ᠠᠯᠲᠠᠨ ᠨᠠᠮᠤᠷ ᠤᠨ ᠤᠯᠠᠷᠢᠯ ᠳᠤ᠂ ᠺᠠᠶᠢᠯᠤ ᠰᠢᠶᠠᠨ ᠤ ᠾᠧᠢ ᠯᠦᠩ ᠪᠠ ᠪᠠᠯᠭᠠᠰᠤᠨ ᠤ ᠭᠤᠤ ᠷᠥᠸᠧ ᠲᠣᠰᠬᠤᠨ ᠳᠤ ᠬᠦᠷᠬᠦ ᠳᠤ᠂ ᠬᠡᠰᠡᠭ ᠬᠡᠰᠡᠭ ᠵᠢᠮᠢᠰ ᠤᠨ | ᠬᠦᠷᠢᠶᠡᠯᠡᠩ ᠳᠤ ᠭᠠᠯ ᠤᠯᠠᠭᠠᠨ ᠵᠢᠮᠢᠰ ᠨᠢ ᠰᠠᠯᠠᠭ᠎ᠠ ᠨᠠᠮᠠᠭ᠎ᠠ ᠪᠠᠨ ᠳᠠᠭᠠᠭᠠᠵᠤ ᠶᠠᠳᠠᠲᠠᠯ᠎ᠠ ᠰᠠᠭᠤᠵᠤ᠂ ᠵᠢᠮᠢᠰ ᠤᠨ ᠲᠠᠷᠢᠶᠠᠴᠢᠳ ᠵᠢᠮᠢᠰ ᠲᠡᠭᠦᠨ᠂ ᠰᠢᠯᠢᠨ ᠰᠣᠩᠭᠤᠵᠤ᠂ | ᠬᠠᠶᠢᠷᠴᠠᠭ ᠲᠤ ᠰᠠᠪᠠᠯᠠᠭᠠᠳ ᠶᠠᠭᠠᠷᠠᠯᠳᠤᠨ᠎ᠠ᠃ | ︽ᠡᠨᠡ ᠬᠡᠰᠡᠭ ᠵᠢᠮᠢᠰ ᠤᠨ ᠬᠦᠷᠢᠶᠡᠯᠡᠩ ᠢ ᠬᠠᠷᠠᠭᠠᠷᠠᠢ᠂ ᠨᠡᠬᠡᠷᠡᠨ ᠵᠣᠭᠤᠰ ᠤᠨ ᠮᠣᠳᠣ ᠪᠣᠯᠴᠢᠬᠠᠵᠠᠢ︕ ᠡᠨᠡ ᠬᠦ ︿ᠪᠣᠭᠤᠮᠲᠠ ᠶᠢᠨ ᠭᠠᠳᠠᠨᠠᠬᠢ ᠤᠯᠠᠭᠠᠨ﹀ | ᠠᠯᠮᠤᠷᠠᠳ ᠨᠢ ︿ᠠᠮᠲᠠ ᠰᠠᠶᠢᠲᠠᠢ ᠮᠥᠷᠲᠡᠭᠡᠨ ᠠᠰᠢᠭ ᠤᠷᠤᠯᠭ᠎ᠠ ᠰᠠᠶᠢᠲᠠᠢ᠂ ᠲᠡᠷᠡ ᠪᠣᠯ ᠮᠠᠨ ᠤ ᠬᠤᠷᠴᠢᠨ ᠤ ᠡᠯᠡᠰᠦᠷᠬᠡᠭ ᠭᠠᠵᠠᠷ ᠤᠨ ᠭᠠᠪᠢᠶᠠᠲᠠᠨ﹀ ᠮᠥᠨ᠂ | ᠬᠦᠢᠲᠡᠨ ᠪᠠ ᠭᠠᠩ ᠳᠤ ᠲᠡᠰᠪᠦᠷᠢᠲᠡᠢ᠂ ᠠᠮᠢ ᠠᠬᠤᠢ ᠶᠢᠨ ᠵᠠᠰᠠᠯᠲᠠ ᠶᠢᠨ ᠬᠤᠰᠢᠭᠤᠴᠢ᠂ ᠮᠥᠨ ᠴᠦ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ | ︿ᠠᠯᠳᠠᠨ ᠲᠦᠯᠬᠢᠭᠦᠷ﹀ ᠶᠤᠮ︾ ᠭᠡᠵᠦ ᠬᠤᠳᠠ ᠶᠢᠨ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠸᠠᠩ ᠪᠦᠦ ᠰᠢᠶᠠ | ᠨᠢᠳᠦᠨ ᠡᠮᠦᠨᠡᠬᠢ ᠢᠭᠴᠤ ᠰᠠᠬᠤᠯᠢᠭ ᠤᠷᠭᠤᠭᠰᠠᠨ ᠠᠯᠮᠤᠷᠠᠳ ᠤᠨ ᠬᠦᠷᠢᠶᠡᠯᠡᠩ ᠢ ᠵᠢᠭᠠᠵᠤ ᠪᠠᠶᠠᠷᠲᠠᠶᠢᠬᠠᠨ ᠶᠠᠷᠢᠨ᠎ᠠ᠃ | ᠸᠠᠩ ᠪᠦᠦ ᠰᠢᠶᠠ ᠶᠢᠨ ᠶᠠᠷᠢᠵᠤ ᠪᠠᠶᠢᠭ᠎ᠠ ︽ᠪᠣᠭᠤᠮᠲᠠ ᠶᠢᠨ ᠭᠠᠳᠠᠨᠠᠬᠢ ᠤᠯᠠᠭᠠᠨ︾ ᠭᠡᠳᠡᠭ ᠨᠢ ᠲᠦᠩᠯᠢᠶᠣᠣ ᠣᠷᠣᠨ ᠤ ᠬᠤᠷᠢᠳᠤᠭᠠᠷ ᠵᠠᠭᠤᠨ ᠤ ᠳᠠᠯᠠᠭᠠᠳ | ᠣᠨ ᠤ ᠦᠶ᠎ᠡ ᠳᠤ ᠲᠠᠷᠢᠶᠠᠴᠢᠳ ᠤᠨ ᠳᠠᠷᠢᠭᠰᠠᠨ ᠵᠢᠵᠢᠭ ᠠᠯᠮᠤᠷᠠᠳ ᠪᠣᠯᠣᠨ᠎ᠠ᠂ ᠭᠡᠪᠡᠴᠦ ᠲᠤᠬᠠᠢ ᠶᠢᠨ ᠦᠶ᠎ᠡ ᠶᠢᠨ ᠮᠡᠷᠭᠡᠵᠢᠯ ᠪᠠ ᠬᠠᠮᠢᠶᠠᠷᠤᠯᠲᠠ ᠬᠠᠮᠠᠭᠠᠯᠠᠯᠲᠠ | ᠬᠦᠷᠦᠯᠴᠡᠬᠦ ᠦᠭᠡᠢ ᠠᠴᠠ ᠪᠣᠯᠵᠤ᠂ ᠵᠢᠮᠢᠰ ᠤᠨ ᠮᠣᠳᠣᠨ ᠤ ᠵᠢᠮᠢᠰᠯᠡᠬᠦ ᠴᠠᠭ ᠨᠢ ᠣᠷᠣᠢ᠂ ᠤᠨᠠᠯᠲᠠ ᠨᠢ ᠳᠣᠣᠷ᠎ᠠ᠂ ᠡᠪᠡᠳᠴᠢᠨ ᠬᠤᠷᠣᠬᠠᠢ ᠶᠢᠨ ᠭᠠᠮᠰᠢᠭ ᠬᠦᠨᠳᠦ | ᠨᠣᠴᠢᠲᠠᠢ᠂ ᠠᠮᠠᠷᠬᠠᠨ ᠢᠯᠵᠢᠷᠡᠬᠦ ᠵᠡᠷᠭᠡ ᠠᠰᠠᠭᠤᠳᠠᠯ ᠣᠷᠣᠰᠢᠵᠤ᠂ ᠲᠠᠷᠢᠶᠠᠴᠢᠳ ᠤᠨ ᠳᠠᠷᠢᠬᠤ ᠢᠳᠡᠪᠬᠢᠵᠢᠯ ᠨᠢ ᠥᠨᠳᠥᠷ ᠪᠢᠰᠢ ᠪᠠᠶᠢᠵᠠᠢ᠃ ᠡᠲᠡᠭᠡᠷ ᠬᠦᠴᠢᠷᠳᠡᠯ ᠢ | ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠦᠯᠭᠦᠮ ᠤᠨ ᠬᠢᠨ ᠣᠷᠳᠣ ᠬᠤᠭᠤᠴᠠᠭ᠎ᠠ ᠪᠠᠷ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠪᠠᠶᠢᠨ᠎ᠠ᠃ | ︽ᠡᠨᠡ ᠬᠡᠳᠦᠨ ᠵᠢᠯ ᠳᠤ ᠳᠣᠣᠷ᠎ᠠ ᠳᠤᠯᠠᠭᠠᠨ ᠤ ᠭᠠᠮᠰᠢᠭ ᠪᠢᠰᠢ ᠪᠣᠯ ᠮᠥᠨᠳᠥᠷ ᠤᠨ ᠭᠠᠮᠰᠢᠭ ᠲᠣᠬᠢᠶᠠᠯᠳᠤᠵᠤ᠂ ᠴᠡᠴᠡᠭᠯᠡᠬᠦ ᠬᠤᠭᠤᠴᠠᠭᠠᠨ ᠳᠤ ᠪᠠᠰᠠ | ᠦᠷᠭᠦᠯᠵᠢ ᠶᠡᠭᠡ ᠰᠠᠯᠬᠢ ᠰᠠᠯᠬᠢᠯᠠᠭᠠᠳ ᠪᠢᠳᠡᠨ ᠢ ᠶᠡᠬᠡᠳᠡ ᠰᠠᠨᠳᠤᠷᠭᠠᠵᠤ ᠪᠠᠶᠢᠵᠠᠢ︾᠂ ︽ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠮᠡᠷᠭᠡᠵᠢᠯ ᠤᠨ | ᠠᠵᠢᠯᠲᠠᠳ ᠢᠷᠡᠭᠰᠡᠨ ᠳᠡᠭᠡᠨ ᠰᠠᠶᠢᠨ ᠪᠣᠯᠵᠠᠢ᠂ ᠲᠡᠳᠡ ᠴᠡᠴᠡᠭ ᠢ ᠬᠠᠮᠠᠭᠠᠯᠠᠨ ᠵᠢᠮᠢᠰᠯᠡᠬᠦ ᠶᠢ ᠠᠬᠢᠭᠤᠯᠬᠤ᠂ ᠬᠥᠮᠥᠨ ᠤ ᠬᠦᠴᠦ ᠪᠠᠷ ᠲᠣᠭᠤᠰᠣ ᠬᠦᠷᠲᠡᠭᠡᠬᠦ᠂ ᠰᠢᠷᠣᠢ | ᠤᠰᠤ ᠶᠢ ᠬᠠᠮᠢᠶᠠᠷᠬᠤ᠂ ᠡᠪᠡᠳᠴᠢᠨ ᠬᠤᠷᠣᠬᠠᠶᠢᠲᠤᠯ ᠢ ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠠᠪᠤᠭᠰᠠᠨ ᠠᠴᠠ ᠰᠠᠶ᠋ᠢ ︿ᠪᠣᠭᠤᠮᠲᠠ ᠶᠢᠨ | ᠭᠠᠳᠠᠨᠠᠬᠢ ᠤᠯᠠᠭᠠᠨ﹀ ᠠᠯᠮᠤᠷᠠᠳ ᠳᠡᠮᠡᠢ ᠶᠡᠭᠡ ᠨᠥᠯᠥᠭᠡ ᠭᠥᠷᠳᠡᠭᠰᠡᠨ ᠦᠭᠡᠢ᠂ ᠤᠨᠠᠯᠳᠠ ᠨᠢ ᠪᠠᠲᠤᠯᠠᠭ᠎ᠠ ᠲᠠᠢ ᠪᠣᠯᠤᠭᠰᠠᠨ ᠪᠠᠶᠢᠨ᠎ᠠ︾ ᠭᠡᠵᠦ ᠬᠤᠷᠰᠢᠶᠠᠵᠢᠯ ᠤᠨ | ᠲᠠᠷᠢᠶᠠᠴᠢᠳ ᠰᠡᠳᠬᠢᠯ ᠬᠥᠳᠡᠯᠦᠨ ᠶᠠᠷᠢᠵᠤ ᠪᠠᠶᠢᠯ᠎ᠠ᠃ | ᠺᠠᠶᠢᠯᠤ ᠰᠢᠶᠠᠨ ᠤ ᠱᠧᠩ ᠯᠦᠩ ᠵᠢᠮᠢᠰ ᠤᠨ ᠮᠣᠳᠣ ᠪᠣᠶᠢᠵᠢᠭᠤᠯᠬᠤ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠲᠤᠤ ᠵᠠᠨ ᠹᠦ᠋ ᠳᠣᠬᠳᠣᠯᠤᠬᠰᠠᠨ | ᠰᠡᠳᠬᠢᠯᠭᠡ ᠪᠠᠨ ᠳᠠᠷᠤᠵᠤ ᠶᠠᠳᠠᠨ᠄ ︽ᠤᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠠᠪᠰᠤᠷᠤᠯᠭ᠎ᠠ | ᠪᠠᠶᠢᠭᠰᠠᠨ ᠠᠴᠠ ᠮᠠᠨ ᠤ ᠬᠤᠷᠰᠢᠶᠠᠵᠢᠯ ︿ᠪᠣᠭᠤᠮᠲᠠ ᠶᠢᠨ ᠭᠠᠳᠠᠨᠠᠬᠢ ᠤᠯᠠᠭᠠᠨ﹀ ᠠᠯᠮᠤᠷᠠᠳ ᠲᠠᠷᠢᠬᠤ ᠪᠠᠷ ᠳᠠᠮᠵᠢᠭᠤᠯᠵᠤ᠂ ᠵᠢᠮᠢᠰ ᠤᠨ ᠡᠯᠪᠡᠭ ᠬᠤᠷᠢᠶᠠᠯᠲᠠ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠡᠷᠭᠢᠨ ᠲᠣᠭᠤᠷᠢᠨ ᠤ ᠲᠠᠷᠢᠶᠠᠴᠢᠳ ᠤᠨ ᠠᠵᠢᠯ ᠣᠯᠭᠤᠯᠲᠠ ᠵᠢᠴᠢ ᠤᠢ ᠵᠢᠮᠢᠰ ᠤᠨ ᠠᠵᠤ ᠦᠢᠯᠡᠰ ᠤᠨ | ᠬᠥᠭᠵᠢᠯᠲᠡ ᠶᠢ ᠲᠠᠶᠢᠴᠢᠯᠠᠵᠠᠢ᠃ ᠣᠳᠣᠬᠠᠨ ᠳᠤ ᠬᠤᠷᠰᠢᠶᠠᠵᠢᠯ ᠤᠨ ︿ᠪᠣᠭᠤᠮᠲᠠ ᠶᠢᠨ ᠭᠠᠳᠠᠨᠠᠬᠢ ᠤᠯᠠᠭᠠᠨ﹀ ᠠᠯᠮᠤᠷᠠᠳ ᠤᠨ ᠵᠢᠮᠢᠰᠯᠡᠭᠰᠡᠨ ᠲᠠᠯᠠᠪᠠᠶ 3000 | ᠭᠠᠷᠤᠢ ᠮᠦ ᠪᠠᠶᠢᠵᠤ᠂ ᠮᠦ ᠨᠢᠭᠡᠴᠢ ᠶᠢᠨ ᠳᠤᠮᠳᠠᠴᠢ ᠣᠷᠣᠯᠭ᠎ᠠ 6000 ᠊᠊᠊᠊᠊᠊᠊ 8000 ᠲᠥᠭᠦᠷᠢᠭ ᠲᠤ ᠬᠦᠷᠴᠦ᠂ ᠭᠡᠰᠢᠭᠦᠳ ᠤᠨ ᠬᠥᠮᠥᠨ | ᠳᠤᠮᠳᠠᠴᠢ ᠶᠢᠨ ᠣᠷᠣᠯᠭ᠎ᠠ 2000 ᠭᠠᠷᠤᠢ ᠲᠥᠭᠦᠷᠢᠭ ᠨᠡᠮᠡᠭᠳᠡᠭᠰᠡᠨ ᠪᠠᠶᠢᠨ᠎ᠠ︾ ᠭᠡᠵᠦ ᠶᠠᠷᠢᠵᠤ ᠪᠠᠶᠢᠯ᠎ᠠ᠃ | ︽ᠪᠣᠭᠤᠮᠲᠠ ᠶᠢᠨ ᠭᠠᠳᠠᠨᠠᠬᠢ ᠤᠯᠠᠭᠠᠨ︾ ᠠᠯᠮᠤᠷᠠᠳ ᠢ ᠨᠡᠩ ᠰᠠᠶᠢᠲᠤᠷ ᠬᠥᠭᠵᠢᠭᠦᠯᠬᠦ ᠶᠢᠨ ᠲᠥᠯᠥᠭᠡ᠂ ᠮᠠᠨ ᠤ ᠬᠤᠲᠠ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠪᠦᠷᠢᠨ ᠲᠥᠬᠦᠷ ᠪᠠᠷᠢᠮᠵᠢᠶᠠᠵᠢᠭᠰᠠᠨ ᠰᠢᠰᠲ᠋ᠧᠮ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠪᠠᠷᠢᠮᠵᠢᠶᠠᠲᠤ ᠵᠢᠱᠢᠶ᠎ᠡ ᠦᠵᠡᠭᠦᠯᠭᠦ ᠬᠦᠷᠢᠶᠡᠯᠡᠩ ᠵᠢᠴᠢ ᠬᠤᠲᠠ ᠶᠢᠨ ᠲᠠᠰ ᠤᠨ ᠪᠠᠷᠢᠮᠵᠢᠶᠠᠲᠤ ᠬᠦᠷᠢᠶᠡᠯᠡᠩ ᠢ ᠠᠮᠵᠢᠯᠲᠠ ᠲᠠᠢ ᠪᠠᠷ 120 ᠡᠭᠦᠳᠦᠨ | ᠪᠠᠶᠢᠭᠤᠯᠪᠠ᠃ ᠡᠭᠦᠨ ᠤ ᠬᠠᠮᠲᠤ᠂ 2838 ᠮᠦ ︽ᠪᠣᠭᠤᠮᠲᠠ ᠶᠢᠨ ᠭᠠᠳᠠᠨᠠᠬᠢ ᠤᠯᠠᠭᠠᠨ︾ ᠠᠯᠮᠤᠷᠠᠳ ᠪᠠᠰᠠ ᠣᠶ ᠰᠢᠭᠤᠢ ᠶᠢᠨ ᠭᠡᠷᠡᠴᠢᠯᠡᠯ ᠢ ᠣᠯᠣᠭᠰᠠᠨ ᠪᠠᠶᠢᠨ᠎ᠠ᠂ | ᠡᠨᠡ ᠨᠢ ︽ᠪᠣᠬᠢᠷᠳᠤᠯ ᠦᠭᠡᠢ ᠭᠦᠢᠯᠭᠡᠭᠡᠨ ᠤ ᠦᠨᠡᠮᠯᠡᠯ︾ ᠨᠠᠭᠠᠭᠰᠠᠨ ᠲᠠᠢ ᠠᠳᠠᠯᠢ ᠪᠠᠶᠢᠵᠤ᠂ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠰᠠᠭᠠᠳ ᠦᠭᠡᠢ | ᠣᠷᠣᠵᠤ ᠲᠡᠶᠢᠯᠭᠦ ᠪᠣᠯᠵᠠᠢ᠃ ᠡᠭᠦᠨ ᠠᠴᠠ ᠭᠠᠳᠠᠨ᠎ᠠ᠂ ᠮᠠᠨ ᠤ ᠬᠤᠲᠠ ᠪᠠᠰᠠ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠲᠠᠯ᠎ᠠ ᠪᠠᠷ ᠬᠦᠴᠦ ᠲᠠᠯᠪᠢᠵᠤ᠂ | ᠯᠢᠶᠣᠤᠨᠢᠩ ᠤᠨ ᠵᠢᠮᠢᠰ ᠤᠨ ᠮᠣᠳᠣ ᠰᠤᠳᠤᠯᠬᠤ ᠭᠠᠵᠠᠷ᠂ ᠺᠠᠶᠢᠯᠤ ᠶᠢᠨ ᠪᠠᠢ ᠨᠢᠶᠠᠨ ᠠᠷᠢᠬᠢᠨ ᠤ ᠦᠢᠯᠡᠰ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠵᠢᠴᠢ ᠠᠵᠤ ᠠᠬᠤᠶᠢᠯᠠᠯ ᠲᠠᠢ ᠬᠠᠮᠲᠤᠷᠠᠨ᠂ ᠵᠢᠮᠢᠰ ᠤᠨ ᠠᠷᠢᠬᠢ᠂ ᠵᠢᠮᠢᠰ ᠤᠨ ᠬᠠᠲᠠᠭᠠᠮᠠᠯ ᠵᠡᠷᠭᠡ ᠨᠠᠷᠢᠯᠢᠭ ᠡᠳ᠋ᠰᠢᠭᠦᠯᠦᠭᠰᠡᠨ ᠪᠦᠲᠦᠭᠡᠭᠳᠡᠬᠦᠨ ᠢ | ᠰᠤᠳᠤᠯᠤᠨ ᠭᠠᠷᠭᠠᠪᠠ᠃ | ︽ᠬᠤᠷᠴᠢᠨ ᠤ ᠡᠯᠡᠰᠦᠷᠬᠡᠭ ᠭᠠᠵᠠᠷ ᠤᠨ ᠵᠠᠰᠠᠯᠲᠠ ᠨᠢ ᠮᠠᠨ ᠤ ᠬᠤᠳᠠ ᠶᠢᠨ ᠠᠮᠢ ᠠᠬᠤᠢ ᠶᠢᠨ ᠬᠥᠭᠵᠢᠯᠲᠡ ᠶᠢ ᠰᠢᠭᠤᠳ ᠨᠥᠯᠥᠭᠡᠯᠡᠵᠦ᠂ ᠣᠨᠴᠠᠯᠢᠭᠲᠤ ᠤᠢ | ᠵᠢᠮᠢᠰ ᠤᠨ ᠠᠵᠤ ᠦᠢᠯᠡᠰ ᠢ ᠬᠥᠭᠵᠢᠭᠦᠯᠬᠦ ᠪᠠᠷ ᠳᠠᠮᠵᠢᠨ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ | ᠨᠡᠮᠡᠷᠢᠯᠡᠵᠦ᠂ ᠡᠯᠡᠰᠦ ᠶᠢ ᠵᠠᠰᠠᠵᠤ ᠠᠷᠠᠳ ᠢ ᠪᠠᠶᠠᠵᠢᠭᠤᠯᠬᠤ ᠬᠤᠣᠰ ᠠᠮᠵᠢᠯᠲᠠ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︿ᠲᠠᠪᠤᠨ ᠶᠡᠭᠡ ᠡᠭᠦᠷᠭᠡ﹀ ᠶᠢ | ᠲᠦᠷᠭᠡᠳᠬᠡᠨ ᠠᠬᠢᠭᠤᠯᠬᠤ ᠲᠠᠯ᠎ᠠ ᠪᠠᠷ ᠰᠢᠨ᠎ᠡ ᠵᠢᠳᠬᠦᠯ ᠭᠠᠷᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠨᠣᠭᠤᠭᠠᠨ ᠤᠷᠳᠤ ᠴᠠᠭᠠᠨ ᠬᠡᠷᠡᠮ ᠢ ᠪᠠᠲᠤ | ᠴᠣᠭᠴᠠᠯᠠᠪᠠ︾ ᠭᠡᠵᠦ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠠᠨᠢᠯᠴᠠᠭᠤᠯᠪᠠ᠃ | ᠣᠳᠣᠬᠠᠨ ᠳᠤ᠂ ︽ᠪᠣᠭᠤᠮᠲᠠ ᠶᠢᠨ ᠭᠠᠳᠠᠨᠠᠬᠢ ᠤᠯᠠᠭᠠᠨ︾ ᠠᠯᠮᠤᠷᠠᠳ ᠨᠢ ᠨᠢᠭᠡᠨᠲᠡ ᠮᠠᠨ ᠤ ᠬᠤᠲᠠ ᠶᠢᠨ ᠵᠢᠮᠢᠰ ᠤᠨ ᠠᠵᠤ ᠠᠬᠤᠢ ᠶᠢᠨ ᠨᠢᠭᠡᠨ ᠭᠤᠶᠣ | ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ ᠪᠦᠭᠦ ᠬᠤᠲᠠ ᠶᠢᠨ ︽ᠪᠣᠭᠤᠮᠲᠠ ᠶᠢᠨ ᠭᠠᠳᠠᠨᠠᠬᠢ ᠤᠯᠠᠭᠠᠨ︾ ᠠᠯᠮᠤᠷᠠᠳ ᠤᠨ ᠲᠠᠷᠢᠮᠠᠯ ᠤᠨ ᠲᠠᠯᠠᠪᠠᠶ 32. | 4 ᠲᠦᠮᠡᠨ ᠮᠦ ᠳᠤ ᠬᠦᠷᠴᠦ᠂ ᠡᠭᠦᠨ ᠳᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ 6 ᠲᠦᠮᠡᠨ ᠮᠦ ᠳᠤ ᠬᠦᠷᠴᠦ᠂ ᠵᠢᠯ ᠤᠨ | ᠦᠢᠯᠡᠳᠬᠦᠨ ᠤ ᠥᠷᠲᠡᠭ ᠨᠢ 6 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦᠢ ᠯᠡ ᠠᠵᠤ ᠦᠢᠯᠡᠰ ᠤᠨ ᠬᠡᠯᠬᠢᠶᠡᠨ ᠤ ᠵᠢᠯ ᠤᠨ ᠦᠢᠯᠡᠳᠬᠦᠨ ᠤ ᠥᠷᠲᠡᠭ ᠨᠢ ᠨᠠᠩ | ᠴᠤ 20 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠡᠢ᠃ ᠡᠨᠡ ᠬᠦ ︽ᠪᠣᠭᠤᠮᠲᠠ ᠶᠢᠨ ᠭᠠᠳᠠᠨᠠᠬᠢ ᠤᠯᠠᠭᠠᠨ︾ ᠠᠯᠮᠤᠷᠠᠳ ᠨᠢ ᠡᠯᠡᠰᠦᠷᠬᠡᠭ ᠭᠠᠵᠠᠷ | ᠣᠷᠣᠨ ᠳᠤ ᠨᠣᠭᠤᠭᠠᠨ ᠭᠦᠷᠮ᠎ᠠ ᠨᠥᠮᠥᠷᠦᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠠᠷᠠᠳ ᠤᠯᠠᠨ ᠳᠤ ᠪᠠᠶᠠᠵᠢᠯ ᠤᠨ ᠰᠠᠷᠠᠭᠤᠯ ᠳᠠᠷᠳᠠᠩ ᠵᠠᠮ ᠢ ᠳᠡᠪᠢᠰᠴᠦ | ᠥᠭᠴᠦ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠭᠢᠯᠠᠯᠵᠠᠮ᠎ᠠ ᠰᠠᠶᠢᠬᠠᠨ ᠬᠠᠭᠤᠳᠠᠰᠤ | ᠶᠢ ᠪᠢᠴᠢᠭᠯᠡᠭᠰᠡᠨ ᠪᠠᠶᠢᠨ᠎ᠠ᠃ |