2024 ᠣᠨ ᠤ 1 — 7 ᠳ᠋ᠤᠭᠠᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/10/22
      1 — 7 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.4% ᠨᠡᠮᠡᠭᠳᠡᠪᠡ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠵᠦ᠂ ᠦᠢᠯᠡᠳᠬᠦ ᠦᠢᠯᠡᠰ 5.7% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 1.4% ᠪᠠᠭᠤᠷᠠᠪᠠ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.5% ᠪᠠᠭᠤᠷᠠᠪᠠ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 3.2% ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 9.2% ᠨᠡᠮᠡᠭᠳᠡᠪᠡ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 6.3% ᠨᠡᠮᠡᠭᠳᠡᠪᠡ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 13 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.5% ᠨᠡᠮᠡᠭᠳᠡᠵᠦ ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 37.4% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ 7.9% ᠪᠠᠭᠤᠷᠠᠵᠤ᠂ ᠢᠳᠡᠭᠡᠨ ᠦᠢᠯᠡᠳᠬᠦ ᠦᠢᠯᠡᠰ 30.7% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 1.6% ᠪᠠᠭᠤᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 15.3% ᠨᠡᠮᠡᠭᠳᠡᠪᠡ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 49 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 22 ᠵᠦᠢᠯ ᠤᠨ ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 31.5 ᠲᠦᠮᠡᠨ ᠲᠣᠨ ᠬᠦᠷᠴᠦ᠂ 1.6% ᠨᠡᠮᠡᠭᠳᠡᠪᠡ︔ ᠰᠦ ᠶᠢᠨ ᠭᠠᠷᠤᠯᠲᠠ 6.9 ᠲᠦᠮᠡᠨ ᠲᠣᠨ ᠬᠦᠷᠴᠦ᠂ 33.6% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 563.4 ᠲᠣᠨ ᠬᠦᠷᠴᠦ᠂ 13.5% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 343.3 ᠲᠦᠮᠡᠨ ᠬᠦᠨᠳᠦ ᠬᠠᠶᠢᠷᠴᠠᠭ ᠬᠦᠷᠴᠦ᠂ 13.5% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 7.3 ᠲᠦᠮᠡᠨ ᠲᠣᠨ ᠬᠦᠷᠴᠦ᠂ 54.1% ᠪᠠᠭᠤᠷᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ