ᠮᠠᠨ ᠤ ᠬᠤᠲᠠ ᠶᠢᠨ 12345 ᠵᠠᠰᠠᠭ ᠤᠨ ᠶᠠᠪᠤᠳᠠᠯ ᠤᠨ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤᠨ ᠤ ᠦᠢᠯᠡᠴᠢᠯᠡᠭᠡᠨ ᠤ ᠲᠥᠪ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠪᠠ 12345 ᠵᠠᠰᠠᠭ ᠤᠨ ᠶᠠᠪᠤᠳᠠᠯ ᠤᠨ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤᠨ ᠤ ᠡᠯ᠎ᠡ ᠵᠦᠢᠯ ᠤᠨ | ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠪᠦᠭᠦ ᠬᠤᠲᠠ ᠶᠢᠨ 12345 ᠬᠠᠯᠠᠮᠰᠢᠯ ᠤᠲᠠᠰᠤᠨ ᠤ ᠠᠵᠢᠯ ᠢ ᠨᠢᠭᠡᠳᠦᠯᠲᠡᠢ ᠲᠥᠯᠥᠪᠯᠡᠵᠦ ᠵᠣᠬᠢᠰᠲᠠᠢ | ᠲᠣᠬᠢᠷᠠᠭᠤᠯᠪᠠ᠃ 12345 ᠬᠠᠯᠠᠮᠰᠢᠯ ᠤᠲᠠᠰᠤ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠤᠨ ᠰᠠᠨᠠᠯ ᠢ ᠰᠣᠨᠣᠰᠬᠤ᠂ ᠠᠷᠠᠳ ᠤᠨ | ᠰᠡᠳᠬᠢᠯ ᠢ ᠨᠢᠭᠲᠠᠷᠠᠭᠤᠯᠬᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ︽ᠰᠡᠳᠬᠢᠯ ᠤᠨ ᠬᠤᠯᠪᠣᠭᠠᠰᠤ︾ ᠪᠣᠯᠵᠤ᠂ ᠪᠦᠭᠦ ᠬᠤᠳᠠ ᠶᠢᠨ ᠦᠨᠳᠦᠰᠦᠲᠡᠨ ᠨᠦᠭᠦᠳ ᠤᠨ | ᠤᠯᠠᠨ ᠲᠦᠮᠡᠨ ᠤ ᠪᠠᠴᠢᠮ ᠪᠤᠰᠤ ᠲᠦᠷᠦᠯ ᠤᠨ ᠭᠤᠮᠣᠳᠠᠯ ᠱᠠᠭᠠᠷᠳᠠᠯᠭ᠎ᠠ ᠶᠢ ᠲᠥᠪᠯᠡᠷᠡᠭᠦᠯᠦᠨ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠵᠦ᠂ ᠨᠡᠶᠢᠭᠡᠮ ᠤᠨ | ᠵᠥᠷᠢᠴᠡᠯ ᠢ ᠨᠠᠮᠳᠠᠭᠤᠯᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ︽ᠶᠠᠪᠤᠳᠠᠯ ᠪᠦᠭᠦᠨ ᠳᠤ ᠬᠠᠷᠢᠭᠤ ᠲᠤᠰᠬᠠᠯ ᠲᠠᠢ᠂ ᠶᠠᠪᠤᠳᠠᠯ ᠪᠦᠭᠦᠨ ᠳᠤ | ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠪᠡᠶᠡᠯᠡᠭᠦᠯᠵᠦ᠂ ︽ᠨᠢᠭᠡ ᠤᠲᠠᠰᠤ ᠪᠠᠷ ᠨᠡᠪᠲᠡᠷᠡᠬᠦ︾ ᠶᠡᠷᠦᠩᠬᠡᠢ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ | ᠠᠷᠠᠳ ᠤᠨ ᠲᠥᠯᠥᠭᠡ ᠦᠢᠯᠡᠴᠢᠯᠡᠬᠦ ᠰᠡᠳᠬᠢᠯᠭᠡ ᠶᠢ ᠵᠤᠵᠠᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ︽ᠰᠡᠳᠬᠢᠯ ᠤᠨ ᠬᠤᠯᠪᠣᠭᠠᠰᠤ︾ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ ᠪᠠᠶᠢᠨ᠎ᠠ᠃ | ᠮᠠᠨ ᠤ ᠬᠤᠲᠠ ᠶᠢᠨ 12345 ᠬᠠᠯᠠᠮᠰᠢᠯ ᠤᠲᠠᠰᠤᠨ ᠤ ᠦᠢᠯᠡᠴᠢᠯᠡᠭᠡᠨ ᠤ ᠲᠥᠪ ᠨᠢ ︽ᠡᠳᠦᠷ ᠤᠨ ᠲᠣᠬᠢᠷᠠᠭᠤᠯᠤᠯᠲᠠ᠂ ᠭᠠᠷᠠᠭ ᠤᠨ ᠳ᠋ᠦᠩᠨᠡᠯᠲᠡ᠂ | ᠰᠠᠷ᠎ᠠ ᠶᠢᠨ ᠨᠡᠶᠢᠲᠡᠯᠡᠯ︾ ᠤᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠦᠷᠭᠡᠨ ᠪᠥᠭᠡᠳ | ᠪᠦᠲᠦᠮᠵᠢᠲᠡᠶ ᠰᠢᠢᠳᠪᠦᠷᠢᠯᠡᠬᠦ ᠶᠢ ᠪᠦᠭᠦ ᠬᠦᠴᠦᠨ ᠢᠶᠠᠷ ᠠᠬᠢᠭᠤᠯᠪᠠ᠃ ᠪᠣᠳᠠᠲᠠᠢ ᠪᠠᠶᠢᠳᠠᠯ ᠢ ᠦᠨᠳᠦᠰᠦᠯᠡᠵᠦ᠂ ᠬᠤᠣᠰ ᠬᠡᠯᠡᠨ ᠤ ᠦᠢᠯᠡᠴᠢᠯᠡᠭᠡᠨ ᠤ ᠪᠠᠷᠢᠮᠵᠢᠶ᠎ᠠ ᠶᠢ | ᠨᠢᠭᠡᠳᠦᠯᠲᠡᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠲᠤᠰᠬᠠᠬᠤ ᠦᠶ᠎ᠡ ᠶᠢᠨ ᠨᠡᠪᠲᠡᠷᠡᠯᠴᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ 24 ᠴᠠᠭ ᠤᠨ ᠬᠠᠯᠠᠮᠰᠢᠯ ᠤᠲᠠᠰᠤᠨ ᠤ ᠦᠢᠯᠡᠴᠢᠯᠡᠭᠡ ᠲᠣᠬᠢᠷᠠᠭᠤᠯᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ | ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠪᠡ᠃ | ᠡᠭᠦᠨ ᠤ ᠬᠠᠮᠲᠤ᠂ ᠠᠵᠢᠯ ᠤᠨ ᠱᠠᠭᠠᠷᠳᠠᠯᠭ᠎ᠠ ᠶᠣᠰᠣᠭᠠᠷ 110᠂ 119᠂ 120᠂ 122 ᠵᠡᠷᠭᠡ ᠪᠠᠴᠢᠮ ᠬᠠᠯᠠᠮᠰᠢᠯ ᠤᠲᠠᠰᠤᠨ ᠠᠴᠠ ᠪᠤᠰᠤᠳ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠶᠢᠯᠡᠭᠦᠯᠦᠨ ᠰᠢᠯᠢᠳᠡᠭᠵᠢᠭᠦᠯᠬᠦ ᠶᠢ ᠪᠡᠶᠡᠯᠡᠭᠦᠯᠵᠦ᠂ ︽7 × 24 ×24 ᠴᠠᠭ︾ ᠤᠨ | ᠪᠦᠬᠦᠯᠢ ᠡᠳᠦᠷ ᠤᠨ ᠬᠥᠮᠥᠨ ᠤ ᠬᠦᠴᠦᠨ ᠤ ᠦᠢᠯᠡᠴᠢᠯᠡᠭᠡ ᠶᠢ ᠬᠠᠩᠭᠠᠪᠠ᠃ 2019 ᠣᠨ ᠤ 9 ᠰᠠᠷ᠎ᠠ ᠳᠤ᠂ ᠪᠦᠭᠦ ᠬᠤᠲᠠ ᠳᠤ ᠲᠦᠷᠦᠭᠦᠯᠡᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠶᠢᠯᠡᠭᠦᠯᠦᠨ ᠰᠢᠯᠢᠳᠡᠭᠵᠢᠭᠦᠯᠬᠦ ᠠᠵᠢᠯ ᠢ ᠡᠬᠢᠯᠡᠭᠦᠯᠪᠡ᠃ 2022 ᠣᠨ ᠤ ᠡᠴᠦᠰ ᠲᠤ᠂ ᠨᠥᠬᠦᠴᠡᠯ ᠳᠤ | ᠨᠡᠶᠢᠴᠡᠬᠦ 46 ᠵᠤᠷᠪᠤᠰ ᠬᠠᠯᠠᠮᠰᠢᠯ ᠤᠲᠠᠰᠤ ᠶᠢ ᠨᠡᠶᠢᠯᠡᠭᠦᠯᠬᠦ ᠠᠵᠢᠯ ᠢ ᠪᠦᠯᠦᠭ ᠤᠳᠠᠭ᠎ᠠ ᠬᠤᠪᠢᠶᠠᠨ ᠪᠡᠶᠡᠯᠡᠭᠦᠯᠵᠦ᠂ ᠮᠠᠨ ᠤ ᠬᠤᠲᠠ ᠶᠢᠨ ︽12345︾ ᠨᠢᠭᠡ | ᠨᠣᠮᠧᠷ ᠢᠶᠠᠷ ᠦᠢᠯᠡᠴᠢᠯᠡᠬᠦ᠂ ᠨᠢᠭᠡ ᠲᠠᠪᠴᠠᠩ ᠢᠶᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠦᠢᠴᠡᠳᠬᠡᠬᠦ ᠳᠤ ᠪᠠᠲᠤ ᠪᠠᠬᠢ | ᠰᠠᠭᠤᠷᠢ ᠶᠢ ᠲᠠᠯᠪᠢᠵᠤ᠂ ᠣᠯᠠᠨ ᠲᠦᠮᠡᠨ ᠤ ᠠᠰᠠᠭᠤᠨ ᠯᠠᠪᠯᠡᠯᠳᠡ ᠳᠤ ᠬᠠᠷᠢᠭᠤᠯᠲᠠ ᠥᠭᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠨᠠᠷ | ᠴᠢᠨᠰᠠᠭ᠎ᠠ ᠪᠠᠨ ᠳᠡᠭᠡᠭᠰᠢᠯᠡᠭᠦᠯᠦᠨ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠪᠠ᠃ | 2023 ᠣᠨ ᠤ 7 ᠰᠠᠷ᠎ᠠ ᠳᠤ᠂ ᠮᠠᠨ ᠤ ᠬᠤᠲᠠ ᠶᠢᠨ 12345 ᠬᠠᠯᠠᠮᠰᠢᠯ ᠤᠲᠠᠰᠤ ᠪᠠ 110 ᠲᠦᠭᠰᠢᠭᠦᠷᠢ ᠮᠡᠳᠡᠭᠡᠯᠡᠬᠦ ᠦᠢᠯᠡᠴᠢᠯᠡᠭᠡᠨ ᠤ ᠤᠲᠠᠰᠤ ᠶᠢ | ᠨᠢᠭᠡ ᠴᠣᠭᠴᠠᠵᠢᠭᠤᠯᠤᠭᠰᠠᠨ ᠲᠠᠪᠴᠠᠩ ᠢ ᠪᠦᠭᠦ ᠣᠷᠣᠨ ᠳᠤ ᠲᠦᠷᠦᠭᠦᠯᠡᠨ ᠠᠰᠢᠭᠯᠠᠯᠲᠠ ᠳᠤ ᠣᠷᠣᠭᠤᠯᠵᠤ᠂ ᠮᠡᠳᠡᠭᠡ ᠵᠠᠩᠭᠢ ᠪᠠ ᠲᠤᠭ᠎ᠠ ᠪᠠᠷᠢᠮᠲᠠ ᠶᠢ | ᠬᠤᠯᠪᠣᠯᠳᠤᠭᠤᠯᠤᠨ ᠨᠡᠪᠲᠡᠷᠡᠭᠦᠯᠬᠦ᠂ ᠠᠵᠢᠯ ᠤᠨ ᠲᠠᠩᠰᠡ ᠪᠠ ᠴᠠᠭᠳᠠᠭᠠᠨ ᠤ ᠲᠠᠩᠰᠡ ᠶᠢ ᠬᠤᠣᠰ ᠴᠢᠭᠯᠡᠯ ᠢᠶᠠᠷ ᠡᠷᠭᠢᠯᠳᠦᠭᠦᠯᠬᠦ᠂ ᠤᠯᠠᠨ ᠲᠦᠮᠡᠨ ᠤ ᠬᠠᠷᠢᠭᠤ | ᠲᠤᠰᠬᠠᠯ ᠢ ᠭᠥᠯᠢᠶᠡᠨ ᠠᠪᠴᠤ ᠰᠢᠢᠳᠪᠦᠷᠢᠯᠡᠬᠦ ᠪᠢᠲᠡᠭᠦᠦ ᠴᠠᠭᠠᠷᠢᠭ ᠤᠨ ᠴᠢᠳᠠᠮᠵᠢ ᠶᠢ ᠪᠡᠶᠡᠯᠡᠭᠦᠯᠪᠡ᠃ 12345 ᠬᠠᠯᠠᠮᠰᠢᠯ ᠤᠲᠠᠰᠤᠨ ᠤ ᠨᠡᠭᠦᠳᠡᠯ | ᠦᠢᠯᠡᠴᠢᠯᠡᠭᠡᠨ ᠤ ᠴᠢᠳᠠᠮᠵᠢ ᠶᠢ ᠡᠨᠡ ᠵᠢᠯ ᠤᠨ 3 ᠰᠠᠷ᠎ᠠ ᠳᠤ ᠵᠢᠩᠬᠢᠨᠢ ᠪᠠᠷ ᠰᠦᠯᠵᠢᠶᠡᠨ ᠳᠤ ᠣᠷᠣᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠶᠠᠪᠤᠴᠠ ᠳᠤ | ᠲᠣᠬᠢᠶᠠᠯᠳᠤᠭᠰᠠᠨ ᠵᠠᠮ ᠬᠠᠷᠢᠯᠴᠠᠭᠠᠨ ᠤ ᠲᠦᠭᠵᠢᠷᠡᠯ᠂ ᠲᠡᠷᠭᠡᠨ ᠵᠣᠭᠰᠣᠭᠠᠯ ᠢ ᠳᠤᠷ᠎ᠠ ᠪᠠᠷ ᠡᠵᠡᠯᠡᠨ ᠬᠡᠷᠡᠭᠯᠡᠬᠦ ᠵᠡᠷᠭᠡ ᠪᠠᠴᠢᠮ ᠪᠠᠶᠢᠳᠠᠯ ᠢ ᠰᠢᠢᠳᠪᠦᠷᠢᠯᠡᠬᠦ ᠵᠦᠢᠯᠡᠰ ᠢ | 24 ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ | ᠰᠢᠢᠳᠪᠦᠷᠢᠯᠡᠬᠦ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠦ᠂ ᠬᠠᠯᠠᠮᠰᠢᠯ ᠤᠲᠠᠰᠤᠨ ᠤ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ | ᠤᠯᠤᠰ ᠤᠨ ︽ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ︿ᠨᠢᠭᠡ ᠤᠲᠠᠰᠤ ᠪᠠᠷ ᠬᠠᠷᠢᠭᠤᠯᠲᠠ ᠥᠭᠬᠦ﹀ ᠶᠢ ᠠᠬᠢᠭᠤᠯᠬᠤ︾ ᠵᠡᠷᠭᠡ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠵᠦ᠂ ᠬᠠᠯᠠᠮᠰᠢᠯ ᠤᠲᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ 12345 ᠬᠠᠯᠠᠮᠰᠢᠯ ᠤᠲᠠᠰᠤᠨ ᠤ | ᠦᠢᠯᠡᠴᠢᠯᠡᠭᠡᠨ ᠤ ᠲᠥᠪ ᠠᠵᠤ ᠠᠬᠤᠶᠢᠯᠠᠯ ᠳᠤ ᠬᠤᠯᠪᠣᠭᠳᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠵᠤ | ᠠᠬᠤᠶᠢᠯᠠᠯ ᠤᠨ ᠲᠤᠰᠬᠠᠢ ᠰᠠᠭᠤᠳᠠᠯ ᠲᠣᠬᠢᠷᠠᠭᠤᠯᠵᠤ᠂ ᠦᠢᠯᠡᠴᠢᠯᠡᠭᠡᠨ ᠤ ᠬᠡᠪᠴᠢᠶ᠎ᠡ ᠵᠢᠴᠢ ᠠᠵᠢᠯᠯᠠᠭᠠᠨ ᠤ ᠶᠠᠪᠤᠴᠠ ᠶᠢ ᠲᠣᠳᠣᠷᠬᠠᠶᠢᠯᠠᠵᠤ᠂ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠲᠤᠰᠬᠠᠶᠢᠵᠢᠭᠰᠠᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠰᠢᠭᠤᠳ᠂ | ᠲᠦᠷᠭᠡᠨ᠂ ᠨᠠᠷᠢᠯᠢᠭ ᠣᠨᠣᠴᠠᠲᠠᠢ ᠬᠠᠷᠢᠭᠤᠯᠲᠠ ᠥᠭᠴᠦ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠡᠭᠦᠳᠬᠦ ᠳᠤ ᠬᠦᠴᠦᠨ ᠨᠡᠮᠡᠷᠢᠯᠡᠵᠦ᠂ | ᠨᠠᠩ ᠴᠢᠨᠠᠷ ᠰᠠᠶᠢᠲᠠᠢ ᠬᠠᠯᠠᠮᠰᠢᠯ ᠤᠲᠠᠰᠤᠨ ᠤ ᠦᠢᠯᠡᠴᠢᠯᠡᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ᠠᠷᠠᠳ ᠲᠦᠮᠡᠨ ᠤ ᠬᠦᠰᠡᠯ ᠱᠠᠭᠠᠷᠳᠠᠯᠭ᠎ᠠ ᠪᠣᠯᠭᠠᠨ ᠢ ᠴᠢᠬᠤᠯᠠᠴᠢᠯᠠᠵᠤ ᠬᠠᠷᠢᠭᠤ ᠲᠤᠰᠬᠠᠯ ᠥᠭᠪᠡ᠃ 12345 ᠬᠠᠯᠠᠮᠰᠢᠯ ᠤᠲᠠᠰᠤ ᠶᠢᠨ ᠪᠠᠶᠢᠭᠤᠯᠤᠯᠲᠠ | ᠪᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠠᠵᠢᠯ ᠢ ᠵᠢᠷᠤᠮᠵᠢᠭᠤᠯᠬᠤ ᠳᠤ ᠬᠠᠤᠯᠢ ᠳᠦᠷᠢᠮ ᠤᠨ | ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠨᠢᠭᠡᠪᠦᠷᠢ ᠶᠢ ᠴᠥᠮ ᠬᠠᠤᠯᠢ ᠶᠣᠰᠣᠭᠠᠷ | ᠲᠣᠬᠢᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠲᠦᠩᠯᠢᠶᠣᠣ ᠬᠤᠲᠠ ᠶᠢᠨ 12345 ᠬᠠᠯᠠᠮᠰᠢᠯ ᠤᠲᠠᠰᠤ ᠶᠢᠨ ︽ᠨᠢᠭᠡ ᠤᠲᠠᠰᠤ ᠪᠠᠷ ᠨᠡᠪᠲᠡᠷᠡᠬᠦ︾ ᠶᠡᠷᠦᠩᠬᠡᠢ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠦᠭᠦ ᠬᠦᠴᠦᠨ ᠢᠶᠠᠷ ᠡᠭᠦᠳᠴᠦ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠪᠠ ᠵᠠᠰᠠᠬᠤ | ᠰᠢᠰᠲ᠋ᠧᠮ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠵᠢᠯ ᠤᠨ ᠡᠬᠢᠨ ᠠᠴᠠ ᠨᠠᠭᠠᠰᠢ᠂ 12345 ᠬᠠᠯᠠᠮᠰᠢᠯ | ᠤᠲᠠᠰᠤᠨ ᠤ ᠦᠢᠯᠡᠴᠢᠯᠡᠭᠡᠨ ᠤ ᠲᠥᠪ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠶᠢᠲᠡ 35 ᠲᠦᠮᠡ ᠭᠠᠷᠤᠢ ᠭᠥᠯᠢᠶᠡᠨ ᠠᠪᠴᠤ ᠰᠢᠢᠳᠪᠦᠷᠢᠯᠡᠵᠦ᠂ | ᠡᠭᠦᠨ ᠳᠤ ᠲᠡᠷᠭᠡ ᠰᠢᠯᠵᠢᠭᠦᠯᠬᠦ ᠦᠢᠯᠡᠴᠢᠯᠡᠭᠡᠨ ᠤ ᠲᠥᠷᠥᠯ ᠤᠨ ᠬᠦᠰᠡᠯ ᠱᠠᠭᠠᠷᠳᠠᠯᠭ᠎ᠠ ᠶᠢ 4 ᠲᠦᠮᠡ ᠭᠠᠷᠤᠢ ᠭᠥᠯᠢᠶᠡᠨ ᠠᠪᠴᠤ᠂ 12345 ᠬᠠᠯᠠᠮᠰᠢᠯ | ᠤᠲᠠᠰᠤᠨ ᠤ ᠮᠡᠳᠡᠯᠭᠡ ᠶᠢᠨ ᠬᠥᠮᠥᠷᠭᠡ ᠶᠢᠨ ᠠᠭᠤᠯᠭ᠎ᠠ ᠶᠢ 4000 ᠭᠠᠷᠤᠢ ᠲᠡᠭᠦᠯᠳᠡᠷᠵᠢᠭᠦᠯᠵᠦ᠂ ᠳ᠋ᠢᠶᠠᠩᠬᠤᠸᠠ ᠨᠡᠪᠲᠡᠷᠡᠭᠰᠡᠨ ᠨᠣᠷᠮ᠎ᠠ ᠪᠠ ᠣᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠭᠰᠠᠨ ᠨᠣᠷᠮ᠎ᠠ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢ ᠶᠢᠨ ᠬᠡᠮᠵᠢᠶ᠎ᠡ ᠴᠥᠮ 90% ᠠᠴᠠ ᠳᠡᠭᠡᠭᠰᠢ ᠳᠤ ᠬᠦᠷᠴᠡᠢ᠃ | ᠰᠤᠷᠪᠤᠯᠵᠢᠯᠠᠬᠴᠢ᠄ ᠶᠢᠨ ᠶᠤᠸᠠᠨ ᠶᠤᠸᠠᠨ ᠴᠢᠮᠡᠭᠡᠯᠡᠭᠴᠢ᠄ ᠵᠢᠩ ᠵᠢᠩ |