| ᠲᠦᠩᠯᠢᠶᠣᠣ ᠵᠠᠰᠠᠭ ᠠᠯᠪᠠᠨ ᠲᠠᠷᠬᠠᠭᠠᠭᠰᠠᠨ ︹2024︺ 30 ᠳ᠋ᠤᠭᠠᠷ ᠲᠣᠭᠠᠲᠤ | ᠲᠦᠩᠯᠢᠶᠣᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠠᠷᠭ᠎ᠠ ᠬᠡᠮᠵᠢᠶ᠎ᠡ ᠨᠦᠭᠦᠳ ᠢ | ᠰᠢᠯᠵᠢᠭᠦᠯᠦᠨ ᠶᠠᠪᠤᠭᠤᠯᠬᠤ ᠲᠤᠬᠠᠶ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ | ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠠᠷᠭ᠎ᠠ ᠬᠡᠮᠵᠢᠶ᠎ᠡ ᠨᠦᠭᠦᠳ︾ ᠢ ᠲᠠ ᠨᠠᠷ ᠲᠤ ᠳᠠᠮᠵᠢᠭᠤᠯᠤᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 7 ᠰᠠᠷ᠎ᠠ ᠶᠢᠨ 25 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠲᠤᠬᠠᠢ ᠠᠷᠭ᠎ᠠ ᠬᠡᠮᠵᠢᠶ᠎ᠡ ᠨᠦᠭᠦᠳ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ︽ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2023︺ 96 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠡᠷᠡᠭᠯᠡᠭᠡ ᠶᠢᠨ ᠠᠵᠤ ᠠᠬᠤᠶ ᠶᠢᠨ | ᠬᠥᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠲᠦᠩᠯᠢᠶᠣᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠳᠤᠷᠠᠳᠪᠠ᠃ | ᠨᠢᠭᠡ᠂ ᠶᠡᠭᠡ ᠬᠡᠮᠵᠢᠶᠡᠨ ᠤ ᠬᠡᠷᠡᠭᠯᠡᠭᠡ ᠶᠢ ᠲᠣᠭᠲᠠᠪᠤᠷᠢᠵᠢᠭᠤᠯᠤᠨ᠎ᠠ | ︵ᠨᠢᠭᠡ︶ ᠮᠠᠰᠢᠨ ᠲᠡᠷᠭᠡᠨ ᠤ ᠬᠡᠷᠡᠭᠯᠡᠭᠡ ᠶᠢ ᠲᠡᠭᠦᠯᠳᠡᠷᠵᠢᠭᠦᠯᠦᠨ᠎ᠡ᠃ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠮᠠᠰᠢᠨᠲᠤ ᠲᠡᠷᠭᠡ ᠳᠠᠩᠰᠠᠯᠠᠭᠤᠯᠬᠤ ᠶᠢ ᠲᠡᠭᠦᠯᠳᠡᠷᠵᠢᠭᠦᠯᠦᠨ᠂ ︽ᠬᠤᠪᠢ ᠶᠢᠨ ᠮᠠᠰᠢᠨ ᠲᠡᠷᠭᠡ ᠳᠠᠩᠰᠠᠯᠠᠭᠤᠯᠬᠤ ᠳᠤ ᠪᠡᠶ᠎ᠡ ᠶᠢᠨ ᠦᠨᠡᠮᠯᠡᠯ ᠠᠪᠤᠪᠠᠯ | ᠪᠦᠬᠦ ᠬᠤᠲᠠ ᠳᠤ ᠨᠡᠶᠢᠳᠡᠮ ᠭᠦᠢᠴᠡᠳᠬᠡᠬᠦ︾ ᠵᠡᠷᠭᠡ ᠶᠢ ᠬᠡᠷᠡᠭᠵᠢᠭᠦᠯᠦᠨ᠎ᠡ᠃ ᠰᠤᠯᠢᠬᠤ ᠬᠡᠷᠡᠭᠯᠡᠭᠡ ᠶᠢ ᠲᠦᠯᠬᠢᠨ ᠠᠬᠢᠭᠤᠯᠵᠤ ᠮᠠᠰᠢᠨ ᠲᠡᠷᠭᠡ ᠶᠢ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠵᠤᠷᠢᠭᠵᠢᠭᠤᠯᠤᠨ᠎ᠠ᠃ ᠬᠤᠲᠠ ᠶᠢᠨ ᠲᠣᠭᠤᠷᠢᠭ ᠤᠨ ᠲᠡᠷᠭᠡ ᠵᠣᠭᠰᠣᠭᠠᠬᠤ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠲᠡᠷᠭᠡ ᠵᠣᠭᠰᠣᠭᠠᠬᠤ | ᠪᠡᠯᠡᠳᠬᠡᠮᠵᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠬᠥᠮᠦᠨ ᠣᠯᠠᠨ ᠴᠤᠭᠯᠠᠷᠠᠬᠤ ᠭᠠᠵᠠᠷ ᠤᠨ ᠲᠡᠷᠭᠡ ᠵᠣᠭᠰᠣᠭᠠᠬᠤ ᠨᠥᠬᠦᠴᠡᠯ ᠢ | ᠰᠠᠶᠢᠵᠢᠷᠠᠭᠤᠯᠤᠨ᠎ᠠ᠃ ᠮᠧᠬᠠᠨᠢᠭ ᠮᠠᠶ᠋ᠢᠭ ᠤᠨ ᠪᠡᠶᠡᠲᠦ ᠲᠡᠷᠭᠡᠨ ᠵᠣᠭᠰᠣᠭᠠᠯ ᠪᠠ ᠲᠡᠷᠭᠡ ᠵᠣᠭᠰᠣᠭᠠᠬᠤ ᠠᠰᠠᠷ ᠪᠠᠶᠢᠭᠤᠯᠬᠤ ᠶᠢ ᠳᠡᠯᠭᠡᠷᠡᠭᠦᠯᠵᠦ᠂ ᠣᠷᠣᠨ ᠵᠠᠶ ᠶᠢᠨ | ᠠᠰᠢᠭᠯᠠᠯᠲᠠ ᠶᠢᠨ ᠨᠣᠷᠮ᠎ᠠ ᠶᠢ ᠨᠡᠮᠡᠭᠳᠡᠭᠦᠯᠦᠨ᠎ᠡ᠃ ᠣᠶᠤᠨᠲᠤ ᠲᠡᠷᠭᠡᠨ ᠤ ᠲᠠᠯᠠᠪᠠᠢ ᠶᠢ ᠲᠦᠷᠭᠡᠳᠬᠡᠨ ᠪᠠᠶᠢᠭᠤᠯᠵᠤ᠂ ᠲᠡᠷᠭᠡ ᠵᠣᠭᠰᠣᠬᠤ ᠡᠬᠢ ᠪᠠᠶᠠᠯᠢᠭ ᠢ | ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠨ᠎ᠠ᠃ ᠮᠠᠰᠢᠨ ᠲᠡᠷᠭᠡᠨ ᠤ ᠬᠡᠷᠡᠭᠯᠡᠭᠡ ᠶᠢᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ | ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠮᠠᠰᠢᠨ ᠲᠡᠷᠭᠡᠨ ᠤ | ᠬᠡᠷᠡᠭᠯᠡᠭᠡ ᠶᠢ ᠥᠷᠭᠡᠳᠬᠡᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ | ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠦᠩᠯᠢᠶᠣᠤ ᠶᠢᠨ ᠬᠢᠨᠠᠯᠲᠠ ᠬᠠᠮᠢᠶᠠᠷᠤᠯᠲᠠ ᠶᠢᠨ | ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠠᠷᠠᠭᠠᠬᠢ ᠡᠭᠦᠷᠭᠡ ᠶᠢ | ᠨᠠᠶᠢᠳᠠᠪᠤᠷᠢᠵᠢᠭᠤᠯᠤᠨ᠎ᠠ᠃ ᠳᠠᠬᠢᠨ ᠵᠢᠭᠰᠠᠭᠠᠬᠤ ᠦᠭᠡᠢ᠃︶ | ︵ᠬᠤᠶᠠᠷ︶ ᠪᠣᠯᠪᠠᠰᠤᠷᠠᠭᠤᠯᠤᠭᠰᠠᠨ ᠴᠢᠯᠠᠭᠤᠨ ᠲᠣᠰᠤᠨ ᠤ ᠬᠡᠷᠡᠭᠯᠡᠭᠡ ᠶᠢ ᠠᠬᠢᠭᠤᠯᠤᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠠᠵᠤ ᠠᠬᠤᠶᠢᠯᠠᠯ | ᠬᠢᠭᠡᠳ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠯᠤᠭ᠎ᠠ ᠬᠤᠷᠰᠢᠨ ᠰᠢᠨ᠎ᠡ ᠲᠡᠷᠭᠡ᠂ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢᠨ ᠪᠣᠷᠣᠯᠠᠭᠤᠯᠭ᠎ᠠ | ᠠᠬᠢᠭᠤᠯᠬᠤ ᠶᠢ ᠵᠣᠷᠢᠭᠵᠢᠭᠤᠯᠤᠨ᠎ᠠ᠃ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠪᠣᠯᠪᠠᠰᠤᠷᠠᠭᠤᠯᠤᠭᠰᠠᠨ | ᠴᠢᠯᠠᠭᠤᠨ ᠲᠣᠰᠣᠨ ᠤ ᠪᠠᠷᠢᠮᠵᠢᠶ᠎ᠠ ᠳᠤ ᠨᠡᠶᠢᠴᠡᠬᠦ ᠦᠭᠡᠶ ᠦᠢᠯᠡ ᠠᠵᠢᠯᠯᠠᠭ᠎ᠠ ᠶᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠦᠢᠯᠡᠳᠪᠦᠷᠢᠯᠡᠬᠦ ᠪᠠ | ᠪᠣᠷᠣᠯᠠᠭᠤᠯᠤᠨ ᠬᠤᠳᠠᠯᠳᠤᠬᠤ ᠦᠢᠯᠡ ᠠᠵᠢᠯᠯᠠᠭ᠎ᠠ ᠶᠢ ᠰᠢᠳᠬᠡᠵᠦ᠂ ᠬᠠᠮᠢᠶ᠎ᠠ ᠪᠦᠬᠦᠢ ᠵᠥᠪᠰᠢᠶᠡᠷᠡᠯ ᠢ ᠣᠯᠤᠭᠠᠳᠤᠶ ᠪᠠᠶᠢᠲᠠᠯ᠎ᠠ ᠪᠣᠯᠪᠠᠰᠤᠷᠠᠭᠤᠯᠤᠭᠰᠠᠨ ᠲᠣᠰᠣ ᠶᠢ | ᠪᠣᠷᠣᠯᠠᠭᠤᠯᠤᠨ ᠬᠤᠳᠠᠯᠳᠤᠬᠤ᠂ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ ᠵᠢᠴᠢ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢᠨ ᠬᠡᠷᠡᠭᠯᠡᠭᠡᠨ ᠤ ᠭᠠᠶᠢᠯᠢ ᠶᠢ | ᠬᠤᠪᠢᠷᠠᠭᠤᠯᠬᠤ ᠶᠢᠨ ᠲᠦᠯᠦᠭᠡ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠨᠡᠷ᠎ᠡ ᠬᠤᠪᠢᠷᠠᠭᠤᠯᠤᠨ ᠦᠢᠯᠡᠳᠪᠦᠷᠢᠯᠡᠵᠦ ᠪᠣᠷᠣᠯᠠᠭᠤᠯᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ | ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠦᠷᠭᠡᠳᠭᠡᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ | ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠯᠲᠡ ᠶᠢ ᠳᠡᠯᠭᠡᠷᠡᠭᠦᠯᠦᠨ᠎ᠡ᠃ | ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠰᠢᠰᠲ᠋ᠧᠮᠵᠢ ᠶᠢ ᠰᠢᠨᠵᠢᠯᠡᠬᠦ ᠣᠬᠠᠭᠠᠨᠴᠢ ᠪᠠᠷ ᠪᠠᠶᠢᠷᠢᠰᠢᠭᠤᠯᠵᠦ᠂ ᠰᠠᠭᠤᠭᠠᠯᠢ ᠠᠷᠡᠳ ᠤᠨ ᠴᠠᠬᠢᠯᠭᠠᠨ ᠴᠡᠨᠡᠭᠯᠡᠬᠦ | ᠭᠡᠷᠡᠭᠴᠡᠭᠡ ᠱᠠᠭᠠᠷᠳᠡᠯᠭ᠎ᠠ ᠶᠢ ᠦᠨᠡᠨᠬᠦ ᠬᠠᠩᠭᠠᠨ᠎ᠠ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠲᠠᠢ ᠤᠶᠠᠯᠳᠤᠭᠤᠯᠤᠨ᠂ ᠲᠡᠷᠭᠡᠨ ᠵᠣᠭᠰᠣᠭᠠᠯ ᠢ | ᠨᠡᠮᠡᠬᠦ ᠶᠢᠨ ᠬᠠᠮᠲᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠪᠥᠲᠥᠭᠡᠨ ᠪᠠᠶᠢᠭᠤᠯᠬᠤ ᠪᠤᠶᠤ ᠤᠭᠰᠠᠷᠠᠬᠤ ᠨᠥᠬᠦᠴᠡᠯ ᠢ ᠤᠷᠢᠳᠴᠢᠯᠠᠨ ᠦᠯᠡᠳᠡᠭᠡᠨ᠎ᠡ᠃ | ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠥᠪᠡᠰᠦᠪᠡᠨ ᠬᠡᠷᠡᠭᠯᠡᠬᠦ ᠲᠡᠷᠭᠡᠨ ᠵᠣᠭᠰᠣᠭᠠᠯ ᠢᠶᠠᠨ ᠥᠭᠡᠷᠡᠴᠢᠯᠡᠵᠦ ᠴᠠᠬᠢᠯᠭᠠᠨ | ᠴᠡᠨᠡᠭᠯᠡᠬᠦ ᠰᠠᠭᠤᠷᠢ ᠪᠡᠯᠡᠳᠬᠡᠮᠵᠢ ᠪᠠᠶᠢᠭᠤᠯᠬᠤ ᠪᠤᠶᠤ ᠤᠭᠰᠠᠷᠠᠬᠤ ᠨᠥᠬᠦᠴᠡᠯ ᠢ ᠤᠷᠢᠳᠴᠢᠯᠠᠨ ᠦᠯᠡᠳᠡᠭᠡᠬᠦ ᠶᠢ ᠵᠣᠷᠢᠭᠵᠢᠭᠤᠯᠤᠨ᠎ᠠ᠃ ᠰᠠᠭᠤᠭᠠᠯᠢ ᠠᠷᠠᠳ ᠤᠨ | ᠲᠣᠭᠤᠷᠢᠭ ᠤᠨ ᠳᠣᠲᠣᠷᠠᠬᠢ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠳᠤ ᠬᠡᠷᠡᠭᠯᠡᠬᠦ ᠴᠠᠬᠢᠯᠭᠠᠨ ᠳᠤ ᠰᠠᠭᠤᠭᠠᠯᠢ ᠠᠷᠠᠳ ᠤᠨ ᠴᠠᠬᠢᠯᠭᠠᠨ ᠤ | ᠦᠨ᠎ᠡ ᠶᠢ ᠬᠡᠷᠡᠭᠵᠢᠭᠦᠯᠬᠦ ᠶᠢ ᠠᠬᠢᠭᠤᠯᠵᠤ᠂ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠤ ᠦᠨ᠎ᠡ ᠶᠢ ᠬᠡᠷᠡᠭᠵᠢᠭᠦᠯᠬᠦ ᠴᠠᠬᠢᠯᠭᠠᠨ ᠴᠡᠨᠡᠭᠯᠡᠬᠦ | ᠲᠥᠬᠦᠭᠡᠷᠦᠮᠵᠢ ᠳᠤ ᠬᠡᠷᠡᠭᠯᠡᠬᠦ ᠴᠠᠬᠢᠯᠭᠠᠨ ᠳᠤ ᠴᠠᠬᠢᠯᠭᠠᠨ ᠬᠡᠷᠡᠭᠯᠡᠬᠦ ᠣᠷᠭᠢᠯ ᠤᠨ ᠦᠶ᠎ᠡ ᠬᠤᠪᠢᠶᠠᠬᠤ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠢ ᠠᠬᠢᠭᠤᠯᠤᠨ᠎ᠠ᠃ 2025 ᠤᠨ ᠪᠣᠯᠬᠤ ᠳᠤ ᠳᠠᠬᠢᠨ 600 ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠢ ᠪᠠᠶᠢᠭᠤᠯᠤᠨ᠎ᠠ᠃ ︵ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠤᠯᠤᠰ ᠤᠨ ᠴᠠᠬᠢᠯᠭᠠᠨ ᠲᠣᠤᠷ ᠤᠨ ᠲᠦᠩᠯᠢᠶᠣᠤ ᠶᠢᠨ ᠴᠠᠬᠢᠯᠭᠠᠨ ᠬᠠᠩᠭᠠᠬᠤ ᠺᠣᠮᠫᠠᠨᠢ᠂ ᠬᠤᠲᠠ ᠶᠢᠨ ᠴᠧᠩ ᠹᠠ ᠪᠦᠯᠦᠭᠯᠡᠯ ᠵᠡᠷᠭᠡ ᠰᠠᠯᠠᠭ᠎ᠠ ᠮᠥᠴᠢᠷ ᠨᠢᠭᠡᠴᠡ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠦᠷᠪᠡ︶ ᠪᠠᠲᠤᠯᠠᠭᠠᠲᠤ ᠴᠢᠨᠠᠷᠲᠠᠢ ᠪᠠ ᠰᠠᠶᠢᠵᠢᠷᠠᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠨ᠎ᠡ᠃ ᠣᠷᠣᠨ | ᠰᠠᠭᠤᠴᠠ ᠶᠢᠨ ᠪᠠᠲᠤᠯᠠᠭ᠎ᠠ ᠶᠢᠨ ᠰᠠᠭᠤᠷᠢ ᠳᠦᠷᠢᠮ ᠪᠣᠯᠤᠨ ᠳᠡᠮᠵᠢᠯᠭᠡ ᠶᠢᠨ ᠴᠢᠨᠠᠷᠲᠠᠶ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ | ᠰᠠᠭᠤᠴᠠ ᠶᠢᠨ ᠬᠦᠴᠢᠷᠳᠡᠯᠲᠡᠶ ᠬᠥᠮᠦᠰ ᠤᠨ ᠣᠷᠣᠨ ᠰᠠᠭᠤᠴᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠨ᠎ᠡ᠃ ᠣᠷᠣᠨ ᠰᠠᠭᠤᠴᠠ ᠶᠢᠨ | ᠢᠲᠡᠭᠡᠮᠵᠢᠲᠦ ᠵᠢᠭᠡᠯᠡᠯᠭᠡ ᠶᠢᠨ ᠵᠥᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠪᠠ ᠵᠢᠭᠡᠯᠡᠯᠭᠡ ᠶᠢᠨ | ᠬᠦᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠤᠤᠷ᠎ᠠ ᠬᠢᠵᠠᠭᠠᠷ ᠢ ᠵᠦᠢ ᠵᠣᠬᠢᠰᠲᠠᠶ ᠲᠣᠭᠲᠠᠭᠠᠨ᠎ᠠ᠃ ᠣᠷᠣᠨ ᠰᠠᠭᠤᠴᠠ ᠶᠢᠨ ᠨᠦᠬᠦᠪᠦᠷᠢ ᠦᠭᠬᠦ᠂ | ᠵᠢᠭᠡᠯᠡᠯᠭᠡ ᠳᠤ ᠳᠡᠮ ᠬᠦᠥ ᠦᠭᠬᠦ ᠵᠢᠴᠢ ᠣᠷᠣᠨ ᠰᠠᠭᠤᠴᠠ ᠶᠢᠨ ᠭᠡᠷᠡᠭᠯᠡᠭᠡ ᠯᠦᠭᠡ ᠬᠠᠮᠢᠶ᠎ᠠ ᠪᠦᠬᠦᠢ ᠭᠡᠷᠡᠭᠯᠡᠭᠡᠨ ᠤ ᠳᠡᠮᠳᠡᠭᠳᠦ ᠳᠡᠯᠪᠢᠬᠤ ᠵᠡᠷᠭᠡ ᠠᠷᠭ᠎ᠠ ᠮᠠᠶ᠋ᠢᠭ ᠢᠶᠠᠷ | ᠳᠡᠮᠵᠢᠭᠤᠯᠥᠨ᠂ ᠰᠠᠭᠤᠭᠠᠯᠢ ᠠᠷᠡᠳ ᠤᠨ ᠪᠠᠲᠤᠯᠠᠭᠠᠲᠤ ᠴᠢᠨᠡᠷᠳᠡᠢ ᠪᠠ ᠰᠠᠶᠢᠵᠢᠷᠡᠭᠤᠯᠬᠤ ᠴᠢᠨᠡᠷᠳᠡᠢ ᠣᠷᠣᠨ ᠰᠠᠭᠤᠴᠠ ᠶᠢᠨ ᠭᠡᠷᠡᠭᠯᠡᠭᠡ ᠶᠢ ᠠᠬᠢᠭᠤᠯᠬᠤ ᠶᠢ | ᠵᠣᠷᠢᠠᠠᠵᠢᠭᠤᠯᠥᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠲᠥᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ | ᠠᠷᠭ᠎ᠠ ᠵᠠᠮ ᠢᠶᠠᠷ ᠪᠠᠲᠤᠯᠠᠬᠤ᠂ ᠳᠦᠷᠢᠶᠡᠰᠦᠯᠡᠬᠦ ᠪᠠ ᠬᠤᠳᠠᠯᠳᠤᠨ ᠠᠪᠬᠤ ᠶᠢ ᠬᠤᠣᠰᠯᠠᠭᠤᠯᠤᠭᠰᠠᠨ ᠣᠷᠣᠨ ᠰᠠᠭᠤᠴᠠ ᠶᠢᠨ ᠰᠠᠭᠤᠷᠢ ᠴᠢᠨᠠᠷᠲᠠᠢ ᠳᠦᠷᠢᠮ ᠢ | ᠲᠦᠷᠭᠡᠳᠭᠡᠨ ᠪᠠᠶᠢᠭᠤᠯᠵᠤ᠂ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠢᠶᠠᠷ ᠥᠷᠨᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠰᠠᠶᠢᠲᠤᠷ ᠬᠡᠷᠡᠭᠯᠡᠨ ᠭᠦᠢᠴᠡᠳ ᠬᠡᠷᠡᠭᠯᠡᠵᠦ᠂ ︽ᠭᠡᠷ ᠪᠠᠶᠢᠰᠢᠩ ᠢ ᠵᠦᠪᠰᠢᠶᠡᠷᠡᠵᠦ ᠵᠢᠭᠡᠯᠡᠯᠭᠡ ᠶᠢ ᠥᠯᠥ ᠵᠥᠪᠰᠢᠶᠡᠷᠡᠬᠦ︾ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠴᠠᠬᠢᠯᠭᠠᠨ ᠱᠠᠲᠤ ᠤᠭᠰᠠᠷᠠᠬᠤ ᠵᠡᠷᠭᠡ ᠥᠪᠡᠰᠦᠪᠡᠨ ᠰᠠᠭᠤᠬᠤ ᠣᠷᠣᠨ ᠰᠠᠭᠤᠴᠠ ᠶᠢ ᠥᠭᠡᠷᠡᠴᠢᠯᠡᠨ | ᠰᠢᠨᠡᠳᠬᠡᠬᠦ ᠳᠤ ᠬᠡᠷᠡᠭᠯᠡᠬᠦ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠲᠤᠰ ᠭᠠᠵᠠᠷ ᠣᠷᠣᠨ ᠤ ᠠᠮᠢᠳᠤᠯᠢᠭ ᠢᠶᠠᠷ | ᠠᠵᠢᠯ ᠣᠯᠬᠤ ᠬᠦᠮᠦᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠲᠤᠰᠢᠶᠠᠬᠤ ᠠᠵᠢᠯ ᠢ ᠦᠷᠨᠢᠭᠦᠯᠵᠦ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠤᠰᠢᠶᠠᠨ ᠬᠠᠳᠠᠭᠠᠯᠠᠭᠤᠯᠬᠤ ᠬᠡᠪᠴᠢᠶ᠎ᠡ ᠶᠢ ᠥᠷᠭᠡᠳᠭᠡᠨ᠂ ᠠᠵᠢᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠵᠦ | ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠨᠡᠩ ᠣᠯᠠᠨ ᠬᠦᠮᠦᠰ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ | ᠰᠢᠨᠡᠳᠬᠡᠬᠦ ᠠᠵᠢᠯ ᠢ ᠦᠷᠭᠦᠯᠵᠢᠯᠡᠨ ᠥᠷᠨᠢᠭᠦᠯᠵᠦ᠂ 7 ᠳᠡᠰ ᠠᠴᠠ ᠳᠡᠭᠡᠭᠰᠢᠬᠢ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠡ ᠪᠠᠶᠢᠷᠢᠯᠠᠭᠤᠯᠬᠤ ᠲᠠᠷᠢᠶᠠᠯᠠᠬᠤ | ᠮᠠᠯᠵᠢᠬᠤ ᠣᠷᠣᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠰᠡᠷᠭᠡᠶᠢᠯᠡᠨ ᠳᠠᠭᠠᠭᠠᠬᠤ ᠥᠭᠡᠷᠡᠴᠢᠯᠡᠯᠲᠡ ᠶᠢ ᠳᠡᠮᠵᠢᠵᠦ᠂ ᠲᠠᠷᠢᠶᠠᠯᠠᠬᠤ ᠮᠠᠯᠵᠢᠬᠤ ᠣᠷᠣᠨ ᠤ ᠭᠡᠷ | ᠪᠠᠶᠢᠰᠢᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ | ᠣᠷᠣᠰᠢᠨ ᠰᠠᠭᠤᠬᠤ ᠨᠥᠬᠦᠴᠡᠯ ᠢ ᠰᠠᠶᠢᠵᠢᠷᠠᠭᠤᠯᠬᠤ ᠬᠡᠷᠡᠭᠲᠡᠶ᠃ 5 - 10 ᠰᠠᠷ᠎ᠠ ᠳᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠣᠳᠠᠲᠠᠶ | ᠪᠠᠶᠢᠳᠠᠯ ᠢ ᠦᠨᠳᠦᠰᠦᠯᠡᠨ᠂ 2024 ᠣᠨ ᠤ ᠲᠦᠩᠯᠢᠶᠣᠤ ᠶᠢᠨ ᠲᠠᠸᠠᠷ ᠤᠨ ᠬᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠢ ᠡᠷᠭᠢᠯᠡᠵᠦ᠂ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠡᠷ ᠪᠠᠶᠢᠰᠢᠩ ᠬᠤᠳᠠᠯᠳᠤᠨ ᠠᠪᠤᠭᠴᠢᠳ ᠲᠤ ᠠᠰᠢᠭᠲᠠᠶ ᠪᠣᠯᠭᠠᠵᠤ᠂ | ᠬᠡᠷ ᠪᠠᠶᠢᠰᠢᠩ ᠬᠤᠳᠠᠯᠳᠤᠨ ᠠᠪᠤᠭᠰᠠᠳ ᠢ ᠭᠦᠢᠴᠡᠳ ᠰᠣᠩᠭᠤᠬᠤ ᠡᠷᠬᠡ ᠲᠠᠢ ᠪᠥᠭᠡᠳ ᠲᠡᠭᠦᠨ ᠤ ᠳᠤᠮᠳᠠ ᠠᠴᠠ ᠠᠰᠢᠭ ᠭᠥᠷᠳᠡᠵᠦ᠂ ᠪᠠᠲᠤᠯᠠᠭᠠᠲᠤ ᠴᠢᠨᠠᠷᠲᠠᠢ | ᠱᠠᠭᠠᠷᠳᠠᠯᠭ᠎ᠠ ᠪᠠ ᠰᠠᠶᠢᠵᠢᠷᠠᠭᠤᠯᠬᠤ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠪᠠᠳᠠᠷᠠᠭᠤᠯᠵᠤ᠂ ᠵᠠᠰᠠᠵᠤ ᠴᠢᠮᠡᠭᠯᠡᠬᠦ᠂ ᠬᠡᠷ ᠤᠨ ᠡᠳ᠋ᠯᠡᠯ ᠬᠡᠷᠡᠭᠰᠡᠯ᠂ | ᠬᠡᠷ ᠤᠨ ᠴᠠᠬᠢᠯᠭᠠᠨ ᠬᠡᠷᠡᠭᠰᠡᠯ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠳᠣᠤᠷᠠᠳᠤ ᠤᠷᠤᠰᠬᠠᠯ ᠤᠨ ᠠᠵᠤ ᠦᠢᠯᠡᠰ ᠤᠨ ᠠᠰᠢᠭ ᠭᠥᠷᠳᠡᠬᠦ ᠶᠢ ᠳᠠᠶᠢᠴᠢᠯᠠᠨ᠎ᠠ᠃ ︵ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ ᠪᠠᠩᠬᠢ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠭᠡᠷ ᠤᠨ ᠡᠳ᠋ᠯᠡᠯ ᠬᠡᠷᠡᠭᠰᠡᠯ ᠪᠠ ᠡᠯᠧᠺᠲᠷᠣᠨ ᠦᠢᠯᠡᠳᠬᠦᠨ ᠤ ᠬᠡᠷᠡᠭᠯᠡᠭᠡ ᠶᠢ ᠳᠡᠯᠭᠡᠷᠡᠭᠦᠯᠦᠨ᠎ᠡ᠃ ᠭᠡᠷ ᠳᠤᠲᠤᠷᠠᠬᠢ ᠶᠢ ᠵᠠᠰᠠᠵᠤ ᠴᠢᠮᠡᠭᠯᠡᠵᠦ | ᠤᠶᠤᠨᠴᠢᠯᠠᠬᠤ ᠶᠢ ᠵᠣᠷᠢᠭᠵᠢᠭᠤᠯᠵᠤ᠂ ᠪᠣᠬᠢᠷᠲᠤᠯ ᠦᠭᠡᠢ ᠭᠡᠷ ᠤᠨ ᠴᠢᠮᠡᠭᠯᠡᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠪᠣᠷᠣᠯᠠᠭᠤᠯᠤᠨ ᠬᠤᠳᠠᠯᠳᠤᠭᠰᠠᠨ ᠤ ᠳᠠᠷᠠᠭᠠᠬᠢ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠪᠠ ᠭᠡᠷ ᠤᠨ ᠬᠠᠶᠠᠭᠳᠠᠮᠠᠯ | ᠬᠠᠭᠤᠴᠢᠨ ᠴᠠᠬᠢᠯᠭᠠᠨ ᠬᠡᠷᠡᠭᠰᠡᠯ ᠢ ᠡᠭᠡᠭᠦᠯᠦᠨ ᠬᠤᠷᠢᠶᠠᠬᠤ ᠠᠵᠢᠯ ᠢ ᠥᠷᠨᠢᠭᠦᠯᠦᠨ᠎ᠡ᠃ ᠣᠶᠤᠨᠲᠤ ᠭᠡᠷ ᠤᠨ ᠴᠠᠬᠢᠯᠭᠠᠨ ᠬᠡᠷᠡᠭᠰᠡᠯ᠂ ᠣᠶᠤᠨᠲᠤ ᠡᠯᠧᠺᠲᠷᠣᠨ | ᠪᠦᠲᠦᠭᠡᠭᠳᠡᠬᠦᠨ ᠤ ᠳᠡᠯᠭᠡᠨ ᠦᠵᠡᠭᠦᠯᠬᠦ ᠪᠡᠶᠡᠴᠢᠯᠡᠨ ᠤᠶᠢᠯᠠᠭᠠᠬᠤ ᠳᠡᠯᠭᠡᠭᠦᠷ ᠢ ᠵᠣᠬᠢᠰᠲᠠᠢ ᠪᠠᠶᠢᠷᠢᠰᠢᠭᠤᠯᠤᠨ᠎ᠠ᠃ ᠨᠠᠰᠤᠲᠠᠶᠢᠴᠤᠳ ᠤᠨ ᠡᠳᠦᠷ ᠲᠤᠲᠤᠮ ᠤᠨ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠨᠠᠰᠤᠵᠢᠬᠤ ᠳᠤ ᠵᠣᠬᠢᠴᠠᠭᠰᠠᠨ ᠡᠯᠧᠺᠲᠷᠣᠨ ᠦᠢᠯᠡᠳᠬᠦᠨ ᠤ ᠬᠡᠷᠡᠭᠯᠡᠭᠡ ᠶᠢ ᠠᠬᠢᠭᠤᠯᠤᠨ᠎ᠠ᠃ ︵ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠡᠷ᠂ ᠦᠢᠯᠡᠴᠢᠯᠡᠭᠡᠨ ᠤ ᠭᠡᠷᠡᠭᠯᠡᠭᠡ ᠶᠢ ᠦᠷᠭᠡᠳᠭᠡᠨ᠎ᠠ | ︵ᠵᠢᠷᠭᠤᠭ᠎ᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ᠎ᠡ᠃ ᠲᠦᠩᠯᠢᠶᠣᠤ ᠶᠢᠨ ︽ᠦᠬᠡᠷ︾ ᠤᠨ ᠰᠣᠶᠣᠯ ᠳᠤ ᠠᠩᠬᠠᠷᠤᠯ ᠢᠶᠠᠨ | ᠲᠥᠪᠯᠡᠷᠡᠭᠦᠯᠵᠦ᠂ ᠲᠦᠩᠯᠢᠶᠣᠤ ᠶᠢᠨ ᠦᠬᠡᠷ ᠤᠨ ᠮᠢᠬᠠᠨ ᠤ ᠶᠠᠰᠤ ᠴᠢᠨᠠᠷ ᠤᠨ ᠳᠠᠪᠠᠭᠤᠯᠢᠭ ᠲᠤ ᠲᠦᠰᠢᠭᠯᠡᠨ᠂ ᠦᠬᠡᠷ ᠤᠨ ᠮᠢᠬᠠᠨ ᠤ ᠤᠨᠴᠠᠯᠢᠬᠳᠤ ᠢᠳᠡᠭᠡᠨ | ᠤᠮᠳᠠᠭᠠᠨ ᠢ ᠳᠡᠯᠭᠡᠷᠡᠭᠦᠯᠦᠨ ᠥᠷᠨᠢᠭᠦᠯᠵᠦ᠂ ᠠᠵᠤ ᠠᠬᠤᠶᠢᠯᠠᠯ ᠤᠨ ᠬᠤᠲᠠ ᠳᠤ ᠬᠤᠰᠢᠭᠤᠴᠢ ᠳᠡᠯᠭᠡᠭᠦᠷ ᠭᠠᠷᠭᠠᠵᠤ᠂ ᠬᠤᠯᠪᠤᠭᠠᠲᠤ ᠳᠡᠯᠭᠡᠭᠦᠷ ᠢ ᠬᠥᠭᠵᠢᠭᠦᠯᠬᠦ ᠶᠢ | ᠵᠣᠷᠢᠭᠵᠢᠭᠤᠯᠤᠨ᠎ᠠ᠃ ᠪᠥᠬᠦ ᠤᠯᠤᠰ ᠤᠨ ᠦᠬᠡᠷ ᠤᠨ ᠮᠢᠬ᠎ᠠ ᠶᠢᠨ ᠠᠮᠲᠠᠲᠤ ᠢᠳᠡᠭᠡᠨ ᠬᠠᠭᠤᠷᠴᠤ ᠬᠢᠬᠦ ᠤᠷᠤᠯᠳᠤᠭᠠᠨ᠂ ᠦᠬᠡᠷ ᠤᠨ ᠮᠢᠬ᠎ᠠ ᠶᠢᠨ ᠠᠮᠲᠠᠲᠤ | ᠢᠳᠡᠭᠡᠨ ᠤ ᠰᠣᠶᠣᠯ ᠤᠨ ᠨᠠᠶᠢᠷ ᠵᠡᠷᠭᠡ ᠠᠵᠢᠯᠯᠠᠭ᠎ᠠ ᠶᠢ ᠡᠷᠭᠢᠯᠡᠵᠦ᠂ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ︔ | ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠢ ᠭᠦᠨᠵᠡᠭᠡᠶ ᠠᠭᠤᠳᠠᠯᠵᠤ᠂ ᠲᠦᠩᠯᠢᠶᠣᠤ ᠶᠢᠨ ︽ᠢᠳᠡᠭᠡᠨ ᠤᠮᠳᠠᠭᠠᠨ ᠤ ᠨᠠᠷᠠᠲᠤ ᠳᠡᠯᠭᠡᠭᠦᠷ︾ ᠢ | ᠰᠢᠯᠭᠠᠷᠠᠭᠤᠯᠬᠤ ᠠᠵᠢᠯ ᠢ ᠥᠷᠨᠢᠭᠦᠯᠵᠦ᠂ ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠤ ᠨᠠᠷᠠᠲᠤ ᠲᠥᠷᠥᠯ ᠲᠡᠮᠳᠡᠭᠲᠦ ᠶᠢ ᠲᠦᠷᠭᠡᠪᠴᠢᠯᠡᠨ | ᠪᠤᠶᠢᠵᠢᠭᠤᠯᠤᠨ᠎ᠠ︔ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠨᠡᠷᠡᠲᠦ ᠲᠡᠮᠳᠡᠭ ᠪᠠ ᠳᠤᠮᠳᠠᠳᠤ ᠶᠢᠨ | ᠬᠠᠭᠤᠴᠢᠨ ᠨᠡᠷᠡᠲᠦ ᠲᠡᠮᠳᠡᠭ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ︽ᠲᠦᠩᠯᠢᠶᠣᠤ ᠶᠢᠨ ᠬᠠᠭᠤᠴᠢᠨ ᠨᠡᠷᠡᠲᠦ ᠲᠡᠮᠳᠡᠭᠲᠦ︾ ᠶᠢ | ᠰᠢᠯᠭᠠᠷᠠᠭᠤᠯᠬᠤ ᠠᠷᠭ᠎ᠠ ᠶᠢ ᠲᠣᠭᠲᠠᠭᠠᠨ᠂ ᠰᠢᠯᠭᠠᠷᠠᠭᠤᠯᠬᠤ ᠠᠵᠢᠯ ᠢ ᠥᠷᠨᠢᠭᠦᠯᠵᠦ᠂ ᠬᠠᠭᠤᠴᠢᠨ ᠨᠡᠷᠡᠲᠦ ᠲᠡᠮᠳᠡᠭ ᠢᠶᠠᠷ ᠠᠵᠤ ᠠᠬᠤᠶᠢᠯᠠᠯ ᠤᠨ ᠠᠯᠳᠠᠷᠰᠢᠯ ᠪᠣᠯᠤᠨ | ᠥᠷᠢᠰᠥᠯᠳᠦᠬᠦ ᠬᠦᠴᠦᠨ ᠢ ᠥᠷᠭᠡᠳᠬᠡᠬᠦ ᠬᠡᠷᠡᠭᠲᠡᠶ᠃ ︽ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ + ᠭᠤᠤᠯ ᠲᠣᠭᠤᠭᠠᠨ ᠭᠡᠷ + ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡ + ᠢᠳᠡᠭᠡᠨ ᠤᠮᠳᠠᠭᠠᠨ ᠤ ᠳᠡᠯᠭᠡᠭᠦᠷ︾ ᠤᠨ ᠵᠠᠭᠪᠤᠷ ᠢ ᠪᠤᠶᠢᠵᠢᠭᠤᠯᠵᠤ᠂ ᠤᠷᠢᠳᠴᠢᠯᠠᠨ ᠬᠢᠭᠰᠡᠨ ᠨᠣᠭᠤᠭ᠎ᠠ ᠶᠢᠨ ᠵᠠᠬ᠎ᠠ | ᠳᠡᠯᠭᠡᠭᠦᠷ ᠤᠨ ᠳᠠᠯᠳᠠ ᠬᠦᠴᠦᠨ ᠢ ᠠᠭᠤᠳᠠᠯᠵᠤ᠂ ᠤᠷᠢᠳᠴᠢᠯᠠᠨ ᠬᠢᠭᠰᠡᠨ ᠨᠣᠭᠤᠭ᠎ᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠰᠦᠯᠵᠢᠶᠡᠨ ᠳᠡᠭᠡᠷᠡᠬᠢ ᠡᠵᠡᠩᠨᠡᠨ ᠪᠣᠷᠣᠯᠠᠭᠤᠯᠤᠯᠲᠠ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠰᠢᠨ᠎ᠡ ᠵᠠᠭᠤᠴᠢᠯᠠᠭᠤᠷ ᠢ ᠠᠰᠢᠭᠯᠠᠨ ᠤᠬᠠᠭᠤᠯᠤᠨ | ᠳᠡᠯᠭᠡᠷᠡᠭᠦᠯᠬᠦ ᠶᠢ ᠳᠡᠮᠵᠢᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠤᠯᠤᠭ᠎ᠠ︶ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠪᠠᠶᠠᠯᠢᠭᠵᠢᠭᠤᠯᠤᠨ᠎ᠠ᠃ ᠴᠠᠯᠢᠩ ᠲᠠᠢ ᠠᠮᠠᠷᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ | ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠠᠮᠠᠷᠠᠬᠤ ᠶᠢ ᠵᠣᠷᠢᠭᠵᠢᠭᠤᠯᠵᠤ᠂ ᠠᠮᠠᠷᠠᠯᠲᠠ ᠶᠢᠨ ᠡᠳᠦᠷ ᠤᠨ ᠬᠡᠷᠡᠭᠯᠡᠭᠡ ᠶᠢ ᠠᠬᠢᠭᠤᠯᠤᠨ᠎ᠠ᠃ ︽ᠲᠦᠩᠯᠢᠶᠣᠤ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠡᠳᠬᠦᠨ ᠱᠠᠩᠨᠠᠬᠤ ᠠᠷᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ | ᠱᠠᠩᠨᠠᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠪᠡᠶᠡᠯᠡᠭᠦᠯᠦᠨ᠎ᠡ᠃ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ | ᠣᠶᠤᠨᠴᠢ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠢᠭᠤᠯᠴᠢᠯᠠᠭᠴᠢᠳ ᠤᠨ ᠡᠵᠡᠨ ᠮᠡᠳᠡᠬᠦ ᠴᠢᠨᠠᠷᠲᠠᠢ ᠰᠤᠩᠭᠤᠯᠲᠠ ᠶᠢ | ᠪᠠᠲᠤᠯᠠᠭᠰᠠᠨ ᠰᠠᠭᠤᠷᠢᠨ ᠳᠣᠣᠷ᠎ᠠ᠂ ᠡᠯ᠎ᠡ ᠭᠠᠵᠠᠷ ᠣᠷᠣᠨ ᠤ ᠦᠵᠡᠮᠵᠢ ᠶᠢᠨ ᠣᠷᠣᠨ ᠤ ᠬᠤᠯᠪᠣᠭᠠᠯᠠᠨ ᠬᠥᠳᠡᠯᠦᠯᠴᠡᠵᠦ ᠬᠡᠷᠡᠭᠯᠡᠬᠦ ᠪᠠᠨ ᠴᠢᠩᠭᠠᠳᠬᠠᠬᠤ ᠶᠢ | ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠨ ᠬᠠᠮᠲᠤᠷᠠᠯᠴᠠᠬᠤ ᠪᠢᠯᠧᠲ ᠤᠨ ᠵᠠᠭᠪᠤᠷ ᠢ ᠬᠡᠷᠡᠭᠵᠢᠭᠦᠯᠵᠦ᠂ ᠦᠵᠡᠮᠵᠢ ᠶᠢᠨ ᠣᠷᠣᠨ ᠤ ᠪᠣᠳᠠᠲᠠᠢ ᠲᠠᠢ ᠪᠠᠨ | ᠤᠶᠠᠯᠳᠤᠭᠤᠯᠤᠨ ᠨᠢᠭᠡ ᠪᠢᠯᠧᠲ ᠢ ᠤᠯᠠᠨ ᠡᠳᠦᠷ ᠤᠳᠠᠭ᠎ᠠ ᠬᠡᠷᠡᠭᠯᠡᠬᠦ ᠳᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠣᠨᠴᠠ ᠲᠣᠭᠲᠠᠭᠰᠠᠨ | ᠵᠢᠭᠤᠯᠴᠢᠯᠠᠭᠴᠢᠳ ᠤᠨ ᠡᠭᠦᠳᠡᠨ ᠪᠢᠯᠧᠲ ᠤᠨ ᠬᠠᠷᠠᠭᠠᠯᠵᠠᠯ ᠢ ᠨᠡᠩ ᠰᠠᠶᠢᠲᠤᠷ ᠬᠠᠩᠭᠠᠵᠤ᠂ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ | ᠬᠠᠩᠭᠠᠬᠤ ᠬᠡᠷᠡᠭᠲᠡᠢ᠃ ᠠᠵᠤ ᠠᠬᠤᠶᠢᠯᠠᠯ ᠬᠢᠭᠡᠳ ᠦᠵᠡᠮᠵᠢ ᠶᠢᠨ ᠣᠷᠣᠨ ᠤ ᠬᠠᠮᠲᠤᠷᠠᠯᠴᠠᠭ᠎ᠠ ᠶᠢ ᠵᠣᠷᠢᠭᠵᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ | ᠪᠦᠲᠦᠭᠡᠭᠳᠡᠬᠦᠨ ᠢ ᠪᠠᠶᠠᠯᠢᠭᠵᠢᠭᠤᠯᠤᠨ᠎ᠠ᠃ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠮᠦᠽᠧᠶ᠂ | ᠵᠤᠭ᠎ᠠ ᠴᠡᠩᠭᠡᠯ ᠤᠨ ᠬᠦᠷᠢᠶᠡᠯᠡᠩ ᠵᠡᠷᠭᠡ ᠲᠠᠯᠠᠪᠤᠷ ᠣᠷᠳᠣᠨ ᠤ ᠨᠡᠭᠡᠭᠡᠬᠦ ᠴᠠᠭ ᠢ ᠤᠷᠲᠤᠳᠬᠠᠬᠤ ᠶᠢ ᠬᠥᠲᠥᠯᠦᠨ ᠵᠢᠯᠣᠭᠤᠳᠤᠨ᠎ᠠ᠃ ᠶᠤᠸᠠᠢ ᠯᠠᠢ ᠾᠧ᠂ ᠰᠢᠶᠠᠩ | ᠶᠠᠩ ᠶᠠᠪᠠᠭᠠᠨ ᠵᠡᠭᠡᠯᠢ᠂ ᠨᠠᠭᠠᠳᠤᠮ ᠤᠨ ᠵᠠᠩ ᠦᠢᠯᠡ ᠶᠢᠨ ᠬᠦᠷᠢᠶᠡᠯᠡᠩ ᠵᠡᠷᠭᠡ ᠣᠯᠠᠨ ᠲᠣᠭᠯᠠᠯᠲᠠ᠂ ᠰᠣᠶᠣᠯ ᠤᠨ ᠡᠭᠦᠳᠦᠯᠲᠡ ᠶᠢᠨ ᠳᠡᠯᠭᠡᠨ ᠪᠣᠷᠣᠯᠠᠭᠤᠯᠤᠯᠲᠠ᠂ | ᠰᠡᠯᠡᠭᠦᠴᠡᠯ ᠵᠤᠭ᠎ᠠ ᠴᠡᠩᠭᠡᠯ᠂ ᠣᠨᠴᠠᠯᠢᠭᠲᠤ ᠬᠤᠨᠣᠵᠤ ᠬᠡᠪᠲᠡᠬᠦ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠵᠡᠷᠭᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠬᠠᠮᠤᠷᠤᠭᠰᠠᠨ ᠰᠥᠨᠢ ᠶᠢᠨ ᠬᠡᠷᠡᠭᠯᠡᠭᠡᠨ ᠤ ᠲᠦᠪᠯᠡᠷᠡᠯ ᠤᠨ ᠲᠣᠭᠤᠷᠢᠭ ᠪᠠ ᠵᠢᠭᠤᠯᠴᠢᠯᠠᠯ ᠰᠡᠯᠡᠭᠦᠴᠡᠯ ᠤᠨ ᠲᠣᠭᠤᠷᠢᠭ ᠢ ᠪᠤᠶᠢᠵᠢᠭᠤᠯᠤᠨ᠎ᠠ᠃ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠤᠷᠤᠰᠬᠠᠯ ᠤᠨ ᠬᠡᠮᠵᠢᠶ᠎ᠡ ᠶᠢᠨ | ᠬᠠᠮᠢᠶᠠᠷᠤᠯᠲᠠ ᠶᠢ ᠰᠠᠶᠢᠲᠤᠷ ᠬᠢᠨ᠎ᠡ᠃ ︵ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠵᠡᠰᠬᠦᠯᠡᠩ ᠤᠨ ᠬᠡᠷᠡᠭᠯᠡᠭᠡ ᠶᠢ ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ | ᠭᠠᠵᠠᠷ ᠤᠨ ᠪᠡᠯᠡᠳᠬᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠦᠨ᠎ᠡ᠃ | ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠨᠠᠶᠢᠷ᠂ ︽8 · 18︾ ᠤ ᠮᠣᠷᠢᠨ ᠤᠷᠤᠯᠳᠤᠭᠠᠨ ᠤ ᠨᠠᠶᠢᠷ᠂ ᠮᠠᠷᠠᠽᠤᠨ᠂ ᠬᠤᠲᠠ ᠶᠢᠨ ᠠᠷᠠᠳ ᠤᠨ ᠪᠡᠶ᠎ᠡ ᠶᠢᠨ | ᠲᠠᠮᠢᠷ ᠤᠨ ᠴᠤᠭᠯᠠᠭᠠᠨ ᠵᠡᠷᠭᠡ ᠲᠣᠮᠣ ᠬᠡᠯᠪᠡᠷᠢ ᠶᠢᠨ ᠤᠷᠤᠯᠳᠤᠭᠠᠨ ᠢ ᠰᠠᠶᠢᠲᠤᠷ ᠡᠷᠬᠢᠯᠡᠨ᠎ᠡ᠃ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠤ ᠠᠭᠤᠯᠠ ᠠᠪᠠᠷᠢᠬᠤ | ᠂ ᠮᠠᠷᠠᠽᠤᠨ᠂ ᠮᠥᠰᠥ ᠴᠠᠰᠤ᠂ ᠮᠠᠰᠢᠨ ᠲᠡᠷᠭᠡᠨ ᠪᠠᠷ ᠬᠡᠭᠡᠷ᠎ᠡ ᠠᠶᠠᠯᠠᠬᠤ ᠵᠡᠷᠭᠡ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠤᠷᠤᠯᠳᠤᠭᠠᠨ ᠥᠷᠨᠢᠭᠦᠯᠬᠦ ᠶᠢ | ᠵᠣᠷᠢᠭᠵᠢᠭᠤᠯᠤᠨ ᠳᠡᠮᠵᠢᠨ᠎ᠡ᠃ ᠪᠥᠬᠦ ᠬᠤᠲᠠ ᠶᠢᠨ ᠬᠤᠷᠴᠢᠨ ᠤ ᠪᠡᠶ᠎ᠡ ᠶᠢᠨ ᠲᠠᠮᠢᠷ ᠤᠨ ᠶᠡᠭᠡ ᠬᠤᠷᠠᠯ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠮᠠᠯᠴᠢᠨ ᠲᠠᠷᠢᠶᠠᠴᠢᠨ ᠤ ᠡᠯᠪᠡᠭ ᠬᠤᠷᠢᠶᠠᠯᠲᠠ ᠪᠠᠨ ᠪᠡᠯᠭᠡᠯᠡᠵᠦ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠢ ᠥᠷᠨᠢᠭᠦᠯᠵᠦ᠂ | ᠵᠠᠯᠠᠭᠤᠴᠤᠳ ᠪᠠᠭᠠᠴᠤᠳ ᠤᠨ ᠭᠤᠤᠯ ᠰᠡᠳᠦᠪᠲᠦ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠶᠢ ᠦᠷᠨᠢᠭᠦᠯᠦᠨ᠎ᠡ᠃ ᠪᠥᠬᠦ ᠬᠤᠲᠠ ᠶᠢᠨ U ᠰᠢᠷᠢᠰ ᠬᠥᠯ | ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ᠂ ᠣᠯᠠᠨ | ᠤᠯᠤᠰ ᠤᠨ ᠪᠥᠬᠡ ᠪᠠᠷᠢᠯᠳᠤᠬᠤ᠂ ᠰᠤᠯᠤᠩᠭᠤᠰ ᠨᠢᠳᠤᠷᠭᠠᠨ ᠡᠷᠳᠡᠮ᠂ ᠬᠤᠷᠴᠢᠨ ᠤ ᠬᠤᠯᠠ ᠭᠦᠶᠦᠯᠲᠡ ᠶᠢᠨ ᠶᠡᠭᠡ ᠬᠤᠷᠠᠯ ᠵᠡᠷᠭᠡ ᠣᠯᠠᠨ ᠵᠦᠢᠯ ᠤᠨ | ᠤᠷᠤᠯᠳᠤᠭᠠᠨ ᠢ ᠥᠷᠨᠢᠭᠦᠯᠵᠦ᠂ ᠤᠷᠤᠯᠳᠤᠭᠠᠨ ᠤ ᠪᠦᠲᠦᠴᠡ ᠶᠢ ᠰᠢᠯᠢᠳᠡᠭᠵᠢᠭᠦᠯᠦᠨ᠎ᠡ᠃ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠲᠠᠢ | ᠤᠶᠠᠯᠳᠤᠭᠤᠯᠤᠨ᠂ ᠬᠤᠲᠠ ᠶᠢᠨ ᠱᠠᠲᠤᠨ ᠤ ᠪᠡᠶ᠎ᠡ ᠶᠢᠨ ᠲᠠᠮᠢᠷ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠪᠡᠶ᠎ᠡ ᠶᠢᠨ ᠲᠠᠮᠢᠷ ᠤᠨ | ᠬᠡᠷᠡᠭᠯᠡᠭᠡ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠬᠡᠷᠡᠭᠰᠡᠯ᠂ ᠢᠳᠡᠭᠡᠨ ᠤᠮᠳᠠᠭᠠᠨ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠤᠨ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠲᠠᠯᠠᠪᠤᠷ ᠲᠤ ᠣᠷᠣᠵᠤ ᠰᠠᠭᠤᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠣᠶᠢᠷ᠎ᠠ ᠬᠠᠪᠢ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠭᠠᠳᠠᠭᠰᠢ ᠳᠡᠯᠭᠡᠷᠡᠭᠰᠡᠨ ᠠᠵᠤ ᠠᠬᠤᠶ᠂ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠪᠠᠶᠢᠭᠤᠯᠬᠤ ᠶᠢ ᠳᠡᠮᠵᠢᠵᠦ᠂ ᠨᠥᠬᠦᠴᠡᠯ ᠳᠤ ᠨᠡᠶᠢᠴᠡᠬᠦ | ᠬᠤᠳᠠᠯᠳᠤᠭᠠᠨ ᠤ ᠶᠡᠷᠦᠩᠬᠡᠶ ᠴᠣᠭᠴᠠ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ | ᠠᠵᠢᠯ ᠢ ᠥᠷᠨᠢᠭᠦᠯᠵᠦ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠠᠩᠰᠠᠯᠠᠭᠤᠯᠤᠭᠰᠠᠨ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠤᠨ ᠠᠵᠤ ᠠᠬᠤᠶᠢᠯᠠᠯ ᠢ | ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠪᠠᠷᠠᠭᠠᠨ ᠤ ︽ᠲᠦᠯᠬᠢᠶᠡᠵᠢᠭᠰᠡᠨ ᠡᠳ᠋︾ ᠵᠡᠷᠭᠡ ᠰᠢᠨ᠎ᠡ ᠨᠡᠮᠡᠭᠳᠡᠯ ᠤᠨ ᠴᠢᠭ ᠢ | ᠪᠤᠶᠢᠵᠢᠭᠤᠯᠤᠨ᠂ ᠨᠡᠷᠡᠲᠦ ᠲᠥᠷᠥᠯ ᠲᠡᠮᠳᠡᠭᠲᠦ ᠶᠢᠨ ᠶᠠᠰᠤ ᠴᠢᠨᠠᠷ ᠤᠨ ᠬᠡᠷᠡᠭᠯᠡᠭᠡ ᠶᠢ ᠠᠬᠢᠭᠤᠯᠤᠨ᠎ᠠ᠃ ︵ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠯᠡᠭᠡ ᠶᠢ ᠳᠡᠭᠡᠭᠰᠢᠯᠡᠭᠦᠯᠦᠨ᠎ᠡ᠃ ᠬᠤᠳᠡ ᠶᠢᠨ ᠠᠷᠡᠳ ᠤᠨ ᠡᠮᠨᠡᠯᠬᠡ ᠶᠢᠨ ᠬᠤᠷᠢᠶ᠎ᠠ᠂ ᠬᠤᠳᠡ ᠶᠢᠨ | ᠮᠣᠩᠭᠤᠯ ᠡᠮᠨᠡᠯᠬᠡ ᠶᠢᠨ ᠬᠤᠷᠢᠶ᠎ᠠ ᠶᠢᠨ ᠰᠢᠨ᠎ᠡ ᠡᠮᠨᠡᠯᠬᠡ ᠶᠢᠨ ᠬᠤᠷᠢᠶ᠎ᠠ ᠲᠤᠭᠤᠷᠢᠭ᠂ ᠬᠤᠳᠡ ᠶᠢᠨ ᠣᠶᠣᠨ ᠮᠡᠳᠡᠷᠡᠯ ᠤᠨ ᠡᠷᠡᠬᠦᠯ ᠬᠠᠮᠠᠭᠠᠯᠠᠯ ᠤᠨ ᠲᠥᠪ ᠤᠨ | ᠡᠮᠴᠢᠯᠡᠭᠡ ᠰᠣᠪᠢᠯᠠᠯᠳᠡ ᠶᠢ ᠣᠶᠠᠯᠳᠣᠭᠤᠯᠬᠤ ᠵᠡᠷᠭᠡ ᠳᠥᠷᠦᠯ ᠵᠦᠢᠯ ᠤᠨ ᠪᠦᠳᠦᠭᠡᠨ ᠪᠠᠶᠢᠭᠤᠯᠥᠯᠳᠡ ᠶᠢᠨ ᠠᠬᠢᠴᠠ ᠶᠢ ᠳᠦᠷᠭᠡᠳᠭᠡᠨ᠎ᠠ᠃ ᠨᠢᠭᠲᠠ ᠬᠡᠯᠪᠡᠷᠢ ᠶᠢᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠤᠷᠰᠢᠯᠲᠠ ᠶᠢᠨ ᠬᠤᠰᠢᠭᠤ ᠰᠢᠶᠠᠨ ᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠨᠡᠶᠢᠭᠡᠮ ᠤᠨ ᠬᠢᠨ ᠤ ᠡᠮᠨᠡᠯᠭᠡ ᠡᠷᠬᠢᠯᠡᠬᠦ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢ ᠠᠬᠢᠭᠤᠯᠵᠤ᠂ ᠨᠡᠶᠢᠭᠡᠮ ᠤᠨ ᠬᠥᠷᠥᠩᠭᠡ ᠶᠢᠨ ᠡᠮ ᠡᠮᠨᠡᠯᠭᠡ ᠶᠢᠨ | ᠦᠢᠯᠡᠴᠢᠯᠡᠭᠡᠨ ᠤ ᠦᠢᠯᠡᠰ ᠲᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ᠃ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠠᠮᠢᠶᠠᠷᠤᠯᠲᠠ᠂ | ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠵᠡᠷᠭᠡ ᠪᠠᠷ ᠭᠤᠤᠯ ᠪᠣᠯᠭᠠᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠤ ᠦᠢᠯᠡᠰ ᠢ ᠶᠡᠬᠡᠪᠡᠷ | ᠬᠥᠭᠵᠢᠭᠦᠯᠦᠨ᠎ᠡ᠃ ︽ᠢᠨᠲ᠋ᠧᠷ ᠰᠦᠯᠵᠢᠶ᠎ᠡ + ᠰᠤᠪᠢᠯᠠᠬᠤ︾᠂ ︽ᠢᠨᠲ᠋ᠧᠷ ᠰᠦᠯᠵᠢᠶ᠎ᠡ + ᠣᠨᠣᠰᠢᠯᠠᠨ ᠡᠮᠨᠡᠬᠦ︾ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ | ᠂ ᠣᠯᠠᠨ ᠲᠦᠮᠡᠨ ᠤ ᠣᠯᠠᠨ ᠶᠠᠩᠵᠤᠴᠢᠯᠠᠭᠰᠠᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ | ᠶᠢ ᠬᠥᠭᠵᠢᠭᠦᠯᠵᠦ᠂ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠶᠢᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠨᠠᠰᠣᠳᠡᠶᠢᠴᠣᠳ ᠲᠤ ᠬᠠᠨᠳᠣᠭᠤᠯᠥᠠᠠᠰᠠᠨ ᠡᠷᠡᠬᠦᠯᠵᠢᠯ ᠤᠨ ᠬᠠᠮᠢᠶᠡᠷᠦᠯᠳᠡ᠂ ᠠᠮᠢᠳᠣᠷᠡᠯ ᠢ ᠠᠰᠠᠷᠡᠨ ᠰᠣᠪᠢᠯᠠᠬᠤ᠂ ᠡᠷᠡᠬᠦᠯᠵᠢᠯ ᠰᠣᠪᠢᠯᠠᠯᠳᠡ ᠵᠠᠰᠠᠨ ᠰᠣᠪᠢᠯᠠᠯᠳᠡ | ᠵᠡᠷᠭᠡ ᠦᠢᠯᠡᠴᠢᠯᠡᠭᠡᠨ ᠪᠠ ᠦᠢᠯᠡᠳᠬᠦᠨ ᠢ ᠨᠡᠭᠡᠭᠡᠨ ᠬᠦᠭᠵᠢᠬᠦᠯᠬᠦ ᠶᠢ ᠵᠣᠷᠢᠠᠠᠵᠢᠭᠤᠯᠥᠨ᠎ᠠ᠃ ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠡ ᠶᠢ ᠠᠬᠢᠭᠤᠯᠤᠨ᠎ᠠ | ︵ᠠᠷᠪᠠ︶ ᠪᠤᠬᠢᠷᠳᠦᠯ ᠦᠭᠡᠢ ᠦᠢᠯᠡᠳᠬᠦᠨ ᠢ ᠬᠦᠳᠡᠭᠡ ᠪᠠᠭᠤᠯᠭᠠᠬᠤ ᠶᠢ ᠦᠷᠨᠢᠬᠦᠯᠥᠨ᠎ᠠ᠃ ᠪᠣᠬᠢᠷᠲᠤᠯ ᠥᠬᠡᠶ ᠣᠶᠤᠨᠴᠢ ᠬᠡᠷ ᠤᠨ ᠴᠠᠬᠢᠯᠭᠠᠨ ᠬᠡᠷᠡᠭᠰᠡᠯ ᠢ | ᠬᠥᠳᠡᠭᠡ ᠪᠠᠭᠤᠯᠭᠠᠬᠤ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠤᠤᠬ᠎ᠠ᠂ ᠡᠨᠧᠷᠭᠢ ᠬᠠᠳᠠᠭᠠᠯᠠᠬᠤ ᠲᠥᠬᠦᠭᠡᠷᠦᠮᠵᠢ ᠵᠡᠷᠭᠡ ᠪᠣᠬᠢᠷᠲᠤᠯ ᠥᠬᠡᠶ ᠡᠨᠧᠷᠭᠢ ᠠᠷᠪᠢᠯᠠᠬᠤ ᠬᠡᠷ ᠤᠨ ᠴᠠᠬᠢᠯᠭᠠᠨ ᠬᠡᠷᠡᠭᠰᠡᠯ ᠢ ᠳᠡᠯᠭᠡᠷᠡᠭᠦᠯᠦᠨ | ᠬᠡᠷᠡᠭᠯᠡᠬᠦ ᠶᠢ ᠳᠡᠮᠵᠢᠨ᠎ᠡ᠃ ᠮᠠᠯᠵᠢᠬᠤ ᠲᠠᠷᠢᠶᠠᠯᠠᠬᠤ ᠣᠷᠣᠨ ᠤ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠶᠢ ᠵᠣᠷᠢᠭᠵᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠢᠭᠡ︶ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠪᠣᠯᠤᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢᠨ | ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ ᠶᠢ | ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠲᠠᠪᠴᠠᠩ ᠪᠠ ᠠᠵᠤ ᠠᠬᠤᠶᠢᠯᠠᠯ ᠤᠨ ᠮᠠᠯᠵᠢᠬᠤ ᠲᠠᠷᠢᠶᠠᠯᠠᠬᠤ ᠣᠷᠣᠨ ᠤ ᠦᠢᠯᠡᠳᠬᠦᠨ ᠪᠠ ᠦᠢᠯᠡᠴᠢᠯᠡᠭᠡ ᠳᠤ | ᠬᠠᠨᠳᠤᠭᠤᠯᠤᠭᠰᠠᠨ ᠣᠯᠠᠨ ᠶᠠᠩᠵᠤᠴᠢᠯᠠᠬᠤ ᠶᠢ ᠠᠬᠢᠭᠤᠯᠤᠨ᠎ᠠ᠃ ᠬᠤᠰᠢᠭᠤ ᠰᠢᠶᠠᠨ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ | ᠭᠤᠷᠪᠠᠨ ᠱᠠᠲᠤᠨ ᠤ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠦᠷᠭᠡᠨ ᠬᠦᠷᠭᠡᠬᠦ᠂ | ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠦᠨ᠎ᠡ᠃ | ᠲᠦᠩᠯᠢᠶᠣᠤ ᠶᠢᠨ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠡᠷᠭᠢᠨ ᠲᠣᠭᠤᠷᠢᠨ ᠤ ᠠᠵᠤ ᠦᠢᠯᠡᠰ ᠤᠨ ᠳᠡᠰ ᠳᠡᠪᠰᠢᠬᠦ ᠬᠥᠭᠵᠢᠯᠲᠡ ᠶᠢ ᠦᠷᠭᠦᠯᠵᠢᠯᠡᠨ ᠨᠥᠯᠥᠭᠡᠯᠡᠨ ᠳᠠᠶᠢᠴᠢᠯᠠᠨ᠎ᠠ᠃ ᠰᠢᠥᠳᠡᠡ᠂ ᠳᠥᠷᠬᠡᠨ ᠲᠠᠮᠵᠢᠭᠤᠯᠭ᠎ᠠ᠂ | ᠬᠠᠩᠭᠠᠨ ᠪᠤᠷᠣᠯᠠᠭᠤᠯᠬᠤ᠂ ᠡᠯᠧᠺᠲᠷᠣᠨ ᠬᠤᠳᠠᠯᠳᠤᠭ᠎ᠠ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠬᠤᠰᠢᠭᠤ ᠰᠢᠶᠡᠨ ᠤ ᠱᠠᠳᠣᠨ ᠤ ᠳᠥᠪᠯᠡᠷᠡᠬᠦᠯᠥᠨ | ᠲᠠᠷᠬᠠᠭᠠᠬᠤ ᠬᠤᠪᠢᠶᠡᠷᠢᠯᠡᠨ ᠲᠠᠷᠬᠠᠭᠠᠬᠤ ᠲᠥᠪ ᠪᠠ ᠬᠠᠮᠳᠣᠪᠡᠷ ᠲᠣᠬᠢᠷᠡᠭᠤᠯᠬᠤ ᠲᠥᠪ᠂ ᠰᠣᠮᠥ ᠰᠢᠶᠡᠩ ᠪᠠᠯᠭᠠᠰᠣ ᠶᠢᠨ ᠱᠠᠳᠣᠨ ᠤ ᠢᠯᠡᠭᠡᠨ ᠬᠦᠷᠭᠡᠬᠦ ᠪᠠᠷᠡᠭᠠᠨ ᠤ | ᠬᠦᠢᠯᠬᠡᠬᠡᠡ ᠤ ᠶᠡᠷᠦᠩᠭᠡᠶᠢᠯᠡᠭᠰᠡᠨ ᠦᠢᠯᠡᠴᠢᠯᠡᠭᠡᠨ ᠤ ᠦᠷᠲᠡᠭᠡ᠂ ᠭᠠᠴᠠᠭ᠎ᠠ ᠲᠣᠰᠬᠤᠨ ᠤ ᠱᠠᠳᠣᠨ ᠤ ᠢᠯᠡᠭᠡᠨ ᠬᠦᠷᠭᠡᠬᠦ ᠪᠠᠷᠡᠭᠠᠨ ᠤ ᠬᠦᠢᠯᠬᠡᠬᠡᠡ ᠤ ᠶᠡᠷᠦᠩᠭᠡᠶᠢᠯᠡᠭᠰᠡᠨ | ᠦᠢᠯᠡᠴᠢᠯᠡᠭᠡᠨ ᠤ ᠴᠢᠬ ᠢ ᠪᠠᠶᠢᠭᠤᠯᠥᠨ᠎ᠠ᠃ ︵ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ | ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠣᠨᠴᠠᠯᠢᠭᠲᠤ ᠪᠦᠲᠦᠭᠡᠭᠳᠡᠬᠦᠨ ᠢ ᠬᠤᠲᠠᠨ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢ ᠭᠦᠨᠵᠡᠭᠡᠶ ᠲᠦᠯᠬᠢᠨ | ᠠᠬᠢᠭᠤᠯᠵᠤ᠂ ᠲᠦᠩᠯᠢᠶᠣᠤ ᠬᠤᠲᠠ ᠶᠢᠨ ᠢᠯᠡ ᠲᠣᠳᠣ ᠣᠷᠣᠨ ᠪᠦᠰᠡ ᠶᠢᠨ ᠣᠨᠴᠠᠯᠢᠭ᠂ ᠦᠨᠳᠦᠰᠦᠲᠡᠨ ᠤ ᠣᠨᠴᠠᠯᠢᠭ ᠪᠠ ᠨᠤᠲᠤᠭ ᠤᠨ ᠣᠨᠴᠠᠯᠢᠭ ᠪᠦᠬᠦᠢ | ᠦᠢᠯᠡᠳᠬᠦᠨ ᠤ ᠠᠵᠤ ᠦᠢᠯᠡᠰ ᠢ ᠨᠡᠭᠡᠭᠡᠨ ᠬᠦᠭᠵᠢᠭᠦᠯᠦᠨ᠎ᠡ᠃ ᠣᠨᠴᠠᠯᠢᠠᠠᠳᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠭᠡᠭᠰᠢᠯᠡᠬᠦ ᠵᠠᠮ ᠢ | ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠵᠠᠬᠢᠶᠠᠯᠠᠭ᠎ᠠ ᠲᠠᠢ ᠲᠠᠷᠢᠶᠠᠯᠠᠩ ᠤᠨ ᠬᠥᠭᠵᠢᠯᠲᠡ ᠶᠢ ᠶᠡᠬᠡᠪᠡᠷ | ᠠᠬᠢᠭᠤᠯᠤᠨ᠎ᠠ᠃ ᠪᠣᠬᠢᠷᠲᠤᠯ ᠦᠭᠡᠢ ᠣᠷᠭᠠᠨᠢᠭ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠶᠢᠵᠢᠭᠤᠯᠤᠨ ᠭᠡᠷᠡᠴᠢᠯᠡᠨ᠎ᠡ᠃ | ᠬᠤᠲᠠ ᠶᠢᠨ ᠬᠡᠪᠴᠢᠶᠡᠨ ᠳᠠᠬᠢ ᠬᠠᠮᠢᠶ᠎ᠠ ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠤᠮᠳᠠᠳᠤ ᠮᠣᠩᠭᠤᠯ᠂ ᠳᠤᠮᠳᠠᠳᠤ ᠣᠷᠣᠰ ᠤᠨ ᠭᠠᠳᠠᠭᠠᠳᠤ | ᠣᠷᠣᠭᠤᠯᠤᠯᠲᠠ ᠶᠢᠨ ᠦᠵᠡᠰᠬᠦᠯᠡᠩ ᠪᠠ ᠪᠦᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠵᠡᠷᠭᠡ ᠮᠤᠵᠢ ᠶᠠᠮᠤᠨ ᠤ ᠳᠡᠰ ᠤᠨ | ᠦᠵᠡᠰᠬᠦᠯᠡᠩ ᠳᠤ ᠣᠷᠣᠯᠴᠠᠭᠤᠯᠤᠨ᠎ᠠ᠃ ︽ᠬᠡᠷᠡᠭᠯᠡᠭᠡ ᠪᠠᠷ ᠬᠠᠪᠰᠤᠷᠤᠨ ᠲᠡᠳᠬᠦᠬᠦ︾ ᠪᠠᠷ ᠭᠠᠷᠳᠠᠴᠠ ᠪᠣᠯᠭᠠᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠦᠩᠯᠢᠶᠣᠤ ᠬᠤᠲᠠ ᠶᠢᠨ ᠶᠠᠳᠠᠭᠤ ᠠᠴᠠ ᠠᠩᠭᠢᠵᠢᠷᠠᠭᠰᠠᠨ | ᠭᠠᠵᠠᠷ ᠣᠷᠣᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠤ | ᠰᠢᠭᠤᠳ ᠪᠣᠷᠣᠯᠠᠭᠤᠯᠬᠤ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ ᠪᠠ ᠠᠷᠠᠯᠵᠢᠶᠠᠨ ᠤ ᠵᠠᠬ᠎ᠠ ᠳᠡᠯᠭᠡᠭᠦᠷ ᠢ ᠠᠬᠢᠭᠤᠯᠵᠤ᠂ | ᠬᠡᠷᠡᠭᠯᠡᠭᠡ ᠪᠠᠷ ᠬᠠᠪᠰᠤᠷᠤᠨ ᠲᠡᠳᠬᠦᠬᠦ ᠪᠦᠲᠦᠭᠡᠭᠳᠡᠬᠦᠨ ᠢ ᠳᠡᠯᠭᠡᠷᠡᠭᠦᠯᠦᠨ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠡᠯ᠎ᠡ ᠲᠥᠷᠥᠯ ᠤᠨ ᠲᠠᠪᠴᠠᠩ ᠢ ᠬᠥᠲᠥᠯᠦᠨ ᠵᠢᠯᠣᠭᠤᠳᠴᠤ ᠪᠠᠶᠢᠭᠠᠳ ᠬᠡᠷᠡᠭᠯᠡᠭᠡ ᠪᠠᠷ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠪᠡᠭᠡᠵᠢᠩ ᠵᠢᠴᠢ ᠪᠡᠭᠡᠵᠢᠩ ᠠᠴᠠ ᠭᠠᠳᠠᠨ᠎ᠠ ᠲᠦᠩᠯᠢᠶᠣᠤ ᠬᠤᠲᠠ ᠶᠢᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠬᠥᠮᠥᠷᠭᠡ ᠪᠤᠶᠤ ᠰᠢᠭᠤᠳ | ᠡᠵᠡᠩᠨᠡᠯᠲᠡ ᠶᠢᠨ ᠳᠡᠯᠭᠡᠭᠦᠷ ᠢ ᠨᠡᠭᠡᠭᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠪᠦᠲᠦᠭᠡᠭᠳᠡᠬᠦᠨ ᠢ ᠰᠢᠭᠤᠳ ᠪᠣᠷᠣᠯᠠᠭᠤᠯᠬᠤ ᠶᠢ | ᠠᠬᠢᠭᠤᠯᠤᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠦᠯᠵᠢᠶ᠎ᠡ ᠪᠠᠷ ᠪᠣᠷᠣᠯᠠᠭᠤᠯᠬᠤ | ᠲᠠᠪᠴᠠᠩ ᠢ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠠᠩᠭᠠᠯᠭ᠎ᠠ ᠶᠢᠨ ᠬᠤᠳᠠᠯᠳᠤᠭᠠᠴᠢᠨ ᠤ ᠡᠯᠧᠺᠲᠷᠤᠨ ᠬᠤᠳᠠᠯᠳᠤᠭᠠᠨ ᠤ | ᠲᠠᠯᠠᠪᠤᠷ ᠲᠤ ᠣᠷᠣᠬᠤ ᠶᠢ ᠵᠣᠬᠢᠶᠠᠨ ᠪᠠᠶᠢᠭᠤᠯᠤᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠭᠤᠷᠪᠠ︶ ᠬᠦᠳᠡᠭᠡ ᠲᠤᠰᠬᠤᠨ ᠤ ᠵᠢᠭᠤᠯᠴᠢᠯᠠᠯ ᠢ ᠶᠡᠬᠡᠪᠡᠷ ᠬᠦᠭᠵᠢᠭᠦᠯᠦᠨ᠎ᠡ᠃ ᠰᠣᠶᠣᠯ ᠤᠨ ᠠᠵᠤ ᠦᠢᠯᠡᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠰᠢᠯᠢᠳᠡᠭ ᠨᠤᠲᠤᠭ ᠤᠨ ᠰᠣᠶᠣᠯ ᠢ ᠬᠠᠮᠠᠭᠠᠯᠠᠨ ᠤᠯᠠᠮᠵᠢᠯᠠᠵᠤ᠂ ᠬᠥᠳᠡᠭᠡ ᠲᠣᠰᠬᠤᠨ ᠤ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠠᠮᠢᠳᠤᠯᠢᠭ ᠢᠶᠠᠷ ᠠᠭᠤᠳᠠᠯᠤᠨ᠎ᠠ᠃ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ᠂ ᠨᠡᠶᠢᠲᠡᠯᠢᠭ | ᠵᠢᠱᠢᠶ᠎ᠡ ᠪᠠᠷ ᠳᠠᠶᠢᠴᠢᠯᠠᠬᠤ ᠪᠠ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠪᠦᠬᠦᠢ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ | ᠪᠠᠯᠭᠠᠰᠤ ᠶᠢ ᠦᠷᠭᠦᠯᠵᠢᠯᠡᠨ ᠪᠤᠶᠢᠵᠢᠭᠤᠯᠤᠨ᠎ᠠ᠃ ᠵᠡᠷᠭᠡ ᠳᠡᠰ ᠲᠠᠢ ᠠᠷᠠᠳ ᠤᠨ ᠣᠷᠣᠨ ᠰᠠᠭᠤᠴᠠ ᠶᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠢᠳᠡᠭᠡᠨ ᠤᠮᠳᠠᠭᠠᠨ ᠤ ᠦᠢᠯᠡᠴᠢᠯᠡᠭᠡ᠂ ᠰᠡᠯᠡᠭᠦᠴᠡᠯ ᠪᠡᠶ᠎ᠡ ᠰᠤᠪᠢᠯᠠᠯᠲᠠ᠂ ᠰᠣᠶᠣᠯ ᠤᠨ | ᠡᠭᠦᠳᠦᠯᠲᠡ᠂ ᠰᠤᠳᠤᠯᠤᠨ ᠰᠤᠷᠤᠯᠴᠠᠬᠤ᠂ ᠡᠷᠡᠭᠦᠯᠵᠢᠯ ᠰᠤᠪᠢᠯᠠᠯᠲᠠ ᠵᠡᠷᠭᠡ ᠬᠠᠮᠢᠶ᠎ᠠ ᠪᠦᠬᠦᠢ ᠠᠵᠤ ᠦᠢᠯᠡᠰ ᠯᠦᠭᠡ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠭᠪᠤᠷ ᠢ ᠪᠣᠢ ᠪᠣᠯᠭᠠᠨ᠎ᠠ᠃ ︵ᠬᠤᠲᠠ ᠶᠢᠨ ᠰᠣᠶᠣᠯ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠰᠢᠨ᠎ᠡ ᠮᠠᠶ᠋ᠢᠭ ᠤᠨ ᠬᠡᠷᠡᠭᠯᠡᠭᠡ ᠶᠢ ᠥᠷᠭᠡᠳᠬᠡᠨ᠎ᠡ | ︵ᠠᠷᠪᠠᠨ ᠳᠦᠷᠪᠡ︶ ᠲᠣᠭᠠᠴᠢᠯᠠᠭᠰᠠᠨ ᠬᠡᠷᠡᠭᠯᠡᠭᠡ ᠶᠢ ᠪᠤᠵᠠᠭᠠᠶᠢᠷᠠᠭᠤᠯᠤᠨ᠎ᠠ᠃ ᠲᠣᠭᠠᠴᠢᠯᠠᠭᠰᠠᠨ ᠬᠡᠷᠡᠭᠯᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠠᠬᠢᠭᠤᠯᠵᠤ᠂ ᠤᠯᠠᠮᠵᠢᠯᠠᠯᠲᠤ ᠬᠡᠷᠡᠭᠯᠡᠭᠡ ᠶᠢᠨ ᠲᠣᠭᠠᠴᠢᠯᠠᠭᠰᠠᠨ ᠬᠡᠯᠪᠡᠷᠢ ᠲᠡᠶᠢᠰᠢ ᠬᠤᠪᠢᠷᠠᠬᠤ ᠶᠢ ᠲᠦᠷᠭᠡᠳᠬᠡᠨ᠎ᠡ᠃ ᠤᠯᠠᠮᠵᠢᠯᠠᠯᠲᠤ ᠵᠢᠵᠢᠭᠯᠡᠨ | ᠬᠤᠳᠠᠯᠳᠤᠬᠤ ᠪᠠ ᠡᠯᠧᠺᠲᠷᠣᠨ ᠬᠤᠳᠠᠯᠳᠤᠭᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠶᠤᠨᠴᠢᠯᠠᠭᠰᠠᠨ ᠳᠥᠭᠦᠮ ᠳᠡᠯᠭᠡᠭᠦᠷ᠂ ᠥᠪᠡᠰᠦᠪᠡᠨ ᠪᠠᠷᠠᠭ᠎ᠠ | ᠬᠤᠳᠠᠯᠳᠤᠬᠤ ᠮᠠᠰᠢᠨ ᠵᠡᠷᠭᠡ ᠰᠢᠨ᠎ᠡ ᠵᠢᠵᠢᠭᠯᠡᠨ ᠬᠤᠳᠠᠯᠳᠤᠬᠤ ᠵᠠᠭᠪᠤᠷ ᠢ ᠳᠡᠯᠭᠡᠷᠡᠭᠦᠯᠦᠨ᠎ᠡ᠃ ᠰᠦᠯᠵᠢᠶᠡᠨ ᠬᠠᠯᠠᠮᠰᠢᠯᠲᠤ ᠠᠵᠤ ᠠᠬᠤᠶ᠂ ᠨᠡᠶᠢᠭᠡᠮ ᠤᠨ | ᠬᠠᠷᠢᠯᠴᠠᠭᠠᠨ ᠤ ᠡᠯᠧᠺᠲᠷᠣᠨ ᠬᠤᠳᠠᠯᠳᠤᠭ᠎ᠠ ᠵᠡᠷᠭᠡ ᠣᠶᠤᠨᠴᠢ ᠪᠣᠷᠣᠯᠠᠭᠤᠯᠭ᠎ᠠ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠳᠡᠮᠵᠢᠨ᠎ᠡ᠃ | ᠲᠣᠰ ᠭᠠᠵᠠᠷ ᠣᠷᠣᠨ ᠤ ᠰᠦᠯᠵᠢᠶᠡᠨ ᠤ ᠤᠲᠤᠨ ᠢ ᠵᠣᠬᠢᠶᠠᠨ ᠪᠠᠶᠢᠭᠤᠯᠵᠤ ᠡᠯ᠎ᠡ ᠲᠥᠷᠥᠯ ᠤᠨ ᠦᠵᠡᠰᠬᠦᠯᠡᠩ ᠤᠨ ᠴᠤᠭᠯᠠᠭᠠᠨ᠂ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠵᠡᠷᠭᠡ ᠵᠠᠩᠭᠢᠯᠠᠭ᠎ᠠ ᠶᠢᠨ ᠴᠡᠭ ᠢ ᠠᠰᠢᠭᠯᠠᠨ᠂ ᠡᠯ᠎ᠡ ᠲᠥᠷᠥᠯ ᠤᠨ ᠰᠦᠯᠵᠢᠶᠡᠨ ᠳᠡᠭᠡᠷ᠎ᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ︵ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠦᠩᠯᠢᠶᠣᠤ ᠶᠢᠨ ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ | ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠲᠠᠪᠤ︶ ᠪᠣᠬᠢᠷᠲᠤᠯ ᠦᠭᠡᠢ ᠬᠡᠷᠡᠭᠯᠡᠭᠡ ᠶᠢ ᠳᠡᠯᠭᠡᠷᠡᠭᠦᠯᠦᠨ᠎ᠡ᠃ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ᠂ ᠡᠬᠢ ᠪᠠᠶᠠᠯᠢᠭ ᠢ ᠠᠷᠪᠢᠯᠠᠬᠤ ᠵᠡᠷᠭᠡ | ᠠᠯᠢ ᠣᠯᠠᠨ ᠠᠮᠢ ᠠᠬᠤᠶ ᠶᠢᠨ ᠪᠣᠯᠪᠠᠰᠤᠨ ᠢ ᠤᠬᠠᠭᠤᠯᠤᠨ ᠬᠥᠮᠦᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠪᠣᠬᠢᠷᠲᠤᠯ ᠦᠭᠡᠢ ᠦᠢᠯᠡᠳᠬᠦ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠵᠦ᠂ ᠪᠣᠬᠢᠷᠲᠤᠯ ᠦᠭᠡᠢ | ᠦᠢᠯᠡᠳᠬᠦ ᠶᠢ ᠠᠬᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠣᠬᠢᠷᠲᠤᠯ ᠦᠭᠡᠢ ᠦᠢᠯᠡᠳᠬᠦ ᠨᠡᠷᠡᠰ ᠤᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠬᠡᠷᠡᠭᠯᠡᠭᠡ ᠶᠢᠨ ᠪᠡᠯᠡᠳᠭᠡᠮᠵᠢ ᠶᠢ ᠳᠡᠬᠦᠯᠳᠡᠷᠵᠢᠬᠦᠯᠦᠨ᠎ᠠ | ︵ᠠᠷᠪᠠᠨ ᠵᠢᠷᠭᠤᠭ᠎ᠠ︶ ᠣᠯᠠᠨ ᠳᠡᠰ ᠳᠠᠪᠬᠤᠷᠭ᠎ᠠ ᠶᠢᠨ ᠬᠡᠷᠡᠭᠯᠡᠭᠡᠨ ᠤ ᠲᠥᠪ ᠢ ᠲᠦᠷᠭᠡᠳᠬᠡᠨ ᠪᠤᠶᠢᠵᠢᠭᠤᠯᠤᠨ᠎ᠠ᠃ ᠬᠤᠲᠠ ᠲᠣᠭᠤᠷᠢᠭ ᠤᠨ ᠬᠤᠳᠠᠯᠳᠤᠭᠠᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠤᠶᠤᠨᠲᠤ ᠬᠤᠳᠠᠯᠳᠤᠭᠠᠨ ᠤ ᠲᠣᠭᠤᠷᠢᠭ᠂ ᠤᠶᠤᠨᠲᠤ ᠳᠡᠯᠭᠡᠭᠦᠷ ᠢ ᠪᠣᠶ | ᠪᠣᠯᠭᠠᠵᠤ᠂ ᠬᠡᠷ ᠠᠬᠤᠶ᠂ ᠰᠢᠤᠳᠠᠨ ᠤ ᠲᠦᠷᠭᠡᠨ ᠬᠦᠷᠭᠡᠯᠲᠡ᠂ ᠰᠡᠯᠪᠢᠨ ᠵᠠᠰᠠᠬᠤ ᠵᠡᠷᠭᠡ ᠦᠨᠳᠦᠰᠦᠨ ᠪᠠᠲᠤᠯᠠᠭ᠎ᠠ ᠶᠢᠨ ᠲᠥᠷᠥᠯ ᠤᠨ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠤᠷᠢᠳᠠᠪᠠᠷ ᠪᠥᠲᠥᠭᠡᠨ ᠪᠠᠶᠢᠭᠤᠯᠵᠤ᠂ ᠰᠣᠶᠣᠯ᠂ ᠡᠷᠡᠭᠦᠯᠵᠢᠯ ᠰᠤᠪᠢᠯᠠᠯᠲᠠ᠂ ᠪᠡᠶ᠎ᠡ ᠴᠢᠭᠢᠷᠠᠭᠵᠢᠭᠤᠯᠬᠤ ᠵᠡᠷᠭᠡ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠲᠥᠷᠥᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠮ ᠨᠢᠭᠡ ᠠᠯᠬᠤᠮ ᠬᠥᠭᠵᠢᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ︽ᠨᠢᠭᠡ ᠮᠦᠴᠡ︾ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ | ᠬᠡᠷᠡᠭᠵᠢᠭᠦᠯᠬᠦ ᠶᠢ ᠳᠡᠮᠵᠢᠵᠦ᠂ ᠰᠠᠭᠤᠭᠠᠯᠢ ᠠᠷᠠᠳ ᠤᠨ ᠣᠶᠢᠷ᠎ᠠ ᠬᠠᠪᠢ ᠳᠠᠭᠠᠨ ᠳᠥᠭᠦᠮ ᠳᠥᠲᠡ ᠬᠡᠷᠡᠭᠯᠡᠭᠡ ᠶᠢᠨ ᠡᠳᠦᠷ ᠲᠤᠲᠤᠮ ᠤᠨ ᠬᠡᠷᠡᠭᠴᠡᠭᠡ ᠶᠢ ᠬᠠᠩᠭᠠᠨ᠎ᠠ᠃ | ᠰᠢᠨ᠎ᠡ ᠵᠢᠯ ᠢ ᠤᠭᠲᠤᠬᠤ᠂ ᠤᠷᠢᠬᠠᠨ ᠬᠠᠪᠤᠷ᠂ ᠬᠠᠯᠠᠭᠤᠨ ᠵᠤᠨ᠂ ᠠᠯᠲᠠᠨ ᠨᠠᠮᠤᠷ᠂ ᠴᠠᠰᠤᠲᠤ ᠡᠪᠦᠯ ᠵᠡᠷᠭᠡ ᠲᠠᠪᠤᠨ ᠬᠡᠷᠡᠭᠯᠡᠭᠡᠨ ᠤ ᠤᠯᠠᠷᠢᠯ ᠲᠠᠢ ᠬᠤᠯᠪᠣᠭᠠᠯᠠᠨ | ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ︽ | ᠪᠠᠶᠠᠷᠲᠠᠢ ᠪᠠᠷ ᠬᠤᠳᠠᠯᠳᠤᠨ ᠠᠪᠬᠤ ᠲᠦᠩᠯᠢᠶᠣᠤ︾ ᠶᠢᠨ ᠠᠵᠢᠯᠯᠠᠭ᠎ᠠ ᠶᠢᠨ ᠨᠠᠷᠠᠲᠤ ᠲᠡᠮᠳᠡᠭᠲᠦ ᠶᠢ ᠪᠣᠶ ᠪᠤᠯᠭᠠᠨ᠎ᠠ᠃ ︵ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠩᠭᠠᠨ ᠪᠣᠷᠣᠯᠠᠭᠤᠯᠬᠤ ᠬᠤᠷᠰᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠃ ᠪᠦᠲᠦᠭᠡᠨ ᠪᠠᠶᠢᠭᠤᠯᠤᠯᠲᠠ ᠶᠢᠨ | ᠬᠡᠷᠡᠭᠯᠡᠭᠡᠨ ᠤ ᠰᠠᠭᠤᠷᠢ ᠪᠡᠯᠡᠳᠬᠡᠮᠵᠢ᠂ ᠢᠯᠠᠩᠭᠤᠶ᠎ᠠ ᠡᠮᠴᠢᠯᠡᠭᠡ ᠡᠷᠡᠭᠦᠯ ᠮᠡᠨᠳᠦ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠬᠤᠲᠠ ᠶᠢᠨ | ᠰᠢᠨᠡᠴᠢᠯᠡᠯᠲᠡ᠂ ᠬᠡᠰᠡᠭ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠯᠡᠭᠡᠨ ᠤ ᠰᠢᠨ᠎ᠡ ᠪᠠᠶᠢᠳᠠᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ | ᠬᠠᠯᠠᠮᠰᠢᠯ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠎ᠠ᠃ ᠬᠤᠰᠢᠭᠤ ᠰᠢᠶᠠᠨ ᠤ ᠱᠠᠲᠤᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠵᠡᠭᠡᠯᠢ ᠭᠤᠳᠤᠮᠵᠢ ᠶᠢ ᠥᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠵᠤ᠂ | ᠨᠥᠬᠦᠴᠡᠯ ᠲᠠᠢ ᠰᠤᠮᠤ ᠰᠢᠶᠠᠩ ᠪᠠᠯᠭᠠᠰᠤ ᠶᠢᠨ ᠠᠷᠠᠯᠵᠢᠶ᠎ᠠ ᠬᠤᠳᠠᠯᠳᠤᠭᠠᠨ ᠤ ᠲᠥᠪ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠪᠣᠯᠤᠨ ᠮᠠᠯᠵᠢᠬᠤ ᠲᠠᠷᠢᠶᠠᠯᠠᠬᠤ | ᠣᠷᠣᠨ ᠤ ᠰᠢᠨ᠎ᠡ ᠮᠠᠶ᠋ᠢᠭ ᠤᠨ ᠠᠷᠠᠳ ᠲᠤ ᠳᠥᠭᠦᠮ ᠦᠵᠡᠭᠦᠯᠬᠦ ᠳᠡᠯᠭᠡᠭᠦᠷ ᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃ 2025 ᠤᠨ ᠪᠣᠯᠬᠤ ᠳᠤ᠂ ᠰᠢᠶᠠᠨ ᠤ | ᠬᠡᠪᠴᠢᠶ᠎ᠡ ᠪᠠᠷ ᠲᠥᠪ ᠪᠣᠯᠭᠠᠭᠰᠠᠨ᠂ ᠰᠤᠮᠤ ᠰᠢᠶᠠᠩ ᠪᠠᠯᠭᠠᠰᠤ ᠪᠠᠷ ᠭᠤᠤᠯᠳᠠᠯᠭ᠎ᠠ ᠪᠣᠯᠭᠠᠭᠰᠠᠨ᠂ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠭᠰᠠᠨ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠦᠯᠵᠢᠶᠡᠨ ᠤ ᠰᠢᠰᠲ᠋ᠧᠮᠵᠢ ᠶᠢ ᠪᠠᠶᠢᠭᠤᠯᠤᠨ᠎ᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠰᠠᠭᠤᠷᠢ | ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠨᠠᠢᠮᠠ︶ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠵᠢᠴᠢ ᠪᠡᠯᠡ ᠮᠥᠩᠭᠦ ᠶᠢᠨ ᠠᠷᠭ᠎ᠠ ᠵᠠᠮ ᠢ ᠭᠦᠢᠴᠡᠳ ᠠᠰᠢᠭᠯᠠᠨ ᠬᠡᠷᠡᠭᠯᠡᠭᠡᠨ ᠤ ᠬᠦᠷᠢᠶ᠎ᠡ ᠴᠠᠷᠠᠭ᠎ᠠ ᠶᠢᠨ ᠰᠠᠭᠤᠷᠢ | ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠪᠠ ᠵᠠᠩᠭᠢᠯᠠᠭ᠎ᠠ ᠶᠢᠨ ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠨ ᠲᠠᠰ | ᠳᠡᠪᠰᠢᠭᠦᠯᠬᠦ ᠶᠢ ᠳᠡᠮᠵᠢᠨ᠎ᠡ᠃ ᠬᠡᠷᠡᠭᠯᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠲᠠᠢ ᠤᠶᠠᠯᠳᠤᠭᠤᠯᠤᠨ᠂ | ᠣᠯᠠᠨ ᠨᠡᠶᠢᠲᠡ ᠶᠢᠨ ᠣᠷᠣᠨ ᠵᠠᠶ ᠶᠢ ᠰᠢᠯᠢᠳᠡᠭᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ᠂ ᠰᠣᠶᠣᠯ ᠪᠡᠶ᠎ᠡ ᠶᠢᠨ | ᠲᠠᠮᠢᠷ ᠵᠤᠭ᠎ᠠ ᠴᠡᠩᠭᠡᠯ᠂ ᠨᠡᠶᠢᠭᠡᠮ ᠲᠣᠭᠤᠷᠢᠭ ᠤᠨ ᠬᠤᠳᠠᠯᠳᠤᠭ᠎ᠠ ᠵᠡᠷᠭᠡ ᠦᠢᠯᠡᠴᠢᠯᠡᠭᠡᠨ ᠤ ᠪᠡᠯᠡᠳᠬᠡᠮᠵᠢ ᠵᠢᠴᠢ ᠣᠯᠠᠨ ᠨᠡᠶᠢᠲᠡ ᠶᠢᠨ ᠣᠷᠣᠨ ᠵᠠᠶ ᠶᠢ ᠲᠣᠬᠢᠷᠠᠭᠤᠯᠬᠤ | ᠪᠠᠷᠢᠮᠵᠢᠶ᠎ᠠ ᠪᠠ ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠠᠵᠤ ᠠᠬᠤᠶᠢᠯᠠᠯ ᠤᠳ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ᠂ ᠠᠮᠤᠷ ᠲᠦᠪᠰᠢᠨ ᠤ ᠲᠣᠭᠲᠠᠭᠠᠯ᠂ ᠲᠦᠷ ᠴᠠᠭ ᠤᠨ ᠪᠦᠲᠦᠭᠡᠨ ᠪᠠᠶᠢᠭᠤᠯᠤᠯᠲᠠ ᠶᠢᠨ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯ᠎ᠠ ᠪᠠᠷ ᠲᠦᠷ ᠴᠠᠭ ᠤᠨ ᠳᠥᠭᠦᠮ ᠪᠠᠷᠢᠯᠭ᠎ᠠ ᠪᠠᠶᠢᠭᠤᠯᠵᠤ᠂ ᠬᠡᠷᠡᠭᠯᠡᠭᠡ ᠶᠢᠨ ᠰᠢᠨ᠎ᠡ ᠪᠠᠶᠢᠳᠠᠯ ᠢ ᠥᠷᠭᠡᠳᠬᠡᠨ | ᠂ ᠬᠡᠷᠡᠭᠯᠡᠭᠡ ᠶᠢ ᠪᠦᠲᠦᠮᠵᠢᠲᠡᠶ ᠥᠷᠭᠡᠳᠬᠡᠬᠦ ᠶᠢ ᠵᠥᠪᠰᠢᠶᠡᠷᠡᠨ᠎ᠡ᠃ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠬᠡᠷᠡᠭᠯᠡᠭᠡ ᠶᠢᠨ ᠣᠷᠴᠢᠨ ᠲᠤᠭᠤᠷᠢᠨ ᠢ ᠰᠢᠯᠢᠳᠡᠭᠵᠢᠬᠦᠯᠦᠨ᠎ᠡ | ︵ᠠᠷᠪᠠ ᠶᠢᠰᠦ︶ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ | ᠪᠠᠶᠢᠭᠠᠳ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠶᠣᠰᠣᠭᠠᠷ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ ᠡᠷᠡᠭᠦᠯ ᠮᠡᠨᠳᠦ᠂ ᠨᠠᠰᠤᠲᠠᠨ ᠢ ᠠᠰᠠᠷᠠᠵᠤ ᠬᠡᠦᠬᠡᠳ | ᠠᠰᠠᠷᠠᠬᠤ᠂ ᠬᠡᠷ ᠠᠬᠤᠶ ᠶᠢᠨ ᠦᠢᠯᠡᠴᠢᠯᠡᠭᠡ ᠵᠡᠷᠭᠡ ᠬᠡᠷᠡᠭᠯᠡᠭᠡᠨ ᠤ ᠬᠦᠷᠢᠶᠡᠨ ᠳᠠᠬᠢ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ | ᠴᠢᠩᠭᠠᠳᠬᠠᠨ᠎ᠠ᠃ ᠦᠨᠡᠨ ᠪᠣᠳᠠᠲᠠᠶ ᠬᠡᠷᠡᠭᠯᠡᠭᠡᠨ ᠤ ᠦᠢᠯᠡ ᠠᠵᠢᠯᠯᠠᠭ᠎ᠠ ᠪᠠᠷ ᠰᠠᠭᠤᠷᠢ ᠪᠣᠯᠭᠠᠬᠤ ᠶᠢ ᠴᠢᠬᠤᠯᠠᠴᠢᠯᠠᠵᠤ᠂ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢᠨ | ᠬᠡᠷᠡᠭᠯᠡᠭᠡᠨ ᠪᠣᠯᠤᠨ ᠭᠦᠢᠯᠭᠡᠭᠡᠨ ᠤ ᠬᠠᠨᠳᠤᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠪᠣᠯᠤᠨ ᠦᠢᠯᠡᠳᠬᠦᠨ ᠤ | ᠰᠢᠨ᠎ᠡ ᠶᠢ ᠡᠭᠦᠳᠬᠦ ᠶᠢ ᠵᠢᠷᠤᠮᠵᠢᠭᠤᠯᠤᠨ᠎ᠠ᠃ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯ ᠢ ᠥᠷᠨᠢᠭᠦᠯᠵᠦ᠂ ᠵᠠᠰᠠᠭ ᠤᠨ | ᠣᠷᠳᠣᠨ ᠮᠥᠩᠭᠦᠨ ᠭᠦᠢᠯᠭᠡᠭᠡᠨ ᠤ ᠬᠠᠮ ᠲᠡᠷᠭᠡ ᠵᠡᠷᠭᠡ ᠠᠵᠢᠯᠯᠠᠭ᠎ᠠ ᠶᠢ ᠱᠠᠲᠤ ᠦᠶ᠎ᠡ ᠬᠤᠪᠢᠶᠠᠨ᠂ ᠲᠤᠰᠬᠠᠶ ᠵᠦᠢᠯ ᠢᠶᠠᠷ ᠥᠷᠨᠢᠭᠦᠯᠵᠦ᠂ ᠬᠤᠲᠠ ᠶᠢᠨ ᠰᠢᠭᠤᠳ | ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠬᠢᠴᠠᠭᠤᠯᠵᠤ ᠪᠠᠶᠢᠭᠠᠳ ᠠᠵᠤ ᠠᠬᠤᠶᠢᠯᠠᠯ᠂ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠳᠤ ᠬᠦᠷᠴᠦ ᠮᠥᠩᠭᠦᠨ ᠭᠦᠢᠯᠭᠡᠭᠡᠨ ᠤ ᠬᠠᠮ ᠲᠡᠷᠭᠡ ᠵᠡᠷᠭᠡ | ᠠᠵᠢᠯᠯᠠᠭ᠎ᠠ ᠶᠢ ᠥᠷᠨᠢᠭᠦᠯᠦᠨ᠎ᠡ᠃ ᠮᠥᠩᠭᠦᠨ ᠭᠦᠢᠯᠭᠡᠭᠡᠨ ᠤ ᠮᠡᠳᠡᠯᠭᠡ ᠶᠢᠨ ᠲᠠᠶᠢᠯᠤᠮᠵᠢ ᠶᠢ ᠦᠷᠭᠦᠯᠵᠢᠯᠡᠨ ᠥᠷᠨᠢᠭᠦᠯᠵᠦ᠂ ᠮᠥᠩᠭᠦᠨ ᠭᠦᠢᠯᠭᠡᠭᠡᠨ ᠤ ᠲᠦᠷᠦ ᠶᠢᠨ | ᠪᠤᠳᠤᠯᠭ᠎ᠠ ᠳᠤ ᠲᠠᠶᠢᠯᠤᠮᠵᠢ ᠬᠢᠵᠦ᠂ ᠮᠥᠩᠭᠦᠨ ᠭᠦᠢᠯᠭᠡᠭᠡᠨ ᠤ ᠮᠡᠳᠡᠯᠭᠡ ᠶᠢ ᠤᠯᠠᠮᠵᠢᠯᠠᠵᠤ᠂ ᠦᠢᠯᠡᠳᠦᠯᠭᠡ ᠶᠢᠨ ᠲᠤᠷᠰᠢᠯᠭ᠎ᠠ ᠶᠢ ᠬᠤᠪᠢᠶᠠᠯᠴᠠᠵᠤ᠂ ᠠᠶᠤᠯ | ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠷᠡᠭᠯᠡᠭᠡᠨ ᠤ | ᠢᠲᠡᠭᠡᠮᠵᠢᠲᠦ ᠵᠢᠭᠡᠯᠡᠯᠭᠡ ᠪᠣᠯᠤᠨ ᠢᠲᠡᠭᠡᠮᠵᠢ ᠶᠢᠨ ᠺᠠᠷᠲ ᠤᠨ ᠬᠦᠦ ᠶᠢᠨ ᠨᠣᠷᠮ᠎ᠠ᠂ ᠵᠣᠭᠤᠰ ᠢᠶᠠᠨ ᠪᠤᠴᠠᠭᠠᠬᠤ ᠬᠤᠭᠤᠴᠠᠭ᠎ᠠ᠂ ᠢᠲᠡᠭᠡᠮᠵᠢ ᠣᠯᠭᠤᠬᠤ ᠲᠤᠭ᠎ᠠ | ᠬᠡᠮᠵᠢᠶ᠎ᠡ ᠶᠢ ᠰᠢᠯᠢᠳᠡᠭᠵᠢᠭᠦᠯᠦᠨ᠎ᠡ᠃ ︵ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ ᠪᠠᠩᠬᠢ᠂ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠦᠩᠯᠢᠶᠣᠤ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ | ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢ︶ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠲᠠᠨ | ᠡᠯᠰᠡᠬᠦ ᠠᠵᠢᠯᠯᠠᠭ᠎ᠠ ᠶᠢᠨ ᠲᠣᠭᠤᠷᠢᠨ ᠳᠤ᠂ ᠡᠯ᠎ᠡ ᠭᠠᠵᠠᠷ ᠤᠨ ᠡᠳᠦᠷ ᠤᠨ ᠠᠵᠢᠯ ᠤᠨ ᠵᠠᠬ᠎ᠠ ᠳᠡᠯᠭᠡᠭᠦᠷ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠪᠠ ᠠᠵᠢᠯᠴᠢᠨ ᠬᠡᠷᠡᠭᠯᠡᠬᠦ ᠨᠢᠭᠡᠴᠢ ᠶᠢᠨ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠣᠶ ᠪᠣᠯᠭᠠᠨ᠎ᠠ᠃ ᠬᠥᠳᠡᠯᠮᠦᠷᠢ ᠦᠢᠯᠡᠴᠢᠯᠡᠭᠡᠨ ᠤ ᠲᠦᠷᠦᠯ | ᠲᠡᠮᠳᠡᠭ ᠢ ᠪᠠᠶᠢᠭᠤᠯᠬᠤ ᠡᠷᠴᠢᠮ ᠢᠶᠠᠨ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠣᠷᠣᠨ ᠪᠦᠰᠡ ᠠᠯᠤᠰᠯᠠᠨ ᠰᠢᠯᠵᠢᠭᠦᠯᠦᠨ | ᠠᠵᠢᠯ ᠣᠯᠭᠤᠬᠤ ᠠᠷᠭ᠎ᠠ ᠵᠠᠮ ᠢ ᠥᠷᠭᠡᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠠᠵᠢᠯ ᠤᠯᠬᠤ ᠪᠠ ᠣᠷᠣᠯᠭ᠎ᠠ ᠶᠢ | ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠶ᠃ ᠠᠵᠢᠯ ᠮᠡᠷᠭᠡᠵᠢᠯ ᠤᠨ ᠴᠢᠳᠠᠪᠦᠷᠢ ᠶᠢᠨ ᠪᠣᠯᠪᠠᠰᠤᠷᠠᠭᠤᠯᠤᠯ ᠤᠨ ᠶᠠᠰᠤ ᠴᠢᠨᠠᠷ ᠪᠠ ᠬᠦᠷᠢᠶ᠎ᠡ ᠬᠡᠪᠴᠢᠶ᠎ᠡ ᠶᠢ | ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠠᠵᠢᠯ ᠣᠯᠵᠤ ᠠᠳᠠᠯ ᠣᠶᠢᠯᠡᠰ ᠪᠤᠰᠬᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ | ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠠᠴᠠ ᠬᠥᠯᠥᠰᠥ ᠣᠯᠭᠤᠮᠵᠢ ᠶᠢ ᠲᠣᠭᠲᠠᠭᠠᠯᠭᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠤ ᠴᠠᠯᠢᠩ ᠤᠨ ᠬᠢᠷᠢ ᠬᠡᠮᠵᠢᠶ᠎ᠡ ᠪᠣᠯᠤᠨ ᠴᠠᠯᠢᠩ ᠤᠨ ᠬᠠᠷᠢᠴᠠᠭ᠎ᠠ ᠶᠢ ᠵᠦᠢ ᠵᠣᠬᠢᠰᠲᠠᠶ ᠲᠤᠭᠲᠠᠭᠠᠨ᠎ᠠ᠃ ︵ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠨᠢᠭᠡ︶ ᠬᠡᠷᠡᠭᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ︽ᠬᠤᠳᠠᠯᠳᠤᠭᠠᠴᠢᠳ ᠠᠰᠢᠭ ᠣᠯᠭᠤᠬᠤ᠂ ᠵᠠᠰᠠᠭ ᠤᠨ | ᠣᠷᠳᠣᠨ ᠠᠴᠠ ᠨᠥᠬᠦᠪᠥᠷᠢ ᠣᠯᠭᠤᠬᠤ︾ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠬᠦ ᠬᠡᠷᠡᠭᠲᠡᠶ︔ ᠰᠦᠯᠵᠢᠶᠡᠨ ᠬᠤᠳᠠᠯᠳᠤᠭ᠎ᠠ ᠪᠠ ᠪᠣᠳᠠᠲᠤ ᠴᠣᠭᠴᠠ ᠶᠢᠨ ᠳᠡᠯᠭᠡᠭᠦᠷ ᠤᠨ ᠬᠥᠭᠵᠢᠯᠲᠡ ᠶᠢ ᠳᠡᠮᠵᠢᠬᠦ ᠪᠦᠲᠦᠮᠵᠢᠲᠡᠢ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠵᠤ᠂ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ ᠬᠤᠳᠠᠯ ᠬᠠᠭᠤᠷᠮᠠᠭ ᠴᠢᠨᠠᠷ ᠮᠠᠭᠤ ᠵᠡᠷᠭᠡ ᠵᠠᠬ᠎ᠠ | ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠡᠷᠡᠭᠯᠡᠭᠴᠢᠳ ᠲᠤ ᠰᠠᠨᠠᠭ᠎ᠠ ᠠᠮᠤᠷ ᠬᠡᠷᠡᠭᠯᠡᠭᠡᠨ ᠤ | ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠳᠣ ᠪᠠᠶᠢᠭ᠎ᠠ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠬᠤ ᠲᠣᠭᠲᠠᠴᠠ ᠶᠢᠨ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠮᠳᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ | ᠬᠡᠷᠡᠭᠯᠡᠭᠡ ᠶᠢᠨ ᠦᠷᠭᠦᠯᠵᠢᠯᠡᠨ ᠰᠡᠷᠭᠦᠭᠡᠬᠦ ᠪᠠ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠦᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠠᠷᠢᠨ ᠨᠢᠮᠪᠠᠶ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠶ᠃ | |