ᠲᠦᠩᠯᠢᠶᠣᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/10/8
     ᠠᠯᠲᠠᠨ ᠨᠠᠮᠤᠷ ᠤᠨ ᠤᠯᠠᠷᠢᠯ ᠳᠤ᠂ ᠲᠦᠩᠯᠢᠶᠣᠤ ᠬᠤᠲᠠ ᠶᠢᠨ ᠵᠠᠬᠠᠨᠠᠭᠤᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ 110 ᠲᠦᠮᠡᠨ ᠺᠢᠯᠣᠸᠠᠲ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠲᠥᠷᠥᠯ ᠵᠦᠶ᠋ᠯ ᠵᠢᠴᠢ ᠲᠦᠩᠯᠢᠶᠣᠤ ᠬᠤᠲᠠ ᠶᠢᠨ ᠵᠠᠬᠠᠨᠠᠭᠤᠷ ᠤᠨ 35 ᠲᠦᠮᠡᠨ ᠲᠣᠨ ᠪᠣᠬᠢᠷᠲᠤᠯ ᠦᠭᠡᠢ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠤ ᠲᠥᠷᠥᠯ ᠵᠦᠢᠯ ︵ᠵᠠᠬᠠᠨᠠᠭᠤᠷ ᠤᠨ ᠬᠦᠩᠭᠡᠨᠴᠠᠭᠠᠨ ᠤ ᠬᠤᠶᠠᠳᠤᠭᠠᠷ ᠬᠤᠭᠤᠴᠠᠭ᠎ᠠ︶ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠪᠡ᠃      ᠡᠨᠡ ᠪᠣᠯ ᠲᠦᠩᠯᠢᠶᠣᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠢᠨᠵᠧᠨᠧᠷᠢᠩ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠰᠢᠪᠲᠤᠯᠤᠯᠲᠠ ᠶᠢ ᠰᠠᠶᠢᠲᠤᠷ ᠬᠢᠵᠦ᠂ ᠬᠤᠷᠴᠢᠨ ᠤ ᠡᠯᠡᠰᠦᠷᠬᠡᠭ ᠭᠠᠵᠠᠷ ᠢ ᠴᠥᠮ ᠬᠥᠬᠡᠷᠡᠭᠦᠯᠬᠦ ᠪᠣᠳᠠᠲᠠᠶ ᠠᠵᠢᠯᠯᠠᠭ᠎ᠠ ᠪᠣᠯᠤᠨ᠎ᠠ᠃ 110 ᠲᠦᠮᠡᠨ ᠺᠢᠯᠣᠸᠠᠲ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠲᠥᠷᠥᠯ ᠵᠦᠢᠯ ᠢ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠶᠢᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠢᠭᠡᠳ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠬᠠᠮᠲᠤᠷᠠᠨ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠡᠨᠧᠷᠭᠢ ᠶᠢᠨ ᠶᠡᠷᠦᠩᠬᠡᠶ ᠬᠡᠮᠵᠢᠶ᠎ᠡ 350 ᠲᠦᠮᠡᠨ ᠺᠢᠯᠣᠸᠠᠲ ᠬᠦᠷᠴᠦ᠂ ᠲᠥᠯᠥᠪᠵᠢᠭᠦᠯᠦᠭᠰᠡᠨ ᠡᠯᠡᠰᠦ ᠶᠢ ᠵᠠᠰᠠᠬᠤ ᠶᠡᠷᠦᠩᠬᠡᠶ ᠲᠠᠯᠠᠪᠠᠶ 51.6 ᠲᠦᠮᠡᠨ ᠮᠦ ᠪᠣᠯᠣᠨ᠎ᠠ᠃ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ 2025 ᠣᠨ ᠳᠤ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠤ ᠳᠠᠷᠠᠭ᠎ᠠ᠂ ᠵᠢᠱᠢᠯᠲᠡ ᠪᠠᠷ ᠪᠣᠬᠢᠷᠲᠤᠯ ᠥᠬᠡᠶ ᠴᠠᠬᠢᠯᠭᠠᠨ ᠢ ᠪᠠᠷᠤᠭ 24 ᠳ᠋ᠦᠩᠰᠢᠭᠤᠷ ᠺᠢᠯᠣᠸᠠᠲ ᠴᠠᠭ ᠰᠢᠨ᠎ᠡ ᠪᠠᠷ ᠨᠡᠮᠡᠭᠳᠡᠭᠦᠯᠵᠦ᠂ ᠡᠯᠡᠰᠦᠷᠬᠡᠭ ᠭᠠᠵᠠᠷ ᠤᠨ ᠲᠠᠯᠠᠪᠠᠶ ᠶᠢ 16.4 ᠲᠦᠮᠡᠨ ᠮᠥ ᠢᠵᠢ ᠪᠥᠷᠢᠳᠦᠭᠦᠯᠦᠨ ᠵᠠᠰᠠᠵᠤ᠂ 72 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠨ᠂ 200 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠡᠯᠡᠰᠦᠨ ᠰᠢᠭᠤᠷᠭ᠎ᠠ ᠶᠢᠨ ᠡᠬᠢ ᠡᠭᠦᠰᠦᠯ ᠢ ᠢᠯᠡᠳᠲᠡ ᠬᠤᠷᠢᠭᠯᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠪᠦᠲᠦᠮᠵᠢᠲᠡᠶ ᠰᠠᠶᠢᠵᠢᠷᠠᠭᠤᠯᠬᠤ ᠪᠣᠯᠤᠨ᠎ᠠ᠃      ᠲᠦᠩᠯᠢᠶᠣᠤ ᠬᠤᠲᠠ ᠶᠢᠨ ᠵᠠᠬᠠᠨᠠᠭᠤᠷ ᠤᠨ 35 ᠲᠦᠮᠡᠨ ᠲᠣᠨ ᠪᠣᠬᠢᠷᠲᠤᠯ ᠦᠭᠡᠢ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠤ ᠲᠥᠷᠥᠯ ᠵᠦᠢᠯ ︵ᠵᠠᠬᠠᠨᠠᠭᠤᠷ ᠤᠨ ᠬᠦᠩᠭᠡᠨᠴᠠᠭᠠᠨ ᠤ ᠬᠤᠶᠠᠳᠤᠭᠠᠷ ᠬᠤᠭᠤᠴᠠᠭ᠎ᠠ︶ ᠪᠣᠯ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠠᠴᠠ ᠬᠤᠣᠯᠢᠩᠭᠤᠣᠯ ᠤᠨ ᠣᠷᠴᠢᠯ ᠠᠵᠤ ᠠᠬᠤᠢ ᠶᠢᠨ ︽ᠨᠡᠭᠦᠷᠡᠰᠦ — ᠰᠢᠨ᠎ᠡ ᠡᠨᠧᠷᠭᠢ — ᠴᠠᠬᠢᠯᠭᠠᠨ — ᠬᠦᠩᠭᠡᠨᠴᠠᠭᠠᠨ︾ ᠢ ᠬᠤᠯᠪᠣᠭᠠᠯᠠᠨ ᠡᠵᠡᠩᠨᠡᠬᠦ ᠵᠢᠴᠢ ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠨᠦᠬᠡᠴᠡᠯᠡᠬᠦ ᠰᠢᠨ᠎ᠡ ᠬᠡᠪ ᠮᠠᠶ᠋ᠢᠭ ᠤᠨ ᠪᠡᠯᠭᠡ ᠲᠡᠮᠳᠡᠭ ᠤᠨ ᠴᠢᠨᠠᠷᠲᠠᠶ ᠢᠨᠵᠧᠨᠧᠷᠢᠩ ᠪᠣᠯᠤᠨ᠎ᠠ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠵᠢᠯ ᠳᠤ 35 ᠲᠦᠮᠡᠨ ᠲᠣᠨ ᠪᠣᠯᠭᠠᠬᠤ ᠪᠠᠷ ᠲᠥᠯᠥᠪᠵᠢᠭᠦᠯᠦᠨ ᠪᠠᠶᠢᠭᠤᠯᠵᠤ᠂ ᠣᠳᠣᠬᠠᠨ ᠤ ᠤᠯᠤᠰ ᠤᠨ ᠳᠣᠲᠣᠭᠠᠳᠤ ᠶᠢᠨ ᠬᠠᠮᠤᠭ ᠤᠨ ᠲᠡᠷᠢᠭᠦᠨ ᠤ 500 ᠺᠢᠯᠣ᠋ ᠠᠮᠫᠧᠷ ᠰᠢᠷᠢᠰ ᠤᠷᠢᠳᠴᠢᠯᠠᠨ ᠬᠠᠭᠰᠠᠭᠠᠬᠤ ᠠᠷᠭ᠎ᠠ ᠲᠦᠢᠯ ᠤᠨ ᠴᠠᠬᠢᠯᠭᠠᠨ ᠵᠠᠳᠠᠯᠤᠯ ᠤᠨ ᠰᠠᠪᠠ ᠵᠢᠴᠢ ᠢᠵᠢ ᠪᠦᠷᠢᠳᠦᠭᠦᠯᠦᠭᠰᠡᠨ ᠮᠡᠷᠭᠡᠵᠢᠯ ᠢ ᠬᠡᠷᠡᠭᠯᠡᠵᠦ᠂ ᠭᠤᠤᠯ ᠪᠣᠯᠬᠤ ᠪᠦᠲᠦᠭᠡᠨ ᠪᠠᠶᠢᠭᠤᠯᠬᠤ ᠠᠭᠤᠯᠭ᠎ᠠ ᠳᠤ ᠴᠠᠬᠢᠯᠭᠠᠨ ᠵᠠᠳᠠᠯᠤᠯ ᠤᠨ ᠦᠢᠯᠡᠳᠪᠦᠷᠢᠯᠡᠯ ᠤᠨ ᠰᠢᠰᠲ᠋ᠧᠮ᠂ ᠠᠷᠭ᠎ᠠ ᠲᠦᠢᠯ ᠤᠨ ᠤᠭᠰᠠᠷᠠᠬᠤ ᠰᠢᠰᠲ᠋ᠧᠮ᠂ ᠤᠲᠤᠭ᠎ᠠ ᠴᠡᠪᠡᠷᠰᠢᠭᠦᠯᠬᠦ ᠰᠢᠰᠲ᠋ᠧᠮ᠂ 220kv ᠴᠠᠬᠢᠯᠭᠠᠨ ᠲᠦᠭᠡᠭᠡᠬᠦ ᠲᠥᠬᠦᠭᠡᠷᠦᠮᠵᠢ ᠵᠢᠴᠢ ᠭᠦᠶᠦᠳᠡᠯ ᠰᠢᠯᠤᠭᠤᠳᠬᠠᠬᠤ ᠰᠢᠰᠲ᠋ᠧᠮ ᠵᠡᠷᠭᠡ ᠶᠢ ᠪᠠᠭᠲᠠᠭᠠᠵᠤ᠂ 65 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠣᠯᠤᠨ 10 ᠲᠦᠮᠡᠨ ᠺᠢᠯᠣᠸᠠᠲ ᠤᠨ ᠡᠨᠧᠷᠭᠢ ᠨᠦᠬᠡᠴᠡᠯᠡᠬᠦ ᠲᠥᠷᠥᠯ ᠵᠦᠢᠯ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ 46.5 ᠳ᠋ᠦᠩᠰᠢᠭᠤᠷ ᠺᠢᠯᠣᠸᠠᠲ ᠪᠠᠶᠢᠵᠤ᠂ ᠡᠭᠦᠨ ᠳᠤ ᠪᠣᠬᠢᠷᠲᠤᠯ ᠥᠬᠡᠶ ᠴᠠᠬᠢᠯᠭᠠᠨ ᠤ ᠡᠵᠡᠯᠡᠬᠦ ᠬᠠᠷᠢᠴᠠᠯ ᠨᠢ 80%᠂ ᠵᠢᠯ ᠪᠦᠷᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 120 ᠲᠦᠮᠡᠨ ᠲᠣᠨ ᠪᠠᠭᠤᠷᠠᠭᠤᠯᠬᠤ ᠪᠣᠯᠤᠨ᠎ᠠ᠃      ᠣᠳᠣᠬᠠᠨ ᠳᠤ᠂ ᠲᠦᠩᠯᠢᠶᠣᠤ ᠬᠤᠲᠠ ᠶᠢᠨ ᠵᠠᠬᠠᠨᠠᠭᠤᠷ ᠤᠨ 35 ᠲᠦᠮᠡᠨ ᠲᠣᠨ ᠪᠣᠬᠢᠷᠲᠤᠯ ᠥᠬᠡᠶ ᠴᠠᠬᠢᠯᠭᠠᠨ ᠬᠥᠩᠭᠡᠨᠴᠠᠭᠠᠨ ᠢ ᠢᠵᠢ ᠪᠥᠷᠢᠳᠦᠭᠦᠯᠦᠭᠰᠡᠨ 65 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠶᠠᠭ ᠰᠠᠶ᠋ᠢᠬᠠᠨ ᠲᠦᠷᠭᠡᠨ ᠠᠭᠢᠵᠤ᠂ ᠵᠢᠱᠢᠯᠲᠡ ᠪᠠᠷ 2025 ᠣᠨ ᠤ ᠡᠴᠦᠰ ᠲᠤ ᠵᠡᠷᠭᠡ ᠪᠠᠷ ᠠᠰᠢᠭᠯᠠᠯᠲᠠ ᠳᠤ ᠣᠷᠣᠵᠤ᠂ ᠲᠤᠬᠠᠶ ᠶᠢᠨ ᠦᠶ᠎ᠡ ᠪᠣᠯᠬᠤ ᠳᠤ ᠬᠤᠤᠯᠢᠩᠭᠤᠤᠯ ᠤᠨ ᠣᠷᠴᠢᠯ ᠠᠵᠤ ᠠᠬᠤᠶ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 170 ᠲᠦᠮᠡᠨ ᠺᠢᠯᠣᠸᠠᠲ ᠲᠤ ᠬᠦᠷᠦᠭᠦᠯᠵᠦ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠤ ᠦᠢᠯᠡᠳᠪᠦᠷᠢᠯᠡᠬᠦ ᠴᠢᠳᠠᠪᠤᠷᠢ ᠶᠢ 121 ᠲᠦᠮᠡᠨ ᠲᠣᠨ ᠪᠣᠯᠭᠠᠨ ᠨᠡᠮᠡᠭᠳᠡᠭᠦᠯᠵᠦ᠂ ᠪᠣᠬᠢᠷᠲᠤᠯ ᠥᠬᠡᠶ ᠴᠠᠬᠢᠯᠭᠠᠨ ᠢ ᠪᠠᠭᠲᠠᠭᠠᠨ ᠰᠢᠩᠭᠡᠭᠡᠬᠦ ᠪᠦᠬᠦᠯᠢ ᠴᠣᠭᠴᠠ ᠶᠢᠨ ᠡᠵᠡᠯᠡᠬᠦ ᠬᠠᠷᠢᠴᠠᠯ ᠢ 40% ᠪᠣᠯᠭᠠᠨ᠎ᠠ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ