᠯ ᠲᠣᠬᠢᠶᠠᠯᠳᠤᠪᠠᠯ ᠬᠡᠵᠢᠶ᠎ᠡ ᠴᠦ ᠬᠤᠷᠠᠯᠳᠤᠭᠤᠯᠵᠤ ᠪᠣᠯᠣᠨ᠎ᠠ᠃ ᠬᠡᠷᠡᠭᠴᠡᠭᠡ ᠪᠠᠨ ᠦᠨᠳᠦᠰᠦᠯᠡᠨ | ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠬᠥᠮᠥᠰ ᠢ | ᠬᠤᠷᠠᠯ ᠳᠤ ᠰᠤᠯᠠ ᠣᠷᠣᠯᠴᠠᠭᠤᠯᠬᠤ ᠪᠠᠷ ᠲᠣᠬᠢᠷᠠᠭᠤᠯᠵᠤ ᠪᠣᠯᠣᠨ᠎ᠠ᠃ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠬᠤᠷᠠᠯ ᠤᠨ ᠭᠤᠣᠯ ᠡᠭᠦᠷᠭᠡ ᠪᠣᠯ᠄ | ︵ᠨᠢᠭᠡ︶ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ᠂ ᠶᠠᠷᠢᠶ᠎ᠠ ᠪᠠ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠯᠠᠮᠵᠢᠯᠠᠨ᠎ᠠ︔ | ︵ᠬᠤᠶᠠᠷ︶ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠮᠡᠳᠡᠭᠦᠯᠦᠨ ᠵᠢᠭᠠᠪᠤᠷᠢ ᠠᠪᠬᠤ ᠴᠢᠬᠤᠯᠠᠲᠠᠢ ᠴᠢᠬᠤᠯᠠ ᠵᠦᠢᠯᠡᠰ ᠢ ᠶᠠᠷᠢᠯᠴᠠᠨ᠎ᠠ︔ | ︵ᠭᠤᠷᠪᠠ︶ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠤᠶᠦᠠ ᠤ ᠪᠣᠯᠪᠠᠰᠤᠨ ᠤ | ᠪᠠᠶᠢᠭᠤᠯᠤᠯᠲᠠ ᠶᠢᠨ ᠲᠠᠯ᠎ᠠ ᠪᠠᠷ ᠬᠢ ᠴᠢᠬᠤᠯᠠ ᠶᠠᠪᠤᠳᠠᠯ ᠤᠳ ᠢ ᠶᠠᠷᠢᠯᠴᠠᠨ᠎ᠠ︔ | ︵ᠳᠥᠷᠪᠡ︶ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠠᠵᠢᠯ ᠤᠨ ᠲᠠᠯ᠎ᠠ ᠪᠠᠷ ᠬᠢ | ᠴᠢᠬᠤᠯᠠ ᠶᠠᠪᠤᠳᠠᠯ ᠤᠳ ᠢ ᠰᠤᠳᠤᠯᠤᠨ᠎ᠠ︔ | ︵ᠲᠠᠪᠤ︶ ᠴᠢᠬᠤᠯᠠ ᠶᠡᠭᠡ ᠵᠦᠢᠯᠡᠰ ᠲᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠥᠷᠥᠯ | ᠵᠦᠢᠯ ᠤᠨ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠶᠢ ᠰᠤᠳᠤᠯᠤᠨ ᠲᠣᠭᠲᠠᠭᠠᠨ᠎ᠠ᠃ | ︵ᠵᠢᠷᠭᠤᠭ᠎ᠠ︶ ᠨᠠᠮ ᠤᠨ ᠤᠳᠤᠷᠢᠳᠬᠤ ᠳᠤᠭᠤᠶᠢᠯᠠᠩ ᠤᠨ ᠶᠠᠷᠢᠯᠴᠠᠵᠤ ᠲᠣᠭᠲᠠᠭᠠᠬᠤ ᠶᠣᠰᠣᠲᠠᠢ ᠪᠤᠰᠤᠳ ᠴᠢᠬᠤᠯᠠ ᠶᠡᠭᠡ ᠠᠰᠠᠭᠤᠳᠠᠯ ᠤᠳ᠃ | ᠬᠤᠷᠢᠨ ᠨᠢᠭᠡ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠲᠠ ᠶᠢᠨ ᠳᠠᠷᠤᠭ᠎ᠠ᠂ ᠬᠤᠲᠠ ᠶᠢᠨ ᠳᠡᠳ᠋ ᠳᠠᠷᠤᠭ᠎ᠠ᠂ ᠬᠠᠮᠢᠶ᠎ᠠ ᠪᠦᠬᠦᠢ | ᠲᠣᠭᠤᠷᠢᠨ ᠪᠠᠶᠢᠴᠠᠭᠠᠭᠴᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠳᠡᠳ᠋ ᠡᠷᠬᠢᠯᠡᠭᠴᠢ᠂ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠣᠳᠣᠯᠲᠠ ᠶᠢᠨ ᠲᠣᠪᠴᠢᠶ᠎ᠠ ᠶᠢᠨ ᠭᠤᠣᠯ | ᠬᠠᠷᠢᠭᠤᠴᠠᠯᠭᠠᠲᠠᠨ ᠢᠶᠠᠷ ᠪᠦᠷᠢᠯᠳᠦᠵᠦ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠢ ᠤᠷᠢᠵᠤ ᠰᠤᠯᠠ ᠣᠷᠣᠯᠴᠠᠭᠤᠯᠤᠨ᠎ᠠ᠂ ᠬᠤᠲᠠ ᠶᠢᠨ ᠳᠠᠷᠤᠭ᠎ᠠ ᠪᠤᠶᠤ ᠬᠤᠲᠠ ᠶᠢᠨ ᠳᠠᠷᠤᠭ᠎ᠠ ᠠᠴᠠ ᠬᠤᠲᠠ ᠶᠢᠨ ᠪᠠᠶᠢᠩᠭᠤ ᠶᠢᠨ ᠳᠡᠳ᠋ | ᠳᠠᠷᠤᠭ᠎ᠠ ᠳᠤ ᠨᠠᠶᠢᠳᠠᠨ ᠬᠤᠷᠠᠯᠳᠤᠭᠤᠯᠬᠤ ᠪᠥᠭᠡᠳ ᠡᠷᠬᠢᠯᠡᠬᠦᠯᠵᠦ᠂ ᠡᠩ ᠤᠨ ᠪᠠᠶᠢᠳᠠᠯ ᠳᠤ ᠰᠠᠷ᠎ᠠ ᠳᠤ ᠨᠢᠭᠡ ᠤᠳᠠᠭ᠎ᠠ ᠬᠤᠷᠠᠯᠳᠤᠭᠤᠯᠤᠨ᠎ᠠ᠂ ᠬᠡᠷᠡᠭᠴᠡᠭᠡ ᠲᠠᠢ ᠪᠣᠯ | ᠴᠠᠭ ᠲᠤᠬᠠᠢ ᠳᠤᠨᠢ ᠬᠤᠷᠠᠯᠳᠤᠭᠤᠯᠤᠨ᠎ᠠ᠃ ᠬᠤᠷᠠᠯ ᠤᠨ ᠵᠥᠪᠯᠡᠬᠦ ᠰᠡᠳᠦᠪ ᠢ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ᠂ ᠬᠤᠰᠢᠭᠤ | ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ | ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠬᠤᠲᠠ ᠳᠤ ᠰᠠᠭᠤᠭ᠎ᠠ ᠲᠥᠪ ᠪᠠ ᠣᠷᠣᠨ ᠤ ᠰᠢᠭᠤᠳ ᠬᠠᠷᠢᠶ᠎ᠠ ᠨᠢᠭᠡᠴᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ | ᠳᠡᠭᠡᠳᠦ ᠰᠤᠷᠭᠠᠭᠤᠯᠢ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠢ ᠬᠤᠷᠠᠯ ᠳᠤ ᠰᠤᠯᠠ | ᠣᠷᠣᠯᠴᠠᠭᠤᠯᠬᠤ ᠪᠠᠷ ᠲᠣᠬᠢᠷᠠᠭᠤᠯᠤᠨ᠎ᠠ᠃ ᠪᠠᠶᠢᠩᠭᠤ ᠶᠢᠨ ᠬᠤᠷᠠᠯ ᠤᠨ ᠭᠤᠣᠯ ᠡᠭᠦᠷᠭᠡ ᠪᠣᠯ᠄ | ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠ ᠬᠤᠲᠠ ᠶᠢᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠲᠣᠭᠲᠠᠭᠠᠯ᠂ ᠴᠢᠬᠤᠯᠠ ᠬᠤᠷᠠᠯ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠠᠵᠢᠯ ᠤᠨ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ | ︵ᠬᠤᠶᠠᠷ︶ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠯᠤᠰ ᠤᠨ ᠲᠥᠯᠦᠪᠵᠢᠭᠦᠯᠭᠡ᠂ ᠣᠨ ᠤ | ᠲᠥᠯᠥᠪᠯᠡᠭᠡ᠂ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠲᠥᠰᠥᠪ ᠢ ᠶᠠᠷᠢᠯᠴᠠᠨ᠎ᠠ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠬᠦ ᠪᠤᠶᠤ ᠵᠢᠭᠠᠪᠤᠷᠢ ᠠᠪᠬᠤ ᠴᠢᠬᠤᠯᠠᠲᠠᠢ ᠴᠢᠬᠤᠯᠠ ᠵᠦᠢᠯᠡᠰ ᠢ | ᠶᠠᠷᠢᠯᠴᠠᠵᠤ᠂ ᠬᠤᠲᠠ ᠶᠢᠨ ᠨᠠᠮ ᠤᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠵᠦ ᠲᠣᠭᠲᠠᠭᠠᠯᠭᠠᠬᠤ ᠴᠢᠬᠤᠯᠠᠲᠠᠢ ᠴᠢᠬᠤᠯᠠ ᠵᠦᠢᠯᠡᠰ ᠢ ᠶᠠᠷᠢᠯᠴᠠᠵᠤ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠵᠤ | ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠬᠦ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠢ ᠶᠠᠷᠢᠯᠴᠠᠨ᠎ᠠ︔ | ︵ᠳᠥᠷᠪᠡ︶ ᠬᠤᠲᠠ ᠶᠢᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠠ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠶᠠᠷᠢᠯᠴᠠᠨ ᠲᠣᠭᠲᠠᠭᠠᠨ᠎ᠠ︔ | ︵ᠲᠠᠪᠤ︶ ᠬᠤᠳᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯᠳᠤᠭᠠᠨ ᠳᠤ ᠳᠡᠪᠰᠢᠭᠦᠯᠦᠨ ᠶᠠᠷᠢᠯᠴᠠᠭᠤᠯᠬᠤ ᠶᠠᠪᠤᠳᠠᠯ ᠤᠳ ᠢ ᠶᠠᠷᠢᠯᠴᠠᠨ᠎ᠠ︔ | ︵ᠵᠢᠷᠭᠤᠭ᠎ᠠ︶ ᠬᠤᠲᠠ ᠶᠢᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠤᠨ ᠳᠤᠮᠳᠠᠬᠢ ᠪᠥᠬᠦ ᠲᠠᠯ᠎ᠠ ᠶᠢᠨ ᠠᠵᠢᠯ ᠳᠤ ᠬᠤᠯᠪᠣᠭᠳᠠᠬᠤ ᠵᠢᠴᠢ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠴᠢᠬᠤᠯᠠᠲᠠᠢ ᠴᠢᠬᠤᠯᠠ ᠵᠦᠢᠯᠡᠰ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ᠂ ᠠᠷᠠᠳ ᠣᠯᠠᠨ ᠤ ᠠᠮᠢ | ᠪᠡᠶ᠎ᠡ ᠶᠢᠨ ᠠᠰᠢᠭ ᠲᠤᠰᠠ ᠵᠡᠷᠭᠡ ᠳᠤ ᠬᠤᠯᠪᠣᠭᠳᠠᠬᠤ ᠴᠢᠬᠤᠯᠠ ᠵᠦᠢᠯᠡᠰ ᠢ ᠶᠠᠷᠢᠯᠴᠠᠨ ᠲᠣᠭᠲᠠᠭᠠᠨ᠎ᠠ︔ | ︵ᠳᠣᠯᠤᠭ᠎ᠠ︶ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠲᠠᠯ᠎ᠠ ᠶᠢᠨ ᠴᠢᠬᠤᠯᠠ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ᠨᠠᠢᠮᠠ︶ ᠪᠤᠰᠤᠳ ᠴᠢᠬᠤᠯᠠ ᠵᠦᠢᠯᠡᠰ ᠢ ᠨᠡᠶᠢᠲᠡᠯᠡᠬᠦ ᠪᠠ ᠶᠠᠷᠢᠯᠴᠠᠨ᠎ᠠ᠃ | ᠬᠤᠷᠢᠨ ᠬᠤᠶᠠᠷ᠂ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠳᠠ ᠶᠢᠨ ᠳᠠᠷᠤᠭ᠎ᠠ᠂ ᠬᠤᠯᠪᠣᠭᠳᠠᠯ ᠪᠦᠬᠦᠢ ᠬᠤᠳᠠ ᠶᠢᠨ ᠳᠡᠳ᠋ ᠳᠠᠷᠤᠭ᠎ᠠ᠂ | ᠨᠠᠷᠢᠨ ᠪᠢᠴᠢᠭ ᠤᠨ ᠳᠠᠷᠤᠭ᠎ᠠ ᠪᠠᠷ ᠪᠦᠷᠢᠯᠳᠦᠵᠦ᠂ ᠬᠤᠳᠠ ᠶᠢᠨ ᠳᠠᠷᠤᠭ᠎ᠠ ᠠᠴᠠ ᠬᠤᠷᠠᠯᠳᠤᠭᠤᠯᠬᠤ ᠪᠥᠭᠡᠳ ᠡᠷᠬᠢᠯᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠬᠤᠷᠠᠯᠳᠤᠭᠤᠯᠤᠨ᠎ᠠ᠃ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠨᠠᠷᠢᠨ ᠪᠢᠴᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠳᠡᠳ᠋ ᠡᠷᠬᠢᠯᠡᠭᠴᠢ ᠵᠢᠴᠢ | ᠰᠠᠯᠠᠭ᠎ᠠ ᠮᠥᠴᠢᠷ᠂ ᠨᠢᠭᠡᠴᠡ ᠪᠣᠯᠣᠨ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠭᠤᠣᠯ ᠬᠠᠷᠢᠭᠤᠴᠠᠯᠭᠠᠲᠠᠨ ᠢ ᠬᠤᠷᠠᠯ ᠳᠤ ᠰᠤᠯᠠ ᠣᠷᠣᠯᠴᠠᠭᠤᠯᠬᠤ ᠪᠠᠷ ᠲᠣᠬᠢᠷᠠᠭᠤᠯᠤᠨ᠎ᠠ᠃ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ | ᠬᠤᠷᠠᠯᠳᠤᠭᠠᠨ ᠤ ᠭᠤᠣᠯ ᠡᠭᠦᠷᠭᠡ ᠪᠣᠯ᠄ | ︵ᠨᠢᠭᠡ︶ ᠳᠡᠭᠡᠳᠦ ᠱᠠᠲᠤᠨ ᠤ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠵᠡᠷᠭᠡ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ᠎ᠠ︔ | ︵ᠬᠤᠶᠠᠷ︶ ᠭᠤᠣᠯᠳᠠᠯᠭ᠎ᠠ ᠲᠠᠢ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠤᠳᠤᠯᠤᠨ᠎ᠠ︔ | ︵ᠭᠤᠷᠪᠠ︶ ᠬᠤᠳᠠ ᠶᠢᠨ ᠳᠠᠷᠤᠭ᠎ᠠ ᠪᠤᠶᠤ ᠬᠤᠳᠠ ᠶᠢᠨ ᠳᠡᠳ᠋ ᠳᠠᠷᠤᠭ᠎ᠠ ᠶᠢᠨ ᠳᠤᠷᠠᠳᠤᠭᠰᠠᠨ ᠤᠯᠡᠠ ᠬᠦᠷᠢᠶ᠎ᠡ᠂ ᠭᠠᠵᠠᠷ ᠣᠷᠣᠨ ᠳᠤ ᠬᠤᠯᠪᠣᠭᠳᠠᠬᠤ | ᠴᠢᠬᠤᠯᠠ ᠶᠠᠪᠤᠳᠠᠯ ᠤᠳ ᠢ ᠰᠤᠳᠤᠯᠤᠨ ᠰᠢᠢᠳᠪᠦᠷᠢᠯᠡᠨ᠎ᠡ︔ | ︵ᠳᠥᠷᠪᠡ︶ ᠰᠠᠯᠠᠭ᠎ᠠ ᠮᠥᠴᠢᠷ ᠵᠢᠴᠢ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠲᠠᠯ᠎ᠠ ᠶᠢᠨ ᠴᠢᠬᠤᠯᠠ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ᠲᠠᠪᠤ︶ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠶᠡᠭᠡ ᠲᠣᠭᠠᠨ ᠤ ᠲᠥᠰᠥᠪ ᠤᠨ ᠲᠤᠰᠬᠠᠢ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠵᠦᠢᠯᠡᠰ ᠢ | ᠰᠤᠳᠤᠯᠤᠨ᠎ᠠ︔ | ︵ᠵᠢᠷᠭᠤᠭ᠎ᠠ︶ ᠪᠡᠯᠡᠳᠬᠡᠯ ᠵᠠᠷᠤᠳᠠᠯ ᠢ ᠬᠥᠳᠡᠯᠭᠡᠬᠦ ᠶᠠᠪᠤᠳᠠᠯ ᠢ ᠰᠤᠳᠤᠯᠤᠨ᠎ᠠ︔ | ︵ᠳᠣᠯᠤᠭ᠎ᠠ︶ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠵᠢᠴᠢ ᠲᠣᠰ ᠱᠠᠲᠤᠨ ᠤ ᠡᠳ᠋ ᠤᠨ ᠵᠠᠰᠠᠭ ᠤᠨ ᠲᠦᠷ ᠴᠠᠭ ᠤᠨ ᠴᠢᠨᠠᠷᠲᠠᠢ | ᠶᠡᠭᠡ ᠲᠣᠭᠠᠨ ᠤ ᠪᠡᠯᠡ ᠮᠥᠩᠭᠦ ᠶᠢᠨ ᠡᠷᠭᠢᠯᠲᠡ ᠵᠡᠷᠭᠡ ᠴᠢᠬᠤᠯᠠ ᠵᠦᠢᠯᠡᠰ ᠢ ᠰᠤᠳᠤᠯᠤᠨ᠎ᠠ᠃ | ᠬᠤᠷᠢᠨ ᠭᠤᠷᠪᠠ᠂ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠩ ᠤᠨ ᠪᠠᠶᠢᠳᠠᠯ ᠳᠤ ᠬᠤᠲᠠ ᠶᠢᠨ ᠳᠡᠳ᠋ ᠳᠠᠷᠤᠭ᠎ᠠ ᠠᠴᠠ | ᠬᠤᠷᠠᠯᠳᠤᠭᠤᠯᠬᠤ ᠶᠢᠨ ᠬᠠᠮᠲᠤ ᠡᠷᠭᠢᠯᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠤᠨ᠎ᠠ᠂ ᠬᠡᠷᠡᠭᠴᠡᠭᠡ ᠪᠠᠨ ᠦᠨᠳᠦᠰᠦᠯᠡᠨ ᠵᠠᠰᠠᠭ ᠤᠨ | ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠳᠡᠳ᠋ ᠡᠷᠬᠢᠯᠡᠭᠴᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠡ ᠪᠣᠯᠣᠨ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠣᠯ | ᠬᠠᠷᠢᠭᠤᠴᠠᠯᠭᠠᠲᠠᠨ ᠢ ᠬᠤᠷᠠᠯ ᠳᠤ ᠣᠷᠣᠯᠴᠠᠭᠤᠯᠬᠤ ᠪᠠᠷ ᠲᠣᠬᠢᠷᠠᠭᠤᠯᠵᠤ ᠪᠣᠯᠣᠨ᠎ᠠ᠃ ᠬᠤᠳᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯᠳᠤᠭᠠᠨ ᠤ | ᠭᠤᠣᠯ ᠡᠭᠦᠷᠭᠡ ᠪᠣᠯ᠄ | ︵ᠨᠢᠭᠡ︶ ᠬᠤᠲᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ᠂ | ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠳᠤ ᠳᠡᠪᠰᠢᠭᠦᠯᠬᠦ ᠴᠢᠬᠤᠯᠠ ᠵᠥᠪᠯᠡᠬᠦ ᠰᠡᠳᠦᠪ ᠢ ᠰᠤᠳᠤᠯᠤᠨ ᠲᠣᠭᠲᠠᠭᠠᠨ᠎ᠠ︔ | ︵ᠬᠤᠶᠠᠷ︶ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠰᠤᠳᠤᠯᠤᠨ | ᠨᠠᠶᠢᠳᠠᠪᠤᠷᠢᠵᠢᠭᠤᠯᠤᠨ᠎ᠠ︔ | ︵ᠭᠤᠷᠪᠠ︶ ᠬᠤᠲᠠ ᠶᠢᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠬᠤ ᠪᠠᠷ ᠪᠠᠶᠢᠭ᠎ᠠ | ᠴᠢᠬᠤᠯᠠ ᠪᠢᠴᠢᠭ ᠮᠠᠲ᠋ᠧᠷᠢᠶᠠᠯ ᠢ ᠰᠤᠳᠤᠯᠤᠨ᠎ᠠ︔ | ︵ᠳᠥᠷᠪᠡ︶ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠣᠯᠠᠨ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠴᠢᠬᠤᠯᠠᠲᠠᠢ ᠠᠵᠢᠯ | ᠢ ᠰᠤᠳᠤᠯᠤᠨ ᠲᠣᠬᠢᠷᠠᠭᠤᠯᠤᠨ᠎ᠠ︔ | ︵ᠲᠠᠪᠤ︶ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠬᠤᠯᠠ ᠬᠤᠷᠠᠯ ᠤᠨ | ᠪᠣᠳᠠᠲᠠᠢ ᠶᠠᠪᠤᠳᠠᠯ ᠢ ᠰᠤᠳᠤᠯᠤᠨ᠎ᠠ︔ | ︵ᠵᠢᠷᠭᠤᠭ᠎ᠠ︶ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠭᠡᠨᠡᠳᠲᠡ ᠶᠢᠨ ᠬᠡᠷᠡᠭ ᠢ ᠰᠤᠳᠤᠯᠤᠨ ᠰᠢᠢᠳᠪᠦᠷᠢᠯᠡᠨ᠎ᠡ︔ | ︵ᠳᠣᠯᠤᠭ᠎ᠠ︶ ᠪᠤᠰᠤᠳ ᠴᠢᠬᠤᠯᠠ ᠠᠵᠢᠯ ᠤᠳ ᠢ ᠰᠤᠳᠤᠯᠤᠨ ᠶᠠᠷᠢᠯᠴᠠᠨ᠎ᠠ᠃ ᠴᠢᠬᠤᠯᠠ ᠶᠡᠭᠡ ᠤᠴᠢᠷ ᠶᠠᠪᠤᠳᠠᠯ ᠢ ᠬᠤᠷᠠᠯ ᠠᠴᠠ ᠡᠮᠦᠨ᠎ᠡ ᠪᠤᠶᠤ | ᠬᠤᠷᠠᠯ ᠤᠨ ᠳᠠᠷᠠᠭ᠎ᠠ ᠴᠠᠭ ᠲᠤᠬᠠᠢ ᠳᠤᠨᠢ ᠬᠤᠲᠠ ᠶᠢᠨ ᠳᠠᠷᠤᠭ᠎ᠠ ᠳᠤ ᠮᠡᠳᠡᠭᠦᠯᠬᠦ ᠬᠡᠷᠡᠭᠲᠡᠢ᠃ | ᠲᠤᠰᠬᠠᠢ ᠵᠦᠢᠯ ᠤᠨ ᠠᠵᠢᠯ ᠢ ᠠᠬᠢᠭᠤᠯᠬᠤ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠳᠠᠷᠤᠭ᠎ᠠ ᠪᠤᠶᠤ ᠬᠤᠲᠠ ᠶᠢᠨ ᠳᠡᠳ᠋ ᠳᠠᠷᠤᠭ᠎ᠠ ᠨᠠᠷᠢᠨ ᠪᠢᠴᠢᠭ ᠤᠨ | ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ ᠳᠤ ᠨᠠᠶᠢᠳᠠᠵᠤ ᠲᠤᠰᠬᠠᠢ ᠰᠡᠳᠦᠪᠲᠦ ᠬᠤᠷᠠᠯ᠂ ᠵᠣᠬᠢᠴᠠᠭᠤᠯᠬᠤ ᠬᠤᠷᠠᠯ᠂ | ᠲᠣᠬᠢᠷᠠᠭᠤᠯᠬᠤ ᠬᠤᠷᠠᠯ ᠪᠠ ᠶᠠᠷᠢᠯᠴᠠᠬᠤ ᠬᠤᠷᠠᠯ ᠵᠡᠷᠭᠡ ᠶᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ | ᠬᠤᠷᠠᠯ ᠤᠨ ᠳᠦᠷᠢᠮ ᠢᠶᠠᠷ ᠯᠠᠪᠯᠠᠯᠲᠠ ᠪᠣᠯᠭᠠᠨ ᠵᠢᠷᠤᠮᠵᠢᠭᠤᠯᠤᠨ ᠬᠡᠷᠡᠭᠵᠢᠭᠦᠯᠵᠦ ᠪᠣᠯᠣᠨ᠎ᠠ᠃ | ᠬᠤᠷᠢᠨ ᠳᠥᠷᠪᠡ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠬᠤ ᠳᠦᠷᠢᠮ ᠢ ᠪᠠᠶᠢᠭᠤᠯᠵᠤ᠂ ᠰᠤᠷᠤᠯᠴᠠᠬᠤ ᠭᠤᠣᠯ ᠰᠡᠳᠦᠪ ᠢ ᠬᠤᠲᠠ ᠶᠢᠨ ᠳᠠᠷᠤᠭ᠎ᠠ ᠠᠴᠠ ᠲᠣᠭᠲᠠᠭᠠᠵᠤ᠂ ᠭᠤᠣᠯᠳᠠᠭᠤ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ᠂ ᠵᠢᠭᠠᠪᠤᠷᠢ ᠴᠣᠬᠤᠯᠠᠪᠤᠷᠢ ᠱᠠᠭᠠᠷᠳᠠᠯᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ | ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠮᠡᠳᠡᠯᠭᠡ ᠴᠢᠳᠠᠪᠤᠷᠢ ᠪᠠᠨ ᠳᠡᠭᠡᠭᠰᠢᠯᠡᠭᠦᠯᠵᠦ᠂ | ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠰᠤᠷᠤᠯᠴᠠᠯᠭ᠎ᠠ ᠶᠢ ᠤᠳᠤᠷᠢᠳᠬᠤ ᠨᠥᠬᠦᠳ ᠥᠪᠡᠷ ᠢᠶᠠᠨ ᠰᠤᠷᠤᠯᠴᠠᠵᠤ | ᠰᠣᠯᠢᠯᠴᠠᠬᠤ᠂ ᠬᠠᠮᠲᠤ ᠪᠠᠷ ᠰᠤᠳᠤᠯᠤᠨ ᠶᠠᠷᠢᠯᠴᠠᠬᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠬᠠᠷᠢᠭᠤ ᠮᠡᠳᠡᠭᠦᠯᠦᠯᠲᠡ ᠬᠢᠯᠭᠡᠬᠦ ᠪᠤᠶᠤ ᠲᠤᠰᠬᠠᠢ | ᠮᠡᠷᠭᠡᠵᠢᠯᠲᠡᠨ ᠢ ᠤᠷᠢᠵᠤ ᠲᠠᠶᠢᠯᠤᠮᠵᠢ ᠬᠢᠯᠭᠡᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠥᠷᠨᠢᠭᠦᠯᠬᠦ ᠬᠡᠷᠡᠭᠲᠡᠢ᠃ ᠰᠤᠷᠤᠯᠴᠠᠬᠤ ᠠᠵᠢᠯᠯᠠᠭ᠎ᠠ ᠶᠢ ᠬᠤᠲᠠ ᠶᠢᠨ | ᠳᠠᠷᠤᠭ᠎ᠠ ᠡᠷᠭᠢᠯᠡᠵᠦ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠨᠥᠬᠦᠳ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ | ᠣᠷᠣᠯᠴᠠᠵᠤ᠂ ᠴᠢᠬᠤᠯᠠᠲᠠᠢ ᠦᠶ᠎ᠡ ᠳᠤ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠳᠡᠳ᠋ ᠡᠷᠬᠢᠯᠡᠭᠴᠢ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠬᠤ ᠬᠡᠷᠡᠭᠲᠡᠢ᠃ ᠬᠤᠳᠠ ᠶᠢᠨ ᠵᠠᠰᠠᠭ ᠤᠨ ᠣᠷᠳᠣᠨ ᠤ ᠪᠦᠷᠢᠯᠳᠦᠭᠦᠨ ᠨᠠᠷ | ᠰᠤᠷᠤᠯᠴᠠᠯᠭ᠎ᠠ ᠪᠠᠨ ᠴᠢᠩᠭᠠᠳᠬᠠᠬᠤ ᠦᠯᠢᠭᠡᠷ ᠳᠠᠭᠤᠷᠢᠶᠠᠯ ᠪᠣᠯᠵᠤ᠂ ᠬᠤᠳᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠰᠤᠷᠤᠯᠴᠠᠯᠭ᠎ᠠ ᠶᠢᠨ | ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ᠃ | ᠬᠤᠷᠢᠨ ᠲᠠᠪᠤ᠂ ᠬᠤᠳᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯᠳᠤᠭᠠᠨ ᠳᠤ ᠳᠡᠪᠰᠢᠭᠦᠯᠦᠨ ᠶᠠᠷᠢᠯᠴᠠᠭᠤᠯᠬᠤ ᠵᠥᠪᠯᠡᠬᠦ ᠰᠡᠳᠦᠪ ᠢ ᠬᠤᠳᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ ᠪᠤᠶᠤ ᠬᠤᠳᠠ ᠶᠢᠨ ᠳᠠᠷᠤᠭ᠎ᠠ ᠠᠴᠠ ᠲᠣᠭᠲᠠᠭᠠᠨ᠎ᠠ︔ | ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠦᠨ ᠶᠠᠷᠢᠯᠴᠠᠭᠤᠯᠬᠤ ᠵᠥᠪᠯᠡᠬᠦ ᠰᠡᠳᠦᠪ ᠢ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠳᠤᠷᠠᠳᠬᠤ ᠪᠤᠶᠤ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠭᠦᠨ ᠰᠠᠨᠠᠭᠤᠯᠭ᠎ᠠ ᠳᠤᠷᠠᠳᠴᠤ᠂ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠡᠷᠦᠩᠬᠡᠶᠢᠯᠡᠨ ᠪᠣᠳᠣᠯᠬᠢᠯᠠᠭᠰᠠᠨ ᠤ ᠲᠠᠷᠠᠭ᠎ᠠ ᠲᠣᠭᠲᠠᠭᠠᠨ᠎ᠠ︔ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠪᠠ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠳᠤ ᠳᠡᠪᠰᠢᠭᠦᠯᠦᠨ ᠶᠠᠷᠢᠯᠴᠠᠭᠤᠯᠬᠤ ᠵᠥᠪᠯᠡᠬᠦ ᠰᠡᠳᠦᠪ ᠢ ᠬᠤᠲᠠ ᠶᠢᠨ | ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢᠶᠠᠷ ᠰᠤᠳᠤᠯᠬᠤ ᠪᠤᠶᠤ ᠬᠤᠲᠠ ᠶᠢᠨ ᠳᠡᠳ᠋ ᠳᠠᠷᠤᠭ᠎ᠠ ᠵᠣᠬᠢᠴᠠᠭᠤᠯᠤᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠬᠤᠲᠠ ᠶᠢᠨ ᠳᠠᠷᠤᠭ᠎ᠠ ᠳᠤ ᠮᠡᠳᠡᠭᠦᠯᠦᠨ ᠲᠣᠭᠲᠠᠭᠠᠯᠭᠠᠨ᠎ᠠ︔ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠳᠤ ᠳᠡᠪᠰᠢᠭᠦᠯᠦᠨ | ᠰᠤᠳᠤᠯᠤᠭᠤᠯᠬᠤ ᠵᠥᠪᠯᠡᠬᠦ ᠰᠡᠳᠦᠪ ᠢ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠳᠡᠳ᠋ | ᠡᠷᠬᠢᠯᠡᠭᠴᠢ ᠠᠴᠠ ᠵᠣᠬᠢᠴᠠᠭᠤᠯᠤᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠳᠤ ᠮᠡᠳᠡᠭᠦᠯᠦᠨ | ᠲᠣᠭᠲᠠᠭᠠᠯᠭᠠᠨ᠎ᠠ᠃ | ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ᠂ ᠬᠤᠲᠠ ᠶᠢᠨ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠳᠤ ᠳᠡᠪᠰᠢᠭᠦᠯᠵᠦ ᠰᠤᠳᠤᠯᠤᠨ ᠶᠠᠷᠢᠯᠴᠠᠭᠤᠯᠬᠤ ᠵᠥᠪᠯᠡᠬᠦ ᠰᠡᠳᠦᠪ ᠢ ᠵᠥᠪᠯᠡᠬᠦ ᠰᠡᠳᠦᠪ ᠢ ᠬᠠᠷᠢᠭᠤ ᠮᠡᠳᠡᠭᠦᠯᠬᠦ ᠰᠠᠯᠠᠭ᠎ᠠ ᠮᠥᠴᠢᠷ ᠠᠴᠠ | ᠲᠦᠷᠦᠭᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠷᠠᠯ ᠤᠨ ᠮᠠᠲ᠋ᠧᠷᠢᠶᠠᠯ ᠢ ᠲᠤᠭᠤᠷᠪᠢᠵᠤ᠂ ᠬᠤᠪᠢᠳᠠᠨ ᠬᠠᠮᠢᠶᠠᠷᠴᠤ ᠪᠦᠬᠦᠢ ᠨᠠᠷᠢᠨ | ᠪᠢᠴᠢᠭ ᠤᠨ ᠳᠡᠳ᠋ ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ ᠠᠴᠠ ᠠᠩᠬᠠᠨ ᠤ ᠬᠢᠨᠠᠯᠲᠠ ᠶᠢ ᠬᠠᠷᠢᠭᠤᠴᠠᠬᠤ ᠶᠢᠨ ᠬᠠᠮᠲᠤ᠂ ᠡᠯ᠎ᠡ ᠬᠤᠯᠪᠣᠭᠳᠠᠯ ᠪᠦᠬᠦᠢ | ᠲᠠᠯ᠎ᠠ ᠶᠢᠨ ᠬᠢᠨ ᠢ ᠵᠣᠬᠢᠴᠠᠭᠤᠯᠤᠨ ᠠᠩᠬ᠎ᠠ ᠠᠯᠬᠤᠮ ᠤᠨ ᠰᠠᠨᠠᠯ ᠢ ᠭᠠᠷᠭᠠᠭᠰᠠᠨ ᠤ ᠳᠠᠷᠠᠭ᠎ᠠ᠂ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠳᠤ | ᠮᠡᠳᠡᠭᠦᠯᠵᠦ ᠬᠢᠨᠠᠨ ᠬᠠᠷᠭᠤᠭᠤᠯᠤᠭᠤᠯᠬᠤ ᠪᠤᠶᠤ ᠰᠤᠳᠤᠯᠵᠤ ᠪᠣᠯᠪᠠᠰᠤᠷᠠᠩᠭᠤᠢ ᠪᠣᠯᠤᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ | ᠬᠤᠷᠢᠶᠠᠩᠭᠤᠶᠢᠯᠠᠨ ᠬᠤᠲᠠ ᠶᠢᠨ ᠳᠠᠷᠤᠭ᠎ᠠ ᠳᠤ ᠮᠡᠳᠡᠭᠦᠯᠵᠦ ᠲᠣᠭᠲᠠᠭᠠᠨ᠎ᠠ︔ ᠲᠤᠰᠬᠠᠢ ᠰᠡᠳᠦᠪᠲᠦ ᠬᠤᠷᠠᠯ ᠳᠤ ᠳᠡᠪᠰᠢᠭᠦᠯᠦᠨ ᠰᠤᠳᠤᠯᠤᠨ ᠶᠠᠷᠢᠯᠴᠠᠭᠤᠯᠬᠤ | ᠵᠥᠪᠯᠡᠬᠦ ᠰᠡᠳᠦᠪ ᠤᠨ ᠮᠠᠲ᠋ᠧᠷᠢᠶᠠᠯ ᠢ ᠬᠤᠪᠢᠳᠠᠨ ᠬᠠᠮᠢᠶᠠᠷᠴᠤ ᠪᠦᠬᠦᠢ ᠨᠠᠷᠢᠨ ᠪᠢᠴᠢᠭ ᠤᠨ ᠳᠡᠳ᠋ ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ ᠬᠠᠷᠢᠭᠤᠴᠠᠨ | ᠬᠢᠨᠠᠨ ᠬᠠᠷᠭᠤᠭᠤᠯᠵᠤ᠂ ᠵᠥᠪᠯᠡᠬᠦ ᠰᠡᠳᠦᠪ ᠪᠣᠯᠪᠠᠰᠤᠷᠠᠩᠭᠤᠢ ᠪᠣᠯᠤᠭᠰᠠᠨ ᠤ ᠳᠠᠷᠠᠭ᠎ᠠ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠳᠤ ᠮᠡᠳᠡᠭᠦᠯᠦᠨ | ᠲᠣᠭᠲᠠᠭᠠᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠵᠥᠪᠯᠡᠬᠦ ᠰᠡᠳᠦᠪ ᠢ ᠬᠢᠨᠠᠨ ᠬᠠᠷᠭᠤᠭᠤᠯᠬᠤ ᠶᠠᠪᠤᠴᠠ ᠶᠢ | ᠴᠢᠩᠭ᠎ᠠ ᠠᠳᠬᠤᠬᠤ ᠶᠢ ᠬᠠᠷᠢᠭᠤᠴᠠᠵᠤ᠂ ᠶᠠᠪᠤᠴᠠ ᠶᠢ ᠪᠦᠷᠢᠨ ᠭᠦᠢᠴᠡᠳᠬᠡᠭᠰᠡᠨ ᠦᠭᠡᠢ᠂ ᠵᠥᠪᠯᠡᠬᠦ ᠰᠡᠳᠦᠪ ᠢ ᠵᠣᠬᠢᠴᠠᠭᠤᠯᠤᠨ ᠶᠠᠷᠢᠯᠴᠠᠭᠰᠠᠨ ᠨᠢ ᠪᠣᠯᠪᠠᠰᠤᠷᠠᠩᠭᠤᠢ | ᠪᠤᠰᠤ ᠪᠣᠯ ᠬᠤᠷᠠᠯ ᠳᠤ ᠳᠡᠪᠰᠢᠭᠦᠯᠬᠦ ᠦᠭᠡᠢ᠃ | ᠬᠤᠲᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ᠂ ᠬᠤᠲᠠ ᠶᠢᠨ | ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠠ ᠲᠤᠰᠬᠠᠢ ᠰᠡᠳᠦᠪᠲᠦ ᠬᠤᠷᠠᠯ ᠤᠨ ᠵᠣᠬᠢᠶᠠᠨ ᠪᠠᠶᠢᠭᠤᠯᠬᠤ ᠠᠵᠢᠯ ᠢ ᠬᠤᠲᠠ ᠶᠢᠨ ᠵᠠᠰᠠᠭ ᠤᠨ ᠣᠷᠳᠣᠨ ᠤ ᠠᠯᠪᠠᠨ | ᠭᠡᠷ ᠬᠠᠷᠢᠭᠤᠴᠠᠵᠤ᠂ ᠬᠤᠷᠠᠯ ᠤᠨ ᠪᠢᠴᠢᠭ ᠮᠠᠲ᠋ᠧᠷᠢᠶᠠᠯ ᠳᠤ ᠵᠥᠪᠯᠡᠬᠦ ᠰᠡᠳᠦᠪ ᠤᠨ ᠪᠠᠶᠢᠳᠠᠯ ᠪᠠ ᠡᠯ᠎ᠡ ᠲᠠᠯ᠎ᠠ ᠶᠢᠨ ᠬᠢᠨ ᠤ ᠰᠠᠨᠠᠯ ᠢ ᠪᠥᠬᠦ ᠲᠠᠯ᠎ᠠ ᠪᠠᠷ ᠣᠨᠣᠪᠴᠢᠲᠠᠶ | ᠲᠤᠰᠬᠠᠵᠤ᠂ ᠦᠭᠡ ᠬᠡᠯᠡᠯᠭᠡ ᠨᠢ ᠣᠨᠣᠪᠴᠢᠲᠠᠶ᠂ ᠪᠢᠴᠢᠭ ᠮᠠᠲ᠋ᠧᠷᠢᠶᠠᠯ ᠨᠢ ᠲᠣᠪᠴᠢ ᠠᠪᠰᠠᠷᠬᠠᠨ᠂ ᠯᠣᠭᠢᠭ ᠨᠢ ᠨᠢᠭᠲᠠ ᠴᠢᠩᠭ᠎ᠠ᠂ ᠵᠦᠢᠯ ᠵᠤᠷᠪᠤᠰ ᠨᠢ | ᠵᠢᠷᠤᠮᠵᠢᠯ ᠲᠠᠢ ᠪᠠᠶᠢᠬᠤ ᠬᠡᠷᠡᠭᠲᠡᠢ᠃ ᠡᠩ ᠤᠨ ᠪᠠᠶᠢᠳᠠᠯ ᠳᠤ ᠬᠤᠷᠠᠯ ᠠᠴᠠ ᠡᠮᠦᠨ᠎ᠡ ᠬᠤᠷᠠᠯ ᠳᠤ ᠣᠷᠣᠯᠴᠠᠭᠰᠠᠳ ᠲᠤ ᠥᠭᠴᠦ ᠰᠤᠳᠤᠯᠤᠭᠤᠯᠬᠤ ᠬᠡᠷᠡᠭᠲᠡᠢ᠂ ᠰᠠᠨᠠᠯ | ᠪᠤᠶᠤ ᠰᠠᠨᠠᠭᠤᠯᠭ᠎ᠠ ᠶᠢ ᠬᠤᠷᠠᠯ ᠠᠴᠠ ᠡᠮᠦᠨ᠎ᠡ ᠪᠢᠴᠢᠭ ᠤᠨ ᠬᠡᠯᠪᠡᠷᠢ ᠪᠠᠷ ᠳᠤᠷᠠᠳᠴᠤ ᠪᠣᠯᠣᠨ᠎ᠠ᠃ | ᠬᠤᠷᠢᠨ ᠵᠢᠷᠭᠤᠭ᠎ᠠ᠂ ᠬᠤᠲᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ | ᠬᠤᠷᠠᠯ ᠪᠠ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠣᠪᠴᠢ ᠶᠢ ᠵᠠᠷᠴᠢᠮ ᠳᠡᠭᠡᠷ᠎ᠡ ᠪᠠᠨ ᠬᠤᠷᠠᠯ ᠲᠡᠭᠦᠰᠦᠭᠰᠡᠨ ᠤ ᠳᠠᠷᠠᠭᠠᠬᠢ 3 ᠠᠵᠢᠯᠯᠠᠬᠤ | ᠡᠳᠦᠷ ᠤᠨ ᠳᠣᠲᠣᠷ᠎ᠠ ᠳᠠᠷᠤᠮᠠᠯᠯᠠᠨ ᠲᠠᠷᠬᠠᠭᠠᠵᠤ᠂ ᠡᠩ ᠤᠨ ᠪᠠᠶᠢᠳᠠᠯ ᠳᠤ ᠨᠠᠷᠢᠨ ᠪᠢᠴᠢᠭ ᠤᠨ ᠳᠠᠷᠤᠭ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠲᠠ ᠶᠢᠨ | ᠳᠠᠷᠤᠭ᠎ᠠ ᠪᠤᠶᠤ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠭᠠᠷ ᠤᠨ ᠥᠰᠥᠭ ᠵᠢᠷᠤᠵᠤ ᠲᠠᠷᠬᠠᠭᠠᠨ᠎ᠠ᠃ ᠵᠠᠰᠠᠭ ᠤᠨ ᠣᠷᠳᠣᠨ ᠤ ᠲᠤᠰᠬᠠᠢ ᠰᠡᠳᠦᠪᠲᠦ | ᠬᠤᠷᠠᠯ ᠤᠨ ᠲᠣᠪᠴᠢ ᠶᠢ ᠡᠩ ᠤᠨ ᠪᠠᠶᠢᠳᠠᠯ ᠳᠤ ᠬᠤᠪᠢᠳᠠᠨ ᠬᠠᠮᠢᠶᠠᠷᠴᠤ ᠪᠦᠬᠦᠢ ᠨᠠᠷᠢᠨ ᠪᠢᠴᠢᠭ ᠤᠨ ᠳᠡᠳ᠋ ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ | ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠭᠠᠷ ᠤᠨ ᠥᠰᠥᠭ ᠵᠢᠷᠤᠵᠤ ᠲᠠᠷᠬᠠᠭᠠᠨ᠎ᠠ᠃ | ᠬᠤᠲᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠶᠠᠷᠢᠯᠴᠠᠨ | ᠲᠣᠭᠲᠠᠭᠠᠭᠰᠠᠨ ᠵᠦᠢᠯᠡᠰ ᠢ ᠢᠯᠡ ᠪᠣᠯᠭᠠᠬᠤ ᠳᠤ ᠲᠣᠬᠢᠷᠠᠬᠤ ᠶᠢ ᠨᠢ ᠴᠠᠭ ᠲᠤᠬᠠᠢ ᠳᠤᠨᠢ ᠮᠡᠳᠡᠭᠡᠯᠡᠬᠦ ᠬᠡᠷᠡᠭᠲᠡᠢ᠂ ᠰᠣᠨᠢᠨ ᠮᠡᠳᠡᠭᠡᠨ ᠤ ᠡᠬᠡ ᠪᠢᠴᠢᠭ ᠢ ᠡᠷᠬᠡᠪᠰᠢ | ᠬᠤᠪᠢᠳᠠᠨ ᠬᠠᠮᠢᠶᠠᠷᠴᠤ ᠪᠦᠬᠦᠢ ᠨᠠᠷᠢᠨ ᠪᠢᠴᠢᠭ ᠤᠨ ᠳᠡᠳ᠋ ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠬᠢᠨᠠᠨ ᠬᠠᠷᠭᠤᠭᠤᠯᠤᠭᠤᠯᠵᠤ ᠭᠠᠷ ᠤᠨ ᠥᠰᠥᠭ | ᠵᠢᠷᠤᠭᠤᠯᠵᠤ ᠲᠠᠷᠬᠠᠭᠠᠬᠤ ᠬᠡᠷᠡᠭᠲᠡᠢ᠂ ᠴᠢᠬᠤᠯᠠ ᠲᠠᠢ ᠪᠣᠯ ᠨᠠᠷᠢᠨ ᠪᠢᠴᠢᠭ ᠤᠨ ᠳᠠᠷᠤᠭ᠎ᠠ ᠳᠤ ᠮᠡᠳᠡᠭᠦᠯᠵᠦ ᠬᠢᠨᠠᠨ ᠲᠣᠭᠲᠠᠭᠠᠯᠭᠠᠬᠤ ᠬᠡᠷᠡᠭᠲᠡᠢ᠃ | ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠲᠠ ᠶᠢᠨ ᠵᠠᠰᠠᠭ ᠤᠨ ᠣᠷᠳᠣᠨ ᠤ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ | ᠱᠠᠭᠠᠷᠳᠠᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠬᠤ ᠪᠠᠭ ᠤᠨ ᠪᠦᠷᠢᠯᠳᠦᠭᠦᠨ ᠨᠠᠷ | ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠦᠷᠦᠭᠦᠯᠡᠨ | ᠱᠠᠭᠠᠷᠳᠠᠨ ᠪᠠᠶᠢᠴᠠᠭᠠᠵᠤ ᠰᠢᠢᠳᠪᠦᠷᠢᠯᠡᠭᠦᠯᠵᠦ᠂ ᠡᠳᠦᠷ ᠲᠤᠲᠤᠮ ᠤᠨ ᠱᠠᠭᠠᠷᠳᠠᠨ ᠰᠢᠢᠳᠪᠦᠷᠢᠯᠡᠭᠦᠯᠦᠭᠰᠡᠨ ᠦᠷ᠎ᠡ ᠪᠦᠲᠦᠮᠵᠢ ᠨᠢ ᠠᠨᠠᠢ ᠪᠣᠯ ᠬᠤᠲᠠ ᠶᠢᠨ ᠵᠠᠰᠠᠭ ᠤᠨ | ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠲᠤ ᠲᠤᠰᠢᠶᠠᠵᠤ ᠫᠠᠶᠢᠰᠠ ᠡᠯᠭᠦᠨ ᠱᠠᠭᠠᠷᠳᠠᠨ ᠰᠢᠢᠳᠪᠦᠷᠢᠯᠡᠭᠦᠯᠵᠦ ᠪᠣᠯᠣᠨ᠎ᠠ︔ ᠬᠤᠲᠠ ᠶᠢᠨ ᠵᠠᠰᠠᠭ ᠤᠨ ᠣᠷᠳᠣᠨ ᠤ | ᠱᠠᠭᠠᠷᠳᠠᠨ ᠪᠠᠶᠢᠴᠠᠭᠠᠬᠤ ᠲᠠᠰᠤᠭ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠱᠠᠭᠠᠷᠳᠠᠨ ᠪᠠᠶᠢᠴᠠᠭᠠᠵᠤ | ᠰᠢᠢᠳᠪᠦᠷᠢᠯᠡᠭᠦᠯᠬᠦ ᠶᠢ ᠬᠠᠷᠢᠭᠤᠴᠠᠬᠤ ᠶᠢᠨ ᠬᠠᠮᠲᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠲᠠ ᠶᠢᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠵᠦ | ᠂ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ᠂ ᠰᠢᠯᠲᠠᠭᠯᠠᠨ ᠲᠦᠯᠬᠢᠯᠴᠡᠭᠰᠡᠨ ᠭᠠᠵᠠᠷ ᠣᠷᠣᠨ᠂ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ | ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠤ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠪᠥᠬᠦ ᠲᠠᠯ᠎ᠠ ᠪᠠᠷ᠂ ᠴᠠᠭ ᠲᠤᠬᠠᠢ ᠳᠤᠨᠢ᠂ | ᠣᠨᠣᠪᠴᠢᠲᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠬᠤᠲᠠ ᠶᠢᠨ ᠵᠠᠰᠠᠭ ᠤᠨ | ᠣᠷᠳᠣᠨ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ | ᠬᠤᠷᠢᠨ ᠲᠤᠯᠤᠭ᠎ᠠ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠱᠠᠭᠠᠷᠳᠠᠯᠭ᠎ᠠ ᠶᠣᠰᠣᠭᠠᠷ ᠬᠤᠳᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ ᠳᠤ ᠣᠷᠣᠯᠴᠠᠬᠤ ᠬᠡᠷᠡᠭᠲᠡᠢ᠂ ᠵᠠᠷᠴᠢᠮ ᠳᠡᠭᠡᠷ᠎ᠡ ᠪᠠᠨ ᠴᠢᠯᠦᠭᠡ | ᠭᠤᠶᠤᠵᠤ ᠪᠣᠯᠬᠤ ᠦᠭᠡᠢ᠃ ᠬᠡᠷᠪᠡ ᠣᠨᠴᠠᠭᠠᠢ ᠪᠠᠶᠢᠳᠠᠯ ᠠᠴᠠ ᠪᠣᠯᠵᠤ ᠣᠷᠣᠯᠴᠠᠵᠤ ᠳᠡᠶᠢᠯᠬᠦ ᠦᠭᠡᠢ ᠪᠣᠯ ᠴᠢᠯᠦᠭᠡ ᠭᠤᠶᠤᠬᠤ ᠭᠠᠷᠳᠠᠮ ᠭᠦᠢᠴᠡᠳᠬᠡᠬᠦ | ᠴᠢᠬᠤᠯᠠ ᠲᠠᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠡᠯ᠎ᠡ ᠲᠥᠷᠥᠯ ᠤᠨ ᠬᠤᠷᠠᠯ ᠳᠤ ᠣᠷᠣᠯᠴᠠᠬᠤ ᠪᠠ ᠴᠢᠯᠦᠭᠡ ᠭᠤᠶᠤᠭᠰᠠᠨ ᠪᠠᠶᠢᠳᠠᠯ ᠢ | ᠬᠤᠷᠢᠶᠠᠩᠭᠤᠶᠢᠯᠠᠵᠤ᠂ ᠬᠤᠷᠠᠯ ᠡᠷᠬᠢᠯᠡᠭᠴᠢ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ | ᠬᠤᠷᠢᠨ ᠨᠠᠢᠮᠠ᠂ ᠬᠤᠳᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠤᠷᠠᠯᠳᠤᠭᠤᠯᠤᠭᠰᠠᠨ ᠠᠵᠢᠯ ᠤᠨ ᠬᠤᠷᠠᠯ ᠢ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠴᠢᠩᠭ᠎ᠠ ᠬᠢᠨᠠᠨ ᠵᠥᠪᠰᠢᠶᠡᠷᠡᠵᠦ᠂ ᠴᠣᠮᠬᠠᠳᠬᠠᠨ ᠨᠢᠭᠡᠳᠬᠡᠬᠦ᠂ ᠪᠣᠳᠠᠲᠤ ᠠᠵᠢᠯᠯᠠᠭ᠎ᠠ ᠶᠢ ᠡᠷᠬᠢᠮᠯᠡᠨ ᠥᠨᠳᠥᠷ ᠪᠦᠲᠦᠮᠵᠢᠲᠡᠶ ᠪᠠᠶᠢᠯᠭᠠᠬᠤ | ᠵᠠᠷᠴᠢᠮ ᠢᠶᠠᠷ ᠲᠤᠭ᠎ᠠ ᠬᠡᠮᠵᠢᠶ᠎ᠡ ᠶᠢ ᠪᠠᠭᠠᠰᠬᠠᠵᠤ᠂ ᠬᠡᠪᠴᠢᠶ᠎ᠡ ᠪᠠ ᠴᠠᠭ ᠢ ᠬᠢᠵᠠᠭᠠᠷᠯᠠᠵᠤ᠂ ᠬᠤᠷᠠᠯ ᠳᠤ ᠣᠷᠣᠯᠴᠠᠬᠤ ᠬᠥᠮᠥᠰ ᠤᠨ ᠬᠡᠪᠴᠢᠶ᠎ᠡ ᠶᠢ ᠵᠦᠢ ᠵᠣᠬᠢᠰᠲᠠᠢ | ᠲᠣᠭᠲᠠᠭᠠᠵᠤ᠂ ᠬᠤᠷᠠᠯ ᠳᠤ ᠪᠠᠷ᠎ᠠ ᠪᠣᠯᠬᠤ ᠶᠢ ᠪᠠᠭᠠᠰᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠪᠤᠶᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ | ᠬᠤᠷᠠᠯᠳᠤᠭᠤᠯᠬᠤ ᠶᠣᠰᠣᠲᠠᠢ ᠪᠥᠬᠦ ᠬᠤᠲᠠ ᠶᠢᠨ ᠴᠢᠨᠠᠷᠲᠠᠢ ᠬᠤᠷᠠᠯ ᠢ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ | ᠭᠡᠷ ᠤᠨ ᠨᠡᠷ᠎ᠡ ᠪᠠᠷ ᠬᠤᠷᠠᠯᠳᠤᠭᠤᠯᠬᠤ ᠦᠭᠡᠢ᠂ ᠬᠤᠷᠠᠯ ᠤᠨ ᠮᠡᠳᠡᠭᠳᠡᠯ ᠵᠡᠷᠭᠡ ᠬᠤᠷᠠᠯ ᠤᠨ ᠶᠠᠪᠤᠳᠠᠯ ᠤᠨ ᠠᠵᠢᠯ ᠢ ᠥᠪᠡᠰᠦᠪᠡᠨ ᠬᠠᠷᠢᠭᠤᠴᠠᠵᠤ᠂ ᠬᠤᠲᠠ ᠶᠢᠨ | ᠵᠠᠰᠠᠭ ᠤᠨ ᠣᠷᠳᠣᠨ ᠤ ᠤᠳᠤᠷᠢᠳᠤᠯᠭ᠎ᠠ ᠪᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠢ ᠤᠷᠢᠨ ᠣᠷᠣᠯᠴᠠᠭᠤᠯᠬᠤ ᠦᠭᠡᠢ᠂ ᠦᠨᠡᠨᠬᠦ ᠤᠷᠢᠬᠤ ᠴᠢᠬᠤᠯᠠ ᠲᠠᠢ ᠪᠣᠯ ᠡᠷᠬᠡᠪᠰᠢ ᠬᠤᠲᠠ ᠶᠢᠨ ᠵᠠᠰᠠᠭ ᠤᠨ | ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠰᠢᠨᠵᠢᠯᠡᠨ ᠪᠠᠶᠢᠴᠠᠭᠠᠵᠤ ᠲᠣᠭᠤᠷᠢᠨ ᠦᠵᠡᠬᠦ᠂ ᠶᠠᠷᠢᠯᠴᠠᠨ ᠰᠣᠯᠢᠯᠴᠠᠬᠤ᠂ ᠲᠥᠪᠯᠡᠷᠡᠭᠦᠯᠦᠨ ᠶᠠᠷᠢᠯᠴᠠᠬᠤ | ᠵᠡᠷᠭᠡ ᠠᠭᠤᠯᠭ᠎ᠠ ᠶᠢ ᠲᠣᠬᠢᠷᠠᠭᠤᠯᠤᠭᠰᠠᠨ ᠦᠭᠡᠢ ᠪᠦᠬᠦ ᠬᠤᠳᠠ ᠶᠢᠨ ᠴᠢᠨᠠᠷᠲᠠᠢ ᠬᠤᠷᠠᠯ ᠢ ᠴᠢᠳᠠᠬᠤ ᠶᠢᠨ ᠳᠣᠲᠣᠷ᠎ᠠ ᠲᠧᠯᠸᠢᠰ ᠤᠲᠠᠰᠤ ᠶᠢᠨ ᠬᠡᠯᠪᠡᠷᠢ ᠪᠠᠷ | ᠬᠤᠷᠠᠯᠳᠤᠭᠤᠯᠬᠤ ᠬᠡᠷᠡᠭᠲᠡᠢ᠃ ᠡᠯ᠎ᠡ ᠲᠦᠷᠦᠯ ᠤᠨ ᠬᠤᠷᠠᠯᠳᠤᠭᠠᠨ ᠳᠤ ᠴᠥᠮ ᠭᠦᠢᠴᠡᠳ ᠪᠡᠯᠡᠳᠬᠡᠯ ᠬᠢᠵᠦ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ | ᠴᠢᠩᠳᠠᠯᠠᠨ᠂ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠬᠤ ᠬᠡᠷᠡᠭᠲᠡᠢ᠃ | ᠶᠠᠷᠢᠶᠠᠨ ᠤ ᠲᠠᠪᠴᠠᠩ᠂ ᠪᠠᠶᠠᠷ ᠤᠨ ᠶᠣᠰᠣᠯᠠᠯ᠂ ᠪᠠᠶᠠᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠴᠢᠩᠭ᠎ᠠ ᠬᠢᠵᠠᠭᠠᠷᠯᠠᠨ ᠵᠢᠷᠤᠮᠵᠢᠭᠤᠯᠤᠨ᠎ᠠ᠃ ᠡᠯ᠎ᠡ | ᠲᠥᠷᠥᠯ ᠤᠨ ᠬᠤᠷᠠᠯ ᠠᠵᠢᠯᠯᠠᠭ᠎ᠠ ᠶᠢᠨ ᠵᠠᠷᠤᠳᠠᠯ ᠢ ᠲᠥᠰᠥᠪ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃ | ᠵᠢᠷᠭᠤᠳᠤᠭᠠᠷ ᠪᠦᠯᠦᠭ ᠠᠯᠪᠠᠨ ᠪᠢᠴᠢᠭ ᠰᠢᠢᠳᠪᠦᠷᠢᠯᠡᠬᠦ | ᠬᠤᠷᠢ ᠶᠢᠰᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠣᠯᠣᠨ ᠡᠯ᠎ᠡ ᠰᠠᠯᠠᠭ᠎ᠠ ᠮᠥᠴᠢᠷ ᠤᠨ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ | ᠬᠦᠷᠭᠡᠭᠰᠡᠨ ᠠᠯᠪᠠᠨ ᠪᠢᠴᠢᠭ ᠨᠢ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠰᠢᠢᠳᠪᠦᠷᠢᠯᠡᠬᠦ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠵᠦ᠂ ᠠᠯᠪᠠᠨ ᠪᠢᠴᠢᠭ ᠶᠠᠪᠤᠭᠤᠯᠬᠤ ᠳᠦᠷᠢᠮ ᠪᠣᠯᠣᠨ ᠲᠠᠰ ᠳᠠᠷᠠᠭᠠᠯᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠠᠯᠪᠠᠨ ᠪᠢᠴᠢᠭ | ᠶᠠᠪᠤᠭᠤᠯᠬᠤ ᠳᠠᠭᠠᠨ ᠦᠨᠡᠨ ᠬᠦ ᠴᠢᠬᠤᠯᠠᠲᠠᠢ ᠪᠠᠶᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ︔ ᠵᠥᠪᠰᠢᠶᠡᠷᠡᠯ ᠦᠭᠡᠢ ᠪᠠᠷ ᠱᠠᠲᠤ ᠠᠯᠤᠰᠯᠠᠨ ᠠᠯᠪᠠᠨ | ᠪᠢᠴᠢᠭ ᠶᠠᠪᠤᠭᠤᠯᠵᠤ ᠪᠣᠯᠬᠤ ᠦᠭᠡᠢ᠂ ᠣᠯᠠᠨ ᠲᠠᠯ᠎ᠠ ᠠᠴᠠ ᠮᠡᠳᠡᠭᠦᠯᠦᠨ ᠬᠦᠷᠭᠡᠵᠦ ᠪᠣᠯᠬᠤ ᠦᠭᠡᠢ︔ ᠵᠢᠭᠠᠪᠤᠷᠢ ᠠᠪᠬᠤ ᠳᠠᠭᠠᠨ ᠨᠢᠭᠡ ᠠᠯᠪᠠᠨ ᠪᠢᠴᠢᠭ ᠲᠤ ᠨᠢᠭᠡ | ᠤᠴᠢᠷ ᠶᠠᠪᠤᠳᠠᠯ ᠢ ᠪᠢᠴᠢᠬᠦ ᠬᠡᠷᠡᠭᠲᠡᠢ᠂ ᠮᠡᠳᠡᠭᠦᠯᠦᠯᠲᠡ ᠳᠡᠭᠡᠨ ᠵᠢᠭᠠᠪᠤᠷᠢ ᠠᠪᠬᠤ ᠵᠦᠢᠯᠡᠰ ᠢ ᠳᠠᠭᠠᠯᠳᠤᠭᠤᠯᠵᠤ ᠪᠣᠯᠬᠤ ᠦᠭᠡᠢ᠃ ᠬᠤᠳᠠ ᠶᠢᠨ ᠵᠠᠰᠠᠭ ᠤᠨ | ᠣᠷᠳᠣᠨ ᠤ ᠤᠳᠤᠷᠢᠳᠬᠤ ᠨᠥᠬᠦᠳ ᠤᠨ ᠲᠤᠰᠢᠶᠠᠨ ᠰᠢᠢᠳᠪᠦᠷᠢᠯᠡᠭᠦᠯᠦᠭᠰᠡᠨ ᠣᠨᠴᠠ ᠵᠠᠷᠢᠮ ᠤᠴᠢᠷ ᠶᠠᠪᠤᠳᠠᠯ ᠪᠠ ᠦᠨᠡᠬᠡᠷ ᠰᠢᠭᠤᠳ ᠮᠡᠳᠡᠭᠦᠯᠦᠨ ᠬᠦᠷᠭᠡᠬᠦ | ᠴᠢᠬᠤᠯᠠᠲᠠᠢ ᠲᠠᠰᠤ ᠨᠢᠭᠤᠴᠠ ᠤᠴᠢᠷ ᠶᠠᠪᠤᠳᠠᠯ ᠢ ᠭᠠᠷᠭᠠᠪᠠᠯ᠂ ᠡᠩ ᠤᠨ ᠪᠠᠶᠢᠳᠠᠯ ᠳᠤ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠪᠢ | ᠬᠥᠮᠥᠨ ᠳᠤ ᠠᠯᠪᠠᠨ ᠪᠢᠴᠢᠭ ᠢ ᠰᠢᠭᠤᠳ ᠮᠡᠳᠡᠭᠦᠯᠦᠨ ᠬᠦᠷᠭᠡᠵᠦ ᠪᠣᠯᠬᠤ ᠦᠭᠡᠢ᠃ | ᠬᠤᠲᠠ ᠶᠢᠨ ᠨᠠᠮ ᠤᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠤᠶᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠨᠡᠷ᠎ᠡ ᠪᠠᠷ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠤᠨ ᠡᠬᠡ ᠨᠣᠣᠷᠠᠭ ᠤᠨ ᠠᠭᠤᠯᠭ᠎ᠠ ᠨᠢ ᠭᠤᠣᠯᠳᠠᠭᠤ ᠵᠠᠰᠠᠭ ᠤᠨ | ᠣᠷᠳᠣᠨ ᠤ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠬᠤ ᠪᠥᠭᠡᠳ ᠲᠦᠷᠦᠭᠦᠯᠡᠨ ᠲᠤᠭᠤᠷᠪᠢᠭᠰᠠᠨ ᠰᠠᠯᠠᠭ᠎ᠠ ᠮᠥᠴᠢᠷ ᠨᠢ ᠬᠤᠲᠠ ᠶᠢᠨ ᠵᠠᠰᠠᠭ ᠤᠨ ᠣᠷᠳᠣᠨ ᠤ | ᠰᠠᠯᠠᠭ᠎ᠠ ᠮᠥᠴᠢᠷ ᠪᠠᠶᠢᠪᠠᠯ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠷᠢᠳ ᠢᠶᠠᠷ ᠬᠤᠲᠠ ᠶᠢᠨ ᠵᠠᠰᠠᠭ ᠤᠨ | ᠣᠷᠳᠣᠨ ᠳᠤ ᠮᠡᠳᠡᠭᠦᠯᠦᠨ ᠬᠦᠷᠭᠡᠵᠦ ᠬᠠᠮᠢᠶ᠎ᠠ ᠪᠦᠬᠦᠢ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠠᠯᠪᠠᠨ ᠪᠢᠴᠢᠭ ᠢ ᠡᠷᠬᠡᠪᠰᠢ ᠭᠤᠣᠯ | ᠬᠠᠷᠢᠭᠤᠴᠠᠯᠭᠠᠲᠠᠨ ᠠᠴᠠ ᠭᠠᠷ ᠤᠨ ᠦᠰᠦᠭ ᠵᠢᠷᠤᠵᠤ ᠶᠠᠪᠤᠭᠤᠯᠬᠤ ᠬᠡᠷᠡᠭᠲᠡᠢ᠂ ᠪᠢᠴᠢᠭ ᠮᠠᠲ᠋ᠧᠷᠢᠶᠠᠯ ᠤᠨ ᠠᠭᠤᠯᠭ᠎ᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ | ᠴᠢᠨᠠᠷ᠂ ᠬᠠᠤᠯᠢ ᠶᠣᠰᠣᠴᠢ ᠴᠢᠨᠠᠷ ᠲᠤ ᠬᠠᠷᠢᠭᠤᠴᠠᠵᠤ᠂ ᠣᠨᠴᠠᠭᠠᠢ ᠪᠠᠶᠢᠳᠠᠯ ᠳᠤ ᠠᠵᠢᠯ ᠡᠷᠭᠢᠯᠡᠬᠦ ᠬᠠᠷᠢᠭᠤᠴᠠᠯᠭᠠᠲᠠᠨ ᠠᠴᠠ ᠭᠠᠷ ᠤᠨ ᠥᠰᠥᠭ ᠵᠢᠷᠤᠵᠤ | ᠶᠠᠪᠤᠭᠤᠯᠬᠤ ᠬᠡᠷᠡᠭᠲᠡᠢ᠃ | ᠭᠤᠴᠢ᠂ ᠡᠯ᠎ᠡ ᠰᠠᠯᠠᠭ᠎ᠠ ᠮᠥᠴᠢᠷ ᠬᠤᠲᠠ ᠶᠢᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠲᠥᠷᠥᠯ ᠤᠨ ᠠᠯᠪᠠᠨ ᠪᠢᠴᠢᠭ ᠢ ᠮᠡᠳᠡᠭᠦᠯᠦᠨ ᠬᠦᠷᠭᠡᠬᠦ ᠳᠤ᠂ | ᠪᠤᠰᠤᠳ ᠰᠠᠯᠠᠭ᠎ᠠ ᠮᠥᠴᠢᠷ ᠤᠨ ᠡᠷᠬᠡ ᠲᠤᠰᠢᠶᠠᠯ ᠳᠤ ᠬᠤᠯᠪᠣᠭᠳᠠᠪᠠᠯ᠂ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠭᠦᠢᠴᠡᠳ | ᠵᠥᠪᠳᠡᠯᠴᠡᠵᠦ᠂ ᠰᠠᠨᠠᠯ ᠨᠢᠭᠡᠳᠦᠭᠰᠡᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠪᠠᠯ᠂ ᠬᠠᠮᠢᠶ᠎ᠠ | ᠪᠦᠬᠦᠢ ᠨᠠᠷᠢᠨ ᠪᠢᠴᠢᠭ ᠤᠨ ᠳᠡᠳ᠋ ᠳᠠᠷᠤᠭ᠎ᠠ᠂ ᠳᠡᠳ᠋ ᠡᠷᠬᠢᠯᠡᠭᠴᠢ ᠨᠠᠷᠢᠨ ᠬᠢᠨᠠᠮᠠᠭᠠᠢ ᠬᠢᠨᠠᠨ ᠬᠠᠷᠭᠤᠭᠤᠯᠬᠤ ᠬᠡᠷᠡᠭᠲᠡᠢ᠃ ᠭᠤᠣᠯᠯᠠᠨ ᠡᠷᠭᠢᠯᠡᠬᠦ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠷᠠᠨ ᠭᠠᠷ ᠤᠨ ᠥᠰᠥᠭ ᠵᠢᠷᠤᠬᠤ ᠪᠤᠶᠤ ᠬᠠᠮᠲᠤᠷᠠᠨ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠰᠠᠯᠠᠭ᠎ᠠ ᠮᠥᠴᠢᠷ ᠤᠨ ᠬᠤᠭᠤᠷᠣᠨᠳᠤ ᠪᠠᠨ ᠰᠠᠨᠠᠯ ᠨᠢᠭᠡᠳᠬᠦ ᠦᠭᠡᠢ ᠪᠠᠶᠢᠪᠠᠯ᠂ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠥᠪᠳᠡᠯᠴᠡᠬᠦ ᠪᠠᠨ ᠴᠢᠩᠭᠠᠳᠬᠠᠬᠤ ᠬᠡᠷᠡᠭᠲᠡᠢ︔ ᠵᠥᠪᠳᠡᠯᠴᠡᠭᠰᠡᠨ ᠤ ᠳᠠᠷᠠᠭ᠎ᠠ ᠮᠥᠨ ᠯᠡ ᠰᠠᠨᠠᠯ ᠨᠢᠭᠡᠳᠴᠦ | ᠳᠡᠶᠢᠯᠬᠦ ᠦᠭᠡᠢ ᠪᠠᠶᠢᠪᠠᠯ᠂ ᠭᠤᠣᠯᠯᠠᠨ ᠡᠷᠭᠢᠯᠡᠬᠦ ᠰᠠᠯᠠᠭ᠎ᠠ ᠮᠥᠴᠢᠷ ᠠᠴᠠ ᠡᠯ᠎ᠡ ᠲᠠᠯ᠎ᠠ ᠶᠢᠨ ᠬᠢᠨ ᠤ ᠰᠠᠨᠠᠯ ᠵᠢᠴᠢ ᠶᠣᠰᠣ ᠪᠠᠷᠢᠮᠲᠠ ᠶᠢ ᠵᠢᠭᠰᠠᠭᠠᠨ ᠲᠣᠳᠣᠷᠬᠠᠶᠢᠯᠠᠵᠤ᠂ | ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠤ ᠪᠠᠨ ᠭᠦᠢᠴᠡᠳ ᠵᠥᠪᠳᠡᠯᠴᠡᠭᠡᠳ ᠮᠥᠨ ᠯᠡ ᠰᠠᠨᠠᠯ ᠨᠢᠭᠡᠳᠬᠦ ᠦᠭᠡᠢ | ᠪᠠᠶᠢᠪᠠᠯ᠂ ᠬᠤᠯᠪᠣᠭᠳᠠᠯ ᠪᠦᠬᠦᠢ ᠨᠠᠷᠢᠨ ᠪᠢᠴᠢᠭ ᠤᠨ ᠳᠡᠳ᠋ ᠳᠠᠷᠤᠭ᠎ᠠ᠂ ᠳᠡᠳ᠋ ᠡᠷᠬᠢᠯᠡᠭᠴᠢ ᠬᠠᠪᠰᠤᠷᠤᠨ ᠵᠣᠬᠢᠴᠠᠭᠤᠯᠵᠤ᠂ ᠰᠠᠨᠠᠯ ᠨᠢᠭᠡᠲᠡᠢ ᠪᠣᠯᠭᠠᠬᠤ ᠪᠠᠷ ᠴᠢᠷᠮᠠᠶᠢᠬᠤ | ᠬᠡᠷᠡᠭᠲᠡᠢ᠃ ᠨᠡᠪᠲᠡᠷᠡᠯᠴᠡᠨ ᠵᠣᠬᠢᠴᠠᠭᠤᠯᠬᠤ ᠪᠠᠷ ᠳᠠᠮᠵᠢᠨ ᠮᠥᠨ ᠬᠦ ᠰᠠᠨᠠᠯ ᠨᠢᠭᠡᠳᠴᠦ ᠳᠡᠶᠢᠯᠬᠦ ᠦᠭᠡᠢ ᠪᠠᠶᠢᠪᠠᠯ᠂ ᠭᠤᠣᠯᠯᠠᠨ ᠡᠷᠭᠢᠯᠡᠬᠦ ᠰᠠᠯᠠᠭ᠎ᠠ ᠮᠥᠴᠢᠷ ᠨᠢ ᠡᠯ᠎ᠡ | ᠲᠠᠯ᠎ᠠ ᠶᠢᠨ ᠡᠰᠢ ᠪᠠᠷᠢᠮᠲᠠ ᠶᠢ ᠵᠢᠭᠰᠠᠭᠠᠨ ᠲᠣᠳᠣᠷᠬᠠᠶᠢᠯᠠᠵᠤ᠂ ᠰᠢᠢᠳᠪᠦᠷᠢᠯᠡᠬᠦ ᠰᠠᠨᠠᠭᠤᠯᠭ᠎ᠠ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠲᠠᠢ ᠬᠠᠮᠲᠤᠷᠠᠨ ᠭᠠᠷ ᠤᠨ ᠥᠰᠥᠭ ᠵᠢᠷᠤᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠬᠤ ᠬᠡᠷᠡᠭᠲᠡᠢ᠃ | ᠰᠠᠯᠠᠭ᠎ᠠ ᠮᠥᠴᠢᠷ ᠤᠳ ᠬᠤᠭᠤᠷᠣᠨᠳᠤ ᠪᠠᠨ ᠰᠠᠨᠠᠯ ᠬᠤᠷᠢᠶᠠᠬᠤ ᠪᠤᠶᠤ ᠪᠢᠴᠢᠭ ᠮᠠᠲ᠋ᠧᠷᠢᠶᠠᠯ ᠳᠤ ᠬᠠᠮᠲᠤᠷᠠᠨ ᠭᠠᠷ ᠤᠨ ᠥᠰᠥᠭ ᠵᠢᠷᠤᠬᠤ ᠦᠶ᠎ᠡ ᠳᠤ᠂ | ᠭᠤᠣᠯᠯᠠᠨ ᠡᠷᠭᠢᠯᠡᠬᠦ ᠰᠠᠯᠠᠭ᠎ᠠ ᠮᠥᠴᠢᠷ ᠨᠢ ᠠᠰᠲᠠᠭᠠᠨ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠪᠠᠶᠢᠬᠤ ᠶᠢ ᠭᠠᠷᠭᠠᠪᠠᠯ᠂ ᠡᠩ ᠤᠨ ᠪᠠᠶᠢᠳᠠᠯ ᠳᠤ 7 ᠠᠵᠢᠯᠯᠠᠬᠤ | ᠡᠳᠦᠷ ᠤᠨ ᠳᠣᠲᠣᠷ᠎ᠠ ᠬᠠᠷᠢᠭᠤ ᠥᠭᠬᠦ ᠬᠡᠷᠡᠭᠲᠡᠢ︔ ᠣᠨᠴᠠᠭᠠᠶ ᠪᠠᠶᠢᠳᠠᠯ ᠳᠤ ᠲᠣᠭᠲᠠᠭᠰᠠᠨ ᠬᠤᠭᠤᠴᠠᠭᠠᠨ ᠳᠠᠭᠠᠨ ᠬᠠᠷᠢᠭᠤ ᠥᠭᠴᠦ ᠳᠡᠶᠢᠯᠬᠦ ᠦᠭᠡᠢ ᠪᠠᠶᠢᠪᠠᠯ᠂ | ᠭᠤᠣᠯᠯᠠᠨ ᠡᠷᠭᠢᠯᠡᠬᠦ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠬᠦ ᠶᠢᠨ ᠬᠠᠮᠲᠤ ᠬᠠᠷᠢᠭᠤ ᠥᠭᠬᠦ ᠴᠠᠭ ᠤᠨ ᠬᠢᠵᠠᠭᠠᠷ ᠵᠢᠴᠢ ᠠᠷᠭ᠎ᠠ ᠮᠠᠶ᠋ᠢᠭ ᠢ | ᠵᠥᠪᠳᠡᠯᠴᠡᠨ ᠲᠣᠭᠲᠠᠭᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠬᠠᠷᠢᠭᠤ ᠥᠭᠬᠦ ᠦᠭᠡᠢ ᠪᠣᠯ ᠠᠳᠠᠯᠢ ᠪᠤᠰᠤ ᠰᠠᠨᠠᠯ ᠦᠭᠡᠢ ᠪᠠᠷ ᠦᠵᠡᠨ᠎ᠡ᠃ | ᠭᠤᠴᠢᠨ ᠨᠢᠭᠡ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠤᠲᠠ ᠶᠢᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠬᠦ ᠪᠠᠷ | ᠮᠡᠳᠡᠭᠦᠯᠦᠭᠰᠡᠨ ᠠᠯᠪᠠᠨ ᠪᠢᠴᠢᠭ ᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠬᠢᠨᠠᠮᠠᠭᠠᠢ ᠬᠢᠨᠠᠨ ᠬᠠᠷᠭᠤᠭᠤᠯᠵᠤ᠂ ᠰᠢᠢᠳᠪᠦᠷᠢᠯᠡᠬᠦ ᠰᠠᠨᠠᠯ ᠢᠶᠠᠨ ᠳᠤᠷᠠᠳᠬᠤ | ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠯᠠᠭ᠎ᠠ | ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠳᠤ ᠬᠤᠯᠪᠣᠭᠳᠠᠭᠰᠠᠨ ᠪᠠᠶᠢᠪᠠᠯ᠂ | ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠨ᠎ᠡ᠃ ᠰᠠᠯᠠᠭ᠎ᠠ ᠮᠥᠴᠢᠷ ᠤᠨ | ᠬᠤᠭᠤᠷᠣᠨᠳᠤ ᠪᠠᠨ ᠰᠠᠨᠠᠯ ᠨᠢᠭᠡᠳᠬᠦ ᠦᠭᠡᠢ ᠵᠦᠢᠯᠡᠰ ᠲᠤ᠂ ᠭᠤᠣᠯᠯᠠᠨ ᠡᠷᠭᠢᠯᠡᠬᠦ ᠰᠠᠯᠠᠭ᠎ᠠ ᠮᠥᠴᠢᠷ ᠢ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠵᠠᠰᠠᠭ ᠤᠨ | ᠣᠷᠳᠣᠨ ᠤ ᠤᠳᠤᠷᠢᠳᠬᠤ ᠨᠥᠬᠦᠳ ᠲᠦᠷᠦᠭᠦᠯᠡᠨ ᠵᠣᠬᠢᠴᠠᠭᠤᠯᠭ᠎ᠠ ᠪᠠᠨ ᠴᠢᠩᠭᠠᠳᠬᠠᠵᠤ᠂ ᠰᠠᠨᠠᠯ ᠨᠢᠭᠡᠲᠡᠢ ᠪᠣᠯᠭᠠᠬᠤ ᠪᠤᠶᠤ ᠬᠡᠯᠪᠡᠷᠢᠯ ᠤᠨ ᠴᠢᠨᠠᠷᠲᠠᠢ ᠰᠠᠨᠠᠭᠤᠯᠭ᠎ᠠ | ᠳᠤᠷᠠᠳᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ | ᠡᠷᠬᠢᠯᠡᠭᠴᠢ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠵᠣᠬᠢᠴᠠᠭᠤᠯᠬᠤ ᠠᠵᠢᠯ ᠢ ᠰᠠᠶᠢᠲᠤᠷ ᠬᠢᠬᠦ | ᠬᠡᠷᠡᠭᠲᠡᠢ᠃ | ᠠᠯᠪᠠᠨ ᠪᠢᠴᠢᠭ ᠵᠢᠴᠢ ᠰᠢᠢᠳᠪᠦᠷᠢᠯᠡᠬᠦ ᠰᠠᠨᠠᠯ ᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠲᠠ ᠶᠢᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠣᠯᠠᠨ ᠤᠳᠤᠷᠢᠳᠬᠤ ᠨᠥᠬᠦᠳ ᠲᠤ ᠬᠤᠯᠪᠣᠭᠳᠠᠬᠤ ᠤᠴᠢᠷ | ᠶᠠᠪᠤᠳᠠᠯ ᠢ ᠬᠡᠷᠡᠭᠴᠡᠭᠡ ᠪᠠᠨ ᠦᠨᠳᠦᠰᠦᠯᠡᠨ ᠬᠤᠲᠠ ᠶᠢᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠤᠳᠤᠷᠢᠳᠬᠤ ᠨᠥᠬᠦᠳ ᠲᠤ ᠳᠡᠪᠰᠢᠭᠦᠯᠵᠦ | ᠬᠢᠨᠠᠭᠤᠯᠤᠨ ᠵᠥᠪᠰᠢᠶᠡᠷᠡᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠬᠤᠲᠠ ᠶᠢᠨ ᠳᠠᠷᠤᠭ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ | ᠭᠤᠴᠢᠨ ᠬᠤᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ | ᠠᠯᠪᠠᠨ ᠭᠡᠷ ᠤᠨ ᠨᠡᠷ᠎ᠡ ᠪᠠᠷ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠲᠣᠭᠲᠠᠭᠠᠬᠤ ᠴᠢᠬᠤᠯᠠᠲᠠᠢ ᠪᠣᠯ᠂ ᠭᠦᠢᠴᠡᠳᠬᠡᠬᠦ ᠴᠠᠭ ᠤᠨ ᠬᠢᠵᠠᠭᠠᠷ ᠤᠨ ᠲᠣᠳᠣᠷᠬᠠᠢ | ᠱᠠᠭᠠᠷᠳᠠᠯᠭ᠎ᠠ ᠲᠠᠢ ᠪᠠᠶᠢᠪᠠᠯ᠂ ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ ᠲᠣᠭᠲᠠᠭᠰᠠᠨ ᠴᠠᠭ ᠤᠨ ᠬᠢᠵᠠᠭᠠᠷ ᠠᠴᠠ 10 ᠠᠵᠢᠯᠯᠠᠬᠤ ᠡᠳᠦᠷ ᠤᠨ ᠡᠮᠦᠨ᠎ᠡ ᠪᠢᠴᠢᠭ | ᠮᠠᠲ᠋ᠧᠷᠢᠶᠠᠯ ᠤᠨ ᠣᠷᠣᠯᠠᠨ ᠲᠤᠭᠤᠷᠪᠢᠭᠰᠠᠨ ᠨᠣᠣᠷᠠᠭ ᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ︔ ᠪᠡᠶᠡᠯᠡᠭᠦᠯᠬᠦ ᠴᠠᠭ ᠤᠨ | ᠬᠢᠵᠠᠭᠠᠷ ᠢ ᠲᠣᠳᠣᠷᠬᠠᠶᠢᠯᠠᠭᠰᠠᠨ ᠦᠭᠡᠢ᠂ ᠨᠡᠯᠢᠶᠡᠳ ᠲᠥᠬᠦᠮ ᠵᠦᠢᠯᠡᠰ ᠲᠤ᠂ ᠡᠩ ᠤᠨ ᠪᠠᠶᠢᠳᠠᠯ ᠳᠤ 20 ᠠᠵᠢᠯᠯᠠᠬᠤ ᠡᠳᠦᠷ ᠲᠤ ᠲᠤᠭᠤᠷᠪᠢᠨ ᠪᠢᠴᠢᠵᠦ | ᠮᠡᠳᠡᠭᠦᠯᠦᠨ ᠬᠦᠷᠭᠡᠬᠦ ᠠᠵᠢᠯ ᠢ ᠪᠡᠶᠡᠯᠡᠭᠦᠯᠬᠦ ᠬᠡᠷᠡᠭᠲᠡᠢ︔ ᠶᠡᠷᠦᠩᠬᠡᠶᠢᠯᠡᠭᠰᠡᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠵᠦᠢᠯᠡᠰ ᠲᠤ᠂ ᠡᠩ ᠤᠨ | ᠪᠠᠶᠢᠳᠠᠯ ᠳᠤ 30 ᠠᠵᠢᠯᠯᠠᠬᠤ ᠡᠳᠦᠷ ᠤᠨ ᠳᠣᠲᠣᠷ᠎ᠠ ᠲᠤᠭᠤᠷᠪᠢᠨ ᠪᠢᠴᠢᠵᠦ ᠮᠡᠳᠡᠭᠦᠯᠦᠨ ᠬᠦᠷᠭᠡᠬᠦ ᠠᠵᠢᠯ ᠢ ᠪᠡᠶᠡᠯᠡᠭᠦᠯᠬᠦ ᠬᠡᠷᠡᠭᠲᠡᠢ᠃ ᠪᠠᠴᠢᠮ ᠶᠠᠪᠤᠳᠠᠯ ᠢ ᠴᠠᠭ | ᠲᠤᠬᠠᠢ ᠳᠤᠨᠢ ᠰᠢᠢᠳᠪᠦᠷᠢᠯᠡᠨ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ | ᠭᠤᠴᠢᠨ ᠭᠤᠷᠪᠠ᠂ ᠬᠤᠳᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠳᠦᠷᠢᠮ ᠲᠣᠭᠲᠠᠭᠠᠯ᠂ ᠨᠡᠶᠢᠲᠡᠯᠡᠭᠰᠡᠨ ᠲᠣᠭᠲᠠᠭᠠᠯ᠂ ᠵᠠᠷᠯᠢᠭ᠂ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠵᠢᠭᠠᠪᠤᠷᠢ ᠠᠪᠬᠤ ᠮᠡᠳᠡᠭᠦᠯᠦᠯᠲᠡ᠂ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠬᠦᠷᠭᠡᠭᠰᠡᠨ ᠰᠠᠨᠠᠯ ᠵᠥᠪᠯᠡᠯᠭᠡ᠂ ᠠᠵᠢᠯᠲᠠᠨ ᠢ ᠲᠣᠮᠢᠯᠠᠬᠤ | ᠪᠠᠭᠤᠯᠭᠠᠬᠤ ᠮᠡᠳᠡᠭᠦᠯᠦᠯᠲᠡ ᠵᠡᠷᠭᠡ ᠶᠢ ᠬᠤᠪᠢᠳᠠᠨ ᠬᠠᠮᠢᠶᠠᠷᠴᠤ ᠪᠦᠬᠦᠢ ᠬᠤᠳᠠ ᠶᠢᠨ ᠳᠡᠳ᠋ ᠳᠠᠷᠤᠭ᠎ᠠ ᠪᠤᠶᠤ ᠨᠠᠷᠢᠨ ᠪᠢᠴᠢᠭ ᠤᠨ ᠳᠠᠷᠤᠭ᠎ᠠ ᠪᠠᠷ ᠬᠢᠨᠠᠨ | ᠬᠠᠷᠭᠤᠭᠤᠯᠤᠭᠤᠯᠤᠨ᠎ᠠ᠂ ᠡᠰᠡᠬᠦᠯ᠎ᠡ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠭᠤᠯᠤᠨ ᠪᠠᠲᠤᠯᠠᠭᠤᠯᠤᠭᠰᠠᠨ ᠤ ᠲᠠᠷᠠᠭ᠎ᠠ᠂ | ᠬᠤᠳᠠ ᠶᠢᠨ ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ | ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠵᠣᠬᠢᠶᠠᠨ ᠲᠠᠷᠬᠠᠭᠠᠬᠤ ᠠᠯᠪᠠᠨ ᠪᠢᠴᠢᠭ ᠢ ᠬᠤᠪᠢᠳᠠᠨ ᠬᠠᠮᠢᠶᠠᠷᠴᠤ ᠪᠦᠬᠦᠢ ᠨᠠᠷᠢᠨ ᠪᠢᠴᠢᠭ ᠤᠨ ᠳᠡᠳ᠋ | ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠬᠢᠨᠠᠭᠤᠯᠤᠭᠠᠳ᠂ ᠬᠤᠪᠢᠳᠠᠨ ᠬᠠᠮᠢᠶᠠᠷᠴᠤ ᠪᠦᠬᠦᠢ ᠬᠤᠳᠠ ᠶᠢᠨ ᠳᠡᠳ᠋ ᠳᠠᠷᠤᠭ᠎ᠠ ᠪᠤᠶᠤ ᠨᠠᠷᠢᠨ ᠪᠢᠴᠢᠭ ᠤᠨ | ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠡᠭᠦᠨ ᠳᠤ᠂ ᠴᠢᠬᠤᠯᠠ ᠵᠦᠢᠯ ᠪᠤᠶᠤ ᠴᠢᠬᠤᠯᠠ ᠶᠡᠭᠡ ᠠᠰᠠᠭᠤᠳᠠᠯ ᠳᠤ ᠬᠤᠯᠪᠣᠭᠳᠠᠪᠠᠯ᠂ ᠡᠷᠬᠡᠪᠰᠢ | ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ ᠬᠤᠲᠠ ᠶᠢᠨ ᠳᠠᠷᠤᠭ᠎ᠠ ᠭᠠᠷ ᠤᠨ ᠥᠰᠥᠭ ᠵᠢᠷᠤᠵᠤ | ᠶᠠᠪᠤᠭᠤᠯᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠦᠢᠯᠡᠳᠦᠨ ᠲᠠᠷᠬᠠᠭᠠᠬᠤ ᠠᠯᠪᠠᠨ ᠪᠢᠴᠢᠭ ᠢ ᠬᠤᠪᠢᠳᠠᠨ ᠬᠠᠮᠢᠶᠠᠷᠴᠤ | ᠪᠦᠬᠦᠢ ᠨᠠᠷᠢᠨ ᠪᠢᠴᠢᠭ ᠤᠨ ᠳᠡᠳ᠋ ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠬᠢᠨᠠᠭᠤᠯᠵᠤ᠂ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ | ᠳᠠᠷᠤᠭ᠎ᠠ ᠪᠤᠶᠤ ᠨᠠᠷᠢᠨ ᠪᠢᠴᠢᠭ ᠤᠨ ᠳᠠᠷᠤᠭ᠎ᠠ ᠭᠠᠷ ᠤᠨ ᠥᠰᠥᠭ ᠵᠢᠷᠤᠵᠤ ᠶᠠᠪᠤᠭᠤᠯᠤᠨ᠎ᠠ︔ ᠴᠢᠬᠤᠯᠠ ᠪᠢᠴᠢᠭ ᠮᠠᠲ᠋ᠧᠷᠢᠶᠠᠯ ᠢ ᠬᠤᠪᠢᠳᠠᠨ ᠬᠠᠮᠢᠶᠠᠷᠴᠤ ᠪᠠᠶᠢᠭ᠎ᠠ | ᠬᠤᠳᠠ ᠶᠢᠨ ᠳᠡᠳ᠋ ᠳᠠᠷᠤᠭ᠎ᠠ ᠪᠤᠶᠤ ᠨᠠᠷᠢᠨ ᠪᠢᠴᠢᠭ ᠤᠨ ᠳᠠᠷᠤᠭ᠎ᠠ ᠪᠠᠷ ᠬᠢᠨᠠᠨ ᠬᠠᠷᠭᠤᠭᠤᠯᠤᠭᠰᠠᠨ ᠤ ᠲᠡᠷᠠᠭ᠎ᠠ᠂ ᠬᠤᠳᠠ ᠶᠢᠨ ᠳᠠᠷᠤᠭ᠎ᠠ ᠭᠠᠷ ᠤᠨ ᠤᠶᠢᠰᠦᠭ | ᠵᠢᠷᠤᠵᠤ ᠶᠠᠪᠤᠭᠤᠯᠤᠨ᠎ᠠ︔ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠠᠯᠪᠠᠨ | ᠪᠢᠴᠢᠭ ᠢ ᠬᠤᠪᠢᠳᠠᠨ ᠬᠠᠮᠢᠶᠠᠷᠴᠤ ᠪᠦᠬᠦᠢ ᠨᠠᠷᠢᠨ ᠪᠢᠴᠢᠭ ᠤᠨ ᠳᠡᠳ᠋ ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠬᠢᠨᠠᠭᠤᠯᠤᠭᠠᠳ ᠨᠠᠷᠢᠨ ᠪᠢᠴᠢᠭ ᠤᠨ | ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠵᠢᠴᠢ ᠪᠤᠰᠤᠳ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠡᠷᠡᠭ ᠶᠠᠪᠤᠳᠠᠯ ᠵᠥᠪᠳᠡᠯᠴᠡᠨ᠂ ᠰᠠᠨᠠᠯ ᠢᠶᠠᠨ ᠬᠠᠷᠢᠭᠤ ᠲᠤᠰᠬᠠᠵᠤ | ᠂ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠦᠨ ᠬᠦᠷᠭᠡᠭᠰᠡᠨ ᠠᠯᠪᠠᠨ ᠪᠢᠴᠢᠭ ᠢ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠭᠠᠷ ᠤᠨ ᠥᠰᠥᠭ | ᠵᠢᠷᠤᠵᠤ ᠶᠠᠪᠤᠭᠤᠯᠤᠨ᠎ᠠ᠂ ᠶᠡᠷᠦᠩᠬᠡᠶᠢᠯᠡᠭᠰᠡᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠵᠦᠢᠯᠡᠰ ᠲᠤ ᠬᠠᠷᠢᠶᠠᠯᠠᠭᠳᠠᠪᠠᠯ᠂ ᠬᠤᠪᠢᠳᠠᠨ ᠬᠠᠮᠢᠶᠠᠷᠴᠤ | ᠪᠦᠬᠦᠢ ᠬᠤᠲᠠ ᠶᠢᠨ ᠳᠡᠳ᠋ ᠳᠠᠷᠤᠭ᠎ᠠ ᠪᠤᠶᠤ ᠨᠠᠷᠢᠨ ᠪᠢᠴᠢᠭ ᠤᠨ ᠳᠠᠷᠤᠭ᠎ᠠ ᠪᠠᠷ ᠬᠢᠨᠠᠭᠤᠯᠤᠭᠰᠠᠨ ᠤ ᠳᠠᠷᠠᠭ᠎ᠠ᠂ ᠬᠤᠲᠠ ᠶᠢᠨ ᠳᠠᠷᠤᠭ᠎ᠠ ᠭᠠᠷ ᠤᠨ ᠥᠰᠥᠭ ᠵᠢᠷᠤᠵᠤ | ᠶᠠᠪᠤᠭᠤᠯᠤᠨ᠎ᠠ᠃ | ᠭᠤᠴᠢᠨ ᠳᠥᠷᠪᠡ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠠᠴᠠ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠢ ᠣᠷᠣᠯᠠᠨ ᠠᠯᠪᠠᠨ ᠪᠢᠴᠢᠭ ᠲᠤᠭᠤᠷᠪᠢᠪᠠᠯ᠂ ᠪᠢᠴᠢᠭ | ᠮᠠᠲ᠋ᠧᠷᠢᠶᠠᠯ ᠲᠤᠭᠤᠷᠪᠢᠬᠤ ᠰᠠᠯᠠᠭ᠎ᠠ ᠮᠥᠴᠢᠷ ᠬᠡᠨ ᠲᠤᠭᠤᠷᠪᠢᠪᠠᠯ ᠬᠡᠨ ᠬᠠᠷᠢᠭᠤᠴᠠᠬᠤ ᠵᠠᠷᠴᠢᠮ ᠶᠣᠰᠣᠭᠠᠷ᠂ ᠪᠥᠬᠦ ᠬᠤᠲᠠ ᠶᠢᠨ ᠠᠵᠢᠯ ᠤᠨ ᠶᠡᠭᠡ ᠲᠠᠯ᠎ᠠ ᠳᠤ | ᠰᠠᠭᠤᠷᠢᠯᠠᠨ᠂ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠠᠵᠢᠯ ᠢᠶᠠᠨ ᠲᠥᠯᠥᠪᠯᠡᠵᠦ᠂ ᠪᠢᠴᠢᠭ ᠮᠠᠲ᠋ᠧᠷᠢᠶᠠᠯ ᠤᠨ ᠣᠷᠣᠯᠠᠨ ᠲᠤᠭᠤᠷᠪᠢᠭᠰᠠᠨ ᠨᠣᠣᠷᠠᠭ ᠲᠤ | ᠲᠥᠪ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠪᠠ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠠᠨᠠᠭ᠎ᠠ | ᠵᠣᠷᠢᠯᠲᠠ ᠶᠢ ᠭᠦᠢᠴᠡᠳ ᠢᠯᠡᠷᠡᠭᠦᠯᠵᠦ᠂ ᠪᠤᠰᠤᠳᠴᠢ ᠪᠣᠳᠠᠲᠠᠢ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠤᠨ ᠢᠵᠢ ᠪᠦᠷᠢᠳᠦᠭᠰᠡᠨ ᠪᠢᠴᠢᠭ | ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠨᠠᠷᠢᠯᠢᠭᠵᠢᠭᠤᠯᠬᠤ ᠠᠷᠭ᠎ᠠ ᠬᠡᠮᠵᠢᠶ᠎ᠡ ᠳᠤᠷᠠᠳᠬᠤ | ᠬᠡᠷᠡᠭᠲᠡᠢ᠂ ᠳᠥᠭᠦᠮᠬᠡᠨ ᠢᠶᠠᠷ ᠲᠡᠷᠡ ᠬᠡᠪ ᠢᠶᠠᠷ ᠨᠢ ᠬᠠᠭᠤᠯᠤᠨ ᠳᠠᠮᠵᠢᠭᠤᠯᠵᠤ ᠪᠣᠯᠬᠤ ᠦᠭᠡᠢ᠃ | ᠪᠢᠴᠢᠭ ᠮᠠᠲ᠋ᠧᠷᠢᠶᠠᠯ ᠤᠨ ᠣᠷᠣᠯᠠᠨ ᠲᠤᠭᠤᠷᠪᠢᠭᠰᠠᠨ ᠨᠣᠣᠷᠠᠭ ᠤᠨ ᠠᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠡᠷᠬᠡ ᠮᠡᠳᠡᠯ ᠳᠤ ᠬᠤᠯᠪᠣᠭᠳᠠᠪᠠᠯ᠂ ᠲᠤᠭᠤᠷᠪᠢᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠨᠠᠷᠢᠨ ᠬᠢᠨᠠᠮᠠᠭᠠᠢ | ᠬᠤᠷᠢᠶᠠᠵᠤ᠂ ᠴᠢᠬᠤᠯᠠ ᠲᠠᠢ ᠦᠶ᠎ᠡ ᠳᠤ ᠬᠤᠰᠢᠭᠤ ᠰᠢᠶᠠᠨ ᠬᠤᠲᠠ ᠲᠣᠭᠤᠷᠢᠭ ᠤᠨ ᠰᠠᠨᠠᠯ ᠢ ᠬᠤᠷᠢᠶᠠᠬᠤ ᠬᠡᠷᠡᠭᠲᠡᠢ᠃ ᠪᠢᠴᠢᠭ ᠮᠠᠲ᠋ᠧᠷᠢᠶᠠᠯ ᠲᠤᠭᠤᠷᠪᠢᠬᠤ ᠰᠠᠯᠠᠭ᠎ᠠ | ᠮᠥᠴᠢᠷ ᠵᠦᠢ ᠵᠣᠬᠢᠰᠲᠠᠢ ᠰᠠᠨᠠᠭᠤᠯᠭ᠎ᠠ ᠶᠢ ᠭᠦᠢᠴᠡᠳ ᠰᠤᠳᠤᠯᠬᠤ ᠶᠢᠨ ᠬᠠᠮᠲᠤ ᠭᠥᠯᠢᠶᠡᠨ ᠠᠪᠴᠤ᠂ ᠥᠯᠥ ᠬᠡᠷᠡᠭᠯᠡᠬᠦ ᠪᠠᠷ ᠪᠠᠶᠢᠭ᠎ᠠ ᠰᠠᠨᠠᠯ ᠢ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠰᠠᠨᠠᠯ ᠨᠢᠭᠡᠲᠡᠢ ᠪᠣᠯᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠪᠠ ᠨᠢᠭᠡᠴᠡ ᠬᠤᠲᠠ ᠶᠢᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠲᠤ ᠬᠤᠷᠠᠯ ᠤᠨ ᠬᠡᠯᠪᠡᠷᠢ ᠪᠠᠷ ᠰᠠᠨᠠᠯ ᠬᠤᠷᠢᠶᠠᠯᠭᠠᠬᠤ ᠪᠠᠷ ᠳᠡᠪᠰᠢᠭᠦᠯᠵᠦ ᠪᠣᠯᠬᠤ ᠦᠭᠡᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ | ᠭᠡᠷ ᠢ ᠱᠠᠭᠠᠷᠳᠠᠵᠤ ᠣᠷᠣᠯᠠᠨ ᠰᠠᠨᠠᠯ ᠬᠤᠷᠢᠶᠠᠯᠭᠠᠵᠤ ᠪᠣᠯᠬᠤ ᠦᠭᠡᠢ᠃ | ᠡᠯ᠎ᠡ ᠰᠠᠯᠠᠭ᠎ᠠ ᠮᠥᠴᠢᠷ ᠠᠴᠠ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ | ᠲᠠᠷᠬᠠᠭᠠᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠳᠤ᠂ ᠢᠯᠡ ᠪᠣᠯᠭᠠᠬᠤ ᠰᠢᠨᠵᠢ ᠴᠢᠨᠠᠷ ᠢ ᠲᠣᠳᠣᠷᠬᠠᠶᠢᠯᠠᠵᠤ᠂ ᠪᠢᠴᠢᠭ ᠮᠠᠲ᠋ᠧᠷᠢᠶᠠᠯ ᠲᠠᠷᠬᠠᠭᠠᠬᠤ | ᠦᠨᠳᠦᠰᠦᠯᠡᠯ ᠪᠠ ᠴᠢᠬᠤᠯᠠ ᠴᠢᠨᠠᠷ᠂ ᠲᠤᠭᠤᠷᠪᠢᠭᠰᠠᠨ ᠪᠠᠶᠢᠳᠠᠯ ᠵᠢᠴᠢ ᠭᠤᠣᠯ ᠠᠭᠤᠯᠭ᠎ᠠ ᠵᠡᠷᠭᠡ ᠳᠤ ᠲᠣᠳᠣᠷᠬᠠᠶᠢᠯᠠᠯᠲᠠ ᠬᠢᠬᠦ ᠶᠢᠨ ᠬᠠᠮᠲᠤ᠂ ᠰᠠᠨᠠᠯ ᠬᠤᠷᠢᠶᠠᠭᠰᠠᠨ | ᠂ ᠰᠠᠯᠠᠭ᠎ᠠ ᠮᠥᠴᠢᠷ ᠤᠨ ᠳᠣᠲᠣᠭᠠᠳᠤ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠤᠭᠰᠠᠨ ᠵᠡᠷᠭᠡ ᠮᠠᠲ᠋ᠧᠷᠢᠶᠠᠯ ᠢ ᠮᠡᠳᠡᠭᠦᠯᠦᠨ ᠬᠦᠷᠭᠡᠬᠦ ᠬᠡᠷᠡᠭᠲᠡᠢ᠃ | ᠵᠠᠰᠠᠭ ᠤᠨ ᠣᠷᠳᠣᠨ ᠳᠤ ᠬᠤᠯᠪᠣᠭᠳᠠᠬᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠷᠥᠯ ᠢ ᠳᠡᠭᠡᠭᠰᠢ ᠮᠡᠳᠡᠭᠦᠯᠬᠦ ᠠᠴᠠ ᠡᠮᠦᠨ᠎ᠡ ᠪᠠᠰᠠ | ᠡᠷᠬᠡᠪᠰᠢ ᠣᠯᠠᠨ ᠨᠡᠶᠢᠲᠡ ᠶᠢ ᠣᠷᠣᠯᠴᠠᠭᠤᠯᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠮᠲᠤ ᠪᠠᠷ ᠶᠠᠷᠢᠯᠴᠠᠬᠤ | ᠵᠡᠷᠭᠡ ᠶᠠᠪᠤᠴᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ︔ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠳᠤ ᠬᠤᠯᠪᠣᠭᠳᠠᠪᠠᠯ ᠭᠤᠥᠯᠴᠢ | ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠬᠦ ᠴᠢᠬᠤᠯᠠᠲᠠᠢ ᠪᠠᠶᠢᠪᠠᠯ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠮᠡᠳᠡᠭᠦᠯᠦᠨ ᠬᠦᠷᠭᠡᠬᠦ ᠬᠡᠷᠡᠭᠲᠡᠢ︔ | ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠡᠷᠬᠡᠪᠰᠢ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ ᠲᠥᠰᠥᠯ ᠲᠠᠢ ᠬᠠᠮᠲᠤ ᠳᠤᠨᠢ ᠮᠡᠳᠡᠭᠦᠯᠦᠨ ᠬᠦᠷᠭᠡᠵᠦ᠂ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ | ᠮᠥᠷᠲᠡᠭᠡᠨ ᠶᠠᠷᠢᠶ᠎ᠠ ᠬᠡᠯᠡᠯᠴᠡᠭᠡᠨ ᠤ ᠲᠦᠭᠰᠢᠭᠦᠷᠢ ᠶᠢ ᠠᠮᠠᠷᠬᠠᠨ ᠡᠭᠦᠰᠬᠡᠬᠦ ᠪᠢᠴᠢᠭ ᠮᠠᠲ᠋ᠧᠷᠢᠶᠠᠯ ᠢ ᠡᠷᠬᠡᠪᠰᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠲᠥᠰᠥᠯ | ᠲᠠᠢ ᠬᠠᠮᠲᠤ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ | ᠭᠤᠴᠢᠨ ᠲᠠᠪᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠠᠯᠪᠠᠨ ᠪᠢᠴᠢᠭ ᠢ ᠬᠢᠨᠠᠮᠠᠭᠠᠢ ᠭᠦᠢᠴᠡᠳᠬᠡᠬᠦ ᠶᠢᠨ ᠬᠠᠮᠲᠤ 3 ᠠᠵᠢᠯᠯᠠᠬᠤ | ᠡᠳᠦᠷ ᠤᠨ ᠳᠣᠲᠣᠷ᠎ᠠ ᠨᠠᠶᠢᠳᠠᠪᠤᠷᠢᠵᠢᠭᠤᠯᠤᠭᠰᠠᠨ ᠪᠠᠶᠢᠳᠠᠯ ᠪᠤᠶᠤ ᠭᠦᠢᠴᠡᠳᠬᠡᠭᠰᠡᠨ ᠦᠷ᠎ᠡ ᠳ᠋ᠦᠩ ᠢᠶᠠᠨ ᠪᠢᠴᠢᠭ ᠤᠨ ᠬᠡᠯᠪᠡᠷᠢ ᠪᠠᠷ ᠬᠤᠲᠠ ᠶᠢᠨ ᠵᠠᠰᠠᠭ ᠤᠨ | ᠣᠷᠳᠣᠨ ᠤ ᠠᠯᠪᠠᠨ ᠭᠡᠷ ᠲᠤ ᠬᠠᠷᠢᠭᠤ ᠲᠤᠰᠬᠠᠬᠤ ᠬᠡᠷᠡᠭᠲᠡᠢ᠃ ᠬᠡᠷᠪᠡ ᠣᠨᠴᠠᠭᠠᠶ ᠪᠠᠶᠢᠳᠠᠯ ᠲᠣᠬᠢᠶᠠᠯᠳᠤᠪᠠᠯ᠂ ᠭᠤᠶᠤᠴᠢᠯᠠᠭᠰᠠᠨ ᠤ ᠳᠠᠷᠠᠭ᠎ᠠ ᠰᠢᠢᠳᠪᠦᠷᠢᠯᠡᠬᠦ | ᠴᠠᠭ ᠤᠨ ᠬᠢᠵᠠᠭᠠᠷ ᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠣᠨ᠎ᠠ᠃ | ᠭᠤᠴᠢᠨ ᠵᠢᠷᠭᠤᠭ᠎ᠠ᠂ ᠬᠤᠲᠠ ᠶᠢᠨ ᠵᠠᠰᠠᠭ ᠤᠨ ᠣᠷᠳᠣᠨ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠲᠤ ᠬᠤᠯᠪᠣᠭᠳᠠᠭᠰᠠᠨ ᠠᠯᠪᠠᠨ ᠪᠢᠴᠢᠭ ᠵᠢᠴᠢ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠨ ᠲᠠᠷᠬᠠᠭᠠᠬᠤ ᠳᠤ᠂ ᠴᠥᠮ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠤᠯᠢ | ᠴᠠᠭᠠᠵᠠ ᠶᠢᠨ ᠶᠠᠪᠤᠳᠠᠯ ᠤᠨ ᠰᠠᠯᠠᠭ᠎ᠠ ᠠᠴᠠ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠬᠤᠲᠠ ᠶᠢᠨ ᠵᠠᠰᠠᠭ ᠤᠨ ᠣᠷᠳᠣᠨ ᠳᠤ ᠵᠢᠭᠠᠪᠤᠷᠢ | ᠠᠪᠬᠤ ᠲᠥᠷᠥᠯ ᠤᠨ ᠠᠯᠪᠠᠨ ᠪᠢᠴᠢᠭ ᠢ ᠮᠡᠳᠡᠭᠦᠯᠦᠨ ᠬᠦᠷᠭᠡᠬᠦ ᠳᠤ᠂ ᠴᠥᠮ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ ᠵᠢᠴᠢ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠳᠠᠭᠠᠯᠳᠤᠭᠤᠯᠬᠤ ᠬᠡᠷᠡᠭᠲᠡᠢ᠃ | ᠭᠤᠴᠢᠨ ᠲᠤᠯᠤᠭ᠎ᠠ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠳᠠᠭᠠᠨ | ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠲᠣᠭᠲᠠᠭᠠᠯ᠂ ᠵᠠᠷᠯᠢᠭ ᠵᠡᠷᠭᠡ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠪᠠ ᠵᠢᠷᠤᠮ ᠢ | ᠴᠢᠩᠭ᠎ᠠ ᠵᠢᠷᠤᠮᠯᠠᠵᠤ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠳᠠᠯᠠᠨ᠎ᠠ᠃ | ᠬᠤᠶᠠᠷ ᠠᠴᠠ ᠳᠡᠭᠡᠭᠰᠢᠬᠢ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠤ ᠬᠤᠯᠪᠣᠭᠳᠠᠬᠤ ᠵᠦᠢᠯᠡᠰ ᠲᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠰᠠᠨᠠᠯ ᠢ ᠭᠦᠢᠴᠡᠳ ᠰᠣᠨᠣᠰᠬᠤ ᠶᠢᠨ ᠬᠠᠮᠲᠤ᠂ ᠬᠤᠲᠠ ᠶᠢᠨ ᠵᠠᠰᠠᠭ ᠤᠨ ᠣᠷᠳᠣᠨ ᠠᠴᠠ ᠳᠦᠷᠢᠮ ᠲᠣᠭᠲᠠᠭᠠᠯ ᠲᠣᠭᠲᠠᠭᠠᠵᠤ᠂ ᠲᠣᠭᠲᠠᠭᠠᠯ ᠪᠤᠶᠤ | ᠵᠠᠷᠯᠢᠭ ᠨᠡᠶᠢᠲᠡᠯᠡᠬᠦ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠮᠲᠤᠷᠠᠨ ᠲᠣᠭᠲᠠᠭᠠᠬᠤ ᠬᠡᠷᠡᠭᠲᠡᠢ᠃ | ᠡᠭᠦᠨ ᠳᠤ᠂ ᠣᠯᠠᠨ ᠨᠡᠶᠢᠲᠡ ᠶᠢᠨ ᠡᠷᠬᠡ ᠠᠰᠢᠭ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ᠂ ᠰᠡᠷᠭᠡᠭ ᠴᠢᠨᠠᠷ ᠢᠶᠠᠷ ᠴᠢᠩᠭ᠎ᠠ ᠴᠢᠬᠤᠯᠠ ᠣᠯᠠᠨ | ᠨᠡᠶᠢᠲᠡ ᠶᠢᠨ ᠲᠥᠷᠥ ᠶᠢᠨ ᠪᠣᠳᠣᠯᠭ᠎ᠠ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠵᠦᠢᠯᠡᠰ ᠵᠡᠷᠭᠡ ᠳᠤ ᠬᠤᠯᠪᠣᠭᠳᠠᠪᠠᠯ᠂ ᠤᠷᠢᠳᠠᠪᠠᠷ ᠬᠤᠲᠠ ᠶᠢᠨ ᠵᠠᠰᠠᠭ ᠤᠨ | ᠣᠷᠳᠣᠨ ᠠᠴᠠ ᠵᠢᠭᠠᠪᠤᠷᠢ ᠠᠪᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠦᠭᠡᠢ ᠪᠣᠯ᠂ ᠬᠤᠲᠠ ᠶᠢᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ ᠨᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠵᠢᠭᠠᠪᠤᠷᠢ ᠶᠢᠨ ᠴᠢᠨᠠᠷᠲᠠᠢ ᠠᠯᠪᠠᠨ ᠪᠢᠴᠢᠭ | ᠶᠠᠪᠤᠭᠤᠯᠬᠤ ᠪᠤᠶᠤ ᠠᠯᠪᠠᠨ ᠪᠢᠴᠢᠭ ᠲᠡᠭᠡᠨ ᠵᠢᠭᠠᠪᠤᠷᠢ ᠶᠢᠨ ᠴᠢᠨᠠᠷᠲᠠᠢ ᠱᠠᠭᠠᠷᠳᠠᠯᠭ᠎ᠠ ᠳᠤᠷᠠᠳᠴᠤ ᠪᠣᠯᠬᠤ ᠦᠭᠡᠢ᠃ | ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠪᠠᠷ ᠲᠣᠭᠲᠠᠭᠠᠭᠰᠠᠨ ᠵᠢᠷᠤᠮ | ᠶᠣᠰᠣᠭᠠᠷ ᠳᠠᠩᠰᠠᠯᠠᠭᠤᠯᠬᠤ ᠶᠢᠨ ᠬᠠᠮᠲᠤ ᠪᠦᠷᠢᠳᠬᠡᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ᠭᠤᠴᠢᠨ ᠨᠠᠢᠮᠠ᠂ ᠬᠤᠳᠠ ᠶᠢᠨ ᠵᠠᠰᠠᠭ ᠤᠨ ᠣᠷᠳᠣᠨ ᠬᠢᠭᠡᠳ ᠡᠯ᠎ᠡ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠲᠣᠪᠴᠢ ᠮᠡᠳᠡᠭᠡ ᠪᠠᠨ ᠴᠣᠮᠬᠠᠳᠬᠠᠬᠤ ᠬᠡᠷᠡᠭᠲᠡᠢ | ᠃ ᠪᠢᠴᠢᠭ ᠮᠠᠲ᠋ᠧᠷᠢᠶᠠᠯ ᠲᠠᠷᠬᠠᠭᠠᠬᠤ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠪᠢᠴᠢᠭ ᠮᠠᠲ᠋ᠧᠷᠢᠶᠠᠯ ᠲᠠᠷᠬᠠᠭᠠᠬᠤ ᠲᠤᠭ᠎ᠠ ᠬᠡᠮᠵᠢᠶ᠎ᠡ᠂ ᠪᠢᠴᠢᠭ ᠮᠠᠲ᠋ᠧᠷᠢᠶᠠᠯ | ᠲᠠᠷᠬᠠᠭᠠᠬᠤ ᠬᠡᠪ ᠪᠠᠷᠢᠮᠵᠢᠶ᠎ᠠ ᠪᠠ ᠪᠢᠴᠢᠭ ᠮᠠᠲ᠋ᠧᠷᠢᠶᠠᠯ ᠤᠨ ᠬᠠᠭᠤᠳᠠᠰᠤ ᠶᠢᠨ ᠲᠤᠭ᠎ᠠ ᠶᠢ ᠴᠢᠩᠭ᠎ᠠ ᠬᠢᠵᠠᠭᠠᠷᠯᠠᠨ᠎ᠠ᠃ ᠬᠤᠲᠠ ᠶᠢᠨ ᠵᠠᠰᠠᠭ ᠤᠨ ᠣᠷᠳᠣᠨ ᠤ ᠣᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠠᠷᠬᠠᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ | ᠲᠦᠷ ᠴᠠᠭ ᠤᠨ ᠴᠢᠨᠠᠷᠲᠠᠢ ᠪᠢᠴᠢᠭ ᠮᠠᠲ᠋ᠧᠷᠢᠶᠠᠯ ᠲᠠᠷᠬᠠᠭᠠᠬᠤ ᠶᠢ ᠪᠠᠭᠠᠰᠬᠠᠨ᠂ ᠪᠢᠴᠢᠭ ᠮᠠᠲ᠋ᠧᠷᠢᠶᠠᠯ ᠲᠠᠷᠬᠠᠭᠠᠬᠤ ᠲᠥᠯᠥᠪᠯᠡᠭᠡ ᠳᠤ ᠣᠷᠣᠭᠤᠯᠤᠭᠰᠠᠨ ᠦᠭᠡᠢ | ᠪᠠᠶᠢᠪᠠᠯ᠂ ᠡᠩ ᠤᠨ ᠪᠠᠶᠢᠳᠠᠯ ᠳᠤ ᠪᠢᠴᠢᠭ ᠮᠠᠲ᠋ᠧᠷᠢᠶᠠᠯ ᠲᠠᠷᠬᠠᠭᠠᠬᠤ ᠦᠭᠡᠢ︔ ᠦᠨᠡᠨᠬᠦ ᠪᠢᠴᠢᠭ ᠮᠠᠲ᠋ᠧᠷᠢᠶᠠᠯ ᠶᠠᠪᠤᠭᠤᠯᠬᠤ ᠴᠢᠬᠤᠯᠠ ᠲᠠᠢ ᠪᠣᠯ ︽ᠨᠢᠭᠡ ᠬᠡᠷᠡᠭ ᠢ | ᠨᠢᠭᠡ ᠮᠡᠳᠡᠭᠦᠯᠬᠦ︾ ᠵᠠᠷᠴᠢᠮ ᠶᠣᠰᠣᠭᠠᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠴᠢᠩᠭ᠎ᠠ ᠬᠢᠨᠠᠨ ᠪᠠᠶᠢᠴᠠᠭᠠᠬᠤ ᠬᠡᠷᠡᠭᠲᠡᠢ᠃ ᠰᠠᠯᠠᠭ᠎ᠠ | ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠬᠡᠷᠡᠭ ᠶᠠᠪᠤᠳᠠᠯ ᠢ ᠰᠠᠯᠠᠭ᠎ᠠ ᠮᠥᠴᠢᠷ ᠥᠪᠡᠷ ᠢᠶᠠᠨ ᠪᠢᠴᠢᠭ ᠮᠠᠲ᠋ᠧᠷᠢᠶᠠᠯ ᠶᠠᠪᠤᠭᠤᠯᠬᠤ ᠪᠤᠶᠤ | ᠬᠠᠮᠲᠤᠷᠠᠨ ᠪᠢᠴᠢᠭ ᠮᠠᠲ᠋ᠧᠷᠢᠶᠠᠯ ᠶᠠᠪᠤᠭᠤᠯᠬᠤ ᠴᠢᠬᠤᠯᠠ ᠲᠠᠢ ᠪᠣᠯ᠂ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ | ᠭᠡᠷ ᠤᠨ ᠨᠡᠷ᠎ᠡ ᠪᠠᠷ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠲᠠ ᠶᠢᠨ ᠵᠠᠰᠠᠭ ᠤᠨ ᠣᠷᠳᠣᠨ ᠤ ᠳᠦᠷᠢᠮ | ᠲᠣᠭᠲᠠᠭᠠᠯ ᠳᠤ ᠨᠢᠭᠡᠨᠲᠡ ᠲᠣᠳᠣᠷᠬᠠᠢ ᠲᠣᠭᠲᠠᠭᠠᠯ ᠭᠠᠷᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠤ ᠨᠢᠭᠡᠨᠲᠡ ᠪᠠᠶᠢᠷᠢᠯᠠᠭᠤᠯᠤᠯᠲᠠ ᠬᠢᠭᠰᠡᠨ | ᠪᠥᠭᠡᠳ ᠮᠥᠨ ᠯᠡ ᠬᠡᠷᠡᠭᠯᠡᠵᠦ ᠪᠠᠶᠢᠪᠠᠯ᠂ ᠳᠠᠭᠢᠵᠤ ᠪᠢᠴᠢᠭ ᠮᠠᠲ᠋ᠧᠷᠢᠶᠠᠯ ᠵᠣᠬᠢᠶᠠᠵᠤ ᠲᠠᠷᠬᠠᠭᠠᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠵᠥᠪᠯᠡᠯ ᠠᠯᠪᠠᠨ ᠭᠡᠷ | ᠲᠢᠩᠬᠢᠮ ᠲᠣᠪᠴᠢᠶ᠎ᠠ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠪᠠᠭᠤᠯᠭᠠᠭᠰᠠᠨ ᠪᠢᠴᠢᠭ ᠮᠠᠲ᠋ᠧᠷᠢᠶᠠᠯ ᠢ ᠬᠠᠷᠠᠭᠠᠯᠵᠠᠭᠰᠠᠨ ᠵᠠᠷᠴᠢᠮ ᠶᠣᠰᠣᠭᠠᠷ ᠬᠠᠮᠢᠶ᠎ᠠ | ᠪᠦᠬᠦᠢ ᠰᠠᠯᠠᠭ᠎ᠠ ᠮᠥᠴᠢᠷ ᠪᠤᠶᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠠᠴᠠ ᠪᠢᠴᠢᠭ ᠮᠠᠲ᠋ᠧᠷᠢᠶᠠᠯ ᠶᠠᠪᠤᠭᠤᠯᠬᠤ ᠬᠡᠷᠡᠭᠲᠡᠢ᠃ ᠢᠵᠢ ᠪᠦᠷᠢᠳᠦᠭᠦᠯᠬᠦ | ᠲᠦᠷᠦᠯ᠂ ᠠᠵᠢᠯ ᠬᠤᠪᠢᠶᠠᠷᠢᠯᠠᠬᠤ ᠲᠦᠷᠦᠯ ᠢᠶᠠᠷ ᠠᠯᠪᠠᠨ ᠪᠢᠴᠢᠭ ᠲᠠᠷᠬᠠᠭᠠᠬᠤ ᠶᠢ ᠴᠢᠩᠭ᠎ᠠ ᠬᠢᠵᠠᠭᠠᠷᠯᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠪᠠᠭᠲᠠᠨ᠎ᠠ︶ ᠤ ᠪᠢᠴᠢᠭ ᠮᠠᠲ᠋ᠧᠷᠢᠶᠠᠯ ᠳᠤ ᠢᠵᠢ ᠪᠦᠷᠢᠳᠦᠭᠦᠯᠬᠦ ᠪᠠᠷ | ᠲᠣᠳᠣᠷᠬᠠᠢ ᠱᠠᠭᠠᠷᠳᠠᠭᠰᠠᠨ ᠦᠭᠡᠢ ᠪᠣᠯ᠂ ᠡᠩ ᠤᠨ ᠪᠠᠶᠢᠳᠠᠯ ᠳᠤ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠵᠣᠬᠢᠶᠠᠵᠤ ᠶᠠᠪᠤᠭᠤᠯᠬᠤ ᠦᠭᠡᠢ᠂ ᠡᠯ᠎ᠡ ᠰᠠᠯᠠᠭ᠎ᠠ | ᠮᠥᠴᠢᠷ ᠪᠣᠯᠣᠨ ᠨᠢᠭᠡᠴᠡ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠵᠣᠬᠢᠶᠠᠵᠤ ᠶᠠᠪᠤᠭᠤᠯᠬᠤ ᠪᠠᠷ ᠳᠤᠷ᠎ᠠ ᠪᠠᠷ ᠢᠶᠠᠨ ᠳᠡᠪᠰᠢᠭᠦᠯᠵᠦ ᠪᠣᠯᠬᠤ ᠦᠭᠡᠢ᠃ ᠬᠡᠷᠪᠡ | ᠦᠨᠡᠨᠬᠦ ᠴᠢᠬᠤᠯᠠ ᠪᠦᠬᠦᠢ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠵᠣᠬᠢᠶᠠᠵᠤ ᠶᠠᠪᠤᠭᠤᠯᠬᠤ ᠴᠢᠬᠤᠯᠠ ᠲᠠᠢ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ | ᠡᠷᠬᠡᠪᠰᠢ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠵᠣᠬᠢᠶᠠᠵᠤ ᠶᠠᠪᠤᠭᠤᠯᠬᠤ ᠶᠢᠨ ᠴᠢᠬᠤᠯᠠ ᠴᠢᠨᠠᠷ ᠤᠨ ᠲᠤᠬᠠᠢ ᠲᠣᠳᠣᠷᠬᠠᠶᠢᠯᠠᠯᠲᠠ ᠬᠢᠬᠦ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠵᠡᠷᠭᠡ ᠪᠢᠴᠢᠭ ᠮᠠᠲ᠋ᠧᠷᠢᠶᠠᠯ ᠳᠤ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠲᠣᠭᠲᠠᠭᠠᠬᠤ ᠶᠢ | ᠱᠠᠭᠠᠷᠳᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠵᠡᠷᠭᠡ ᠪᠢᠴᠢᠭ ᠮᠠᠲ᠋ᠧᠷᠢᠶᠠᠯ ᠤᠨ ᠪᠢᠴᠢᠭ ᠮᠠᠲ᠋ᠧᠷᠢᠶᠠᠯ | ᠶᠠᠪᠤᠭᠤᠯᠬᠤ ᠬᠡᠯᠪᠡᠷᠢ ᠪᠠᠷ ᠯᠠᠪᠯᠠᠯᠲᠠ ᠪᠣᠯᠭᠠᠵᠤ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠤᠰᠠᠭᠠᠷ ᠪᠤᠶᠤ ᠬᠠᠮᠲᠤᠷᠠᠨ | ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠢ ᠲᠣᠭᠲᠠᠭᠠᠵᠤ ᠳᠠᠷᠤᠮᠠᠯᠯᠠᠨ ᠲᠠᠷᠬᠠᠭᠠᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ | ᠲᠤᠤᠱᠯᠠᠭᠤᠯᠤᠨ ᠨᠠᠶᠢᠳᠠᠪᠤᠷᠢᠵᠢᠭᠤᠯᠬᠤ᠂ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠵᠡᠷᠭᠡ ᠨᠡᠷ᠎ᠡ ᠪᠠᠷ ᠣᠷᠣᠨ ᠨᠤᠲᠤᠭ ᠢ ᠳᠤᠷ᠎ᠠ ᠪᠠᠷ ᠢᠶᠠᠨ ᠱᠠᠭᠠᠷᠳᠠᠵᠤ ᠢᠵᠢ | ᠪᠦᠷᠢᠳᠦᠭᠦᠯᠬᠦ ᠪᠢᠴᠢᠭ ᠮᠠᠲ᠋ᠧᠷᠢᠶᠠᠯ ᠵᠣᠬᠢᠶᠠᠯᠭᠠᠨ ᠶᠠᠪᠤᠭᠤᠯᠵᠤ ᠪᠣᠯᠬᠤ ᠦᠭᠡᠢ᠃ ᠠᠵᠢᠯ ᠤᠨ ᠬᠤᠪᠢᠶᠠᠷᠢᠯᠠᠯ ᠤᠨ ᠲᠥᠰᠥᠯ ᠢ ᠵᠠᠷᠴᠢᠮ ᠳᠡᠭᠡᠷ᠎ᠡ ᠪᠠᠨ ᠪᠢᠴᠢᠭ | ᠮᠠᠲ᠋ᠧᠷᠢᠶᠠᠯ ᠲᠠᠢ ᠨᠡᠶᠢᠯᠡᠭᠦᠯᠦᠨ ᠳᠠᠷᠤᠮᠠᠯᠯᠠᠨ ᠲᠠᠷᠬᠠᠭᠠᠬᠤ ᠬᠡᠷᠡᠭᠲᠡᠢ᠂ ᠲᠤᠰᠠᠭᠠᠷ ᠪᠢᠴᠢᠭ ᠮᠠᠲ᠋ᠧᠷᠢᠶᠠᠯ ᠶᠠᠪᠤᠭᠤᠯᠵᠤ ᠪᠣᠯᠬᠤ ᠦᠭᠡᠢ᠃ ᠰᠠᠯᠠᠭ᠎ᠠ ᠮᠥᠴᠢᠷ ᠨᠢᠭᠡᠪᠦᠷᠢ | ᠵᠠᠷᠴᠢᠮ ᠳᠡᠭᠡᠷ᠎ᠡ ᠪᠠᠨ ᠬᠤᠳᠠ ᠶᠢᠨ ᠵᠠᠰᠠᠭ ᠤᠨ ᠣᠷᠳᠣᠨ ᠳᠤ ᠵᠥᠪᠬᠡᠨ ᠨᠢᠭᠡ ᠵᠦᠢᠯ ᠤᠨ ᠲᠣᠪᠴᠢ ᠮᠡᠳᠡᠭᠡ ᠶᠢ ᠮᠡᠳᠡᠭᠦᠯᠦᠨ ᠬᠦᠷᠭᠡᠨ᠎ᠡ᠃ ᠮᠥᠨ ᠴᠢᠨᠠᠷ ᠤᠨ | ᠠᠭᠤᠯᠭ᠎ᠠ ᠦᠭᠡᠢ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢ ᠴᠥᠮ ᠶᠠᠪᠤᠭᠤᠯᠵᠤ ᠪᠣᠯᠬᠤ ᠦᠭᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ | ᠮᠡᠳᠡᠭᠦᠯᠦᠨ ᠬᠦᠷᠭᠡᠭᠰᠡᠨ ᠠᠯᠪᠠᠨ ᠪᠢᠴᠢᠭ ᠨᠢ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠰᠢᠢᠳᠪᠦᠷᠢᠯᠡᠬᠦ ᠠᠵᠢᠯ ᠤᠨ ᠳᠦᠷᠢᠮ︾ ᠵᠢᠴᠢ ᠪᠤᠰᠤᠳ | ᠠᠯᠪᠠᠨ ᠪᠢᠴᠢᠭ ᠰᠢᠢᠳᠪᠦᠷᠢᠯᠡᠬᠦ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠥᠬᠦᠨ ᠢ ᠴᠥᠮ ᠠᠯᠪᠠᠨ ᠪᠢᠴᠢᠭ ᠮᠡᠳᠡᠭᠦᠯᠦᠭᠰᠡᠨ ᠨᠢᠭᠡᠴᠡ ᠲᠤᠨᠢ | ᠪᠤᠴᠠᠭᠠᠬᠤ ᠬᠡᠷᠡᠭᠲᠡᠢ᠃ | ᠬᠤᠲᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠶᠢᠨ ᠴᠢᠮᠡᠭᠡ ᠵᠠᠩᠭᠢᠵᠢᠯᠲᠠ ᠶᠢᠨ ᠬᠡᠷᠡᠭᠯᠡᠯᠲᠡ ᠪᠠ ᠪᠠᠲᠤᠯᠠᠭ᠎ᠠ ᠶᠢ | ᠴᠢᠩᠭᠠᠳᠬᠠᠵᠤ᠂ ᠠᠯᠪᠠᠨ ᠠᠵᠢᠯ ᠤᠨ ᠠᠦ᠋ᠲ᠋ᠣᠴᠢᠯᠠᠯᠲᠠ ᠶᠢᠨ ᠬᠡᠷᠡᠭᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠡᠯᠧᠺᠲᠷᠣᠨ ᠠᠯᠪᠠᠨ ᠪᠢᠴᠢᠭ ᠢ ᠢᠳᠡᠪᠬᠢᠲᠡᠢ | ᠳᠡᠯᠭᠡᠷᠡᠭᠦᠯᠵᠦ᠂ ᠴᠠᠭᠠᠰᠤ ᠬᠡᠷᠡᠭᠯᠡᠬᠦ ᠦᠭᠡᠢ ᠬᠤᠷᠠᠯ ᠢ ᠬᠡᠷᠡᠭᠵᠢᠭᠦᠯᠦᠨ᠂ ᠪᠢᠴᠢᠭ ᠮᠠᠲ᠋ᠧᠷᠢᠶᠠᠯ᠂ ᠲᠣᠪᠴᠢ ᠮᠡᠳᠡᠭᠡᠨ ᠤ ᠮᠠᠲ᠋ᠧᠷᠢᠶᠠᠯ ᠪᠠ ᠬᠤᠷᠠᠯ ᠤᠨ ᠲᠣᠭᠠᠴᠢᠯᠠᠭᠰᠠᠨ | ᠠᠵᠢᠯᠯᠠᠭᠠᠨ ᠢ ᠲᠦᠷᠭᠡᠳᠬᠡᠨ ᠪᠡᠶᠡᠯᠡᠭᠦᠯᠵᠦ᠂ ᠠᠵᠢᠯᠯᠠᠭᠠᠨ ᠤ ᠥᠪᠡᠷ ᠤᠨ ᠥᠷᠲᠡᠭ ᠢ ᠠᠷᠪᠢᠯᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ | ᠳᠣᠯᠣᠳᠤᠭᠠᠷ ᠪᠦᠯᠦᠭ ᠠᠵᠢᠯ ᠤᠨ ᠨᠠᠶᠢᠳᠠᠪᠤᠷᠢᠵᠢᠭᠤᠯᠤᠯᠲᠠ | ᠭᠤᠴᠢ ᠶᠢᠰᠦ᠂ ᠬᠤᠳᠠ ᠶᠢᠨ ᠵᠠᠰᠠᠭ ᠤᠨ ᠣᠷᠳᠣᠨ ᠤᠬᠠᠮᠰᠠᠷ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢ ᠱᠠᠭᠠᠷᠳᠠᠨ ᠪᠠᠶᠢᠴᠠᠭᠠᠵᠤ | ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ | ᠰᠤᠳᠤᠯᠤᠨ ᠪᠠᠶᠢᠷᠢᠯᠠᠭᠤᠯᠬᠤ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ | ᠂ ᠮᠥᠷᠳᠡᠵᠦ ᠱᠠᠭᠠᠷᠳᠠᠨ ᠭᠦᠢᠴᠡᠳᠬᠡᠬᠦ ᠶᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠤᠳᠠ ᠶᠢᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠥᠪᠡᠷ ᠤᠨ ᠪᠡᠶ᠎ᠡ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠣᠯᠣᠨ ᠰᠠᠯᠠᠭ᠎ᠠ | ᠮᠥᠴᠢᠷ ᠢᠶᠠᠨ ᠵᠢᠯᠤᠭᠤᠳᠴᠤ᠂ ᠠᠬᠢᠭᠤᠯᠵᠤ᠂ ᠱᠠᠭᠠᠷᠳᠠᠵᠤ᠂ ᠵᠣᠬᠢᠴᠠᠭᠤᠯᠤᠨ ᠠᠬᠢᠭᠤᠯᠬᠤ ᠶᠢ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂ ᠵᠠᠷᠯᠢᠭ ᠴᠠᠭᠠᠵᠠ ᠶᠢ ᠲᠠᠭᠠᠬᠤ ᠶᠢ ᠪᠠᠲᠤᠯᠠᠬᠤ ᠬᠡᠷᠡᠭᠲᠡᠢ᠃ | ᠳᠥᠴᠢ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠪᠥᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠨ᠂ ᠪᠣᠳᠠᠲᠠᠢ | ᠠᠷᠭ᠎ᠠ ᠬᠡᠮᠵᠢᠶ᠎ᠡ ᠲᠣᠭᠲᠠᠭᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠪᠠᠶᠢᠴᠠᠭᠠᠬᠤ ᠶᠢ ᠴᠢᠩᠭᠠᠳᠬᠠᠵᠤ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠳᠥᠴᠢᠨ ᠨᠢᠭᠡ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠳᠬᠤᠵᠤ | ᠬᠥᠭᠵᠢᠯᠲᠡ ᠶᠢ ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠱᠠᠭᠠᠷᠳᠠᠨ ᠪᠠᠶᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠱᠠᠭᠠᠷᠳᠠᠨ | ᠪᠠᠶᠢᠴᠠᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠢᠭᠡᠳᠦᠯᠲᠡᠢ ᠲᠥᠯᠥᠪᠯᠡᠨ ᠵᠢᠷᠤᠮᠵᠢᠭᠤᠯᠬᠤ᠂ ᠬᠤᠯᠪᠤᠭᠠᠯᠠᠨ ᠬᠥᠳᠡᠯᠦᠯᠴᠡᠵᠦ ᠬᠠᠮᠵᠢᠯᠴᠠᠭ᠎ᠠ ᠶᠢ | ᠴᠢᠩᠭᠠᠳᠬᠠᠨ᠂ ᠬᠤᠭᠤᠴᠠᠭ᠎ᠠ ᠬᠢᠵᠠᠭᠠᠷᠯᠠᠨ ᠮᠡᠳᠡᠭᠦᠯᠬᠦ᠂ ᠪᠠᠶᠢᠴᠠᠭᠠᠵᠤ ᠳᠠᠬᠢᠨ ᠬᠢᠨᠠᠬᠤ᠂ ᠪᠠᠶᠢᠳᠠᠯ ᠢ ᠵᠠᠷᠯᠠᠬᠤ᠂ ᠬᠠᠷᠢᠭᠤᠴᠠᠯᠭ᠎ᠠ ᠨᠡᠬᠡᠮᠵᠢᠯᠡᠬᠦ᠂ ᠱᠠᠭᠠᠷᠳᠠᠨ | ᠪᠠᠶᠢᠴᠠᠭᠠᠵᠤ ᠪᠠᠶᠢᠴᠠᠭᠠᠨ ᠰᠤᠳᠤᠯᠬᠤ ᠵᠢᠴᠢ ᠭᠤᠷᠪᠠᠳᠠᠭᠢ ᠡᠲᠡᠭᠡᠳ ᠠᠴᠠ ᠦᠨᠡᠯᠡᠨ ᠵᠢᠱᠢᠬᠦ ᠵᠡᠷᠭᠡ ᠳᠦᠷᠢᠮ ᠢ ᠬᠡᠷᠡᠭᠵᠢᠭᠦᠯᠵᠦ᠂ ᠱᠠᠭᠠᠷᠳᠠᠨ ᠪᠠᠶᠢᠴᠠᠭᠠᠬᠤ ᠶᠢᠨ | ᠴᠢᠭᠯᠡᠭᠦᠯᠦᠯᠲᠦ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠷᠠᠭᠤᠯᠤᠨ᠂ ᠵᠠᠷᠴᠢᠮ ᠳᠡᠭᠡᠷ᠎ᠡ ᠪᠠᠨ ᠳᠡᠭᠡᠳᠦ ᠱᠠᠲᠤᠨ ᠤ ᠴᠣᠬᠤᠯᠠᠪᠤᠷᠢᠯᠠᠭᠰᠠᠨ ᠣᠨ ᠤ | ᠱᠠᠭᠠᠷᠳᠠᠨ ᠪᠠᠶᠢᠴᠠᠭᠠᠬᠤ ᠲᠥᠯᠥᠪᠯᠡᠭᠡ ᠶᠢᠨ ᠶᠣᠰᠣᠭᠠᠷ ᠠᠵᠢᠯ ᠢᠶᠠᠨ ᠥᠷᠨᠢᠭᠦᠯᠵᠦ᠂ ᠳᠠᠪᠬᠤᠷᠳᠠᠭᠤᠯᠤᠨ ᠱᠠᠭᠠᠷᠳᠠᠨ ᠪᠠᠶᠢᠴᠠᠭᠠᠬᠤ᠂ ᠣᠯᠠᠨ ᠲᠠᠯ᠎ᠠ ᠠᠴᠠ ᠱᠠᠭᠠᠷᠳᠠᠨ | ᠪᠠᠶᠢᠴᠠᠭᠠᠬᠤ ᠶᠢ ᠰᠡᠷᠭᠡᠶᠢᠯᠡᠨ ᠬᠤᠷᠢᠭᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ | ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠱᠠᠭᠠᠷᠳᠠᠨ ᠪᠠᠶᠢᠴᠠᠭᠠᠬᠤ ᠠᠵᠢᠯ ᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ | ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠲᠦᠷᠦᠭᠦᠯᠡᠨ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠱᠠᠭᠠᠷᠳᠠᠨ ᠪᠠᠶᠢᠴᠠᠭᠠᠬᠤ | ᠠᠵᠢᠯ ᠢ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ | ᠨᠠᠢᠮᠠᠳᠤᠭᠠᠷ ᠪᠦᠯᠦᠭ ᠠᠵᠢᠯ ᠤᠨ ᠰᠠᠬᠢᠯᠭ᠎ᠠ ᠪᠠᠲᠤ ᠪᠠ ᠲᠤᠰ ᠪᠡᠶ᠎ᠡ ᠶᠢᠨ ᠪᠠᠶᠢᠭᠤᠯᠤᠯᠲᠠ | ᠳᠥᠴᠢᠨ ᠬᠤᠶᠠᠷ᠂ ᠬᠤᠳᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ | ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠳᠦᠷᠢᠮ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ | ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ | ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ᠂ ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠪᠠ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ᠳᠥᠴᠢᠨ ᠭᠤᠷᠪᠠ᠂ ᠬᠤᠳᠠ ᠶᠢᠨ ᠵᠠᠰᠠᠭ ᠤᠨ ᠣᠷᠳᠣᠨ ᠪᠣᠯᠣᠨ ᠡᠯ᠎ᠡ ᠰᠠᠯᠠᠭ᠎ᠠ ᠮᠥᠴᠢᠷ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠨ | ᠰᠠᠶᠢᠵᠢᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠳᠡᠯᠭᠡᠷᠡᠭᠦᠯᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ᠂ ᠦᠨᠳᠦᠰᠦᠨ ᠱᠠᠲᠤᠨ ᠳᠤ | ᠭᠦᠨᠵᠡᠭᠡᠶᠢᠷᠡᠵᠦ᠂ ᠬᠦᠴᠢᠷ ᠪᠡᠷᠬᠡᠰᠢᠶᠡᠯ ᠤᠯᠠᠨ᠂ ᠪᠠᠶᠢᠳᠠᠯ ᠪᠤᠳᠤᠯᠢᠶᠠᠨᠲᠠᠢ᠂ ᠵᠥᠷᠢᠴᠡᠯ ᠬᠤᠷᠴᠠ ᠰᠢᠷᠦᠭᠦᠨ ᠭᠠᠵᠠᠷ ᠤᠳ ᠲᠤ ᠢᠯᠡᠭᠦᠬᠡᠨ ᠬᠦᠷᠴᠦ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠢ ᠡᠵᠡᠮᠰᠢᠨ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠠᠰᠠᠭᠤᠳᠠᠯ ᠢ | ᠰᠤᠳᠤᠯᠤᠨ ᠰᠢᠢᠳᠪᠦᠷᠢᠯᠡᠬᠦ ᠬᠡᠷᠡᠭᠲᠡᠢ᠃ ᠣᠷᠣᠨ ᠨᠤᠲᠤᠭ ᠪᠠ ᠦᠨᠳᠦᠰᠦᠨ ᠱᠠᠲᠤᠨ ᠳᠤ ᠢᠳᠡᠪᠬᠢᠲᠡᠢ ᠦᠢᠯᠡᠴᠢᠯᠡᠵᠦ᠂ ᠠᠵᠢᠯ ᠤᠨ ᠳᠤᠮᠳᠠᠬᠢ ᠬᠦᠴᠢᠷᠳᠡᠯ ᠪᠠ | ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ | ᠳᠥᠴᠢᠨ ᠳᠥᠷᠪᠡ᠂ ᠬᠤᠲᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠵᠢᠭᠠᠪᠤᠷᠢ ᠠᠪᠬᠤ ᠪᠠ ᠮᠡᠳᠡᠭᠦᠯᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠠᠵᠢᠯ ᠤᠨ ᠳᠤᠮᠳᠠᠬᠢ ᠲᠦᠩᠯᠢᠶᠣᠣ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠲᠥᠷᠥ ᠶᠢᠨ ᠪᠣᠳᠣᠯᠭ᠎ᠠ | ᠂ ᠠᠵᠤ ᠠᠬᠤᠢ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠵᠠᠷᠴᠢᠮ ᠪᠠ | ᠠᠰᠠᠭᠤᠳᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶᠠᠷᠤᠯᠲᠠ ᠶᠢᠨ ᠵᠦᠢᠯᠡᠰ ᠵᠡᠷᠭᠡ ᠶᠢ ᠡᠷᠬᠡᠪᠰᠢ ᠬᠤᠲᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ | ᠵᠢᠭᠠᠪᠤᠷᠢ ᠠᠪᠬᠤ ᠬᠡᠷᠡᠭᠲᠡᠢ᠃ | ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠠᠵᠢᠯ ᠤᠨ ᠳᠤᠮᠳᠠᠬᠢ ᠲᠦᠷᠦ ᠶᠢᠨ ᠪᠣᠳᠣᠯᠭ᠎ᠠ᠂ ᠲᠥᠯᠥᠪᠯᠡᠭᠡ ᠪᠠ ᠵᠠᠰᠠᠭ ᠵᠠᠬᠢᠷᠭᠠᠨ ᠤ | ᠴᠢᠬᠤᠯᠠ ᠶᠡᠭᠡ ᠠᠷᠭ᠎ᠠ ᠬᠡᠮᠵᠢᠶ᠎ᠡ ᠶᠢ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠵᠢᠭᠠᠪᠤᠷᠢ ᠠᠪᠬᠤ ᠬᠡᠷᠡᠭᠲᠡᠢ᠃ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ ᠤᠨ ᠨᠡᠶᠢᠲᠡᠯᠡᠭᠰᠡᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ | ᠠᠰᠠᠭᠤᠳᠠᠯ ᠳᠤ ᠬᠤᠯᠪᠣᠭᠳᠠᠭᠰᠠᠨ ᠴᠢᠮᠡᠭᠡ ᠵᠠᠩᠭᠢ ᠶᠢ ᠴᠢᠩᠭ᠎ᠠ ᠬᠢᠨᠠᠨ ᠲᠣᠭᠲᠠᠭᠠᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ ᠬᠤᠳᠠ ᠶᠢᠨ ᠵᠠᠰᠠᠭ ᠤᠨ | ᠣᠷᠳᠣᠨ ᠳᠤ ᠮᠡᠳᠡᠭᠦᠯᠬᠦ ᠬᠡᠷᠡᠭᠲᠡᠢ᠃ | ᠳᠥᠴᠢᠨ ᠲᠠᠪᠤ᠂ ᠬᠤᠳᠠ ᠶᠢᠨ ᠵᠠᠰᠠᠭ ᠤᠨ ᠣᠷᠳᠣᠨ ᠤ ᠪᠦᠷᠢᠯᠳᠦᠭᠦᠨ ᠨᠠᠷ ᠡᠯ᠎ᠡ ᠵᠦᠢᠯ ᠤᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠯ ᠢ ᠡᠷᠡᠰ ᠬᠡᠷᠡᠭᠵᠢᠭᠦᠯᠬᠦ ᠬᠡᠷᠡᠭᠲᠡᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠯ ᠠᠴᠠ | ᠵᠥᠷᠢᠴᠡᠭᠰᠡᠨ ᠦᠭᠡ ᠶᠠᠷᠢᠶ᠎ᠠ ᠪᠠ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃ | ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ᠂ ᠬᠤᠷᠠᠯ ᠠᠵᠢᠯᠯᠠᠭ᠎ᠠ ᠳᠤ | ᠣᠷᠣᠯᠴᠠᠬᠤ ᠳᠤ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠠᠷ᠎ᠠ ᠪᠣᠯᠣᠭᠰᠠᠳ ᠢ ᠴᠥᠭᠡᠳᠬᠡᠵᠦ᠂ ᠵᠣᠴᠢᠯᠠᠬᠤ ᠠᠵᠢᠯ ᠢ | ᠳᠥᠭᠦᠮᠴᠢᠯᠡᠵᠦ᠂ ᠰᠣᠨᠢᠨ ᠮᠡᠳᠡᠭᠡᠨ ᠤ ᠮᠡᠳᠡᠭᠡᠯᠡᠯ ᠢ ᠵᠢᠷᠤᠮᠵᠢᠭᠤᠯᠬᠤ ᠬᠡᠷᠡᠭᠲᠡᠢ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠵᠣᠬᠢᠶᠠᠯ | ᠪᠦᠲᠦᠭᠡᠯ᠂ ᠶᠠᠷᠢᠶᠠᠨ ᠤ ᠲᠤᠰᠬᠠᠢ ᠳᠡᠪᠲᠡᠷ ᠢ ᠢᠯᠡ ᠪᠠᠷ ᠬᠡᠪᠯᠡᠭᠦᠯᠬᠦ ᠦᠭᠡᠢ᠂ ᠪᠠᠶᠠᠷ ᠤᠨ ᠵᠠᠬᠢᠳᠠᠯ᠂ ᠪᠠᠶᠠᠷ ᠤᠨ ᠴᠠᠬᠢᠯᠭᠠᠨ ᠮᠡᠳᠡᠭᠡ ᠶᠠᠪᠤᠭᠤᠯᠬᠤ ᠦᠭᠡᠢ᠂ | ᠪᠢᠴᠢᠭᠡᠰᠦ᠂ ᠣᠷᠣᠰᠢᠯ ᠪᠢᠴᠢᠬᠦ ᠦᠭᠡᠢ᠂ ᠣᠨᠴᠠᠭᠠᠢ ᠪᠠᠶᠢᠳᠠᠯ ᠲᠠᠢ ᠪᠣᠯ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠢ᠃ ᠬᠤᠳᠠ ᠶᠢᠨ ᠵᠠᠰᠠᠭ ᠤᠨ ᠣᠷᠳᠣᠨ ᠤ ᠪᠦᠷᠢᠯᠳᠦᠭᠦᠨ ᠨᠠᠷ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠶᠠᠷᠢᠶ᠎ᠠ ᠪᠠ ᠵᠣᠬᠢᠶᠠᠯ | ᠨᠡᠶᠢᠲᠡᠯᠡᠵᠦ᠂ ᠬᠤᠪᠢ ᠬᠥᠮᠥᠨ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠬᠦ ᠳᠡᠭᠡᠨ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ | ᠬᠡᠷᠡᠭᠲᠡᠢ᠃ | ᠴᠢᠯᠦᠭᠡ ᠭᠤᠶᠤᠬᠤ ᠪᠠ ᠲᠠᠶᠢᠯᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠨ | ᠪᠠᠶᠢᠴᠠᠭᠠᠭᠴᠢ᠂ ᠨᠠᠷᠢᠨ ᠪᠢᠴᠢᠭ ᠤᠨ ᠳᠠᠷᠤᠭ᠎ᠠ ᠭᠤᠣᠯ ᠬᠤᠳᠠ ᠶᠢᠨ ᠲᠣᠭᠤᠷᠢᠭ ᠠᠴᠠ ᠭᠠᠷᠬᠤ ᠪᠤᠶᠤ ᠠᠮᠠᠷᠠᠯᠲᠠ ᠠᠪᠬᠤ ᠳᠠᠭᠠᠨ ᠡᠷᠬᠡᠪᠰᠢ ᠬᠤᠳᠠ ᠶᠢᠨ | ᠳᠠᠷᠤᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ︔ ᠨᠠᠷᠢᠨ ᠪᠢᠴᠢᠭ ᠤᠨ ᠳᠡᠳ᠋ ᠳᠠᠷᠤᠭ᠎ᠠ ᠪᠤᠶᠤ ᠠᠯᠪᠠᠨ ᠭᠡᠷ ᠤᠨ ᠳᠡᠳ᠋ ᠡᠷᠬᠢᠯᠡᠭᠴᠢ ᠭᠤᠣᠯ ᠬᠤᠲᠠ ᠶᠢᠨ | ᠲᠣᠭᠤᠷᠢᠭ ᠠᠴᠠ ᠭᠠᠷᠬᠤ ᠪᠤᠶᠤ ᠠᠮᠠᠷᠠᠯᠲᠠ ᠠᠪᠬᠤ ᠳᠠᠭᠠᠨ ᠡᠷᠬᠡᠪᠰᠢ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠪᠤᠶᠤ ᠨᠠᠷᠢᠨ ᠪᠢᠴᠢᠭ ᠤᠨ | ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ︔ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ | ᠰᠠᠭᠤᠭ᠎ᠠ ᠭᠠᠵᠠᠷ ᠠᠴᠠ ᠪᠠᠨ ᠭᠠᠷᠬᠤ ᠪᠤᠶᠤ ᠠᠮᠠᠷᠠᠯᠲᠠ ᠠᠪᠬᠤ ᠳᠠᠭᠠᠨ ᠡᠷᠬᠡᠪᠰᠢ ᠬᠤᠲᠠ ᠶᠢᠨ ᠳᠠᠷᠤᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ︔ | ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠭᠤᠣᠯ ᠬᠤᠳᠠ ᠶᠢᠨ ᠲᠣᠭᠤᠷᠢᠭ ᠠᠴᠠ ᠭᠠᠷᠬᠤ ᠪᠤᠶᠤ ᠠᠮᠠᠷᠠᠯᠲᠠ | ᠠᠪᠬᠤ ᠳᠠᠭᠠᠨ ᠤᠷᠢᠳᠠᠪᠠᠷ ᠬᠤᠪᠢᠳᠠᠨ ᠬᠠᠮᠢᠶᠠᠷᠴᠤ ᠪᠦᠬᠦᠢ ᠬᠤᠳᠠ ᠶᠢᠨ ᠳᠡᠳ᠋ ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠡᠷᠠᠭ᠎ᠠ ᠬᠤᠳᠠ ᠶᠢᠨ | ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ | ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠦ᠂ ᠣᠷᠣᠨ ᠰᠠᠭᠤᠴᠠ᠂ | ᠠᠯᠪᠠᠨ ᠭᠡᠷ᠂ ᠲᠡᠷᠭᠡ ᠬᠡᠷᠡᠭᠯᠡᠬᠦ ᠵᠡᠷᠭᠡ ᠲᠠᠯ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠣᠨᠴᠠ ᠡᠷᠬᠡ ᠶᠢ ᠡᠷᠡᠰ ᠡᠰᠡᠷᠭᠦᠴᠡᠵᠦ᠂ ᠣᠨᠴᠠ ᠡᠷᠬᠡ ᠶᠠᠪᠤᠭᠤᠯᠬᠤ | ᠦᠭᠡᠢ ᠪᠠᠶᠢᠬᠤ ᠬᠡᠷᠡᠭᠲᠡᠢ᠃ ᠠᠯᠪᠠᠨ ᠶᠠᠪᠤᠳᠠᠯ ᠢᠶᠠᠷ ᠭᠠᠳᠠᠭᠠᠳᠤ ︵ᠬᠢᠯᠢ︶ ᠳᠤ ᠭᠠᠷᠬᠤ ᠪᠦᠯᠬᠦᠮ ᠳᠤᠭᠤᠶᠢᠯᠠᠩ ᠤᠨ ᠲᠤᠭ᠎ᠠ ᠪᠠ ᠬᠡᠪᠴᠢᠶ᠎ᠡ ᠶᠢ ᠴᠢᠩᠭ᠎ᠠ | ᠬᠢᠵᠠᠭᠠᠷᠯᠠᠨ᠎ᠠ᠃ | ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠪᠠ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠤᠯᠤᠰ ᠤᠨ ᠨᠢᠭᠤᠴᠠ᠂ | ᠠᠵᠢᠯ ᠤᠨ ᠨᠢᠭᠤᠴᠠ ᠪᠤᠶᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠷᠠᠭ᠎ᠠ ᠪᠠᠷ ᠡᠵᠡᠮᠰᠢᠭᠰᠡᠨ ᠬᠤᠳᠠᠯᠳᠤᠭᠠᠨ ᠤ ᠨᠢᠭᠤᠴᠠ ᠵᠡᠷᠭᠡ ᠶᠢ | ᠵᠠᠳᠠᠷᠠᠭᠤᠯᠬᠤ ᠶᠢ ᠴᠢᠩᠭ᠎ᠠ ᠴᠠᠭᠠᠵᠠᠯᠠᠵᠤ᠂ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ᠃ | ᠳᠥᠴᠢᠨ ᠵᠢᠷᠭᠤᠭ᠎ᠠ᠂ ᠬᠤᠳᠠ ᠶᠢᠨ ᠵᠠᠰᠠᠭ ᠤᠨ ᠣᠷᠳᠣᠨ ᠤ ᠠᠵᠢᠯᠲᠠᠳ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ | ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠮᠣᠩᠭᠤᠯ ᠮᠣᠷᠢᠨ ᠤ ᠣᠮᠤᠭ ᠢ ᠶᠡᠬᠡᠪᠡᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ | ᠴᠢᠷᠮᠠᠶᠢᠨ ᠠᠵᠢᠯᠯᠠᠵᠤ ᠦᠢᠯᠡᠰ ᠪᠣᠰᠬᠠᠵᠤ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ | ᠬᠠᠲᠠᠭᠤᠵᠢᠯᠲᠠᠢ ᠠᠵᠢᠯᠯᠠᠬᠤ ᠬᠡᠷᠡᠭᠲᠡᠢ᠃ ︽ᠲᠦᠷᠪᠡᠨ ᠰᠤᠷᠲᠠᠯ︾ ᠢ ᠡᠰᠡᠷᠭᠦᠴᠡᠬᠦ ᠶᠢ ᠪᠠᠷᠢᠮᠲᠠᠯᠠᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠢ ᠵᠠᠯᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠬᠤ | ᠬᠡᠷᠡᠭᠲᠡᠢ᠃ | ᠬᠤᠳᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠤᠯᠠᠮ ᠴᠢᠨᠠᠭᠰᠢᠳᠠ | ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠭᠰᠡᠳ ᠢ ᠵᠣᠷᠢᠭᠵᠢᠭᠤᠯᠤᠨ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢᠨ ᠲᠤᠯᠤᠭ᠎ᠠ᠂ ᠬᠤᠳᠠ ᠶᠢᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠳᠤ ᠲᠤᠰ ᠳᠦᠷᠢᠮ ᠢ ᠬᠡᠷᠡᠭᠯᠡᠨ᠎ᠡ᠃ | ᠳᠥᠴᠢᠨ ᠨᠠᠢᠮᠠ᠂ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2017 ᠣᠨ ᠤ 8 ᠳ᠋ᠤᠭᠠᠷ ᠰᠠᠷ᠎ᠠ ᠶᠢᠨ 31 ᠳᠤ | ᠨᠡᠶᠢᠲᠡᠯᠡᠭᠰᠡᠨ ︽︿ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠢ ᠲᠦᠩᠯᠢᠶᠣᠣ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠲᠦᠩᠯᠢᠶᠣᠣ ᠵᠠᠰᠠᠭ ᠲᠠᠷᠬᠠᠭᠠᠭᠰᠠᠨ ﹇2017﹈ 87 ᠳ᠋ᠤᠭᠠᠷ ᠲᠣᠭᠠᠲᠤ︶ ᠢ ᠬᠠᠮᠲᠤ ᠳᠤᠨᠢ | ᠬᠦᠴᠦᠨ ᠦᠭᠡᠢ ᠪᠣᠯᠭᠠᠨ᠎ᠠ᠃ |