ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ ︽ | ᠳᠤᠮᠳᠠᠳᠤ ᠶᠢᠨ ᠡᠯ᠎ᠡ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ᠂ ᠳᠤᠮᠳᠠᠳᠤ ᠶᠢᠨ ᠬᠦᠰᠡᠯ ᠢ ᠬᠠᠮᠲᠤ ᠪᠠᠷ ᠳᠡᠷᠭᠡᠯᠰᠢᠯᠡᠭᠦᠯᠭᠦ︾ ᠡᠷᠡᠭᠦᠯ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠥᠯᠥᠭᠡ᠂ ᠮᠥᠨ ᠴᠦ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠪᠠᠶᠢᠭᠤᠯᠬᠤ ᠪᠠ | ᠮᠠᠨ ᠤ ᠬᠤᠳᠠ ᠶᠢᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠨ ᠳᠠᠪᠰᠢᠬᠰᠠᠨ ᠵᠢᠱᠢᠶᠡᠴᠢ ᠬᠤᠳᠠ ᠶᠢ ᠪᠦᠲᠦᠭᠡᠨ ᠪᠠᠶᠢᠭᠤᠯᠬᠤ ᠠᠵᠢᠯ ᠳᠤ ᠬᠦᠴᠦᠨ | ᠨᠡᠮᠡᠷᠢᠯᠡᠬᠦ ᠶᠢᠨ ᠲᠥᠯᠥᠭᠡ᠂ 29 ᠳ᠋ᠦ᠋ᠭᠡᠷ ᠬᠤᠭᠤᠴᠠᠭᠠᠨ ᠤ ︽ᠳᠡᠯᠡᠬᠡᠢ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠲᠦᠩᠯᠢᠶᠣᠣ ᠬᠤᠳᠠ | ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠦᠩᠯᠢᠶᠣᠣ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠧᠢᠰ ᠲᠣᠪᠴᠢᠶ᠎ᠠ᠂ ᠲᠦᠩᠯᠢᠶᠣᠣ ᠬᠤᠳᠠ ᠶᠢᠨ | ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠣᠯᠯᠠᠨ ᠡᠷᠭᠢᠯᠡᠵᠤ᠂ ᠲᠦᠩᠯᠢᠶᠣᠣ ᠬᠤᠳᠠ ᠶᠢᠨ ᠨᠣᠮ ᠤᠨ ᠰᠠᠩ᠂ ᠲᠦᠩᠯᠢᠶᠣᠣ ᠶᠢᠨ ᠵᠣᠬᠢᠶᠠᠯᠴᠢᠳ ᠤᠨ | ᠡᠪᠯᠡᠯ᠂ ᠵᠢᠷᠢᠮ ᠤᠨ ᠤᠷᠠᠨ ᠵᠣᠬᠢᠶᠠᠯ ᠨᠠᠶᠢᠷᠠᠭᠤᠯᠬᠤ ᠬᠡᠯᠲᠡᠰ᠂ ᠲᠦᠩᠯᠢᠶᠣᠣ ᠬᠤᠳᠠ ᠶᠢᠨ ᠤᠳᠬ᠎ᠠ ᠵᠣᠬᠢᠶᠠᠯ ᠤᠷᠠᠯᠢᠭ ᠵᠣᠬᠢᠶᠠᠨ ᠪᠦᠲᠦᠭᠡᠬᠦ ᠰᠤᠳᠤᠯᠬᠤ ᠲᠥᠪ᠂ | ᠲᠦᠩᠯᠢᠶᠣᠣ ᠶᠢᠨ ᠤᠳᠬ᠎ᠠ ᠵᠣᠬᠢᠶᠠᠯ ᠤᠨ ᠤᠷᠠᠨ ᠤᠩᠰᠢᠯᠭ᠎ᠠ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽ᠤᠮᠠᠷᠠᠲᠤ ᠬᠢᠯᠢ ᠶᠢᠨ ᠤᠶᠠᠩᠭ᠎ᠠ ᠶᠢᠨ | ᠲᠦᠷᠡᠯᠭᠡ ᠦᠵᠡᠰᠬᠦᠯᠡᠩᠲᠦ ᠰᠠᠶᠢᠬᠠᠨ ᠲᠦᠩᠯᠢᠶᠣᠣ ᠶᠢᠨ ᠡᠭᠡᠰᠢᠭ︾ ᠤᠳᠬ᠎ᠠ ᠵᠣᠬᠢᠶᠠᠯ ᠤᠷᠠᠨ ᠤᠩᠰᠢᠯᠭ᠎ᠠ ᠶᠢᠨ ᠴᠢᠭᠤᠯᠭᠠᠨ 2024 ᠣᠨ ᠤ 4 ᠰᠠᠷ᠎ᠠ ᠶᠢᠨ | 21 ᠤ ᠡᠳᠦᠷ ᠤᠨ ᠦᠳᠡ ᠶᠢᠨ ᠡᠮᠦᠨ᠎ᠡ ᠲᠦᠩᠯᠢᠶᠣᠣ ᠬᠤᠳᠠ ᠶᠢᠨ ᠨᠣᠮ ᠤᠨ ᠰᠠᠩ ᠳᠤ ᠠᠮᠵᠢᠯᠲᠠ ᠲᠠᠢ ᠶᠠᠪᠤᠭᠳᠠᠯ᠎ᠠ᠃ | ᠲᠦᠩᠯᠢᠶᠣᠣ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠨᠢᠩ ᠯᠢ ᠰᠢᠨ᠂ | ᠱᠠ ᠯᠢ ᠸᠧᠢ᠂ ᠲᠦᠩᠯᠢᠶᠣᠣ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠧᠢᠰ ᠲᠣᠪᠴᠢᠶ᠎ᠠ ᠶᠢᠨ ᠤᠷᠠᠯᠢᠭ ᠤᠨ ᠰᠠᠯᠠᠭᠠᠨ ᠤ ᠰᠠᠯᠠᠭᠠᠨ ᠳᠠᠷᠤᠭ᠎ᠠ ᠵᠧᠦ ᠶᠠᠩ᠂ | ᠲᠦᠩᠯᠢᠶᠣᠣ ᠬᠤᠳᠠ ᠶᠢᠨ ᠨᠣᠮ ᠤᠨ ᠰᠠᠩ ᠤᠨ ᠳᠡᠳ᠋ ᠳᠠᠷᠤᠭ᠎ᠠ ᠭᠤᠤ ᠯᠢ ᠫᠢᠩ᠂ ᠲᠦᠩᠯᠢᠶᠣᠣ ᠶᠢᠨ ᠵᠣᠬᠢᠶᠠᠯᠴᠢᠳ ᠤᠨ ᠡᠪᠯᠡᠯ ᠤᠨ ᠲᠡᠷᠢᠭᠦᠯᠡᠭᠴᠢ᠂ ᠲᠦᠩᠯᠢᠶᠣᠣ | ᠬᠤᠳᠠ ᠶᠢᠨ ᠤᠳᠬ᠎ᠠ ᠵᠣᠬᠢᠶᠠᠯ ᠤᠷᠠᠯᠢᠭ ᠵᠣᠬᠢᠶᠠᠨ ᠪᠦᠲᠦᠭᠡᠬᠦ ᠰᠤᠳᠤᠯᠬᠤ ᠲᠥᠪ ᠤᠨ ᠡᠷᠭᠢᠯᠡᠭᠴᠢ ᠰᠢᠶᠣᠣ ᠶᠦᠡᠭ᠂ ᠵᠢᠷᠢᠮ ᠤᠨ ᠤᠷᠠᠨ ᠵᠣᠬᠢᠶᠠᠯ ᠨᠠᠶᠢᠷᠠᠭᠤᠯᠬᠤ | ᠬᠡᠯᠲᠡᠰ ᠤᠨ ᠶᠡᠷᠦᠩᠬᠡᠢ ᠨᠠᠶᠢᠷᠠᠭᠤᠯᠤᠭᠴᠢ᠂ ᠲᠦᠩᠯᠢᠶᠣᠣ ᠶᠢᠨ ᠵᠣᠬᠢᠶᠠᠯᠴᠢᠳ ᠤᠨ ᠡᠪᠯᠡᠯ ᠤᠨ ᠨᠠᠮ ᠤᠨ ᠡᠭᠦᠷ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ | ᠪᠠᠢ ᠶᠢᠨ ᠱᠧᠡᠭ᠂ ᠲᠦᠩᠯᠢᠶᠣᠣ ᠬᠤᠳᠠ ᠶᠢᠨ ᠬᠠᠮ ᠵᠠᠭᠤᠴᠢᠯᠠᠭᠤᠷ ᠤᠨ ᠲᠥᠪ ᠤᠨ ᠷᠠᠳᠢᠣ᠋ ᠫᠷᠣᠭ᠍ᠷᠠᠮ ᠤᠨ ᠨᠠᠶᠢᠷᠠᠭᠤᠯᠬᠤ ᠣᠷᠴᠢᠭᠤᠯᠬᠤ ᠬᠡᠯᠲᠡᠰ ᠤᠨ ᠡᠷᠭᠢᠯᠡᠭᠴᠢ | ᠢᠦᠢ ᠱᠠᠨ᠂ ᠵᠢᠷᠢᠮ ᠤᠨ ᠤᠷᠠᠨ ᠵᠣᠬᠢᠶᠠᠯ ᠤᠨ ᠨᠠᠶᠢᠷᠠᠭᠤᠯᠬᠤ ᠬᠡᠯᠲᠡᠰ ᠤᠨ ᠳᠡᠳ᠋ ᠶᠡᠷᠦᠩᠬᠡᠢ ᠨᠠᠶᠢᠷᠠᠭᠤᠯᠤᠭᠴᠢ ᠪᠠᠢ ᠵᠢᠩ᠂ ᠲᠤᠯᠭᠠᠭᠤᠷᠢ᠂ ᠨᠠᠶᠢᠷᠠᠭᠤᠯᠬᠤ ᠭᠡᠷ ᠤᠨ | ᠡᠷᠭᠢᠯᠡᠭᠴᠢ ᠪᠤᠶᠠᠨᠲᠤ ᠵᠢᠴᠢ ᠵᠢᠷᠢᠮ ᠤᠨ ᠤᠷᠠᠨ ᠵᠣᠬᠢᠶᠠᠯ ᠨᠠᠶᠢᠷᠠᠭᠤᠯᠬᠤ ᠬᠡᠯᠲᠡᠰ ᠤᠨ ᠪᠦᠭᠦ ᠠᠵᠢᠯᠲᠠᠨ ᠪᠠ ᠨᠣᠮ ᠤᠨ ᠪᠠᠭ᠋ᠠᠲᠠᠳ ᠳᠤᠰ ᠴᠢᠭᠤᠯᠭᠠᠨ ᠳᠤ | ᠣᠷᠣᠯᠴᠠᠪᠠ᠃ | ᠳᠤᠰ ᠤᠷᠠᠨ ᠤᠩᠰᠢᠯᠭ᠎ᠠ ᠶᠢᠨ ᠴᠢᠭᠤᠯᠭᠠᠨ ᠳᠤ ᠪ᠊ · ᠵᠣᠷᠢᠭᠲᠤ᠂ ᠶᠠᠨ ᠨᠠᠨ ᠹᠡᠢ᠂ ᠴᠧᠨ ᠰᠠᠷᠠᠨ᠎ᠠ᠂ ᠪᠣᠷᠣᠭᠠᠨ᠂ ᠠᠨᠢᠰᠤ᠂ ᠺᠦᠡᠭ ᠴᠢᠩ ᠶᠠᠨ ᠵᠡᠷᠭᠡ ᠮᠠᠨ ᠤ | ᠬᠤᠳᠠ ᠶᠢᠨ ᠵᠢᠷᠭᠤᠭᠠᠨ ᠵᠣᠬᠢᠶᠠᠯᠴᠢ ᠶᠢᠨ ᠰᠢᠯᠢᠳᠡᠭ ᠪᠦᠲᠦᠭᠡᠯ ᠠᠴᠠ ᠰᠣᠩᠭᠤᠨ᠂ ᠲᠦᠩᠯᠢᠶᠣᠣ ᠶᠢᠨ ᠤᠳᠬ᠎ᠠ ᠵᠣᠬᠢᠶᠠᠯ ᠤᠨ ᠤᠷᠠᠨ ᠤᠩᠰᠢᠯᠭ᠎ᠠ ᠶᠢᠨ | ᠨᠡᠶᠢᠭᠡᠮᠯᠢᠭ ᠤᠨ ᠦ᠋ ᠲᠦᠪᠰᠢᠨ᠂ ᠹᠦ᠋ ᠢ ᠬᠤᠨᠭ᠌᠂ ᠯᠢᠦᠢ ᠸᠧᠨ ᠴᠢ᠂ ᠰᠡᠴᠡᠩᠭᠤᠸ᠎ᠠ᠂ ᠮᠠ ᠱᠤᠸᠠᠩ ᠱᠠᠨ᠂ ᠶᠠᠩ ᠵᠧ᠂ ᠰᠢᠶᠠᠩ ᠨᠠᠨ᠂ ᠬᠤᠤ ᠮᠢᠩ᠂ ᠰᠦᠯᠳᠡ | ᠠᠴᠠ ᠤᠶᠠᠩᠭᠠᠯᠠᠨ ᠤᠩᠰᠢᠵᠤ᠂ ᠵᠣᠬᠢᠶᠠᠯᠴᠢᠳ ᠤᠨ ᠥᠪᠡᠷ ᠤᠨ ᠵᠣᠬᠢᠶᠠᠯ ᠪᠦᠲᠦᠭᠡᠯ ᠤᠨ ᠣᠨᠴᠠᠯᠢᠭ ᠰᠢᠨᠵᠢ ᠵᠢᠴᠢ ᠵᠣᠬᠢᠶᠠᠨ ᠪᠦᠲᠦᠭᠡᠭᠰᠡᠨ ᠣᠩᠭᠤᠳ ᠪᠢᠯᠢᠭ ᠤᠨ | ᠢᠶᠠᠨ ᠢᠷᠡᠯᠲᠡ ᠶᠢᠨ ᠲᠤᠬᠠᠢ ᠲᠣᠭᠠᠴᠢᠵᠤ᠂ ᠲᠦᠷᠪᠡᠨ ᠤᠲᠠᠰᠤᠲᠤ ᠬᠤᠭᠤᠷ᠂ ᠮᠣᠷᠢᠨ ᠬᠤᠭᠤᠷ᠂ ᠬᠥᠭᠡᠮᠡᠢ ᠶᠢᠨ ᠢᠷᠠᠭᠤ ᠠᠶᠠᠯᠭᠤ᠂ ᠤᠷᠠᠨ ᠡᠭᠡᠰᠢᠭᠯᠡᠩ ᠤᠨ | ᠬᠠᠮᠲᠤᠷᠠᠯ ᠢᠶᠠᠷ ᠨᠣᠮ ᠤᠩᠰᠢᠬᠤ ᠶᠢᠨ ᠰᠠᠶᠢᠨ ᠲᠠᠯ᠎ᠠ ᠪᠠ ᠬᠥᠮᠥᠰ ᠲᠤ ᠡᠷᠡᠭᠦᠯ ᠥᠭᠡᠳᠡᠷᠬᠡᠭ ᠦᠵᠡᠯ ᠰᠠᠨᠠᠭ᠎ᠠ ᠶᠢ ᠬᠡᠷᠬᠢᠨ ᠤᠯᠠᠮᠵᠢᠯᠠᠬᠤ ᠶᠢ ᠰᠤᠷᠲᠠᠯᠴᠢᠯᠠᠪᠠ᠃ | ᠤᠷᠠᠨ ᠤᠩᠰᠢᠯᠭ᠎ᠠ ᠶᠢᠨ ᠳᠠᠷᠠᠭ᠎ᠠ ᠵᠢᠷᠭᠤᠭᠠᠨ ᠵᠣᠬᠢᠶᠠᠯᠴᠢ ᠳᠤ ᠪᠦᠲᠦᠭᠡᠯ ᠢ ᠨᠢ ᠬᠤᠷᠢᠶᠠᠨ ᠬᠠᠳᠠᠭᠠᠯᠠᠭᠰᠠᠨ ᠦᠨᠡᠮᠯᠡᠯ ᠬᠦᠷᠲᠡᠭᠡᠵᠦ᠂ ᠤᠩᠰᠢᠭᠴᠢᠳ ᠲᠤ | ᠢᠷᠠᠭᠤ ᠠᠯᠳᠠᠷ ᠤᠨ ᠦᠨᠡᠮᠯᠡᠯ ᠣᠯᠭᠤᠪᠠ᠃ ᠬᠠᠮᠤᠭ ᠡᠴᠦᠰ ᠲᠤ ᠴᠢᠭᠤᠯᠭᠠᠨ ᠳᠤ ᠣᠷᠣᠯᠴᠠᠭᠰᠠᠳ ᠬᠠᠮᠲᠤ ᠶᠢᠨ ᠰᠡᠭᠦᠳᠡᠷ ᠠᠪᠬᠠᠭᠤᠯᠵᠤ᠂ ᠡᠨᠡ ᠤᠳᠠᠭᠠᠨ ᠤ | ᠴᠢᠭᠤᠯᠭᠠᠨ ᠢᠶᠠᠨ ᠥᠨᠳᠥᠷᠯᠡᠭᠦᠯᠵᠡᠢ᠃ | ᠡᠨᠡ ᠤᠳᠠᠭᠠᠨ ᠤ ᠤᠷᠠᠨ ᠤᠩᠰᠢᠯᠭ᠎ᠠ ᠶᠢᠨ ᠴᠢᠭᠤᠯᠭᠠᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ | ᠲᠤᠭᠤᠰᠢᠯᠠᠭᠤᠯᠵᠤ᠂ ︽ᠦᠨᠳᠦᠰᠦᠲᠡᠨ ᠪᠦᠭᠦᠨ ᠨᠢᠭᠡ ᠭᠡᠷ ᠪᠦᠯᠢ ᠮᠡᠲᠦ ᠪᠦᠯᠬᠦᠮᠳᠡᠨ ᠨᠢᠭᠲᠠᠷᠠᠬᠤ︾ ᠦᠵᠡᠯ ᠰᠠᠨᠠᠭ᠎ᠠ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠲᠦᠭᠡᠨ ᠪᠠᠶᠢᠭᠤᠯᠬᠤ ᠳᠤ ᠬᠦᠴᠦ ᠨᠡᠮᠡᠷᠢ ᠦᠵᠡᠭᠦᠯᠦᠭᠰᠡᠨ ᠠᠮᠵᠢᠯᠲᠠ ᠲᠠᠢ ᠨᠢᠭᠡᠨ | ᠬᠥᠳᠡᠯᠭᠡᠭᠡᠨ ᠪᠣᠯᠤᠭᠰᠠᠨ ᠶᠤᠮ᠃ |