1 — 9 ᠳ᠋ᠦ᠋ᠭᠡᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 0.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠰᠠᠷ᠎ᠠ ᠶᠢᠨ ᠬᠢ ᠠᠴᠠ 0.1 ᠬᠤᠪᠢ ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.2% | ᠨᠡᠮᠡᠭᠳᠡᠵᠦ᠂ ᠦᠢᠯᠡᠳᠬᠦ ᠦᠢᠯᠡᠰ 3.3% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 2.9% | ᠨᠡᠮᠡᠭᠳᠡᠪᠡ᠃ | ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 6.1% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.2% ᠨᠡᠮᠡᠭᠳᠡᠪᠡ︔ ᠭᠠᠳᠠᠭᠠᠳᠤ ᠶᠢᠨ | ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 4.1% ᠪᠠᠭᠤᠷᠠᠪᠠ︔ ᠬᠤᠪᠢ ᠶᠢᠨ | ᠡᠵᠡᠩᠨᠡᠭᠰᠡᠨ ᠠᠵᠤ ᠠᠬᠤᠶᠢᠯᠠᠯ 21.3% ᠪᠠᠭᠤᠷᠠᠪᠠ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 13 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 4.7% ᠪᠠᠭᠤᠷᠠᠵᠤ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 41.6% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠢ | ᠪᠣᠯᠪᠠᠰᠤᠷᠠᠭᠤᠯᠬᠤ ᠠᠵᠤ ᠦᠢᠯᠡᠰ 21.2% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 3.5% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 2.0% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 5.0% ᠪᠠᠭᠤᠷᠠᠪᠠ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 49 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 27 ᠵᠦᠢᠯ ᠤᠨ | ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 199.5 ᠲᠦᠮᠡᠨ ᠲᠣᠨ ᠬᠦᠷᠴᠦ᠂ 1.4% ᠨᠡᠮᠡᠭᠳᠡᠪᠡ︔ ᠠᠮᠲᠠᠨ ᠤᠭᠢ ᠶᠢᠨ ᠭᠠᠷᠤᠯᠲᠠ | 40.6 ᠲᠦᠮᠡᠨ ᠲᠣᠨ ᠬᠦᠷᠴᠦ᠂ 0.6% ᠪᠠᠭᠤᠷᠠᠪᠠ︔ ᠰᠦ ᠶᠢᠨ ᠭᠠᠷᠤᠯᠲᠠ 13.5 ᠲᠦᠮᠡᠨ ᠲᠣᠨ ᠬᠦᠷᠴᠦ᠂ 59.0% ᠨᠡᠮᠡᠭᠳᠡᠪᠡ︔ ᠬᠢᠲᠠᠳ ᠪᠡᠯᠡᠨ | ᠡᠮ ᠤᠨ ᠭᠠᠷᠤᠯᠲᠠ 601.7 ᠲᠣᠨ ᠬᠦᠷᠴᠦ᠂ 33.2% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 492.0 ᠲᠦᠮᠡᠨ ᠬᠦᠨᠳᠦ ᠬᠠᠶᠢᠷᠴᠠᠭ ᠬᠦᠷᠴᠦ᠂ 5. | 3% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 19.7 ᠲᠦᠮᠡᠨ ᠲᠣᠨ ᠳᠤ ᠬᠦᠷᠴᠦ᠂ 15.5% ᠪᠠᠭᠤᠷᠠᠪᠠ᠃ | |