9 ᠰᠠᠷ᠎ᠠ ᠶᠢᠨ 24 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠳᠠᠭᠠᠭᠠᠴᠢᠯᠠᠨ ᠡᠷᠭᠢᠯᠡᠭᠰᠡᠨ ︽ᠤᠶᠠᠩᠭ᠎ᠠ ᠴᠠᠯᠭᠢᠯᠠᠭᠰᠠᠨ ᠤᠮᠠᠷᠠᠲᠤ | ᠬᠢᠯᠢ ᠪᠠᠶᠠᠷ ᠪᠢᠯᠬᠠᠭᠰᠠᠨ ᠲᠦᠩᠯᠢᠶᠣᠣ︾ ᠬᠡᠮᠡᠬᠦ ᠲᠦᠩᠯᠢᠶᠣᠣ ᠬᠤᠲᠠ ᠶᠢᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠶᠢᠨ ᠰᠢᠯᠦᠭ ᠳᠠᠭᠤᠯᠠᠯ ᠤᠨ ᠶᠡᠭᠡ ᠬᠤᠷᠠᠯ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠶᠠᠪᠤᠭᠳᠠᠪᠠ᠃ | ᠲᠤᠰ ᠤᠳᠠᠭᠠᠨ ᠤ ᠤᠷᠤᠯᠳᠤᠭᠠᠨ ᠳᠤ᠂ ᠵᠠᠷᠤᠳ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠡᠷᠭᠡ | ᠭᠠᠵᠠᠷ ᠤᠨ 9 ᠲᠥᠯᠥᠭᠡᠯᠡᠭᠴᠢ ᠶᠢᠨ ᠠᠩᠭᠢ ᠶᠢᠨ 27 ᠣᠷᠣᠯᠴᠠᠭᠴᠢ ᠣᠷᠣᠯᠴᠠᠵᠠᠢ᠃ ᠣᠷᠣᠯᠴᠠᠭᠴᠢᠳ ᠤᠨ ᠳᠤᠮᠳᠠ ᠠᠷᠪᠠᠨ ᠭᠤᠷᠪᠠᠭ᠋ᠠᠨ ᠨᠠᠰᠤᠲᠠᠢ ᠪᠢᠴᠢᠬᠠᠨ | ᠵᠢᠭᠠᠯ ᠪᠠᠶᠢᠬᠤ ᠪᠥᠭᠡᠳ ᠰᠢᠯᠦᠭ ᠳᠠᠭᠤᠯᠠᠯ ᠳᠤ ᠪᠠᠭ᠋ᠠᠲᠠᠢ ᠲᠣᠮᠣ ᠬᠥᠮᠥᠰ ᠪᠠᠶᠢᠪᠠ᠂ ᠳᠡᠳᠡ ᠤᠯᠠᠮᠵᠢᠯᠠᠯᠲᠤ ᠬᠤᠪᠴᠠᠰᠤ ᠵᠠᠰᠠᠯ ᠢᠶᠠᠷ ᠢᠶᠠᠨ ᠭᠤᠶᠣᠯᠠᠨ᠂ | ᠤᠷᠤᠯᠳᠤᠭᠠᠨ ᠤ ᠲᠠᠶᠢᠰᠠᠨ᠎ᠠ ᠰᠢᠯᠦᠭ ᠢᠶᠠᠷ ᠠᠭᠤᠯᠵᠠᠵᠤ᠂ ᠢᠷᠠᠭᠤ ᠨᠠᠶᠢᠷᠠᠭ ᠢᠶᠠᠷ ᠨᠠᠷᠭᠢᠯᠳᠤᠵᠤ ᠪᠠᠶᠢᠯ᠎ᠠ᠃ | ᠦᠵᠡᠭᠴᠢ ᠯᠢᠦ ᠵᠢᠶᠠ᠄ ︽ᠰᠢᠯᠦᠭ ᠳᠠᠭᠤᠯᠠᠯ ᠤᠨ ᠶᠡᠭᠡ ᠬᠤᠷᠠᠯ ᠢ ᠰᠣᠨᠢᠷᠬᠠᠭᠠᠳ ᠮᠠᠰᠢ ᠰᠡᠳᠬᠢᠯ ᠳᠣᠭᠳᠣᠯᠪᠠ᠃ ᠣᠷᠣᠯᠴᠠᠭᠴᠢᠳ ᠠᠴᠠ ᠤᠷᠤᠰᠤᠮ᠎ᠠ ᠲᠣᠳᠣ | ᠤᠶᠠᠩᠭᠠᠯᠠᠨ ᠤᠩᠰᠢᠬᠤ ᠳᠤ ᠲᠡᠳᠡᠭᠡᠷ ᠰᠢᠯᠦᠭ ᠳᠠᠭᠤᠯᠠᠯ ᠤᠳ ᠪᠦᠷ ᠠᠮᠢ ᠲᠠᠢ ᠪᠣᠯᠴᠢᠬᠠᠭᠰᠠᠨ ᠰᠢᠭ᠋ ᠰᠠᠨᠠᠭᠳᠠᠭᠤᠯᠤᠨ᠎ᠠ᠂ ᠪᠢ ᠪᠠᠰᠠ ᠲᠡᠳᠡᠨᠦᠰ ᠰᠢᠭ ᠤᠯᠠᠨ | ᠰᠢᠯᠦᠭ ᠳᠠᠭᠤᠯᠠᠯ ᠴᠡᠭᠡᠵᠢᠯᠡᠨ᠂ ᠰᠢᠯᠦᠭ ᠳᠠᠭᠤᠯᠠᠯ ᠢᠶᠠᠷ ᠥᠪᠡᠷ ᠤᠨ ᠬᠠᠶᠢᠷ᠎ᠠ ᠰᠡᠳᠬᠢᠯᠭᠡ ᠪᠠᠨ ᠢᠯᠡᠳᠬᠡᠵᠦ ᠴᠢᠳᠠᠬᠤ ᠪᠠᠷ ᠴᠢᠷᠮᠠᠶᠢᠨ᠎ᠠ᠂ ᠬᠤᠵᠢᠮ ᠪᠢ ᠢᠯᠡᠭᠦᠬᠡᠨ | ᠨᠣᠮ ᠤᠩᠰᠢᠨ᠂ ᠥᠪᠡᠷ ᠢ ᠪᠠᠨ ᠲᠡᠭᠦᠯᠳᠡᠷᠵᠢᠭᠦᠯᠦᠨ᠂ ᠠᠮᠢᠳᠤᠷᠠᠯ ᠢᠶᠠᠨ ᠤᠳᠬ᠎ᠠ ᠠᠭᠤᠯᠭ᠎ᠠ ᠲᠠᠢ ᠪᠣᠯᠭᠠᠨ᠎ᠠ︾ ᠭᠡᠵᠦ ᠶᠠᠷᠢᠵᠤ ᠪᠠᠶᠢᠯ᠎ᠠ᠃ | ᠦᠵᠡᠭᠴᠢ ᠮᠠ ᠬᠤᠤ ᠷᠠᠨ᠄ ︽ᠰᠢᠯᠦᠭ ᠳᠠᠭᠤᠯᠠᠯ ᠤᠨ ᠶᠡᠭᠡ ᠬᠤᠷᠠᠯ ᠨᠢ ᠶᠠᠭ ᠨᠢᠭᠡᠨ ᠭᠠᠶᠢᠬᠠᠮᠰᠢᠭᠲᠤ ᠰᠣᠶᠣᠯ ᠤᠨ ᠠᠶᠠᠯᠠᠯ ᠰᠢᠭ᠋ ᠰᠠᠨᠠᠭᠳᠠᠪᠠ᠂ ᠣᠷᠣᠯᠴᠠᠭᠴᠢᠳ | ᠲᠠᠶᠢᠰᠠᠨ᠎ᠠ ᠤᠷᠠᠨ ᠵᠣᠬᠢᠶᠠᠯ ᠤᠨ ᠥᠨᠳᠥᠷ ᠬᠡᠪ ᠪᠣᠯᠪᠠᠰᠤᠷᠠᠯ ᠢᠶᠠᠨ ᠭᠠᠶᠢᠬᠠᠭᠤᠯᠵᠤ᠂ ᠬᠥᠮᠥᠰ ᠢ ᠪᠢᠰᠢᠷᠡᠭᠦᠯᠦᠮᠡᠷ᠃ ᠰᠢᠯᠦᠭ ᠳᠠᠭᠤᠯᠠᠯ ᠤᠨ ᠶᠡᠭᠡ ᠬᠤᠷᠠᠯ ᠨᠠᠳᠠ ᠳᠤ | ᠰᠢᠯᠦᠭ ᠳᠠᠭᠤᠯᠠᠯ ᠤᠨ ᠬᠦᠴᠦᠨ ᠴᠢᠳᠠᠯ ᠢ ᠳᠠᠬᠢᠨᠲᠠ ᠲᠠᠨᠢᠭᠤᠯᠪᠠ᠂ ᠲᠡᠷᠡ ᠨᠢ ᠳᠤᠮᠳᠠᠳᠤ ᠶᠢᠨ ᠦᠨᠳᠦᠰᠦᠲᠡᠨ ᠤ ᠦᠨᠡᠲᠦ ᠡᠷᠳᠡᠨᠢ ᠪᠠᠶᠢᠵᠤ᠂ ᠲᠡᠦᠬᠡ ᠶᠢᠨ ᠤᠯᠠ | ᠮᠥᠷ ᠪᠠ ᠰᠣᠶᠣᠯ ᠤᠨ ᠤᠯᠠᠮᠵᠢᠯᠠᠯ ᠢ ᠠᠴᠢᠶᠠᠯᠠᠵᠤ ᠪᠠᠶᠢᠭ᠎ᠠ ᠶᠤᠮ︾ ᠭᠡᠵᠦ ᠶᠠᠷᠢᠨ᠎ᠠ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠥᠯᠥᠭᠡᠯᠡᠭᠴᠢ ᠶᠢᠨ ᠠᠩᠭᠢ ᠨᠢᠭᠡᠳᠦᠭᠡᠷ ᠳᠡᠰ ᠤᠨ | ᠱᠠᠩᠨᠠᠯ᠂ ᠨᠠᠢᠮᠠᠨ ᠬᠤᠰᠢᠭᠤᠨ ᠤ ᠲᠥᠯᠥᠭᠡᠯᠡᠭᠴᠢ ᠶᠢᠨ ᠠᠩᠭᠢ ᠬᠤᠶᠠᠳᠤᠭᠠᠷ ᠳᠡᠰ ᠤᠨ ᠱᠠᠩᠨᠠᠯ᠂ ᠬᠤᠤᠯᠢᠩᠭᠤᠣᠯ ᠬᠤᠲᠠ ᠶᠢᠨ ᠲᠥᠯᠥᠭᠡᠯᠡᠭᠴᠢ ᠶᠢᠨ ᠠᠩᠭᠢ | ᠭᠤᠷᠪᠠᠳᠤᠭᠠᠷ ᠳᠡᠰ ᠤᠨ ᠱᠠᠩᠨᠠᠯ ᠢ ᠳᠤᠰ ᠳᠤᠰ ᠭᠥᠷᠳᠡᠭᠰᠡᠨ ᠪᠠᠶᠢᠨ᠎ᠠ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠥᠯᠥᠭᠡᠯᠡᠭᠴᠢ ᠶᠢᠨ ᠠᠩᠭᠢ ᠶᠢᠨ ᠸᠠᠩ ᠶᠢᠩ ᠶᠢᠩ ᠶᠠᠷᠢᠬᠤ ᠳᠠᠭᠠᠨ᠄ ︽ᠬᠤᠷᠴᠢᠨ ᠵᠡᠭᠦᠨ ᠭᠠᠷᠤᠨ | ᠬᠤᠶᠢᠲᠤ ᠬᠤᠰᠢᠭᠤ ᠪᠠᠨ ᠲᠥᠯᠥᠭᠡᠯᠡᠨ ᠲᠦᠩᠯᠢᠶᠣᠣ ᠬᠤᠲᠠ ᠶᠢᠨ ᠳᠥᠷᠪᠡᠳᠦᠭᠡᠷ ᠬᠤᠭᠤᠴᠠᠭᠠᠨ ᠤ ᠰᠢᠯᠦᠭ ᠳᠠᠭᠤᠯᠠᠯ ᠤᠨ ᠶᠡᠭᠡ ᠬᠤᠷᠠᠯ ᠳᠤ ᠣᠷᠣᠯᠴᠠᠬᠰᠠᠨ ᠨᠢ | ᠪᠢᠳᠡᠨ ᠳᠤ ᠮᠠᠰᠢ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠃ ᠪᠢᠳᠡ ᠡᠯ᠎ᠡ ᠬᠤᠰᠢᠭᠤ ᠰᠢᠶᠠᠨ ᠤ ᠨᠠᠶᠢᠵᠠ ᠨᠠᠷ ᠲᠠᠢ ᠤᠶᠤᠨ ᠪᠢᠯᠢᠭ ᠢᠶᠠᠨ ᠰᠣᠷᠢᠵᠤ᠂ | ᠤᠷᠤᠯᠳᠤᠭᠠᠨ ᠳᠤ ᠲᠦᠷᠦᠭᠦᠯᠡᠭᠰᠡᠨ ᠮᠠᠨᠢ ᠮᠠᠰᠢ ᠣᠮᠣᠭᠰᠢᠯ ᠲᠠᠢ ᠶᠠᠪᠤᠳᠠᠯ ᠮᠥᠨ᠃ ᠮᠠᠨ ᠤ ᠲᠥᠯᠥᠭᠡᠯᠡᠭᠴᠢ ᠶᠢᠨ ᠠᠩᠭᠢ ᠪᠣᠯ ᠭᠤᠷᠪᠠᠨ ᠪᠠᠭᠰᠢ ᠪᠠᠷ ᠪᠦᠷᠢᠯᠳᠦᠭᠰᠡᠨ | ᠶᠤᠮ᠂ ᠬᠤᠶᠢᠰᠢᠳᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠳᠤᠮᠳᠠ ᠪᠠᠨ ᠪᠢᠳᠡ ᠰᠢᠯᠦᠭ ᠳᠠᠭᠤᠯᠠᠯ ᠢ ᠰᠤᠷᠭᠠᠭᠤᠯᠢ ᠶᠢᠨ ᠬᠦᠷᠢᠶ᠎ᠡ᠂ | ᠬᠢᠴᠢᠶᠡᠯ ᠤᠨ ᠲᠠᠩᠬᠢᠮ ᠳᠤ ᠤᠷᠤᠭᠤᠯᠬᠤ ᠶᠢ ᠴᠢᠬᠤᠯᠠᠴᠢᠯᠠᠨ᠂ ᠰᠤᠷᠤᠬᠴᠢᠳ ᠢᠶᠠᠨ ᠳᠤᠮᠳᠠᠳᠤ ᠶᠢᠨ ᠰᠢᠯᠦᠭ ᠳᠠᠭᠤᠯᠠᠯ ᠳᠤ ᠳᠤᠷ᠎ᠠ ᠪᠠᠭ᠋ᠠᠲᠠᠢ ᠪᠣᠯᠭᠠᠨ᠂ ᠳᠤᠮᠳᠠᠳᠤ | ᠶᠢᠨ ᠰᠢᠯᠦᠭ ᠳᠠᠭᠤᠯᠠᠯ ᠢ ᠰᠤᠷᠤᠯᠴᠠᠭᠤᠯᠬᠤ ᠪᠠᠷ ᠴᠢᠷᠮᠠᠶᠢᠨ᠎ᠠ︾ ᠭᠡᠵᠦ ᠪᠠᠶᠢᠯ᠎ᠠ᠃ | ᠬᠦᠷᠢᠶ᠎ᠡ ᠬᠤᠰᠢᠭᠤᠨ ᠤ ᠲᠥᠯᠥᠭᠡᠯᠡᠭᠴᠢ ᠶᠢᠨ ᠠᠩᠭᠢ ᠶᠢᠨ ᠯᠢᠦ ᠶᠠᠨ ᠰᠢᠨ᠄ ︽ᠬᠦᠷᠢᠶ᠎ᠡ ᠬᠤᠰᠢᠭᠤ ᠪᠠᠨ ᠲᠥᠯᠥᠭᠡᠯᠡᠨ ᠡᠨᠡ ᠤᠳᠠᠭ᠎ᠠ ᠶᠢᠨ ᠰᠢᠯᠦᠭ | ᠳᠠᠭᠤᠯᠠᠯ ᠤᠨ ᠶᠡᠭᠡ ᠬᠤᠷᠠᠯ ᠳᠤ ᠣᠷᠣᠯᠴᠠᠬᠰᠠᠨ ᠮᠠᠨᠢ ᠲᠤᠩ ᠠᠵᠠ ᠲᠠᠢ ᠰᠠᠨᠠᠭᠳᠠᠵᠤ ᠪᠠᠶᠢᠨ᠎ᠠ᠂ ᠡᠨᠡ ᠤᠳᠠᠭ᠎ᠠ ᠶᠢᠨ ᠤᠷᠤᠯᠳᠤᠭᠠᠨ ᠳᠤ ᠣᠷᠣᠯᠴᠠᠭᠠᠳ ᠳᠤᠩ ᠶᠡᠭᠡ | ᠣᠯᠣᠯᠲᠠ ᠲᠠᠢ᠂ ᠪᠢᠳᠠ ᠦᠷᠭᠦᠯᠵᠢᠯᠡᠨ ᠳᠤᠮᠳᠠᠳᠤ ᠶᠢᠨ ᠰᠢᠯᠦᠭ ᠳᠠᠭᠤᠯᠠᠯ ᠢᠶᠠᠨ ᠪᠠᠭ᠋ᠠᠷᠬᠠᠨ ᠰᠤᠷᠤᠯᠴᠠᠨ᠎ᠠ︾ ᠭᠡᠵᠦ ᠶᠠᠷᠢᠵᠤ ᠪᠠᠶᠢᠯ᠎ᠠ᠃ | ︵ᠰᠠᠷᠠᠭᠤᠯ ᠵᠢᠢ ᠵᠢᠶᠠ ᠸᠧᠢ︶ |