︵1994 ᠣᠨ ᠤ 7 ᠰᠠᠷ᠎ᠠ ᠶᠢᠨ 5 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠪᠠ᠂ 1994 ᠣᠨ ᠤ 7 ᠰᠠᠷ᠎ᠠ ᠶᠢᠨ 5 ᠤ ᠡᠳᠦᠷ ᠪᠦᠭᠦᠲᠡ ᠨᠠᠶᠢᠷᠠᠮᠳᠠᠬᠤ ᠳᠤᠮᠳᠠᠳᠤ | ᠠᠷᠠᠳ ᠣᠯᠣᠰ ᠤᠨ ᠲᠡᠷᠢᠭᠦᠯᠡᠭᠴᠢ ᠶᠢᠨ ᠬᠤᠷᠢᠨ ᠨᠠᠢᠮᠠᠳᠣᠭᠠᠷ ᠵᠠᠷᠯᠢᠭ ᠢᠶᠠᠷ ᠨᠡᠶᠢᠲᠡᠯᠡᠪᠡ᠂ 1995 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ︶ | | ᠭᠠᠷᠴᠠᠭ | ᠨᠢᠭᠡᠳᠦᠭᠡᠷ ᠪᠦᠯᠦᠭ ᠶᠡᠷᠦᠩᠬᠡᠢ ᠳᠦᠷᠢᠮ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠤᠭᠡ | ᠲᠠᠪᠤᠳᠤᠭᠠᠷ ᠪᠦᠯᠦᠭ ᠴᠠᠯᠢᠩ | ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠲᠠᠨ ᠤ ᠣᠨᠴᠠᠭᠠᠢ ᠬᠠᠮᠠᠭᠠᠯᠠᠯᠲᠠ | ᠨᠠᠢᠮᠠᠳᠤᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠶᠢᠰᠤᠳᠦᠭᠡᠷ ᠪᠦᠯᠦᠭ ᠨᠠᠶᠢᠭᠡᠮ ᠤᠨ ᠲᠠᠭᠠᠳᠬᠠᠯ ᠪᠠ ᠠᠰᠠᠷᠠᠮᠵᠢ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | | ᠨᠢᠭᠡᠳᠦᠭᠡᠷ ᠪᠦᠯᠦᠭ ᠶᠡᠷᠤᠩᠬᠡᠢ ᠲᠦᠷᠢᠮ | ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ ᠬᠦᠳᠡᠯᠮᠦᠷᠢ ᠶᠢᠨ ᠬᠠᠷᠢᠴᠠᠭ᠎ᠠ ᠶᠢ ᠲᠤᠬᠢᠷᠠᠭᠤᠯᠵᠤ ᠨᠡᠶᠢᠭᠡᠮ | ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠯᠤᠭ᠎ᠠ ᠵᠤᠬᠢᠴᠠᠭᠰᠠᠨ ᠬᠦᠳᠡᠯᠮᠦᠷᠢ ᠶᠢᠨ ᠲᠦᠷᠢᠮ ᠢ ᠪᠠᠶᠢᠭᠤᠯᠤᠨ ᠬᠠᠮᠠᠭᠠᠯᠠᠵᠤ ᠠᠵᠤ ᠠᠬᠤᠢ ᠶᠢᠨ ᠬᠦᠭᠵᠢᠯᠲᠡ ᠪᠠ | ᠨᠡᠶᠢᠭᠡᠮ ᠤᠨ ᠲᠠᠪᠰᠢᠯᠲᠠ ᠶᠢ ᠠᠬᠢᠭᠤᠯᠬᠤ ᠶᠢᠨ ᠲᠦᠯᠦᠭᠡ ᠦᠨᠳᠤᠰᠤᠨ ᠬᠠᠤᠯᠢ ᠶᠢ ᠦᠨᠳᠤᠰᠦᠯᠡᠨ ᠲᠤᠰ ᠬᠠᠤᠯᠢ ᠶᠢ | ᠲᠤᠭᠲᠠᠭᠠᠪᠠ᠃ | ᠬᠤᠶᠠᠳᠤᠭᠠᠷ ᠵᠦᠢᠯ ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ ᠲᠤᠲᠤᠷᠠᠬᠢ ᠠᠵᠤ ᠠᠬᠤᠶᠢᠯᠠᠯ᠂ ᠬᠤᠪᠢ ᠶᠢᠨ ᠵᠤᠬᠢᠶᠠᠨ | ᠪᠠᠶᠢᠭᠤᠯᠤᠯᠲᠠ ︵ᠲᠤᠷᠤᠭᠰᠢ ᠨᠡᠶᠢᠲᠡ ᠳᠤᠨᠢ ᠬᠦᠮᠦᠨ ᠬᠡᠷᠡᠭᠯᠡᠬᠦ ᠨᠢᠭᠡᠴᠢ ᠭᠡᠵᠤ ᠨᠡᠷᠡᠯᠡᠨ᠎ᠡ︶ ᠬᠢᠭᠡᠳ ᠲᠡᠭᠦᠨ ᠯᠦᠭᠡ ᠬᠦᠳᠡᠯᠮᠦᠷᠢ ᠶᠢᠨ ᠬᠠᠷᠢᠴᠠᠭ᠎ᠠ ᠲᠠᠢ ᠪᠤᠯᠤᠭᠰᠠᠨ | ᠬᠦᠳᠡᠯᠮᠦᠷᠢᠴᠢᠳ ᠲᠤᠰ ᠬᠠᠤᠯᠢ ᠶᠢ ᠬᠡᠷᠡᠭᠯᠡᠨ᠎ᠡ᠃ | ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠪᠠ ᠲᠡᠭᠦᠨ ᠯᠦᠭᠡ ᠬᠦᠳᠡᠯᠮᠦᠷᠢ ᠶᠢᠨ ᠭᠡᠷ᠎ᠡ ᠶᠢᠨ | ᠬᠠᠷᠢᠴᠠᠭ᠎ᠠ ᠪᠠᠶᠢᠭᠤᠯᠤᠭᠰᠠᠨ ᠬᠦᠳᠡᠯᠮᠦᠷᠢᠴᠢᠨ ᠲᠤᠰ ᠬᠠᠤᠯᠢ ᠶᠢᠨ ᠶᠤᠰᠤᠭᠠᠷ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠬᠦᠳᠡᠯᠮᠦᠷᠢᠴᠢᠨ ᠡᠷᠭᠡ ᠲᠡᠭᠰᠢ ᠪᠠᠷ ᠠᠵᠢᠯ ᠤᠯᠬᠤ ᠪᠠ ᠠᠵᠢᠯ ᠮᠡᠷᠭᠡᠵᠢᠯ ᠰᠤᠩᠭᠤᠬᠤ ᠡᠷᠬᠡ᠂ ᠬᠦᠳᠡᠯᠮᠦᠷᠢ ᠶᠢᠨ ᠤᠯᠭᠤᠮᠵᠢ ᠤᠯᠬᠤ | ᠡᠷᠬᠡ᠂ ᠠᠮᠠᠷᠠᠬᠤ᠂ ᠠᠮᠠᠷᠠᠯᠲᠠ ᠶᠢᠨ ᠴᠢᠯᠤᠭᠡ ᠠᠪᠬᠤ ᠡᠷᠬᠡ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠬᠠᠮᠠᠭᠠᠯᠠᠯᠠᠲᠠ ᠶᠢ ᠤᠯᠬᠤ ᠡᠷᠬᠡ᠂ | ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠪᠤᠯᠪᠠᠰᠤᠷᠠᠯ ᠬᠦᠷᠲᠡᠬᠦ ᠡᠷᠬᠡ᠂ ᠨᠡᠶᠢᠭᠡᠮ ᠤᠨ ᠲᠠᠭᠠᠳᠬᠠᠯ ᠪᠠ ᠠᠰᠠᠷᠠᠮᠵᠢ ᠶᠢ ᠡᠳ᠋ᠯᠡᠬᠦ ᠡᠷᠭᠡ᠂ ᠬᠦᠳᠡᠯᠮᠦᠷᠢ ᠶᠢᠨ | ᠮᠠᠷᠭᠤᠭᠠᠨ ᠢ ᠰᠢᠢᠳᠪᠦᠷᠢᠯᠡᠬᠦ ᠪᠠᠷ ᠲᠡᠪᠰᠢᠭᠦᠯᠬᠦ ᠡᠷᠬᠡ ᠲᠠᠢ ᠪᠦᠭᠡᠳ ᠬᠠᠤᠯᠢ ᠳᠤ ᠲᠤᠭᠲᠠᠭᠠᠭᠰᠠᠨ ᠪᠤᠰᠤᠳ ᠬᠦᠳᠡᠯᠮᠦᠷᠢ ᠶᠢᠨ ᠡᠷᠬᠡ ᠶᠢ ᠡᠳ᠋ᠯᠡᠨ᠎ᠡ᠃ | ᠬᠦᠳᠡᠯᠮᠦᠷᠢᠴᠢᠨ ᠬᠦᠳᠡᠯᠮᠦᠷᠢ ᠶᠢᠨ ᠡᠭᠦᠷᠭᠡ ᠪᠠᠨ ᠪᠡᠶᠡᠯᠡᠭᠦᠯᠵᠤ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠪᠠᠨ ᠲᠡᠭᠡᠭᠰᠢᠯᠡᠭᠦᠯᠦᠨ᠂ ᠬᠦᠳᠡᠯᠮᠦᠷᠢ ᠶᠢᠨ | ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠲᠤᠬᠠᠢ ᠲᠦᠷᠢᠮ ᠲᠤᠭᠲᠠᠭᠠᠯ ᠢ ᠬᠡᠷᠡᠭᠵᠢᠭᠦᠯᠦᠨ᠂ ᠬᠦᠳᠡᠯᠮᠦᠷᠢ ᠶᠢᠨ ᠰᠠᠬᠢᠯᠭ᠎ᠠ ᠪᠠᠲᠤ ᠪᠠ ᠠᠵᠢᠯ ᠮᠡᠷᠭᠡᠵᠢᠯ ᠤᠨ | ᠶᠤᠰᠤ ᠮᠤᠷᠠᠯ ᠢ ᠵᠢᠷᠤᠮᠯᠠᠬᠤ ᠬᠡᠷᠡᠭᠲᠠᠢ᠃ | ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠦᠷᠢᠮ ᠲᠤᠭᠲᠠᠭᠠᠯ ᠢᠶᠠᠨ ᠬᠠᠤᠯᠢ ᠶᠤᠰᠤᠭᠠᠷ ᠪᠠᠶᠢᠭᠤᠯᠤᠨ ᠲᠡᠭᠦᠯᠳᠡᠷᠵᠢᠭᠦᠯᠵᠤ᠂ ᠬᠦᠳᠡᠯᠮᠦᠷᠢᠴᠢᠳ ᠤᠨ | ᠬᠦᠳᠡᠯᠮᠦᠷᠢᠯᠡᠬᠦ ᠡᠷᠬᠡ ᠡᠳ᠋ᠯᠡᠬᠦ ᠪᠠ ᠬᠦᠳᠡᠯᠮᠦᠷᠢ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ | ᠲᠠᠪᠤᠳᠦᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠦᠷᠢ ᠠᠵᠢᠯ ᠤᠯᠭᠤᠬᠤ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠢ ᠬᠦᠭᠵᠢᠭᠦᠯᠵᠤ᠂ ᠬᠦᠳᠡᠯᠮᠦᠷᠢ ᠶᠢᠨ ᠪᠠᠷᠢᠮᠵᠢᠶ᠎ᠠ ᠶᠢ ᠲᠤᠭᠲᠠᠭᠠᠨ᠂ ᠨᠡᠶᠢᠭᠡᠮ ᠤᠨ ᠤᠷᠤᠯᠭ᠎ᠠ ᠶᠢ ᠲᠤᠬᠢᠷᠠᠭᠤᠯᠵᠤ᠂ ᠨᠡᠶᠢᠭᠡᠮ ᠤᠨ ᠲᠠᠭᠠᠳᠬᠠᠯ ᠢ | ᠲᠡᠭᠦᠯᠳᠡᠷᠵᠢᠭᠦᠯᠦᠨ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠵᠤ᠂ ᠬᠦᠳᠡᠯᠮᠦᠷᠢᠴᠢᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ | ᠲᠡᠭᠡᠭᠰᠢᠯᠡᠭᠦᠯᠦᠨ᠎ᠡ᠃ | ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠨᠡᠶᠢᠭᠡᠮ ᠤᠨ ᠠᠯᠪᠠᠨ ᠵᠢᠷᠤᠮ ᠤᠨ ᠬᠦᠳᠡᠯᠮᠦᠷᠢ ᠳᠤ ᠣᠷᠣᠯᠴᠠᠬᠤ᠂ ᠬᠦᠳᠡᠯᠮᠦᠷᠢ ᠶᠢᠨ | ᠤᠷᠤᠯᠳᠤᠭᠠᠨ ᠦᠷᠨᠢᠭᠦᠯᠬᠦ ᠪᠠ ᠵᠦᠢ ᠲᠠᠢ ᠰᠠᠨᠠᠭᠤᠯᠭ᠎ᠠ ᠭᠠᠷᠭᠠᠬᠤ ᠠᠵᠢᠯᠯᠠᠭ᠎ᠠ ᠦᠷᠨᠢᠭᠦᠯᠬᠦ ᠶᠢ ᠰᠠᠨᠠᠭᠠᠴᠢᠯᠠᠵᠤ᠂ ᠬᠦᠳᠡᠯᠮᠦᠷᠢᠴᠢᠳ ᠤᠨ ᠰᠢᠨᠵᠢᠯᠡᠬᠦ ᠤᠬᠠᠭᠠᠨ ᠤ | ᠰᠣᠳᠤᠯᠤᠯ᠂ ᠲᠧᠭᠨᠢᠭ ᠮᠡᠷᠭᠡᠵᠢᠯ ᠤᠨ ᠰᠢᠨᠡᠴᠢᠯᠡᠯᠲᠡ ᠪᠠ ᠡᠭᠦᠳᠤᠨ ᠪᠦᠲᠦᠭᠡᠯᠲᠡ ᠬᠢᠬᠦ ᠶᠢ ᠵᠤᠷᠢᠭᠵᠢᠭᠤᠯᠤᠨ ᠬᠠᠮᠠᠭᠠᠯᠠᠵᠤ᠂ ᠬᠦᠳᠡᠯᠮᠦᠷᠢ ᠶᠢᠨ ᠵᠢᠱᠢᠶᠡᠴᠢ ᠪᠠ | ᠲᠡᠷᠢᠭᠦᠨ ᠤ ᠠᠵᠢᠯᠲᠠᠨ ᠢ ᠬᠦᠬᠢᠭᠦᠯᠦᠨ ᠱᠠᠩᠨᠠᠨ᠎ᠠ᠃ | ᠲᠤᠯᠤᠳᠦᠭᠠᠷ ᠵᠦᠢᠯ ᠬᠦᠳᠡᠯᠮᠦᠷᠢᠴᠢᠨ ᠬᠠᠤᠯᠢ ᠶᠤᠰᠤᠭᠠᠷ ᠠᠵᠢᠯᠴᠢᠨ ᠤ ᠡᠪᠯᠡᠯ ᠳᠤ ᠣᠷᠣᠯᠴᠠᠬᠤ ᠪᠠ ᠠᠵᠢᠯᠴᠢᠨ ᠤ ᠡᠪᠯᠡᠯ ᠢ ᠵᠤᠬᠢᠶᠠᠨ ᠪᠠᠶᠢᠭᠤᠯᠬᠤ ᠡᠷᠬᠡ | ᠲᠠᠢ᠃ ᠠᠵᠢᠯᠴᠢᠨ ᠤ ᠡᠪᠯᠡᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠲᠦᠯᠦᠭᠡᠯᠡᠨ ᠬᠠᠮᠠᠭᠠᠯᠠᠵᠤ᠂ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ | ᠡᠵᠡᠨ ᠮᠡᠳᠡᠨ ᠠᠵᠢᠯᠯᠠᠭ᠎ᠠ ᠪᠠᠨ ᠦᠷᠨᠢᠭᠦᠯᠦᠨ᠎ᠡ᠃ | ᠨᠠᠢᠮᠠᠳᠣᠭᠠᠷ ᠵᠦᠢᠯ ᠬᠦᠳᠡᠯᠮᠦᠷᠢᠴᠢᠳ ᠬᠠᠤᠯᠢ ᠶᠢᠨ ᠲᠤᠭᠲᠠᠭᠠᠯ ᠶᠤᠰᠤᠭᠠᠷ ᠠᠵᠢᠯᠲᠠᠨ ᠠᠵᠢᠯᠴᠢᠨ ᠤ ᠶᠡᠭᠡ ᠬᠤᠷᠠᠯ᠂ ᠠᠵᠢᠯᠲᠠᠨ ᠠᠵᠢᠯᠴᠢᠨ ᠤ | ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠤᠰᠤᠳ ᠬᠡᠯᠪᠡᠷᠢ ᠪᠠᠷ ᠲᠠᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ ᠳᠤ ᠤᠷᠤᠯᠴᠠᠬᠤ ᠪᠤᠶᠤ ᠬᠦᠳᠡᠯᠮᠦᠷᠢᠴᠢᠳ ᠤᠨ | ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠠᠰᠠᠭᠤᠳᠠᠯ ᠤᠨ ᠲᠤᠬᠠᠢ ᠬᠦᠮᠦᠨ ᠬᠡᠷᠡᠭᠯᠡᠬᠦ ᠨᠢᠭᠡᠴᠢ ᠲᠠᠢ ᠡᠷᠬᠡ ᠲᠡᠭᠰᠢ ᠪᠠᠷ ᠵᠦᠪᠳᠡᠯᠴᠡᠨ᠎ᠡ᠃ | ᠶᠢᠰᠤᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠦᠬᠦ ᠣᠯᠣᠰ ᠤᠨ ᠬᠦᠳᠡᠯᠮᠦᠷᠢ ᠶᠢᠨ | ᠠᠵᠢᠯ ᠢ ᠡᠷᠬᠢᠯᠡᠨ ᠬᠠᠮᠢᠶᠠᠷᠤᠨ᠎ᠠ᠃ | ᠰᠢᠶᠠᠨ ᠤ ᠱᠠᠲᠤᠨ ᠠᠴᠠ ᠲᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠰᠠᠯᠠᠭ᠎ᠠ ᠮᠦᠴᠢᠷ ᠲᠤᠰ | ᠵᠠᠰᠠᠭ ᠵᠠᠬᠢᠷᠭᠠᠨ ᠤ ᠤᠷᠤᠨ ᠤ ᠪᠠᠨ ᠲᠤᠲᠤᠷᠠᠬᠢ ᠬᠦᠳᠡᠯᠮᠦᠷᠢᠴᠢᠨ ᠤ ᠠᠵᠢᠯ ᠢ ᠬᠠᠮᠢᠶᠠᠷᠤᠨ᠎ᠠ᠃ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠠᠷᠪᠠᠳᠤᠭᠠᠷ ᠵᠦᠢᠯ ᠤᠯᠤᠰ ᠠᠴᠠ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ ᠠᠬᠢᠭᠤᠯᠬᠤ ᠪᠠᠷ ᠲᠠᠮᠵᠢᠭᠤᠯᠤᠨ ᠠᠵᠢᠯ ᠤᠯᠭᠤᠬᠤ ᠨᠦᠬᠦᠴᠡᠯ ᠢ ᠪᠤᠢ | ᠪᠤᠯᠭᠠᠵᠤ᠂ ᠠᠵᠢᠯ ᠣᠯᠬᠤ ᠲᠤᠬᠢᠶᠠᠯ ᠢ ᠦᠷᠭᠡᠳᠭᠡᠨ᠎ᠡ᠃ | ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠤᠭᠲᠠᠭᠠᠯ ᠤᠨ ᠲᠤᠭᠲᠠᠭᠠᠭᠰᠠᠨ ᠬᠡᠪᠴᠢᠶᠡᠨ ᠲᠤᠲᠤᠷ᠎ᠠ ᠠᠵᠤ ᠦᠢᠯᠡᠳᠪᠦᠷᠢᠯᠡᠯ ᠡᠷᠬᠢᠯᠡᠬᠦ ᠪᠤᠶᠤ ᠡᠵᠡᠩᠨᠡᠯᠲᠡ ᠪᠠᠨ ᠦᠷᠭᠡᠳᠭᠡᠨ ᠠᠵᠢᠯ ᠣᠯᠭᠤᠬᠤ | ᠶᠠᠪᠤᠳᠠᠯ ᠢ ᠨᠡᠮᠡᠭᠳᠡᠭᠦᠯᠬᠦ ᠶᠢ ᠵᠤᠷᠢᠭᠵᠢᠭᠤᠯᠠᠨ᠎ᠠ᠃ | ᠣᠯᠣᠰ ᠠᠴᠠ ᠬᠦᠳᠡᠯᠮᠦᠷᠢᠴᠢᠳ ᠤᠨ ᠰᠠᠶᠢᠨ ᠲᠤᠷ᠎ᠠ ᠠᠴᠠ ᠪᠠᠨ ᠵᠤᠬᠢᠶᠠᠨ ᠪᠠᠶᠢᠭᠤᠯᠤᠯᠴᠠᠵᠤ ᠠᠵᠢᠯ ᠲᠠᠢ ᠪᠤᠯᠬᠤ ᠪᠠ ᠬᠤᠪᠢ ᠶᠢᠨ ᠡᠵᠡᠩᠨᠡᠯᠲᠠ ᠶᠢ ᠡᠷᠬᠢᠯᠡᠨ | ᠠᠵᠢᠯ ᠲᠠᠢ ᠪᠤᠯᠬᠤ ᠶᠢ ᠵᠤᠷᠢᠭᠵᠢᠭᠤᠯᠤᠨ᠎ᠠ᠃ | ᠠᠷᠪᠠᠨ ᠨᠢᠭᠡᠳᠦᠭᠡᠷ ᠵᠦᠢᠯ ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠠᠷᠭ᠎ᠠ ᠬᠡᠮᠵᠢᠶ᠎ᠡ ᠠᠪᠴᠤ ᠠᠵᠢᠯ ᠲᠠᠨᠢᠯᠴᠠᠭᠤᠯᠬᠤ | ᠤᠯᠠᠨ ᠬᠡᠯᠪᠡᠷᠢ ᠶᠢᠨ ᠪᠠᠶᠢᠭᠤᠯᠤᠮᠵᠢ ᠶᠢ ᠬᠦᠭᠵᠢᠭᠦᠯᠦᠨ᠂ ᠠᠵᠢᠯ ᠤᠯᠭᠤᠬᠤ ᠦᠢᠯᠡᠴᠢᠯᠡᠭᠡ ᠬᠠᠩᠭᠠᠬᠤ ᠬᠡᠷᠡᠭᠲᠠᠢ᠃ | ᠠᠷᠪᠠᠨ ᠬᠤᠶᠠᠳᠤᠭᠠᠷ ᠵᠦᠢᠯ ᠬᠦᠳᠡᠯᠮᠦᠷᠢᠴᠢᠨ ᠠᠵᠢᠯ ᠤᠯᠬᠤ ᠳᠠᠭᠠᠨ ᠦᠨᠳᠦᠰᠦᠲᠡᠨ᠂ ᠶᠠᠰᠤᠲᠠᠨ᠂ ᠴᠢᠨᠠᠷ ᠤᠨ ᠢᠯᠭᠠᠯ᠂ ᠱᠠᠰᠢᠨ ᠰᠢᠲᠤᠯᠭᠡ ᠠᠳᠠᠯᠢ | ᠦᠭᠡᠢ ᠶᠢᠨ ᠬᠠᠷᠠᠭ᠎ᠠ ᠪᠠᠷ ᠭᠠᠳᠠᠷᠭᠤᠴᠢᠯᠠᠭᠳᠠᠬᠤ ᠦᠭᠡᠢ᠃ | ᠠᠷᠪᠠᠨ ᠭᠤᠷᠪᠠᠳᠤᠭᠠᠷ ᠵᠦᠢᠯ ᠡᠮᠡᠭᠲᠠᠶᠢᠴᠤᠳ ᠡᠷᠡᠭᠲᠠᠶᠢᠴᠣᠳ ᠲᠠᠢ ᠡᠷᠭᠡ ᠲᠡᠭᠰᠢ ᠪᠠᠷ ᠠᠵᠢᠯ ᠤᠯᠬᠤ ᠡᠷᠬᠡ ᠶᠢ ᠡᠳ᠋ᠯᠡᠨ᠎ᠡ᠃ ᠠᠵᠢᠯᠲᠠᠨ ᠠᠵᠢᠯᠴᠢᠨ ᠢ | ᠡᠯᠰᠡᠵᠤ ᠠᠪᠬᠤ ᠳᠠᠭᠠᠨ ᠡᠮᠡᠭᠲᠠᠶᠢᠴᠤᠳ ᠲᠤ ᠲᠤᠬᠢᠷᠠᠬᠤ ᠦᠭᠡᠢ ᠭᠡᠵᠤ ᠤᠯᠤᠰ ᠠᠴᠠ ᠲᠤᠭᠲᠠᠭᠠᠭᠰᠠᠨ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ | ᠴᠢᠨᠠᠷ ᠤᠨ ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠤᠳ ᠢ ᠡᠯᠰᠡᠵᠤ ᠠᠪᠬᠤ ᠦᠭᠡᠢ ᠪᠤᠶᠤ ᠡᠮᠡᠭᠲᠠᠶᠢᠴᠣᠳ ᠢ ᠡᠯᠰᠡᠵᠤ ᠠᠪᠬᠤ ᠪᠠᠷᠢᠮᠵᠢᠶ᠎ᠠ ᠶᠢ ᠲᠡᠭᠡᠭᠰᠢᠯᠡᠭᠦᠯᠵᠤ | ᠪᠤᠯᠬᠤ ᠦᠭᠡᠢ᠃ | ᠠᠷᠪᠠᠨ ᠲᠦᠷᠪᠡᠳᠦᠭᠡᠷ ᠵᠦᠢᠯ ᠵᠡᠮᠳᠡᠭᠴᠤᠳ᠂ ᠴᠦᠬᠡᠨ ᠲᠤᠭᠠᠲᠤ ᠦᠨᠳᠦᠰᠦᠲᠡᠨ ᠤ ᠬᠦᠮᠦᠰ᠂ ᠵᠢᠩᠬᠢᠨᠢ ᠠᠯᠪᠠᠨ ᠠᠴᠠ ᠪᠠᠭᠤᠭᠰᠠᠨ ᠴᠡᠷᠢᠭ ᠤᠨ ᠬᠦᠮᠦᠨ | ᠠᠵᠢᠯ ᠤᠯᠬᠤ ᠳᠤ ᠬᠠᠤᠯᠢ ᠴᠠᠭᠠᠵᠠ ᠬᠠᠤᠯᠢ ᠲᠤᠭᠲᠠᠭᠠᠯ ᠳᠤ ᠤᠨᠴᠠᠭᠠᠢ ᠲᠤᠭᠲᠠᠭᠠᠯ ᠲᠠᠢ ᠪᠠᠶᠢᠪᠠᠯ ᠲᠡᠷᠡ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ | ᠬᠡᠷᠡᠭᠯᠡᠬᠦ ᠶᠢ ᠴᠠᠭᠠᠵᠠᠯᠠᠨ᠎ᠠ᠃ | ᠤᠳᠬ᠎ᠠ ᠤᠷᠠᠯᠢᠭ᠂ ᠪᠡᠶ᠎ᠡ ᠶᠢᠨ ᠲᠠᠮᠢᠷ ᠪᠠ ᠣᠨᠴᠠᠭᠠᠢ ᠲᠦᠷᠦᠯ ᠤᠨ ᠤᠷᠠᠨ ᠮᠡᠷᠭᠡᠰᠢᠯ ᠤᠨ ᠨᠢᠭᠡᠴᠢ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ | ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠳᠡᠭᠡᠨ ᠡᠷᠬᠡᠪᠰᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠢᠨᠠᠨ ᠵᠦᠪᠰᠢᠶᠡᠷᠡᠭᠦᠯᠬᠦ ᠭᠠᠷ | ᠭᠦᠢᠴᠡᠳᠭᠡᠯ ᠢ ᠬᠦᠢᠴᠡᠳᠭᠡᠬᠦ ᠬᠡᠷᠡᠭᠲᠠᠢ ᠪᠦᠭᠡᠳ ᠲᠡᠲᠡ ᠨᠠᠷ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠪᠠᠲᠤᠯᠠᠬᠤ ᠬᠡᠷᠡᠭᠲᠠᠢ᠃ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠠᠷᠪᠠᠨ ᠵᠢᠷᠭᠤᠳᠤᠭᠠᠷ ᠵᠦᠢᠯ ᠬᠦᠳᠡᠯᠮᠦᠷᠢ ᠶᠢᠨ ᠭᠡᠷ᠎ᠡ ᠪᠤᠯ ᠬᠦᠳᠡᠯᠮᠦᠷᠢᠴᠢᠨ ᠬᠢᠭᠡᠳ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠷᠢᠴᠠᠭ᠎ᠠ | ᠪᠠᠶᠢᠭᠤᠯᠬᠤ᠂ ᠬᠤᠶᠠᠷ ᠡᠲᠡᠭᠡᠳ ᠤᠨ ᠡᠷᠬᠡ ᠪᠠ ᠡᠭᠦᠷᠭᠡ ᠪᠠᠨ ᠲᠤᠳᠤᠷᠬᠠᠶᠢᠯᠠᠬᠤ ᠬᠡᠯᠡᠯᠴᠡᠭᠡᠷ ᠮᠦᠨ᠃ | ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ ᠬᠦᠳᠡᠯᠮᠦᠷᠢ ᠶᠢᠨ ᠭᠡᠷ᠎ᠡ ᠪᠠᠶᠢᠭᠤᠯᠬᠤ ᠬᠡᠷᠡᠭᠲᠠᠢ᠃ | ᠠᠷᠪᠠᠨ ᠲᠤᠯᠤᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠪᠠ ᠬᠤᠪᠢᠷᠠᠭᠤᠯᠬᠤ ᠳᠠᠭᠠᠨ ᠡᠷᠬᠡ ᠲᠡᠭᠰᠢ ᠰᠠᠶᠢᠨ ᠲᠤᠷ᠎ᠠ ᠶᠢᠨ᠂ ᠵᠦᠪᠳᠡᠯᠴᠡᠨ | ᠨᠢᠭᠡᠳᠬᠦ ᠵᠠᠷᠴᠢᠮ ᠢ ᠵᠢᠷᠤᠮᠯᠡᠬᠤ ᠬᠡᠷᠡᠭᠲᠠᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠠᠴᠠ ᠵᠦᠷᠢᠴᠡᠵᠤ ᠪᠤᠯᠬᠤ ᠦᠭᠡᠢ᠃ | ᠬᠦᠳᠡᠯᠮᠦᠷᠢ ᠶᠢᠨ ᠭᠡᠷ᠎ᠡ ᠨᠢ ᠬᠠᠤᠯᠢ ᠶᠤᠰᠤᠭᠠᠷ ᠲᠤᠭᠲᠠᠭᠠᠭᠳᠠᠮᠠᠭᠴᠠ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ ᠪᠤᠯᠤᠨ᠎ᠠ᠂ ᠬᠦᠳᠡᠯᠮᠦᠷᠢ ᠶᠢᠨ | ᠭᠡᠷ᠎ᠡ ᠳᠤ ᠲᠤᠭᠲᠠᠭᠠᠭᠰᠠᠨ ᠡᠭᠦᠷᠭᠡ ᠶᠢ ᠲᠤᠬᠠᠢ ᠶᠢᠨ ᠬᠦᠮᠦᠨ ᠡᠷᠬᠡᠪᠰᠢ ᠬᠦᠢᠴᠡᠳᠭᠡᠬᠦ ᠬᠡᠷᠡᠭᠲᠠᠢ᠃ | ᠠᠷᠪᠠᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠬᠦᠳᠡᠯᠮᠦᠷᠢ ᠶᠢᠨ ᠭᠡᠷ᠎ᠡ ᠬᠦᠴᠦᠨ ᠦᠭᠡᠢ᠄ | ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠠᠴᠠ ᠵᠦᠷᠢᠴᠡᠭᠰᠡᠨ ᠬᠦᠳᠡᠯᠮᠦᠷᠢ ᠶᠢᠨ ᠭᠡᠷ᠎ᠡ︔ | ︵ᠬᠤᠶᠠᠷ︶ ᠮᠡᠬᠡᠯᠡᠨ ᠬᠢᠬᠠᠬᠤ᠂ ᠰᠦᠷᠳᠡᠭᠦᠯᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠤᠭᠲᠠᠭᠠᠭᠰᠠᠨ ᠬᠦᠳᠡᠯᠮᠦᠷᠢ ᠶᠢᠨ ᠭᠡᠷ᠎ᠡ︔ | ᠬᠦᠴᠦᠨ ᠦᠭᠡᠢ ᠬᠦᠳᠡᠯᠮᠦᠷᠢ ᠶᠢᠨ ᠭᠡᠷ᠎ᠡ ᠨᠢ ᠲᠤᠭᠲᠠᠭᠠᠭᠳᠠᠭᠰᠠᠨ ᠴᠠᠭ ᠠᠴᠠ ᠪᠠᠨ ᠡᠬᠢᠯᠡᠭᠡᠳ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠦᠭᠡᠢ᠃ | ᠬᠦᠳᠡᠯᠮᠦᠷᠢ ᠶᠢᠨ ᠭᠡᠷ᠎ᠡ ᠶᠢᠨ ᠨᠢᠭᠡ ᠬᠡᠰᠡᠭ ᠨᠢ ᠬᠦᠴᠦᠨ ᠦᠭᠡᠢ ᠭᠡᠵᠤ ᠨᠤᠲᠠᠯᠠᠭᠳᠠᠭᠰᠠᠨ ᠪᠤᠯᠪᠠᠴᠤ ᠲᠡᠷᠡ ᠨᠢ ᠪᠤᠰᠤᠳ ᠬᠡᠰᠡᠭ ᠤᠨ ᠬᠦᠴᠦᠨ ᠢ ᠨᠦᠯᠦᠭᠡᠯᠡᠬᠦ | ᠦᠭᠡᠢ ᠪᠤᠯ ᠪᠤᠰᠤᠳ ᠬᠡᠰᠡᠭ ᠨᠢ ᠮᠦᠨ ᠬᠦ ᠬᠦᠴᠦᠨ ᠲᠠᠢ᠃ | ᠬᠦᠳᠡᠯᠮᠦᠷᠢ ᠶᠢᠨ ᠭᠡᠷ᠎ᠡ ᠶᠢᠨ ᠬᠦᠴᠦᠨ ᠦᠭᠡᠢ ᠪᠤᠯᠬᠤ ᠶᠢ ᠬᠦᠳᠡᠯᠮᠦᠷᠢ ᠶᠢᠨ ᠮᠠᠷᠭᠤᠭᠠᠨ ᠤ ᠬᠦᠨᠳᠡᠯᠡᠨ ᠠᠴᠠ ᠲᠠᠰᠤᠯᠬᠤ ᠺᠤᠮᠢᠰ ᠪᠤᠶᠤ ᠠᠷᠠᠳ ᠤᠨ ᠰᠢᠭᠦᠬᠦ | ᠬᠤᠷᠢᠶᠠᠨ ᠠᠴᠠ ᠨᠤᠲᠠᠯᠠᠨ ᠲᠣᠭᠲᠠᠭᠠᠨ᠎ᠠ᠃ | ᠠᠷᠪᠠ ᠶᠢᠰᠤᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢ ᠪᠢᠴᠢᠭ ᠢᠶᠠᠷ ᠲᠤᠭᠲᠠᠭᠠᠬᠤ ᠬᠡᠷᠡᠭᠲᠠᠢ ᠪᠦᠭᠡᠳ ᠲᠤᠤᠷᠠᠬᠢ ᠵᠦᠢᠯ ᠪᠠᠳᠠᠭ ᠢ ᠪᠦᠷᠢᠯᠳᠤᠭᠦᠯᠦᠭᠰᠡᠨ | ᠪᠠᠶᠢᠬᠤ ᠬᠡᠷᠡᠭᠲᠠᠢ᠄ | ︵ᠨᠢᠭᠡ︶ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ︔ | ︵ᠬᠤᠶᠠᠷ︶ ᠠᠵᠢᠯ ᠤᠨ ᠠᠭᠤᠯᠭ᠎ᠠ︔ | ︵ᠭᠤᠷᠪᠠ︶ ᠬᠦᠳᠡᠯᠮᠦᠷᠢ ᠶᠢᠨ ᠬᠠᠮᠠᠭᠠᠯᠠᠯᠲᠠ ᠪᠠ ᠬᠦᠳᠡᠯᠮᠦᠷᠢ ᠶᠢᠨ ᠨᠦᠬᠦᠴᠡᠯ︔ | ︵ᠲᠦᠷᠪᠡ︶ ᠬᠦᠳᠡᠯᠮᠦᠷᠢ ᠶᠢᠨ ᠬᠦᠯᠦᠰᠤ ᠤᠯᠭᠤᠮᠵᠢ︔ | ︵ᠲᠠᠪᠤ︶ ᠬᠦᠳᠡᠯᠮᠦᠷᠢ ᠶᠢᠨ ᠰᠠᠬᠢᠯᠭ᠎ᠠ ᠪᠠᠲᠤ︔ | ︵ᠵᠢᠷᠭᠤᠭ᠎ᠠ︶ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ︔ | ︵ᠲᠤᠯᠤᠭ᠎ᠠ︶ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃ | ᠬᠦᠳᠡᠯᠮᠦᠷᠢ ᠶᠢᠨ ᠭᠡᠷ᠎ᠡ ᠳᠤ ᠡᠮᠦᠨᠡᠬᠢ ᠪᠠᠳᠠᠭ ᠲᠤ ᠲᠤᠭᠲᠠᠭᠠᠭᠰᠠᠨ ᠡᠷᠬᠡᠪᠰᠢ ᠪᠦᠷᠢᠯᠳᠦᠭᠦᠯᠬᠦ ᠬᠡᠷᠡᠭᠲᠠᠢ ᠵᠦᠢᠯ ᠪᠠᠶᠢᠳᠠᠭ ᠠᠴᠠ ᠭᠠᠳᠠᠨ᠎ᠠ ᠲᠤᠬᠠᠢ ᠶᠢᠨ | ᠬᠦᠮᠦᠨ ᠨᠢ ᠪᠤᠰᠤᠳ ᠠᠭᠤᠯᠭ᠎ᠠ ᠶᠢ ᠵᠦᠪᠳᠡᠯᠴᠡᠨ ᠲᠤᠭᠲᠠᠭᠠᠵᠤ ᠪᠤᠯᠤᠨ᠎ᠠ᠃ | ᠬᠤᠷᠢᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ ᠢ ᠲᠤᠭᠳᠠᠮᠠᠯ ᠴᠠᠭ ᠬᠤᠭᠤᠴᠠᠭᠠᠨ ᠤ ᠬᠢᠵᠠᠭᠠᠷ ᠲᠠᠢ᠂ ᠲᠤᠭᠲᠠᠮᠠᠯ ᠴᠠᠭ | ᠬᠤᠭᠤᠴᠠᠭᠠᠨ ᠤ ᠬᠢᠵᠠᠭᠠᠷ ᠦᠭᠡᠢ᠂ ᠵᠤᠬᠢᠬᠤ ᠠᠵᠢᠯ ᠢ ᠪᠡᠶᠡᠯᠡᠭᠦᠯᠬᠦ ᠪᠠᠷ ᠴᠠᠭ ᠬᠤᠭᠤᠴᠠᠭᠠᠨ ᠤ ᠬᠢᠵᠠᠭᠠᠷ ᠪᠤᠯᠭᠠᠭᠰᠠᠨ ᠭᠡᠵᠤ ᠬᠤᠪᠢᠶᠠᠨ᠎ᠠ᠃ | ᠬᠦᠳᠡᠯᠮᠦᠷᠢᠴᠢᠨ ᠬᠦᠮᠦᠨ ᠬᠡᠷᠡᠭᠯᠡᠬᠦ ᠨᠢᠭᠡᠴᠢ ᠳᠤ ᠵᠠᠯᠭᠠᠭᠠᠪᠡᠷ ᠠᠷᠪᠠᠨ ᠵᠢᠯ ᠠᠴᠠ ᠲᠡᠭᠡᠭᠰᠢ ᠠᠵᠢᠯᠯᠠᠭᠠᠳ ᠬᠤᠶᠠᠷ ᠲᠠᠯ᠎ᠠ ᠶᠢᠨ ᠲᠤᠬᠠᠢ ᠶᠢᠨ ᠬᠦᠮᠦᠨ | ᠬᠦᠳᠡᠯᠮᠦᠷᠢ ᠶᠢᠨ ᠭᠡᠷ᠎ᠡ ᠶᠢ ᠦᠷᠭᠦᠯᠵᠢᠯᠡᠬᠦᠯᠬᠦ ᠶᠢ ᠵᠦᠪᠰᠢᠶᠡᠷᠡᠵᠤ᠂ ᠬᠦᠳᠡᠯᠮᠦᠷᠢᠴᠢᠨ ᠠᠴᠠ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ | ᠭᠡᠷ᠎ᠡ ᠲᠤᠭᠲᠠᠭᠠᠬᠤ ᠪᠠᠷ ᠲᠤᠷᠠᠳᠤᠭᠰᠠᠨ ᠪᠠᠶᠢᠪᠠᠯ ᠲᠤᠭᠲᠠᠭᠰᠠᠨ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠬᠡᠷᠡᠭᠲᠠᠢ᠃ | ᠬᠤᠷᠢᠨ ᠨᠢᠭᠡᠳᠦᠭᠡᠷ ᠵᠦᠢᠯ ᠬᠦᠳᠡᠯᠮᠦᠷᠢ ᠶᠢᠨ ᠭᠡᠷ᠎ᠡ ᠳᠤ ᠲᠤᠷᠰᠢᠨ ᠬᠡᠷᠡᠭᠯᠡᠬᠦ ᠬᠤᠭᠤᠴᠠᠭ᠎ᠠ ᠲᠤᠭᠲᠠᠭᠠᠵᠤ ᠪᠤᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ | ᠬᠠᠮᠤᠭ ᠤᠷᠲᠤ ᠳᠠᠭᠠᠨ ᠵᠢᠷᠭᠤᠭᠠᠨ ᠰᠠᠷ᠎ᠠ ᠠᠴᠠ ᠬᠡᠲᠤᠷᠡᠵᠤ ᠪᠤᠯᠬᠤ ᠦᠭᠡᠢ᠃ | ᠬᠤᠷᠢᠨ ᠬᠤᠶᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠢ ᠶᠢᠨ | ᠬᠤᠳᠠᠯᠳᠣᠭᠠᠨ ᠤ ᠨᠢᠭᠤᠴᠠ ᠶᠢ ᠬᠠᠮᠠᠭᠠᠯᠠᠬᠤ ᠲᠤᠬᠠᠢ ᠬᠤᠯᠪᠤᠭᠳᠠᠯ ᠪᠦᠬᠦᠢ ᠤᠴᠢᠷ ᠶᠠᠪᠤᠳᠠᠯ ᠢ ᠲᠤᠭᠲᠠᠭᠠᠵᠤ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ ᠪᠤᠶᠤ ᠲᠤᠬᠠᠢ ᠶᠢᠨ ᠬᠦᠮᠦᠨ ᠤ ᠲᠤᠭᠲᠠᠭᠠᠭᠰᠠᠨ | ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ ᠭᠠᠷᠤᠭᠰᠠᠨ ᠪᠠᠶᠢᠪᠠᠯ ᠬᠦᠳᠡᠯᠮᠦᠷᠢ ᠶᠢᠨ ᠭᠡᠷ᠎ᠡ ᠶᠢ ᠲᠠᠷᠤᠢ ᠳᠤᠨᠢ ᠲᠠᠭᠤᠰᠬᠠᠨ᠎ᠠ᠃ | ᠬᠤᠷᠢᠨ ᠲᠦᠷᠪᠡᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠵᠦᠪᠳᠡᠯᠴᠡᠭᠡᠳ ᠰᠠᠨᠠᠯ ᠨᠢᠭᠡᠳᠪᠡᠯ ᠬᠦᠳᠡᠯᠮᠦᠷᠢ ᠶᠢᠨ ᠭᠡᠷ᠎ᠡ ᠶᠢ ᠬᠦᠴᠦᠨ | ᠦᠭᠡᠢ ᠪᠤᠯᠭᠠᠵᠤ ᠪᠤᠯᠤᠨ᠎ᠠ᠃ | ᠬᠤᠷᠢᠨ ᠲᠠᠪᠤᠳᠤᠭᠠᠷ ᠵᠦᠢᠯ ᠬᠦᠳᠡᠯᠮᠦᠷᠢᠴᠢᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ | ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ | ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ ᠬᠤᠭᠤᠴᠠᠭᠠᠨ ᠳᠤ ᠭᠡᠷᠡᠴᠢᠯᠡᠭᠳᠡᠭᠰᠡᠨ︔ | ︵ᠬᠤᠶᠠᠷ︶ ᠬᠦᠳᠡᠯᠮᠦᠷᠢ ᠶᠢᠨ ᠰᠠᠬᠢᠯᠭ᠎ᠠ ᠪᠠᠲᠤ ᠪᠤᠶᠤ ᠬᠦᠮᠦᠨ ᠬᠡᠷᠡᠭᠯᠡᠬᠦ ᠨᠢᠭᠡᠴᠢ ᠶᠢᠨ ᠲᠦᠷᠢᠮ ᠲᠤᠭᠲᠠᠭᠠᠯ ᠠᠴᠠ ᠬᠦᠨᠳᠤ ᠨᠤᠴᠢᠲᠠᠢ ᠵᠦᠷᠢᠴᠡᠭᠰᠡᠨ︔ | ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠬᠦᠨᠳᠤ ᠰᠦᠷᠡᠬᠡᠢ ᠠᠯᠳᠠᠵᠤ᠂ ᠠᠷᠭ᠎ᠠ ᠵᠠᠯᠢ ᠬᠡᠷᠡᠭᠯᠡᠨ ᠠᠮᠢᠨ ᠳᠠᠭᠠᠨ ᠲᠠᠲᠠᠭᠠᠳ ᠬᠦᠮᠦᠨ ᠬᠡᠷᠡᠭᠯᠡᠬᠦ ᠨᠢᠭᠡᠴᠢ ᠶᠢᠨ | ᠠᠰᠢᠭ ᠲᠤᠰᠠ ᠳᠤ ᠬᠦᠨᠳᠤ ᠶᠡᠭᠡ ᠬᠤᠬᠢᠷᠠᠯ ᠤᠴᠠᠷᠠᠭᠤᠯᠤᠭᠰᠠᠨ︔ | ︵ᠲᠦᠷᠪᠡ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃ | ᠬᠤᠷᠢᠨ ᠵᠢᠷᠭᠤᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ | ᠦᠭᠡᠢ ᠪᠤᠯᠭᠠᠵᠤ ᠪᠤᠯᠤᠨ᠎ᠠ᠂ ᠭᠡᠭᠦ ᠳᠡᠭᠡᠨ ᠡᠭᠦᠨ ᠢᠶᠠᠨ ᠭᠤᠴᠢ ᠬᠤᠨᠤᠭ ᠤᠨ ᠡᠮᠦᠨ᠎ᠡ ᠬᠦᠳᠡᠯᠮᠦᠷᠢᠴᠢᠨ ᠲᠤᠰ ᠬᠦᠮᠦᠨ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠄ | ︵ᠨᠢᠭᠡ︶ ᠬᠦᠳᠡᠯᠮᠦᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠲᠠᠭᠠᠨ ᠢᠶᠠᠷ ᠰᠢᠷᠬᠠᠲᠤᠭᠠᠳ ᠡᠮᠴᠢᠯᠡᠭᠦᠯᠬᠦ ᠬᠤᠭᠤᠴᠠᠭ᠎ᠠ ᠨᠢ ᠲᠦᠭᠦᠷᠦᠭᠰᠡᠨ ᠤ | ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ ᠦᠭᠡᠢ ᠪᠤᠯᠤᠭᠰᠠᠨ ᠪᠦᠭᠡᠳ ᠬᠦᠮᠦᠨ ᠬᠡᠷᠡᠭᠯᠡᠬᠦ ᠨᠢᠭᠡᠴᠢ ᠠᠴᠠ ᠠᠰ ᠲᠤᠨᠢ ᠲᠤᠬᠢᠷᠠᠭᠤᠯᠤᠭᠰᠠᠨ ᠠᠵᠢᠯ ᠢ ᠴᠤ | ᠬᠢᠵᠤ ᠴᠢᠳᠠᠬᠤ ᠦᠭᠡᠢ ᠪᠤᠯᠤᠭᠰᠠᠨ︔ | ︵ᠬᠤᠶᠠᠷ︶ ᠬᠦᠳᠡᠯᠮᠦᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠯ ᠬᠢᠯᠭᠡᠬᠦ ᠪᠤᠶᠤ ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ ᠪᠠᠷ | ᠲᠠᠮᠵᠢᠭᠠᠳ ᠪᠠᠰᠠ ᠠᠵᠢᠯ ᠢᠶᠠᠨ ᠬᠢᠵᠤ ᠲᠡᠶᠢᠯᠬᠦ ᠦᠭᠡᠢ ᠪᠠᠶᠢᠬᠤ︔ | ︵ᠭᠤᠷᠪᠠ︶ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠦᠶ᠎ᠡ ᠳᠤ ᠡᠰᠢ ᠪᠠᠷᠢᠮᠳᠠ ᠪᠤᠯᠭᠠᠭᠰᠠᠨ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ | ᠭᠠᠷᠤᠭᠠᠳ ᠤᠤᠯ ᠬᠦᠳᠡᠯᠮᠦᠷᠢ ᠶᠢᠨ ᠭᠡᠷ᠎ᠡ ᠶᠢ ᠬᠡᠷᠡᠭᠵᠢᠭᠦᠯᠬᠦ ᠶᠢᠨ ᠠᠷᠭ᠎ᠠ ᠦᠭᠡᠢ ᠪᠤᠯᠵᠤ᠂ ᠲᠤᠬᠠᠢ ᠶᠢᠨ ᠬᠦᠮᠦᠰ ᠵᠦᠪᠳᠡᠯᠴᠡᠭᠡᠳ ᠬᠦᠳᠡᠯᠮᠦᠷᠢ ᠶᠢᠨ ᠭᠡᠷ᠎ᠡ ᠶᠢ | ᠬᠤᠪᠢᠷᠠᠭᠤᠯᠬᠤ ᠲᠤᠬᠠᠢ ᠬᠡᠯᠡᠯᠴᠡᠭᠡᠷ ᠲᠤᠬᠢᠷᠠᠵᠤ ᠴᠢᠳᠠᠬᠤ ᠦᠭᠡᠢ ᠪᠤᠯᠤᠭᠰᠠᠨ᠃ | ᠬᠤᠷᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠠᠮᠪᠠᠷᠠᠬᠤ ᠰᠢᠬᠠᠭᠠᠳ ᠬᠠᠤᠯᠢ ᠶᠤᠰᠤᠭᠠᠷ ᠴᠡᠭᠴᠡᠯᠡᠬᠦ ᠬᠤᠭᠤᠴᠠᠭᠠᠨ ᠳᠤ ᠪᠠᠶᠢᠬᠤ ᠪᠤᠶᠤ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤᠨᠢ ᠬᠦᠨᠳᠤ ᠬᠡᠴᠡᠭᠦᠦ ᠬᠦᠴᠢᠷᠳᠡᠯ ᠭᠠᠷᠤᠭᠠᠳ ᠦᠨᠡᠬᠡᠷ ᠬᠦᠮᠦᠨ ᠬᠠᠰᠤᠬᠤ ᠴᠢᠬᠤᠯᠠ ᠲᠠᠢ ᠪᠠᠶᠢᠪᠠᠯ᠂ ᠭᠤᠴᠢ | ᠬᠤᠨᠤᠭ ᠤᠨ ᠡᠮᠦᠨ᠎ᠡ ᠠᠵᠢᠯᠴᠢᠨ ᠤ ᠡᠪᠯᠡᠯ ᠪᠤᠶᠤ ᠪᠦᠬᠦ ᠠᠵᠢᠯᠲᠠᠨ ᠠᠵᠢᠯᠴᠢᠨ ᠳᠤ ᠪᠠᠶᠢᠳᠠᠯ ᠢᠶᠠᠨ ᠲᠤᠳᠤᠷᠬᠠᠶᠢᠯᠠᠨ ᠦᠭᠴᠤ ᠠᠵᠢᠯᠴᠢᠨ ᠤ ᠡᠪᠯᠡᠯ ᠪᠤᠶᠤ | ᠠᠵᠢᠯᠲᠠᠨ ᠠᠵᠢᠯᠴᠢᠨ ᠤ ᠰᠠᠨᠠᠯ ᠢ ᠰᠣᠨᠤᠰᠴᠤ᠂ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ | ᠪᠤᠯᠤᠨ᠎ᠠ᠃ | ᠬᠦᠮᠦᠨ ᠬᠡᠷᠡᠭᠯᠡᠬᠦ ᠨᠢᠭᠡᠴᠢ ᠲᠤᠰ ᠵᠦᠢᠯ ᠤᠨ ᠲᠤᠭᠲᠠᠭᠠᠯ ᠶᠤᠰᠤᠭᠠᠷ ᠬᠦᠮᠦᠨ ᠬᠠᠰᠤᠭᠠᠳ ᠵᠢᠷᠭᠤᠭᠠᠨ ᠰᠠᠷ᠎ᠠ ᠶᠢᠨ ᠲᠤᠲᠤᠷ᠎ᠠ ᠬᠦᠮᠦᠨ ᠡᠯᠰᠡᠵᠤ ᠬᠡᠷᠡᠭᠯᠡᠪᠡᠯ | ᠬᠠᠰᠤᠭᠳᠠᠭᠰᠠᠨ ᠬᠦᠮᠦᠰ ᠢ ᠣᠷᠢᠳ ᠢᠶᠠᠷ ᠡᠯᠰᠡᠵᠤ ᠬᠡᠷᠡᠭᠯᠡᠬᠦ ᠬᠡᠷᠡᠭᠲᠠᠢ᠃ | ᠬᠤᠷᠢᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠲᠦᠷᠪᠡᠳᠦᠭᠡᠷ ᠵᠦᠢᠯ᠂ ᠬᠤᠷᠢᠨ ᠵᠢᠷᠭᠤᠳᠤᠭᠠᠷ ᠵᠦᠢᠯ᠂ ᠬᠤᠷᠢᠨ | ᠲᠤᠯᠤᠳᠤᠭᠠᠷ ᠵᠦᠢᠯ ᠤᠨ ᠲᠤᠭᠲᠠᠭᠠᠯ ᠢ ᠦᠨᠳᠤᠰᠦᠯᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠠᠶᠢᠪᠠᠯ ᠤᠯᠤᠰ ᠤᠨ ᠬᠤᠯᠪᠤᠭᠳᠠᠯ ᠪᠦᠬᠦᠢ | ᠲᠤᠭᠲᠠᠭᠠᠯ ᠶᠤᠰᠤᠭᠠᠷ ᠠᠵᠤ ᠠᠬᠤᠢ ᠶᠢᠨ ᠲᠦᠯᠦᠪᠦᠷᠢ ᠤᠯᠭᠤᠬᠤ ᠬᠡᠷᠡᠭᠲᠠᠢ᠃ | ᠬᠤᠷᠢ ᠶᠢᠰᠤᠳᠦᠭᠡᠷ ᠵᠦᠢᠯ ᠬᠦᠳᠡᠯᠮᠦᠷᠢᠴᠢᠳ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ | ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢᠶᠠᠷ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄ | ︵ᠨᠢᠭᠡ︶ ᠠᠵᠢᠯ ᠤᠨ ᠴᠢᠨᠠᠷᠲᠠᠢ ᠡᠪᠡᠳᠴᠢᠨ ᠤᠯᠤᠭᠰᠠᠨ ᠪᠤᠶᠤ ᠠᠵᠢᠯ ᠤᠨ ᠬᠠᠷᠠᠭ᠎ᠠ ᠪᠠᠷ ᠰᠢᠷᠬᠠᠲᠤᠭᠠᠳ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ | ᠪᠤᠶᠤ ᠬᠡᠰᠡᠭ ᠲᠠᠯ᠎ᠠ ᠪᠠᠷ ᠠᠯᠳᠠᠭᠰᠠᠨ ᠭᠡᠵᠤ ᠲᠤᠳᠤᠯᠠᠭᠳᠠᠭᠰᠠᠨ︔ | ︵ᠬᠤᠶᠠᠷ︶ ᠡᠪᠡᠳᠴᠢᠯᠡᠭᠰᠡᠨ ᠪᠤᠶᠤ ᠰᠢᠷᠬᠠᠲᠤᠭᠠᠳ ᠲᠤᠭᠲᠠᠭᠰᠠᠨ ᠡᠮᠨᠡᠭᠦᠯᠬᠦ ᠬᠤᠭᠤᠴᠠᠭᠠᠨ ᠳᠤ | ᠪᠠᠶᠢᠬᠤ︔ | ︵ᠭᠤᠷᠪᠠ︶ ᠡᠮᠡᠭᠲᠠᠢ ᠠᠵᠢᠯᠲᠠᠨ ᠠᠵᠢᠯᠴᠢᠨ ᠵᠢᠷᠮᠦᠰᠦᠨ ᠬᠤᠭᠤᠴᠠᠭ᠎ᠠ᠂ ᠬᠦᠩᠭᠡᠵᠢᠬᠦ ᠬᠤᠭᠤᠴᠠᠭ᠎ᠠ᠂ ᠬᠦᠬᠦᠭᠦᠯᠬᠦ ᠬᠤᠭᠤᠴᠠᠭᠠᠨ ᠳᠠᠭᠠᠨ ᠪᠠᠶᠢᠬᠤ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠪᠠᠶᠢᠳᠠᠯ ᠤᠳ᠃ | ᠭᠤᠴᠢᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ ᠠᠵᠢᠯᠴᠢᠨ ᠤ ᠡᠪᠯᠡᠯ ᠲᠤᠬᠢᠷᠠᠮᠵᠢ ᠦᠭᠡᠢ | ᠭᠡᠵᠤ ᠦᠵᠡᠪᠡᠯ ᠰᠠᠨᠠᠯ ᠭᠠᠷᠭᠠᠬᠤ ᠡᠷᠬᠡ ᠲᠠᠢ᠃ ᠬᠡᠷᠪᠡ ᠬᠦᠮᠦᠨ ᠬᠡᠷᠡᠭᠯᠡᠬᠦ ᠨᠢᠭᠡᠴᠢ ᠬᠠᠤᠯᠢ ᠴᠠᠭᠠᠵᠠ ᠬᠠᠤᠯᠢ ᠲᠤᠭᠲᠠᠭᠠᠯ ᠪᠤᠶᠤ ᠬᠦᠳᠡᠯᠮᠦᠷᠢ ᠶᠢᠨ ᠭᠡᠷ᠎ᠡ ᠠᠴᠠ | ᠵᠦᠷᠢᠴᠡᠭᠰᠡᠨ ᠪᠠᠶᠢᠪᠠᠯ ᠠᠵᠢᠯᠴᠢᠨ ᠤ ᠡᠪᠯᠡᠯ ᠲᠠᠬᠢᠵᠤ ᠰᠢᠢᠳᠪᠦᠷᠢᠯᠡᠭᠦᠯᠬᠦ ᠪᠠᠷ ᠱᠠᠭᠠᠷᠳᠠᠬᠤ ᠡᠷᠬᠡ ᠲᠠᠢ᠃ ᠬᠦᠳᠡᠯᠮᠦᠷᠢᠴᠢᠨ ᠬᠦᠨᠳᠡᠯᠡᠨ ᠠᠴᠠ ᠲᠠᠰᠤᠯᠤᠭᠤᠯᠬᠤ ᠪᠠᠷ | ᠭᠤᠶᠤᠴᠢᠯᠠᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠪᠠᠶᠢᠪᠠᠯ ᠠᠵᠢᠯᠴᠢᠨ ᠤ ᠡᠪᠯᠡᠯ ᠬᠠᠤᠯᠢ ᠶᠤᠰᠤᠭᠠᠷ ᠲᠠᠮᠵᠢᠵᠤ ᠬᠠᠪᠰᠤᠷᠬᠤ ᠬᠡᠷᠡᠭᠲᠠᠢ᠃ | ᠭᠤᠴᠢᠨ ᠨᠢᠭᠡᠳᠦᠭᠡᠷ ᠵᠦᠢᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠭᠡᠪᠡᠯ ᠭᠤᠴᠢ ᠬᠤᠨᠤᠭ ᠤᠨ ᠡᠮᠦᠨ᠎ᠡ ᠬᠦᠮᠦᠨ | ᠬᠡᠷᠡᠭᠯᠡᠬᠦ ᠨᠢᠭᠡᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃ | ᠭᠤᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠤ ᠪᠠᠷ ᠬᠦᠮᠦᠨ ᠬᠡᠷᠡᠭᠯᠡᠬᠦ ᠨᠢᠭᠡᠴᠢ ᠳᠤ ᠴᠠᠭ ᠲᠤᠬᠠᠢ ᠳᠤᠨᠢ ᠮᠡᠳᠡᠭᠳᠡᠵᠤ ᠪᠤᠯᠤᠨ᠎ᠠ᠄ | ︵ᠨᠢᠭᠡ︶ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠬᠤ︔ | ︵ᠬᠤᠶᠠᠷ︶ ᠬᠦᠮᠦᠨ ᠬᠡᠷᠡᠭᠯᠡᠬᠦ ᠨᠢᠭᠡᠴᠢ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ | ᠠᠷᠭ᠎ᠠ ᠪᠠᠷᠢᠯ ᠢᠶᠠᠷ ᠠᠯᠪᠠᠳᠠᠨ ᠬᠦᠳᠡᠯᠮᠦᠷᠢᠯᠡᠭᠦᠯᠦᠭᠰᠡᠨ︔ | ︵ᠭᠤᠷᠪᠠ︶ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢᠨ ᠲᠤᠭᠲᠠᠭᠠᠯ ᠶᠤᠰᠤᠭᠠᠷ ᠬᠦᠳᠡᠯᠮᠦᠷᠢ ᠶᠢᠨ ᠬᠦᠯᠦᠰᠦ ᠣᠯᠭᠤᠮᠵᠢ ᠤᠯᠭᠤᠭᠰᠨ ᠦᠭᠡᠢ | ᠪᠤᠶᠤ ᠬᠦᠳᠡᠯᠮᠦᠷᠢᠯᠡᠬᠦ ᠨᠦᠬᠦᠴᠡᠯ ᠦᠯᠦ | ᠬᠠᠩᠭᠠᠭᠰᠠᠨ᠃ | ᠭᠤᠴᠢᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠠᠯ᠎ᠠ ᠪᠠ ᠠᠵᠤ ᠠᠬᠤᠶᠢᠯᠠᠯ ᠬᠤᠭᠤᠷᠤᠨᠳᠤ ᠪᠠᠨ ᠬᠦᠳᠡᠯᠮᠦᠷᠢ ᠶᠢᠨ | ᠬᠦᠯᠦᠰᠤ ᠤᠯᠭᠤᠮᠵᠢ᠂ ᠠᠵᠢᠯᠯᠠᠬᠤ ᠴᠠᠭ᠂ ᠠᠮᠠᠷᠠᠬᠤ᠂ ᠠᠮᠠᠷᠠᠯᠲᠠ ᠶᠢᠨ ᠴᠢᠯᠦᠭᠡ ᠠᠪᠬᠤ᠂ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ᠂ | ᠲᠠᠭᠠᠳᠬᠠᠯ ᠠᠰᠠᠷᠠᠮᠵᠢ ᠵᠡᠷᠭᠡ ᠤᠴᠢᠷ ᠶᠠᠪᠤᠳᠠᠯ ᠤᠨ ᠲᠤᠬᠠᠢ ᠬᠠᠮᠲᠤ ᠶᠢᠨ ᠭᠡᠷ᠎ᠡ ᠲᠤᠭᠲᠠᠭᠠᠵᠤ ᠪᠤᠯᠤᠨ᠎ᠠ᠃ ᠬᠠᠮᠲᠤ ᠶᠢᠨ ᠭᠡᠷ᠎ᠡ ᠶᠢᠨ ᠲᠦᠰᠦᠯ ᠢ ᠠᠵᠢᠯᠲᠠᠨ | ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠲᠠᠨ ᠠᠵᠢᠯᠴᠢᠨ ᠳᠤ ᠲᠡᠪᠰᠢᠭᠦᠯᠦᠨ ᠶᠠᠷᠢᠯᠴᠠᠭᠤᠯᠵᠤ ᠪᠠᠲᠤᠯᠠᠭᠤᠯᠬᠤ ᠬᠡᠷᠡᠭᠲᠠᠢ᠃ | ᠬᠠᠮᠲᠤ ᠶᠢᠨ ᠭᠡᠷ᠎ᠡ ᠶᠢ ᠠᠵᠢᠯᠴᠢᠨ ᠤ ᠡᠪᠯᠡᠯ ᠠᠴᠠ ᠠᠵᠢᠯᠲᠠᠨ ᠠᠵᠢᠯᠴᠢᠨ ᠢ ᠲᠦᠯᠦᠭᠡᠯᠡᠨ ᠠᠵᠤ ᠠᠬᠤᠶᠢᠯᠠᠯ ᠯᠤᠭ᠎ᠠ ᠲᠤᠭᠲᠠᠭᠠᠨ᠎ᠠ︔ ᠠᠵᠢᠯᠴᠢᠨ ᠤ ᠡᠪᠯᠡᠯ | ᠪᠠᠶᠢᠭᠤᠯᠤᠭᠰᠠᠨ ᠦᠭᠡᠢ ᠠᠵᠤ ᠠᠬᠤᠶᠢᠯᠠᠯ ᠳᠤ ᠪᠤᠯ ᠠᠵᠢᠯᠲᠠᠨ ᠠᠵᠢᠯᠴᠢᠨ ᠤ ᠰᠤᠩᠭᠤᠭᠰᠠᠨ ᠲᠦᠯᠦᠭᠡᠯᠡᠭᠴᠢ ᠠᠵᠤ ᠠᠬᠤᠶᠢᠯᠠᠯ ᠯᠤᠭ᠎ᠠ ᠲᠤᠭᠲᠠᠭᠠᠨ᠎ᠠ᠃ | ᠭᠤᠴᠢᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠶᠢ ᠲᠤᠭᠲᠠᠭᠠᠭᠰᠠᠨ ᠤ ᠲᠠᠷᠠᠭ᠎ᠠ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ | ᠲᠡᠪᠰᠢᠭᠦᠯᠬᠦ ᠬᠡᠷᠡᠭᠲᠠᠢ︔ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠠᠮᠲᠤ ᠶᠢᠨ ᠭᠡᠷ᠎ᠡ ᠶᠢᠨ ᠪᠢᠴᠢᠭ ᠢ ᠤᠯᠵᠤ ᠠᠪᠤᠭᠰᠠᠨ ᠡᠳᠦᠷ ᠠᠴᠠ ᠡᠬᠢᠯᠡᠨ | ᠠᠷᠪᠠᠨ ᠲᠠᠪᠤᠨ ᠬᠤᠨᠤᠭ ᠤᠨ ᠲᠤᠲᠤᠷ᠎ᠠ ᠤᠨᠳᠤᠤ ᠰᠠᠨᠠᠯ ᠭᠠᠷᠭᠠᠭᠰᠠᠨ ᠦᠭᠡᠢ ᠪᠠᠶᠢᠪᠠᠯ ᠬᠠᠮᠲᠤ ᠶᠢᠨ ᠭᠡᠷ᠎ᠡ ᠲᠠᠷᠤᠢ ᠬᠦᠴᠦᠨ ᠲᠠᠢ ᠪᠤᠯᠤᠨ᠎ᠠ᠃ | ᠭᠤᠴᠢᠨ ᠲᠠᠪᠤᠳᠤᠭᠠᠷ ᠵᠦᠢᠯ ᠬᠠᠤᠯᠢ ᠶᠤᠰᠤᠭᠠᠷ ᠲᠤᠭᠲᠠᠭᠠᠭᠰᠠᠨ ᠬᠠᠮᠲᠤ ᠶᠢᠨ ᠭᠡᠷ᠎ᠡ ᠨᠢ ᠠᠵᠤ ᠠᠬᠤᠶᠢᠯᠠᠯ ᠪᠠ ᠠᠵᠤ ᠠᠬᠤᠶᠢᠯᠠᠯ ᠤᠨ ᠪᠦᠬᠦ ᠠᠵᠢᠯᠲᠠᠨ | ᠠᠵᠢᠯᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯᠲᠠᠨ ᠠᠵᠢᠯᠴᠢᠨ ᠬᠤᠪᠢ ᠬᠦᠮᠦᠨ ᠢᠶᠠᠷ ᠢᠶᠠᠨ ᠠᠵᠤ ᠠᠬᠤᠶᠢᠯᠠᠯ ᠯᠤᠭ᠎ᠠ ᠲᠤᠭᠲᠠᠭᠠᠭᠰᠠᠨ ᠬᠦᠳᠡᠯᠮᠦᠷᠢ ᠶᠢᠨ | ᠭᠡᠷ᠎ᠡ ᠶᠢᠨ ᠲᠤᠲᠤᠷᠠᠬᠢ ᠬᠦᠳᠡᠯᠮᠦᠷᠢ ᠶᠢᠨ ᠨᠦᠬᠦᠴᠡᠯ ᠪᠠ ᠬᠦᠳᠡᠯᠮᠦᠷᠢ ᠶᠢᠨ ᠬᠦᠯᠦᠰᠦ ᠤᠯᠭᠤᠮᠵᠢ ᠵᠡᠷᠭᠡ ᠪᠠᠷᠢᠮᠵᠢᠶ᠎ᠠ ᠨᠢ ᠬᠠᠮᠲᠤ ᠶᠢᠨ ᠭᠡᠷ᠎ᠡ ᠶᠢᠨ ᠲᠤᠭᠲᠠᠭᠠᠯ ᠠᠴᠠ | ᠲᠤᠤᠷ᠎ᠠ ᠪᠠᠶᠢᠵᠤ ᠪᠤᠯᠬᠤ ᠦᠭᠡᠢ᠃ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠦᠭᠡ | ᠭᠤᠴᠢᠨ ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠡᠳᠦᠷ ᠪᠦᠷᠢ ᠶᠢᠨ ᠠᠵᠢᠯᠯᠠᠬᠤ ᠴᠠᠭ ᠢ ᠨᠠᠢᠮᠠᠨ ᠴᠠᠭ ᠠᠴᠠ ᠦᠯᠦ ᠬᠡᠲᠦᠷᠡᠭᠦᠯᠬᠦ᠂ | ᠭᠠᠷᠠᠭ ᠪᠦᠷᠢ ᠶᠢᠨ ᠳᠤᠮᠳᠠᠴᠢ ᠠᠵᠢᠯᠯᠠᠬᠤ ᠴᠠᠭ ᠢ ᠲᠦᠴᠢᠨ ᠲᠦᠷᠪᠡᠨ ᠴᠠᠭ ᠠᠴᠠ ᠦᠯᠦ ᠬᠡᠲᠦᠷᠡᠭᠦᠯᠬᠦ ᠠᠵᠢᠯ ᠤᠨ ᠴᠠᠭ ᠤᠨ ᠲᠦᠷᠢᠮ ᠢ ᠬᠡᠷᠡᠭᠵᠢᠭᠦᠯᠦᠨ᠎ᠠ᠃ | ᠭᠤᠴᠢᠨ ᠲᠤᠯᠤᠳᠤᠭᠠᠷ ᠵᠦᠢᠯ ᠲᠤᠭᠠᠴᠠᠭᠠᠯᠠᠨ ᠪᠤᠳᠤᠬᠤ ᠠᠵᠢᠯ ᠬᠢᠵᠤ ᠪᠠᠶᠢᠭ᠎ᠠ ᠬᠦᠳᠡᠯᠮᠦᠷᠢᠴᠢᠳ ᠲᠤ ᠪᠤᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ | ᠭᠤᠴᠢᠨ ᠵᠢᠷᠭᠤᠳᠤᠭᠠᠷ ᠵᠦᠢᠯ ᠳᠤ ᠲᠤᠭᠲᠠᠭᠠᠭᠰᠠᠨ ᠠᠵᠢᠯ ᠤᠨ ᠴᠠᠭ ᠤᠨ ᠲᠦᠷᠢᠮ ᠢ ᠦᠨᠳᠤᠰᠤᠯᠡᠨ ᠬᠦᠳᠡᠯᠮᠦᠷᠢ ᠶᠢᠨ ᠲᠤᠭ᠎ᠠ ᠨᠤᠷᠮ᠎ᠠ ᠪᠠ ᠲᠤᠭᠠᠴᠠᠭᠠᠯᠠᠨ | ᠪᠤᠳᠤᠬᠤ ᠬᠦᠯᠦᠰᠤ ᠤᠯᠭᠤᠮᠵᠢ ᠶᠢᠨ ᠪᠠᠷᠢᠮᠵᠢᠶ᠎ᠠ ᠶᠢ ᠵᠦᠢ ᠵᠤᠬᠢᠰᠲᠠᠢ ᠪᠠᠷ ᠲᠤᠭᠲᠠᠭᠠᠬᠤ ᠬᠡᠷᠡᠭᠲᠠᠢ᠃ | ᠭᠤᠴᠢᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠳ ᠤᠨ ᠭᠠᠷᠠᠭ ᠪᠦᠷᠢ ᠠᠳᠠᠭ ᠲᠠᠭᠠᠨ ᠨᠢᠭᠡ ᠡᠳᠦᠷ ᠠᠮᠠᠷᠠᠬᠤ ᠶᠢ ᠪᠠᠲᠤᠯᠠᠬᠤ | ᠬᠡᠷᠡᠭᠲᠠᠢ᠃ | ᠭᠤᠴᠢ ᠶᠢᠰᠤᠳᠦᠭᠡᠷ ᠵᠦᠢᠯ ᠠᠵᠤ ᠠᠬᠤᠶᠢᠯᠠᠯ ᠨᠢ ᠦᠢᠯᠡᠳᠪᠦᠷᠢᠯᠡᠯ ᠤᠨ ᠤᠨᠴᠠᠯᠢᠭ ᠠᠴᠠ ᠪᠠᠨ ᠪᠤᠯᠵᠤ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ᠂ | ᠭᠤᠴᠢᠨ ᠨᠠᠢᠮᠠᠳᠤᠭᠠᠷ ᠵᠦᠢᠯ ᠤᠨ ᠲᠤᠭᠲᠠᠭᠠᠯ ᠢ ᠬᠡᠷᠡᠭᠵᠢᠭᠦᠯᠵᠤ ᠲᠡᠶᠢᠯᠬᠦ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ | ᠵᠦᠪᠰᠢᠶᠡᠷᠡᠭᠦᠯᠦᠭᠡᠳ ᠪᠤᠰᠤᠳ ᠵᠦᠢᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠬᠡᠷᠡᠭᠵᠢᠭᠦᠯᠵᠤ ᠪᠤᠯᠤᠨ᠎ᠠ᠃ | ᠳᠦᠴᠢᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠪᠠᠶᠠᠷ ᠤᠨ ᠡᠳᠦᠷ ᠤᠨ ᠬᠤᠭᠤᠴᠠᠭᠠᠨ ᠳᠤ ᠬᠦᠳᠡᠯᠮᠦᠷᠢᠴᠢᠳ ᠲᠤ ᠬᠠᠤᠯᠢ | ᠶᠤᠰᠤᠭᠠᠷ ᠠᠮᠠᠷᠠᠯᠲᠠ ᠶᠢᠨ ᠴᠢᠯᠦᠭᠡ ᠲᠤᠬᠢᠷᠠᠭᠤᠯᠵᠤ ᠦᠭᠬᠦ ᠬᠡᠷᠡᠭᠲᠠᠢ᠄ | ︵ᠨᠢᠭᠡ︶ ᠰᠢᠨ᠎ᠡ ᠵᠢᠯ ᠤᠨ ᠰᠢᠨ᠎ᠡ ᠶᠢᠨ ᠨᠢᠭᠡᠨ︔ | ︵ᠬᠤᠶᠠᠷ︶ ᠴᠠᠭᠠᠨ ᠰᠠᠷ᠎ᠠ ᠶᠢᠨ ᠪᠠᠶᠠᠷ︔ | ︵ᠭᠤᠷᠪᠠ︶ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ︔ | ︵ᠲᠦᠷᠪᠡ︶ ᠤᠯᠤᠰ ᠤᠨ ᠪᠠᠶᠠᠷ︔ | ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠠᠮᠠᠷᠠᠯᠲᠠ ᠶᠢᠨ ᠴᠢᠯᠦᠭᠡ ᠲᠠᠯᠪᠢᠬᠤ ᠪᠠᠷ ᠲᠤᠭᠲᠠᠭᠠᠭᠰᠠᠨ ᠪᠤᠰᠤᠳ ᠪᠠᠶᠠᠷ ᠤᠨ ᠡᠳᠦᠷ᠃ | ᠲᠦᠴᠢᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠦᠢᠯᠡᠳᠪᠦᠷᠢᠯᠡᠯ ᠡᠵᠡᠩᠨᠡᠯᠲᠡ ᠳᠤᠨᠢ ᠬᠡᠷᠡᠭᠴᠡᠭᠡ ᠲᠠᠢ ᠪᠤᠯᠪᠠᠯ ᠠᠵᠢᠯᠴᠢᠨ ᠤ ᠡᠪᠯᠡᠯ ᠪᠠ | ᠬᠦᠳᠡᠯᠮᠦᠷᠢᠴᠢᠨ ᠲᠠᠢ ᠵᠦᠪᠳᠡᠯᠴᠡᠭᠰᠡᠨ ᠤ ᠲᠠᠷᠠᠭ᠎ᠠ ᠠᠵᠢᠯᠯᠠᠬᠤ ᠴᠠᠭ ᠢ ᠣᠷᠲᠤᠳᠬᠠᠵᠤ ᠪᠤᠯᠤᠨ᠎ᠠ᠂ ᠭᠡᠬᠦ ᠳᠡᠭᠡᠨ ᠡᠩ ᠤᠨ ᠪᠠᠶᠢᠳᠠᠯ ᠤᠨ ᠲᠤᠤᠷ᠎ᠠ ᠡᠳᠦᠷ ᠪᠦᠷᠢ | ᠨᠢᠭᠡ ᠴᠠᠭ ᠠᠴᠠ ᠬᠡᠳᠦᠷᠡᠭᠦᠯᠵᠤ ᠪᠤᠯᠬᠤ ᠦᠭᠡᠢ︔ ᠤᠨᠴᠠᠭᠠᠢ ᠰᠢᠯᠲᠠᠭᠠᠨ ᠠᠴᠠ ᠪᠤᠯᠤᠭᠠᠳ ᠠᠵᠢᠯᠯᠠᠬᠤ ᠴᠠᠭ ᠢ ᠣᠷᠲᠤᠳᠬᠠᠬᠤ ᠴᠢᠬᠤᠯᠠ ᠲᠠᠢ ᠪᠠᠶᠢᠪᠠᠯ | ᠬᠦᠳᠡᠯᠮᠦᠷᠢᠴᠢᠳ ᠤᠨ ᠪᠡᠶ᠎ᠡ ᠶᠢᠨ ᠡᠷᠡᠭᠦᠯ ᠴᠢᠬᠢᠷᠠᠭ ᠢ ᠪᠠᠲᠤᠯᠠᠬᠤ ᠨᠦᠬᠦᠴᠡᠯ ᠲᠤᠤᠷ᠎ᠠ ᠤᠷᠲᠤᠳᠬᠠᠬᠤ ᠠᠵᠢᠯ ᠤᠨ ᠴᠠᠭ ᠢ ᠡᠳᠦᠷ ᠪᠦᠷᠢ ᠭᠤᠷᠪᠠᠨ ᠴᠠᠭ ᠠᠴᠠ | ᠬᠡᠲᠦᠷᠡᠭᠦᠯᠵᠤ ᠪᠤᠯᠬᠤ ᠦᠭᠡᠢ᠂ ᠭᠡᠪᠡᠴᠤ ᠰᠠᠷ᠎ᠠ ᠪᠦᠷᠢ ᠳᠤ ᠭᠤᠴᠢᠨ ᠵᠢᠷᠭᠤᠭᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠃ | ᠲᠦᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠠᠵᠢᠯᠯᠠᠬᠤ ᠴᠠᠭ ᠢ ᠤᠷᠲᠤᠳᠬᠠᠬᠤ ᠳᠤ ᠲᠤᠰ ᠬᠠᠤᠯᠢ ᠶᠢᠨ | ᠲᠦᠴᠢᠨ ᠨᠢᠭᠡᠳᠦᠭᠡᠷ ᠵᠦᠢᠯ ᠤᠨ ᠲᠤᠭᠲᠠᠭᠠᠯ ᠳᠤ ᠬᠢᠵᠠᠭᠠᠷᠯᠠᠭᠳᠠᠬᠤ ᠦᠭᠡᠢ᠄ | ︵ᠨᠢᠭᠡ︶ ᠪᠠᠶᠢᠭᠠᠯᠢ ᠶᠢᠨ ᠭᠠᠮᠰᠢᠭ᠂ ᠭᠡᠨᠡᠳᠡᠯ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠤᠯᠵᠤ ᠬᠦᠳᠡᠯᠮᠦᠷᠢᠴᠢᠳ ᠤᠨ ᠠᠮᠢ ᠨᠠᠰᠤ ᠡᠷᠡᠭᠦᠯ ᠴᠢᠬᠢᠷᠠᠭ | ᠪᠠ ᠡᠳ᠋ ᠬᠦᠷᠦᠩᠭᠡ ᠶᠢᠨ ᠠᠮᠤᠷ ᠲᠦᠪᠰᠢᠨ ᠰᠦᠷᠳᠡᠭᠦᠯᠦᠯ ᠳᠤ ᠤᠴᠠᠷᠠᠭᠠᠳ ᠪᠠᠴᠢᠮ ᠰᠢᠢᠳᠪᠦᠷᠢᠯᠡᠬᠦ ᠴᠢᠬᠤᠯᠠ ᠲᠠᠢ ᠪᠤᠯᠤᠭᠰᠠᠨ︔ | ︵ᠬᠤᠶᠠᠷ︶ ᠦᠢᠯᠡᠳᠪᠦᠷᠢᠯᠡᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠱᠤᠭᠤᠮ᠂ ᠤᠯᠠᠨ ᠨᠡᠶᠢᠲᠡ ᠶᠢᠨ ᠪᠡᠯᠡᠳᠭᠡᠯ ᠲᠦᠬᠦᠭᠡᠷᠦᠮᠵᠢ ᠳᠤ | ᠬᠠᠷᠰᠢ ᠰᠠᠭᠠᠳ ᠭᠠᠷᠴᠤ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠰᠢᠭ ᠲᠤᠰᠠ ᠶᠢ ᠨᠦᠯᠦᠭᠡᠯᠡᠭᠡᠳ ᠡᠷᠬᠡᠪᠰᠢ ᠴᠠᠭ ᠲᠤᠬᠠᠢ ᠳᠤᠨᠢ ᠱᠠᠯᠠᠪᠳᠠᠨ ᠵᠠᠰᠠᠬᠤ | ᠴᠢᠬᠤᠯᠠ ᠲᠠᠢ ᠪᠤᠯᠤᠭᠰᠠᠨ︔ | ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠪᠠᠶᠢᠳᠠᠯ ᠤᠳ᠃ | ᠲᠦᠴᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠢ ᠵᠦᠷᠢᠴᠡᠵᠤ ᠬᠦᠳᠡᠯᠮᠦᠷᠢᠴᠢᠳ ᠤᠨ ᠠᠵᠢᠯᠯᠠᠬᠤ ᠴᠠᠭ ᠢ | ᠣᠷᠲᠤᠳᠬᠠᠵᠤ ᠪᠤᠯᠬᠤ ᠦᠭᠡᠢ᠃ | ᠲᠦᠴᠢᠨ ᠲᠦᠷᠪᠡᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠲᠤᠤᠷᠠᠬᠢ ᠪᠠᠷᠢᠮᠵᠢᠶ᠎ᠠ ᠶᠤᠰᠤᠭᠠᠷ | ᠬᠦᠳᠡᠯᠮᠦᠷᠢᠴᠢᠳ ᠲᠤ ᠶᠡᠷᠤ ᠶᠢᠨ ᠠᠵᠢᠯᠯᠠᠬᠤ ᠴᠠᠭ ᠤᠨ ᠴᠠᠯᠢᠩ ᠠᠴᠠ ᠲᠡᠭᠡᠭᠦᠷ ᠴᠠᠯᠢᠩ ᠬᠦᠯᠦᠰᠤ ᠤᠯᠭᠤᠬᠤ ᠬᠡᠷᠡᠭᠲᠠᠢ᠄ | ︵ᠨᠢᠭᠡ︶ ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠬᠤ ᠪᠠᠷ ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠲᠠᠪᠢᠨ ᠬᠤᠪᠢ ᠠᠴᠠ | ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ | ︵ᠬᠤᠶᠠᠷ︶ ᠬᠦᠳᠡᠯᠮᠦᠷᠢᠴᠢᠳ ᠢ ᠠᠮᠠᠷᠠᠯᠲᠠ ᠶᠢᠨ ᠡᠳᠦᠷ ᠠᠵᠢᠯᠯᠠᠬᠤ ᠪᠠᠷ ᠲᠤᠬᠢᠷᠠᠭᠤᠯᠤᠭᠰᠠᠨ ᠪᠦᠭᠡᠳ ᠨᠦᠬᠦᠪᠦᠷᠢ ᠠᠮᠠᠷᠠᠯᠲᠠ ᠲᠤᠬᠢᠷᠠᠭᠤᠯᠵᠤ ᠴᠢᠳᠠᠬᠤ | ᠦᠭᠡᠢ ᠪᠠᠶᠢᠪᠠᠯ ᠴᠠᠯᠢᠩ ᠤᠨ ᠬᠢᠨᠢ ᠵᠠᠭᠤᠨ ᠤ ᠬᠤᠶᠠᠷ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ | ︵ᠭᠤᠷᠪᠠ︶ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠬᠦᠳᠡᠯᠮᠦᠷᠢᠴᠢᠳ ᠢ ᠠᠵᠢᠯᠯᠠᠬᠤ ᠪᠠᠷ ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ | ᠵᠠᠭᠤᠨ ᠤ ᠭᠤᠷᠪᠠᠨ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ᠃ | ᠲᠦᠴᠢᠨ ᠲᠠᠪᠤᠳᠤᠭᠠᠷ ᠵᠦᠢᠯ ᠤᠯᠤᠰ ᠠᠴᠠ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠬᠤ ᠲᠦᠷᠢᠮ ᠢ ᠬᠡᠷᠡᠭᠵᠢᠭᠦᠯᠦᠨ᠎ᠡ᠃ | ᠬᠦᠳᠡᠯᠮᠦᠷᠢᠴᠢᠨ ᠵᠠᠯᠭᠠᠭᠠᠪᠠᠷ ᠨᠢᠭᠡ ᠵᠢᠯ ᠠᠴᠠ ᠲᠡᠭᠡᠭᠰᠢ ᠠᠵᠢᠯᠯᠠᠭᠰᠠᠨ ᠪᠠᠶᠢᠪᠠᠯ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠴᠤ ᠪᠤᠯᠤᠨ᠎ᠠ᠃ | ᠪᠤᠲᠠᠲᠠᠢ ᠲᠦᠷᠢᠮ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠲᠠᠭᠠᠨ᠎ᠠ᠃ | ᠲᠠᠪᠤᠳᠤᠭᠠᠷ ᠪᠦᠯᠦᠭ ᠴᠠᠯᠢᠩ | ᠲᠦᠴᠢᠨ ᠵᠢᠷᠭᠤᠳᠤᠭᠠᠷ ᠵᠦᠢᠯ ᠴᠠᠯᠢᠩ ᠤᠨ ᠬᠤᠪᠢᠶᠠᠷᠢᠯᠠᠯᠲᠠ ᠳᠤ ᠬᠦᠳᠡᠯᠮᠦᠷᠢᠯᠡᠭᠰᠡᠨ ᠤ ᠬᠢᠷᠢ ᠪᠠᠷ ᠬᠤᠪᠢᠶᠠᠷᠢᠯᠠᠬᠤ ᠵᠠᠷᠴᠢᠮ ᠢ ᠵᠢᠷᠤᠮᠯᠠᠨ ᠠᠳᠠᠯᠢ ᠠᠵᠢᠯ | ᠳᠤ ᠠᠳᠠᠯᠢ ᠬᠦᠯᠦᠰᠤ ᠤᠯᠭᠤᠮᠵᠢ ᠤᠯᠭᠤᠬᠤ ᠬᠡᠷᠡᠭᠲᠠᠢ᠃ | ᠴᠠᠯᠢᠩ ᠤᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠦᠭᠵᠢᠯᠲᠡ ᠶᠢᠨ ᠰᠠᠭᠤᠷᠢᠨ ᠲᠡᠭᠡᠷ᠎ᠡ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ ᠣᠯᠣᠰ ᠠᠴᠠ | ᠴᠠᠯᠢᠩ ᠤᠨ ᠶᠡᠷᠤᠩᠬᠡᠢ ᠬᠡᠮᠵᠢᠶ᠎ᠡ ᠳᠤ ᠬᠤᠷᠸ᠎ᠠ ᠲᠤᠬᠢᠷᠠᠭᠤᠯᠤᠯ ᠡᠵᠡᠮᠳᠡᠯ ᠶᠠᠪᠤᠭᠤᠯᠤᠨ᠎ᠠ᠃ | ᠲᠦᠴᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠨᠢᠭᠡᠴᠢ ᠶᠢᠨ ᠢᠶᠠᠨ ᠦᠢᠯᠡᠳᠪᠦᠷᠢᠯᠡᠯ ᠡᠵᠡᠩᠨᠡᠯᠲᠡ ᠶᠢᠨ ᠤᠨᠴᠠᠯᠢᠭ ᠪᠠ ᠠᠵᠤ ᠠᠬᠤᠢ ᠶᠢᠨ | ᠦᠷ᠎ᠡ ᠠᠰᠢᠭ ᠢ ᠦᠨᠳᠤᠰᠦᠯᠡᠨ ᠲᠤᠰ ᠨᠢᠭᠡᠴᠢ ᠶᠢᠨ ᠢᠶᠠᠨ ᠴᠠᠯᠢᠩ ᠤᠨ ᠬᠤᠪᠢᠶᠠᠷᠢᠯᠠᠯᠲᠠ ᠶᠢᠨ ᠬᠡᠯᠪᠡᠷᠢ ᠪᠠ ᠴᠠᠯᠢᠩ ᠤᠨ ᠬᠢᠷᠢ ᠬᠡᠮᠵᠢᠶ᠎ᠡ ᠶᠢ ᠬᠠᠤᠯᠢ ᠶᠤᠰᠤᠭᠠᠷ | ᠪᠡᠶ᠎ᠡ ᠪᠠᠨ ᠲᠠᠭᠠᠭᠠᠵᠤ ᠲᠤᠭᠲᠠᠭᠠᠨ᠎ᠠ᠃ | ᠲᠦᠴᠢᠨ ᠨᠠᠢᠮᠠᠳᠣᠭᠠᠷ ᠵᠦᠢᠯ ᠤᠯᠤᠰ ᠠᠴᠠ ᠬᠠᠮᠤᠭ ᠲᠣᠣᠷ᠎ᠠ ᠴᠠᠯᠢᠩ ᠤᠨ ᠪᠠᠲᠤᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃ ᠬᠠᠮᠤᠭ ᠲᠤᠤᠷ᠎ᠠ ᠴᠠᠯᠢᠩ ᠤᠨ | ᠪᠣᠲᠠᠲᠠᠢ ᠪᠠᠷᠢᠮᠵᠢᠶ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠲᠤᠭᠲᠠᠭᠠᠵᠤ ᠲᠦᠷᠦ ᠶᠢᠨ | ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃ | ᠬᠦᠮᠦᠨ ᠬᠡᠷᠡᠭᠯᠡᠬᠦ ᠨᠢᠭᠡᠴᠢ ᠠᠴᠠ ᠬᠦᠳᠡᠯᠮᠦᠷᠢᠴᠢᠳ ᠲᠤ ᠤᠯᠭᠤᠬᠤ ᠴᠠᠯᠢᠩ ᠨᠢ ᠲᠤᠬᠠᠢ ᠶᠢᠨ ᠭᠠᠵᠠᠷ ᠤᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ | ᠠᠴᠠ ᠲᠤᠤᠷ᠎ᠠ ᠪᠠᠶᠢᠵᠤ ᠪᠤᠯᠬᠤ ᠦᠭᠡᠢ᠃ | ᠲᠦᠴᠢ ᠶᠢᠰᠤᠳᠦᠭᠡᠷ ᠵᠦᠢᠯ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠲᠤᠭᠲᠠᠭᠠᠬᠤ ᠪᠠ ᠲᠡᠭᠦᠨ ᠳᠤ ᠲᠤᠬᠢᠷᠠᠭᠤᠯᠤᠯᠲᠠ ᠬᠢᠬᠦ ᠳᠡᠭᠡᠨ ᠲᠤᠤᠷ᠎ᠠ | ᠵᠢᠭᠰᠠᠭᠠᠭᠰᠠᠨ ᠬᠦᠴᠦᠨ ᠵᠦᠢᠯ ᠢᠶᠠᠷ ᠶᠡᠷᠦᠩᠬᠡᠢ ᠯᠠᠪᠯᠠᠯᠲᠠ ᠪᠤᠯᠭᠠᠬᠤ ᠬᠡᠷᠡᠭᠲᠠᠢ᠄ | ︵ᠨᠢᠭᠡ︶ ᠬᠦᠳᠡᠯᠮᠦᠷᠢᠴᠢᠨ ᠲᠤᠰ ᠬᠦᠮᠦᠨ ᠵᠢᠴᠢ ᠲᠡᠭᠦᠨ ᠤ ᠠᠰᠠᠷᠠᠨ ᠲᠡᠵᠢᠭᠡᠬᠦ ᠲᠤᠮᠳᠠᠴᠢ ᠬᠦᠮᠦᠨ ᠠᠮᠠ ᠶᠢᠨ ᠠᠮᠢᠳᠤᠷᠠᠯ ᠤᠨ ᠬᠠᠮᠤᠭ ᠤᠨ ᠨᠠᠭᠠᠲᠤ | ᠵᠠᠬ᠎ᠠ ᠶᠢᠨ ᠵᠠᠷᠤᠳᠠᠯ︔ | ︵ᠬᠤᠶᠠᠷ︶ ᠨᠡᠶᠢᠭᠡᠮ ᠤᠨ ᠳᠤᠮᠳᠠᠴᠢ ᠴᠠᠯᠢᠩ ᠤᠨ ᠬᠢᠷᠢ ᠬᠡᠮᠵᠢᠶ᠎ᠡ︔ | ︵ᠭᠤᠷᠪᠠ︶ ᠬᠦᠳᠡᠯᠮᠦᠷᠢ ᠶᠢᠨ ᠦᠢᠯᠡᠳᠪᠦᠷᠢᠯᠡᠬᠦ ᠪᠦᠲᠦᠭᠡᠯ︔ | ︵ᠲᠦᠷᠪᠡ︶ ᠠᠵᠢᠯ ᠤᠯᠭᠤᠭᠰᠠᠨ ᠪᠠᠶᠢᠳᠠᠯ︔ | ︵ᠲᠠᠪᠤ︶ ᠭᠠᠵᠠᠷ ᠤᠷᠤᠨ ᠤ ᠬᠤᠭᠤᠷᠤᠨᠳᠤᠬᠢ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶᠡᠨ ᠤ ᠵᠦᠷᠢᠶ᠎ᠡ᠃ | ᠲᠠᠪᠢᠳᠤᠭᠠᠷ ᠵᠦᠢᠯ ᠴᠠᠯᠢᠩ ᠢ ᠵᠤᠭᠤᠰ ᠤᠨ ᠬᠡᠯᠪᠡᠷᠢ ᠪᠠᠷ ᠬᠦᠳᠡᠯᠮᠦᠶᠢᠷᠴᠢᠨ ᠬᠤᠪᠢ ᠬᠦᠮᠦᠨ ᠳᠤ ᠰᠠᠷ᠎ᠠ ᠲᠠᠷᠠᠭᠠᠯᠠᠨ ᠤᠯᠭᠤᠬᠤ ᠬᠡᠷᠡᠭᠲᠠᠢ᠃ | ᠬᠦᠳᠡᠯᠮᠦᠷᠢᠴᠢᠳ ᠤᠨ ᠴᠠᠯᠢᠩ ᠢ ᠬᠠᠰᠤᠬᠤ ᠪᠤᠶᠤ ᠤᠴᠢᠷ ᠰᠢᠯᠲᠠᠭᠠᠨ ᠦᠭᠡᠢ ᠪᠠᠷ ᠬᠠᠰᠤᠵᠤ ᠪᠤᠯᠬᠤ ᠦᠭᠡᠢ᠃ | ᠲᠠᠪᠢᠨ ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠪᠠ ᠤᠷᠤᠭ ᠬᠤᠷᠢᠮ᠂ ᠪᠤᠯᠪᠠᠰᠤᠷᠠᠯ ᠤᠨ ᠴᠢᠯᠦᠭᠡᠨ | ᠤ ᠬᠤᠭᠤᠴᠠᠭ᠎ᠠ ᠵᠢᠴᠢ ᠬᠠᠤᠯᠢ ᠶᠤᠰᠤᠭᠠᠷ ᠨᠡᠶᠢᠭᠡᠮ ᠤᠨ ᠠᠵᠢᠯᠯᠠᠭ᠎ᠠ ᠳᠤ ᠤᠷᠤᠯᠴᠠᠬᠤ ᠬᠤᠭᠤᠴᠠᠭ᠎ᠠ ᠳᠠᠬᠢ ᠴᠠᠯᠢᠩ ᠢ ᠬᠦᠮᠦᠨ ᠬᠡᠷᠡᠭᠯᠡᠬᠦ ᠨᠢᠭᠡᠴᠢ ᠬᠠᠤᠯᠢ | ᠶᠤᠰᠤᠭᠠᠷ ᠤᠯᠭᠤᠬᠤ ᠬᠡᠷᠡᠭᠲᠠᠢ᠃ | ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ | ᠲᠠᠪᠢᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠷᠬᠡᠪᠰᠢ ᠬᠦᠳᠡᠯᠮᠦᠷᠢ ᠶᠢᠨ ᠠᠶᠤᠯᠭᠦᠢ ᠪᠠ ᠡᠷᠡᠭᠦᠯ ᠬᠠᠮᠠᠭᠠᠯᠠᠯ ᠤᠨ ᠲᠦᠷᠢᠮ ᠢ ᠪᠠᠶᠢᠭᠤᠯᠤᠨ | ᠲᠡᠭᠦᠯᠳᠡᠷᠵᠢᠬᠦᠯᠵᠤ᠂ ᠣᠯᠣᠰ ᠤᠨ ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠵᠢᠷᠤᠮ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ | ᠬᠦᠳᠡᠯᠮᠮᠦᠷᠢᠴᠢᠳ ᠲᠤ ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠬᠦᠮᠦᠵᠢᠯ ᠬᠢᠵᠤ᠂ ᠬᠦᠳᠡᠯᠮᠦᠷᠢ ᠶᠢᠨ ᠶᠠᠪᠤᠳᠠᠯ ᠳᠠᠬᠢ ᠭᠡᠨᠡᠳᠡᠯ | ᠬᠡᠷᠡᠭ ᠢ ᠰᠡᠷᠭᠡᠶᠢᠯᠡᠨ ᠠᠵᠢᠯ ᠤᠨ ᠴᠢᠨᠠᠷᠲᠠᠢ ᠬᠤᠤᠷ ᠤᠷᠰᠢᠭ ᠢ ᠪᠠᠭᠠᠰᠬᠠᠬᠤ ᠬᠡᠷᠡᠭᠲᠠᠢ᠃ | ᠲᠠᠪᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠦᠭᠦᠭᠡᠷᠤᠮᠵᠢ ᠡᠷᠬᠡᠪᠰᠢ ᠤᠯᠤᠰ ᠤᠨ ᠲᠤᠭᠲᠠᠭᠠᠭᠰᠠᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ | ᠡᠬᠢᠯᠡᠵᠤ ᠪᠠᠷᠢᠬᠤ᠂ ᠵᠠᠰᠠᠵᠤ ᠪᠠᠷᠢᠬᠤ᠂ ᠦᠷᠭᠡᠳᠭᠡᠵᠤ ᠪᠠᠷᠢᠬᠤ ᠪᠠᠷᠢᠯᠭ᠎ᠠ ᠶᠢᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ | ᠲᠦᠭᠦᠭᠡᠷᠦᠮᠵᠢ ᠶᠢ ᠡᠷᠬᠡᠪᠰᠢ ᠭᠤᠤᠯ ᠪᠠᠷᠢᠯᠭ᠎ᠠ ᠲᠠᠢ ᠬᠠᠮᠲᠤ ᠳᠤᠨᠢ ᠵᠢᠷᠤᠵᠤ ᠲᠦᠯᠦᠪᠯᠡᠨ ᠬᠠᠮᠲᠤ ᠳᠤᠨᠢ ᠪᠠᠶᠢᠭᠤᠯᠵᠤ ᠬᠠᠮᠲᠤ ᠳᠤᠨᠢ ᠠᠰᠢᠭᠯᠠᠯᠲᠠ ᠳᠤ ᠤᠷᠤᠭᠤᠯᠵᠤ | ᠬᠡᠷᠡᠭᠯᠡᠬᠦ ᠬᠡᠷᠡᠭᠲᠠᠢ᠃ | ᠲᠠᠪᠢᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠡᠷᠭᠡᠪᠰᠢ ᠬᠦᠳᠡᠯᠮᠦᠷᠢᠴᠢᠳ ᠲᠤ ᠤᠯᠤᠰ ᠤᠨ ᠲᠤᠭᠲᠠᠭᠠᠯ ᠳᠤ ᠨᠡᠶᠢᠴᠡᠭᠰᠡᠨ ᠬᠦᠳᠡᠯᠮᠦᠷᠢ ᠶᠢᠨ | ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠨᠦᠬᠦᠴᠡᠯ᠂ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠵᠤ᠂ ᠠᠵᠢᠯ ᠤᠨ | ᠴᠢᠨᠠᠷᠲᠠᠢ ᠬᠤᠤᠷ ᠤᠷᠰᠢᠭ ᠲᠠᠢ ᠠᠵᠢᠯ ᠬᠢᠳᠡᠭ ᠬᠦᠳᠡᠯᠮᠦᠷᠢᠴᠢᠳ ᠲᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃ | ᠲᠠᠪᠢᠨ ᠲᠠᠪᠤᠳᠤᠭᠠᠷ ᠵᠦᠢᠯ ᠤᠨᠴᠠᠭᠠᠢ ᠲᠦᠷᠦᠯ ᠤᠨ ᠠᠵᠢᠯ ᠬᠢᠬᠦ ᠬᠦᠳᠡᠯᠮᠦᠷᠢᠴᠢᠳ ᠡᠷᠬᠡᠪᠰᠢ ᠲᠤᠰᠬᠠᠢ ᠪᠤᠯᠪᠠᠰᠤᠷᠠᠯ ᠬᠦᠷᠲᠡᠬᠦ ᠶᠢᠨ ᠬᠠᠮᠲᠤ ᠤᠨᠴᠠᠭᠠᠢ | ᠲᠦᠷᠦᠯ ᠤᠨ ᠠᠵᠢᠯ ᠬᠢᠬᠦ ᠬᠢᠷᠢ ᠬᠡᠮ ᠤᠯᠤᠭᠰᠠᠨ ᠪᠠᠶᠢᠬᠤ ᠬᠡᠷᠡᠭᠲᠠᠢ᠃ | ᠲᠠᠪᠢᠨ ᠵᠢᠷᠭᠤᠳᠤᠭᠠᠷ ᠵᠦᠢᠯ ᠬᠦᠳᠡᠯᠮᠦᠷᠢᠴᠢᠳ ᠬᠦᠳᠡᠯᠮᠦᠷᠢᠯᠡᠬᠦ ᠶᠠᠪᠤᠴᠠ ᠳᠠᠭᠠᠨ ᠠᠶᠤᠯ ᠦᠭᠡᠢ ᠪᠠᠷ ᠠᠵᠢᠯᠯᠠᠬᠤ ᠵᠢᠷᠤᠮ ᠢ ᠡᠷᠬᠡᠪᠰᠢ ᠴᠢᠩᠭ᠎ᠠ ᠵᠢᠷᠤᠮᠯᠠᠬᠤ | ᠬᠡᠷᠡᠭᠲᠠᠢ᠃ | ᠬᠦᠮᠦᠨ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠲᠦᠷᠢᠮ ᠲᠤᠭᠲᠠᠭᠠᠯ ᠢ ᠵᠦᠷᠢᠴᠡᠨ ᠵᠢᠯᠤᠭᠤᠳᠴᠤ ᠠᠶᠤᠯ ᠲᠦᠭᠰᠢᠭᠦᠷᠢ ᠲᠠᠢ ᠠᠵᠢᠯ ᠢ | ᠠᠯᠪᠠᠲᠠᠨ ᠬᠢᠯᠭᠡᠬᠦ ᠭᠡᠪᠡᠯ ᠬᠦᠳᠡᠯᠮᠦᠷᠢᠴᠢᠳ ᠬᠡᠷᠡᠭᠵᠢᠭᠦᠯᠬᠦ ᠦᠭᠡᠢ ᠪᠠᠶᠢᠬᠤ ᠡᠷᠬᠡ ᠲᠠᠢ︔ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ | ᠮᠡᠨᠳᠤ ᠳᠤ ᠬᠤᠤᠷ ᠬᠦᠨᠤᠭᠡᠯ ᠲᠠᠢ ᠠᠵᠢᠯᠯᠠᠭ᠎ᠠ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃ | ᠲᠠᠪᠢᠨ ᠲᠤᠯᠤᠳᠤᠭᠠᠷ ᠵᠦᠢᠯ ᠤᠯᠤᠰ ᠠᠴᠠ ᠦᠬᠦᠵᠤ ᠰᠢᠷᠬᠠᠲᠤᠭᠰᠠᠨ ᠭᠡᠨᠡᠳᠡᠯ ᠪᠠ ᠠᠵᠢᠯ ᠤᠨ ᠴᠢᠨᠠᠷᠲᠠᠢ ᠡᠪᠡᠳᠴᠢᠨ ᠢ ᠪᠦᠷᠢᠳᠭᠡᠨ ᠮᠡᠳᠡᠭᠦᠯᠬᠦ᠂ | ᠰᠢᠢᠳᠪᠦᠷᠢᠯᠡᠬᠦ ᠲᠦᠷᠢᠮ ᠢ ᠲᠤᠭᠲᠠᠭᠠᠨ᠎ᠠ᠃ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ | ᠵᠠᠰᠠᠭ ᠤᠨ ᠣᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠦᠮᠦᠨ ᠬᠡᠷᠡᠭᠯᠡᠬᠦ ᠨᠢᠭᠡᠴᠢ ᠨᠢ | ᠬᠦᠳᠡᠯᠮᠦᠷᠢᠴᠢᠳ ᠤᠨ ᠬᠦᠳᠡᠯᠮᠦᠷᠢᠯᠡᠬᠦ ᠶᠠᠪᠤᠴᠠ ᠳᠤ ᠭᠠᠷᠤᠭᠰᠠᠨ ᠦᠬᠦᠵᠤ ᠰᠢᠷᠬᠠᠲᠤᠭᠰᠠᠨ ᠭᠡᠨᠡᠳᠡᠯ ᠪᠠ ᠬᠦᠳᠡᠯᠮᠦᠷᠢᠴᠢᠳ ᠤᠨ ᠠᠵᠢᠯ ᠤᠨ ᠴᠢᠨᠠᠷᠲᠠᠢ ᠡᠪᠡᠳᠴᠢᠨ | ᠤ ᠪᠠᠶᠢᠳᠠᠯ ᠢ ᠬᠠᠤᠯᠢ ᠶᠤᠰᠤᠭᠠᠷ ᠪᠦᠷᠢᠳᠭᠡᠨ ᠮᠡᠳᠡᠭᠦᠯᠵᠤ ᠰᠢᠢᠳᠪᠦᠷᠢᠯᠡᠬᠦ ᠬᠡᠷᠡᠭᠲᠠᠢ᠃ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠤᠨᠴᠠᠭᠠᠢ ᠬᠠᠮᠠᠭᠠᠯᠠᠯᠲᠠ | ᠲᠠᠪᠢᠨ ᠨᠠᠢᠮᠠᠳᠣᠭᠠᠷ ᠵᠦᠢᠯ ᠣᠯᠣᠰ ᠠᠴᠠ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠳᠤ ᠬᠦᠳᠡᠯᠮᠦᠷᠢ ᠶᠢᠨ ᠤᠨᠴᠠᠭᠠᠢ | ᠬᠠᠮᠠᠭᠠᠯᠠᠯᠲᠠ ᠬᠡᠷᠡᠭᠵᠢᠬᠦᠯᠦᠨ᠎ᠡ᠃ | ᠨᠠᠰᠤᠨ ᠳᠤ ᠬᠦᠷᠦᠭᠡᠳᠦᠢ ᠠᠵᠢᠯᠴᠢᠨ ᠭᠡᠵᠤ ᠪᠦᠬᠦᠯᠢ ᠠᠷᠪᠠᠨ ᠵᠢᠷᠭᠤᠭᠠᠨ ᠨᠠᠰᠣ ᠬᠦᠷᠴᠦ᠂ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠦᠳᠡᠯᠮᠦᠷᠢᠴᠢᠨ | ᠢ ᠬᠡᠯᠡᠵᠤ ᠪᠠᠶᠢᠨ᠎ᠠ᠃ | ᠲᠠᠪᠢ ᠶᠢᠰᠤᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ᠂ ᠤᠯᠤᠰ ᠠᠴᠠ ᠲᠤᠭᠲᠠᠭᠠᠭᠰᠠᠨ ᠪᠡᠶ᠎ᠡ ᠶᠢᠨ | ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠤᠨᠳᠤᠤ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠬᠤ ᠶᠢ ᠴᠠᠭᠠᠵᠠᠯᠠᠨ᠎ᠠ᠃ | ᠵᠢᠷᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠰᠠᠷ᠎ᠠ ᠶᠢᠨ ᠭᠬᠢᠷᠢ ᠤᠨ ᠬᠢᠨᠢ ᠬᠤᠭᠤᠴᠠᠭᠠᠨ ᠳᠤ ᠦᠨᠳᠦᠷ ᠭᠠᠵᠠᠷ᠂ ᠭᠦᠢᠲᠡᠨ ᠭᠠᠵᠠᠷ᠂ ᠬᠦᠢᠲᠡᠨ | ᠤᠰᠤᠨ ᠲᠤᠲᠤᠷ᠎ᠠ ᠠᠵᠢᠯᠯᠠᠭᠤᠯᠬᠤ ᠪᠠ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠬᠢᠯᠭᠡᠬᠦ | ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠨᠢᠭᠡᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠵᠢᠷᠮᠤᠰᠤᠨ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ | ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠵᠢᠷᠮᠤᠰᠤᠨ ᠬᠤᠭᠤᠴᠠᠭᠠᠨ ᠳᠠᠬᠢ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠮᠦᠰᠦᠯᠡᠭᠡᠳ ᠲᠤᠯᠤᠭᠠᠨ ᠰᠠᠷ᠎ᠠ ᠬᠡᠲᠤᠷᠡᠭᠰᠡᠨ ᠡᠮᠡᠭᠲᠠᠢ ᠠᠵᠢᠯᠴᠢᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ ᠲᠡᠲᠡ ᠨᠠᠷ ᠢ ᠰᠦᠨᠢ ᠶᠢᠨ ᠡᠭᠡᠯᠵᠢᠨ ᠤ | ᠬᠦᠳᠡᠯᠮᠦᠷᠢ ᠬᠢᠯᠭᠡᠬᠦ ᠳᠤ ᠲᠤᠬᠢᠷᠠᠭᠤᠯᠵᠤ ᠪᠤᠯᠬᠤ ᠦᠭᠡᠢ᠃ | ᠵᠢᠷᠠᠨ ᠬᠤᠶᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠬᠦᠩᠭᠡᠵᠢᠭᠰᠡᠨ ᠤ ᠲᠠᠷᠠᠭ᠎ᠠ ᠶᠠᠷᠠᠨ ᠡᠳᠦᠷ ᠠᠴᠠ ᠲᠤᠷᠤᠭᠰᠢ ᠦᠭᠡᠢ ᠬᠦᠩᠭᠡᠵᠢᠬᠦ ᠴᠢᠯᠦᠭᠡ ᠶᠢ | ᠡᠳᠡᠯᠡᠨ᠎ᠡ᠃ | ᠵᠢᠷᠠᠨ ᠭᠤᠷᠪᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠣᠢ ᠬᠦᠷᠦᠭᠡᠳᠦᠢ ᠨᠢᠯᠬ᠎ᠠ ᠬᠡᠤᠬᠡᠳ ᠢᠶᠠᠨ ᠬᠦᠬᠦᠭᠦᠯᠵᠤ ᠪᠠᠶᠢᠭ᠎ᠠ ᠬᠤᠭᠤᠴᠠᠭᠠᠨ ᠳᠤᠨᠢ | ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠬᠦᠬᠦᠭᠦᠯᠵᠤ ᠪᠠᠶᠢᠭ᠎ᠠ ᠬᠤᠭᠤᠴᠠᠭᠠᠨ ᠳᠠᠬᠢ | ᠴᠡᠭᠡᠷ ᠲᠠᠢ ᠪᠤᠰᠤᠳ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠂ ᠲᠡᠭᠦᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ ᠰᠦᠨᠢ ᠶᠢᠨ ᠡᠭᠡᠯᠵᠢᠨ ᠤ | ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠦᠷᠪᠡᠳᠦᠭᠡᠷ ᠵᠦᠢᠯ ᠨᠠᠰᠤᠨ ᠳᠤ ᠬᠦᠷᠦᠭᠡᠳᠦᠢ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ ᠠᠵᠢᠯᠯᠠᠭᠤᠯᠬᠤ᠂ ᠬᠤᠤᠷ ᠬᠦᠨᠦᠭᠡᠯ ᠲᠠᠢ | ᠠᠵᠢᠯ ᠬᠢᠯᠭᠡᠬᠦ᠂ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠪᠤᠰᠤᠳ ᠴᠡᠭᠡᠷ ᠲᠠᠢ | ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠨᠠᠰᠤᠨ ᠳᠤ ᠬᠦᠷᠦᠭᠡᠳᠦᠢ ᠠᠵᠢᠯᠲᠠᠨ ᠠᠵᠢᠯᠴᠢᠨ ᠳᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ | ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃ | ᠨᠠᠢᠮᠠᠳᠣᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠵᠢᠷᠠᠨ ᠵᠢᠷᠭᠤᠳᠤᠭᠠᠷ ᠵᠦᠢᠯ ᠤᠯᠤᠰ ᠠᠴᠠ ᠡᠯ᠎ᠡ ᠵᠦᠢᠯ ᠤᠨ ᠠᠷᠭ᠎ᠠ ᠵᠠᠮ ᠢᠶᠠᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠣ ᠠᠵᠢᠯ ᠮᠡᠷᠭᠡᠵᠢᠯ ᠤᠨ | ᠪᠤᠯᠪᠠᠰᠤᠷᠠᠯ ᠤᠨ ᠦᠢᠯᠡᠰ ᠢ ᠬᠦᠭᠵᠢᠭᠦᠯᠵᠤ᠂ ᠬᠦᠳᠡᠯᠮᠦᠷᠢᠴᠢᠳ ᠤᠨ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢ ᠨᠠᠬᠡᠬᠡᠨ ᠨᠡᠮᠡᠭᠳᠡᠭᠦᠯᠵᠤ᠂ | ᠬᠦᠳᠡᠯᠮᠦᠷᠢᠴᠢᠳ ᠤᠨ ᠬᠡᠪ ᠴᠢᠨᠠᠷ ᠢ ᠲᠡᠭᠡᠭᠰᠢᠯᠡᠭᠦᠯᠵᠤ᠂ ᠬᠦᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠪᠠ ᠠᠵᠢᠯ ᠤᠨ ᠴᠢᠳᠠᠪᠤᠷᠢ ᠶᠢ | ᠨᠡᠮᠡᠭᠳᠡᠭᠦᠯᠦᠨ᠎ᠡ᠃ | ᠵᠢᠷᠠᠨ ᠲᠤᠯᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠵᠢᠯ ᠮᠡᠷᠭᠡᠵᠢᠯ ᠤᠨ ᠪᠤᠯᠪᠠᠰᠤᠷᠠᠯ ᠢ ᠭᠦᠭᠵᠢᠭᠦᠯᠬᠦ ᠶᠢ ᠨᠡᠶᠢᠭᠡᠮ ᠠᠵᠤ | ᠠᠬᠤᠢ ᠶᠢᠨ ᠬᠦᠭᠵᠢᠯᠲᠡ ᠶᠢᠨ ᠲᠦᠯᠦᠪᠵᠢᠬᠦᠯᠭᠡ ᠳᠡᠭᠡᠨ ᠣᠷᠣᠭᠤᠯᠵᠣ᠂ ᠨᠦᠬᠦᠴᠡᠯ ᠲᠠᠢ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ | ᠨᠡᠶᠢᠭᠡᠮ ᠤᠨ ᠪᠦᠯᠬᠦᠮ ᠪᠠ ᠬᠤᠪᠢ ᠬᠦᠮᠦᠨ ᠤ ᠡᠯ᠎ᠡ ᠵᠦᠢᠯ ᠤᠨ ᠬᠡᠯᠪᠡᠷᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠬᠦ ᠶᠢ ᠵᠤᠷᠢᠭᠵᠢᠭᠤᠯᠤᠨ ᠲᠡᠮᠵᠢᠬᠦ ᠬᠡᠷᠡᠭᠲᠠᠢ᠃ | | ᠵᠢᠷᠠᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠪᠤᠯᠪᠠᠰᠤᠷᠠᠯ ᠤᠨ ᠲᠦᠷᠢᠮ ᠢ ᠪᠠᠶᠢᠭᠤᠯᠵᠤ᠂ ᠤᠯᠤᠰ ᠤᠨ ᠲᠤᠭᠲᠠᠭᠠᠯ | ᠶᠤᠰᠤᠭᠠᠷ ᠠᠵᠢᠯ ᠮᠡᠷᠭᠡᠵᠢᠯ ᠤᠨ ᠪᠤᠯᠪᠠᠰᠤᠷᠠᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠵᠤ᠂ ᠲᠤᠰ ᠨᠢᠭᠡᠴᠢ ᠶᠢᠨ ᠢᠶᠠᠨ ᠪᠣᠲᠠᠳᠤ ᠪᠠᠶᠢᠳᠠᠯ ᠢ ᠦᠨᠳᠦᠰᠦᠯᠡᠨ | ᠬᠦᠳᠡᠯᠮᠦᠷᠢᠴᠢᠳ ᠢ ᠲᠦᠯᠦᠪᠯᠡᠭᠡ ᠲᠠᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠯᠭᠡᠬᠦ ᠬᠡᠷᠡᠭᠲᠠᠢ᠃ ᠮᠡᠷᠭᠡᠵᠢᠯ ᠤᠨ ᠲᠦᠷᠦᠯ ᠤᠨ ᠠᠵᠢᠯ ᠬᠢᠬᠦ ᠬᠦᠳᠡᠯᠮᠦᠷᠢᠴᠢᠳ | ᠠᠵᠢᠯ ᠤᠨ ᠪᠠᠶᠢᠷᠢ ᠳᠤ ᠭᠠᠷᠬᠤ ᠠᠴᠠ ᠪᠠᠨ ᠡᠮᠦᠨ᠎ᠡ ᠡᠷᠬᠡᠪᠰᠢ ᠪᠤᠯᠪᠠᠰᠤᠷᠠᠯ ᠬᠦᠷᠲᠡᠭᠦ ᠬᠡᠷᠡᠭᠲᠠᠢ᠃ | ᠵᠢᠷᠠ ᠶᠢᠰᠤᠳᠦᠭᠡᠷ ᠵᠦᠢᠯ ᠣᠯᠣᠰ ᠠᠴᠠ ᠠᠵᠢᠯ ᠮᠡᠷᠭᠡᠵᠢᠯ ᠤᠨ ᠲᠦᠷᠦᠯ ᠬᠤᠪᠢᠶᠠᠷᠢ ᠶᠢ ᠲᠤᠭᠲᠠᠭᠠᠵᠤ᠂ ᠲᠤᠭᠲᠠᠭᠠᠭᠰᠠᠨ ᠠᠵᠢᠯ ᠮᠡᠷᠭᠡᠵᠢᠯ ᠤᠨ ᠮᠠᠷᠬᠡᠰᠢᠯ | ᠴᠢᠳᠠᠪᠤᠷᠢ ᠶᠢᠨ ᠪᠠᠷᠢᠮᠵᠢᠶ᠎ᠠ ᠲᠤᠭᠲᠠᠭᠠᠵᠤ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠂ ᠵᠠᠰᠠᠭ ᠤᠨ ᠤᠷᠲᠤᠨ ᠢᠶᠠᠷ | ᠵᠦᠪᠰᠢᠶᠡᠷᠡᠭᠦᠯᠦᠭᠰᠡᠨ ᠬᠢᠨᠠᠨ ᠲᠤᠭᠲᠠᠭᠠᠬᠤ ᠪᠠᠶᠢᠭᠤᠯᠦᠮᠵᠢ ᠠᠴᠠ ᠬᠦᠳᠡᠯᠮᠦᠷᠢᠴᠢᠳ ᠲᠤ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠬᠢᠨᠠᠨ ᠲᠤᠭᠲᠠᠭᠠᠯᠲᠠ | ᠬᠢᠬᠦ ᠶᠢ ᠬᠠᠷᠢᠭᠤᠴᠠᠨ᠎ᠠ᠃ | ᠶᠢᠰᠤᠳᠦᠭᠡᠷ ᠪᠦᠯᠦᠭ ᠨᠡᠶᠢᠭᠡᠮ ᠤᠨ ᠲᠠᠭᠠᠳᠬᠠᠯ ᠪᠠ ᠠᠰᠠᠷᠠᠮᠵᠢ | ᠲᠠᠯᠠᠳᠤᠭᠠᠷ ᠵᠦᠢᠯ ᠤᠯᠤᠰ ᠠᠴᠠ ᠨᠡᠶᠢᠭᠡᠮ ᠤᠨ ᠲᠠᠭᠠᠳᠬᠠᠯ ᠤᠨ ᠦᠢᠯᠡᠰ ᠢ ᠬᠦᠭᠵᠢᠭᠦᠯᠦᠨ᠂ ᠨᠡᠶᠢᠭᠡᠮ ᠤᠨ ᠲᠠᠭᠠᠳᠬᠠᠯ ᠤᠨ ᠲᠦᠷᠢᠮ ᠢ ᠪᠠᠶᠢᠭᠤᠯᠵᠤ᠂ | ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠭᠠᠷᠭᠠᠵᠤ᠂ ᠬᠦᠳᠡᠯᠮᠦᠷᠢᠴᠢᠳ ᠤᠨ ᠦᠲᠡᠯᠬᠦ᠂ ᠡᠪᠡᠳᠴᠢᠯᠡᠬᠦ᠂ ᠠᠵᠢᠯ ᠤᠨ ᠬᠠᠷᠠᠭ᠎ᠠ ᠪᠠᠷ ᠰᠢᠷᠬᠠᠲᠤᠬᠤ᠂ ᠠᠵᠢᠯ | ᠠᠯᠳᠠᠬᠤ᠂ ᠬᠦᠩᠭᠡᠵᠢᠵᠤ ᠪᠤᠶᠢᠵᠢᠭᠤᠯᠬᠤ ᠵᠡᠷᠭᠡ ᠪᠠᠶᠢᠳᠠᠯ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠤᠯᠭᠤᠨ᠎ᠠ᠃ | ᠲᠠᠯᠠᠨ ᠨᠢᠭᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠬᠢᠷᠢ ᠬᠡᠮᠵᠢᠶ᠎ᠡ ᠨᠢ ᠨᠡᠶᠢᠭᠡᠮ ᠤᠨ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠠ | ᠨᠡᠶᠢᠭᠡᠮ ᠤᠨ ᠡᠭᠦᠷᠭᠡᠯᠡᠨ ᠲᠠᠭᠠᠭᠠᠬᠤ ᠴᠢᠳᠠᠪᠤᠷᠢ ᠲᠠᠢ ᠵᠤᠬᠢᠴᠠᠯᠳᠤᠬᠤ ᠬᠡᠷᠡᠭᠲᠠᠢ᠃ | ᠲᠠᠯᠠᠨ ᠬᠤᠶᠠᠳᠤᠭᠠᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠪᠤᠯ ᠲᠠᠭᠠᠳᠬᠠᠯ ᠤᠨ ᠲᠦᠷᠦᠯ ᠢ ᠨᠢ ᠦᠨᠳᠤᠰᠦᠯᠡᠨ ᠪᠡᠯᠡ ᠮᠦᠩᠭᠦᠨ ᠤ | ᠢᠷᠡᠯᠲᠡ ᠶᠢ ᠨᠢ ᠲᠤᠭᠲᠠᠭᠠᠵᠤ᠂ ᠢᠳᠡᠭ ᠢᠳᠡᠭ ᠢᠶᠠᠷ ᠨᠡᠶᠢᠭᠡᠮ ᠲᠡᠭᠡᠷ᠎ᠡ ᠠᠴᠠ ᠨᠢᠭᠡᠳᠦᠯᠲᠠᠢ ᠴᠣᠭᠯᠠᠭᠤᠯᠬᠤ ᠪᠤᠯᠭᠠᠨ᠎ᠠ᠃ ᠬᠦᠮᠦᠨ ᠬᠡᠷᠡᠭᠯᠡᠬᠦ ᠨᠢᠭᠡᠴᠢ ᠪᠠ | ᠬᠦᠳᠡᠯᠮᠦᠷᠢᠴᠢᠳ ᠡᠷᠬᠡᠪᠰᠢ ᠬᠠᠤᠯᠢ ᠶᠤᠰᠤᠭᠠᠷ ᠨᠡᠶᠢᠭᠡᠮ ᠤᠨ ᠲᠠᠭᠠᠳᠬᠠᠯ ᠳᠤ ᠤᠷᠤᠯᠴᠠᠵᠤ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ ᠬᠡᠷᠡᠭᠲᠠᠢ᠃ | ᠲᠠᠯᠠᠨ ᠭᠤᠷᠪᠠᠳᠤᠭᠠᠷ ᠵᠦᠢᠯ ᠬᠦᠳᠡᠯᠮᠦᠷᠢᠴᠢᠳ ᠲᠤᠤᠷ᠎ᠠ ᠵᠢᠭᠰᠠᠭᠠᠭᠰᠠᠨ ᠪᠠᠶᠢᠳᠠᠯ ᠤᠨ ᠲᠤᠤᠷ᠎ᠠ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠢ ᠬᠠᠤᠯᠢ | ᠶᠤᠰᠤᠭᠠᠷ ᠬᠦᠷᠲᠡᠨ᠎ᠡ᠄ | ︵ᠨᠢᠭᠡ︶ ᠨᠠᠰᠤᠨ ᠤ ᠠᠮᠠᠷᠠᠯᠲᠠ ᠪᠠᠨ ᠠᠪᠤᠭᠰᠠᠨ︔ | ︵ᠬᠤᠶᠠᠷ︶ ᠡᠪᠡᠳᠴᠢᠯᠡᠭᠰᠡᠨ᠂ ᠰᠢᠷᠬᠠᠲᠤᠭᠰᠠᠨ︔ | ︵ᠭᠤᠷᠪᠠ︶ ᠠᠵᠢᠯ ᠤᠨ ᠬᠠᠷᠠᠭ᠎ᠠ ᠪᠠᠷ ᠰᠢᠷᠬᠠᠲᠤᠵᠤ ᠵᠡᠮᠳᠡᠭ ᠪᠤᠯᠤᠭᠰᠠᠨ ᠪᠤᠶᠤ ᠠᠵᠢᠯ ᠤᠨ ᠴᠢᠨᠠᠷᠲᠠᠢ ᠡᠪᠡᠳᠴᠢᠨ ᠤᠯᠤᠭᠰᠠᠨ︔ | ︵ᠲᠦᠷᠪᠡ︶ ᠠᠵᠢᠯ ᠠᠯᠳᠠᠭᠰᠠᠨ︔ | ︵ᠲᠠᠪᠤ︶ ᠬᠦᠩᠭᠡᠵᠢᠭᠰᠡᠨ᠃ | ᠬᠦᠳᠡᠯᠮᠦᠷᠢᠴᠢᠨ ᠨᠠᠰᠤ ᠪᠠᠷᠠᠭᠰᠠᠨ ᠤ ᠲᠠᠷᠠᠭ᠎ᠠ ᠭᠡᠷ ᠪᠦᠯᠢ ᠶᠢᠨ ᠬᠢᠨ ᠬᠠᠤᠯᠢ ᠶᠤᠰᠤᠭᠠᠷ ᠭᠡᠷ ᠪᠦᠯᠢ ᠶᠢᠨ ᠬᠢᠨ ᠤ ᠤᠯᠭᠤᠮᠵᠢ ᠬᠦᠷᠲᠡᠨ᠎ᠡ᠃ | ᠬᠦᠳᠡᠯᠮᠦᠷᠢᠴᠢᠳ ᠤᠨ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ | ᠲᠤᠭᠲᠠᠭᠠᠨ᠎ᠠ᠃ | ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ | ᠢᠶᠠᠷ ᠲᠤᠭᠲᠠᠭᠠᠨ᠎ᠠ᠃ | ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠮᠦᠩᠭᠦ ᠶᠢ ᠡᠷᠬᠡᠪᠰᠢ ᠴᠠᠭ ᠲᠤᠬᠠᠢ ᠳᠤᠨᠢ ᠲᠤᠭ᠎ᠠ ᠶᠤᠰᠤᠭᠠᠷ ᠨᠢ ᠤᠯᠭᠤᠬᠤ ᠬᠡᠷᠡᠭᠲᠠᠢ᠃ | ᠲᠠᠯᠠᠨ ᠲᠦᠷᠪᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠨᠡᠶᠢᠭᠡᠮ ᠤᠨ ᠲᠠᠭᠠᠳᠬᠠᠯ ᠤᠨ | ᠰᠠᠭᠤᠷᠢ ᠮᠦᠩᠭᠦ ᠶᠢ ᠬᠠᠤᠯᠢ ᠶᠢᠨ ᠲᠤᠭᠲᠠᠭᠠᠯ ᠶᠤᠰᠤᠭᠠᠷ ᠬᠤᠷᠢᠶᠠᠨ ᠠᠪᠴᠣ ᠵᠠᠷᠤᠬᠤ᠂ ᠬᠠᠮᠢᠶᠠᠷᠬᠤ ᠪᠠ ᠬᠡᠷᠡᠭᠯᠡᠬᠦ ᠪᠦᠭᠡᠳ ᠨᠡᠶᠢᠭᠡᠮ ᠤᠨ ᠲᠠᠭᠠᠳᠬᠠᠯ ᠤᠨ | ᠰᠠᠭᠤᠷᠢ ᠮᠦᠩᠭᠦ ᠶᠢᠨ ᠦᠷᠲᠡᠭ ᠢ ᠪᠠᠲᠤᠯᠠᠵᠤ ᠨᠡᠮᠡᠭᠳᠡᠭᠦᠯᠬᠦ ᠬᠠᠷᠢᠭᠤᠴᠠᠯᠭ᠎ᠠ ᠲᠠᠢ᠃ | ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠠᠤᠯᠢ ᠶᠢᠨ ᠲᠤᠭᠲᠠᠭᠠᠯ ᠶᠤᠰᠤᠭᠠᠷ ᠨᠡᠶᠢᠭᠡᠮ ᠤᠨ ᠲᠠᠭᠠᠳᠬᠠᠯ | ᠤᠨ ᠮᠦᠩᠭᠦ ᠶᠢ ᠬᠤᠷᠢᠶᠠᠨ ᠠᠪᠴᠤ ᠵᠠᠷᠤᠬᠤ᠂ ᠬᠠᠮᠢᠶᠠᠷᠴᠤ ᠬᠡᠷᠡᠭᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠪᠠ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ ᠬᠢᠨᠠᠯᠲᠠ | ᠲᠠᠯᠪᠢᠬᠤ ᠪᠠᠶᠢᠭᠤᠯᠤᠮᠵᠢ ᠶᠢ ᠪᠠᠶᠢᠭᠤᠯᠬᠤ ᠪᠠ ᠲᠡᠭᠦᠨ ᠤ ᠡᠭᠦᠷᠭᠡ ᠲᠤᠰᠢᠶᠠᠯ ᠢ ᠬᠠᠤᠯᠢ ᠪᠠᠷ ᠲᠤᠭᠲᠠᠭᠠᠨ᠎ᠠ᠃ | ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ ᠨᠡᠭᠦᠯᠭᠡᠨ ᠬᠡᠷᠡᠭᠯᠡᠵᠤ ᠪᠤᠯᠬᠤ ᠦᠭᠡᠢ᠃ | ᠲᠠᠯᠠᠨ ᠲᠠᠪᠤᠳᠤᠭᠠᠷ ᠵᠦᠢᠯ ᠬᠦᠮᠦᠨ ᠬᠡᠷᠡᠭᠡᠯᠡᠬᠦ ᠨᠢᠭᠡᠴᠢ ᠶᠢᠨ ᠲᠤᠰ ᠨᠢᠭᠡᠴᠢ ᠶᠢᠨ ᠢᠶᠠᠨ ᠪᠤᠳᠠᠳᠤ ᠪᠠᠶᠢᠳᠠᠯ ᠢ ᠦᠨᠳᠤᠰᠦᠯᠡᠨ ᠬᠦᠳᠡᠯᠮᠦᠷᠢᠴᠢᠳ ᠲᠤ | ᠨᠦᠬᠦᠪᠦᠷᠢ ᠲᠠᠭᠠᠳᠬᠠᠯ ᠪᠠᠶᠢᠭᠤᠯᠵᠤ ᠦᠭᠬᠦ ᠶᠢ ᠤᠯᠤᠰ ᠠᠴᠠ ᠵᠤᠷᠢᠭᠵᠢᠭᠤᠯᠤᠨ᠎ᠠ᠃ | ᠬᠦᠳᠡᠯᠮᠦᠷᠢᠴᠢᠳ ᠤᠨ ᠬᠤᠪᠢ ᠪᠠᠷ ᠢᠶᠠᠨ ᠬᠠᠳᠠᠭᠠᠯᠠᠮᠵᠢ ᠶᠢᠨ ᠴᠢᠨᠠᠷᠲᠠᠢ ᠲᠠᠭᠠᠳᠬᠠᠯ ᠬᠢᠬᠦ ᠶᠢ ᠤᠯᠤᠰ ᠠᠴᠠ ᠰᠠᠨᠠᠭᠠᠴᠢᠯᠠᠨ᠎ᠠ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠨᠡᠶᠢᠭᠡᠮ ᠤᠨ ᠠᠰᠠᠷᠠᠮᠵᠢ ᠶᠢᠨ ᠦᠢᠯᠡᠰ ᠢ ᠬᠦᠭᠵᠢᠭᠦᠯᠵᠤ᠂ ᠤᠯᠠᠨ ᠨᠡᠶᠢᠲᠡ ᠶᠢᠨ ᠠᠰᠠᠷᠠᠮᠵᠢ ᠶᠢᠨ | ᠲᠦᠬᠦᠭᠡᠷᠤᠮᠵᠢ ᠶᠢ ᠪᠠᠶᠢᠭᠤᠯᠵᠤ᠂ ᠬᠦᠳᠡᠯᠮᠦᠷᠢᠴᠢᠳ ᠤᠨ ᠠᠮᠠᠷᠠᠬᠤ᠂ ᠠᠮᠠᠷᠠᠨ ᠰᠤᠪᠢᠯᠠᠬᠤ ᠪᠠ ᠡᠮᠨᠡᠭᠦᠯᠦᠨ ᠰᠤᠪᠢᠯᠠᠬᠤ ᠳᠤ ᠨᠦᠬᠦᠴᠡᠯ ᠬᠠᠩᠭᠠᠨ᠎ᠠ᠃ | ᠬᠦᠮᠦᠨ ᠬᠡᠷᠡᠭᠯᠡᠬᠦ ᠨᠢᠭᠡᠴᠢ ᠨᠦᠬᠦᠴᠡᠯ ᠪᠦᠷᠢᠯᠳᠤᠭᠦᠯᠦᠨ ᠨᠡᠶᠢᠲᠡ ᠶᠢᠨ ᠠᠰᠠᠷᠠᠮᠵᠢ ᠶᠢ ᠰᠠᠶᠢᠵᠢᠷᠠᠭᠤᠯᠵᠤ᠂ ᠬᠦᠳᠡᠯᠮᠦᠷᠢᠴᠢᠳ ᠤᠨ ᠠᠰᠠᠷᠠᠮᠵᠢ ᠬᠠᠷᠠᠭᠠᠯᠵᠠᠯ ᠢ | ᠲᠡᠭᠡᠭᠰᠢᠯᠡᠭᠦᠯᠬᠦ ᠬᠡᠷᠡᠭᠲᠠᠢ᠃ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠲᠠᠯᠠᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠪᠤᠯᠤᠨ ᠬᠦᠳᠡᠯᠮᠦᠷᠢᠴᠢᠨ ᠬᠤᠭᠤᠷᠤᠨᠳᠤ ᠪᠠᠨ ᠬᠦᠳᠡᠯᠮᠦᠷᠢ ᠶᠢᠨ ᠮᠠᠷᠭᠤᠭᠠᠨ ᠭᠠᠷᠪᠠᠯ ᠲᠤᠬᠠᠢ ᠶᠢᠨ | ᠬᠦᠮᠦᠨ ᠬᠠᠤᠯᠢ ᠶᠤᠰᠤᠭᠠᠷ ᠡᠶᠡᠳᠡᠭᠦᠯᠬᠦ᠂ ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠬᠤ᠂ ᠵᠠᠭᠠᠯᠳᠤᠯᠭ᠎ᠠ ᠭᠠᠷᠭᠠᠬᠤ᠂ ᠵᠦᠪᠳᠡᠯᠴᠡᠨ ᠰᠢᠢᠳᠪᠦᠷᠢᠯᠡᠵᠤ | ᠴᠣ᠋ | ᠪᠤᠯᠤᠨ᠎ᠠ᠃ | ᠡᠶᠡᠳᠡᠭᠦᠯᠬᠦ ᠵᠠᠷᠴᠢᠮ ᠢ ᠬᠦᠨᠳᠡᠯᠡᠨ ᠠᠴᠠ ᠲᠠᠰᠤᠯᠬᠤ ᠪᠠ ᠵᠠᠷᠭᠤᠯᠳᠤᠬᠤ ᠵᠢᠷᠤᠮ ᠳᠤ ᠬᠡᠷᠡᠭᠯᠡᠨ᠎ᠡ᠃ | ᠲᠠᠯᠠᠨ ᠨᠠᠢᠮᠠᠳᠣᠭᠠᠷ ᠵᠦᠢᠯ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠳᠡᠭᠡᠨ ᠬᠠᠤᠯᠢ ᠳᠤ ᠨᠡᠶᠢᠴᠡᠬᠦ᠂ ᠭᠤᠤᠯᠴᠢ ᠪᠠᠶᠢᠬᠤ᠂ ᠴᠠᠭ ᠲᠤᠬᠠᠢ ᠲᠤᠨᠢ | ᠰᠢᠢᠳᠪᠦᠷᠢᠯᠡᠬᠦ ᠵᠠᠷᠴᠢᠮ ᠢ ᠦᠨᠳᠤᠰᠤᠯᠡᠨ ᠬᠦᠳᠡᠯᠮᠦᠷᠢ ᠶᠢᠨ ᠮᠠᠷᠭᠤᠭᠠᠨ ᠤ ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ | ᠬᠠᠮᠠᠭᠠᠯᠠᠬᠤ ᠬᠡᠷᠡᠭᠲᠠᠢ᠃ | ᠲᠠᠯ᠎ᠠ ᠶᠢᠰᠦᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠭᠠᠷᠤᠭᠰᠠᠨ ᠤ ᠲᠠᠷᠠᠭ᠎ᠠ᠂ ᠲᠤᠬᠠᠢ ᠶᠢᠨ ᠬᠦᠮᠦᠨ ᠲᠤᠰ ᠨᠢᠭᠡᠴᠢ ᠶᠢᠨ ᠢᠶᠠᠨ ᠬᠦᠳᠡᠯᠮᠦᠷᠢ ᠶᠢᠨ | ᠮᠠᠷᠭᠤᠭᠠᠨ ᠢ ᠡᠶᠡᠳᠡᠭᠦᠯᠬᠦ ᠺᠤᠮᠢᠰ ᠲᠤ ᠡᠶᠡᠳᠡᠭᠦᠯᠬᠦ ᠭᠤᠶᠤᠴᠢᠯᠠᠯ ᠭᠠᠷᠭᠠᠵᠤ ᠪᠤᠯᠤᠨ᠎ᠠ︔ ᠡᠶᠡᠳᠡᠭᠦᠯᠦᠨ ᠪᠦᠲᠦᠭᠰᠡᠨ ᠦᠭᠡᠢ ᠪᠠᠶᠢᠪᠠᠯ᠂ ᠨᠢᠭᠡ ᠲᠠᠯ᠎ᠠ ᠶᠢᠨ ᠲᠤᠬᠠᠢ | ᠶᠢᠨ ᠬᠦᠮᠦᠨ ᠨᠢ ᠬᠦᠨᠳᠡᠯᠡᠨ ᠠᠴᠠ ᠲᠠᠰᠤᠯᠤᠭᠤᠯᠬᠤ ᠪᠠᠷ ᠱᠠᠭᠠᠷᠳᠠᠭᠰᠠᠨ ᠪᠤᠯ᠂ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ | ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠯ ᠭᠠᠷᠭᠠᠵᠤ ᠪᠤᠯᠤᠨ᠎ᠠ᠃ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ ᠬᠦᠳᠡᠯᠮᠦᠷᠢ ᠶᠢᠨ ᠮᠠᠷᠭᠤᠭᠠᠨ ᠢ | ᠬᠦᠨᠳᠡᠯᠡᠨ ᠠᠴᠠ ᠲᠠᠰᠤᠯᠬᠤ ᠺᠤᠮᠢᠰ ᠲᠤ ᠰᠢᠭᠤᠳ ᠬᠦᠨᠳᠡᠯᠡᠨ ᠠᠴᠠ ᠲᠠᠰᠣᠯᠣᠭᠤᠯᠬᠤ ᠳᠤ ᠭᠤᠶᠤᠴᠢᠯᠠᠯ ᠭᠠᠷᠭᠠᠵᠤ ᠴᠤ ᠪᠤᠯᠤᠨ᠎ᠠ᠃ ᠬᠦᠨᠳᠡᠯᠡᠨ ᠠᠴᠠ | ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠃ | ᠨᠠᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠳᠤ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠪᠠᠶᠢᠭᠤᠯᠵᠤ ᠪᠤᠯᠤᠨ᠎ᠠ᠃ ᠬᠦᠳᠡᠯᠮᠦᠷᠢ ᠶᠢᠨ | ᠮᠠᠷᠭᠤᠭᠠᠨ ᠢ ᠡᠶᠡᠳᠡᠭᠦᠯᠬᠦ ᠺᠤᠮᠢᠰ ᠨᠢ ᠠᠵᠢᠯᠲᠠᠨ ᠠᠵᠢᠯᠴᠢᠨ ᠤ ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠦᠯᠦᠭᠡᠯᠡᠭᠴᠢ ᠪᠠ ᠠᠵᠢᠯᠴᠢᠨ ᠤ ᠡᠪᠯᠡᠯ ᠤᠨ | ᠲᠦᠯᠦᠭᠡᠯᠡᠭᠴᠢ ᠪᠠᠷ ᠪᠦᠷᠢᠯᠳᠦᠨ᠎ᠡ᠃ ᠬᠦᠳᠡᠯᠮᠦᠷᠢ ᠶᠢᠨ ᠮᠠᠷᠭᠤᠭᠠᠨ ᠢ ᠲᠠᠰᠤᠯᠬᠤ ᠡᠶᠡᠳᠡᠭᠦᠯᠬᠦ ᠺᠤᠮᠢᠰ ᠤᠨ ᠡᠷᠬᠢᠯᠡᠭᠴᠢ ᠶᠢᠨ ᠲᠤᠰᠢᠶᠠᠯ ᠢ ᠠᠵᠢᠯᠲᠠᠨ ᠤ ᠡᠪᠯᠡᠯ ᠤᠨ | ᠲᠦᠯᠦᠭᠡᠯᠡᠭᠴᠢ ᠡᠬᠦᠷᠭᠡᠯᠡᠨ᠎ᠡ᠃ | ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠦᠭᠡᠳ ᠬᠡᠯᠡᠯᠴᠡᠭᠡᠷ ᠲᠤᠬᠢᠷᠠᠭᠰᠠᠨ ᠪᠠᠶᠢᠪᠠᠯ ᠲᠤᠬᠠᠢ ᠶᠢᠨ ᠬᠦᠮᠦᠨ ᠬᠡᠷᠡᠭᠵᠢᠭᠦᠯᠬᠦ ᠬᠡᠷᠡᠭᠲᠠᠢ᠃ | ᠨᠠᠶᠠᠨ ᠨᠢᠭᠡᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠣᠯᠬᠤ ᠺᠤᠮᠢᠰ ᠨᠢ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ | ᠤᠨ ᠲᠦᠯᠦᠭᠡᠯᠡᠭᠴᠢ᠂ ᠠᠳᠠᠯᠢ ᠱᠠᠲᠤᠨ ᠤ ᠠᠵᠢᠯᠴᠢᠨ ᠤ ᠡᠪᠯᠡᠯ ᠤᠨ ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠠᠯ᠎ᠠ ᠶᠢᠨ ᠲᠦᠯᠦᠭᠡᠯᠡᠭᠴᠢ ᠪᠠᠷ | ᠪᠦᠷᠢᠯᠳᠦᠨ᠎ᠡ᠃ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠤᠨ ᠡᠷᠬᠢᠯᠡᠭᠴᠢ ᠶᠢᠨ ᠲᠤᠰᠢᠶᠠᠯ ᠢ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠤᠨ ᠲᠦᠯᠦᠭᠡᠯᠡᠭᠴᠢ ᠡᠭᠦᠷᠭᠡᠯᠡᠨ᠎ᠡ᠃ | ᠨᠠᠶᠠᠨ ᠬᠤᠶᠠᠳᠤᠭᠠᠷ ᠵᠦᠢᠯ ᠬᠦᠨᠳᠡᠯᠡᠨ ᠠᠴᠠ ᠲᠠᠰᠣᠯᠣᠭᠤᠯᠬᠤ ᠱᠠᠭᠠᠷᠳᠠᠯᠭ᠎ᠠ ᠲᠤᠷᠠᠳᠤᠭᠰᠠᠨ ᠲᠠᠯ᠎ᠠ ᠪᠠᠷ ᠨᠢ ᠬᠦᠳᠡᠯᠮᠦᠷᠢ ᠶᠢᠨ ᠮᠠᠷᠭᠤᠭᠠᠨ ᠭᠠᠷᠤᠭᠰᠠᠨ | ᠡᠳᠦᠷ ᠠᠴᠠ ᠡᠬᠢᠯᠡᠨ ᠵᠢᠷᠠᠨ ᠬᠤᠨᠤᠭ ᠤᠨ ᠲᠤᠲᠤᠷ᠎ᠠ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠪᠢᠴᠢᠭ ᠢᠶᠠᠷ ᠭᠤᠶᠤᠴᠢᠯᠠᠯ | ᠭᠠᠷᠭᠠᠬᠤ ᠭᠡᠷᠡᠭᠲᠠᠢ︔ ᠬᠦᠨᠳᠡᠯᠡᠨ ᠠᠴᠠ ᠲᠠᠰᠤᠯᠬᠤ ᠬᠢᠨᠡᠨ ᠲᠠᠰᠤᠯᠤᠯᠲᠠ ᠶᠢ ᠡᠩ ᠤᠨ ᠪᠠᠶᠢᠳᠠᠯ ᠲᠤᠤᠷ᠎ᠠ ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ | ᠤᠯᠤᠭᠰᠠᠨ ᠡᠳᠦᠷ ᠠᠴᠠ ᠬᠤᠶᠢᠰᠢ ᠶᠢᠨ ᠵᠢᠷᠠᠨ ᠬᠤᠨᠤᠭ ᠤᠨ ᠲᠤᠲᠤᠷ᠎ᠠ ᠭᠠᠷᠭᠠᠨ᠎ᠠ᠂ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠳᠤ ᠤᠨᠳᠤᠤ ᠰᠠᠨᠠᠯ | ᠦᠭᠡᠢ ᠪᠤᠯ ᠲᠤᠬᠠᠢ ᠶᠢᠨ ᠬᠦᠮᠦᠨ ᠡᠷᠬᠡᠪᠰᠢ ᠬᠡᠷᠡᠭᠵᠢᠭᠦᠯᠬᠦ ᠬᠡᠷᠡᠭᠲᠡᠢ᠃ | ᠨᠠᠶᠠᠨ ᠭᠤᠷᠪᠠᠳᠤᠭᠠᠷ ᠵᠦᠢᠯ ᠬᠦᠳᠡᠯᠮᠦᠷᠢ ᠶᠢᠨ ᠮᠠᠷᠭᠤᠭᠠᠨ ᠤ ᠲᠤᠬᠠᠢ ᠶᠢᠨ ᠬᠦᠮᠦᠨ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ | ᠵᠦᠪᠰᠢᠶᠡᠷᠡᠬᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢᠨ ᠪᠢᠴᠢᠭ ᠢ ᠤᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠬᠤᠨᠤᠭ | ᠤᠨ ᠲᠤᠲᠤᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ ᠬᠠᠤᠯᠢ ᠳᠤ ᠲᠤᠭᠲᠠᠭᠠᠭᠰᠠᠨ | ᠬᠤᠭᠤᠴᠠᠭᠠᠨ ᠲᠤᠲᠤᠷ᠎ᠠ ᠵᠠᠭᠠᠯᠳᠤᠯᠭ᠎ᠠ ᠭᠠᠷᠭᠠᠬᠤ ᠦᠭᠡᠢ ᠪᠦᠭᠡᠳ ᠬᠦᠨᠳᠡᠯᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠬᠡᠷᠡᠭᠵᠢᠭᠦᠯᠬᠦ ᠦᠭᠡᠢ ᠪᠠᠶᠢᠪᠠᠯ | ᠨᠦᠭᠦᠭᠡ ᠲᠠᠯ᠎ᠠ ᠶᠢᠨ ᠲᠤᠬᠠᠢ ᠶᠢᠨ ᠬᠦᠮᠦᠨ ᠠᠯᠪᠠᠳᠠᠨ ᠬᠦᠢᠴᠡᠳᠭᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠯ ᠭᠠᠷᠭᠠᠵᠤ ᠪᠤᠯᠤᠨ᠎ᠠ᠃ᠨᠠᠶᠠᠨ | ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠲᠤᠭᠲᠠᠭᠠᠭᠰᠠᠨ ᠤ ᠲᠠᠷᠠᠭ᠎ᠠ ᠪᠠᠷ ᠮᠠᠷᠭᠤᠭᠠᠨ ᠭᠠᠷᠤᠭᠠᠳ ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ | ᠴᠢᠳᠠᠭᠰᠠᠨ ᠦᠭᠡᠢ ᠪᠠᠶᠢᠪᠠᠯ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠤᠯᠪᠤᠭᠳᠠᠯ | ᠪᠦᠬᠦᠢ ᠲᠠᠯ᠎ᠠ ᠶᠢᠨ ᠬᠢᠨ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠰᠢᠢᠳᠪᠦᠷᠢᠯᠡᠵᠤ ᠪᠤᠯᠤᠨ᠎ᠠ᠃ | ᠬᠠᠮᠲᠤ ᠶᠢᠨ ᠭᠡᠷ᠎ᠡ ᠶᠢ ᠬᠡᠷᠡᠭᠵᠢᠬᠦᠯᠦᠭᠰᠡᠨ ᠤ ᠲᠠᠷᠠᠭ᠎ᠠ ᠪᠠᠷ ᠮᠠᠷᠭᠤᠭᠠᠨ ᠭᠠᠷᠤᠭᠠᠳ ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ ᠴᠢᠳᠠᠭᠰᠠᠨ ᠦᠭᠡᠢ | ᠪᠠᠶᠢᠪᠠᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠤᠯᠤᠨ᠎ᠠ︔ | ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢᠨ ᠪᠢᠴᠢᠭ ᠢ | ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤ ᠬᠤᠨᠤᠭ ᠤᠨ ᠲᠤᠲᠤᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠃ | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠨᠠᠶᠠᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠲᠤᠨ ᠤ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠳ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ | ᠳᠤ ᠬᠠᠤᠯᠢ ᠶᠤᠰᠤᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠤ᠂ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ | ᠶᠢ ᠬᠤᠷᠢᠭᠯᠠᠨ ᠵᠤᠭᠰᠤᠭᠠᠬᠤ ᠡᠷᠬᠡ ᠲᠠᠢ ᠪᠦᠭᠡᠳ ᠵᠠᠷᠯᠢᠭᠳᠠᠨ ᠵᠠᠯᠠᠷᠠᠭᠤᠯᠬᠤ ᠬᠡᠷᠡᠭᠲᠠᠢ᠃ | ᠨᠠᠶᠠᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠳ ᠠᠯᠪᠠᠨ ᠠᠵᠢᠯ ᠢᠶᠠᠨ ᠭᠦᠢᠴᠡᠳᠭᠡᠭᠦ ᠳᠡᠭᠡᠨ ᠬᠦᠮᠦᠨ ᠬᠡᠷᠡᠭᠯᠡᠬᠦ ᠨᠢᠭᠡᠴᠢ ᠳᠤ | ᠬᠦᠷᠴᠤ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠦᠢᠯᠠᠭᠠᠵᠤ᠂ ᠴᠢᠬᠤᠯᠠ ᠪᠦᠬᠦᠢ ᠮᠠᠲ᠋ᠧᠷᠢᠶᠠᠯ ᠢ | ᠪᠠᠶᠢᠴᠠᠭᠠᠨ ᠦᠵᠡᠬᠦ ᠪᠦᠭᠡᠳ ᠬᠦᠳᠡᠯᠮᠦᠷᠢ ᠶᠢᠨ ᠭᠠᠵᠠᠷ ᠲᠤ ᠪᠠᠶᠢᠴᠠᠭᠠᠯᠲᠠ ᠬᠢᠭᠦ ᠡᠷᠬᠡ ᠲᠠᠢ᠃ | ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠠᠯᠪᠠᠨ ᠠᠵᠢᠯ ᠢᠶᠠᠨ ᠭᠦᠢᠴᠡᠳᠭᠡᠬᠦ ᠳᠡᠭᠡᠨ ᠡᠷᠬᠡᠪᠰᠢ ᠭᠡᠷᠡᠴᠢ ᠲᠡᠮᠳᠡᠭ ᠢᠶᠠᠨ ᠦᠵᠡᠭᠦᠯᠵᠤ᠂ ᠬᠠᠤᠯᠢ ᠶᠢ ᠭᠤᠤᠯᠴᠢ ᠪᠠᠷ | ᠬᠡᠷᠡᠭᠵᠢᠭᠦᠯᠬᠦ ᠶᠢᠨ ᠬᠠᠮᠲᠤ ᠬᠤᠯᠪᠤᠭᠳᠠᠯ ᠪᠦᠬᠦᠢ ᠲᠤᠭᠲᠠᠭᠠᠯ ᠢ ᠰᠠᠬᠢᠬᠤ ᠬᠡᠷᠡᠭᠲᠠᠢ᠃ | ᠨᠠᠶᠠᠨ ᠲᠤᠯᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠲᠤᠲᠤᠷ᠎ᠠ ᠪᠠᠨ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ᠂ | ᠬᠠᠤᠯᠢ ᠲᠤᠭᠲᠠᠭᠠᠯ ᠢ ᠵᠢᠷᠤᠮᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃ | ᠨᠠᠶᠠᠨ ᠨᠠᠢᠮᠠᠳᠤᠭᠠᠷ ᠵᠦᠢᠯ ᠡᠯ᠎ᠡ ᠱᠠᠲᠤᠨ ᠤ ᠠᠵᠢᠯᠴᠢᠨ ᠤ ᠡᠪᠯᠡᠯ ᠬᠠᠤᠯᠢ ᠶᠤᠰᠤᠭᠠᠷ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠵᠤ᠂ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ | ᠬᠡᠷᠡᠭᠲᠠᠢ᠃ | ᠶᠠᠮᠠᠷᠪᠠ ᠵᠤᠬᠢᠶᠠᠨ ᠪᠠᠶᠢᠭᠤᠯᠤᠯᠲᠠ᠂ ᠬᠤᠪᠢ ᠬᠦᠮᠦᠨ ᠴᠦᠮ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠦᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠶᠠ ᠶᠢᠰᠤᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠲᠤᠭᠲᠠᠭᠠᠭᠰᠠᠨ ᠬᠦᠳᠡᠯᠮᠦᠷᠢ ᠶᠢᠨ ᠲᠦᠷᠢᠮ ᠲᠤᠭᠲᠠᠭᠠᠯ ᠨᠢ ᠬᠠᠤᠯᠢ ᠴᠠᠭᠠᠵᠠ᠂ ᠬᠠᠤᠯᠢ | ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠠᠷᠠᠮᠵᠢ ᠦᠭᠴᠤ ᠵᠠᠷᠯᠢᠭᠳᠠᠨ ᠵᠠᠯᠠᠷᠠᠭᠤᠯᠬᠤ | ᠬᠡᠷᠡᠭᠲᠠᠢ᠃ | ᠶᠡᠷᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠠᠴᠠ ᠵᠦᠷᠢᠴᠡᠨ ᠬᠦᠳᠡᠯᠮᠦᠷᠢᠴᠢᠳ ᠤᠨ ᠠᠵᠢᠯᠯᠠᠬᠤ ᠴᠠᠭ ᠢ | ᠤᠷᠲᠤᠳᠬᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠰᠡᠷᠡᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ ᠪᠦᠭᠡᠳ ᠵᠤᠭᠤᠰ ᠢᠶᠠᠷ | ᠲᠤᠷᠭᠠᠵᠤ ᠪᠤᠯᠤᠨ᠎ᠠ᠃ | ᠶᠡᠷᠡᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ | ᠬᠤᠬᠢᠷᠠᠭᠤᠯᠤᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠦᠳᠡᠯᠮᠦᠷᠢᠴᠢᠳ ᠤᠨ | ᠴᠠᠯᠢᠩ ᠬᠦᠯᠦᠰᠤ᠂ ᠠᠵᠤ ᠠᠬᠤᠢ ᠶᠢᠨ ᠨᠦᠬᠦᠪᠦᠷᠢ ᠶᠢ ᠲᠦᠯᠦᠭᠦᠯᠬᠦ ᠪᠦᠭᠡᠳ ᠵᠠᠷᠯᠢᠭᠳᠠᠵᠤ ᠪᠠᠶᠢᠭᠠᠳ ᠲᠦᠯᠦᠪᠦᠷᠢ ᠶᠢᠨ ᠮᠦᠩᠬᠦ ᠦᠭᠭᠦᠭᠦᠯᠵᠤ ᠪᠤᠯᠤᠨ᠎ᠠ᠄ | ︵ᠨᠢᠭᠡ︶ ᠬᠦᠳᠡᠯᠮᠦᠷᠢᠴᠢᠳ ᠤᠨ ᠴᠠᠯᠢᠩ ᠢ ᠬᠠᠰᠣᠭᠰᠠᠨ ᠪᠤᠶᠤ ᠤᠴᠢᠷ ᠰᠢᠯᠲᠠᠭᠠᠨ ᠦᠭᠡᠢ ᠪᠠᠷ ᠰᠠᠭᠠᠲᠠᠭᠠᠭᠰᠠᠨ︔ | ︵ᠬᠤᠶᠠᠷ︶ ᠬᠦᠳᠡᠯᠮᠦᠷᠢᠴᠢᠳ ᠤᠨ ᠤᠷᠲᠤᠳᠬᠠᠭᠰᠠᠨ ᠠᠵᠢᠯ ᠤᠨ ᠴᠠᠭ ᠤᠨ ᠴᠠᠯᠢᠩ ᠬᠦᠯᠦᠰᠦ ᠶᠢ ᠦᠯᠦ ᠦᠭᠭᠦᠭᠰᠡᠨ︔ | ︵ ᠭᠤᠷᠪᠠ︶ ᠬᠦᠳᠡᠯᠮᠦᠷᠢᠴᠢᠳ ᠤᠨ ᠴᠠᠯᠢᠩ ᠢ ᠲᠤᠬᠠᠢ ᠶᠢᠨ ᠭᠠᠵᠠᠷ ᠤᠨ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠤᠯᠤᠭᠰᠠᠨ︔ | ︵ᠲᠦᠷᠪᠡ︶ ᠬᠦᠳᠡᠯᠮᠦᠷᠢᠴᠢᠳ ᠤᠨ ᠭᠡᠷ᠎ᠡ ᠶᠢ ᠬᠦᠴᠦᠨ ᠦᠭᠡᠢ ᠪᠤᠯᠭᠠᠭᠰᠠᠨ ᠤ ᠲᠠᠷᠠᠭ᠎ᠠ ᠲᠤᠰ ᠬᠠᠤᠯᠢ ᠶᠢᠨ ᠲᠤᠭᠲᠠᠭᠠᠯ ᠶᠤᠰᠤᠭᠠᠷ ᠬᠦᠳᠡᠯᠮᠦᠷᠢᠴᠢᠳ ᠲᠤ | ᠠᠵᠤ ᠠᠬᠤᠢ ᠶᠢᠨ ᠨᠦᠬᠦᠪᠦᠷᠢ ᠦᠯᠦ ᠤᠯᠤᠭᠰᠠᠨ᠃ | ᠶᠡᠷᠡᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠠᠶᠤᠯᠬᠦᠢ ᠶᠢᠨ ᠪᠡᠯᠡᠳᠭᠡᠯ ᠲᠦᠬᠦᠭᠡᠷᠤᠮᠵᠢ ᠪᠠ ᠬᠦᠳᠡᠯᠮᠦᠷᠢ ᠶᠢᠨ ᠡᠷᠡᠭᠦᠯ | ᠬᠠᠮᠠᠭᠠᠯᠠᠯ ᠤᠨ ᠨᠦᠬᠦᠴᠡᠯ ᠤᠯᠤᠰ ᠤᠨ ᠲᠤᠭᠲᠠᠭᠠᠯ ᠳᠤ ᠨᠡᠶᠢᠴᠡᠬᠦ ᠦᠭᠡᠢ ᠪᠤᠶᠤ ᠬᠦᠳᠡᠯᠮᠦᠷᠢᠴᠢᠳ ᠲᠤ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ | ᠬᠡᠷᠡᠭᠰᠡᠯ ᠪᠠ ᠬᠦᠳᠡᠯᠮᠦᠷᠢ ᠶᠢᠨ ᠬᠠᠮᠠᠭᠠᠯᠠᠯᠲᠠ ᠶᠢᠨ ᠲᠦᠬᠦᠭᠡᠷᠤᠮᠵᠢ ᠬᠠᠩᠭᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠦᠢᠯᠡᠳᠪᠦᠷᠢᠯᠡᠯ ᠢ ᠨᠢ ᠵᠤᠭᠰᠤᠭᠠᠵᠤ ᠴᠡᠭᠴᠡᠯᠡᠭᠦᠯᠬᠦ ᠪᠠᠷ ᠰᠠᠨᠠᠭᠤᠯᠭ᠎ᠠ ᠭᠠᠷᠭᠠᠵᠤ ᠪᠤᠯᠤᠨ᠎ᠠ︔ ᠭᠡᠨᠡᠳᠡᠯ | ᠭᠠᠷᠬᠤ ᠲᠠᠯᠳᠠ ᠭᠡᠮ ᠳᠤ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠤᠯᠵᠤ ᠬᠦᠨᠳᠤ ᠶᠡᠭᠡ ᠭᠡᠨᠡᠳᠡᠯ ᠭᠠᠷᠴᠣ ᠬᠦᠳᠡᠯᠮᠦᠷᠢᠴᠢᠳ ᠤᠨ ᠠᠮᠢ ᠨᠠᠰᠤ ᠪᠠ ᠡᠳ᠋ | ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠡᠷᠡᠭᠦᠦ ᠶᠢᠨ ᠬᠠᠤᠯᠢ ᠶᠢᠨ ᠵᠠᠭᠤ ᠨᠠᠶᠠᠨ ᠲᠤᠯᠤᠳᠤᠭᠠᠷ ᠵᠦᠢᠯ ᠤᠨ ᠲᠤᠭᠲᠠᠭᠠᠯ ᠶᠤᠰᠤᠭᠠᠷ ᠬᠠᠷᠢᠭᠤᠴᠠᠯᠭ᠎ᠠ | ᠲᠠᠢ ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠨ ᠢ ᠠᠯᠪᠠᠳᠠᠨ ᠲᠤᠭᠲᠠᠭᠠᠯ ᠠᠴᠠ ᠵᠦᠷᠢᠴᠡᠵᠤ ᠠᠶᠤᠯ ᠲᠦᠭᠰᠢᠭᠦᠷᠢ ᠲᠠᠢ ᠠᠵᠢᠯ | ᠬᠢᠯᠭᠡᠭᠡᠳ ᠰᠢᠷᠬᠠᠳᠤᠭᠰᠠᠨ ᠦᠭᠦᠭᠰᠡᠨ ᠬᠦᠨᠳᠤ ᠶᠡᠭᠡ ᠭᠡᠨᠡᠳᠡᠯ ᠭᠠᠷᠴᠤ ᠬᠦᠨᠳᠤ ᠨᠤᠴᠢᠲᠠᠢ ᠤᠷᠰᠢᠭ ᠲᠠᠲᠠᠭᠰᠠᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ | ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠠᠤᠯᠢ ᠪᠤᠰᠤ ᠪᠠᠷ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ | ᠬᠦᠷᠦᠭᠰᠡᠳ ᠢ ᠡᠯᠰᠡᠵᠤ ᠬᠡᠷᠡᠭᠯᠡᠭᠰᠡᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ | ᠦᠢᠯᠡ ᠪᠠᠶᠢᠳᠠᠯ ᠨᠢ ᠬᠦᠨᠳᠤ ᠨᠤᠴᠢᠲᠠᠢ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠡᠵᠡᠩᠨᠡᠬᠦ ᠦᠨᠡᠮᠯᠡᠯ | ᠢ ᠨᠢ ᠬᠤᠷᠢᠶᠠᠵᠤ ᠠᠪᠤᠨ᠎ᠠ᠃ | ᠶᠠᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠬᠠᠮᠠᠭᠠᠯᠠᠯᠲᠠ ᠶᠢᠨ | ᠲᠤᠬᠠᠢ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠲᠡᠳᠡ ᠨᠠᠷ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠡᠮᠡᠭᠲᠠᠢ ᠠᠵᠢᠯᠲᠠᠨ ᠠᠵᠢᠯᠴᠢᠨ ᠪᠤᠶᠤ ᠨᠠᠰᠤᠨ ᠳᠤ ᠬᠦᠷᠦᠭᠡᠳᠦᠢ | ᠠᠵᠢᠯᠴᠢᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠶᠡᠷᠡᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠭᠠᠷᠭᠠᠭᠰᠠᠨ ᠪᠠᠶᠢᠪᠠᠯ ᠲᠤᠲᠤᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠬᠦᠮᠦᠨ ᠳᠤ ᠠᠷᠪᠠᠨ ᠲᠠᠪᠤᠨ ᠬᠤᠨᠤᠭ ᠠᠴᠠ ᠲᠤᠷᠤᠭᠰᠢ ᠲᠦᠷ ᠬᠤᠷᠢᠬᠤ᠂ ᠵᠤᠭᠤᠰ ᠢᠶᠠᠷ ᠲᠤᠷᠭᠠᠬᠤ ᠪᠤᠶᠤ | ᠰᠠᠷᠠᠮᠵᠢ ᠦᠭᠬᠦ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠄ | ︵ ᠨᠢᠭᠡ︶ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ ᠠᠯᠪᠠᠳᠠᠨ | ᠬᠦᠳᠡᠯᠮᠦᠷᠢᠯᠡᠭᠦᠯᠦᠭᠰᠡᠨ︔ | ︵ᠬᠤᠶᠠᠷ︶ ᠬᠦᠳᠡᠯᠮᠦᠷᠢᠴᠢᠨ ᠢ ᠲᠤᠷᠤᠮᠵᠢᠯᠠᠵᠤ᠂ ᠲᠠᠮᠤᠯᠠᠨ ᠵᠤᠪᠠᠭᠠᠵᠤ᠂ ᠵᠤᠳᠤᠵᠤ ᠴᠤᠬᠢᠬᠤ᠂ ᠬᠠᠤᠯᠢ ᠪᠤᠰᠤ ᠪᠠᠷ ᠨᠡᠩᠵᠢᠭᠰᠡᠨ ᠪᠠ ᠬᠤᠷᠢᠭᠰᠠᠨ᠃ | ᠶᠡᠷᠡᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠤᠴᠢᠷ ᠰᠢᠯᠲᠠᠭᠠᠨ ᠠᠴᠠ ᠪᠤᠯᠵᠤ ᠬᠦᠴᠦᠨ ᠦᠭᠡᠢ ᠭᠡᠷ᠎ᠡ ᠪᠠᠶᠢᠭᠤᠯᠤᠭᠠᠳ ᠬᠦᠳᠡᠯᠮᠦᠷᠢᠴᠢᠳ | ᠲᠤ ᠬᠤᠬᠢᠷᠠᠯ ᠣᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠶᠡᠷᠡᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ ᠵᠦᠷᠢᠴᠡᠨ ᠬᠦᠳᠡᠯᠮᠦᠷᠢ ᠶᠢᠨ ᠭᠡᠷ᠎ᠡ ᠶᠢ ᠬᠦᠴᠦᠨ | ᠦᠭᠡᠢ ᠪᠤᠯᠭᠠᠭᠰᠠᠨ ᠪᠤᠶᠤ ᠵᠤᠷᠢᠭᠤᠳᠠ ᠤᠳᠠᠭᠠᠰᠢᠷᠠᠭᠤᠯᠤᠨ ᠬᠦᠳᠡᠯᠮᠦᠷᠢ ᠶᠢᠨ ᠭᠡᠷ᠎ᠡ ᠲᠤᠭᠲᠠᠭᠠᠬᠤ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠭᠳᠡᠨ ᠵᠠᠯᠠᠷᠠᠭᠤᠯᠤᠨ᠎ᠠ︔ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠣᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠶᠡᠷᠡ ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠠᠴᠠ ᠪᠠᠨ ᠠᠩᠭᠢᠵᠢᠷᠠᠭᠠᠳᠦᠢ ᠬᠦᠳᠡᠯᠮᠦᠷᠢᠴᠢᠨ ᠢ ᠡᠯᠰᠡᠵᠤ ᠬᠡᠷᠡᠭᠯᠡᠭᠡᠳ | ᠤᠤᠯ ᠤᠨ ᠬᠦᠮᠦᠨ ᠬᠡᠷᠡᠭᠯᠡᠬᠦ ᠨᠢᠭᠡᠴᠢ ᠳᠤ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠲᠤᠰ ᠬᠦᠮᠦᠨ ᠬᠡᠷᠡᠭᠯᠡᠬᠦ ᠨᠢᠭᠡᠴᠢ ᠨᠢ ᠬᠤᠯᠪᠤᠭᠳᠠᠭᠰᠠᠨ | ᠲᠦᠯᠦᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠬᠦ ᠬᠡᠷᠡᠭᠲᠠᠢ᠃ | ᠵᠠᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠤᠴᠢᠷ ᠰᠢᠯᠲᠠᠭᠠᠨ ᠦᠭᠡᠢ ᠪᠠᠷ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ ᠦᠭᠡᠢ ᠪᠠᠶᠢᠪᠠᠯ | ᠬᠦᠳᠡᠯᠮᠦᠷᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠲᠤᠭᠲᠠᠭᠰᠠᠨ ᠬᠤᠭᠤᠴᠠᠭᠠᠨ ᠳᠤ ᠲᠤᠰᠢᠶᠠᠯᠭᠠᠨ᠎ᠠ︔ ᠬᠤᠭᠤᠴᠠᠭ᠎ᠠ ᠬᠡᠲᠤᠷᠡᠭᠡᠳ ᠲᠤᠰᠢᠶᠠᠬᠤ | ᠦᠭᠡᠢ ᠪᠠᠶᠢᠪᠠᠯ ᠤᠳᠠᠭᠠᠰᠢᠷᠠᠭᠤᠯᠤᠭᠰᠠᠨ ᠵᠤᠭᠤᠰ ᠨᠡᠮᠡᠨ ᠬᠤᠷᠢᠶᠠᠵᠤ ᠪᠤᠯᠤᠨ᠎ᠠ᠃ | ᠵᠠᠭᠤ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ | ᠵᠢᠴᠢ ᠲᠡᠭᠦᠨ ᠤ ᠠᠵᠢᠯᠲᠠᠨ ᠤ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠪᠠᠨ ᠬᠡᠷᠡᠭᠵᠢᠭᠦᠯᠬᠦ ᠶᠢ ᠶᠤᠰᠤ ᠪᠤᠰᠤ ᠪᠠᠷ ᠬᠠᠷᠰᠢᠯᠠᠵᠤ᠂ ᠢᠯᠡᠴᠢᠯᠡᠨ ᠵᠠᠭᠠᠯᠳᠤᠭᠰᠠᠳ ᠲᠤ | ᠴᠤᠬᠢᠯᠲᠠ ᠦᠭᠭᠦᠨ ᠲᠡᠳᠡᠨ ᠠᠴᠠ ᠬᠠᠷᠢᠭᠤ ᠠᠪᠤᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠵᠤᠭᠤᠰ ᠢᠶᠠᠷ ᠲᠤᠷᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠷᠢᠭᠤᠴᠯᠭ᠎ᠠ ᠲᠠᠢ ᠬᠦᠮᠦᠨ ᠠᠴᠠ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠵᠠᠭᠤ ᠬᠤᠶᠠᠳᠣᠭᠠᠷ ᠵᠦᠢᠯ ᠬᠦᠳᠡᠯᠮᠦᠷᠢᠴᠢᠨ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ ᠵᠦᠷᠢᠴᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ | ᠪᠤᠯᠭᠠᠭᠰᠠᠨ ᠪᠤᠶᠤ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ ᠨᠢᠭᠤᠴᠠ ᠶᠢ ᠬᠠᠮᠠᠭᠠᠯᠠᠬᠤ ᠵᠦᠢᠯ ᠵᠤᠷᠪᠤᠰ ᠢ ᠵᠦᠷᠢᠴᠡᠭᠡᠳ ᠬᠦᠮᠦᠨ ᠬᠡᠷᠡᠭᠯᠡᠬᠦ ᠨᠢᠭᠡᠴᠢ ᠳᠤ ᠠᠵᠤ | ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠵᠠᠭᠤ ᠭᠤᠷᠪᠠᠳᠤᠭᠠᠷ ᠵᠦᠢᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠲᠠᠨ ᠡᠷᠬᠡ | ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠨ ᠡᠭᠦᠷᠭᠡ ᠲᠤᠰᠢᠶᠠᠯ ᠢᠶᠠᠨ ᠤᠮᠳᠤᠭᠠᠶᠢᠯᠠᠵᠤ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠡᠳ ᠶᠠᠯ᠎ᠠ ᠪᠤᠯᠤᠨ | ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠤᠨ ᠪᠦᠷᠢᠯᠳᠤᠭᠰᠡᠨ ᠦᠭᠡᠢ ᠪᠠᠶᠢᠪᠠᠯ ᠵᠠᠰᠠᠭ ᠵᠠᠬᠢᠷᠭᠠᠨ ᠤ | ᠰᠢᠳᠭᠡᠯ ᠦᠭᠭᠦᠨ᠎ᠡ᠃ | ᠵᠠᠭᠤ ᠲᠦᠷᠪᠡᠳᠦᠭᠡᠷ ᠵᠦᠢᠯ ᠲᠦᠷᠦ ᠶᠢᠨ ᠠᠵᠢᠯᠲᠠᠨ ᠪᠠ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠶᠢᠨ | ᠠᠵᠢᠯᠲᠠᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠨᠡᠭᠦᠯᠭᠡᠨ ᠬᠡᠷᠡᠭᠯᠡᠭᠡᠳ ᠶᠠᠯ᠎ᠠ ᠪᠤᠯᠤᠨ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠵᠠᠭᠤ ᠲᠠᠪᠤᠳᠤᠭᠠᠷ ᠵᠦᠢᠯ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ | ᠶᠠᠪᠤᠳᠠᠯ ᠢ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠨᠢᠭᠡᠨᠲᠡ ᠰᠢᠳᠭᠡᠬᠦ ᠪᠠᠷ ᠲᠤᠭᠲᠠᠭᠠᠭᠰᠠᠨ ᠪᠠᠶᠢᠪᠠᠯ ᠲᠡᠷᠡ ᠬᠦ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠶᠤᠰᠤᠭᠠᠷ ᠰᠢᠳᠭᠡᠨ᠎ᠡ᠃ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠵᠠᠭᠤ ᠵᠢᠷᠭᠤᠳᠤᠭᠠᠷ ᠵᠦᠢᠯ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠲᠤᠰ ᠬᠠᠤᠯᠢ | ᠪᠤᠯᠤᠨ ᠲᠤᠰ ᠭᠠᠵᠠᠷ ᠤᠷᠤᠨ ᠤ ᠪᠠᠨ ᠪᠤᠲᠠᠲᠠᠢ ᠪᠠᠶᠢᠳᠠᠯ ᠢᠶᠠᠨ ᠦᠨᠳᠦᠰᠦᠯᠡᠨ ᠬᠦᠳᠡᠯᠮᠦᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠬᠦ ᠠᠯᠬᠤᠮ ᠲᠠᠷᠠᠭ᠎ᠠ ᠪᠠᠨ | ᠲᠤᠭᠲᠠᠭᠠᠵᠤ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠲᠠᠩᠰᠠᠯᠠᠭᠤᠯᠤᠨ᠎ᠠ᠃ | ᠵᠠᠭᠤ ᠲᠤᠯᠤᠳᠤᠭᠠᠷ ᠵᠦᠢᠯ ᠲᠤᠰ ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃ | |