| | | ᠊᠊᠊᠊᠊᠊᠊᠊ ᠪᠦᠭᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ | ᠬᠤᠪᠢ ᠬᠥᠮᠥᠨ ᠢᠶᠠᠷ ᠦᠨᠡᠯᠡᠭᠳᠡᠭᠰᠡᠨ ᠵᠠᠩ ᠯᠢ ᠯᠢ ᠶᠢ ᠲᠡᠮᠳᠡᠭᠯᠡᠪᠡ | ᠵᠠᠷᠤᠳ ᠬᠤᠰᠢᠭᠤᠨ ᠤ ᠦᠨᠡᠭᠡᠴᠢ ᠰᠤᠮᠤ ᠶᠢᠨ ᠬᠤᠵᠢᠶᠧ ᠭᠠᠴᠠᠭ᠎ᠠ ᠶᠢᠨ ᠡᠪᠯᠡᠯ ᠤᠨ ᠡᠭᠦᠷ ᠤᠨ ᠱᠦᠵᠢ᠂ ᠵᠠᠷᠤᠳ ᠬᠤᠰᠢᠭᠤᠨ ᠤ ᠯᠢ ᠵᠢᠶᠧ ᠲᠠᠷᠢᠮᠠᠯ ᠤᠨ | ᠲᠤᠰᠬᠠᠢ ᠬᠤᠷᠰᠢᠶᠠᠵᠢᠯ ᠤᠨ ᠬᠡᠷᠡᠭ ᠡᠷᠭᠢᠯᠡᠭᠴᠢᠳ ᠤᠨ ᠳᠠᠷᠤᠭ᠎ᠠ ᠵᠠᠩ ᠯᠢ ᠯᠢ ᠭᠡᠵᠦ ᠡᠷᠡᠰ ᠰᠢᠭᠤᠷᠬᠠᠢ ᠵᠠᠩ ᠲᠠᠢ᠂ ᠪᠤᠳᠤᠬᠰᠠᠨ ᠰᠠᠨᠠᠭᠰᠠᠨ ᠢᠶᠠᠨ ᠪᠦᠲᠦᠭᠡᠨ᠎ᠡ | ᠭᠡᠪᠡᠯ ᠨᠢᠭᠡ ᠯᠡ ᠰᠡᠳᠬᠢᠯ ᠢᠶᠠᠷ ᠴᠢᠷᠮᠠᠶᠢᠳᠠᠭ ᠪᠦᠰᠡᠭᠦᠢ ᠶᠤᠮᠰᠠᠨ᠃ ᠲᠡᠷᠡ ᠪᠠᠷ ᠤᠶᠤᠨ ᠤᠬᠠᠭᠠᠨ ᠪᠣᠯᠣᠨ ᠰᠥᠰᠥ ᠵᠣᠷᠢᠭ ᠲᠠᠭᠠᠨ ᠲᠦᠰᠢᠭᠯᠡᠨ ᠲᠠᠷᠢᠮᠠᠯ ᠤᠨ | ᠲᠤᠰᠬᠠᠢ ᠬᠤᠷᠰᠢᠶᠠᠵᠢᠯ ᠪᠣᠯᠣᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠢ ᠪᠠᠶᠢᠭᠤᠯᠵᠤ᠂ ᠭᠠᠴᠠᠭᠠᠨ ᠤ ᠪᠠᠨ 70 ᠭᠠᠷᠤᠢ ᠲᠠᠷᠢᠶᠠᠴᠢᠨ ᠡᠷᠦᠭᠡ ᠶᠢ | ᠲᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠵᠤ᠂ ᠲᠤᠬᠠᠢ ᠶᠢᠨ ᠭᠠᠵᠠᠷ ᠤᠨ ᠲᠠᠷᠢᠶᠠᠴᠢᠳ ᠤᠨ ᠢᠲᠡᠭᠡᠯ ᠢ ᠣᠯᠣᠭᠰᠠᠨ ᠪᠠᠶᠠᠵᠢᠯ ᠤᠨ ᠳᠠᠭᠠᠭᠤᠯᠤᠭᠴᠢ ᠪᠣᠯᠤᠭᠰᠠᠨ | ᠪᠠᠶᠢᠨ᠎ᠠ᠃ | ᠵᠠᠩ ᠯᠢ ᠯᠢ ᠪᠣᠯ ᠬᠤᠳᠠ ᠳᠤ ᠥᠰᠴᠦ ᠲᠦᠷᠦᠭᠰᠡᠨ ᠬᠥᠮᠥᠨ ᠪᠤᠯᠪᠠᠴᠤ ᠬᠥᠳᠡᠭᠡ ᠶᠢᠨ ᠵᠠᠯᠠᠭᠤ ᠲᠠᠢ ᠠᠮᠢ ᠵᠠᠶᠠᠭ᠎ᠠ ᠪᠠᠨ ᠬᠤᠯᠪᠣᠵᠤ᠂ ᠠᠳᠠᠯ | ᠠᠮᠢᠳᠤᠷᠠᠯ ᠢᠶᠠᠨ ᠪᠣᠰᠬᠠᠭᠰᠠᠨ ᠪᠠᠶᠢᠨ᠎ᠠ᠃ 2012 ᠣᠨ ᠳᠤ᠂ ᠭᠠᠴᠠᠭᠠᠨ ᠤ ᠠᠷᠠᠳ ᠤᠳ ᠨᠢ ᠵᠠᠩ ᠯᠢ ᠯᠢ ᠶᠢ ᠬᠤᠵᠢᠶᠧ ᠭᠠᠴᠠᠭ᠎ᠠ ᠶᠢᠨ ᠳᠡᠳ᠋ ᠭᠠᠴᠠᠭᠠᠨ | ᠳᠠᠷᠤᠭ᠎ᠠ ᠪᠠᠷ ᠰᠣᠩᠭᠤᠪᠠ᠃ 2018 ᠣᠨ ᠳᠤ᠂ ᠨᠠᠮ ᠤᠨ ᠡᠭᠦᠷ ᠤᠨ ᠭᠡᠰᠢᠭᠦᠨ᠂ ᠡᠪᠯᠡᠯ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠪᠡ᠃ ᠲᠤᠰᠢᠶᠠᠯ ᠳᠤ | ᠭᠠᠷᠤᠭᠰᠠᠨ ᠠᠴᠠ ᠪᠠᠨ ᠠᠪᠤᠭᠠᠳ᠂ ᠵᠠᠩ ᠯᠢ ᠯᠢ ᠠᠷᠠᠳ ᠤᠯᠠᠨ ᠢ ᠵᠣᠯ ᠵᠢᠷᠭᠠᠯᠲᠠᠢ ᠠᠮᠢᠳᠤᠷᠠᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠵᠣᠷᠢᠭᠰᠠᠭᠠᠷ ᠢᠷᠡᠵᠠᠢ᠃ | ︽ᠵᠣᠷᠢᠭ ᠢᠶᠠᠷ ᠢᠯᠠᠵᠤ᠂ ᠰᠤᠷᠠᠭ ᠢᠶᠠᠷ ᠣᠯᠣᠨ᠎ᠠ︾ ᠭᠡᠳᠡᠭᠴᠢᠯᠡᠨ᠂ ᠵᠠᠩ ᠯᠢ ᠯᠢ ᠭᠠᠴᠠᠭᠠᠨ ᠤ ᠪᠠᠨ ᠤᠳᠤᠷᠢᠳᠬᠤ ᠪᠠᠭ ᠤᠨ ᠭᠡᠰᠢᠭᠦᠳ ᠲᠠᠢ ᠪᠠᠨ ᠬᠠᠮᠲᠤ ᠰᠤᠷᠤᠯᠴᠠᠨ | ᠰᠦᠪᠡᠭᠴᠢᠯᠡᠵᠦ᠂ 2017 ᠣᠨ ᠳᠤ᠂ ᠵᠠᠷᠤᠳ ᠬᠤᠰᠢᠭᠤᠨ ᠤ ᠯᠢ ᠵᠢᠶᠧ ᠠᠮᠤ ᠪᠤᠳᠠᠭ᠎ᠠ ᠳᠠᠷᠢᠬᠤ ᠲᠤᠰᠬᠠᠢ ᠬᠤᠷᠰᠢᠶᠠᠵᠢᠯ ᠢ ᠫᠠᠶᠢᠰᠠ ᠡᠯᠭᠦᠨ ᠪᠠᠶᠢᠭᠤᠯᠪᠠ᠃ | ᠬᠤᠷᠰᠢᠶᠠᠵᠢᠯ ᠨᠢ ᠪᠣᠬᠢᠷᠳᠤᠯ ᠦᠭᠡᠢ ᠲᠠᠷᠢᠮᠠᠯ ᠳᠠᠷᠢᠵᠦ᠂ ᠨᠠᠷᠢᠯᠢᠭ ᠡᠳ᠋ᠰᠢᠭᠦᠯᠦᠨ ᠪᠣᠭᠤᠳᠠᠯᠯᠠᠵᠤ ᠪᠣᠷᠣᠯᠠᠭᠤᠯᠬᠤ ᠶᠢᠨ ᠬᠠᠮᠲᠤ᠂ ᠬᠤᠷᠰᠢᠶᠠᠵᠢᠯ ᠤᠨ ᠭᠡᠰᠢᠭᠦᠳ ᠲᠡᠭᠡᠨ | ᠲᠠᠷᠢᠮᠠᠯ ᠲᠠᠷᠢᠬᠤ᠂ ᠭᠠᠷ ᠤᠷᠠᠯᠠᠯ ᠤᠨ ᠪᠦᠲᠦᠭᠡᠭᠳᠡᠬᠦᠨ ᠬᠢᠬᠦ ᠵᠡᠷᠭᠡ ᠮᠡᠷᠭᠡᠵᠢᠯ ᠤᠨ ᠵᠢᠯᠣᠭᠤᠳᠤᠯᠭ᠎ᠠ ᠪᠣᠯᠣᠨ ᠦᠢᠯᠡᠴᠢᠯᠡᠭᠡ ᠬᠠᠩᠭᠠᠵᠤ᠂ ︽︿ᠡᠭᠦᠷ ᠵᠥᠪᠯᠡᠯ﹀ ᠤᠨ | ᠪᠦᠷᠢᠯᠳᠦᠭᠦᠨ + ᠬᠤᠷᠰᠢᠶᠠᠵᠢᠯ + ᠵᠡᠮᠳᠡᠭᠴᠦᠳ + ᠬᠦᠴᠢᠷᠳᠡᠯᠲᠡᠢ ᠡᠷᠦᠭᠡ + ᠢᠨᠲ᠋ᠧᠷ ᠰᠦᠯᠵᠢᠶ᠎ᠡ︾ ᠶᠢᠨ ᠡᠵᠡᠩᠨᠡᠯᠲᠡ ᠶᠢᠨ ᠵᠠᠭᠪᠤᠷ ᠢ ᠪᠤᠶ ᠪᠣᠯᠭᠠᠪᠠ᠃ | ᠬᠤᠷᠰᠢᠶᠠᠵᠢᠯ ᠢ ᠠᠩᠬ᠎ᠠ ᠪᠠᠶᠢᠭᠤᠯᠤᠭᠰᠠᠨ ᠦᠶ᠎ᠡ ᠳᠤ᠂ ᠭᠠᠴᠠᠭᠠᠨ ᠤ ᠬᠢᠨ ᠮᠠᠯᠴᠢᠳ ᠬᠠᠴᠢᠷᠬᠠᠵᠤ᠂ ᠬᠠᠵᠠᠭᠤ ᠠᠴᠠ ᠨᠢ ᠠᠵᠢᠭᠯᠠᠵᠤ ᠵᠤᠬᠰᠤᠬᠤ ᠠᠴᠠ | ᠪᠢᠰᠢ᠂ ᠬᠤᠪᠢ ᠣᠷᠣᠬᠤ ᠳᠤᠷ᠎ᠠ ᠦᠭᠡᠢ ᠪᠠᠶᠢᠵᠤ᠂ ᠠᠩᠬ᠎ᠠ ᠡᠬᠢᠨ ᠳᠡᠭᠡᠨ ᠲᠠᠪᠤᠬᠠᠨ ᠡᠷᠦᠭᠡ ᠬᠤᠪᠢ ᠣᠷᠣᠵᠤ᠂ 500 ᠮᠦ ᠲᠠᠷᠢᠶ᠎ᠠ ᠲᠠᠷᠢᠵᠦ ᠪᠠᠶᠢᠪᠠ᠃ ᠬᠦᠴᠢᠷ ᠤᠨ | ᠡᠮᠦᠨ᠎ᠡ ᠵᠠᠩ ᠯᠢ ᠯᠢ ᠵᠣᠷᠢᠭ ᠮᠣᠬᠤᠭᠰᠠᠨ ᠦᠭᠡᠢ᠂ ᠨᠡᠩ ᠢᠯᠡᠭᠦᠦ ᠴᠢᠷᠮᠠᠶᠢᠬᠤ ᠬᠡᠷᠡᠭᠲᠡᠢ ᠭᠡᠳᠡᠭ ᠢ ᠯᠠ ᠮᠡᠳᠡᠵᠦ ᠪᠠᠶᠢᠯ᠎ᠠ᠃ ᠲᠡᠷᠡ ᠭᠠᠵᠠᠷ ᠰᠢᠷᠣᠢ ᠶᠢᠨ ᠥᠷᠲᠡᠭ ᠢ | ᠬᠠᠮᠤᠭ ᠤᠨ ᠶᠡᠭᠡ ᠪᠤᠯᠭᠠᠬᠤ ᠶᠢᠨ ᠲᠥᠯᠥᠭᠡ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠰᠦᠯᠢᠶᠥᠦ ᠪᠦᠷᠬᠦᠭᠦᠯ ᠲᠠᠢ ᠳᠤᠰᠤᠯᠭᠠᠨ ᠤᠰᠤᠯᠠᠬᠤ ᠥᠨᠳᠥᠷ | ᠨᠢᠭᠲᠠ ᠳᠠᠷᠢᠬᠤ ᠮᠡᠷᠭᠡᠵᠢᠯ ᠢᠶᠠᠷ ᠡᠷᠳᠡᠨᠢ ᠰᠢᠰᠢ ᠵᠢᠴᠢ ᠡᠯ᠎ᠡ ᠵᠦᠢᠯ ᠤᠨ ᠠᠮᠤ ᠪᠤᠷᠴᠠᠭ ᠢ ᠳᠠᠷᠢᠵᠤ ᠡᠬᠢᠯᠡᠭᠰᠡᠨ ᠪᠠᠶᠢᠨ᠎ᠠ᠃ ᠬᠤᠷᠰᠢᠶᠠᠵᠢᠯ ᠤᠨ ᠭᠡᠰᠢᠭᠦᠳ ᠤᠨ | ᠬᠠᠮᠲᠤ ᠶᠢᠨ ᠴᠢᠷᠮᠠᠶᠢᠯᠭ᠎ᠠ ᠳᠣᠣᠷ᠎ᠠ᠂ ᠬᠤᠷᠰᠢᠶᠠᠵᠢᠯ ᠨᠢ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠪᠣᠬᠢᠷᠳᠤᠯ ᠦᠭᠡᠢ ᠥᠨᠳᠥᠷ | ᠤᠨᠠᠯᠲᠠ ᠲᠠᠢ ᠥᠨᠳᠥᠷ ᠦᠷ᠎ᠡ ᠠᠰᠢᠭ ᠲᠠᠢ ᠪᠠᠶᠢᠬᠤ ᠶᠢ ᠪᠡᠶᠡᠯᠡᠭᠦᠯᠵᠦ᠂ ᠮᠦ ᠳᠤᠮᠳᠠᠴᠢ ᠶᠢᠨ ᠤᠨᠠᠯᠲᠠ ᠨᠢ 300 ᠠᠴᠠ 400 ᠵᠢᠩ ᠨᠡᠮᠡᠭᠳᠡᠭᠰᠡᠨ ᠪᠠᠶᠢᠨ᠎ᠠ᠃ | ᠬᠤᠷᠰᠢᠶᠠᠵᠢᠯ ᠨᠢ ᠦᠷ᠎ᠡ ᠠᠰᠢᠭ ᠣᠯᠣᠭᠰᠠᠨ ᠳᠤ ᠭᠠᠴᠠᠭᠠᠨ ᠤ ᠠᠷᠠᠳ ᠨᠢᠳᠦ ᠪᠠᠷ ᠢᠶᠠᠨ ᠦᠵᠡᠵᠦ᠂ ᠰᠡᠳᠬᠢᠯ ᠳᠡᠭᠡᠨ ᠪᠠᠶᠠᠰᠴᠤ ᠶᠠᠪᠤᠵᠠᠢ᠃ ᠰᠡᠭᠦᠯᠡᠷᠬᠢ | ᠬᠡᠳᠦᠨ ᠵᠢᠯ ᠳᠤ᠂ ᠬᠤᠷᠰᠢᠶᠠᠵᠢᠯ ᠤᠨ ᠬᠥᠷᠥᠩᠭᠡ ᠬᠦᠴᠦ ᠲᠠᠰᠤᠷᠠᠯᠲᠠ ᠦᠭᠡᠢ ᠨᠡᠮᠡᠭᠳᠡᠵᠦ᠂ ᠬᠤᠷᠰᠢᠶᠠᠵᠢᠯ ᠳᠤ ᠣᠷᠣᠬᠤ ᠮᠠᠯᠴᠢᠳ ᠴᠤ ᠣᠯᠠᠰᠢᠷᠠᠵᠤ᠂ ᠬᠤᠪᠢ | ᠣᠷᠣᠭᠰᠠᠨ ᠡᠷᠦᠭᠡ 5 ᠪᠠᠶᠢᠭᠰᠠᠨ ᠠᠴᠠ ᠪᠠᠨ 70 ᠪᠣᠯᠣᠨ ᠨᠡᠮᠡᠭᠳᠡᠭᠰᠡᠨ ᠪᠠᠶᠢᠨ᠎ᠠ᠃ ᠡᠨᠡ ᠵᠢᠯ᠂ ᠬᠤᠷᠰᠢᠶᠠᠵᠢᠯ ᠨᠢ ᠡᠷᠳᠡᠨᠢ ᠰᠢᠰᠢ᠂ ᠪᠤᠭᠤᠳᠠᠢ᠂ ᠡᠯ᠎ᠡ | ᠵᠦᠢᠯ ᠤᠨ ᠠᠮᠤ ᠪᠤᠷᠴᠠᠭ ᠢ 1500 ᠭᠠᠷᠤᠢ ᠮᠦ ᠳᠠᠷᠢᠭᠰᠠᠨ ᠪᠠᠶᠢᠨ᠎ᠠ᠃ | ᠯᠢ ᠪᠤᠤ ᠵᠦ ᠪᠣᠯ ᠬᠤᠵᠢᠶᠧ ᠭᠠᠴᠠᠭᠠᠨ ᠤ ᠠᠷᠠᠳ ᠪᠣᠯᠣᠨ᠎ᠠ᠂ ᠲᠠᠷᠠ 2022 ᠣᠨ ᠳᠤ ᠯᠢ ᠵᠢᠶᠧ ᠠᠮᠤ ᠪᠤᠳᠠᠭ᠎ᠠ ᠲᠠᠷᠢᠬᠤ ᠲᠤᠰᠬᠠᠢ ᠬᠤᠷᠰᠢᠶᠠᠵᠢᠯ ᠳᠤ | ᠬᠤᠪᠢ ᠣᠷᠣᠭᠰᠠᠨ ᠪᠠᠶᠢᠨ᠎ᠠ᠃ ᠲᠡᠷᠡ ᠰᠤᠷᠪᠤᠯᠵᠢᠯᠠᠬᠴᠢ ᠳᠤ᠂ ᠬᠤᠷᠰᠢᠶᠠᠵᠢᠯ ᠳᠤ ᠣᠷᠣᠭᠰᠠᠨ ᠤ ᠲᠠᠷᠠᠭ᠎ᠠ᠂ ᠥᠪᠡᠷᠲᠡᠭᠡᠨ ᠲᠠᠷᠢᠶ᠎ᠠ ᠪᠠᠨ ᠲᠠᠷᠢᠬᠤ ᠦᠭᠡᠢ ᠪᠠᠷ | ᠨᠠᠮᠤᠷ ᠤᠨ ᠬᠤᠷᠢᠶᠠᠯᠲᠠ ᠶᠢᠨ ᠦᠶ᠎ᠡ ᠳᠤ ᠠᠮᠤ ᠪᠤᠳᠠᠭ᠎ᠠ ᠣᠯᠬᠤ ᠮᠥᠷᠲᠡᠭᠡᠨ ᠬᠤᠷᠰᠢᠶᠠᠵᠢᠯ ᠳᠤ ᠠᠵᠢᠯ ᠬᠢᠵᠦ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ ᠭᠡᠵᠦ | ᠬᠡᠯᠡᠵᠦ ᠪᠠᠶᠢᠯ᠎ᠠ᠃ | ᠬᠤᠵᠢᠶᠧ ᠭᠠᠴᠠᠭᠠᠨ ᠤ ᠡᠮᠦᠨ᠎ᠡ ᠲᠠᠯ᠎ᠠ ᠳᠤ 2000 ᠮᠦ ᠭᠠᠵᠠᠷ ᠤᠨ ᠪᠠᠶᠢᠴᠠ ᠨᠢ ᠳᠣᠣᠷ᠎ᠠ᠂ ᠤᠯᠠᠨ ᠵᠢᠯ ᠤᠰᠤ ᠬᠤᠷᠠᠭᠰᠠᠨ ᠨᠠᠮᠤᠭ ᠭᠠᠵᠠᠷ ᠪᠠᠶᠢᠳᠠᠭ᠂ | ᠲᠠᠷᠢᠶᠠᠴᠢᠳ ᠲᠤ ᠠᠪᠴᠤ ᠬᠡᠯᠡᠪᠡᠯ ᠠᠯᠠᠭᠠᠨ ᠬᠢᠷᠢᠲᠡᠢ ᠭᠠᠵᠠᠷ ᠴᠤ ᠠᠯᠳᠠ ᠪᠤᠯᠠᠢ᠂ ᠭᠡᠶ᠎ᠡ᠂ ᠡᠨᠡ ᠬᠦ ᠭᠠᠵᠠᠷ ᠢ ᠬᠡᠷᠬᠢᠨ ᠠᠰᠢᠭᠯᠠᠬᠤ ᠨᠢ ᠬᠤᠵᠢᠶᠧ ᠭᠠᠴᠠᠭ᠎ᠠ ᠳᠤ | ᠠᠪᠴᠤ ᠬᠡᠯᠡᠪᠡᠯ ᠨᠢᠭᠡᠨ ᠲᠦᠪᠡᠭᠲᠡᠢ ᠠᠰᠠᠭᠤᠳᠠᠯ ᠪᠣᠯᠣᠭᠠᠳ ᠪᠠᠶᠢᠯ᠎ᠠ᠃ ᠨᠠᠮᠤᠭ ᠭᠠᠵᠠᠷ ᠲᠤ ᠤᠰᠤᠨ ᠲᠤᠲᠤᠷᠭ᠎ᠠ ᠲᠠᠷᠢᠵᠦ ᠪᠣᠯᠣᠨ᠎ᠠ ᠤᠤ ᠦᠭᠡᠢ ᠤᠤ︖ ᠵᠠᠩ ᠯᠢ | ᠯᠢ ᠨᠠᠷᠢᠯᠢᠭ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠤᠳᠤᠷᠢᠳᠬᠤ ᠪᠠᠭ ᠤᠨ ᠭᠡᠰᠢᠭᠦᠳ ᠲᠠᠢ ᠪᠠᠨ ᠵᠥᠪᠳᠡᠯᠴᠡᠵᠦ ᠪᠠᠶᠢᠭᠠᠳ 20 ᠮᠦ ᠭᠠᠵᠠᠷ ᠭᠠᠷᠭᠠᠵᠤ᠂ | ᠳᠡᠭᠡᠷ᠎ᠡ ᠨᠢ ᠪᠠᠰᠠ 30 ᠮᠦ ᠭᠠᠵᠠᠷ ᠰᠢᠯᠵᠢᠭᠦᠯᠦᠨ ᠳᠠᠭᠠᠭᠠᠴᠢᠯᠠᠵᠤ᠂ ᠤᠰᠤᠨ ᠲᠤᠲᠤᠷᠭ᠎ᠠ ᠲᠠᠷᠢᠬᠤ ᠲᠤᠷᠰᠢᠯᠲᠠ ᠶᠢᠨ ᠲᠠᠷᠢᠶ᠎ᠠ ᠭᠠᠷᠭᠠᠪᠠ᠃ ᠬᠤᠶᠠᠷ ᠰᠠᠷ᠎ᠠ | ᠭᠠᠷᠤᠢ ᠶᠢᠨ ᠬᠤᠭᠤᠴᠠᠭ᠎ᠠ ᠶᠢ ᠥᠩᠭᠡᠷᠡᠭᠡᠭᠡᠳ᠂ ᠠᠲᠠᠷᠰᠢᠭᠰᠠᠨ ᠨᠠᠮᠤᠭ ᠭᠠᠵᠠᠷ ᠨᠢ ᠤᠳᠤ ᠨᠢᠭᠡᠨᠲᠡ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠲᠤᠲᠤᠷᠭ᠎ᠠ ᠶᠢᠨ | ᠲᠠᠷᠢᠶ᠎ᠠ ᠪᠣᠯᠤᠭᠰᠠᠨ ᠪᠠᠶᠢᠨ᠎ᠠ᠃ | ︽ᠬᠡᠷᠪᠡ ᠤᠰᠤᠨ ᠲᠤᠲᠤᠷᠭ᠎ᠠ ᠲᠠᠷᠢᠭᠠᠳ ᠠᠮᠵᠢᠯᠲᠠ ᠣᠯᠪᠠᠯ᠂ ᠬᠠᠵᠠᠭᠤ ᠬᠠᠪᠢ ᠶᠢᠨ 3000 ᠮᠦ ᠨᠠᠮᠤᠭ ᠭᠠᠵᠠᠷ ᠭᠤᠷᠪᠠ ᠲᠦᠷᠪᠡᠨ ᠵᠠᠭᠤᠨ ᠲᠦᠮᠡᠨ | ᠲᠥᠭᠦᠷᠢᠭ ᠤᠨ ᠤᠷᠤᠯᠭ᠎ᠠ ᠠᠪᠴᠢᠷᠠᠬᠤ ᠪᠣᠯᠣᠨ᠎ᠠ︾ ᠭᠡᠵᠦ ᠵᠠᠩ ᠯᠢ ᠯᠢ ᠬᠡᠯᠡᠵᠦ ᠪᠠᠶᠢᠯ᠎ᠠ᠃ | ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠲᠣᠰᠬᠤᠨ ᠤ ᠠᠷᠠᠳ ᠲᠤ ᠠᠰᠢᠭ ᠬᠦᠷᠲᠡᠭᠡᠵᠦ᠂ ᠬᠦᠰᠡᠯ | ᠡᠷᠡᠮᠡᠯᠵᠡᠯ ᠲᠠᠢ ᠠᠮᠢᠳᠤᠷᠠᠭᠤᠯᠬᠤ ᠪᠣᠯ ᠮᠢᠨᠤ ᠬᠠᠷᠢᠭᠤᠴᠠᠯᠭ᠎ᠠ ᠮᠥᠨ︕︾ ᠭᠡᠵᠦ ᠵᠠᠩ ᠯᠢ ᠯᠢ ᠬᠡᠯᠡᠭᠰᠡᠭᠡᠷ ᠢᠷᠡᠭᠰᠡᠨ ᠪᠥᠭᠡᠳ ᠢᠩᠭᠢᠵᠦ ᠬᠢᠭᠰᠡᠭᠡᠷ ᠢᠷᠡᠵᠡᠢ᠃ ᠲᠡᠷᠡ | ᠨᠢᠭᠡ ᠰᠡᠳᠬᠢᠯ ᠨᠢᠭᠡ ᠵᠣᠷᠢᠭ ᠢᠶᠠᠷ ᠠᠵᠤ ᠦᠢᠯᠡᠰ ᠢ ᠠᠳᠬᠤᠵᠤ᠂ ᠠᠷᠠᠳ ᠲᠦᠮᠡᠨ ᠳᠤ ᠪᠤᠶᠠᠨ ᠵᠢᠷᠭᠠᠯ ᠡᠳ᠋ᠯᠡᠭᠦᠯᠵᠦ᠂ ᠡᠭᠡᠯ ᠵᠢᠷ ᠤᠨ ᠠᠵᠢᠯ ᠤᠨ ᠪᠠᠶᠢᠷᠢ | ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠪᠠ᠃ ᠡᠶᠢᠨ ᠬᠦ᠂ ᠵᠠᠩ ᠯᠢ ᠯᠢ ᠤᠷᠢᠳ ᠬᠤᠵᠢᠳ ︽ᠪᠦᠭᠦ ᠬᠤᠰᠢᠭᠤᠨ ᠤ ᠮᠠᠯᠵᠢᠬᠤ ᠲᠠᠷᠢᠶᠠᠯᠠᠬᠤ | ᠣᠷᠣᠨ ᠤ ᠵᠠᠯᠠᠭᠤᠴᠤᠳ ᠤᠨ ᠪᠠᠶᠠᠵᠢᠯ ᠤᠨ ᠳᠠᠭᠠᠭᠤᠯᠤᠭᠴᠢ︾᠂ ︽ᠲᠦᠩᠯᠢᠶᠣᠣ ᠬᠤᠲᠠ ᠶᠢᠨ ᠭᠦᠳᠡᠯᠮᠦᠷᠢ ᠶᠢᠨ ᠵᠢᠱᠢᠶᠡᠴᠢ︾᠂ ︽ᠪᠦᠭᠦ ᠣᠷᠣᠨ ᠤ ᠠᠮᠤ ᠪᠤᠳᠠᠭᠠᠨ ᠤ | ᠦᠢᠯᠡᠳᠪᠦᠷᠢᠯᠡᠯ ᠤᠨ ᠲᠡᠷᠢᠭᠦᠨ ᠤ ᠬᠤᠪᠢ ᠬᠥᠮᠥᠨ︾ ᠵᠡᠷᠭᠡ ᠠᠯᠢ ᠣᠯᠠᠨ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠭᠰᠠᠨ ᠪᠠᠶᠢᠨ᠎ᠠ᠃ | ᠰᠤᠷᠪᠤᠯᠵᠢᠯᠠᠬᠴᠢ᠄ ᠨᠠᠷᠠᠨᠲᠤᠶᠠᠭ᠎ᠠ | ᠴᠢᠮᠡᠭᠡᠯᠡᠭᠴᠢ ᠄ ᠲᠤᠷᠠᠨ ᠾᠧᠦ ᠶᠠ ᠰᠢᠨ | |