1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 0.4% ᠪᠠᠭᠤᠷᠠᠪᠠ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.6% | ᠨᠡᠮᠡᠭᠳᠡᠵᠦ᠂ ᠦᠢᠯᠡᠳᠬᠦ ᠦᠢᠯᠡᠰ 3.5% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 1.9% | ᠨᠡᠮᠡᠭᠳᠡᠪᠡ᠃ | ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 4.7% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.5% ᠪᠠᠭᠤᠷᠠᠪᠠ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 3.0% ᠪᠠᠭᠤᠷᠠᠪᠠ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 21.1% ᠪᠠᠭᠤᠷᠠᠪᠠ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 25 ᠶᠡᠭᠡ ᠠᠵᠢᠯ ᠲᠥᠷᠥᠯ ᠤᠨ ᠳᠣᠲᠣᠷᠠᠬᠢ 12 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 5.2% ᠪᠠᠭᠤᠷᠠᠵᠤ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 42.4% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠢ | ᠪᠣᠯᠪᠠᠰᠤᠷᠠᠭᠤᠯᠬᠤ ᠠᠵᠤ ᠦᠢᠯᠡᠰ 19.9% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 1.0% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 0.8% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 4.2% ᠪᠠᠭᠤᠷᠠᠪᠠ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 28 ᠵᠦᠢᠯ ᠤᠨ | ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 222.4 ᠲᠦᠮᠡᠨ ᠲᠣᠨ ᠬᠦᠷᠴᠦ᠂ 1.5% ᠨᠡᠮᠡᠭᠳᠡᠪᠡ︔ ᠠᠮᠲᠠᠨ ᠤᠭᠢ ᠶᠢᠨ ᠭᠠᠷᠤᠯᠲᠠ | 45.5 ᠲᠦᠮᠡᠨ ᠲᠣᠨ ᠬᠦᠷᠴᠦ᠂ 0.3% ᠪᠠᠭᠤᠷᠠᠪᠠ︔ ᠰᠦ ᠶᠢᠨ ᠭᠠᠷᠤᠯᠲᠠ 15.4 ᠲᠦᠮᠡᠨ ᠲᠣᠨ ᠬᠦᠷᠴᠦ᠂ 53.3% ᠨᠡᠮᠡᠭᠳᠡᠪᠡ︔ ᠬᠢᠲᠠᠳ ᠪᠡᠯᠡᠨ | ᠡᠮ ᠤᠨ ᠭᠠᠷᠤᠯᠲᠠ 654.3 ᠲᠣᠨ ᠬᠦᠷᠴᠦ᠂ 30.0% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 539.3 ᠲᠦᠮᠡᠨ ᠬᠦᠨᠳᠦ ᠬᠠᠶᠢᠷᠴᠠᠭ ᠬᠦᠷᠴᠦ᠂ 3. | 6% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 21.0 ᠲᠦᠮᠡᠨ ᠲᠣᠨ ᠳᠤ ᠬᠦᠷᠴᠦ᠂ 20.1% ᠪᠠᠭᠤᠷᠠᠪᠠ᠃ | |