ᠬᠦᠷᠢᠶ᠎ᠡ ᠬᠤᠰᠢᠭᠤᠨ ᠤ ᠡᠯᠡᠰᠦᠨ ᠪᠠᠯᠭᠠᠰᠤ ᠤᠮᠠᠷᠠᠲᠤ ᠬᠢᠯᠢ ᠶᠢᠨ ᠰᠣᠶᠣᠯ ᠢ ᠤᠯᠠᠮ ᠨᠢᠭᠡ ᠠᠯᠬᠤᠮ ᠠᠭᠤᠳᠠᠯᠬᠤ ᠪᠠ ᠪᠠᠳᠠᠷᠠᠭᠤᠯᠤᠨ᠂ ᠣᠷᠣᠨ ᠪᠦᠰᠡ ᠶᠢᠨ | ᠰᠣᠶᠣᠯ ᠤᠨ ᠠᠭᠤᠯᠤᠭᠳᠠᠬᠤᠨ ᠢ ᠳᠡᠯᠭᠡᠨ ᠦᠵᠡᠭᠦᠯᠵᠦ᠂ ᠡᠯ᠎ᠡ ᠦᠨᠳᠦᠰᠦᠲᠡᠨ ᠤ ᠰᠣᠶᠣᠯ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠨᠡᠮᠡᠭᠳᠡᠭᠦᠯᠬᠦ ᠶᠢᠨ | ᠲᠥᠯᠥᠭᠡ ᠣᠷᠣᠨ ᠨᠤᠲᠤᠭ ᠤᠨ ᠣᠨᠴᠠᠯᠢᠭ ᠲᠠᠢ ᠰᠣᠶᠣᠯ ᠤᠷᠠᠯᠢᠭ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ | ᠪᠠᠶᠢᠨ᠎ᠠ᠃ | ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠡᠯ᠎ᠡ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠵᠤ᠂ ︽ᠮᠥᠷᠥᠶᠢᠴᠡᠭᠡᠨ ᠲᠠᠯᠪᠢᠬᠤ︾ ᠭᠡᠯᠪᠡᠷᠢ ᠪᠠᠷ | ᠠᠯᠠᠭᠠᠳᠠᠬᠤ ᠪᠥᠮᠪᠦᠭᠡ ᠶᠢᠨ ᠤᠷᠤᠯᠳᠤᠭᠠᠨ᠂ ᠰᠠᠭᠰᠤᠨ ᠪᠥᠮᠪᠦᠭᠡ ᠶᠢᠨ ᠤᠷᠤᠯᠳᠤᠭᠠᠨ᠂ ︽ᠤᠭ᠍ᠶᠤᠳᠠᠢ︾ ᠬᠤᠨᠳᠠᠭᠠᠲᠤ ᠬᠤᠷᠴᠢᠨ ᠠᠷᠠᠳ ᠤᠨ ᠳᠠᠭᠤᠤ ᠶᠢᠨ | ᠤᠷᠤᠯᠳᠤᠭᠠᠨ ᠵᠡᠷᠭᠡ ᠶᠢ ᠲᠣᠰ ᠲᠣᠰ ᠥᠷᠨᠢᠭᠦᠯᠵᠦ᠂ ᠦᠨᠳᠦᠰᠦᠲᠡᠨ ᠤ ᠰᠣᠶᠣᠯ ᠤᠨ ᠬᠥᠭᠵᠢᠯᠲᠡ ᠳᠤ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ 11 | ᠭᠠᠴᠠᠭ᠎ᠠ 43 ᠪᠠᠶᠢᠭᠠᠯᠢᠯᠢᠭ ᠠᠶᠢᠯ ᠤᠨ 130 ᠭᠠᠷᠤᠢ ᠲᠠᠮᠢᠷᠴᠢᠨ ᠢ 11 ᠳᠤᠭᠤᠶᠢᠯᠠᠩ ᠬᠤᠪᠢᠶᠠᠵᠤ᠂ ᠰᠢᠢᠳᠪᠦᠷᠢᠲᠦ ᠤᠷᠤᠯᠳᠤᠭᠠᠨ᠂ ᠨᠤᠭᠤᠯᠤᠭ᠎ᠠ | ᠤᠷᠤᠯᠳᠤᠭᠠᠨ ᠢᠶᠠᠷ ᠳᠠᠮᠵᠢᠵᠦ᠂ ᠲᠡᠷᠢᠭᠦᠨ ᠳᠡᠳ᠋ ᠪᠠᠶᠢᠷᠢ ᠶᠢ ᠰᠢᠯᠭᠠᠷᠠᠭᠤᠯᠵᠤ᠂ ᠤᠯᠠᠨ ᠲᠦᠮᠡᠨ ᠢ ᠦᠨᠳᠦᠰᠦᠲᠡᠨ ᠤ ᠨᠠᠶᠢᠷ ᠨᠠᠭᠠᠳᠤᠮ ᠰᠣᠶᠣᠯ ᠤᠨ ᠠᠵᠢᠯᠯᠠᠭ᠎ᠠ ᠪᠠᠨ | ᠤᠯᠠᠮᠵᠢᠯᠠᠨ ᠪᠠᠳᠠᠷᠠᠭᠤᠯᠬᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠭᠠᠨ ᠬᠥᠮᠥᠵᠢᠭᠦᠯᠵᠡᠢ᠃ ᠨᠡᠩ ︽ᠤᠭ᠍ᠶᠤᠳᠠᠢ︾ ᠬᠤᠨᠳᠠᠭᠠᠲᠤ ᠬᠤᠷᠴᠢᠨ ᠠᠷᠠᠳ ᠤᠨ | ᠳᠠᠭᠤᠤ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠶᠠᠪᠤᠳᠠᠯ ᠨᠢ ᠤᠯᠠᠨ ᠲᠦᠮᠡᠨ ᠤ ᠬᠦᠷᠢᠶᠡᠯᠡᠯ ᠢ ᠶᠡᠭᠡ ᠪᠠᠷ ᠣᠯᠵᠤ᠂ ᠠᠯᠤᠰ ᠤᠨ ᠬᠠᠷᠠᠴᠠ ᠶᠢ | ᠨᠢ ᠨᠡᠩ ᠥᠨᠳᠥᠷᠵᠢᠭᠦᠯᠪᠡ᠃ ᠲᠤᠰ ᠤᠷᠤᠯᠳᠣᠭᠠᠨ ᠳᠤ ᠬᠥᠷᠰᠢ ᠵᠡᠷᠭᠡᠯᠡᠳᠡᠭᠡ ᠬᠤᠰᠢᠭᠤ ᠰᠢᠶᠠᠨ ᠤ 140 ᠭᠠᠷᠤᠢ ᠤᠷᠠᠯᠢᠭ ᠤᠨ ᠪᠠᠭ᠋ᠠᠲᠠᠨ ᠣᠷᠤᠯᠴᠠᠵᠦ᠂︽ | ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠦᠨᠳᠦᠰᠦᠲᠡᠨ ᠤ ᠰᠣᠶᠣᠯ ᠢᠶᠠᠨ ᠬᠥᠭᠵᠢᠭᠦᠯᠬᠦ︾ ᠭᠤᠣᠯ ᠭᠦᠭ ᠠᠶᠠᠰ ᠢ ᠴᠢᠪᠬᠠᠳᠠᠵᠤ᠂ ᠣᠷᠣᠨ ᠨᠤᠲᠤᠭ ᠤᠨ | ᠰᠣᠶᠣᠯ ᠳᠠᠭᠠᠨ ᠰᠠᠭᠤᠷᠢᠯᠠᠵᠤ᠂ ᠤᠷ᠎ᠠ ᠠᠪᠢᠶᠠᠰ ᠢᠶᠠᠨ ᠪᠠᠳᠠᠷᠠᠭᠤᠯᠤᠨ ᠨᠢᠵᠢᠭᠢᠷ ᠰᠠᠶᠢᠬᠠᠨ ᠶᠠᠪᠤᠭᠳᠠᠯ᠎ᠠ᠃ ᠡᠭᠦᠨ ᠠᠴᠠ ᠭᠠᠳᠠᠨ᠎ᠠ᠂ ᠰᠤᠷᠭᠠᠭᠤᠯᠢ ᠶᠢᠨ ᠬᠦᠷᠢᠶᠡᠨ ᠤ | ᠤᠷᠠᠨ ᠰᠠᠶᠢᠬᠠᠨ ᠤ ᠲᠤᠬᠯᠠᠯᠲᠠ ᠵᠢᠴᠢ ᠪᠡᠶ᠎ᠡ ᠶᠢᠨ ᠲᠠᠮᠢᠷ ᠤᠨ ᠠᠵᠢᠯᠯᠠᠭᠠᠨ ᠨᠢ ᠵᠠᠯᠠᠭᠤᠴᠤᠳ ᠪᠠᠭᠠᠴᠤᠳ ᠢ ᠦᠨᠳᠦᠰᠦᠲᠡᠨ ᠤ ᠰᠣᠶᠣᠯ ᠢᠶᠠᠨ ᠬᠠᠶᠢᠷᠠᠯᠠᠬᠤ ᠦᠵᠡᠯ | ᠰᠡᠳᠬᠢᠯᠭᠡ ᠶᠢ ᠨᠢ ᠨᠡᠮᠡᠭᠳᠡᠭᠦᠯᠵᠦ ᠢᠲᠡᠭᠡᠯ ᠵᠣᠷᠢᠭ ᠢ ᠨᠢ ᠬᠥᠪᠴᠢᠯᠡᠵᠡᠢ᠃ ᠬᠤᠶᠢᠰᠢᠳᠠ᠂ ᠡᠯᠡᠰᠦᠨ ᠪᠠᠯᠭᠠᠰᠤ ︽ᠤᠮᠠᠷᠠᠲᠤ ᠬᠢᠯᠢ ᠶᠢᠨ ᠰᠣᠶᠣᠯ︾ ᠤᠨ ᠰᠣᠳᠣᠨ | ᠪᠦᠲᠦᠭᠡᠯ ᠢ ᠵᠣᠬᠢᠶᠠᠨ ᠪᠦᠲᠦᠭᠡᠬᠦ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠷ ᠠᠮᠢᠰᠬᠤᠯ ᠢ ᠥᠳᠬᠡᠷᠡᠭᠦᠯᠦᠨ᠂ ᠡᠯ᠎ᠡ ᠦᠨᠳᠦᠰᠦᠲᠡᠨ ᠤ ᠶᠠᠪᠤᠯᠴᠠᠭ᠎ᠠ᠂ ᠰᠣᠯᠢᠯᠴᠠᠭ᠎ᠠ᠂ | ᠠᠭᠤᠰᠤᠯᠴᠠᠯ ᠢ ᠤᠯᠠᠮ ᠠᠴᠠ ᠤᠯᠠᠮ ᠠᠬᠢᠭᠤᠯᠬᠤ ᠪᠣᠯᠣᠨ᠎ᠠ᠃ |