ᠲᠦᠩᠯᠢᠶᠣᠣ ᠬᠤᠲᠠ ᠶᠢᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2024/10/23
         ᠲᠦᠩᠯᠢᠶᠣᠣ ᠬᠤᠲᠠ ᠶᠢᠨ ᠲᠦᠢᠮᠣ ᠪᠠᠶᠢᠳᠠᠯ    ᠲᠦᠩᠯᠢᠶᠣᠤ ᠶᠢ ᠤᠤᠯ ᠳᠤ ᠪᠠᠨ ᠵᠢᠷᠢᠮ ᠠᠶᠢᠮᠠᠭ ᠭᠡᠳᠡᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠲᠠᠰ ᠤᠨ ᠬᠤᠲᠠ ᠪᠤᠯᠤᠨ᠎ᠠ᠂ ᠥᠪᠥᠷ ᠮᠣᠩᠭᠤᠯ ᠤᠨ ᠵᠡᠭᠦᠨ ᠬᠡᠰᠡᠭ ᠲᠤ ᠪᠠᠶᠢᠷᠢᠯᠠᠵᠤ᠂ ᠨᠤᠲᠤᠭ ᠳᠡᠪᠢᠰᠭᠡᠷ ᠨᠢ ᠵᠡᠭᠦᠨᠰᠢ ᠭᠢᠷᠢᠨ ᠮᠤᠵᠢ ᠶᠢᠨ ᠰᠧ ᠫᠢᠩ ᠬᠤᠲᠠ ᠬᠦᠷᠴᠦ᠂ ᠪᠠᠷᠠᠭᠤᠨᠰᠢ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠲᠠᠢ ᠬᠢᠯᠢ ᠨᠡᠶᠢᠯᠡᠵᠦ᠂ ᠡᠮᠦᠨᠡᠰᠢ ᠯᠢᠶᠤᠤᠨᠢᠩ ᠮᠤᠵᠢ ᠶᠢᠨ ᠮᠦᠭᠳᠡᠨ ᠬᠤᠲᠠ᠂ ᠹᠦᠰᠢᠨ ᠬᠤᠲᠠ ᠪᠣᠯᠤᠨ ᠲᠢᠶᠧ ᠯᠢᠩ ᠬᠤᠲᠠ ᠲᠠᠢ ᠵᠠᠯᠭᠠᠯᠳᠤᠵᠤ᠂ ᠤᠮᠠᠷᠠᠰᠢ ᠬᠢᠩᠭᠠᠨ ᠠᠶᠢᠮᠠᠭ ᠵᠢᠴᠢ ᠭᠢᠷᠢᠨ ᠮᠤᠵᠢ ᠶᠢᠨ ᠱᠠᠭᠠᠵᠠᠭᠠᠢ ᠬᠤᠲᠠ᠂ ᠰᠦᠩᠶᠤᠸᠠᠨ ᠬᠤᠲᠠ ᠲᠠᠢ ᠬᠥᠷᠰᠢᠯᠡᠵᠦ ᠪᠤᠢ︔ ᠬᠤᠷᠴᠢᠨ ᠲᠣᠭᠤᠷᠢᠭ᠂ ᠬᠤᠤᠯᠢᠩᠭᠤᠤᠯ ᠬᠤᠲᠠ᠂ ᠺᠠᠶᠢᠯᠦ ᠰᠢᠶᠠᠨ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠵᠠᠷᠤᠳ ᠬᠤᠰᠢᠭᠤ᠂ ᠲᠦᠩᠯᠢᠶᠣᠤ ᠶᠢᠨ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠡᠷᠭᠡ 9 ᠬᠤᠰᠢᠭᠤ ᠰᠢᠶᠠᠨ ᠬᠤᠲᠠ ᠲᠤᠭᠤᠷᠢᠭ ᠢᠶᠠᠷ ᠪᠦᠷᠢᠯᠳᠦᠪᠡ᠂ ᠶᠡᠷᠦᠩᠬᠡᠶ ᠲᠠᠯᠠᠪᠠᠶ ᠨᠢ 59535 ᠲᠡᠭᠰᠢ ᠳᠥᠷᠪᠡᠯᠵᠢᠨ ᠺᠢᠯᠤᠮᠧᠲᠷ ᠪᠤᠯᠤᠨ᠎ᠠ︔ ᠳᠤᠮᠳᠠ ᠥᠷᠭᠡᠷᠢᠭ ᠲᠤ ᠪᠠᠶᠢᠷᠢᠰᠢᠵᠤ᠂ ᠳᠡᠳ᠋ ᠰᠡᠷᠢᠭᠦᠨ ᠪᠦᠰᠡ᠂ ᠭᠠᠩ ᠬᠠᠭᠤᠷᠠᠢ ᠪᠠ ᠬᠠᠭᠠᠰ ᠭᠠᠩ ᠬᠠᠭᠤᠷᠠᠢ᠂ ᠡᠬᠡ ᠬᠠᠭᠤᠷᠠᠶ ᠶᠢᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠨ᠎ᠠ ᠃    ᠲᠦᠩᠯᠢᠶᠤᠤ ᠪᠤᠯ ᠮᠤᠩᠭᠤᠯ ᠦᠨᠳᠦᠰᠦᠳᠡᠨ ᠤ ᠡᠭᠦᠰᠦᠯ ᠤᠨ ᠭᠠᠵᠠᠷ ᠤᠨ ᠨᠢᠬᠡ ᠪᠤᠯᠤᠨ᠎ᠠ᠂ ᠠᠳᠡ ᠬᠠᠨ ᠰᠢᠦ ᠶᠢᠩ᠂ ᠳᠠᠨᠠᠪᠠᠯ᠂ ᠭᠠᠳᠠ ᠮᠡᠶᠢᠷᠡᠨ ᠵᠡᠷᠭᠡ ᠠᠯᠢ ᠤᠯᠠᠨ ᠬᠤᠷᠴᠢᠨ ᠤ ᠦᠯᠢᠭᠡᠷᠲᠦ ᠠᠷᠠᠳ ᠤᠨ ᠳᠠᠭᠤᠤ ᠪᠤᠢ ᠪᠤᠯᠵᠤ ᠤᠯᠠᠮᠵᠢᠯᠠᠭᠳᠠᠨ ᠳᠠᠭᠤᠯᠠᠭᠳᠠᠭᠰᠠᠭᠠᠷ ᠢᠷᠡᠪᠡ᠃ ᠲᠦᠩᠯᠢᠶᠣᠤ ᠶᠢᠨ ᠬᠢᠯᠢ ᠳᠣᠲᠣᠷ᠎ᠠ ᠵᠢᠩ ᠲᠦᠩ᠂ ᠲᠦᠩ ᠿᠠᠩ᠂ ᠳ᠋ᠠ ᠵᠧᠩ᠂ ᠲᠦᠩ ᠾᠦᠸᠧ᠂ ᠵᠢᠢ ᠲᠦᠩ ᠵᠡᠷᠭᠡ 5 ᠲᠡᠮᠦᠷ ᠵᠠᠮ ᠰᠦᠯᠵᠢᠯᠳᠦᠵᠦ᠂ ︽ᠲᠦᠩᠯᠢᠶᠤᠤ ᠮᠠᠨᠵᠤᠤᠷ ᠧᠦ᠋ᠷᠣᠫᠠ︾ ᠶᠢᠨ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠵᠢᠰᠢᠶᠠᠨ ᠤ ᠭᠠᠯᠲᠤ ᠲᠡᠷᠭᠡ ᠨᠢᠭᠡᠨᠲᠡ ᠨᠡᠪᠲᠡᠷᠡᠵᠦ᠂ ᠦᠨᠳᠦᠷ ᠬᠤᠷᠳᠤᠴᠠᠲᠤ ᠵᠠᠰᠠᠮᠠᠯ ᠵᠠᠮ 3᠂ ᠤᠯᠤᠰ ᠤᠨ ᠵᠠᠮ 6᠂ ᠮᠤᠵᠢ ᠶᠢᠨ ᠵᠠᠮ 7 ᠨᠡᠪᠲᠡᠷᠡᠵᠦ ᠪᠠᠶᠢᠨ᠎ᠠ᠃ ᠡᠷᠭᠢᠨ ᠲᠣᠭᠤᠷᠢᠨ ᠳᠤ 800 ᠺᠢᠯᠤᠮᠧᠲᠷ ᠤᠨ ᠬᠡᠪᠴᠢᠶᠡᠨ ᠳᠤ ᠵᠠᠭᠤᠨ ᠲᠦᠮᠡ ᠠᠴᠠ ᠳᠡᠭᠡᠭᠰᠢᠬᠢ ᠬᠥᠮᠦᠨ ᠠᠮᠠ ᠲᠠᠢ ᠬᠤᠳᠠ 15 ᠪᠠᠶᠢᠵᠤ᠂ ᠵᠢᠨᠵᠸᠤ ᠭᠠᠷᠠᠮ ᠠᠴᠠ ᠵᠦᠪᠬᠡᠨ 400 ᠺᠢᠯᠤᠮᠧᠲᠷ ᠵᠠᠢ ᠲᠠᠢ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠶᠢ ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠵᠠᠩᠭᠢᠯᠠᠭ᠎ᠠ ᠶᠢᠨ ᠴᠡᠭ ᠪᠣᠯᠤᠨ᠎ᠠ᠃    2018 ᠣᠨ ᠤ 12 ᠰᠠᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠶᠠᠳᠤᠭᠠᠷ ᠪᠦᠯᠦᠭ ᠤᠨ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢᠶᠠᠷ ᠲᠣᠭᠲᠠᠭᠠᠭᠳᠠᠪᠠ᠃ 2020 ᠣᠨ ᠤ 10 ᠰᠠᠷ᠎ᠠ ᠳᠤ ᠪᠦᠬᠦ ᠤᠯᠤᠰ ᠤᠨ ᠬᠤᠤᠰ ᠬᠦᠷᠢᠶᠡᠯᠡᠯ ᠤᠨ ᠵᠢᠱᠢᠶᠡᠴᠢ ᠬᠤᠲᠠ ︵ᠰᠢᠶᠠᠨ︶ ᠪᠠᠷ ᠦᠨᠡᠯᠡᠭᠳᠡᠪᠡ᠃    ᠲᠦᠩᠯᠢᠶᠣᠣ ᠬᠤᠲᠠ ᠨᠢ ᠳᠤᠮᠳᠠ ᠥᠷᠭᠡᠷᠢᠭ ᠳᠤ ᠪᠠᠶᠢᠷᠢᠰᠢᠵᠤ᠂ ᠳᠡᠳ᠋ ᠰᠡᠷᠢᠭᠦᠨ ᠪᠦᠰᠡ᠂ ᠭᠠᠩ ᠬᠠᠭᠤᠷᠠᠢ ᠪᠠ ᠬᠠᠭᠠᠰ ᠭᠠᠩ ᠬᠠᠭᠤᠷᠠᠢ᠂ ᠡᠬᠡ ᠬᠠᠭᠤᠷᠠᠢ ᠶᠢᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ  ᠠᠮᠢᠰᠬᠤᠯ ᠳᠤ ᠬᠠᠷᠢᠶᠠᠯᠠᠭᠳᠠᠵᠤ᠂ ᠬᠠᠪᠤᠷ ᠤᠨ ᠤᠯᠠᠷᠢᠯ ᠳᠤ ᠭᠠᠩ ᠬᠠᠭᠤᠷᠠᠢ ᠰᠠᠯᠬᠢ ᠶᠡᠭᠡ ᠪᠦᠭᠡᠳ ᠣᠯᠠᠨ᠂ ᠵᠤᠨ ᠤ ᠤᠯᠠᠷᠢᠯ ᠳᠤ ᠠᠭᠠᠭᠢᠮ᠎ᠠ ᠬᠠᠯᠠᠭᠤᠨ᠂ ᠪᠣᠷᠣᠭᠠᠨ ᠬᠤᠷ᠎ᠠ ᠲᠥᠪᠯᠡᠷᠡᠵᠦ᠂ ᠨᠠᠮᠤᠷ ᠤᠨ ᠤᠯᠠᠷᠢᠯ ᠳᠤ ᠰᠡᠷᠢᠭᠦᠨ ᠲᠠᠭᠠᠯᠠᠮᠵᠢᠲᠠᠢ᠂ ᠠᠭᠠᠷ ᠤᠨ ᠳᠤᠯᠠᠭᠠᠨ ᠳᠤᠷᠤᠭᠰᠢᠯᠠᠬᠤ ᠨᠢ ᠲᠦᠷᠭᠡᠨ᠂ ᠬᠢᠷᠠᠭᠤ ᠤᠨᠠᠬᠤ ᠨᠢ ᠤᠮᠠᠷᠠᠲᠤ ᠬᠡᠰᠡᠭ ᠲᠤ ᠡᠷᠲᠡ ᠡᠮᠦᠨᠡᠲᠦ ᠬᠡᠰᠡᠭ ᠲᠤ ᠣᠷᠣᠢ ᠪᠠᠶᠢᠵᠤ᠂ ᠡᠪᠦᠯ ᠤᠨ ᠤᠯᠠᠷᠢᠯ ᠤᠷᠲᠤ ᠪᠦᠭᠡᠳ ᠴᠠᠰᠤ ᠪᠠᠭ᠎ᠠ ᠬᠠᠬᠢᠷ ᠬᠦᠢᠲᠡᠨ᠃ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ ᠳᠤᠮᠳᠠ ᠬᠡᠰᠡᠭ ᠤᠨ ᠲᠠᠯ᠎ᠠ ᠭᠠᠵᠠᠷ ᠲᠤ 5 ~ 6°C᠂ ᠡᠮᠦᠨ᠎ᠡ ᠬᠡᠰᠡᠭ ᠲᠤ 6°C ᠠᠴᠠ ᠳᠡᠭᠡᠭᠰᠢ᠂ ᠬᠤᠶᠢᠲᠤ ᠬᠡᠰᠡᠭ ᠤᠨ ᠠᠭᠤᠯᠠᠷᠬᠠᠭ ᠣᠷᠣᠨ ᠳᠤ 0 ~ 6°C ᠪᠣᠯᠤᠨ᠎ᠠ᠃ 10°C ᠠᠴᠠ ᠳᠡᠭᠡᠭᠰᠢ ᠬᠤᠷᠠᠮᠳᠤᠯ ᠳᠤᠯᠠᠭᠠᠨ ᠯᠦᠪᠧᠢ ᠠᠴᠠ ᠡᠮᠦᠨᠡᠰᠢ 3000 ~ 3200°C ᠬᠦᠷᠴᠦ᠂ ᠯᠦᠪᠸᠢ ᠠᠴᠠ ᠤᠮᠠᠷᠠᠰᠢ 2200 ~ 3000°C ᠬᠦᠷᠴᠦ᠂ ᠬᠤᠤᠯᠢᠩᠭᠤᠤᠯ ᠳᠤ 1900 ~ 2200°C ᠬᠦᠷᠦᠨ᠎ᠡ᠃ ᠬᠢᠷᠠᠭᠤ ᠦᠭᠡᠢ ᠬᠤᠭᠤᠴᠠᠭ᠎ᠠ ᠯᠦᠪᠧᠢ ᠠᠴᠠ ᠡᠮᠦᠨᠡᠰᠢ 140 ~ 160 ᠡᠳᠦᠷ᠂ ᠯᠦᠪᠧᠢ ᠠᠴᠠ ᠤᠮᠠᠷᠠᠰᠢ 140 ᠡᠳᠦᠷ ᠠᠴᠠ ᠳᠣᠭᠤᠭᠰᠢ ᠪᠠᠶᠢᠳᠠᠭ᠃ ᠪᠦᠬᠦ ᠬᠤᠳᠠ ᠶᠢᠨ ᠵᠢᠯ ᠤᠨ ᠬᠤᠷ᠎ᠠ ᠲᠤᠠᠳᠠᠰᠤᠨ ᠤ ᠬᠤᠪᠢᠷᠠᠯᠳᠠ 305 ~ 485 ᠮᠢᠯᠢᠮᠧᠲᠷ ᠤᠨ ᠬᠤᠭᠤᠷᠤᠨᠳᠤ ᠪᠠᠶᠢᠵᠤ᠂ ᠵᠢᠯ ᠤᠨ ᠬᠤᠷ᠎ᠠ ᠲᠤᠠᠳᠠᠰᠤᠨ ᠤ 70% ᠨᠢ 6 ~ 8 ᠰᠠᠷ᠎ᠠ ᠳᠤ ᠲᠦᠪᠯᠡᠷᠡᠵᠤ ᠪᠠᠶᠢᠨ᠎ᠠ᠃ ᠪᠦᠬᠦ ᠬᠤᠲᠠ ᠶᠢᠨ ᠡᠯ᠎ᠡ ᠭᠠᠵᠠᠷ ᠤᠨ ᠴᠢᠭᠢᠭᠯᠢᠭ ᠤᠨ ᠬᠡᠮᠵᠢᠶ᠎ᠡ ᠶᠡᠷᠦ ᠳᠤ ᠪᠠᠨ 0.3 ~ 0.7 ᠶᠢᠨ ᠬᠤᠭᠤᠷᠣᠨᠳᠣ ᠪᠠᠶᠢᠳᠠᠭ᠃ ᠪᠥᠬᠦ ᠬᠤᠲᠠ ᠶᠢᠨ ᠬᠡᠷᠡᠯ ᠤᠨ ᠡᠨᠧᠷᠭᠢ ᠶᠢᠨ ᠡᠬᠢ ᠪᠠᠶᠠᠯᠢᠭ ᠡᠯᠪᠡᠭ᠂ ᠬᠡᠷᠡᠯ ᠤᠨ ᠨᠡᠶᠢᠯᠡᠯᠭᠡ ᠶᠢᠨ ᠪᠦᠲᠦᠮᠵᠢᠲᠡᠶ ᠰᠠᠴᠤᠷᠠᠯᠲᠠ ᠵᠢᠯ ᠳᠤ 2506 ~ 2728 ᠰᠠᠶ᠎ᠠ J / ᠲᠡᠭᠰᠢ ᠳᠥᠷᠪᠡᠯᠵᠢᠨ ᠮᠧᠲᠷ᠂ ᠵᠢᠯ ᠤᠨ ᠨᠠᠷᠠᠨ ᠤ ᠲᠤᠰᠤᠯᠲᠠ ᠶᠢᠨ ᠴᠠᠭ 2868 ~ 3111 ᠴᠠᠭ᠂ ᠲᠠᠷᠢᠮᠠᠯ ᠤᠨ ᠤᠷᠭᠤᠯᠲᠠ ᠶᠢᠨ ᠬᠤᠭᠤᠴᠠᠭ᠎ᠠ ︵4 ~ 9 ᠰᠠᠷ᠎ᠠ︶ ᠶᠢᠨ ᠨᠡᠷᠡᠨ ᠤ ᠲᠤᠰᠤᠯᠲᠠ ᠶᠢᠨ ᠴᠠᠭ 1577 ~ 1709 ᠴᠠᠭ ᠪᠠᠶᠢᠵᠤ᠂ ᠢᠯᠴᠢ ᠶᠢᠨ ᠡᠬᠢ ᠪᠠᠶᠠᠯᠢᠭ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠦᠢᠯᠡᠰ ᠤᠨ ᠬᠥᠭᠵᠢᠯᠲᠡ ᠳᠤ ᠲᠣᠬᠢᠷᠠᠮᠵᠢᠲᠠᠶ ᠪᠠᠶᠢᠳᠠᠭ᠃ ᠵᠢᠯ ᠤᠨ ᠳᠤᠮᠳᠠᠴᠢ ᠠᠭᠤᠷᠰᠢᠯᠲᠠ ᠶᠢᠨ ᠬᠡᠮᠵᠢᠶ᠎ᠡ 1 817.4 ᠮᠢᠯᠢᠮᠧᠲᠷ ︵ᠠᠭᠤᠷᠰᠢᠯᠲᠠ ᠶᠢᠨ ᠰᠠᠪᠠ ᠨᠢ 20 ᠰᠠᠨᠲ᠋ᠢᠮᠧᠲᠷ ᠤᠨ ᠠᠮᠠᠰᠠᠷ ᠲᠠᠢ︶ ᠪᠠᠶᠢᠳᠠᠭ᠃ ᠠᠭᠤᠷ ᠠᠮᠢᠰᠬᠤᠯ ᠤᠨ ᠨᠥᠬᠦᠴᠡᠯ ᠨᠢ ᠪᠣᠷᠣᠭᠠᠨ ᠪᠠ ᠬᠠᠯᠠᠭᠤᠨ ᠠᠳᠠᠯᠢ ᠬᠤᠭᠤᠴᠠᠭ᠎ᠠ ᠲᠠᠢ ᠪᠠᠶᠢᠵᠤ᠂ ᠤᠷᠭᠤᠮᠠᠯ ᠤᠨ ᠤᠷᠭᠤᠯᠲᠠ ᠵᠢᠴᠢ ᠪᠣᠳᠠᠰ ᠤᠨ ᠬᠤᠪᠢᠷᠠᠭᠤᠯᠤᠯᠲᠠ ᠪᠠ ᠬᠤᠷᠠᠮᠳᠤᠭᠤᠯᠤᠯ ᠳᠤ ᠠᠰᠢᠭᠲᠠᠢ ᠪᠠᠶᠢᠳᠠᠭ᠃ ᠭᠠᠩ ᠬᠠᠭᠰᠠᠷᠭᠠᠨ᠂ ᠦᠶᠡᠷ ᠤᠰᠤᠲᠤᠯ ᠪᠣᠯᠤᠨ ᠶᠡᠭᠡ ᠰᠠᠯᠬᠢᠨ ᠤ ᠠᠭᠤᠷ ᠠᠮᠢᠰᠬᠤᠯ ᠨᠢ ᠲᠠᠷᠢᠶᠠᠯᠠᠩ᠂ ᠮᠠᠯ ᠠᠵᠤ ᠠᠬᠤᠶ᠂ ᠣᠢ ᠰᠢᠭᠤᠶ ᠶᠢᠨ ᠦᠢᠯᠡᠳᠪᠦᠷᠢᠯᠡᠯ ᠢ ᠨᠥᠯᠥᠭᠡᠯᠡᠬᠦ ᠭᠤᠤᠯ ᠪᠠᠶᠢᠭᠠᠯᠢ ᠶᠢᠨ ᠭᠠᠮᠰᠢᠭ ᠪᠣᠯᠤᠨ᠎ᠠ᠃     ᠲᠦᠩᠯᠢᠶᠣᠤ ᠬᠤᠲᠠ ᠶᠢᠨ ᠤᠰᠤᠨ ᠰᠢᠰᠲ᠋ᠧᠮ ᠨᠢ ᠪᠠᠷᠠᠭᠤᠨ ᠯᠢᠶᠣᠤ ᠾᠧ ᠭᠤᠤᠯ ᠤᠨ ᠤᠰᠤᠨ ᠰᠢᠰᠲ᠋ᠧᠮ᠂ ᠯᠢᠦ ᠾᠧ ᠭᠤᠤᠯ ᠤᠨ ᠤᠰᠤᠨ ᠰᠢᠰᠲ᠋ᠧᠮ᠂ ᠳ᠋ᠠ ᠯᠢᠩ ᠾᠧ ᠭᠤᠤᠯ ᠤᠨ ᠤᠰᠤᠨ ᠰᠢᠰᠲ᠋ᠧᠮ᠂ ᠨᠤᠨ ᠮᠥᠷᠡᠨ ᠤ ᠤᠰᠤᠨ ᠰᠢᠰᠲ᠋ᠧᠮ ᠵᠢᠴᠢ ᠵᠡᠭᠦᠨ ᠯᠢᠶᠣᠤ ᠾᠧ ᠭᠤᠤᠯ ᠢᠶᠠᠷ ᠪᠦᠷᠢᠯᠳᠦᠵᠦ᠂ ᠡᠭᠦᠨ ᠳᠤ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠲᠠᠯᠠᠪᠠᠶ ᠨᠢ ᠪᠥᠬᠦ ᠬᠤᠲᠠ ᠶᠢᠨ ᠶᠡᠷᠦᠩᠬᠡᠶ ᠲᠠᠯᠠᠪᠠᠶ ᠶᠢᠨ 60% ᠠᠴᠠ ᠳᠡᠭᠡᠭᠰᠢᠬᠢ ᠶᠢ ᠡᠵᠡᠯᠡᠵᠦ ᠪᠣᠶ᠃ ᠰᠠᠪᠠ ᠭᠠᠵᠠᠷ ᠤᠨ ᠲᠠᠯᠠᠪᠠᠢ ᠨᠢ 100 ᠺᠦᠸᠠᠳ᠋ ᠺᠢᠯᠤᠮᠧᠲᠷ ᠠᠴᠠ ᠳᠡᠭᠡᠭᠰᠢ ᠪᠠᠶᠢᠭ᠎ᠠ ᠭᠤᠣᠯ ᠮᠥᠷᠡᠨ 47 ᠪᠤᠢ᠂ ᠡᠭᠦᠨ ᠳᠤ᠂ ᠯᠢᠶᠣᠤ ᠾᠧ ᠭᠤᠣᠯ ᠤᠨ ᠰᠠᠪᠠ ᠭᠠᠵᠠᠷ ᠲᠤ ᠬᠠᠷᠢᠶᠠᠯᠠᠭᠳᠠᠬᠤ 38᠂ ᠰᠤᠩᠭᠠᠷᠢ ᠮᠥᠷᠡᠨ ᠤ ᠰᠠᠪᠠ ᠭᠠᠵᠠᠷ ᠲᠤ ᠬᠠᠷᠢᠶᠠᠯᠠᠭᠳᠠᠬᠤ 3᠂ ᠳ᠋ᠠ ᠯᠢᠩ ᠾᠧ ᠭᠤᠣᠯ ᠤᠨ ᠰᠠᠪᠠ ᠭᠠᠵᠠᠷ ᠲᠤ ᠬᠠᠷᠢᠶᠠᠯᠠᠭᠳᠠᠬᠤ 5᠂ ᠳᠣᠲᠣᠭᠠᠳᠤ ᠡᠬᠡ ᠬᠠᠭᠤᠷᠠᠢ ᠶᠢᠨ ᠭᠤᠤᠯ ᠳᠤ ᠬᠠᠷᠢᠶᠠᠯᠠᠭᠳᠠᠬᠤ 1 ᠪᠤᠢ᠃ ᠤᠰᠤᠨ ᠰᠢᠨᠵᠢᠯᠡᠭᠡᠨ ᠤ ᠭᠠᠵᠠᠷ ᠵᠦᠢ ᠶᠢᠨ ᠤᠨᠴᠠᠯᠢᠭ ᠠᠴᠠ ᠦᠵᠡᠪᠡᠯ᠂ ᠪᠦᠬᠦ ᠬᠤᠳᠠ ᠶᠢᠨ ᠭᠤᠤᠯ ᠮᠦᠷᠡᠨ ᠢ ᠬᠤᠶᠢᠳᠤ ᠬᠡᠰᠡᠭ ᠤᠨ ᠠᠭᠤᠯᠠᠷᠬᠠᠭ ᠤᠷᠤᠨ ᠤ ᠭᠤᠤᠯ ᠮᠦᠷᠡᠨ᠂ ᠳᠤᠮᠳᠠ ᠬᠡᠰᠡᠭ ᠤᠨ ᠳᠠᠯ᠎ᠠ ᠭᠠᠵᠠᠷ ᠤᠨ ᠭᠤᠤᠯ ᠮᠦᠷᠡᠨ ᠪᠠ ᠡᠮᠦᠨᠡᠲᠦ ᠬᠡᠰᠡᠭ ᠤᠨ ᠠᠭᠤᠯᠠᠷᠬᠠᠭ ᠳᠤᠪᠤᠷᠬᠠᠭ ᠤᠷᠤᠨ ᠤ ᠭᠤᠤᠯ ᠮᠦᠷᠡᠨ ᠭᠡᠵᠦ ᠭᠤᠷᠪᠠᠨ ᠲᠦᠷᠦᠯ ᠬᠤᠪᠢᠶᠠᠨ᠎ᠠ᠃ ᠲᠦᠩᠯᠢᠶᠣᠤ ᠬᠤᠲᠠ ᠶᠢᠨ ᠬᠢᠯᠢ ᠳᠣᠲᠣᠷ᠎ᠠ 612 ᠪᠠᠶᠢᠭᠠᠯᠢᠯᠢᠭ ᠨᠠᠭᠤᠷ ᠪᠠᠶᠢᠵᠤ᠂ ᠤᠰᠤ ᠴᠤᠭᠯᠠᠭᠤᠯᠤᠭᠰᠠᠨ ᠶᠡᠷᠦᠩᠬᠡᠶ ᠲᠠᠯᠠᠪᠠᠶ ᠨᠢ 292.9 ᠺᠦᠪ ᠮᠧᠲᠷ ᠪᠠᠶᠢᠵᠤ᠂ ᠤᠰᠤ ᠬᠠᠳᠠᠭᠠᠯᠠᠬᠤ ᠶᠡᠷᠦᠩᠬᠡᠶ ᠴᠢᠳᠠᠪᠤᠷᠢ ᠨᠢ 3.53 ᠳ᠋ᠦᠩᠰᠢᠭᠤᠷ ᠺᠦᠪ ᠮᠧᠲᠷ ᠪᠣᠯᠤᠨ᠎ᠠ᠃    ᠲᠦᠩᠯᠢᠶᠣᠤ ᠬᠤᠲᠠ ᠶᠢᠨ ᠠᠭᠤᠷᠬᠠᠶ ᠶᠢᠨ ᠲᠠᠷᠬᠠᠯᠲᠠ ᠨᠢ ᠤᠮᠠᠷᠠᠲᠤ ᠬᠡᠰᠡᠭ ᠤᠨ ᠨᠡᠭᠦᠷᠡᠰᠦ ᠪᠠ ᠬᠤᠪᠣᠷ ᠰᠢᠷᠣᠶ ︔ ᠳᠤᠮᠳᠠ ᠬᠡᠰᠡᠭ ᠤᠨ ᠴᠢᠯᠠᠭᠤᠨ ᠲᠣᠰᠣ᠂ ᠦᠷᠡᠨ᠂ ᠴᠠᠬᠢᠭᠤᠷ ᠡᠯᠡᠰᠦ᠂ ᠨᠡᠭᠦᠷᠡᠰᠦ︔ ᠡᠮᠦᠨᠡᠲᠦ ᠬᠡᠰᠡᠭ ᠤᠨ ᠴᠣᠬᠤᠢ ᠶᠢᠨ ᠴᠢᠯᠠᠭᠤᠯᠢᠭ︔ ᠲᠡᠮᠦᠷᠯᠢᠭ ᠤᠨ ᠠᠭᠤᠷᠬᠠᠶ ᠡᠮᠦᠨᠡᠲᠦ ᠤᠮᠠᠷᠠᠲᠤ ᠠᠭᠤᠯᠠᠷᠬᠠᠭ ᠣᠷᠣᠨ ᠳᠤ ᠲᠠᠷᠠᠬᠠᠶ ᠪᠤᠲᠠᠷᠬᠠᠶ ᠲᠠᠷᠬᠠᠵᠤ ᠪᠠᠶᠢᠳᠠᠭ᠃ ᠨᠡᠭᠦᠷᠡᠰᠦ᠂ ᠴᠢᠯᠠᠭᠤᠨ ᠲᠣᠰᠣ᠂ ᠴᠠᠬᠢᠭᠤᠷ ᠡᠯᠡᠰᠦ ᠵᠡᠷᠭᠡ 52 ᠵᠦᠢᠯ ᠤᠨ ᠠᠭᠤᠷᠬᠠᠶ ᠶᠢᠨ ᠪᠤᠯᠠᠭᠳᠠᠴᠠ ᠶᠢ ᠨᠢᠭᠡᠨᠲᠡ ᠬᠠᠶᠢᠨ ᠲᠣᠳᠣᠯᠠᠪᠠ᠂ ᠡᠭᠦᠨ ᠳᠤ ᠨᠡᠭᠦᠷᠡᠰᠦᠨ ᠤ ᠬᠠᠳᠠᠭᠠᠯᠠᠯᠲᠠ ᠶᠢᠨ ᠬᠡᠮᠵᠢᠶ᠎ᠡ 113 ᠳ᠋ᠦᠩᠰᠢᠭᠤᠷ ᠲᠣᠨ ᠪᠠᠶᠢᠵᠤ᠂ ᠬᠤᠤᠯᠢᠩᠭᠤᠤᠯ ᠤᠨ ᠨᠡᠭᠦᠷᠡᠰᠦᠨ ᠠᠭᠤᠷᠬᠠᠶ ᠪᠣᠯ ᠳᠤᠮᠳᠠᠳᠤ ᠤᠯᠤᠰ ᠤᠨ ᠲᠠᠪᠤᠨ ᠶᠡᠭᠡ ᠵᠠᠳᠠᠭᠠᠶ ᠨᠡᠭᠦᠷᠡᠰᠦᠨ ᠠᠭᠤᠷᠬᠠᠶ ᠪᠠ ᠤᠯᠤᠰ ᠤᠨ ᠭᠤᠤᠯᠳᠠᠯᠭ᠎ᠠ ᠲᠠᠢ ᠲᠥᠯᠥᠪᠵᠢᠭᠦᠯᠦᠨ ᠪᠦᠲᠦᠭᠡᠨ ᠪᠠᠶᠢᠭᠤᠯᠤᠭᠰᠠᠨ 13 ᠳ᠋ᠦᠩᠰᠢᠭᠤᠷ ᠲᠣᠨ ᠤ ᠲᠠᠰ ᠤᠨ ᠲᠣᠮᠣ ᠬᠡᠯᠪᠡᠷᠢ ᠶᠢᠨ ᠨᠡᠭᠦᠷᠡᠰᠦᠨ ᠤ ᠰᠠᠭᠤᠷᠢᠨ ᠭᠠᠵᠠᠷ ᠤᠨ ᠨᠢᠭᠡ ᠪᠣᠯᠤᠨ᠎ᠠ᠃ ᠴᠢᠯᠠᠭᠤᠨ ᠲᠤᠰᠦᠨ ᠤ ᠠᠯᠤᠰ ᠤᠨ ᠬᠠᠳᠠᠭᠠᠯᠠᠭᠳᠠᠴᠠ 8 ᠳ᠋ᠦᠩᠰᠢᠭᠤᠷ ᠲᠤᠨ ᠪᠠᠶᠢᠵᠦ᠂ ᠪᠠᠶᠢᠭᠠᠯᠢ ᠶᠢᠨ ᠴᠠᠬᠢᠭᠤᠷ ᠡᠯᠡᠰᠦᠨ ᠤ ᠬᠠᠳᠠᠭᠠᠯᠠᠭᠳᠠᠴᠠ 1.34 ᠳ᠋ᠦᠩᠰᠢᠭᠤᠷ ᠲᠤᠨ ᠬᠦᠷᠴᠦ᠂ ᠬᠠᠳᠠᠭᠠᠯᠠᠭᠳᠠᠴᠠ ᠨᠢ ᠪᠦᠬᠦ ᠤᠯᠤᠰ ᠤᠨ ᠲᠡᠷᠢᠭᠦᠨ ᠪᠠᠶᠢᠷᠢᠨ ᠳᠤ ᠪᠤᠢ᠃ 801 ᠬᠤᠪᠣᠷ ᠰᠢᠷᠣᠶ ᠶᠢᠨ ᠠᠭᠤᠷᠬᠠᠶ ᠨᠢ ᠳᠡᠯᠡᠬᠡᠶ ᠶᠢᠨ ᠣᠨᠴᠠ ᠲᠣᠮᠣ ᠬᠡᠯᠪᠡᠷᠢ ᠶᠢᠨ ᠬᠦᠳᠡᠷ ᠤᠨ ᠬᠡᠪᠲᠡᠰᠢ ᠪᠣᠯᠤᠨ᠎ᠠ᠃    ᠲᠦᠩᠯᠢᠶᠣᠤ ᠪᠦᠸᠧᠬᠠᠶ ᠲᠠᠩᠭᠢᠰ ᠢ ᠲᠣᠭᠤᠷᠢᠭᠰᠠᠨ ᠠᠵᠤ ᠠᠬᠤᠶ ᠶᠢᠨ ᠤᠷᠤᠨ᠂ ᠵᠡᠭᠦᠨ ᠬᠤᠶᠢᠲᠤ ᠶᠢᠨ ᠠᠵᠤ ᠠᠬᠤᠶ ᠶᠢᠨ ᠣᠷᠣᠨ ᠪᠣᠯᠤᠨ ᠵᠡᠭᠦᠨ ᠬᠤᠶᠢᠲᠤ ᠠᠽᠢᠶ᠎ᠠ ᠶᠢᠨ ᠭᠤᠷᠪᠠᠯᠵᠢᠨ ᠬᠤᠶᠢᠭ ᠤᠨ ᠠᠵᠤ ᠠᠬᠤᠶ ᠶᠢᠨ ᠣᠷᠣᠨ ᠳᠤ ᠪᠠᠶᠢᠷᠢᠯᠠᠵᠤ᠂ ᠵᠡᠭᠦᠨ ᠬᠤᠶᠢᠲᠤ ᠣᠷᠣᠨ ᠬᠢᠭᠡᠳ ᠤᠮᠠᠷᠠᠲᠤ ᠣᠷᠣᠨ ᠤ ᠠᠭᠤᠯᠵᠠᠷ ᠤᠨ ᠲᠥᠪ ᠪᠠᠶᠢᠵᠤ᠂ ᠵᠡᠭᠦᠨ ᠬᠤᠶᠢᠲᠤ ᠶᠢᠨ ᠠᠵᠤ ᠠᠬᠤᠶ ᠶᠢᠨ ᠣᠷᠣᠨ ᠳᠠᠬᠢ ᠬᠠᠷᠪᠢᠨ᠂ ᠴᠠᠩᠴᠦ᠋ᠨ᠂ ᠮᠦᠭᠳᠡᠨ ᠲᠠᠢ ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠪᠦᠰᠡ ᠶᠢᠨ ᠴᠢᠨᠠᠷᠲᠠᠶ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠤᠳᠠ ᠪᠣᠯᠭᠠᠨ ᠲᠥᠯᠥᠪᠵᠢᠭᠦᠯᠪᠡ᠃ ᠲᠦᠩᠯᠢᠶᠣᠤ ᠶᠢᠨ ᠨᠢᠰᠬᠡᠯ ᠤᠨ ᠲᠠᠯᠠᠪᠤᠷ ᠲᠤ ᠪᠦᠸᠧ ᠶᠢᠨ 737 ᠵᠡᠷᠭᠡ ᠲᠣᠮᠣ ᠳᠤᠮᠳᠠ ᠬᠡᠯᠪᠡᠷᠢ ᠶᠢᠨ ᠠᠶᠠᠨᠴᠢᠳ ᠤᠨ ᠨᠢᠰᠬᠡᠯ ᠨᠢᠰᠴᠦ ᠪᠠᠭᠤᠵᠤ ᠪᠤᠯᠤᠨ᠎ᠠ᠂ ᠨᠢᠭᠡᠨᠲᠡ 14 ᠠᠶᠠᠯᠠᠯ ᠤᠨ ᠱᠤᠭᠤᠮ ᠢ 13 ᠬᠤᠲᠠ ᠳᠤ ᠨᠡᠪᠲᠡᠷᠡᠭᠦᠯᠪᠡ᠃ ᠲᠦᠩᠯᠢᠶᠣᠤ ᠶᠢᠨ ᠭᠠᠯᠲᠤ ᠲᠡᠷᠭᠡᠨ ᠤ ᠥᠷᠲᠡᠭᠡ ᠪᠣᠯ ᠪᠥᠬᠦ ᠤᠯᠤᠰ ᠤᠨ ᠲᠡᠮᠦᠷ ᠵᠠᠮ ᠤᠨ 36 ᠬᠦᠢᠰᠦ ᠥᠷᠲᠡᠭᠡ ᠶᠢᠨ ᠨᠢᠭᠡ ᠪᠣᠯᠤᠨ᠎ᠠ᠃    2023 ᠣᠨ ᠤ ᠰᠡᠭᠦᠯᠴᠢ ᠳᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ 280.66 ᠲᠦᠮᠡ ᠪᠠᠶᠢᠵᠤ᠂ 2022 ᠣᠨ ᠤ ᠰᠡᠭᠦᠯᠴᠢ ᠶᠢᠨ ᠬᠢ ᠠᠴᠠ 2.80 ᠲᠦᠮᠡ ᠪᠠᠭᠠᠰᠴᠤ᠂ 0.99% ᠬᠠᠰᠤᠭᠳᠠᠪᠠ᠃ 2023 ᠣᠨ ᠤ ᠰᠡᠭᠦᠯᠴᠢ ᠳᠤ ᠪᠦᠬᠦ ᠬᠤᠳᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠨ ᠠᠮᠠ 145.63 ᠲᠦᠮᠡ ᠪᠠᠶᠢᠵᠤ᠂ 2022 ᠣᠨ ᠤ ᠰᠡᠭᠦᠯᠴᠢ ᠶᠢᠨ ᠬᠢ ᠠᠴᠠ ᠲᠦᠮᠡ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ 135.03 ᠲᠦᠮᠡ ᠪᠠᠶᠢᠵᠤ᠂ 2022 ᠣᠨ ᠤ ᠰᠡᠭᠦᠯᠴᠢ ᠶᠢᠨ ᠬᠢ ᠠᠴᠠ 3.80 ᠲᠦᠮᠡ ᠬᠠᠰᠤᠭᠳᠠᠪᠠ᠃ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 51.89% ᠪᠠᠶᠢᠵᠤ᠂ 2022 ᠣᠨ ᠤ ᠬᠢ ᠠᠴᠠ 0.87 ᠬᠤᠪᠢ ᠳᠡᠭᠡᠭᠰᠢᠯᠡᠪᠡ᠃ 2023 ᠣᠨ ᠤ ᠰᠡᠭᠦᠯᠴᠢ ᠳᠤ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠡᠷᠡᠭᠲᠡᠶ 142.21 ᠲᠦᠮᠡ ᠪᠠᠶᠢᠵᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ 50.67% ᠶᠢ ᠡᠵᠡᠯᠡᠨ᠎ᠡ︔ ᠡᠮᠡᠭᠲᠡᠶ 138.45 ᠲᠦᠮᠡ ᠪᠠᠶᠢᠵᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ 49.33% ᠶᠢ ᠡᠵᠡᠯᠡᠨ᠎ᠡ᠃ ᠬᠦᠢᠰᠦ ᠶᠢᠨ ᠬᠠᠷᠢᠴᠠᠯ 102.71᠂ 2022 ᠣᠨ ᠤ ᠬᠢ ᠠᠴᠠ 0.87 ᠨᠡᠮᠡᠭᠳᠡᠪᠡ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ