ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 2.6% ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.5% | ᠨᠡᠮᠡᠭᠳᠡᠵᠦ᠂ ᠦᠢᠯᠡᠳᠬᠦ ᠦᠢᠯᠡᠰ 5.4% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 2.4% | ᠨᠡᠮᠡᠭᠳᠡᠪᠡ᠃ | ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 2.6% ᠪᠠᠭᠤᠷᠠᠪᠠ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 2.5% ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 6.9% ᠨᠡᠮᠡᠭᠳᠡᠪᠡ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 4.2% ᠨᠡᠮᠡᠭᠳᠡᠪᠡ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 14 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.4% ᠨᠡᠮᠡᠭᠳᠡᠵᠦ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 47.5% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ | ᠪᠣᠯᠪᠠᠰᠤᠷᠠᠭᠤᠯᠬᠤ ᠠᠵᠤ ᠦᠢᠯᠡᠰ 7.1% ᠪᠠᠭᠤᠷᠠᠵᠤ᠂ ᠢᠳᠡᠭᠡᠨ ᠦᠢᠯᠡᠳᠬᠦ ᠦᠢᠯᠡᠰ 32.3% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 2.7% ᠪᠠᠭᠤᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 12.3% ᠨᠡᠮᠡᠭᠳᠡᠪᠡ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 50 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 22 ᠵᠦᠢᠯ ᠤᠨ | ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 27.1 ᠲᠦᠮᠡᠨ ᠲᠣᠨ ᠬᠦᠷᠴᠦ᠂ 3.8% ᠨᠡᠮᠡᠭᠳᠡᠪᠡ︔ ᠰᠦ ᠶᠢᠨ ᠭᠠᠷᠤᠯᠲᠠ 6.2 ᠲᠦᠮᠡᠨ ᠲᠣᠨ | ᠬᠦᠷᠴᠦ᠂ 31.6% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 437.8 ᠲᠣᠨ ᠬᠦᠷᠴᠦ᠂ 1.5% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ | 293.7 ᠲᠦᠮᠡᠨ ᠬᠦᠨᠳᠦ ᠬᠠᠶᠢᠷᠴᠠᠭ ᠬᠦᠷᠴᠦ᠂ 12.8% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 6.5 ᠲᠦᠮᠡᠨ ᠲᠣᠨ ᠬᠦᠷᠴᠦ᠂ 53.6% | ᠪᠠᠭᠤᠷᠠᠪᠠ᠃ |