︵1986 ᠤᠨ ᠤ 6 ᠰᠠᠷ᠎ᠠ ᠶᠢᠨ 25 ᠡᠳᠦᠷ ᠤᠨ ᠵᠢᠷᠭᠤᠳᠣᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠣᠭᠠᠨ ᠠᠴᠠ ᠪᠠᠳᠣᠯᠠᠪᠠ᠂ 1988 ᠤᠨ ᠤ 12 ᠰᠠᠷ᠎ᠡ ᠶᠢᠨ 29 ᠤ ᠡᠳᠦᠷ ᠤᠨ ᠲᠤᠯᠤᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠤ ︽︿ | ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ﹀ ᠳᠤ ᠵᠠᠰᠠᠪᠤᠷᠢ ᠤᠷᠤᠭᠤᠯᠬᠤ ᠲᠤᠭᠳᠠᠭᠠᠯ︾ ᠢ | ᠦᠨᠳᠦᠰᠦᠯᠡᠵᠦ ᠠᠩᠬ᠎ᠠ ᠤᠳᠠᠭ᠎ᠠ ᠵᠠᠰᠠᠪᠠ᠂ 1998 ᠤᠨ ᠤ 8 ᠰᠠᠷ᠎ᠡ ᠶᠢᠨ 29 ᠤ ᠡᠳᠦᠷ ᠶᠢᠰᠦᠳᠦᠭᠡᠷ ᠬᠤᠭᠤᠴᠭᠠᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠷᠪᠡᠳᠦᠭᠡᠷ ᠬᠤᠷᠠᠯᠳᠤᠭᠠᠨ ᠠᠴᠠ ᠵᠠᠰᠠᠪᠤᠷᠢ ᠤᠷᠤᠭᠤᠯᠪᠠ᠂ 2004 ᠤᠨ ᠤ 8 | ᠰᠠᠷ᠎ᠡ ᠶᠢᠨ 28 ᠤ ᠡᠳᠦᠷ ᠤᠨ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ﹀ | ᠳᠤ ᠵᠠᠰᠠᠪᠤᠷᠢ ᠤᠷᠤᠭᠤᠯᠬᠤ ᠲᠤᠭᠳᠠᠭᠠᠯ ︾ ᠢ ᠦᠨᠳᠦᠰᠦᠯᠡᠨ ᠬᠤᠶᠠᠳᠡᠬᠢ ᠤᠳᠠᠭ᠎ᠠ ᠵᠠᠰᠠᠪᠠ︶ | | ᠭᠠᠷᠴᠠᠭ | ᠨᠢᠭᠡᠳᠦᠭᠡᠷ ᠪᠦᠯᠦᠭ ᠶᠠᠷᠦᠩᠭᠡᠢ ᠲᠦᠷᠢᠮ | ᠬᠤᠶᠠᠳᠣᠭᠠᠷ ᠪᠦᠯᠦᠭ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ | ᠭᠤᠷᠪᠠᠳᠤᠭᠠᠷ ᠪᠦᠯᠦᠭ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ | ᠲᠦᠷᠪᠡᠳᠦᠭᠡᠷ ᠪᠦᠯᠦᠭ ᠲᠠᠷᠢᠶᠠᠨ ᠭᠠᠵᠠᠷ ᠢ ᠬᠠᠮᠠᠭᠠᠯᠠᠬᠤ | ᠲᠠᠪᠤᠳᠤᠭᠠᠷ ᠪᠦᠯᠦᠭ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ | ᠵᠢᠷᠭᠤᠳᠤᠭᠠᠷ ᠪᠦᠯᠦᠭ ᠬᠢᠨᠠᠯᠳᠠ ᠲᠠᠯᠪᠢᠵᠦ ᠪᠠᠶᠢᠴᠠᠭᠠᠬᠤ | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠲᠠᠭᠠᠯᠳᠣᠭᠤᠯᠣᠭᠰᠠᠨ ᠲᠦᠷᠢᠮ | | ᠨᠢᠭᠡᠳᠦᠭᠡᠷ ᠪᠦᠯᠦᠭ ᠶᠠᠷᠦᠩᠭᠡᠢ ᠲᠦᠷᠢᠮ | ᠨᠢᠭᠡᠳᠦᠭᠡᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠭᠠᠵᠠᠷ ᠰᠢᠷᠦᠢ ᠶᠢᠨ ᠨᠡᠶᠢᠭᠡᠮ ᠵᠢᠷᠦᠮ ᠤᠨ ᠨᠡᠶᠢᠳᠡ ᠶᠢᠨ ᠦᠮᠴᠢᠯᠡᠯ ᠢ | ᠬᠠᠮᠠᠭᠠᠯᠠᠨ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠵᠦ᠂ ᠭᠠᠵᠠᠷ ᠰᠢᠷᠦᠢ ᠶᠢ ᠵᠦᠢ ᠵᠤᠬᠢᠰᠲᠠᠢ ᠪᠠᠷ ᠠᠰᠢᠭᠯᠠᠨ᠂ ᠲᠠᠷᠢᠶᠠᠨ | ᠭᠠᠵᠠᠷ ᠢ ᠦᠨᠡᠨ ᠬᠦ ᠬᠠᠮᠠᠭᠠᠯᠠᠵᠦ᠂ ᠨᠡᠶᠢᠭᠡᠮ ᠠᠵᠦ ᠠᠬᠤᠢ ᠶᠢᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠶᠢᠨ ᠲᠦᠯᠦᠭᠡ᠂ ᠦᠨᠳᠦᠰᠦᠨ ᠬᠠᠤᠯᠢ ᠶᠢ | ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃ | ᠬᠤᠶᠠᠳᠣᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠭᠠᠵᠠᠷ ᠰᠢᠷᠦᠢ ᠶᠢᠨ ᠨᠡᠶᠢᠭᠡᠮ ᠵᠢᠷᠦᠮ ᠤᠨ ᠨᠡᠶᠢᠳᠡ ᠶᠢᠨ ᠦᠮᠴᠢᠯᠡᠯ᠂ | ᠲᠤᠬᠠᠶᠢᠯᠠᠪᠠᠯ ᠠᠷᠠᠳ ᠨᠡᠶᠢᠳᠡ ᠶᠢᠨ ᠦᠮᠴᠢᠯᠡᠯ ᠪᠠ ᠬᠦᠳᠡᠯᠮᠦᠷᠢᠴᠢᠨ ᠲᠦᠮᠡᠨ ᠤ ᠬᠠᠮᠳᠦ ᠶᠢᠨ ᠦᠮᠴᠢᠯᠡᠯ ᠢ ᠬᠡᠷᠡᠭᠵᠢᠬᠦᠯᠦᠨ᠎ᠡ᠃ | ᠠᠷᠠᠳ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠦᠮᠴᠢᠯᠡᠯ ᠤᠨ ᠡᠷᠭᠡ ᠶᠢ ᠲᠦᠷᠦ ᠶᠢᠨ ᠶᠠᠪᠤᠳᠠᠯ ᠤᠨ | ᠬᠤᠷᠢᠶ᠎ᠡ ᠠᠴᠠ ᠤᠯᠤᠰ ᠢ ᠲᠦᠯᠦᠭᠡᠯᠡᠨ ᠬᠡᠷᠡᠭᠵᠢᠬᠦᠯᠦᠨ᠎ᠡ᠃ | ᠶᠠᠮᠠᠷᠪᠠ ᠨᠢᠭᠡᠴᠢ᠂ ᠬᠤᠪᠢ ᠬᠦᠮᠦᠨ ᠭᠠᠵᠠᠷ ᠰᠢᠷᠦᠢ ᠶᠢ ᠡᠵᠡᠯᠡᠵᠦ᠂ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠣᠯᠢ ᠪᠣᠰᠣ ᠪᠠᠷ ᠰᠢᠯᠵᠢᠬᠦᠯᠦᠪ ᠦᠭᠴᠦ | ᠪᠤᠯᠬᠤ ᠦᠭᠡᠢ᠃ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ ᠶᠤᠰᠤᠭᠠᠷ ᠰᠢᠯᠵᠢᠬᠦᠯᠦᠨ ᠦᠭᠴᠦ ᠪᠤᠯᠤᠨ᠎ᠠ᠃ | ᠤᠯᠤᠰ ᠠᠴᠠ ᠤᠯᠠᠨ ᠨᠡᠶᠢᠳᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠦᠯᠦᠭᠡ ᠭᠠᠵᠠᠷ ᠰᠢᠷᠦᠢ ᠶᠢ ᠬᠠᠤᠯᠢ ᠶᠤᠰᠤᠭᠠᠷ ᠲᠠᠳᠠᠪᠤᠷᠢᠯᠠᠬᠤ ᠪᠤᠶᠤ | ᠲᠠᠳᠠᠪᠤᠷᠢᠯᠠᠨ ᠬᠡᠷᠡᠭᠯᠡᠵᠦ ᠪᠤᠯᠬᠤ ᠪᠦᠭᠡᠳ ᠨᠦᠬᠦᠪᠦᠷᠢ ᠦᠭᠬᠦᠨ᠎ᠡ᠃ | ᠤᠯᠤᠰ ᠠᠴᠠ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠦᠨ᠎ᠡ ᠲᠦᠯᠦᠪᠤᠷᠢ ᠲᠠᠢ ᠪᠠᠷ ᠬᠡᠷᠡᠭᠯᠡᠬᠦ ᠲᠦᠷᠢᠮ ᠢ ᠬᠠᠤᠯᠢ ᠶᠤᠰᠤᠭᠠᠷ ᠬᠡᠷᠡᠭᠵᠢᠬᠦᠯᠦᠨ᠎ᠡ᠃ | ᠭᠡᠪᠡᠴᠦ ᠤᠯᠤᠰ ᠠᠴᠠ ᠬᠠᠤᠯᠢ ᠴᠠᠭᠠᠵᠠ ᠳᠤ ᠲᠤᠭᠳᠠᠭᠠᠭᠰᠠᠨ ᠬᠡᠪᠴᠢᠶᠠᠨ ᠲᠤᠳᠤᠷ᠎ᠡ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ | ᠰᠢᠯᠵᠢᠬᠦᠯᠦᠨ ᠤᠯᠭᠤᠭᠰᠠᠨ ᠪᠠᠶᠢᠪᠠᠯ ᠡᠬᠦᠨ ᠳᠤ ᠪᠠᠭᠳᠠᠬᠤ ᠦᠭᠡᠢ᠃ | ᠭᠤᠷᠪᠠᠳᠤᠭᠠᠷ ᠵᠦᠢᠯ ᠭᠠᠵᠠᠷ ᠰᠢᠷᠦᠢ ᠶᠢ ᠲᠦᠢᠯ ᠢᠶᠠᠷ ᠨᠠᠨᠳᠢᠩᠨᠠᠵᠦ᠂ ᠵᠦᠢ ᠵᠤᠬᠢᠰᠲᠠᠢ ᠠᠰᠢᠭᠯᠠᠬᠤ ᠪᠠ ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠪᠤᠯ | ᠮᠠᠨ ᠤ ᠤᠯᠤᠰ ᠤᠨ ᠦᠨᠳᠦᠰᠦᠨ ᠪᠤᠳᠤᠯᠭ᠎ᠠ ᠮᠦᠨ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ | ᠲᠠᠯ᠎ᠠ ᠪᠠᠷ ᠲᠦᠯᠦᠪᠵᠢᠬᠦᠯᠦᠨ᠂ ᠴᠢᠩᠭ᠎ᠠ ᠬᠠᠮᠢᠶᠠᠷᠴᠦ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠨ᠂ ᠨᠡᠭᠡᠭᠡᠨ ᠠᠰᠢᠭᠯᠠᠵᠦ᠂ ᠭᠠᠵᠠᠷ ᠰᠢᠷᠦᠢ ᠶᠢ ᠬᠠᠤᠯᠢ | ᠪᠤᠰᠤ ᠪᠠᠷ ᠡᠵᠡᠯᠡᠨ ᠬᠡᠷᠡᠭᠯᠡᠬᠦ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠬᠡᠷᠡᠭᠲᠠᠢ᠃ | ᠲᠦᠷᠪᠡᠳᠦᠭᠡᠷ ᠵᠦᠢᠯ ᠤᠯᠤᠰ ᠠᠴᠠ ᠭᠠᠵᠠᠷ ᠰᠢᠷᠦᠢ ᠶᠢᠨ ᠬᠡᠷᠡᠭᠯᠡᠯᠳᠡ ᠶᠢ ᠵᠠᠬᠢᠷᠤᠨ ᠬᠠᠮᠢᠶᠠᠷᠬᠤ ᠲᠦᠷᠢᠮ ᠢ ᠬᠡᠷᠡᠭᠵᠢᠬᠦᠯᠦᠨ᠎ᠡ᠃ | ᠤᠯᠤᠰ ᠠᠴᠠ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ᠂ ᠭᠠᠵᠠᠷ ᠰᠢᠷᠦᠢ ᠶᠢᠨ ᠬᠡᠷᠡᠭᠯᠡᠯᠳᠡ ᠶᠢ | ᠲᠤᠭᠳᠠᠭᠠᠵᠦ᠂ ᠭᠠᠵᠠᠷ ᠰᠢᠷᠦᠢ ᠶᠢ ᠲᠡᠷᠢᠶᠠᠯᠠᠩ ᠳᠤ ᠬᠡᠷᠡᠭᠯᠡᠬᠦ ᠭᠠᠵᠠᠷ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠢ ᠭᠠᠵᠠᠷ ᠭᠡᠵᠦ | ᠬᠤᠪᠢᠶᠠᠨ᠎ᠠ᠃ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠢ ᠴᠢᠩᠭ᠎ᠠ ᠬᠢᠵᠠᠭᠠᠷᠯᠠᠵᠦ᠂ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠵᠦ᠂ ᠲᠠᠷᠢᠶᠠᠨ ᠭᠠᠵᠠᠷ ᠲᠤ ᠤᠨᠴᠠᠭᠠᠢ ᠬᠠᠮᠠᠭᠠᠯᠠᠯᠳᠠ ᠶᠠᠪᠤᠭᠤᠯᠤᠨ᠎ᠠ᠃ | ᠡᠮᠦᠨᠡᠬᠢ ᠪᠠᠳᠠᠭ ᠲᠤ ᠭᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠭᠠᠵᠠᠷ ᠭᠡᠳᠡᠭ ᠨᠢ ᠲᠠᠷᠢᠶᠠᠨ ᠭᠠᠵᠠᠷ᠂ ᠰᠢᠭᠤᠶᠢᠳᠦ ᠭᠠᠵᠠᠷ᠂ ᠪᠡᠯᠴᠢᠭᠡᠷ ᠭᠠᠵᠠᠷ᠂ | ᠲᠠᠷᠢᠶᠠᠯᠠᠩ ᠤᠨ ᠤᠰᠤᠨ ᠠᠰᠢᠭᠯᠠᠯᠳᠠ ᠳᠤ ᠬᠡᠷᠡᠭᠯᠡᠬᠦ ᠭᠠᠵᠠᠷ᠂ ᠲᠡᠵᠢᠭᠡᠨ ᠦᠷᠡᠵᠢᠬᠦᠯᠬᠦ ᠤᠰᠤᠨ ᠤ ᠭᠠᠳᠠᠷᠭᠤ ᠵᠡᠷᠭᠡ ᠶᠢ ᠪᠠᠭᠳᠠᠭᠠᠭᠰᠠᠨ ᠲᠠᠷᠢᠶᠠᠯᠠᠩ ᠤᠨ | ᠦᠢᠯᠡᠳᠪᠦᠷᠢᠯᠡᠯ ᠳᠤ ᠰᠢᠭᠤᠳ ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠬᠡᠳᠡᠭ ᠨᠢ ᠬᠤᠳᠠ | ᠬᠦᠳᠡᠭᠡ ᠶᠢᠨ ᠤᠷᠤᠨ ᠰᠠᠭᠤᠴᠠ ᠪᠠ ᠨᠠᠶᠢᠳᠡ ᠶᠢᠨ ᠬᠡᠷᠡᠭᠯᠡᠬᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠂ ᠵᠠᠮ | ᠬᠠᠷᠢᠯᠴᠠᠭ᠎ᠠ ᠤᠰᠤᠨ ᠠᠰᠢᠭᠯᠠᠯᠳᠠ ᠶᠢᠨ ᠲᠦᠬᠦᠭᠡᠷᠦᠮᠵᠢ ᠳᠤ ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠴᠡᠷᠢᠭ ᠤᠨ | ᠶᠠᠪᠤᠳᠠᠯ ᠤᠨ ᠲᠦᠬᠦᠭᠡᠷᠦᠮᠵᠢ ᠳᠤ ᠬᠡᠷᠡᠭᠯᠡᠬᠦ ᠭᠠᠵᠠᠷ ᠵᠡᠷᠭᠡ ᠶᠢ ᠪᠠᠭᠳᠠᠭᠠᠭᠰᠠᠨ ᠪᠠᠷᠢᠯᠭ᠎ᠠ᠂ ᠪᠠᠷᠢᠯᠭ᠎ᠠ ᠶᠢᠨ ᠡᠳ᠋ ᠢ ᠪᠠᠶᠢᠭᠤᠯᠬᠤ ᠳᠤ ᠬᠡᠷᠡᠭᠯᠡᠬᠦ ᠭᠠᠵᠠᠷ ᠰᠢᠷᠦᠢ ᠶᠢ | ᠵᠢᠭᠠᠵᠦ ᠪᠠᠶᠢᠨ᠎ᠠ︔ ᠠᠰᠢᠭᠯᠠᠭᠠᠳᠦᠢ ᠭᠠᠵᠠᠷ ᠭᠡᠳᠡᠭ ᠨᠢ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠠᠴᠠ ᠪᠤᠰᠤᠳ | ᠭᠠᠵᠠᠷ ᠰᠢᠷᠦᠢ ᠶᠢ ᠵᠢᠭᠠᠵᠦ ᠪᠠᠶᠢᠨ᠎ᠠ᠃ | ᠭᠠᠵᠠᠷ ᠰᠢᠷᠦᠢ ᠬᠡᠷᠡᠭᠯᠡᠬᠦ ᠨᠢᠭᠡᠴᠢ ᠪᠤᠯᠤᠨ ᠬᠤᠪᠢ ᠬᠦᠮᠦᠨ ᠡᠷᠭᠡᠪᠰᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ | ᠬᠡᠷᠡᠭᠯᠡᠯᠳᠡ ᠶᠢ ᠴᠢᠩᠭ᠎ᠠ ᠵᠢᠷᠦᠮᠯᠠᠨ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ᠃ | ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ | ᠤᠯᠤᠰ ᠤᠨ ᠭᠠᠵᠠᠷ ᠰᠢᠷᠦᠢ ᠶᠢ ᠬᠠᠮᠢᠶᠠᠷᠴᠦ ᠬᠢᠨᠠᠬᠤ ᠠᠵᠢᠯ ᠢ ᠨᠢᠭᠡᠳᠦᠯᠲᠠᠢ ᠬᠠᠷᠢᠭᠤᠴᠠᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠤᠳᠤᠭ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠢ ᠪᠠᠶᠢᠭᠤᠯᠬᠤ ᠵᠢᠴᠢ ᠲᠠᠬᠦᠨ ᠤ ᠲᠤᠰᠢᠶᠠᠯ ᠬᠠᠷᠢᠭᠤᠴᠠᠯᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ | ᠵᠠᠰᠠᠭ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ ᠲᠤᠭᠳᠠᠭᠠᠨ᠎ᠠ᠃ | ᠵᠢᠷᠭᠤᠳᠤᠭᠠᠷ ᠵᠦᠢᠯ ᠶᠠᠮᠠᠷᠪᠠ ᠨᠢᠭᠡᠴᠢ᠂ ᠬᠤᠪᠢ ᠬᠦᠮᠦᠨ ᠴᠦᠮ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ | ᠵᠢᠷᠦᠮᠯᠠᠨ ᠰᠠᠬᠢᠬᠤ ᠡᠬᠦᠷᠭᠡ ᠲᠠᠢ ᠪᠦᠭᠡᠳ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ | ᠢᠯᠡᠴᠢᠯᠡᠨ ᠵᠠᠭᠠᠯᠳᠤᠬᠤ ᠡᠷᠭᠡ ᠲᠠᠢ᠃ | ᠲᠤᠯᠤᠳᠤᠭᠠᠷ ᠵᠦᠢᠯ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂ ᠭᠠᠵᠠᠷ ᠰᠢᠷᠦᠢ ᠶᠢ ᠵᠦᠢ ᠵᠤᠬᠢᠰᠲᠠᠢ ᠠᠰᠢᠭᠯᠠᠬᠤ | ᠵᠢᠴᠢ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ ᠬᠢᠬᠦ ᠵᠡᠷᠭᠡ ᠲᠠᠯ᠎ᠠ ᠪᠠᠷ ᠢᠯᠡᠳᠳᠡ ᠠᠮᠵᠢᠯᠳᠠ ᠤᠯᠤᠭᠰᠠᠨ ᠨᠢᠭᠡᠴᠢ ᠪᠤᠯᠤᠨ ᠬᠤᠪᠢ ᠬᠦᠮᠦᠨ ᠢ | ᠠᠷᠠᠳ ᠤᠨ ᠵᠠᠰᠠᠭ ᠤᠨ ᠤᠷᠳᠤᠨ ᠠᠴᠠ ᠬᠦᠬᠢᠬᠦᠯᠦᠨ ᠱᠠᠩᠨᠠᠨ᠎ᠠ᠃ | ᠬᠤᠶᠠᠳᠣᠭᠠᠷ ᠪᠦᠯᠦᠭ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ | ᠨᠠᠢᠮᠠᠳᠣᠭᠠᠷ ᠵᠦᠢᠯ ᠬᠤᠳᠠ ᠶᠢᠨ ᠲᠤᠭᠤᠷᠢᠭ ᠤᠨ ᠭᠠᠵᠠᠷ ᠰᠢᠷᠦᠢ ᠪᠤᠯ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃ | ᠬᠦᠳᠡᠭᠡ ᠲᠤᠰᠬᠤᠨ ᠪᠠ ᠬᠤᠳᠠ ᠶᠢᠨ ᠲᠡᠬᠦᠷᠭᠡ ᠶᠢᠨ ᠭᠠᠵᠠᠷ ᠰᠢᠷᠦᠢ ᠶᠢᠨ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠬᠠᠤᠯᠢ ᠴᠠᠭᠠᠵᠠ ᠳᠤ | ᠲᠤᠭᠳᠠᠭᠠᠭᠰᠠᠨ ᠠᠴᠠ ᠪᠤᠰᠣᠳ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠨ᠎ᠠ︔ ᠤᠷᠤᠨ ᠰᠠᠭᠤᠴᠠ ᠶᠢᠨ ᠭᠠᠵᠠᠷ ᠪᠠ ᠬᠤᠪᠢᠨ ᠳᠠᠭᠠᠨ | ᠦᠯᠡᠳᠡᠭᠡᠭᠰᠡᠨ ᠲᠡᠷᠢᠶ᠎ᠡ᠂ ᠬᠤᠪᠢᠨ ᠳᠠᠭᠠᠨ ᠦᠯᠡᠳᠡᠭᠡᠭᠰᠡᠨ ᠠᠭᠤᠯᠠ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠨ᠎ᠠ᠃ | ᠶᠢᠰᠦᠳᠦᠭᠡᠷ ᠵᠦᠢᠯ ᠣᠯᠣᠰ ᠤᠨ ᠦᠮᠴᠢᠯᠡᠯ ᠤᠨ ᠭᠠᠵᠠᠷ ᠰᠢᠷᠦᠢ ᠪᠠ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ | ᠨᠢᠭᠡᠴᠢ ᠪᠤᠶᠤ ᠬᠤᠪᠢ ᠬᠦᠮᠦᠨ ᠳᠤ ᠦᠭᠴᠦ ᠬᠡᠷᠡᠭᠯᠡᠬᠦᠯᠬᠦ ᠪᠠᠷ ᠲᠤᠭᠳᠠᠭᠠᠵᠦ ᠪᠤᠯᠤᠨ᠎ᠠ᠃ ᠭᠠᠵᠠᠷ ᠰᠢᠷᠦᠢ ᠶᠢ ᠬᠡᠷᠡᠭᠯᠡᠬᠦ ᠨᠢᠭᠡᠴᠢ ᠪᠠ ᠬᠤᠪᠢ ᠬᠦᠮᠦᠨ ᠭᠠᠵᠠᠷ | ᠰᠢᠷᠦᠢ ᠶᠢ ᠬᠠᠮᠠᠭᠠᠯᠠᠬᠤ᠂ ᠬᠠᠮᠢᠶᠠᠷᠬᠤ ᠪᠠ ᠵᠦᠢ ᠵᠤᠬᠢᠰᠲᠠᠢ ᠪᠠᠷ ᠠᠰᠢᠭᠯᠠᠬᠤ ᠡᠬᠦᠷᠭᠡ ᠲᠠᠢ᠃ | ᠠᠷᠪᠠᠳᠣᠭᠠᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠨᠢ ᠬᠠᠤᠯᠢ ᠶᠤᠰᠤᠭᠠᠷ ᠭᠠᠴᠠᠭᠠᠨ ᠤ ᠲᠠᠷᠢᠶᠠᠴᠢᠳ ᠤᠨ ᠬᠠᠮᠳᠦ ᠶᠢᠨ | ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ | ᠵᠦᠪᠯᠡᠯ ᠠᠴᠠ ᠡᠵᠡᠩᠨᠡᠵᠦ ᠬᠠᠮᠢᠶᠠᠷᠤᠨ᠎ᠠ︔ ᠨᠢᠭᠡᠨᠳᠡ ᠭᠠᠴᠠᠭ᠎ᠠ ᠶᠢᠨ ᠲᠤᠳᠤᠷᠠᠬᠢ ᠬᠤᠶᠠᠷ ᠠᠴᠠ ᠲᠡᠭᠡᠰᠢᠬᠢ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠲᠤᠰ ᠲᠤᠰ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠲᠤᠳᠤᠷᠠᠬᠢ ᠲᠡᠳᠡᠭᠡᠷ | ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠲᠤᠭᠤᠶᠢᠯᠠᠩ ᠠᠴᠠ ᠡᠵᠡᠩᠨᠡᠵᠦ ᠬᠠᠮᠢᠶᠠᠷᠤᠨ᠎ᠠ︔ | ᠨᠢᠭᠡᠨᠳᠡ ᠰᠤᠮᠤ ︵ᠪᠠᠯᠭᠠᠰᠦ︶ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂ ᠰᠤᠮᠤ ︵ᠪᠠᠯᠭᠠᠰᠦ︶ ᠶᠢᠨ ᠬᠦᠳᠡᠭᠡ ᠲᠤᠰᠬᠤᠨ ᠤ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠡᠵᠡᠩᠨᠡᠵᠦ ᠬᠠᠮᠢᠶᠠᠷᠤᠨ᠎ᠠ᠃ | ᠠᠷᠪᠠᠨ ᠨᠢᠭᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤ ᠭᠠᠵᠠᠷ ᠰᠢᠷᠦᠢ ᠶᠢ ᠰᠢᠶᠠᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ | ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ ᠤᠯᠭᠤᠨ᠂ ᠦᠮᠴᠢᠯᠡᠯ ᠤᠨ ᠡᠷᠭᠡ ᠶᠢ ᠨᠢ ᠨᠤᠳᠠᠯᠠᠨ ᠲᠤᠭᠳᠠᠭᠠᠨ᠎ᠠ᠃ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠳᠤ | ᠬᠦᠷᠪᠡᠯ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ ᠤᠯᠭᠤᠨ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ᠃ | ᠨᠢᠭᠡᠴᠢ ᠪᠠ ᠬᠤᠪᠢ ᠬᠦᠮᠦᠨ ᠬᠠᠤᠯᠢ ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠨ ᠬᠠᠷᠭᠤᠭᠤᠯᠤᠭᠠᠳ ᠦᠨᠡᠮᠯᠡᠯ ᠤᠯᠭᠤᠨ᠂ ᠬᠡᠷᠡᠭᠯᠡᠬᠦ ᠡᠷᠭᠡ ᠶᠢ ᠨᠢ ᠨᠤᠳᠠᠯᠠᠨ | ᠲᠤᠭᠳᠠᠭᠠᠨ᠎ᠠ︔ ᠡᠬᠦᠨ ᠤ ᠲᠤᠳᠤᠷ᠎ᠡ᠂ ᠲᠦᠪ ᠤᠨ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠪᠤᠳᠠᠳᠠᠢ ᠪᠠᠷ | ᠲᠠᠩᠰᠠᠯᠠᠨ ᠲᠠᠮᠳᠡᠭᠯᠡᠵᠦ ᠬᠡᠷᠡᠴᠢ ᠪᠢᠴᠢᠭ ᠤᠯᠭᠤᠬᠤ ᠪᠠᠶᠢᠭᠤᠯᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃ | ᠰᠢᠭᠤᠶᠢᠳᠦ ᠭᠠᠵᠠᠷ᠂ ᠨᠤᠳᠤᠭ ᠪᠡᠯᠴᠢᠭᠡᠷ ᠤᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠶᠢ ᠨᠤᠳᠠᠯᠠᠨ ᠲᠤᠭᠳᠠᠭᠠᠬᠤ᠂ ᠤᠰᠤᠨ ᠤ ᠭᠠᠳᠠᠷᠭᠤ᠂ ᠲᠠᠯᠠᠢ ᠶᠢᠨ ᠲᠠᠩ ᠢ | ᠠᠰᠢᠭᠯᠠᠨ ᠲᠡᠵᠢᠭᠡᠨ ᠦᠷᠡᠵᠢᠬᠦᠯᠬᠦ ᠠᠵᠢᠯ ᠳᠤ ᠬᠡᠷᠡᠭᠯᠡᠬᠦ ᠡᠷᠭᠡ ᠶᠢ ᠨᠤᠳᠠᠯᠠᠨ ᠲᠤᠭᠳᠠᠭᠠᠬᠤ ᠳᠤ《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠢ | ᠰᠢᠭᠤᠢ ᠶᠢᠨ ᠬᠠᠤᠯᠢ 》᠂《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ 》ᠪᠤᠯᠤᠨ《 ᠪᠦᠭᠦᠳᠡ ᠨᠠᠶᠢᠷᠠᠮᠳᠠᠬᠤ | ᠲᠤᠮᠳᠠᠳᠦ ᠠᠷᠠᠳ ᠤᠯᠤᠰ ᠤᠨ ᠵᠢᠭᠠᠰᠤᠨ ᠠᠵᠦ ᠠᠬᠤᠢ ᠶᠢᠨ ᠬᠠᠤᠯᠢ 》 ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠤᠰ ᠲᠤᠰ ᠰᠢᠢᠳᠪᠦᠷᠢᠯᠡᠨ᠎ᠡ᠃ | ᠠᠷᠪᠠᠨ ᠬᠤᠶᠠᠳᠦᠭᠠᠷ ᠵᠦᠢᠯ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠪᠠ ᠬᠡᠷᠡᠭᠯᠡᠯᠳᠡ ᠶᠢ ᠬᠠᠤᠯᠢ ᠶᠤᠰᠤᠭᠠᠷ ᠬᠤᠪᠢᠷᠠᠭᠠᠬᠤ ᠳᠤ ᠬᠦᠷᠪᠡᠯ᠂ ᠭᠠᠵᠠᠷ | ᠰᠢᠷᠦᠢ ᠶᠢᠨ ᠡᠷᠭᠡ ᠶᠢᠨ ᠬᠠᠷᠢᠶᠠᠯᠠᠯ᠂ ᠬᠡᠷᠡᠭᠯᠡᠯᠳᠡ ᠶᠢ ᠬᠤᠪᠢᠷᠠᠭᠠᠬᠤ ᠲᠠᠩᠰᠠᠯᠠᠯᠳᠠ ᠶᠢᠨ ᠭᠠᠷ ᠬᠦᠢᠴᠡᠳᠭᠡᠯ ᠬᠢᠬᠦ ᠬᠡᠷᠡᠭᠲᠠᠢ᠃ | ᠠᠷᠪᠠᠨ ᠭᠤᠷᠪᠠᠳᠦᠭᠠᠷ ᠵᠦᠢᠯ ᠬᠠᠤᠯᠢ ᠶᠤᠰᠤᠭᠠᠷ ᠲᠠᠩᠰᠠᠯᠠᠭᠤᠯᠤᠭᠰᠠᠨ ᠭᠠᠵᠠᠷ ᠰᠢᠷᠦᠢ ᠶᠢᠨ ᠦᠮᠴᠢᠯᠡᠬᠦ ᠡᠷᠬᠡ ᠪᠠ ᠬᠡᠷᠡᠭᠯᠡᠬᠦ ᠡᠷᠭᠡ ᠶᠢ ᠬᠠᠤᠯᠢ ᠪᠠᠷ | ᠬᠠᠮᠠᠭᠠᠯᠠᠨ᠎ᠠ᠂ ᠶᠠᠮᠠᠷᠪᠠ ᠨᠢᠭᠡᠴᠢ ᠪᠤᠯᠤᠨ ᠬᠤᠪᠢ ᠬᠦᠮᠦᠨ ᠬᠠᠯᠳᠠᠵᠦ ᠪᠤᠯᠬᠤ ᠦᠭᠡᠢ᠃ | ᠠᠷᠪᠠᠨ ᠲᠦᠷᠪᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠪᠦᠷᠢᠯᠳᠦᠬᠦᠨ ᠨᠠᠷ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ | ᠠᠵᠦ ᠠᠬᠤᠢ ᠶᠢᠨ ᠦᠢᠯᠡᠳᠪᠦᠷᠢᠯᠡᠯ ᠬᠢᠨ᠎ᠡ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠨᠢ ᠭᠤᠴᠢᠨ ᠵᠢᠯ ᠪᠤᠯᠤᠨ᠎ᠠ᠃ ᠲᠠᠭᠠᠭᠠᠴᠢᠯᠠᠭᠤᠯᠬᠤ | ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠬᠡᠷ᠎ᠡ ᠲᠤᠭᠳᠠᠭᠠᠵᠦ᠂ ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ | ᠲᠤᠭᠳᠠᠭᠠᠬᠤ ᠬᠡᠷᠡᠭᠲᠠᠢ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠭᠰᠡᠨ ᠲᠠᠷᠢᠶᠠᠴᠢᠳ ᠭᠠᠵᠠᠷ ᠰᠢᠷᠦᠢ ᠶᠢ ᠬᠠᠮᠠᠭᠠᠯᠠᠬᠤ᠂ ᠭᠠᠵᠠᠷ ᠰᠢᠷᠦᠢ ᠶᠢᠨ | ᠲᠠᠭᠠᠭᠠᠴᠢᠯᠠᠯᠳᠠ ᠶᠢᠨ ᠭᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠵᠦᠢ ᠵᠤᠬᠢᠰᠲᠠᠢ ᠠᠰᠢᠭᠯᠠᠬᠤ ᠡᠬᠦᠷᠭᠡ ᠲᠠᠢ᠃ | ᠲᠠᠷᠢᠶᠠᠴᠢᠳ ᠤᠨ ᠭᠠᠵᠷ ᠰᠢᠷᠦᠢ ᠲᠠᠭᠠᠭᠠᠴᠢᠯᠠᠨ ᠡᠵᠡᠩᠨᠡᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠃ | ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠤᠨᠴᠠ ᠵᠠᠷᠢᠮ ᠲᠠᠭᠠᠭᠠᠴᠢᠯᠠᠨ ᠡᠵᠡᠩᠨᠡᠭᠴᠢᠳ ᠤᠨ ᠬᠤᠭᠤᠷᠤᠨᠳᠤᠬᠢ ᠲᠠᠭᠠᠭᠠᠴᠢᠯᠠᠭᠰᠠᠨ | ᠭᠠᠵᠠᠷ ᠰᠢᠷᠦᠢ ᠳᠤ ᠵᠤᠬᠢᠰᠲᠠᠢ ᠲᠤᠬᠢᠷᠠᠭᠤᠯᠤᠯᠳᠠ ᠬᠢᠬᠦ ᠳᠤ ᠬᠦᠷᠪᠡᠯ᠂ ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ | ᠲᠡᠭᠡᠭᠰᠢᠬᠢ ᠪᠦᠷᠢᠯᠳᠦᠬᠦᠨ ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ | ᠪᠦᠭᠡᠳ ᠰᠤᠮᠤ ᠠᠴᠠ ︵ᠪᠠᠯᠭᠠᠰᠦ︶ ᠶᠢᠨ ᠠᠷᠠᠳ ᠤᠨ ᠵᠠᠰᠠᠭ ᠤᠨ ᠤᠷᠳᠤᠨ ᠪᠠ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠠᠷᠪᠠᠨ ᠲᠠᠪᠤᠳᠤᠭᠠᠷ ᠵᠦᠢᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠨᠢᠭᠡᠴᠢ ᠪᠤᠶᠤ ᠬᠤᠪᠢ ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ | ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠷᠢᠶᠠᠴᠢᠳ ᠤᠨ | ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ | ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠣᠨ ᠠᠵᠦ ᠠᠬᠤᠢ ᠶᠢᠨ ᠦᠢᠯᠡᠳᠪᠦᠷᠢᠯᠡᠯ | ᠬᠢᠵᠦ ᠪᠤᠯᠤᠨ᠎ᠠ᠃ ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠭᠡᠷ᠎ᠡ ᠲᠤᠭᠳᠠᠭᠠᠵᠦ᠂ ᠬᠤᠶᠠᠷ | ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠶᠢ ᠲᠠᠭᠠᠭᠠᠴᠢᠯᠠᠯᠳᠠ ᠶᠢᠨ | ᠬᠡᠷ᠎ᠡ ᠳᠤ ᠪᠤᠯᠵᠤᠨ ᠲᠤᠭᠳᠠᠭᠠᠨ᠎ᠠ︔ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠠ ᠬᠤᠪᠢ ᠬᠦᠮᠦᠨ ᠭᠠᠵᠷ ᠰᠢᠷᠦᠢ ᠶᠢ ᠬᠠᠮᠠᠭᠠᠯᠠᠬᠤ ᠪᠠ ᠭᠠᠵᠠᠷ | ᠰᠢᠷᠦᠢ ᠶᠢᠨ ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠵᠦᠢ ᠵᠤᠬᠢᠰᠲᠠᠢ ᠠᠰᠢᠭᠯᠠᠬᠤ ᠡᠬᠦᠷᠭᠡ ᠲᠠᠢ᠃ | ᠲᠠᠷᠢᠶᠡᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠳᠠᠨᠠᠬᠢ | ᠨᠢᠭᠡᠴᠢ ᠪᠤᠶᠤ ᠬᠤᠪᠢ ᠬᠦᠮᠦᠨ ᠲᠠᠭᠠᠭᠠᠴᠢᠯᠠᠨ ᠡᠵᠡᠩᠨᠡᠬᠦ ᠳᠤ ᠬᠦᠷᠪᠡᠯ᠂ ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ | ᠲᠡᠭᠡᠭᠰᠢᠬᠢ ᠪᠦᠷᠢᠯᠳᠦᠬᠦᠨ ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ | ᠪᠦᠭᠡᠳ ᠰᠤᠮᠤ ︵ᠪᠠᠯᠭᠠᠰᠦ︶ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠠᠷᠪᠠᠨ ᠵᠢᠷᠭᠤᠳᠤᠭᠠᠷ ᠵᠦᠢᠯ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ ᠮᠠᠷᠭᠤᠯᠳᠤᠭᠠᠨ ᠢ ᠲᠤᠬᠠᠢ ᠶᠢᠨ ᠬᠦᠮᠦᠰ ᠨᠢ | ᠵᠦᠪᠳᠡᠯᠴᠡᠵᠦ ᠪᠠᠶᠢᠭᠠᠳ ᠰᠢᠢᠳᠪᠦᠷᠢᠯᠡᠨ᠎ᠡ︔ ᠵᠦᠪᠳᠡᠯᠴᠡᠭᠡᠳ ᠪᠦᠳᠦᠬᠦ ᠦᠭᠡᠢ ᠪᠤᠯ ᠠᠷᠠᠳ ᠤᠨ ᠵᠠᠰᠠᠭ ᠤᠨ ᠤᠷᠳᠤᠨ ᠠᠴᠠ ᠰᠢᠢᠳᠪᠦᠷᠢᠯᠡᠨ᠎ᠡ᠃ | ᠨᠢᠭᠡᠴᠢ ᠶᠢᠨ ᠬᠤᠭᠤᠷᠤᠨᠳᠦᠬᠢ ᠮᠠᠷᠭᠤᠯᠳᠤᠭᠠᠨ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠰᠢᠢᠳᠪᠦᠷᠢᠯᠡᠨ᠎ᠡ︔ ᠬᠤᠪᠢ | ᠬᠦᠮᠦᠨ ᠤ ᠬᠤᠭᠤᠷᠤᠨᠳᠦᠬᠢ᠂ ᠬᠤᠪᠢ ᠬᠦᠮᠦᠨ ᠪᠤᠯᠤᠨ ᠨᠢᠭᠡᠴᠢ ᠶᠢᠨ ᠬᠤᠭᠤᠷᠤᠨᠳᠤᠬᠢ ᠮᠠᠷᠭᠤᠯᠳᠤᠭᠠᠨ ᠢ ᠰᠤᠮᠤᠨ ᠤ ᠱᠠᠳᠤᠨ ᠤ ᠠᠷᠠᠳ ᠤᠨ ᠵᠠᠰᠠᠭ ᠤᠨ ᠤᠷᠳᠤᠨ | ᠪᠤᠶᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠰᠢᠢᠳᠪᠦᠷᠢᠯᠡᠨ᠎ᠡ᠃ | ᠲᠤᠬᠠᠢ ᠶᠢᠨ ᠬᠦᠮᠦᠨ ᠨᠢ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠭᠰᠡᠨ ᠲᠤᠭᠳᠠᠭᠠᠯ ᠢ ᠬᠦᠯᠢᠶᠡᠭᠦ ᠦᠭᠡᠢ ᠪᠤᠯ | ᠰᠢᠢᠳᠪᠦᠷᠢᠯᠡᠭᠰᠡᠨ ᠲᠤᠭᠳᠠᠭᠠᠯ ᠤᠨ ᠮᠡᠳᠡᠭᠳᠡᠯ ᠢ ᠤᠯᠤᠭᠰᠠᠨ ᠡᠳᠦᠷ ᠠᠴᠠ ᠡᠬᠢᠯᠡᠵᠦ ᠭᠤᠴᠢᠨ ᠡᠳᠦᠷ ᠤᠨ ᠲᠤᠳᠤᠷ᠎ᠡ ᠠᠷᠠᠳ ᠤᠨ ᠰᠢᠬᠦᠬᠦ ᠬᠤᠷᠢᠶᠠᠨ ᠳᠤ | ᠵᠠᠭᠠᠯᠳᠤᠵᠦ ᠪᠤᠯᠤᠨ᠎ᠠ᠃ | ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ ᠮᠠᠷᠭᠤᠯᠳᠤᠭᠠᠨ ᠢ ᠰᠢᠢᠳᠪᠦᠷᠢᠯᠡᠬᠦ ᠠᠴᠠ ᠡᠮᠦᠨ᠎ᠡ᠂ ᠠᠯᠢ ᠡᠳᠡᠭᠡᠳ ᠨᠢ ᠴᠦ ᠭᠡᠳ | ᠭᠠᠵᠠᠷ ᠰᠢᠷᠦᠢ ᠶᠢ ᠠᠰᠢᠭᠯᠠᠵᠦ ᠪᠠᠶᠢᠭ᠎ᠠ ᠤᠳᠤᠬᠢ ᠪᠠᠶᠢᠳᠠᠯ ᠢ ᠬᠤᠪᠢᠷᠠᠭᠤᠯᠵᠦ ᠪᠤᠯᠬᠤ ᠦᠭᠡᠢ᠃ | ᠭᠤᠷᠪᠠᠳᠤᠭᠠᠷ ᠪᠦᠯᠦᠭ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ | ᠠᠷᠪᠠᠨ ᠲᠤᠯᠤᠳᠤᠭᠠᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠤᠨ ᠨᠤᠭᠤᠳ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠵᠢᠬᠦᠯᠭᠡ᠂ ᠤᠯᠤᠰ ᠤᠨ ᠭᠠᠵᠠᠷ ᠰᠢᠷᠦᠢ ᠶᠢ ᠵᠠᠰᠠᠬᠤ ᠪᠠ ᠡᠬᠢ ᠪᠠᠶᠠᠯᠢᠭ᠂ ᠤᠷᠴᠢᠨ ᠠᠬᠤᠢ ᠶᠢ ᠬᠠᠮᠠᠭᠠᠯᠠᠬᠤ ᠱᠠᠭᠠᠷᠳᠠᠯᠭ᠎ᠠ᠂ ᠭᠠᠵᠠᠷ | ᠰᠢᠷᠦᠢ ᠶᠢᠨ ᠬᠠᠩᠭᠠᠯᠳᠠ ᠶᠢᠨ ᠴᠢᠳᠠᠪᠤᠷᠢ ᠵᠢᠴᠢ ᠡᠯ᠎ᠡ ᠵᠦᠢᠯ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠰᠡᠬᠦ ᠱᠠᠭᠠᠷᠳᠠᠯᠭ᠎ᠠ ᠶᠢ ᠦᠨᠳᠦᠰᠦᠯᠡᠨ᠂ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠵᠤᠬᠢᠶᠠᠨ ᠪᠠᠶᠢᠭᠤᠯᠬᠤ ᠬᠡᠷᠡᠭᠲᠠᠢ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠦᠯᠦᠪᠵᠢᠬᠦᠯᠬᠦ ᠬᠤᠭᠤᠴᠠᠭ᠎ᠠ ᠬᠢᠵᠠᠭᠠᠷ ᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ | ᠲᠤᠭᠳᠠᠭᠠᠨ᠎ᠠ᠃ | ᠠᠷᠪᠠᠨ ᠨᠠᠢᠮᠠᠳᠤᠭᠠᠷ ᠵᠦᠢᠯ ᠲᠤᠤᠷᠠᠳᠦ ᠱᠠᠳᠣᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠠᠨ ᠲᠡᠭᠡᠷ᠎ᠡ ᠨᠢᠭᠡ ᠱᠠᠳᠤᠨ ᠤ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ ᠨᠠᠶᠢᠷᠠᠭᠤᠯᠵᠦ ᠵᠤᠬᠢᠶᠠᠬᠤ ᠬᠡᠷᠡᠭᠲᠠᠢ᠃ | ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠷᠠᠭᠤᠯᠤᠨ ᠵᠤᠬᠢᠶᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠶᠢᠨ ᠲᠤᠳᠤᠷᠡᠬᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠬᠡᠳᠦᠷᠡᠵᠦ ᠪᠤᠯᠬᠤ ᠦᠭᠡᠢ᠂ ᠦᠯᠡᠳᠡᠭᠡᠬᠦ ᠲᠠᠷᠢᠶᠠᠨ | ᠭᠠᠵᠠᠷ ᠤᠨ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ | ᠲᠤᠭ᠎ᠠ ᠠᠴᠠ ᠲᠤᠳᠠᠭᠤ ᠪᠠᠶᠢᠵᠦ ᠪᠤᠯᠬᠤ ᠦᠭᠡᠢ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠨᠠᠶᠢᠷᠠᠭᠤᠯᠤᠨ ᠵᠤᠬᠢᠶᠠᠭᠰᠠᠨ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠬᠡ ᠨᠢ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ | ᠬᠠᠰᠣᠭᠳᠠᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ᠃ | ᠠᠷᠪᠠ ᠶᠢᠰᠦᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠲᠤᠤᠷ᠎ᠡ ᠵᠢᠭᠰᠠᠭᠠᠭᠰᠠᠨ ᠵᠠᠷᠴᠢᠮ ᠶᠤᠰᠤᠭᠠᠷ ᠨᠠᠶᠢᠷᠠᠭᠤᠯᠤᠨ | ᠵᠤᠬᠢᠶᠠᠨ᠎ᠠ᠄ | ︵ᠨᠢᠭᠡ︶ ᠦᠨᠳᠦᠰᠦᠨ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠲᠠᠷᠢᠶᠠᠯᠠᠩ ᠤᠨ ᠪᠤᠰᠤ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠶᠢ ᠬᠢᠵᠠᠭᠠᠷᠯᠠᠨ᠎ᠠ︔ | ︵ᠬᠤᠶᠠᠷ︶ ᠭᠠᠵᠠᠷ ᠰᠢᠷᠦᠢ ᠶᠢᠨ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠦᠨ᠎ᠡ︔ | ︵ᠭᠤᠷᠪᠠ︶ ᠡᠯ᠎ᠡ ᠲᠦᠷᠦᠯ ᠤᠨ᠂ ᠡᠯ᠎ᠡ ᠤᠷᠤᠨ ᠲᠤᠭᠤᠷᠢᠭ ᠤᠨ ᠬᠡᠷᠡᠭᠯᠡᠬᠦ ᠭᠠᠵᠠᠷ ᠢ ᠨᠢᠭᠡᠳᠦᠯᠲᠠᠢ ᠲᠦᠯᠦᠪᠯᠡᠨ ᠲᠤᠬᠢᠷᠠᠭᠤᠯᠤᠨ᠎ᠠ︔ | ︵ᠲᠦᠷᠪᠡ︶ ᠠᠮᠢ ᠠᠬᠤᠢ ᠶᠢᠨ ᠤᠷᠴᠢᠨ ᠠᠬᠤᠢ ᠶᠢ ᠬᠠᠮᠠᠭᠠᠯᠠᠨ ᠰᠠᠶᠢᠵᠢᠷᠠᠭᠤᠯᠵᠦ᠂ ᠭᠠᠵᠠᠷ ᠰᠢᠷᠦᠢ ᠶᠢᠨ ᠦᠷᠬᠦᠯᠵᠢᠯᠡᠬᠦ ᠠᠰᠢᠭᠯᠠᠯᠳᠠ ᠶᠢ ᠪᠠᠳᠤᠯᠠᠨ᠎ᠠ︔ | ︵ᠲᠠᠪᠤ︶ ᠲᠠᠷᠢᠶᠠᠨ ᠭᠠᠵᠠᠷ ᠢ ᠡᠵᠡᠯᠡᠵᠦ ᠬᠡᠷᠡᠭᠯᠡᠬᠦ ᠬᠡᠮᠵᠢᠶ᠎ᠡ ᠶᠢ ᠲᠠᠷᠢᠶᠠᠨ ᠭᠠᠵᠠᠷ ᠢ ᠨᠡᠭᠡᠭᠡᠨ ᠠᠰᠢᠭᠯᠠᠵᠦ ᠰᠡᠷᠬᠦᠭᠡᠨ ᠬᠠᠭᠠᠯᠪᠤᠷᠢᠯᠠᠬᠤ ᠬᠡᠮᠵᠢᠶ᠎ᠡ ᠲᠠᠢ | ᠲᠡᠩᠴᠡᠬᠦᠷᠢᠲᠠᠢ ᠪᠠᠶᠢᠯᠭᠠᠨ᠎ᠠ᠃ | ᠬᠤᠷᠢᠳᠤᠭᠠᠷ ᠵᠦᠢᠯ ᠰᠢᠶᠠᠨ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠭᠠᠵᠠᠷ ᠰᠢᠷᠦᠢ ᠶᠢᠨ ᠠᠰᠢᠭᠯᠠᠯᠳᠠ ᠶᠢᠨ | ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠶᠢᠨ ᠬᠡᠷᠡᠭᠯᠡᠯᠳᠡ ᠶᠢ ᠲᠤᠳᠤᠷᠬᠠᠢ ᠪᠤᠯᠭᠠᠬᠤ ᠬᠡᠷᠡᠭᠲᠠᠢ᠃ | ᠰᠤᠮᠤ ︵ᠪᠠᠯᠭᠠᠰᠤ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠭᠠᠵᠠᠷ ᠰᠢᠷᠦᠢ ᠶᠢᠨ ᠠᠰᠢᠭᠯᠠᠯᠳᠠ ᠶᠢᠨ ᠲᠤᠭᠤᠷᠢᠭ ᠢ ᠵᠠᠭᠠᠭᠯᠠᠨ | ᠬᠤᠪᠢᠶᠠᠷᠢᠯᠠᠵᠦ᠂ ᠭᠠᠵᠠᠷ ᠰᠢᠷᠦᠢ ᠬᠡᠷᠡᠭᠯᠡᠬᠦ ᠨᠦᠬᠦᠴᠡᠯ ᠢ ᠦᠨᠳᠦᠰᠦᠯᠡᠨ ᠬᠡᠰᠡᠭ ᠭᠠᠵᠠᠷ ᠰᠢᠷᠦᠢ ᠨᠢᠭᠡᠪᠦᠷᠢ ᠶᠢᠨ ᠬᠡᠷᠡᠭᠯᠡᠯᠳᠡ ᠶᠢ ᠲᠤᠳᠤᠷᠬᠠᠢ ᠲᠤᠭᠳᠠᠭᠠᠭᠠᠳ ᠢᠯᠡ | ᠪᠠᠷ ᠵᠠᠷᠯᠠᠨ ᠨᠡᠶᠢᠳᠡᠯᠡᠬᠦ ᠬᠡᠷᠡᠭᠲᠠᠢ᠃ | ᠬᠤᠷᠢᠨ ᠨᠢᠭᠡᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠲᠦᠯᠦᠪᠵᠢᠬᠦᠯᠭᠡ ᠶᠢ ᠱᠠᠳᠤ ᠬᠤᠪᠢᠶᠠᠵᠦ ᠬᠢᠨᠠᠨ ᠵᠦᠪᠰᠢᠶᠡᠷᠡᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠲᠦᠷᠦ ᠶᠢᠨ | ᠶᠠᠪᠤᠳᠠᠯ ᠤᠨ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠬᠤᠳᠠ᠂ ᠵᠠᠭᠤᠨ ᠲᠦᠮᠡ ᠠᠴᠠ ᠲᠡᠭᠡᠭᠰᠢᠬᠢ ᠬᠦᠮᠦᠨ ᠠᠮᠠ ᠲᠠᠢ | ᠬᠤᠳᠠ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠢᠭᠠᠨ ᠲᠤᠭᠳᠠᠭᠠᠭᠰᠠᠨ ᠬᠤᠳᠠ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ | ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠪᠠᠶᠢᠴᠠᠭᠠᠯᠭᠠᠵᠦ ᠵᠦᠪᠰᠢᠶᠡᠷᠡᠬᠦᠯᠦᠭᠰᠡᠨ ᠤ ᠲᠠᠷᠠᠭ᠎ᠠ ᠲᠦᠷᠦ ᠶᠢᠨ | ᠶᠠᠪᠤᠳᠠᠯ ᠤ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃ | ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠲᠤ ᠲᠤᠭᠳᠠᠭᠠᠭᠰᠠᠨ ᠠᠴᠠ ᠭᠠᠳᠠᠨᠠᠬᠢ ᠭᠠᠵᠠᠷ ᠰᠢᠷᠦᠢ ᠶᠢ ᠠᠰᠢᠭᠯᠠᠵᠦ ᠶᠡᠷᠦᠩᠭᠡᠢ | ᠲᠦᠯᠦᠪᠵᠢᠬᠦᠯᠭᠡ ᠶᠢ ᠲᠡᠭᠡᠭᠰᠢ ᠪᠠᠨ ᠱᠠᠳᠣ ᠲᠠᠷᠠᠭᠠᠯᠠᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ | ᠤᠷᠳᠤᠨ ᠳᠤ ᠮᠡᠳᠡᠬᠦᠯᠵᠦ ᠵᠦᠪᠰᠢᠶᠡᠷᠡᠭᠦᠯᠦᠨ᠎ᠡ︔ ᠡᠬᠦᠨ ᠤ ᠲᠤᠳᠤᠷ᠎ᠡ᠂ ᠰᠤᠮᠤ ︵ᠪᠠᠯᠭᠠᠰᠦ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠶᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠡᠷᠭᠡ ᠤᠯᠭᠤᠭᠰᠠᠨ ᠲᠤᠭᠤᠷᠢᠭ ᠲᠠᠢ ᠬᠤᠳᠠ᠂ ᠦᠪᠡᠷᠳᠡᠭᠡᠨ ᠵᠠᠰᠠᠬᠤ | ᠵᠸᠤ ᠶᠢᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠵᠦ ᠪᠤᠯᠤᠨ᠎ᠠ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦᠯᠦᠭᠰᠡᠨ ᠤ ᠲᠠᠷᠠᠭ᠎ᠠ ᠡᠷᠭᠡᠪᠰᠢ ᠴᠢᠩᠭ᠎ᠠ ᠬᠡᠷᠡᠭᠵᠢᠬᠦᠯᠬᠦ ᠬᠡᠷᠡᠭᠲᠠᠢ᠃ | ᠬᠤᠷᠢᠨ ᠬᠤᠶᠠᠳᠤᠭᠠᠷ ᠵᠦᠢᠯ ᠬᠤᠳᠠ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠨᠢ ᠤᠯᠤᠰ ᠠᠴᠠ ᠲᠤᠭᠳᠠᠭᠠᠭᠰᠠᠨ | ᠪᠡᠷᠢᠮᠵᠢᠶ᠎ᠠ ᠳᠤ ᠨᠡᠶᠢᠴᠡᠭᠰᠡᠨ ᠪᠠᠶᠢᠵᠦ᠂ ᠤᠳᠤ ᠪᠠᠶᠢᠭ᠎ᠠ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠦᠢᠴᠡᠳ ᠠᠰᠢᠭᠯᠠᠨ᠂ ᠲᠠᠷᠢᠶᠠᠯᠠᠩ ᠳᠤ ᠬᠡᠷᠡᠭᠯᠡᠬᠦ | ᠭᠠᠵᠠᠷ ᠢ ᠡᠵᠡᠯᠡᠬᠦ ᠦᠭᠡᠢ ᠪᠤᠶᠤ ᠠᠯᠢ ᠴᠢᠳᠠᠬᠤ ᠪᠠᠷ ᠪᠠᠭ᠎ᠠ ᠡᠵᠡᠯᠡᠬᠦ ᠬᠡᠷᠡᠭᠲᠠᠢ᠃ | ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠲᠠᠢ ᠠᠪᠴᠠᠯᠳᠤᠭᠰᠠᠨ ᠪᠠᠶᠢᠬᠤ ᠬᠡᠷᠡᠭᠲᠠᠢ᠂ ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ | ᠲᠤᠳᠤᠷᠠᠬᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠡᠪᠴᠢᠶ᠎ᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ | ᠬᠤᠳᠠ ᠪᠠ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠠᠴᠠ ᠬᠡᠳᠦᠷᠡᠵᠦ ᠪᠤᠯᠬᠤ ᠦᠭᠡᠢ᠃ | ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ | ᠬᠤᠳᠠ ᠪᠤᠯᠤᠨ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠨᠢ ᠬᠤᠳᠠ ᠶᠢᠨ ᠲᠦᠯᠦᠪᠵᠢᠬᠦᠯᠭᠡ᠂ ᠠᠶᠢᠯ ᠲᠤᠰᠬᠤᠨ ᠪᠠ | ᠪᠠᠯᠭᠠᠰᠦ ᠶᠢᠨ ᠲᠦᠯᠦᠪᠵᠢᠬᠦᠯᠭᠡ ᠳᠤ ᠨᠡᠶᠢᠴᠡᠭᠰᠡᠨ ᠪᠠᠶᠢᠬᠤ ᠬᠡᠷᠡᠭᠲᠠᠢ᠃ | ᠬᠤᠷᠢᠨ ᠭᠤᠷᠪᠠᠳᠦᠭᠠᠷ ᠵᠦᠢᠯ ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ ᠪᠠ ᠨᠡᠭᠡᠭᠡᠨ ᠠᠰᠢᠭᠯᠠᠬᠤ ᠲᠦᠯᠦᠪᠵᠢᠬᠦᠯᠭᠡ ᠨᠢ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ ᠠᠪᠴᠠᠯᠳᠤᠭᠰᠠᠨ ᠪᠠᠶᠢᠬᠤ ᠬᠡᠷᠡᠭᠲᠠᠢ᠃ ᠭᠤᠤᠯ ᠮᠦᠷᠡᠨ᠂ ᠨᠠᠭᠤᠷ ᠲᠤᠭᠤᠷᠢᠮ᠂ ᠤᠰᠤᠨ | ᠴᠦᠬᠦᠷᠦᠮ ᠤᠨ ᠬᠠᠮᠢᠶᠠᠷᠤᠯᠳᠠ ᠪᠠ ᠬᠠᠮᠠᠭᠠᠯᠠᠯᠳᠠ ᠶᠢᠨ ᠬᠡᠪᠴᠢᠶᠡᠨ ᠲᠤᠳᠤᠷ᠎ᠡ ᠵᠢᠴᠢ ᠦᠶᠡᠷ ᠢ ᠲᠤᠭᠳᠠᠭᠠᠨ ᠬᠤᠷᠠᠭᠤᠯᠬᠤ ᠤᠷᠤᠨ ᠤ ᠲᠤᠳᠤᠷᠠᠬᠢ ᠭᠠᠵᠠᠷ | ᠰᠢᠷᠦᠢ ᠶᠢᠨ ᠠᠰᠢᠭᠯᠠᠯᠳᠠ ᠨᠢ ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ ᠪᠠ ᠨᠡᠭᠡᠭᠡᠨ ᠠᠰᠢᠭᠯᠠᠬᠤ ᠲᠦᠯᠦᠪᠵᠢᠬᠦᠯᠭᠡ ᠲᠠᠢ ᠨᠡᠶᠢᠴᠡᠵᠦ᠂ | ᠭᠤᠤᠯ ᠤᠨ ᠵᠠᠮ᠂ ᠨᠠᠭᠤᠷ ᠲᠤᠭᠤᠷᠢᠮ ᠤᠨ ᠦᠶᠡᠷ ᠢ ᠤᠷᠤᠰᠬᠠᠨ ᠦᠩᠭᠡᠷᠡᠬᠦᠯᠬᠦ᠂ ᠦᠶᠡᠷ ᠬᠤᠷᠠᠭᠤᠯᠬᠤ ᠪᠠ ᠤᠰᠤ ᠲᠠᠮᠵᠢᠭᠤᠯᠬᠤ ᠱᠠᠭᠠᠷᠳᠠᠯᠭ᠎ᠠ ᠲᠠᠢ ᠨᠡᠶᠢᠴᠡᠭᠰᠡᠨ | ᠪᠠᠶᠢᠬᠤ ᠬᠡᠷᠡᠭᠲᠠᠢ᠃ | ᠬᠤᠷᠢᠨ ᠲᠦᠷᠪᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ ᠰᠢᠷᠦᠢ ᠶᠢᠨ ᠠᠰᠢᠭᠯᠠᠯᠳᠠ ᠶᠢᠨ ᠲᠤᠬᠠᠢ ᠲᠦᠯᠦᠪᠯᠡᠭᠡᠳᠦ | ᠬᠠᠮᠢᠶᠠᠷᠤᠯᠳᠠ ᠪᠠᠨ ᠴᠢᠩᠭᠠᠳᠬᠠᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠬᠡᠷᠡᠭᠲᠠᠢ᠃ | ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ᠂ | ᠤᠯᠤᠰ ᠤᠨ ᠠᠵᠦ ᠦᠢᠯᠡᠰ ᠤᠨ ᠲᠦᠷᠦ ᠶᠢᠨ ᠪᠤᠳᠤᠯᠭ᠎ᠠ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢᠴᠢ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠪᠤᠯᠤᠨ ᠭᠠᠵᠠᠷ ᠰᠢᠷᠦᠢ ᠶᠢᠨ ᠠᠰᠢᠭᠯᠠᠯᠳᠠ ᠶᠢᠨ ᠪᠤᠳᠠᠳᠦ ᠪᠠᠶᠢᠳᠠᠯ ᠢ ᠦᠨᠳᠦᠰᠦᠯᠡᠵᠦ ᠨᠠᠶᠢᠷᠠᠭᠤᠯᠤᠨ ᠵᠤᠬᠢᠶᠠᠨ᠎ᠠ᠃ ᠭᠠᠵᠠᠷ ᠰᠢᠷᠦᠢ ᠶᠢᠨ | ᠠᠰᠢᠭᠯᠠᠯᠳᠠ ᠶᠢᠨ ᠤᠨ ᠤ ᠲᠦᠯᠦᠪᠯᠡᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ ᠲᠠᠢ ᠠᠳᠠᠯᠢ᠂ ᠬᠢᠨᠠᠨ ᠵᠦᠪᠰᠢᠶᠡᠷᠡᠵᠦ ᠪᠠᠭᠤᠯᠭᠠᠭᠰᠠᠨ ᠤ ᠲᠠᠷᠠᠭ᠎ᠠ ᠡᠷᠭᠡᠪᠰᠢ ᠴᠢᠩᠭ᠎ᠠ | ᠵᠢᠷᠦᠮᠯᠠᠨ ᠬᠡᠷᠡᠭᠵᠢᠬᠦᠯᠬᠦ ᠬᠡᠷᠡᠭᠲᠠᠢ᠃ | ᠬᠤᠷᠢᠨ ᠲᠠᠪᠤᠳᠤᠭᠠᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠣᠷᠳᠤᠨ ᠨᠤᠭᠤᠳ ᠭᠠᠵᠠᠷ | ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠵᠢᠬᠦᠯᠭᠡ ᠶᠢ ᠬᠡᠷᠡᠭᠵᠢᠬᠦᠯᠦᠭᠰᠡᠨ ᠪᠠᠶᠢᠳᠠᠯ ᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠤᠨ ᠢᠶᠠᠨ ᠠᠭᠤᠯᠭ᠎ᠠ ᠪᠤᠯᠭᠠᠭᠠᠳ ᠠᠳᠠᠯᠢ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠳᠤ ᠮᠡᠳᠡᠬᠦᠯᠬᠦ ᠬᠡᠷᠡᠭᠲᠠᠢ᠃ | ᠬᠤᠷᠢᠨ ᠵᠢᠷᠭᠤᠳᠤᠭᠠᠷ ᠵᠦᠢᠯ ᠨᠢᠭᠡᠨᠳᠡ ᠵᠦᠪᠰᠢᠶᠡᠷᠡᠬᠦᠯᠦᠭᠰᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠵᠠᠰᠠᠪᠤᠷᠢ | ᠤᠷᠤᠭᠤᠯᠬᠤ ᠳᠤ ᠬᠦᠷᠪᠡᠯ ᠡᠷᠭᠡᠪᠰᠢ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ ᠵᠦᠪᠰᠢᠶᠡᠷᠡᠬᠦᠯᠬᠦ ᠬᠡᠷᠡᠭᠲᠠᠢ︔ ᠵᠦᠪᠰᠢᠶᠡᠷᠡᠬᠦᠯᠦᠭᠰᠡᠨ ᠦᠭᠡᠢ ᠪᠤᠯ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠵᠦ ᠪᠤᠯᠬᠤ ᠦᠭᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠡᠨᠧᠷᠬᠢ ᠶᠢᠨ ᠰᠣᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠲᠤᠮᠤ | ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠶᠢ ᠬᠤᠪᠢᠷᠠᠭᠤᠯᠬᠤ ᠴᠢᠬᠤᠯᠠ ᠲᠠᠢ ᠪᠤᠯ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠭᠰᠡᠨ ᠡᠨᠧᠷᠬᠢ ᠶᠢᠨ ᠰᠤᠷᠪᠤᠯᠵᠢ | ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠠᠴᠠ ᠪᠤᠯᠵᠦ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ ᠴᠢᠬᠤᠯᠠ ᠲᠠᠢ ᠪᠤᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦ ᠡᠷᠭᠡ ᠶᠢᠨ ᠬᠡᠪᠴᠢᠶᠡᠨ ᠳᠤ ᠬᠠᠷᠢᠶᠠᠯᠠᠭᠳᠠᠵᠦ ᠪᠠᠶᠢᠪᠠᠯ᠂ ᠮᠤᠵᠢ ᠶᠢᠨ ᠱᠠᠳᠤᠨ ᠤ | ᠠᠷᠠᠳ ᠤᠨ ᠵᠠᠰᠠᠭ ᠤᠨ ᠣᠷᠳᠤᠨ ᠤ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠵᠠᠰᠠᠪᠤᠷᠢ ᠤᠷᠤᠭᠤᠯᠤᠨ᠎ᠠ᠃ | ᠬᠤᠷᠢᠨ ᠲᠤᠯᠤᠳᠤᠭᠠᠷ ᠵᠦᠢᠯ ᠤᠯᠤᠰ ᠠᠴᠠ ᠭᠠᠵᠠᠷ ᠰᠢᠷᠦᠢ ᠶᠢᠨ ᠪᠠᠶᠢᠴᠠᠭᠠᠯᠳᠠ ᠬᠢᠬᠦ ᠲᠦᠷᠢᠮ ᠢ ᠪᠠᠶᠢᠭᠤᠯᠤᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ | ᠠᠳᠠᠯᠢ ᠱᠠᠳᠤᠨ ᠤ ᠪᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠭᠠᠵᠠᠷ ᠰᠢᠷᠦᠢ ᠶᠢᠨ ᠪᠠᠶᠢᠴᠠᠭᠠᠯᠳᠠ ᠬᠢᠨ᠎ᠡ᠃ ᠭᠠᠵᠷ ᠰᠢᠷᠦᠢ ᠦᠮᠴᠢᠯᠡᠭᠴᠢ | ᠪᠤᠶᠤ ᠬᠡᠷᠡᠭᠯᠡᠭᠴᠢ ᠨᠢ ᠪᠠᠶᠢᠴᠠᠭᠠᠯᠳᠠ ᠳᠤ ᠬᠠᠮᠵᠢᠯᠴᠠᠬᠤ ᠶᠢᠨ ᠬᠠᠮᠳᠦ ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠵᠦ ᠦᠭᠬᠦ ᠬᠡᠷᠡᠭᠲᠠᠢ᠃ | ᠬᠤᠷᠢᠨ ᠨᠠᠢᠮᠠᠳᠦᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠣᠨ ᠤ ᠪᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠦ᠂ ᠭᠠᠵᠠᠷ ᠰᠢᠷᠦᠢ ᠶᠢ ᠪᠠᠶᠢᠴᠠᠭᠠᠭᠰᠠᠨ ᠦᠷ᠎ᠡ | ᠪᠦᠳᠦᠭᠡᠯ᠂ ᠲᠦᠯᠦᠪᠵᠢᠬᠦᠯᠦᠭᠰᠡᠨ ᠭᠠᠵᠠᠷ ᠰᠢᠷᠦᠢ ᠶᠢᠨ ᠬᠡᠷᠡᠭᠯᠡᠯᠳᠡ ᠪᠠ ᠤᠯᠤᠰ ᠠᠴᠠ ᠲᠤᠭᠳᠠᠭᠠᠭᠰᠠᠨ ᠨᠢᠭᠡᠳᠦᠯᠲᠠᠢ ᠪᠠᠷᠢᠮᠵᠢᠶ᠎ᠡ ᠶᠢ ᠦᠨᠳᠦᠰᠦᠯᠡᠵᠦ ᠪᠠᠶᠢᠭᠠᠳ | ᠭᠠᠵᠷ ᠰᠢᠷᠦᠢ ᠶᠢᠨ ᠵᠡᠷᠭᠡ ᠲᠡᠰ ᠢ ᠦᠨᠡᠯᠡᠨ ᠲᠤᠭᠳᠠᠭᠠᠨ᠎ᠠ᠃ | ᠬᠤᠷᠢ ᠶᠢᠰᠦᠳᠦᠭᠡᠷ ᠵᠦᠢᠯ ᠣᠯᠣᠰ ᠠᠴᠠ ᠭᠠᠵᠠᠷ ᠰᠢᠷᠦᠢ ᠶᠢᠨ ᠲᠤᠭ᠎ᠠ ᠪᠦᠷᠢᠳᠭᠡᠯ ᠤᠨ ᠲᠦᠷᠢᠮ ᠢ ᠪᠠᠶᠢᠭᠤᠯᠤᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ | ᠪᠤᠯᠤᠨ ᠠᠳᠠᠯᠢ ᠱᠠᠳᠤᠨ ᠤ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠲᠤᠭ᠎ᠠ ᠪᠦᠷᠢᠳᠭᠡᠯ ᠤᠨ ᠪᠠᠶᠢᠴᠠᠭᠠᠯᠳᠠ ᠬᠢᠬᠦ ᠲᠦᠰᠦᠯ ᠢ ᠬᠠᠮᠳᠦ ᠪᠠᠷ ᠲᠤᠭᠳᠠᠭᠠᠭᠠᠳ | ᠭᠠᠵᠠᠷ ᠰᠢᠷᠦᠢ ᠶᠢᠨ ᠲᠤᠭ᠎ᠠ ᠪᠦᠷᠢᠳᠭᠡᠯ ᠢ ᠬᠠᠤᠯᠢ ᠶᠤᠰᠤᠭᠠᠷ ᠬᠢᠵᠦ᠂ ᠭᠠᠵᠷ ᠰᠢᠷᠦᠢ ᠶᠢᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠲᠤᠭᠳᠠᠮᠠᠯ ᠬᠤᠭᠤᠴᠠᠭ᠎ᠠ ᠲᠠᠢ | ᠪᠠᠷ ᠨᠡᠶᠢᠳᠡᠯᠡᠨ᠎ᠡ᠃ ᠭᠠᠵᠠᠷ ᠰᠢᠷᠦᠢ ᠦᠮᠴᠢᠯᠡᠭᠴᠢ ᠪᠤᠶᠤ ᠬᠡᠷᠡᠭᠯᠡᠭᠴᠢ ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠵᠦ ᠦᠭᠬᠦ ᠬᠡᠷᠡᠭᠲᠠᠢ᠂ ᠬᠤᠳᠠᠯ ᠮᠡᠳᠡᠬᠦᠯᠵᠦ᠂ | ᠲᠠᠷᠤᠭᠠᠳ ᠮᠡᠳᠡᠬᠦᠯᠬᠦ ᠦᠭᠡᠢ ᠪᠠᠶᠢᠵᠦ᠂ ᠮᠡᠳᠡᠬᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠬᠦᠯᠵᠦ ᠪᠤᠯᠬᠤ ᠦᠭᠡᠢ᠃ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠤᠨ ᠬᠠᠮᠳᠦᠪᠡᠷ | ᠨᠡᠶᠢᠳᠡᠯᠡᠭᠰᠡᠨ ᠭᠠᠵᠠᠷ ᠰᠢᠷᠦᠢ ᠶᠢᠨ ᠲᠠᠯᠠᠪᠠᠢ ᠶᠢᠨ ᠲᠤᠭ᠎ᠠ ᠪᠦᠷᠢᠳᠭᠡᠯ ᠤᠨ ᠮᠠᠲ᠋ᠧᠷᠢᠶᠠᠯ ᠪᠤᠯ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠤᠨ ᠤ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠨᠠᠶᠢᠷᠠᠭᠤᠯᠤᠨ ᠵᠤᠬᠢᠶᠠᠬᠤ ᠦᠨᠳᠦᠰᠦ ᠪᠠᠷᠢᠮᠳᠠ ᠮᠦᠨ᠃ | ᠭᠤᠴᠢᠳᠤᠭᠠᠷ ᠵᠦᠢᠯ ᠤᠯᠤᠰ ᠠᠴᠠ ᠪᠦᠬᠦ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠦ᠂ ᠭᠠᠵᠠᠷ | ᠰᠢᠷᠦᠢ ᠠᠰᠢᠭᠯᠠᠵᠦ ᠪᠠᠶᠢᠭ᠎ᠠ ᠪᠠᠶᠢᠳᠠᠯ ᠢ ᠬᠦᠳᠡᠯᠦᠩᠬᠦᠢ ᠪᠠᠷ ᠬᠢᠨᠠᠵᠦ ᠬᠡᠮᠵᠢᠨ᠎ᠡ᠃ | ᠲᠦᠷᠪᠡᠳᠦᠭᠡᠷ ᠪᠦᠯᠦᠭ ᠲᠠᠷᠢᠶᠠᠨ ᠭᠠᠵᠠᠷ ᠢ ᠬᠠᠮᠠᠭᠠᠯᠠᠬᠤ | ᠭᠤᠴᠢᠨ ᠨᠢᠭᠡᠳᠦᠭᠡᠷ ᠵᠦᠢᠯ ᠣᠯᠣᠰ ᠠᠴᠠ ᠲᠠᠷᠢᠶᠠᠨ ᠭᠠᠵᠠᠷ ᠢ ᠬᠠᠮᠠᠭᠠᠯᠠᠵᠦ᠂ ᠲᠠᠷᠢᠶᠠᠨ ᠭᠠᠵᠠᠷ ᠢ ᠲᠠᠷᠢᠶᠠᠨ ᠭᠠᠵᠠᠷ ᠪᠤᠰᠤ ᠪᠤᠯᠭᠠᠨ ᠬᠤᠪᠢᠷᠠᠭᠤᠯᠬᠤ ᠶᠢ | ᠴᠢᠩᠭ᠎ᠠ ᠬᠢᠵᠠᠭᠠᠷᠯᠠᠨ᠎ᠠ᠃ | ᠣᠯᠣᠰ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠪᠡᠯ ᠨᠦᠬᠦᠪᠦᠷᠢ ᠦᠭᠬᠦ ᠲᠦᠷᠢᠮ ᠢ ᠬᠡᠷᠡᠭᠵᠢᠬᠦᠯᠦᠨ᠎ᠡ᠃ ᠵᠦᠪᠰᠢᠶᠡᠷᠡᠯ ᠢᠶᠠᠷ ᠲᠠᠮᠵᠢᠨ ᠲᠠᠷᠢᠶᠠᠯᠠᠩ ᠤᠨ | ᠪᠤᠰᠤ ᠪᠦᠳᠦᠭᠡᠨ ᠪᠠᠶᠢᠭᠤᠯᠤᠯᠳᠠ ᠳᠤ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠪᠠᠶᠢᠪᠠᠯ᠂《 ᠬᠡᠳᠦᠢ ᠡᠵᠡᠯᠡᠪᠡᠯ ᠤᠷᠤᠨ ᠳᠤᠨᠢ ᠲᠡᠳᠦᠢ ᠭᠠᠵᠠᠷ ᠬᠠᠭᠠᠯᠪᠤᠷᠢᠯᠠᠬᠤ | 》ᠵᠠᠷᠴᠢᠮ ᠤᠨ ᠶᠤᠰᠤᠭᠠᠷ᠂ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠠᠴᠠ ᠬᠠᠷᠢᠭᠤᠴᠠᠵᠦ ᠪᠠᠶᠢᠭᠠᠳ ᠡᠵᠡᠯᠡᠵᠦ ᠬᠡᠷᠡᠭᠯᠡᠭᠰᠡᠨ ᠲᠠᠷᠢᠶᠠᠨ ᠭᠠᠵᠠᠷ ᠤᠨ | ᠲᠤᠭ᠎ᠠ ᠬᠡᠮᠵᠢᠶ᠎ᠡ᠂ ᠶᠠᠰᠤ ᠴᠢᠨᠠᠷ ᠲᠠᠢ ᠲᠡᠩᠴᠡᠬᠦ ᠲᠠᠷᠢᠶᠠᠨ ᠭᠠᠵᠠᠷ ᠢ ᠬᠠᠭᠠᠯᠪᠤᠷᠢᠯᠠᠬᠤ ᠬᠡᠷᠡᠭᠲᠠᠢ︔ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠬᠠᠭᠠᠯᠪᠤᠷᠢᠯᠠᠭᠰᠠᠨ | ᠲᠠᠷᠢᠶᠠᠨ ᠭᠠᠵᠠᠷ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠯ | ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠰᠦᠢᠳᠭᠡᠯ ᠲᠤᠰᠢᠶᠠᠬᠤ ᠬᠡᠷᠡᠭᠲᠠᠢ᠂ ᠲᠤᠰ ᠰᠦᠢᠳᠭᠡᠯ ᠤᠨ ᠵᠤᠭᠤᠰ ᠢ ᠰᠢᠨ᠎ᠡ ᠲᠠᠷᠢᠶᠠᠨ ᠭᠠᠵᠠᠷ ᠬᠠᠭᠠᠯᠪᠤᠷᠢᠯᠠᠬᠤ ᠳᠤ | ᠲᠤᠰᠬᠠᠢ ᠬᠡᠷᠡᠭᠯᠡᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠤᠭᠤᠳ ᠲᠠᠷᠢᠶᠠᠨ ᠭᠠᠵᠠᠷ ᠬᠠᠭᠠᠯᠪᠤᠷᠢᠯᠠᠬᠤ | ᠲᠦᠯᠦᠪᠯᠡᠭᠡ ᠲᠤᠭᠳᠠᠭᠠᠵᠦ᠂ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠶᠢᠨ ᠲᠦᠯᠦᠪᠯᠡᠭᠡ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠪᠤᠶᠤ | ᠲᠦᠯᠦᠪᠯᠡᠭᠡ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠠᠵᠢᠯ ᠢ ᠵᠤᠬᠢᠶᠠᠨ ᠪᠠᠶᠢᠭᠤᠯᠬᠤ ᠳᠤᠨᠢ ᠬᠢᠨᠠᠯᠳᠠ ᠲᠠᠯᠪᠢᠬᠤ ᠶᠢᠨ ᠬᠠᠮᠳᠦ ᠲᠠᠬᠦᠨ ᠢ ᠨᠢ ᠰᠢᠯᠭᠠᠨ ᠠᠪᠬᠤ | ᠬᠡᠷᠡᠭᠲᠠᠢ᠃ | ᠭᠤᠴᠢᠨ ᠬᠤᠶᠠᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ | ᠨᠢᠭᠡᠴᠢ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠷᠢᠯᠠᠭ᠎ᠠ ᠶᠢᠨ ᠬᠦᠷᠦᠰᠦ ᠰᠢᠷᠦᠢ ᠶᠢ ᠰᠢᠨ᠎ᠡ ᠬᠠᠭᠠᠯᠪᠤᠷᠢᠯᠠᠬᠤ ᠲᠠᠷᠢᠶᠠᠨ ᠭᠠᠵᠠᠷ᠂ ᠴᠢᠨᠠᠷ ᠮᠠᠭᠤᠲᠠᠢ | ᠭᠠᠵᠠᠷ ᠲᠤ ᠬᠡᠷᠡᠭᠯᠡᠬᠦᠯᠬᠦ ᠪᠤᠶᠤ ᠪᠤᠰᠤᠳ ᠲᠠᠷᠢᠶᠠᠨ ᠭᠠᠵᠠᠷ ᠤᠨ ᠬᠦᠷᠦᠰᠦ ᠰᠢᠷᠦᠢ ᠶᠢ ᠰᠠᠶᠢᠵᠢᠷᠠᠭᠤᠯᠬᠤ ᠳᠤ ᠬᠡᠷᠡᠭᠯᠡᠬᠦᠯᠬᠦ ᠪᠠᠷ ᠱᠠᠭᠠᠷᠳᠠᠯᠭ᠎ᠠ ᠲᠠᠯᠪᠢᠵᠦ ᠪᠤᠯᠤᠨ᠎ᠠ᠃ | ᠭᠤᠴᠢᠨ ᠭᠤᠷᠪᠠᠳᠤᠭᠠᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠤᠭᠤᠳ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠠ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠴᠢᠩᠭ᠎ᠠ ᠬᠡᠷᠡᠭᠵᠢᠬᠦᠯᠵᠦ᠂ | ᠠᠷᠭ᠎ᠠ ᠬᠡᠮᠵᠢᠶ᠎ᠡ ᠠᠪᠴᠦ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ ᠬᠠᠰᠣᠭᠳᠠᠬᠤ ᠦᠭᠡᠢ | ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ︔ ᠲᠠᠷᠢᠶᠠᠨ ᠭᠠᠵᠠᠷ ᠤᠨ ᠪᠦᠬᠦ ᠬᠡᠮᠵᠢᠶ᠎ᠡ ᠨᠢ ᠬᠠᠰᠣᠭᠳᠠᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ | ᠵᠠᠷᠯᠢᠭᠳᠠᠵᠦ ᠪᠠᠶᠢᠭᠠᠳ ᠬᠠᠰᠣᠭᠳᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠣ ᠴᠢᠨᠠᠷ ᠯᠤᠭ᠎ᠠ ᠠᠳᠠᠯᠢᠬᠠᠨ ᠲᠠᠷᠢᠶᠠᠨ ᠭᠠᠵᠠᠷ ᠢ ᠲᠤᠭᠳᠠᠭᠰᠠᠨ | ᠬᠤᠭᠤᠴᠠᠭᠠᠨ ᠤ ᠲᠤᠳᠤᠷ᠎ᠡ ᠵᠤᠬᠢᠶᠠᠨ ᠪᠠᠶᠢᠭᠤᠯᠵᠦ ᠬᠠᠭᠠᠯᠪᠤᠷᠢᠯᠠᠭᠤᠯᠬᠤ ᠪᠦᠭᠡᠳ ᠲᠦᠷᠦ ᠶᠢᠨ ᠶᠠᠪᠤᠳᠠᠯ ᠤᠨ ᠬᠤᠷᠢᠶᠡᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠣᠷᠠᠨ ᠰᠢᠯᠭᠠᠵᠦ ᠠᠪᠤᠨ᠎ᠠ᠃ | ᠤᠨᠴᠠ ᠵᠠᠷᠢᠮ ᠮᠤᠵᠢ᠂ ᠰᠢᠭᠤᠳ ᠬᠠᠷᠢᠶ᠎ᠠ ᠬᠤᠳᠠ ᠶᠢᠨ ᠭᠠᠵᠠᠷ ᠰᠢᠷᠦᠢ ᠶᠢᠨ ᠪᠡᠯᠡᠳᠭᠡᠯ ᠡᠬᠢ ᠰᠣᠷᠪᠤᠯᠵᠢ ᠨᠢ ᠦᠨᠡᠭᠡᠷ ᠲᠤᠳᠠᠮᠠᠭ ᠪᠠᠶᠢᠵᠦ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠬᠦᠯᠦᠭᠰᠡᠨ ᠤ ᠲᠠᠷᠠᠭ᠎ᠠ᠂ ᠰᠢᠨ᠎ᠡ ᠪᠠᠷ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ | ᠡᠵᠡᠯᠡᠵᠦ ᠬᠡᠷᠡᠭᠯᠡᠭᠰᠡᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠨᠦᠬᠦᠵᠦ ᠬᠦᠷᠬᠦ ᠦᠭᠡᠢ ᠪᠠᠶᠢᠪᠠᠯ᠂ ᠡᠷᠭᠡᠪᠰᠢ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠬᠦᠯᠵᠦ ᠵᠦᠪᠰᠢᠶᠡᠷᠡᠬᠦᠯᠦᠭᠡᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠬᠠᠭᠠᠯᠪᠤᠷᠢᠯᠠᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠨ | ᠬᠠᠰᠣᠭᠤᠯᠵᠦ ᠬᠡᠯᠳᠦᠷᠢᠬᠦᠯᠦᠭᠡᠳ᠂ ᠦᠭᠡᠷ᠎ᠡ ᠭᠠᠵᠠᠷ ᠲᠤ ᠣᠴᠢᠵᠦ ᠬᠠᠭᠠᠯᠪᠤᠷᠢᠯᠠᠬᠤ ᠬᠡᠷᠡᠭᠲᠠᠢ᠃ | ᠭᠤᠴᠢᠨ ᠲᠦᠷᠪᠡᠳᠦᠭᠡᠷ ᠵᠦᠢᠯ ᠣᠯᠣᠰ ᠠᠴᠠ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠬᠡᠷᠡᠭᠵᠢᠬᠦᠯᠦᠨ᠎ᠡ᠃ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ ᠲᠤᠤᠷ᠎ᠡ ᠵᠢᠭᠰᠠᠭᠠᠭᠰᠠᠨ ᠲᠠᠷᠢᠶᠠᠨ ᠭᠠᠵᠠᠷ ᠤᠳ ᠢ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠳᠠ ᠶᠢᠨ ᠤᠷᠤᠨ ᠳᠤ ᠤᠷᠤᠭᠤᠯᠵᠦ ᠴᠢᠩᠭ᠎ᠠ ᠬᠠᠮᠢᠶᠠᠷᠬᠤ ᠬᠡᠷᠡᠭᠲᠠᠢ᠄ | ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠰᠢᠶᠠᠨ ᠤ ᠱᠠᠳᠣᠨ ᠠᠴᠠ | ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ ᠲᠤᠭᠳᠠᠭᠠᠭᠰᠠᠨ ᠠᠮᠤ ᠪᠤᠳᠠᠭ᠎ᠠ᠂ ᠬᠦᠪᠦᠩ᠃ ᠲᠤᠰᠤᠯᠢᠭ | ᠲᠠᠷᠢᠮᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠳᠤᠷᠠᠬᠢ ᠲᠠᠷᠢᠶᠠᠨ ᠭᠠᠵᠠᠷ︔ | ︵ᠬᠤᠶᠠᠷ︶ ᠤᠰᠤᠨ ᠠᠰᠢᠭᠯᠠᠯᠳᠠ ᠶᠢᠨ ᠪᠠ ᠬᠦᠷᠦᠰᠦ ᠰᠢᠷᠦᠢ ᠶᠢᠨ ᠬᠠᠮᠠᠭᠠᠯᠠᠯᠳᠠ ᠶᠢᠨ ᠲᠤᠬᠢᠲᠠᠢ ᠰᠠᠶᠢᠨ ᠲᠦᠬᠦᠭᠡᠷᠦᠮᠵᠢ ᠲᠠᠢ ᠲᠠᠷᠢᠶᠠᠨ ᠭᠠᠵᠠᠷ᠂ ᠤᠳᠤ | ᠶᠠᠭ ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠬᠦᠯᠵᠦ ᠪᠠᠶᠢᠬᠤ ᠪᠠ ᠰᠠᠶᠢᠵᠢᠷᠠᠭᠤᠯᠵᠦ ᠪᠤᠯᠬᠤ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ︔ | ︵ᠭᠤᠷᠪᠠ︶ ᠢᠳᠡᠰᠢᠨ ᠨᠤᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ︔ | ︵ᠲᠦᠷᠪᠡ︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠣᠳᠣᠯᠭᠠᠨ ᠬᠢᠬᠦ᠂ ᠵᠢᠭᠠᠨ ᠰᠤᠷᠭᠠᠬᠤ ᠲᠤᠷᠰᠢᠯᠳᠠ ᠬᠢᠬᠦ ᠲᠠᠷᠢᠶᠠᠨ ᠭᠠᠵᠠᠷ︔ | ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠳᠤ ᠤᠷᠤᠭᠤᠯᠬᠤ ᠶᠤᠰᠤᠲᠠᠢ ᠭᠡᠵᠦ | ᠲᠤᠭᠳᠠᠭᠠᠭᠰᠠᠨ ᠪᠤᠰᠤᠳ ᠲᠠᠷᠢᠶᠠᠨ ᠭᠠᠵᠠᠷ᠃ | ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠵᠠᠭᠠᠭᠯᠠᠨ ᠲᠤᠭᠳᠠᠭᠠᠭᠰᠠᠨ ᠦᠨᠳᠦᠰᠦᠨ ᠲᠠᠷᠢᠶᠠᠨ ᠭᠠᠵᠠᠷ ᠨᠢ ᠲᠤᠰ ᠵᠠᠰᠠᠭ | ᠵᠠᠬᠢᠷᠭᠠᠨ ᠤ ᠤᠷᠤᠨ ᠤ ᠲᠤᠳᠤᠷᠠᠬᠢ ᠲᠠᠷᠢᠶᠠᠨ ᠭᠠᠵᠠᠷ ᠤᠨ80 % ᠠᠴᠠ ᠲᠡᠭᠡᠭᠰᠢᠬᠢ ᠶᠢ ᠡᠵᠡᠯᠡᠭᠰᠡᠨ ᠪᠠᠶᠢᠬᠤ ᠬᠡᠷᠡᠭᠲᠠᠢ᠃ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠢ ᠰᠤᠮᠤ ︵ᠪᠠᠯᠭᠠᠰᠦ︶ ᠪᠠᠷ ᠨᠢᠭᠡᠴᠢ ᠪᠤᠯᠭᠠᠨ ᠵᠠᠭᠠᠭᠯᠠᠨ ᠲᠤᠭᠳᠠᠭᠠᠵᠦ᠂ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ | ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃ | ᠭᠤᠴᠢᠨ ᠲᠠᠪᠤᠳᠤᠭᠠᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ ᠠᠪᠴᠦ ᠪᠠᠶᠢᠭᠠᠳ ᠤᠰᠤ ᠵᠠᠯᠠᠬᠤ | ᠪᠠᠷᠢᠯᠭ᠎ᠠ ᠶᠢᠨ ᠲᠦᠬᠦᠭᠡᠷᠦᠮᠵᠢ ᠶᠢ ᠬᠠᠮᠠᠭᠠᠯᠠᠵᠦ᠂ ᠬᠦᠷᠦᠰᠦ ᠰᠢᠷᠦᠢ ᠶᠢ ᠰᠠᠶᠢᠵᠢᠷᠠᠭᠤᠯᠤᠨ᠂ ᠭᠠᠵᠠᠷ ᠤᠨ ᠰᠢᠮ᠎ᠡ ᠶᠢ ᠨᠡᠮᠡᠭᠳᠡᠬᠦᠯᠵᠦ᠂ ᠭᠠᠵᠠᠷ ᠰᠢᠷᠦᠢ ᠡᠯᠡᠰᠦᠵᠢᠬᠦ᠂ | ᠬᠤᠵᠢᠷᠰᠢᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ ᠪᠤᠬᠢᠷᠳᠤᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠠᠢ᠃ | ᠭᠤᠴᠢᠨ ᠵᠢᠷᠭᠤᠳᠤᠭᠠᠷ ᠵᠦᠢᠯ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠬᠢᠬᠦ ᠳᠡᠭᠡᠨ ᠡᠷᠭᠡᠪᠰᠢ ᠭᠠᠵᠠᠷ ᠰᠢᠷᠦᠢ ᠶᠢ ᠭᠠᠮᠨᠠᠨ ᠬᠡᠷᠡᠭᠯᠡᠬᠦ ᠬᠡᠷᠡᠭᠲᠠᠢ᠂ | ᠠᠳᠠᠷ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠤᠯᠬᠤ ᠦᠭᠡᠢ︔ ᠮᠠᠭᠤ ᠭᠠᠵᠠᠷ ᠢ ᠠᠰᠢᠭᠯᠠᠵᠦ ᠪᠤᠯᠬᠤ ᠳᠤ ᠬᠦᠷᠪᠡᠯ | ᠰᠠᠶᠢᠨ ᠭᠠᠵᠠᠷ ᠢ ᠡᠵᠡᠯᠡᠨ ᠬᠡᠷᠡᠭᠯᠡᠵᠦ ᠪᠤᠯᠬᠤ ᠦᠭᠡᠢ᠃ | ᠲᠠᠷᠢᠶᠠᠨ ᠭᠠᠵᠠᠷ ᠢ ᠡᠵᠡᠯᠡᠨ ᠶᠤᠤ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ ᠲᠡᠭᠡᠷ᠎ᠡ ᠲᠤᠷ᠎ᠡ ᠪᠠᠷ ᠢᠶᠠᠨ ᠭᠡᠷ ᠪᠠᠷᠢᠬᠤ᠂ ᠡᠯᠡᠰᠦ | ᠮᠠᠯᠳᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠳᠠᠬᠤ᠂ ᠰᠢᠷᠦᠢ ᠠᠪᠬᠤ ᠶᠢ ᠴᠠᠭᠠᠵᠠᠯᠠᠨ᠎ᠠ᠃ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠵᠢᠮᠢᠰ ᠤᠨ ᠦᠢᠯᠡᠰ ᠢ ᠬᠦᠭᠵᠢᠬᠦᠯᠬᠦ ᠪᠡ ᠨᠠᠭᠤᠷ ᠮᠠᠯᠳᠠᠵᠦ ᠵᠢᠭᠠᠰᠣ ᠲᠡᠵᠢᠭᠡᠬᠦ ᠶᠢ ᠴᠠᠭᠠᠵᠠᠯᠠᠨ᠎ᠠ᠃ | ᠭᠤᠴᠢᠨ ᠲᠤᠯᠤᠳᠤᠭᠠᠷ ᠵᠦᠢᠯ ᠶᠠᠮᠠᠷᠪᠠ ᠨᠢᠭᠡᠴᠢ ᠪᠤᠯᠤᠨ ᠬᠤᠪᠢ ᠬᠦᠮᠦᠨ ᠤ ᠲᠠᠷᠢᠶᠠᠨ ᠭᠠᠵᠠᠷ ᠢ ᠰᠣᠯᠠ ᠪᠠᠶᠢᠯᠭᠠᠬᠤ᠂ ᠠᠳᠠᠷᠰᠢᠭᠤᠯᠬᠤ ᠶᠢ ᠴᠠᠭᠠᠵᠠᠯᠠᠨ᠎ᠠ᠃ | ᠨᠢᠭᠡᠨᠳᠡ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠭᠰᠡᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠨᠢᠭᠡ | ᠵᠢᠯ ᠤᠨ ᠲᠤᠳᠤᠷ᠎ᠡ ᠬᠡᠷᠡᠭᠯᠡᠭᠰᠡᠨ ᠦᠭᠡᠢ ᠪᠦᠭᠡᠳ ᠲᠡᠷᠡ ᠭᠠᠵᠠᠷ ᠲᠤ ᠲᠠᠷᠢᠶ᠎ᠠ ᠲᠠᠷᠢᠵᠦ ᠬᠤᠷᠢᠶᠠᠯᠳᠠ ᠠᠪᠴᠦ ᠪᠤᠯᠬᠤ ᠪᠠᠶᠢᠪᠠᠯ᠂ ᠤᠤᠯ ᠤᠨ ᠡᠨᠡ ᠲᠠᠷᠢᠶᠠᠨ ᠭᠠᠵᠠᠷ | ᠲᠡᠭᠡᠷ᠎ᠡ ᠲᠠᠷᠢᠶ᠎ᠠ ᠲᠠᠷᠢᠵᠦ ᠪᠠᠶᠢᠭᠰᠠᠨ ᠬᠠᠮᠳᠦ ᠨᠡᠶᠢᠳᠡ ᠪᠤᠶᠤ ᠬᠤᠪᠢ ᠬᠦᠮᠦᠨ ᠲᠠᠬᠢᠵᠦ ᠲᠠᠷᠢᠶ᠎ᠠ ᠲᠠᠷᠢᠬᠤ ᠬᠡᠷᠡᠭᠲᠠᠢ᠂ ᠭᠠᠵᠠᠷ ᠬᠡᠷᠡᠭᠯᠡᠬᠦ ᠨᠢᠭᠡᠴᠢ ᠠᠴᠠ ᠵᠤᠬᠢᠶᠠᠨ | ᠪᠠᠶᠢᠭᠤᠯᠵᠦ ᠪᠠᠶᠢᠭᠠᠳ ᠲᠠᠷᠢᠵᠦ ᠴᠦ ᠪᠤᠯᠤᠨ᠎ᠠ︔ ᠨᠢᠭᠡ ᠵᠢᠯ ᠭᠠᠷᠦᠢ ᠪᠤᠯᠤᠭᠠᠳ ᠪᠦᠳᠦᠭᠡᠨ ᠪᠠᠶᠢᠭᠤᠯᠤᠯᠳᠠ ᠶᠢᠨ ᠠᠵᠢᠯ ᠢᠶᠠᠨ ᠡᠬᠢᠯᠡᠬᠦᠯᠦᠭᠰᠡᠨ ᠦᠭᠡᠢ ᠪᠠᠶᠢᠪᠠᠯ᠂ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠰᠣᠯᠠ ᠪᠠᠶᠢᠯᠭᠠᠭᠰᠠᠨ ᠰᠦᠢᠳᠭᠡᠯ | ᠲᠤᠰᠢᠶᠠᠬᠤ ᠬᠡᠷᠡᠭᠲᠠᠢ︔ ᠬᠤᠶᠠᠷ ᠵᠢᠯ ᠲᠠᠷᠠᠭᠠᠯᠠᠨ ᠬᠡᠷᠡᠭᠯᠡᠭᠰᠡᠨ ᠦᠭᠡᠢ ᠪᠠᠶᠢᠪᠠᠯ᠂ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠭᠡᠳ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠣᠨ ᠠᠴᠠ ᠭᠠᠵᠠᠷ ᠬᠡᠷᠡᠭᠯᠡᠬᠦ ᠨᠢᠭᠡᠴᠢ ᠶᠢᠨ ᠭᠠᠵᠠᠷ ᠰᠢᠷᠦᠢ ᠬᠡᠷᠡᠭᠯᠡᠬᠦ ᠡᠷᠭᠡ ᠶᠢ ᠨᠢ ᠦᠨ᠎ᠡ | ᠲᠦᠯᠦᠪᠤᠷᠢ ᠦᠭᠡᠢ ᠪᠠᠷ ᠬᠤᠷᠢᠶᠠᠨ ᠠᠪᠤᠨ᠎ᠠ︔ ᠡᠨᠡ ᠭᠠᠵᠠᠷ ᠰᠢᠷᠦᠢ ᠤᠤᠯ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠬᠢ ᠪᠠᠶᠢᠭᠰᠠᠨ ᠪᠤᠯ ᠤᠤᠯ ᠤᠨ | ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠤ ᠲᠤᠰᠢᠶᠠᠨ ᠦᠭᠴᠦ ᠲᠠᠷᠢᠶᠠᠯᠠᠯᠭ᠎ᠠ ᠶᠢ ᠨᠢ ᠰᠡᠷᠬᠦᠭᠡᠬᠦ ᠬᠡᠷᠡᠭᠲᠠᠢ᠃ | ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠭᠡᠪᠴᠢᠶᠡᠨ ᠲᠤᠳᠤᠷ᠎ᠡ ᠰᠢᠯᠵᠢᠬᠦᠯᠦᠨ ᠬᠤᠳᠠᠯᠳᠤᠬᠤ ᠬᠡᠯᠪᠡᠷᠢ ᠪᠠᠷ ᠭᠠᠵᠠᠷ ᠰᠢᠷᠦᠢ ᠬᠡᠷᠡᠭᠯᠡᠬᠦ ᠡᠷᠭᠡ ᠶᠢ | ᠤᠯᠤᠭᠠᠳ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢ ᠨᠡᠭᠡᠭᠡᠨ ᠬᠦᠭᠵᠢᠬᠦᠯᠬᠦ ᠪᠠᠷ ᠪᠠᠶᠢᠭ᠎ᠠ ᠰᠣᠯᠠ ᠪᠠᠶᠢᠯᠭᠠᠭᠰᠠᠨ ᠭᠠᠵᠠᠷ ᠰᠢᠷᠦᠢ ᠶᠢ ᠪᠤᠯ《 ᠪᠦᠬᠦᠳᠡ | ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠤᠳᠠ ᠶᠢᠨ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠬᠠᠮᠢᠶᠠᠷᠤᠯᠳᠠ ᠶᠢᠨ ᠬᠠᠤᠯᠢ 》 ᠶᠢᠨ ᠬᠤᠯᠪᠤᠭᠳᠠᠯ | ᠪᠦᠬᠦᠢ ᠲᠤᠭᠳᠠᠭᠠᠯ ᠶᠤᠰᠤᠭᠠᠷ ᠰᠢᠢᠳᠪᠦᠷᠢᠯᠡᠨ᠎ᠡ᠃ | ᠲᠠᠷᠢᠶᠠᠨ ᠭᠠᠵᠠᠷ ᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠤᠶᠤ ᠬᠤᠪᠢ ᠬᠦᠮᠦᠨ ᠬᠤᠶᠠᠷ ᠵᠢᠯ ᠲᠠᠷᠠᠭᠠᠯᠠᠨ ᠲᠠᠷᠢᠶᠠᠯᠠᠬᠤ ᠦᠭᠡᠢ ᠪᠠᠷ ᠲᠠᠷᠢᠶᠠᠨ ᠭᠠᠵᠠᠷ ᠢ | ᠠᠳᠠᠷᠰᠢᠭᠤᠯᠤᠭᠰᠠᠨ ᠪᠠᠶᠢᠪᠠᠯ᠂ ᠤᠤᠯ ᠤᠨ ᠲᠠᠭᠠᠭᠠᠴᠢᠯᠠᠭᠤᠯᠤᠭᠰᠠᠨ ᠨᠢᠭᠡᠴᠢ ᠨᠢ ᠲᠠᠭᠠᠭᠠᠴᠢᠯᠠᠯᠳᠠ ᠶᠢᠨ ᠬᠡᠷ᠎ᠡ ᠪᠠᠨ ᠲᠠᠭᠤᠰᠬᠠᠵᠦ᠂ ᠲᠠᠭᠠᠭᠠᠴᠢᠯᠠᠭᠤᠯᠤᠭᠰᠠᠨ | ᠲᠠᠷᠢᠶᠠᠨ ᠭᠠᠵᠠᠷ ᠢᠶᠠᠨ ᠬᠤᠷᠢᠶᠠᠨ ᠠᠪᠬᠤ ᠬᠡᠷᠡᠭᠲᠠᠢ᠃ | ᠭᠤᠴᠢᠨ ᠨᠠᠢᠮᠠᠳᠣᠭᠠᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ᠂ ᠠᠮᠢ ᠠᠬᠤᠢ ᠶᠢᠨ ᠤᠷᠴᠢᠨ ᠲᠤᠭᠤᠷᠢᠨ ᠢ | ᠬᠠᠮᠠᠭᠠᠯᠠᠨ ᠰᠠᠶᠢᠵᠢᠷᠠᠭᠤᠯᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ ᠡᠯᠡᠰᠦᠵᠢᠬᠦ ᠶᠢ ᠰᠡᠷᠭᠡᠶᠢᠯᠡᠨ ᠵᠤᠭᠰᠤᠭᠠᠬᠤ ᠤᠷᠢᠳᠠᠯ ᠲᠤᠤᠷ᠎ᠡ᠂ ᠠᠰᠢᠭᠯᠠᠭᠠᠳᠦᠢ | ᠭᠠᠵᠠᠷ ᠰᠢᠷᠦᠢ ᠶᠢ ᠨᠢᠭᠡᠴᠢ ᠪᠠ ᠬᠤᠪᠢ ᠬᠦᠮᠦᠨ ᠤ ᠨᠡᠭᠡᠭᠡᠨ ᠠᠰᠢᠭᠯᠠᠬᠤ ᠶᠢ ᠤᠯᠤᠰ ᠠᠴᠠ ᠵᠤᠷᠢᠭᠵᠢᠭᠤᠯᠤᠨ᠎ᠠ︔ ᠲᠠᠷᠢᠶᠠᠯᠠᠩ ᠳᠤ ᠬᠡᠷᠡᠭᠯᠡᠬᠦ ᠭᠠᠵᠠᠷ ᠪᠤᠯᠭᠠᠵᠦ | ᠨᠡᠭᠡᠭᠡᠨ ᠠᠰᠢᠭᠯᠠᠬᠤ ᠳᠤ ᠲᠤᠬᠢᠷᠠᠮᠵᠢᠲᠠᠢ ᠪᠠᠶᠢᠪᠠᠯ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠯᠭᠠᠨ ᠨᠡᠭᠡᠭᠡᠨ ᠠᠰᠢᠭᠯᠠᠬᠤ ᠬᠡᠷᠡᠭᠲᠠᠢ᠃ | ᠤᠯᠤᠰ ᠠᠴᠠ ᠨᠡᠭᠡᠭᠡᠨ ᠠᠰᠢᠭᠯᠠᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠨ᠎ᠠ᠃ | ᠭᠤᠴᠢ ᠶᠢᠰᠦᠳᠦᠭᠡᠷ ᠵᠦᠢᠯ ᠠᠰᠢᠭᠯᠠᠭᠠᠳᠦᠢ ᠭᠠᠵᠠᠷ ᠰᠢᠷᠦᠢ ᠶᠢ ᠬᠠᠭᠠᠯᠪᠤᠷᠢᠯᠠᠬᠤ ᠳᠤ ᠡᠷᠭᠡᠪᠰᠢ ᠰᠢᠨᠵᠢᠯᠡᠬᠦ ᠤᠬᠠᠭᠠᠨᠴᠢ ᠨᠤᠳᠠᠯᠠᠯᠳᠠ ᠪᠠ ᠦᠨᠡᠯᠡᠨ | ᠵᠢᠱᠢᠯᠳᠠ ᠬᠢᠵᠦ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠵᠠᠭᠠᠭᠯᠠᠨ ᠲᠤᠭᠳᠠᠭᠠᠭᠰᠠᠨ ᠬᠠᠭᠠᠯᠪᠤᠷᠢᠯᠠᠵᠦ ᠪᠤᠯᠬᠤ ᠤᠷᠤᠨ ᠤ ᠲᠤᠳᠤᠷ᠎ᠡ᠂ | ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ ᠬᠠᠭᠠᠯᠪᠤᠷᠢᠯᠠᠬᠤ ᠬᠡᠷᠡᠭᠲᠠᠢ᠃ ᠣᠢ ᠰᠢᠭᠤᠢ᠂ ᠡᠪᠡᠰᠦ ᠪᠡᠯᠴᠢᠭᠡᠷ ᠢ ᠡᠪᠳᠡᠵᠦ ᠲᠠᠷᠢᠶᠠᠨ ᠭᠠᠵᠠᠷ ᠪᠤᠯᠭᠠᠨ | ᠬᠠᠭᠠᠯᠪᠤᠷᠢᠯᠠᠬᠤ ᠶᠢ ᠴᠠᠭᠠᠵᠠᠯᠠᠨ᠎ᠠ᠂ ᠨᠠᠭᠤᠷ ᠢ ᠬᠦᠷᠢᠶᠡᠯᠡᠨ ᠲᠠᠷᠢᠶᠠᠨ ᠭᠠᠵᠠᠷ ᠭᠠᠷᠭᠠᠬᠤ ᠪᠠ ᠭᠤᠤᠯ ᠮᠦᠷᠡᠨ ᠤ ᠲᠠᠩ ᠭᠠᠵᠠᠷ ᠢ ᠡᠵᠡᠯᠡᠬᠦ ᠶᠢ ᠴᠠᠭᠠᠵᠠᠯᠠᠨ᠎ᠠ᠃ | ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠨ ᠬᠠᠭᠠᠯᠪᠤᠷᠢᠯᠠᠭᠰᠠᠨ ᠪᠠ ᠬᠦᠷᠢᠶᠡᠯᠡᠨ ᠬᠠᠭᠠᠯᠪᠤᠷᠢᠯᠠᠭᠰᠠᠨ ᠭᠠᠵᠠᠷ ᠰᠢᠷᠦᠢ ᠶᠢ ᠪᠤᠯ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ᠂ ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠨᠢ ᠵᠤᠭᠰᠤᠭᠠᠨ᠂ ᠲᠠᠬᠢᠨ ᠤᠢ | ᠰᠢᠭᠤᠢ᠂ ᠡᠪᠡᠰᠦ ᠪᠡᠯᠴᠢᠭᠡᠷ ᠨᠠᠭᠤᠷ ᠲᠤᠭᠤᠷᠢᠮ ᠪᠤᠯᠭᠠᠬᠤ ᠬᠡᠷᠡᠭᠲᠠᠢ᠃ | ᠲᠦᠴᠢᠳᠦᠭᠡᠷ ᠵᠦᠢᠯ ᠬᠡᠷᠡᠭᠯᠡᠬᠦ ᠡᠷᠭᠡ ᠶᠢ ᠨᠢ ᠲᠤᠳᠤᠷᠬᠠᠢ ᠲᠤᠭᠳᠠᠭᠠᠭᠰᠠᠨ ᠦᠭᠡᠢ ᠤᠯᠤᠰ ᠤᠨ ᠦᠮᠴᠢᠯᠡᠯ ᠤᠨ ᠠᠭᠯᠠᠭ ᠠᠭᠤᠯᠠ᠂ ᠠᠳᠠᠷ ᠭᠠᠵᠠᠷ᠂ | ᠬᠤᠭᠤᠰᠤᠨ ᠲᠠᠩ ᠭᠠᠵᠠᠷ ᠢ ᠨᠡᠭᠡᠭᠡᠨ ᠠᠰᠢᠭᠯᠠᠭᠠᠳ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ | ᠠᠬᠤᠢ ᠶᠢᠨ ᠦᠢᠯᠡᠳᠪᠦᠷᠢᠯᠡᠯ ᠬᠢᠬᠦ ᠳᠤ ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ | ᠵᠦᠪᠰᠢᠶᠡᠷᠡᠬᠦᠯᠦᠭᠡᠳ᠂ ᠨᠡᠭᠡᠭᠡᠨ ᠠᠰᠢᠭᠯᠠᠬᠤ ᠨᠢᠭᠡᠴᠢ ᠪᠤᠶᠤ ᠬᠤᠪᠢ ᠬᠦᠮᠦᠨ ᠳᠤ ᠦᠭᠴᠦ ᠤᠷᠳᠦ ᠬᠤᠭᠤᠴᠠᠭ᠎ᠠ ᠬᠡᠷᠡᠭᠯᠡᠬᠦᠯᠬᠦ ᠪᠠᠷ ᠲᠤᠭᠳᠠᠭᠠᠵᠦ ᠪᠤᠯᠤᠨ᠎ᠠ᠃ | ᠲᠦᠴᠢᠨ ᠨᠢᠭᠡᠳᠦᠭᠡᠷ ᠵᠦᠢᠯ ᠤᠯᠤᠰ ᠠᠴᠠ ᠭᠠᠵᠠᠷ ᠰᠢᠷᠦᠢ ᠶᠢ ᠵᠠᠰᠠᠵᠦ ᠰᠠᠶᠢᠵᠢᠷᠠᠭᠤᠯᠬᠤ ᠶᠢ ᠵᠤᠷᠢᠭᠵᠢᠭᠤᠯᠤᠨ᠎ᠠ᠃ ᠰᠢᠶᠠᠨ᠂ ᠰᠤᠮᠤ ︵ᠪᠠᠯᠭᠠᠰᠤ︶ ᠶᠢᠨ | ᠠᠷᠠᠳ ᠤᠨ ᠵᠠᠰᠠᠭ ᠤᠨ ᠤᠷᠳᠤᠨ ᠨᠤᠭᠤᠳ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠵᠦ ᠪᠠᠶᠢᠭᠠᠳ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ ᠲᠠᠷᠢᠶ᠎ᠠ᠂ ᠤᠰᠤ᠂ ᠵᠠᠮ᠂ ᠤᠢ᠂ ᠲᠤᠰᠬᠤᠨ ᠢ ᠶᠡᠷᠦᠩᠭᠡᠶᠢᠯᠡᠨ ᠵᠠᠰᠠᠵᠦ᠂ ᠲᠠᠷᠢᠶᠠᠨ | ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠦᠷ᠎ᠡ ᠠᠰᠢᠭ ᠲᠠᠢ ᠲᠠᠷᠢᠶᠠᠨ ᠭᠠᠵᠠᠷ ᠤᠨ ᠲᠠᠯᠠᠪᠠᠢ ᠶᠢ ᠨᠡᠮᠡᠭᠳᠡᠬᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ | ᠨᠦᠬᠦᠴᠡᠯ ᠪᠠ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠲᠠᠢ᠃ | ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠦ ᠪᠠᠶᠢᠭᠠᠳ ᠲᠤᠮᠳᠠ᠂ ᠲᠤᠤᠷ᠎ᠡ ᠤᠨᠠᠯᠳᠠ ᠲᠠᠢ | ᠲᠠᠷᠢᠶᠠᠨ ᠭᠠᠵᠠᠷ ᠢ ᠦᠭᠡᠷᠡᠴᠢᠯᠠᠨ ᠰᠠᠶᠢᠵᠢᠷᠠᠭᠤᠯᠵᠦ᠂ ᠰᠣᠯᠠ ᠭᠠᠵᠠᠷ ᠪᠠ ᠬᠠᠶᠠᠭᠳᠠᠮᠠᠯ ᠭᠠᠵᠠᠷ ᠢ ᠵᠠᠰᠠᠬᠤ ᠬᠡᠷᠡᠭᠲᠠᠢ᠃ | ᠲᠦᠴᠢᠨ ᠬᠤᠶᠠᠳᠤᠭᠠᠷ ᠵᠦᠢᠯ ᠮᠠᠯᠳᠠᠵᠦ ᠡᠪᠳᠡᠭᠰᠡᠨ᠂ ᠴᠦᠮᠦᠷᠴᠦ ᠢᠪᠡᠷᠡᠭᠰᠡᠨ᠂ ᠲᠠᠷᠤᠵᠦ ᠡᠵᠡᠯᠡᠭᠰᠡᠨ ᠵᠡᠷᠭᠡ ᠠᠴᠠ ᠪᠤᠯᠵᠦ ᠭᠠᠵᠠᠷ ᠰᠢᠷᠦᠢ ᠳᠤ | ᠡᠪᠳᠡᠯᠡᠭᠡ ᠤᠴᠠᠷᠠᠭᠤᠯᠤᠭᠰᠠᠨ ᠪᠠᠶᠢᠪᠠᠯ᠂ ᠭᠠᠵᠠᠷ ᠬᠡᠷᠡᠭᠯᠡᠭᠰᠡᠨ ᠨᠢᠭᠡᠴᠢ ᠪᠠ ᠬᠤᠪᠢ ᠬᠦᠮᠦᠨ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠡᠷᠬᠦᠭᠡᠨ | ᠬᠠᠭᠠᠯᠪᠤᠷᠢᠯᠠᠬᠤ ᠠᠵᠢᠯ ᠢ ᠬᠠᠷᠢᠭᠤᠴᠠᠬᠤ ᠬᠡᠷᠡᠭᠲᠠᠢ︔ ᠰᠡᠷᠭᠦᠭᠡᠨ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠰᠡᠷᠬᠦᠭᠡᠨ ᠬᠠᠭᠠᠯᠪᠤᠷᠢᠯᠠᠭᠰᠠᠨ ᠨᠢ ᠱᠠᠭᠠᠷᠳᠠᠯᠭ᠎ᠠ ᠳᠤ | ᠨᠡᠶᠢᠴᠡᠬᠦ ᠦᠭᠡᠢ ᠪᠠᠶᠢᠪᠠᠯ᠂ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠰᠦᠢᠳᠭᠡᠯ ᠲᠤᠰᠢᠶᠠᠵᠦ᠂ ᠲᠤᠰ ᠰᠦᠢᠳᠭᠡᠯ ᠢ ᠭᠠᠵᠠᠷ ᠰᠢᠷᠦᠢ ᠶᠢ ᠰᠡᠷᠬᠦᠭᠡᠨ | ᠬᠠᠭᠠᠯᠪᠤᠷᠢᠯᠠᠬᠤ ᠳᠤ ᠲᠤᠰᠬᠠᠢ ᠬᠡᠷᠡᠭᠯᠡᠬᠦ ᠬᠡᠷᠡᠭᠲᠠᠢ᠃ ᠰᠡᠷᠬᠦᠭᠡᠨ ᠬᠠᠭᠠᠯᠪᠤᠷᠢᠯᠠᠭᠰᠠᠨ ᠭᠠᠵᠠᠷ ᠢ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ ᠬᠡᠷᠡᠭᠲᠠᠢ᠃ | ᠲᠠᠪᠤᠳᠤᠭᠠᠷ ᠪᠦᠯᠦᠭ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ | ᠲᠦᠴᠢᠨ ᠭᠤᠷᠪᠠᠳᠣᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠦᠮᠦᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠪᠠᠯ᠂ | ᠡᠷᠭᠡᠪᠰᠢ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠬᠤ ᠬᠡᠷᠡᠭᠲᠠᠢ︔ ᠭᠡᠪᠡᠴᠦ ᠰᠣᠮᠤ ᠪᠠᠯᠭᠠᠰᠤᠨ ᠤ ᠠᠵᠦ | ᠠᠬᠤᠶᠢᠯᠠᠯ ᠡᠷᠬᠢᠯᠡᠬᠦ ᠪᠠ ᠭᠠᠴᠠᠭᠠᠨ ᠤ ᠠᠷᠠᠳ ᠤᠨ ᠤᠷᠤᠨ ᠰᠠᠭᠤᠴᠠ ᠪᠠᠷᠢᠬᠤ ᠳᠤ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠪᠠᠶᠢᠪᠠᠯ᠂ ᠡᠰᠡᠬᠦᠯ᠎ᠡ ᠰᠤᠮᠤ ︵ᠪᠠᠯᠭᠠᠰᠤ | ︶ ᠭᠠᠴᠠᠭ᠎ᠠ ᠶᠢᠨ ᠨᠠᠶᠢᠳᠡ ᠶᠢᠨ ᠬᠡᠷᠡᠭᠯᠡᠭᠡᠨ ᠤ ᠲᠦᠬᠦᠭᠡᠷᠦᠮᠵᠢ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠲᠠᠷᠢᠶᠠᠴᠢᠳ ᠤᠨ | ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃ | ᠡᠮᠦᠨᠡᠬᠢ ᠪᠠᠳᠠᠭ ᠲᠤ ᠲᠤᠷᠠᠳᠤᠭᠰᠠᠨ ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠭᠰᠠᠨ ᠤᠯᠤᠰ ᠤᠨ ᠦᠮᠴᠢᠯᠡᠯ ᠤᠨ ᠭᠠᠵᠠᠷ ᠰᠢᠷᠦᠢ ᠳᠤ ᠤᠯᠤᠰ ᠤᠨ | ᠦᠮᠴᠢᠯᠡᠯ ᠤᠨ ᠭᠠᠵᠠᠷ ᠰᠢᠷᠦᠢ ᠪᠤᠯᠤᠨ ᠤᠯᠤᠰ ᠠᠴᠠ ᠲᠠᠳᠠᠪᠤᠷᠢᠯᠠᠭᠰᠠᠨ ᠤᠤᠯ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠪᠠᠶᠢᠭᠰᠠᠨ ᠭᠠᠵᠠᠷ ᠰᠢᠷᠦᠢ | ᠪᠠᠭᠳᠠᠨ᠎ᠠ᠃ ᠲᠦᠴᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ ᠶᠠᠪᠤᠳᠠᠯ ᠳᠤ ᠬᠤᠯᠪᠤᠭᠳᠠᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠳ | ᠬᠡᠷᠡᠭᠯᠡᠬᠦ ᠪᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠦᠪᠰᠢᠶᠡᠷᠡᠭᠰᠡᠨ ᠵᠠᠮ᠂ ᠬᠤᠭᠤᠯᠠᠢ | ᠤᠳᠠᠰᠦ ᠶᠢᠨ ᠪᠠᠷᠢᠯᠭ᠎ᠠ ᠪᠠ ᠲᠤᠮᠤ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ᠂ ᠲᠦᠷᠦ ᠶᠢᠨ ᠶᠠᠪᠤᠳᠠᠯ ᠤᠨ | ᠬᠤᠷᠢᠶ᠎ᠡ ᠠᠴᠠ ᠵᠦᠪᠰᠢᠶᠡᠷᠡᠭᠰᠡᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ ᠶᠠᠪᠤᠳᠠᠯ ᠳᠤ ᠬᠤᠯᠪᠤᠭᠳᠠᠬᠤ ᠲᠦᠷᠦ ᠶᠢᠨ ᠶᠠᠪᠤᠳᠠᠯ ᠤᠨ ᠬᠤᠷᠢᠶ᠎ᠡ ᠪᠠᠷ | ᠵᠦᠪᠰᠢᠶᠡᠷᠡᠬᠦᠯᠦᠨ᠎ᠡ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠳᠠᠭᠠᠭᠰᠠᠨ ᠬᠤᠳᠠ ᠪᠠ ᠠᠶᠢᠯ ᠲᠤᠰᠬᠤᠨ᠂ ᠪᠠᠯᠭᠠᠰᠣᠨ ᠤ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠬᠡᠪᠴᠢᠶ᠎ᠡ ᠬᠦᠷᠢᠶᠠᠨ ᠤ ᠲᠤᠳᠤᠷ᠎ᠡ᠂ ᠲᠤᠰ ᠲᠦᠯᠦᠪᠵᠢᠬᠦᠯᠭᠡ ᠶᠢ ᠬᠡᠷᠡᠭᠵᠢᠬᠦᠯᠬᠦ ᠶᠢᠨ ᠲᠤᠰᠠᠳᠠ ᠲᠠᠷᠢᠶᠠᠯᠠᠩ ᠳᠤ | ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠪᠤᠯᠭᠠᠵᠦ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ | ᠲᠦᠯᠦᠪᠯᠡᠭᠡ ᠶᠢᠨ ᠶᠤᠰᠤᠭᠠᠷ ᠪᠦᠯᠦᠭ ᠤᠳᠠᠭ᠎ᠠ ᠬᠤᠪᠢᠶᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠭᠰᠡᠨ ᠤᠤᠯ ᠤᠨ | ᠪᠠᠶᠢᠭᠤᠯᠭ᠎ᠠ ᠪᠠᠷ ᠨᠢ ᠵᠦᠪᠰᠢᠶᠡᠷᠡᠬᠦᠯᠦᠨ᠎ᠡ᠃ ᠨᠢᠭᠡᠨᠳᠡ ᠵᠦᠪᠰᠢᠶᠡᠷᠡᠬᠦᠯᠦᠭᠰᠡᠨ ᠬᠤᠪᠢᠷᠠᠭᠠᠨ ᠬᠡᠷᠡᠭᠯᠡᠬᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠡᠪᠴᠢᠶᠡᠨ | ᠲᠤᠳᠤᠷᠠᠬᠢ ᠪᠤᠳᠠᠳᠠᠢ ᠪᠦᠳᠦᠭᠡᠨ ᠪᠠᠶᠢᠭᠤᠯᠤᠯᠳᠠ ᠶᠢᠨ ᠵᠦᠢᠯᠡᠰ ᠲᠤ ᠬᠡᠷᠡᠭᠯᠡᠬᠦ ᠭᠠᠵᠠᠷ ᠢ ᠬᠤᠳᠠ᠂ ᠰᠢᠶᠠᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠬᠦᠯᠵᠦ ᠪᠤᠯᠤᠨ᠎ᠠ᠃ | ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠣᠭᠠᠷ ᠪᠠᠳᠠᠭ ᠤᠨ ᠲᠤᠭᠳᠠᠭᠠᠯ ᠠᠴᠠ ᠪᠤᠰᠤᠳ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠡᠵᠡᠯᠡᠨ | ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠠᠪᠤᠳᠠᠯ ᠳᠤ | ᠬᠤᠯᠪᠤᠭᠳᠠᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠᠯ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠨ᠎ᠡ᠃ | ᠲᠦᠴᠢᠨ ᠲᠠᠪᠤᠳᠤᠭᠠᠷ ᠵᠦᠢᠯ ᠲᠤᠤᠷ᠎ᠡ ᠵᠢᠭᠰᠠᠭᠠᠭᠰᠠᠨ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ ᠲᠦᠷᠦ ᠶᠢᠨ ᠶᠠᠪᠤᠳᠠᠯ ᠤᠨ ᠬᠤᠷᠢᠶ᠎ᠡ ᠪᠠᠷ | ᠵᠦᠪᠰᠢᠶᠡᠷᠡᠬᠦᠯᠦᠨ᠎ᠡ᠄ | ︵ᠨᠢᠭᠡ︶ ᠦᠨᠳᠦᠰᠦᠨ ᠲᠠᠷᠢᠶᠠᠨ ᠭᠠᠵᠠᠷ︔ | ︵ᠬᠤᠶᠠᠷ︶ ᠦᠨᠳᠦᠰᠦᠨ ᠲᠠᠷᠢᠶᠠᠨ ᠭᠠᠵᠠᠷ ᠠᠴᠠ ᠭᠠᠳᠠᠨᠠᠬᠢ 35 ᠡᠾᠧᠺᠲ᠋ᠠᠷ ᠠᠴᠠ ᠬᠡᠳᠤᠷᠡᠭᠰᠡᠨ ᠲᠠᠷᠢᠶᠠᠨ ᠭᠠᠵᠠᠷ︔ | ︵ᠭᠤᠷᠪᠠ︶ 70 ᠡᠾᠧᠺᠲ᠋ᠠᠷ ᠠᠴᠠ ᠬᠡᠳᠤᠷᠡᠭᠰᠡᠨ ᠪᠤᠰᠤᠳ ᠭᠠᠵᠠᠷ ᠰᠢᠷᠦᠢ᠃ | ᠡᠮᠦᠨᠡᠬᠢ ᠪᠠᠳᠠᠭ ᠤᠨ ᠲᠤᠭᠳᠠᠭᠠᠯ ᠳᠠᠬᠢ ᠭᠠᠵᠠᠷ ᠰᠢᠷᠦᠢ ᠠᠴᠠ ᠭᠠᠳᠠᠨᠠᠬᠢ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠬᠦ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠬᠦᠯᠵᠦ ᠲᠠᠩᠰᠠᠯᠠᠭᠤᠯᠤᠨ᠎ᠠ᠃ | ᠲᠠᠷᠢᠶᠠᠯᠠᠩ ᠳᠤ ᠬᠡᠷᠡᠭᠯᠡᠬᠦ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ | ᠲᠡᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠣᠷᠢᠳᠠᠪᠡᠷ ᠬᠢᠬᠦ ᠬᠡᠷᠡᠭᠲᠠᠢ᠃ ᠡᠬᠦᠨ ᠤ ᠲᠤᠳᠤᠷ᠎ᠡ᠂ | ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠭᠰᠡᠨ ᠪᠠᠶᠢᠪᠠᠯ᠂ ᠭᠠᠵᠠᠷ | ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ | ᠠᠰ ᠲᠤᠨᠢ ᠲᠠᠬᠢᠵᠦ ᠬᠢᠬᠦ ᠦᠭᠡᠢ︔ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ | ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠲᠤᠳᠤᠷ᠎ᠡ ᠪᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠶᠢ ᠵᠦᠪᠰᠢᠶᠡᠷᠡᠭᠰᠡᠨ | ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ | ᠬᠦᠢᠴᠡᠳᠭᠡᠯ ᠢ ᠠᠰ ᠲᠤᠨᠢ ᠲᠠᠬᠢᠵᠦ ᠬᠢᠬᠦ ᠦᠭᠡᠢ᠃ ᠭᠠᠵᠠᠷ ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠠᠴᠠ ᠲᠠᠪᠠᠭᠰᠠᠨ ᠪᠠᠶᠢᠪᠠᠯ᠂ ᠲᠤᠰ | ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠬᠢᠬᠦ ᠬᠡᠷᠡᠭᠲᠠᠢ᠃ | ᠲᠦᠴᠢᠨ ᠵᠢᠷᠭᠤᠳᠤᠭᠠᠷ ᠵᠦᠢᠯ ᠤᠯᠤᠰ ᠠᠴᠠ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ ᠬᠠᠤᠯᠢ ᠳᠤ ᠲᠤᠭᠳᠠᠭᠠᠭᠰᠠᠨ ᠵᠢᠷᠦᠮ ᠶᠤᠰᠤᠭᠠᠷ | ᠵᠦᠪᠰᠢᠶᠡᠷᠡᠬᠦᠯᠦᠭᠰᠡᠨ ᠤ ᠲᠠᠷᠠᠭ᠎ᠠ᠂ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠠᠷ | ᠨᠡᠶᠢᠳᠡᠯᠡᠬᠦ ᠶᠢᠨ ᠬᠠᠮᠳᠦ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃ | ᠭᠠᠵᠠᠷ ᠰᠢᠷᠦᠢ ᠪᠠᠨ ᠲᠠᠳᠠᠪᠤᠷᠢᠯᠠᠭᠳᠠᠭᠰᠠᠨ ᠦᠮᠴᠢᠯᠡᠯ ᠤᠨ ᠡᠷᠭᠡ ᠪᠦᠬᠦᠢ ᠬᠦᠮᠦᠨ᠂ ᠬᠡᠷᠡᠭᠯᠡᠬᠦ ᠡᠷᠭᠡ ᠪᠦᠬᠦᠢ ᠬᠦᠮᠦᠨ ᠠᠯᠪᠠᠨ ᠵᠠᠷ ᠲᠤ ᠲᠤᠭᠳᠠᠭᠠᠭᠰᠠᠨ | ᠬᠤᠭᠤᠴᠠᠭᠠᠨ ᠤ ᠲᠤᠳᠤᠷ᠎ᠡ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠤᠨ ᠦᠨᠡᠮᠯᠡᠯ ᠢᠶᠠᠨ ᠠᠪᠴᠦ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠦᠷᠢ ᠠᠪᠬᠤ | ᠲᠠᠩᠰᠠᠯᠠᠯᠳᠠ ᠬᠢᠯᠭᠡᠬᠦ ᠬᠡᠷᠡᠭᠲᠠᠢ᠃ | ᠲᠦᠴᠢᠨ ᠲᠤᠯᠤᠳᠤᠭᠠᠷ ᠵᠦᠢᠯ ᠭᠠᠵᠠᠷ ᠰᠢᠷᠦᠢ ᠶᠢ ᠲᠠᠳᠠᠪᠤᠷᠢᠯᠠᠭᠰᠠᠨ ᠪᠠᠶᠢᠪᠠᠯ᠂ ᠲᠠᠳᠠᠪᠤᠷᠢᠯᠠᠨ ᠠᠪᠤᠭᠰᠠᠨ ᠭᠠᠵᠠᠷ ᠰᠢᠷᠦᠢ ᠶᠢᠨ ᠤᠤᠯ ᠬᠡᠷᠡᠭᠯᠡᠯᠳᠡ | ᠶᠤᠰᠤᠭᠠᠷ ᠲᠦᠯᠦᠪᠤᠷᠢ ᠦᠭᠬᠦ ᠬᠡᠷᠡᠭᠲᠠᠢ᠃ | ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠳᠤ ᠭᠠᠵᠠᠷ ᠰᠢᠷᠦᠢ ᠶᠢᠨ ᠲᠦᠯᠦᠪᠤᠷᠢ᠂ ᠲᠦᠪᠬᠢᠨᠡᠬᠦᠯᠬᠦ ᠨᠦᠬᠦᠪᠦᠷᠢ ᠰᠦᠢᠳᠭᠡᠯ ᠵᠢᠴᠢ | ᠭᠠᠵᠠᠷ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ ᠲᠦᠯᠦᠪᠤᠷᠢ ᠰᠦᠢᠳᠭᠡᠯ ᠪᠠᠭᠳᠠᠨ᠎ᠠ᠃ ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ | ᠰᠦᠢᠳᠭᠡᠯ ᠤᠨ ᠬᠡᠮᠵᠢᠶ᠎ᠡ ᠨᠢ ᠲᠤᠰ ᠲᠠᠷᠢᠶᠠᠨ ᠭᠠᠵᠠᠷ ᠢ ᠲᠠᠳᠠᠪᠤᠷᠢᠯᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ ᠦᠷᠳᠡᠭ ᠤ ᠬᠢᠨᠢ | ᠵᠢᠷᠭᠤᠭᠠᠨ ᠲᠠᠬᠢᠨ ᠠᠴᠠ ᠠᠷᠪᠠᠨ ᠲᠠᠬᠢᠨ ᠪᠤᠯᠤᠨ᠎ᠠ᠃ ᠲᠠᠷᠢᠶᠠᠨ ᠭᠠᠵᠠᠷ ᠢ ᠲᠠᠳᠠᠪᠤᠷᠢᠯᠠᠭᠰᠠᠨ ᠤ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠲᠦᠪᠬᠢᠨᠡᠬᠦᠯᠬᠦ ᠴᠢᠬᠤᠯᠠ | ᠲᠠᠢ ᠲᠠᠷᠢᠶᠠᠯᠠᠩ ᠤᠨ ᠬᠦᠮᠦᠨ ᠠᠮᠠ ᠶᠢᠨ ᠲᠤᠭ᠎ᠠ ᠪᠠᠷ ᠪᠤᠳᠤᠨ᠎ᠠ᠃ ᠲᠦᠪᠬᠢᠨᠡᠬᠦᠯᠬᠦ ᠴᠢᠬᠤᠯᠠ ᠲᠠᠢ ᠬᠦᠮᠦᠨ ᠠᠮᠠ ᠶᠢᠨ ᠲᠤᠭ᠎ᠠ ᠶᠢ ᠪᠤᠯ ᠲᠠᠳᠠᠪᠤᠷᠢᠯᠠᠬᠤ ᠲᠠᠷᠢᠶᠠᠨ | ᠭᠠᠵᠠᠷ ᠤᠨ ᠲᠤᠭ᠎ᠠ ᠬᠡᠮᠵᠢᠶ᠎ᠡ ᠶᠢ ᠲᠠᠷᠢᠶᠠᠨ ᠭᠠᠵᠠᠷ ᠪᠠᠨ ᠲᠠᠳᠠᠪᠤᠷᠢᠯᠠᠭᠳᠠᠭᠰᠠᠨ ᠨᠢᠭᠡᠴᠢ ᠶᠢᠨ ᠲᠠᠷᠢᠶᠠᠨ ᠭᠠᠵᠠᠷ ᠢᠶᠠᠨ ᠲᠠᠳᠠᠪᠤᠷᠢᠯᠠᠭᠳᠠᠬᠤ ᠠᠴᠠ ᠡᠮᠦᠨᠡᠬᠢ ᠬᠦᠮᠦᠨ | ᠪᠦᠷᠢ ᠳᠤ ᠨᠤᠭᠳᠠᠵᠦ ᠪᠠᠶᠢᠭᠰᠠᠨ ᠲᠤᠮᠳᠠᠴᠢ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠷ ᠬᠤᠪᠢᠶᠠᠭᠠᠳ ᠪᠤᠳᠤᠵᠦ ᠭᠠᠷᠭᠠᠨ᠎ᠠ᠃ ᠲᠦᠪᠬᠢᠨᠡᠬᠦᠯᠬᠦ ᠴᠢᠬᠤᠯᠠ ᠲᠠᠢ | ᠲᠠᠷᠢᠶᠠᠯᠠᠩ ᠤᠨ ᠬᠦᠮᠦᠨ ᠠᠮᠠ ᠨᠢᠭᠡᠪᠤᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠨᠢ ᠲᠤᠰ ᠲᠠᠷᠢᠶᠠᠨ ᠭᠠᠵᠠᠷ ᠤᠨ ᠲᠠᠳᠠᠪᠤᠷᠢᠯᠠᠭᠳᠠᠬᠤ ᠠᠴᠠ | ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ ᠦᠷᠳᠡᠭ ᠤᠨ ᠬᠢᠨᠢ ᠲᠦᠷᠪᠡ ᠠᠴᠠ ᠵᠢᠷᠭᠤᠭᠠᠨ ᠲᠠᠬᠢᠨ ᠪᠤᠯᠤᠨ᠎ᠠ᠃ ᠭᠡᠪᠡᠴᠦ ᠲᠠᠳᠠᠪᠤᠷᠢᠯᠠᠭᠳᠠᠰᠠᠨ | ᠲᠠᠷᠢᠶᠠᠨ ᠭᠠᠵᠠᠷ ᠤᠨ ᠡᠾᠧᠺᠲ᠋ᠠᠷ ᠪᠦᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠬᠠᠮᠤᠭ ᠦᠨᠳᠦᠷ ᠬᠡᠮᠵᠢᠶ᠎ᠡ ᠨᠢ ᠲᠠᠳᠠᠪᠤᠷᠢᠯᠠᠭᠳᠠᠬᠤ ᠠᠴᠠ ᠡᠮᠦᠨᠡᠬᠢ | ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ ᠦᠷᠳᠡᠭ ᠤᠨ ᠠᠷᠪᠠᠨ ᠲᠠᠪᠤᠨ ᠲᠠᠬᠢᠨ ᠠᠴᠠ ᠭᠡᠳᠦᠷᠡᠵᠦ ᠪᠤᠯᠬᠤ ᠦᠭᠡᠢ᠃ | ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ | ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ ᠪᠠ | ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃ | ᠲᠠᠳᠠᠪᠤᠷᠢᠯᠠᠭᠳᠠᠭᠰᠠᠨ ᠭᠠᠵᠠᠷ ᠰᠢᠷᠦᠢ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ ᠲᠦᠯᠦᠪᠤᠷᠢ ᠶᠢᠨ ᠪᠠᠷᠢᠮᠵᠢᠶ᠎ᠡ ᠶᠢ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ ᠲᠤᠭᠳᠠᠭᠠᠨ᠎ᠠ᠃ | ᠬᠤᠳᠠ ᠶᠢᠨ ᠲᠡᠬᠦᠷᠭᠡ ᠶᠢᠨ ᠢᠳᠡᠰᠢᠨ ᠨᠤᠭᠤᠭᠠᠨ ᠤ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠭᠠᠵᠠᠷ ᠬᠡᠷᠡᠭᠯᠡᠬᠦ ᠨᠢᠭᠡᠴᠢ ᠨᠢ ᠤᠯᠤᠰ ᠤᠨ ᠬᠤᠯᠪᠤᠭᠳᠠᠯ | ᠪᠦᠬᠦᠢ ᠲᠤᠭᠳᠠᠭᠠᠯ ᠶᠤᠰᠤᠭᠠᠷ ᠰᠢᠨ᠎ᠡ ᠢᠳᠡᠰᠢᠨ ᠨᠤᠭᠤᠭᠠᠨ ᠤ ᠭᠠᠵᠠᠷ ᠭᠠᠷᠭᠠᠬᠤ ᠪᠦᠳᠦᠭᠡᠨ ᠪᠠᠶᠢᠭᠤᠯᠤᠯᠳᠠ ᠶᠢᠨ ᠰᠠᠭᠤᠷᠢ ᠮᠦᠩᠬᠦ ᠲᠤᠰᠢᠶᠠᠬᠤ ᠬᠡᠷᠡᠭᠲᠠᠢ᠃ | ᠲᠤᠰ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ | ᠰᠦᠢᠳᠭᠡᠯ ᠢ ᠦᠭᠬᠦᠭᠰᠡᠨ ᠪᠠᠶᠢᠳᠠᠯ᠎ᠠ ᠲᠦᠪᠬᠢᠨᠡᠬᠦᠯᠬᠦ ᠴᠢᠬᠤᠯᠠ ᠲᠠᠢ ᠲᠠᠷᠢᠶᠠᠴᠢᠳ ᠤᠨ ᠤᠤᠯ ᠤᠨ ᠠᠮᠢᠳᠣᠷᠠᠯ ᠤᠨ ᠬᠢᠷᠢ ᠬᠡᠮᠵᠢᠶ᠎ᠡ ᠶᠢ ᠪᠠᠰᠠ ᠪᠠᠳᠤᠯᠠᠵᠦ ᠴᠢᠳᠠᠬᠤ | ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠡᠳ | ᠲᠦᠪᠬᠢᠨᠡᠬᠦᠯᠬᠦ ᠨᠦᠬᠦᠪᠦᠷᠢ ᠰᠦᠢᠳᠭᠡᠯ ᠢ ᠨᠡᠮᠡᠭᠳᠡᠬᠦᠯᠵᠦ ᠪᠤᠯᠤᠨ᠎ᠠ᠃ ᠭᠡᠪᠡᠴᠦ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ | ᠰᠦᠢᠳᠭᠡᠯ ᠤᠨ ᠨᠡᠶᠢᠯᠡᠪᠤᠷᠢ ᠨᠢ ᠭᠠᠵᠠᠷ ᠰᠢᠷᠦᠢ ᠶᠢᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ ᠦᠷᠳᠡᠭ ᠤᠨ | ᠬᠢᠨᠢ ᠭᠤᠴᠢᠨ ᠲᠠᠬᠢᠨ ᠠᠴᠠ ᠬᠡᠳᠦᠷᠡᠵᠦ ᠪᠤᠯᠬᠤ ᠦᠭᠡᠢ᠃ | ᠤᠨᠴᠠᠭᠠᠢ ᠪᠠᠶᠢᠳᠠᠯ ᠤᠨ ᠲᠤᠤᠷ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠨᠡᠶᠢᠭᠡᠮ᠂ ᠠᠵᠦ ᠠᠬᠤᠢ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ | ᠦᠨᠳᠦᠰᠦᠯᠡᠨ ᠲᠠᠷᠢᠶᠠᠨ ᠭᠠᠵᠠᠷ ᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ | ᠪᠠᠷᠢᠮᠵᠢᠶ᠎ᠡ ᠶᠢ ᠲᠡᠭᠡᠭᠰᠢᠯᠡᠬᠦᠯᠵᠦ ᠪᠤᠯᠤᠨ᠎ᠠ᠃ | ᠲᠦᠴᠢᠨ ᠨᠠᠢᠮᠠᠳᠣᠭᠠᠷ ᠵᠦᠢᠯ ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ | ᠨᠦᠬᠦᠪᠦᠷᠢ ᠰᠦᠢᠳᠭᠡᠯ ᠤᠨ ᠪᠠᠷᠢᠮᠵᠢᠶ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ | ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃ | ᠲᠦᠴᠢ ᠶᠢᠰᠦᠳᠦᠭᠡᠷ ᠵᠦᠢᠯ ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠨᠤᠭᠤᠳ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠢᠶᠠᠨ ᠲᠤᠰ ᠬᠠᠮᠳᠦ ᠶᠢᠨ ᠠᠵᠦ | ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠨᠠᠷ ᠲᠠᠭᠠᠨ ᠨᠡᠶᠢᠳᠡᠯᠡᠵᠦ᠂ ᠬᠢᠨᠠᠯᠳᠠ ᠶᠢ ᠨᠢ ᠬᠦᠯᠢᠶᠡᠬᠦ ᠬᠡᠷᠡᠭᠲᠠᠢ᠃ | ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ ᠬᠤᠯᠪᠤᠭᠳᠠᠯ ᠪᠦᠬᠦᠢ ᠪᠤᠰᠤᠳ ᠰᠦᠢᠳᠭᠡᠯ ᠢ | ᠡᠵᠡᠯᠡᠨ ᠠᠪᠬᠤ᠂ ᠨᠡᠬᠦᠯᠭᠡᠨ ᠬᠡᠷᠡᠭᠯᠡᠬᠦ ᠶᠢ ᠴᠠᠭᠠᠵᠠᠯᠠᠨ᠎ᠠ᠃ | ᠲᠠᠪᠢᠳᠣᠭᠠᠷ ᠵᠦᠢᠯ ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ | ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠠ ᠲᠠᠷᠢᠶᠠᠴᠢᠳ ᠤᠨ ᠨᠡᠭᠡᠭᠡᠨ ᠡᠵᠡᠩᠨᠡᠬᠦ᠂ ᠠᠵᠦ ᠠᠬᠤᠶᠢᠯᠠᠯ ᠡᠷᠬᠢᠯᠡᠬᠦ ᠶᠢ ᠲᠡᠮᠵᠢᠬᠦ | ᠬᠡᠷᠡᠭᠲᠠᠢ᠃ | ᠲᠠᠪᠢᠨ ᠨᠢᠭᠡᠳᠦᠭᠡᠷ ᠵᠦᠢᠯ ᠲᠤᠮᠤ ᠲᠤᠮᠳᠠ ᠬᠡᠯᠪᠡᠷᠢ ᠶᠢᠨ ᠤᠰᠤᠨ ᠠᠰᠢᠭᠯᠠᠯᠳᠠ᠂ ᠤᠰᠤᠨ ᠴᠠᠬᠢᠯᠭᠠᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠳᠤ | ᠲᠠᠳᠠᠪᠤᠷᠢᠯᠠᠭᠰᠠᠨ ᠭᠠᠵᠠᠷ ᠰᠢᠷᠦᠢ ᠳᠤ ᠦᠭᠬᠦ ᠲᠦᠯᠦᠪᠤᠷᠢ ᠰᠦᠢᠳᠭᠡᠯ ᠤᠨ ᠪᠠᠷᠢᠮᠵᠢᠶ᠎ᠡ ᠪᠠ ᠨᠡᠬᠦᠳᠡᠯᠴᠢᠨ ᠠᠷᠠᠳ ᠢ ᠲᠦᠪᠬᠢᠨᠡᠬᠦᠯᠬᠦ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶ᠎ᠡ ᠠᠴᠠ ᠠᠰ ᠲᠤᠨᠢ ᠲᠤᠭᠳᠠᠭᠠᠨ᠎ᠠ᠃ | ᠲᠠᠪᠢᠨ ᠬᠤᠶᠠᠳᠣᠭᠠᠷ ᠵᠦᠢᠯ ᠪᠦᠳᠦᠭᠡᠨ ᠪᠠᠶᠢᠭᠤᠯᠬᠤ ᠵᠦᠢᠯᠡᠰ ᠤᠨ ᠪᠤᠯᠤᠮᠵᠢ ᠶᠢᠨ ᠲᠤᠬᠠᠢ ᠰᠣᠳᠤᠯᠭᠠᠨ ᠤ ᠨᠤᠳᠠᠯᠠᠯᠳᠠ ᠬᠢᠬᠦ ᠦᠶ᠎ᠡ ᠳᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠯᠡᠭᠡ᠂ ᠭᠠᠵᠠᠷ ᠰᠢᠷᠦᠢ ᠶᠢᠨ | ᠠᠰᠢᠭᠯᠠᠯᠳᠠ ᠶᠢᠨ ᠣᠨ ᠤ ᠲᠦᠯᠦᠪᠯᠡᠭᠡ ᠪᠤᠯᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠪᠠᠷᠢᠮᠵᠢᠶ᠎ᠡ ᠶᠢ ᠦᠨᠳᠦᠰᠦᠯᠡᠨ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠤᠨ ᠲᠤᠬᠠᠢ ᠬᠤᠯᠪᠤᠭᠳᠠᠯ ᠪᠦᠬᠦᠢ ᠶᠠᠪᠤᠳᠠᠯ ᠤᠳ ᠢ ᠬᠢᠨᠠᠨ ᠪᠠᠶᠢᠴᠠᠭᠠᠬᠤ ᠶᠢᠨ ᠬᠠᠮᠳᠦ ᠰᠠᠨᠠᠯ ᠢᠶᠠᠨ ᠲᠤᠷᠠᠳᠴᠦ ᠪᠤᠯᠤᠨ᠎ᠠ᠃ | ᠲᠠᠪᠢᠨ ᠭᠤᠷᠪᠠᠳᠣᠭᠠᠷ ᠵᠦᠢᠯ ᠨᠢᠭᠡᠨᠳᠡ ᠵᠦᠪᠰᠢᠶᠡᠷᠡᠬᠦᠯᠦᠭᠰᠡᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠲᠤ ᠤᠯᠤᠰ ᠤᠨ ᠦᠮᠴᠢᠯᠡᠯ ᠤᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠴᠢᠬᠤᠯᠠ ᠲᠠᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠦᠷᠢᠮ ᠳᠤ ᠲᠤᠭᠳᠠᠭᠠᠭᠰᠠᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠪᠴᠦ᠂ ᠵᠦᠪᠰᠢᠶᠡᠷᠡᠬᠦ ᠡᠷᠭᠡ ᠪᠦᠬᠦᠢ ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠪᠦᠳᠦᠭᠡᠨ ᠪᠠᠶᠢᠭᠤᠯᠤᠯᠳᠠ ᠳᠤ | ᠭᠠᠵᠠᠷ ᠬᠡᠷᠡᠭᠯᠡᠬᠦ ᠭᠤᠶᠤᠴᠢᠯᠠᠯ ᠭᠠᠷᠭᠠᠵᠦ᠂ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠪᠠᠶᠢᠴᠠᠭᠠᠯᠭᠠᠭᠠᠳ | ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ ᠃ | ᠲᠠᠪᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠳᠡᠭᠡᠨ ᠰᠢᠯᠵᠢᠬᠦᠯᠦᠨ | ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ ᠪᠠᠷ ᠭᠠᠵᠠᠷ ᠰᠢᠷᠦᠢ ᠶᠢ ᠤᠯᠬᠤ ᠬᠡᠷᠡᠭᠲᠠᠢ︔ ᠭᠡᠪᠡᠴᠦ ᠲᠤᠤᠷ᠎ᠡ ᠵᠢᠭᠰᠠᠭᠠᠭᠰᠠᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ ᠵᠦᠪᠰᠢᠶᠡᠷᠡᠬᠦᠯᠦᠭᠡᠳ | ᠰᠢᠯᠵᠢᠬᠦᠯᠦᠨ ᠤᠯᠭᠤᠬᠤ ᠬᠡᠯᠪᠡᠷᠢ ᠪᠠᠷ ᠤᠯᠵᠦ ᠪᠤᠯᠤᠨ᠎ᠠ᠄ | ︵ᠨᠢᠭᠡ︶ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠭᠠᠵᠠᠷ ᠪᠠ ᠴᠡᠷᠢᠭ ᠤᠨ ᠶᠠᠪᠤᠳᠠᠯ ᠳᠤ ᠬᠡᠷᠡᠭᠯᠡᠬᠦ ᠭᠠᠵᠠᠷ︔ ︵ᠬᠤᠶᠠᠷ︶ ᠬᠤᠳᠠ ᠶᠢᠨ ᠰᠠᠭᠤᠷᠢ | ᠲᠦᠬᠦᠭᠡᠷᠦᠮᠵᠢ ᠳᠤ ᠬᠡᠷᠡᠭᠯᠡᠬᠦ ᠭᠠᠵᠠᠷ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠲᠤ ᠬᠡᠷᠡᠭᠯᠡᠬᠦ ᠭᠠᠵᠠᠷ︔ | ︵ᠭᠤᠷᠪᠠ︶ ᠤᠯᠤᠰ ᠠᠴᠠ ᠭᠤᠤᠯᠳᠠᠯᠭ᠎ᠠ ᠲᠠᠢ ᠪᠠᠷ ᠲᠡᠳᠬᠦᠨ ᠲᠡᠮᠵᠢᠵᠦ ᠪᠠᠶᠢᠭ᠎ᠠ ᠡᠨᠧᠷᠬᠢ ᠶᠢᠨ ᠰᠣᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ | ᠵᠡᠷᠭᠡ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ ᠲᠤᠭᠳᠠᠭᠠᠭᠰᠠᠨ ᠪᠤᠰᠤᠳ ᠵᠦᠢᠯ ᠤᠨ ᠬᠡᠷᠡᠭᠯᠡᠬᠦ ᠭᠠᠵᠠᠷ᠃ | ᠲᠠᠪᠢᠨ ᠲᠠᠪᠤᠳᠤᠭᠠᠷ ᠵᠦᠢᠯ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ ᠪᠠᠷ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢ ᠬᠡᠷᠡᠭᠯᠡᠬᠦ ᠡᠷᠭᠡ ᠶᠢ ᠤᠯᠤᠭᠰᠠᠨ ᠪᠦᠳᠦᠭᠡᠨ ᠪᠠᠶᠢᠭᠤᠯᠬᠤ ᠨᠢᠭᠡᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠭᠰᠠᠨ ᠪᠠᠷᠢᠮᠵᠢᠶ᠎ᠡ ᠪᠠ ᠠᠷᠭ᠎ᠠ | ᠶᠤᠰᠤᠭᠠᠷ ᠭᠠᠵᠷ ᠰᠢᠷᠦᠢ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠮᠦᠩᠬᠦ ᠵᠡᠷᠭᠡ ᠭᠠᠵᠠᠷ ᠰᠢᠷᠦᠢ ᠶᠢ ᠲᠦᠯᠦᠪᠤᠷᠢ ᠲᠠᠢ ᠪᠠᠷ ᠬᠡᠷᠡᠭᠯᠡᠬᠦ ᠰᠦᠢᠳᠭᠡᠯ ᠪᠤᠯᠤᠨ | ᠪᠤᠰᠤᠳ ᠰᠦᠢᠳᠭᠡᠯ ᠢ ᠲᠤᠰᠢᠶᠠᠭᠰᠠᠨ ᠤ ᠲᠠᠷᠠᠭ᠎ᠠ ᠰᠠᠶ᠋ᠢ ᠭᠠᠵᠠᠷ ᠰᠢᠷᠦᠢ ᠶᠢ ᠬᠡᠷᠡᠭᠯᠡᠵᠦ ᠪᠤᠯᠤᠨ᠎ᠠ᠃ | ᠲᠤᠰ ᠬᠠᠤᠯᠢ ᠶᠢ ᠬᠡᠷᠡᠭᠵᠢᠬᠦᠯᠦᠭᠰᠡᠨ ᠡᠳᠦᠷ ᠠᠴᠠ ᠡᠬᠢᠯᠡᠵᠦ᠂ ᠰᠢᠨ᠎ᠡ ᠪᠠᠷ ᠨᠡᠮᠡᠭᠳᠡᠭᠰᠡᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠠᠵᠠᠷ | ᠰᠢᠷᠦᠢ ᠶᠢ ᠲᠦᠯᠦᠪᠤᠷᠢ ᠲᠠᠢ ᠪᠠᠷ ᠬᠡᠷᠡᠭᠯᠡᠬᠦ ᠰᠦᠢᠳᠭᠡᠯ ᠤᠨ 30 % ᠬᠤᠪᠢ ᠶᠢ ᠲᠡᠭᠡᠭᠰᠢ ᠲᠦᠪ ᠤᠨ ᠡᠳ᠋ ᠤᠨ ᠵᠠᠰᠠᠭ ᠲᠤ ᠲᠤᠰᠢᠶᠠᠵᠦ᠂ 70 % ᠬᠤᠪᠢ ᠶᠢ | ᠬᠤᠯᠪᠤᠭᠳᠠᠯ ᠪᠦᠬᠦᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠦᠯᠡᠳᠡᠭᠡᠨ ᠦᠭᠬᠦᠨ᠎ᠡ᠂ ᠡᠳᠡᠭᠡᠷ ᠢ ᠴᠦᠮ ᠲᠠᠷᠢᠶᠠᠨ ᠭᠠᠵᠠᠷ ᠢ ᠨᠡᠭᠡᠭᠡᠨ | ᠠᠰᠢᠭᠯᠠᠬᠤ ᠳᠤ ᠲᠤᠰᠬᠠᠢ ᠬᠡᠷᠡᠭᠯᠡᠨ᠎ᠡ᠃ | ᠲᠠᠪᠢᠨ ᠵᠢᠷᠭᠤᠳᠤᠭᠠᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠶᠢ ᠬᠦᠷᠪᠡᠯ᠂ ᠭᠠᠵᠠᠷ | ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠷ᠎ᠡ ᠶᠢᠨ ᠪᠤᠯᠵᠤᠯ ᠪᠤᠶᠤ ᠭᠠᠵᠠᠷ ᠰᠢᠷᠦᠢ ᠶᠢᠨ ᠬᠡᠷᠡᠭᠯᠡᠬᠦ | ᠡᠷᠭᠡ ᠶᠢ ᠰᠢᠯᠵᠢᠬᠦᠯᠦᠨ ᠤᠯᠭᠤᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ︔ ᠡᠨᠡ ᠭᠠᠵᠠᠷ | ᠰᠢᠷᠦᠢ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠯᠡᠯᠳᠡ ᠶᠢ ᠦᠨᠡᠭᠡᠷ ᠬᠤᠪᠢᠷᠠᠭᠤᠯᠬᠤ ᠴᠢᠬᠤᠯᠠ ᠲᠠᠢ ᠪᠠᠶᠢᠪᠠᠯ᠂ ᠬᠤᠯᠪᠤᠭᠳᠠᠯ ᠪᠦᠬᠦᠢ ᠠᠷᠠᠳ ᠤᠨ ᠵᠠᠰᠠᠭ ᠤᠨ | ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠵᠦ᠂ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ | ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ | ᠲᠤᠳᠤᠷ᠎ᠡ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠬᠤ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳ ᠢᠶᠠᠷ ᠬᠤᠯᠪᠤᠭᠳᠠᠯ | ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠠᠢ᠃ | ᠲᠠᠪᠢᠨ ᠲᠤᠯᠤᠳᠦᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠪᠠᠷᠢᠯᠭ᠎ᠠ ᠪᠠᠷᠢᠬᠤ ᠪᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠠ ᠬᠢᠬᠦ ᠳᠤ | ᠤᠯᠤᠰ ᠤᠨ ᠦᠮᠴᠢᠯᠡᠯ ᠤ ᠭᠠᠵᠠᠷ ᠰᠢᠷᠦᠢ ᠪᠤᠶᠤ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠦᠷ ᠬᠡᠷᠡᠭᠯᠡᠬᠦ ᠴᠢᠬᠤᠯᠠ ᠲᠠᠢ ᠪᠤᠯ᠂ | ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠵᠦᠪᠰᠢᠶᠡᠷᠡᠯ ᠤᠯᠭᠤᠨ᠎ᠠ᠃ ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠲᠤᠳᠤᠷᠠᠬᠢ ᠭᠠᠵᠠᠷ ᠢ ᠲᠦᠷ ᠬᠡᠷᠡᠭᠯᠡᠬᠦ ᠳᠤ ᠬᠦᠷᠪᠡᠯ᠂ ᠮᠡᠳᠡᠬᠦᠯᠵᠦ | ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳᠠᠪᠡᠷ ᠬᠤᠯᠪᠤᠭᠳᠠᠯ ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠠᠢ᠃ ᠭᠠᠵᠠᠷ ᠰᠢᠷᠦᠢ ᠶᠢ ᠬᠡᠷᠡᠭᠯᠡᠭᠴᠢᠳ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠢ ᠦᠨᠳᠦᠰᠦᠯᠡᠨ ᠬᠤᠯᠪᠤᠭᠳᠠᠯ | ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ᠂ ᠭᠠᠴᠠᠭᠠᠨ ᠤ ᠠᠷᠠᠳ ᠤᠨ ᠵᠦᠪᠯᠡᠯ ᠯᠦᠭᠡ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ ᠲᠤᠭᠳᠠᠭᠠᠬᠤ ᠶᠢᠨ ᠬᠠᠮᠳᠦ ᠬᠡᠷ᠎ᠡ ᠳᠤ ᠪᠤᠯᠵᠤᠨ | ᠲᠤᠭᠳᠠᠭᠠᠭᠰᠠᠨ ᠶᠤᠰᠤᠭᠠᠷ ᠭᠠᠵᠠᠷ ᠰᠢᠷᠦᠢ ᠶᠢ ᠲᠦᠷ ᠬᠡᠷᠡᠭᠯᠡᠬᠦ ᠲᠦᠯᠦᠪᠤᠷᠢ ᠰᠦᠢᠳᠭᠡᠯ ᠦᠭᠬᠦ ᠬᠡᠷᠡᠭᠲᠠᠢ᠃ | ᠭᠠᠵᠠᠷ ᠰᠢᠷᠦᠢ ᠶᠢ ᠲᠦᠷ ᠬᠡᠷᠡᠭᠯᠡᠭᠴᠢᠳ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ | ᠬᠡᠷᠡᠭᠯᠡᠬᠦ ᠬᠡᠷᠡᠭᠲᠠᠢ᠂ ᠡᠬᠦᠷᠢᠳᠡ ᠶᠢᠨ ᠴᠢᠨᠠᠷᠲᠠᠢ ᠪᠠᠷᠢᠯᠭ᠎ᠠ ᠪᠠᠷᠢᠵᠦ ᠪᠤᠯᠬᠤ ᠦᠭᠡᠢ᠃ | ᠭᠠᠵᠠᠷ ᠰᠢᠷᠦᠢ ᠶᠢ ᠲᠦᠷ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠳᠦᠷᠡᠬᠦᠯᠬᠦ ᠦᠭᠡᠢ᠃ | ᠲᠠᠪᠢᠨ ᠨᠠᠢᠮᠠᠳᠦᠭᠠᠷ ᠵᠦᠢᠯ ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠤᠭᠳᠠᠯ ᠪᠦᠬᠦᠢ ᠠᠷᠠᠳ ᠤᠨ ᠵᠠᠰᠠᠭ ᠤᠨ | ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ ᠤᠤᠯ ᠤᠨ ᠠᠷᠠᠳ ᠤᠨ | ᠵᠠᠰᠠᠭ ᠤᠨ ᠣᠷᠳᠤᠨ ᠪᠤᠶᠤ ᠵᠦᠪᠰᠢᠶᠡᠷᠡᠬᠦ ᠡᠷᠭᠡ ᠪᠦᠬᠦᠢ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠡᠳ ᠤᠯᠤᠰ ᠤᠨ ᠦᠮᠴᠢᠯᠡᠯ ᠤᠨ | ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ ᠪᠤᠯᠤᠨ᠎ᠠ᠄ | ︵ᠨᠢᠭᠡ︶ ᠨᠡᠶᠢᠳᠡ ᠶᠢᠨ ᠠᠰᠢᠭ ᠲᠤᠰᠠ ᠶᠢᠨ ᠲᠦᠯᠦᠭᠡ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠤᠭᠰᠠᠨ︔ | ︵ᠬᠤᠶᠠᠷ︶ ᠬᠤᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠵᠦ ᠬᠤᠳᠠ ᠶᠢᠨ ᠬᠠᠭᠤᠴᠢᠨ ᠲᠤᠭᠤᠷᠢᠭ ᠢ ᠦᠭᠡᠷᠡᠴᠢᠯᠡᠨ ᠪᠠᠶᠢᠭᠤᠯᠬᠤ ᠶᠢᠨ ᠲᠦᠯᠦᠭᠡ ᠭᠠᠵᠠᠷ | ᠰᠢᠷᠦᠢ ᠶᠢ ᠲᠤᠬᠢᠷᠠᠭᠤᠯᠤᠨ ᠬᠡᠷᠡᠭᠯᠡᠬᠦ ᠴᠢᠬᠤᠯᠠ ᠲᠠᠢ ᠪᠤᠯᠤᠭᠰᠠᠨ︔ | ︵ᠭᠤᠷᠪᠠ︶ ᠭᠠᠵᠠᠷ ᠰᠢᠷᠦᠢ ᠶᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠬᠦ | ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ ᠭᠠᠵᠠᠷ ᠰᠢᠷᠦᠢ ᠬᠡᠷᠡᠭᠯᠡᠭᠴᠢ ᠬᠤᠭᠤᠴᠠᠭ᠎ᠠ ᠤᠷᠳᠤᠳᠬᠠᠬᠤ ᠪᠠᠷ ᠭᠤᠶᠤᠴᠢᠯᠠᠭᠰᠠᠨ ᠦᠭᠡᠢ ᠪᠤᠶᠤ ᠬᠤᠭᠤᠴᠠᠭ᠎ᠠ | ᠤᠷᠳᠤᠳᠬᠠᠬᠤ ᠭᠤᠶᠤᠴᠢᠯᠠᠯ ᠨᠢ ᠡᠰᠡ ᠵᠦᠪᠰᠢᠶᠡᠷᠡᠭᠳᠡᠭᠰᠡᠨ︔ | ︵ᠲᠦᠷᠪᠡ︶ ᠨᠢᠭᠡᠴᠢ ᠨᠢ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠤᠤᠯ ᠤᠨ ᠬᠤᠪᠢᠶᠠᠷᠢᠯᠠᠨ ᠤᠯᠤᠭᠰᠠᠨ ᠤᠯᠤᠰ ᠤᠨ ᠦᠮᠴᠢᠯᠡᠯ ᠤᠨ | ᠭᠠᠵᠠᠷ ᠰᠢᠷᠦᠢ ᠶᠢ ᠬᠡᠷᠡᠭᠯᠡᠬᠦ ᠪᠠᠨ ᠪᠤᠯᠢᠭᠰᠠᠨ︔ | ︵ᠲᠠᠪᠤ︶ ᠵᠠᠰᠠᠮᠠᠯ ᠵᠠᠮ᠂ ᠲᠠᠮᠦᠷ ᠵᠠᠮ᠂ ᠨᠢᠰᠭᠡᠯ ᠤᠨ ᠪᠠᠭᠤᠳᠠᠯ᠂ ᠠᠭᠤᠷᠬᠠᠢ ᠵᠡᠷᠭᠡ ᠶᠢ ᠬᠢᠨᠠᠨ ᠵᠦᠪᠰᠢᠶᠡᠷᠡᠯ ᠢᠶᠠᠷ ᠲᠠᠮᠵᠢᠭᠤᠯᠤᠭᠠᠳ ᠬᠡᠷᠡᠭᠴᠡᠭᠡ ᠠᠴᠠ | ᠭᠠᠷᠭᠠᠭᠰᠠᠨ᠃ | ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ ᠤᠨ ᠲᠤᠭᠳᠠᠭᠠᠯ ᠶᠤᠰᠤᠭᠠᠷ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠵᠦ ᠠᠪᠬᠤ ᠳᠤ ᠬᠦᠷᠪᠡᠯ᠂ ᠭᠠᠵᠠᠷ ᠰᠢᠷᠦᠢ ᠶᠢᠨ ᠬᠡᠷᠡᠭᠯᠡᠬᠦ ᠡᠷᠭᠡ ᠲᠠᠢ ᠬᠦᠮᠦᠨ ᠳᠤ ᠵᠤᠬᠢᠬᠤ ᠲᠦᠯᠦᠪᠤᠷᠢ ᠦᠭᠬᠦ ᠬᠡᠷᠡᠭᠲᠠᠢ᠃ | | ᠲᠠᠪᠢ ᠶᠢᠰᠦᠳᠦᠭᠡᠷ ᠵᠦᠢᠯ ᠰᠣᠮᠤ ᠪᠠᠯᠭᠠᠰᠣᠨ ᠤ ᠠᠵᠦ ᠠᠬᠤᠶᠢᠯᠠᠯ᠂ ᠰᠤᠮᠤ ︵ᠪᠠᠯᠭᠠᠰᠣ︶ ᠭᠠᠴᠠᠭ᠎ᠠ ᠶᠢᠨ ᠤᠯᠠᠨ ᠨᠡᠶᠢᠳᠡ ᠶᠢᠨ ᠲᠦᠬᠦᠭᠡᠷᠦᠮᠵᠢ᠂ | ᠨᠡᠶᠢᠳᠡ ᠶᠢᠨ ᠠᠰᠠᠷᠠᠮᠵᠢ ᠶᠢᠨ ᠦᠢᠯᠡᠰ᠂ ᠬᠦᠳᠡᠭᠡ ᠲᠤᠰᠬᠤᠨ ᠤ ᠠᠷᠠᠳ ᠤᠨ ᠣᠷᠣᠨ ᠰᠠᠭᠤᠴᠠ ᠵᠡᠷᠭᠡ ᠰᠤᠮᠤ ︵ᠪᠠᠯᠭᠠᠰᠣ︶ ᠭᠠᠴᠠᠭ᠎ᠠ ᠶᠢᠨ ᠪᠦᠳᠦᠭᠡᠨ | ᠪᠠᠶᠢᠭᠤᠯᠤᠯᠳᠠ ᠬᠢᠬᠦ ᠳᠡᠭᠡᠨ ᠠᠶᠢᠯ ᠲᠤᠰᠬᠤᠨ ᠪᠠ ᠪᠠᠯᠭᠠᠰᠣᠨ ᠤ ᠲᠦᠯᠦᠪᠵᠢᠬᠦᠯᠭᠡ ᠶᠤᠰᠤᠭᠠᠷ ᠵᠦᠢ ᠵᠤᠬᠢᠰᠲᠠᠢ ᠪᠠᠶᠢᠷᠢᠰᠢᠭᠤᠯᠤᠨ᠂ ᠪᠦᠬᠦ ᠲᠠᠯ᠎ᠠ ᠪᠠᠷ ᠨᠡᠭᠡᠭᠡᠨ | ᠬᠦᠭᠵᠢᠬᠦᠯᠵᠦ᠂ ᠢᠵᠢ ᠪᠦᠷᠢᠯᠳᠦᠬᠦᠯᠦᠨ ᠪᠦᠳᠦᠭᠡᠨ ᠪᠠᠶᠢᠭᠤᠯᠬᠤ ᠬᠡᠷᠡᠭᠲᠠᠢ︔ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠳᠡᠭᠡᠨ ᠰᠤᠮᠤ ︵ᠪᠠᠯᠭᠠᠰᠣ︶ ᠶᠢᠨ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠤᠯᠤᠨ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠳᠤ ᠨᠡᠶᠢᠴᠡᠬᠦᠯᠬᠦ ᠬᠡᠷᠡᠭᠲᠠᠢ | ᠪᠦᠭᠡᠳ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ᠂ ᠵᠢᠷᠠᠳᠤᠭᠠᠷ ᠵᠦᠢᠯ᠂ ᠵᠢᠷᠠᠨ ᠨᠢᠭᠡᠳᠦᠭᠡᠷ ᠵᠦᠢᠯ᠂ ᠵᠢᠷᠠᠨ ᠬᠤᠶᠠᠳᠤᠭᠠᠷ ᠵᠦᠢᠯ ᠤᠨ ᠲᠤᠭᠳᠠᠭᠠᠯ | ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ ᠵᠢᠷᠠᠳᠤᠭᠠᠷ ᠵᠦᠢᠯ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠨᠤᠭᠤᠳ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠠᠰᠢᠭᠯᠠᠨ ᠠᠵᠦ ᠠᠬᠤᠶᠢᠯᠠᠯ ᠡᠷᠬᠢᠯᠡᠬᠦ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠪᠠᠷ ᠢᠶᠠᠨ ᠬᠤᠪᠢ ᠤᠷᠤᠬᠤ᠂ | ᠬᠤᠯᠪᠤᠭᠠᠯᠠᠨ ᠡᠵᠡᠩᠨᠡᠬᠦ ᠵᠡᠷᠭᠡ ᠬᠡᠯᠪᠡᠷᠢ ᠪᠠᠷ ᠪᠤᠰᠤᠳ ᠨᠢᠭᠡᠴᠢ᠂ ᠬᠤᠪᠢ ᠬᠦᠮᠦᠨ ᠲᠠᠢ ᠬᠠᠮᠳᠤᠷᠠᠨ ᠠᠵᠦ ᠠᠬᠤᠶᠢᠯᠠᠯ ᠡᠷᠬᠢᠯᠡᠬᠦ ᠳᠤ ᠬᠦᠷᠪᠡᠯ᠂ ᠬᠤᠯᠪᠤᠭᠳᠠᠯ | ᠪᠦᠬᠦᠢ ᠵᠦᠪᠰᠢᠶᠡᠷᠡᠬᠦᠯᠦᠭᠰᠡᠨ ᠪᠢᠴᠢᠭ ᠮᠠᠲ᠋ᠧᠷᠢᠶᠠᠯ ᠢ ᠠᠪᠴᠦ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠲᠠᠢ᠂ ᠰᠢᠶᠠᠨ ᠤ ᠱᠠᠳᠣᠨ ᠠᠴᠠ ᠲᠡᠭᠡᠭᠰᠢᠬᠢ | ᠤᠷᠤᠨ ᠨᠤᠳᠤᠭ ᠤᠨ ᠠᠷᠠᠳ ᠤᠨ ᠵᠠᠰᠠᠭ ᠤᠨ ᠣᠷᠳᠤᠨ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ | ᠵᠦᠪᠰᠢᠶᠡᠷᠡᠬᠦ ᠡᠷᠭᠡ ᠮᠡᠳᠡᠯ ᠤᠨ ᠭᠡᠪᠴᠢᠶ᠎ᠡ ᠶᠤᠰᠤᠭᠠᠷ ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠲᠠᠢ | ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠠᠵᠦ ᠠᠬᠤᠶᠢᠯᠠᠯ ᠡᠷᠬᠢᠯᠡᠬᠦ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠡᠷᠭᠡᠪᠰᠢ ᠴᠢᠩᠭ᠎ᠠ | ᠬᠢᠵᠠᠭᠠᠷᠯᠠᠬᠤ ᠬᠡᠷᠡᠭᠲᠠᠢ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠨᠤᠭᠤᠳ ᠰᠣᠮᠣ ᠪᠠᠯᠭᠠᠰᠣᠨ ᠤ ᠠᠵᠦ ᠠᠬᠤᠶᠢᠯᠠᠯ ᠤᠨ ᠠᠳᠠᠯᠢ | ᠪᠤᠰᠤ ᠠᠵᠢᠯ ᠲᠦᠷᠦᠯ ᠪᠤᠯᠤᠨ ᠡᠵᠡᠩᠨᠡᠬᠦ ᠬᠡᠪᠴᠢᠶ᠎ᠡ ᠶᠢ ᠦᠨᠳᠦᠰᠦᠯᠡᠵᠦ ᠭᠠᠵᠠᠷ ᠬᠡᠷᠡᠭᠯᠡᠬᠦ ᠪᠠᠷᠢᠮᠵᠢᠶ᠎ᠡ ᠶᠢ ᠲᠤᠰ ᠲᠤᠰ ᠲᠤᠭᠳᠠᠭᠠᠵᠦ ᠪᠤᠯᠤᠨ᠎ᠠ᠃ | ᠵᠢᠷᠠᠨ ᠨᠢᠭᠡᠳᠦᠭᠡᠷ ᠵᠦᠢᠯ ᠰᠣᠮᠣ ︵ᠪᠠᠯᠭᠠᠰᠣ︶ ᠭᠠᠴᠠᠭ᠎ᠠ ᠶᠢᠨ ᠤᠯᠠᠨ ᠨᠠᠶᠢᠳᠡ ᠶᠢᠨ ᠲᠦᠬᠦᠭᠡᠷᠦᠮᠵᠢ᠂ ᠨᠡᠶᠢᠳᠡ ᠶᠢᠨ ᠠᠰᠠᠷᠠᠮᠵᠢ ᠶᠢᠨ ᠦᠢᠯᠡᠰ ᠤᠨ | ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠠᠶᠢᠪᠠᠯ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ | ᠬᠠᠷᠭᠤᠭᠤᠯᠤᠭᠤᠯᠤᠭᠠᠳ᠂ ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠦ᠂ ᠰᠢᠶᠠᠨ ᠤ ᠱᠠᠳᠤᠨ ᠠᠴᠠ ᠲᠡᠭᠡᠭᠰᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ | ᠶᠤᠰᠤᠭᠠᠷ ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠵᠦ ᠬᠡᠷᠡᠭᠯᠡᠬᠦ ᠲᠠᠢ ᠬᠤᠯᠪᠤᠭᠳᠠᠪᠠᠯ᠂ ᠲᠤᠰ ᠬᠠᠤᠯᠢ ᠶᠢᠨ ᠲᠦᠴᠢᠨ | ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠨ᠎ᠡ᠃ | ᠵᠢᠷᠠᠨ ᠬᠤᠶᠠᠳᠦᠭᠠᠷ ᠵᠦᠢᠯ ᠬᠦᠳᠡᠭᠡ ᠲᠤᠰᠬᠤᠨ ᠤ ᠭᠠᠴᠠᠭᠠᠨ ᠤ ᠠᠷᠠᠳ ᠤᠨ ᠨᠢᠭᠡ ᠡᠷᠦᠭᠡ ᠳᠤ ᠨᠢᠭᠡ ᠯᠡ ᠤᠷᠤᠨ ᠰᠠᠭᠤᠴᠠ ᠶᠢᠨ ᠭᠠᠵᠠᠷ ᠲᠠᠢ ᠪᠠᠶᠢᠵᠦ | ᠪᠤᠯᠤᠨ᠎ᠠ᠂ ᠲᠠᠬᠦᠨ ᠤ ᠤᠷᠤᠨ ᠰᠠᠭᠤᠴᠠ ᠶᠢᠨ ᠭᠠᠵᠠᠷ ᠤᠨ ᠲᠠᠯᠠᠪᠠᠢ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ | ᠪᠠᠷᠢᠮᠵᠢᠶ᠎ᠡ ᠠᠴᠠ ᠭᠡᠳᠦᠷᠡᠵᠦ ᠪᠤᠯᠬᠤ ᠦᠭᠡᠢ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠷᠢᠬᠤ ᠳᠠᠭᠠᠨ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠨᠡᠶᠢᠴᠡᠬᠦᠯᠬᠦ ᠬᠡᠷᠡᠭᠲᠠᠢ ᠪᠦᠭᠡᠳ ᠠᠯᠢ ᠪᠤᠯᠬᠤ ᠪᠠᠷ ᠤᠭ ᠤᠨ ᠤᠷᠤᠨ ᠰᠠᠭᠤᠴᠠ ᠶᠢᠨ ᠭᠠᠵᠠᠷ ᠪᠤᠯᠤᠨ ᠲᠤᠰᠬᠤᠨ ᠤ ᠲᠤᠳᠤᠷᠠᠬᠢ ᠰᠤᠯᠠ | ᠭᠠᠵᠠᠷ ᠢ ᠬᠡᠷᠡᠭᠯᠡᠬᠦ ᠬᠡᠷᠡᠭᠲᠠᠢ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠰᠤᠮᠤ ︵ᠪᠠᠯᠭᠠᠰᠣ︶ ᠶᠢᠨ ᠠᠷᠠᠳ ᠤᠨ ᠵᠠᠰᠠᠭ ᠤᠨ ᠤᠷᠳᠤᠨ ᠢᠶᠠᠷ | ᠬᠢᠨᠠᠨ ᠬᠠᠷᠭᠤᠭᠤᠯᠤᠭᠠᠳ᠂ ᠰᠢᠶᠠᠨ ᠱᠠᠳᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠦᠪᠰᠢᠶᠡᠷᠡᠬᠦᠯᠦᠨ᠎ᠡ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ | ᠡᠵᠡᠯᠡᠨ ᠬᠡᠷᠡᠭᠯᠡᠬᠦ ᠳᠤ ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ | ᠬᠦᠢᠴᠡᠳᠭᠡᠯ ᠬᠢᠨ᠎ᠡ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠨ ᠬᠤᠳᠠᠯᠳᠤᠵᠦ᠂ ᠲᠦᠷᠢᠶᠡᠰᠦᠯᠡᠬᠦᠯᠦᠭᠰᠡᠨ ᠤ ᠲᠠᠷᠠᠭ᠎ᠠ ᠲᠠᠬᠢᠨ ᠤᠷᠤᠨ ᠰᠠᠭᠤᠴᠠ ᠶᠢᠨ | ᠭᠠᠵᠠᠷ ᠠᠪᠬᠤ ᠪᠠᠷ ᠭᠤᠶᠤᠴᠢᠯᠠᠯ ᠭᠠᠷᠭᠠᠪᠠᠯ ᠵᠦᠪᠰᠢᠶᠡᠷᠡᠬᠦ ᠦᠭᠡᠢ᠃ | ᠵᠢᠷᠠᠨ ᠭᠤᠷᠪᠠᠳᠤᠭᠠᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ᠂ | ᠰᠢᠯᠵᠢᠬᠦᠯᠦᠨ ᠦᠭᠬᠦ ᠪᠤᠶᠤ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠲᠦᠷᠢᠶᠡᠰᠦᠯᠡᠨ ᠬᠡᠷᠡᠭᠯᠡᠬᠦᠯᠵᠦ ᠪᠤᠯᠬᠤ ᠦᠭᠡᠢ︔ ᠭᠡᠪᠡᠴᠦ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦ ᠪᠦᠭᠡᠳ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠠᠤᠯᠢ ᠶᠤᠰᠤᠭᠠᠷ ᠤᠯᠤᠭᠰᠠᠨ ᠠᠵᠦ | ᠠᠬᠤᠶᠢᠯᠠᠯ ᠲᠠᠮᠪᠠᠷᠠᠬᠤ᠂ ᠨᠡᠶᠢᠯᠡᠬᠦ ᠵᠡᠷᠭᠡ ᠪᠠᠶᠢᠳᠠᠯ ᠠᠴᠠ ᠪᠤᠯᠵᠦ ᠭᠠᠵᠠᠷ ᠰᠢᠷᠦᠢ ᠶᠢᠨ ᠬᠡᠷᠡᠭᠯᠡᠬᠦ ᠡᠷᠭᠡ ᠪᠠᠨ ᠬᠠᠤᠯᠢ ᠶᠤᠰᠤᠭᠠᠷ ᠰᠢᠯᠵᠢᠬᠦᠯᠦᠭᠰᠡᠨ ᠪᠠᠶᠢᠪᠠᠯ | ᠡᠬᠦᠨ ᠳᠤ ᠪᠠᠭᠳᠠᠬᠤ ᠦᠭᠡᠢ᠃ | ᠵᠢᠷᠠᠨ ᠲᠦᠷᠪᠡᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠲᠤᠭᠳᠠᠭᠠᠬᠤ ᠠᠴᠠ ᠡᠮᠦᠨ᠎ᠡ ᠨᠢᠭᠡᠨᠳᠡ ᠪᠠᠶᠢᠭᠤᠯᠤᠭᠳᠠᠭᠰᠠᠨ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠳᠤ ᠦᠯᠦ ᠨᠡᠶᠢᠴᠡᠬᠦ ᠪᠠᠷᠢᠯᠭ᠎ᠠ᠂ ᠪᠠᠷᠢᠯᠭ᠎ᠠ ᠶᠢᠨ ᠡᠳ᠋ ᠢ ᠲᠠᠬᠢᠨ | ᠪᠠᠶᠢᠭᠤᠯᠵᠦ᠂ ᠦᠷᠭᠡᠳᠭᠡᠨ ᠪᠠᠶᠢᠭᠤᠯᠵᠦ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠳᠡᠭᠡ ᠲᠤᠰᠬᠤᠨ ᠤ ᠬᠠᠮᠳᠦ ᠶᠢᠨ ᠠᠵᠦ | ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ | ᠵᠦᠪᠰᠢᠶᠡᠷᠡᠬᠦᠯᠦᠭᠡᠳ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ ᠪᠤᠯᠤᠨ᠎ᠠ᠄ | ︵ᠨᠢᠭᠡ︶ ᠰᠤᠮᠤ ︵ᠪᠠᠯᠭᠠᠰᠤ︶ ᠭᠠᠴᠠᠭ᠎ᠠ ᠶᠢᠨ ᠤᠯᠠᠨ ᠨᠡᠶᠢᠳᠡ ᠶᠢᠨ ᠲᠦᠬᠦᠭᠡᠷᠦᠮᠵᠢ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ | ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠤᠭᠰᠠᠨ︔ ︵ᠬᠤᠶᠠᠷ︶ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠢᠨ ᠶᠤᠰᠤᠭᠠᠷ | ᠡᠰᠡ ᠬᠡᠷᠡᠭᠯᠡᠭᠰᠡᠨ︔ | ︵ᠭᠤᠷᠪᠠ︶ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠭᠠᠵᠠᠷ ᠰᠢᠷᠦᠢ ᠶᠢ ᠬᠡᠷᠡᠭᠯᠡᠬᠦ ᠪᠠᠨ ᠪᠤᠯᠢᠭᠰᠠᠨ᠃ | ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ ᠤᠨ ᠲᠤᠭᠳᠠᠭᠠᠯ ᠶᠤᠰᠤᠭᠠᠷ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠪᠤᠴᠠᠭᠠᠵᠦ | ᠠᠪᠤᠭᠰᠠᠨ ᠪᠠᠶᠢᠪᠠᠯ᠂ ᠭᠠᠵᠠᠷ ᠰᠢᠷᠦᠢ ᠬᠡᠷᠡᠭᠯᠡᠬᠦ ᠡᠷᠭᠡ ᠪᠦᠬᠦᠢ ᠬᠦᠮᠦᠨ ᠳᠤ ᠵᠦᠢ ᠵᠤᠬᠢᠰᠲᠠᠢ ᠲᠦᠯᠦᠪᠤᠷᠢ ᠦᠭᠬᠦ ᠬᠡᠷᠡᠭᠲᠠᠢ᠃ | ᠵᠢᠷᠭᠤᠳᠤᠭᠠᠷ ᠪᠦᠯᠦᠭ ᠬᠢᠨᠠᠯᠳᠠ ᠲᠠᠯᠪᠢᠵᠦ ᠪᠠᠶᠢᠴᠠᠭᠠᠬᠤ | ᠵᠢᠷᠠᠨ ᠵᠢᠷᠭᠤᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠬᠢᠨᠠᠯᠳᠠ | ᠲᠠᠯᠪᠢᠵᠦ ᠪᠠᠶᠢᠴᠠᠭᠠᠯᠳᠠ ᠬᠢᠨ᠎ᠡ᠃ | ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ ᠠᠵᠢᠯᠳᠠᠳ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ | ᠲᠦᠷᠢᠮ ᠢ ᠲᠤᠭᠤᠷᠠᠳᠠᠯ᠎ᠠ ᠮᠡᠳᠡᠵᠦ᠂ ᠡᠬᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠦ᠂ ᠬᠠᠤᠯᠢ ᠶᠢ ᠭᠤᠤᠯᠴᠢ ᠪᠠᠷ ᠬᠡᠷᠡᠭᠵᠢᠬᠦᠯᠬᠦ ᠬᠡᠷᠡᠭᠲᠠᠢ᠃ | ᠵᠢᠷᠠᠨ ᠲᠣᠯᠣᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠶ᠎ᠡ ᠳᠤ ᠲᠤᠤᠷ᠎ᠡ ᠵᠢᠭᠰᠠᠭᠠᠭᠰᠠᠨ ᠠᠷᠭ᠎ᠠ | ᠬᠡᠮᠵᠢᠶ᠎ᠡ ᠨᠦᠭᠦᠳ ᠢ ᠠᠪᠬᠤ ᠡᠷᠭᠡ ᠲᠠᠢ᠄ | ︵ᠨᠢᠭᠡ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠳᠤ ᠭᠠᠵᠠᠷ ᠰᠢᠷᠦᠢ ᠶᠢᠨ ᠡᠷᠭᠡ ᠶᠢᠨ ᠲᠤᠬᠠᠢ ᠬᠤᠯᠪᠤᠭᠳᠠᠯ ᠪᠦᠬᠦᠢ ᠪᠢᠴᠢᠭ | ᠮᠠᠲ᠋ᠧᠷᠢᠶᠠᠯ ᠪᠠ ᠮᠠᠲ᠋ᠧᠷᠢᠶᠠᠯ ᠢ ᠬᠠᠩᠭᠠᠯᠭᠠᠬᠤ ᠱᠠᠭᠠᠷᠳᠠᠯᠭ᠎ᠠ ᠲᠠᠯᠪᠢᠵᠦ᠂ ᠲᠠᠳᠡᠭᠡᠷ ᠢ ᠪᠠᠶᠢᠴᠠᠭᠠᠨ ᠦᠵᠡᠬᠦ ᠪᠤᠶᠤ ᠬᠠᠭᠤᠯᠪᠤᠷᠢᠯᠠᠵᠦ ᠠᠪᠬᠤ︔ | ︵ᠬᠤᠶᠠᠷ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠢ ᠭᠠᠵᠠᠷ ᠰᠢᠷᠦᠢ ᠶᠢᠨ ᠡᠷᠭᠡ ᠶᠢᠨ ᠬᠤᠯᠪᠤᠭᠳᠠᠯ ᠪᠦᠬᠦᠢ ᠠᠰᠠᠭᠤᠳᠠᠯ ᠤᠨ ᠲᠠᠯ᠎ᠠ ᠪᠠᠷ | ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ︔ | ︵ᠭᠤᠷᠪᠠ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠤ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠶᠢᠨ ᠲᠤᠬᠠᠢ ᠶᠢᠨ | ᠭᠠᠵᠠᠷ ᠲᠤ ᠤᠴᠢᠵᠦ ᠬᠠᠶᠢᠨ ᠬᠡᠮᠵᠢᠬᠦ︔ | ︵ᠲᠦᠷᠪᠡ︶ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠪᠤᠶᠤ ᠬᠤᠪᠢ ᠬᠦᠮᠦᠨ ᠢ ᠵᠠᠷᠯᠢᠭᠳᠠᠵᠦ ᠪᠠᠶᠢᠭᠠᠳ ᠭᠠᠵᠠᠷ ᠰᠢᠷᠦᠢ ᠶᠢᠨ | ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠤᠭᠰᠤᠭᠠᠬᠤ᠃ | ᠵᠢᠷᠠᠨ ᠨᠠᠢᠮᠠᠳᠦᠭᠠᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ ᠠᠵᠢᠯᠳᠠᠳ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠭᠡᠵᠦ᠂ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ᠂ ᠬᠤᠯᠪᠤᠭᠳᠠᠯ ᠪᠦᠬᠦᠢ ᠨᠢᠭᠡᠴᠢ ᠪᠤᠶᠤ ᠬᠤᠪᠢ ᠬᠦᠮᠦᠨ ᠢᠶᠠᠷ ᠪᠢᠴᠢᠭ ᠮᠠᠲ᠋ᠧᠷᠢᠶᠠᠯ᠂ | ᠮᠠᠲ᠋ᠧᠷᠢᠶᠠᠯ ᠬᠠᠩᠭᠠᠯᠭᠠᠬᠤ᠂ ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ ᠴᠢᠬᠤᠯᠠ ᠲᠠᠢ ᠪᠤᠯ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ | ᠪᠠᠶᠢᠴᠠᠭᠠᠯᠳᠠ ᠬᠢᠬᠦ ᠬᠡᠷᠡᠴᠢ ᠲᠡᠮᠳᠡᠭ ᠢᠶᠠᠨ ᠭᠠᠷᠭᠠᠵᠦ ᠦᠵᠡᠬᠦᠯᠬᠦ ᠬᠡᠷᠡᠭᠲᠠᠢ᠃ | ᠵᠢᠷᠨ ᠶᠢᠰᠦᠳᠦᠭᠡᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠢ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠰᠢᠶᠠᠨ ᠤ ᠱᠠᠳᠣᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠯᠳᠠ ᠲᠠᠯᠪᠢᠵᠦ | ᠪᠠᠶᠢᠴᠠᠭᠠᠯᠳᠠ ᠬᠢᠬᠦ ᠦᠶ᠎ᠡ ᠳᠤ ᠬᠤᠯᠪᠤᠭᠳᠠᠯ ᠪᠦᠬᠦᠢ ᠨᠢᠭᠡᠴᠢ ᠪᠤᠯᠤᠨ ᠬᠤᠪᠢ ᠬᠦᠮᠦᠨ ᠲᠠᠮᠵᠢᠨ ᠬᠠᠮᠵᠢᠯᠴᠠᠬᠤ ᠬᠡᠷᠡᠭᠲᠠᠢ ᠪᠦᠭᠡᠳ ᠠᠵᠢᠯ ᠤᠨ ᠲᠠᠯ᠎ᠠ ᠪᠠᠷ ᠲᠦᠬᠦᠮ | ᠦᠵᠡᠬᠦᠯᠬᠦ ᠬᠡᠷᠡᠭᠲᠠᠢ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ ᠠᠵᠢᠯᠳᠠᠳ ᠤᠨ ᠡᠬᠦᠷᠭᠡ ᠲᠤᠰᠢᠶᠠᠯ ᠢᠶᠠᠨ ᠬᠠᠤᠯᠢ ᠶᠤᠰᠤᠭᠠᠷ | ᠬᠦᠢᠴᠡᠳᠭᠡᠬᠦ ᠶᠢ ᠲᠡᠪᠴᠢᠬᠦ ᠪᠠ ᠬᠠᠷᠰᠢᠯᠠᠵᠦ ᠪᠤᠯᠬᠤ ᠦᠭᠡᠢ᠃ | ᠲᠠᠯᠠᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ ᠠᠵᠢᠯ ᠤᠨ ᠲᠤᠮᠳᠠ ᠪᠠᠨ ᠲᠦᠷᠦ ᠶᠢᠨ ᠠᠵᠢᠯᠳᠠᠨ ᠤ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠤᠯᠵᠦ ᠮᠡᠳᠡᠭᠡᠳ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠠᠢ ᠪᠠᠶᠢᠪᠠᠯ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠠᠢ︔ | ᠦᠪᠡᠷᠳᠡᠭᠡᠨ ᠰᠢᠢᠳᠪᠦᠷᠢᠯᠡᠬᠦ ᠡᠷᠭᠡ ᠦᠭᠡᠢ ᠪᠤᠯ ᠠᠳᠠᠯᠢ ᠱᠠᠳᠤᠨ ᠤ ᠪᠤᠶᠤ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠬᠢᠨᠠᠨ | ᠪᠠᠶᠢᠴᠠᠭᠠᠬᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠰᠢᠳᠭᠡᠯ ᠦᠭᠬᠦ ᠰᠠᠨᠠᠭᠤᠯᠭ᠎ᠠ ᠶᠢᠨ ᠪᠢᠴᠢᠭ ᠲᠡᠪᠰᠢᠬᠦᠯᠬᠦ ᠬᠡᠷᠡᠭᠲᠠᠢ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ | ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠠᠢ᠃ | ᠲᠠᠯᠠᠨ ᠨᠢᠭᠡᠳᠦᠭᠡᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ ᠠᠵᠢᠯ ᠤᠨ ᠲᠤᠮᠳᠠ ᠪᠠᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠠᠤᠯᠢ ᠠᠴᠠ | ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠠᠵᠢᠯᠯᠠᠭ᠎ᠠ ᠪᠠᠶᠢᠬᠤ ᠶᠢ ᠤᠯᠵᠦ ᠮᠡᠳᠡᠪᠡᠯ᠂ ᠤᠤᠯ ᠤᠨ ᠬᠡᠷᠡᠭ ᠢ ᠬᠤᠯᠪᠤᠭᠳᠠᠯ ᠪᠦᠬᠦᠢ ᠪᠠᠶᠢᠭᠤᠯᠭ᠎ᠠ ᠳᠤ ᠰᠢᠯᠵᠢᠬᠦᠯᠦᠨ | ᠦᠭᠴᠦ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠬᠦᠯᠬᠦ ᠬᠡᠷᠡᠭᠲᠠᠢ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ | ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠠᠢ᠃ | ᠲᠠᠯᠠᠨ ᠬᠤᠶᠠᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠶᠤᠰᠤᠲᠠᠢ ᠪᠠᠶᠢᠳᠠᠯ᠎ᠠ ᠬᠤᠯᠪᠤᠭᠳᠠᠯ ᠪᠦᠬᠦᠢ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠰᠢᠳᠭᠡᠯ ᠦᠭᠬᠦ ᠦᠭᠡᠢ ᠪᠠᠶᠢᠪᠠᠯ᠂ ᠲᠡᠭᠡᠳᠦ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠵᠠᠷᠯᠢᠭᠳᠠᠵᠦ ᠪᠠᠶᠢᠭᠠᠳ ᠵᠠᠰᠠᠭ ᠵᠠᠬᠢᠷᠭᠠᠨ ᠤ ᠰᠢᠳᠭᠡᠯ ᠦᠭᠬᠦ ᠲᠤᠭᠳᠠᠭᠠᠯ | ᠭᠠᠷᠭᠠᠭᠤᠯᠬᠤ ᠪᠤᠶᠤ ᠰᠢᠭᠤᠳ ᠵᠠᠰᠠᠭ ᠵᠠᠬᠢᠷᠭᠠᠨ ᠤ ᠰᠢᠳᠭᠡᠯ ᠦᠭᠬᠦ ᠶᠢᠨ ᠬᠠᠮᠳᠦ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠭᠡᠯ ᠦᠭᠬᠦ ᠡᠷᠭᠡ ᠲᠠᠢ᠃ | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠯᠠᠨ ᠭᠤᠷᠪᠠᠳᠦᠭᠠᠷ ᠵᠦᠢᠯ ᠭᠠᠵᠠᠷ ᠰᠢᠷᠦᠢ ᠶᠢ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ ᠪᠠᠷ ᠰᠢᠯᠵᠢᠬᠦᠯᠦᠨ ᠦᠭᠬᠦᠭᠰᠡᠨ ᠪᠠᠶᠢᠪᠠᠯ᠂ | ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠬᠠᠤᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠵᠦ ᠠᠪᠤᠨ᠎ᠠ︔ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠠᠴᠠ ᠵᠦᠷᠢᠴᠡᠨ | ᠲᠠᠷᠢᠶᠠᠯᠠᠩ ᠳᠤ ᠬᠡᠷᠡᠭᠯᠡᠬᠦ ᠭᠠᠵᠠᠷ ᠢ ᠲᠤᠷ᠎ᠡ ᠪᠠᠷ ᠢᠶᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠭᠰᠠᠨ ᠪᠠᠶᠢᠪᠠᠯ᠂ ᠬᠠᠤᠯᠢ ᠪᠤᠰᠤ ᠪᠠᠷ | ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠬᠤᠭᠤᠴᠠᠭ᠎ᠠ ᠲᠤᠭᠳᠠᠭᠠᠨ | ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ ᠪᠠᠶᠢᠳᠠᠯ ᠢ ᠨᠢ ᠰᠡᠷᠬᠦᠭᠡᠯᠭᠡᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠨᠡᠶᠢᠴᠡᠵᠦ ᠪᠠᠶᠢᠪᠠᠯ᠂ ᠬᠠᠤᠯᠢ ᠪᠤᠰᠤ ᠪᠠᠷ ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ | ᠲᠦᠬᠦᠭᠡᠷᠦᠮᠵᠢ ᠶᠢ ᠨᠢ ᠬᠤᠷᠢᠶᠠᠨ ᠠᠪᠤᠨ᠎ᠠ︔ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ | ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠲᠠᠯᠠᠨ ᠳᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠲᠠᠷᠢᠶᠠᠨ ᠭᠠᠵᠠᠷ ᠢ ᠡᠵᠡᠯᠡᠨ ᠶᠤᠤ ᠭᠠᠷᠭᠠᠭᠰᠠᠨ᠂ ᠪᠤᠯᠠᠰᠢᠨ ᠭᠠᠵᠠᠷ | ᠭᠠᠷᠭᠠᠭᠰᠠᠨ ᠪᠤᠶᠤ ᠲᠠᠷᠢᠶᠠᠨ ᠭᠠᠵᠠᠷ ᠲᠡᠭᠡᠷ᠎ᠡ ᠲᠤᠷ᠎ᠡ ᠪᠠᠷ ᠢᠶᠠᠨ ᠬᠡᠷ ᠪᠠᠷᠢᠭᠰᠠᠨ᠂ ᠡᠯᠡᠰᠦ ᠮᠠᠯᠳᠠᠭᠰᠠᠨ᠂ ᠴᠢᠯᠠᠭᠤ ᠭᠠᠷᠭᠠᠭᠰᠠᠨ᠂ ᠠᠭᠤᠷᠬᠠᠢ ᠮᠠᠯᠳᠠᠭᠰᠠᠨ᠂ ᠰᠢᠷᠦᠢ | ᠠᠪᠤᠭᠰᠠᠨ ᠵᠡᠷᠭᠡ ᠠᠴᠠ ᠪᠤᠯᠵᠦ ᠲᠠᠷᠢᠶᠠᠯᠬᠤ ᠨᠦᠬᠦᠴᠡᠯ ᠢ ᠡᠪᠳᠡᠭᠰᠡᠨ᠂ ᠡᠰᠡᠬᠦᠯ᠎ᠡ ᠭᠠᠵᠠᠷ ᠰᠢᠷᠦᠢ ᠶᠢ ᠨᠡᠭᠡᠭᠡᠨ ᠠᠰᠢᠭᠯᠠᠭᠰᠠᠨ ᠠᠴᠠ ᠪᠤᠯᠤᠭᠠᠳ ᠭᠠᠵᠠᠷ ᠰᠢᠷᠦᠢ ᠶᠢ | ᠡᠯᠡᠰᠦᠵᠢᠬᠦᠯᠦᠭᠰᠡᠨ᠂ ᠬᠤᠵᠢᠷᠰᠢᠭᠤᠯᠤᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠪᠤᠶᠤ ᠵᠠᠰᠠᠭᠤᠯᠵᠦ᠂ ᠵᠤᠭᠤᠰ ᠢᠶᠠᠷ | ᠲᠣᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠠᠪᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠲᠠᠯᠠᠨ ᠲᠠᠪᠤᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠡᠬᠦᠷᠭᠡ ᠪᠠᠨ | ᠬᠦᠢᠴᠡᠳᠭᠡᠬᠦ ᠶᠢ ᠲᠡᠪᠴᠢᠭᠰᠡᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ︔ ᠬᠤᠭᠤᠴᠠᠭ᠎ᠠ ᠬᠡᠳᠦᠷᠡᠭᠰᠡᠨ ᠪᠠᠶᠢᠳᠠᠯ᠎ᠠ | ᠵᠠᠯᠠᠷᠠᠭᠤᠯᠤᠭᠰᠠᠨ ᠦᠭᠡᠢ ᠪᠠᠶᠢᠪᠠᠯ ᠵᠠᠷᠯᠢᠭᠳᠠᠵᠦ ᠪᠠᠶᠢᠭᠠᠳ ᠰᠡᠷᠬᠦᠭᠡᠨ ᠬᠠᠭᠠᠯᠪᠤᠷᠢᠯᠠᠬᠤ ᠰᠦᠢᠳᠭᠡᠯ ᠲᠤᠰᠢᠶᠠᠯᠭᠠᠭᠠᠳ᠂ ᠭᠠᠵᠠᠷ ᠰᠢᠷᠦᠢ ᠶᠢ ᠲᠠᠬᠢᠨ | ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ ᠵᠤᠭᠤᠰ ᠢᠶᠠᠷ ᠲᠤᠷᠭᠠᠬᠤ ᠪᠠᠷ ᠰᠢᠳᠭᠡᠵᠦ ᠪᠤᠯᠤᠨ᠎ᠠ᠃ | ᠲᠠᠯᠠᠨ ᠵᠢᠷᠭᠤᠳᠤᠭᠠᠷ ᠵᠦᠢᠯ ᠵᠦᠪᠰᠢᠶᠡᠷᠡᠯ ᠤᠯᠤᠭᠰᠠᠨ ᠦᠭᠡᠢ ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ ᠤᠯᠤᠭᠠᠳ ᠭᠠᠵᠠᠷ ᠰᠢᠷᠦᠢ ᠶᠢ ᠬᠠᠤᠯᠢ ᠪᠤᠰᠤ | ᠪᠠᠷ ᠡᠵᠡᠯᠡᠨ ᠬᠡᠷᠡᠭᠯᠡᠭᠰᠡᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ ᠪᠤᠰᠤ ᠪᠠᠷ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠨ᠎ᠠ᠂ ᠭᠠᠵᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠠᠴᠠ ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ ᠲᠤᠷ᠎ᠡ ᠪᠠᠷ ᠢᠶᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ | ᠬᠤᠪᠢᠷᠭᠠᠭᠰᠠᠨ ᠪᠠᠶᠢᠪᠠᠯ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ | ᠲᠦᠬᠦᠭᠡᠷᠦᠮᠵᠢ ᠶᠢ ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ ᠪᠠᠶᠢᠳᠠᠯ ᠢ ᠨᠢ ᠰᠡᠷᠬᠦᠭᠡᠯᠭᠡᠨ᠎ᠡ᠂ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠵᠦ ᠪᠠᠶᠢᠪᠠᠯ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠨᠢ ᠬᠤᠷᠢᠶᠠᠨ ᠠᠪᠴᠦ᠂ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔ ᠭᠠᠵᠠᠷ ᠰᠢᠷᠦᠢ ᠶᠢ | ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠶᠢᠨ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ | ᠬᠠᠷᠢᠭᠤᠴᠠᠯᠭ᠎ᠠ ᠨᠡᠭᠡᠮᠵᠢᠯᠡᠨ᠎ᠡ᠃ | ᠵᠦᠪᠰᠢᠶᠡᠷᠡᠭᠰᠡᠨ ᠲᠤᠭ᠎ᠠ ᠬᠡᠮᠵᠢᠶ᠎ᠡ ᠠᠴᠠ ᠲᠠᠪᠠᠭᠤᠯᠤᠨ ᠭᠠᠵᠠᠷ ᠰᠢᠷᠦᠢ ᠶᠢ ᠡᠵᠡᠯᠡᠨ ᠬᠡᠷᠡᠭᠯᠡᠭᠰᠡᠨ ᠪᠠᠶᠢᠪᠠᠯ᠂ ᠢᠯᠡᠭᠦᠦ ᠡᠵᠡᠯᠡᠭᠰᠡᠨ ᠭᠠᠵᠠᠷ ᠰᠢᠷᠦᠢ ᠶᠢ ᠨᠢ | ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠪᠠᠷ ᠲᠤᠭᠠᠴᠠᠵᠦ ᠰᠢᠢᠳᠪᠦᠷᠢᠯᠡᠨ᠎ᠡ᠃ | ᠲᠠᠯᠠᠨ ᠲᠤᠯᠤᠳᠦᠭᠠᠷ ᠵᠦᠢᠯ ᠬᠦᠳᠡᠭᠡ ᠲᠤᠰᠬᠤᠨ ᠤ ᠭᠠᠴᠠᠭᠠᠨ ᠤ ᠠᠷᠠᠳ ᠵᠦᠪᠰᠢᠶᠡᠷᠡᠯ ᠤᠯᠤᠭᠰᠠᠨ ᠦᠭᠡᠢ ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ | ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠤᠷᠤᠨ ᠰᠠᠭᠤᠴᠠ ᠪᠠᠷᠢᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠵᠦ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠷᠢᠭᠰᠠᠨ ᠭᠡᠷ | ᠪᠠᠶᠢᠰᠢᠩ ᠢ ᠨᠢ ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠤᠨᠠ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ ᠭᠡᠳᠦᠷᠡᠭᠰᠡᠨ ᠪᠠᠶᠢᠪᠠᠯ᠂ ᠢᠯᠡᠭᠦᠦ ᠡᠵᠡᠯᠡᠭᠰᠡᠨ | ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠪᠠᠷ ᠲᠤᠭᠠᠴᠠᠵᠦ ᠰᠢᠢᠳᠪᠦᠷᠢᠯᠡᠨ᠎ᠡ᠃ | ᠲᠠᠯᠠᠨ ᠨᠠᠢᠮᠠᠳᠦᠭᠠᠷ ᠵᠦᠢᠯ ᠭᠠᠵᠠᠷ ᠰᠢᠷᠦᠢ ᠶᠢ ᠲᠠᠳᠠᠪᠤᠷᠢᠯᠠᠬᠤ᠂ ᠭᠠᠵᠠᠷ ᠰᠢᠷᠦᠢ ᠶᠢ ᠬᠡᠷᠡᠭᠯᠡᠬᠦ ᠶᠢ ᠵᠦᠪᠰᠢᠶᠡᠷᠡᠬᠦ ᠡᠷᠭᠡ ᠦᠭᠡᠢ ᠨᠢᠭᠡᠴᠢ ᠪᠤᠶᠤ ᠬᠤᠪᠢ | ᠬᠦᠮᠦᠨ ᠭᠠᠵᠠᠷ ᠰᠢᠷᠦᠢ ᠶᠢᠨ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠪᠠ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠠᠴᠠ ᠪᠠᠨ ᠲᠠᠪᠠᠵᠦ᠂ | ᠭᠠᠵᠠᠷ ᠰᠢᠷᠦᠢ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ | ᠬᠡᠷᠡᠭᠯᠡᠯᠳᠡ ᠠᠴᠠ ᠵᠦᠷᠢᠴᠡᠨ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ᠂ ᠡᠰᠡᠬᠦᠯ᠎ᠡ ᠭᠠᠵᠠᠷ ᠰᠢᠷᠦᠢ ᠶᠢ ᠡᠵᠡᠯᠡᠨ ᠬᠡᠷᠡᠭᠯᠡᠬᠦ᠂ ᠲᠠᠳᠠᠪᠤᠷᠢᠯᠠᠬᠤ ᠶᠢ ᠬᠠᠤᠯᠢ ᠳᠤ | ᠲᠤᠭᠳᠠᠭᠠᠭᠰᠠᠨ ᠵᠢᠷᠦᠮ ᠠᠴᠠ ᠵᠦᠷᠢᠴᠡᠨ ᠵᠦᠪᠰᠢᠶᠡᠷᠡᠭᠰᠡᠨ ᠪᠠᠶᠢᠪᠠᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠬᠦᠴᠦᠨ ᠦᠭᠡᠢ ᠪᠤᠯᠤᠨ᠎ᠠ᠃ ᠭᠠᠵᠠᠷ ᠰᠢᠷᠦᠢ | ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ | ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ | ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠬᠠᠤᠯᠢ ᠪᠤᠰᠤ ᠪᠠᠷ ᠵᠦᠪᠰᠢᠶᠡᠷᠡᠭᠰᠡᠨ᠂ ᠬᠡᠷᠡᠭᠯᠡᠬᠦᠯᠦᠭᠰᠡᠨ ᠭᠠᠵᠠᠷ ᠰᠢᠷᠦᠢ ᠶᠢ ᠨᠢ ᠪᠤᠴᠠᠭᠠᠨ ᠠᠪᠬᠤ | ᠬᠡᠷᠡᠭᠲᠠᠢ᠂ ᠬᠤᠯᠪᠤᠭᠳᠠᠯ ᠪᠦᠬᠦᠢ ᠲᠤᠬᠠᠢ ᠶᠢᠨ ᠬᠦᠮᠦᠨ ᠨᠢ ᠪᠤᠴᠠᠭᠠᠵᠦ ᠦᠭᠬᠦ ᠶᠢ ᠲᠡᠪᠴᠢᠪᠡᠯ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠢᠶᠠᠷ | ᠲᠤᠭᠠᠴᠠᠵᠦ ᠰᠢᠢᠳᠪᠦᠷᠢᠯᠡᠨ᠎ᠡ᠃ | ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ ᠲᠤᠬᠠᠢ ᠶᠢᠨ ᠬᠦᠮᠦᠨ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠤᠰᠤᠭᠠᠷ ᠲᠦᠯᠦᠪᠤᠷᠢ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠲᠠᠢ᠃ | ᠲᠠᠯᠨ ᠶᠢᠰᠦᠳᠦᠭᠡᠷ ᠵᠦᠢᠯ ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ ᠬᠤᠯᠪᠤᠭᠳᠠᠯ | ᠪᠦᠬᠦᠢ ᠪᠤᠰᠤᠳ ᠰᠦᠢᠳᠭᠡᠯ ᠢ ᠡᠵᠡᠯᠡᠨ ᠬᠡᠷᠡᠭᠯᠡᠵᠦ᠂ ᠨᠡᠬᠦᠯᠭᠡᠨ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ | ᠬᠠᠷᠢᠭᠤᠴᠠᠯᠭ᠎ᠠ ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ | ᠨᠠᠶᠠᠳᠤᠭᠠᠷ ᠵᠦᠢᠯ ᠣᠯᠣᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ ᠶᠤᠰᠤᠭᠠᠷ ᠪᠤᠴᠠᠭᠠᠵᠦ ᠠᠪᠬᠤ ᠳᠤ ᠲᠤᠬᠠᠢ ᠶᠢᠨ ᠬᠦᠮᠦᠨ | ᠨᠢ ᠭᠠᠵᠠᠷ ᠰᠢᠷᠦᠢ ᠲᠤᠰᠢᠶᠠᠬᠤ ᠶᠢ ᠲᠡᠪᠴᠢᠭᠰᠡᠨ᠂ ᠭᠠᠵᠠᠷ ᠰᠢᠷᠦᠢ ᠶᠢ ᠲᠦᠷ ᠬᠡᠷᠡᠭᠯᠡᠬᠦ ᠬᠤᠭᠤᠴᠠᠭ᠎ᠠ ᠲᠦᠬᠦᠷᠦᠭᠰᠡᠨ ᠪᠠᠶᠢᠳᠠᠯ᠎ᠠ ᠪᠤᠴᠠᠭᠠᠵᠦ ᠦᠭᠬᠦ ᠶᠢ ᠲᠡᠪᠴᠢᠭᠰᠡᠨ | ᠂ ᠡᠰᠡᠬᠦᠯ᠎ᠡ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠤᠰᠤᠭᠠᠷ ᠬᠡᠷᠡᠭᠯᠡᠭᠰᠡᠨ ᠦᠭᠡᠢ ᠪᠠᠶᠢᠪᠠᠯ᠂ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ | ᠭᠠᠵᠠᠷ ᠰᠢᠷᠦᠢ ᠶᠢ ᠨᠢ ᠪᠤᠴᠠᠭᠠᠯᠭᠠᠵᠦ᠂ ᠵᠤᠭᠤᠰ ᠢᠶᠠᠷ ᠲᠤᠷᠭᠠᠨ᠎ᠠ᠃ | ᠨᠠᠶᠠᠨ ᠨᠢᠭᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠲᠤᠷ᠎ᠡ ᠪᠠᠷ ᠢᠶᠠᠨ ᠰᠢᠯᠵᠢᠬᠦᠯᠦᠨ | ᠬᠤᠳᠠᠯᠳᠤᠵᠦ᠂ ᠰᠢᠯᠵᠢᠬᠦᠯᠦᠨ ᠦᠭᠴᠦ᠂ ᠡᠰᠡᠬᠦᠯ᠎ᠡ ᠲᠦᠷᠢᠶᠡᠰᠦᠯᠡᠨ ᠭᠠᠷᠭᠠᠭᠠᠳ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦᠯᠦᠭᠰᠡᠨ | ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠵᠦ᠂ ᠬᠠᠤᠯᠢ ᠠᠴᠠ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠦ | ᠂ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠡ᠃ | ᠨᠠᠶᠠᠨ ᠬᠤᠶᠠᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠪᠠ ᠬᠡᠷᠡᠭᠯᠡᠯᠳᠡ ᠶᠢ ᠬᠤᠪᠢᠷᠠᠭᠠᠬᠤ | ᠲᠠᠩᠰᠠᠯᠠᠯᠳᠠ ᠬᠢᠯᠭᠡᠭᠰᠡᠨ ᠦᠭᠡᠢ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠬᠢᠯᠭᠡᠨ᠎ᠡ᠃ | ᠨᠠᠶᠠᠨ ᠭᠤᠷᠪᠠᠳᠦᠭᠠᠷ ᠵᠦᠢᠯ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ | ᠲᠦᠬᠦᠭᠡᠷᠦᠮᠵᠢ ᠶᠢ ᠲᠤᠰ ᠬᠠᠤᠯᠢ ᠶᠢᠨ ᠲᠤᠭᠳᠠᠭᠠᠯ ᠶᠤᠰᠤᠭᠠᠷ ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠪᠠᠷ ᠵᠠᠷᠯᠢᠭᠳᠠᠭᠰᠠᠨ ᠪᠠᠶᠢᠪᠠᠯ᠂ ᠪᠦᠳᠦᠭᠡᠨ | ᠪᠠᠶᠢᠭᠤᠯᠬᠤ ᠨᠢᠭᠡᠴᠢ ᠪᠤᠶᠤ ᠬᠤᠪᠢ ᠬᠦᠮᠦᠨ ᠨᠢ ᠪᠠᠷᠢᠯᠭ᠎ᠠ ᠶᠢᠨ ᠠᠵᠢᠯ ᠢᠶᠠᠨ ᠲᠡᠷᠡ ᠲᠤᠤᠷ᠎ᠡ ᠨᠢ ᠵᠤᠭᠰᠤᠭᠠᠵᠦ ᠦᠪᠡᠷᠳᠡᠭᠡᠨ ᠨᠤᠷᠭᠠᠨ ᠠᠷᠢᠯᠭᠠᠬᠤ ᠬᠡᠷᠡᠭᠲᠠᠢ︔ | ᠪᠠᠷᠢᠯᠭ᠎ᠠ ᠶᠢᠨ ᠠᠵᠢᠯ ᠢᠶᠠᠨ ᠦᠷᠬᠦᠯᠵᠢᠯᠡᠨ ᠬᠢᠵᠦ ᠪᠠᠶᠢᠪᠠᠯ᠂ ᠰᠢᠳᠭᠡᠬᠦ ᠲᠤᠭᠳᠠᠭᠠᠯ ᠭᠠᠷᠭᠠᠭᠰᠠᠨ ᠪᠠᠶᠢᠭᠤᠯᠭ᠎ᠠ ᠬᠤᠷᠢᠭᠯᠠᠨ ᠵᠤᠭᠰᠤᠭᠠᠬᠤ ᠡᠷᠭᠡ ᠲᠠᠢ᠃ ᠪᠦᠳᠦᠭᠡᠨ | ᠪᠠᠶᠢᠭᠤᠯᠬᠤ ᠨᠢᠭᠡᠴᠢ ᠪᠤᠶᠤ ᠬᠤᠪᠢ ᠬᠦᠮᠦᠨ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠵᠠᠰᠠᠭ ᠵᠠᠬᠢᠷᠭᠠᠨ ᠤ ᠰᠢᠳᠭᠡᠯ ᠦᠭᠬᠦ | ᠲᠤᠭᠳᠠᠭᠠᠯ ᠢ ᠬᠦᠯᠢᠶᠡᠬᠦ ᠦᠭᠡᠢ ᠪᠤᠯ᠂ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠲᠤᠭᠳᠠᠭᠠᠯ ᠢ ᠬᠦᠯᠢᠶᠡᠨ ᠠᠪᠤᠭᠰᠠᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠲᠤᠳᠤᠷ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ︔ ᠬᠤᠭᠤᠴᠠᠭ᠎ᠠ ᠨᠢ ᠲᠦᠬᠦᠷᠦᠭᠰᠡᠨ | ᠪᠠᠶᠢᠳᠠᠯ᠎ᠠ ᠵᠠᠭᠠᠯᠳᠣᠭᠰᠠᠨ ᠦᠭᠡᠢ ᠪᠦᠭᠡᠳ ᠦᠪᠡᠷᠳᠡᠭᠡᠨ ᠪᠠᠰᠠ ᠨᠤᠷᠭᠠᠨ ᠠᠷᠢᠯᠭᠠᠭᠰᠠᠨ ᠦᠭᠡᠢ ᠪᠠᠶᠢᠪᠠᠯ᠂ ᠰᠢᠳᠭᠡᠯ ᠦᠭᠬᠦ ᠲᠤᠭᠳᠠᠭᠠᠯ ᠭᠠᠷᠭᠠᠭᠰᠠᠨ ᠪᠠᠶᠢᠭᠤᠯᠭ᠎ᠠ | ᠨᠢ ᠬᠠᠤᠯᠢ ᠶᠤᠰᠤᠭᠠᠷ ᠠᠷᠠᠳ ᠤᠨ ᠰᠢᠬᠦᠬᠦ ᠬᠤᠷᠢᠶᠠᠨ ᠳᠤ ᠭᠤᠶᠤᠴᠢᠯᠠᠯ ᠭᠠᠷᠭᠠᠵᠦ ᠠᠯᠪᠠᠳᠠᠨ ᠬᠦᠢᠴᠡᠳᠭᠡᠬᠦᠯᠦᠨ᠎ᠡ᠂ ᠵᠠᠷᠣᠳᠠᠯ ᠰᠦᠢᠳᠭᠡᠯ ᠢ ᠨᠢ ᠬᠠᠤᠯᠢ ᠠᠴᠠ | ᠵᠦᠷᠢᠴᠡᠭᠰᠡᠳ ᠲᠠᠭᠠᠭᠠᠨ᠎ᠠ᠃ ᠨᠠᠶᠠᠨ ᠳᠦᠷᠪᠡᠳᠦᠭᠡᠷ ᠵᠦᠢᠯ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠠᠵᠢᠯᠳᠠᠳ ᠡᠬᠦᠷᠭᠡ ᠲᠤᠰᠢᠶᠠᠯ ᠳᠠᠭᠠᠨ ᠣᠰᠣᠯᠳᠠᠵᠦ᠂ ᠡᠷᠭᠡ ᠲᠤᠰᠢᠶᠠᠯ ᠢᠶᠠᠨ ᠲᠤᠷ᠎ᠡ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠬᠠᠷᠠᠵᠦ ᠭᠡᠮ ᠬᠢᠭᠡᠳ ᠶᠠᠯ᠎ᠠ | ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ | ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ | ᠨᠠᠢᠮᠠᠳᠤᠭᠠᠷ ᠪᠦᠯᠦᠭ ᠲᠠᠭᠠᠯᠳᠣᠭᠤᠯᠣᠭᠰᠠᠨ ᠲᠦᠷᠢᠮ | ᠨᠠᠶᠠᠨ ᠲᠠᠪᠤᠳᠦᠭᠠᠷ ᠵᠦᠢᠯ ᠲᠤᠮᠳᠠᠳᠦ ᠭᠠᠳᠠᠭᠠᠳᠦ ᠶᠢᠨ ᠪᠡᠯᠡ ᠨᠡᠶᠢᠯᠡᠬᠦᠯᠦᠨ ᠡᠵᠡᠩᠨᠡᠭᠰᠡᠨ ᠠᠵᠦ ᠠᠬᠤᠶᠢᠯᠠᠯ᠂ ᠲᠤᠮᠳᠠᠳᠦ ᠭᠠᠳᠠᠭᠠᠳᠦ ᠶᠢᠨ ᠬᠤᠷᠰᠢᠨ | ᠡᠵᠡᠩᠨᠡᠭᠰᠡᠨ ᠠᠵᠦ ᠠᠬᠤᠶᠢᠯᠠᠯ᠂ ᠭᠠᠳᠠᠭᠠᠳᠦ ᠪᠡᠯᠡ ᠶᠢᠨ ᠠᠵᠦ ᠠᠬᠤᠶᠢᠯᠠᠯ ᠤᠳ ᠭᠠᠵᠠᠷ ᠰᠢᠷᠦᠢ ᠬᠡᠷᠡᠭᠯᠡᠬᠦ ᠳᠤ ᠲᠤᠰ ᠬᠠᠤᠯᠢ ᠶᠢ ᠬᠡᠷᠡᠭᠯᠡᠨ᠎ᠡ︔ ᠬᠠᠤᠯᠢ | ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ ᠲᠡᠷᠡ ᠲᠤᠭᠳᠠᠭᠠᠯ ᠢ ᠬᠡᠷᠡᠭᠵᠢᠬᠦᠯᠦᠨ᠎ᠡ᠃ | ᠨᠠᠶᠠᠨ ᠵᠢᠷᠭᠤᠳᠦᠭᠠᠷ ᠵᠦᠢᠯ ᠲᠤᠰ ᠬᠠᠤᠯᠢ ᠶᠢ 1999 ᠤᠨ ᠤ 1 ᠰᠠᠷ᠎ᠡ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃ | |