4 ᠰᠠᠷ᠎ᠠ ᠶᠢᠨ 23 ᠤ ︽ᠳᠡᠯᠡᠬᠡᠢ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠲᠦᠩᠯᠢᠶᠣᠣ ᠬᠤᠲᠠ ᠶᠢᠨ ᠵᠠᠯᠠᠭᠤᠴᠤᠳ | ᠪᠠᠭᠠᠴᠤᠳ ᠤᠨ ᠣᠷᠳᠣᠨ ︽ᠨᠣᠮ ᠪᠢᠴᠢᠭ ᠲᠠᠨ ᠤ ᠦᠰᠦᠨ ᠪᠤᠶᠢᠵᠢᠯᠲᠠ ᠳᠤ ᠬᠠᠨᠢ ᠪᠣᠯᠵᠤ ᠤᠶᠤᠨ ᠪᠢᠯᠢᠭ ᠤᠨ ᠭᠡᠷᠡᠯ ᠭᠢᠯᠪᠠᠭ᠎ᠠ ᠶᠢ ᠰᠠᠴᠤᠷᠠᠭᠤᠯᠤᠮᠤᠢ︾ ᠭᠡᠬᠦ | ᠵᠠᠯᠠᠭᠤᠴᠤᠳ ᠪᠠᠭᠠᠴᠤᠳ ᠤᠨ ᠨᠣᠮ ᠤᠩᠰᠢᠯᠭ᠎ᠠ ᠶᠢᠨ ᠠᠵᠢᠯᠯᠠᠭ᠎ᠠ ᠶᠠᠪᠤᠭᠳᠠᠭᠤᠯᠪᠠ᠃ | ᠵᠠᠯᠠᠭᠤᠴᠤᠳ ᠪᠠᠭᠠᠴᠤᠳ ᠤᠨ ᠤᠩᠰᠢᠯᠭ᠎ᠠ ᠶᠢᠨ ᠤᠷᠮ᠎ᠠ ᠪᠠᠬ᠎ᠠ ᠪᠠ ᠤᠩᠰᠢᠯᠭ᠎ᠠ ᠶᠢᠨ ᠤᠷᠮ᠎ᠠ ᠵᠣᠷᠢᠭ ᠢ ᠤᠯᠠᠮ ᠨᠢᠭᠡ ᠠᠯᠬᠤᠮ ᠬᠥᠭᠵᠢᠭᠡᠨ ᠳᠠᠶᠢᠴᠢᠯᠠᠵᠤ᠂ | ᠮᠡᠳᠡᠯᠭᠡ ᠪᠠᠨ ᠪᠠᠶᠠᠯᠢᠭᠵᠢᠭᠤᠯᠤᠨ᠂ ᠬᠠᠷᠠᠭ᠎ᠠ ᠪᠠᠨ ᠥᠷᠭᠡᠳᠬᠡᠵᠦ᠂ ᠣᠶᠤᠨ ᠤᠬᠠᠭᠠᠨ ᠢᠶᠠᠨ ᠰᠡᠬᠡᠭᠡᠷᠡᠭᠦᠯᠦᠨ᠂ ᠨᠣᠮ ᠤᠩᠰᠢᠬᠤ ᠬᠠᠪᠤ ᠴᠡᠩᠭᠡᠯ ᠢ ᠡᠳ᠋ᠯᠡᠬᠦ ᠶᠢᠨ | ᠲᠥᠯᠥᠭᠡ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠨᠣᠮ ᠤᠩᠰᠢᠬᠤ ᠤᠷᠮ᠎ᠠ ᠪᠠᠬ᠎ᠠ ᠪᠠᠨ ᠢᠯᠡᠷᠡᠭᠦᠯᠵᠦ᠂ ᠤᠩᠰᠢᠯᠭ᠎ᠠ ᠶᠢᠨ ᠳᠠᠳᠬᠠᠯ ᠢᠶᠠᠨ | ᠬᠥᠮᠥᠵᠢᠭᠦᠯᠬᠦ ᠶᠢ ᠵᠣᠷᠢᠭᠵᠢᠭᠤᠯᠬᠤ ᠶᠢᠨ ᠲᠥᠯᠥᠭᠡ ᠶᠤᠮ᠃ ᠲᠦᠩᠯᠢᠶᠣᠣ ᠬᠤᠲᠠ ᠶᠢᠨ ᠵᠠᠯᠠᠭᠤᠴᠤᠳ ᠪᠠᠭᠠᠴᠤᠳ ᠤᠨ ᠣᠷᠳᠣᠨ ᠳᠤ ︽ᠨᠣᠮ ᠪᠢᠴᠢᠭ ᠲᠠᠨ ᠤ | ᠦᠰᠦᠨ ᠪᠤᠶᠢᠵᠢᠯᠲᠠ ᠳᠤ ᠬᠠᠨᠢ ᠪᠣᠯᠵᠤ ᠤᠶᠤᠨ ᠪᠢᠯᠢᠭ ᠤᠨ ᠭᠡᠷᠡᠯ ᠭᠢᠯᠪᠠᠭ᠎ᠠ ᠶᠢ ᠰᠠᠴᠤᠷᠠᠭᠤᠯᠤᠮᠤᠢ︾ ᠭᠡᠬᠦ ᠵᠠᠯᠠᠭᠤᠴᠤᠳ ᠪᠠᠭᠠᠴᠤᠳ ᠤᠨ ᠨᠣᠮ ᠤᠩᠰᠢᠬᠤ ᠶᠢ | ᠬᠠᠮᠲᠤ ᠪᠠᠷ ᠡᠳ᠋ᠯᠡᠬᠦ ᠴᠤᠭᠯᠠᠭᠠᠨ ᠤ ᠠᠵᠢᠯᠯᠠᠭ᠎ᠠ ᠶᠢ ᠥᠷᠨᠢᠭᠦᠯᠵᠡᠢ᠃ | ᠠᠵᠢᠯᠯᠠᠭ᠎ᠠ ᠶᠢᠨ ᠳᠤᠮᠳᠠ ᠳᠠᠭᠠᠭᠤᠯᠤᠨ ᠤᠩᠰᠢᠬᠴᠢ ᠠᠴᠠ ᠬᠡᠦᠬᠡᠳ ᠤᠳ ᠲᠤ ︽ᠬᠢᠴᠢᠶᠡᠯ ᠤᠨ ᠳᠡᠪᠲᠡᠷ ᠤᠨ ᠳᠠᠭᠠᠤ ᠵᠤᠭᠠᠴᠠᠮᠤᠢ︾ ᠭᠡᠬᠦ ᠨᠣᠮ ᠢ | ᠬᠤᠪᠢᠶᠠᠯᠴᠠᠵᠤ᠂ ᠨᠣᠮ ᠤᠨ ᠠᠷᠤ ᠦᠵᠡᠭᠳᠡᠯ᠂ ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ᠂ ᠭᠡᠷᠡᠯ ᠵᠢᠷᠤᠭ ᠢ ᠳᠠᠳᠠᠨ ᠣᠷᠣᠭᠤᠯᠬᠤ ᠵᠡᠷᠭᠡ ᠤᠯᠠᠨ ᠲᠠᠯ᠎ᠠ ᠠᠴᠠ | ᠬᠡᠦᠬᠡᠳ ᠤᠳ ᠲᠤ ᠨᠣᠮ ᠪᠢᠴᠢᠭ ᠢ ᠲᠠᠨᠢᠯᠴᠠᠭᠤᠯᠵᠤ ᠥᠭᠴᠡᠢ᠃ | ᠠᠵᠢᠯᠯᠠᠭ᠎ᠠ ᠳᠤ ᠬᠡᠦᠬᠡᠳ ᠤᠳ ᠢᠳᠡᠪᠬᠢᠲᠡᠢ ᠪᠠᠷ ᠶᠠᠷᠢᠯᠴᠠᠬᠤ ᠪᠠ ᠬᠠᠷᠢᠯᠴᠠᠨ ᠬᠥᠳᠡᠯᠦᠯᠴᠡᠵᠦ᠂ ᠥᠪᠡᠷ ᠤᠨ ᠪᠡᠶ᠎ᠡ ᠪᠠᠨ ᠲᠠᠨᠢᠯᠴᠠᠭᠤᠯᠬᠤ ᠪᠤᠶᠤ ᠨᠣᠮ | ᠰᠣᠨᠣᠰᠤᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠪᠠ᠃ ᠤᠩᠰᠢᠯᠭ᠎ᠠ ᠶᠢᠨ ᠴᠠᠭ ᠪᠤᠯᠬᠤ ᠳᠤ᠂ ᠬᠡᠦᠬᠡᠳ ᠤᠳ ᠨᠠᠮ ᠵᠢᠮ ᠢᠶᠠᠷ ᠨᠣᠮ ᠤᠩᠰᠢᠬᠤ ᠪᠤᠶᠤ | ᠳᠡᠷᠭᠡᠳᠡᠬᠢ ᠨᠥᠬᠦᠳ ᠲᠠᠢ ᠪᠠᠨ ᠨᠠᠮ ᠳᠠᠭᠤᠨ ᠢᠶᠠᠷ ᠶᠠᠷᠢᠯᠴᠠᠵᠤ᠂ ᠲᠤᠰ ᠨᠣᠮ ᠠᠴᠠ ᠣᠯᠣᠭᠰᠠᠨ ᠮᠡᠳᠡᠯᠭᠡ ᠪᠠ ᠶᠣᠰᠣ ᠤᠴᠢᠷ ᠢᠶᠠᠨ ᠬᠤᠪᠢᠶᠠᠯᠴᠠᠵᠤ ᠪᠠᠶᠢᠯ᠎ᠠ᠃ | ᠠᠰᠠᠭᠤᠯᠲᠠ ᠠᠰᠠᠭᠤᠬᠤ ᠴᠠᠭ ᠪᠤᠯᠬᠤ ᠳᠤ᠂ ᠬᠡᠦᠬᠡᠳ ᠤᠳ ᠢᠳᠡᠪᠬᠢᠲᠡᠢ ᠪᠠᠷ ᠭᠠᠷ ᠡᠷᠭᠦᠨ ᠥᠪᠡᠷ ᠤᠨ ᠳᠤᠷᠠᠲᠠᠢ ᠨᠢᠭᠡ ᠪᠠᠳᠠᠭ ᠦᠭᠡ ᠪᠠᠨ ᠰᠣᠩᠭᠤᠵᠤ᠂ ᠨᠣᠮ | ᠤᠩᠰᠢᠭᠰᠠᠨ ᠣᠯᠣᠯᠲᠠ ᠲᠥᠷᠥᠭᠳᠡᠯ ᠢᠶᠠᠨ ᠶᠠᠷᠢᠵᠤ᠂ ᠤᠩᠰᠢᠯᠭ᠎ᠠ ᠶᠢᠨ ᠠᠷᠭ᠎ᠠ ᠪᠠᠨ ᠬᠤᠪᠢᠶᠠᠯᠴᠠᠵᠤ᠂ ᠨᠣᠮ ᠤᠩᠰᠢᠬᠤ ᠶᠠᠪᠤᠴᠠ ᠳᠤ ᠥᠪᠡᠷ ᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠪᠦᠭᠦ ᠲᠠᠯᠠᠪᠠᠢ ᠶᠢᠨ ᠠᠭᠤᠷ ᠠᠮᠢᠰᠬᠤᠯ ᠡᠮᠬᠢ ᠳᠢᠭᠯᠢᠮ ᠲᠠᠢ ᠪᠥᠭᠡᠳ ᠭᠦᠷ ᠬᠥᠭᠵᠢᠶᠡᠨ ᠲᠠᠢ ᠪᠠᠶᠢᠯ᠎ᠠ᠃ | ᠤᠩᠰᠢᠯᠭ᠎ᠠ ᠶᠢᠨ ᠠᠵᠢᠯᠯᠠᠭ᠎ᠠ ᠲᠡᠭᠦᠰᠦᠭᠰᠡᠨ ᠤ ᠲᠠᠷᠠᠭ᠎ᠠ᠂ ᠬᠡᠦᠬᠡᠳ ᠪᠣᠯᠣᠨ ᠭᠡᠷ ᠤᠨ ᠠᠬᠠᠮᠠᠳ ᠳᠤᠰ ᠤᠳᠠᠭ᠎ᠠ ᠶᠢᠨ ᠨᠣᠮ ᠤᠩᠰᠢᠯᠭ᠎ᠠ ᠶᠢᠨ ᠠᠵᠢᠯᠯᠠᠭ᠎ᠠ ᠶᠢ | ᠥᠨᠳᠥᠷ ᠦᠨᠡᠯᠡᠵᠦ᠂ ᠠᠭᠤᠯᠭ᠎ᠠ ᠨᠢ ᠭᠤᠶᠢᠳᠠ ᠰᠠᠶᠢᠬᠠᠨ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠤᠩᠰᠢᠭᠴᠢᠳ ᠢ ᠳᠠᠭᠠᠭᠤᠯᠤᠨ ᠵᠢᠵᠢᠭ | ᠦᠯᠢᠭᠡᠷ ᠤᠳ ᠠᠴᠠ ᠭᠠᠷᠳᠠᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠲᠤ ᠠᠮᠢ ᠨᠠᠰᠤᠨ ᠤ ᠡᠷᠬᠢᠮ ᠨᠠᠨᠳᠢᠨ ᠢ ᠭᠦᠨᠵᠡᠭᠡᠢ ᠲᠠᠨᠢᠭᠤᠯᠵᠤ᠂ ᠣᠳᠣᠬᠢ | ᠪᠠᠶᠢᠳᠠᠯ ᠢᠶᠠᠨ ᠨᠠᠨᠳᠢᠩᠨᠠᠵᠤ᠂ ᠰᠡᠳᠬᠢᠯ ᠲᠠᠯᠪᠢᠨ ᠠᠮᠢᠳᠤᠷᠠᠯ ᠢ ᠣᠶᠢᠯᠠᠭᠠᠵᠤ᠂ ᠰᠣᠶᠣᠯ ᠢ ᠮᠡᠳᠡᠷᠡᠵᠦ᠂ ᠰᠡᠳᠬᠢᠯ ᠲᠠᠯᠪᠢᠨ ᠡᠬᠡ ᠪᠠᠶᠢᠭᠠᠯᠢ ᠶᠢᠨ ᠦᠵᠡᠰᠬᠦᠯᠡᠩᠲᠦ | ᠰᠠᠶᠢᠬᠠᠨ ᠪᠠ ᠰᠣᠶᠣᠯ ᠢᠷᠭᠡᠨᠰᠢᠯ ᠤᠨ ᠷᠢᠳᠢ ᠰᠢᠳᠢ ᠶᠢ ᠣᠶᠢᠯᠠᠭᠠᠬᠤ ᠶᠢ ᠰᠤᠷᠭᠠᠵᠠᠢ ᠭᠡᠵᠦ ᠢᠯᠡᠳᠬᠡᠵᠡᠭᠡᠪᠡ᠃ | ᠲᠦᠩᠯᠢᠶᠣᠣ ᠬᠤᠲᠠ ᠶᠢᠨ ᠵᠠᠯᠠᠭᠤᠴᠤᠳ ᠪᠠᠭᠠᠴᠤᠳ ᠤᠨ ᠣᠷᠳᠣᠨ ᠤ ᠬᠢᠨ ᠲᠤᠰ ᠤᠳᠠᠭ᠎ᠠ ᠶᠢᠨ ᠨᠣᠮ ᠤᠩᠰᠢᠯᠭ᠎ᠠ ᠶᠢᠨ ᠠᠵᠢᠯᠯᠠᠭ᠎ᠠ ᠪᠠᠷ ᠠᠵᠠ ᠲᠣᠭᠢᠶᠠᠯ | ᠪᠤᠯᠭᠠᠵᠤ᠂ ᠵᠠᠯᠠᠭᠤᠴᠤᠳ ᠪᠠᠭᠠᠴᠤᠳ ᠢ ︽ᠨᠣᠮ ᠤᠩᠰᠢᠬᠤ ᠳᠤᠷᠠᠲᠠᠢ᠂ ᠬᠠᠷᠢᠯᠴᠠᠨ ᠬᠤᠪᠢᠶᠠᠯᠴᠠᠬᠤ ᠳᠤᠷᠠᠲᠠᠢ᠂ ᠨᠣᠮ ᠤᠩᠰᠢᠵᠤ ᠴᠢᠳᠠᠬᠤ᠂ ᠪᠤᠰᠤᠳ ᠲᠤ | ᠬᠤᠪᠢᠶᠠᠯᠴᠠᠵᠤ ᠴᠢᠳᠠᠬᠤ︾ ᠰᠠᠶᠢᠨ ᠳᠠᠳᠬᠠᠯ ᠲᠠᠢ ᠪᠤᠯᠭᠠᠵᠤ᠂ ᠨᠣᠮ ᠪᠢᠴᠢᠭ ᠢᠶᠠᠷ ᠥᠪᠡᠷ ᠢ ᠪᠠᠨ ᠲᠡᠭᠦᠯᠳᠡᠷᠵᠢᠭᠦᠯᠵᠦ᠂ ᠪᠠᠭ᠎ᠠ ᠨᠠᠰᠤᠨ ᠤ ᠭᠤᠸ᠎ᠠ ᠰᠠᠶᠢᠬᠠᠨ ᠢ | ᠮᠡᠳᠡᠷᠡᠭᠦᠯᠵᠦ᠂ ᠨᠣᠮ ᠤᠩᠰᠢᠬᠤ ᠪᠠᠶᠠᠷ ᠴᠡᠩᠭᠡᠯ ᠢ ᠡᠳ᠋ᠯᠡᠭᠦᠯᠭᠦ ᠪᠠᠷ ᠬᠥᠲᠥᠯᠥᠨ ᠳᠠᠭᠠᠭᠤᠯᠪᠠ᠃ |