| | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠴᠠᠭᠠᠵᠠ ᠶᠢᠨ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ | ᠬᠠᠤᠯᠢᠴᠢ ᠶᠢᠨ ᠡᠩᠨᠡᠭᠡ ᠶᠢᠨ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠶᠢ ᠠᠬᠢᠭᠤᠯᠬᠤ ᠳᠤᠮᠳᠠᠬᠢ ᠡᠭᠦᠷᠭᠡ ᠴᠢᠳᠠᠪᠬᠢ ᠶᠢᠨ ᠦᠢᠯᠡᠳᠦᠯ ᠪᠣᠯᠣᠨ | ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠤᠷᠤᠭᠤᠯᠬᠤ︾ ᠠᠵᠢᠯᠯᠠᠭ᠎ᠠ ᠶᠢ | ᠥᠷᠨᠢᠭᠦᠯᠦᠭᠰᠡᠨ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠲᠥᠯᠥᠭᠡ᠂ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢᠨ | ᠪᠠᠶᠢᠩᠭᠤᠵᠢᠭᠰᠠᠨ ᠠᠵᠢᠯ ᠤᠨ ᠳᠦᠷᠢᠮ ᠢ ᠪᠠᠶᠢᠭᠤᠯᠬᠤ ᠪᠠᠷ ᠲᠣᠭᠲᠠᠪᠠ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠭᠡᠳᠡᠭ ᠨᠢ ᠬᠤᠲᠠ ᠬᠥᠳᠡᠭᠡ ᠶᠢᠨ ᠬᠠᠤᠯᠢ | ᠴᠠᠭᠠᠵᠠ ᠶᠢᠨ ᠡᠬᠢ ᠪᠠᠶᠠᠯᠢᠭ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢᠴᠢ | ᠠᠴᠠ ᠮᠠᠯᠵᠢᠬᠤ ᠲᠠᠷᠢᠶᠠᠯᠠᠬᠤ ᠣᠷᠣᠨ ᠳᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠬᠠᠩᠭᠠᠵᠤ᠂ ᠬᠠᠤᠯᠢᠴᠢ ᠶᠢᠨ ᠨᠡᠶᠢᠲᠡ ᠶᠢᠨ | ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠴᠢᠩᠭᠠᠳᠬᠠᠨ᠂ ᠦᠨᠳᠦᠰᠦᠨ ᠱᠠᠲᠤᠨ ᠤ | ᠦᠢᠯᠡᠴᠢᠯᠡᠭᠡᠨ ᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠪᠠ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠵᠢᠭᠠᠵᠤ ᠪᠣᠶ᠃ | ᠬᠤᠶᠠᠳᠤᠭᠠᠷ ᠵᠦᠢᠯ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢᠨ ᠬᠠᠷᠠᠯᠲᠠ ᠪᠣᠯ ᠪᠥᠬᠦ ᠬᠠᠤᠯᠢᠴᠢ ᠶᠢ | ᠳᠠᠶᠢᠴᠢᠯᠠᠨ ᠣᠷᠣᠯᠴᠠᠭᠤᠯᠬᠤ ᠪᠠᠷ ᠳᠠᠮᠵᠢᠭᠤᠯᠤᠨ᠂ ᠭᠠᠴᠠᠭ᠎ᠠ ︵ᠲᠣᠰᠬᠤᠨ︶ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠦᠷᠢᠨ ᠪᠦᠷᠬᠦᠭᠦᠯᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠵᠢᠷ ᠠᠯᠲᠠᠨ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠨ᠎ᠠ᠃ | ᠭᠤᠷᠪᠠᠳᠤᠭᠠᠷ ᠵᠦᠢᠯ ᠠᠵᠢᠯ ᠤᠨ ᠰᠡᠳᠬᠢᠮᠵᠢ ᠶᠢᠨ ᠰᠢᠨ᠎ᠡ ᠶᠢ ᠡᠭᠦᠳᠬᠦ᠂ ᠠᠵᠢᠯ ᠤᠨ ᠲᠣᠭᠲᠠᠴᠠ ᠶᠢ ᠪᠦᠷᠢᠨᠰᠢᠭᠦᠯᠬᠦ᠂ ᠱᠠᠩᠨᠠᠵᠤ ᠲᠣᠷᠭᠠᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠷᠢᠭᠦᠨ ᠤ ᠲᠤᠷᠰᠢᠯᠭ᠎ᠠ ᠶᠢ ᠲᠣᠭᠲᠠᠪᠤᠷᠢᠵᠢᠭᠤᠯᠤᠨ᠂ | ᠬᠠᠤᠯᠢᠴᠢ ᠶᠢᠨ ᠮᠠᠯᠴᠢᠨ ᠲᠠᠷᠢᠶᠠᠴᠢᠨ ᠳᠤ ᠦᠢᠯᠡᠴᠢᠯᠡᠬᠦ ᠠᠵᠢᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠬᠠᠤᠯᠢᠴᠢ ᠶᠢᠨ ᠠᠵᠢᠯ ᠮᠡᠷᠭᠡᠵᠢᠯ ᠤᠨ | ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ᠂ ᠬᠠᠨᠤᠮᠵᠢ ᠶᠢᠨ ᠬᠡᠮᠵᠢᠶ᠎ᠡ᠂ ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ | ᠮᠠᠯᠴᠢᠨ ᠲᠠᠷᠢᠶᠠᠴᠢᠨ ᠤ ᠬᠠᠤᠯᠢ ᠪᠠᠷ ᠵᠠᠰᠠᠬᠤ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ | ᠨᠡᠮᠡᠭᠳᠡᠭᠦᠯᠦᠨ᠎ᠡ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠪᠠᠶᠢᠭᠤᠯᠤᠭᠰᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢᠨ | ᠬᠡᠷᠡᠭ ᠡᠷᠬᠢᠯᠡᠬᠦ ᠭᠠᠵᠠᠷ ᠲᠤ ᠠᠵᠢᠯ ᠡᠷᠬᠢᠯᠡᠵᠦ ᠪᠠᠶᠢᠭ᠎ᠠ ᠲᠤᠰᠬᠠᠢ ᠪᠠ ᠲᠤᠰᠢᠶᠠᠯ ᠬᠠᠪᠰᠤᠷᠭᠠᠭᠰᠠᠨ ᠬᠠᠤᠯᠢᠴᠢ ᠳᠤ ᠳᠤᠬᠢᠷᠠᠨ᠎ᠠ᠃ | ᠬᠤᠶᠠᠳᠤᠭᠠᠷ ᠪᠦᠯᠦᠭ ᠠᠵᠢᠯ ᠤᠨ ᠠᠭᠤᠯᠭ᠎ᠠ | ᠲᠠᠪᠤᠳᠤᠭᠠᠷ ᠵᠦᠢᠯ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠬᠠᠪᠰᠤᠷᠤᠨ ᠲᠡᠳᠬᠦᠬᠦ ᠭᠠᠴᠠᠭ᠎ᠠ ︵ᠲᠣᠰᠬᠤᠨ︶ ᠶᠢᠨ ᠮᠠᠯᠴᠢᠨ ᠲᠠᠷᠢᠶᠠᠴᠢᠳ ᠤᠨ | ᠡᠳᠦᠷ ᠲᠤᠲᠤᠮ ᠤᠨ ᠠᠮᠢᠳᠤᠷᠠᠯ ᠤᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠲᠤᠰᠬᠠᠢ | ᠮᠡᠷᠭᠡᠵᠢᠯ ᠤᠨ ᠬᠠᠤᠯᠢ ᠴᠠᠭᠠᠵᠠ ᠶᠢᠨ ᠰᠠᠨᠠᠯ ᠢ ᠬᠠᠩᠭᠠᠬᠤ ᠬᠡᠷᠡᠭᠲᠡᠢ᠃ | ᠵᠢᠷᠭᠤᠳᠤᠭᠠᠷ ᠵᠦᠢᠯ ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠣᠷᠣᠨ ᠪᠦᠰᠡ ᠵᠢᠴᠢ ᠴᠠᠭ ᠬᠤᠭᠤᠴᠠᠭᠠᠨ ᠳᠤ ︽ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠯᠭᠡᠭᠡ ᠮᠠᠶᠢᠮᠠᠢ︾ ᠭᠠᠷᠭᠠᠵᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠭᠠᠵᠠᠷ ᠰᠢᠷᠣᠢ ᠶᠢᠨ | ᠡᠷᠬᠡ ᠶᠢᠨ ᠬᠠᠷᠢᠶᠠᠯᠠᠯ᠂ ᠣᠷᠤᠭ ᠭᠡᠷ ᠪᠦᠯᠢ᠂ ᠰᠤᠷᠭᠠᠭᠤᠯᠢ ᠳᠤ ᠤᠷᠤᠬᠤ ᠡᠮᠨᠡᠭᠦᠯᠬᠦ ᠵᠡᠷᠭᠡ ᠭᠠᠴᠠᠭ᠎ᠠ ︵ᠲᠣᠰᠬᠤᠨ︶ ᠶᠢ ᠵᠠᠰᠠᠬᠤ ᠭᠤᠣᠯᠳᠠᠯᠭ᠎ᠠ ᠲᠠᠢ | ᠭᠤᠭᠴᠤᠭ᠎ᠠ ᠶᠢᠨ ᠲᠣᠭᠤᠷᠢᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠠᠭᠠᠨ ᠳᠠᠪᠲᠠᠮᠵᠢ ᠶᠢ ᠵᠣᠬᠢᠶᠠᠨ ᠪᠠᠶᠢᠭᠤᠯᠤᠨ ᠦᠵᠡᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠦᠨ᠎ᠡ᠃ | ᠳᠣᠯᠣᠳᠤᠭᠠᠷ ᠵᠦᠢᠯ ᠲᠦᠪᠡᠭ ᠪᠤᠳᠤᠯᠢᠶᠠᠨᠲᠠᠢ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠳᠤ ᠣᠷᠣᠯᠴᠠᠵᠤ᠂ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ | ᠤᠴᠢᠷ ᠢ ᠵᠠᠳᠠᠯᠬᠤ ᠶᠢ ᠰᠠᠶᠢᠲᠤᠷ ᠬᠢᠵᠦ᠂ ᠲᠤᠬᠠᠢ ᠶᠢᠨ ᠬᠥᠮᠥᠨ ᠤ ᠬᠠᠤᠯᠢ ᠲᠣᠭᠲᠠᠭᠠᠯ ᠶᠣᠰᠣᠭᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠶᠢ ᠬᠥᠲᠥᠯᠥᠨ | ᠵᠢᠯᠤᠭᠤᠳᠴᠤ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠣᠶᠤᠨᠴᠢ ᠪᠠᠷ ᠬᠠᠮᠠᠭᠠᠯᠠᠵᠤ᠂ ᠰᠣᠷᠪᠤᠯᠵᠢᠯᠠᠭ᠎ᠠ ᠬᠢᠬᠦ ᠶᠢ ᠵᠣᠭᠰᠣᠭᠠᠵᠤ | ᠵᠢᠭᠤᠷᠠᠯᠳᠤᠭᠠᠨ ᠢ ᠵᠣᠭᠰᠤᠭᠠᠬᠤ ᠶᠢ ᠠᠬᠢᠭᠤᠯᠤᠨ᠎ᠠ᠃ | ᠨᠠᠢᠮᠠᠳᠤᠭᠠᠷ ᠵᠦᠢᠯ ᠭᠠᠴᠠᠭ᠎ᠠ ︵ᠲᠣᠰᠬᠤᠨ︶ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠭᠠᠵᠠᠷ ᠰᠢᠷᠣᠢ ᠲᠠᠲᠠᠪᠤᠷᠢᠯᠠᠨ ᠬᠡᠷᠡᠭᠯᠡᠬᠦ | ᠨᠥᠬᠦᠪᠦᠷᠢ ᠥᠭᠴᠦ ᠲᠥᠪᠬᠢᠨᠡᠭᠦᠯᠬᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠵᠡᠷᠭᠡ ᠴᠢᠬᠤᠯᠠ ᠶᠡᠭᠡ ᠲᠥᠷᠥᠯ ᠵᠦᠢᠯ ᠤᠨ ᠠᠵᠤ ᠠᠬᠤᠢ ᠶᠢᠨ | ᠭᠡᠷ᠎ᠡ ᠲᠣᠭᠲᠠᠬᠤ ᠪᠠ ᠪᠤᠰᠤᠳ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠪᠠᠷ ᠬᠠᠤᠯᠢ ᠴᠠᠭᠠᠵᠠ ᠶᠢᠨ ᠰᠠᠨᠠᠯ ᠬᠠᠩᠭᠠᠬᠤ ᠬᠡᠷᠡᠭᠲᠡᠢ᠃ | | ᠶᠢᠰᠦᠳᠦᠭᠡᠷ ᠵᠦᠢᠯ ᠬᠥᠳᠡᠭᠡ ᠲᠣᠰᠬᠤᠨ ᠤ ᠵᠥᠪᠯᠡᠯ ᠢ ᠬᠠᠮᠵᠢᠨ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠪᠠ ᠪᠤᠰᠤᠳ ᠬᠠᠮᠢᠶᠠᠷᠤᠯᠲᠠ ᠶᠢᠨ | ᠲᠣᠭᠲᠠᠭᠠᠯ ᠢ ᠲᠤᠭᠤᠷᠪᠢᠵᠤ᠂ ᠬᠢᠨᠠᠨ ᠬᠠᠷᠭᠤᠭᠤᠯᠵᠤ᠂ ᠵᠠᠰᠠᠪᠤᠷᠢ ᠣᠷᠣᠭᠤᠯᠤᠨ᠎ᠠ︔ ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠤᠯᠢ | ᠴᠠᠭᠠᠵᠠ ᠶᠢᠨ ᠮᠡᠳᠡᠯᠭᠡ ᠪᠠᠷ ᠲᠣᠰᠬᠤᠨ ᠤ ᠬᠥᠳᠡᠭᠡ ᠲᠣᠰᠬᠤᠨ ᠤ ᠬᠤᠭᠤᠴᠠᠭ᠎ᠠ ᠰᠣᠯᠢᠬᠤ ᠰᠣᠩᠭᠤᠭᠤᠯᠢ ᠳᠤ ᠦᠢᠯᠡᠴᠢᠯᠡᠵᠦ᠂ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠳᠤᠮᠳᠠᠬᠢ ᠬᠠᠤᠯᠢ ᠴᠠᠭᠠᠵᠠ ᠶᠢᠨ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ | ᠠᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠯᠠᠪᠯᠠᠭ᠎ᠠ ᠬᠠᠩᠭᠠᠵᠤ᠂ | ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢ ᠥᠷᠨᠢᠭᠦᠯᠦᠨ᠂ ᠺᠣᠮᠫᠠᠨᠢ ᠶᠢᠨ ᠬᠠᠤᠯᠢ ᠶᠣᠰᠣᠭᠠᠷ ᠡᠵᠡᠩᠨᠡᠬᠦ ᠪᠠ ᠵᠢᠷᠤᠮᠵᠢᠭᠤᠯᠤᠨ ᠵᠠᠰᠠᠬᠤ ᠲᠠᠯ᠎ᠠ ᠪᠠᠷ | ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ︔ ᠬᠢᠮᠤᠷᠠᠯ ᠢ ᠰᠢᠢᠳᠪᠦᠷᠢᠯᠡᠬᠦ ᠳᠤ ᠬᠤᠯᠪᠣᠭᠳᠠᠬᠤ ᠬᠠᠤᠯᠢ ᠴᠠᠭᠠᠵᠠ ᠶᠢᠨ ᠪᠡᠯᠡᠳᠬᠡᠯ ᠲᠥᠰᠥᠯ ᠢ | ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ | ᠪᠣᠯᠪᠠᠰᠤᠷᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ | ᠠᠷᠪᠠᠨ ᠨᠢᠭᠡᠳᠦᠭᠡᠷ ᠵᠦᠢᠯ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠠᠷᠢᠶᠠᠯᠠᠩ | ᠮᠠᠯ ᠠᠵᠤ ᠠᠬᠤᠢ ᠳᠤ ᠬᠤᠯᠪᠣᠭᠳᠠᠬᠤ ᠬᠠᠤᠯᠢ ᠴᠠᠭᠠᠵᠠ ᠶᠢᠨ ᠲᠤᠰᠠᠯᠠᠮᠵᠢ ᠶᠢ ᠭᠤᠶᠤᠴᠢᠯᠠᠨ᠎ᠠ᠃ | ᠭᠤᠷᠪᠠᠳᠤᠭᠠᠷ ᠪᠦᠯᠦᠭ ᠦᠢᠯᠡᠴᠢᠯᠡᠭᠡᠨ ᠤ ᠠᠷᠭ᠎ᠠ ᠮᠠᠶ᠋ᠢᠭ | ᠠᠷᠪᠠᠨ ᠬᠤᠶᠠᠳᠤᠭᠠᠷ ᠵᠦᠢᠯ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠢᠭᠡᠳᠦᠯᠲᠡᠢ | ᠲᠥᠯᠥᠪᠵᠢᠭᠦᠯᠦᠨ ᠵᠢᠯᠤᠭᠤᠳᠬᠤ ᠶᠢ ᠬᠦᠯᠢᠶᠡᠵᠦ᠂ ᠦᠢᠯᠡᠴᠢᠯᠡᠬᠦ ᠡᠲᠡᠭᠡᠳ ᠲᠠᠢ ᠰᠠᠨᠠᠭᠠᠴᠢᠯᠠᠭ᠎ᠠ ᠠᠴᠠ ᠪᠠᠨ ᠠᠵᠢᠯ ᠤᠨ ᠬᠠᠷᠢᠯᠴᠠᠭ᠎ᠠ ᠪᠠᠶᠢᠭᠤᠯᠵᠤ᠂ ᠨᠡᠶᠢᠲᠡ ᠶᠢᠨ | ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠯᠡᠯᠴᠡᠭᠡᠷ ᠲᠣᠭᠲᠠᠭᠠᠵᠤ᠂ ᠦᠢᠯᠡᠴᠢᠯᠡᠭᠡᠨ ᠤ ᠠᠭᠤᠯᠭ᠎ᠠ᠂ ᠠᠷᠭ᠎ᠠ ᠮᠠᠶ᠋ᠢᠭ᠂ ᠠᠵᠢᠯ ᠤᠨ ᠨᠥᠬᠦᠴᠡᠯ | ᠵᠡᠷᠭᠡ ᠶᠢ ᠪᠣᠯᠵᠣᠨ ᠲᠣᠭᠲᠠᠵᠤ᠂ ᠦᠢᠯᠡᠴᠢᠯᠡᠭᠡᠨ ᠤ ᠶᠠᠪᠤᠴᠠ ᠶᠢ ᠵᠢᠷᠤᠮᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠨ᠎ᠠ᠃ | ᠠᠷᠪᠠᠨ ᠭᠤᠷᠪᠠᠳᠤᠭᠠᠷ ᠵᠦᠢᠯ ᠨᠠᠮ ᠤᠨ ᠪᠠᠶᠢᠭᠤᠯᠤᠯᠲᠠ ᠶᠢ ᠬᠠᠮᠲᠤᠷᠠᠨ ᠪᠠᠶᠢᠭᠤᠯᠵᠤ ᠬᠠᠮᠲᠤᠪᠠᠷ ᠪᠠᠶᠢᠭᠤᠯᠬᠤ ᠬᠡᠯᠪᠡᠷᠢ ᠪᠠᠷ ᠳᠠᠮᠵᠢᠭᠤᠯᠤᠨ᠂ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠬᠢᠭᠡᠳ ᠭᠠᠴᠠᠭ᠎ᠠ ︵ᠲᠣᠰᠬᠤᠨ︶ ᠶᠢᠨ ᠵᠥᠪᠯᠡᠯ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠡᠭᠦᠷ ᠬᠢᠭᠡᠳ | ᠭᠠᠴᠠᠭ᠎ᠠ ︵ᠲᠣᠰᠬᠤᠨ︶ ᠶᠢᠨ ᠨᠠᠮ ᠤᠨ ᠡᠭᠦᠷ ᠤᠨ ︽ᠬᠤᠣᠰ ᠬᠤᠯᠪᠤᠭᠠᠯᠠᠯ︾ ᠤᠨ ᠠᠵᠢᠯᠯᠠᠭ᠎ᠠ ᠶᠢ ᠥᠷᠨᠢᠭᠦᠯᠵᠦ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ | ᠨᠠᠮ ᠤᠨ ᠭᠡᠰᠢᠭᠦᠨ ᠬᠠᠤᠯᠢᠴᠢ ᠶᠢᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ | ᠬᠠᠮᠲᠤᠷᠠᠯᠴᠠᠭ᠎ᠠ ᠶᠢ ᠴᠢᠩᠭᠠᠷᠠᠭᠤᠯᠤᠨ᠎ᠠ᠃ | ᠠᠷᠪᠠᠨ ᠳᠥᠷᠪᠡᠳᠦᠭᠡᠷ ᠵᠦᠢᠯ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ | ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠦᠯᠵᠢᠶ᠎ᠡ᠂ ᠳ᠋ᠢᠶᠠᠩᠬᠤᠸᠠ ᠵᠡᠷᠭᠡ ᠣᠯᠠᠨ ᠲᠠᠯ᠎ᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ | ᠬᠡᠷᠡᠭᠯᠡᠨ᠂ ᠬᠠᠤᠯᠢᠴᠢ ᠶᠢᠨ ᠡᠬᠢ ᠪᠠᠶᠠᠯᠢᠭ ᠬᠦᠷᠦᠯᠴᠡᠬᠦ ᠦᠭᠡᠢ᠂ ᠲᠤᠬᠠᠢ ᠶᠢᠨ ᠭᠠᠵᠠᠷ ᠲᠤ ᠨᠢ ᠬᠠᠤᠯᠢ ᠴᠠᠭᠠᠵᠠ ᠶᠢᠨ ᠦᠢᠯᠡᠴᠢᠯᠡᠭᠡ ᠥᠷᠨᠢᠭᠦᠯᠬᠦ ᠥᠪᠡᠷ ᠤᠨ | ᠥᠷᠲᠡᠭ ᠥᠨᠳᠥᠷ ᠵᠡᠷᠭᠡ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠳᠥᠭᠦᠮ ᠳᠥᠲᠡ ᠲᠦᠷᠭᠡᠨ ᠬᠠᠩᠭᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠵᠢᠯ ᠪᠦᠷᠢ ᠬᠠᠪᠰᠤᠷᠤᠨ ᠲᠡᠳᠬᠦᠬᠦ ᠶᠢ ᠭᠥᠯᠢᠶᠡᠨ ᠠᠪᠤᠭᠰᠠᠨ ᠭᠠᠴᠠᠭ᠎ᠠ ︵ | ᠲᠣᠰᠬᠤᠨ︶ ᠳᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠣᠳᠠᠲᠠᠢ ᠭᠠᠵᠠᠷ ᠲᠤᠨᠢ ᠥᠷᠨᠢᠭᠦᠯᠬᠦ ᠬᠡᠷᠡᠭᠲᠡᠢ᠃ ᠠᠳᠠᠭ ᠲᠠᠭᠠᠨ 4 ᠲᠠᠯᠠᠪᠤᠷ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠬᠠᠤᠯᠢ ᠴᠠᠭᠠᠵᠠ ᠶᠢᠨ ᠯᠠᠪᠯᠠᠯᠭ᠎ᠠ ᠶᠢ ᠲᠥᠪᠯᠡᠷᠡᠭᠦᠯᠦᠨ ᠡᠷᠭᠢᠯᠡᠨ᠎ᠡ︔ ᠬᠥᠳᠡᠭᠡ ᠲᠣᠰᠬᠤᠨ ᠤ ᠠᠷᠠᠳ ᠤᠨ | ᠡᠶᠡᠳᠡᠭᠦᠯᠭᠡ ᠶᠢᠨ ᠺᠣᠮᠢᠰ ᠢᠶᠠᠷ ᠭᠤᠣᠯᠯᠠᠭᠤᠯᠤᠭᠰᠠᠨ ᠲᠦᠪᠡᠭ ᠪᠤᠳᠤᠯᠢᠶᠠᠨᠲᠠᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ 3 ᠤᠳᠠᠭ᠎ᠠ ᠤᠷᠤᠯᠴᠠᠨ᠎ᠠ︔ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ 1 ᠬᠡᠷᠡᠭ ᠢ ᠰᠢᠢᠳᠪᠦᠷᠢᠯᠡᠨ᠎ᠡ︔ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠤᠯᠢᠵᠢᠯ ᠤᠨ ᠬᠢᠴᠢᠶᠡᠯ ᠤᠨ ᠲᠠᠩᠬᠢᠮ︾ ᠢ ᠨᠠᠭᠠᠲᠤ ᠵᠠᠬ᠎ᠠ ᠳᠠᠭᠠᠨ 4 ᠲᠠᠯᠠᠪᠤᠷ ᠨᠡᠭᠡᠭᠡᠨ ᠡᠷᠭᠢᠯᠡᠨ᠎ᠡ︔ ᠬᠥᠳᠡᠭᠡ ᠲᠣᠰᠬᠤᠨ ᠤ | ᠬᠤᠭᠤᠴᠠᠭ᠎ᠠ ᠰᠣᠯᠢᠬᠤ ᠰᠣᠩᠭᠤᠭᠤᠯᠢ ᠳᠤ ᠦᠢᠯᠡᠴᠢᠯᠡᠨ᠎ᠡ᠃ | ᠳᠥᠷᠪᠡᠳᠦᠭᠡᠷ ᠪᠦᠯᠦᠭ ᠵᠣᠬᠢᠶᠠᠨ ᠪᠠᠶᠢᠭᠤᠯᠵᠤ ᠵᠣᠬᠢᠴᠠᠭᠤᠯᠬᠤ | ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠪᠥᠬᠦ ᠣᠷᠣᠨ ᠤ ᠠᠵᠢᠯᠯᠠᠭ᠎ᠠ ᠶᠢ ᠨᠢᠭᠡᠳᠦᠯᠲᠡᠢ | ᠲᠣᠬᠢᠷᠠᠭᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠠᠵᠢᠯ ᠲᠥᠷᠥᠯ ᠤᠨ ᠨᠠᠮ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠬᠠᠤᠯᠢᠴᠢ ᠶᠢᠨ ᠨᠡᠶᠢᠭᠡᠮᠯᠢᠭ ᠤᠨ ᠠᠵᠢᠯ ᠢᠶᠠᠨ ᠥᠷᠨᠢᠭᠦᠯᠬᠦ ᠶᠢ ᠵᠢᠯᠣᠭᠤᠳᠤᠨ᠎ᠠ᠃ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ | ᠬᠠᠤᠯᠢ ᠴᠠᠭᠠᠵᠠ ᠶᠢᠨ ᠡᠬᠢ ᠪᠠᠶᠠᠯᠢᠭ ᠢ ᠬᠥᠳᠡᠯᠦᠩᠭᠦᠢ ᠪᠠᠷ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠬᠠᠤᠯᠢ ᠴᠠᠭᠠᠵᠠ ᠶᠢᠨ ᠡᠬᠢ ᠪᠠᠶᠠᠯᠢᠭ ᠢᠶᠠᠷ ᠡᠯᠪᠡᠭ ᠠᠶᠢᠮᠠᠭ | ᠬᠤᠲᠠ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠡᠬᠢ ᠪᠠᠶᠠᠯᠢᠭ ᠢᠶᠠᠷ ᠳᠤᠲᠠᠮᠠᠭ ᠠᠶᠢᠮᠠᠭ ᠬᠤᠲᠠ ᠯᠤᠭ᠎ᠠ ᠬᠠᠪᠰᠤᠷᠤᠨ ᠲᠡᠳᠬᠦᠬᠦ | ᠬᠠᠷᠢᠴᠠᠭ᠎ᠠ ᠪᠠᠶᠢᠭᠤᠯᠵᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢ ᠬᠥᠳᠡᠯᠦᠩᠭᠦᠢ ᠪᠠᠷ ᠲᠣᠬᠢᠷᠠᠭᠤᠯᠤᠨ ᠭᠠᠵᠠᠷ ᠣᠷᠣᠨ ᠠᠯᠤᠰᠯᠠᠨ | ᠠᠵᠢᠯᠯᠠᠭ᠎ᠠ ᠥᠷᠨᠢᠭᠦᠯᠦᠨ᠎ᠡ᠃ | ᠠᠷᠪᠠᠨ ᠳᠣᠯᠣᠳᠤᠭᠠᠷ ᠵᠦᠢᠯ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠠᠤᠯᠢᠴᠢ ᠶᠢᠨ ᠨᠡᠶᠢᠭᠡᠮᠯᠢᠭ ᠠᠴᠠ ᠲᠣᠰ ᠭᠠᠵᠠᠷ | ᠣᠷᠣᠨ ᠤ ᠪᠠᠨ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠨᠢᠭᠡᠳᠦᠯᠲᠡᠢ ᠲᠥᠯᠥᠪᠯᠡᠨ | ᠵᠣᠬᠢᠶᠠᠨ ᠪᠠᠶᠢᠭᠤᠯᠵᠤ᠂ ᠠᠵᠢᠯᠯᠠᠭ᠎ᠠ ᠶᠢᠨ ᠲᠥᠰᠥᠯ ᠲᠣᠭᠲᠠᠭᠠᠨ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ | ᠮᠥᠷᠳᠡᠵᠦ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠪᠠᠷᠢᠮᠵᠢᠶᠠᠵᠢᠭᠰᠠᠨ᠂ ᠵᠢᠷᠤᠮᠵᠢᠭᠰᠠᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠶᠢ ᠵᠢᠯᠣᠭᠤᠳᠤᠨ᠎ᠠ | ᠃ | ᠠᠷᠪᠠᠨ ᠨᠠᠢᠮᠠᠳᠤᠭᠠᠷ ᠵᠦᠢᠯ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠴᠠᠭᠠᠵᠠ ᠶᠢᠨ ᠲᠣᠪᠴᠢᠶ᠎ᠠ ᠨᠢ ᠬᠠᠤᠯᠢ ᠴᠠᠭᠠᠵᠠ ᠶᠢᠨ | ᠭᠠᠵᠠᠷ ᠢ ᠵᠢᠯᠣᠭᠤᠳᠤᠨ ᠲᠣᠰ ᠭᠠᠵᠠᠷ ᠣᠷᠣᠨ ᠤ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠬᠦ ᠴᠢᠬᠤᠯᠠᠲᠠᠢ | ᠭᠠᠴᠠᠭ᠎ᠠ ︵ᠲᠣᠰᠬᠤᠨ︶ ᠶᠢᠨ ᠨᠡᠷᠡᠰ ᠢ ᠬᠤᠷᠢᠶᠠᠩᠭᠤᠶᠢᠯᠠᠵᠤ᠂ ᠬᠠᠪᠰᠤᠷᠤᠨ ᠲᠡᠳᠬᠦᠬᠦ ᠴᠢᠬᠤᠯᠠᠲᠠᠢ ᠭᠠᠴᠠᠭ᠎ᠠ ︵ᠲᠣᠰᠬᠤᠨ︶ ᠶᠢ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠲᠤ ᠬᠤᠪᠢᠶᠠᠷᠢᠯᠠᠨ ᠲᠣᠮᠢᠯᠠᠬᠤ ᠬᠡᠷᠡᠭᠲᠡᠢ᠃ ᠬᠠᠤᠯᠢ ᠴᠠᠭᠠᠵᠠ ᠶᠢᠨ ᠭᠠᠵᠠᠷ ᠨᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠵᠢᠯᠴᠠᠨ ᠨᠡᠶᠢᠲᠡ ᠶᠢᠨ | ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠳᠡᠯᠭᠡᠭᠡᠨ ᠦᠷᠨᠢᠭᠦᠯᠬᠦ ᠬᠡᠷᠡᠭᠲᠡᠢ᠃ | ᠲᠠᠪᠤᠳᠤᠭᠠᠷ ᠪᠦᠯᠦᠭ ᠬᠢᠨᠠᠯᠲᠠ ᠲᠠᠯᠪᠢᠵᠤ ᠬᠢᠨᠠᠨ ᠰᠢᠯᠭᠠᠬᠤ | ᠠᠷᠪᠠ ᠶᠢᠰᠦᠳᠦᠭᠡᠷ ᠵᠦᠢᠯ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠬᠠᠤᠯᠢᠴᠢ ᠶᠢ ᠵᠣᠬᠢᠶᠠᠨ ᠪᠠᠶᠢᠭᠤᠯᠵᠤ ᠨᠡᠶᠢᠲᠡ ᠶᠢᠨ ᠠᠰᠠᠷᠠᠮᠵᠢ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠳᠤ ᠣᠷᠣᠯᠴᠠᠬᠤ ᠳᠠᠭᠠᠨ ᠲᠠᠩᠰᠠ ᠡᠪᠬᠡᠮᠡᠯ ᠢ ᠡᠮᠬᠢᠯᠡᠨ ᠲᠢᠭᠯᠡᠬᠦ ᠠᠵᠢᠯ ᠢ ᠰᠠᠶᠢᠲᠤᠷ ᠬᠢᠬᠦ ᠴᠢᠬᠤᠯᠠᠲᠠᠢ᠂ ᠡᠭᠦᠨ ᠳᠤ᠄ ᠠᠵᠢᠯᠯᠠᠭ᠎ᠠ ᠶᠢᠨ | ᠴᠠᠭ᠂ ᠠᠵᠢᠯᠯᠠᠭ᠎ᠠ ᠶᠢᠨ ᠭᠤᠣᠯ ᠰᠡᠳᠦᠪ᠂ ᠠᠵᠢᠯᠯᠠᠭ᠎ᠠ ᠶᠢᠨ ᠠᠭᠤᠯᠭ᠎ᠠ᠂ ᠣᠷᠣᠯᠴᠠᠭᠰᠠᠳ᠂ ᠭᠠᠷ ᠤᠨ ᠦᠰᠦᠭ ᠵᠢᠷᠤᠭᠰᠠᠨ ᠬᠦᠰᠦᠨᠦᠭᠲᠦ᠂ ᠬᠤᠷᠠᠯ ᠤᠨ | ᠮᠡᠳᠡᠭᠳᠡᠯ᠂ ᠰᠤᠷᠤᠯᠴᠠᠯᠭ᠎ᠠ ᠶᠢᠨ ᠮᠠᠲ᠋ᠧᠷᠢᠶᠠᠯ᠂ ᠵᠠᠯᠭᠠᠮᠵᠢ ᠳ᠋ᠦᠩᠨᠡᠯᠲᠡ ᠵᠡᠷᠭᠡ ᠦᠰᠦᠭ ᠪᠢᠴᠢᠭ᠂ ᠭᠡᠷᠡᠯ ᠵᠢᠷᠤᠭ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠤᠨ | ᠲᠠᠩᠰᠠ ᠡᠪᠬᠡᠮᠡᠯ ᠪᠠᠭᠲᠠᠨ᠎ᠠ᠃ | ᠬᠤᠷᠢᠳᠤᠭᠠᠷ ᠵᠦᠢᠯ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠠᠴᠠ ᠬᠠᠤᠯᠢᠴᠢ ᠶᠢᠨ | ᠠᠵᠢᠯ ᠡᠷᠬᠢᠯᠡᠬᠦ ᠣᠨ ᠤ ᠬᠢᠨᠠᠨ ᠰᠢᠯᠭᠠᠯᠲᠠ ᠪᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠣᠨ ᠤ ᠪᠠᠶᠢᠴᠠᠭᠠᠯᠲᠠ ᠬᠢᠨᠠᠨ ᠰᠢᠯᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠳᠡᠭᠡᠨ᠂ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠪᠠᠶᠢᠳᠠᠯ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢᠴᠢ ᠶᠢᠨ | ᠨᠡᠶᠢᠭᠡᠮᠯᠢᠭ ᠤᠨ ᠦᠨᠡᠯᠡᠯᠲᠡ᠂ ᠦᠢᠯᠡᠴᠢᠯᠡᠬᠦ ᠡᠲᠡᠭᠡᠳ ᠤᠨ ᠦᠨᠡᠯᠡᠯᠲᠡ᠂ ᠨᠡᠶᠢᠭᠡᠮ ᠨᠡᠶᠢᠲᠡ ᠶᠢᠨ ᠦᠨᠡᠯᠡᠯᠲᠡ᠂ ᠦᠢᠯᠡᠴᠢᠯᠡᠭᠡᠨ ᠤ ᠪᠡᠶᠡᠴᠢ ᠴᠣᠭᠴᠠ ᠶᠢᠨ | ᠥᠪᠡᠷ ᠤᠨ ᠦᠨᠡᠯᠡᠯᠲᠡ ᠶᠢ ᠤᠶᠠᠯᠳᠤᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ᠦᠨᠡᠯᠡᠯᠲᠡ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠦᠨᠡᠯᠡᠯᠲᠡ ᠶᠢᠨ ᠦᠷ᠎ᠡ ᠳ᠋ᠦᠩ ᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠶᠢᠨ ᠲᠡᠷᠢᠭᠦᠨ ᠤ ᠬᠢ ᠶᠢ ᠰᠢᠯᠭᠠᠷᠠᠭᠤᠯᠵᠤ | ᠰᠢᠯᠢᠳᠡᠭ ᠢ ᠰᠢᠯᠭᠠᠷᠠᠭᠤᠯᠬᠤ ᠲᠠᠢ ᠬᠤᠯᠪᠣᠭᠳᠠᠭᠤᠯᠤᠨ᠎ᠠ᠃ | ᠬᠤᠷᠢᠨ ᠨᠢᠭᠡᠳᠦᠭᠡᠷ ᠵᠦᠢᠯ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠵᠢᠯ ᠤᠨ ᠡᠴᠦᠰ ᠤᠨ ᠬᠠᠤᠯᠢᠴᠢ ᠶᠢᠨ | ᠠᠵᠢᠯ ᠤᠨ ᠬᠢᠨᠠᠨ ᠰᠢᠯᠭᠠᠬᠤ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠠᠵᠢᠯ ᠨᠢ ᠲᠣᠪᠣᠶᠢᠮ᠎ᠠ᠂ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠨᠢ ᠬᠦᠴᠦᠲᠡᠢ | ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢ ᠬᠢᠨᠠᠨ ᠰᠢᠯᠭᠠᠬᠤ ᠳᠠᠭᠠᠨ ᠤᠷᠢᠳᠠᠪᠠᠷ ᠪᠣᠳᠣᠯᠬᠢᠯᠠᠵᠤ᠂ ᠡᠯ᠎ᠡ ᠠᠶᠢᠮᠠᠭ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠨᠢ ᠪᠠᠰᠠ ᠠᠵᠢᠯ ᠨᠢ ᠲᠣᠪᠣᠶᠢᠮ᠎ᠠ᠂ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠨᠢ ᠬᠦᠴᠦᠲᠡᠢ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠬᠠᠤᠯᠢ ᠴᠠᠭᠠᠵᠠ ᠶᠢᠨ ᠲᠣᠪᠴᠢᠶ᠎ᠠ ᠶᠢ ᠬᠢᠨᠠᠨ ᠰᠢᠯᠭᠠᠬᠤ ᠳᠠᠭᠠᠨ ᠤᠷᠢᠳᠠᠪᠠᠷ ᠪᠣᠳᠣᠯᠬᠢᠯᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠣᠯᠣᠨ ᠬᠠᠤᠯᠢᠴᠢ ᠶᠢᠨ ᠨᠡᠶᠢᠭᠡᠮᠯᠢᠭ ᠨᠢ | ᠴᠠᠭ ᠲᠤ ᠨᠢ ᠲᠣᠬᠢᠷᠠᠭᠤᠯᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠡᠯ᠎ᠡ ᠭᠠᠵᠠᠷ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠳᠤ ᠲᠤᠬᠠᠢ ᠶᠢᠨ | ᠭᠠᠵᠠᠷ ᠲᠤ ᠨᠢ ᠪᠠᠶᠢᠴᠠᠭᠠᠯᠲᠠ ᠬᠢᠵᠦ᠂ ᠰᠦᠯᠵᠢᠶ᠎ᠡ ᠪᠠᠷ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠭᠰᠠᠨ ᠦᠷ᠎ᠡ ᠳ᠋ᠦᠩ ᠲᠠᠢ | ᠤᠶᠠᠯᠳᠤᠭᠤᠯᠤᠨ᠂ ᠠᠵᠢᠯ ᠤᠨ ᠲᠣᠭᠲᠠᠴᠠ ᠲᠡᠭᠦᠯᠳᠡᠷ ᠪᠤᠰᠤ᠂ ᠠᠵᠢᠯᠯᠠᠭ᠎ᠠ ᠶᠢ ᠭᠦᠨᠵᠡᠭᠡᠢ ᠥᠷᠨᠢᠭᠦᠯᠦᠭᠰᠡᠨ ᠦᠭᠡᠢ᠂ ᠮᠡᠳᠡᠭᠡ ᠵᠠᠩᠭᠢ ᠶᠢ ᠴᠠᠭ ᠲᠤᠬᠠᠢ ᠳᠤ ᠨᠢ | ᠳᠠᠮᠵᠢᠭᠤᠯᠤᠭᠰᠠᠨ ᠦᠭᠡᠢ᠂ ᠤᠬᠠᠭᠤᠯᠭ᠎ᠠ ᠶᠢᠨ ᠳᠠᠪᠲᠠᠮᠵᠢ ᠪᠠᠷ ᠨᠡᠯᠢᠶᠡᠳ ᠳᠣᠣᠷ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢᠴᠢ ᠶᠢᠨ | ᠨᠡᠶᠢᠭᠡᠮᠯᠢᠭ ᠢ ᠢᠯᠡ ᠪᠠᠷ ᠵᠠᠷᠯᠠᠨ ᠮᠡᠳᠡᠭᠳᠡᠨ᠎ᠡ᠃ ᠦᠢᠯᠡᠳᠦᠯ ᠢᠶᠠᠨ ᠪᠠᠳᠠᠷᠠᠭᠤᠯᠤᠭᠰᠠᠨ ᠢᠶᠠᠷ ᠬᠦᠷᠦᠯᠴᠡᠬᠦ ᠦᠭᠡᠢ᠂ ᠠᠵᠢᠯᠯᠠᠭ᠎ᠠ ᠪᠠᠨ ᠢᠳᠡᠪᠬᠢᠲᠡᠢ ᠥᠷᠨᠢᠭᠦᠯᠦᠭᠰᠡᠨ | ᠦᠭᠡᠢ᠂ ᠲᠣᠭᠲᠠᠭᠠᠭᠰᠠᠨ ᠠᠵᠢᠯᠯᠠᠭ᠎ᠠ ᠪᠠᠨ ᠪᠡᠶᠡᠯᠡᠭᠦᠯᠦᠭᠰᠡᠨ ᠦᠭᠡᠢ ᠬᠠᠤᠯᠢᠴᠢ ᠶᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠪᠣᠯᠵᠣᠨ ᠶᠠᠷᠢᠯᠴᠠᠬᠤ ᠪᠠ | ᠠᠵᠢᠯ ᠤᠨ ᠮᠡᠳᠡᠭᠡᠯᠡᠯ ᠥᠭᠭᠦᠨ᠎ᠡ᠃ | ᠬᠤᠷᠢᠨ ᠭᠤᠷᠪᠠᠳᠤᠭᠠᠷ ᠵᠦᠢᠯ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠨᠢ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ ᠬᠠᠤᠯᠢᠴᠢ ᠶᠢᠨ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢᠨ ᠲᠤᠬᠠᠢ | ᠵᠠᠬᠢᠳᠠᠯ ᠰᠣᠷᠪᠤᠯᠵᠢᠯᠠᠭ᠎ᠠ ᠶᠢᠨ ᠵᠠᠭᠠᠯᠳᠤᠯᠭ᠎ᠠ ᠶᠢ ᠬᠦᠯᠢᠶᠡᠨ ᠠᠪᠬᠤ ᠳᠠᠭᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠵᠢᠴᠢ ᠰᠦᠢᠳᠬᠡᠯ ᠬᠤᠷᠢᠶᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢᠨ ᠰᠢᠨᠵᠢ ᠴᠢᠨᠠᠷ ᠢ ᠢᠯᠭᠠᠬᠤ ᠶᠢ ᠠᠩᠬᠠᠷᠴᠤ᠂ ᠵᠠᠬᠢᠳᠠᠯ | ᠰᠣᠷᠪᠤᠯᠵᠢᠯᠠᠭ᠎ᠠ ᠶᠢᠨ ᠵᠠᠭᠠᠯᠳᠤᠯᠭ᠎ᠠ ᠶᠢ ᠲᠣᠬᠢᠲᠠᠢ ᠰᠢᠢᠳᠪᠦᠷᠢᠯᠡᠬᠦ ᠬᠡᠷᠡᠭᠲᠡᠢ᠃ | ᠵᠢᠷᠭᠤᠳᠤᠭᠠᠷ ᠪᠦᠯᠦᠭ ᠠᠵᠢᠯ ᠤᠨ ᠪᠠᠲᠤᠯᠠᠭ᠎ᠠ | ᠬᠤᠷᠢᠨ ᠳᠥᠷᠪᠡᠳᠦᠭᠡᠷ ᠵᠦᠢᠯ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢᠴᠢ ᠶᠢᠨ ᠨᠡᠶᠢᠭᠡᠮᠯᠢᠭ ᠨᠢ ᠪᠥᠬᠦ | ᠣᠷᠣᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢᠨ ᠠᠵᠢᠯᠯᠠᠭ᠎ᠠ ᠥᠷᠨᠢᠭᠦᠯᠬᠦ ᠳᠤ ᠴᠢᠬᠤᠯᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ | ᠪᠠ ᠵᠠᠷᠤᠳᠠᠯ ᠤᠨ ᠪᠠᠲᠤᠯᠠᠭ᠎ᠠ ᠬᠠᠩᠭᠠᠨ᠎ᠠ᠃ | ᠬᠤᠷᠢᠨ ᠲᠠᠪᠤᠳᠤᠭᠠᠷ ᠵᠦᠢᠯ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢᠨ ᠲᠡᠷᠢᠭᠦᠨ ᠤ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠪᠠ ᠬᠠᠤᠯᠢᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠥᠬᠢᠭᠦᠯᠦᠨ ᠱᠠᠩᠨᠠᠨ᠎ᠠ᠃ ᠦᠨᠡᠯᠡᠨ ᠲᠣᠭᠲᠠᠭᠠᠭᠰᠠᠨ ᠲᠡᠷᠢᠭᠦᠨ ᠤ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠪᠠ ᠬᠠᠤᠯᠢᠴᠢ ᠶᠢ ᠰᠢᠯᠢᠳᠡᠭ ᠢ ᠰᠢᠯᠭᠠᠷᠠᠭᠤᠯᠤᠨ ᠲᠡᠷᠢᠭᠦᠨ ᠢ ᠰᠢᠯᠭᠠᠷᠠᠭᠤᠯᠬᠤ ᠡᠯ᠎ᠡ ᠲᠦᠷᠦᠯ ᠤᠨ ᠠᠵᠢᠯᠯᠠᠭ᠎ᠠ ᠳᠤ ᠣᠷᠣᠯᠴᠠᠭᠤᠯᠬᠤ ᠪᠠᠷ | ᠤᠷᠢᠳᠠᠪᠠᠷ ᠲᠠᠨᠢᠯᠴᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠣᠯᠢᠯᠴᠠᠭ᠎ᠠ ᠪᠣᠯᠪᠠᠰᠤᠷᠠᠯ ᠤᠨ ᠲᠣᠬᠢᠶᠠᠯ ᠢ ᠬᠠᠩᠭᠠᠨ᠎ᠠ︔ ᠡᠩ ᠲᠡᠷᠢᠭᠦᠨ ᠳᠤ ᠨᠠᠮ ᠤᠨ | ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠨᠠᠮ ᠵᠠᠰᠠᠭ ᠤᠨ | ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠨᠡᠶᠢᠭᠡᠮᠯᠢᠭ ᠤᠨ ᠰᠦᠢᠳᠬᠡᠯ ᠢ ᠬᠠᠰᠤᠵᠤ | ᠬᠡᠯᠲᠦᠷᠢᠭᠦᠯᠬᠦ᠂ ᠵᠠᠷᠤᠳᠠᠯ ᠤᠨ ᠨᠥᠬᠦᠪᠦᠷᠢ ᠣᠯᠭᠤᠬᠤ ᠬᠡᠯᠪᠡᠷᠢ ᠪᠠᠷ ᠱᠠᠩᠨᠠᠨ ᠬᠥᠬᠢᠭᠦᠯᠦᠨ᠎ᠡ᠃ | ᠬᠤᠷᠢᠨ ᠵᠢᠷᠭᠤᠳᠤᠭᠠᠷ ᠵᠦᠢᠯ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠶᠢᠲᠡ ᠶᠢᠨ | ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠪᠡᠯᠡ ᠮᠥᠩᠭᠦ᠂ ᠡᠳ᠋ ᠪᠣᠳᠠᠰ ᠵᠡᠷᠭᠡ ᠶᠢᠨ ᠲᠤᠰᠠᠯᠠᠮᠵᠢ ᠪᠠ ᠳᠡᠮᠵᠢᠯᠭᠡ ᠬᠠᠩᠭᠠᠬᠤ ᠶᠢ | ᠵᠣᠷᠢᠭᠵᠢᠭᠤᠯᠤᠨ᠎ᠠ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠶᠢᠨ ᠪᠤᠰᠤᠳ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ | ᠯᠤᠭ᠎ᠠ ᠮᠠᠯᠵᠢᠬᠤ ᠲᠠᠷᠢᠶᠠᠯᠠᠬᠤ ᠣᠷᠣᠨ ᠳᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠲᠤᠷᠠᠯᠴᠠᠭ᠎ᠠ ᠪᠠᠶᠢᠭᠤᠯᠬᠤ ᠶᠢ ᠤᠷᠢᠶᠠᠯᠠᠨ᠎ᠠ᠃ | | ᠬᠤᠷᠢᠨ ᠳᠣᠯᠣᠳᠤᠭᠠᠷ ᠵᠦᠢᠯ ᠰᠢᠨ᠎ᠡ ᠵᠠᠭᠤᠴᠢᠯᠠᠭᠤᠷ ᠪᠣᠯᠣᠨ ᠤᠯᠠᠮᠵᠢᠯᠠᠯᠲᠤ ᠵᠠᠭᠤᠴᠢᠯᠠᠭᠤᠷ ᠢ ᠢᠳᠡᠪᠬᠢᠲᠡᠢ ᠪᠠᠷ ᠠᠰᠢᠭᠯᠠᠨ᠂ ᠪᠥᠬᠦ ᠲᠠᠯ᠎ᠠ ᠶᠢᠨ᠂ ᠤᠯᠠᠨ | ᠲᠡᠰ ᠳᠠᠪᠬᠤᠷᠭ᠎ᠠ᠂ ᠤᠯᠠᠨ ᠲᠠᠪᠴᠠᠩ ᠤᠨ ᠤᠬᠠᠭᠤᠯᠭ᠎ᠠ ᠬᠢᠵᠦ᠂ ᠠᠵᠢᠯᠯᠠᠭ᠎ᠠ ᠶᠢᠨ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃ | ᠶᠠᠷᠢᠯᠴᠠᠬᠤ ᠬᠤᠷᠠᠯ᠂ ᠲᠠᠶᠢᠯᠤᠮᠵᠢ᠂ ᠰᠢᠭᠤᠳ ᠨᠡᠪᠲᠡᠷᠡᠭᠦᠯᠭᠡ ᠵᠡᠷᠭᠡ ᠬᠡᠯᠪᠡᠷᠢ ᠪᠠᠷ ᠠᠵᠢᠯᠯᠠᠭ᠎ᠠ ᠥᠷᠨᠢᠭᠦᠯᠬᠦ ᠪᠠᠷ ᠨᠡᠯᠢᠶᠡᠳ ᠰᠠᠶᠢᠨ ᠠᠶᠢᠮᠠᠭ ᠬᠤᠲᠠ᠂ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠥᠯᠥᠭᠡᠯᠡᠭᠴᠢ ᠶᠢ ᠤᠷᠢᠵᠤ ᠠᠵᠢᠯ ᠤᠨ ᠲᠤᠷᠰᠢᠯᠭ᠎ᠠ ᠶᠢ ᠨᠢ ᠰᠣᠯᠢᠯᠴᠠᠭᠤᠯᠤᠨᠠ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠬᠤᠷᠢᠨ ᠨᠠᠢᠮᠠᠳᠤᠭᠠᠷ ᠵᠦᠢᠯ ᠲᠣᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | ᠤᠤᠯ ᠵᠣᠬᠢᠶᠠᠯ ᠢ ᠪᠠᠭᠤᠯᠭᠠᠬᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ | ᠣᠷᠣᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠬᠤ ᠠᠵᠢᠯ ᠤᠨ ᠳᠦᠷᠢᠮ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠵᠢᠷᠤᠭᠲᠤ ᠲᠠᠶᠢᠯᠤᠮᠵᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠦᠮᠡᠨ ᠬᠠᠤᠯᠢᠴᠢ ᠶᠢ | ᠬᠥᠳᠡᠭᠡ ᠲᠣᠰᠬᠤᠨ ᠳᠤ ᠣᠷᠣᠭᠤᠯᠬᠤ﹀ ᠠᠵᠢᠯᠯᠠᠭ᠎ᠠ ᠶᠢ ᠪᠠᠶᠢᠩᠭᠤᠵᠢᠭᠤᠯᠬᠤ ᠠᠵᠢᠯ ᠤᠨ ᠳᠦᠷᠢᠮ︾ | |