2024 ᠣᠨ ᠤ 1 — 8 ᠳ᠋ᠤᠭᠠᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/10/22
      1 — 8 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.9% ᠨᠡᠮᠡᠭᠳᠡᠪᠡ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠵᠦ᠂ ᠦᠢᠯᠡᠳᠬᠦ ᠦᠢᠯᠡᠰ 5.8% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 1.3% ᠪᠠᠭᠤᠷᠠᠪᠠ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.5% ᠪᠠᠭᠤᠷᠠᠪᠠ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 3.8% ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 7.9% ᠨᠡᠮᠡᠭᠳᠡᠪᠡ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 8.0% ᠨᠡᠮᠡᠭᠳᠡᠪᠡ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 27 ᠶᠡᠭᠡ ᠠᠵᠢᠯ ᠲᠥᠷᠥᠯ ᠤᠨ ᠳᠣᠲᠣᠷᠠᠬᠢ 15 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.5% ᠨᠡᠮᠡᠭᠳᠡᠵᠦ ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 32.5% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ 7.8% ᠪᠠᠭᠤᠷᠠᠵᠤ᠂ ᠢᠳᠡᠭᠡᠨ ᠦᠢᠯᠡᠳᠬᠦ ᠦᠢᠯᠡᠰ 28.4% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 1.3% ᠪᠠᠭᠤᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 15.8% ᠨᠡᠮᠡᠭᠳᠡᠪᠡ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 50 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 24 ᠵᠦᠢᠯ ᠤᠨ ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 35.7 ᠲᠦᠮᠡᠨ ᠲᠣᠨ ᠬᠦᠷᠴᠦ᠂ 0.1% ᠪᠠᠭᠤᠷᠠᠪᠠ︔ ᠰᠦ ᠶᠢᠨ ᠭᠠᠷᠤᠯᠲᠠ 8.2 ᠲᠦᠮᠡᠨ ᠲᠣᠨ ᠬᠦᠷᠴᠦ᠂ 31.6% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 734.5 ᠲᠣᠨ ᠬᠦᠷᠴᠦ᠂ 36.2% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 391.3 ᠲᠦᠮᠡᠨ ᠬᠦᠨᠳᠦ ᠬᠠᠶᠢᠷᠴᠠᠭ ᠬᠦᠷᠴᠦ᠂ 12.5% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 7.6 ᠲᠦᠮᠡᠨ ᠲᠣᠨ ᠬᠦᠷᠴᠦ᠂ 57.6% ᠪᠠᠭᠤᠷᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ