10 ᠰᠠᠷ᠎ᠠ ᠶᠢᠨ 15 ᠤ ᠡᠳᠦᠷ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠢᠷᠡᠭᠡᠳᠦᠢ ᠳᠤ ᠬᠠᠨᠳᠤᠭᠰᠠᠨ ᠪᠠᠶᠢᠯᠳᠤᠬᠤ ᠪᠣᠳᠣᠯᠭ᠎ᠠ ᠶᠢᠨ | ᠬᠥᠭᠵᠢᠯᠲᠡ ᠶᠢᠨ ᠰᠤᠳᠤᠯᠤᠨ ᠶᠠᠷᠢᠯᠴᠠᠬᠤ ᠵᠢᠴᠢ ᠦᠢᠯᠡᠳᠪᠦᠷᠢ ᠪᠠᠶᠢᠭᠤᠯᠤᠭᠳᠠᠭᠰᠠᠨ 70 ᠵᠢᠯ ᠤᠨ ᠤᠢ ᠶᠢᠨ ᠶᠡᠭᠡ ᠬᠤᠷᠠᠯ ᠶᠠᠪᠤᠭᠳᠠᠭᠤᠯᠵᠤ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠲᠤᠰᠬᠠᠢ ᠮᠡᠷᠭᠡᠵᠢᠯᠲᠡᠨ᠂ | ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ᠂ ᠶᠡᠭᠡ ᠳᠡᠭᠡᠳᠦ ᠰᠤᠷᠭᠠᠭᠤᠯᠢ᠂ ᠡᠬᠢᠨ ᠤ ᠪᠠ ᠡᠴᠦᠰ ᠤᠨ | ᠬᠡᠯᠬᠢᠶ᠎ᠡ ᠶᠢᠨ ᠬᠠᠮᠲᠤᠷᠠᠯᠴᠠᠭᠠᠨ ᠤ ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ ᠵᠡᠷᠭᠡ ᠠᠴᠠ ᠬᠦᠷᠦᠯᠴᠡᠨ ᠢᠷᠡᠭᠰᠡᠨ ᠲᠥᠯᠥᠭᠡᠯᠡᠭᠴᠢ ︽ᠲᠠᠯ᠎ᠠ ᠨᠤᠲᠤᠭ ᠤᠨ | ᠪᠣᠯᠣᠳ ᠬᠤᠳᠠ︾ ᠳᠤ ᠪᠠᠶᠠᠷᠲᠠᠶᠢᠬᠠᠨ ᠴᠤᠭᠯᠠᠷᠠᠵᠤ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢ | ᠪᠠᠶᠢᠭᠤᠯᠤᠭᠰᠠᠨ︾ ᠲᠡᠦᠬᠡ ᠶᠢ ᠲᠠᠭᠢᠨ ᠡᠷᠭᠢᠴᠡᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠴᠢᠨᠠᠷ ᠰᠠᠶᠢᠲᠠᠢ ᠬᠥᠭᠵᠢᠯᠲᠡ ᠶᠢᠨ ᠢᠷᠡᠭᠡᠳᠦᠢ ᠶᠢ | ᠬᠠᠮᠲᠤ ᠪᠠᠷ ᠶᠠᠷᠢᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ | ᠹᠧᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠶᠡᠭᠡ ᠬᠤᠷᠠᠯ ᠳᠤ ᠣᠷᠣᠯᠴᠠᠵᠠᠢ᠃ | ᠳ᠋ᠢᠩ ᠰᠢᠤ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠪᠠᠶᠠᠷ ᠤᠨ ᠦᠭᠡ ᠬᠡᠯᠡᠵᠡᠢ᠂ ᠲᠡᠷᠡ᠂ | ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠦᠨᠳᠦᠰᠦᠲᠡᠨ ᠤ ᠭᠠᠵᠠᠷ ᠣᠷᠣᠨ ᠳᠤ | ᠪᠠᠶᠢᠭᠤᠯᠤᠭᠰᠠᠨ ᠠᠩᠬᠠᠳᠠᠭᠴᠢ ᠲᠣᠮᠣ ᠭᠡᠯᠪᠡᠷᠢ ᠶᠢᠨ ᠪᠣᠯᠣᠳ ᠲᠡᠮᠦᠷ ᠤᠨ ᠬᠤᠯᠪᠣᠭᠠᠲᠤ ᠠᠵᠤ ᠠᠬᠤᠶᠢᠯᠠᠯ ᠪᠣᠯᠣᠨ᠎ᠠ᠃ ᠨᠠᠮ ᠪᠠ ᠤᠯᠤᠰ ᠠᠴᠠ ᠪᠤᠭᠤᠲᠤ ᠶᠢᠨ | ᠪᠣᠯᠣᠳ ᠲᠡᠮᠦᠷ ᠤᠨ ᠺᠤᠮᠫᠠᠨᠢ ᠶᠢᠨ ᠬᠥᠭᠵᠢᠯᠲᠡ ᠶᠢ ᠲᠤᠶᠢᠯ ᠢᠶᠠᠷ ᠬᠠᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠪᠤᠭᠤᠲᠤ ᠶᠢᠨ ᠪᠣᠯᠣᠳ ᠲᠡᠮᠦᠷ ᠤᠨ | ᠺᠤᠮᠫᠠᠨᠢ ᠳᠤ ᠴᠢᠩ ᠰᠡᠳᠬᠢᠯ ᠤᠨ ᠨᠠᠶᠢᠳᠠᠯᠭ᠎ᠠ ᠲᠠᠯᠪᠢᠵᠤ᠂ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠨᠢ ᠪᠦᠭᠦᠳᠠ | ᠨᠠᠶᠢᠷᠠᠮᠳᠠᠬᠤ ᠤᠯᠤᠰ ᠤᠨ ᠠᠵᠤ ᠦᠢᠯᠡᠳᠪᠦᠷᠢ ᠶᠢᠨ ᠲᠡᠮᠡᠴᠡᠯ ᠬᠥᠭᠵᠢᠯᠲᠡ ᠶᠢᠨ ᠲᠡᠦᠬᠡᠨ ᠥᠩᠭᠡᠷᠡᠯᠲᠡ ᠶᠢ ᠲᠠᠮᠠᠭᠠᠯᠠᠵᠤ᠂ ᠪᠣᠯᠣᠳ ᠲᠡᠮᠦᠷ ᠢᠶᠠᠷ ᠤᠯᠤᠰ ᠢᠶᠠᠨ | ᠬᠥᠭᠵᠢᠭᠦᠯᠦᠨ ᠮᠠᠨᠳᠤᠭᠤᠯᠬᠤ᠂ ᠬᠤᠪᠣᠷ ᠰᠢᠷᠣᠢ ᠪᠠᠷ ᠤᠯᠤᠰ ᠢᠶᠠᠨ ᠬᠦᠴᠦᠷᠬᠡᠭᠵᠢᠭᠦᠯᠬᠦ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠦ᠂ ᠢᠮᠠᠭᠲᠠ ︽ᠠᠵᠤ | ᠦᠢᠯᠡᠳᠪᠦᠷᠢ ᠶᠢᠨ ᠥᠪᠥᠷ ᠮᠣᠩᠭᠤᠯ︾ ᠢ ᠪᠦᠲᠦᠭᠡᠨ ᠪᠠᠶᠢᠭᠤᠯᠬᠤ ᠲᠤᠯᠭᠠᠭᠤᠷᠢ ᠬᠦᠴᠦᠨ ᠪᠣᠯᠣᠭᠰᠠᠭᠠᠷ ᠢᠷᠡᠵᠠᠢ᠃ 70 ᠵᠢᠯ ᠤᠨ ᠲᠤᠷᠰᠢ᠂ ᠪᠤᠭᠤᠲᠤ ᠶᠢᠨ | ᠪᠣᠯᠣᠳ ᠲᠡᠮᠦᠷ ᠤᠨ ᠪᠦᠯᠦᠭᠯᠡᠯ ᠪᠣᠯᠣᠨ ᠪᠤᠭᠤᠲᠤ ᠬᠤᠲᠠ ᠶᠢᠨ ᠬᠢᠨ ᠠᠵᠤ ᠠᠬᠤᠶᠢᠯᠠᠯ ᠪᠠ ᠣᠷᠣᠨ ᠨᠤᠲᠤᠭ ᠬᠤᠭᠤᠷᠣᠨᠳᠤ ᠪᠠᠨ ᠠᠭᠤᠰᠤᠯᠴᠠᠵᠤ᠂ ᠬᠠᠷᠢᠯᠴᠠᠨ | ᠠᠮᠵᠢᠯᠲᠠ ᠪᠦᠲᠦᠮᠵᠢ ᠣᠯᠵᠤ᠂ ᠢᠷᠡᠭᠡᠳᠦᠢ ᠳᠤ ᠬᠠᠨᠳᠤᠨ᠂ ᠪᠢᠳᠠ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ ᠴᠢᠬᠤᠯᠠ ᠶᠡᠭᠡ | ᠡᠭᠦᠷᠭᠡ ᠶᠢ ᠬᠠᠮᠲᠤ ᠪᠠᠷ ᠡᠭᠦᠷᠭᠡᠯᠡᠵᠦ᠂ ᠳᠡᠯᠡᠬᠡᠢ ᠶᠢᠨ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠰᠠᠭᠤᠷᠢᠨ ᠤ ᠪᠠᠶᠢᠷᠢ | ᠰᠠᠭᠤᠷᠢ ᠶᠢ ᠬᠠᠮᠲᠤ ᠪᠠᠷ ᠰᠠᠶᠢᠲᠤᠷ ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠬᠠᠮᠲᠤ ᠪᠠᠷ ᠰᠠᠶᠢᠲᠤᠷ ᠵᠠᠮᠨᠠᠵᠤ᠂ | ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠣᠯᠣᠨ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠪᠥᠷ | ᠮᠣᠩᠭᠤᠯ ᠤᠨ ᠬᠤᠪᠣᠷ ᠰᠢᠷᠣᠢ ᠶᠢᠨ ︽ᠳᠡᠯᠡᠬᠡᠢ ᠶᠢᠨ ᠲᠡᠰ ᠤᠨ ᠨᠥᠭᠡᠴᠡ︾ ᠠᠴᠠ ︽ᠳᠡᠯᠡᠬᠡᠢ ᠶᠢᠨ ᠲᠡᠰ ᠤᠨ ᠠᠵᠤ ᠦᠢᠯᠡᠰ︾ ᠲᠡᠶᠢᠰᠢ ᠤᠷᠤᠭᠰᠢᠯᠠᠬᠤ ᠶᠢ | ᠠᠬᠢᠭᠤᠯᠬᠤ ᠬᠡᠷᠡᠭᠲᠡᠢ᠃ ᠪᠢᠳᠡ ᠭᠠᠷ ᠬᠤᠯᠪᠣᠨ ᠮᠥᠷᠥ ᠵᠡᠷᠭᠡᠴᠡᠵᠦ᠂ ᠠᠯᠳᠠᠷ ᠭᠤᠲᠤᠮᠰᠢᠭ ᠢᠶᠠᠨ ᠬᠠᠮᠲᠤᠳᠬᠠᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾ | ᠪᠠᠷ ᠬᠦᠴᠢᠷᠳᠡᠯ ᠢ ᠠᠷᠢᠯᠭᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠤᠨ ᠭᠡᠷᠡᠯ ᠰᠠᠴᠤᠷᠠᠩᠭᠤᠢ ᠰᠢᠨ᠎ᠡ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠡᠢ᠃ | ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢ 1954 ᠣᠨ ᠳᠤ ᠪᠠᠶᠢᠭᠤᠯᠵᠤ᠂ ︽ᠠᠩᠬᠠᠳᠤᠭᠠᠷ ᠲᠠᠪᠤᠨ ᠵᠢᠯ︾ ᠤᠨ ᠲᠥᠯᠥᠪᠯᠡᠭᠡ ᠳᠤ | ᠲᠣᠭᠲᠠᠭᠠᠭᠰᠠᠨ ︽ᠭᠤᠷᠪᠠᠨ ᠶᠡᠭᠡ ᠪᠣᠯᠣᠳ ᠲᠡᠮᠦᠷ ᠤᠨ ᠠᠵᠤ ᠦᠢᠯᠡᠳᠪᠦᠷᠢ ᠶᠢᠨ ᠰᠠᠭᠤᠷᠢᠨ︾ ᠤ ᠨᠢᠭᠡ ᠪᠣᠯᠤᠭᠰᠠᠨ ᠤ ᠬᠤᠪᠢ ᠳᠤ᠂ 70 ᠵᠢᠯ ᠤᠨ ᠲᠤᠷᠰᠢ᠂ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠪᠣᠯᠣᠳ ᠲᠡᠮᠦᠷ ᠤᠨ ᠭᠠᠷᠤᠯᠲᠠ ᠦᠢᠯᠡᠳᠪᠦᠷᠢ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠬᠡᠳᠦᠨ ᠲᠦᠮᠡᠨ | ᠲᠣᠨ ᠪᠠᠶᠢᠭᠰᠠᠨ ᠠᠴᠠ ᠨᠡᠮᠡᠭᠳᠡᠭᠡᠳ ᠣᠳᠣᠬᠠᠨ ᠤ 1500 ᠲᠦᠮᠡᠨ ᠲᠣᠨ ᠤ ᠲᠦᠪᠰᠢᠨ ᠳᠤ ᠲᠣᠭᠲᠠᠪᠤᠷᠢᠵᠢᠪᠠ᠃ ᠠᠵᠤ ᠦᠢᠯᠡᠰ ᠤᠨ ᠪᠦᠲᠦᠴᠡ ᠨᠢ | ᠠᠰᠢᠭᠯᠠᠯᠲᠠ ᠳᠤ ᠣᠷᠣᠭᠰᠠᠨ ᠡᠬᠢᠨ ᠤ ᠦᠶ᠎ᠡ ᠶᠢᠨ ᠲᠠᠩ ᠪᠣᠯᠣᠳ ᠲᠡᠮᠦᠷ ᠤᠨ ᠠᠵᠤ ᠦᠢᠯᠡᠰ ᠪᠠᠶᠢᠭᠰᠠᠨ ᠠᠴᠠ ᠪᠠᠨ ᠤᠳᠤ ᠪᠣᠯᠣᠳ ᠲᠡᠮᠦᠷ᠂ ᠬᠤᠪᠣᠷ | ᠰᠢᠷᠣᠢ ᠶᠢᠨ ᠬᠤᠣᠰ ᠭᠤᠣᠯ ᠠᠵᠤ ᠦᠢᠯᠡᠰ᠂ ᠡᠬᠢ ᠪᠠᠶᠠᠯᠢᠭ ᠵᠢᠴᠢ ᠶᠡᠷᠦᠩᠬᠡᠶᠢᠯᠡᠨ ᠠᠰᠢᠭᠯᠠᠬᠤ᠂ ᠪᠠᠷᠠᠭᠠᠨ ᠤ ᠭᠦᠢᠯᠭᠡᠭᠡ᠂ ᠨᠡᠭᠦᠷᠡᠰᠦ ᠬᠡᠦᠷᠡᠰᠦ ᠶᠢᠨ ᠬᠢᠮᠢ ᠶᠢᠨ | ᠠᠵᠤ ᠦᠢᠯᠡᠳᠪᠦᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠨᠣᠭᠯᠠᠯ ᠵᠢᠴᠢ ᠤᠳᠤ ᠦᠶ᠎ᠡ ᠶᠢᠨ ᠦᠢᠯᠡᠴᠢᠯᠡᠭᠡ ᠵᠡᠷᠭᠡ ᠰᠢᠨ᠎ᠡ ᠪᠠᠷ | ᠮᠠᠨᠳᠤᠭᠰᠠᠨ ᠠᠵᠤ ᠦᠢᠯᠡᠰ ᠬᠠᠮᠵᠢᠯᠴᠠᠨ ᠬᠥᠭᠵᠢᠭᠰᠡᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠡᠢ᠃ ᠥᠨᠥᠳᠥᠷ ᠤᠨ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠳᠤ᠂ ᠬᠤᠪᠣᠷ ᠰᠢᠷᠣᠢ ᠶᠢ ᠬᠠᠶᠢᠯᠤᠭᠤᠯᠬᠤ ᠪᠠ ᠦᠢᠯᠡᠳᠪᠦᠷᠢᠯᠡᠬᠦ ᠴᠢᠳᠠᠪᠤᠷᠢ ᠶᠢ ᠰᠠᠯᠭᠠᠬᠤ᠂ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠬᠦ | ᠴᠢᠳᠠᠪᠤᠷᠢ᠂ ᠭᠢᠯᠠᠶᠢᠯᠭᠠᠬᠤ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠪᠦᠭᠦ ᠳᠡᠯᠡᠬᠡᠢ ᠳᠤ ᠨᠢᠭᠡᠳᠦᠭᠡᠷ ᠲᠤ ᠣᠷᠣᠵᠤ᠂ ᠵᠢᠯ ᠪᠦᠷᠢ ᠪᠦᠭᠦ ᠪᠥᠮᠪᠥᠷᠴᠡᠭ ᠤᠨ | 40% ᠠᠴᠠ ᠳᠡᠭᠡᠭᠰᠢᠬᠢ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠦᠢᠯᠡᠳᠬᠦᠨ ᠢ ᠬᠠᠩᠭᠠᠵᠤ᠂ ᠳᠡᠯᠡᠬᠡᠢ ᠶᠢᠨ ᠬᠠᠮᠤᠭ ᠤᠨ ᠶᠡᠭᠡ ᠬᠤᠪᠣᠷ ᠰᠢᠷᠣᠢ ᠶᠢᠨ | ᠠᠵᠤ ᠦᠢᠯᠡᠳᠪᠦᠷᠢ ᠶᠢᠨ ᠰᠠᠭᠤᠷᠢᠨ ᠪᠣᠯᠪᠠ᠃ | ᠶᠡᠭᠡ ᠬᠤᠷᠠᠯ ᠤᠨ ᠬᠤᠭᠤᠴᠠᠭᠠᠨ ᠳᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ︽ᠰᠢᠨ᠎ᠡ ᠴᠢᠨᠠᠷ ᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ | ᠢᠷᠡᠭᠡᠳᠦᠢ ᠪᠠᠨ ᠤᠭᠲᠤᠨ᠎ᠠ︾ ᠭᠡᠬᠦ ᠭᠤᠣᠯ ᠰᠡᠳᠦᠪᠲᠦ ᠮᠡᠳᠡᠭᠦᠯᠦᠯᠲᠡ ᠶᠢ ᠭᠠᠳᠠᠭᠰᠢ ᠨᠡᠶᠢᠲᠡᠯᠡᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ | ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠢ ᠪᠠᠷᠠᠯᠠᠪᠠ᠃ ᠡᠷᠬᠢᠮ ᠵᠣᠴᠢᠳ ᠢ ᠤᠷᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠲᠡᠷᠢᠭᠦᠨ ᠤ | ᠪᠣᠯᠣᠳ ᠲᠡᠮᠦᠷ ᠮᠠᠲ᠋ᠧᠷᠢᠶᠠᠯ᠂ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠶᠢᠨ | ᠰᠤᠳᠤᠯᠤᠨ ᠶᠠᠷᠢᠯᠴᠠᠬᠤ ᠳᠤ ᠣᠷᠣᠯᠴᠠᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠬᠠᠪᠰᠤᠷᠤᠨ ᠨᠢᠭᠡᠨ ᠤᠷᠢᠳᠠᠴᠢ ᠴᠢᠨᠠᠷᠲᠠᠢ᠂ ᠰᠢᠨᠵᠢᠯᠡᠬᠦ | ᠤᠬᠠᠭᠠᠨᠴᠢ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠪᠤᠶ ᠪᠤᠯᠭᠠᠬᠤ ᠪᠠᠷ ᠴᠢᠷᠮᠠᠶᠢᠪᠠ᠃ | ᠲᠣᠰ ᠡᠳᠦᠷ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠤᠮᠠᠷᠠᠲᠤ ᠣᠷᠣᠨ ᠤ ᠬᠤᠪᠣᠷ ᠰᠢᠷᠣᠢ ᠶᠢᠨ ᠪᠣᠬᠢᠷᠳᠤᠯ ᠦᠭᠡᠢ ᠲᠡᠮᠦᠷᠯᠢᠭ | ᠬᠠᠶᠢᠯᠤᠭᠤᠯᠵᠤ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠂ ᠲᠣᠰ ᠲᠥᠷᠥᠯ ᠵᠦᠢᠯ ᠪᠣᠯ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠤᠪᠣᠷ ᠰᠢᠷᠣᠢ ᠶᠢᠨ | ᠠᠵᠤ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠠᠮᠤᠭ ᠤᠨ ᠶᠡᠭᠡ ᠲᠠᠩ ᠴᠣᠭᠴᠠᠲᠤ ᠢᠨᠵᠧᠨᠧᠷᠢᠩ ᠪᠣᠯᠣᠨ᠎ᠠ᠂ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠢ ᠤᠷᠤᠭᠰᠢᠲᠠᠢ ᠪᠠᠶᠢᠭᠤᠯᠤᠨ ᠠᠰᠢᠭᠯᠠᠯᠲᠠ ᠳᠤ ᠣᠷᠣᠭᠤᠯᠤᠭᠰᠠᠨ ᠨᠢ ᠪᠦᠭᠦ ᠪᠥᠮᠪᠥᠷᠴᠡᠭ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠢ | ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | |