︵2024 ᠣᠨ ᠤ 7 ᠰᠠᠷ᠎ᠠ ᠶᠢᠨ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠠᠴᠠ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ | ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠪᠠ ᠵᠢᠷᠤᠮᠵᠢᠭᠤᠯᠵᠤ᠂ ᠨᠡᠶᠢᠭᠡᠮ ᠤᠨ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠶᠢ ᠪᠠᠳᠠᠷᠠᠭᠤᠯᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠥᠷᠨᠢᠭᠦᠯᠵᠦ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ᠂ ᠢᠲᠡᠭᠡᠮᠵᠢ ᠶᠢᠨ ᠦᠢᠯᠡᠴᠢᠯᠡᠭᠡᠨ ᠤ ᠠᠵᠢᠯ | ᠲᠥᠷᠥᠯ ᠢ ᠵᠢᠷᠤᠮᠵᠢᠭᠤᠯᠬᠤ ᠪᠠ ᠬᠥᠭᠵᠢᠭᠦᠯᠬᠦ ᠵᠡᠷᠭᠡ ᠠᠵᠢᠯᠯᠠᠭ᠎ᠠ ᠳᠤ ᠲᠣᠰ ᠳᠦᠷᠢᠮ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠢᠲᠡᠭᠡᠮᠵᠢ ᠭᠡᠳᠡᠭ ᠨᠢ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ | ᠴᠢᠳᠠᠪᠤᠷᠢ ᠲᠠᠢ ᠪᠠᠶᠢᠭᠠᠯᠢ ᠬᠥᠮᠥᠨ᠂ ᠬᠠᠤᠯᠢ ᠶᠢᠨ ᠬᠥᠮᠥᠨ ᠪᠠ ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠢᠲᠡᠭᠡᠮᠵᠢ ᠶᠢᠨ ᠭᠤᠣᠯ ᠴᠣᠭᠴᠠ ᠶᠢᠨ | ᠬᠠᠤᠯᠢ ᠳᠤ ᠲᠣᠭᠲᠠᠭᠠᠭᠰᠠᠨ ᠡᠭᠦᠷᠭᠡ ᠶᠢ ᠵᠢᠷᠤᠮᠯᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ ᠪᠣᠯᠵᠣᠨ ᠲᠣᠭᠲᠠᠭᠰᠠᠨ | ᠡᠭᠦᠷᠭᠡ ᠪᠠᠨ ᠭᠦᠢᠴᠡᠳᠬᠡᠬᠦ ᠪᠠᠶᠢᠳᠠᠯ ᠢ ᠵᠢᠭᠠᠵᠤ ᠪᠤᠢ᠃ | ᠲᠣᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠨᠢ ᠢᠲᠡᠭᠡᠮᠵᠢ ᠶᠢᠨ ᠭᠤᠣᠯ ᠴᠣᠭᠴᠠ ᠶᠢᠨ ᠨᠡᠶᠢᠭᠡᠮ ᠤᠨ | ᠢᠲᠡᠭᠡᠮᠵᠢ ᠶᠢᠨ ᠪᠠᠶᠢᠳᠠᠯ ᠢ ᠢᠯᠭᠠᠨ ᠲᠠᠨᠢᠬᠤ᠂ ᠵᠠᠳᠠᠯᠬᠤ᠂ ᠮᠠᠭᠠᠳᠯᠠᠬᠤ ᠳᠤ ᠬᠡᠷᠡᠭᠯᠡᠵᠦ ᠪᠤᠯᠬᠤ ᠪᠤᠰᠤᠳᠴᠢ ᠲᠤᠭ᠎ᠠ ᠪᠠᠷᠢᠮᠲᠠ ᠪᠠ ᠮᠠᠲ᠋ᠧᠷᠢᠶᠠᠯ ᠢ ᠵᠢᠭᠠᠵᠤ ᠪᠤᠶ᠂ | ᠡᠭᠦᠨ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠪᠠᠭᠲᠠᠨ᠎ᠠ᠃ | ᠲᠣᠰ ᠳᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠨᠢ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ | ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠲᠠᠢ ᠵᠣᠬᠢᠶᠠᠨ ᠪᠠᠶᠢᠭᠤᠯᠤᠯᠲᠠ ᠶᠢᠨ ᠬᠠᠤᠯᠢ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠠᠪᠤᠴᠠ ᠳᠤ ᠪᠤᠶ ᠪᠣᠯᠤᠭᠰᠠᠨ ᠪᠤᠶᠤ ᠣᠯᠣᠭᠰᠠᠨ | ᠢᠲᠡᠭᠡᠮᠵᠢ ᠶᠢᠨ ᠭᠤᠣᠯ ᠴᠣᠭᠴᠠ ᠶᠢᠨ ᠨᠡᠶᠢᠭᠡᠮ ᠤᠨ ᠢᠲᠡᠭᠡᠮᠵᠢ ᠶᠢᠨ ᠪᠠᠶᠢᠳᠠᠯ ᠢ ᠢᠯᠭᠠᠨ ᠲᠠᠨᠢᠬᠤ᠂ ᠵᠠᠳᠠᠯᠬᠤ᠂ ᠮᠠᠭᠠᠳᠯᠠᠵᠤ ᠪᠤᠯᠬᠤ ᠪᠤᠰᠤᠳᠴᠢ ᠲᠤᠭ᠎ᠠ ᠪᠠᠷᠢᠮᠲᠠ | ᠪᠠ ᠮᠠᠲ᠋ᠧᠷᠢᠶᠠᠯ ᠢ ᠵᠢᠭᠠᠵᠤ ᠪᠤᠶ᠃ | ᠲᠣᠰ ᠳᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠭᠡᠳᠡᠭ ᠨᠢ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠵᠢᠴᠢ ᠪᠤᠰᠤᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠵᠣᠬᠢᠶᠠᠨ | ᠪᠠᠶᠢᠭᠤᠯᠤᠯᠲᠠ᠂ ᠪᠠᠶᠢᠭᠠᠯᠢ ᠬᠥᠮᠥᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠪᠤᠶ ᠪᠣᠯᠤᠭᠰᠠᠨ ᠪᠤᠶᠤ ᠣᠯᠣᠭᠰᠠᠨ ᠢᠲᠡᠭᠡᠮᠵᠢ ᠶᠢᠨ ᠮᠡᠳᠡᠭᠡ | ᠵᠠᠩᠭᠢ ᠵᠢᠴᠢ ᠢᠯᠡᠷᠬᠡᠶᠢᠯᠡᠬᠦ᠂ ᠥᠪᠡᠰᠦᠪᠡᠨ ᠮᠡᠳᠡᠭᠦᠯᠬᠦ᠂ ᠠᠮᠠᠯᠠᠬᠤ ᠵᠡᠷᠭᠡ ᠭᠡᠯᠪᠡᠷᠢ ᠪᠠᠷ ᠬᠠᠩᠭᠠᠭᠰᠠᠨ ᠲᠣᠰ ᠪᠡᠶ᠎ᠡ ᠶᠢᠨ ᠮᠡᠳᠡᠭᠡ ᠵᠠᠩᠭᠢ ᠶᠢ ᠵᠢᠭᠠᠵᠤ ᠪᠤᠶ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠨᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ | ᠭᠤᠣᠯ ᠰᠢᠵᠢᠮ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠶᠣᠰᠣᠭᠠᠷ ᠬᠡᠷᠡᠭᠵᠢᠭᠦᠯᠬᠦ᠂ ᠵᠠᠰᠠᠭ ᠤᠨ ᠣᠷᠳᠣᠨ ᠠᠴᠠ ᠠᠬᠢᠭᠤᠯᠬᠤ᠂ ᠨᠡᠶᠢᠭᠡᠮ ᠠᠴᠠ ᠬᠠᠮᠲᠤᠪᠠᠷ ᠪᠠᠶᠢᠭᠤᠯᠬᠤ᠂ | ᠡᠷᠬᠡ ᠠᠰᠢᠭ ᠢ ᠬᠠᠮᠠᠭᠠᠯᠠᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠱᠠᠩᠨᠠᠵᠤ ᠲᠣᠷᠭᠠᠬᠤ ᠶᠢ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ | ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠲᠡᠭᠦᠨ ᠢ ᠤᠯᠤᠰ ᠠᠷᠠᠳ ᠤᠨ ᠠᠵᠤ | ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠬᠤ | ᠲᠣᠭᠲᠠᠯᠴᠠᠭ᠎ᠠ ᠳᠤ ᠣᠷᠣᠭᠤᠯᠵᠤ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠬᠦᠴᠦᠨ ᠢ ᠪᠠᠲᠤᠯᠠᠵᠤ᠂ ᠬᠡᠷᠡᠭᠰᠡᠬᠦ ᠵᠠᠷᠤᠳᠠᠯ ᠢ ᠲᠤᠰ | ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠣᠷᠣᠨ ᠪᠦᠰᠡ ᠠᠯᠤᠰᠯᠠᠭᠰᠠᠨ ᠢᠲᠡᠭᠡᠮᠵᠢ ᠶᠢᠨ ᠬᠠᠮᠲᠤᠷᠠᠯᠴᠠᠭ᠎ᠠ ᠶᠢᠨ | ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠰᠠᠯᠠᠭ᠎ᠠ ᠮᠥᠴᠢᠷ ᠨᠡᠶᠢᠭᠡᠮ ᠤᠨ ᠢᠲᠡᠭᠡᠮᠵᠢ ᠶᠢᠨ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠨᠡᠶᠢᠭᠡᠮ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠬᠠᠷᠢᠶ᠎ᠠ ᠪᠦᠬᠦᠢ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠬᠤ᠂ ᠬᠠᠮᠲᠤᠪᠠᠷ ᠬᠤᠪᠢᠶᠠᠯᠴᠠᠬᠤ᠂ ᠬᠡᠷᠡᠭᠯᠡᠬᠦ᠂ ᠦᠢᠯᠡᠴᠢᠯᠡᠬᠦ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠬᠠᠮᠢᠶᠠᠷᠤᠯᠲᠠ ᠶᠢᠨ ᠠᠵᠢᠯ ᠢ | ᠪᠣᠳᠠᠲᠠᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠶᠠᠪᠤᠳᠠᠯ᠂ | ᠬᠠᠤᠯᠢ ᠴᠠᠭᠠᠵᠠ ᠵᠠᠰᠠᠭ ᠵᠠᠬᠢᠷᠭᠠᠨ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶ᠎ᠠ ᠵᠡᠷᠭᠡ ᠨᠢ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠠᠵᠢᠯ ᠲᠥᠷᠥᠯ᠂ ᠲᠣᠰ ᠬᠦᠷᠢᠶ᠎ᠡ ᠴᠠᠷᠠᠭᠠᠨ ᠳᠠᠬᠢ | ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠳᠣᠯᠣᠳᠤᠭᠠᠷ ᠵᠦᠢᠯ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠬᠠᠮᠢᠶ᠎ᠠ ᠪᠦᠬᠦᠢ ᠬᠢᠴᠢᠶᠡᠯ ᠳᠤ ᠪᠠᠨ ᠲᠦᠰᠢᠭᠯᠡᠨ ᠢᠲᠡᠭᠡᠮᠵᠢ ᠶᠢᠨ | ᠬᠥᠮᠦᠵᠢᠯ ᠢ ᠥᠷᠨᠢᠭᠦᠯᠬᠦ ᠬᠡᠷᠡᠭᠲᠡᠢ᠃ ᠳᠡᠭᠡᠳᠦ ᠰᠤᠷᠭᠠᠭᠤᠯᠢ ᠨᠤᠭᠤᠳ ᠨᠡᠶᠢᠭᠡᠮ ᠤᠨ ᠢᠲᠡᠭᠡᠮᠵᠢ ᠶᠢᠨ ᠬᠠᠮᠢᠶ᠎ᠠ ᠪᠦᠬᠦᠢ ᠬᠢᠴᠢᠶᠡᠯ ᠨᠡᠭᠡᠭᠡᠵᠦ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠨ᠂ ᠢᠲᠡᠭᠡᠮᠵᠢ ᠶᠢᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠬᠦ ᠶᠢ ᠵᠣᠷᠢᠭᠵᠢᠭᠤᠯᠤᠨ᠎ᠠ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢ ᠨᠤᠭᠤᠳ ᠦᠨᠡᠨᠴᠢ ᠢᠲᠡᠭᠡᠮᠵᠢ ᠶᠢᠨ ᠲᠤᠬᠠᠢ | ᠤᠬᠠᠭᠤᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠲᠤᠬᠠᠢ ᠮᠡᠳᠡᠯᠭᠡ ᠶᠢ ᠲᠦᠭᠡᠮᠡᠯᠵᠢᠭᠦᠯᠦᠨ᠂ ᠦᠨᠡᠨᠴᠢ ᠢᠲᠡᠭᠡᠮᠵᠢᠲᠡᠢ ᠲᠡᠷᠢᠭᠦᠨ ᠤ ᠨᠡᠶᠢᠲᠡᠯᠢᠭ | ᠵᠢᠱᠢᠶ᠎ᠡ ᠶᠢ ᠮᠠᠭᠲᠠᠨ ᠰᠠᠶᠢᠰᠢᠶᠠᠵᠤ᠂ ᠨᠡᠶᠢᠭᠡᠮ ᠤᠨ ᠦᠨᠡᠨᠴᠢ ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠬᠠᠨ ᠰᠤᠷᠲᠠᠯ ᠪᠠ ᠬᠤᠪᠢ ᠬᠥᠮᠥᠨ ᠤ ᠶᠣᠰᠣ | ᠮᠣᠷᠠᠯ ᠤᠨ ᠬᠥᠮᠦᠵᠢᠯ ᠢ ᠥᠷᠨᠢᠭᠦᠯᠦᠨ᠂ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠢ ᠪᠤᠶ ᠪᠤᠯᠭᠠᠵᠤ᠂ ᠦᠨᠡᠨᠴᠢ ᠢᠲᠡᠭᠡᠮᠵᠢᠲᠡᠢ ᠪᠠᠶᠢᠬᠤ ᠤᠯᠠᠮᠵᠢᠯᠠᠯᠲᠤ ᠰᠣᠶᠣᠯ | ᠪᠠ ᠭᠡᠷ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠭᠡᠮ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠳᠤᠮᠳᠠ ᠢᠯᠡᠷᠬᠡᠢ ᠠᠮᠵᠢᠯᠲᠠ ᠭᠠᠷᠭᠠᠭᠰᠠᠨ ᠨᠢᠭᠡᠴᠢ ᠪᠣᠯᠣᠨ ᠬᠤᠪᠢ ᠬᠥᠮᠥᠨ ᠢ ᠤᠯᠤᠰ ᠪᠣᠯᠣᠨ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠬᠤ ᠬᠡᠷᠡᠭᠲᠡᠢ᠃ | ᠬᠤᠶᠠᠳᠤᠭᠠᠷ ᠪᠦᠯᠦᠭ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠣᠯᠠᠨ | ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠶᠢᠨ ᠰᠠᠶᠢᠬᠠᠨ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠪᠤᠶ ᠪᠣᠯᠭᠠᠨ᠎ᠠ᠃ | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠶᠣᠰᠣᠭᠠᠷ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠬᠡᠷᠡᠭᠵᠢᠭᠦᠯᠵᠦ᠂ ᠰᠢᠢᠳᠪᠦᠷᠢᠲᠦ | ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠢᠲᠡᠭᠡᠯ ᠢᠶᠠᠨ ᠠᠯᠳᠠᠬᠤ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠨᠠᠮᠬᠠᠳᠬᠠᠵᠤ᠂ ᠵᠠᠰᠠᠭ ᠤᠨ ᠣᠷᠳᠣᠨ ᠤ ᠤᠯᠠᠨ | ᠨᠡᠶᠢᠲᠡ ᠳᠠᠬᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠳᠤᠮᠳᠠ ᠥᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ ᠪᠠᠳᠠᠷᠠᠭᠤᠯᠵᠤ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠪᠠ | ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ | ᠣᠷᠳᠣᠨ ᠤ ᠬᠤᠳᠠᠯᠳᠤᠨ ᠠᠪᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠤᠨ ᠥᠷᠢᠲᠦᠭᠳᠡᠵᠦ ᠪᠠᠶᠢᠭ᠎ᠠ | ᠲᠠᠩᠰᠠᠨ ᠵᠣᠭᠤᠰ ᠢ ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠳᠤ ᠬᠠᠤᠯᠢ | ᠶᠣᠰᠣᠭᠠᠷ ᠬᠢᠭᠰᠡᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠵᠢᠴᠢ ᠬᠠᠤᠯᠢ ᠶᠣᠰᠣᠭᠠᠷ ᠲᠣᠭᠲᠠᠭᠠᠭᠰᠠᠨ ᠡᠯ᠎ᠡ ᠲᠥᠷᠥᠯ ᠤᠨ ᠭᠡᠷ᠎ᠡ ᠶᠢ ᠭᠦᠢᠴᠡᠳᠬᠡᠬᠦ ᠳᠤ᠂ ᠵᠠᠰᠠᠭ | ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ᠂ ᠪᠠᠶᠢᠭᠤᠯᠤᠮᠵᠢ ᠪᠤᠶᠤ ᠡᠭᠦᠷᠭᠡ ᠴᠢᠳᠠᠪᠬᠢ ᠳᠤ | ᠲᠣᠬᠢᠷᠠᠭᠤᠯᠤᠯᠲᠠ ᠬᠢᠬᠦ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠣᠯᠢᠬᠤ ᠵᠡᠷᠭᠡ ᠪᠠᠷ ᠰᠢᠯᠲᠠᠭ ᠪᠤᠯᠭᠠᠵᠤ ᠭᠡᠷ᠎ᠡ ᠠᠴᠠ ᠵᠥᠷᠢᠴᠡᠨ ᠭᠡᠷ᠎ᠡ ᠶᠢ ᠡᠪᠳᠡᠵᠦ ᠪᠤᠯᠬᠤ | ᠦᠭᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ | ᠲᠣᠭᠲᠠᠭᠠᠯᠲᠠ ᠶᠢ ᠢᠳᠡᠪᠬᠢᠲᠡᠢ ᠭᠦᠢᠴᠡᠳᠬᠡᠬᠦ ᠤᠯᠤᠰ ᠣᠷᠣᠨ ᠤ ᠠᠰᠢᠭ ᠲᠤᠰᠠ᠂ ᠤᠯᠠᠨ ᠨᠡᠶᠢᠲᠡ ᠶᠢᠨ ᠠᠰᠢᠭ ᠲᠤᠰᠠ ᠪᠤᠶᠤ ᠬᠠᠤᠯᠢ ᠪᠠᠷ ᠲᠣᠭᠲᠠᠭᠠᠭᠰᠠᠨ | ᠪᠤᠰᠤᠳ ᠤᠴᠢᠷ ᠰᠢᠯᠲᠠᠭᠠᠨ ᠠᠴᠠ ᠪᠣᠯᠵᠤ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠤᠶᠤ ᠭᠡᠷ᠎ᠡ ᠶᠢᠨ ᠪᠣᠯᠵᠣᠯ ᠢ ᠬᠤᠪᠢᠷᠠᠭᠤᠯᠬᠤ | ᠴᠢᠬᠤᠯᠠᠲᠠᠢ ᠪᠠᠶᠢᠪᠠᠯ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ ᠬᠤᠯᠪᠣᠭᠳᠠᠯ ᠪᠦᠬᠦᠢ ᠡᠵᠡᠩᠨᠡᠯᠲᠡ ᠶᠢᠨ ᠭᠤᠣᠯ | ᠴᠣᠭᠴᠠ ᠶᠢᠨ ᠡᠳ᠋ ᠬᠥᠷᠥᠩᠭᠡ ᠶᠢᠨ ᠬᠤᠬᠢᠷᠠᠯ ᠳᠤ ᠨᠥᠬᠦᠪᠦᠷᠢ ᠥᠭᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠢ ᠲᠡᠮᠳᠡᠭᠯᠡᠬᠦ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠢᠲᠡᠭᠡᠯ ᠠᠯᠳᠠᠵᠤ ᠭᠡᠷ᠎ᠡ ᠵᠥᠷᠢᠴᠡᠭᠰᠡᠨ ᠵᠡᠷᠭᠡ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ | ᠴᠤᠭᠯᠠᠭᠤᠯᠬᠤ ᠶᠢ ᠬᠠᠷᠢᠭᠤᠴᠠᠬᠤ ᠶᠢᠨ ᠬᠠᠮᠲᠤ᠂ ᠬᠠᠤᠯᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠠᠷ ᠨᠡᠶᠢᠲᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠤ ᠠᠬᠤᠶᠢᠯᠠᠯ ᠯᠤᠭ᠎ᠠ ᠲᠣᠭᠲᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭ᠎ᠠ᠂ ᠠᠵᠤ ᠦᠢᠯᠡᠰ ᠢᠶᠠᠷ ᠲᠡᠳᠬᠦᠬᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠲᠠᠯ᠎ᠠ ᠳᠤ ᠬᠤᠯᠪᠣᠭᠳᠠᠭᠰᠠᠨ ᠭᠡᠷ᠎ᠡ ᠶᠢ ᠭᠦᠢᠴᠡᠳᠬᠡᠭᠰᠡᠨ | ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠬᠤᠪᠢᠶᠠᠯᠴᠠᠵᠤ᠂ ᠬᠥᠳᠡᠯᠦᠩᠭᠦᠢ ᠪᠠᠷ ᠮᠥᠷᠳᠡᠬᠦ ᠪᠠ ᠵᠠᠳᠠᠯᠤᠨ ᠰᠢᠢᠳᠪᠦᠷᠢᠯᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ ᠢᠲᠡᠭᠡᠯ ᠢᠶᠠᠨ ᠠᠯᠳᠠᠭᠰᠠᠳ ᠠᠴᠠ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠲᠠᠢ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠶᠣᠰᠣᠭᠠᠷ | ᠱᠠᠭᠠᠷᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠵᠦ᠂ ᠵᠠᠷᠯᠠᠨ ᠰᠢᠭᠦᠮᠵᠢᠯᠡᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠲᠠᠢ ᠵᠠᠰᠠᠭ ᠤᠨ ᠣᠷᠳᠣᠨ ᠪᠤᠶᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠠᠴᠠ | ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠣᠭᠲᠠᠮᠠᠯ | ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠨᠠᠯᠲᠠ ᠪᠠᠶᠢᠴᠠᠭᠠᠯᠲᠠ ᠬᠢᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ | ᠰᠢᠯᠭᠠᠨ ᠦᠨᠡᠯᠡᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ | ᠬᠢᠨᠠᠨ ᠰᠢᠯᠭᠠᠬᠤ ᠴᠢᠬᠤᠯᠠ ᠦᠨᠳᠦᠰᠦᠯᠡᠯ ᠪᠤᠯᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠦ᠂ ᠬᠠᠤᠯᠢ ᠶᠣᠰᠣᠭᠠᠷ | ᠬᠢᠨᠠᠯᠲᠠ ᠶᠢ ᠬᠦᠯᠢᠶᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠵᠡᠩᠨᠡᠯᠲᠡ ᠶᠢᠨ ᠭᠤᠣᠯ ᠴᠣᠭᠴᠠ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠨ᠂ ᠬᠠᠤᠯᠢ ᠴᠠᠭᠠᠵᠠ᠂ ᠬᠠᠤᠯᠢ | ᠲᠣᠭᠲᠠᠭᠠᠯ᠂ ᠠᠵᠢᠯ ᠲᠦᠷᠦᠯ ᠤᠨ ᠨᠡᠶᠢᠲᠡ ᠶᠢᠨ ᠭᠡᠷ᠎ᠡ ᠶᠢ ᠵᠢᠷᠤᠮᠯᠠᠵᠤ᠂ ᠠᠮᠠᠯᠠᠯᠲᠠ ᠪᠠᠨ ᠬᠢᠴᠢᠶᠡᠩᠭᠦᠶᠢᠯᠡᠨ ᠵᠢᠷᠤᠮᠯᠠᠵᠤ᠂ ᠭᠤᠣᠯᠴᠢ ᠪᠠᠷ ᠥᠷᠢᠰᠦᠯᠳᠦᠬᠦ ᠬᠡᠷᠡᠭᠲᠡᠢ᠃ | ᠡᠵᠡᠩᠨᠡᠯᠲᠡ ᠶᠢᠨ ᠭᠤᠣᠯ ᠴᠣᠭᠴᠠ ᠶᠢᠨ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠠᠮᠢᠶᠠᠷᠬᠤ ᠲᠣᠭᠲᠠᠴᠠ ᠪᠠᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ | ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠠᠴᠠ ᠡᠮᠦᠨ᠎ᠡ ᠨᠡᠶᠢᠭᠡᠮ ᠳᠤ ᠢᠯᠡ ᠪᠠᠷ ᠠᠮᠠᠯᠠᠯᠲᠠ ᠭᠢᠯᠭᠡᠵᠦ᠂ ᠬᠠᠤᠯᠢ ᠠᠴᠠ ᠵᠥᠷᠢᠴᠡᠨ ᠢᠲᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠡᠭᠦᠰᠦᠭᠰᠡᠨ ᠤ ᠳᠠᠷᠠᠭ᠎ᠠ ᠰᠠᠶᠢᠨ ᠳᠤᠷ᠎ᠠ ᠠᠴᠠ ᠪᠠᠨ ᠬᠢᠵᠠᠭᠠᠷᠯᠠᠯ ᠪᠠ ᠵᠠᠯᠬᠠᠭᠠᠨ ᠴᠡᠭᠡᠷᠯᠡᠭᠦᠯᠬᠦ ᠶᠢ ᠬᠦᠯᠢᠶᠡᠬᠦ ᠶᠢ | ᠵᠣᠷᠢᠭᠵᠢᠭᠤᠯᠤᠨ᠎ᠠ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠮᠵᠢ ᠪᠠᠷ ᠰᠠᠭᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ | ᠪᠠᠶᠢᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠱᠠᠲᠤ ᠲᠥᠷᠥᠯ | ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠶᠢ ᠬᠥᠲᠥᠯᠥᠨ | ᠵᠢᠯᠤᠭᠤᠳᠴᠤ᠂ ᠢᠲᠡᠭᠡᠮᠵᠢ ᠶᠢᠨ ᠥᠪᠡᠷ ᠢ ᠪᠠᠨ ᠱᠠᠭᠠᠷᠳᠠᠬᠤ ᠶᠢ ᠴᠢᠩᠭᠠᠷᠠᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠭᠦᠮ᠂ ᠨᠡᠶᠢᠭᠡᠮ ᠨᠡᠶᠢᠲᠡ ᠶᠢᠨ ᠬᠢᠨ ᠦᠨᠡᠨᠴᠢ | ᠢᠲᠡᠭᠡᠮᠵᠢ ᠶᠢᠨ ᠤᠬᠠᠮᠰᠠᠷ ᠢᠶᠠᠨ ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠤᠨ ᠪᠦᠷᠢᠯᠳᠦᠭᠦᠨ ᠨᠦᠭᠦᠳ ᠬᠤᠭᠤᠷᠣᠨᠳᠤ ᠪᠠᠨ ᠦᠨᠡᠨᠴᠢ ᠪᠠᠷ ᠬᠠᠨᠳᠤᠵᠤ᠂ ᠢᠲᠡᠭᠡᠯ ᠢᠶᠠᠷ | ᠰᠠᠭᠤᠷᠢ ᠪᠤᠯᠭᠠᠵᠤ᠂ ᠠᠮᠠᠯᠠᠯᠲᠠ ᠪᠠᠨ ᠪᠠᠲᠤ ᠰᠠᠬᠢᠵᠤ᠂ ᠥᠪᠡᠷ ᠤᠨ ᠰᠠᠶᠢᠨ ᠰᠠᠶᠢᠬᠠᠨ ᠢᠲᠡᠭᠡᠮᠵᠢ ᠪᠠᠨ ᠬᠠᠮᠠᠭᠠᠯᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠤᠪᠢ ᠬᠥᠮᠥᠨ ᠤ ᠢᠲᠡᠭᠡᠮᠵᠢ ᠶᠢᠨ ᠲᠡᠮᠳᠡᠭᠯᠡᠯ ᠤᠨ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠨᠡᠶᠢᠭᠡᠮ ᠤᠨ ᠪᠦᠷᠢᠯᠳᠦᠭᠦᠨ ᠢᠲᠡᠭᠡᠮᠵᠢ ᠲᠠᠢ ᠪᠠᠶᠢᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠮ ᠡᠮᠨᠡᠯᠭᠡ ᠡᠷᠡᠭᠦᠯ ᠬᠠᠮᠠᠭᠠᠯᠠᠯ᠂ | ᠨᠡᠶᠢᠭᠡᠮ ᠤᠨ ᠪᠠᠲᠤᠯᠠᠭ᠎ᠠ᠂ ᠭᠦᠳᠡᠯᠮᠦᠷᠢ ᠬᠦᠴᠦᠨ ᠬᠡᠷᠡᠭᠯᠡᠬᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ | ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠨᠡᠶᠢᠭᠡᠮ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠢᠲᠡᠭᠡᠮᠵᠢ ᠶᠢᠨ ᠮᠡᠳᠡᠭᠦᠯᠦᠯᠲᠡ ᠶᠢ ᠳᠡᠯᠭᠡᠷᠡᠭᠦᠯᠦᠨ ᠬᠡᠷᠡᠭᠯᠡᠵᠦ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠬᠢᠭᠡᠳ ᠬᠠᠮᠲᠤ ᠶᠢᠨ ᠵᠠᠰᠠᠯᠲᠠ ᠶᠢᠨ ᠵᠣᠯᠭᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠢᠲᠡᠭᠡᠯ ᠲᠠᠢ ᠪᠠᠶᠢᠬᠤ ᠨᠢ ᠢᠷᠠᠭᠤ ᠠᠯᠳᠠᠷ ᠲᠠᠢ᠂ | ᠢᠲᠡᠭᠡᠯ ᠢᠶᠠᠨ ᠠᠯᠳᠠᠭᠰᠠᠨ ᠨᠢ ᠢᠴᠢᠭᠦᠷᠢᠲᠡᠢ ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠬᠤ ᠬᠡᠷᠡᠭᠲᠡᠢ᠃ | | ᠠᠷᠪᠠ ᠶᠢᠰᠦᠳᠦᠭᠡᠷ ᠵᠦᠢᠯ ᠬᠠᠤᠯᠢ ᠴᠠᠭᠠᠵᠠ ᠶᠢᠨ ᠪᠠᠶᠢᠭᠤᠯᠭ᠎ᠠ ᠲᠥᠪ ᠭᠤᠣᠯᠴᠢ ᠪᠠ ᠦᠷ᠎ᠡ ᠠᠰᠢᠭ ᠢ ᠬᠠᠷᠢᠯᠴᠠᠨ ᠨᠢᠭᠡᠳᠦᠭᠦᠯᠬᠦ ᠶᠢ ᠪᠠᠷᠢᠮᠲᠠᠯᠠᠵᠤ᠂ | ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢ ᠢᠯᠡ ᠪᠤᠯᠭᠠᠬᠤ ᠶᠢ ᠲᠦᠯᠬᠢᠨ ᠠᠬᠢᠭᠤᠯᠵᠤ᠂ ᠠᠷᠠᠳ ᠤᠨ | ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠵᠦ᠂ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠲᠥᠪ ᠭᠤᠣᠯᠴᠢ ᠪᠠᠷ ᠬᠠᠤᠯᠢ | ᠪᠠᠷᠢᠬᠤ ᠶᠢ ᠴᠢᠩᠳᠠᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠪᠤᠷᠤᠭᠤ ᠰᠢᠢᠳᠪᠦᠷᠢᠯᠡᠭᠰᠡᠨ ᠬᠡᠷᠡᠭ ᠢ ᠨᠡᠬᠡᠮᠵᠢᠯᠡᠬᠦ | ᠳᠦᠷᠢᠮ ᠢ ᠨᠠᠶᠢᠳᠠᠪᠤᠷᠢᠵᠢᠭᠤᠯᠵᠤ᠂ ᠤᠳᠠᠭᠠᠨ ᠲᠠᠩᠨᠠᠭᠠᠳ ᠳᠠᠭᠤᠰᠬᠠᠬᠤ ᠦᠭᠡᠢ᠂ ᠤᠳᠠᠭᠠᠰᠢᠷᠠᠭᠤᠯᠤᠭᠠᠳ ᠰᠢᠢᠳᠪᠦᠷᠢᠯᠡᠬᠦ ᠦᠭᠡᠢ ᠬᠡᠷᠡᠭ ᠢ ᠰᠡᠷᠭᠡᠶᠢᠯᠡᠨ ᠵᠠᠯᠠᠷᠠᠭᠤᠯᠵᠤ᠂ | ᠬᠤᠳᠠᠯ ᠬᠠᠭᠤᠷᠮᠠᠭ ᠵᠠᠷᠭᠤᠯᠳᠤᠬᠤ ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠠᠵᠢᠯ ᠢ ᠴᠢᠩᠭᠠᠳᠬᠠᠵᠤ᠂ ᠠᠷᠠᠳ ᠤᠨ ᠢᠲᠡᠭᠡᠯ ᠢ ᠣᠯᠵᠤ᠂ ᠬᠠᠤᠯᠢ | ᠴᠠᠭᠠᠵᠠ ᠶᠢᠨ ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠬᠤᠷᠢᠳᠤᠭᠠᠷ ᠵᠦᠢᠯ ᠰᠢᠭᠦᠨ ᠲᠠᠰᠤᠯᠬᠤ ᠪᠠᠶᠢᠭᠤᠯᠭ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ᠂ ᠬᠠᠤᠯᠢ | ᠴᠠᠭᠠᠵᠠ ᠶᠢᠨ ᠮᠠᠭᠠᠳᠯᠠᠯᠲᠠ ᠪᠠ ᠲᠠᠰᠤᠯᠤᠯᠲᠠ ᠶᠢᠨ ᠡᠷᠬᠡ ᠪᠠᠨ ᠵᠥᠪ ᠢᠶᠠᠷ ᠬᠡᠷᠡᠭᠵᠢᠭᠦᠯᠵᠦ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ | ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠤᠨ᠂ ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ ᠢᠲᠡᠭᠡᠮᠵᠢ ᠶᠢᠨ | ᠲᠠᠯ᠎ᠠ ᠪᠠᠷ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠢ ᠵᠠᠯᠬᠠᠭᠠᠨ ᠰᠢᠢᠳᠬᠡᠵᠦ᠂ ᠦᠨᠡᠨᠴᠢ | ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠤᠭᠤᠳᠴᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠦᠨᠡᠨᠴᠢ ᠢᠲᠡᠭᠡᠮᠵᠢᠲᠡᠢ ᠨᠡᠶᠢᠭᠡᠮ ᠤᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠪᠠᠶᠢᠴᠠᠭᠠᠬᠤ ᠪᠠᠶᠢᠭᠤᠯᠭ᠎ᠠ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ | ᠭᠦᠢᠴᠡᠳᠬᠡᠵᠦ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠬᠤ ᠠᠵᠢᠯ ᠤᠨ ᠬᠠᠤᠯᠢ | ᠴᠠᠭᠠᠵᠠ ᠶᠢᠨ ᠬᠢᠨᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ | ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠬᠤᠣᠰ ᠴᠢᠭᠯᠡᠯ ᠢᠶᠠᠷ ᠵᠣᠯᠭᠠᠭᠤᠯᠬᠤ ᠲᠣᠭᠲᠠᠴᠠ ᠶᠢ ᠴᠢᠩᠭᠠᠳᠬᠠᠵᠤ᠂ ᠡᠷᠡᠭᠦᠦ ᠶᠢᠨ ᠬᠡᠷᠡᠭ ᠤᠨ ᠬᠡᠷᠡᠭ ᠪᠣᠯᠭᠠᠨ | ᠳᠠᠩᠰᠠᠯᠠᠬᠤ᠂ ᠲᠤᠷᠰᠢᠨ ᠪᠠᠶᠢᠴᠠᠭᠠᠬᠤ ᠠᠵᠢᠯᠯᠠᠭ᠎ᠠ ᠪᠠ ᠰᠢᠭᠦᠨ ᠲᠠᠰᠤᠯᠬᠤ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠡᠭᠦᠦ ᠶᠢᠨ ᠬᠡᠷᠡᠭ ᠤᠨ | ᠠᠷᠭ᠎ᠠ ᠪᠠᠷᠢᠯ ᠢ ᠠᠰᠢᠭᠯᠠᠨ ᠢᠷᠭᠡᠨ ᠤ ᠬᠡᠷᠡᠭ᠂ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠵᠤ᠂ ᠦᠨᠡᠨᠴᠢ ᠢᠲᠡᠭᠡᠮᠵᠢᠲᠡᠢ ᠪᠠᠷ | ᠵᠠᠷᠭᠤᠯᠳᠤᠬᠤ ᠣᠷᠴᠢᠨ ᠨᠥᠬᠦᠴᠡᠯ ᠢ ᠪᠤᠢ ᠪᠤᠯᠭᠠᠵᠤ᠂ ᠬᠠᠤᠯᠢ ᠴᠠᠭᠠᠵᠠ ᠶᠢᠨ ᠲᠥᠪ ᠭᠤᠣᠯᠴᠢ ᠪᠠ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂ | ᠨᠡᠶᠢᠭᠡᠮ ᠤᠨ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ ᠵᠢᠷᠤᠮᠵᠢᠭᠤᠯᠤᠨ᠎ᠠ᠃ | ᠬᠤᠷᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠺᠣᠮᠢᠰ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ᠂ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ ᠶᠢᠨ ᠪᠠᠶᠢᠭᠤᠯᠤᠮᠵᠢ ᠵᠡᠷᠭᠡ ᠨᠢ ᠲᠤᠰ | ᠪᠡᠶ᠎ᠡ ᠶᠢᠨ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠡᠷᠬᠡ ᠲᠡᠭᠰᠢ ᠲᠥᠪ ᠭᠤᠣᠯᠴᠢ ᠪᠠᠷ ᠠᠵᠢᠯ ᠡᠷᠭᠢᠯᠡᠭᠦ ᠬᠡᠷᠡᠭᠲᠡᠢ᠃ | ᠬᠥᠨᠳᠡᠯᠡᠨ ᠠᠴᠠ ᠲᠠᠰᠤᠯᠤᠭᠴᠢ᠂ ᠬᠠᠤᠯᠢᠴᠢ᠂ ᠠᠯᠪᠠᠨ ᠭᠡᠷᠡᠴᠢᠯᠡᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ | ᠴᠠᠭᠠᠵᠠ ᠶᠢᠨ ᠲᠤᠰᠠᠯᠠᠮᠵᠢ ᠦᠵᠡᠭᠦᠯᠭᠦ ᠠᠵᠢᠯᠲᠠᠨ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠲᠠᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ | ᠬᠢᠴᠢᠶᠡᠩᠭᠦᠶᠢᠯᠡᠨ ᠵᠢᠷᠤᠮᠯᠠᠵᠤ᠂ ᠦᠨᠡᠨᠴᠢ ᠢᠲᠡᠭᠡᠮᠵᠢᠲᠡᠢ ᠵᠢᠷᠤᠮᠵᠢᠯᠲᠠᠢ ᠪᠠᠷ ᠠᠵᠢᠯ ᠡᠷᠭᠢᠯᠡᠭᠦ ᠬᠡᠷᠡᠭᠲᠡᠢ᠃ | ᠭᠤᠷᠪᠠᠳᠤᠭᠠᠷ ᠪᠦᠯᠦᠭ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠪᠦᠭᠦ ᠣᠷᠣᠨ ᠤ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠤᠨ ᠡᠮᠬᠢᠳᠬᠡᠬᠦ ᠪᠠ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠪᠠᠶᠢᠭᠤᠯᠤᠭᠰᠠᠨ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠨ ᠴᠤᠭᠯᠠᠭᠤᠯᠬᠤ᠂ ᠬᠠᠳᠠᠭᠠᠯᠠᠬᠤ᠂ ᠬᠠᠮᠲᠤᠪᠠᠷ | ᠬᠤᠪᠢᠶᠠᠯᠴᠠᠬᠤ᠂ ᠢᠯᠡ ᠪᠤᠯᠭᠠᠬᠤ᠂ ᠬᠠᠶᠢᠨ ᠯᠠᠪᠯᠠᠬᠤ ᠪᠠ ᠬᠡᠷᠡᠭᠯᠡᠬᠦ ᠵᠡᠷᠭᠡ ᠠᠵᠢᠯᠯᠠᠭ᠎ᠠ ᠳᠤ᠂ ᠬᠠᠤᠯᠢ ᠳᠤ ᠨᠡᠶᠢᠴᠡᠬᠦ᠂ ᠵᠦᠢ ᠶᠣᠰᠣᠨ ᠤ᠂ ᠴᠢᠬᠤᠯᠠᠲᠠᠢ᠂ ᠪᠣᠯᠭᠤᠮᠵᠢᠲᠠᠢ | ᠪᠠᠶᠢᠬᠤ ᠵᠠᠷᠴᠢᠮ ᠢ ᠵᠢᠷᠤᠮᠯᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ ᠳᠠᠬᠢ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠠᠮᠤᠷ ᠲᠦᠪᠰᠢᠨ᠂ ᠬᠤᠪᠢ ᠬᠥᠮᠥᠨ ᠤ | ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠨᠡᠶᠢᠲᠡᠯᠡᠬᠦ᠂ ᠬᠡᠷᠡᠭᠯᠡᠬᠦ ᠵᠢᠴᠢ ᠬᠠᠮᠢᠶᠠᠷᠬᠤ ᠪᠠ | ᠦᠢᠯᠡᠴᠢᠯᠡᠬᠦ ᠠᠵᠢᠯᠯᠠᠭ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠳᠦᠷᠢᠮ︾ ᠪᠣᠯᠣᠨ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠬᠡᠷᠡᠭᠯᠡᠭᠳᠡᠨ᠎ᠡ᠃ | ᠬᠤᠷᠢᠨ ᠵᠢᠷᠭᠤᠳᠤᠭᠠᠷ ᠵᠦᠢᠯ ᠤᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠨᠦᠭᠦᠳ ᠤᠯᠠᠨ ᠨᠡᠶᠢᠲᠡ ᠶᠢᠨ | ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠴᠤᠭᠯᠠᠭᠤᠯᠵᠤ᠂ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠬᠡᠷᠡᠭᠲᠡᠢ᠃ | ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠶᠢᠨ ᠪᠣᠯᠵᠣᠨ ᠲᠣᠭᠲᠠᠭᠰᠠᠨ ᠶᠣᠰᠣᠭᠠᠷ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠤᠨ᠎ᠠ᠃ ᠣᠯᠠᠨ | ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠨᠢ ᠬᠠᠩᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠤᠯᠢ ᠶᠣᠰᠣᠴᠢ ᠴᠢᠨᠠᠷ᠂ | ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ᠃ | ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠤᠯᠭᠠᠬᠤ᠂ ᠬᠠᠮᠲᠤᠪᠠᠷ ᠬᠤᠪᠢᠶᠠᠯᠴᠠᠬᠤ᠂ ᠬᠠᠶᠢᠨ ᠯᠠᠪᠯᠠᠬᠤ ᠶᠢ ᠬᠠᠤᠯᠢ ᠶᠣᠰᠣᠭᠠᠷ | ᠢᠯᠡ ᠪᠤᠯᠭᠠᠬᠤ᠂ ᠢᠲᠡᠭᠡᠮᠵᠢ ᠶᠢᠨ ᠭᠤᠣᠯ ᠴᠣᠭᠴᠠ ᠨᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠠᠤᠯᠢ | ᠶᠣᠰᠣᠭᠠᠷ ᠬᠠᠩᠭᠠᠬᠤ ᠪᠤᠶᠤ ᠪᠣᠯᠵᠣᠨ ᠲᠣᠭᠲᠠᠭᠰᠠᠨ ᠪᠤᠰᠤᠳ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠣᠨ᠎ᠠ᠃ | ᠬᠤᠷᠢᠨ ᠳᠣᠯᠣᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠯᠡᠷᠬᠡᠶᠢᠯᠡᠬᠦ᠂ ᠪᠡᠶ᠎ᠡ ᠪᠠᠨ ᠳᠠᠭᠠᠭᠠᠵᠤ ᠮᠡᠳᠡᠭᠦᠯᠬᠦ᠂ ᠨᠡᠶᠢᠭᠡᠮ ᠳᠤ ᠠᠮᠠᠯᠠᠯᠲᠠ ᠬᠢᠬᠦ | ᠵᠡᠷᠭᠡ ᠭᠡᠯᠪᠡᠷᠢ ᠪᠠᠷ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ | ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠵᠡᠷᠭᠡ ᠳᠤ ᠲᠣᠰ ᠪᠡᠶ᠎ᠡ ᠶᠢᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠪᠠᠨ ᠬᠠᠩᠭᠠᠬᠤ ᠶᠢᠨ ᠬᠠᠮᠲᠤ᠂ ᠬᠠᠩᠭᠠᠭᠰᠠᠨ | ᠮᠡᠳᠡᠭᠡ ᠵᠠᠩᠭᠢ ᠶᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠵᠢᠴᠢ ᠪᠤᠰᠤᠳ ᠬᠠᠤᠯᠢ ᠶᠢᠨ ᠬᠥᠮᠥᠨ ᠪᠠ ᠬᠠᠤᠯᠢ ᠶᠢᠨ ᠬᠥᠮᠥᠨ | ᠪᠤᠰᠤ ᠵᠣᠬᠢᠶᠠᠨ ᠪᠠᠶᠢᠭᠤᠯᠤᠯᠲᠠ ᠯᠤᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠪᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠬᠢᠭᠡᠳ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ | ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ ᠵᠡᠷᠭᠡ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠳ᠋ᠠᠶᠢᠲ᠋ᠠ ᠶᠢ ᠬᠠᠮᠲᠤᠪᠠᠷ ᠬᠤᠪᠢᠶᠠᠯᠴᠠᠬᠤ ᠶᠢ | ᠴᠢᠩᠭᠠᠳᠬᠠᠵᠤ᠂ ᠨᠡᠶᠢᠭᠡᠮ ᠤᠨ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠳᠥᠷᠪᠡᠳᠦᠭᠡᠷ ᠪᠦᠯᠦᠭ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ | ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ | ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠲᠠᠢ ᠪᠠᠶᠢᠬᠤ ᠦᠢᠯᠡ ᠠᠵᠢᠯᠯᠠᠭ᠎ᠠ ᠶᠢ ᠰᠠᠨᠠᠭᠠᠴᠢᠯᠠᠬᠤ ᠪᠠ ᠰᠠᠶᠢᠰᠢᠶᠠᠵᠤ᠂ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠪᠠ ᠬᠢᠵᠠᠭᠠᠷᠯᠠᠬᠤ ᠬᠡᠷᠡᠭᠲᠡᠢ᠃ | ᠭᠤᠴᠢᠳᠤᠭᠠᠷ ᠵᠦᠢᠯ ᠢᠲᠡᠭᠡᠮᠵᠢ ᠲᠠᠢ ᠪᠠᠷ ᠤᠷᠮᠠᠰᠢᠭᠤᠯᠬᠤ ᠡᠲᠡᠭᠡᠳ ᠢ ᠦᠨᠡᠯᠡᠨ ᠲᠣᠭᠲᠠᠭᠠᠬᠤ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠨᠡᠯᠡᠨ | ᠲᠣᠭᠲᠠᠭᠠᠬᠤ ᠠᠷᠭ᠎ᠠ ᠶᠢᠨ ᠶᠣᠰᠣᠭᠠᠷ ᠢᠲᠡᠭᠡᠮᠵᠢ ᠲᠠᠢ ᠪᠠᠷ ᠤᠷᠮᠠᠰᠢᠭᠤᠯᠬᠤ ᠡᠲᠡᠭᠡᠳ ᠢ ᠨᠤᠲᠠᠯᠠᠨ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ | ᠭᠤᠴᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ | ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶᠡᠨ ᠳᠣᠲᠣᠷ᠎ᠠ | ᠢᠲᠡᠭᠡᠮᠵᠢ ᠲᠠᠢ ᠪᠠᠷ ᠤᠷᠮᠠᠰᠢᠭᠤᠯᠤᠬᠳᠠᠬᠤ ᠡᠲᠡᠭᠡᠳ ᠲᠤ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃ | ᠭᠤᠴᠢᠨ ᠬᠤᠶᠠᠳᠤᠭᠠᠷ ᠵᠦᠢᠯ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠳᠤ ᠨᠠᠷᠢᠨ ᠬᠠᠭᠤᠳᠠᠰᠤ ᠶᠢᠨ ᠳᠦᠷᠢᠮ ᠤᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠬᠠᠮᠢᠶ᠎ᠠ | ᠪᠦᠬᠦᠢ ᠢᠲᠡᠭᠡᠮᠵᠢ ᠶᠢᠨ ᠭᠤᠣᠯ ᠴᠣᠭᠴᠠ ᠳᠤ ᠲᠣᠳᠣᠷᠬᠠᠢ ᠬᠠᠭᠤᠳᠠᠰᠤᠨ ᠳᠤ ᠵᠢᠭᠰᠠᠭᠠᠭᠰᠠᠨ ᠬᠤᠬᠢᠷᠠᠯ ᠢ ᠪᠠᠭᠠᠰᠬᠠᠬᠤ ᠪᠤᠶᠤ ᠡᠭᠦᠷᠭᠡ ᠶᠢ ᠨᠡᠮᠡᠭᠳᠡᠭᠦᠯᠬᠦ | ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠴᠠ ᠳᠠᠪᠠᠭᠤᠯᠤᠨ ᠬᠡᠷᠡᠭᠵᠢᠭᠦᠯᠵᠦ ᠪᠤᠯᠬᠤ ᠦᠭᠡᠢ︔ ᠢᠲᠡᠭᠡᠯ ᠢᠶᠠᠨ ᠠᠯᠳᠠᠭᠰᠠᠨ | ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ ᠪᠠ ᠨᠡᠶᠢᠭᠡᠮ ᠤᠨ ᠨᠥᠯᠥᠭᠡ ᠶᠢ ᠦᠨᠳᠦᠰᠦᠯᠡᠨ᠂ ᠢᠲᠡᠭᠡᠯ ᠢᠶᠠᠨ ᠠᠯᠳᠠᠭᠰᠠᠨ ᠭᠤᠣᠯ ᠴᠣᠭᠴᠠ ᠳᠤ ᠬᠦᠨᠳᠦ | ᠬᠥᠩᠭᠡᠨ ᠢ ᠵᠣᠬᠢᠰᠲᠠᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ | ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠠᠴᠠ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠨᠤᠲᠠᠯᠠᠨ | ᠲᠣᠭᠲᠠᠭᠠᠬᠤ ᠳᠤ᠂ ᠬᠠᠤᠯᠢ ᠳᠤ ᠨᠡᠶᠢᠴᠡᠬᠦ᠂ ᠪᠤᠰᠤᠳᠴᠢ᠂ ᠬᠢᠨᠠᠭᠤᠷ ᠪᠣᠯᠭᠤᠮᠵᠢᠲᠠᠢ᠂ ᠬᠤᠯᠪᠣᠭᠳᠠᠭᠤᠯᠬᠤ ᠵᠠᠷᠴᠢᠮ ᠢ ᠵᠢᠷᠤᠮᠯᠠᠨ᠂ ᠳᠣᠣᠷ᠎ᠠ ᠵᠢᠭᠰᠠᠭᠠᠭᠰᠠᠨ ᠪᠢᠴᠢᠭ | ᠬᠠᠷ᠎ᠠ ᠪᠠᠷ ᠦᠨᠳᠦᠰᠦᠯᠡᠯ ᠪᠤᠯᠭᠠᠬᠤ ᠬᠡᠷᠡᠭᠲᠡᠢ᠄ ︵ᠨᠢᠭᠡ︶ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠪᠠ | ᠬᠥᠨᠳᠡᠯᠡᠨ ᠠᠴᠠ ᠲᠠᠰᠤᠯᠤᠬᠰᠠᠨ ᠪᠢᠴᠢᠭ ᠬᠠᠷ᠎ᠠ︔ ︵ᠬᠤᠶᠠᠷ︶ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠢᠳᠬᠡᠯ ᠪᠠ ᠵᠠᠰᠠᠭ ᠵᠠᠬᠢᠷᠭᠠᠨ ᠤ ᠲᠣᠭᠲᠠᠭᠠᠯᠲᠠ | ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠲᠣᠭᠲᠠᠭᠠᠯ ᠤᠨ ᠪᠢᠴᠢᠭ ᠬᠠᠷ᠎ᠠ︔ ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠤᠯᠤᠰ ᠠᠴᠠ | ᠲᠣᠭᠲᠠᠭᠠᠭᠰᠠᠨ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠬᠤ ᠦᠨᠳᠦᠰᠦᠯᠡᠯ ᠪᠤᠯᠭᠠᠵᠤ ᠪᠤᠯᠬᠤ ᠪᠤᠰᠤᠳ ᠪᠢᠴᠢᠭ ᠬᠠᠷ᠎ᠠ᠃ | ᠭᠤᠴᠢᠨ ᠳᠥᠷᠪᠡᠳᠦᠭᠡᠷ ᠵᠦᠢᠯ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠨᠢ ᠢᠲᠡᠭᠡᠯ ᠢᠶᠠᠨ ᠠᠯᠳᠠᠭᠰᠠᠨ ᠮᠡᠳᠡᠭᠡ ᠵᠠᠩᠭᠢ ᠶᠢᠨ ᠲᠡᠮᠳᠡᠭᠯᠡᠯ ᠳᠤ | ᠣᠷᠣᠭᠤᠯᠤᠭᠰᠠᠨ ᠪᠠᠶᠢᠪᠠᠯ᠂ ᠢᠲᠡᠭᠡᠮᠵᠢ ᠶᠢᠨ ᠭᠤᠣᠯ ᠴᠣᠭᠴᠠ ᠶᠢᠨ ᠨᠤᠲᠠᠯᠠᠨ ᠲᠣᠭᠲᠠᠭᠠᠭᠰᠠᠨ ᠰᠢᠨᠵᠢ ᠴᠢᠨᠠᠷ᠂ ᠰᠢᠯᠲᠠᠭᠠᠨ᠂ ᠦᠨᠳᠦᠰᠦᠯᠡᠯ᠂ ᠰᠢᠯᠵᠢᠭᠦᠯᠦᠨ ᠭᠠᠷᠭᠠᠬᠤ | ᠨᠥᠬᠦᠴᠡᠯ ᠪᠣᠯᠣᠨ ᠲᠡᠳᠬᠦᠬᠦ ᠠᠷᠭ᠎ᠠ ᠵᠠᠮ ᠢ ᠬᠡᠯᠡᠵᠦ ᠥᠭᠬᠦ ᠬᠡᠷᠡᠭᠲᠡᠢ᠃ ᠢᠲᠡᠭᠡᠯ ᠠᠯᠳᠠᠭᠰᠠᠨ ᠢᠲᠡᠭᠡᠮᠵᠢ ᠶᠢᠨ ᠭᠤᠣᠯ ᠴᠣᠭᠴᠠ ᠳᠤ ᠵᠠᠯᠬᠠᠭᠠᠨ ᠴᠡᠭᠡᠷᠯᠡᠭᠦᠯᠬᠦ | ᠠᠷᠭ᠎ᠠ ᠬᠡᠮᠵᠢᠶ᠎ᠡ ᠠᠪᠬᠤ ᠪᠠᠷ ᠲᠣᠭᠲᠠᠭᠠᠭᠰᠠᠨ ᠪᠠᠶᠢᠪᠠᠯ᠂ ᠪᠠᠰᠠ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠦᠴᠦᠨ ᠦᠭᠡᠢ ᠪᠤᠯᠭᠠᠬᠤ ᠨᠥᠬᠦᠴᠡᠯ ᠢ ᠬᠡᠯᠡᠵᠦ | ᠥᠭᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠶᠢ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢᠨ ᠨᠡᠷᠡᠰ ᠲᠤ | ᠵᠢᠭᠰᠠᠭᠠᠨ ᠣᠷᠣᠭᠤᠯᠬᠤ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ ᠠᠴᠠ ᠲᠣᠭᠲᠠᠭᠠᠭᠰᠠᠨ ᠦᠨᠳᠦᠰᠦᠯᠡᠯ ᠪᠣᠯᠣᠨ ᠨᠤᠲᠠᠯᠠᠨ ᠲᠣᠭᠲᠠᠭᠠᠬᠤ ᠶᠢᠨ | ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠳᠣᠣᠷᠠᠬᠢ ᠮᠡᠲᠦ ᠥᠢᠯᠡ ᠠᠵᠢᠯᠯᠠᠭ᠎ᠠ ᠪᠠᠷ ᠬᠢᠵᠠᠭᠠᠷᠯᠠᠬᠤ ᠬᠡᠷᠡᠭᠲᠡᠢ᠄ | ︵ᠨᠢᠭᠡ︶ ᠠᠷᠠᠳ ᠤᠯᠡᠠ ᠤ ᠪᠡᠶ᠎ᠡ ᠶᠢᠨ ᠡᠷᠡᠭᠦᠯ ᠮᠡᠡᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ | ᠤᠢᠢᠯᠠ ᠠᠵᠢᠯᠯᠠᠭ᠎ᠠ︔ | ︵ᠬᠤᠶᠠᠷ︶ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ ᠤ ᠡᠮᠬᠢ ᠵᠢᠷᠤᠮ ᠪᠠ ᠨᠡᠶᠢᠭᠡᠮ ᠤᠨ ᠬᠡᠪ ᠤᠨ ᠡᠮᠬᠢ ᠵᠢᠷᠤᠮ ᠢ ᠬᠦᠨᠳᠦ ᠨᠣᠴᠢᠲᠠᠢ ᠡᠪᠳᠡᠭᠰᠡᠨ | ᠦᠢᠯᠡ ᠠᠵᠢᠯᠯᠠᠭ᠎ᠠ︔ | ︵ᠭᠤᠷᠪᠠ︶ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠬᠠᠤᠯᠢ ᠴᠠᠭᠠᠵᠠ ᠶᠢᠨ ᠪᠠᠶᠢᠭᠤᠯᠭ᠎ᠠ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠬᠦᠨᠳᠦ ᠨᠣᠴᠢᠲᠠᠢ ᠨᠥᠯᠥᠭᠡᠯᠡᠭᠰᠡᠨ ᠦᠢᠯᠡ ᠠᠵᠢᠯᠯᠠᠭ᠎ᠠ︔ | ︵ᠳᠥᠷᠪᠡ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠢᠭ | ᠲᠤᠰᠠ ᠳᠤ ᠬᠤᠣᠷ ᠬᠥᠨᠥᠭᠡᠯ ᠤᠴᠠᠷᠠᠭᠤᠯᠤᠭᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠥᠬᠦᠭᠡᠷᠦᠮᠵᠢ ᠶᠢ ᠡᠪᠳᠡᠭᠰᠡᠨ ᠵᠡᠷᠭᠡ ᠦᠢᠯᠡ ᠠᠵᠢᠯᠯᠠᠭ᠎ᠠ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ ᠠᠴᠠ ᠲᠣᠭᠲᠠᠭᠠᠭᠰᠠᠨ ᠪᠤᠰᠤᠳ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠦᠢᠯᠡ | ᠠᠵᠢᠯᠯᠠᠭ᠎ᠠ᠃ | ᠭᠤᠴᠢᠨ ᠵᠢᠷᠭᠤᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ | ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠠᠴᠠ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢ | ᠨᠤᠲᠠᠯᠠᠨ ᠲᠣᠭᠲᠠᠭᠠᠬᠤ ᠲᠣᠭᠲᠠᠭᠠᠯ ᠭᠠᠷᠭᠠᠬᠤ ᠠᠴᠠ ᠡᠮᠦᠨ᠎ᠡ᠂ ᠢᠲᠡᠭᠡᠮᠵᠢ ᠶᠢᠨ ᠭᠤᠣᠯ ᠴᠣᠭᠴᠠ ᠶᠢᠨ ᠲᠣᠭᠲᠠᠭᠠᠭᠰᠠᠨ ᠤᠴᠢᠷ ᠰᠢᠯᠲᠠᠭᠠᠨ᠂ ᠦᠨᠳᠦᠰᠦᠯᠡᠯ ᠪᠣᠯᠣᠨ | ᠬᠠᠤᠯᠢ ᠶᠣᠰᠣᠭᠠᠷ ᠡᠳ᠋ᠯᠡᠬᠦ ᠡᠷᠬᠡ ᠶᠢ ᠬᠡᠯᠡᠵᠦ ᠥᠭᠬᠦ ᠬᠡᠷᠡᠭᠲᠡᠢ᠃ ᠢᠲᠡᠭᠡᠮᠵᠢ ᠶᠢᠨ ᠭᠤᠣᠯ ᠴᠣᠭᠴᠠ ᠣᠨᠳᠣᠣ ᠰᠠᠨᠠᠯ ᠳᠤᠷᠠᠳᠤᠭᠰᠠᠨ ᠪᠠᠶᠢᠪᠠᠯ᠂ ᠬᠢᠨᠠᠨ | ᠬᠠᠷᠭᠤᠭᠤᠯᠬᠤ ᠶᠢᠨ ᠬᠠᠮᠲᠤ ᠲᠣᠭᠲᠠᠭᠠᠭᠰᠠᠨ ᠴᠠᠭ ᠬᠤᠭᠤᠴᠠᠭᠠᠨ ᠳᠣᠲᠣᠷ᠎ᠠ ᠬᠠᠷᠢᠭᠤ ᠲᠤᠰᠬᠠᠬᠤ ᠬᠡᠷᠡᠭᠲᠡᠢ᠃ | ᠢᠲᠡᠭᠡᠮᠵᠢ ᠶᠢᠨ ᠭᠤᠣᠯ ᠴᠣᠭᠴᠠ ᠶᠢ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠵᠢᠭᠰᠠᠭᠠᠨ ᠣᠷᠣᠭᠤᠯᠬᠤ ᠳᠤ ᠨᠤᠲᠠᠯᠠᠨ | ᠲᠣᠭᠲᠠᠭᠠᠭᠰᠠᠨ ᠲᠣᠭᠲᠠᠭᠠᠯ ᠤᠨ ᠪᠢᠴᠢᠭ ᠬᠠᠷ᠎ᠠ ᠭᠠᠷᠭᠠᠵᠤ᠂ ᠤᠴᠢᠷ ᠰᠢᠯᠲᠠᠭᠠᠨ᠂ ᠦᠨᠳᠦᠰᠦᠯᠡᠯ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢᠨ ᠰᠠᠨᠠᠭᠤᠯᠤᠮᠵᠢ᠂ ᠰᠢᠯᠵᠢᠭᠦᠯᠦᠨ ᠭᠠᠷᠭᠠᠬᠤ ᠨᠥᠬᠦᠴᠡᠯ ᠪᠠ ᠲᠠᠰ ᠳᠠᠷᠠᠭᠠᠯᠠᠯ ᠵᠢᠴᠢ ᠲᠡᠳᠬᠦᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠢᠲᠡᠭᠡᠮᠵᠢ ᠶᠢᠨ | ᠭᠤᠣᠯ ᠴᠣᠭᠴᠠ ᠳᠤ ᠬᠠᠤᠯᠢ ᠶᠣᠰᠣᠭᠠᠷ ᠬᠦᠷᠭᠡᠬᠦ ᠶᠢᠨ ᠬᠠᠮᠲᠤ ᠨᠤᠲᠠᠯᠠᠨ ᠲᠣᠭᠲᠠᠭᠠᠭᠰᠠᠨ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ | ᠨᠡᠷᠡᠰ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠬᠦ | ᠬᠡᠷᠡᠭᠲᠡᠢ᠃ | ᠨᠤᠲᠠᠯᠠᠨ ᠲᠣᠭᠲᠠᠭᠠᠬᠤ ᠪᠠᠷᠢᠮᠵᠢᠶ᠎ᠠ ᠪᠠ ᠨᠤᠲᠠᠯᠠᠨ ᠲᠣᠭᠲᠠᠭᠠᠬᠤ ᠵᠢᠷᠤᠮ ᠶᠣᠰᠣᠭᠠᠷ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ | ᠨᠡᠷᠡᠰ ᠢ ᠳᠤᠷ᠎ᠠ ᠪᠠᠷ ᠢᠶᠠᠨ ᠥᠯᠥ ᠨᠤᠲᠠᠯᠠᠨ ᠲᠣᠭᠲᠠᠭᠠᠬᠤ ᠶᠢ ᠴᠠᠭᠠᠵᠠᠯᠠᠨ᠎ᠠ᠃ | ᠭᠤᠴᠢᠨ ᠳᠣᠯᠣᠳᠤᠭᠠᠷ ᠵᠦᠢᠯ ᠬᠠᠤᠯᠢ ᠶᠢᠨ ᠬᠥᠮᠥᠨ᠂ ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠨᠢ ᠬᠦᠨᠳᠦ ᠨᠣᠴᠢᠲᠠᠢ | ᠢᠲᠡᠭᠡᠯ ᠢᠶᠠᠨ ᠠᠯᠳᠠᠭᠰᠠᠨ ᠭᠤᠣᠯ ᠴᠣᠭᠴᠠ ᠪᠠᠷ ᠨᠤᠲᠠᠯᠠᠨ ᠲᠣᠭᠲᠠᠭᠠᠭᠰᠠᠨ ᠪᠠᠶᠢᠪᠠᠯ᠂ ᠤᠯᠤᠰ ᠤᠨ ᠲᠣᠭᠲᠠᠭᠠᠯ ᠶᠣᠰᠣᠭᠠᠷ ᠲᠡᠭᠦᠨ ᠤ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠭᠤᠣᠯ ᠬᠠᠷᠢᠭᠤᠴᠠᠯᠭᠠᠲᠠᠨ᠂ ᠪᠣᠳᠠᠲᠠᠢ ᠡᠵᠡᠮᠳᠡᠭᠴᠢ ᠶᠢ ᠢᠲᠡᠭᠡᠯ ᠠᠯᠳᠠᠭᠰᠠᠨ ᠲᠡᠮᠳᠡᠭᠯᠡᠯ ᠳᠤ ᠣᠷᠣᠭᠤᠯᠬᠤ ᠬᠡᠷᠡᠭᠲᠡᠢ᠃ | ᠲᠠᠪᠤᠳᠤᠭᠠᠷ ᠪᠦᠯᠦᠭ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ | ᠭᠤᠴᠢᠨ ᠨᠠᠢᠮᠠᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠲᠤᠰ ᠪᠡᠶ᠎ᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠬᠤ ᠪᠠ | ᠪᠠᠭᠤᠯᠭᠠᠨ ᠠᠪᠬᠤ ᠡᠷᠬᠡ ᠲᠠᠢ᠂ ᠲᠡᠭᠦᠨ ᠲᠠᠢ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ᠂ ᠴᠤᠭᠯᠠᠭᠤᠯᠤᠨ ᠡᠮᠬᠢᠳᠬᠡᠭᠰᠡᠨ᠂ | ᠪᠣᠯᠪᠠᠰᠤᠷᠠᠭᠤᠯᠤᠭᠰᠠᠨ ᠪᠠ ᠬᠠᠮᠲᠤ ᠪᠠᠷ ᠬᠤᠪᠢᠶᠠᠯᠴᠠᠭᠰᠠᠨ ᠪᠠᠶᠢᠳᠠᠯ ᠵᠢᠴᠢ ᠲᠡᠭᠦᠨ ᠤ ᠢᠲᠡᠭᠡᠮᠵᠢ ᠶᠢᠨ ᠮᠡᠳᠡᠭᠦᠯᠦᠯᠲᠡ ᠳᠤ ᠲᠣᠳᠣᠷᠬᠠᠢ ᠲᠡᠮᠳᠡᠭᠯᠡᠭᠰᠡᠨ ᠮᠡᠳᠡᠭᠡ | ᠵᠠᠩᠭᠢ ᠶᠢᠨ ᠢᠷᠡᠯᠲᠡ ᠪᠠ ᠬᠤᠪᠢᠷᠠᠯᠲᠠ ᠶᠢᠨ ᠤᠴᠢᠷ ᠰᠢᠯᠲᠠᠭᠠᠨ ᠢ ᠮᠡᠳᠡᠬᠦ ᠡᠷᠬᠡ ᠲᠠᠢ᠃ | ᠭᠤᠴᠢ ᠶᠢᠰᠦᠳᠦᠭᠡᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠠᠷᠯᠠᠨ | ᠨᠡᠶᠢᠲᠡᠯᠡᠭᠰᠡᠨ ᠪᠤᠶᠤ ᠲᠡᠮᠳᠡᠭᠯᠡᠭᠰᠡᠨ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠣᠷᠣᠰᠢᠵᠤ | ᠪᠠᠶᠢᠨ᠎ᠠ ᠭᠡᠵᠦ ᠦᠵᠡᠪᠡᠯ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠭᠰᠠᠨ ᠨᠢᠭᠡᠴᠢ ᠪᠤᠶᠤ ᠲᠡᠭᠦᠨ ᠤ ᠤᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠨᠡᠶᠢᠲᠡᠯᠡᠨ ᠲᠡᠮᠳᠡᠭᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨᠳᠣᠣ ᠰᠠᠨᠠᠯ ᠲᠠᠢ ᠪᠠᠶᠢᠬᠤ | ᠭᠤᠶᠤᠴᠢᠯᠠᠯ ᠭᠠᠷᠭᠠᠵᠤ ᠪᠣᠯᠣᠨ᠎ᠠ᠄ | ︵ᠨᠢᠭᠡ︶ ᠪᠣᠳᠠᠲᠤ ᠪᠠᠶᠢᠳᠠᠯ ᠲᠠᠢ ᠨᠡᠶᠢᠴᠡᠬᠦ ᠦᠭᠡᠢ᠂ ᠪᠤᠷᠤᠭᠤᠳᠠᠭᠰᠠᠨ ᠪᠤᠶᠤ ᠣᠷᠬᠢᠭᠳᠠᠭᠤᠯᠤᠭᠰᠠᠨ ᠪᠠᠶᠢᠳᠠᠯ ᠲᠠᠢ ᠪᠠᠶᠢᠬᠤ︔ | ︵ᠬᠤᠶᠠᠷ︶ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠪᠤᠶᠤ ᠪᠤᠰᠤᠳ ᠬᠠᠤᠯᠢ ᠶᠣᠰᠣᠨ ᠤ ᠡᠷᠬᠡ ᠠᠰᠢᠭ ᠲᠤ ᠨᠢ ᠬᠠᠯᠳᠠᠬᠰᠠᠨ︔ | ︵ᠭᠤᠷᠪᠠ︶ ᠵᠠᠷᠯᠠᠨ ᠨᠡᠶᠢᠲᠡᠯᠡᠬᠦ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠮᠥᠨ ᠵᠠᠷᠯᠠᠨ ᠨᠡᠶᠢᠲᠡᠯᠡᠭᠰᠡᠨ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠨᠡᠶᠢᠲᠡᠯᠡᠵᠦ ᠪᠤᠯᠬᠤ ᠦᠭᠡᠢ ᠪᠤᠰᠤᠳ ᠮᠡᠳᠡᠭᠡ ᠵᠠᠩᠭᠢ᠃ | ᠳᠥᠴᠢᠳᠦᠭᠡᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠡᠷᠬᠡ ᠶᠢ ᠬᠠᠤᠯᠢ ᠶᠣᠰᠣᠭᠠᠷ ᠡᠳ᠋ᠯᠡᠨ᠎ᠡ᠃ | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ ᠵᠠᠰᠠᠨ ᠰᠡᠷᠭᠦᠭᠡᠵᠦ ᠪᠤᠯᠬᠤ ᠦᠭᠡᠢ ᠪᠠᠶᠢᠳᠠᠯ ᠢ ᠭᠠᠷᠭᠠᠪᠠᠯ᠂ ᠬᠤᠯᠪᠣᠭᠳᠠᠯ ᠪᠦᠬᠦᠢ | ᠨᠥᠬᠦᠴᠡᠯ ᠢ ᠬᠠᠩᠭᠠᠭᠰᠠᠨ ᠢᠲᠡᠭᠡᠮᠵᠢ ᠶᠢᠨ ᠭᠤᠣᠯ ᠴᠣᠭᠴᠠ ᠨᠢ ᠴᠥᠮ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠪᠠᠷ ᠭᠤᠶᠤᠴᠢᠯᠠᠬᠤ ᠡᠷᠬᠡ ᠲᠠᠢ᠃ | ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ | ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠨᠢ ᠢᠲᠡᠭᠡᠮᠵᠢ ᠶᠢ ᠰᠡᠷᠭᠦᠭᠡᠬᠦ ᠬᠠᠮᠵᠢᠯᠴᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢ | ᠰᠡᠷᠭᠦᠭᠡᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠵᠡᠷᠭᠡ ᠪᠠᠷ ᠰᠢᠨᠡᠳᠬᠡᠬᠦ ᠬᠡᠷᠡᠭᠲᠡᠢ᠃ ᠢᠲᠡᠭᠡᠮᠵᠢ ᠶᠢᠨ ᠰᠡᠷᠭᠦᠭᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ ᠬᠠᠮᠢᠶ᠎ᠠ | ᠪᠦᠬᠦᠢ ᠨᠢᠭᠡᠴᠢ ᠨᠢ ᠢᠲᠡᠭᠡᠮᠵᠢ ᠶᠢᠨ ᠭᠤᠣᠯ ᠴᠣᠭᠴᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠠᠨ ᠵᠣᠭᠰᠤᠭᠠᠬᠤ ᠬᠡᠷᠡᠭᠲᠡᠢ᠃ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠶᠠᠮᠠᠷ ᠨᠢᠭᠡᠨ ᠭᠡᠯᠪᠡᠷᠢ ᠪᠠᠷ ᠢᠲᠡᠭᠡᠮᠵᠢ ᠶᠢᠨ ᠰᠡᠷᠭᠦᠭᠡᠯᠲᠡ ᠶᠢ ᠭᠤᠶᠤᠴᠢᠯᠠᠭᠰᠠᠨ ᠭᠤᠣᠯ | ᠴᠣᠭᠴᠠ ᠠᠴᠠ ᠶᠠᠮᠠᠷ ᠴᠤ ᠰᠦᠢᠳᠬᠡᠯ ᠬᠤᠷᠢᠶᠠᠵᠤ ᠪᠤᠯᠬᠤ ᠦᠭᠡᠢ᠃ | ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠪᠣᠳᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠳᠥᠴᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ | ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠪᠦᠬᠦᠢ ᠵᠣᠬᠢᠶᠠᠨ ᠪᠠᠶᠢᠭᠤᠯᠤᠯᠲᠠ ᠨᠤᠭᠤᠳ ᠳᠣᠣᠷ᠎ᠠ ᠵᠢᠭᠰᠠᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ | ᠠᠶᠤᠯ ᠦᠭᠡᠢ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄ | ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠲᠣᠭᠲᠠᠴᠠ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠬᠤ ᠭᠡᠷᠡᠭᠲᠡᠢ︔ | ︵ᠬᠤᠶᠠᠷ︶ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ ᠳᠦᠷᠢᠮ ᠤᠨ ᠵᠢᠷᠤᠮᠵᠢᠯ ᠢ ᠪᠠᠶᠢᠭᠤᠯᠬᠤ ᠭᠡᠷᠡᠭᠲᠡᠢ︔ | ︵ᠭᠤᠷᠪᠠ︶ ᠢᠲᠡᠭᠡᠮᠵᠢ ᠶᠢᠨ ᠮᠡᠳᠡᠭᠡ ᠵᠠᠩᠭᠢ ᠶᠢ ᠬᠠᠮᠢᠶᠠᠷᠬᠤ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ ᠭᠡᠷᠡᠭᠲᠡᠢ︔ | ︵ᠳᠥᠷᠪᠡ︶ ᠠᠶᠤᠯᠭᠦᠢ ᠡᠵᠡᠮᠳᠡᠵᠦ ᠪᠤᠯᠬᠤ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠭᠡᠷᠡᠭᠳᠠᠢ︔ | ︵ᠲᠠᠪᠤ︶ ᠮᠡᠳᠡᠭᠡ ᠵᠠᠩᠭᠢ ᠶᠢᠨ ᠠᠮᠤᠷ ᠲᠦᠪᠰᠢᠨ ᠤ ᠲᠤᠬᠠᠢ ᠤᠯᠤᠰ ᠤᠨ ᠬᠤᠯᠪᠣᠭᠳᠠᠯ ᠪᠦᠬᠦᠢ ᠪᠤᠰᠤᠳ ᠲᠣᠭᠲᠠᠭᠠᠯ ᠢ ᠵᠢᠷᠤᠮᠯᠠᠬᠤ ᠬᠡᠷᠡᠭᠲᠡᠢ᠃ | ᠳᠥᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠳᠣᠣᠷᠠᠬᠢ ᠦᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ ᠬᠠᠩᠭᠠᠬᠤ᠂ ᠣᠯᠬᠤ᠂ ᠴᠤᠭᠯᠠᠭᠤᠯᠬᠤ᠂ ᠴᠤᠭᠯᠠᠭᠤᠯᠤᠨ ᠡᠮᠬᠢᠳᠬᠡᠬᠦ᠂ ᠬᠠᠶᠢᠨ ᠯᠠᠪᠯᠠᠬᠤ᠂ | ᠬᠠᠳᠠᠭᠠᠯᠠᠬᠤ᠂ ᠬᠡᠷᠡᠭᠯᠡᠬᠦ᠂ ᠬᠠᠮᠲᠤᠪᠠᠷ ᠬᠤᠪᠢᠶᠠᠯᠴᠠᠬᠤ᠂ ᠢᠯᠡ ᠪᠤᠯᠭᠠᠬᠤ᠂ ᠪᠤᠯᠪᠠᠰᠤᠷᠠᠭᠤᠯᠬᠤ᠂ ᠳᠠᠮᠵᠢᠭᠤᠯᠬᠤ ᠵᠢᠴᠢ ᠬᠠᠳᠠᠭᠠᠯᠠᠬᠤ︔ | ︵ᠬᠤᠶᠠᠷ︶ ᠢᠲᠡᠭᠡᠮᠵᠢ ᠶᠢᠨ ᠭᠤᠣᠯ ᠴᠣᠭᠴᠠ ᠯᠤᠭ᠎ᠠ ᠪᠣᠯᠵᠣᠨ ᠲᠣᠭᠲᠠᠭᠰᠠᠨ ᠬᠡᠪᠴᠢᠶᠡᠨ ᠠᠴᠠ ᠬᠡᠲᠦᠷᠡᠭᠦᠯᠦᠨ ᠢᠲᠡᠭᠡᠮᠵᠢ ᠶᠢᠨ ᠮᠡᠳᠡᠭᠡ ᠵᠠᠩᠭᠢ ᠶᠢ | ᠭᠡᠷᠡᠭᠯᠡᠭᠦ︔ | ︵ᠭᠤᠷᠪᠠ︶ ᠢᠲᠡᠭᠡᠮᠵᠢ ᠶᠢᠨ ᠮᠡᠳᠡᠭᠡ ᠵᠠᠩᠭᠢ ᠶᠢ ᠬᠤᠯᠠᠭᠠᠶᠢᠯᠠᠵᠤ᠂ ᠥᠭᠡᠷᠡᠲᠦᠭᠦᠯᠵᠦ᠂ ᠬᠤᠳᠠᠯ ᠢᠶᠠᠷ ᠵᠣᠬᠢᠶᠠᠵᠤ᠂ ᠲᠣᠭᠲᠠᠭᠠᠯ ᠠᠴᠠ ᠵᠥᠷᠢᠴᠡᠨ ᠬᠠᠰᠤᠵᠤ | ᠬᠠᠶᠠᠬᠤ︔ | ︵ᠳᠥᠷᠪᠡ︶ ᠡᠷᠬᠡ ᠣᠯᠭᠤᠭᠰᠠᠨ ᠦᠭᠡᠢ ᠪᠠᠷ ᠢᠯᠡ ᠪᠤᠯᠭᠠᠬᠰᠠᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔ | ︵ᠲᠠᠪᠤ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠳᠤ ᠬᠤᠯᠪᠣᠭᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ | ᠵᠠᠳᠠᠷᠠᠭᠤᠯᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃ | ᠵᠢᠷᠭᠤᠳᠤᠭᠠᠷ ᠪᠦᠯᠦᠭ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠦᠷᠦᠯ ᠢ ᠵᠢᠷᠤᠮᠵᠢᠭᠤᠯᠬᠤ ᠪᠠ ᠬᠥᠭᠵᠢᠭᠦᠯᠬᠦ | ᠳᠥᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠲᠡᠮᠵᠢᠵᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠣᠶᠢᠵᠢᠭᠤᠯᠬᠤ ᠶᠢ ᠴᠢᠩᠭᠠᠳᠬᠠᠨ᠂ | ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠲᠡᠮᠵᠢᠵᠤ᠂ ᠬᠥᠲᠥᠯᠥᠨ ᠵᠢᠯᠤᠭᠤᠳᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠰᠠᠯᠠᠭ᠎ᠠ ᠮᠥᠴᠢᠷ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠭᠡᠮ ᠳᠤ ᠨᠡᠭᠡᠭᠡᠯᠲᠡ ᠲᠠᠢ ᠪᠤᠯᠭᠠᠬᠤ ᠶᠢ ᠡᠮᠬᠢ ᠵᠢᠷᠤᠮ ᠲᠠᠢ ᠪᠠᠷ ᠥᠷᠭᠡᠳᠬᠡᠵᠦ᠂ | ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠪᠠᠨ | ᠴᠢᠩᠭᠠᠳᠬᠠᠵᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠲᠣᠭᠲᠠᠭᠠᠨ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠤᠨ ᠢᠲᠡᠭᠡᠮᠵᠢ ᠶᠢ ᠲᠡᠮᠳᠡᠭᠯᠡᠬᠦ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ | ᠳᠥᠴᠢᠨ ᠲᠠᠪᠤᠳᠤᠭᠠᠷ ᠵᠦᠢᠯ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠥᠷᠨᠢᠭᠦᠯᠬᠦ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠵᠢᠴᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠂ ᠳᠣᠣᠷᠠᠬᠢ ᠥᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠬᠤᠳᠠᠯ ᠬᠠᠭᠤᠷᠮᠠᠭ ᠢᠶᠠᠷ ᠤᠬᠠᠭᠤᠯᠬᠤ᠂ ᠨᠤᠲᠠᠯᠠᠨ ᠲᠣᠭᠲᠠᠭᠠᠬᠤ ᠵᠡᠷᠭᠡ ᠳᠡᠰ ᠢ ᠠᠮᠠᠯᠠᠵᠤ ᠥᠭᠬᠦ ᠵᠡᠷᠭᠡ ᠠᠷᠭ᠎ᠠ ᠮᠠᠶ᠋ᠢᠭ ᠢᠶᠠᠷ ᠲᠤᠬᠠᠶᠢᠯᠠᠭᠰᠠᠨ | ᠠᠵᠢᠯ ᠢ ᠳᠠᠭᠠᠭᠠᠨ ᠠᠪᠬᠤ︔ | ︵ᠬᠤᠶᠠᠷ︶ ᠮᠠᠭᠤ ᠰᠠᠨᠠᠭ᠎ᠠ ᠡᠪᠦᠷᠯᠡᠨ ᠢᠲᠡᠭᠡᠮᠵᠢ ᠶᠢᠨ ᠭᠤᠣᠯ ᠴᠣᠭᠴᠠ ᠳᠤ ᠲᠡᠰ ᠲᠣᠬᠲᠠᠭᠠᠬᠤ︔ | ︵ᠭᠤᠷᠪᠠ︶ ᠬᠤᠳᠠᠯ ᠬᠠᠭᠤᠷᠮᠠᠭ ᠢᠲᠡᠭᠡᠮᠵᠢ ᠶᠢᠨ ᠨᠤᠲᠠᠯᠠᠯᠲᠠ ᠶᠢᠨ ᠮᠡᠳᠡᠭᠦᠯᠦᠯᠲᠡ ᠭᠠᠷᠭᠠᠵᠤ ᠥᠭᠭᠦ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠥᠢᠯᠡ ᠠᠵᠢᠯᠯᠠᠭ᠎ᠠ᠃ | ᠳᠥᠴᠢᠨ ᠵᠢᠷᠭᠤᠳᠤᠭᠠᠷ ᠵᠦᠢᠯ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠠᠵᠢᠯ ᠲᠦᠷᠦᠯ ᠤᠨ ᠥᠪᠡᠷ ᠢ ᠪᠠᠨ | ᠱᠠᠭᠠᠷᠳᠠᠬᠤ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠵᠢᠷᠤᠮᠵᠢᠯ ᠲᠣᠭᠲᠠᠭᠠᠨ᠂ ᠤᠬᠠᠭᠤᠯᠭ᠎ᠠ ᠪᠣᠯᠪᠠᠰᠤᠷᠠᠯ ᠪᠠ ᠠᠵᠢᠯ ᠲᠦᠷᠦᠯ ᠤᠨ ᠮᠡᠳᠡᠭᠡ ᠵᠠᠩᠭᠢ | ᠨᠡᠶᠢᠲᠡᠯᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯ ᠲᠦᠷᠦᠯ ᠤᠨ ᠦᠢᠯᠡᠴᠢᠯᠡᠭᠡᠨ ᠤ ᠴᠢᠳᠠᠪᠤᠷᠢ ᠪᠠ ᠤᠯᠠᠨ ᠨᠡᠶᠢᠲᠡ ᠳᠤ ᠢᠲᠡᠭᠡᠭᠦᠯᠬᠦ ᠬᠦᠴᠦᠨ ᠢᠶᠠᠨ | ᠳᠡᠭᠡᠭᠰᠢᠯᠡᠭᠦᠯᠭᠦ ᠬᠡᠷᠡᠭᠲᠡᠢ᠃ | ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠥᠴᠢᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃ | ᠳᠥᠴᠢᠨ ᠨᠠᠢᠮᠠᠳᠤᠭᠠᠷ ᠵᠦᠢᠯ ᠲᠤᠰ ᠳᠦᠷᠢᠮ ᠤᠨ ᠳᠥᠴᠢᠨ ᠲᠠᠪᠤᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠳᠣᠣᠷᠠᠬᠢ ᠥᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ᠂ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ | ᠨᠢᠭᠡᠴᠢ ᠶᠢ 2 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠥᠨ ᠢ 1 ᠲᠦᠮᠡᠨ | ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ | ᠠᠰᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ︔ ᠶᠠᠯ᠎ᠠ ᠳᠤ ᠭᠦᠷᠥᠭᠰᠡᠨ ᠪᠣᠯ᠂ ᠬᠠᠤᠯᠢ | ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠤᠳᠠᠯ ᠬᠠᠭᠤᠷᠮᠠᠭ ᠢᠶᠠᠷ ᠤᠬᠠᠭᠤᠯᠬᠤ᠂ ᠨᠤᠲᠠᠯᠠᠨ ᠲᠣᠭᠲᠠᠭᠠᠬᠤ ᠵᠡᠷᠭᠡ ᠲᠡᠰ ᠢ ᠠᠮᠠᠯᠠᠬᠤ ᠵᠡᠷᠭᠡ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢ | ᠳᠠᠭᠠᠭᠠᠨ ᠠᠪᠤᠬᠰᠠᠨ︔ | ︵ᠬᠤᠶᠠᠷ︶ ᠮᠠᠭᠤ ᠰᠠᠨᠠᠭ᠎ᠠ ᠡᠪᠦᠷᠯᠡᠨ ᠢᠲᠡᠭᠡᠮᠵᠢ ᠶᠢᠨ ᠭᠤᠣᠯ ᠴᠣᠭᠴᠠ ᠳᠤ ᠲᠡᠰ ᠲᠣᠬᠲᠠᠭᠠᠬᠰᠠᠨ︔ | ︵ᠭᠤᠷᠪᠠ︶ ᠬᠤᠳᠠᠯ ᠬᠠᠭᠤᠷᠮᠠᠭ ᠢᠲᠡᠭᠡᠮᠵᠢ ᠶᠢᠨ ᠨᠤᠲᠠᠯᠠᠯᠲᠠ ᠶᠢᠨ ᠮᠡᠳᠡᠭᠦᠯᠦᠯᠲᠡ ᠭᠠᠷᠭᠠᠵᠤ ᠥᠭᠭᠦᠭᠰᠡᠨ᠃ | ᠳᠥᠴᠢ ᠶᠢᠰᠦᠳᠦᠭᠡᠷ ᠵᠦᠢᠯ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠤᠨ ᠳᠤᠮᠳᠠ᠂ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠠᠴᠠ ᠵᠥᠷᠢᠴᠡᠭᠰᠡᠨ | ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ | ᠶᠠᠯ᠎ᠠ ᠳᠤ ᠭᠦᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢᠳᠤᠭᠠᠷ ᠵᠦᠢᠯ ᠮᠡᠳᠡᠭᠡ ᠵᠠᠩᠭᠢ ᠴᠤᠭᠯᠠᠭᠤᠯᠬᠤ ᠠᠵᠤ ᠦᠢᠯᠡᠰ ᠤᠨ ᠬᠢᠨᠠᠯᠲᠠ ᠬᠠᠮᠢᠶᠠᠷᠤᠯᠲᠠ ᠶᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ᠲᠠᠪᠢᠨ ᠨᠢᠭᠡᠳᠦᠭᠡᠷ ᠵᠦᠢᠯ ᠲᠤᠰ ᠳᠦᠷᠢᠮ ᠢ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |