ᠣᠶᠢᠷ᠎ᠠ ᠳᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ | ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠳᠥᠭᠦᠮᠴᠢᠯᠡᠨ᠎ᠡ︶ ᠶᠢ ᠳᠠᠷᠤᠮᠠᠯᠯᠠᠨ | ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ | ᠭᠡᠵᠦ ᠱᠠᠭᠠᠷᠳᠠᠪᠠ᠃ | ︽ᠠᠷᠭ᠎ᠠ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠳᠦᠷᠢᠮ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ | ᠠᠵᠢᠯ ᠤᠨ ᠳᠦᠷᠢᠮ︾ ᠢᠶᠠᠷ ᠦᠨᠳᠦᠰᠦᠯᠡᠯ ᠪᠤᠯᠭᠠᠵᠤ᠂ ᠨᠠᠮ ᠤᠨ ᠭᠡᠰᠢᠭᠦᠨ ᠤ ᠪᠠᠷᠢᠮᠵᠢᠶ᠎ᠠ ᠶᠢ ᠪᠠᠷᠢᠮᠲᠠᠯᠠᠵᠤ᠂ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ | ᠪᠤᠰᠤᠳᠴᠢ ᠲᠥᠪ ᠭᠤᠤᠯᠴᠢ᠂ ᠪᠣᠯᠭᠤᠮᠵᠢᠲᠠᠢ ᠯᠠᠪᠳᠠᠭᠤᠨ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠬᠤ ᠶᠢ ᠪᠠᠷᠢᠮᠲᠠᠯᠠᠵᠤ᠂ ᠬᠢᠷᠢ ᠲᠡᠩᠴᠡᠬᠦ ᠦᠭᠡᠢ | ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠲᠤᠬᠠᠢ ᠲᠤᠰᠬᠠᠶᠢᠯᠠᠨ ᠲᠣᠭᠲᠠᠭᠠᠭᠰᠠᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ | ᠪᠣᠯᠣᠨ᠎ᠠ᠃ ︽ᠠᠷᠭ᠎ᠠ︾ ᠶᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ | ᠲᠤᠭᠤᠰᠢᠯᠠᠭᠤᠯᠵᠤ᠂ ᠢᠲᠡᠭᠡᠯ ᠪᠢᠰᠢᠷᠡᠯ ᠨᠢ ᠪᠠᠲᠤ ᠴᠢᠩᠭ᠎ᠠ᠂ ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠲᠠᠢ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ | ᠨᠢ ᠰᠢᠯᠢᠳᠡᠭ ᠰᠠᠶᠢᠨ᠂ ᠰᠠᠬᠢᠯᠭ᠎ᠠ ᠪᠠᠲᠤ ᠪᠠᠷ ᠴᠢᠩᠭ᠎ᠠ᠂ ᠦᠢᠯᠡᠳᠦᠯ ᠨᠢ ᠲᠣᠪᠣᠶᠢᠮ᠎ᠠ ᠨᠠᠮ ᠤᠨ ᠭᠡᠰᠢᠭᠦᠨ ᠤ ᠡᠩᠨᠡᠭᠡ ᠶᠢ ᠪᠠᠶᠢᠭᠤᠯᠵᠤ᠂ ᠨᠠᠮ ᠤᠨ ᠠᠮᠢᠵᠢᠷᠠᠯ ᠤᠨ | ᠬᠦᠴᠦᠨ ᠪᠠ ᠴᠤᠭ ᠵᠢᠪᠬᠤᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ︽ᠠᠷᠭ᠎ᠠ︾ ᠨᠢ ᠨᠡᠶᠢᠲᠡ 27 ᠵᠦᠢᠯ ᠪᠠᠶᠢᠵᠤ᠂ ᠭᠤᠣᠯᠳᠠᠭᠤ 4 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ ᠨᠢᠭᠡ ᠳᠤ᠂ ᠵᠣᠬᠢᠶᠠᠨ ᠪᠠᠶᠢᠭᠤᠯᠤᠯᠲᠠ ᠠᠴᠠ | ᠰᠢᠢᠳᠪᠦᠷᠢᠯᠡᠬᠦ ᠶᠡᠷᠦᠩᠬᠡᠢ ᠱᠠᠭᠠᠷᠳᠠᠯᠭ᠎ᠠ᠂ ᠤᠬᠠᠭᠳᠠᠬᠤᠨ ᠪᠠ ᠠᠷᠭ᠎ᠠ ᠮᠠᠶ᠋ᠢᠭ᠂ ᠵᠠᠷᠴᠢᠮ ᠵᠡᠷᠭᠡ ᠳᠤ ᠲᠣᠭᠲᠠᠭᠠᠯ ᠭᠠᠷᠭᠠᠪᠠ︔ ᠬᠤᠶᠠᠷ ᠲᠤ᠂ ᠬᠤᠭᠤᠴᠠᠭ᠎ᠠ ᠲᠣᠭᠲᠠᠭᠠᠨ | ᠵᠠᠯᠠᠷᠠᠭᠤᠯᠤᠭᠤᠯᠬᠤ᠂ ᠢᠳᠬᠠᠵᠤ ᠨᠠᠮ ᠠᠴᠠ ᠭᠠᠷᠭᠠᠬᠤ ᠪᠠ ᠨᠡᠷ᠎ᠡ ᠶᠢ ᠨᠢ ᠬᠠᠰᠤᠬᠤ ᠳᠤ ᠲᠣᠬᠢᠷᠠᠬᠤ ᠪᠠᠶᠢᠳᠠᠯ ᠢ ᠲᠣᠭᠲᠠᠭᠠᠵᠤ᠂ ᠰᠢᠢᠳᠪᠦᠷᠢᠯᠡᠬᠦ ᠳᠡᠰ ᠳᠠᠷᠠᠭᠠᠯᠠᠯ | ᠵᠢᠴᠢ ᠰᠡᠭᠦᠯᠴᠢ ᠶᠢᠨ ᠵᠦᠢᠯᠡᠰ ᠢ ᠨᠠᠷᠢᠯᠢᠬᠵᠢᠭᠤᠯᠪᠠ︔ ᠭᠤᠷᠪᠠ ᠳᠤ᠂ ᠰᠢᠢᠳᠪᠦᠷᠢᠯᠡᠬᠦ ᠦᠭᠡᠢ ᠪᠠᠶᠢᠵᠤ ᠪᠤᠯᠬᠤ ᠪᠠᠶᠢᠳᠠᠯ᠂ ᠨᠡᠶᠢᠯᠡᠭᠦᠯᠦᠨ ᠰᠢᠢᠳᠪᠦᠷᠢᠯᠡᠬᠦ ᠵᠡᠷᠭᠡ | ᠡᠵᠡᠮᠳᠡᠬᠦ ᠶᠣᠰᠣᠲᠠᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠲᠣᠭᠲᠠᠭᠠᠯ ᠭᠠᠷᠭᠠᠪᠠ︔ ᠳᠥᠷᠪᠡ ᠳᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ | ᠠᠵᠢᠯ ᠤᠨ ᠬᠠᠷᠢᠭᠤᠴᠠᠯᠭ᠎ᠠ᠂ ᠠᠵᠢᠯ ᠤᠨ ᠰᠠᠬᠢᠯᠭ᠎ᠠ ᠪᠠᠲᠤ ᠵᠡᠷᠭᠡ ᠶᠢ ᠲᠣᠭᠲᠠᠭᠠᠪᠠ᠃ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠤᠯᠲᠠ ᠠᠴᠠ ᠰᠢᠢᠳᠪᠦᠷᠢᠯᠡᠬᠦ ᠶᠢ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢᠨ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠣᠯᠭᠠᠨ | ᠠᠳᠬᠤᠵᠤ᠂ ︽ᠠᠷᠭ᠎ᠠ︾ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ ᠲᠤᠰᠬᠠᠢ ᠰᠡᠳᠦᠪ | ᠢᠶᠠᠷ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ | ᠥᠷᠭᠡᠨ ᠣᠯᠠᠨ ᠨᠠᠮ ᠤᠨ ᠭᠡᠰᠢᠭᠦᠳ ᠲᠤ ︽ᠠᠷᠭ᠎ᠠ︾ ᠶᠢᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠭᠤᠯᠵᠤ᠂ ︽ᠠᠷᠭ᠎ᠠ︾ ᠶᠢᠨ ᠠᠭᠤᠯᠭ᠎ᠠ ᠶᠢ ᠪᠦᠭᠦ ᠲᠠᠯ᠎ᠠ ᠪᠠᠷ | ᠡᠵᠡᠮᠰᠢᠭᠦᠯᠵᠦ᠂ ︽ᠠᠷᠭ᠎ᠠ︾ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠴᠢᠩᠭ᠎ᠠ ᠪᠠᠷᠢᠮᠵᠢᠶ᠎ᠠ ᠪᠠ ᠪᠣᠳᠠᠲᠠᠢ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠰᠤᠷᠭᠠᠨ | ᠬᠥᠮᠥᠵᠢᠭᠦᠯᠬᠦ᠂ ᠣᠨᠳᠣᠣᠰᠢᠭᠤᠯᠤᠨ ᠳᠡᠭᠡᠭᠰᠢᠯᠡᠭᠦᠯᠭᠦ ᠳᠤ ᠰᠠᠭᠤᠷᠢᠯᠠᠨ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ | ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ ᠲᠥᠪ ᠴᠢᠩᠭ᠎ᠠ ᠥᠷᠨᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠡᠵᠡᠮᠳᠡᠨ᠂ ᠲᠠᠰ ᠳᠠᠷᠠᠭᠠᠯᠠᠯ ᠢ | ᠴᠢᠩᠭ᠎ᠠ ᠭᠦᠢᠴᠡᠳᠬᠡᠵᠦ᠂ ᠠᠰᠠᠭᠤᠳᠠᠯ ᠢ ᠪᠦᠭᠦ ᠲᠠᠯ᠎ᠠ ᠪᠠᠷ ᠣᠨᠣᠪᠴᠢᠲᠠᠶ ᠪᠠᠶᠢᠴᠠᠭᠠᠨ ᠬᠠᠷᠭᠤᠭᠤᠯᠵᠤ᠂ ᠪᠤᠰᠤᠳᠴᠢ ᠲᠥᠪ ᠭᠤᠤᠯᠴᠢ ᠪᠠᠷ ᠰᠢᠢᠳᠪᠦᠷᠢᠯᠡᠬᠦ ᠲᠣᠭᠲᠠᠭᠠᠯ | ᠭᠠᠷᠭᠠᠬᠤ ᠬᠡᠷᠡᠭᠲᠡᠢ᠃ ᠳᠦᠷᠢᠮ ᠢ ᠰᠠᠶᠢᠲᠤᠷ ᠵᠣᠯᠭᠠᠭᠤᠯᠵᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠪᠣᠯᠣᠨ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ | ᠥᠭᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ︽ᠠᠷᠭ᠎ᠠ︾ ᠶᠢᠨ ᠡᠯ᠎ᠡ ᠵᠦᠢᠯ ᠤᠨ | ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 29 ᠤ ᠴᠠᠭᠢᠯᠭᠠᠨ ᠮᠡᠳᠡᠭᠡ︶ | |