ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ | ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ | ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ ᠂ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ ᠂ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ ᠂ ᠨᠠᠮ ᠤᠨ | ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠲᠥᠪᠯᠡᠷᠡᠩᠭᠦᠢ ᠪᠤᠯᠪᠠᠰᠤᠷᠠᠭᠤᠯᠵᠤ ᠡᠭᠡᠯᠵᠢᠯᠡᠨ ᠪᠤᠯᠪᠠᠰᠤᠷᠠᠭᠤᠯᠵᠤ ᠂ ᠨᠠᠮ ᠤᠨ ᠬᠤᠷᠢᠶ᠎ᠠ ᠶᠢᠨ ᠪᠦᠭᠦᠳᠡ ᠬᠤᠷᠠᠯ | ᠬᠤᠷᠠᠯᠳᠤᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠤ ᠂ ᠪᠦᠭᠦ ᠣᠷᠣᠨ ᠳᠠᠶᠠᠭᠠᠷ ᠢ ᠬᠥᠲᠥᠯᠥᠨ | ᠵᠢᠯᠤᠭᠤᠳᠴᠤ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠢ ᠡᠴᠦᠰ ᠲᠤᠨᠢ ᠲᠤᠯᠲᠠᠯ᠎ᠠ ᠬᠢᠨ᠎ᠡ ᠃ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠬᠦᠴᠦ ᠪᠠᠷ ᠢᠶᠠᠨ ᠴᠢᠷᠮᠠᠶᠢᠵᠤ ᠂ ᠲᠡᠷᠡ ᠶᠣᠰᠣᠭᠠᠷ ᠨᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠠᠭᠤᠯᠬᠤᠨ ᠡᠯᠪᠡᠭ ᠪᠠᠶᠠᠯᠢᠭ ᠂ | ᠥᠷᠭᠡᠨ ᠳᠡᠯᠭᠡᠷ ᠭᠦᠨ ᠭᠦᠨᠵᠡᠭᠡᠢ ᠪᠠᠶᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠦᠭᠡ ᠥᠭᠦᠯᠡᠪᠦᠷᠢ ᠨᠢᠭᠡ ᠪᠦᠷᠢ ᠨᠢ ᠴᠥᠮ ᠭᠦᠨ | ᠤᠳᠬ᠎ᠠ ᠠᠭᠤᠯᠭ᠎ᠠ ᠲᠠᠢ ᠶᠤᠮ ᠂ ᠪᠦᠭᠦᠳᠡ ᠬᠤᠷᠠᠯ ᠠᠴᠠ ᠪᠠᠲᠤᠯᠠᠭᠰᠠᠨ ︽ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ ︾ | ︵ ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ ︶ ᠳᠤ ᠪᠠᠶᠢᠷᠢᠯᠠᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠨᠢᠭᠡ ᠪᠦᠷᠢ ᠶᠢ ᠴᠥᠮ ᠠᠯᠤᠰ ᠭᠡᠲᠦ ᠠᠴᠠ | ᠪᠣᠳᠣᠯᠬᠢᠯᠠᠭᠰᠠᠨ ᠶᠤᠮ ᠃ ᠪᠢᠳᠡ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠰᠤᠷᠤᠯᠴᠠᠬᠰᠠᠨ ᠰᠠᠭᠤᠷᠢᠨ ᠳᠡᠭᠡᠷ᠎ᠡ ᠂ ᠵᠠᠩᠭᠢᠯᠠᠭ᠎ᠠ ᠶᠢᠨ ᠴᠢᠨᠠᠷᠲᠠᠢ ᠂ | ᠬᠥᠲᠥᠯᠥᠨ ᠳᠠᠭᠠᠭᠤᠯᠬᠤ ᠴᠢᠨᠠᠷᠲᠠᠢ ᠠᠭᠤᠯᠭ᠎ᠠ ᠶᠢ ᠣᠶᠢᠯᠠᠭᠠᠵᠤ ᠡᠵᠡᠮᠰᠢᠬᠦ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠶᠡᠷᠦᠩᠬᠡᠢ ᠱᠦᠵᠢ ᠰᠢ ᠶᠢᠨ ᠫᠢᠩ | ᠪᠣᠯᠣᠨ ᠨᠠᠮ ᠤᠨ ᠲᠥᠪ ᠬᠤᠷᠢᠶ᠎ᠠ ᠶᠢᠨ ᠴᠢᠬᠤᠯᠠ ᠱᠠᠭᠠᠷᠳᠠᠯᠭ᠎ᠠ ᠶᠣᠰᠣᠭᠠᠷ ᠥᠭᠡᠷᠡᠴᠢᠯᠡᠯᠲᠡ ᠶᠢ ᠤᠬᠠᠮᠰᠠᠷ ᠠᠴᠠ ᠪᠠᠨ ᠲᠥᠯᠥᠪᠵᠢᠭᠦᠯᠵᠦ ᠠᠬᠢᠭᠤᠯᠤᠨ᠎ᠠ ᠃ | ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ ᠂ ᠰᠢᠨ᠎ᠡ | ᠦᠵᠡᠯᠲᠡ ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠦᠨ᠎ᠡ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ | ᠤᠷᠤᠭᠰᠢᠯᠠᠯᠲᠠ ᠶᠢᠨ ᠵᠠᠮ ᠳᠡᠭᠡᠷᠡᠬᠢ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠤᠨ ᠡᠮᠦᠨ᠎ᠡ ᠂ ᠶᠡᠷᠦᠩᠬᠡᠢ ᠱᠦᠵᠢ ᠰᠢ ᠶᠢᠨ ᠫᠢᠩ | ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ ᠤᠨ | ᠠᠴᠢ ᠬᠤᠯᠪᠣᠭᠳᠠᠯ ᠲᠠᠢ ᠠᠭᠤᠤ ᠶᠡᠭᠡ ᠬᠤᠪᠢᠰᠤᠯᠲᠠ ᠶᠢ ᠥᠷᠨᠢᠭᠦᠯᠵᠦ ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯ ᠮᠠᠨᠳᠤᠯ ᠳᠤ ᠪᠠᠲᠤ ᠪᠠᠬᠢ ᠰᠠᠭᠤᠷᠢ | ᠲᠠᠯᠪᠢᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠢᠵᠠᠭᠠᠯᠠᠰᠢ ᠦᠭᠡᠢ ᠭᠡᠭᠡᠨ ᠰᠠᠷᠠᠭᠤᠯ ᠢᠷᠡᠭᠡᠳᠦᠢ ᠢᠯᠡᠷᠡᠵᠦ ᠂ | ᠬᠤᠷᠢᠭᠯᠠᠭᠳᠠᠰᠢ ᠦᠭᠡᠢ ᠲᠡᠦᠬᠡ ᠶᠢᠨ ᠠᠬᠢᠴᠠ ᠳᠤ ᠣᠷᠣᠪᠠ ᠃ ᠡᠨᠡ ᠬᠦ ᠶᠠᠪᠤᠴᠠ ᠳᠤ ᠂ ᠶᠡᠷᠦᠩᠬᠡᠢ ᠱᠦᠵᠢ ᠰᠢ ᠶᠢᠨ ᠫᠢᠩ ᠠᠯᠢ ᠣᠯᠠᠨ ᠰᠢᠨ᠎ᠡ ᠦᠵᠡᠯ ᠰᠠᠨᠠᠭ᠎ᠠ ᠂ | ᠰᠢᠨ᠎ᠡ ᠦᠵᠡᠯᠲᠡ ᠂ ᠰᠢᠨ᠎ᠡ ᠨᠤᠲᠠᠯᠠᠯᠲᠠ ᠶᠢ ᠪᠦᠲᠦᠭᠡᠯᠴᠢ ᠪᠠᠷ ᠳᠤᠷᠠᠳᠴᠤ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠪᠠᠶᠢᠷᠢ | ᠰᠠᠭᠤᠷᠢ ᠂ ᠤᠯᠤᠰ ᠲᠥᠷᠥ ᠶᠢᠨ ᠴᠢᠭᠯᠡᠯ ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠂ ᠬᠠᠷᠠᠯᠲᠠ ᠡᠭᠦᠷᠭᠡ ᠂ ᠥᠷᠲᠡᠭ ᠤᠨ ᠬᠠᠨᠳᠤᠰᠢ ᠪᠠ ᠠᠷᠭ᠎ᠠ ᠶᠢᠨ | ᠣᠨᠣᠯ ᠵᠡᠷᠭᠡ ᠶᠢᠨ ᠲᠤᠬᠠᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠳᠤ ᠶᠠᠮᠠᠷ ᠲᠤᠭ ᠢ ᠮᠠᠨᠳᠤᠭᠤᠯᠬᠤ ᠂ ᠶᠠᠮᠠᠷ | ᠵᠠᠮ ᠢᠶᠠᠷ ᠵᠠᠮᠨᠠᠬᠤ ᠪᠠ ᠶᠠᠭᠤ ᠶᠢ ᠥᠭᠡᠷᠡᠴᠢᠯᠡᠬᠦ ᠂ ᠬᠡᠷᠬᠢᠨ ᠥᠭᠡᠷᠡᠴᠢᠯᠡᠬᠦ ᠵᠡᠷᠭᠡ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ | ᠤᠬᠠᠭᠠᠨᠴᠢ ᠬᠠᠷᠢᠭᠤᠯᠲᠠ ᠥᠭᠴᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠥᠭᠡᠷᠡᠴᠢᠯᠡᠯᠲᠡ ᠶᠢᠨ ᠣᠨᠣᠯ ᠢ ᠰᠢᠨ᠎ᠡ ᠥᠨᠳᠥᠷᠴᠡ ᠳᠤ | ᠬᠦᠷᠭᠡᠪᠡ ᠃ ᠡᠳᠡᠭᠡᠷ ᠰᠢᠨ᠎ᠡ ᠦᠵᠡᠯ ᠰᠠᠨᠠᠭ᠎ᠠ ᠂ ᠰᠢᠨ᠎ᠡ ᠦᠵᠡᠯᠲᠡ ᠂ ᠰᠢᠨ᠎ᠡ ᠨᠤᠲᠠᠯᠠᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠬᠦ ᠴᠢᠬᠤᠯᠠ ᠲᠠᠢ ᠦᠨᠳᠦᠰᠦᠨ ᠵᠢᠷᠤᠮᠯᠠᠯ ᠮᠥᠨ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ ᠂ ᠰᠢᠨ᠎ᠡ ᠦᠵᠡᠯᠲᠡ ᠂ ᠰᠢᠨ᠎ᠡ ᠨᠤᠲᠠᠯᠠᠯᠲᠠ ᠶᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠳᠤ | ᠣᠷᠣᠭᠤᠯᠵᠤ ᠣᠶᠢᠯᠠᠭᠠᠨ ᠡᠵᠡᠮᠰᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠪᠠᠶᠢᠯᠳᠤᠬᠤ ᠪᠣᠳᠣᠯᠭ᠎ᠠ ᠶᠢᠨ ᠦᠵᠡᠯ | ᠰᠠᠨᠠᠭ᠎ᠠ ᠶᠢ ᠭᠦᠨᠵᠡᠭᠡᠢ ᠣᠶᠢᠯᠠᠭᠠᠨ ᠂ ᠲᠡᠭᠦᠨ ᠳᠤ ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠢ ᠣᠶᠢᠯᠠᠭᠠᠵᠤ ᠂ | ᠡᠭᠦᠨ ᠢᠶᠠᠷ ᠥᠪᠥᠷ ᠮᠣᠩᠭᠤᠯ ᠤᠨ ᠥᠭᠡᠷᠡᠴᠢᠯᠡᠯᠲᠡ ᠶᠢᠨ ᠦᠢᠯᠡᠳᠦᠯᠭᠡ ᠶᠢ ᠵᠢᠯᠣᠭᠤᠳᠤᠨ ᠠᠬᠢᠭᠤᠯᠵᠤ ᠂ ᠦᠨᠡᠨ ᠪᠣᠳᠠᠲᠠᠢ ᠥᠭᠡᠷᠡᠴᠢᠯᠡᠯᠲᠡ ᠶᠢᠨ ᠦᠷ᠎ᠡ | ᠪᠦᠲᠦᠮᠵᠢ ᠪᠠᠷ ︽ ᠬᠤᠶᠠᠷ ᠢ ᠲᠣᠭᠲᠠᠭᠠᠭᠰᠠᠨ ︾ ᠢ ᠬᠦᠷᠢᠶᠡᠯᠡᠵᠦ ᠂ ︽ ᠬᠤᠶᠠᠷ ᠢ ᠬᠠᠮᠠᠭᠠᠯᠠᠬᠤ ︾ ᠶᠢ ᠦᠢᠯᠡᠳᠦᠯᠭᠡᠵᠢᠭᠦᠯᠦᠨ᠎ᠡ ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ | ᠲᠥᠯᠥᠪᠵᠢᠭᠦᠯᠵᠦ ᠥᠭᠡᠷᠡᠴᠢᠯᠡᠯᠲᠡ ᠶᠢ ᠠᠳᠬᠤᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠨ᠎ᠠ ᠃ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ | ᠥᠭᠡᠷᠡᠴᠢᠯᠡᠯᠲᠡ ᠶᠢ ᠲᠥᠯᠥᠪᠯᠡᠵᠦ ᠪᠠᠶᠢᠷᠢᠯᠠᠭᠤᠯᠬᠤ ᠪᠣᠯ ᠨᠠᠮ ᠠᠴᠠ ᠥᠭᠡᠷᠡᠴᠢᠯᠡᠯᠲᠡ ᠨᠡᠭᠡᠭᠡᠯᠲᠡ ᠶᠢ ᠤᠳᠤᠷᠢᠳᠤᠭᠰᠠᠨ ᠠᠮᠵᠢᠯᠲᠠ ᠲᠠᠢ ᠲᠤᠷᠰᠢᠯᠭ᠎ᠠ ᠮᠥᠨ ᠃ | ᠮᠠᠨ ᠤ ᠨᠠᠮ ᠤᠨ 100 ᠭᠠᠷᠤᠢ ᠵᠢᠯ ᠤᠨ ᠲᠡᠮᠡᠴᠡᠯ ᠤᠨ ᠥᠩᠭᠡᠷᠡᠯᠲᠡ ᠶᠢ ᠡᠷᠭᠢᠴᠡᠭᠦᠯᠪᠡᠯ ᠂ ᠨᠠᠮ ᠠᠴᠠ ᠠᠷᠠᠳ ᠲᠦᠮᠡᠨ ᠢ ᠳᠠᠭᠠᠭᠤᠯᠤᠨ ᠬᠢᠭᠰᠡᠨ ᠠᠯᠢᠪᠠ | ᠴᠢᠷᠮᠠᠶᠢᠯᠭ᠎ᠠ ᠪᠣᠯ ᠡᠴᠦᠰ ᠲᠡᠭᠡᠨ ᠣᠳᠣᠬᠢᠴᠢᠯᠠᠯᠲᠠ ᠶᠢ ᠪᠡᠶᠡᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ | ᠲᠥᠯᠥᠭᠡ ᠶᠤᠮ ᠃ 40 ᠭᠠᠷᠤᠢ ᠵᠢᠯ ᠤᠨ ᠡᠮᠦᠨ᠎ᠡ ᠠᠴᠠ ᠡᠬᠢᠯᠡᠭᠰᠡᠨ ᠥᠭᠡᠷᠡᠴᠢᠯᠡᠯᠲᠡ ᠨᠡᠭᠡᠭᠡᠯᠲᠡ ᠨᠢ ᠡᠨᠡ ᠬᠦ ᠠᠤᠭ᠎ᠠ ᠬᠠᠷᠠᠯᠲᠠ ᠠᠴᠠ ᠡᠭᠦᠰᠦᠯ ᠲᠠᠢ ᠶᠤᠮ ︔ | ᠤᠳᠤ ᠮᠠᠨ ᠤ ᠨᠠᠮ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ ᠨᠢ ᠮᠥᠨ ᠴᠦ ᠡᠨᠡ ᠬᠦ ᠠᠤᠭ᠎ᠠ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠶᠤᠮ ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ | ᠬᠤᠷᠢᠶᠠᠩᠭᠤᠶᠢᠯᠠᠨ ᠳᠤᠷᠠᠳᠤᠭᠰᠠᠨ ᠪᠥᠭᠡᠳ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ | ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠨᠢ ᠴᠥᠮ ᠡᠳᠡᠭᠡᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ | ᠬᠦᠯᠢᠶᠡᠰᠦᠯᠡᠵᠦ ᠪᠠᠶᠢᠭ᠎ᠠ ᠪᠠᠶᠢᠭᠤᠯᠤᠯ ᠲᠣᠭᠲᠠᠴᠠ ᠶᠢᠨ ᠠᠰᠠᠭᠤᠳᠠᠯ ᠳᠤ ᠬᠠᠨᠳᠤᠭᠤᠯᠤᠭᠰᠠᠨ ᠶᠤᠮ ᠃ ᠪᠢᠳᠡ ᠨᠠᠮ ᠤᠨ ᠲᠥᠪ ᠬᠤᠷᠢᠶ᠎ᠠ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠣᠳᠣᠬᠢᠴᠢᠯᠠᠯᠲᠠ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠪᠣᠳᠣᠯᠬᠢᠯᠠᠯ ᠢ ᠭᠦᠨᠵᠡᠭᠡᠢ ᠣᠶᠢᠯᠠᠭᠠᠨ ᠡᠵᠡᠮᠰᠢᠵᠦ ᠂ ᠡᠨᠡ ᠬᠦ ᠭᠤᠣᠯ ᠰᠡᠳᠦᠪ ᠤᠨ ᠲᠣᠭᠤᠷᠢᠨ ᠳᠤ ᠠᠵᠢᠯ ᠢᠶᠠᠨ | ᠥᠷᠨᠢᠭᠦᠯᠵᠦ ᠂ ᠬᠡᠷᠬᠢᠪᠡᠯ ᠬᠥᠭᠵᠢᠯᠲᠡ ᠳᠤ ᠠᠰᠢᠭᠲᠠᠢ ᠂ ᠠᠷᠠᠳ ᠲᠦᠮᠡᠨ ᠢ ᠰᠠᠶᠢᠨ ᠠᠮᠢᠳᠤᠷᠠᠭᠤᠯᠬᠤ ᠳᠤ ᠠᠰᠢᠭᠲᠠᠢ ᠪᠣᠯ ᠲᠡᠷᠡ ᠶᠠᠩᠵᠤ ᠪᠠᠷ ᠬᠢᠵᠦ ᠂ ᠶᠠᠭᠤ | ᠬᠥᠭᠵᠢᠯᠲᠡ ᠳᠤ ᠠᠰᠢᠭ ᠦᠭᠡᠢ ᠂ ᠠᠷᠠᠳ ᠲᠦᠮᠡᠨ ᠢ ᠰᠠᠶᠢᠨ ᠠᠮᠢᠳᠤᠷᠠᠭᠤᠯᠬᠤ ᠳᠤ ᠠᠰᠢᠭ ᠦᠭᠡᠢ ᠪᠣᠯ ᠲᠡᠭᠦᠨ ᠳᠤ ᠥᠭᠡᠷᠡᠴᠢᠯᠡᠯᠲᠡ ᠬᠢᠵᠦ ᠂ ᠪᠦᠭᠦ ᠣᠷᠣᠨ ᠤ | 2400 ᠲᠦᠮᠡᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ ᠵᠣᠷᠢᠭ ᠢ ᠦᠨᠡᠨ ᠬᠦ ᠭᠦᠢᠴᠡᠳ ᠳᠠᠶᠢᠴᠢᠯᠠᠵᠤ ᠂ ᠰᠡᠳᠬᠢᠯ ᠨᠢᠭᠡᠳᠦᠨ ᠴᠢᠷᠮᠠᠶᠢᠨ | ᠠᠵᠢᠯᠯᠠᠵᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠨ᠎ᠡ ᠃ | ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠵᠤ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠨᠠᠷᠢᠯᠢᠭ | ᠨᠠᠶᠢᠳᠠᠪᠤᠷᠢᠵᠢᠭᠤᠯᠤᠨ᠎ᠠ ᠃ ︽ ᠲᠣᠭᠲᠠᠭᠠᠯ ︾ ᠳᠤ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ | ᠲᠡᠭᠦᠯᠳᠡᠷᠵᠢᠭᠦᠯᠦᠨ ᠬᠥᠭᠵᠢᠭᠦᠯᠵᠦ ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ︾ ᠶᠡᠷᠦᠩᠬᠡᠢ ᠬᠠᠷᠠᠯᠲᠠ ᠶᠢᠨ | ᠲᠣᠭᠤᠷᠢᠨ ᠳᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠵᠢᠷᠤᠭ ᠲᠥᠰᠥᠪ ᠂ ᠰᠢᠨ᠎ᠡ ᠬᠦᠰᠡᠯ ᠡᠷᠡᠮᠡᠯᠵᠡᠯ ᠢ | ᠰᠢᠰᠲ᠋ᠧᠮ ᠲᠠᠢ ᠲᠥᠯᠥᠪᠯᠡᠪᠡ ᠃ ᠵᠢᠯᠤᠭᠤᠳᠬᠤ ᠵᠠᠷᠴᠢᠮ ᠤᠨ ᠲᠠᠯ᠎ᠠ ᠪᠠᠷ ᠂ ᠮᠠᠨ ᠤ ᠨᠠᠮ ᠤᠨ ᠥᠭᠡᠷᠡᠴᠢᠯᠡᠯᠲᠡ ᠶᠢᠨ ᠲᠤᠬᠠᠢ ᠵᠢᠮ᠎ᠡ ᠶᠣᠰᠣᠴᠢ ᠴᠢᠨᠠᠷᠲᠠᠢ | ᠲᠠᠨᠢᠯᠲᠠ ᠶᠢᠨ ᠴᠢᠬᠤᠯᠠ ᠶᠡᠭᠡ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ ᠬᠤᠷᠢᠶᠠᠩᠭᠤᠶᠢᠯᠠᠵᠤ ᠂ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ | ᠵᠠᠷᠴᠢᠮ ᠢ ᠲᠣᠳᠣᠷᠬᠠᠢ ᠳᠤᠷᠠᠳᠪᠠ ︔ ᠡᠭᠦᠷᠭᠡ ᠠᠷᠭ᠎ᠠ ᠬᠡᠮᠵᠢᠶ᠎ᠡ ᠶᠢᠨ ᠲᠠᠯ᠎ᠠ ᠪᠠᠷ ᠂ 300 ᠭᠠᠷᠤᠢ ᠵᠦᠢᠯ ᠤᠨ ᠲᠤᠯᠭᠠᠭᠤᠷᠢᠯᠠᠬᠤ ᠴᠢᠨᠠᠷᠲᠠᠢ ᠂ ᠬᠥᠲᠥᠯᠥᠨ | ᠳᠠᠭᠠᠭᠤᠯᠬᠤ ᠴᠢᠨᠠᠷᠲᠠᠢ ᠂ ᠵᠣᠬᠢᠴᠠᠩᠭᠤᠢ ᠴᠢᠨᠠᠷᠲᠠᠢ ᠂ ᠪᠠᠷᠠᠯᠠᠯᠳᠤ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢ ᠪᠠᠶᠢᠷᠢᠯᠠᠭᠤᠯᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠦᠭᠦᠨ ᠢ ᠬᠠᠮᠤᠷᠪᠠ ︔ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠠᠯ᠎ᠠ ᠪᠠᠷ ᠂ ᠪᠦᠭᠦ ᠨᠠᠮ ᠤᠨ | ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠬᠢᠭᠤᠯᠬᠤ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠳᠠᠶᠢᠴᠢᠯᠠᠬᠤ ᠪᠠᠷ ᠬᠦᠴᠦᠯᠡᠬᠦ ᠴᠡᠭ | ᠪᠤᠯᠭᠠᠵᠤ ᠂ ᠨᠠᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠤᠳᠤᠷᠢᠳᠬᠤ ᠲᠦᠪᠰᠢᠨ ᠢ ᠳᠡᠭᠡᠭᠰᠢᠯᠡᠭᠦᠯᠭᠦ ᠳᠤ ᠲᠤᠰᠬᠠᠢ ᠪᠠᠶᠢᠷᠢᠯᠠᠭᠤᠯᠤᠯᠲᠠ ᠬᠢᠵᠡᠢ ᠃ ᠡᠳᠡᠭᠡᠷ ᠦᠵᠦ ᠲᠥᠯᠥᠪᠯᠡᠭᠡ ᠪᠣᠯᠣᠨ ᠶᠡᠷᠦᠩᠬᠡᠢ | ᠲᠥᠯᠦᠪᠵᠢᠭᠦᠯᠭᠡ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠠᠭ ᠤᠨ ᠬᠦᠰᠦᠨᠦᠭᠲᠦ ᠂ ᠵᠠᠮ ᠱᠤᠭᠤᠮ ᠤᠨ ᠵᠢᠷᠤᠭ ᠂ | ᠡᠭᠦᠷᠭᠡ ᠶᠢᠨ ᠪᠢᠴᠢᠭ ᠢ ᠵᠢᠷᠤᠭᠯᠠᠵᠠᠢ ᠃ ᠪᠢᠳᠡ ᠡᠷᠬᠡᠪᠰᠢ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ᠳᠡᠭᠡᠷ᠎ᠡ ᠬᠦᠴᠦ ᠲᠠᠯᠪᠢᠵᠤ ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢᠭᠡ ᠪᠦᠷᠢ ᠶᠢᠨ ᠠᠬᠤᠢ ᠪᠠᠶᠢᠳᠠᠯ ᠪᠠ ᠪᠠᠶᠢᠷᠢ ᠲᠣᠭᠲᠠᠭᠠᠯᠲᠠ ᠂ ᠴᠢᠭᠯᠡᠯ ᠪᠠ ᠠᠭᠤᠯᠬᠤᠨ ᠢ ᠣᠨᠣᠪᠴᠢᠲᠠᠶ ᠣᠶᠢᠯᠠᠭᠠᠵᠤ ᠂ | ︽ᠲᠣᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ︾ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠵᠦ ᠂ ᠪᠡᠯᠭᠡ ᠲᠡᠮᠳᠡᠭ ᠤᠨ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠠᠯᠲᠠ ᠲᠠᠢ ᠪᠠᠷ ᠠᠬᠢᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ︽ᠶᠡᠭᠡ ᠤᠳᠬ᠎ᠠ ᠰᠠᠨᠠᠭ᠎ᠠ ︾ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠥᠪᠥᠷ ᠮᠣᠩᠭᠤᠯ ᠤᠨ ᠦᠢᠯᠡᠳᠦᠯᠭᠡ ᠶᠢᠨ ︽ᠨᠠᠷᠢᠯᠢᠭ ᠵᠢᠷᠤᠭ ︾ ᠪᠣᠯᠭᠠᠨ ᠬᠤᠪᠢᠷᠠᠭᠤᠯᠤᠨ᠎ᠠ ᠃ | ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠠᠵᠢᠯ ᠢ ᠠᠬᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ᠂ ︽ᠲᠣᠭᠲᠠᠭᠠᠯ︾ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ︽ᠪᠣᠳᠠᠲᠤ ᠪᠠᠶᠢᠳᠠᠯ ᠲᠠᠢ | ᠪᠠᠨ ᠨᠢᠭᠲᠠ ᠤᠶᠠᠯᠳᠤᠭᠤᠯᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︾ | ᠭᠡᠵᠦ ᠴᠢᠬᠤᠯᠠᠴᠢᠯᠠᠪᠠ ᠃ ᠥᠪᠥᠷ ᠮᠣᠩᠭᠤᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠶᠡᠷᠦᠩᠬᠡᠢ ᠱᠦᠵᠢ ᠰᠢ | ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠪᠠᠷ ᠴᠢᠷᠮᠠᠶᠢᠬᠤ ᠲᠠᠢ ᠨᠢᠭᠲᠠ ᠤᠶᠠᠯᠳᠤᠭᠤᠯᠤᠨ ᠥᠷᠨᠢᠭᠦᠯᠵᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠪᠣᠭᠤᠮᠲᠠ ᠰᠢᠪᠲᠤᠯᠤᠨ ᠬᠠᠷᠰᠢ | ᠰᠠᠭᠠᠳ ᠢ ᠠᠷᠢᠯᠭᠠᠨ᠎ᠠ ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ | ᠲᠤᠭᠤᠰᠢᠯᠠᠭᠤᠯᠤᠨ᠎ᠠ ᠃ 2023 ᠣᠨ ᠤ 6 ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ︽ᠮᠥᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ | ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠵᠦ ᠳᠤᠷᠠᠳᠪᠠ ᠃ ᠵᠢᠯ ᠭᠠᠷᠤᠢ ᠶᠢᠨ ᠲᠤᠷᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ 28 | ᠵᠤᠷᠪᠤᠰ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ ᠬᠡᠷᠡᠭᠵᠢᠭᠦᠯᠵᠦ ᠂ ᠲᠣᠭᠲᠠᠴᠠ ᠶᠢᠨ ᠲᠠᠯ᠎ᠠ ᠪᠠᠷ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠡᠯ᠎ᠡ ᠲᠠᠯ᠎ᠠ ᠶᠢᠨ | ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ ᠃ ᠪᠢᠳᠠ ᠡᠨᠡ ᠬᠦ ᠠᠵᠢᠯ ᠤᠨ ᠭᠤᠣᠯ ᠰᠢᠵᠢᠮ ᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠦᠭᠦ ᠶᠠᠪᠤᠴᠠ ᠳᠤ ᠲᠤᠭᠤᠰᠢᠯᠠᠭᠤᠯᠵᠤ ᠂ ︽ᠤᠶᠠᠯᠳᠤᠭᠤᠯᠬᠤ︾ ᠪᠠ ︽ᠠᠭᠤᠰᠤᠯᠴᠠᠭᠤᠯᠬᠤ︾ ᠳᠦᠷᠢᠮ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ ᠲᠡᠭᠦᠯᠳᠡᠷᠵᠢᠭᠦᠯᠵᠦ ᠂ ᠡᠭᠦᠷᠭᠡ ᠲᠣᠳᠣᠷᠬᠠᠢ ᠂ ᠠᠷᠭ᠎ᠠ ᠬᠡᠮᠵᠢᠶ᠎ᠡ ᠪᠣᠳᠠᠲᠠᠢ ᠶᠢ ᠡᠷᠬᠢᠮᠯᠡᠭᠰᠡᠨ ᠂ ᠪᠦᠷᠢᠨ ᠪᠦᠲᠦᠨ ᠪᠢᠲᠡᠭᠦᠦ ᠭᠤᠭᠴᠣᠭᠠᠲᠤ ᠂ | ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠲᠦᠷᠭᠡᠳᠬᠡᠨ ᠪᠦᠷᠢᠯᠳᠦᠭᠦᠯᠵᠦ ᠂ ︽ᠭᠤᠷᠪᠠᠨ ᠰᠠᠯᠵᠤ ᠴᠢᠳᠠᠬᠤ ᠦᠭᠡᠢ︾ ᠂ ︽ | ᠲᠦᠷᠪᠡᠨ ᠬᠠᠮᠲᠤᠳᠬᠠᠬᠤ ︾ ᠂ ︽ᠲᠠᠪᠤᠨ ᠬᠠᠮᠲᠤ ᠶᠢᠨ ᠲᠠᠨᠢᠯᠲᠠ︾ ᠂ ︽ᠲᠠᠪᠤᠨ ᠦᠵᠡᠯᠲᠡ︾ ᠵᠢᠴᠢ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ ︾ ᠵᠡᠷᠭᠡ | ᠣᠶᠢᠯᠠᠭᠠᠭᠳᠠᠬᠤᠨ ᠤ ᠱᠠᠭᠠᠷᠳᠠᠯᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠢᠯᠡ ᠠᠵᠢᠯᠯᠠᠭ᠎ᠠ ᠪᠠ ᠰᠡᠳᠬᠢᠴᠡ ᠳᠤ ᠨᠡᠩ ᠰᠠᠶᠢᠲᠤᠷ | ᠠᠭᠤᠰᠬᠠᠨ ᠣᠷᠣᠭᠤᠯᠤᠨ᠎ᠠ ᠃ ᠶᠡᠭᠡ ᠲᠠᠯ᠎ᠠ ᠠᠴᠠ ᠪᠣᠳᠣᠯᠬᠢᠯᠠᠨ ᠂ ᠪᠠᠭ᠎ᠠ ᠶᠠᠪᠤᠳᠠᠯ ᠠᠴᠠ ᠭᠠᠷᠳᠠᠵᠤ ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ | ᠵᠢᠯᠤᠭᠤᠳᠴᠤ ᠳᠦᠷᠪᠡᠨ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠨ᠎ᠠ ᠄ ᠨᠢᠭᠡ ᠳᠤ ᠬᠠᠮᠲᠤ ᠨᠠᠶᠢᠳᠠ ᠶᠢᠨ ᠤᠬᠠᠮᠰᠠᠷ ᠢ ᠪᠤᠢ ᠪᠣᠯᠭᠠᠨ᠎ᠠ ᠃ ᠨᠡᠶᠢᠲᠡᠴᠢ ᠦᠵᠡᠯ ᠤᠨ | ᠬᠥᠮᠦᠵᠢᠯ ᠢ ᠭᠦᠨᠵᠡᠭᠡᠶᠢᠷᠡᠭᠦᠯᠵᠦ ᠂ ᠬᠥᠮᠥᠨ ᠪᠠ ᠤᠴᠢᠷ ᠶᠠᠪᠤᠳᠠᠯ ᠳᠤ ᠵᠣᠬᠢᠴᠠᠭᠤᠯᠤᠨ ᠤᠷᠮᠠᠰᠢᠭᠤᠯᠤᠨ ᠵᠣᠷᠢᠭᠵᠢᠭᠤᠯᠬᠤ ᠂ ᠳᠦᠷᠢᠮ ᠲᠣᠭᠲᠠᠭᠠᠯ ᠠᠷᠭ᠎ᠠ ᠬᠡᠮᠵᠢᠶ᠎ᠡ | ᠰᠤᠳᠤᠯᠤᠨ ᠲᠣᠭᠲᠠᠭᠠᠵᠤ ᠂ ᠬᠥᠮᠥᠰ ᠢ ᠬᠥᠲᠥᠯᠥᠨ ᠵᠢᠯᠤᠭᠤᠳᠴᠤ ︽ ᠬᠥᠮᠥᠨ ᠪᠦᠭᠦᠨ ᠮᠢᠨᠤ ᠲᠥᠯᠥᠭᠡ ᠂ ᠪᠢ ᠬᠥᠮᠥᠨ ᠪᠦᠭᠦᠨ ᠤ ᠲᠥᠯᠥᠭᠡ ᠪᠠᠶᠢᠬᠤ︾ ᠪᠠ ︽ | ᠬᠠᠮᠲᠤ ᠨᠠᠶᠢᠳᠠ ᠰᠠᠶᠢᠨ ᠪᠣᠯ ᠬᠤᠪᠢ ᠬᠥᠮᠥᠨ ᠰᠠᠶ᠋ᠢ ᠨᠠᠩ ᠰᠠᠶᠢᠨ ᠪᠠᠶᠢᠬᠤ ︾ ᠣᠶᠢᠯᠠᠭᠠᠭᠳᠠᠬᠤᠨ ᠢ ᠪᠤᠶ ᠪᠤᠯᠭᠠᠵᠤ ᠂ ᠤᠬᠠᠮᠰᠠᠷ ᠠᠴᠠ ᠪᠠᠨ ᠨᠡᠶᠢᠲᠡ ᠶᠢᠨ ᠡᠳ᠋ | ᠪᠣᠳᠠᠰ ᠢ ᠬᠠᠶᠢᠷᠠᠯᠠᠨ ᠬᠠᠮᠠᠭᠠᠯᠠᠵᠤ ᠂ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ ᠂ ᠤᠴᠢᠷ ᠶᠠᠪᠤᠳᠠᠯ ᠪᠠᠶᠢᠪᠠᠯ ᠬᠠᠮᠲᠤ ᠪᠠᠷ ᠬᠢᠵᠦ ᠂ ᠬᠦᠴᠢᠷ ᠪᠠᠶᠢᠪᠠᠯ | ᠬᠠᠮᠲᠤ ᠪᠠᠷ ᠡᠭᠦᠷᠭᠡᠯᠡᠵᠦ ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠪᠣᠯᠭᠠᠨ᠎ᠠ ᠃ ᠬᠤᠶᠠᠷ ᠲᠤ ᠡᠵᠡᠨ ᠬᠥᠮᠥᠨ ᠤ ᠤᠬᠠᠮᠰᠠᠷ ᠢ ᠪᠤᠢ ᠪᠣᠯᠭᠠᠨ᠎ᠠ ᠃ ᠳᠦᠷᠢᠮ | ᠲᠣᠭᠲᠠᠭᠠᠯ ᠲᠣᠭᠲᠠᠭᠠᠬᠤ ᠪᠠᠷ ᠳᠠᠮᠵᠢᠨ ᠨᠡᠶᠢᠭᠡᠮ ᠤᠨ ᠡᠯ᠎ᠡ ᠡᠲᠡᠭᠡᠳ ᠂ ᠡᠯ᠎ᠡ ᠲᠥᠷᠥᠯ ᠤᠨ ᠬᠥᠮᠥᠰ ᠤᠨ ︽ᠡᠵᠡᠨ ᠰᠠᠭᠤᠵᠤ ᠡᠷᠬᠡ ᠮᠡᠳᠡᠬᠦ︾ ᠢᠷᠠᠭᠤ ᠠᠯᠳᠠᠷᠲᠤ | ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠬᠤ ᠶᠢ ᠠᠬᠢᠭᠤᠯᠵᠤ ᠂ ᠥᠪᠥᠷ ᠮᠣᠩᠭᠤᠯ ᠤᠨ ᠬᠥᠭᠵᠢᠯᠲᠡ ᠶᠢ ᠥᠪᠡᠷ ᠤᠨ ᠶᠠᠪᠤᠳᠠᠯ ᠢᠶᠠᠨ ᠪᠤᠯᠭᠠᠵᠤ ᠂ | ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ ᠂ ᠭᠦᠢᠴᠡᠳᠬᠡᠪᠡᠰᠦ ᠵᠣᠬᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ ᠂ ᠵᠢᠷᠤᠮᠵᠢᠭᠤᠯᠪᠠᠰᠤ ᠵᠣᠬᠢᠬᠤ | ᠦᠢᠯᠡ ᠠᠵᠢᠯᠯᠠᠭ᠎ᠠ ᠶᠢ ᠲᠤᠭᠤᠰᠢᠲᠠᠢ ᠵᠢᠷᠤᠮᠵᠢᠭᠤᠯᠵᠤ ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠢᠳᠡᠪᠬᠢᠲᠡᠢ | ᠣᠷᠣᠯᠴᠠᠭᠤᠯᠤᠨ᠎ᠠ ᠃ ᠭᠤᠷᠪᠠ ᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠢ ᠪᠤᠢ ᠪᠣᠯᠭᠠᠨ᠎ᠠ ᠃ ᠤᠮᠠᠷᠠᠲᠤ ᠬᠢᠯᠢ ᠶᠢᠨ ᠰᠣᠶᠣᠯ ᠢ | ᠪᠠᠶᠢᠭᠤᠯᠬᠤ ᠲᠠᠢ ᠤᠶᠠᠯᠳᠤᠭᠤᠯᠵᠤ ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠪᠠᠷ ᠶᠠᠪᠤᠵᠤ ᠥᠩᠭᠡᠷᠡᠭᠰᠡᠨ ᠂ | ᠬᠠᠮᠲᠤ ᠪᠠᠷ ᠶᠠᠪᠤᠵᠤ ᠢᠷᠡᠭᠰᠡᠨ ᠂ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠦᠯᠢᠭᠡᠷ ᠢ ᠰᠠᠶᠢᠲᠤᠷ ᠶᠠᠷᠢᠵᠤ ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠡᠶ᠎ᠡ ᠨᠠᠶᠢᠷᠲᠠᠢ ᠬᠠᠮᠲᠤ ᠣᠷᠣᠰᠢᠵᠤ ᠂ ᠬᠠᠷᠢᠯᠴᠠᠨ ᠬᠠᠪᠰᠤᠷᠤᠯᠴᠠᠭᠰᠠᠨ ᠪᠣᠳᠠᠲᠤ ᠵᠢᠱᠢᠶ᠎ᠡ ᠶᠢ ᠰᠠᠶᠢᠲᠤᠷ ᠤᠬᠠᠭᠤᠯᠵᠤ ᠂ ᠣᠷᠣᠨ ᠳᠠᠶᠠᠭᠠᠷ ᠢᠶᠠᠨ ᠳᠡᠭᠡᠷ᠎ᠡ | ᠳᠣᠣᠷ᠎ᠠ ᠱᠠᠲᠤ ᠪᠠᠷ ᠢᠶᠠᠨ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ | ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠨ᠎ᠡ ᠃ ᠳᠥᠷᠪᠡ ᠳᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠤᠢ ᠪᠣᠯᠭᠠᠨ᠎ᠠ ᠃ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠨ ᠱᠠᠭᠠᠷᠳᠠᠯᠭ᠎ᠠ ᠮᠥᠨ ᠃ ᠪᠢᠳᠡ ︽ ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ | ᠤᠴᠢᠷ︾ ᠤᠨ ᠲᠡᠦᠬᠡᠨ ᠮᠠᠲ᠋ᠧᠷᠢᠶᠠᠯ ᠢ ᠠᠭᠤᠳᠠᠯᠤᠨ ᠡᠮᠬᠢᠳᠬᠡᠬᠦ ᠪᠠ ᠤᠬᠠᠭᠤᠯᠤᠨ ᠲᠠᠶᠢᠯᠪᠤᠷᠢᠯᠠᠬᠤ ᠲᠣᠭᠲᠠᠴᠠ ᠶᠢ ᠪᠦᠷᠢᠨᠰᠢᠭᠦᠯᠵᠦ ᠂ ︽ᠨᠠᠮ ᠤᠨ ᠠᠴᠢ ᠳᠤ | ᠲᠠᠯᠠᠷᠬᠠᠬᠤ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠨᠠᠮ ᠪᠠ ᠵᠠᠰᠠᠭ ᠤᠨ | ᠣᠷᠳᠣᠨ ᠤ ᠣᠯᠠᠨ ᠲᠦᠮᠡᠨ ᠳᠤ ᠵᠣᠯ ᠵᠢᠷᠭᠠᠯ ᠣᠯᠭᠤᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠂ ᠣᠯᠣᠭᠰᠠᠨ ᠠᠮᠵᠢᠯᠲᠠ ᠪᠦᠲᠦᠮᠵᠢ ᠶᠢ ᠲᠣᠳᠣᠷᠬᠠᠢ ᠶᠠᠷᠢᠵᠤ | ᠥᠭᠭᠦᠨ ᠂ ᠬᠥᠮᠥᠰ ᠤᠨ ᠨᠠᠮ ᠤᠨ ᠠᠴᠢ ᠶᠢ ᠨᠡᠩ ᠦᠨᠡᠨ ᠰᠡᠳᠬᠢᠯ ᠠᠴᠠ ᠪᠠᠨ ᠮᠡᠳᠡᠵᠦ ᠂ ᠨᠠᠮ ᠤᠨ ᠰᠠᠶᠢᠨ ᠢ ᠳᠤᠷᠠᠰᠬᠤ ᠶᠢ ᠬᠥᠲᠥᠯᠥᠨ ᠵᠢᠯᠣᠭᠤᠳᠤᠨ᠎ᠠ ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠴᠢᠷᠮᠠᠶᠢᠨ ᠨᠡᠭᠡᠭᠡᠪᠡ ᠃ 2023 ᠣᠨ ᠳᠤ ᠂ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠂ ᠥᠪᠥᠷ ᠮᠣᠩᠭᠤᠯ ᠳᠤ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ︾ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠣᠯᠭᠤᠪᠠ ᠃ ᠥᠪᠥᠷ ᠮᠣᠩᠭᠤᠯ | ᠤᠯᠤᠰ ᠤᠨ ᠠᠮᠢ ᠠᠬᠤᠢ ᠂ ᠡᠨᠧᠷᠭᠢ ᠂ ᠠᠮᠤ ᠪᠤᠳᠠᠭ᠎ᠠ ᠂ ᠠᠵᠤ ᠦᠢᠯᠡᠰ ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠲᠤᠰᠢᠶᠠᠯ | ᠬᠠᠷᠢᠭᠤᠴᠠᠯᠭ᠎ᠠ ᠶᠢ ᠡᠭᠦᠷᠭᠡᠯᠡᠵᠦ ᠪᠤᠶ ᠂ ᠡᠨᠡ ᠬᠦ ︽ᠲᠠᠪᠤᠨ ᠠᠮᠤᠷ ᠲᠦᠪᠰᠢᠨ︾ ᠢ ᠬᠠᠮᠠᠭᠠᠯᠠᠬᠤ ᠨᠢ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠲᠠᠯ᠎ᠠ ᠪᠠᠷ ᠴᠢᠷᠮᠠᠶᠢᠨ ᠲᠡᠮᠡᠴᠡᠬᠦ ᠶᠠᠪᠤᠳᠠᠯ ᠪᠣᠯᠣᠨ᠎ᠠ ᠂ ᠡᠨᠡ ᠪᠣᠯ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ | ᠳᠤᠮᠳᠠ ᠡᠷᠬᠡᠪᠰᠢ ᠡᠭᠦᠷᠭᠡᠯᠡᠬᠦ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠣᠨ᠎ᠠ ᠃ ᠪᠢᠳᠡ ᠵᠠᠪᠠᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ ᠰᠠᠨᠠᠭᠠᠴᠢᠯᠠᠭ᠎ᠠ ᠠᠴᠠ ᠪᠠᠨ ︽ | ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠤᠨᠤᠪᠴᠢᠳᠠᠢ ᠲᠠᠨᠢᠵᠤ ︾ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠣᠷᠢᠭᠲᠠᠢ ᠲᠤᠷᠰᠢᠵᠤ ᠂ ᠵᠣᠷᠢᠭᠲᠠᠢ ᠬᠢᠬᠦ | ᠬᠡᠷᠡᠭᠲᠡᠢ ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠠ ᠬᠥᠬᠡ ᠣᠭᠲᠠᠷᠭᠤᠢ ᠂ ᠬᠥᠬᠡᠮᠳᠦᠭ ᠤᠰᠤ ᠂ | ᠠᠷᠢᠭᠤᠨ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ ᠂ ᠠᠮᠢ ᠠᠬᠤᠢ ᠶᠢᠨ ᠪᠣᠯᠪᠠᠰᠤᠨ ᠤ ᠰᠠᠭᠤᠷᠢ | ᠪᠠᠶᠢᠭᠤᠯᠤᠯ ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ | ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ ᠂ ᠪᠦᠭᠦ ᠬᠦᠴᠦᠨ ᠵᠦᠢᠯ ᠤᠨ ᠪᠦᠭᠦ ᠲᠠᠯ᠎ᠠ ᠪᠠᠷ | ᠵᠠᠰᠠᠬᠤ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ | ᠲᠠᠯ᠎ᠠ ᠪᠠᠷ ᠂ ᠬᠢᠯᠢ ᠬᠢᠵᠠᠭᠠᠷ ᠢ ᠰᠠᠬᠢᠨ ᠪᠠᠬᠢᠵᠢᠭᠦᠯᠵᠦ ᠮᠠᠨᠳᠤᠭᠤᠯᠬᠤ ᠶᠢ ᠴᠢᠩᠭᠠᠳᠬᠠᠬᠤ ᠪᠠᠷ ᠭᠤᠣᠯᠳᠠᠭᠤᠯᠵᠤ ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠰᠡᠷᠭᠡᠶᠢᠯᠡᠵᠦ ᠂ ᠤᠯᠤᠰ ᠤᠨ ᠠᠮᠤᠷ ᠲᠦᠪᠰᠢᠨ ᠤ ᠰᠢᠰᠲ᠋ᠧᠮ ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠤᠯᠠᠨ ᠨᠡᠶᠢᠲᠡ ᠶᠢᠨ ᠠᠮᠤᠷ | ᠲᠦᠪᠰᠢᠨ ᠤ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠬᠦ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ ᠂ ᠡᠬᠡ ᠤᠯᠤᠰ ᠤᠨ ︽ | ᠤᠮᠠᠷᠠᠲᠤ ᠶᠡᠭᠡ ᠬᠠᠭᠠᠯᠭ᠎ᠠ︾ ᠂ ᠨᠡᠶᠢᠰᠯᠡᠯ ᠤᠨ ︽ ᠬᠠᠮᠠᠭᠠᠯᠠᠯᠲᠠ ᠶᠢᠨ ᠭᠤᠣᠯ︾ ᠢ ᠨᠡᠩ ᠪᠠᠲᠤ ᠪᠠᠬᠢ ᠪᠣᠯᠭᠠᠨ ᠴᠣᠭᠴᠠᠯᠠᠬᠤ ᠪᠠᠷ ᠴᠢᠷᠮᠠᠶᠢᠨ᠎ᠠ ᠃ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠂ ᠬᠠᠩᠭᠠᠯᠭ᠎ᠠ ᠶᠢ ᠨᠡᠩ ᠰᠠᠶᠢᠲᠤᠷ | ᠪᠠᠲᠤᠯᠠᠬᠤ ᠂ ᠡᠨᠧᠷᠭᠢ ᠶᠢᠨ ᠡᠬᠢ ᠪᠠᠶᠠᠯᠢᠭ ᠢ ᠨᠡᠩ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠬᠤ ᠳᠤ ᠰᠠᠭᠤᠷᠢᠯᠠᠨ ᠂ ᠰᠢᠨ᠎ᠡ ᠬᠠᠭᠤᠴᠢᠨ ᠡᠨᠧᠷᠭᠢ ᠶᠢᠨ ᠬᠠᠮ | ᠳᠠᠪᠠᠭᠤᠯᠢᠭ ᠢ ᠪᠠᠳᠠᠷᠠᠭᠤᠯᠬᠤ ᠂ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠢᠨ᠎ᠡ ᠬᠡᠷᠡᠭᠯᠡᠭᠡᠨ ᠤ ᠬᠦᠷᠢᠶ᠎ᠡ ᠶᠢᠨ ᠰᠤᠳᠤᠯᠤᠨ | ᠨᠡᠭᠡᠭᠡᠯᠲᠡ ᠶᠢ ᠴᠢᠩᠭᠠᠳᠬᠠᠬᠤ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠭᠤᠣᠯ ᠬᠡᠰᠡᠭ ᠭᠠᠵᠠᠷ ᠪᠠ ᠵᠠᠩᠭᠢᠯᠠᠭ᠎ᠠ ᠶᠢᠨ ᠠᠵᠤ ᠦᠢᠯᠡᠰ ᠤᠨ ᠪᠡᠯᠡᠳᠬᠡᠯ ᠢ | ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠭᠡᠬᠦ ᠡᠨᠡ | ᠬᠦ ᠶᠡᠭᠡ ᠠᠵᠢᠯ ᠢ ᠦᠨᠡᠨ ᠬᠦ ᠰᠠᠶᠢᠲᠤᠷ ᠬᠢᠨ᠎ᠡ ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠂ ᠮᠠᠯ ᠠᠵᠤ ᠠᠬᠤᠢ ᠲᠠᠷᠢᠶᠠᠯᠠᠩ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠶᠢᠨ | ᠲᠣᠭᠤᠷᠢᠨ ᠳᠤ ᠂ ᠲᠥᠬᠦᠭᠡᠷᠦᠮᠵᠢᠲᠦ ᠲᠠᠷᠢᠶᠠᠯᠠᠩ ᠂ ᠬᠠᠰᠢᠶᠠᠯᠠᠨ ᠲᠡᠵᠢᠭᠡᠵᠦ ᠠᠷᠠᠴᠢᠯᠠᠬᠤ ᠂ ᠬᠦᠷᠢᠶ᠎ᠡ ᠬᠠᠰᠢᠶᠠᠨ ᠤ ᠠᠵᠤ ᠠᠬᠤᠢ ᠪᠣᠯᠣᠨ ᠲᠠᠷᠢᠶᠠᠯᠠᠩ ᠤᠨ | ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ ᠂ | ᠭᠠᠷᠤᠯᠲᠠ ᠶᠢᠨ ᠶᠡᠭᠡ ᠣᠷᠣᠨ ᠠᠴᠠ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠲᠦᠷᠭᠡᠳᠬᠡᠨ᠎ᠡ ᠃ ᠮᠠᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠲᠠᠯ᠎ᠠ ᠪᠠᠷ ᠂ ᠥᠨᠳᠥᠷ ᠲᠦᠪᠰᠢᠨ ᠪᠦᠬᠦᠢ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ | ᠲᠣᠭᠲᠠᠴᠠ ᠶᠢ ᠪᠦᠷᠢᠨᠰᠢᠭᠦᠯᠬᠦ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ ᠂ ᠳᠣᠲᠣᠭᠠᠳᠤ ᠭᠠᠳᠠᠭᠠᠳᠤ ᠬᠤᠯᠪᠤᠭᠠᠯᠠᠨ ᠬᠥᠳᠡᠯᠦᠯᠴᠡᠭᠰᠡᠨ ᠂ | ᠶᠡᠭᠡ ᠪᠠᠷ ᠣᠷᠣᠭᠤᠯᠵᠤ ᠶᠡᠭᠡ ᠪᠠᠷ ᠭᠠᠷᠭᠠᠬᠤ ᠂ ᠤᠯᠠᠨ ᠲᠠᠯᠠᠲᠤ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ ᠃ ᠰᠢᠨ᠎ᠡ ᠵᠠᠮ ᠨᠡᠭᠡᠭᠡᠬᠦ ᠳᠤ | ᠵᠠᠮ ᠰᠦᠪᠡᠭᠴᠢᠯᠡᠵᠦ ᠵᠠᠮ ᠨᠡᠭᠡᠭᠡᠬᠦ ᠪᠥᠭᠡᠳ ᠪᠠᠰᠠ ︽ ᠮᠤᠬᠤᠷ ᠵᠠᠮ ︾ ᠢ ᠨᠡᠪᠲᠡᠷᠡᠭᠦᠯᠬᠦ ᠬᠡᠷᠡᠭᠲᠡᠢ ᠂ ᠪᠢᠳᠡ ᠠᠵᠤ ᠦᠢᠯᠡᠰ ᠤᠨ ︽ ᠳᠦᠷᠪᠡᠨ ᠤᠯᠠᠨ ᠳᠦᠷᠪᠡᠨ | ᠴᠥᠭᠡᠨ ︾ ᠂ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠲᠠᠯ᠎ᠠ ᠪᠠᠷ ᠬᠦᠷᠦᠯᠴᠡᠬᠦ ᠦᠭᠡᠢ ᠂ ᠦᠨᠳᠦᠰᠦᠨ ᠱᠠᠲᠤᠨ ᠤ ᠵᠠᠰᠠᠯᠲᠠ ᠳᠤ ᠪᠠᠭᠤᠷᠠᠢ | ᠭᠤᠭᠴᠤᠭ᠎ᠠ ᠣᠷᠣᠰᠢᠵᠤ ᠪᠠᠶᠢᠬᠤ ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ | ᠰᠦᠪᠡᠭᠴᠢᠯᠡᠬᠦ ᠳᠤ ᠦᠨᠡᠨ ᠪᠣᠳᠠᠲᠠᠢ ᠰᠢᠪᠲᠤᠯᠤᠯᠲᠠ ᠭᠠᠷᠭᠠᠵᠤ ᠳᠡᠶᠢᠯᠦᠭᠡᠳᠦᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ ᠂ ᠵᠠᠰᠠᠵᠤ ᠨᠥᠬᠦᠪᠦᠷᠢᠯᠡᠬᠦ | ᠴᠢᠬᠤᠯᠠᠲᠠᠢ ᠶᠢ ᠨᠢ ᠱᠠᠯᠠᠪᠳᠠᠨ ᠵᠠᠰᠠᠨ ᠨᠥᠬᠦᠪᠦᠷᠢᠯᠡᠵᠦ ᠂ ᠨᠡᠪᠲᠡᠷᠡᠭᠦᠯᠬᠦ ᠴᠢᠬᠤᠯᠠᠲᠠᠢ ᠶᠢ ᠨᠢ ᠪᠦᠭᠦ ᠬᠦᠴᠦ ᠪᠠᠷ ᠢᠶᠠᠨ ᠨᠠᠪᠲᠠᠷᠡᠭᠦᠯᠵᠦ ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠶᠢ ᠰᠠᠭᠠᠳ ᠦᠭᠡᠢ ᠠᠬᠢᠭᠤᠯᠬᠤ ᠳᠤᠮᠳᠠ ᠨᠡᠩ ᠶᠡᠭᠡ ᠦᠷ᠎ᠡ ᠪᠦᠲᠦᠮᠵᠢ ᠣᠯᠬᠤ ᠶᠢ ᠪᠡᠶᠡᠯᠡᠭᠦᠯᠦᠨ᠎ᠡ ᠃ | ᠠᠯᠳᠠᠭ᠎ᠠ ᠪᠤᠷᠤᠭᠤ ᠪᠠᠨ ᠵᠠᠯᠠᠷᠠᠭᠤᠯᠬᠤ ᠂ ᠲᠣᠭᠲᠠᠴᠠ ᠪᠠᠨ ᠲᠡᠭᠦᠯᠳᠡᠷᠵᠢᠭᠦᠯᠬᠦ ᠂ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ ᠂ ᠰᠤᠷᠲᠠᠯ ᠢᠶᠠᠨ | ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠤᠨ᠎ᠠ ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ ᠂ ᠥᠭᠡᠷᠡᠴᠢᠯᠡᠯᠲᠡ | ᠬᠢᠬᠦ ᠳᠤ ᠶᠠᠭᠤᠨ ᠤ ᠡᠮᠦᠨ᠎ᠡ ᠢᠯᠡᠷᠡᠭᠦᠯᠦᠭᠰᠡᠨ ᠠᠰᠠᠭᠤᠳᠠᠯ ᠢᠶᠠᠨ ᠰᠠᠶᠢᠲᠤᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ ᠪᠢᠳᠡ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠠᠪᠴᠠᠩ ᠢᠶᠠᠷ ᠳᠠᠮᠵᠢᠨ ᠬᠤᠷᠢᠶᠠᠨ ᠣᠯᠣᠭᠰᠠᠨ ᠠᠰᠠᠭᠤᠳᠠᠯ ᠪᠠ ᠦᠨᠳᠦᠰᠦᠨ ᠱᠠᠲᠤᠨ ᠤ ᠵᠠᠰᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠪᠦᠭᠦ ᠲᠠᠯ᠎ᠠ ᠪᠠᠷ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ ᠂ ᠪᠠᠶᠢᠨ ᠳᠠᠭᠢᠨ ᠠᠯᠳᠠᠭ᠎ᠠ ᠭᠠᠷᠭᠠᠭᠰᠠᠨ ᠪᠠᠶᠢᠪᠠᠯ ᠴᠡᠭᠴᠡᠯᠡᠨ | ᠰᠠᠶᠢᠵᠢᠷᠠᠭᠤᠯᠬᠤ ︽ ᠨᠢᠭᠡ ᠱᠤᠭᠤᠮ ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠵᠦ ᠂ ︽ ᠮᠡᠳᠡᠵᠦ ᠪᠠᠶᠢᠭᠠᠳ ᠵᠠᠯᠠᠷᠠᠭᠤᠯᠬᠤ | ᠦᠭᠡᠢ ︾ ᠪᠠ ︽ ᠮᠡᠳᠡᠵᠦ ᠪᠠᠶᠢᠭᠠᠳ ᠵᠣᠷᠢᠭᠤᠳᠠ ᠠᠯᠳᠠᠭ᠎ᠠ ᠭᠠᠷᠭᠠᠭᠰᠠᠨ ︾ ᠢ ᠠᠳᠠᠯᠢ ᠪᠠᠷ ᠴᠢᠩᠭ᠎ᠠ ᠰᠢᠢᠳᠬᠡᠵᠦ ᠂ ᠦᠩᠭᠡᠨ ᠲᠠᠯ᠎ᠠ ᠪᠠ ᠦᠨᠳᠦᠰᠦᠨ ᠠᠴᠠ ᠨᠢ | ᠵᠠᠰᠠᠬᠤ ᠶᠢ ᠦᠨᠡᠨ ᠬᠦ ᠪᠠᠲᠤᠯᠠᠨ᠎ᠠ ᠃ ᠲᠣᠭᠲᠠᠴᠠ ᠶᠢ ᠲᠡᠭᠦᠯᠳᠡᠷᠵᠢᠭᠦᠯᠬᠦ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠪᠢᠳᠡ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠬᠤ ᠪᠠᠷ ᠭᠠᠷᠳᠠᠴᠠ ᠪᠣᠯᠭᠠᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠠᠰᠢᠭ ᠬᠤᠨᠵᠢᠪᠤᠷᠢ ᠣᠯᠬᠤ ᠴᠢᠳᠠᠪᠤᠷᠢ ᠪᠠᠭᠤᠷᠠᠢ ᠪᠠᠶᠢᠬᠤ ᠪᠠᠶᠢᠳᠠᠯ ᠢ ᠬᠦᠴᠦᠯᠡᠨ ᠬᠤᠪᠢᠷᠠᠭᠤᠯᠵᠤ ᠂ ᠤᠰᠤ ᠬᠡᠷᠡᠭᠯᠡᠬᠦ ᠳᠤ | ᠮᠦ ᠨᠢᠭᠡᠴᠢ ᠪᠠᠷ ᠰᠦᠢᠳᠬᠡᠯ ᠬᠤᠷᠢᠶᠠᠬᠤ ᠂ ᠤᠰᠤ ᠬᠠᠮᠢᠶᠠᠷᠬᠤ ᠪᠠᠶᠢᠭᠤᠯᠤᠮᠵᠢ ᠶᠢᠨ ᠤᠰᠤ ᠶᠢ ᠲᠦᠰᠢᠭᠯᠡᠨ ᠬᠥᠮᠥᠨ ᠲᠡᠵᠢᠭᠡᠬᠦ ᠵᠡᠷᠭᠡ ᠲᠣᠭᠲᠠᠴᠠ ᠶᠢ ᠡᠪᠳᠡᠬᠦ ᠪᠠᠷ | ᠳᠠᠮᠵᠢᠭᠤᠯᠤᠨ ︽ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ ︾ ᠬᠦᠴᠢᠷ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ ᠂ ᠨᠥᠬᠦᠪᠦᠷᠢ ᠥᠭᠬᠦ ᠲᠣᠭᠲᠠᠴᠠ ᠶᠢ | ᠲᠡᠭᠦᠯᠳᠡᠷᠵᠢᠭᠦᠯᠬᠦ ᠂ ᠴᠠᠭᠠᠵᠠᠯᠠᠬᠤ ᠪᠠ ᠦᠯᠤ ᠴᠠᠭᠠᠵᠠᠯᠠᠬᠤ ᠳᠤ ᠴᠥᠮ ᠠᠳᠠᠯᠢᠬᠠᠨ ᠨᠥᠬᠦᠪᠦᠷᠢ ᠥᠭᠬᠦ ᠠᠷᠭ᠎ᠠ ᠬᠢᠳᠡᠯ ᠢ ᠬᠤᠪᠢᠷᠠᠭᠤᠯᠬᠤ ᠪᠠᠷ ᠳᠠᠮᠵᠢᠭᠤᠯᠤᠨ | ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠠᠵᠢᠯ ᠤᠨ ᠦᠷ᠎ᠡ ᠪᠦᠲᠦᠮᠵᠢ ᠢᠯᠡᠷᠬᠡᠢ ᠪᠢᠰᠢ ᠪᠠᠶᠢᠬᠤ ᠠᠰᠠᠭᠤᠳᠠᠯ ᠢ ᠰᠢᠢᠳᠪᠦᠷᠢᠯᠡᠵᠦ ᠂ | ᠬᠤᠳᠠᠯᠳᠤᠭ᠎ᠠ ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ | ᠬᠥᠭᠵᠢᠬᠦ ᠶᠢ ᠨᠠᠩ ᠰᠠᠶᠢᠲᠤᠷ ᠠᠬᠢᠭᠤᠯᠤᠨ᠎ᠠ ᠃ ᠢᠯᠠᠩᠭᠤᠶ᠎ᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ ᠂ ᠡᠬᠢ | ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠬᠦᠴᠦᠯᠡᠨ ᠠᠬᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠂ ᠨᠡᠶᠢᠭᠡᠮ ᠤᠨ | ᠵᠠᠰᠠᠯᠲᠠ ᠶᠢᠨ ᠲᠦᠪᠰᠢᠨ ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ ᠂ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠦᠷ᠎ᠡ | ᠠᠰᠢᠭ ᠢᠶᠠᠨ ᠳᠡᠭᠡᠭᠰᠢᠯᠡᠭᠦᠯᠤᠨ᠎ᠠ ᠃ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠪᠣᠯ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠵᠠᠩᠭᠢᠯᠠᠭ᠎ᠠ ᠪᠣᠯᠣᠨ᠎ᠠ ᠃ ᠪᠢᠳᠠ ︽ ᠠᠷᠪᠠᠨ ᠲᠠᠪᠤᠳᠤᠭᠠᠷ ᠲᠠᠪᠤᠨ ᠵᠢᠯ ︾ ᠤᠨ ᠬᠥᠭᠵᠢᠯᠲᠡ ᠶᠢ ᠰᠤᠳᠤᠯᠤᠨ ᠲᠥᠯᠥᠪᠵᠢᠭᠦᠯᠬᠦ ᠲᠠᠢ ᠤᠶᠠᠯᠳᠤᠭᠤᠯᠵᠤ ᠂ ᠡᠬᠢ | ᠪᠠᠶᠠᠯᠢᠭ ᠤᠨ ᠳᠠᠪᠠᠭᠤᠯᠢᠭ ᠂ ᠠᠵᠤ ᠦᠢᠯᠡᠰ ᠤᠨ ᠰᠠᠭᠤᠷᠢ ᠂ ᠠᠮᠢ ᠠᠬᠤᠢ ᠶᠢᠨ ᠪᠠᠶᠢᠳᠠᠯ ᠳᠠᠭᠠᠨ ᠰᠠᠭᠤᠷᠢᠯᠠᠨ ᠭᠡᠯᠪᠡᠷᠢ ᠪᠠᠨ ᠬᠤᠪᠢᠷᠠᠭᠤᠯᠤᠨ ᠪᠦᠲᠦᠴᠡ ᠪᠠᠨ | ᠲᠣᠬᠢᠷᠠᠭᠤᠯᠬᠤ ᠶᠢ ᠲᠦᠷᠭᠡᠳᠬᠡᠵᠦ ᠂ ᠬᠥᠮᠥᠨ ᠠᠮᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠷ ᠬᠥᠲᠥᠯᠥᠮᠵᠢ ᠪᠣᠯᠭᠠᠨ ᠬᠤᠲᠠ ᠪᠠᠯᠭᠠᠰᠤ ᠂ ᠠᠵᠤ ᠦᠢᠯᠡᠰ ᠂ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠪᠠ ᠵᠠᠮ ᠬᠠᠷᠢᠯᠴᠠᠭ᠎ᠠ ᠂ ᠤᠰᠤᠨ ᠠᠰᠢᠭᠯᠠᠯᠲᠠ ᠂ ᠡᠨᠧᠷᠭᠢ ᠂ ᠪᠠᠷᠠᠭᠠᠨ ᠤ ᠭᠦᠢᠯᠭᠡᠭᠡ ᠵᠡᠷᠭᠡ | ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠵᠢᠷᠤᠮᠵᠢᠯ ᠲᠠᠢ ᠡᠮᠬᠢ ᠳᠢᠭᠯᠢᠮ ᠲᠠᠢ ᠂ ᠳᠠᠯᠢᠵᠤ ᠲᠠᠯᠪᠢᠬᠤ | ᠵᠣᠬᠢᠰ ᠲᠠᠢ᠂ ᠡᠷᠭᠢᠯᠲᠡ ᠰᠠᠭᠠᠳ ᠦᠭᠡᠢ ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ | ᠪᠠᠶᠢᠭᠤᠯᠤᠨ᠎ᠠ ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠪᠣᠯ ᠥᠭᠡᠷᠡᠴᠢᠯᠡᠯᠲᠡ ᠶᠢ ᠰᠠᠶᠢᠲᠤᠷ ᠠᠳᠬᠤᠬᠤ ᠶᠢᠨ ᠴᠢᠬᠤᠯᠠ ᠪᠠᠲᠤᠯᠠᠭ᠎ᠠ ᠮᠥᠨ ᠃ ᠪᠢᠳᠡ ︽ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠴᠠ ᠶᠢ ᠲᠦᠷᠭᠡᠳᠬᠡᠨ ᠪᠦᠷᠢᠨᠰᠢᠭᠦᠯᠵᠦ ᠂ ᠡᠯ᠎ᠡ | ᠲᠥᠷᠥᠯ ᠤᠨ ᠬᠦᠴᠦᠨ ᠦᠭᠡᠢ ᠬᠠᠤᠯᠢ ᠬᠡᠷᠡᠭᠵᠢᠭᠦᠯᠬᠦ ᠪᠠ ᠱᠠᠯᠠᠪᠳᠠᠭᠤᠯᠤᠨ ᠪᠠᠶᠢᠴᠠᠭᠠᠬᠤ ᠠᠵᠢᠯᠯᠠᠭ᠎ᠠ ᠶᠢ ᠡᠷᠡᠰ ᠬᠤᠷᠢᠭᠯᠠᠵᠤ ᠂ ᠵᠣᠬᠢᠶᠠᠯ ᠤᠨ ᠰᠤᠷᠲᠠᠯ ᠬᠤᠷᠠᠯ ᠤᠨ | ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ ᠂ ︽ ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ ︾ ᠤ ᠠᠰᠠᠭᠤᠳᠠᠯ ᠢ ᠰᠢᠢᠳᠪᠦᠷᠢᠯᠡᠵᠦ ᠂ | ᠵᠢᠷᠤᠮᠵᠢᠭᠤᠯᠬᠤ ᠂ ᠴᠣᠮᠬᠠᠳᠬᠠᠬᠤ ᠂ ᠬᠤᠷᠳᠤᠴᠠ ᠶᠢ ᠲᠦᠷᠭᠡᠳᠬᠡᠬᠦ ᠴᠢᠩᠭ᠎ᠠ ᠬᠢᠵᠠᠭᠠᠷᠯᠠᠯ ᠢ ᠴᠢᠷᠮᠠᠶᠢᠨ ᠪᠦᠷᠢᠯᠳᠦᠭᠦᠯᠦᠨ᠎ᠡ ᠃ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠨᠢᠭᠡᠳᠦᠯᠲᠡᠢ ᠲᠥᠯᠥᠪᠵᠢᠭᠦᠯᠬᠦ ᠠᠷᠭ᠎ᠠ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ | ᠶᠡᠷᠦᠩᠬᠡᠢ ᠱᠦᠵᠢ ᠰᠢ ᠶᠢᠨ ᠫᠢᠩ᠂ ︽ᠰᠢᠨ᠎ᠡ ᠶᠢ ᠡᠭᠦᠳᠬᠦ ᠶᠢ ᠰᠦᠪᠡᠭᠴᠢᠯᠡᠬᠦ ᠶᠢ ᠵᠣᠷᠢᠭᠵᠢᠭᠤᠯᠬᠤ ᠬᠡᠷᠡᠭᠲᠡᠢ ︾ ᠂ ︽ ᠪᠦᠭᠦ ᠲᠠᠯ᠎ᠠ ᠶᠢᠨ | ᠥᠭᠡᠷᠡᠴᠢᠯᠡᠯᠲᠡ ᠶᠢ ᠴᠢᠬᠤᠯᠠᠴᠢᠯᠠᠬᠤ ᠬᠡᠷᠡᠭᠲᠡᠢ ︾ ᠭᠡᠪᠡ ᠃ ᠪᠢᠳᠡ ᠡᠨᠡ ᠬᠦ ᠴᠢᠬᠤᠯᠠ ᠠᠷᠭ᠎ᠠ ᠶᠢᠨ ᠣᠨᠣᠯ ᠢ ᠦᠨᠡᠨ ᠬᠦ ᠰᠠᠶᠢᠲᠤᠷ ᠰᠤᠷᠤᠯᠴᠠᠵᠤ ᠰᠠᠶᠢᠲᠤᠷ | ᠬᠡᠷᠡᠭᠯᠡᠨ ᠂ ᠰᠢᠨ᠎ᠡ ᠶᠢ ᠡᠭᠦᠳᠬᠦ ᠪᠠ ᠨᠢᠭᠡᠳᠦᠯᠲᠡᠢ ᠲᠥᠯᠥᠪᠵᠢᠭᠦᠯᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠨ᠎ᠠ ᠃ | ᠰᠢᠨ᠎ᠡ ᠶᠢ ᠡᠭᠦᠳᠬᠦ ᠳᠤ ᠡᠩ ᠤᠨ ᠵᠤᠷᠰᠢᠯ ᠢ ᠡᠪᠳᠡᠵᠦ ᠂ ᠬᠡᠪᠰᠢᠯ ᠤᠨ ᠬᠢᠵᠠᠭᠠᠷᠯᠠᠯ ᠠᠴᠠ ᠮᠤᠯᠲᠤᠷᠠᠬᠤ ᠬᠡᠷᠡᠭᠲᠡᠢ ᠃ ᠪᠢᠳᠡ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠤᠰᠤᠳ ᠤᠨ ᠪᠤᠳᠤᠵᠤ ᠦᠵᠡᠭᠡ ᠦᠭᠡᠢ ᠵᠦᠢᠯ ᠢ ᠵᠣᠷᠢᠭᠲᠠᠢ ᠪᠠᠷ ᠰᠡᠳᠬᠢᠭᠦᠯᠵᠦ ᠂ ︽ ᠥᠩᠭᠡᠷᠡᠭᠰᠡᠨ ᠳᠤ | ᠳᠠᠷᠤᠢ ᠢᠩᠭᠢᠵᠦ ᠬᠢᠵᠦ ᠪᠠᠶᠢᠭᠰᠠᠨ ︾ ᠭᠡᠬᠦ ᠬᠠᠰᠢ ᠶᠠᠰᠢ ᠪᠠᠷ ᠥᠩᠭᠡᠷᠡᠭᠡᠬᠦ ᠂ ︽ ᠪᠤᠰᠤᠳ ᠬᠥᠮᠥᠨ ᠢᠩᠭᠢᠵᠦ ᠬᠢᠭᠰᠡᠨ ᠦᠭᠡᠢ ︾ ᠭᠡᠬᠦ ᠰᠢᠯᠲᠠᠭᠯᠠᠨ ᠵᠠᠶᠢᠯᠠᠭᠤᠯᠬᠤ | ᠮᠠᠭᠤ ᠮᠠᠭᠤᠬᠠᠢ ᠳᠠᠳᠬᠠᠯ ᠢ ᠡᠷᠡᠰ ᠲᠠᠶᠠᠭᠳᠠᠵᠤ ᠂ ︽ ᠵᠣᠷᠢᠭᠲᠠᠢ ᠪᠠᠷ ᠲᠦᠷᠦᠭᠦᠯᠡᠨ ᠬᠢᠬᠦ ︾ ᠢᠲᠡᠭᠡᠯ ᠵᠣᠷᠢᠭ ᠢᠶᠠᠨ ᠴᠢᠩᠭᠠᠷᠠᠭᠤᠯᠵᠤ ᠂ ᠶᠠᠪᠤᠳᠠᠯ ᠪᠦᠭᠦᠨ ᠳᠤ | ᠴᠥᠮ ︽ ᠰᠢᠢᠳᠪᠦᠷᠢᠯᠡᠬᠦ ᠰᠡᠳᠬᠢᠬᠦᠢ ︾ ᠪᠠᠨ ᠴᠢᠩᠭᠠᠳᠬᠠᠵᠤ ᠂ ︽ ᠰᠢᠨ᠎ᠡ ᠰᠡᠪᠡᠭᠦᠨ ᠪᠤᠳᠤᠯ ︾ ᠢ ᠢᠯᠡᠭᠦᠬᠡᠨ ᠳᠡᠪᠰᠢᠭᠦᠯᠬᠦ ᠬᠡᠷᠡᠭᠲᠡᠢ ︔ ᠪᠤᠰᠤᠳ ᠤᠨ ᠬᠢᠵᠦ | ᠦᠵᠡᠭᠡ ᠦᠭᠡᠢ ᠵᠦᠢᠯ ᠢ ᠵᠣᠷᠢᠭᠲᠠᠢ ᠬᠢᠵᠦ ᠂ ᠪᠣᠯᠣᠨ᠎ᠠ ᠭᠡᠵᠦ ᠪᠤᠳᠤᠬᠰᠠᠨ ᠶᠠᠪᠤᠳᠠᠯ ᠢ ᠵᠣᠷᠢᠭᠲᠠᠢ ᠬᠢᠵᠦ ᠂ ᠠᠭᠤᠯᠠ ᠲᠠᠭᠠᠷᠠᠪᠠᠯ ᠵᠠᠮ ᠨᠡᠭᠡᠭᠡᠵᠦ ᠂ ᠤᠰᠤ | ᠲᠠᠭᠠᠷᠠᠪᠠᠯ ᠬᠥᠭᠦᠷᠭᠡ ᠲᠠᠯᠪᠢᠵᠤ ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠬᠰᠣᠬᠤ ᠦᠭᠡᠢ ᠂ ᠲᠦᠷ ᠴᠠᠭ ᠰᠢᠢᠳᠪᠦᠷᠢᠯᠡᠵᠦ ᠳᠡᠶᠢᠯᠭᠦ ᠦᠭᠡᠢ | ᠵᠦᠢᠯ ᠢ ᠵᠣᠷᠢᠭᠲᠠᠢ ᠪᠠᠷ ︽ ᠴᠢᠯᠠᠭᠤ ᠲᠡᠮᠲᠡᠷᠢᠵᠦ ᠭᠤᠣᠯ ᠭᠠᠲᠤᠯᠵᠤ ︾ ᠂ ᠲᠤᠷᠰᠢᠨ ᠬᠢᠬᠦ ᠪᠠᠷ ᠳᠠᠮᠵᠢᠭᠤᠯᠤᠨ ᠢᠳᠡᠪᠬᠢᠲᠡᠢ ᠪᠠᠷ ᠵᠠᠮ ᠬᠠᠶᠢᠬᠤ ᠬᠡᠷᠡᠭᠲᠡᠢ ᠃ | ᠰᠢᠨ᠎ᠡ ᠶᠢ ᠡᠭᠦᠳᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠪᠠ ᠠᠭᠤᠷ ᠠᠮᠢᠰᠬᠤᠯ ᠱᠠᠭᠠᠷᠳᠠᠭᠳᠠᠨ᠎ᠠ ᠃ ᠪᠢᠳᠡ ᠰᠢᠨᠵᠢᠯᠡᠬᠦ ᠤᠬᠠᠭᠠᠨ ᠢ ᠡᠷᠭᠢᠮᠯᠡᠭᠦ ᠂ ᠦᠨᠡᠨ ᠬᠦ | ᠠᠳᠬᠤᠵᠤ ᠪᠣᠳᠠᠲᠠᠢ ᠠᠵᠢᠯᠯᠠᠬᠤ ᠂ ᠨᠡᠭᠡᠭᠡᠯᠲᠡᠲᠡᠢ ᠪᠠᠭᠲᠠᠭᠠᠮᠵᠢᠲᠠᠢ ᠰᠢᠨ᠎ᠡ ᠶᠢ ᠡᠭᠦᠳᠬᠦ ᠰᠣᠶᠣᠯ ᠢ ᠶᠡᠭᠡ ᠪᠠᠷ ᠪᠣᠶᠢᠵᠢᠭᠤᠯᠤᠨ ᠪᠠᠳᠠᠷᠠᠭᠤᠯᠵᠤ ᠂ ᠲᠦᠷᠦ ᠶᠢᠨ | ᠪᠣᠳᠣᠯᠭ᠎ᠠ ᠶᠢᠨ ᠬᠠᠩᠭᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠰᠢᠯᠢᠳᠡᠭᠵᠢᠭᠦᠯᠵᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠴᠢᠳ ᠶᠠᠭᠤ ᠬᠡᠷᠡᠭᠰᠡᠪᠡᠯ | ᠶᠠᠭᠤ ᠶᠢ ᠨᠢ ᠬᠠᠩᠭᠠᠵᠤ ᠂ ᠶᠠᠭᠤᠨ ᠠᠴᠠ ᠠᠶᠤᠪᠠᠯ ᠶᠠᠭᠤ ᠶᠢ ᠨᠢ ᠠᠷᠢᠯᠭᠠᠵᠤ ᠂ ᠡᠯ᠎ᠡ ᠱᠠᠲᠤᠨ ᠤ ᠬᠢᠨ ᠤ ᠬᠦᠯᠢᠴᠡᠩᠭᠦᠢ ᠪᠤᠰᠤ ᠰᠤᠷᠲᠠᠯ ᠢ ᠴᠢᠩᠭ᠎ᠠ ᠴᠡᠭᠡᠷᠯᠡᠬᠦ ᠶᠢ | ᠠᠬᠢᠭᠤᠯᠵᠤ ᠂ ᠬᠢᠷᠢ ᠭᠡᠮ ᠢᠶᠠᠷ ᠨᠢ ᠲᠤᠰᠢᠶᠠᠯ ᠲᠣᠬᠢᠷᠠᠭᠤᠯᠬᠤ ᠶᠢ ᠴᠢᠩᠭ᠎ᠠ ᠴᠡᠭᠡᠷᠯᠡᠵᠦ ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ ᠶᠢ ᠴᠢᠩᠭ᠎ᠠ | ᠴᠡᠭᠡᠷᠯᠡᠵᠦ ᠂ ᠬᠢᠷᠢ ᠠᠴᠠ ᠨᠢ ᠳᠡᠭᠡᠭᠦᠷ ᠬᠡᠲᠦᠷᠬᠡᠢ ᠱᠠᠭᠠᠷᠳᠠᠬᠤ ᠶᠢ ᠴᠢᠩᠭ᠎ᠠ ᠴᠡᠭᠡᠷᠯᠡᠵᠦ ᠂ ᠨᠡᠩ ᠠᠭᠤᠵᠢᠭᠤ ᠴᠢᠯᠦᠭᠡᠲᠡᠢ ᠰᠢᠨ᠎ᠡ ᠶᠢ ᠡᠭᠦᠳᠬᠦ ᠣᠷᠴᠢᠨ ᠨᠥᠬᠦᠴᠡᠯ ᠢ | ᠪᠤᠢ ᠪᠣᠯᠭᠠᠨ᠎ᠠ ᠃ | ᠨᠢᠭᠡᠳᠦᠯᠲᠡᠢ ᠲᠥᠯᠥᠪᠵᠢᠭᠦᠯᠬᠦ ᠭᠡᠳᠡᠭ ᠨᠢ ᠳᠠᠷᠤᠢ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠢ | ᠴᠢᠩᠭᠠᠷᠠᠭᠤᠯᠬᠤ ᠶᠠᠪᠤᠳᠠᠯ ᠪᠣᠯᠣᠨ᠎ᠠ ᠃ ᠨᠢᠭᠡ ᠳᠤ ᠂ ᠡᠭᠦᠷᠭᠡ ᠶᠢᠨ ᠬᠤᠷᠠᠮᠠᠯ ᠢ ᠴᠢᠩᠭᠠᠳᠬᠠᠨ᠎ᠠ ᠃ ᠠᠳᠠᠯᠢ ᠨᠢᠭᠡᠨ ᠬᠦᠷᠢᠶ᠎ᠡ ᠴᠠᠷᠠᠭ᠎ᠠ ᠂ ᠠᠳᠠᠯᠢ ᠨᠢᠭᠡᠨ ᠱᠤᠭᠤᠮ | ᠳᠡᠭᠡᠷᠡᠬᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ ᠂ ᠰᠢᠰᠲ᠋ᠧᠮ ᠲᠠᠢ ᠪᠠᠷ ᠠᠬᠢᠭᠤᠯᠤᠨ᠎ᠠ ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠣᠶᠢᠵᠢᠭᠤᠯᠤᠨ ᠪᠤᠵᠠᠭᠠᠶᠢᠷᠠᠭᠤᠯᠬᠤ ᠳᠤ ᠂ ᠲᠥᠪ ᠤᠨ ᠠᠵᠤ ᠠᠬᠤᠶᠢᠯᠠᠯ ᠂ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠡᠯ᠎ᠡ ᠲᠦᠷᠦᠯ ᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠲᠣᠮᠣ ᠳᠤᠮᠳᠠ ᠵᠢᠵᠢᠭ ᠠᠵᠤ ᠠᠬᠤᠶᠢᠯᠠᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠣᠪᠴᠢᠶ᠎ᠠ ᠶᠢᠨ ᠬᠠᠮᠲᠤ ᠪᠠᠷ ᠬᠦᠴᠦᠯᠡᠬᠦ ᠶᠢ ᠠᠬᠢᠭᠤᠯᠤᠨ᠎ᠠ ᠃ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠳᠤ ᠂ ᠦᠷ᠎ᠡ ᠶᠢᠨ ᠢᠷᠡᠯᠲᠡ ᠶᠢ | ᠰᠤᠳᠤᠯᠤᠨ ᠪᠣᠶᠢᠵᠢᠭᠤᠯᠬᠤ ᠂ ᠡᠪᠡᠰᠦ ᠪᠣᠷᠳᠤᠭ᠎ᠠ ᠲᠠᠷᠢᠬᠤ ᠂ ᠨᠢᠲᠤᠯᠵᠤ ᠡᠳ᠋ᠰᠢᠭᠦᠯᠬᠦ ᠂ ᠪᠣᠷᠣᠯᠠᠭᠤᠯᠬᠤ ᠪᠠᠷᠠᠭᠠᠨ ᠤ ᠭᠦᠢᠯᠭᠡᠭᠡ ᠵᠡᠷᠭᠡ ᠶᠢ ᠪᠦᠷ ᠵᠡᠷᠭᠡ ᠳᠤᠨᠢ ᠬᠢᠵᠦ ᠂ | ᠪᠦᠬᠦᠯᠢ ᠴᠣᠭᠴᠠ ᠶᠢᠨ ᠦᠷ᠎ᠡ ᠠᠰᠢᠭ ᠢᠶᠠᠷ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠠᠷᠭᠠᠴᠠᠭᠠᠨ᠎ᠠ ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠳᠤ ᠂ ᠴᠢᠬᠢ ᠮᠣᠳᠣ ᠪᠣᠶᠢᠵᠢᠭᠤᠯᠬᠤ ᠂ ᠮᠠᠲ᠋ᠧᠷᠢᠶᠠᠯ ᠦᠢᠯᠡᠳᠪᠦᠷᠢᠯᠡᠬᠦ ᠂ ᠲᠤᠨᠤᠭ ᠲᠥᠬᠦᠭᠡᠷᠦᠮᠵᠢ ᠰᠤᠳᠤᠯᠤᠨ ᠨᠡᠭᠡᠭᠡᠬᠦ ᠂ ᠲᠦᠷᠦᠯ ᠵᠦᠢᠯ ᠤᠨ ᠪᠠᠷᠢᠯᠭ᠎ᠠ ᠂ | ᠪᠣᠶᠢᠵᠢᠭᠤᠯᠤᠨ ᠬᠠᠮᠠᠭᠠᠯᠠᠬᠤ ᠂ ᠤᠢ ᠰᠢᠭᠤᠢ ᠡᠯᠡᠰᠦ ᠡᠪᠡᠰᠦᠨ ᠤ ᠠᠵᠤ ᠦᠢᠯᠡᠰ ᠢ ᠬᠥᠭᠵᠢᠭᠦᠯᠬᠦ ᠡᠯ᠎ᠡ ᠭᠤᠭᠴᠤᠭ᠎ᠠ ᠶᠢ ᠴᠥᠮ ᠠᠳᠬᠤᠵᠤ ᠂ ᠦᠷ᠎ᠡ ᠠᠰᠢᠭ ᠢ | ᠬᠠᠮᠤᠭ ᠤᠨ ᠶᠡᠭᠡ ᠪᠤᠯᠭᠠᠬᠤ ᠂ ᠵᠠᠰᠠᠯᠲᠠ ᠶᠢ ᠪᠠᠶᠢᠩᠭᠤᠵᠢᠭᠤᠯᠬᠤ ᠶᠢ ᠴᠢᠷᠮᠠᠶᠢᠨ ᠪᠡᠶᠡᠯᠡᠭᠦᠯᠦᠨ᠎ᠡ ᠃ ᠬᠤᠶᠠᠷ ᠲᠤ ᠂ ᠬᠠᠷᠢᠭᠤᠴᠠᠯᠭ᠎ᠠ ᠶᠢᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠨ᠎ᠠ ᠃ ᠰᠢᠰᠲ᠋ᠧᠮ ᠲᠠᠢ ᠪᠠᠷ ᠥᠭᠡᠷᠡᠴᠢᠯᠡᠯᠲᠡ ᠶᠢ ᠰᠤᠳᠤᠯᠤᠨ ᠠᠬᠢᠭᠤᠯᠬᠤ ᠶᠢ ᠪᠠᠷᠢᠮᠲᠠᠯᠠᠵᠤ ᠂ ᠣᠯᠠᠨ ᠰᠠᠯᠠᠭ᠎ᠠ ᠮᠥᠴᠢᠷ ᠲᠤ | ᠬᠤᠯᠪᠣᠭᠳᠠᠬᠤ ᠡᠭᠦᠷᠭᠡ ᠶᠢ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ ᠂ ᠨᠢᠭᠲᠠ ᠬᠠᠮᠵᠢᠯᠴᠠᠬᠤ ᠶᠢ ᠱᠠᠯᠠᠪᠳᠠᠭᠤᠯᠤᠨ | ᠱᠠᠭᠠᠷᠳᠠᠵᠤ ᠂ ︽ ᠡᠭᠦᠳᠡᠨ ᠡᠮᠦᠨᠡᠬᠢ ᠴᠠᠰᠤ ᠪᠠᠨ ᠠᠷᠢᠯᠭᠠᠬᠤ ︾ ᠴᠢᠨᠠᠭᠰᠢᠯᠠᠪᠠᠯ ᠰᠠᠯᠠᠭ᠎ᠠ ᠮᠥᠴᠢᠷ ᠤᠨ ᠠᠰᠢᠭ ᠲᠤᠰᠠ ᠶᠢᠨ ᠲᠥᠯᠥᠭᠡ ᠬᠠᠷᠢᠯᠴᠠᠨ ᠨᠢᠭᠡᠨ ᠨᠢᠭᠡᠨ | ᠳᠡᠭᠡᠨ ᠬᠠᠷᠰᠢ ᠰᠠᠭᠠᠳ ᠪᠤᠯᠬᠤ ᠠᠴᠠ ᠰᠡᠷᠭᠡᠶᠢᠯᠡᠨ᠎ᠡ ᠃ ᠭᠤᠷᠪᠠ ᠳᠤ ᠂ ᠬᠠᠨᠳᠤᠰᠢ ᠶᠢᠨ ᠨᠢᠭᠡᠳᠦᠯᠲᠡᠢ ᠪᠠᠶᠢᠬᠤ ᠶᠢ ᠪᠠᠲᠤᠯᠠᠨ᠎ᠠ ᠃ ᠶᠠᠮᠠᠷᠪᠠ ᠬᠦᠷᠢᠶᠡᠨ ᠳᠤ | ᠲᠦᠷᠦ ᠶᠢᠨ ᠪᠣᠳᠣᠯᠭ᠎ᠠ ᠲᠣᠭᠲᠠᠭᠠᠬᠤ ᠂ ᠪᠢᠴᠢᠭ ᠮᠠᠲ᠋ᠧᠷᠢᠶᠠᠯ ᠨᠡᠶᠢᠲᠡᠯᠡᠬᠦ ᠂ ᠳᠦᠷᠢᠮ ᠲᠣᠭᠲᠠᠭᠠᠬᠤ ᠨᠢ ᠴᠥᠮ ᠨᠠᠮ ᠤᠨ ᠤᠳᠤᠷᠢᠳᠤᠯᠭ᠎ᠠ ᠶᠢ ᠴᠢᠩᠭᠠᠳᠬᠠᠨ | ᠰᠠᠶᠢᠵᠢᠷᠠᠭᠤᠯᠬᠤ ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠲᠡᠶᠢᠰᠢ | ᠬᠠᠮᠲᠤ ᠪᠠᠷ ᠬᠦᠴᠦᠯᠡᠬᠦ ᠬᠡᠷᠡᠭᠲᠡᠢ ᠃ ᠨᠢᠭᠡᠳᠦᠯᠲᠦ ᠴᠢᠨᠠᠷᠲᠠᠢ ᠦᠨᠡᠯᠡᠯᠲᠡ ᠶᠢ ᠢᠮᠠᠭᠲᠠ ᠲᠤᠭᠤᠰᠢᠯᠠᠭᠤᠯᠵᠤ ᠂ ᠪᠦᠬᠦᠯᠢ ᠴᠣᠭᠴᠠ ᠶᠢᠨ ᠥᠭᠡᠷᠡᠴᠢᠯᠡᠯᠲᠡ ᠶᠢᠨ | ᠡᠭᠦᠷᠭᠡ ᠶᠢ ᠵᠦᠭ ᠵᠦᠭ ᠲᠤᠨᠢ ᠬᠤᠪᠢᠶᠠᠭᠠᠳ ︽ ᠵᠠᠳᠠᠯᠤᠯᠲᠠ ᠶᠢᠨ ᠪᠤᠷᠤᠭᠤ ᠪᠤᠯᠬᠤ ︾ ᠂ ᠬᠡᠰᠡᠭ ᠲᠠᠯ᠎ᠠ ᠶᠢᠨ ᠵᠦᠢ ᠵᠣᠬᠢᠰᠲᠠᠢ ᠥᠭᠡᠷᠡᠴᠢᠯᠡᠯᠲᠡ ᠶᠢᠨ | ᠳᠠᠪᠬᠤᠴᠠᠯ ᠠᠴᠠ ᠪᠣᠯᠵᠤ ᠮᠡᠳᠡᠬᠦ ᠨᠠᠵᠠᠭᠠᠢ ᠲᠠᠯ᠎ᠠ ᠶᠢᠨ ᠨᠥᠯᠥᠭᠡ ᠶᠢ ᠵᠢᠱᠢᠭᠰᠡᠨ ᠠᠴᠠ ᠭᠦᠢᠴᠡᠳ ᠦᠭᠡᠢ ᠪᠣᠯᠵᠤ ︽ ᠨᠡᠶᠢᠯᠡᠮᠡᠯ ᠪᠤᠷᠤᠭᠤ ︾ ᠪᠤᠯᠬᠤ ᠠᠴᠠ | ᠰᠡᠷᠭᠡᠶᠢᠯᠡᠨ᠎ᠡ ᠃ ᠳᠥᠷᠪᠡ ᠳᠤ ᠂ ᠠᠶᠤᠯ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠨ᠎ᠠ ᠃ ᠪᠢᠳᠡ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠪᠠᠨ ᠴᠢᠩᠭᠠᠳᠬᠠᠵᠤ ᠂ ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ | ᠲᠣᠪᠣᠶᠢᠮ᠎ᠠ ᠠᠰᠠᠭᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠂ ᠰᠦᠪᠡᠭᠴᠢ ᠶᠢ ᠬᠠᠮᠲᠤᠷᠠᠨ ᠪᠠᠶᠢᠴᠠᠭᠠᠬᠤ ᠂ ᠠᠰᠠᠭᠤᠳᠠᠯ ᠢ ᠬᠠᠮᠲᠤᠷᠠᠨ ᠰᠢᠢᠳᠪᠦᠷᠢᠯᠡᠬᠦ | ᠲᠣᠭᠲᠠᠴᠠ ᠶᠢ ᠲᠦᠷᠭᠡᠳᠬᠡᠨ ᠪᠠᠶᠢᠭᠤᠯᠵᠤ ᠂ ᠬᠠᠮᠵᠢᠯᠴᠠᠨ ᠠᠬᠢᠭᠤᠯᠤᠭᠰᠠᠨ ᠢᠶᠠᠷ ᠬᠦᠷᠦᠯᠴᠡᠬᠦ ᠦᠭᠡᠢ ᠠᠴᠠ ᠪᠣᠯᠵᠤ ᠠᠵᠢᠯ ᠳᠤ ᠰᠠᠨᠠᠭᠠᠴᠢᠯᠠᠭᠠᠲᠤ ᠪᠤᠰᠤ ᠪᠠᠶᠢᠳᠠᠯ | ᠡᠭᠦᠰᠬᠡᠬᠦ ᠂ ᠲᠤᠰᠢᠶᠠᠯ ᠬᠠᠷᠢᠭᠤᠴᠠᠯᠭ᠎ᠠ ᠲᠣᠳᠣᠷᠬᠠᠢ ᠦᠭᠡᠢ ᠠᠴᠠ ᠪᠣᠯᠵᠤ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠣᠷᠣᠨ ᠪᠤᠢ ᠪᠤᠯᠬᠤ ᠠᠴᠠ ᠵᠠᠶᠢᠯᠠᠰᠬᠢᠨ᠎ᠡ ᠃ | ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠳᠤ ᠠᠶᠤᠯ ᠲᠦᠭᠰᠢᠭᠦᠷᠢ ᠶᠢᠨ ᠦᠨᠡᠯᠡᠯᠲᠡ ᠬᠢᠵᠦ ᠂ ᠠᠬᠢᠭᠤᠯᠬᠤ ᠶᠠᠪᠤᠴᠠ ᠳᠤ ᠴᠠᠭ | ᠲᠣᠭᠢᠶᠠᠯ ᠂ ᠠᠷᠭ᠎ᠠ ᠭᠡᠯᠪᠡᠷᠢ ᠂ ᠭᠦᠭ ᠠᠶᠢᠵᠠᠮ ᠢ ᠰᠠᠶᠢᠲᠤᠷ ᠡᠵᠡᠮᠳᠡᠵᠦ ᠂ ᠲᠣᠭᠲᠠᠭᠤᠨ ᠪᠤᠰᠤ ᠬᠦᠴᠦᠨ ᠵᠦᠢᠯ ᠢ ᠡᠭᠦᠰᠬᠡᠬᠦ ᠠᠴᠠ ᠰᠡᠷᠭᠡᠶᠢᠯᠡᠨ᠎ᠡ ᠃ | ︵ᠤᠤᠯ ᠵᠣᠬᠢᠶᠠᠯ ᠢ ︽ᠨᠠᠮ ᠤᠨ ᠪᠠᠶᠢᠭᠤᠯᠤᠯᠲᠠ︾ ᠰᠡᠳᠬᠦᠯ ᠤᠨ 2024 ᠣᠨ ᠤ 10 ᠳ᠋ᠤᠭᠠᠷ ᠬᠤᠭᠤᠴᠠᠭ᠎ᠠ ᠳᠤ ᠨᠡᠶᠢᠲᠡᠯᠡᠪᠡ ︶ | |