2024 ᠣᠨ ᠤ 1 — 3 ᠳ᠋ᠤᠭᠠᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/10/22
      ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.9% ᠨᠡᠮᠡᠭᠳᠡᠪᠡ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠵᠦ᠂ ᠦᠢᠯᠡᠳᠬᠦ ᠦᠢᠯᠡᠰ 0.5% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 1.4% ᠪᠠᠭᠤᠷᠠᠪᠠ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.5% ᠪᠠᠭᠤᠷᠠᠪᠠ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 0.9% ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 0.9% ᠪᠠᠭᠤᠷᠠᠪᠠ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 8.6% ᠪᠠᠭᠤᠷᠠᠪᠠ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 25 ᠶᠡᠭᠡ ᠠᠵᠢᠯ ᠲᠥᠷᠥᠯ ᠤᠨ ᠳᠣᠲᠣᠷᠠᠬᠢ 13 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 4.3% ᠪᠠᠭᠤᠷᠠᠵᠤ ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 63.1% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ 0.6% ᠨᠡᠮᠡᠭᠳᠡᠵᠦ᠂ ᠢᠳᠡᠭᠡᠨ ᠦᠢᠯᠡᠳᠬᠦ ᠦᠢᠯᠡᠰ 26.4% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 1.9% ᠪᠠᠭᠤᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 3.1% ᠪᠠᠭᠤᠷᠠᠪᠠ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 50 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 21 ᠵᠦᠢᠯ ᠤᠨ ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 67.1 ᠲᠦᠮᠡᠨ ᠲᠣᠨ ᠬᠦᠷᠴᠦ᠂ 1.7% ᠨᠡᠮᠡᠭᠳᠡᠪᠡ︔ ᠠᠮᠲᠠᠨ ᠤᠭᠢ ᠶᠢᠨ ᠭᠠᠷᠤᠯᠲᠠ 14.6 ᠲᠦᠮᠡᠨ ᠲᠣᠨ ᠬᠦᠷᠴᠦ᠂ 8.3% ᠨᠡᠮᠡᠭᠳᠡᠪᠡ︔ ᠰᠦ ᠶᠢᠨ ᠭᠠᠷᠤᠯᠲᠠ 3.2 ᠲᠦᠮᠡᠨ ᠲᠣᠨ ᠬᠦᠷᠴᠦ᠂ 27.9% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 220.8 ᠲᠣᠨ ᠬᠦᠷᠴᠦ᠂ 0.4% ᠪᠠᠭᠤᠷᠠᠪᠠ︔ ᠬᠠᠪᠲᠠᠭᠠᠢ ᠰᠢᠯ ᠤᠨ ᠭᠠᠷᠤᠯᠲᠠ 146.6 ᠲᠦᠮᠡᠨ ᠬᠦᠨᠳᠦ ᠬᠠᠶᠢᠷᠴᠠᠭ ᠬᠦᠷᠴᠦ᠂ 9.4% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 2.2 ᠲᠦᠮᠡᠨ ᠲᠣᠨ ᠬᠦᠷᠴᠦ᠂ 73.6% ᠪᠠᠭᠤᠷᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ