1 — 11 ᠳ᠋ᠦ᠋ᠭᠡᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 0.1% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠰᠠᠷ᠎ᠠ ᠶᠢᠨ ᠬᠢ ᠠᠴᠠ 0.5 ᠬᠤᠪᠢ ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.3% | ᠨᠡᠮᠡᠭᠳᠡᠵᠦ᠂ ᠦᠢᠯᠡᠳᠬᠦ ᠦᠢᠯᠡᠰ 2.9% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 3.2% | ᠨᠡᠮᠡᠭᠳᠡᠪᠡ᠃ | ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.0% ᠨᠡᠮᠡᠭᠳᠡᠪᠡ︔ ᠭᠠᠳᠠᠭᠠᠳᠤ ᠶᠢᠨ | ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 4.0% ᠪᠠᠭᠤᠷᠠᠪᠠ︔ ᠬᠤᠪᠢ ᠶᠢᠨ | ᠡᠵᠡᠩᠨᠡᠭᠰᠡᠨ ᠠᠵᠤ ᠠᠬᠤᠶᠢᠯᠠᠯ 21.0% ᠪᠠᠭᠤᠷᠠᠪᠠ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 25 ᠶᠡᠭᠡ ᠠᠵᠢᠯ ᠲᠥᠷᠥᠯ ᠤᠨ ᠳᠣᠲᠣᠷᠠᠬᠢ 14 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 5.0% ᠪᠠᠭᠤᠷᠠᠵᠤ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 42% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠢ | ᠪᠣᠯᠪᠠᠰᠤᠷᠠᠭᠤᠯᠬᠤ ᠠᠵᠤ ᠦᠢᠯᠡᠰ 18.5% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 1.1% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 2.8% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 2.9% ᠪᠠᠭᠤᠷᠠᠪᠠ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 29 ᠵᠦᠢᠯ ᠤᠨ | ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 244.6 ᠲᠦᠮᠡᠨ ᠲᠣᠨ ᠬᠦᠷᠴᠦ᠂ 1.6% ᠨᠡᠮᠡᠭᠳᠡᠪᠡ︔ ᠠᠮᠲᠠᠨ ᠤᠭᠢ ᠶᠢᠨ ᠭᠠᠷᠤᠯᠲᠠ | 50.4 ᠲᠦᠮᠡᠨ ᠲᠣᠨ ᠬᠦᠷᠴᠦ᠂ 0.6% ᠨᠡᠮᠡᠭᠳᠡᠪᠡ︔ ᠰᠦ ᠶᠢᠨ ᠭᠠᠷᠤᠯᠲᠠ 17.1 ᠲᠦᠮᠡᠨ ᠲᠣᠨ ᠬᠦᠷᠴᠦ᠂ 47.9% ᠨᠡᠮᠡᠭᠳᠡᠪᠡ︔ ᠬᠢᠲᠠᠳ ᠪᠡᠯᠡᠨ | ᠡᠮ ᠤᠨ ᠭᠠᠷᠤᠯᠲᠠ 751.7 ᠲᠣᠨ ᠬᠦᠷᠴᠦ᠂ 31.9% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 582.1 ᠲᠦᠮᠡᠨ ᠬᠦᠨᠳᠦ ᠬᠠᠶᠢᠷᠴᠠᠭ ᠬᠦᠷᠴᠦ᠂ 1. | 8% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 22.6 ᠲᠦᠮᠡᠨ ᠲᠣᠨ ᠬᠦᠷᠴᠦ᠂ 22.7% ᠪᠠᠭᠤᠷᠠᠪᠠ᠃ |