| ︵2024 ᠣᠨ ᠤ 2 ᠰᠠᠷ᠎ᠠ ᠶᠢᠨ 5 ᠤ ᠡᠳᠦᠷ︶ | ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ | ᠰᠤᠳᠠᠰᠤ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠯᠢ | ᠣᠯᠠᠨ ᠬᠠᠲᠠᠭᠤ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠪᠠ᠃ ᠡᠭᠦᠨ ᠤ ᠬᠠᠮᠲᠤ᠂ ᠮᠠᠨ ᠤ ᠤᠯᠤᠰ ᠤᠨ | ᠬᠥᠮᠥᠨ ᠣᠯᠠᠨ ᠭᠠᠵᠠᠷ ᠪᠠᠭ᠎ᠠ ᠪᠠᠶᠢᠭ᠎ᠠ ᠤᠯᠤᠰ ᠤᠨ ᠪᠠᠶᠢᠳᠠᠯ ᠬᠤᠪᠢᠷᠠᠭ᠎ᠠ ᠦᠭᠡᠢ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾᠂ ︽ᠠᠮᠤ ᠪᠤᠳᠠᠭᠠᠨ ᠤ | ᠪᠤᠰᠤ ᠪᠤᠯᠭᠠᠬᠤ︾ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠵᠤ᠂ ᠲᠠᠷᠢᠶᠠᠨ ᠭᠠᠵᠠᠷ ᠢ ᠬᠠᠮᠠᠭᠠᠯᠠᠬᠤ ᠪᠠᠶᠢᠳᠠᠯ ᠮᠥᠨ ᠬᠦ ᠬᠠᠲᠠᠭᠤ ᠴᠢᠩᠭ᠎ᠠ ᠪᠠᠶᠢᠵᠤ᠂ | ᠡᠭᠦᠷᠭᠡ ᠨᠡᠩ ᠬᠠᠲᠠᠭᠤ ᠪᠡᠷᠬᠡ ᠪᠠᠶᠢᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠲᠡᠭᠦᠯᠳᠡᠷᠵᠢᠭᠦᠯᠬᠦ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠲᠡᠭᠦᠯᠳᠡᠷᠵᠢᠭᠦᠯᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠰᠢᠰᠲ᠋ᠧᠮᠲᠦ ᠢᠨᠵᠧᠨᠧᠷᠢᠩ ᠪᠤᠯᠭᠠᠵᠤ᠂ ᠲᠠᠷᠢᠶᠠᠨ ᠭᠠᠵᠠᠷ ᠤᠨ ᠲᠤᠭ᠎ᠠ | ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠪᠠᠷᠢᠮᠲᠠᠯᠠᠵᠤ᠂ ᠵᠢᠮ᠎ᠡ ᠶᠣᠰᠣ ᠶᠢ ᠬᠦᠨᠳᠦᠳᠬᠡᠬᠦ᠂ ᠪᠠᠶᠢᠳᠠᠯ | ᠳᠤᠨᠢ ᠲᠣᠬᠢᠷᠠᠭᠤᠯᠤᠨ ᠵᠢᠯᠤᠭᠤᠳᠬᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠬᠤ ᠶᠢ ᠪᠠᠷᠢᠮᠲᠠᠯᠠᠵᠤ᠂ ᠡᠯ᠎ᠡ | ᠲᠥᠷᠥᠯ ᠤᠨ ᠭᠤᠣᠯ ᠴᠣᠭᠴᠠ ᠶᠢᠨ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠠᠷᠢᠶᠠᠨ ᠭᠠᠵᠠᠷ ᠤᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠣᠨ ᠵᠠᠢ ᠶᠢ ᠯᠠᠪᠳᠠᠭᠤᠨ ᠢᠶᠠᠷ ᠥᠷᠭᠡᠳᠬᠡᠵᠦ᠂ ᠠᠮᠤ ᠪᠤᠳᠠᠭᠠᠨ ᠤ ᠠᠮᠤᠷ ᠲᠦᠪᠰᠢᠨ ᠤ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ | ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ | ᠬᠡᠷᠡᠭᠲᠡᠢ᠃ | ᠠᠵᠢᠯ ᠤᠨ ᠳᠤᠮᠳᠠ ᠪᠠᠨ ᠳᠣᠣᠷᠠᠬᠢ ᠵᠦᠢᠯᠡᠰ ᠢ ᠪᠡᠶᠡᠯᠡᠭᠦᠯᠬᠦ ᠬᠡᠷᠡᠭᠲᠡᠢ᠄ | — ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠬᠦᠴᠦᠨ ᠢᠶᠠᠷ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠬᠤ ᠶᠢ | ᠪᠠᠷᠢᠮᠲᠠᠯᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠦᠨᠡᠨ ᠬᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ ᠲᠡᠩᠴᠡᠭᠦᠷᠢᠰᠢᠭᠦᠯᠬᠦ᠂ ᠶᠠᠰᠤ ᠴᠢᠨᠠᠷ ᠢ | ᠲᠡᠩᠴᠡᠭᠦᠷᠢᠰᠢᠭᠦᠯᠬᠦ᠂ ᠦᠢᠯᠡᠳᠪᠦᠷᠢᠯᠡᠬᠦ ᠴᠢᠳᠠᠪᠤᠷᠢ ᠶᠢ ᠲᠡᠩᠴᠡᠭᠦᠷᠢᠰᠢᠭᠦᠯᠬᠦ ᠶᠢ ᠦᠨᠡᠨ ᠬᠦ ᠪᠡᠶᠡᠯᠡᠭᠦᠯᠵᠦ᠂ ᠲᠠᠷᠢᠶᠠᠨ ᠭᠠᠵᠠᠷ ᠢ ᠢᠯᠡᠭᠦᠦ ᠡᠵᠡᠯᠡᠬᠦ ᠪᠠ ᠳᠤᠲᠠᠭᠤ | ᠨᠥᠬᠦᠪᠦᠷᠢᠯᠡᠬᠦ᠂ ᠰᠠᠶᠢᠨ ᠢ ᠨᠢ ᠡᠵᠡᠯᠡᠵᠦ ᠮᠠᠭᠤ ᠪᠠᠷ ᠨᠢ ᠨᠥᠬᠦᠪᠦᠷᠢᠯᠡᠬᠦ᠂ ᠪᠦᠬᠦᠯᠢ ᠶᠢ ᠨᠢ ᠡᠵᠡᠯᠡᠵᠦ ᠲᠠᠷᠠᠬᠠᠢ ᠪᠠᠷ ᠨᠢ ᠨᠥᠬᠦᠪᠦᠷᠢᠯᠡᠬᠦ ᠶᠢ ᠡᠷᠡᠰ ᠬᠤᠷᠢᠭᠯᠠᠨ᠎ᠠ᠃ | — ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠬᠠᠲᠠᠭᠤ | ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠨ ᠭᠠᠵᠠᠷ ᠢ ᠰᠠᠶᠢᠲᠤᠷ ᠬᠠᠮᠠᠭᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠲᠠᠷᠢᠶᠠᠨ | ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠬᠦᠴᠦᠨ ᠢ | ᠡᠮᠬᠢᠯᠡᠨ ᠨᠡᠶᠢᠯᠡᠭᠦᠯᠵᠦ᠂ ᠠᠵᠢᠯ ᠤᠨ ᠨᠡᠶᠢᠯᠡᠯ ᠬᠦᠴᠦᠨ ᠢ ᠪᠤᠶ ᠪᠣᠯᠭᠠᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠶᠢ ᠡᠷᠡᠰ ᠬᠤᠷᠢᠭᠯᠠᠵᠤ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠤᠯᠭᠠᠬᠤ︾ ᠶᠢ ᠰᠡᠷᠭᠡᠶᠢᠯᠡᠨ ᠬᠤᠷᠢᠭᠯᠠᠨ᠎ᠠ᠃ | — ᠰᠢᠰᠲ᠋ᠧᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ ᠲᠠᠯᠪᠢᠨ ᠪᠣᠳᠣᠯᠬᠢᠯᠠᠵᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ | ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠨ᠎ᠠ᠃ | — ᠡᠭᠦᠷᠢᠳᠡ ᠦᠷᠭᠦᠯᠵᠢᠯᠡᠨ ᠠᠰᠢᠭᠯᠠᠬᠤ ᠶᠢ ᠪᠠᠷᠢᠮᠲᠠᠯᠠᠨ᠎ᠠ᠃ ᠣᠶᠢᠷ᠎ᠠ ᠶᠢᠨ ᠬᠤᠭᠤᠴᠠᠭ᠎ᠠ ᠪᠣᠯᠣᠨ ᠠᠯᠤᠰ ᠭᠡᠳᠦ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠲᠠᠷᠢᠶᠠᠨ ᠭᠠᠵᠠᠷ ᠢ ᠬᠡᠷᠡᠭᠯᠡᠬᠦ ᠪᠠ ᠠᠷᠠᠴᠢᠯᠠᠬᠤ ᠶᠢ ᠤᠶᠠᠯᠳᠤᠭᠤᠯᠬᠤ ᠪᠠ ᠦᠷᠭᠦᠯᠵᠢᠯᠡᠨ ᠠᠰᠢᠭᠯᠠᠬᠤ ᠶᠢ ᠠᠬᠢᠭᠤᠯᠵᠤ᠂ ᠲᠠᠷᠢᠶᠠᠨ ᠭᠠᠵᠠᠷ ᠤᠨ | ᠬᠦᠴᠦ ᠰᠢᠮ᠎ᠡ ᠶᠢ ᠪᠠᠲᠤᠯᠠᠨ ᠳᠡᠭᠡᠭᠰᠢᠯᠡᠭᠦᠯᠵᠦ᠂ ᠣᠳᠣ ᠦᠶ᠎ᠡ ᠶᠢᠨ ᠬᠥᠮᠥᠰ ᠤᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ᠂ ᠦᠷ᠎ᠡ ᠬᠤᠶᠢᠴᠢᠰ ᠲᠠᠭᠠᠨ ᠨᠡᠩ | ᠢᠯᠡᠭᠦᠦ ᠬᠥᠭᠵᠢᠯᠲᠡ ᠶᠢᠨ ᠣᠷᠣᠨ ᠵᠠᠢ ᠦᠯᠡᠳᠡᠭᠡᠨ᠎ᠡ᠃ | ᠭᠤᠣᠯ ᠬᠠᠷᠠᠯᠲᠠ ᠪᠣᠯ᠄ ᠰᠢᠨ᠎ᠡ ᠨᠢᠭᠡ ᠡᠭᠡᠯᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠲᠣᠳᠣᠷᠬᠠᠶᠢᠯᠠᠭᠰᠠᠨ | ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠲᠠᠷᠢᠶᠠᠨ ᠭᠠᠵᠠᠷ ᠤᠨ | ᠬᠡᠮᠵᠢᠶ᠎ᠡ ᠶᠢ 18.65 ᠳ᠋ᠦᠩᠰᠢᠭᠤᠷ ᠮᠦ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠲᠠᠯᠠᠪᠠᠶ ᠶᠢ 15.46 ᠳ᠋ᠦᠩᠰᠢᠭᠤᠷ ᠮᠦ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠠᠷᠢᠶᠠᠯᠠᠬᠤ ᠳᠤ | ᠲᠣᠬᠢᠷᠠᠮᠵᠢᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ | ᠪᠣᠯᠭᠠᠨ ᠠᠯᠬᠤᠮ ᠠᠯᠬᠤᠮ ᠢᠶᠠᠷ ᠪᠠᠶᠢᠭᠤᠯᠤᠨ᠎ᠠ︔ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠣᠳᠠᠲᠠᠶᠢᠵᠢᠭᠤᠯᠵᠤ᠂ ᠲᠠᠷᠢᠶᠠᠨ | ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ | ᠳᠦᠷᠢᠮ ᠢ ᠴᠢᠩᠭ᠎ᠠ ᠵᠢᠷᠤᠮᠵᠢᠭᠤᠯᠵᠤ᠂ ᠡᠯ᠎ᠡ ᠲᠥᠷᠥᠯ ᠤᠨ ᠭᠤᠣᠯ ᠴᠣᠭᠴᠠ ᠶᠢᠨ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭ᠎ᠠ ᠳᠠᠷᠢᠬᠤ ᠪᠠ ᠠᠮᠤ ᠪᠤᠳᠠᠭ᠎ᠠ ᠶᠢ | ᠴᠢᠬᠤᠯᠠᠴᠢᠯᠠᠬᠤ ᠢᠳᠡᠪᠬᠢᠵᠢᠯ ᠢ ᠨᠡᠶᠢᠳᠡᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠲᠠᠷᠢᠶᠠᠨ ᠭᠠᠵᠠᠷ ᠤᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠵᠤ᠂ ᠠᠮᠤ | ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢ | ᠲᠤᠯᠭᠠᠭᠤᠷᠢᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠪᠠᠲᠤ | ᠪᠠᠬᠢ ᠰᠠᠭᠤᠷᠢ ᠶᠢ ᠲᠠᠯᠪᠢᠨ᠎ᠠ᠃ | ᠬᠤᠶᠠᠷ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠣᠳᠠᠲᠠᠶᠢᠵᠢᠭᠤᠯᠤᠨ᠎ᠠ | ︵ᠨᠢᠭᠡ︶ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠡᠷᠡᠰ ᠲᠣᠭᠲᠠᠭᠤᠨ ᠪᠠᠶᠢᠯᠭᠠᠨ᠎ᠠ᠃ ᠲᠠᠷᠢᠶᠠᠨ ᠭᠠᠵᠠᠷ ᠪᠣᠯᠣᠨ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠢ ᠬᠠᠮᠠᠭᠠᠯᠠᠬᠤ ᠡᠭᠦᠷᠭᠡ ᠶᠢ ᠱᠠᠲᠤ ᠳᠠᠷᠠᠭᠠᠯᠠᠨ ᠵᠠᠳᠠᠯᠵᠤ᠂ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ | ᠣᠷᠣᠭᠤᠯᠤᠨ᠂ ᠲᠠᠷᠢᠶᠠᠨ ᠭᠠᠵᠠᠷ ᠤᠨ ᠬᠡᠰᠡᠭ ᠲᠤ ᠭᠦᠷᠲᠡᠯ᠎ᠡ ᠨᠠᠶᠢᠳᠠᠪᠤᠷᠢᠵᠢᠭᠤᠯᠬᠤ ᠶᠢᠨ ᠬᠠᠮᠲᠤ ᠵᠢᠷᠤᠭ ᠣᠷᠣᠭᠤᠯᠵᠤ ᠬᠥᠮᠥᠷᠭᠡ ᠳᠤ ᠣᠷᠣᠭᠤᠯᠤᠨ᠎ᠠ᠃ ᠡᠯ᠎ᠡ | ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠡᠷᠬᠡᠪᠰᠢ | ᠪᠡᠶᠡᠯᠡᠭᠦᠯᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠶᠠᠭᠠᠬᠢᠭᠰᠠᠨ ᠴᠤ ᠳᠠᠪᠠᠭ᠋ᠤ | ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠮᠦᠨᠡᠲᠦ ᠣᠷᠣᠨ ᠤ ᠮᠤᠵᠢ ᠬᠡᠰᠡᠭ ᠠᠯᠳᠠᠭᠳᠠᠵᠤ | ᠭᠡᠭᠡᠭᠳᠡᠭᠰᠡᠨ ᠲᠠᠷᠢᠶᠠᠨ ᠭᠠᠵᠠᠷ ᠢᠶᠠᠨ ᠡᠮᠬᠢ ᠵᠢᠷᠤᠮ ᠲᠠᠢ ᠪᠠᠷ ᠰᠡᠷᠭᠦᠭᠡᠵᠦ᠂ ︽ᠤᠮᠠᠷᠠᠲᠤ ᠶᠢᠨ ᠠᠮᠤ ᠪᠤᠳᠠᠭ᠎ᠠ ᠶᠢ ᠡᠮᠦᠨᠡᠲᠦ ᠣᠷᠣᠨ ᠳᠤ ᠵᠥᠭᠡᠭᠡᠪᠦᠷᠢᠯᠡᠬᠦ︾ᠬᠠᠨᠳᠤᠰᠢ | ᠶᠢᠨ ᠰᠢᠷᠦᠭᠦᠰᠬᠦ ᠶᠢ ᠬᠤᠷᠢᠭᠯᠠᠨ᠎ᠠ᠃ ᠡᠯ᠎ᠡ ᠭᠠᠵᠠᠷ ᠤᠨ ᠬᠢᠨ ᠭᠤᠷᠪᠠᠳᠤᠭᠠᠷ ᠤᠳᠠᠭᠠᠨ ᠤ ᠪᠦᠭᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠲᠠᠢ | ᠤᠶᠠᠯᠳᠤᠭᠤᠯᠤᠨ᠂ ᠬᠥᠷᠥᠰᠥ ᠰᠢᠷᠣᠢ ᠶᠢᠨ ᠲᠠᠷᠢᠶᠠᠯᠠᠩ ᠤᠨ ᠠᠰᠢᠭᠯᠠᠯᠲᠠ ᠶᠢᠨ ᠲᠣᠬᠢᠷᠠᠮᠵᠢᠲᠠᠢ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠪᠦᠭᠦ ᠣᠷᠣᠨ ᠪᠦᠰᠡ ᠶᠢᠨ | ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠴᠢᠨᠠᠷ ᠰᠠᠶᠢᠲᠠᠢ ᠲᠠᠷᠢᠶᠠᠨ ᠭᠠᠵᠠᠷ ᠢ ᠰᠡᠷᠭᠦᠭᠡᠨ | ᠨᠥᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠨ ᠭᠠᠵᠠᠷ ᠪᠠ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠨᠢ ᠬᠥᠳᠡᠭᠡ ᠠᠵᠤ | ᠠᠬᠤᠢ ᠬᠥᠳᠡᠭᠡ ᠲᠣᠰᠬᠤᠨ ᠤ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠡᠰᠡᠭ ᠪᠤᠰᠠᠭ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠮᠬᠢᠯᠡᠨ | ᠨᠡᠶᠢᠯᠡᠭᠦᠯᠵᠦ ᠲᠣᠬᠢᠷᠠᠭᠤᠯᠬᠤ ᠶᠢ ᠠᠬᠢᠭᠤᠯᠤᠨ᠂ ᠲᠥᠪᠯᠡᠷᠡᠨ ᠵᠠᠯᠭᠠᠯᠳᠤᠬᠤ ᠶᠢ ᠠᠬᠢᠭᠤᠯᠬᠤ ᠬᠡᠷᠡᠭᠲᠡᠢ᠃ | ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠬᠢᠨᠠᠨ ᠰᠢᠯᠭᠠᠬᠤ ᠶᠢ ᠴᠢᠩᠭ᠎ᠠ ᠥᠷᠨᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠳᠤ | ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠠᠴᠠ ᠵᠢᠯ ᠪᠦᠷᠢ ᠮᠤᠵᠢ ᠶᠢᠨ ᠱᠠᠲᠤᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠳᠠᠪᠠᠭᠰᠠᠨ ᠵᠡᠷᠭᠡ ᠴᠢᠬᠤᠯᠠ ᠶᠡᠭᠡ ᠠᠰᠠᠭᠤᠳᠠᠯ ᠳᠤ | ︽ᠨᠢᠭᠡ ᠪᠢᠯᠧᠲ ᠢᠶᠠᠷ ᠦᠭᠡᠶᠢᠰᠭᠡᠭᠦ︾ ᠶᠢ ᠬᠡᠷᠡᠭᠵᠢᠭᠦᠯᠵᠦ᠂ ᠴᠢᠩᠭ᠎ᠠ ᠬᠠᠷᠢᠭᠤᠴᠠᠯᠭ᠎ᠠ ᠲᠤᠯᠭᠠᠵᠤ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠨ᠎ᠡ᠃ ᠮᠤᠵᠢ ᠶᠢᠨ | ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠣᠰ ᠮᠤᠵᠢ ᠶᠢᠨ ᠬᠡᠪᠴᠢᠶᠡᠨ ᠳᠠᠬᠢ ᠲᠠᠷᠢᠶᠠᠨ ᠭᠠᠵᠠᠷ ᠤᠨ ᠬᠠᠮᠠᠭᠠᠯᠠᠯᠲᠠ ᠳᠤ ᠶᠡᠷᠦᠩᠬᠡᠢ ᠬᠠᠷᠢᠭᠤᠴᠠᠯᠭ᠎ᠠ | ᠡᠭᠦᠷᠭᠡᠯᠡᠵᠦ᠂ ᠮᠤᠵᠢ ᠶᠢᠨ ᠬᠡᠪᠴᠢᠶᠡᠨ ᠳᠠᠬᠢ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ | ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠬᠢᠨᠠᠨ ᠰᠢᠯᠭᠠᠨ᠎ᠠ᠃ | ᠭᠤᠷᠪᠠ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠬᠦᠴᠦᠨ ᠢᠶᠠᠷ ᠳᠡᠭᠡᠭᠰᠢᠯᠡᠭᠦᠯᠦᠨ᠎ᠡ | ︵ᠳᠥᠷᠪᠡ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ ᠤᠯᠤᠰ ᠲᠤ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ᠢ ᠨᠡᠶᠢᠲᠡᠯᠡᠵᠦ᠂ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠣᠷᠣᠭᠤᠯᠤᠯᠲᠠ ᠶᠢᠨ ᠪᠠᠷᠢᠮᠵᠢᠶ᠎ᠠ ᠪᠠ ᠤᠷᠢᠳ ᠢᠶᠠᠷ ᠬᠢᠬᠦ ᠲᠠᠰ ᠳᠠᠷᠠᠭᠠᠯᠠᠯ ᠢ ᠲᠣᠳᠣᠷᠬᠠᠶᠢᠯᠠᠨ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠯᠤᠭ᠎ᠠ ᠵᠣᠬᠢᠴᠠᠯᠳᠤᠭᠰᠠᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠪᠠ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠪᠦᠬᠦᠯᠢ ᠣᠷᠣᠨ ᠪᠦᠰᠡ ᠶᠢᠨ | ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠶᠢ ᠥᠷᠨᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ᠂ ᠲᠠᠯ᠎ᠠ ᠭᠠᠵᠠᠷ ᠤᠨ ᠣᠷᠣᠨ᠂ ᠤᠰᠤᠨ | ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠤ ᠲᠠᠷᠢᠶᠠᠨ ᠭᠠᠵᠠᠷ ᠢ ᠡᠩ ᠲᠡᠷᠢᠭᠦᠨ ᠳᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ | ᠰᠢᠶᠠᠨ ᠠᠴᠠ ᠨᠠᠶᠢᠳᠠᠪᠤᠷᠢᠵᠢᠭᠤᠯᠬᠤ ᠶᠢ ᠠᠳᠬᠤᠬᠤ᠂ ᠤᠯᠠᠨ ᠲᠦᠮᠡᠨ ᠣᠷᠤᠯᠴᠠᠬᠤ ᠲᠣᠭᠲᠠᠴᠠ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠭᠦᠢᠴᠡᠳᠬᠡᠬᠦ ᠦᠭᠡᠢ ᠠᠴᠠ ᠪᠣᠯᠵᠤ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ | ᠪᠡᠶᠡᠯᠡᠭᠦᠯᠦᠭᠰᠡᠨ ᠦᠭᠡᠢ ᠭᠠᠵᠠᠷ ᠣᠷᠣᠨ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ | ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ ᠲᠡᠭᠦᠯᠳᠡᠷᠵᠢᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠮᠦ ᠪᠦᠷᠢ ᠶᠢ ᠴᠥᠮ ᠠᠮᠵᠢᠯᠲᠠ ᠲᠠᠢ ᠪᠠᠶᠢᠭᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠤᠨ ᠬᠢᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ | ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠴᠤ ᠬᠠᠮᠠᠭᠠᠯᠠᠬᠤ | ᠵᠠᠷᠤᠳᠠᠯ ᠢ ᠵᠦᠢ ᠵᠣᠬᠢᠰᠲᠠᠢ ᠪᠠᠲᠤᠯᠠᠨ᠂ ᠬᠠᠮᠢᠶᠠᠷᠴᠤ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠭᠦ | ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠨᠢᠭᠡᠳᠦᠯᠲᠡᠢ ᠣᠷᠣᠭᠤᠯᠵᠤ᠂ ᠳᠤᠷ᠎ᠠ ᠪᠠᠷ ᠢᠶᠠᠨ | ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠡᠯ᠎ᠡ ᠭᠠᠵᠠᠷ ᠤᠨ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠭᠠᠰᠬᠠᠬᠤ ᠦᠭᠡᠢ | ᠪᠠᠶᠢᠬᠤ ᠶᠢ ᠦᠨᠡᠨ ᠬᠦ ᠪᠠᠲᠤᠯᠠᠨ᠎ᠠ᠃ | ︵ᠲᠠᠪᠤ︶ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ ᠤᠯᠤᠰ ᠤᠨ | ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠥᠷᠥᠰᠥ ᠰᠢᠷᠣᠢ ᠶᠢᠨ | ᠡᠬᠢ ᠪᠠᠶᠠᠯᠢᠭ ᠤᠨ ᠨᠥᠬᠦᠴᠡᠯ ᠢ ᠨᠢᠭᠡᠳᠦᠯᠲᠡᠢ ᠲᠥᠯᠥᠪᠵᠢᠭᠦᠯᠦᠨ᠂ ᠤᠰᠤᠯᠠᠯᠲᠠ ᠶᠢᠨ ᠲᠠᠯᠠᠪᠠᠶ ᠶᠢᠨ ᠨᠡᠮᠡᠭᠳᠡᠯ ᠢ ᠠᠬᠢᠭᠤᠯᠤᠨ᠎ᠠ᠃ ᠤᠯᠤᠰ ᠤᠨ ᠭᠤᠣᠯᠯᠠᠬᠤ | ᠲᠣᠣᠷ ᠤᠨ ᠤᠰᠤᠨ ᠰᠤᠷᠪᠤᠯᠵᠢ ᠶᠢᠨ ᠢᠨᠵᠧᠨᠧᠷᠢᠩ ᠪᠣᠯᠣᠨ ᠤᠰᠤ ᠳᠠᠮᠵᠢᠭᠤᠯᠤᠨ ᠲᠦᠭᠡᠭᠡᠬᠦ ᠢᠨᠵᠧᠨᠧᠷᠢᠩ ᠢ ᠠᠬᠢᠭᠤᠯᠬᠤ ᠲᠠᠢ ᠤᠶᠠᠯᠳᠤᠭᠤᠯᠤᠨ᠂ ᠤᠰᠤ | ᠠᠷᠪᠢᠯᠠᠬᠤ ᠭᠡᠯᠪᠡᠷᠢ ᠶᠢᠨ᠂ ᠠᠮᠢ ᠠᠬᠤᠢ ᠶᠢᠨ ᠭᠡᠯᠪᠡᠷᠢ ᠶᠢᠨ ᠨᠢᠭᠡ ᠪᠦᠯᠦᠭ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠤᠨ᠎ᠠ᠃ ᠲᠣᠮᠣ ᠳᠤᠮᠳᠠ ᠭᠡᠯᠪᠡᠷᠢ ᠶᠢᠨ | ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠵᠦ᠂ ᠤᠰᠤᠯᠠᠬᠤ ᠪᠠ ᠤᠰᠤ ᠵᠠᠯᠠᠬᠤ ᠢᠨᠵᠧᠨᠧᠷᠢᠩ ᠤᠨ ᠰᠢᠰᠲ᠋ᠧᠮ ᠢ ᠢᠵᠢ | ᠪᠦᠷᠢᠳᠦᠭᠦᠯᠦᠨ ᠲᠡᠭᠦᠯᠳᠡᠷᠵᠢᠭᠦᠯᠵᠦ᠂ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠯᠠᠯᠲᠠ ᠶᠢᠨ | ᠤᠰᠤᠨ ᠰᠤᠷᠪᠤᠯᠵᠢ ᠶᠢ ᠡᠵᠡᠯᠡᠨ ᠬᠡᠷᠡᠭᠯᠡᠬᠦ᠂ ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠳᠤ ᠨᠥᠬᠦᠪᠦᠷᠢ ᠥᠭᠬᠦ ᠳᠦᠷᠢᠮ ᠢ ᠴᠢᠩᠭ᠎ᠠ | ᠬᠡᠷᠡᠭᠵᠢᠭᠦᠯᠦᠨ᠎ᠡ᠃ | ︵ᠵᠢᠷᠭᠤᠭ᠎ᠠ︶ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠢᠳᠡᠭᠳᠡᠮᠡᠯ ᠭᠤᠤ ᠶᠢ ᠵᠠᠰᠠᠬᠤ᠂ ᠲᠠᠷᠢᠶᠠᠨ ᠭᠠᠵᠠᠷ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠥᠩ ᠰᠢᠮᠡᠯᠢᠭ ᠲᠠᠷᠢᠶᠠᠨ ᠭᠠᠵᠠᠷ ᠢ ᠪᠠᠶᠢᠭᠤᠯᠬᠤ ᠵᠡᠷᠭᠡ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠭᠦ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠬᠠᠷ᠎ᠠ ᠬᠥᠷᠥᠰᠥᠲᠦ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠲᠣᠣᠷ ᠢ ᠲᠡᠭᠦᠯᠳᠡᠷᠵᠢᠭᠦᠯᠵᠦ᠂ | ᠢᠨᠵᠧᠨᠧᠷᠢᠩ ᠤᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠪᠠ ᠦᠷ᠎ᠡ ᠪᠦᠲᠦᠮᠵᠢ ᠶᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠠᠷ᠎ᠠ ᠬᠥᠷᠥᠰᠥᠲᠦ ᠭᠠᠵᠠᠷ ᠢ | ᠬᠠᠮᠠᠭᠠᠯᠠᠬᠤ ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠬᠠᠮᠠᠭᠠᠯᠠᠬᠤ ᠶᠣᠰᠣᠲᠠᠢ ᠶᠢ ᠨᠢ ᠪᠦᠭᠦᠨ ᠢ ᠬᠠᠮᠠᠭᠠᠯᠠᠬᠤ ᠶᠢ ᠪᠡᠶᠡᠯᠡᠭᠦᠯᠦᠨ᠎ᠡ᠃ ᠣᠷᠣᠨ | ᠨᠤᠲᠤᠭ ᠤᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠤᠨ᠎ᠠ᠃ ᠰᠠᠯᠠᠭ᠎ᠠ | ᠮᠥᠴᠢᠷ ᠤᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠡᠯᠡ ᠮᠥᠩᠭᠦ ᠶᠢᠨ ᠲᠥᠷᠥᠯ ᠵᠦᠢᠯ ᠵᠡᠷᠭᠡ ᠶᠢ | ᠨᠢᠭᠡᠳᠦᠯᠲᠡᠢ ᠲᠥᠯᠥᠪᠵᠢᠭᠦᠯᠦᠨ᠂ ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠬᠠᠷ᠎ᠠ ᠬᠥᠷᠥᠰᠥᠲᠦ ᠭᠠᠵᠠᠷ ᠢ ᠡᠪᠳᠡᠭᠰᠡᠨ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠨ᠎ᠠ᠃ | ︵ᠳᠣᠯᠤᠭ᠎ᠠ︶ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠶᠢ ᠴᠢᠩᠭᠠᠳᠬᠠᠨ᠎ᠠ᠃ ᠭᠦᠴᠢᠯᠵᠢᠭᠰᠡᠨ ᠵᠡᠷᠭᠡ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ | ᠢᠨᠵᠧᠨᠧᠷᠢᠩ ᠢ ᠬᠡᠷᠡᠭᠵᠢᠭᠦᠯᠦᠨ᠎ᠡ᠃ ᠭᠦᠴᠢᠯᠵᠢᠭᠰᠡᠨ᠂ ᠳᠠᠯᠳᠠ ᠪᠤᠶᠢᠵᠢᠯᠳᠠ ᠲᠠᠢ ᠵᠡᠷᠭᠡ ᠲᠠᠴᠢᠷᠳᠠᠭᠰᠠᠨ ᠲᠠᠷᠢᠶᠠᠨ ᠭᠠᠵᠠᠷ ᠲᠤ ᠲᠠᠷᠢᠶᠠᠨ ᠭᠠᠵᠠᠷ ᠤᠨ | ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠲᠠᠷᠢᠶᠠᠯᠠᠬᠤ ᠳᠦᠷᠢᠮ ᠢ ᠰᠠᠶᠢᠵᠢᠷᠠᠭᠤᠯᠬᠤ᠂ ᠪᠣᠷᠳᠣᠭᠤᠷ ᠣᠷᠣᠭᠤᠯᠵᠤ ᠲᠠᠷᠢᠶᠠᠯᠠᠬᠤ ᠳᠠᠪᠬᠤᠷᠭ᠎ᠠ ᠪᠠᠶᠢᠭᠤᠯᠬᠤ᠂ ᠬᠥᠷᠥᠰᠥ | ᠰᠢᠷᠣᠢ ᠲᠣᠬᠢᠷᠠᠭᠤᠯᠬᠤ ᠹᠢᠽᠢᠺ ᠤᠨ ᠮᠠᠲ᠋ᠧᠷᠢᠶᠠᠯ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠯᠲᠠ ᠬᠢᠨ᠎ᠡ᠃ ᠬᠥᠷᠥᠰᠥ ᠰᠢᠷᠣᠢ ᠶᠢᠨ ᠭᠦᠴᠢᠯᠵᠢᠭᠰᠡᠨ | ᠭᠤᠣᠯᠳᠠᠯᠭ᠎ᠠ ᠲᠠᠢ ᠰᠢᠶᠠᠨ ᠤ ᠪᠦᠭᠦ ᠣᠷᠣᠨ ᠪᠦᠰᠡ ᠶᠢᠨ ᠵᠠᠰᠠᠯᠲᠠ ᠶᠢ ᠲᠦᠷᠭᠡᠳᠬᠡᠨ᠎ᠡ᠃ ᠡᠯᠡᠰᠦᠷᠬᠡᠭᠵᠢᠭᠰᠡᠨ᠂ ᠰᠠᠯᠬᠢᠨ ᠳᠤ ᠢᠳᠡᠭᠳᠡᠭᠰᠡᠨ᠂ ᠤᠰᠤᠨ ᠳᠤ | ᠢᠳᠡᠭᠳᠡᠭᠰᠡᠨ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠨ᠎ᠠ᠃ | ︵ᠨᠠᠢᠮᠠ︶ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠰᠠᠶᠢᠲᠤᠷ ᠠᠳᠬᠤᠨ᠎ᠠ᠃ ᠬᠤᠵᠢᠷᠯᠢᠭ ᠭᠠᠵᠠᠷ ᠤᠨ ᠡᠬᠢ ᠪᠠᠶᠠᠯᠢᠭ ᠤᠨ | ᠪᠠᠶᠢᠳᠠᠯ ᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠬᠤᠵᠢᠷᠯᠢᠭ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ | ᠬᠤᠵᠢᠷᠰᠢᠭᠰᠠᠨ ᠲᠠᠷᠢᠶᠠᠨ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠤᠵᠢᠷᠰᠢᠭᠰᠠᠨ ᠲᠠᠷᠢᠶᠠᠨ ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠣᠷᠣᠨ | ᠬᠤᠪᠢᠶᠠᠨ ᠲᠦᠷᠦᠯ ᠬᠤᠪᠢᠶᠠᠨ ᠥᠷᠨᠢᠭᠦᠯᠵᠦ᠂ ᠲᠠᠷᠢᠶᠠᠨ ᠭᠠᠵᠠᠷ ᠤᠨ ᠬᠤᠵᠢᠷᠰᠢᠬᠤ ᠶᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠬᠤᠵᠢᠷᠯᠢᠭ ᠭᠠᠵᠠᠷ ᠵᠡᠷᠭᠡ | ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠱᠠᠲᠤ ᠳᠠᠷᠠᠭᠠᠯᠠᠨ ᠠᠬᠢᠭᠤᠯᠤᠨ᠎ᠠ᠃ ︽ᠲᠠᠷᠢᠶᠠᠨ ᠭᠠᠵᠠᠷ ᠲᠤ ᠲᠣᠬᠢᠷᠠᠭᠤᠯᠤᠨ ᠲᠠᠷᠢᠬᠤ︾ | ᠪᠠ ︽ᠲᠠᠷᠢᠶᠠᠨ ᠭᠠᠵᠠᠷ ᠢ ᠲᠠᠷᠢᠬᠤ ᠳᠤ ᠲᠣᠬᠢᠷᠠᠮᠵᠢᠲᠠᠢ ᠪᠤᠯᠭᠠᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠠᠪᠤᠰᠤ ᠬᠤᠵᠢᠷ ᠲᠤ ᠳᠠᠭᠠᠭᠠᠮᠠᠭᠠᠢ | ᠲᠥᠷᠥᠯ ᠵᠦᠢᠯ ᠪᠠ ᠬᠤᠵᠢᠷᠯᠢᠭ ᠭᠠᠵᠠᠷ ᠢ ᠵᠠᠰᠠᠬᠤ ᠬᠡᠷᠡᠭᠯᠡᠭᠡᠨ ᠤ ᠮᠡᠷᠭᠡᠵᠢᠯ ᠢ ᠪᠣᠶᠢᠵᠢᠭᠤᠯᠤᠨ ᠳᠡᠯᠭᠡᠷᠡᠭᠦᠯᠦᠨ᠎ᠡ᠃ | ︵ᠶᠢᠰᠦ︶ ᠣᠷᠭᠠᠨᠢᠭ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠳᠡᠭᠡᠭᠰᠢᠯᠡᠭᠦᠯᠭᠦ | ᠠᠵᠢᠯᠯᠠᠭᠠᠨ ᠤ ᠲᠥᠰᠥᠯ ᠢ ᠲᠣᠭᠲᠠᠭᠠᠨ ᠬᠡᠷᠡᠭᠵᠢᠭᠦᠯᠵᠦ᠂ ᠪᠣᠷᠳᠣᠭᠤᠷ ᠣᠷᠣᠭᠤᠯᠬᠤ ᠬᠥᠷᠥᠰᠥ ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠬᠥᠷᠥᠰᠥ | ᠰᠢᠷᠣᠢ ᠶᠢ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ᠣᠷᠭᠠᠨᠢᠭ ᠪᠣᠷᠳᠣᠭᠤᠷ ᠢᠶᠠᠷ ᠬᠢᠮᠢ ᠶᠢᠨ ᠪᠣᠷᠳᠣᠭᠤᠷ ᠢ ᠣᠷᠣᠯᠠᠭᠤᠯᠬᠤ ᠶᠢ ᠲᠦᠷᠭᠡᠳᠬᠡᠨ ᠳᠡᠯᠭᠡᠷᠡᠭᠦᠯᠵᠦ᠂ ᠮᠠᠯ ᠵᠢᠭᠦᠷᠲᠡᠨ ᠤ ᠬᠥᠷᠵᠡᠩ ᠪᠣᠷᠳᠣᠭᠤᠷ ᠢ ᠲᠤᠬᠠᠢ ᠶᠢᠨ | ᠭᠠᠵᠠᠷ ᠲᠤᠨᠢ ᠣᠶᠢᠷ᠎ᠠ ᠬᠠᠪᠢ ᠳᠤᠨᠢ ᠲᠠᠷᠢᠶᠠᠨ ᠳᠤ ᠪᠤᠴᠠᠭᠠᠵᠤ ᠠᠰᠢᠭᠯᠠᠬᠤ ᠵᠡᠷᠭᠡ ᠭᠠᠵᠠᠷ ᠬᠡᠷᠡᠭᠯᠡᠵᠦ ᠲᠠᠷᠢᠶ᠎ᠠ ᠰᠢᠮᠡᠵᠢᠭᠦᠯᠬᠦ ᠠᠷᠭ᠎ᠠ ᠬᠡᠮᠵᠢᠶ᠎ᠡ ᠶᠢ ᠠᠬᠢᠭᠤᠯᠤᠨ᠎ᠠ᠃ | ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠳᠡᠭᠡᠭᠰᠢᠯᠡᠭᠦᠯᠭᠦ ᠪᠠᠷᠢᠮᠵᠢᠶᠠᠵᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠶᠢ ᠴᠢᠩᠭᠠᠳᠬᠠᠨ᠎ᠠ᠃ | ︵ᠠᠷᠪᠠ︶ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠲᠠᠷᠢᠶᠠᠨ | ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠠᠤᠯᠢ ᠲᠣᠭᠲᠠᠭᠠᠯᠲᠠ ᠶᠢ ᠲᠦᠷᠭᠡᠳᠬᠡᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠨ ᠦᠨᠡᠯᠡᠬᠦ ᠳᠦᠷᠢᠮ ᠢ | ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠨᠢᠭᠡᠳᠦᠯᠲᠡᠢ ᠠᠷᠭ᠎ᠠ᠂ ᠪᠠᠷᠢᠮᠵᠢᠶ᠎ᠠ᠂ ᠭᠦᠢᠴᠡᠳᠬᠡᠯ ᠲᠤᠭ᠎ᠠ ᠶᠢ ᠲᠣᠭᠲᠠᠭᠠᠨ᠎ᠠ᠃ ᠵᠢᠯ ᠪᠦᠷᠢ | ᠲᠠᠷᠢᠶᠠᠨ ᠭᠠᠵᠠᠷ ᠤᠨ ᠶᠠᠰᠤ ᠴᠢᠨᠠᠷ ᠤᠨ ᠬᠤᠪᠢᠷᠠᠯᠲᠠ ᠳᠤ ᠪᠠᠶᠢᠴᠠᠭᠠᠯᠲᠠ ᠦᠨᠡᠯᠡᠯᠲᠡ ᠬᠢᠵᠦ᠂ 5 ᠵᠢᠯ ᠪᠦᠷᠢ ᠳᠤ ᠲᠠᠷᠢᠶᠠᠨ ᠭᠠᠵᠠᠷ ᠤᠨ ᠶᠠᠰᠤ ᠴᠢᠨᠠᠷ ᠤᠨ | ᠶᠡᠷᠦᠩᠬᠡᠶᠢᠯᠡᠭᠰᠡᠨ ᠦᠨᠡᠯᠡᠯᠲᠡ ᠬᠢᠵᠦ᠂ ᠴᠠᠭ ᠲᠤᠨᠢ ᠲᠣᠬᠢᠷᠠᠭᠤᠯᠤᠨ ᠪᠦᠭᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ | ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠲᠣᠣᠷ ᠤᠨ ᠰᠢᠰᠲ᠋ᠧᠮ ᠢ ᠪᠠᠶᠢᠭᠤᠯᠤᠨ | ᠪᠦᠷᠢᠨᠰᠢᠭᠦᠯᠦᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠳᠤ ᠪᠡᠯᠡ ᠮᠥᠩᠭᠦ ᠶᠢᠨ | ᠪᠠᠲᠤᠯᠠᠭ᠎ᠠ ᠬᠠᠩᠭᠠᠨ᠎ᠠ᠃ | ᠳᠥᠷᠪᠡ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠦᠨ᠎ᠡ | ︵ᠠᠷᠪᠠᠨ ᠨᠢᠭᠡ︶ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠥᠭᠡᠷᠡᠴᠢᠯᠡᠨ᠎ᠡ᠃ ᠲᠠᠷᠢᠶᠠᠯᠠᠩ ᠤᠨ ᠪᠤᠰᠤ | ᠪᠦᠲᠦᠭᠡᠨ ᠪᠠᠶᠢᠭᠤᠯᠤᠯᠲᠠ᠂ ᠣᠶᠢᠵᠢᠭᠤᠯᠵᠤ ᠮᠣᠳᠣ ᠲᠠᠷᠢᠬᠤ᠂ ᠵᠢᠮᠢᠰ ᠴᠠᠢ ᠲᠠᠷᠢᠬᠤ ᠵᠡᠷᠭᠡ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ | ᠠᠵᠢᠯᠯᠠᠭ᠎ᠠ ᠶᠢ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠳᠤ ᠨᠢᠭᠡᠳᠦᠯᠲᠡᠢ ᠣᠷᠣᠭᠤᠯᠤᠨ᠎ᠠ᠃ ᠲᠠᠷᠢᠶᠠᠨ ᠭᠠᠵᠠᠷ ᠢ | ᠨᠥᠬᠦᠪᠦᠷᠢᠯᠡᠬᠦ ᠳᠤ ᠴᠢᠨᠠᠷ ᠰᠠᠶᠢᠲᠠᠢ ᠲᠠᠷᠢᠶᠠᠨ ᠭᠠᠵᠠᠷ ᠢ ᠰᠡᠷᠭᠦᠭᠡᠬᠦ ᠪᠠᠷ ᠭᠤᠣᠯ ᠪᠤᠯᠭᠠᠵᠤ᠂ ᠲᠠᠷᠢᠶᠠᠨ ᠭᠠᠵᠠᠷ ᠢ ᠰᠢᠨ᠎ᠡ ᠪᠠᠷ ᠬᠠᠭᠠᠯᠪᠤᠷᠢᠯᠠᠬᠤ ᠪᠠᠷ ᠬᠠᠪᠰᠤᠷᠤᠮᠵᠢ | ᠪᠤᠯᠭᠠᠬᠤ ᠵᠠᠷᠴᠢᠮ ᠢ ᠪᠠᠷᠢᠮᠲᠠᠯᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ ᠲᠠᠷᠢᠶᠠᠨ | ᠭᠠᠵᠠᠷ ᠢ ᠰᠢᠨ᠎ᠡ ᠪᠠᠷ ᠬᠠᠭᠠᠯᠪᠤᠷᠢᠯᠠᠬᠤ ᠶᠢ ᠴᠠᠭᠠᠵᠠᠯᠠᠵᠤ᠂ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ ᠰᠢᠷᠣᠢ᠂ ᠬᠦᠨᠳᠦ ᠨᠣᠴᠢᠲᠠᠢ ᠬᠠᠶᠢᠷ ᠴᠢᠯᠠᠭᠤᠵᠢᠭᠰᠠᠨ | ᠭᠠᠵᠠᠷ ᠰᠢᠷᠣᠢ᠂ ᠭᠤᠣᠯᠳᠠᠯᠭ᠎ᠠ ᠲᠠᠢ ᠡᠯᠡᠰᠦᠨ ᠤ ᠡᠬᠢ ᠶᠢᠨ ᠣᠷᠣᠨ᠂ ᠡᠯᠡᠰᠦ ᠲᠣᠭᠤᠰᠣ ᠳᠠᠮᠵᠢᠭᠤᠯᠬᠤ ᠵᠠᠮ᠂ 25 ᠭᠷᠡᠳᠦ᠋ᠰ ᠠᠴᠠ ᠳᠡᠭᠡᠭᠰᠢᠬᠢ ᠡᠭᠴᠡ ᠬᠥᠲᠥᠯ᠂ | ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠵᠢᠴᠢ ᠭᠤᠣᠯᠳᠠᠯᠭ᠎ᠠ ᠲᠠᠢ ᠰᠢᠭᠤᠶᠢᠲᠤ ᠣᠷᠣᠨ᠂ ᠤᠯᠤᠰ ᠤᠨ ᠥᠮᠴᠢᠯᠡᠯ ᠤᠨ ᠣᠶ | ᠰᠢᠭᠤᠢ ᠶᠢᠨ ᠲᠠᠯᠠᠪᠠᠶ ᠵᠡᠷᠭᠡ ᠣᠷᠣᠨ ᠪᠦᠰᠡ ᠶᠢ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠢ ᠨᠥᠬᠦᠪᠦᠷᠢᠯᠡᠬᠦ ᠢᠷᠡᠯᠲᠡ ᠪᠤᠯᠭᠠᠬᠤ ᠦᠭᠡᠢ᠃ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠡᠯ᠎ᠡ ᠲᠥᠷᠥᠯ ᠤᠨ ᠬᠡᠷᠡᠭᠵᠢᠭᠦᠯᠬᠦ ᠭᠤᠣᠯ ᠴᠣᠭᠴᠠ ᠨᠢ | ᠲᠠᠷᠢᠶᠠᠨ ᠪᠤᠰᠤ ᠭᠠᠵᠠᠷ ᠢ ᠬᠠᠭᠠᠯᠪᠤᠷᠢᠯᠠᠬᠤ᠂ ᠲᠠᠷᠢᠶᠠᠨ ᠭᠠᠵᠠᠷ ᠪᠣᠯᠭᠠᠨ ᠰᠡᠷᠭᠦᠭᠡᠭᠰᠡᠨ ᠪᠠᠶᠢᠪᠠᠯ᠂ ᠲᠣᠭᠲᠠᠭᠠᠯ ᠳᠤ ᠨᠡᠶᠢᠴᠡᠪᠡᠯ ᠨᠥᠬᠦᠪᠦᠷᠢ ᠲᠠᠷᠢᠶᠠᠨ ᠭᠠᠵᠠᠷ ᠪᠤᠯᠭᠠᠵᠤ | ᠪᠣᠯᠣᠨ᠎ᠠ᠃ ︽ᠨᠥᠬᠦᠪᠦᠷᠢᠯᠡᠬᠦ ᠪᠠᠷ ᠡᠵᠡᠯᠡᠬᠦ ᠶᠢ ᠲᠣᠭᠲᠠᠭᠠᠬᠤ︾ ᠶᠢ ᠪᠠᠷᠢᠮᠲᠠᠯᠠᠨ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢᠨ ᠬᠥᠳᠡᠯᠦᠩᠭᠦᠢ ᠲᠡᠩᠴᠡᠭᠦᠷᠢ ᠶᠢ | ᠪᠡᠶᠡᠯᠡᠭᠦᠯᠦᠭᠰᠡᠨ ᠤᠷᠢᠲᠠᠯ ᠳᠣᠣᠷ᠎ᠠ᠂ ᠮᠤᠵᠢ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠢ ᠲᠣᠭᠲᠠᠭᠤᠨ ᠢᠶᠠᠷ ᠠᠰᠢᠭᠯᠠᠭᠰᠠᠨ ᠴᠡᠪᠡᠷ ᠨᠡᠮᠡᠭᠳᠡᠯ ᠤᠨ ᠬᠡᠮᠵᠢᠶ᠎ᠡ ᠶᠢ | ᠳᠠᠷᠠᠭ᠎ᠠ ᠵᠢᠯ ᠤᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠶᠢᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠵᠥᠪᠰᠢᠶᠡᠷᠡᠬᠦ ᠬᠡᠪᠴᠢᠶ᠎ᠡ ᠶᠢᠨ ᠳᠡᠭᠡᠷ᠎ᠡ | ᠬᠢᠵᠠᠭᠠᠷ ᠪᠤᠯᠭᠠᠵᠤ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠳᠤ ᠬᠠᠨᠳᠤᠭᠤᠯᠤᠨ ᠲᠠᠷᠢᠶᠠᠨ ᠭᠠᠵᠠᠷ ᠨᠥᠬᠦᠪᠦᠷᠢᠯᠡᠬᠦ ᠭᠦᠢᠴᠡᠳᠬᠡᠯ ᠲᠤᠭ᠎ᠠ ᠶᠢ | ᠵᠣᠬᠢᠴᠠᠩᠭᠤᠢ ᠪᠠᠷ ᠬᠥᠯᠳᠡᠭᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠨ ᠭᠠᠵᠠᠷ ᠢ ᠡᠵᠡᠯᠡᠬᠦ | ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ | ︵ᠠᠷᠪᠠᠨ ᠬᠤᠶᠠᠷ︶ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠤᠯᠤᠰ ᠠᠴᠠ ᠡᠯ᠎ᠡ ᠮᠤᠵᠢ ︵ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ︶ ᠶᠢᠨ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠵᠦ᠂ ᠪᠦᠭᠦ ᠤᠯᠤᠰ ᠤᠨ ᠲᠠᠷᠢᠶᠠᠨ ᠭᠠᠵᠠᠷ ᠢ | ᠬᠠᠮᠠᠭᠠᠯᠠᠬᠤ ᠬᠠᠷᠠᠯᠲᠠ ᠠᠴᠠ ᠳᠠᠪᠠᠭᠤᠯᠬᠤ ᠦᠭᠡᠢ ᠪᠠᠶᠢᠬᠤ ᠶᠢ ᠪᠠᠲᠤᠯᠠᠨ᠎ᠠ︔ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠢᠨ | ᠮᠤᠵᠢ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠨᠥᠬᠦᠪᠦᠷᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠣᠨ ᠤ | ᠲᠠᠷᠢᠶᠠᠨ ᠭᠠᠵᠠᠷ ᠤᠨ ᠶᠡᠷᠦᠩᠬᠡᠢ ᠬᠡᠮᠵᠢᠶᠡᠨ ᠤ ᠬᠥᠳᠡᠯᠦᠩᠭᠦᠢ ᠲᠡᠩᠴᠡᠭᠦᠷᠢ ᠶᠢ ᠪᠠᠲᠤᠯᠠᠨ᠎ᠠ︔ ᠬᠤᠲᠠ ᠰᠢᠶᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠰᠢᠯᠢᠳᠡᠭ ᠲᠠᠷᠢᠶᠠᠨ ᠭᠠᠵᠠᠷ ᠢᠶᠠᠷ ᠭᠦᠢᠴᠡᠳ ᠨᠥᠬᠦᠪᠦᠷᠢᠯᠡᠬᠦ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠡᠯ᠎ᠡ ᠮᠤᠵᠢ | ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠢᠨ ᠨᠥᠬᠦᠪᠦᠷᠢᠯᠡᠬᠦ ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ ᠶᠢ ᠮᠤᠵᠢ ᠶᠢᠨ ᠱᠠᠲᠤᠨ ᠤ | ᠬᠠᠮᠢᠶᠠᠷᠤᠯᠲᠠ ᠶᠢᠨ ᠲᠠᠪᠴᠠᠩ ᠳᠤ ᠨᠢᠭᠡᠳᠦᠯᠲᠡᠢ ᠣᠷᠣᠭᠤᠯᠵᠤ᠂ ᠲᠣᠬᠢᠷᠠᠭᠤᠯᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠲᠣᠬᠢᠷᠠᠭᠤᠯᠵᠤ ᠨᠥᠬᠦᠪᠦᠷᠢᠯᠡᠬᠦ ᠪᠠᠷᠢᠮᠵᠢᠶ᠎ᠠ ᠶᠢ | ᠵᠦᠢ ᠵᠣᠬᠢᠰᠲᠠᠢ ᠲᠣᠭᠲᠠᠭᠠᠵᠤ᠂ ᠲᠣᠬᠢᠷᠠᠭᠤᠯᠬᠤ ᠬᠡᠪᠴᠢᠶ᠎ᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠭᠦᠢᠴᠡᠳᠬᠡᠯ ᠲᠤᠭ᠎ᠠ ᠶᠢ ᠲᠣᠬᠢᠷᠠᠭᠤᠯᠬᠤ ᠪᠡᠯᠡ ᠮᠥᠩᠭᠦ ᠶᠢ | ᠲᠥᠰᠥᠪ ᠤᠨ ᠬᠠᠮᠢᠶᠠᠷᠤᠯᠲᠠ ᠳᠤ ᠣᠷᠣᠭᠤᠯᠤᠨ᠎ᠠ᠃ ᠲᠠᠷᠢᠶᠠᠨ ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠶᠢ ᠯᠡ ᠬᠥᠭᠡᠭᠡᠴᠡᠯᠳᠦᠬᠦ᠂ ᠪᠠᠶᠢᠭᠠᠯᠢ ᠶᠢᠨ | ᠨᠥᠬᠦᠴᠡᠯ ᠢ ᠬᠠᠶᠢᠬᠤᠷᠬᠤ ᠦᠭᠡᠢ ᠪᠠᠷ ᠠᠯᠪᠠᠳᠠᠯᠭ᠎ᠠ ᠪᠠᠷ ᠨᠥᠬᠦᠪᠦᠷᠢᠯᠡᠬᠦ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠨ ᠵᠠᠯᠠᠷᠠᠭᠤᠯᠤᠨ᠎ᠠ᠃ ᠠᠮᠢ ᠠᠬᠤᠢ ᠬᠡᠪᠡᠷᠡᠭ᠂ ᠠᠮᠢ | ᠠᠬᠤᠢ ᠶᠢᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠡᠭᠦᠷᠭᠡᠯᠡᠵᠦ ᠪᠠᠶᠢᠭ᠎ᠠ ᠭᠠᠵᠠᠷ ᠣᠷᠣᠨ ᠤ ᠤᠯᠤᠰ ᠤᠨ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠤᠯᠤᠰ ᠠᠴᠠ ᠨᠢᠭᠡᠳᠦᠯᠲᠡᠢ ᠲᠥᠯᠥᠪᠵᠢᠭᠦᠯᠦᠨ ᠮᠤᠵᠢ ᠣᠷᠣᠨ ᠠᠯᠤᠰᠯᠠᠨ ᠲᠥᠪᠯᠡᠷᠡᠭᠦᠯᠦᠨ ᠬᠠᠭᠠᠯᠪᠤᠷᠢᠯᠠᠵᠤ᠂ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠬᠠᠨᠳᠤᠯᠭ᠎ᠠ ᠲᠠᠢ ᠪᠠᠷ ᠲᠡᠮᠵᠢᠨ᠎ᠠ᠃ | ︵ᠠᠷᠪᠠᠨ ᠭᠤᠷᠪᠠ︶ ᠲᠠᠷᠢᠶᠠᠨ ᠭᠠᠵᠠᠷ ᠨᠥᠬᠦᠪᠦᠷᠢᠯᠡᠬᠦ ᠭᠤᠣᠯ ᠴᠣᠭᠴᠠ ᠳᠤ ᠨᠥᠬᠦᠪᠦᠷᠢ ᠥᠭᠴᠦ ᠤᠷᠮᠠᠰᠢᠭᠤᠯᠬᠤ ᠶᠢ ᠴᠢᠩᠭᠠᠳᠬᠠᠨ᠎ᠠ᠃ ᠡᠯ᠎ᠡ ᠲᠥᠷᠥᠯ ᠤᠨ | ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ᠂ ᠣᠶᠢᠵᠢᠭᠤᠯᠵᠤ ᠮᠣᠳᠣ ᠲᠠᠷᠢᠬᠤ᠂ ᠵᠢᠮᠢᠰ ᠴᠠᠢ ᠲᠠᠷᠢᠬᠤ ᠵᠡᠷᠭᠡ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ | ᠡᠷᠬᠡᠪᠰᠢ ᠲᠠᠷᠢᠶᠠᠨ ᠭᠠᠵᠠᠷ ᠨᠥᠬᠦᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠰᠦᠪᠡᠨ ᠨᠥᠬᠦᠪᠦᠷᠢᠯᠡᠬᠦ ᠨᠥᠬᠦᠴᠡᠯ ᠦᠭᠡᠢ ᠪᠣᠯ ᠲᠠᠷᠢᠶᠠᠯᠠᠩ ᠤᠨ ᠪᠤᠰᠤ | ᠪᠦᠲᠦᠭᠡᠨ ᠪᠠᠶᠢᠭᠤᠯᠤᠯᠲᠠ ᠨᠢ ᠲᠣᠭᠲᠠᠭᠠᠯ ᠶᠣᠰᠣᠭᠠᠷ ᠲᠠᠷᠢᠶᠠᠨ ᠭᠠᠵᠠᠷ ᠬᠠᠭᠠᠯᠪᠤᠷᠢᠯᠠᠬᠤ ᠰᠦᠢᠳᠬᠡᠯ ᠲᠤᠰᠢᠶᠠᠨ᠎ᠠ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠷᠢᠶᠠᠨ ᠭᠠᠵᠠᠷ ᠢ ᠬᠠᠭᠠᠯᠪᠤᠷᠢᠯᠠᠬᠤ ᠵᠠᠷᠤᠳᠠᠯ ᠵᠡᠷᠭᠡ ᠵᠠᠷᠤᠳᠠᠯ ᠤᠨ ᠪᠠᠷᠢᠮᠵᠢᠶ᠎ᠠ ᠶᠢ | ᠲᠥᠷᠥᠯ ᠪᠠ ᠭᠤᠣᠯ ᠴᠣᠭᠴᠠ ᠬᠤᠪᠢᠶᠠᠨ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠪᠡᠯᠡ ᠮᠥᠩᠭᠦ ᠶᠢ ᠲᠠᠷᠢᠶᠠᠨ ᠭᠠᠵᠠᠷ ᠤᠨ | ᠬᠠᠮᠠᠭᠠᠯᠠᠯᠲᠠ ᠬᠢᠭᠡᠳ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠳᠤ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ | ᠲᠠᠷᠢᠶᠠᠨ ᠭᠠᠵᠠᠷ ᠢ ᠡᠵᠡᠯᠡᠭᠡᠳᠦᠢ ᠪᠤᠯᠪᠠᠴᠤ ᠨᠢᠭᠡᠨᠲᠡ ᠬᠠᠭᠠᠯᠪᠤᠷᠢᠯᠠᠭᠰᠠᠨ ᠪᠤᠶᠤ ᠲᠠᠷᠢᠶᠠᠨ ᠭᠠᠵᠠᠷ ᠢ ᠰᠡᠷᠭᠦᠭᠡᠭᠰᠡᠨ ᠭᠤᠣᠯ ᠴᠣᠭᠴᠠ ᠳᠤ ᠵᠣᠬᠢᠰᠲᠠᠢ ᠨᠥᠬᠦᠪᠦᠷᠢ | ᠥᠭᠴᠦ ᠪᠣᠯᠣᠨ᠎ᠠ᠃ | ︵ᠠᠷᠪᠠᠨ ᠳᠥᠷᠪᠡ︶ ᠨᠥᠬᠦᠪᠦᠷᠢᠯᠡᠬᠦ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠳᠦᠷᠢᠮ ᠢ ᠪᠦᠷᠢᠨᠰᠢᠭᠦᠯᠦᠨ᠎ᠡ᠃ ᠬᠥᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠲᠠᠢ ᠬᠠᠮᠲᠤᠷᠠᠨ ᠨᠥᠬᠦᠪᠦᠷᠢᠯᠡᠬᠦ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ | ᠠᠪᠬᠤ ᠠᠷᠭ᠎ᠠ ᠶᠢ ᠨᠡᠶᠢᠲᠡᠯᠡᠵᠦ᠂ ᠰᠢᠯᠭᠠᠨ ᠠᠪᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠬᠠᠲᠠᠭᠤ ᠬᠢᠵᠠᠭᠠᠷᠯᠠᠯ ᠢ ᠴᠢᠩᠭᠠᠷᠠᠭᠤᠯᠬᠤ ᠬᠡᠷᠡᠭᠲᠡᠢ᠃ ᠬᠠᠭᠠᠯᠪᠤᠷᠢᠯᠠᠬᠤ ᠪᠠ | ᠰᠡᠷᠭᠦᠭᠡᠬᠦ ᠲᠠᠷᠢᠶᠠᠨ ᠭᠠᠵᠠᠷ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠵᠦ᠂ ᠲᠠᠷᠢᠶᠠᠯᠠᠬᠤ ᠳᠤ | ᠲᠣᠬᠢᠷᠠᠬᠤ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠤᠨᠠᠯᠳᠠ ᠶᠢ ᠥᠨᠳᠥᠷ ᠪᠤᠶᠤ ᠲᠣᠭᠲᠠᠭᠤᠨ ᠪᠠᠶᠢᠯᠭᠠᠬᠤ ᠪᠠᠷᠢᠮᠵᠢᠶ᠎ᠠ ᠳᠤ ᠬᠦᠷᠬᠦ ᠪᠥᠭᠡᠳ | ᠲᠥᠪᠯᠡᠷᠡᠨ ᠵᠠᠯᠭᠠᠯᠳᠤᠭᠰᠠᠨ᠂ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠵᠤ ᠪᠤᠯᠬᠤ ᠪᠤᠯᠭᠠᠵᠤ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠶᠢ ᠨᠢ | ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠨᠥᠬᠦᠪᠦᠷᠢ ᠪᠤᠯᠭᠠᠵᠤ ᠪᠤᠯᠬᠤ ᠦᠭᠡᠢ᠃ ᠲᠠᠷᠢᠶᠠᠨ ᠭᠠᠵᠠᠷ ᠢ ᠨᠥᠬᠦᠪᠦᠷᠢᠯᠡᠭᠰᠡᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ᠂ | ᠳᠠᠭᠢᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠨᠥᠬᠦᠪᠦᠷᠢᠯᠡᠭᠰᠡᠨ ᠤ ᠳᠠᠷᠠᠭᠠᠬᠢ ᠰᠢᠮ᠎ᠡ ᠬᠦᠴᠦ ᠶᠢ ᠨᠡᠮᠡᠭᠳᠡᠭᠦᠯᠬᠦ ᠪᠡᠯᠡ ᠮᠥᠩᠭᠦ ᠶᠢ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠥᠪᠡᠷ ᠤᠨ ᠥᠷᠲᠡᠭ ᠲᠤ ᠣᠷᠣᠭᠤᠯᠤᠨ᠎ᠠ᠃ ᠲᠠᠷᠢᠶᠠᠨ ᠭᠠᠵᠠᠷ ᠤᠨ ᠭᠤᠣᠯ ᠴᠣᠭᠴᠠ ᠨᠢ ᠰᠢᠮ᠎ᠡ ᠬᠦᠴᠦ ᠶᠢ ᠨᠡᠮᠡᠭᠳᠡᠭᠦᠯᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠥᠷᠥᠰᠥ ᠰᠢᠷᠣᠢ ᠶᠢ ᠦᠷᠭᠦᠯᠵᠢᠯᠡᠨ ᠰᠠᠶᠢᠵᠢᠷᠠᠭᠤᠯᠵᠤ᠂ ᠭᠠᠵᠠᠷ ᠤᠨ ᠰᠢᠮ᠎ᠡ ᠬᠦᠴᠦ ᠶᠢ ᠨᠡᠮᠡᠭᠳᠡᠭᠦᠯᠬᠦ ᠬᠡᠷᠡᠭᠲᠡᠢ᠃ | ᠲᠠᠪᠤ᠂ ᠲᠠᠷᠢᠶᠠᠴᠢᠨ ᠪᠣᠯᠣᠨ ᠣᠷᠣᠨ ᠨᠤᠲᠤᠭ ᠤᠨ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭ᠎ᠠ ᠲᠠᠷᠢᠵᠤ ᠠᠮᠤ ᠪᠤᠳᠠᠭ᠎ᠠ ᠶᠢ ᠠᠳᠬᠤᠬᠤ ᠢᠳᠡᠪᠬᠢᠵᠢᠯ ᠢ | ᠳᠠᠶᠢᠴᠢᠯᠠᠨ᠎ᠠ | ︵ᠠᠷᠪᠠᠨ ᠲᠠᠪᠤ︶ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠳᠡᠭᠡᠭᠰᠢᠯᠡᠭᠦᠯᠦᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ | ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠣᠳᠣᠬᠢᠴᠢᠯᠠᠭᠰᠠᠨ ᠡᠷᠴᠢᠮᠵᠢᠭᠦᠯᠦᠭᠰᠡᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠤᠯᠠᠨ ᠵᠦᠢᠯ ᠤᠨ ᠭᠡᠯᠪᠡᠷᠢ ᠶᠢᠨ ᠵᠣᠬᠢᠰᠲᠠᠢ ᠬᠡᠪᠴᠢᠶᠡᠲᠦ ᠡᠵᠡᠩᠨᠡᠯᠲᠡ ᠶᠢ | ᠬᠡᠷᠡᠭᠵᠢᠭᠦᠯᠦᠨ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠬᠤ ᠬᠠᠷᠢᠴᠠᠭᠤᠯᠤᠭᠰᠠᠨ ᠠᠰᠢᠭ ᠣᠷᠣᠯᠭ᠎ᠠ ᠶᠢ ᠨᠡᠮᠡᠭᠳᠡᠭᠦᠯᠦᠨ᠂ | ᠲᠠᠷᠢᠶᠠᠴᠢᠳ ᠤᠨ ᠲᠠᠷᠢᠶᠠᠨ ᠭᠠᠵᠠᠷ ᠢᠶᠠᠨ ᠬᠠᠮᠠᠭᠠᠯᠠᠬᠤ ᠪᠠ ᠠᠮᠤ ᠪᠤᠳᠠᠭ᠎ᠠ ᠲᠠᠷᠢᠬᠤ ᠢᠳᠡᠪᠬᠢᠵᠢᠯ ᠢ ᠲᠠᠶᠢᠴᠢᠯᠠᠨ᠎ᠠ᠃ | ︵ᠠᠷᠪᠠᠨ ᠵᠢᠷᠭᠤᠭ᠎ᠠ︶ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ | ᠪᠦᠷᠢᠨᠰᠢᠭᠦᠯᠦᠨ᠎ᠡ᠃ ᠠᠮᠤ ᠪᠤᠳᠠᠭᠠᠨ ᠤ ᠭᠤᠣᠯ ᠤᠨᠠᠯᠳᠠ ᠶᠢᠨ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠬᠢᠨ ᠤ ᠲᠠᠷᠢᠶᠠᠨ | ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠦᠢᠯᠡᠳᠪᠦᠷᠢᠯᠡᠯ ᠢ ᠠᠳᠬᠤᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠮᠤ ᠪᠤᠳᠠᠭᠠᠨ ᠤ ᠭᠤᠣᠯ ᠤᠨᠠᠯᠳᠠ ᠶᠢᠨ | ᠣᠷᠣᠨ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠣᠷᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠮᠲᠤᠷᠠᠯ | ᠬᠦᠴᠦᠨ ᠢ ᠪᠦᠷᠢᠯᠳᠦᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠠᠵᠤ ᠠᠬᠤᠢ ᠶᠢᠨ ᠱᠠᠩᠨᠠᠵᠤ ᠲᠣᠷᠭᠠᠬᠤ ᠲᠣᠭᠲᠠᠴᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠢ | ᠬᠠᠮᠠᠭᠠᠯᠠᠬᠤ ᠡᠭᠦᠷᠭᠡ ᠲᠤᠲᠠᠭᠳᠠᠵᠤ ᠪᠠᠶᠢᠭ᠎ᠠ ᠮᠤᠵᠢ ᠠᠴᠠ ᠠᠵᠤ ᠠᠬᠤᠢ ᠶᠢᠨ ᠨᠥᠬᠦᠪᠦᠷᠢ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠡᠭᠦᠷᠭᠡ ᠶᠢ | ᠢᠯᠡᠭᠦᠦ ᠡᠭᠦᠷᠭᠡᠯᠡᠭᠰᠡᠨ ᠮᠤᠵᠢ ᠳᠤ ᠠᠵᠤ ᠠᠬᠤᠢ ᠶᠢᠨ ᠱᠠᠩᠨᠠᠯ ᠣᠯᠭᠤᠨ᠎ᠠ᠃ | ︵ᠠᠷᠪᠠᠨ ᠳᠣᠯᠤᠭ᠎ᠠ︶ ᠠᠲᠠᠷᠰᠢᠭᠰᠠᠨ ᠭᠠᠵᠠᠷ ᠢ ᠵᠠᠰᠠᠵᠤ ᠠᠰᠢᠭᠯᠠᠬᠤ ᠶᠢ ᠴᠢᠩᠭᠠᠳᠬᠠᠨ᠎ᠠ᠃ ᠪᠦᠭᠦ ᠤᠯᠤᠰ ᠤᠨ ᠤᠯᠤᠰ ᠤᠨ ᠭᠠᠵᠠᠷ ᠰᠢᠷᠣᠢ ᠶᠢᠨ | ᠬᠤᠪᠢᠷᠠᠯᠲᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠷ ᠰᠠᠭᠤᠷᠢ ᠪᠤᠯᠭᠠᠵᠤ᠂ ᠪᠣᠳᠠᠲᠠᠢ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠲᠠᠢ ᠤᠶᠠᠯᠳᠤᠭᠤᠯᠤᠨ᠂ | ᠠᠲᠠᠷᠰᠢᠭᠰᠠᠨ ᠭᠠᠵᠠᠷ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠵᠠᠰᠠᠵᠤ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠤᠨ᠎ᠠ᠃ ᠭᠠᠵᠠᠷ ᠰᠢᠷᠣᠢ ᠶᠢ ᠨᠠᠶᠢᠳᠠᠨ | ᠬᠠᠮᠢᠶᠠᠷᠤᠭᠤᠯᠬᠤ᠂ ᠣᠷᠣᠯᠠᠨ ᠲᠠᠷᠢᠬᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠷᠭ᠎ᠠ ᠬᠡᠮᠵᠢᠶ᠎ᠡ ᠶᠢ | ᠶᠡᠷᠦᠩᠬᠡᠶᠢᠯᠡᠨ ᠬᠡᠷᠡᠭᠯᠡᠵᠦ᠂ ᠦᠢᠯᠡᠳᠪᠦᠷᠢᠯᠡᠯ ᠢ ᠲᠦᠷᠭᠡᠨ ᠰᠡᠷᠭᠦᠭᠡᠨ᠎ᠡ᠃ | ᠵᠢᠷᠭᠤᠭ᠎ᠠ᠂ ᠡᠯ᠎ᠡ ᠲᠥᠷᠥᠯ ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠦᠨ᠎ᠡ | ︵ᠠᠷᠪᠠᠨ ᠨᠠᠢᠮᠠ︶ ᠲᠠᠷᠢᠶᠠᠨ ᠭᠠᠵᠠᠷ ᠤᠨ ᠪᠤᠰᠤ ᠡᠬᠢ ᠪᠠᠶᠠᠯᠢᠭ ᠢ ᠭᠦᠢᠴᠡᠳ ᠠᠰᠢᠭᠯᠠᠨ ᠥᠨᠳᠥᠷ ᠦᠷ᠎ᠡ ᠪᠦᠲᠦᠮᠵᠢᠲᠡᠶ ᠲᠥᠬᠦᠭᠡᠷᠦᠮᠵᠢᠲᠦ ᠲᠠᠷᠢᠶᠠᠯᠠᠩ ᠢ | ᠬᠥᠭᠵᠢᠭᠦᠯᠦᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢ ᠴᠢᠩᠭᠠᠳᠬᠠᠨ᠂ | ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ ᠤᠨ ᠥᠭᠡᠷᠡᠴᠢᠯᠡᠯᠲᠡ ᠪᠣᠯᠣᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤᠨ ᠤ ᠡᠬᠢ | ᠪᠠᠶᠠᠯᠢᠭ ᠤᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠳᠤ ᠭᠤᠪᠢ᠂ ᠴᠥᠯ ᠵᠡᠷᠭᠡ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠨ ᠦᠷᠭᠦᠯᠵᠢᠯᠡᠨ | ᠬᠥᠭᠵᠢᠭᠦᠯᠬᠦ ᠣᠳᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠠᠶᠢᠨ ᠰᠦᠪᠡᠭᠴᠢᠯᠡᠵᠦ᠂ ᠶᠡᠭᠡ ᠳᠤᠮᠳᠠ ᠬᠤᠲᠠ ᠶᠢᠨ ᠣᠳᠣᠬᠢᠴᠢᠯᠠᠭᠰᠠᠨ ᠬᠤᠲᠠ ᠶᠢᠨ | ᠲᠥᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ | ᠃ | ︵ᠠᠷᠪᠠ ᠶᠢᠰᠦ︶ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ | ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠲᠠᠷᠢᠶᠠᠨ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠠᠶᠢᠭᠠᠯᠢ ᠶᠢᠨ ᠡᠬᠢ ᠪᠠᠶᠠᠯᠢᠭ᠂ ᠬᠥᠳᠡᠭᠡ ᠠᠵᠤ ᠠᠬᠤᠢ | ᠬᠥᠳᠡᠭᠡ ᠲᠣᠰᠬᠤᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠮᠢ ᠠᠬᠤᠢ ᠣᠷᠴᠢᠨ ᠲᠣᠭᠤᠷᠢᠨ᠂ ᠤᠰᠤᠨ ᠠᠰᠢᠭᠯᠠᠯᠲᠠ᠂ ᠤᠢ ᠰᠢᠭᠤᠢ ᠪᠠ | ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠰᠠᠨᠠᠯ ᠤᠨ ᠵᠣᠷᠢᠭ ᠰᠠᠨᠠᠭ᠎ᠠ ᠶᠣᠰᠣᠭᠠᠷ᠂ ᠪᠣᠳᠠᠲᠠᠢ ᠲᠠᠢ ᠪᠠᠨ ᠤᠶᠠᠯᠳᠤᠭᠤᠯᠤᠨ ᠢᠵᠢ | ᠲᠥᠬᠦᠷ ᠪᠢᠴᠢᠭ ᠮᠠᠲ᠋ᠧᠷᠢᠶᠠᠯ ᠢ ᠲᠣᠭᠲᠠᠭᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ︵ᠬᠤᠷᠢ︶ ᠬᠠᠤᠯᠢ ᠬᠡᠷᠡᠭᠵᠢᠭᠦᠯᠬᠦ ᠶᠢ ᠴᠢᠩᠭ᠎ᠠ ᠱᠠᠯᠠᠪᠳᠠᠭᠤᠯᠤᠨ ᠪᠠᠶᠢᠴᠠᠭᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠲᠠᠭᠤ ᠠᠷᠭ᠎ᠠ ᠬᠡᠮᠵᠢᠶ᠎ᠡ ᠶᠢᠨ | ᠠᠵᠢᠯ ᠤᠨ ᠲᠣᠭᠲᠠᠴᠠ ᠶᠢ ᠰᠠᠶᠢᠲᠤᠷ ᠪᠠᠶᠢᠭᠤᠯᠤᠨ ᠪᠦᠷᠢᠨᠰᠢᠭᠦᠯᠵᠦ᠂ ︽ᠣᠬᠲᠣ ᠠᠭᠤᠴᠢᠯᠠᠬᠤ ᠦᠭᠡᠢ︾ ᠣᠪᠣᠷ ᠢᠶᠠᠷ ᠡᠯ᠎ᠡ ᠲᠥᠷᠥᠯ ᠤᠨ ᠬᠠᠤᠯᠢ ᠠᠴᠠ ᠵᠥᠷᠢᠴᠡᠨ | ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ | ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠣᠷᠣᠨ ᠨᠤᠲᠤᠭ ᠤᠨ ᠲᠠᠷᠢᠶᠠᠨ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠪᠠᠶᠢᠴᠠᠭᠠᠵᠤ᠂ ᠱᠠᠯᠠᠪᠳᠠᠭᠤᠯᠤᠨ ᠪᠠᠶᠢᠴᠠᠭᠠᠬᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ᠂ ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠬᠢᠭᠡᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠪᠠ ᠬᠢᠨᠠᠨ ᠪᠤᠳᠤᠬᠤ᠂ ᠵᠣᠬᠢᠶᠠᠨ ᠪᠠᠶᠢᠭᠤᠯᠬᠤ ᠪᠠ ᠠᠵᠢᠯᠲᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠺᠠᠳ᠋ᠷ ᠤᠨ ᠬᠢᠨᠠᠯᠲᠠ ᠶᠢ ᠴᠢᠩᠭᠠᠳᠬᠠᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ᠂ ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠬᠢᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠪᠠᠶᠢᠴᠠᠭᠠᠬᠤ ᠪᠠᠶᠢᠭᠤᠯᠭ᠎ᠠ ᠵᠡᠷᠭᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠵᠠᠰᠠᠭ | ᠵᠠᠬᠢᠷᠭᠠᠨ ᠤ ᠰᠢᠭᠦᠨ ᠲᠠᠰᠤᠯᠤᠯᠲᠠ᠂ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠬᠢᠭᠡᠳ ᠬᠠᠤᠯᠢ ᠴᠠᠭᠠᠵᠠ ᠶᠢᠨ ᠲᠠᠰᠤᠯᠤᠯᠳᠠ ᠶᠢᠨ ᠬᠠᠤᠯᠢ ᠴᠠᠭᠠᠵᠠ ᠶᠢ ᠬᠡᠷᠡᠭᠯᠡᠬᠦ ᠪᠠᠷᠢᠮᠵᠢᠶ᠎ᠠ ᠶᠢ ᠨᠢᠭᠡᠳᠦᠯᠲᠡᠢ ᠪᠤᠯᠭᠠᠵᠤ᠂ ᠨᠡᠶᠢᠲᠡ ᠶᠢᠨ | ᠠᠰᠠᠷᠠᠮᠵᠢ ᠶᠢᠨ ᠵᠠᠷᠭᠤ᠂ ᠬᠠᠤᠯᠢ ᠪᠠᠷᠢᠬᠤ ᠰᠠᠨᠠᠭᠤᠯᠭ᠎ᠠ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠠᠷᠢᠶᠠᠨ ᠭᠠᠵᠠᠷ ᠢ ᠴᠡᠭᠴᠡᠯᠡᠨ ᠰᠠᠶᠢᠵᠢᠷᠠᠭᠤᠯᠵᠤ | ᠰᠡᠷᠭᠦᠭᠡᠬᠦ ᠳᠤ ᠦᠨᠡᠨ ᠠᠴᠠ ᠵᠥᠪ ᠢ ᠡᠷᠢᠵᠦ᠂ ᠵᠢᠮ᠎ᠡ ᠶᠣᠰᠣ ᠶᠢ ᠬᠦᠨᠳᠦᠳᠬᠡᠨ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠰᠢᠯᠵᠢᠯᠲᠡ ᠶᠢᠨ ᠬᠤᠭᠤᠴᠠᠭ᠎ᠠ ᠶᠢ ᠵᠣᠬᠢᠰᠲᠠᠢ ᠦᠯᠡᠳᠡᠭᠡᠵᠦ᠂ ᠠᠯᠬᠤᠮ ᠲᠠᠷᠠᠭ᠎ᠠ ᠲᠠᠢ ᠪᠠᠷ ᠠᠬᠢᠭᠤᠯᠬᠤ ᠬᠡᠷᠡᠭᠲᠡᠢ᠃ | ︵ᠬᠤᠷᠢᠨ ᠨᠢᠭᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠤᠯᠢ ᠴᠠᠭᠠᠵᠠ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠪᠦᠭᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠨ | ᠭᠠᠵᠠᠷ ᠢ ᠴᠢᠩᠭ᠎ᠠ ᠬᠠᠮᠠᠭᠠᠯᠠᠬᠤ ᠦᠵᠡᠯ ᠤᠬᠠᠮᠰᠠᠷ ᠢ ᠪᠤᠶ ᠪᠤᠯᠭᠠᠵᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠲᠠᠷᠢᠶᠠᠨ ᠭᠠᠵᠠᠷ ᠢ ᠬᠠᠮᠠᠭᠠᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 24 ᠤ ᠴᠠᠭᠢᠯᠭᠠᠨ ᠮᠡᠳᠡᠭᠡ︶ |