ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠵᠤ᠂ ᠲᠠᠷᠢᠮᠠᠯ ᠤᠨ ᠠᠯᠠᠭᠯᠠᠨ ᠲᠠᠷᠢᠬᠤ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠭᠠᠵᠠᠷ ᠰᠢᠷᠣᠢ ᠶᠢᠨ ᠳᠠᠯᠳᠠ ᠬᠦᠴᠦᠨ ᠢ ᠬᠠᠮᠤᠭ ᠤᠨ | ᠶᠡᠭᠡ ᠬᠡᠮᠵᠢᠶ᠎ᠡ ᠪᠠᠷ ᠠᠭᠤᠳᠠᠯᠵᠤ᠂ ᠭᠠᠵᠠᠷ ᠰᠢᠷᠣᠢ ᠶᠢᠨ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠮᠠᠯ ᠤᠨ ᠡᠷᠦᠭᠡ ᠶᠢᠨ ᠤᠨᠠᠯᠳᠠ ᠶᠢ ᠨᠡᠮᠡᠭᠳᠡᠭᠦᠯᠵᠦ | ᠣᠷᠣᠯᠭ᠎ᠠ ᠶᠢ ᠨᠡᠮᠡᠭᠳᠡᠭᠦᠯᠬᠦ ︽ᠴᠢᠩᠭ᠎ᠠ ᠬᠥᠳᠡᠯᠭᠡᠭᠦᠷ︾ ᠢ ᠡᠭᠦᠳᠪᠡ᠃ | ᠡᠨᠡ ᠵᠢᠯ᠂ ᠬᠦᠷᠢᠶ᠎ᠡ ᠪᠠᠯᠭᠠᠰᠤᠨ ᠤ ᠸᠠ ᠹᠠᠩ ᠮᠠᠯᠵᠢᠯ ᠤᠨ ᠲᠠᠯᠠᠪᠠᠢ ᠶᠢᠨ ᠲᠦᠮᠡᠨ ᠮᠦ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠭᠡᠯᠪᠡᠷᠢ ᠶᠢᠨ | ᠨᠡᠶᠢᠯᠡᠮᠡᠯ ᠲᠠᠷᠢᠮᠠᠯ ᠡᠯᠪᠡᠭ ᠬᠤᠷᠢᠶᠠᠯᠲᠠ ᠣᠯᠪᠠ᠃ ᠲᠣᠰᠬᠤᠨ ᠤ ᠠᠷᠠᠳ ᠯᠦ ᠫᠢᠩ ᠨᠢᠭᠡᠨᠲᠡ ᠭᠤᠷᠪᠠᠨ ᠵᠢᠯ ᠳᠠᠷᠠᠭᠠᠯᠠᠨ ᠪᠦᠰᠡᠯᠢᠭ ᠨᠡᠶᠢᠯᠡᠮᠡᠯ ᠲᠠᠷᠢᠮᠠᠯ ᠤᠨ ᠵᠠᠭᠪᠤᠷ ᠢ | ᠬᠡᠷᠡᠭᠯᠡᠨ ᠡᠷᠳᠡᠨᠢ ᠰᠢᠰᠢ ᠶᠢᠨ ᠲᠠᠷᠢᠶᠠᠨ ᠳᠤ ᠰᠢᠷ᠎ᠠ ᠪᠤᠷᠴᠠᠭ ᠢ ᠠᠯᠠᠭᠯᠠᠨ ᠳᠠᠷᠢᠵᠠᠢ᠂ ︽ᠮᠠᠨ ᠤ ᠬᠢᠨ ᠤ ᠬᠤᠷᠰᠢᠶᠠᠵᠢᠯ ᠳᠤ ᠨᠠᠶᠢᠳᠠᠨ ᠬᠠᠮᠢᠶᠠᠷᠤᠭᠤᠯᠤᠭᠰᠠᠨ ᠨᠡᠶᠢᠯᠡᠮᠡᠯ | ᠲᠠᠷᠢᠶᠠᠨ ᠭᠠᠵᠠᠷ 380 ᠭᠠᠷᠤᠢ ᠮᠦ ᠪᠤᠢ᠂ ᠨᠢᠳᠤᠨᠤᠨ ᠨᠡᠶᠢᠯᠡᠭᠦᠯᠦᠨ ᠲᠠᠷᠢᠬᠤ ᠪᠠᠷ ᠳᠠᠮᠵᠢᠭᠠᠳ᠂ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ 1700 ᠵᠢᠩ | ᠣᠷᠴᠢᠮ᠂ ᠰᠢᠷ᠎ᠠ ᠪᠤᠷᠴᠠᠭ 200 ᠭᠠᠷᠤᠢ ᠵᠢᠩ ᠳᠤ ᠬᠦᠷᠴᠦ᠂ ᠠᠰᠢᠭ ᠣᠯᠵᠠᠪᠤᠷᠢ ᠮᠠᠰᠢ ᠰᠠᠶᠢᠨ ᠪᠠᠶᠢᠨ᠎ᠠ︾ ᠭᠡᠵᠦ ᠯᠦ ᠫᠢᠩ ᠶᠠᠷᠢᠵᠤ ᠪᠠᠶᠢᠯ᠎ᠠ᠃ | ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠭᠡᠯᠪᠡᠷᠢ ᠪᠠᠷ ᠨᠡᠶᠢᠯᠡᠭᠦᠯᠦᠨ ᠳᠠᠷᠢᠬᠤ ᠨᠢ ᠤᠯᠠᠮᠵᠢᠯᠠᠯᠲᠤ ᠠᠯᠠᠭᠯᠠᠨ ᠳᠠᠷᠢᠬᠤ ᠶᠢ ᠰᠠᠶᠢᠵᠢᠷᠠᠭᠤᠯᠤᠨ ᠲᠠᠰ | ᠳᠡᠪᠰᠢᠭᠦᠯᠦᠭᠰᠡᠨ ᠶᠠᠪᠤᠳᠠᠯ ᠪᠣᠯᠣᠨ᠎ᠠ᠂ ᠲᠠᠷᠢᠶᠠᠨ ᠭᠠᠵᠠᠷ᠂ ᠭᠡᠷᠡᠯ ᠤᠨ ᠲᠤᠰᠤᠯᠲᠠ ᠵᠡᠷᠭᠡ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠵᠤ᠂ ᠭᠠᠵᠠᠷ | ᠰᠢᠷᠣᠢ ᠶᠢᠨ ᠶᠡᠷᠦᠩᠬᠡᠢ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠠᠷᠢᠮᠠᠯ ᠤᠨ ᠤᠨᠠᠯᠲᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠡᠨᠡ ᠵᠢᠯ ᠸᠠ | ᠹᠠᠩ ᠮᠠᠯᠵᠢᠯ ᠤᠨ ᠲᠠᠯᠠᠪᠠᠶ ᠨᠢ ᠬᠦᠷᠢᠶ᠎ᠡ ᠬᠤᠰᠢᠭᠤᠨ ᠤ ᠴᠧᠩ ᠱᠢ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠢᠶᠠᠷ ᠳᠠᠮᠵᠢᠭᠤᠯᠤᠨ ︽ᠨᠢᠭᠡᠳᠦᠯᠲᠡᠢ | ᠳᠠᠷᠢᠵᠤ ᠬᠠᠮᠲᠤ ᠪᠠᠷ ᠪᠠᠶᠠᠵᠢᠬᠤ︾ ᠵᠠᠭᠪᠤᠷ ᠢ ᠬᠡᠷᠡᠭᠵᠢᠭᠦᠯᠵᠦ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠭᠡᠯᠪᠡᠷᠢ ᠶᠢᠨ ᠲᠠᠷᠢᠮᠠᠯ ᠢ 1 ᠲᠦᠮᠡ ᠭᠠᠷᠤᠢ ᠮᠦ | ᠬᠥᠭᠵᠢᠭᠦᠯᠵᠡᠢ᠃ ︽ᠡᠨᠡ ᠵᠢᠯ ᠬᠤᠪᠢᠶᠠᠷᠢ ᠲᠠᠯᠠᠪᠠᠶ ᠶᠢᠨ ᠨᠡᠶᠢᠯᠡᠭᠦᠯᠦᠨ ᠳᠠᠷᠢᠭᠰᠠᠨ ᠲᠠᠷᠢᠶᠠᠨ ᠭᠠᠵᠠᠷ 10195 ᠮᠦ ᠳᠤ ᠬᠦᠷᠴᠦ᠂ 106 ᠲᠠᠷᠢᠶᠠᠴᠢᠨ ᠡᠷᠦᠭᠡ ᠳᠤ | ᠬᠤᠯᠪᠣᠭᠳᠠᠪᠠ᠃ ᠨᠡᠶᠢᠯᠡᠭᠦᠯᠦᠨ ᠳᠠᠷᠢᠬᠤ ᠪᠠᠷ ᠳᠡᠮᠵᠢᠨ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠳᠠ 400 ᠊᠊᠊᠊᠊ 500 ᠵᠢᠩ ᠨᠡᠮᠡᠭᠳᠡᠵᠡᠢ᠃ ᠡᠭᠦᠨ ᠠᠴᠠ | ᠭᠠᠳᠠᠨ᠎ᠠ᠂ ᠨᠡᠶᠢᠯᠡᠭᠦᠯᠦᠨ ᠳᠠᠷᠢᠬᠤ ᠳᠤ ᠪᠠᠰᠠ ᠨᠥᠬᠦᠪᠦᠷᠢ ᠣᠯᠭᠤᠵᠤ᠂ ᠮᠦ ᠪᠦᠷᠢ ᠳᠤ 380 ᠲᠥᠭᠦᠷᠢᠭ ᠨᠣᠭᠳᠠᠵᠤ᠂ ᠣᠯᠠᠨ ᠲᠦᠮᠡᠨ ᠤ ᠨᠡᠶᠢᠯᠡᠭᠦᠯᠦᠨ ᠳᠠᠷᠢᠬᠤ | ᠢᠳᠡᠪᠬᠢᠵᠢᠯ ᠣᠨᠴᠠᠭᠠᠶ ᠳᠡᠭᠡᠭᠰᠢᠯᠡᠭᠰᠡᠨ ᠪᠠᠶᠢᠨ᠎ᠠ︾ ᠭᠡᠵᠦ ᠬᠦᠷᠢᠶ᠎ᠡ ᠬᠤᠰᠢᠭᠤᠨ ᠤ ᠴᠧᠩ ᠱᠢ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠤᠨ | ᠬᠠᠷᠢᠭᠤᠴᠠᠯᠭᠠᠲᠠᠨ ᠭᠤᠤ ᠳ᠋ᠢᠶᠠᠨ ᠫᠧᠩ ᠶᠠᠷᠢᠵᠤ ᠪᠠᠶᠢᠯ᠎ᠠ᠃ | ᠣᠶᠢᠷ᠎ᠠ ᠳᠤ᠂ ᠯᠢᠦ ᠵᠢᠶᠠᠽᠢ ᠪᠠᠯᠭᠠᠰᠤᠨ ᠤ ᠰᠢᠩ ᠱᠤ᠋ ᠸᠠ ᠲᠣᠰᠬᠤᠨ ᠳᠤ᠂ ᠭᠤᠸ᠎ᠠ ᠶᠢᠨ ᠲᠠᠷᠢᠶᠠᠴᠢᠨ ᠰᠢᠶᠣᠣ ᠪᠠᠢ ᠪᠣᠯᠪᠠᠰᠤᠷᠠᠭᠰᠠᠨ ᠲᠠᠷᠪᠤᠰ ᠢᠶᠠᠨ | ᠲᠡᠭᠡᠭᠡᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠠᠷᠭᠠᠬᠤ ᠪᠠᠷ ᠶᠠᠭᠠᠷᠠᠵᠤ ᠪᠠᠶᠢᠯ᠎ᠠ᠃ ᠡᠨᠡ ᠵᠢᠯ᠂ ᠰᠢᠶᠣᠣ ᠪᠠᠢ ᠰᠢᠩ ᠱᠣ᠋ ᠸᠠ ᠲᠣᠰᠬᠤᠨ ᠳᠤ 53 | ᠮᠦ ᠭᠠᠵᠠᠷ ᠢ ᠳᠠᠭᠠᠭᠠᠴᠢᠯᠠᠨ ᠲᠠᠷᠪᠤᠰ ᠳᠠᠷᠢᠪᠠ᠂ ᠭᠠᠵᠠᠷ ᠰᠢᠷᠣᠢ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠶᠢᠨ ᠲᠥᠯᠥᠭᠡ᠂ ᠲᠠᠷᠪᠤᠰ ᠤᠨ ᠪᠦᠷᠬᠦᠪᠴᠢ | ᠪᠦᠷᠬᠦᠭᠰᠡᠨ ᠬᠤᠭᠤᠴᠠᠭᠠᠨ ᠳᠤ ᠨᠠᠷᠠᠨᠬᠤᠸᠠᠷ ᠤᠨ ᠦᠷ᠎ᠡ ᠰᠠᠴᠤᠵᠤ᠂ ᠠᠯᠠᠭᠯᠠᠨ ᠳᠠᠷᠢᠵᠤ᠂ ︽ᠭᠤᠸ᠎ᠠ ᠳᠠᠷᠢᠵᠤ ᠨᠠᠷᠠᠨᠬᠤᠸᠠᠷ ᠬᠤᠷᠢᠶᠠᠬᠤ︾ ᠬᠤᠣᠰ ᠬᠤᠷᠢᠶᠠᠯᠲᠠ ᠶᠢ | ᠪᠡᠶᠡᠯᠡᠭᠦᠯᠪᠡ᠃ ︽8 ᠰᠠᠷ᠎ᠠ ᠶᠢᠨ ᠡᠬᠢᠨ ᠳᠤ ᠨᠢᠭᠡᠳᠦᠭᠡᠷ ᠪᠦᠯᠦᠭ ᠲᠠᠷᠪᠤᠰ ᠢ ᠵᠠᠬ᠎ᠠ ᠳᠡᠯᠭᠡᠭᠦᠷ ᠲᠤ ᠭᠠᠷᠭᠠᠵᠤ᠂ ᠵᠢᠩ ᠪᠦᠷᠢ ᠳᠡᠭᠡᠨ 1.5 ᠲᠥᠭᠦᠷᠢᠭ ᠣᠷᠴᠢᠮ | ᠬᠤᠳᠠᠯᠳᠤᠪᠠ᠂ ᠠᠯᠠᠭᠯᠠᠨ ᠳᠠᠷᠢᠭᠰᠠᠨ ᠨᠠᠷᠠᠨᠬᠤᠸᠠᠷ ᠠᠷᠪᠠᠨ ᠨᠢᠭᠡ ᠰᠠᠷ᠎ᠠ ᠠᠴᠠ ᠬᠤᠶᠢᠰᠢ ᠬᠤᠷᠢᠶᠠᠵᠤ ᠪᠣᠯᠣᠨ᠎ᠠ᠂ ᠠᠯᠠᠭᠯᠠᠨ ᠳᠠᠷᠢᠬᠤ ᠵᠠᠭᠪᠤᠷ ᠨᠢ ᠲᠠᠷᠢᠮᠠᠯ ᠤᠨ | ᠡᠷᠦᠭᠡ ᠳᠤ ︿ᠨᠢᠭᠡ ᠭᠠᠵᠠᠷ ᠲᠤ ᠬᠤᠣᠰ ᠬᠤᠷᠢᠶᠠᠯᠲᠠ ᠣᠯᠬᠤ﹀ ᠶᠢ ᠪᠡᠶᠡᠯᠡᠭᠦᠯᠵᠡᠢ︾ ᠭᠡᠵᠦ ᠰᠢᠶᠣᠣ ᠪᠠᠢ ᠪᠠᠶᠠᠷᠲᠠᠢ ᠶᠠᠷᠢᠵᠤ ᠪᠠᠶᠢᠯ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠰᠢᠩ ᠱᠤ᠋ ᠸᠠ ᠲᠣᠰᠬᠤᠨ ᠠᠯᠠᠭᠯᠠᠨ ᠲᠠᠷᠢᠬᠤ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠲᠠᠷᠢᠶᠠᠴᠢᠨ ᠡᠷᠦᠭᠡ ᠶᠢ | ᠲᠠᠷᠪᠤᠰ ᠤᠨ ᠲᠠᠷᠢᠶᠠᠨ ᠳᠤ ᠨᠠᠷᠠᠨᠬᠤᠸᠠᠷ ᠲᠠᠷᠢᠬᠤ ᠶᠢ ᠵᠣᠷᠢᠭᠵᠢᠭᠤᠯᠵᠤ᠂ ᠲᠠᠩ ᠭᠠᠭᠴᠠ ᠲᠠᠷᠢᠮᠠᠯ ᠲᠠᠢ ᠬᠠᠷᠢᠴᠠᠭᠤᠯᠪᠠᠯ᠂ ︽ᠨᠢᠭᠡ ᠤᠯᠠᠷᠢᠯ ᠳᠤ ᠨᠢᠭᠡ ᠬᠤᠷᠢᠶᠠᠬᠤ︾ | ᠠᠴᠠ ︽ᠨᠢᠭᠡ ᠤᠯᠠᠷᠢᠯ ᠳᠤ ᠤᠯᠠᠨ ᠬᠤᠷᠢᠶᠠᠬᠤ︾ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠳᠤ ᠰᠢᠨ᠎ᠡ ᠵᠠᠮ ᠨᠡᠭᠡᠭᠡᠨ ᠥᠭᠴᠡᠢ᠃ ︽ᠲᠠᠷᠪᠤᠰ ᠢ 8 ᠰᠠᠷ᠎ᠠ ᠶᠢᠨ ᠡᠬᠢ ᠪᠠᠷ ᠵᠠᠬ᠎ᠠ ᠳᠡᠯᠭᠡᠭᠦᠷ ᠲᠤ | ᠭᠠᠷᠭᠠᠵᠤ᠂ ᠨᠠᠷᠠᠨᠬᠤᠸᠠᠷ ᠢ 10 ᠰᠠᠷ᠎ᠠ ᠶᠢᠨ ᠰᠡᠭᠦᠯᠴᠢ ᠪᠠᠷ ᠵᠠᠬ᠎ᠠ ᠳᠡᠯᠭᠡᠭᠦᠷ ᠲᠤ ᠭᠠᠷᠭᠠᠬᠤ ᠨᠢ ᠬᠠᠷᠢᠯᠴᠠᠨ ᠨᠥᠯᠥᠭᠡᠯᠡᠬᠦ ᠦᠭᠡᠢ ᠶᠤᠮ᠂ ᠠᠯᠠᠭᠯᠠᠨ ᠳᠠᠷᠢᠭᠰᠠᠨ | ᠨᠠᠷᠠᠨᠬᠤᠸᠠᠷ ᠤᠨ ᠮᠦ ᠨᠢᠭᠡᠴᠢ ᠶᠢᠨ ᠤᠨᠠᠯᠲᠠ ᠶᠢ ᠵᠢᠩ ᠪᠦᠷᠢ ᠳᠡᠭᠡᠨ 6 ᠲᠥᠭᠦᠷᠢᠭ ᠢᠶᠠᠷ ᠪᠤᠳᠤᠪᠠᠯ ᠲᠠᠷᠪᠤᠰ ᠤᠨ ᠡᠬᠡ ᠮᠥᠩᠭᠦ ᠶᠢᠨ ᠬᠠᠭᠠᠰ ᠢ ᠬᠤᠷᠢᠶᠠᠨ | ᠠᠪᠴᠢᠷᠠᠵᠤ ᠲᠠᠶᠢᠯᠤᠨ᠎ᠠ᠂ ᠮᠠᠨ ᠤ ᠲᠣᠰᠬᠤᠨ ᠳᠤ ᠡᠨᠡ ᠵᠢᠯ ᠲᠠᠪᠢ ᠵᠢᠷᠠᠨ ᠡᠷᠦᠭᠡ ᠲᠠᠷᠪᠤᠰ ᠲᠠᠷᠢᠵᠤ᠂ ᠲᠠᠯᠠᠪᠠᠢ ᠨᠢ 4000 ᠮᠦ ᠣᠷᠴᠢᠮ ᠳᠤ ᠬᠦᠷᠴᠦ᠂ ᠳᠤᠮᠳᠠ | ᠨᠢ ᠪᠦᠭᠦᠨ ᠢᠶᠠᠷ ᠢᠶᠠᠨ ᠨᠠᠷᠠᠨᠬᠤᠸᠠᠷ ᠢ ᠠᠯᠠᠭᠯᠠᠨ ᠳᠠᠷᠢᠵᠤ᠂ ᠮᠦ ᠨᠢᠭᠡᠴᠢ ᠶᠢᠨ ᠣᠷᠣᠯᠭ᠎ᠠ ᠨᠢ 1000 ᠊᠊᠊᠊᠊ 1200 ᠲᠥᠭᠦᠷᠢᠭ ᠨᠡᠮᠡᠭᠳᠡᠵᠡᠢ︾ ᠭᠡᠵᠦ ᠰᠢᠩ ᠱᠤ᠋ | ᠸᠠ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠭᠢᠯᠡᠭᠴᠢ ᠰᠦᠨ ᠳ᠋ᠧ ᠶᠢᠨ ᠲᠠᠨᠢᠯᠴᠠᠭᠤᠯᠤᠨ ᠶᠠᠷᠢᠵᠤ ᠪᠠᠶᠢᠯ᠎ᠠ᠃ | ︵ᠦ᠋ ᠫᠧᠢ ᠰᠢ ᠠᠯᠮᠠᠰ︶ |