ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠊᠊᠊᠊᠊᠊᠊᠊᠊᠊ ︽ᠪᠣᠯᠪᠠᠰᠤᠨ ᠤ ᠨᠠᠷᠠ ᠮᠠᠨᠳᠤᠭᠰᠠᠨ ᠭᠠᠵᠠᠷ︾
ᠨᠡᠶᠢᠲᠡᠯᠡᠭᠰᠡᠨ ᠴᠠᠭ᠄
2024/10/24
     ᠳᠤᠮᠳᠠᠳᠤ ᠶᠢᠨ ᠦᠨᠳᠦᠰᠦᠲᠡᠨ ᠤ ︽ᠤᠯᠠᠨ ᠡᠰᠢᠲᠦ ᠨᠢᠭᠡ ᠴᠣᠭᠴᠠ︾ ᠶᠢᠨ ᠪᠦᠲᠦᠴᠡ ᠶᠢᠨ ᠣᠨᠴᠠᠯᠢᠭ ᠪᠣᠯ 5000 ᠭᠠᠷᠤᠢ ᠵᠢᠯ ᠤᠨ ᠳᠤᠮᠳᠠᠳᠤ ᠶᠢᠨ ᠪᠣᠯᠪᠠᠰᠤᠨ ᠤ ᠲᠡᠦᠬᠡ ᠶᠢᠨ ᠬᠥᠭᠵᠢᠯᠲᠡ ᠶᠢᠨ ᠵᠠᠶᠢᠯᠠᠰᠢ ᠦᠭᠡᠢ ᠦᠷ᠎ᠡ ᠳ᠋ᠦᠩ ᠮᠥᠨ᠂ ᠤᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢᠶᠠᠷ ᠳᠤᠮᠳᠠᠳᠤ ᠶᠢᠨ ᠪᠣᠯᠪᠠᠰᠤᠨ ᠢ ᠬᠠᠮᠲᠤ ᠪᠠᠷ ᠡᠭᠦᠳᠦᠭᠰᠡᠨ ᠲᠡᠦᠬᠡᠨ ᠶᠠᠪᠤᠴᠠ ᠶᠢ ᠲᠣᠳᠣᠷᠬᠠᠶᠢᠯᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠪᠦᠲᠦᠮᠵᠢᠲᠡᠢ ᠵᠠᠮ ᠪᠠ ᠦᠨᠳᠦᠰᠦᠨ ᠠᠷᠭ᠎ᠠ ᠮᠥᠨ᠃    2018 ᠣᠨ ᠤ 5 ᠰᠠᠷ᠎ᠠ ᠶᠢᠨ 28 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ︽ᠳᠤᠮᠳᠠᠳᠤ ᠶᠢᠨ ᠪᠣᠯᠪᠠᠰᠤᠨ ᠤ ᠡᠬᠢ ᠶᠢ ᠬᠠᠶᠢᠨ ᠰᠢᠨᠵᠢᠯᠡᠬᠦ ᠢᠨᠵᠧᠨᠧᠷᠢᠩ︾ ᠤᠨ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠬᠦ ᠶᠢᠨ ᠬᠠᠮᠲᠤ ᠵᠢᠭᠠᠵᠤ ᠭᠠᠷᠭᠠᠭᠰᠠᠨ ᠨᠢ᠄ ︽ᠤᠳᠤ ᠠᠴᠠ 5800 ᠵᠢᠯ ᠤᠨ ᠡᠮᠦᠨ᠎ᠡ ᠬᠤᠶᠢᠨ᠎ᠠ᠂ ᠬᠠᠲᠤᠨ ᠭᠤᠣᠯ᠂ ᠬᠥᠬᠡᠮᠥ᠋ᠷᠡᠨ ᠤ ᠳᠤᠮᠳᠠᠳᠤ ᠳᠣᠣᠷᠠᠳᠤ ᠤᠷᠤᠰᠬᠠᠯ ᠵᠢᠴᠢ ᠪᠠᠷᠠᠭᠤᠨ ᠯᠢᠶᠤᠤ ᠾᠧ ᠭᠤᠣᠯ ᠵᠡᠷᠭᠡ ᠣᠷᠣᠨ ᠪᠦᠰᠡ ᠳᠤ ᠪᠣᠯᠪᠠᠰᠤᠨ ᠤ ᠡᠭᠦᠰᠦᠯ ᠤᠨ ᠤᠯᠠ ᠮᠥᠷ ᠢᠯᠡᠷᠡᠪᠡ︾ ᠭᠡᠵᠡᠢ᠃ ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ ᠨᠢ ᠬᠠᠲᠤᠨ ᠭᠤᠣᠯ ᠤᠨ ᠪᠣᠯᠪᠠᠰᠤᠨ᠂ ᠬᠥᠬᠡᠮᠥ᠋ᠷᠡᠨ ᠤ ᠪᠣᠯᠪᠠᠰᠤᠨ ᠤ ᠳᠠᠷᠠᠭᠠᠬᠢ ᠭᠤᠷᠪᠠᠨ ᠶᠡᠭᠡ ᠡᠬᠢ ᠡᠭᠦᠰᠦᠯ ᠤᠨ ᠨᠢᠭᠡ ᠨᠢ ᠪᠣᠯᠣᠨ᠎ᠠ᠃    ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠪᠣᠯ ᠦᠨᠳᠦᠰᠦᠲᠡᠨ ᠨᠦᠭᠦᠳ ᠤᠨ ᠬᠠᠮᠲᠤ ᠶᠢᠨ ᠭᠡᠷ ᠣᠷᠣᠨ ᠮᠥᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠪᠠᠷᠠᠭᠤᠨ ᠯᠢᠶᠤᠤ ᠾᠧ ᠭᠤᠣᠯ ᠢ ᠬᠠᠮᠲᠤ ᠪᠠᠷ ᠨᠡᠭᠡᠭᠡᠨ᠂ ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ ᠢ ᠬᠠᠮᠲᠤ ᠪᠠᠷ ᠬᠥᠭᠵᠢᠭᠦᠯᠪᠡ᠂ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠪᠣᠯ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠭᠡᠷᠡᠴᠢ ᠪᠤᠯᠬᠤ ᠶᠤᠮ᠃
西辽河流域“文明太阳升起的地方”1.jpg
                   ᠪᠠᠷᠠᠭᠤᠨ ᠯᠢᠶᠤᠤ ᠾᠧ ᠭᠤᠣᠯ ᠤᠨ ᠭᠤᠣᠯ ᠤᠷᠤᠰᠬᠠᠯ       ᠪᠠᠷᠠᠭᠤᠨ ᠯᠢᠶᠣᠤ ᠾᠧ ᠭᠤᠣᠯ ᠬᠢᠭᠡᠳ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ    ᠪᠠᠷᠠᠭᠤᠨ ᠯᠢᠶᠣᠤ ᠾᠧ ᠭᠤᠣᠯ ᠪᠣᠯ ᠳᠤᠮᠳᠠᠳᠤ ᠤᠯᠤᠰ ᠤᠨ ᠳᠣᠯᠣᠭᠠᠨ ᠶᠡᠭᠡ ᠭᠤᠣᠯ ᠮᠥᠷᠡᠨ ᠤ ᠨᠢᠭᠡ ᠪᠤᠯᠬᠤ ᠯᠢᠶᠣᠤ ᠾᠧ ᠭᠤᠣᠯ ᠤᠨ ᠭᠤᠣᠯ ᠤᠨ ᠡᠬᠢ ᠪᠣᠯᠣᠨ᠎ᠠ᠂ ᠲᠡᠷᠡ ᠨᠢ ᠯᠢᠶᠣᠤ ᠾᠧ ᠭᠤᠣᠯ ᠤᠨ ᠳᠡᠭᠡᠳᠦ ᠤᠷᠤᠰᠬᠠᠯ ᠳᠤ ᠣᠷᠣᠰᠢᠵᠤ ᠪᠠᠶᠢᠨ᠎ᠠ᠂ ᠪᠠᠰᠠ ᠯᠢᠶᠣᠤ ᠾᠧ ᠭᠤᠣᠯ ᠭᠡᠳᠡᠭ᠂ ᠯᠤᠤᠬ᠎ᠠ ᠶᠢᠨ ᠭᠤᠣᠯ ᠬᠢᠭᠡᠳ ᠰᠢᠷᠠᠮᠥ᠋ᠷᠡᠨ ᠤ ᠠᠭᠤᠯᠵᠠᠷ ᠠᠴᠠ ᠵᠡᠭᠦᠨ ᠯᠢᠶᠣᠤ ᠾᠧ ᠭᠤᠣᠯ ᠤᠨ ᠠᠭᠤᠯᠵᠠᠷ ᠤᠨ ᠬᠡᠰᠡᠭ ᠲᠤ ᠬᠦᠷᠬᠦ ᠲᠡᠷᠡ ᠬᠡᠰᠡᠭ ᠪᠣᠯᠣᠨ᠎ᠠ᠃ ᠲᠡᠦᠬᠡᠨ ᠳᠡᠭᠡᠷ᠎ᠡ ᠴᠢᠨ ᠤᠯᠤᠰ ᠠᠴᠠ ᠡᠮᠦᠨ᠎ᠡ ᠯᠢᠶᠤᠤᠱᠦ᠋ᠢ ᠭᠡᠵᠦ᠂ ᠪᠠᠷᠠᠭᠤᠨ ᠬᠠᠨ ᠤᠯᠤᠰ ᠠᠴᠠ ᠵᠡᠭᠦᠨ ᠶᠢᠨ ᠤᠯᠤᠰ ᠤᠨ ᠦᠶ᠎ᠡ ᠳᠤ ᠶᠡᠭᠡ ᠯᠢᠶᠤᠤᠱᠦ᠋ᠢ ᠭᠡᠵᠦ᠂ ᠡᠮᠦᠨᠡᠲᠦ ᠤᠮᠠᠷᠠᠲᠤ ᠲᠥᠷᠥ ᠠᠴᠠ ᠲᠠᠩ ᠤᠯᠤᠰ ᠤᠨ ᠦᠶ᠎ᠡ ᠳᠤ ᠯᠢᠶᠤᠤᠱᠦ᠋ᠢ ᠭᠡᠵᠦ ᠪᠠᠶᠢᠪᠠ᠃ ᠲᠠᠩ ᠤᠯᠤᠰ ᠤᠨ ᠦᠶ᠎ᠡ ᠳᠤ᠂ ᠰᠢᠷᠠᠮᠥ᠋ᠷᠡᠨ ᠢ ᠪᠠᠷᠠᠭᠤᠨ ᠯᠢᠶᠣᠤ ᠾᠧ ᠭᠤᠣᠯ ᠲᠠᠢ ᠬᠠᠮᠲᠤ ᠳᠤᠨᠢ ᠬᠤᠸᠠᠩᠱᠦ᠋ᠢ ᠭᠤᠣᠯ ᠭᠡᠵᠦ᠂ ᠪᠠᠰᠠ ᠯᠢᠶᠣᠤᠱᠦ᠋ᠢ ᠪᠤᠶᠤ ᠳ᠋ᠠ ᠯᠢᠶᠣᠤᠱᠦ᠋ᠢ ᠭᠡᠵᠦ ᠪᠠᠶᠢᠪᠠ᠃    ᠲᠡᠭᠡᠪᠡᠯ᠂ ᠶᠠᠮᠠᠷ ᠦᠶ᠎ᠡ ᠳᠤ ᠪᠠᠷᠠᠭᠤᠨ ᠯᠢᠶᠣᠤ ᠾᠧ ᠭᠤᠣᠯ ᠭᠡᠵᠦ ᠨᠡᠷᠡᠯᠡᠭᠰᠡᠨ ᠪᠤᠶ︖ ᠣᠳᠣ ᠶᠢᠨ ᠪᠠᠷᠠᠭᠤᠨ ᠯᠢᠶᠣᠤ ᠾᠧ ᠭᠤᠣᠯ ᠤᠨ ᠨᠡᠷ᠎ᠡ ᠬᠠᠮᠤᠭ ᠡᠷᠲᠡ ᠴᠢᠩ ᠤᠯᠤᠰ ᠤᠨ ᠰᠡᠭᠦᠯᠴᠢ ᠶᠢᠨ ᠦᠶ᠎ᠡ ᠳᠤ ᠢᠯᠡᠷᠡᠭᠰᠡᠨ ᠪᠠᠶᠢᠨ᠎ᠠ᠃ ᠰᠤᠩᠭᠠᠷᠢ ᠮᠥᠷᠡᠨ ᠬᠢᠭᠡᠳ ᠯᠢᠶᠣᠤ ᠾᠧ ᠭᠤᠣᠯ ᠤᠨ ᠨᠠᠮ ᠤᠨ ᠬᠤᠷᠢᠶᠠᠨ ᠤ ᠨᠠᠶᠢᠷᠠᠭᠤᠯᠤᠨ ᠵᠣᠬᠢᠶᠠᠭᠰᠠᠨ ︽ᠯᠢᠶᠣᠤ ᠾᠧ ᠭᠤᠣᠯ ᠤᠨ ᠣᠶᠢᠯᠠᠯᠭ᠎ᠠ︾ ᠶᠢᠨ ᠶᠡᠭᠡ ᠬᠡᠷᠡᠭ ᠤᠨ ᠲᠡᠮᠳᠡᠭᠯᠡᠯ ᠳᠠᠬᠢ ᠪᠠᠷᠠᠭᠤᠨ ᠯᠢᠶᠣᠤ ᠾᠧ ᠭᠤᠣᠯ ᠤᠨ ᠲᠤᠬᠠᠢ ᠬᠠᠮᠤᠭ ᠡᠷᠲᠡᠨ ᠤ ᠦᠭᠡ ᠪᠣᠯ᠄ ᠴᠢᠩ ᠤᠯᠤᠰ ᠤᠨ ᠪᠠᠳᠠᠷᠠᠭᠤᠯᠲᠤ ᠲᠦᠷᠦ ᠶᠢᠨ ᠶᠢᠰᠦᠳᠦᠭᠡᠷ ᠣᠨ ︵1883 ᠣᠨ︶ ᠳᠤ ᠤᠯᠠᠭᠠᠨᠬᠠᠳᠠ ᠳᠤ ᠶᠡᠭᠡ ᠪᠣᠷᠣᠭᠠᠨ ᠲᠤᠯᠦᠭᠠᠠ ᠰᠥᠨᠢ ᠲᠤᠯᠦᠭᠠᠠ ᠡᠳᠦᠷ ᠣᠷᠣᠵᠤ᠂ ᠦᠶᠡᠷ ᠤᠨ ᠤᠰᠤ ᠬᠤᠳᠠ ᠳᠤ ᠣᠷᠣᠵᠤ᠂ ᠯᠤᠤᠬ᠎ᠠ ᠶᠢᠨ ᠭᠤᠣᠯ ᠳᠤ ᠶᠡᠭᠡ ᠤᠰᠤ ᠭᠠᠷᠴᠤ᠂ ᠪᠠᠷᠠᠭᠤᠨ ᠯᠢᠶᠣᠤ ᠾᠧ ᠭᠤᠣᠯ ᠦᠶᠡᠷᠯᠡᠪᠡ ᠭᠡᠵᠦ ᠲᠡᠮᠳᠡᠭᠯᠡᠵᠦ ᠪᠠᠶᠢᠪᠠ᠃ ᠭᠡᠲᠡᠯ᠎ᠡ ᠴᠢᠩ ᠤᠯᠤᠰ ᠤᠨ ᠵᠠᠩ ᠮᠦ ᠶᠢᠨ ᠵᠣᠬᠢᠶᠠᠭᠰᠠᠨ ︽ᠮᠣᠩᠭᠤᠯ ᠤᠨ ᠨᠡᠭᠦᠳᠡᠯ ᠮᠠᠯᠵᠢᠯ ᠤᠨ ᠲᠡᠮᠳᠡᠭᠯᠡᠯ ︾ ᠭᠡᠬᠦ ᠨᠣᠮ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠦᠭᠡ ᠥᠭᠦᠯᠡᠪᠦᠷᠢ ᠳᠤ᠄ ᠵᠠᠰᠠᠭ ᠨᠢ ᠪᠠᠷᠠᠭᠤᠨ ᠯᠢᠶᠣᠤ ᠾᠧ ᠭᠤᠣᠯ ᠤᠨ ᠬᠤᠶᠢᠲᠤ ᠲᠠᠯ᠎ᠠ ᠳᠤ᠂ ᠶᠡᠭᠡ ᠲᠠᠩ ᠭᠠᠯᠢᠭ ᠤᠨ ᠪᠠᠯ ᠳᠤ ᠰᠠᠭᠤᠷᠢᠰᠢᠵᠤ ᠪᠤᠢ ᠭᠡᠵᠦ ᠲᠡᠮᠳᠡᠭᠯᠡᠭᠰᠡᠨ ᠪᠠᠶᠢᠳᠠᠭ᠃ ᠲᠤᠰ ᠨᠣᠮ ᠤᠨ ᠪᠢᠴᠢᠭᠳᠡᠭᠰᠡᠨ ᠣᠨ ᠵᠢᠯ ᠨᠢ ᠴᠢᠩ ᠤᠯᠤᠰ ᠤᠨ ᠲᠥᠷᠥ ᠬᠡᠷᠡᠯᠳᠦ ᠶᠢᠨ ᠬᠤᠷᠢ ᠶᠢᠰᠦᠳᠦᠭᠡᠷ ᠣᠨ ︵1849 ᠣᠨ︶ ᠪᠣᠯᠣᠨ᠎ᠠ᠃ ᠢᠷᠭᠡᠨ ᠤᠯᠤᠰ ᠤᠨ ᠦᠶ᠎ᠡ ᠪᠤᠯᠬᠤ ᠳᠤ᠂ ᠪᠠᠷᠠᠭᠤᠨ ᠯᠢᠶᠣᠤ ᠾᠧ ᠭᠤᠣᠯ ᠬᠡᠳᠦᠶᠢᠪᠡᠷ ᠳᠣᠣᠷᠠᠳᠤ ᠤᠷᠤᠰᠬᠠᠯ ᠤᠨ ᠠᠭᠤᠯᠵᠠᠷ ᠤᠨ ᠴᠡᠭ ᠨᠢ ᠬᠤᠪᠢᠷᠠᠯᠲᠠ ᠭᠠᠷᠤᠭᠰᠠᠨ ᠪᠤᠯᠪᠠᠴᠤ ᠨᠡᠷᠡᠶᠢᠳᠦᠯ ᠨᠢ ᠣᠳᠣ ᠪᠤᠯᠲᠠᠯ᠎ᠠ ᠦᠷᠭᠦᠯᠵᠢᠯᠡᠭᠰᠡᠭᠡᠷ ᠪᠠᠶᠢᠨ᠎ᠠ᠃
西辽河流域“文明太阳升起的地方”2.jpg
              ᠡᠯᠢᠶ᠎ᠡ ᠶᠢᠨ ᠬᠤᠰᠢᠭᠤᠲᠤ ᠣᠯᠣᠰᠤᠨ ᠰᠤᠳᠠᠯ ᠲᠠᠢ ᠸᠠᠭᠠᠷ ᠰᠠᠪᠠ    ᠪᠠᠷᠠᠭᠤᠨ ᠯᠢᠶᠣᠤ ᠾᠧ ᠭᠤᠣᠯ ᠬᠤᠶᠠᠷ ᠶᠡᠭᠡ ᠡᠬᠢ ᠰᠤᠷᠪᠤᠯᠵᠢ ᠲᠠᠢ᠄ ᠡᠮᠦᠨ᠎ᠡ ᠡᠬᠢ ᠨᠢ ᠯᠤᠤᠬ᠎ᠠ ᠶᠢᠨ ᠭᠤᠣᠯ᠂ ᠬᠤᠶᠢᠲᠤ ᠡᠬᠢ ᠨᠢ ᠰᠢᠷᠠᠮᠥ᠋ᠷᠡᠨ ᠪᠣᠯᠣᠨ᠎ᠠ᠃ ᠰᠤᠩᠭᠠᠷᠢ ᠮᠥᠷᠡᠨ ᠬᠢᠭᠡᠳ ᠯᠢᠶᠣᠤ ᠾᠧ ᠭᠤᠣᠯ ᠤᠨ ᠨᠠᠮ ᠤᠨ ᠬᠤᠷᠢᠶᠠᠨ ᠤ ᠨᠠᠶᠢᠷᠠᠭᠤᠯᠤᠨ ᠵᠣᠬᠢᠶᠠᠭᠰᠠᠨ ︽ᠯᠢᠶᠣᠤ ᠾᠧ ᠭᠤᠣᠯ ᠤᠨ ᠣᠶᠢᠯᠠᠯᠭ᠎ᠠ︾ ᠳᠤ ᠯᠤᠤᠬ᠎ᠠ ᠶᠢᠨ ᠭᠤᠣᠯ ᠢ ᠯᠢᠶᠣᠤ ᠾᠧ ᠭᠤᠣᠯ ᠤᠨ ᠭᠤᠣᠯ ᠤᠨ ᠡᠬᠢ ᠪᠤᠯᠭᠠᠵᠤ᠂ ᠾᠧᠪᠧᠢ ᠮᠤᠵᠢ ᠶᠢᠨ ᠫᠢᠩ ᠴᠢᠤᠸᠠᠨ ᠰᠢᠶᠠᠨ ᠤ ᠴᠢ ᠯᠣᠣ ᠲᠤ ᠨᠢᠷᠤᠭᠤ ᠶᠢᠨ ᠭᠤᠸᠠᠩ ᠲᠧᠦ ᠱᠠᠨ ᠠᠭᠤᠯᠠᠨ ᠠᠴᠠ ᠡᠬᠢ ᠠᠪᠤᠭᠰᠠᠨ ᠪᠠᠶᠢᠨ᠎ᠠ᠃ ᠡᠬᠢ ᠡᠭᠦᠰᠦᠯ ᠠᠴᠠ ᠪᠠᠨ ᠠᠪᠤᠭᠠᠳ ᠤᠯᠠᠭᠠᠨᠬᠠᠳᠠ ᠬᠤᠳᠠ ᠶᠢᠨ ᠨᠢᠩᠴᠧᠩ ᠰᠢᠶᠠᠨ ᠢᠶᠠᠷ ᠤᠷᠤᠰᠤᠨ ᠥᠩᠭᠡᠷᠡᠵᠦ᠂ ᠶᠤᠸᠠᠨ ᠪᠦᠦ ᠱᠠᠨ ᠲᠣᠭᠤᠷᠢᠭ᠂ ᠣᠩᠨᠢᠭᠤᠳ ᠬᠤᠰᠢᠭᠤ ᠵᠢᠴᠢ ᠲᠦᠩᠯᠢᠶᠣᠣ ᠬᠤᠳᠠ ᠶᠢᠨ ᠨᠠᠢᠮᠠᠨ ᠬᠤᠰᠢᠭᠤ ᠠᠴᠠ ᠰᠢᠷᠠᠮᠥ᠋ᠷᠡᠨ ᠲᠠᠢ ᠨᠡᠶᠢᠯᠡᠭᠰᠡᠨ ᠠᠮᠠᠰᠠᠷ ᠭᠦᠷᠲᠡᠯ᠎ᠡ᠂ ᠭᠤᠣᠯ ᠮᠥᠷᠡᠨ ᠤ ᠤᠷᠳᠤ ᠨᠢ 426 ᠺᠢᠯᠣᠮᠧᠲᠷ ᠪᠣᠯᠣᠨ᠎ᠠ᠃ ᠤᠷᠤᠰᠬᠠᠯ ᠤᠨ ᠴᠢᠭᠯᠡᠯ ᠨᠢ ᠶᠡᠷᠦᠩᠬᠡᠢ ᠳᠡᠭᠡᠨ ᠪᠠᠷᠠᠭᠤᠨ ᠠᠴᠠ ᠵᠡᠭᠦᠨᠰᠢ ᠪᠠᠶᠢᠵᠤ᠂ ᠬᠤᠶᠠᠷ ᠡᠷᠭᠢ ᠶᠢᠨ ᠭᠠᠵᠠᠷ ᠤᠨ ᠪᠠᠶᠢᠴᠠ ᠨᠢ ᠲᠡᠭᠰᠢᠬᠡᠨ᠂ ᠠᠭᠤᠯᠠᠨ ᠳᠣᠪᠣᠴᠠᠭ ᠤᠨ ᠬᠡᠭᠡᠷ᠎ᠡ ᠲᠠᠯ᠎ᠠ ᠪᠠ ᠰᠢᠷ᠎ᠠ ᠬᠥᠷᠥᠰᠥᠲᠦ ᠳᠣᠪᠣᠷᠬᠠᠭ ᠤᠨ ᠭᠠᠵᠠᠷ ᠤᠨ ᠭᠠᠳᠠᠷᠭᠤ ᠳᠤ ᠥᠷᠭᠡᠨ ᠲᠠᠷᠬᠠᠵᠤ ᠪᠠᠶᠢᠨ᠎ᠠ᠃ ᠤᠮᠠᠷᠠᠲᠤ ᠡᠬᠢ ᠪᠤᠯᠬᠤ ᠰᠢᠷᠠᠮᠥ᠋ᠷᠡᠨ ᠤ ᠡᠬᠢ ᠡᠭᠦᠰᠦᠯ ᠤᠨ ᠭᠠᠵᠠᠷ ᠨᠢ ᠲᠡᠦᠬᠡᠨ ᠳᠡᠭᠡᠷ᠎ᠡ ᠬᠡᠰᠢᠭᠲᠡᠨ ᠬᠤᠰᠢᠭᠤᠨ ᠤ ᠥᠨᠳᠦᠷᠯᠢᠭ ᠤᠨ ᠡᠯᠡᠰᠦᠷᠬᠡᠭ ᠭᠠᠵᠠᠷ ᠤᠨ ᠰᠢᠷ᠎ᠠ ᠤᠰᠤ ᠪᠠᠷ ᠡᠬᠢ ᠪᠣᠯᠭᠠᠭᠰᠠᠭᠠᠷ ᠢᠷᠡᠭᠰᠡᠨ ᠶᠤᠮ᠃ 1989 ᠣᠨ ᠳᠤ᠂ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠬᠢᠭᠡᠳ ᠯᠢᠶᠤᠤ ᠾᠧ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠠᠴᠠ ᠭᠤᠣᠯ ᠮᠥᠷᠡᠨ ᠤ ᠦᠨᠳᠦᠰᠦᠨ ᠮᠠᠲ᠋ᠧᠷᠢᠶᠠᠯ ᠤᠨ ᠪᠠᠶᠢᠴᠠᠭᠠᠯᠲᠠ ᠬᠢᠬᠦ ᠦᠶ᠎ᠡ ᠳᠤ᠂ ᠭᠤᠣᠯ ᠤᠨ ᠡᠬᠢ ᠨᠢ ᠠᠯᠤᠰ ᠬᠤᠯᠠ ᠪᠠᠶᠢᠬᠤ ᠵᠠᠷᠴᠢᠮ ᠢ ᠦᠨᠳᠦᠰᠦᠯᠡᠨ᠂ ᠬᠡᠰᠢᠭᠲᠡᠨ ᠬᠤᠰᠢᠭᠤᠨ ᠤ ᠬᠤᠸᠠ ᠮᠦ ᠭᠧᠦ ᠤᠢ ᠰᠢᠭᠤᠢ ᠶᠢᠨ ᠲᠠᠯᠠᠪᠠᠢ ᠶᠢᠨ ᠮᠢᠶᠠᠨ ᠽᠢ ᠱᠠᠨ ᠠᠭᠤᠯᠠᠨ ᠠᠴᠠ ᠡᠬᠢ ᠠᠪᠤᠭᠰᠠᠨ ᠰᠠᠯᠢᠩ ᠭᠤᠣᠯ ᠢ ᠵᠢᠩᠬᠢᠨᠢ ᠪᠠᠷ ᠰᠢᠷᠠᠮᠥ᠋ᠷᠡᠨ ᠤ ᠡᠬᠢ ᠭᠡᠵᠦ ᠲᠣᠭᠲᠠᠭᠠᠪᠠ᠃ ᠰᠢᠷᠠᠮᠥ᠋ᠷᠡᠨ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠣᠩᠨᠢᠭᠤᠳ ᠬᠤᠰᠢᠭᠤ᠂ ᠠᠷᠤ ᠬᠤᠷᠴᠢᠨ ᠬᠤᠰᠢᠭᠤ ᠪᠣᠯᠣᠨ ᠲᠦᠩᠯᠢᠶᠣᠣ ᠬᠤᠲᠠ ᠶᠢᠨ ᠺᠠᠶᠢᠯᠤ ᠰᠢᠶᠠᠨ ᠢᠶᠠᠷ ᠤᠷᠤᠰᠤᠨ ᠥᠩᠭᠡᠷᠡᠵᠦ᠂ ᠪᠠᠷᠠᠭᠤᠨ ᠠᠴᠠ ᠵᠡᠭᠦᠨᠰᠢ ᠤᠷᠤᠰᠴᠤ᠂ ᠥᠨᠳᠥᠷ ᠠᠭᠤᠯᠠ ᠶᠢᠨ ᠬᠠᠪᠴᠢᠯ ᠢᠶᠠᠷ ᠥᠩᠭᠡᠷᠡᠨ᠂ ᠭᠤᠣᠯ ᠤᠨ ᠵᠠᠮ ᠨᠢ ᠮᠤᠷᠤᠢ ᠰᠠᠷᠤᠢ᠂ ᠤᠷᠤᠰᠬᠠᠯ ᠨᠢ ᠲᠦᠷᠭᠡᠨ ᠪᠠᠶᠢᠵᠤ᠂ ᠰᠡᠭᠦᠯᠡᠷ ᠨᠢ ᠬᠤᠷᠴᠢᠨ ᠤ ᠡᠯᠡᠰᠦᠷᠬᠡᠭ ᠭᠠᠵᠠᠷ ᠲᠤ ᠣᠷᠣᠵᠤ᠂ ᠯᠤᠤᠬ᠎ᠠ ᠶᠢᠨ ᠭᠤᠣᠯ ᠤᠨ ᠠᠭᠤᠯᠵᠠᠷ ᠲᠤ ᠬᠦᠷᠴᠦ᠂ ᠭᠤᠣᠯ ᠤᠨ ᠤᠷᠤᠰᠬᠠᠯ ᠤᠨ ᠣᠷᠳᠣ ᠨᠢ 397 ᠺᠢᠯᠣᠮᠧᠲᠷ ᠪᠠᠶᠢᠳᠠᠭ᠃ ᠯᠤᠤᠬ᠎ᠠ ᠶᠢᠨ ᠭᠤᠣᠯ ᠪᠣᠯᠣᠨ ᠰᠢᠷᠠᠮᠥ᠋ᠷᠡᠨ ᠨᠢ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠬᠠᠶᠢᠯᠤᠭᠤᠷ ᠲᠣᠰᠬᠤᠨ ᠠᠴᠠ ᠵᠡᠭᠦᠨᠰᠢ ᠪᠠᠨ ᠲᠦᠩᠯᠢᠶᠣᠣ ᠬᠤᠲᠠ ᠶᠢᠨ ᠬᠢᠯᠢ ᠳᠤ ᠨᠡᠶᠢᠯᠡᠭᠰᠡᠨ ᠤ ᠳᠠᠷᠠᠭ᠎ᠠ ᠪᠠᠷᠠᠭᠤᠨ ᠯᠢᠶᠣᠤ ᠾᠧ ᠭᠤᠣᠯ ᠭᠡᠵᠦ ᠨᠡᠷᠡᠶᠢᠳᠴᠡᠢ᠃    ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠮᠠᠷᠠᠰᠢ ᠰᠤᠩᠭᠠᠷᠢ ᠮᠥᠷᠡᠨ ᠬᠢᠭᠡᠳ ᠯᠢᠶᠤᠤ ᠾᠧ ᠭᠤᠣᠯ ᠤᠨ ᠰᠠᠪᠠ ᠭᠠᠵᠠᠷ ᠤᠨ ᠤᠰᠤᠨ ᠬᠠᠭᠠᠯᠪᠤᠷᠢ ᠳᠠᠪᠠᠭ᠎ᠠ ᠪᠠᠷ ᠵᠠᠭᠠᠭ ᠪᠣᠯᠭᠠᠨ ᠨᠤᠨ ᠮᠥᠷᠡᠨ ᠤ ᠰᠠᠪᠠ ᠭᠠᠵᠠᠷ ᠲᠠᠢ ᠵᠠᠬ᠎ᠠ ᠨᠡᠶᠢᠯᠡᠵᠦ᠂ ᠵᠡᠭᠦᠨᠰᠢ ᠵᠡᠭᠦᠨ ᠯᠢᠶᠤᠤ ᠾᠧ ᠭᠤᠣᠯ ᠤᠨ ᠰᠠᠪᠠ ᠭᠠᠵᠠᠷ ᠲᠠᠢ ᠵᠠᠯᠭᠠᠯᠳᠤᠵᠤ ᠂ ᠡᠮᠦᠨᠡᠰᠢ ᠯᠢᠶᠤᠤ ᠾᠧ ᠭᠤᠣᠯ ᠤᠨ ᠭᠤᠣᠯ ᠤᠷᠤᠰᠬᠠᠯ ᠪᠠ ᠶᠡᠭᠡ᠂ ᠪᠠᠭ᠎ᠠ ᠯᠢᠩ ᠾᠧ ᠭᠤᠣᠯ ᠲᠠᠢ ᠬᠥᠷᠰᠢᠯᠡᠵᠦ᠂ ᠪᠠᠷᠠᠭᠤᠨᠰᠢ ᠯᠤᠸᠠᠨ ᠾᠧ ᠭᠤᠣᠯ ᠤᠨ ᠰᠠᠪᠠ ᠭᠠᠵᠠᠷ ᠲᠠᠢ ᠬᠥᠷᠰᠢᠯᠡᠵᠦ᠂ ᠭᠢᠷᠢᠨ᠂ ᠯᠢᠶᠣᠤᠨᠢᠩ᠂ ᠥᠪᠥᠷ ᠮᠣᠩᠭᠤᠯ᠂ ᠾᠧᠪᠧᠢ ᠵᠡᠷᠭᠡ 4 ᠮᠤᠵᠢ ᠣᠷᠣᠨ ᠢ ᠬᠠᠮᠤᠷᠴᠠᠢ᠃ ᠥᠪᠥᠷ ᠮᠣᠩᠭᠤᠯ ᠤᠨ ᠬᠢᠯᠢ ᠳᠣᠲᠣᠷᠠᠬᠢ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠲᠠᠯᠠᠪᠠᠶ 12.7 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠶᠡᠷᠦᠩᠬᠡᠢ ᠲᠠᠯᠠᠪᠠᠶ ᠶᠢᠨ 93% ᠶᠢ ᠡᠵᠡᠯᠡᠨ᠎ᠡ᠂ ᠡᠭᠦᠨ ᠳᠤ 40.8% ᠨᠢ ᠲᠠᠯ᠎ᠠ ᠭᠠᠵᠠᠷ᠂ 59.2% ᠨᠢ ᠠᠭᠤᠯᠠᠨ ᠳᠣᠪᠣᠴᠠᠭ ᠣᠷᠣᠨ ᠪᠠᠶᠢᠵᠤ᠂ ᠤᠯᠠᠭᠠᠨᠬᠠᠳᠠ ᠬᠤᠲᠠ ᠶᠢᠨ 12 ᠬᠤᠰᠢᠭᠤ ᠰᠢᠶᠠᠨ᠂ ᠲᠦᠩᠯᠢᠶᠣᠣ ᠬᠤᠲᠠ ᠶᠢᠨ 7 ᠬᠤᠰᠢᠭᠤ ᠰᠢᠶᠠᠨ ᠲᠣᠭᠤᠷᠢᠭ ᠵᠢᠴᠢ ᠬᠢᠩᠭᠠᠨ ᠠᠶᠢᠮᠠᠭ ᠪᠣᠯᠣᠨ ᠰᠢᠯᠢ  ᠶᠢᠨ  ᠭᠤᠣᠯ  ᠠᠶᠢᠮᠠᠭ ᠤᠨ ᠨᠢᠭᠡ ᠪᠠᠭ᠎ᠠ ᠬᠡᠰᠡᠭ ᠲᠤ ᠬᠤᠯᠪᠣᠭᠳᠠᠵᠤ᠂ ᠡᠭᠦᠨ ᠳᠤ ᠤᠯᠠᠭᠠᠨᠬᠠᠳᠠ ᠪᠣᠯᠣᠨ ᠲᠦᠩᠯᠢᠶᠣᠣ ᠬᠤᠶᠠᠷ ᠬᠤᠲᠠ ᠶᠢᠨ ᠲᠠᠯᠠᠪᠠᠶ 97.5% ᠶᠢ ᠡᠵᠡᠯᠡᠨ᠎ᠡ᠃
西辽河流域“文明太阳升起的地方”3.jpg
                        ᠬᠥᠮᠥᠨ ᠤ ᠴᠢᠷᠠᠶᠢᠲᠤ ᠠᠮᠠᠰᠠᠷ ᠲᠠᠢ ᠸᠠᠭᠠᠷ ᠯᠣᠩᠬᠤ    ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠨᠢ ᠥᠪᠥᠷ ᠮᠣᠩᠭᠤᠯ ᠤᠨ ᠥᠨᠳᠦᠷᠯᠢᠭ ᠠᠴᠠ ᠲᠠᠯ᠎ᠠ ᠭᠠᠵᠠᠷ ᠲᠡᠶᠢᠰᠢ ᠰᠢᠯᠵᠢᠭᠦ ᠰᠢᠯᠵᠢᠯᠲᠡ ᠶᠢᠨ ᠪᠦᠰᠡ ᠳᠤ ᠣᠷᠣᠰᠢᠵᠤ᠂ ᠤᠮᠠᠷᠠᠲᠤ ᠬᠡᠰᠡᠭ ᠨᠢ ᠶᠡᠭᠡ ᠬᠢᠩᠭᠠᠨ ᠳᠠᠪᠠᠭ᠎ᠠ ᠶᠢᠨ ᠡᠮᠦᠨᠡᠲᠦ ᠬᠡᠰᠡᠭ ᠤᠨ ᠠᠭᠤᠯᠠᠷᠬᠠᠭ ᠣᠷᠣᠨ᠂ ᠪᠠᠷᠠᠭᠤᠨ ᠡᠮᠦᠨ᠎ᠡ ᠬᠡᠰᠡᠭ ᠨᠢ ᠶᠠᠨᠱᠠᠨ ᠤ ᠠᠭᠤᠯᠠᠷᠬᠠᠭ ᠣᠷᠣᠨ᠂ ᠪᠠᠷᠠᠭᠤᠨ ᠬᠤᠶᠢᠲᠤ ᠬᠡᠰᠡᠭ ᠨᠢ ᠴᠢ ᠯᠣᠣ ᠲᠤ ᠱᠠᠨ ᠠᠭᠤᠯᠠ᠂ ᠡᠮᠦᠨ᠎ᠡ ᠬᠡᠰᠡᠭ ᠨᠢ ᠨᠦᠷᠦᠶᠢᠷ ᠪᠠᠷᠰ ᠠᠭᠤᠯᠠ ᠪᠠᠶᠢᠵᠤ᠂ ᠵᠡᠭᠦᠨ ᠬᠡᠰᠡᠭ ᠨᠢ ᠵᠡᠭᠦᠨ ᠬᠤᠶᠢᠲᠤ ᠶᠢᠨ ᠲᠠᠯ᠎ᠠ ᠭᠠᠵᠠᠷ ᠲᠠᠢ ᠵᠠᠯᠭᠠᠯᠳᠤᠵᠤ ᠪᠠᠶᠢᠨ᠎ᠠ᠃ ᠭᠠᠵᠠᠷ ᠤᠨ ᠲᠥᠷᠬᠦ ᠨᠢ ᠭᠤᠷᠪᠠᠨ ᠲᠠᠯ᠎ᠠ ᠪᠠᠷ ᠢᠶᠠᠨ ᠠᠭᠤᠯᠠ ᠪᠠᠷ ᠬᠦᠷᠢᠶᠡᠯᠡᠭᠳᠡᠵᠦ᠂ ᠳᠤᠮᠳᠠ ᠪᠠᠨ ᠲᠠᠯ᠎ᠠ ᠭᠠᠵᠠᠷ ᠪᠣᠯᠣᠨ᠎ᠠ᠃ ᠭᠠᠵᠠᠷ ᠤᠨ ᠪᠠᠶᠢᠴᠠ ᠨᠢ ᠪᠠᠷᠠᠭᠤᠨ ᠢᠶᠠᠨ ᠥᠨᠳᠥᠷ ᠵᠡᠭᠦᠨ ᠢᠶᠠᠨ ᠳᠣᠣᠷ᠎ᠠ᠂ ᠲᠥᠷᠥᠯ ᠵᠦᠢᠯ ᠨᠢ ᠪᠤᠳᠤᠯᠢᠶᠠᠨᠲᠠᠢ᠂ ᠠᠭᠤᠯᠠᠷᠬᠠᠭ ᠭᠠᠵᠠᠷ᠂ ᠬᠠᠶᠢᠯᠤᠮᠠᠯ ᠴᠢᠯᠠᠭᠤᠯᠢᠭ ᠤᠨ ᠳᠡᠨᠵᠢ ᠭᠠᠵᠠᠷ᠂ ᠳᠣᠪᠣᠷᠬᠠᠭ ᠭᠠᠵᠠᠷ᠂ ᠡᠯᠡᠰᠦᠷᠬᠡᠭ ᠭᠠᠵᠠᠷ ᠪᠠ ᠲᠠᠯ᠎ᠠ ᠨᠤᠲᠤᠭ ᠲᠠᠢ᠃ ᠲᠤᠭ᠎ᠠ ᠲᠣᠮᠰᠢ ᠦᠭᠡᠢ ᠣᠯᠠᠨ ᠶᠡᠭᠡ ᠪᠠᠭ᠎ᠠ ᠭᠤᠣᠯ ᠮᠥᠷᠡᠨ ᠪᠠ ᠬᠤᠶᠠᠷ ᠡᠷᠭᠢ ᠶᠢᠨ ᠨᠠᠮᠤᠭᠤᠬᠠᠨ ᠳᠡᠨᠵᠢ ᠭᠠᠵᠠᠷ ᠨᠢ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃    2018 ᠣᠨ ᠤ 5 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠣᠯᠪᠠᠰᠤᠨ ᠤ ᠡᠭᠦᠰᠦᠯ ᠬᠢᠭᠡᠳ ᠠᠩᠬᠠᠨ ᠤ ᠬᠥᠭᠵᠢᠯᠲᠡ ᠶᠢᠨ ᠶᠡᠷᠦᠩᠬᠡᠶᠢᠯᠡᠭᠰᠡᠨ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠬᠦ ᠬᠤᠷᠠᠯ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠲᠤ ᠶᠠᠪᠤᠭᠳᠠᠵᠤ᠂ ︽ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ︾ ᠨᠢ ᠳᠤᠮᠳᠠᠳᠤ ᠶᠢᠨ ᠦᠨᠳᠦᠰᠦᠲᠡᠨ ᠤ ᠲᠠᠪᠤᠨ ᠮᠢᠩᠭᠠᠨ ᠵᠢᠯ ᠤᠨ ᠪᠣᠯᠪᠠᠰᠤᠨ ᠤ ᠡᠭᠦᠰᠦᠯ ᠬᠢᠭᠡᠳ ᠠᠩᠬᠠᠨ ᠤ ᠬᠥᠭᠵᠢᠯᠲᠡ ᠶᠢ ᠢᠯᠡᠷᠡᠭᠦᠯᠦᠭᠰᠡᠨ ᠪᠠᠶᠢᠨ᠎ᠠ᠃ ᠣᠲᠣ ᠠᠴᠠ 5800 ᠣᠨ ᠤ ᠤᠷᠢᠳ ᠬᠤᠵᠢᠳ ᠢᠶᠠᠷ᠂ ᠬᠠᠲᠤᠨ ᠭᠤᠣᠯ᠂ ᠬᠥᠬᠡᠮᠥ᠋ᠷᠡᠨ ᠤ ᠳᠤᠮᠳᠠᠳᠤ ᠳᠣᠣᠷᠠᠳᠤ ᠤᠷᠤᠰᠬᠠᠯ ᠵᠢᠴᠢ ᠪᠠᠷᠠᠭᠤᠨ ᠯᠢᠶᠣᠤ ᠾᠧ ᠭᠤᠣᠯ ᠵᠡᠷᠭᠡ ᠭᠠᠵᠠᠷ ᠣᠷᠣᠨ ᠳᠤ ᠪᠣᠯᠪᠠᠰᠤᠨ ᠤ ᠡᠭᠦᠰᠦᠯ ᠤᠨ ᠪᠠᠶᠢᠳᠠᠯ ᠢᠯᠡᠷᠡᠭᠰᠡᠨ ᠪᠠᠶᠢᠨ᠎ᠠ᠃ ᠣᠲᠣ ᠠᠴᠠ 5300 ᠵᠢᠯ ᠤᠨ ᠡᠮᠦᠨ᠎ᠡ᠂ ᠳᠤᠮᠳᠠᠳᠤ ᠶᠢᠨ ᠡᠬᠡ ᠭᠠᠵᠠᠷ ᠤᠨ ᠡᠯ᠎ᠡ ᠭᠠᠵᠠᠷ ᠣᠷᠣᠨ ᠵᠠᠯᠭᠠᠭ᠎ᠠ ᠪᠠᠷ ᠪᠣᠯᠪᠠᠰᠤᠨ ᠤ ᠱᠠᠲᠤᠨ ᠳᠤ ᠣᠷᠣᠭᠰᠠᠨ ᠪᠠᠶᠢᠨ᠎ᠠ ᠁ ︽ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ︾ ᠤᠨ ᠦᠷ᠎ᠡ ᠪᠦᠲᠦᠭᠡᠯ ᠢ ᠨᠡᠶᠢᠲᠡᠯᠡᠭᠰᠡᠨ ᠢᠶᠠᠷ᠂ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠨᠢ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢᠨ ᠨᠢᠭᠡ ᠪᠣᠯᠵᠤ᠂ ᠪᠠᠷᠠᠭᠤᠨ ᠯᠢᠶᠤᠤ ᠾᠧ ᠭᠤᠣᠯ ᠨᠢ ᠠᠶᠠᠨᠳᠠᠭᠠᠨ ᠳᠤᠮᠳᠠᠳᠤ ᠤᠯᠤᠰ ᠤᠨ ᠬᠠᠲᠤᠨ ᠭᠤᠣᠯ᠂ ᠬᠥᠬᠡᠮᠥ᠋ᠷᠡᠨ ᠤ ᠳᠠᠷᠠᠭᠠᠬᠢ ᠭᠤᠷᠪᠠᠳᠤᠭᠠᠷ ᠡᠬᠡ ᠭᠤᠣᠯ ᠪᠣᠯᠤᠭᠰᠠᠨ ᠪᠠᠶᠢᠨ᠎ᠠ᠃    ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠪᠣᠯ ᠪᠠᠶᠢᠭᠠᠯᠢ ᠶᠢᠨ ᠭᠠᠵᠠᠷ ᠵᠦᠢ ᠶᠢᠨ ᠤᠬᠠᠭᠳᠠᠬᠤᠨ ᠪᠣᠯᠣᠨ᠎ᠠ᠂ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠰᠣᠶᠣᠯ ᠤᠨ ᠤᠬᠠᠭᠳᠠᠬᠤᠨ ᠨᠢ ᠨᠢᠭᠡᠨᠲᠡ ᠭᠠᠵᠠᠷ ᠵᠦᠢ ᠶᠢᠨ ᠰᠠᠪᠠ ᠭᠠᠵᠠᠷ ᠤᠨ ᠬᠡᠪᠴᠢᠶ᠎ᠡ ᠠᠴᠠ ᠳᠠᠪᠠᠵᠤ᠂ ᠶᠡᠭᠡ ᠲᠥᠯᠥᠪ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠡᠮᠦᠨᠡᠲᠦ ᠬᠡᠰᠡᠭ᠂ ᠾᠧᠪᠧᠢ ᠮᠤᠵᠢ ᠶᠢᠨ ᠤᠮᠠᠷᠠᠲᠤ ᠬᠡᠰᠡᠭ᠂ ᠯᠢᠶᠣᠤᠨᠢᠩ ᠮᠤᠵᠢ ᠶᠢᠨ ᠪᠠᠷᠠᠭᠤᠨ ᠬᠡᠰᠡᠭ ᠪᠠ ᠤᠮᠠᠷᠠᠲᠤ ᠬᠡᠰᠡᠭ᠂ ᠭᠢᠷᠢᠨ ᠮᠤᠵᠢ ᠶᠢᠨ ᠪᠠᠷᠠᠭᠤᠨ ᠬᠡᠰᠡᠭ ᠢ ᠪᠠᠭᠲᠠᠭᠠᠨ᠎ᠠ᠃ ᠬᠤᠩᠱᠠᠨ ᠤ ᠰᠣᠶᠣᠯ ᠢᠶᠠᠷ ᠲᠥᠯᠥᠭᠡᠯᠡᠭᠦᠯᠦᠭᠰᠡᠨ ᠪᠠᠯᠠᠷ ᠡᠷᠲᠡᠨ ᠤ ᠪᠣᠯᠪᠠᠰᠤᠨ ᠵᠥᠪᠭᠡᠨ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠳᠡᠨᠵᠢ ᠭᠠᠵᠠᠷ ᠢᠶᠠᠷ ᠲᠠᠷᠬᠠᠭᠰᠠᠨ ᠲᠡᠳᠦᠢ ᠪᠢᠰᠢ᠂ ᠶᠡᠭᠡ᠂ ᠰᠢᠶᠣᠣ ᠯᠢᠩ ᠾᠧ ᠭᠤᠣᠯ ᠤᠨ ᠰᠠᠪᠠ ᠭᠠᠵᠠᠷ ᠤᠨ ᠯᠢᠶᠣᠤᠰᠢ ᠣᠷᠣᠨ ᠪᠠ ᠯᠤᠸᠠᠨ ᠾᠧ ᠭᠤᠣᠯ ᠤᠨ ᠰᠠᠪᠠ ᠭᠠᠵᠠᠷ ᠤᠨ ᠾᠧᠪᠧᠢ ᠶᠢᠨ ᠵᠡᠭᠦᠨ ᠬᠡᠰᠡᠭ ᠲᠤ ᠪᠦᠷ ᠠᠳᠠᠯᠢ ᠪᠤᠰᠤ ᠴᠠᠭ ᠦᠶ᠎ᠡ ᠶᠢᠨ ᠬᠤᠩᠱᠠᠨ ᠤ ᠰᠣᠶᠣᠯ ᠤᠨ ᠪᠠᠭᠤᠷᠢ ᠪᠠᠶᠢᠵᠤ᠂ ᠪᠠᠷᠠᠭᠤᠨ ᠯᠢᠶᠤᠤ ᠾᠧ ᠭᠤᠣᠯ ᠢᠶᠠᠷ ᠨᠡᠷᠡᠶᠢᠳᠦᠭᠰᠡᠨ ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ ᠪᠠᠶᠢᠵᠤ᠂ ᠲᠡᠭᠦᠨ ᠤ ᠰᠣᠶᠣᠯ ᠤᠨ ᠣᠷᠣᠨ ᠨᠢ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠭᠠᠵᠠᠷ ᠵᠦᠢ ᠶᠢᠨ ᠬᠦᠷᠢᠶ᠎ᠡ ᠬᠡᠪᠴᠢᠶ᠎ᠡ ᠠᠴᠠ ᠳᠠᠪᠠᠵᠤ᠂ ᠭᠦᠪᠡᠭᠡ ᠬᠢᠵᠠᠭᠠᠷ ᠨᠢ ᠪᠠᠯᠠᠷᠬᠠᠢ ᠰᠣᠶᠣᠯ ᠤᠨ ᠣᠷᠣᠨ ᠪᠣᠯᠤᠭᠰᠠᠨ ᠪᠠᠶᠢᠨ᠎ᠠ᠃   ᠲᠦᠩᠯᠢᠶᠣᠣ ᠬᠤᠲᠠ ᠪᠣᠯ ᠪᠠᠷᠠᠭᠤᠨ ᠯᠢᠶᠣᠤ ᠾᠧ ᠭᠤᠣᠯ ᠤᠨ ᠲᠤᠨᠤᠮᠠᠯ ᠲᠠᠯ᠎ᠠ ᠭᠠᠵᠠᠷ ᠲᠤ ᠪᠠᠶᠢᠷᠢᠯᠠᠵᠤ᠂ ᠪᠠᠷᠠᠭᠤᠨ ᠯᠢᠶᠣᠤ ᠾᠧ ᠭᠤᠣᠯ ᠤᠨ ᠡᠭᠢᠯᠡᠯᠲᠡ ᠶᠢᠨ ᠴᠡᠭ ᠨᠢ ᠲᠦᠩᠯᠢᠶᠣᠣ ᠬᠤᠲᠠ ᠶᠢᠨ ᠬᠢᠯᠢ ᠠᠴᠠ ᠡᠬᠢᠯᠡᠵᠦ᠂ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ 91.24% ᠨᠢ ᠲᠦᠩᠯᠢᠶᠣᠣ ᠬᠤᠲᠠ ᠶᠢᠨ ᠪᠦᠭᠦ ᠬᠢᠯᠢ ᠪᠠᠷ ᠤᠷᠤᠰᠤᠨ ᠥᠩᠭᠡᠷᠡᠳᠡᠭ ᠪᠣᠯᠬᠤᠷ᠂ ᠲᠦᠩᠯᠢᠶᠣᠣ ᠬᠤᠲᠠ ᠨᠢ ᠭᠠᠵᠠᠷ ᠵᠦᠢ ᠶᠢᠨ ᠪᠠᠶᠢᠷᠢᠰᠢᠯ ᠤᠨ ᠲᠠᠯ᠎ᠠ ᠪᠠᠷ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠭᠤᠣᠯ ᠣᠷᠣᠨ ᠪᠦᠰᠡ ᠳᠤ ᠣᠷᠣᠰᠢᠵᠤ ᠪᠠᠶᠢᠳᠠᠭ᠃           ᠳᠤᠮᠳᠠᠳᠤ ᠶᠢᠨ ᠦᠨᠳᠦᠰᠦᠲᠡᠨ ᠤ ︽ᠤᠯᠠᠨ           ᠡᠰᠢᠲᠦ ᠨᠢᠭᠡ ᠴᠣᠭᠴᠠ︾ ᠶᠢᠨ ᠪᠠᠶᠢᠷᠢᠰᠢᠯ    ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠲᠤᠬᠠᠢ ᠲᠡᠦᠬᠡ ᠶᠢᠨ ᠰᠤᠳᠤᠯᠭᠠᠨ ᠤᠯᠠᠮᠵᠢᠯ ᠤᠨ ᠲᠠᠯ᠎ᠠ ᠪᠠᠷ ᠶᠡᠬᠡᠩᠬᠢ ᠨᠢ ᠯᠢᠶᠤᠤ ᠤᠯᠤᠰ ᠠᠯᠳᠡᠨ ᠤᠯᠤᠰ ᠶᠤᠸᠠᠨ ᠤᠯᠤᠰ ᠤᠨ ᠦᠶ᠎ᠡ ᠶᠢᠨ ᠤᠯᠤᠰ ᠲᠦᠷᠦ ᠶᠢᠨ ᠲᠡᠦᠬᠡ ᠪᠠ ᠲᠡᠦᠬᠡ ᠭᠠᠵᠠᠷ ᠵᠦᠢ ᠶᠢᠨ ᠬᠦᠷᠢᠶᠡᠨ ᠳᠤ ᠲᠥᠪᠯᠡᠷᠡᠵᠦ ᠪᠠᠶᠢᠵᠠᠢ᠃ ᠯᠢᠨ ᠷᠦᠡᠭ ᠭᠦᠢ  ᠶᠢᠨ ︽ᠯᠢᠶᠤᠤ ᠤᠯᠤᠰ ᠤᠮᠠᠷᠠᠲᠤ ᠬᠢᠯᠢ ᠶᠢ ᠡᠵᠡᠩᠨᠡᠵᠦ ᠨᠡᠭᠡᠭᠡᠭᠰᠡᠨ ᠨᠢ︾ ᠭᠡᠬᠦ ᠪᠦᠲᠦᠭᠡᠯ ᠳᠤ ᠯᠢᠶᠤᠤ ᠤᠯᠤᠰ ᠤᠨ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠢ ᠨᠡᠭᠡᠭᠡᠭᠰᠡᠨ ᠳᠤ ᠠᠩᠬᠠᠷᠤᠯ ᠢᠶᠠᠨ ᠬᠠᠨᠳᠤᠭᠤᠯᠵᠤ ᠪᠠᠶᠢᠵᠠᠢ᠃ ᠿᠧᠨ ᠠᠢ ᠵᠢᠶᠦ᠋ᠨ ᠤ ︽ᠯᠢᠶᠤᠤ ᠤᠯᠤᠰ ᠤᠨ ᠦᠶ᠎ᠡ ᠶᠢᠨ ᠬᠢᠳᠠᠨ ᠤ ᠨᠤᠲᠤᠭ ᠤᠰᠤᠨ ᠤ ᠳᠦᠷᠰᠦ ᠪᠠᠶᠢᠳᠠᠯ︾ ᠭᠡᠬᠦ ᠪᠦᠲᠦᠭᠡᠯ ᠨᠢ ᠭᠤᠣᠯᠳᠠᠭᠤ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠬᠢᠳᠠᠨ ᠤ ᠨᠤᠲᠤᠭ ᠤᠨ ᠲᠡᠦᠬᠡ ᠲᠠᠢ ᠬᠤᠯᠪᠤᠬᠳᠠᠵᠠᠢ᠃ ᠬᠠᠨ ᠮᠣᠣ ᠯᠢ ᠶᠢᠨ ︽ᠲᠠᠯ᠎ᠠ ᠨᠤᠲᠤᠭ ᠬᠢᠭᠡᠳ ᠬᠥᠳᠡᠭᠡ ᠲᠤᠰᠬᠤᠨ ᠊᠊᠊᠊᠊᠊ ᠯᠢᠶᠤᠤ ᠤᠯᠤᠰ ᠠᠯᠳᠠᠨ ᠤᠯᠤᠰ ᠤᠨ ᠦᠶ᠎ᠡ ᠶᠢᠨ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠮᠠᠯ ᠠᠵᠤ ᠠᠬᠤᠢ ᠲᠠᠷᠢᠶᠠᠯᠠᠩ ᠬᠢᠭᠡᠳ ᠣᠷᠴᠢᠨ ᠲᠣᠭᠤᠷᠢᠨ︾ ᠭᠡᠬᠦ ᠪᠦᠲᠦᠭᠡᠯ ᠳᠠᠬᠢ ᠯᠢᠶᠤᠤ ᠤᠯᠤᠰ ᠠᠯᠳᠡᠨ ᠤᠯᠤᠰ ᠤᠨ ᠦᠶ᠎ᠡ ᠶᠢᠨ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠲᠠᠬᠢ ᠠᠵᠤ ᠠᠬᠤᠢ ᠶᠢᠨ ᠠᠵᠢᠯᠯᠠᠭ᠎ᠠ ᠨᠢ ᠨᠡᠭᠦᠳᠡᠯ ᠮᠠᠯ ᠠᠵᠤ ᠠᠬᠤᠢ ᠪᠠᠷ ᠭᠤᠣᠯᠳᠠᠭᠤᠯᠵᠤ ᠪᠠᠶᠢᠭᠰᠠᠨ ᠠᠴᠠ ᠪᠠᠨ ᠲᠠᠷᠢᠶᠠᠯᠠᠩ ᠭᠤᠣᠯ ᠪᠠᠶᠢᠷᠢ ᠶᠢ ᠡᠵᠡᠯᠡᠬᠦ ᠪᠣᠯᠤᠭᠰᠠᠨ ᠬᠤᠪᠢᠷᠠᠯᠲᠠ ᠶᠢ ᠬᠠᠶᠢᠨ ᠰᠤᠳᠤᠯᠵᠤ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠬᠢᠭᠡᠳ ᠣᠷᠴᠢᠨ ᠲᠣᠭᠤᠷᠢᠨ ᠤ ᠬᠤᠪᠢᠷᠠᠯᠲᠠ ᠶᠢᠨ ᠬᠠᠷᠢᠯᠴᠠᠨ ᠦᠢᠯᠡᠳᠦᠯᠴᠡᠬᠦ ᠣᠨᠴᠠᠯᠢᠭ ᠢ ᠢᠯᠡᠷᠡᠭᠦᠯᠪᠡ᠂ ᠳ᠋ᠦ᠋ ᠵᠢᠶᠠ ᠵᠢᠢ ᠶᠢᠨ ︽ᠴᠢᠩ ᠤᠯᠤᠰ ᠤᠨ ᠮᠠᠨᠵᠤ ᠮᠣᠩᠭᠤᠯ ᠤᠨ ᠡᠪᠰᠡᠯ ᠤᠷᠤᠭ ᠤᠨ ᠰᠤᠳᠤᠯᠤᠯ︾ ᠭᠡᠬᠦ ᠨᠣᠮ ᠳᠤ ᠮᠠᠨᠵᠤ ᠮᠣᠩᠭᠤᠯ ᠤᠨ ᠡᠪᠰᠡᠯ ᠤᠷᠤᠭ ᠢᠶᠠᠷ ᠭᠤᠣᠯ ᠰᠢᠵᠢᠮ ᠪᠤᠯᠭᠠᠵᠦ᠂ ᠡᠪᠰᠡᠯ ᠤᠷᠤᠬ ᠤᠨ ᠴᠢᠩ ᠤᠯᠤᠰ ᠤᠨ ᠨᠣᠶᠠᠷᠬᠠᠯ ᠤᠨ ᠪᠠᠶᠢᠭᠤᠯᠤᠭᠳᠠᠬᠤ ᠪᠠ ᠪᠠᠬᠢᠵᠢᠬᠦ ᠵᠢᠴᠢ ᠬᠢᠯᠢ ᠬᠢᠵᠠᠭᠠᠷ ᠤᠨ ᠵᠠᠰᠠᠯᠲᠠ ᠳᠤ ᠦᠵᠡᠭᠦᠯᠭᠦ ᠨᠥᠯᠥᠭᠡ᠂ ᠡᠪᠰᠡᠯ ᠤᠷᠤᠬ ᠤᠨ ᠦᠨᠳᠦᠰᠦᠲᠡᠨ ᠤ ᠠᠭᠤᠰᠤᠯᠴᠠᠯ ᠳᠤ ᠦᠵᠡᠭᠦᠯᠭᠦ ᠴᠢᠬᠤᠯᠠ ᠠᠴᠢ ᠬᠤᠯᠪᠣᠭᠳᠠᠯ ᠢ ᠰᠤᠳᠤᠯᠵᠠᠢ᠃   ᠵᠠᠩ ᠪᠦᠸᠧ ᠴᠢᠦᠸᠠᠨ ︽ᠲᠤᠮᠳᠠᠳᠦ ᠶᠢᠨ ᠨᠢᠭᠡ ᠴᠣᠭᠴᠠ ᠶᠢᠨ ᠲᠡᠦᠬᠡᠨ ᠵᠠᠮ ᠤᠨ ᠤᠯᠠ ᠮᠥᠷ︾ ᠭᠡᠬᠦ ᠨᠣᠮ ᠳᠠᠭᠠᠨ ᠲᠡᠦᠬᠡᠨ ᠳᠡᠭᠡᠷᠡᠬᠢ ᠬᠢᠯᠢ ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠪᠣᠯᠣᠨ ᠵᠦᠩᠶᠤᠸᠠᠨ ᠣᠷᠣᠨ ᠤ ᠬᠢᠲᠠᠳ ᠦᠨᠳᠦᠰᠦᠲᠡᠨ ᠢ ᠨᠢᠭᠡ ᠪᠦᠬᠦᠯᠢ ᠴᠣᠭᠴᠠ ᠶᠢᠨ ᠳᠣᠲᠣᠷ᠎ᠠ ᠠᠳᠠᠯᠢ ᠪᠠᠶᠢᠷᠢᠨ ᠳᠤ ᠲᠠᠯᠪᠢᠵᠤ᠂ ᠬᠠᠮᠲᠤ ᠪᠠᠷ ᠬᠥᠭᠵᠢᠬᠦ ᠪᠠ ᠬᠠᠮᠲᠤ ᠶᠢᠨ ᠤᠬᠠᠮᠰᠠᠷ ᠪᠦᠷᠢᠯᠳᠦᠭᠰᠡᠨ ᠪᠣᠳᠠᠲᠠᠢ ᠲᠡᠦᠬᠡᠨ ᠶᠠᠪᠤᠴᠠ ᠠᠴᠠ ᠭᠠᠷᠳᠠᠵᠦ᠂ ᠤᠯᠠᠨ ᠲᠠᠯ᠎ᠠ ᠪᠠᠷ ᠭᠦᠨᠵᠡᠭᠡᠢ ᠰᠤᠳᠤᠯᠤᠭᠠᠳ᠂ ᠬᠠᠮᠤᠭ ᠤᠷᠢᠳ ᠢᠶᠠᠷ ︽ᠲᠤᠮᠳᠠᠳᠦ ᠶᠢᠨ ᠨᠢᠭᠡ ᠴᠣᠭᠴᠠ ᠶᠢᠨ ᠤᠨᠤᠯ︾ ᠢ ᠳᠤᠷᠠᠳᠤᠨ ᠭᠠᠷᠭᠠᠵᠠᠢ᠃ ᠹᠧᠢ ᠰᠢᠶᠣᠣ ᠲᠦᠡᠭ ︽ᠲᠤᠮᠳᠠᠳᠦ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠ︾ ᠶᠢᠨ ᠦᠵᠡᠯᠲᠡ ᠶᠢ ᠲᠣᠳᠣᠷᠬᠠᠶᠢᠯᠠᠭᠰᠠᠨ ᠪᠥᠭᠡᠳ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠣᠷᠣᠨ ᠪᠠ ᠵᠡᠭᠦᠨ ᠬᠤᠶᠢᠲᠤ ᠶᠢᠨ ᠭᠤᠷᠪᠠᠨ  ᠮᠤᠵᠢ   ᠶᠢᠨ  ᠠᠭᠤᠯᠵᠠᠷ ᠣᠷᠣᠨ︵ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠪᠠᠭᠲᠠᠨ᠎ᠠ︶ ᠢ ︽ᠦᠨᠳᠦᠰᠦᠲᠡᠨ ᠤ ᠬᠤᠩᠭᠢᠯ︾ ᠭᠡᠵᠦ ᠨᠡᠷᠡᠶᠢᠳᠴᠡᠢ᠃
西辽河流域“文明太阳升起的地方”4.jpg
                    ᠬᠠᠮᠪᠤ ᠶᠢᠨ ᠪᠠᠭᠤᠷᠢ ᠶᠢ ᠬᠠᠮᠠᠭᠠᠯᠠᠬᠤ ᠦᠵᠡᠭᠦᠯᠭᠡ ᠶᠢᠨ ᠣᠷᠳᠣᠨ    ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ ᠢ ᠰᠤᠳᠤᠯᠬᠤ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡᠨ ᠤ ᠲᠡᠷᠢᠭᠦᠨ ᠲᠤᠰᠬᠠᠢ ᠮᠡᠷᠭᠡᠵᠢᠯᠲᠡᠨ ᠵᠠᠩ ᠲᠢᠶᠧ ᠨᠠᠨ᠄ ︽︿ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ﹀ ᠪᠣᠯ ᠰᠣᠶᠣᠯ ᠢᠷᠭᠡᠨᠰᠢᠯ ᠲᠡᠦᠬᠡ ᠭᠠᠵᠠᠷ ᠵᠦᠢ ᠶᠢᠨ ᠤᠬᠠᠭᠳᠠᠬᠤᠨ ᠮᠥᠨ᠂ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠢᠶᠠᠷ ᠭᠤᠣᠯ ᠪᠤᠯᠭᠠᠬᠰᠠᠨ ᠣᠷᠣᠨ ᠪᠦᠰᠡ ᠶᠢᠨ ᠴᠢᠨᠠᠷᠲᠠᠢ ᠪᠣᠯᠪᠠᠰᠤᠨ ᠪᠣᠯᠣᠨ᠎ᠠ᠂ ᠲᠠᠪᠤᠨ ᠮᠢᠩᠭᠠᠨ ᠵᠢᠯ ᠦᠷᠭᠦᠯᠵᠢᠯᠡᠭᠰᠡᠨ ᠲᠤᠮᠳᠠᠳᠦ ᠶᠢᠨ ᠪᠣᠯᠪᠠᠰᠤᠨ ᠤ ᠲᠡᠦᠬᠡᠨ ᠳᠤ ᠲᠣᠪᠣᠶᠢᠮ᠎ᠠ ᠴᠢᠬᠤᠯᠠ ᠪᠠᠶᠢᠷᠢ ᠶᠢ ᠡᠵᠡᠯᠡᠵᠦ ᠪᠤᠢ᠃ ︿ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ﹀ ᠢ ᠥᠭᠦᠯᠡᠨ ᠲᠣᠭᠠᠴᠢᠬᠤ ᠳᠠᠭᠠᠨ ᠲᠤᠮᠳᠠᠳᠦ ᠶᠢᠨ ᠪᠣᠯᠪᠠᠰᠤᠨ ᠤ ᠲᠠᠪᠤᠨ ᠮᠢᠩᠭᠠᠨ ᠵᠢᠯ ᠤᠨ ᠲᠡᠦᠬᠡᠨ ᠠᠬᠤᠢ ᠪᠠᠶᠢᠳᠠᠯ ᠢᠶᠠᠷ ᠯᠠᠪᠯᠠᠯᠳᠡ ᠪᠤᠯᠭᠠᠬᠤ ᠬᠡᠷᠡᠭᠲᠡᠢ︾ ᠭᠡᠵᠦ ᠬᠡᠯᠡᠭᠰᠡᠨ ᠪᠠᠶᠢᠨ᠎ᠠ᠃    ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠲᠤ ᠬᠢᠲᠠᠳ᠂ ᠾᠦᠩᠨᠦ᠂ ᠳ᠋ᠦᠩᠬᠤ᠂ ᠰᠢᠶᠠᠨᠪᠢ᠂ ᠬᠢᠳᠠᠨ᠂ ᠰᠢ᠂ ᠵᠦᠷᠴᠢᠨ᠂ ᠮᠣᠩᠭᠤᠯ᠂ ᠮᠠᠨᠵᠤ ᠵᠡᠷᠭᠡ ᠮᠠᠰᠢ ᠤᠯᠠᠨ ᠦᠨᠳᠦᠰᠦᠲᠡᠨ ᠣᠷᠣᠰᠢᠨ ᠠᠮᠢᠳᠤᠷᠠᠵᠤ ᠪᠤᠢ᠃ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠪᠣᠯ ᠦᠨᠳᠦᠰᠦᠲᠡᠨ ᠨᠦᠭᠦᠳ ᠤᠨ ᠬᠠᠮᠲᠤ ᠶᠢᠨ ᠭᠡᠷ ᠣᠷᠣᠨ ᠪᠤᠯᠬᠤ ᠶᠤᠮ᠂ ᠦᠨᠳᠦᠰᠦᠲᠡᠨ ᠨᠦᠭᠦᠳ ᠬᠠᠮᠲᠤ ᠪᠠᠷ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠢ ᠨᠡᠭᠡᠭᠡᠨ ᠬᠥᠭᠵᠢᠭᠦᠯᠵᠦ᠂ ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ ᠢ ᠬᠠᠮᠲᠤ ᠪᠠᠷ ᠬᠥᠭᠵᠢᠭᠦᠯᠪᠡ᠃        ᠡᠯ᠎ᠡ ᠦᠨᠳᠦᠰᠦᠲᠡᠨ ᠬᠠᠮᠲᠤ ᠪᠠᠷ ᠴᠡᠴᠡᠭᠯᠡᠨ ᠬᠥᠭᠵᠢᠪᠡ   ᠡᠷᠲᠡᠨ ᠠᠴᠠ ᠠᠪᠤᠭᠠᠳ ᠵᠦᠩᠶᠤᠸᠠᠨ ᠣᠷᠣᠨ ᠪᠣᠯᠣᠨ ᠬᠢᠯᠢ ᠬᠢᠵᠠᠭᠠᠷ ᠤᠨ ᠠᠷᠠᠳ ᠲᠦᠮᠡᠨ ᠪᠣᠯ ᠬᠠᠷᠢᠯᠴᠠᠨ ᠶᠠᠪᠤᠯᠴᠠᠵᠤ᠂ ᠦᠷᠭᠦᠯᠵᠢ ᠬᠠᠷᠢᠯᠴᠠᠨ ᠦᠢᠯᠡᠳᠦᠯᠴᠡᠬᠦ ᠬᠠᠷᠢᠴᠠᠭ᠎ᠠ ᠲᠠᠢ᠂ ᠴᠢᠨ ᠤᠯᠤᠰ ᠤᠨ ᠦᠶ᠎ᠡ ᠠᠴᠠ ᠨᠠᠭᠠᠰᠢ᠂ ᠬᠢᠲᠠᠳ ᠦᠨᠳᠦᠰᠦᠲᠡᠨ ᠬᠢᠯᠢ ᠬᠢᠵᠠᠭᠠᠷ ᠲᠤ ᠰᠠᠭᠤᠵᠤ ᠪᠠᠶᠢᠭᠰᠠᠨ ᠪᠥᠭᠡᠳ ᠬᠢᠯᠢ ᠶᠢᠨ ᠠᠷᠠᠳ ᠳᠣᠲᠣᠭᠰᠢ ᠨᠡᠭᠦᠵᠦ᠂ ᠬᠡᠳᠦᠨ ᠤᠳᠠᠭᠠᠨ ᠤ ᠦᠨᠳᠦᠰᠦᠲᠡᠨ ᠤ ᠶᠡᠭᠡ ᠠᠭᠤᠰᠤᠯᠴᠠᠯ ᠢ ᠥᠩᠭᠡᠷᠡᠭᠡᠭᠡᠳ ᠬᠠᠮᠲᠤ ᠪᠠᠷ ᠨᠤᠲᠤᠭ ᠤᠰᠤ ᠪᠠᠨ ᠨᠡᠭᠡᠭᠡᠭᠰᠡᠨ ᠪᠠᠶᠢᠨ᠎ᠠ᠃    ᠨᠡᠶᠢᠳᠡ ᠶᠢᠨ ᠣᠨ ᠲᠣᠭᠠᠯᠠᠯ ᠤᠨ 907 ᠣᠨ ᠳᠤ ᠬᠢᠳᠠᠨ ᠦᠨᠳᠦᠰᠦᠲᠡᠨ ᠤ ᠶᠧᠯᠢᠦᠢ ᠠᠪᠤᠵᠢ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠲᠤ ᠯᠢᠶᠤᠤ ᠤᠯᠤᠰ ᠢ ᠪᠠᠶᠢᠭᠤᠯᠪᠠ᠃ ᠲᠤᠬᠠᠢ ᠶᠢᠨ ᠦᠶ᠎ᠡ ᠳᠤ ᠲᠤᠮᠳᠠᠳᠦ ᠤᠯᠤᠰ ᠲᠤ ᠤᠯᠠᠨ ᠵᠠᠰᠠᠭ ᠵᠡᠷᠭᠡᠴᠡᠨ ᠲᠣᠭᠲᠠᠨᠢᠭᠰᠠᠨ ᠪᠠᠶᠢᠳᠠᠯ ᠢᠯᠡᠷᠡᠵᠦ᠂ ᠯᠢᠶᠤᠤ ᠤᠯᠤᠰ ᠤᠮᠠᠷᠠᠲᠤ ᠰᠦᠡᠭ ᠤᠯᠤᠰ ᠲᠠᠢ ᠡᠰᠡᠷᠭᠦᠴᠡᠯᠳᠦᠨ ᠣᠷᠣᠰᠢᠬᠤ ᠳᠠᠭᠠᠨ ᠭᠤᠣᠯᠯᠠᠬᠤ ᠪᠠᠶᠢᠷᠢ ᠶᠢ ᠡᠵᠡᠯᠡᠨ᠂ ᠥᠪᠡᠷ ᠢ ᠪᠠᠨ ︽ᠲᠤᠮᠳᠠᠳᠦ ᠶᠢᠨ ᠡᠰᠢ ᠤᠳᠤᠮ︾ ᠭᠡᠳᠡᠭ ᠣᠶᠢᠯᠠᠭᠠᠭᠳᠠᠬᠤᠨ ᠢ ᠳᠤᠷᠠᠳᠴᠠᠢ᠃ ᠢᠩᠭᠢᠭᠡᠳ ᠥᠩᠭᠡᠷᠡᠭᠰᠡᠨ ᠤ ᠤᠷᠳᠦ ᠴᠠᠭᠠᠨ ᠬᠡᠷᠡᠮ ᠢᠶᠠᠷ ᠵᠠᠭᠠᠭ ᠪᠤᠯᠭᠠᠵᠦ ᠪᠠᠶᠢᠭᠰᠠᠨ ︽ᠳᠣᠲᠣᠭᠰᠢ ᠪᠠᠨ ᠲᠤᠮᠳᠠᠳᠦ ᠳᠤ ᠭᠠᠳᠠᠭᠰᠢ ᠪᠠᠨ ᠬᠠᠷᠢ ᠳᠤ︾ ᠭᠡᠬᠦ ᠤᠯᠠᠮᠵᠢᠯᠠᠯᠲᠤ ᠦᠵᠡᠯᠲᠡ ᠶᠢ ᠡᠪᠳᠡᠵᠦ᠂ ︽ᠲᠤᠮᠳᠠᠳᠦ︾ ᠶᠢᠨ ᠭᠠᠵᠠᠷ ᠣᠷᠣᠨ ᠢ ᠤᠷᠳᠦ ᠴᠠᠭᠠᠨ ᠬᠡᠷᠡᠮ ᠤᠨ ᠭᠠᠳᠠᠨ᠎ᠠ ᠭᠦᠷᠳᠡᠯ᠎ᠡ ᠥᠷᠭᠡᠳᠬᠡᠪᠡ᠃ ᠮᠢᠩ ᠤᠯᠤᠰ ᠤᠨ ᠦᠶ᠎ᠡ ᠳᠤ ᠮᠣᠩᠭᠤᠯᠴᠤᠳ ᠤᠨ ᠬᠤᠷᠴᠢᠨ ᠠᠶᠢᠮᠠᠭ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠲᠤ ᠨᠡᠭᠦᠵᠦ ᠢᠷᠡᠭᠰᠡᠨ ᠠᠴᠠ ᠬᠤᠶᠢᠰᠢ ᠡᠨᠡ ᠭᠠᠵᠠᠷ ᠬᠤᠷᠴᠢᠨ ᠤ ᠲᠠᠯ᠎ᠠ ᠨᠤᠲᠤᠭ ᠭᠡᠰᠡᠨ ᠨᠡᠷᠡᠶᠢᠳᠦᠯ ᠲᠠᠢ ᠪᠣᠯᠵᠠᠢ᠃ ᠴᠢᠩ ᠤᠯᠤᠰ ᠤᠨ ᠬᠠᠭᠠᠨᠲᠤ ᠲᠦᠷᠦ ᠪᠠᠶᠢᠭᠤᠯᠤᠭᠳᠠᠨ ᠪᠠᠬᠢᠵᠢᠬᠦ ᠶᠠᠪᠤᠴᠠ ᠳᠤ ᠴᠢᠩ ᠤᠯᠤᠰ ᠤᠨ ᠬᠠᠭᠠᠨ ᠤ ᠤᠭᠰᠠᠭ᠎ᠠ ᠪᠣᠯᠣᠨ ᠮᠣᠩᠭᠤᠯᠴᠤᠳ ᠤᠨ ᠬᠤᠷᠴᠢᠨ ᠠᠶᠢᠮᠠᠭ ᠤᠨ ᠡᠪᠰᠡᠯ ᠤᠷᠤᠬ ᠮᠠᠨᠵᠤ ᠮᠣᠩᠭᠤᠯ ᠤᠨ ᠬᠤᠯᠪᠣᠭᠠᠯᠠᠬᠤ ᠴᠢᠬᠤᠯᠠ ᠠᠭᠤᠯᠭ᠎ᠠ ᠪᠣᠯᠵᠤ᠂ ᠡᠭᠦᠨ ᠠᠴᠠ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠦᠨᠳᠦᠰᠦᠲᠡᠨ ᠨᠦᠭᠦᠳ ᠲᠤᠮᠳᠠᠳᠦ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠪᠦᠷᠢᠮᠦᠰᠦᠨ ᠠᠭᠤᠰᠤᠨ᠂ ᠲᠤᠮᠳᠠᠳᠦ ᠶᠢᠨ ᠦᠨᠳᠦᠰᠦᠲᠡᠨ ᠤ ︽ᠤᠯᠠᠨ ᠡᠰᠢᠲᠦ ᠨᠢᠭᠡ ᠴᠣᠭᠴᠠ︾ ᠶᠢᠨ ᠪᠠᠶᠢᠷᠢᠰᠢᠯ ᠡᠴᠦᠰ ᠲᠡᠭᠡᠨ ᠪᠦᠷᠢᠯᠳᠦᠭᠰᠡᠨ ᠪᠠᠶᠢᠨ᠎ᠠ᠃ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠬᠤᠷᠴᠢᠨ ᠠᠶᠢᠮᠠᠭ ᠡᠨᠡ ᠬᠦ ᠲᠡᠦᠬᠡᠨ ᠶᠠᠪᠤᠴᠠ ᠳᠤ ᠣᠷᠣᠯᠴᠠᠭᠠᠳ ᠢᠳᠡᠪᠬᠢᠲᠡᠢ ᠪᠥᠭᠡᠳ ᠵᠠᠩᠭᠢᠯᠠᠭ᠎ᠠ ᠶᠢᠨ ᠦᠢᠯᠡᠳᠦᠯ ᠦᠵᠡᠭᠦᠯᠵᠡᠢ᠃    ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠬᠢᠭᠡᠳ ᠲᠡᠦᠬᠡ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠲᠤᠮᠳᠠᠳᠦ ᠤᠯᠤᠰ ᠤᠨ ᠳᠡᠯᠡᠬᠡᠢ ᠶᠢᠨ ᠡᠷᠲᠡᠨ ᠤ ᠲᠡᠦᠬᠡ ᠶᠢ ᠰᠤᠳᠤᠯᠬᠤ ᠨᠡᠶᠢᠭᠡᠮᠯᠢᠭ ᠤᠨ ᠬᠡᠷᠡᠭ ᠡᠷᠭᠢᠯᠡᠭᠴᠢ ᠲᠢᠶᠠᠨ ᠮᠢᠩ ᠤᠨ ᠦᠵᠡᠬᠦ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠥᠭᠡᠳ ᠵᠢᠱᠢᠶᠡᠴᠢ ᠥᠪᠡᠷᠲᠡᠭᠡᠨ ᠵᠠᠰᠠᠬᠤ ᠣᠷᠣᠨ ᠮᠥᠨ᠃ ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ ᠤ ᠰᠤᠳᠤᠯᠭᠠᠨ ᠢ ᠭᠦᠨᠵᠡᠭᠡᠢ ᠥᠷᠨᠢᠭᠦᠯᠬᠦ ᠨᠢ ᠡᠷᠳᠡᠮ ᠰᠢᠨᠵᠢᠯᠡᠭᠡᠨ ᠤ ᠡᠲᠡᠭᠡᠳ ᠤᠨ ᠬᠢᠨ ᠤ ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ ᠤ ᠨᠡᠶᠢᠭᠡᠮ ᠤᠨ ᠪᠤᠳᠤᠯᠢᠶᠠᠨᠲᠤ ᠶᠠᠪᠤᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠣᠷᠣᠨ ᠪᠦᠰᠡ ᠶᠢᠨ ᠪᠣᠯᠪᠠᠰᠤᠨ ᠤ ᠡᠭᠦᠰᠦᠯ ᠤᠨ ᠣᠨᠴᠠᠯᠢᠭ ᠵᠡᠷᠭᠡ ᠶᠢ ᠰᠢᠰᠲ᠋ᠧᠮ ᠲᠠᠢ ᠶᠠᠷᠢᠯᠴᠠᠬᠤ ᠳᠤ ᠵᠣᠬᠢᠬᠤ ᠡᠷᠳᠡᠮ ᠰᠢᠨᠵᠢᠯᠡᠭᠡᠨ ᠤ ᠮᠠᠲ᠋ᠧᠷᠢᠶᠠᠯ ᠬᠠᠩᠭᠠᠵᠤ ᠪᠤᠯᠤᠨ᠎ᠡ;ᠪᠠᠷᠠᠭᠤᠨ ᠯᠢᠶᠤᠤ ᠾᠧ ᠭᠤᠣᠯ ᠤᠨ ᠪᠣᠯᠪᠠᠰᠤᠨ ᠤ ᠲᠤᠮᠳᠠᠳᠦ ᠶᠢᠨ ᠪᠣᠯᠪᠠᠰᠤᠨ ᠤ ᠪᠦᠷᠢᠯᠳᠦᠯ ᠪᠠ ᠬᠥᠭᠵᠢᠯᠲᠡ  ᠶᠢᠨ ᠶᠠᠪᠤᠴᠠ ᠳᠠᠬᠢ ᠪᠠᠶᠢᠷᠢ ᠰᠠᠭᠤᠷᠢ ᠪᠠ ᠦᠢᠯᠡᠳᠦᠯ ᠢ ᠭᠦᠨᠵᠡᠭᠡᠢ ᠰᠤᠳᠤᠯᠤᠨ ᠶᠠᠷᠢᠯᠴᠠᠬᠤ ᠨᠢ ᠤᠯᠠᠨ ᠡᠰᠢᠲᠦ ᠨᠢᠭᠡ ᠴᠣᠭᠴᠠᠵᠢᠭᠰᠠᠨ ᠲᠤᠮᠳᠠᠳᠦ ᠶᠢᠨ ᠪᠣᠯᠪᠠᠰᠤᠨ ᠤ ᠳᠣᠲᠣᠷᠠᠬᠢ ︽ᠪᠠᠷᠠᠭᠤᠨ ᠯᠢᠶᠤᠤ ᠾᠧ ᠭᠤᠣᠯ ᠤᠨ ᠡᠯᠧᠮᠧᠨ᠋ᠲ︾ ᠢ ᠤᠯᠠᠮ ᠴᠢᠨᠠᠭᠰᠢᠳᠠ ᠲᠠᠨᠢᠵᠤ᠂ ᠲᠤᠮᠳᠠᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠲᠡᠦᠬᠡ ᠶᠢᠨ ᠦᠨᠳᠦᠰᠦᠯᠡᠯ ᠪᠠ ᠦᠨᠡᠨ ᠪᠣᠳᠠᠲᠤ ᠯᠠᠪᠯᠠᠯᠳᠡ ᠬᠠᠩᠭᠠᠵᠤ ᠪᠣᠯᠣᠨ᠎ᠠ᠃ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠢ ᠰᠤᠳᠤᠯᠬᠤ ᠨᠢ ᠲᠤᠮᠳᠠᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠣᠯ ᠲᠡᠦᠬᠡᠨ ᠳᠡᠭᠡᠷᠡᠬᠢ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠰᠠᠭᠤᠷᠢᠨ ᠳᠡᠭᠡᠷ᠎ᠡ ᠪᠦᠷᠢᠯᠳᠦᠭᠰᠡᠨ ᠭᠡᠳᠡᠭ ᠢ ᠨᠡᠩ ᠭᠦᠨᠵᠡᠭᠡᠢ ᠣᠶᠢᠯᠠᠭᠠᠬᠤ ᠳᠤ ᠠᠰᠢᠭᠲᠠᠢ ᠪᠠᠶᠢᠵᠤ᠂ ᠬᠡᠨ ᠠᠯᠢᠨ ᠠᠴᠠ ᠪᠠᠨ ᠰᠠᠯᠵᠤ ᠪᠣᠯᠣᠰᠢ ᠦᠭᠡᠢ ᠨᠢᠭᠲᠠ ᠬᠠᠷᠢᠴᠠᠭ᠎ᠠ ᠲᠠᠢ ᠶᠤᠮ᠂ ᠡᠭᠦᠨ ᠤ ᠤᠯᠠᠮ ᠢᠶᠠᠷ ᠲᠤᠮᠳᠠᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠡᠦᠬᠡ ᠶᠢᠨ ᠬᠠᠭᠤᠳᠠᠰᠤ ᠶᠢ ᠵᠢᠷᠤᠭᠯᠠᠭᠰᠠᠨ ᠶᠤᠮ ᠭᠡᠵᠡᠢ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ