ᠲᠦᠩᠯᠢᠶᠣᠤ ᠬᠤᠲᠠ ︽ᠠᠷᠠᠳ ᠤᠨ ᠶᠠᠪᠤᠳᠠᠯ ᠤᠨ ᠨᠠᠰᠤᠵᠢᠯ ᠤᠨ ᠬᠠᠮ ᠲᠡᠷᠭᠡ︾ ᠶᠢᠨ ᠬᠡᠪ ᠵᠠᠭᠪᠤᠷ ᠢ ᠪᠥᠬᠦ ᠣᠷᠣᠨ ᠳᠤ ᠠᠩᠬ᠎ᠠ ᠡᠭᠦᠳᠴᠦ  ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/10/16
     ᠲᠦᠩᠯᠢᠶᠣᠤ ᠬᠤᠲᠠ ︽ᠠᠷᠠᠳ ᠤᠨ ᠶᠠᠪᠤᠳᠠᠯ ᠤᠨ ᠨᠠᠰᠤᠵᠢᠯ ᠤᠨ ᠬᠠᠮ ᠲᠡᠷᠭᠡ︾ ᠶᠢᠨ ᠬᠡᠪ ᠵᠠᠭᠪᠤᠷ ᠢ ᠪᠥᠬᠦ ᠣᠷᠣᠨ ᠳᠤ ᠠᠩᠬ᠎ᠠ ᠡᠭᠦᠳᠴᠦ᠂ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠬᠦᠴᠢᠷ ᠠᠰᠠᠭᠤᠳᠠᠯ ᠢ ᠰᠢᠢᠳᠪᠦᠷᠢᠯᠡᠪᠡ᠃ ᠲᠣᠰ ᠬᠡᠪ ᠵᠠᠭᠪᠤᠷ ᠨᠢ ᠨᠠᠰᠤᠲᠠᠶᠢᠴᠤᠳ ᠢᠶᠠᠷ ᠭᠤᠤᠯ ᠪᠣᠯᠭᠠᠵᠤ᠂ ᠦᠢᠯᠡᠴᠢᠯᠡᠭᠡᠨ ᠤ ᠲᠡᠷᠭᠡ ᠬᠥᠰᠬᠡ ᠪᠠᠷ ᠲᠠᠪᠴᠠᠩ ᠤᠨ ᠵᠠᠭᠤᠴᠢ ᠪᠣᠯᠭᠠᠵᠤ᠂ ᠣᠲᠣ ᠶᠢᠨ ᠪᠠᠶᠢᠭ᠎ᠠ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠣᠯᠭᠠᠵᠤ᠂ ᠡᠮᠴᠢ᠂ ᠨᠡᠶᠢᠭᠡᠮ ᠤᠨ ᠠᠵᠢᠯᠲᠠᠨ᠂ ᠡᠷᠡᠭᠦᠯ ᠮᠡᠨᠳᠦ ᠶᠢᠨ ᠯᠧᠺᠲ᠋ᠣᠷ ᠵᠡᠷᠭᠡ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠪᠠᠶᠢᠭᠠᠳ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠥᠳᠡᠭᠡ ᠲᠣᠰᠬᠤᠨ ᠤ ᠨᠠᠰᠤᠲᠠᠶᠢᠴᠤᠳ ᠲᠤ ᠬᠡᠷ ᠲᠤ ᠨᠢ ᠬᠦᠷᠴᠦ ᠦᠢᠯᠡᠴᠢᠯᠡᠪᠡ᠃ ᠣᠲᠣ ᠪᠣᠯᠲᠠᠯ᠎ᠠ᠂ ︽ᠠᠷᠠᠳ ᠤᠨ ᠶᠠᠪᠤᠳᠠᠯ ᠤᠨ ᠨᠠᠰᠤᠵᠢᠯ ᠤᠨ ᠬᠠᠮ ᠲᠡᠷᠭᠡ︾ ᠬᠥᠳᠡᠭᠡ ᠲᠣᠰᠬᠤᠨ ᠳᠤ ᠬᠡᠷ ᠲᠤ ᠨᠢ ᠬᠦᠷᠴᠦ ᠦᠢᠯᠡᠴᠢᠯᠡᠭᠰᠡᠨ ᠠᠶᠠᠯᠠᠯ ᠨᠡᠶᠢᠲᠡ 2050 ᠺᠢᠯᠤᠮᠧᠲᠷ ᠪᠠᠶᠢᠵᠤ᠂ 72 ᠭᠠᠴᠠᠭ᠎ᠠ ᠲᠣᠰᠬᠤᠨ ᠤ 10440 ᠭᠠᠷᠤᠶ ᠨᠠᠰᠤᠲᠠᠳ ᠲᠤ ᠬᠡᠷ ᠲᠤ ᠨᠢ ᠬᠦᠷᠴᠦ 5 ᠲᠦᠮᠡ ᠭᠠᠷᠤᠶ ᠤᠳᠠᠭ᠎ᠠ ᠨᠠᠷᠢᠯᠢᠭ ᠣᠨᠤᠪᠴᠢᠲᠠᠢ ᠦᠢᠯᠡᠴᠢᠯᠡᠭᠡ ᠬᠠᠩᠭᠠᠪᠠ᠃
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ